9 ᠳ᠋ᠦ᠋ᠭᠡᠷ ᠰᠠᠷ᠎ᠠ ᠶᠢᠨ 30 ᠤ ᠡᠳᠤᠷ᠂ ᠪᠦᠬᠦ ᠣᠷᠣᠨ ᠤ ᠳᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ | ︽ᠤᠶᠤᠨᠴᠢ ᠳᠤᠳᠤᠭᠠᠳᠤ ᠶᠢ ᠬᠠᠮᠠᠭᠠᠯᠠᠬᠤ︾ ᠪᠠᠶᠢᠭᠤᠯᠤᠯᠳᠠ ᠶᠢᠨ ᠲᠤᠬᠠᠢ ᠶᠢᠨ ᠭᠠᠵᠠᠷ ᠤᠨ ᠠᠬᠢᠭᠤᠯᠬᠤ ᠬᠤᠷᠠᠯ | ᠬᠦᠬᠡᠬᠤᠳᠠ ᠳᠤ ᠶᠠᠪᠤᠬᠳᠠᠪᠠ᠃ | ᠦᠪᠡᠷᠳᠡᠬᠡᠨ ᠵᠠᠰᠠᠬᠤ ᠤᠷᠤᠨ ᠤ ᠲᠡᠳ᠋ ᠲᠡᠷᠢᠬᠦᠯᠡᠭᠴᠢ᠂ ᠳᠤᠳᠤᠭᠠᠳᠤ ᠶᠢ ᠬᠠᠮᠠᠭᠠᠯᠠᠬᠤ ᠲᠢᠩᠬᠢᠮ ᠤᠨ | ᠲᠠᠷᠤᠭ᠎ᠠ ᠶᠠᠩ ᠸᠧᠢ ᠳ᠋ᠦᠩ ᠬᠤᠷᠠᠯ ᠳᠤ ᠤᠷᠤᠯᠴᠠᠵᠤ ᠶᠠᠷᠢᠶ᠎ᠠ ᠲᠠᠯᠪᠢᠵᠠᠢ᠃ | ᠶᠠᠩ ᠸᠧᠢ ᠳ᠋ᠦᠩ ᠴᠢᠬᠤᠯᠠᠴᠢᠯᠠᠭᠰᠠᠨ ᠨᠢ᠂ ︽ᠤᠶᠤᠨᠴᠢ ᠳᠤᠳᠤᠭᠠᠳᠤ ᠶᠢ ᠬᠠᠮᠠᠭᠠᠯᠠᠬᠤ︾ ᠪᠠᠶᠢᠭᠤᠯᠤᠯᠳᠠ | ᠪᠤᠯ ᠤᠯᠤᠰ ᠤᠨ ᠲᠤᠮᠤ ᠳ᠋ᠠᠶᠢᠲ᠋ᠠ ᠶᠢᠨ ᠪᠠᠶᠢᠯᠳᠤᠬᠤ ᠪᠤᠳᠤᠯᠭ᠎ᠠ ᠳᠤ ᠠᠭᠤᠰᠤᠯᠴᠠᠬᠤ᠂ ᠳᠤᠳᠤᠭᠠᠳᠤ ᠶᠢ ᠬᠠᠮᠠᠭᠠᠯᠠᠬᠤ | ᠶᠠᠮᠤᠨ ᠤ ᠪᠠᠶᠢᠷᠢᠯᠠᠭᠤᠯᠤᠯᠳᠠ ᠶᠢ ᠨᠠᠶᠢᠳᠠᠪᠤᠷᠢᠵᠢᠭᠤᠯᠬᠤ᠂ ︽ᠲᠤᠭᠠᠴᠢᠯᠠᠬᠰᠠᠨ ᠦᠪᠤᠷ ᠮᠤᠩᠭᠤᠯ︾ ᠤᠨ | ᠪᠠᠶᠢᠭᠤᠯᠤᠯᠳᠠ ᠶᠢ ᠲᠤᠯᠭᠠᠭᠤᠷᠢᠯᠠᠬᠤ ᠪᠠ ᠮᠠᠨ ᠤ ᠤᠷᠤᠨ ᠤ ᠳᠤᠳᠤᠭᠠᠳᠤ ᠶᠢ ᠬᠠᠮᠠᠭᠠᠯᠠᠬᠤ ᠠᠵᠢᠯ ᠤᠨ ᠬᠡᠯᠪᠡᠷᠢ ᠶᠢ | ᠬᠤᠪᠢᠷᠠᠭᠤᠯᠵᠤ ᠲᠡᠰ ᠲᠡᠪᠰᠢᠬᠦᠯᠬᠦ ᠶᠢᠨ ᠭᠡᠷᠡᠭᠴᠡᠭᠡ ᠪᠤᠯᠤᠨ᠎ᠠ᠃ ᠪᠦᠬᠦ ᠤᠷᠤᠨ ᠤ ᠳᠤᠳᠤᠭᠠᠳᠤ ᠶᠢ ᠬᠠᠮᠠᠭᠠᠯᠠᠬᠤ | ᠪᠠᠶᠢᠭᠤᠯᠭ᠎ᠠ ᠶᠢᠨ ᠬᠢᠨ ᠵᠢᠷᠤᠮᠵᠢᠭᠤᠯᠬᠤ᠂ ᠤᠶᠤᠨᠴᠢᠯᠠᠬᠤ᠂ ᠨᠠᠷᠢᠯᠢᠬᠵᠢᠭᠤᠯᠬᠤ᠂ ᠴᠢᠨᠠᠷ ᠰᠠᠶᠢᠳᠠᠢ ᠪᠠᠷᠢᠮᠵᠢᠶ᠎ᠠ ᠪᠠᠷ᠂ | ᠦᠨᠳᠤᠰᠤᠨ ᠱᠠᠳᠤᠨ ᠤ ᠡᠮᠤᠨ᠎ᠠ ᠹᠷᠤᠨᠲ ᠤᠨ ᠲᠤᠮᠤ ᠳ᠋ᠠᠶᠢᠲ᠋ᠠ ᠶᠢᠨ ᠨᠡᠶᠢᠳᠡᠮ ᠬᠡᠷᠡᠭᠴᠡᠭᠡ ᠳᠤ ᠰᠠᠭᠤᠷᠢᠯᠠᠵᠤ᠂ | ᠤᠶᠤᠨᠴᠢᠯᠠᠬᠰᠠᠨ ᠪᠠᠭᠠᠵᠢ ᠭᠡᠷᠡᠭᠰᠡᠯ ᠢ ᠶᠡᠬᠡᠪᠡᠷ ᠬᠦᠭᠵᠢᠬᠦᠯᠵᠤ᠂ ︽ᠤᠶᠤᠨᠴᠢ ᠳᠤᠳᠤᠭᠠᠳᠤ ᠶᠢ ᠬᠠᠮᠠᠭᠠᠯᠠᠬᠤ︾ | ᠪᠠᠶᠢᠭᠤᠯᠤᠯᠳᠠ ᠪᠤᠯᠤᠨ ᠬᠦᠨᠴᠠ ᠭᠡᠷᠡᠭᠯᠡᠭᠡ ᠪᠠᠷ ᠲᠠᠮᠵᠢᠭᠤᠯᠵᠤ᠂ ᠳᠤᠳᠤᠭᠠᠳᠤ ᠶᠢ ᠬᠠᠮᠠᠭᠠᠯᠠᠬᠤ ᠠᠵᠢᠯ ᠤᠨ | ᠬᠦᠭᠵᠢᠯᠳᠠ ᠶᠢᠨ ᠬᠦᠴᠢᠷ ᠠᠰᠠᠭᠤᠳᠠᠯ ᠢ ᠬᠦᠴᠤᠯᠠᠨ ᠰᠢᠢᠳᠪᠤᠷᠢᠯᠠᠵᠤ᠂ ᠪᠤᠳᠠᠳᠤ ᠲᠠᠶᠢᠨ ᠳᠤ ᠠᠶᠤᠯ ᠲᠦᠭᠰᠢᠬᠦᠷᠢ | ᠶᠢᠨ ᠮᠡᠳᠡᠷᠡᠮᠵᠢ ᠶᠢ ᠲᠡᠰ ᠲᠡᠪᠰᠢᠭᠦᠯᠭᠦ᠂ ᠶᠠᠯᠠᠳᠤ ᠠᠵᠢᠯᠯᠠᠭ᠎ᠠ ᠳᠤ ᠴᠤᠬᠢᠯᠳᠠ ᠦᠭᠬᠦ᠂ ᠤᠯᠠᠨ ᠲᠦᠮᠡᠨ ᠳᠤ | ᠤᠢᠢᠯᠡᠴᠢᠯᠡᠬᠦ᠂ ᠬᠠᠤᠯᠢ ᠭᠡᠷᠡᠭᠵᠢᠬᠦᠯᠬᠦ ᠶᠢ ᠵᠢᠷᠤᠮᠵᠢᠭᠤᠯᠬᠤ᠂ ᠡᠩᠨᠡᠬᠡᠨ ᠤ ᠬᠠᠮᠢᠶᠠᠷᠤᠯᠳᠠ ᠶᠢᠨ ᠴᠢᠳᠠᠪᠤᠷᠢ ᠶᠢ | ᠲᠡᠭᠡᠭᠰᠢᠯᠡᠬᠦᠯᠬᠦ ᠭᠡᠷᠡᠭᠳᠠᠢ᠃ ᠬᠦᠴᠤᠨ ᠢᠶᠠᠨ ᠲᠦᠪᠯᠡᠷᠡᠬᠦᠯᠤᠨ ᠪᠤᠭᠤᠮᠳᠠ ᠰᠢᠪᠳᠤᠯᠵᠤ᠂ ᠡᠷᠡᠰ ᠪᠠᠳᠤ ᠢᠳᠡᠬᠡᠯ᠂ | ᠰᠢᠨᠵᠢᠯᠡᠬᠦ ᠤᠬᠠᠭᠠᠨᠴᠢ ᠲᠦᠯᠤᠪᠵᠢᠬᠦᠯᠬᠡ᠂ ᠴᠢᠩᠭ᠎ᠠ ᠲᠦᠷᠢᠮ ᠲᠤᠭᠳᠠᠭᠠᠯ᠂ ᠪᠦᠳᠤᠮᠵᠢᠳᠠᠢ ᠠᠷᠭ᠎ᠠ ᠬᠡᠮᠵᠢᠶ᠎ᠠ᠂ | ᠪᠠᠳᠤ ᠪᠠᠬᠢ ᠪᠠᠳᠤᠯᠠᠭ᠎ᠠ ᠪᠠᠷ ︽ᠤᠶᠤᠨᠴᠢ ᠳᠤᠳᠤᠭᠠᠳᠤ ᠶᠢ ᠬᠠᠮᠠᠭᠠᠯᠠᠬᠤ︾ ᠪᠠᠶᠢᠭᠤᠯᠤᠯᠳᠠ ᠶᠢ ᠠᠬᠢᠭᠤᠯᠤᠨ | ᠨᠠᠶᠢᠳᠠᠪᠤᠷᠢᠵᠢᠭᠤᠯᠬᠤ ᠶᠢ ᠰᠠᠶᠢᠳᠤᠷ ᠠᠳᠬᠤᠬᠤ ᠭᠡᠷᠡᠭᠳᠠᠢ ᠬᠡᠪᠡ᠃ |