ᠪᠥ᠋ ᠰᠢᠶᠤᠤ ᠯᠢᠨ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ ︽ᠬᠦᠳᠡᠭᠡ ᠲᠤᠰᠬᠤᠨ ᠤ ᠳᠥᠷᠪᠡᠨ ᠰᠠᠶᠢᠨᠲᠠᠢ ᠵᠠᠮ︾᠎ ᠤᠨ ᠬᠦᠭᠵᠢᠯᠳᠡ ᠶᠢ ᠬᠦᠨᠵᠡᠭᠡᠢ ᠠᠬᠢᠭᠤᠯᠬᠤ ᠵᠡᠷᠭᠡ ᠵᠦᠢᠯᠡᠰ ᠢ ᠰᠤᠳᠤᠯᠵᠠᠢ
ᠨᠡᠶᠢᠲᠡᠯᠡᠭᠰᠡᠨ ᠴᠠᠭ᠄
2018/10/9
     9 ᠳ᠋ᠦ᠋ᠭᠡᠷ ᠰᠠᠷ᠎ᠠ ᠶᠢᠨ 30᠎ ᠤ ᠡᠳᠦᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ︽ᠬᠦᠳᠡᠭᠡ ᠲᠤᠰᠬᠤᠨ ᠤ ᠳᠥᠷᠪᠡᠨ ᠰᠠᠶᠢᠨᠲᠠᠢ ᠵᠠᠮ︾᠎ ᠤᠨ ᠬᠦᠭᠵᠢᠯᠳᠡ ᠶᠢ ᠬᠦᠨᠵᠡᠭᠡᠢ ᠠᠬᠢᠭᠤᠯᠬᠤ ᠵᠡᠷᠭᠡ ᠵᠦᠢᠯᠡᠰ ᠢ ᠰᠤᠳᠤᠯᠵᠤ᠂ ᠭᠤᠤᠯᠳᠠᠯᠭ᠎ᠠ ᠲᠠᠢ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ︽ᠬᠦᠳᠡᠭᠡ ᠲᠤᠰᠬᠤᠨ ᠤ ᠳᠥᠷᠪᠡᠨ ᠰᠠᠶᠢᠨᠲᠠᠢ ᠵᠠᠮ︾᠎ ᠤᠨ ᠪᠦᠳᠦᠭᠡᠨ ᠪᠠᠶᠢᠭᠤᠯᠤᠯᠳᠠ ᠪᠤᠯ ᠠᠷᠠᠳ ᠤᠨ ᠠᠮᠢᠳᠤᠷᠠᠯ ᠤᠨ ᠴᠢᠬᠤᠯᠠ ᠢᠨᠵᠧᠨᠧᠷᠢᠩ ᠪᠤᠯᠬᠤ ᠪᠦᠭᠡᠳ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠭᠦ ᠴᠢᠬᠤᠯᠠ ᠠᠭᠤᠯᠭ᠎ᠠ ᠪᠤᠯᠤᠨ᠎ᠠ᠃ ᠡᠯ᠎ᠠ ᠱᠠᠳᠤᠨ ᠤ ᠵᠠᠰᠠᠭ ᠤᠨ ᠤᠷᠳᠤᠨ ᠪᠠ ᠬᠠᠮᠢᠶ᠎ᠠ ᠪᠦᠬᠦᠢ ᠰᠠᠯᠠᠭ᠎ᠠ ᠮᠦᠴᠢᠷ ᠤᠳ ᠶᠡᠷᠦᠩᠬᠡᠢ ᠱᠦᠵᠢ ᠰᠢ ᠶᠢᠨ ᠫᠢᠩ ᠤᠨ ︽ᠬᠦᠳᠡᠭᠡ ᠲᠤᠰᠬᠤᠨ ᠤ ᠳᠥᠷᠪᠡᠨ ᠰᠠᠶᠢᠨᠲᠠᠢ ᠵᠠᠮ︾᠎ ᠤᠨ ᠲᠤᠬᠠᠢ ᠴᠢᠬᠤᠯᠠ ᠵᠢᠭᠠᠪᠤᠷᠢ ᠴᠤᠬᠤᠯᠠᠪᠤᠷᠢ ᠶᠢᠨ ᠵᠤᠷᠢᠭ ᠰᠠᠨᠠᠭ᠎ᠠ ᠶᠢ ᠬᠦᠨᠵᠡᠭᠡᠢ ᠲᠤᠭᠤᠰᠢᠯᠠᠭᠤᠯᠵᠤ᠂ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠱᠠᠭᠠᠷᠳᠠᠯᠭ᠎ᠠ ᠪᠠᠶᠢᠷᠢᠯᠠᠭᠤᠯᠤᠯᠳᠠ ᠶᠢ ᠨᠡᠶᠢᠳᠡᠪᠦᠷᠢᠵᠢᠭᠤᠯᠦᠨ᠂ ᠭᠠᠵᠠᠷ ᠤᠷᠤᠨ ᠤ ᠤᠨᠴᠠᠯᠢᠭ ᠲᠤ ᠨᠢ ᠲᠤᠬᠢᠷᠠᠭᠤᠯᠬᠤ᠂ ᠲᠤᠬᠳᠠᠴᠠ ᠪᠠᠨ ᠰᠢᠨᠡᠴᠢᠯᠡᠭᠦ᠂ ᠲᠦᠷᠦ ᠶᠢᠨ ᠪᠤᠳᠤᠯᠭ᠎ᠠ ᠶᠢ ᠲᠡᠭᠦᠯᠳᠡᠷᠵᠢᠭᠦᠯᠭᠦ ᠶᠢ ᠪᠠᠷᠢᠮᠳᠠᠯᠠᠵᠤ᠂ ᠮᠠᠯᠵᠢᠬᠤ ᠲᠠᠷᠢᠶᠠᠯᠠᠬᠤ ᠤᠷᠤᠨ ᠤ ᠵᠠᠰᠠᠮᠠᠯ ᠵᠠᠮ ᠢ ᠴᠢᠨᠠᠬᠰᠢᠳᠠ ᠰᠠᠶᠢᠳᠤᠷ ᠪᠠᠶᠢᠭᠤᠯᠤᠨ᠂ ᠰᠠᠶᠢᠳᠤᠷ ᠬᠠᠮᠢᠶᠠᠷᠴᠤ᠂ ᠰᠠᠶᠢᠳᠤᠷ ᠬᠠᠮᠠᠭᠠᠯᠠᠨ᠂ ᠰᠠᠶᠢᠳᠤᠷ ᠡᠵᠡᠩᠨᠡᠵᠤ᠂ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ᠂ ᠶᠠᠳᠠᠭᠤ ᠠᠴᠠ ᠠᠩᠭᠢᠵᠢᠷᠠᠭᠤᠯᠤᠨ ᠰᠢᠪᠲᠤᠯᠤᠯᠲᠠ ᠬᠢᠬᠦ᠂ ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠤᠷᠤᠨ ᠤ ᠤᠳᠤᠬᠢᠴᠢᠯᠠᠯᠳᠠ ᠪᠠ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠭᠦ ᠳᠤ ᠨᠡᠩ ᠰᠠᠶᠢᠲᠤᠷ ᠦᠢᠯᠡᠴᠢᠯᠡᠬᠦ ᠬᠡᠷᠡᠭᠳᠡᠢ ᠬᠡᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠡᠨᠡ ᠵᠢᠯ ᠤᠨ ᠡᠯ᠎ᠠ ᠵᠦᠢᠯ ᠤᠨ ᠭᠤᠤᠯᠳᠠᠯᠭ᠎ᠠ ᠲᠠᠢ ᠠᠵᠢᠯ ᠢᠶᠠᠨ ᠪᠦᠬᠦ ᠲᠠᠯ᠎ᠠ ᠪᠠᠷ ᠡᠮᠬᠢᠯᠡᠨ ᠲᠢᠭᠯᠡᠵᠤ᠂ ᠲᠠᠩᠰᠠ ᠡᠪᠬᠡᠮᠡᠯ ᠤᠨ ᠬᠠᠮᠢᠶᠠᠷᠤᠯᠳᠠ ᠶᠢ ᠬᠡᠷᠡᠭᠵᠢᠭᠦᠯᠦᠨ᠂ ᠰᠢᠮᠳᠠᠭᠤᠯᠤᠨ ᠪᠠᠶᠢᠴᠠᠭᠠᠵᠤ ᠵᠤᠬᠢᠴᠠᠭᠤᠯᠬᠤ ᠪᠠᠨ ᠴᠢᠩᠭᠠᠳᠬᠠᠵᠤ᠂ ᠴᠠᠭ ᠤᠨ ᠬᠦᠰᠦᠨᠦᠭᠳᠦ ᠪᠠᠨ ᠬᠡᠳᠡᠷᠭᠦ ᠵᠢᠬᠰᠠᠭᠠᠵᠤ᠂ ᠠᠵᠢᠯ ᠎ ᠤᠨ ᠨᠡᠶᠢᠳᠡᠪᠦᠷᠢᠵᠢᠭᠤᠯᠤᠯᠳᠠ ᠶᠢ ᠴᠢᠩᠭ᠎ᠠ ᠠᠳᠬᠤᠨ᠂ ᠲᠤᠬᠳᠠᠬᠰᠠᠨ ᠴᠠᠭ ᠲᠠᠭᠠᠨ ᠴᠢᠨᠠᠷ ᠲᠠᠢ ᠪᠡᠶᠡᠯᠡᠭᠦᠯᠭᠦ ᠶᠢ ᠪᠠᠳᠤᠯᠠᠬᠤ ᠬᠡᠷᠡᠭᠳᠡᠢ᠃ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠶᠢᠨ ᠪᠤᠴᠠᠵᠤ ᠪᠠᠶᠢᠴᠠᠭᠠᠨ ᠦᠵᠡᠬᠦ ᠠᠵᠢᠯᠯᠠᠭ᠎ᠠ᠂ ᠤᠷᠴᠢᠨ ᠲᠤᠭᠤᠷᠢᠨ ᠤ ᠰᠢᠮᠳᠠᠭᠤᠯᠤᠨ ᠪᠠᠶᠢᠴᠠᠭᠠᠯᠳᠠ ᠪᠠ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠬᠠᠮᠢᠶ᠎ᠠ ᠪᠦᠬᠦᠢ ᠰᠢᠮᠳᠠᠭᠤᠯᠤᠨ ᠪᠠᠶᠢᠴᠠᠭᠠᠯᠳᠠ ᠶᠢᠨ ᠵᠢᠭᠠᠵᠤ ᠭᠠᠷᠭᠠᠬᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠦᠬᠦ ᠬᠦᠴᠦᠨ ᠢᠶᠠᠷ ᠢᠶᠠᠨ ᠰᠠᠶᠢᠳᠤᠷ ᠠᠳᠬᠤᠬᠤ ᠬᠡᠷᠡᠭᠳᠡᠢ᠃ ᠠᠵᠢᠯ ᠤᠨ ᠰᠤᠳᠤᠯᠤᠯ ᠢᠶᠠᠨ ᠴᠢᠩᠭᠠᠳᠬᠠᠵᠤ᠂ ᠡᠨᠡ ᠵᠢᠯ ᠤᠨ ᠲᠦᠷᠦᠭᠦᠦ ᠭᠤᠷᠪᠠᠨ ᠤᠯᠠᠷᠢᠯ ᠤᠨ ᠠᠵᠤ ᠠᠬᠤᠢ ᠶᠢᠨ ᠪᠠᠶᠢᠳᠠᠯ ᠢ ᠬᠦᠨᠵᠡᠭᠡᠢ ᠵᠠᠳᠠᠯᠵᠤ᠂ ᠲᠦᠷᠪᠡᠳᠦᠭᠡᠷ ᠤᠯᠠᠷᠢᠯ ᠤᠨ ᠠᠵᠢᠯ ᠢᠶᠠᠨ ᠰᠤᠳᠤᠯᠵᠤ᠂ ᠲᠠᠷᠠᠭ᠎ᠠ ᠵᠢᠯ ᠤᠨ ᠠᠵᠢᠯ ᠢᠶᠠᠨ ᠰᠠᠶᠢᠳᠤᠷ ᠲᠦᠯᠦᠪᠵᠢᠭᠦᠯᠭᠦ ᠬᠡᠷᠡᠭᠳᠡᠢ ᠬᠡᠵᠠᠢ᠃      ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号