ᠪᠦ᠋ ᠰᠢᠶᠤᠤ ᠯᠢᠨ ᠶᠠᠫᠤᠨ ᠤ ᠶᠠᠫᠤᠨ ᠲᠤᠮᠳᠠᠳᠤ ᠶᠢᠨ ᠠᠵᠤ ᠠᠬᠤᠢ ᠶᠢᠨ ᠨᠡᠶᠢᠭᠡᠮᠯᠢᠭ ᠤᠨ ᠦᠪᠦᠷ ᠮᠤᠩᠭᠤᠯ ᠳᠤ ᠠᠶᠢᠯᠴᠢᠯᠠᠬᠤ ᠲᠦᠯᠦᠭᠡᠯᠡᠭᠴᠢᠳ ᠤᠨ ᠪᠦᠯᠬᠦᠮ ᠲᠠᠢ ᠠᠭᠤᠯᠵᠠᠪᠠ
ᠨᠡᠶᠢᠲᠡᠯᠡᠭᠰᠡᠨ ᠴᠠᠭ᠄
2018/10/9
    10 ᠳ᠋ᠤᠭᠠᠷ ᠰᠠᠷ᠎ᠠ ᠶᠢᠨ 8᠎ ᠤ ᠡᠳᠦᠷ ᠤᠨ ᠦᠳᠡ ᠶᠢᠨ ᠡᠮᠦᠨ᠎ᠠ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ ᠬᠦᠬᠡᠬᠤᠳᠠ ᠳᠤ ᠢᠸᠠᠨᠠᠭᠠᠮᠠᠰᠠᠰᠦᠭᠦ᠋ ᠪᠠᠷ ᠪᠦᠯᠬᠦᠮ ᠤᠨ ᠲᠠᠷᠤᠭ᠎ᠠ ᠪᠤᠯᠭᠠᠬᠰᠠᠨ ᠶᠠᠫᠤᠨ ᠤ ᠶᠠᠫᠤᠨ ᠲᠤᠮᠳᠠᠳᠤ ᠶᠢᠨ ᠠᠵᠤ ᠠᠬᠤᠢ ᠶᠢᠨ ᠨᠡᠶᠢᠭᠡᠮᠯᠢᠭ ᠤᠨ ᠦᠪᠦᠷ ᠮᠤᠩᠭᠤᠯ ᠳᠤ ᠠᠶᠢᠯᠴᠢᠯᠠᠬᠤ ᠲᠦᠯᠦᠭᠡᠯᠡᠭᠴᠢᠳ ᠤᠨ ᠪᠦᠯᠬᠦᠮ ᠲᠠᠢ ᠠᠭᠤᠯᠵᠠᠪᠠ᠃      ᠪᠦ᠋ ᠰᠢᠶᠤᠤ ᠯᠢᠨ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠡᠮᠦᠨ᠎ᠠ ᠠᠴᠠ ᠲᠦᠯᠦᠭᠡᠯᠡᠭᠴᠢᠳ ᠤᠨ ᠪᠦᠯᠬᠦᠮ ᠤᠨ ᠬᠢᠨ ᠤ ᠠᠶᠢᠯᠴᠢᠯᠠᠬᠤ ᠪᠠᠷ ᠢᠷᠡᠭᠰᠡᠨ ᠢ ᠤᠬᠳᠤᠵᠤ ᠪᠠᠶᠢᠬᠤ ᠪᠠᠨ ᠢᠯᠡᠳᠭᠡᠭᠰᠡᠨ ᠪᠦᠭᠡᠳ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠡᠬᠢ ᠪᠠᠶᠠᠯᠢᠭ ᠤᠨ ᠲᠠᠪᠠᠭᠤᠯᠢᠭ ᠪᠤᠯᠤᠨ ᠠᠵᠤ ᠦᠢᠯᠡᠰ ᠤᠨ ᠬᠦᠭᠵᠢᠯᠳᠡ ᠶᠢᠨ ᠪᠠᠶᠢᠳᠠᠯ ᠢ ᠲᠠᠨᠢᠯᠴᠠᠭᠤᠯᠵᠠᠢ᠃ ᠪᠦ᠋ ᠰᠢᠶᠤᠤ ᠯᠢᠨ᠂ ᠡᠨᠡ ᠵᠢᠯ ᠪᠤᠯ ᠲᠤᠮᠳᠠᠳᠤ ᠶᠠᠫᠤᠨ ᠤ ᠨᠦᠬᠦᠷᠯᠡᠯ ᠨᠠᠶᠢᠷᠠᠮᠳᠠᠯ ᠤᠨ ᠬᠡᠷ᠎ᠠ ᠲᠤᠬᠳᠠᠬᠰᠠᠨ 40 ᠵᠢᠯ ᠤᠨ ᠤᠢ ᠪᠤᠯᠤᠨ᠎ᠠ᠂ ᠲᠤᠮᠳᠠᠳᠤ ᠶᠠᠫᠤᠨ ᠬᠤᠶᠠᠷ ᠲᠠᠯ᠎ᠠ ᠪᠠᠷ ᠢᠶᠠᠨ ᠨᠦᠬᠦᠷᠰᠡᠭ ᠰᠤᠯᠢᠯᠴᠠᠭ᠎ᠠ ᠬᠠᠮᠳᠤᠷᠠᠯᠴᠠᠭ᠎ᠠ ᠶᠢ ᠠᠬᠢᠭᠤᠯᠬᠤ ᠶᠢᠨ ᠲᠦᠯᠦᠭᠡ ᠪᠤᠳᠠᠳᠠᠢ ᠶᠢ ᠡᠷᠬᠢᠮᠯᠡᠬᠦ ᠠᠵᠢᠯᠯᠠᠭ᠎ᠠ ᠨᠤᠭᠤᠳ ᠢ ᠦᠷᠨᠢᠭᠦᠯᠵᠤ᠂ ᠬᠤᠶᠠᠷ ᠤᠯᠤᠰ ᠤᠨ ᠡᠯ᠎ᠠ ᠬᠦᠷᠢᠶᠡᠨ ᠳᠠᠬᠢ ᠰᠤᠯᠢᠯᠴᠠᠭ᠎ᠠ ᠬᠢᠭᠡᠳ ᠬᠠᠮᠳᠤᠷᠠᠯᠴᠠᠭ᠎ᠠ ᠶᠢ ᠲᠠᠰᠤᠷᠠᠯᠳᠠ ᠦᠭᠡᠢ ᠴᠢᠩᠭᠠᠳᠬᠠᠪᠠ᠃ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠬᠢᠭᠡᠳ ᠶᠠᠫᠤᠨ ᠲᠡᠭᠡᠷ᠎ᠠ ᠵᠠᠭᠤᠨ ᠤ ᠨᠠᠶᠠᠭᠠᠳ ᠣᠨ ᠠᠴᠠ ᠡᠬᠢᠯᠡᠨ ᠬᠠᠮᠳᠤᠷᠠᠯᠴᠠᠭ᠎ᠠ ᠦᠷᠨᠢᠭᠦᠯᠵᠤ᠂ ᠶᠠᠫᠤᠨ ᠲᠤᠮᠳᠠᠳᠤ ᠶᠢᠨ ᠠᠵᠤ ᠠᠬᠤᠢ ᠶᠢᠨ ᠨᠡᠶᠢᠭᠡᠮᠯᠢᠭ ᠲᠠᠢ ᠬᠠᠮᠳᠤᠷᠠᠯᠴᠠᠭᠠᠨ ᠤ ᠬᠠᠷᠢᠴᠠᠭ᠎ᠠ ᠪᠠᠨ ᠪᠠᠷᠢᠮᠳᠠᠯᠠᠬᠰᠠᠭᠠᠷ ᠢᠷᠡᠵᠤ᠂ ᠬᠠᠮᠳᠤ ᠪᠠᠷ ᠨᠢᠭᠡᠨᠳᠡ 16 ᠬᠤᠭᠤᠴᠠᠭ᠎ᠠ ᠶᠢᠨ ᠲᠤᠮᠳᠠᠳᠤ ᠶᠠᠫᠤᠨ ᠤ ᠠᠵᠤ ᠠᠬᠤᠢ ᠶᠢᠨ ᠬᠠᠮᠳᠤᠷᠠᠯᠴᠠᠭᠠᠨ ᠤ ᠬᠤᠷᠠᠯ ᠢ ᠡᠷᠬᠢᠯᠡᠵᠡᠢ᠃ ᠪᠢᠳᠡ ᠲᠤᠷᠠᠳᠠᠶ᠎ᠠ ᠶᠠᠫᠤᠨ ᠲᠤᠮᠳᠠᠳᠤ ᠶᠢᠨ ᠠᠵᠤ ᠠᠬᠤᠢ ᠶᠢᠨ ᠨᠡᠶᠢᠭᠡᠮᠯᠢᠭ ᠯᠦᠭᠡ ᠬᠠᠮᠳᠤ ᠪᠠᠷ ᠴᠢᠷᠮᠠᠶᠢᠵᠤ᠂ ᠬᠠᠮᠳᠤᠷᠠᠨ ᠠᠵᠢᠯᠯᠠᠬᠤ ᠬᠦᠷᠢᠶ᠎ᠠ ᠴᠠᠷᠠᠭ᠎ᠠ ᠪᠠᠨ ᠴᠢᠨᠠᠬᠰᠢᠳᠠ ᠦᠷᠭᠡᠳᠭᠡᠵᠤ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠬᠢᠭᠡᠳ ᠶᠠᠫᠤᠨ ᠤ ᠬᠠᠮᠳᠤᠷᠠᠯᠴᠠᠭᠠᠨ ᠤ ᠲᠦᠪᠰᠢᠨ ᠢ ᠲᠡᠭᠡᠭᠰᠢᠯᠡᠭᠦᠯᠦᠨ᠎ᠠ᠃ ᠬᠤᠶᠠᠷ ᠲᠠᠯ᠎ᠠ ᠶᠢᠨ ᠶᠠᠪᠤᠯᠴᠠᠭ᠎ᠠ ᠬᠢᠭᠡᠳ ᠰᠤᠯᠢᠯᠴᠠᠭ᠎ᠠ ᠶᠢ ᠴᠢᠩᠭᠠᠳᠬᠠᠬᠤ ᠪᠠᠷ ᠲᠡᠮᠵᠢᠨ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠬᠢᠭᠡᠳ ᠶᠠᠫᠤᠨ ᠤ ᠬᠠᠮᠳᠤᠷᠠᠯᠴᠠᠭ᠎ᠠ ᠯᠠᠪᠳᠠᠢ ᠡᠯᠪᠡᠭ ᠦᠷ᠎ᠠ ᠪᠦᠳᠦᠮᠵᠢ ᠤᠯᠤᠨ᠎ᠠ ᠬᠡᠳᠡᠭ ᠢ ᠢᠳᠡᠭᠡᠵᠤ ᠪᠠᠶᠢᠨ᠎ᠠ ᠬᠡᠵᠡᠢ᠃      ᠢᠸᠠᠨᠠᠭᠠᠮᠠᠰᠠᠰᠦᠭᠦ᠋᠂ ᠤᠢᠢᠷ᠎ᠠ ᠶᠢᠨ ᠵᠢᠯ ᠠᠴᠠ ᠨᠠᠭᠠᠰᠢ᠂ ᠲᠤᠮᠳᠠᠳᠤ ᠤᠯᠤᠰ ᠤᠨ ᠠᠵᠤ ᠠᠬᠤᠢ ᠲᠦᠷᠭᠡᠨ ᠬᠦᠭᠵᠢᠵᠤ᠂ ᠭᠠᠵᠠᠷ ᠪᠤᠯᠭᠠᠨ ᠳᠤ ᠪᠦᠷ ᠦᠪᠡᠷ ᠤᠨ ᠠᠵᠤ ᠦᠢᠯᠡᠰ ᠤᠨ ᠰᠠᠭᠤᠷᠢᠨ ᠲᠠᠢ ᠪᠤᠯᠵᠤ᠂ ᠬᠡᠷᠡᠭᠯᠡᠭᠡᠨ ᠤ ᠲᠦᠪᠰᠢᠨ ᠲᠠᠰᠤᠷᠠᠯᠳᠠ ᠦᠭᠡᠢ ᠲᠡᠭᠡᠭᠰᠢᠯᠡᠵᠤ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠲᠡᠪᠰᠢᠭᠦᠯᠬᠦ ᠠᠬᠢᠴᠠ ᠲᠦᠷᠭᠡᠳᠪᠡ᠃ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠡᠬᠢ ᠪᠠᠶᠠᠯᠢᠭ ᠡᠯᠪᠡᠭ ᠲᠠᠯᠪᠡᠭ᠂ ᠮᠠᠯ ᠤᠨ ᠠᠰᠢᠭ ᠰᠢᠮ᠎ᠠ ᠲᠠᠷᠢᠶᠠᠯᠠᠩ ᠤᠨ ᠪᠦᠳᠦᠭᠡᠭᠳᠡᠭᠦᠨ ᠤ ᠦᠢᠯᠡᠳᠪᠦᠷᠢᠯᠡᠯ᠂ ᠢᠳᠡᠭᠡᠨ᠂ ᠬᠢᠮᠢ ᠶᠢᠨ ᠠᠵᠤ ᠦᠢᠯᠡᠳᠪᠦᠷᠢ ᠵᠡᠷᠭᠡ ᠠᠵᠤ ᠦᠢᠯᠡᠰ ᠮᠠᠰᠢ ᠠᠯᠳᠠᠷᠰᠢᠯ ᠲᠠᠢ ᠪᠠᠶᠢᠨ᠎ᠠ᠂ ᠲᠤᠰ ᠤᠳᠠᠭᠠᠨ ᠤ ᠠᠶᠢᠯᠴᠢᠯᠠᠯᠳᠠ ᠪᠠᠷ ᠲᠠᠮᠵᠢᠨ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠯᠤᠭ᠎ᠠ ᠶᠢᠨ ᠠᠵᠤ ᠠᠬᠤᠢ ᠶᠢᠨ ᠰᠤᠯᠢᠯᠴᠠᠭ᠎ᠠ ᠬᠠᠮᠳᠤᠷᠠᠯᠴᠠᠭ᠎ᠠ ᠪᠠᠨ ᠴᠢᠨᠠᠬᠰᠢᠳᠠ ᠴᠢᠩᠭᠠᠳᠬᠠᠬᠤ ᠶᠢ ᠬᠦᠰᠡᠵᠤ ᠪᠠᠶᠢᠨ᠎ᠠ ᠬᠡᠪᠡ᠃      ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠭᠦᠯᠡᠭᠴᠢ ᠠᠢ ᠯᠢ ᠬᠤᠸᠠ᠂ ᠲᠤᠮᠳᠠᠳᠤ ᠤᠯᠤᠰ ᠤᠨ ᠠᠵᠤ ᠠᠬᠤᠢ ᠠᠷᠠᠯᠵᠢᠶ᠎ᠠ ᠶᠢ ᠠᠬᠢᠭᠤᠯᠬᠤ ᠨᠡᠶᠢᠭᠡᠮᠯᠢᠭ᠂ ᠦᠪᠡᠷᠳᠡᠭᠡᠨ ᠵᠠᠰᠠᠬᠤ ᠤᠷᠤᠨ ᠤ ᠬᠠᠮᠢᠶ᠎ᠠ ᠪᠦᠬᠦᠢ ᠰᠠᠯᠠᠭ᠎ᠠ ᠮᠦᠴᠢᠷ ᠪᠤᠯᠤᠨ ᠠᠶᠢᠮᠠᠭ ᠬᠤᠳᠠ ᠶᠢᠨ ᠬᠠᠷᠢᠭᠤᠴᠠᠯᠭᠠᠳᠠᠨ ᠵᠢᠴᠢ ᠠᠵᠤ ᠠᠬᠤᠢᠢᠯᠡᠯ ᠤᠨ ᠲᠦᠯᠦᠭᠡᠯᠡᠭᠴᠢᠳ ᠠᠭᠤᠯᠵᠠᠯᠳᠠ ᠳᠤ ᠤᠷᠤᠯᠴᠠᠪᠠ᠃ ᠲᠤᠰ ᠡᠳᠦᠷ ᠤᠨ ᠦᠳᠡ ᠶᠢᠨ ᠬᠤᠶᠢᠨ᠎ᠠ ᠪᠠᠰᠠ ᠲᠤᠮᠳᠠᠳᠤ ᠶᠠᠫᠤᠨ ᠤ ᠬᠠᠮᠳᠤᠷᠠᠯᠴᠠᠭ᠎ᠠ ᠶᠢ ᠲᠠᠨᠢᠯᠴᠠᠭᠤᠯᠬᠤ ᠵᠦᠪᠳᠡᠯᠴᠡᠭᠡᠷ ᠤᠨ ᠬᠤᠷᠠᠯ ᠬᠢᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号