ᠨᠢᠭᠡ ᠳᠤ᠂ ᠡᠨᠡ ᠤᠳᠠᠭ᠎ᠠ ︽ᠤᠯᠤᠰ ᠤᠨ ᠦᠨᠳᠦᠰᠦᠨ ᠡᠮ ᠤᠨ ᠳᠦᠷᠢᠮ ᠢ ᠲᠡᠭᠦᠯᠳᠡᠷᠵᠢᠭᠦᠯᠬᠦ ᠲᠤᠬᠠᠢ | ᠰᠠᠨᠠᠯ︾ ︵ᠳᠣᠷᠣᠭᠰᠢ ︽ᠰᠠᠨᠠᠯ︾ ᠭᠡᠵᠦ ᠲᠣᠪᠴᠢᠯᠠᠨ᠎ᠠ︶ ᠢ ᠲᠣᠭᠲᠠᠭᠠᠨ ᠨᠡᠶᠢᠲᠡᠯᠡᠭᠰᠡᠨ ᠠᠬᠤᠢ ᠪᠠᠶᠢᠳᠠᠯ ᠪᠠ | ᠴᠢᠬᠤᠯᠠ ᠠᠴᠢ ᠬᠤᠯᠪᠣᠭᠳᠠᠯ ᠨᠢ ᠶᠠᠭᠤ ᠪᠣᠢ︖ | ᠦᠨᠳᠦᠰᠦᠨ ᠡᠮ ᠤᠨ ᠳᠦᠷᠢᠮ ᠢ ᠬᠡᠷᠡᠭᠵᠢᠭᠦᠯᠬᠦ ᠪᠣᠯ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ | ᠬᠤᠷᠢᠶ᠎ᠠ ᠠᠴᠠ ᠡᠷᠡᠭᠦᠯ ᠬᠠᠮᠠᠭᠠᠯᠠᠯ ᠡᠷᠡᠭᠦᠯ ᠡᠩᠬᠡ ᠶᠢᠨ ᠬᠦᠷᠢᠶ᠎ᠡ ᠴᠠᠷᠠᠭ᠎ᠠ ᠳᠤ ᠲᠣᠭᠲᠠᠭᠠᠭᠰᠠᠨ ᠴᠢᠬᠤᠯᠠ | ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠪᠣᠯᠣᠨ᠎ᠠ᠃ ᠡᠮᠴᠢᠯᠡᠭᠡ ᠶᠢᠨ ᠪᠠᠶᠢᠭᠤᠯᠤᠯ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠰᠢᠨ᠎ᠡ ᠨᠢᠭᠡ ᠡᠭᠡᠯᠵᠢ ᠶᠢᠨ ᠠᠵᠢᠯ ᠡᠬᠢᠯᠡᠭᠰᠡᠨ ᠠᠴᠠ ᠨᠠᠭᠠᠰᠢ᠂ ᠤᠯᠤᠰ ᠤᠨ ᠦᠨᠳᠦᠰᠦᠨ | ᠡᠮ ᠤᠨ ᠳᠦᠷᠢᠮ ᠨᠢ ᠠᠷᠠᠳ ᠤᠨ ᠠᠮᠢᠳᠤᠷᠠᠯ ᠤᠨ ᠨᠢᠭᠡᠨ ᠴᠢᠬᠤᠯᠠ ᠶᠡᠭᠡ ᠢᠨᠵᠧᠨᠧᠷᠢᠩ ᠪᠣᠯᠣᠭᠰᠠᠨ ᠤ ᠬᠤᠪᠢ ᠳᠤ᠂ | ᠳᠦᠷᠢᠮ ᠳᠤ ᠰᠢᠨ᠎ᠡ ᠶᠢ ᠡᠭᠦᠳᠬᠦ᠂ ᠲᠥᠬᠦᠷ ᠲᠥᠷᠥ ᠶᠢᠨ ᠪᠣᠳᠣᠯᠭ᠎ᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠬᠦ | ᠬᠥᠭᠵᠢᠯᠲᠡ ᠶᠢᠨ ᠶᠠᠪᠤᠴᠠ ᠶᠢ ᠥᠩᠭᠡᠷᠡᠭᠡᠵᠦ᠂ ᠡᠮ ᠤᠨ ᠵᠦᠢᠯᠡᠰ ᠤᠨ ᠬᠠᠩᠭᠠᠯᠭ᠎ᠠ ᠪᠠᠲᠤᠯᠠᠭ᠎ᠠ ᠶᠢᠨ ᠰᠢᠰᠲ᠋ᠧᠮᠵᠢ ᠶᠢ | ᠪᠦᠷᠢᠨᠰᠢᠭᠦᠯᠬᠦ᠂ ᠠᠷᠠᠳ ᠲᠦᠮᠡᠨ ᠤ ᠦᠨᠳᠦᠰᠦᠨ ᠡᠮ ᠢ ᠬᠡᠷᠡᠭᠯᠡᠬᠦ ᠶᠢ ᠪᠠᠲᠤᠯᠠᠬᠤ ᠳᠤ ᠰᠠᠭᠤᠷᠢ ᠦᠢᠯᠡᠳᠦᠯ | ᠦᠵᠡᠭᠦᠯᠵᠦ᠂ ᠡᠮᠴᠢᠯᠡᠭᠡ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠡᠮ ᠤᠨ ᠵᠦᠢᠯᠡᠰ ᠤᠨ | ᠦᠨ᠎ᠡ ᠬᠠᠩᠰᠢ ᠶᠢ ᠪᠠᠭᠤᠷᠠᠭᠤᠯᠬᠤ᠂ ᠡᠪᠡᠳᠴᠢᠲᠡᠳ ᠤᠨ ᠡᠮ ᠬᠡᠷᠡᠭᠯᠡᠬᠦ ᠳᠠᠷᠤᠭᠠᠰᠤ ᠶᠢ ᠬᠥᠩᠭᠡᠯᠡᠬᠦ᠂ ︽ᠡᠪᠡᠳᠴᠢᠨ | ᠦᠵᠡᠭᠦᠯᠬᠦ ᠳᠤ ᠦᠨᠡᠲᠡᠢ︾ ᠠᠰᠠᠭᠤᠳᠠᠯ ᠢ ᠨᠠᠮᠳᠠᠭᠠᠬᠤ ᠵᠡᠷᠭᠡ ᠳᠤ ᠢᠳᠡᠪᠬᠢᠲᠡᠢ ᠦᠢᠯᠡᠳᠦᠯ ᠦᠵᠡᠭᠦᠯᠪᠡ᠃ ᠭᠡᠲᠡᠯ᠎ᠡ᠂ | ᠠᠵᠤ ᠠᠬᠤᠢ ᠨᠡᠶᠢᠭᠡᠮ ᠤᠨ ᠬᠥᠭᠵᠢᠯᠲᠡ ᠪᠠ ᠡᠮᠴᠢᠯᠡᠭᠡ ᠶᠢᠨ ᠪᠠᠶᠢᠭᠤᠯᠤᠯ ᠤᠨ ᠥᠭᠡᠷᠡᠴᠢᠯᠡᠯᠲᠡ ᠶᠢᠨ ᠲᠠᠰᠤᠷᠠᠯᠲᠠ | ᠦᠭᠡᠢ ᠭᠦᠨᠵᠡᠭᠡᠶᠢᠷᠡᠬᠦ ᠶᠢ ᠳᠠᠭᠠᠯᠳᠤᠨ᠂ ᠣᠳᠣᠬᠠᠨ ᠤ ᠦᠨᠳᠦᠰᠦᠨ ᠡᠮ ᠤᠨ ᠳᠦᠷᠢᠮ ᠨᠢ ᠨᠢᠭᠡᠨᠲᠡ ᠠᠷᠠᠳ | ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠱᠠᠭᠠᠷᠳᠠᠯᠭ᠎ᠠ ᠪᠠ ᠡᠷᠡᠭᠦᠯ | ᠡᠩᠬᠡ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ ᠳᠡᠶᠢᠯᠬᠦ ᠦᠭᠡᠢ ᠪᠣᠯᠵᠤ᠂ ᠦᠨᠳᠦᠰᠦᠨ ᠡᠮ ᠨᠢ | ᠡᠮᠴᠢᠯᠡᠭᠡᠨ ᠳᠤ ᠦᠨᠳᠦᠰᠦᠨ ᠡᠮ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠲᠠᠢ ᠪᠦᠷᠢᠮᠦᠰᠦᠨ ᠵᠣᠬᠢᠴᠠᠯᠳᠤᠬᠤ ᠦᠭᠡᠢ | ᠪᠣᠯᠵᠤ᠂ ᠤᠷᠮᠠᠰᠢᠭᠤᠯᠬᠤ ᠲᠣᠭᠲᠠᠴᠠ ᠶᠢ ᠬᠡᠷᠡᠭᠯᠡᠬᠦ ᠲᠠᠯ᠎ᠠ ᠪᠠᠷ ᠳᠤᠲᠠᠮᠠᠭ᠂ ᠳᠠᠭᠤᠷᠢᠶᠠᠮᠠᠯ ᠨᠠᠶᠢᠷᠠᠯᠭ᠎ᠠ ᠲᠠᠢ ᠡᠮ ᠤᠨ | ᠲᠥᠷᠥᠯ ᠵᠦᠢᠯ ᠬᠢᠭᠡᠳ ᠤᠤᠯ ᠤᠨ ᠨᠠᠶᠢᠷᠠᠯᠭ᠎ᠠ ᠲᠠᠢ ᠡᠮ ᠤᠨ ᠲᠥᠷᠥᠯ ᠵᠦᠢᠯ ᠤᠨ ᠶᠠᠰᠤ ᠴᠢᠨᠠᠷ ᠪᠠ ᠡᠮᠴᠢᠯ ᠤᠨ | ᠲᠤᠰᠠ ᠨᠢ ᠵᠣᠬᠢᠬᠤ ᠵᠥᠷᠢᠶ᠎ᠡ ᠣᠷᠣᠰᠢᠵᠤ ᠪᠠᠶᠢᠬᠤ᠂ ᠪᠠᠲᠤᠯᠠᠭ᠎ᠠ ᠬᠠᠩᠭᠠᠯᠭ᠎ᠠ ᠶᠢᠨ ᠲᠣᠭᠲᠠᠴᠠ ᠨᠢ ᠮᠥᠨ ᠬᠦ | ᠪᠦᠷᠢᠡᠰᠢᠭᠡ ᠦᠭᠡᠢ ᠵᠡᠷᠭᠡ ᠲᠠᠯ᠎ᠠ ᠪᠠᠷ ᠲᠣᠪᠣᠶᠢᠮ᠎ᠠ ᠢᠯᠡᠷᠡᠵᠦ᠂ ᠰᠢᠨ᠎ᠡ ᠴᠠᠭ ᠦᠶ᠎ᠡ ᠰᠢᠨ᠎ᠡ ᠴᠠᠭ ᠤᠨ ᠪᠠᠶᠢᠳᠠᠯ | ᠰᠢᠨ᠎ᠡ ᠱᠠᠭᠠᠷᠳᠠᠯᠭ᠎ᠠ ᠲᠠᠢ ᠵᠣᠬᠢᠴᠠᠭᠤᠯᠤᠨ᠂ ᠳᠦᠷᠢᠮ ᠤᠨ ᠦᠵᠦ ᠵᠢᠷᠤᠭ ᠲᠥᠯᠥᠪᠯᠡᠭᠡ ᠶᠢ ᠴᠢᠩᠭᠠᠳᠬᠠᠵᠤ᠂ | ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠶᠢ ᠪᠠᠴᠢᠮ ᠱᠠᠭᠠᠷᠳᠠᠵᠤ | ᠪᠠᠶᠢᠨ᠎ᠠ᠃ | ᠤᠯᠤᠰ ᠤᠨ ᠦᠨᠳᠦᠰᠦᠨ ᠡᠮ ᠤᠨ ᠳᠦᠷᠢᠮ ᠢ ᠲᠡᠭᠦᠯᠳᠡᠷᠵᠢᠭᠦᠯᠬᠦ ᠪᠣᠯ ᠡᠮᠴᠢᠯᠡᠭᠡ ᠶᠢᠨ ᠪᠠᠶᠢᠭᠤᠯᠤᠯ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠡᠮᠴᠢᠯᠡᠭᠡ ᠡᠷᠡᠭᠦᠯ ᠬᠠᠮᠠᠭᠠᠯᠠᠯ ᠤᠨ ᠲᠠᠯ᠎ᠠ ᠶᠢᠨ ᠣᠯᠠᠨ ᠨᠡᠶᠢᠲᠡ ᠶᠢᠨ | ᠦᠨᠳᠦᠰᠦᠨ ᠦᠢᠯᠡᠴᠢᠯᠡᠭᠡ ᠶᠢ ᠴᠢᠩᠭᠠᠳᠬᠠᠬᠤ ᠴᠢᠬᠤᠯᠠ ᠠᠷᠭ᠎ᠠ ᠬᠡᠮᠵᠢᠶ᠎ᠡ ᠪᠣᠯᠣᠨ᠎ᠠ᠃ ︽︿ᠡᠷᠡᠭᠦᠯ ᠡᠩᠬᠡ | ᠳᠤᠮᠳᠠᠳᠤ ᠤᠯᠤᠰ 2030﹀ ᠲᠥᠯᠥᠪᠵᠢᠭᠦᠯᠭᠡ ᠶᠢᠨ ᠬᠥᠲᠥᠯᠪᠦᠷᠢ︾ ᠪᠠ ︽︿13 · 5﹀ ᠶᠢᠨ ᠡᠷᠡᠭᠦᠯ | ᠬᠠᠮᠠᠭᠠᠯᠠᠯ ᠬᠢᠭᠡᠳ ᠡᠷᠡᠭᠦᠯ ᠡᠩᠬᠡ ᠶᠢᠨ ᠲᠥᠯᠥᠪᠵᠢᠭᠦᠯᠭᠡ︾ ᠳᠤ ᠦᠨᠳᠦᠰᠦᠨ ᠡᠮ ᠤᠨ ᠳᠦᠷᠢᠮ ᠢ ᠪᠠᠬᠢᠵᠢᠭᠦᠯᠦᠨ | ᠲᠡᠭᠦᠯᠳᠡᠷᠵᠢᠭᠦᠯᠬᠦ ᠬᠡᠷᠡᠭᠲᠡᠢ ᠭᠡᠵᠦ ᠲᠣᠳᠣᠷᠬᠠᠢ ᠳᠤᠷᠠᠳᠤᠨ ᠭᠠᠷᠭᠠᠪᠠ᠃ 2018 ᠣᠨ ᠤ ᠡᠮᠴᠢᠯᠡᠭᠡ ᠶᠢᠨ | ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠠᠵᠢᠯ ᠨᠢ ᠤᠯᠤᠰ ᠤᠨ ᠦᠨᠳᠦᠰᠦᠨ ᠡᠮ ᠤᠨ ᠳᠦᠷᠢᠮ ᠢ | ᠲᠣᠭᠲᠠᠭᠠᠨ ᠲᠡᠭᠦᠯᠳᠡᠷᠵᠢᠭᠦᠯᠬᠦ ᠶᠢᠨ ᠵᠢᠯᠣᠭᠤᠳᠤᠯᠭ᠎ᠠ ᠶᠢᠨ ᠴᠢᠨᠠᠷᠲᠠᠢ ᠪᠢᠴᠢᠭ ᠮᠠᠲ᠋ᠧᠷᠢᠶᠠᠯ ᠢ ᠭᠤᠣᠯᠳᠠᠯᠭ᠎ᠠ ᠲᠠᠢ | ᠡᠭᠦᠷᠭᠡ ᠪᠣᠯᠭᠠᠨ ᠵᠢᠭᠰᠠᠭᠠᠵᠤ ᠲᠣᠬᠢᠷᠠᠭᠤᠯᠤᠯᠲᠠ ᠬᠢᠬᠦ ᠪᠠᠷ ᠪᠠᠶᠢᠨ᠎ᠠ᠃ ᠨᠠᠮ ᠤᠨ ᠲᠥᠪ ᠬᠤᠷᠢᠶ᠎ᠠ᠂ ᠲᠥᠷᠥ ᠶᠢᠨ | ᠶᠠᠪᠤᠳᠠᠯ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠡᠮᠴᠢᠯᠡᠭᠡ ᠶᠢᠨ ᠪᠠᠶᠢᠭᠤᠯᠤᠯ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠠᠵᠢᠯ ᠤᠨ ᠲᠣᠬᠢᠷᠠᠭᠤᠯᠤᠯᠲᠠ ᠶᠢ ᠦᠨᠳᠦᠰᠦᠯᠡᠨ᠂ ᠡᠨᠡ ᠵᠢᠯ ᠠᠴᠠ ᠨᠠᠭᠠᠰᠢ᠂ | ᠤᠯᠤᠰ ᠤᠨ ᠡᠷᠡᠭᠦᠯ ᠬᠠᠮᠠᠭᠠᠯᠠᠯ ᠡᠷᠡᠭᠦᠯ ᠡᠩᠬᠡ ᠶᠢᠨ ᠵᠥᠪᠯᠡᠯ ᠠᠴᠠ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ | ᠬᠠᠮᠲᠤᠷᠠᠨ ᠭᠦᠨᠵᠡᠭᠡᠢ ᠪᠠᠶᠢᠴᠠᠭᠠᠯᠲᠠ ᠰᠤᠳᠤᠯᠤᠯᠲᠠ ᠬᠢᠵᠦ᠂ ᠡᠯ᠎ᠡ ᠲᠠᠯ᠎ᠠ ᠶᠢᠨ ᠬᠢᠨ ᠤ ᠰᠠᠨᠠᠯ ᠢ ᠥᠷᠭᠡᠨ ᠢᠶᠠᠷ | ᠰᠣᠨᠣᠰᠤᠭᠰᠠᠨ ᠰᠠᠭᠤᠷᠢᠨ ᠳᠡᠭᠡᠷ᠎ᠡ᠂ ︽ᠤᠯᠤᠰ ᠤᠨ ᠦᠨᠳᠦᠰᠦᠨ ᠡᠮ ᠤᠨ ᠳᠦᠷᠢᠮ ᠢ ᠲᠡᠭᠦᠯᠳᠡᠷᠵᠢᠭᠦᠯᠬᠦ ᠲᠤᠬᠠᠢ | ᠰᠠᠨᠠᠯ︾ ᠢ ᠲᠤᠭᠤᠷᠪᠢᠪᠠ᠃ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠡᠮᠴᠢᠯᠡᠭᠡ ᠶᠢᠨ ᠪᠠᠶᠢᠭᠤᠯᠤᠯ ᠤᠨ | ᠥᠭᠡᠷᠡᠴᠢᠯᠡᠯᠲᠡ ᠶᠢᠨ ᠤᠳᠤᠷᠢᠳᠬᠤ ᠳᠤᠭᠤᠶᠢᠯᠠᠩ ᠤᠨ ᠬᠤᠷᠠᠯ ᠤᠨ ᠵᠣᠷᠢᠭ ᠰᠠᠨᠠᠭ᠎ᠠ ᠶᠣᠰᠣᠭᠠᠷ᠂ ᠤᠯᠤᠰ ᠤᠨ | ᠬᠤᠯᠪᠣᠭᠳᠠᠯ ᠪᠦᠬᠦᠢ ᠰᠠᠯᠠᠭ᠎ᠠ ᠮᠥᠴᠢᠷ᠂ ᠮᠤᠵᠢ ᠶᠢᠨ ᠱᠠᠲᠤᠨ ᠤ ᠡᠷᠡᠭᠦᠯ ᠬᠠᠮᠠᠭᠠᠯᠠᠯ ᠡᠷᠡᠭᠦᠯ ᠡᠩᠬᠡ ᠶᠢᠨ ᠰᠠᠯᠠᠭ᠎ᠠ | ᠮᠥᠴᠢᠷ᠂ ᠠᠵᠢᠯ ᠲᠥᠷᠥᠯ ᠤᠨ ᠨᠡᠶᠢᠭᠡᠮᠯᠢᠭ᠂ ᠰᠤᠳᠤᠯᠭᠠᠨ ᠤ ᠪᠠᠶᠢᠭᠤᠯᠤᠮᠵᠢ᠂ ᠡᠮᠴᠢᠯᠡᠭᠡ ᠶᠢᠨ ᠪᠠᠶᠢᠭᠤᠯᠤᠮᠵᠢ ᠵᠡᠷᠭᠡ | ᠣᠯᠠᠨ ᠲᠠᠯ᠎ᠠ ᠶᠢᠨ ᠬᠢᠨ ᠤ ᠰᠠᠨᠠᠯ ᠰᠠᠨᠠᠭᠤᠯᠭ᠎ᠠ ᠶᠢ ᠥᠷᠭᠡᠨ ᠢᠶᠠᠷ ᠬᠤᠷᠢᠶᠠᠨ᠂ ᠭᠦᠢᠴᠡᠳ ᠰᠢᠩᠭᠡᠭᠡᠨ ᠠᠪᠴᠤ᠂ 8 | ᠳ᠋ᠤᠭᠠᠷ ᠰᠠᠷ᠎ᠠ ᠶᠢᠨ 30 ᠤ ᠡᠳᠦᠷ ᠤᠨ ᠲᠥᠷᠥ ᠶᠢᠨ ᠶᠠᠪᠤᠳᠠᠯ ᠤᠨ ᠬᠤᠷᠢᠶ᠎ᠠ ᠶᠢᠨ 22 ᠳ᠋ᠤᠭᠠᠷ ᠤᠳᠠᠭᠠᠨ ᠤ | ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠭᠦᠯᠬᠦ ᠪᠠᠷ ᠳᠠᠮᠵᠢᠨ ᠵᠠᠷᠴᠢᠮ ᠤᠨ ᠲᠠᠯ᠎ᠠ ᠪᠠᠷ ᠪᠠᠲᠤᠯᠠᠵᠠᠢ᠃ | ︽ᠰᠠᠨᠠᠯ︾ ᠨᠢ ᠦᠨᠳᠦᠰᠦᠨ ᠡᠮ ᠤᠨ ︽ᠦᠨᠳᠦᠰᠦᠨ ᠵᠦᠢᠯ ᠢ ᠲᠣᠪᠣᠶᠢᠯᠭᠠᠬᠤ᠂ ᠡᠷᠬᠡᠪᠰᠢ | ᠱᠠᠭᠠᠷᠳᠠᠭᠳᠠᠬᠤ ᠵᠦᠢᠯ ᠢ ᠰᠡᠷᠭᠡᠶᠢᠯᠡᠨ ᠵᠠᠰᠠᠬᠤ᠂ ᠪᠠᠲᠤᠯᠠᠨ ᠬᠠᠩᠭᠠᠬᠤ᠂ ᠤᠷᠢᠳ ᠢᠶᠠᠷ ᠬᠡᠷᠡᠭᠯᠡᠬᠦ᠂ ᠶᠠᠰᠤ ᠴᠢᠨᠠᠷ ᠢ | ᠪᠠᠲᠤᠯᠠᠬᠤ᠂ ᠡᠭᠦᠷᠭᠡᠯᠡᠯ ᠢ ᠨᠢ ᠪᠠᠭᠠᠰᠬᠠᠬᠤ︾ ᠡᠭᠦᠷᠭᠡ ᠴᠢᠳᠠᠮᠵᠢ ᠶᠢᠨ ᠪᠠᠶᠢᠷᠢ ᠲᠣᠭᠲᠠᠭᠠᠯᠲᠠ ᠶᠢ ᠨᠢ | ᠴᠢᠩᠭᠠᠷᠠᠭᠤᠯᠵᠤ᠂ ᠦᠨᠳᠦᠰᠦᠨ ᠡᠮ ᠤᠨ ᠰᠢᠯᠢᠨ ᠰᠣᠩᠭᠤᠬᠤ᠂ ᠦᠢᠯᠡᠳᠪᠦᠷᠢᠯᠡᠬᠦ᠂ ᠭᠦᠢᠯᠭᠡᠭᠡᠬᠦ᠂ ᠬᠡᠷᠡᠭᠯᠡᠬᠦ᠂ | ᠣᠯᠭᠤᠨ ᠥᠭᠬᠦ᠂ ᠬᠢᠨᠠᠨ ᠰᠢᠨᠵᠢᠯᠡᠬᠦ ᠵᠡᠷᠭᠡ ᠭᠤᠭᠴᠤᠭ᠎ᠠ ᠠᠴᠠ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠂ | ᠡᠮᠴᠢᠯᠡᠭᠡ ᠶᠢᠨ ᠳᠠᠭᠠᠳᠬᠠᠯ ᠤᠨ ᠪᠠᠶᠢᠭᠤᠯᠤᠯ᠂ ᠡᠷᠡᠭᠦᠯ ᠬᠠᠮᠠᠭᠠᠯᠠᠯ ᠤᠨ ᠪᠠᠶᠢᠭᠤᠯᠤᠯ ᠪᠠ ᠡᠮ ᠤᠨ ᠵᠦᠢᠯᠡᠰ ᠤᠨ | ᠭᠦᠢᠯᠭᠡᠭᠡ ᠶᠢᠨ ᠪᠠᠶᠢᠭᠤᠯᠤᠯ ᠤᠨ ᠬᠤᠯᠪᠣᠭᠠᠯᠠᠨ ᠦᠢᠯᠡᠳᠦᠯᠴᠡᠬᠦ ᠥᠭᠡᠷᠡᠴᠢᠯᠡᠯᠲᠡ ᠲᠠᠢ ᠰᠠᠶᠢᠲᠤᠷ | ᠵᠣᠯᠭᠠᠯᠳᠤᠭᠤᠯᠬᠤ ᠶᠢ ᠴᠢᠬᠤᠯᠠᠴᠢᠯᠠᠬᠤ ᠨᠢ᠂ ᠦᠨᠳᠦᠰᠦᠨ ᠡᠮ ᠤᠨ ᠳᠦᠷᠢᠮ ᠤᠨ ᠲᠤᠰ ᠪᠡᠶ᠎ᠡ ᠶᠢᠨ ᠪᠠᠶᠢᠭᠤᠯᠤᠯᠲᠠ᠂ | ᠡᠮ ᠤᠨ ᠵᠦᠢᠯᠡᠰ ᠤᠨ ᠬᠠᠩᠭᠠᠯᠭ᠎ᠠ ᠪᠠᠲᠤᠯᠠᠭ᠎ᠠ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ | ᠠᠬᠢᠭᠤᠯᠬᠤ ᠶᠢ ᠳᠠᠶᠢᠴᠢᠯᠠᠨ ᠳᠠᠭᠠᠭᠤᠯᠵᠤ᠂ ᠡᠮ ᠤᠨ ᠵᠦᠢᠯᠡᠰ ᠤᠨ ᠠᠮᠤᠷ ᠲᠦᠪᠰᠢᠨ ᠪᠥᠭᠡᠳ ᠦᠷ᠎ᠡ | ᠪᠦᠲᠦᠮᠵᠢᠲᠡᠢ᠂ ᠦᠨ᠎ᠡ ᠬᠠᠩᠰᠢ ᠨᠢ ᠵᠦᠢ ᠵᠣᠬᠢᠰᠲᠠᠢ᠂ ᠬᠠᠩᠭᠠᠯᠭ᠎ᠠ ᠨᠢ ᠭᠦᠢᠴᠡᠳ ᠪᠠᠶᠢᠬᠤ ᠶᠢ ᠪᠠᠲᠤᠯᠠᠬᠤ ᠳᠤ | ᠠᠰᠢᠭᠲᠠᠢ ᠪᠠᠷ ᠪᠠᠷᠠᠬᠤ ᠦᠭᠡᠢ᠂ ᠳᠡᠭᠡᠳᠦ ᠳᠣᠣᠷᠠᠳᠤ ᠱᠠᠲᠤᠨ ᠤ ᠡᠮᠴᠢᠯᠡᠭᠡ ᠶᠢᠨ ᠪᠠᠶᠢᠭᠤᠯᠤᠮᠵᠢ ᠶᠢᠨ ᠡᠮ | ᠬᠡᠷᠡᠭᠯᠡᠬᠦ ᠶᠢ ᠵᠣᠯᠭᠠᠯᠳᠤᠭᠤᠯᠬᠤ ᠶᠢ ᠠᠬᠢᠭᠤᠯᠤᠨ᠂ ᠱᠠᠲᠤ ᠳᠡᠰ ᠬᠤᠪᠢᠶᠠᠨ ᠣᠨᠣᠰᠢᠯᠠᠨ ᠡᠮᠨᠡᠬᠦ ᠳᠦᠷᠢᠮ ᠢ | ᠪᠠᠶᠢᠭᠤᠯᠬᠤ ᠶᠢ ᠠᠬᠢᠭᠤᠯᠬᠤ ᠳᠤ ᠠᠰᠢᠭᠲᠠᠢ ᠪᠠᠶᠢᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ | ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠡᠮ ᠡᠮᠨᠡᠯᠭᠡ ᠶᠢᠨ ᠠᠵᠤ ᠠᠵᠤ ᠦᠢᠯᠡᠰ ᠤᠨ ᠪᠦᠲᠦᠴᠡ ᠶᠢ | ᠲᠣᠬᠢᠷᠠᠭᠤᠯᠬᠤ ᠪᠠ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠠᠬᠢᠭᠤᠯᠬᠤ ᠳᠤ ᠠᠰᠢᠭᠲᠠᠢ ᠪᠠᠶᠢᠳᠠᠭ᠃ | ᠬᠤᠶᠠᠷ᠂ ᠦᠨᠳᠦᠰᠦᠨ ᠡᠮ ᠤᠨ ᠳᠦᠷᠢᠮ ᠤᠨ ᠣᠳᠣ ᠶᠢᠨ ᠬᠡᠷᠡᠭᠵᠢᠭᠦᠯᠵᠦ ᠪᠠᠶᠢᠭ᠎ᠠ ᠲᠥᠷᠥ ᠶᠢᠨ ᠪᠣᠳᠣᠯᠭ᠎ᠠ | ᠲᠠᠢ ᠬᠠᠷᠢᠴᠠᠭᠤᠯᠪᠠᠯ᠂ ︽ᠰᠠᠨᠠᠯ︾ ᠳᠤ ᠶᠠᠮᠠᠷ ᠶᠠᠮᠠᠷ ᠥᠪᠡᠷᠮᠢᠴᠡ ᠣᠨᠴᠠᠯᠢᠭ ᠪᠠ ᠭᠢᠯᠠᠰ ᠴᠡᠭ ᠪᠠᠶᠢᠬᠤ ᠪᠠᠶᠢᠬᠤ | ᠪᠣᠢ︖ | ︽ᠰᠠᠨᠠᠯ︾ ᠪᠣᠯ ᠣᠳᠣ ᠶᠢᠨ ᠬᠡᠷᠡᠭᠵᠢᠭᠦᠯᠵᠦ ᠪᠠᠶᠢᠭ᠎ᠠ ᠦᠨᠳᠦᠰᠦᠨ ᠡᠮ ᠤᠨ ᠳᠦᠷᠢᠮ ᠤᠨ ᠵᠠᠯᠭᠠᠮᠵᠢᠯᠠᠯ ᠪᠠ | ᠬᠥᠭᠵᠢᠯᠲᠡ ᠪᠠᠶᠢᠵᠤ᠂ ᠳᠣᠣᠷᠠᠬᠢ 5 ᠲᠠᠯ᠎ᠠ ᠪᠠᠷ ᠭᠤᠣᠯᠳᠠᠯᠭ᠎ᠠ ᠲᠠᠢ ᠲᠣᠬᠢᠷᠠᠭᠤᠯᠤᠨ ᠲᠡᠭᠦᠯᠳᠡᠷᠵᠢᠭᠦᠯᠪᠡ᠃ | ᠨᠢᠭᠡ ᠳᠤ᠂ ᠭᠠᠷᠴᠠᠭ ᠢ ᠰᠢᠯᠢᠨ ᠰᠣᠩᠭᠤᠬᠤ ᠲᠠᠯ᠎ᠠ ᠪᠠᠷ᠂ ᠡᠮ ᠤᠨ ᠵᠦᠢᠯᠡᠰ ᠤᠨ ᠡᠮᠴᠢᠯᠡᠭᠡᠨ ᠤ ᠥᠷᠲᠡᠭ ᠢ | ᠲᠣᠪᠣᠶᠢᠯᠭᠠᠬᠤ ᠶᠢ ᠨᠡᠩ ᠴᠢᠬᠤᠯᠠᠴᠢᠯᠠᠨ᠂ ᠬᠥᠳᠡᠯᠦᠩᠭᠦᠢ ᠪᠠᠷ ᠲᠣᠬᠢᠷᠠᠭᠤᠯᠤᠯᠲᠠ ᠬᠢᠬᠦ ᠪᠠ ᠲᠣᠬᠢᠷᠠᠭᠤᠯᠤᠨ | ᠣᠷᠣᠭᠤᠯᠵᠤ ᠲᠣᠬᠢᠷᠠᠭᠤᠯᠤᠨ ᠭᠠᠷᠭᠠᠬᠤ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠪᠠ᠃ ᠰᠢᠨ᠎ᠡ ᠪᠠᠷ ᠬᠢᠨᠠᠨ | ᠵᠥᠪᠰᠢᠶᠡᠷᠡᠵᠦ ᠵᠠᠬ᠎ᠠ ᠳᠡᠯᠭᠡᠭᠦᠷ ᠲᠤ ᠭᠠᠷᠭᠠᠭᠰᠠᠨ ᠡᠮᠴᠢᠯ ᠤᠨ ᠲᠤᠰᠠ ᠨᠢ ᠪᠠᠲᠤ ᠨᠤᠲᠠᠲᠠᠢ᠂ ᠦᠨ᠎ᠡ ᠬᠠᠩᠰᠢ ᠨᠢ | ᠵᠦᠢ ᠵᠣᠬᠢᠰᠲᠠᠢ᠂ ᠦᠷ᠎ᠡ ᠪᠦᠲᠦᠮᠵᠢ ᠨᠢ ᠨᠡᠯᠢᠶᠡᠳ ᠰᠠᠶᠢᠨ ᠡᠮ ᠤᠨ ᠵᠦᠢᠯᠡᠰ ᠨᠢ ᠡᠪᠡᠳᠴᠢᠨ ᠡᠮᠭᠡᠭ ᠤᠨ | ᠰᠡᠷᠭᠡᠶᠢᠯᠡᠨ ᠵᠠᠰᠠᠬᠤ ᠬᠡᠷᠡᠭᠴᠡᠭᠡ ᠱᠠᠭᠠᠷᠳᠠᠯᠭ᠎ᠠ ᠶᠢ ᠨᠡᠩ ᠰᠠᠶᠢᠲᠤᠷ ᠬᠠᠩᠭᠠᠵᠤ ᠪᠠᠶᠢᠪᠠᠯ᠂ ᠭᠠᠷᠴᠠᠭ ᠲᠤ | ᠣᠷᠣᠭᠤᠯᠬᠤ ᠪᠠᠷ ᠪᠣᠳᠣᠯᠬᠢᠯᠠᠵᠤ ᠪᠣᠯᠣᠨ᠎ᠠ᠃ ᠡᠭᠦᠨ ᠤ ᠬᠠᠮᠲᠤ᠂ ᠦᠨᠳᠦᠰᠦᠨ ᠡᠮ ᠤᠨ ᠳᠦᠷᠢᠮ ᠶᠢ ᠨᠢᠭᠡᠨᠲᠡ | ᠵᠠᠰᠠᠭ ᠤᠨ ᠣᠷᠳᠣᠨ ᠠᠴᠠ ᠡᠷᠬᠢᠯᠡᠭᠰᠡᠨ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ | ᠪᠠᠶᠢᠭᠤᠯᠤᠮᠵᠢ ᠳᠤ ᠪᠦᠬᠦ ᠲᠠᠯ᠎ᠠ ᠪᠠᠷ ᠬᠠᠮᠤᠷᠤᠭᠤᠯᠬᠤ ᠶᠢ ᠪᠡᠶᠡᠯᠡᠭᠦᠯᠦᠭᠰᠡᠨ ᠢ ᠪᠣᠳᠣᠯᠬᠢᠯᠠᠨ᠂ ᠣᠷᠣᠨ ᠨᠤᠲᠤᠭ ᠤᠨ | ᠬᠢᠨ ᠤ ᠡᠮ ᠤᠨ ᠵᠦᠢᠯᠡᠰ ᠢ ᠨᠡᠮᠡᠨ ᠨᠥᠬᠦᠪᠦᠷᠢᠯᠡᠬᠦ ᠪᠣᠯ ᠳᠦᠷᠢᠮ ᠤᠨ ᠪᠠᠶᠢᠭᠤᠯᠤᠯᠲᠠ ᠶᠢᠨ ᠡᠬᠢᠨ ᠤ | ᠬᠤᠭᠤᠴᠠᠭᠠᠨ ᠤ ᠰᠢᠨᠵᠢᠯᠲᠡ ᠶᠢᠨ ᠴᠢᠨᠠᠷᠲᠠᠢ ᠠᠷᠭ᠎ᠠ ᠬᠡᠮᠵᠢᠶ᠎ᠡ ᠪᠣᠯᠬᠤ ᠶᠢ ᠵᠥᠪᠰᠢᠶᠡᠷᠡᠵᠦ᠂ ︽ᠰᠠᠨᠠᠯ︾ ᠳᠤ | ᠵᠠᠷᠴᠢᠮ ᠳᠡᠭᠡᠷ᠎ᠡ ᠪᠠᠨ ᠡᠯ᠎ᠡ ᠭᠠᠵᠠᠷ ᠤᠨ ᠬᠢᠨ ᠡᠮ ᠤᠨ ᠵᠦᠢᠯᠡᠰ ᠢ ᠨᠡᠮᠡᠨ ᠨᠥᠬᠦᠪᠦᠷᠢᠯᠡᠬᠦ ᠦᠭᠡᠢ ᠭᠡᠵᠦ | ᠲᠣᠳᠣᠷᠬᠠᠶᠢᠯᠠᠪᠠ᠂ ᠡᠨᠡ ᠨᠢ ᠮᠥᠨ ᠴᠤ ᠡᠯ᠎ᠡ ᠭᠠᠵᠠᠷ ᠤᠨ ᠬᠢᠨ ᠤ ᠡᠮᠴᠢᠯᠡᠭᠡ ᠶᠢᠨ ᠪᠠᠶᠢᠭᠤᠯᠤᠮᠵᠢ ᠶᠢᠨ ᠦᠨᠳᠦᠰᠦᠨ | ᠡᠮ ᠤᠨ ᠬᠡᠷᠡᠭᠯᠡᠭᠰᠡᠨ ᠪᠠᠶᠢᠳᠠᠯ ᠢ ᠬᠠᠷᠢᠴᠠᠭᠤᠯᠤᠨ ᠵᠠᠳᠠᠯᠬᠤ ᠳᠤ ᠳᠥᠭᠦᠮ ᠪᠠᠶᠢᠳᠠᠭ᠃ ᠬᠤᠶᠠᠷ ᠲᠤ᠂ ᠪᠠᠲᠤᠯᠠᠨ | ᠬᠠᠩᠭᠠᠬᠤ ᠲᠠᠯ᠎ᠠ ᠪᠠᠷ᠂ ᠵᠠᠰᠠᠭ ᠤᠨ ᠣᠷᠳᠣᠨ ᠪᠠ ᠵᠠᠬ᠎ᠠ ᠳᠡᠯᠭᠡᠭᠦᠷ ᠬᠤᠶᠠᠷ ᠲᠠᠯ᠎ᠠ ᠶᠢᠨ ᠬᠢᠨ ᠤ ᠦᠢᠯᠡᠳᠦᠯ ᠢ ᠨᠡᠩ | ᠴᠢᠬᠤᠯᠠᠴᠢᠯᠠᠨ ᠪᠠᠳᠠᠷᠠᠭᠤᠯᠵᠤ᠂ ᠣᠶᠢᠷ᠎ᠠ ᠶᠢᠨ ᠵᠢᠯ ᠤᠳ ᠠᠴᠠ ᠨᠠᠭᠠᠰᠢᠬᠢ ᠡᠮ ᠤᠨ ᠵᠦᠢᠯᠡᠰ ᠢ ᠲᠥᠪᠯᠡᠷᠡᠭᠦᠯᠦᠨ | ᠲᠥᠷᠥᠯ ᠬᠤᠪᠢᠶᠠᠵᠤ ᠬᠤᠳᠠᠯᠳᠤᠨ ᠠᠪᠤᠭᠰᠠᠨ ᠪᠠ ᠡᠮ ᠤᠨ ᠵᠦᠢᠯᠡᠰ ᠤᠨ ᠳᠤᠲᠠᠭᠳᠠᠭᠰᠠᠨ ᠶᠢ ᠰᠢᠢᠳᠪᠦᠷᠢᠯᠡᠭᠰᠡᠨ | ᠪᠦᠲᠦᠮᠵᠢᠲᠡᠢ ᠲᠤᠷᠰᠢᠯᠭ᠎ᠠ ᠬᠢᠳᠡᠯ ᠢ ᠳ᠋ᠦᠩᠨᠡᠨ ᠯᠠᠪᠯᠠᠯᠲᠠ ᠪᠣᠯᠭᠠᠵᠤ᠂ ᠠᠵᠤ ᠠᠬᠤᠶᠢᠯᠠᠯ ᠤᠨ ᠮᠡᠷᠭᠡᠵᠢᠯ ᠤᠨ | ᠥᠭᠡᠷᠡᠴᠢᠯᠡᠯᠲᠡ ᠬᠢᠬᠦ ᠶᠢ ᠵᠣᠷᠢᠭᠵᠢᠭᠤᠯᠬᠤ᠂ ᠬᠤᠳᠠᠯᠳᠤᠨ ᠠᠪᠴᠤ ᠲᠣᠬᠢᠷᠠᠭᠤᠯᠤᠨ ᠬᠦᠷᠭᠡᠬᠦ ᠲᠣᠭᠲᠠᠴᠠ ᠶᠢ | ᠲᠡᠭᠦᠯᠳᠡᠷᠵᠢᠭᠦᠯᠬᠦ᠂ ᠳᠤᠲᠠᠭᠳᠠᠬᠤ ᠶᠢ ᠰᠡᠷᠡᠮᠵᠢᠯᠡᠭᠦᠯᠦᠨ ᠠᠷᠭᠠᠴᠠᠬᠤ ᠶᠢ ᠴᠢᠩᠭᠠᠳᠬᠠᠬᠤ ᠵᠡᠷᠭᠡ ᠲᠠᠯ᠎ᠠ ᠠᠴᠠ | ᠰᠢᠰᠲ᠋ᠧᠮ ᠲᠠᠢ ᠲᠣᠬᠢᠷᠠᠭᠤᠯᠤᠯᠲᠠ ᠬᠢᠵᠦ᠂ ᠡᠮ ᠤᠨ ᠵᠦᠢᠯᠡᠰ ᠤᠨ ᠳᠤᠲᠠᠭᠳᠠᠬᠤ ᠶᠢ ᠤᠷᠢᠳᠴᠢᠯᠠᠨ ᠰᠡᠷᠭᠡᠶᠢᠯᠡᠵᠦ᠂ | ᠰᠡᠷᠡᠮᠵᠢᠯᠡᠭᠦᠯᠦᠯ ᠢ ᠬᠢᠨᠠᠨ ᠰᠢᠨᠵᠢᠯᠡᠬᠦ ᠪᠠᠷ ᠳᠠᠮᠵᠢᠭᠤᠯᠤᠨ ᠡᠮ ᠤᠨ ᠵᠦᠢᠯᠡᠰ ᠤᠨ ᠠᠮᠠᠷᠬᠠᠨ ᠳᠤᠲᠠᠭᠳᠠᠬᠤ | ᠠᠰᠠᠭᠤᠳᠠᠯ ᠢ ᠡᠷᠲᠡᠬᠡᠨ ᠠᠷᠭᠠᠴᠠᠵᠤ᠂ ᠦᠨᠳᠦᠰᠦᠨ ᠡᠮ ᠤᠨ ᠬᠤᠮᠰᠠᠳᠠᠬᠤ ᠦᠭᠡᠢ᠂ ᠳᠤᠲᠠᠭᠳᠠᠬᠤ ᠦᠭᠡᠢ | ᠪᠠᠶᠢᠬᠤ ᠶᠢ ᠣᠯᠠᠨ ᠠᠷᠭ᠎ᠠ ᠵᠠᠮ᠂ ᠣᠯᠠᠨ ᠬᠡᠯᠪᠡᠷᠢ ᠪᠠᠷ ᠪᠠᠲᠤᠯᠠᠬᠤ ᠬᠡᠷᠡᠭᠲᠡᠢ ᠭᠡᠵᠦ ᠣᠨᠴᠠᠭᠠᠶᠢᠯᠠᠨ ᠴᠢᠬᠤᠯᠠᠴᠢᠯᠠᠪᠠ᠃ | ᠭᠤᠷᠪᠠ ᠳᠤ᠂ ᠲᠣᠬᠢᠷᠠᠭᠤᠯᠤᠨ ᠬᠡᠷᠡᠭᠯᠡᠬᠦ ᠲᠠᠯ᠎ᠠ ᠪᠠᠷ᠂ ᠦᠨᠳᠦᠰᠦᠨ ᠱᠠᠲᠤ ᠬᠢᠭᠡᠳ ᠬᠤᠶᠠᠳᠤᠭᠠᠷ ᠳᠡᠰ ᠠᠴᠠ | ᠳᠡᠭᠡᠭᠰᠢᠬᠢ ᠡᠮᠴᠢᠯᠡᠭᠡ ᠶᠢᠨ ᠪᠠᠶᠢᠭᠤᠯᠤᠮᠵᠢ ᠶᠢᠨ ᠡᠮ ᠬᠡᠷᠡᠭᠯᠡᠬᠦ ᠶᠢ ᠰᠠᠶᠢᠲᠤᠷ ᠵᠣᠯᠭᠠᠯᠳᠤᠭᠤᠯᠬᠤ ᠶᠢ ᠨᠡᠩ | ᠴᠢᠬᠤᠯᠠᠴᠢᠯᠠᠨ᠂ ᠱᠠᠲᠤ ᠳᠡᠰ ᠬᠤᠪᠢᠶᠠᠨ ᠣᠨᠣᠰᠢᠯᠠᠨ ᠡᠮᠨᠡᠬᠦ ᠳᠦᠷᠢᠮ ᠤᠨ ᠪᠠᠶᠢᠭᠤᠯᠤᠯᠲᠠ ᠳᠤ ᠬᠦᠴᠦᠯᠡᠵᠦ᠂ ᠡᠯ᠎ᠡ | ᠱᠠᠲᠤᠨ ᠤ ᠡᠮᠴᠢᠯᠡᠭᠡ ᠶᠢᠨ ᠪᠠᠶᠢᠭᠤᠯᠤᠮᠵᠢ ᠳᠤ ᠦᠨᠳᠦᠰᠦᠨ ᠡᠮ ᠢ ᠪᠦᠬᠦ ᠲᠠᠯ᠎ᠠ ᠪᠠᠷ ᠬᠤᠪᠢᠶᠠᠷᠢᠯᠠᠨ᠂ ᠤᠷᠢᠳ ᠢᠶᠠᠷ | ᠬᠡᠷᠡᠭᠯᠡᠬᠦ ᠶᠢ ᠴᠢᠬᠤᠯᠠᠴᠢᠯᠠᠵᠤ᠂ ᠳᠡᠭᠡᠳᠦ ᠳᠣᠣᠷᠠᠳᠤ ᠱᠠᠲᠤᠨ ᠤ ᠡᠮᠴᠢᠯᠡᠭᠡ ᠶᠢᠨ ᠪᠠᠶᠢᠭᠤᠯᠤᠮᠵᠢ ᠶᠢᠨ ᠬᠡᠷᠡᠭᠯᠡᠬᠦ | ᠡᠮ ᠤᠨ ᠲᠥᠷᠥᠯ ᠵᠦᠢᠯ᠂ ᠨᠠᠶᠢᠷᠠᠯᠭ᠎ᠠ ᠶᠢᠨ ᠬᠡᠯᠪᠡᠷᠢ᠂ ᠬᠡᠪ ᠪᠠᠷᠢᠮᠵᠢᠶ᠎ᠠ ᠶᠢ ᠵᠢᠷᠤᠮᠵᠢᠭᠤᠯᠤᠨ᠂ ᠳᠡᠭᠡᠳᠦ ᠳᠣᠣᠷᠠᠳᠤ | ᠱᠠᠲᠤ ᠪᠠᠷ ᠬᠤᠯᠪᠣᠭᠠᠯᠠᠨ ᠦᠢᠯᠡᠳᠦᠯᠴᠡᠬᠦ ᠶᠢ ᠪᠡᠶᠡᠯᠡᠭᠦᠯᠵᠦ᠂ ᠦᠨᠳᠦᠰᠦᠨ ᠱᠠᠲᠤᠨ ᠳᠤ ᠠᠩᠬᠠᠨ ᠤ ᠣᠨᠣᠰᠢᠯᠠᠯᠲᠠ | ᠬᠢᠬᠦ᠂ ᠬᠤᠣᠰ ᠴᠢᠭᠯᠡᠯ ᠢᠶᠠᠷ ᠰᠢᠯᠵᠢᠭᠦᠯᠦᠨ ᠣᠨᠣᠰᠢᠯᠠᠬᠤ᠂ ᠪᠠᠭ᠎ᠠ ᠡᠪᠡᠳᠴᠢᠨ ᠢ ᠦᠨᠳᠦᠰᠦᠨ ᠱᠠᠲᠤᠨ ᠳᠤ ᠡᠮᠨᠡᠬᠦ᠂ | ᠡᠷᠡᠭᠦᠯᠵᠢᠭᠰᠡᠨ ᠤ ᠳᠠᠷᠠᠭ᠎ᠠ ᠨᠡᠶᠢᠭᠡᠮ ᠲᠣᠭᠤᠷᠢᠭ ᠲᠤ ᠪᠠᠨ ᠪᠤᠴᠠᠨ ᠰᠤᠪᠢᠯᠠᠬᠤ ᠳᠤ ᠡᠮ ᠬᠡᠷᠡᠭᠯᠡᠬᠦ ᠪᠠᠲᠤᠯᠠᠭ᠎ᠠ | ᠬᠠᠩᠭᠠᠬᠤ ᠬᠡᠷᠡᠭᠲᠡᠢ᠃ ᠡᠭᠦᠨ ᠤ ᠬᠠᠮᠲᠤ᠂ ᠡᠮᠴᠢᠯᠡᠭᠡ ᠶᠢᠨ ᠳᠠᠭᠠᠳᠬᠠᠯ ᠠᠴᠠ ᠣᠯᠭᠤᠨ ᠥᠭᠬᠦ ᠠᠷᠭ᠎ᠠ ᠬᠡᠯᠪᠡᠷᠢ ᠳᠤ | ᠥᠭᠡᠷᠡᠴᠢᠯᠡᠯᠲᠡ ᠬᠢᠬᠦ ᠪᠠ ᠡᠳ᠋ ᠤᠨ ᠵᠠᠰᠠᠭ ᠤᠨ ᠨᠥᠬᠦᠪᠦᠷᠢ ᠥᠭᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ | ᠡᠮᠴᠢᠯᠡᠭᠡ ᠶᠢᠨ ᠪᠠᠶᠢᠭᠤᠯᠤᠮᠵᠢ ᠪᠠ ᠡᠮᠨᠡᠯᠭᠡ ᠶᠢᠨ ᠠᠵᠢᠯᠲᠠᠳ ᠤᠨ ᠵᠦᠢ ᠵᠣᠬᠢᠰᠲᠠᠢ ᠣᠨᠣᠰᠢᠯᠠᠨ ᠡᠮᠨᠡᠬᠦ᠂ ᠵᠦᠢ | ᠵᠣᠬᠢᠰᠲᠠᠢ ᠡᠮ ᠬᠡᠷᠡᠭᠯᠡᠬᠦ ᠶᠢ ᠤᠷᠮᠠᠰᠢᠭᠤᠯᠤᠨ ᠬᠢᠵᠠᠭᠠᠷᠯᠠᠬᠤ ᠲᠣᠭᠲᠠᠴᠠ ᠶᠢ ᠪᠠᠶᠢᠭᠤᠯᠬᠤ ᠬᠡᠷᠡᠭᠲᠡᠢ᠃ ᠳᠥᠷᠪᠡ ᠳᠤ᠂ | ᠶᠠᠰᠤ ᠴᠢᠨᠠᠷ ᠢ ᠪᠠᠲᠤᠯᠠᠬᠤ ᠲᠠᠯ᠎ᠠ ᠪᠠᠷ᠂ ᠳᠠᠭᠤᠷᠢᠶᠠᠮᠠᠯ ᠨᠠᠶᠢᠷᠠᠯᠭ᠎ᠠ ᠲᠠᠢ ᠡᠮ ᠤᠨ ᠶᠠᠰᠤ ᠴᠢᠨᠠᠷ ᠪᠠ ᠡᠮᠴᠢᠯ ᠤᠨ | ᠲᠤᠰᠠ ᠯᠤᠭ᠎ᠠ ᠶᠢᠨ ᠨᠢᠭᠡᠳᠦᠯᠲᠦ ᠴᠢᠨᠠᠷ ᠲᠠᠢ ᠦᠨᠡᠯᠡᠯᠲᠡ ᠪᠠᠷ ᠬᠤᠯᠪᠣᠭᠠᠯᠠᠨ ᠦᠢᠯᠡᠳᠦᠯᠴᠡᠬᠦ ᠶᠢ ᠨᠡᠩ | ᠴᠢᠬᠤᠯᠠᠴᠢᠯᠠᠨ᠂ ᠨᠢᠭᠡᠳᠦᠯᠲᠦ ᠴᠢᠨᠠᠷᠲᠠᠢ ᠦᠨᠡᠯᠡᠯᠲᠡ ᠶᠢ ᠳᠠᠮᠵᠢᠭᠰᠠᠨ ᠡᠮ ᠤᠨ ᠵᠦᠢᠯᠡᠰ ᠤᠨ ᠲᠥᠷᠥᠯ ᠵᠦᠢᠯ ᠢ | ᠳᠡᠰ ᠳᠠᠷᠠᠭᠠᠯᠠᠯ ᠶᠣᠰᠣᠭᠠᠷ ᠦᠨᠳᠦᠰᠦᠨ ᠱᠠᠲᠤᠨ ᠤ ᠡᠮ ᠤᠨ ᠭᠠᠷᠴᠠᠭ ᠲᠤ ᠤᠷᠢᠳ ᠢᠶᠠᠷ ᠣᠷᠣᠭᠤᠯᠬᠤ ᠶᠢ | ᠴᠢᠬᠤᠯᠠᠴᠢᠯᠠᠵᠤ᠂ ᠨᠢᠭᠡᠳᠦᠯᠲᠦ ᠴᠢᠨᠠᠷᠲᠠᠢ ᠦᠨᠡᠯᠡᠯᠲᠡ ᠶᠢ ᠥᠯᠥ ᠳᠠᠮᠵᠢᠭᠰᠠᠨ ᠦᠨᠳᠦᠰᠦᠨ ᠡᠮ ᠤᠨ ᠳᠠᠭᠤᠷᠢᠶᠠᠮᠠᠯ | ᠨᠠᠶᠢᠷᠠᠯᠭ᠎ᠠ ᠲᠠᠢ ᠡᠮ ᠤᠨ ᠲᠥᠷᠥᠯ ᠵᠦᠢᠯ ᠢ ᠭᠠᠷᠴᠠᠭ ᠠᠴᠠ ᠠᠯᠬᠤᠮ ᠠᠯᠬᠤᠮ ᠢᠶᠠᠷ ᠰᠢᠯᠵᠢᠭᠦᠯᠦᠨ ᠭᠠᠷᠭᠠᠵᠤ᠂ | ᠦᠨᠳᠦᠰᠦᠨ ᠡᠮ ᠪᠣᠯ ︽ᠠᠮᠤᠷ ᠲᠦᠪᠰᠢᠨ ᠡᠮ︾᠂ ︽ᠰᠠᠨᠠᠭ᠎ᠠ ᠠᠮᠤᠷ ᠡᠮ︾ ᠪᠣᠯᠬᠤ ᠣᠨᠴᠠᠯᠢᠭ ᠢ ᠤᠯᠠᠮ ᠨᠢᠭᠡ | ᠠᠯᠬᠤᠮ ᠴᠢᠩᠭᠠᠷᠠᠭᠤᠯᠬᠤ ᠬᠡᠷᠡᠭᠲᠡᠢ᠃ ᠲᠠᠪᠤ ᠳᠤ᠂ ᠡᠭᠦᠷᠭᠡᠯᠡᠯ ᠢ ᠪᠠᠭᠠᠰᠬᠠᠬᠤ ᠲᠠᠯ᠎ᠠ ᠪᠠᠷ᠂ ᠡᠮᠴᠢᠯᠡᠭᠡ ᠶᠢᠨ | ᠳᠠᠭᠠᠳᠬᠠᠯ ᠠᠴᠠ ᠣᠯᠭᠤᠨ ᠥᠭᠴᠦ ᠳᠠᠩᠰᠠ ᠲᠠᠶᠢᠯᠬᠤ ᠲᠥᠷᠥ ᠶᠢᠨ ᠪᠣᠳᠣᠯᠭ᠎ᠠ ᠯᠤᠭ᠎ᠠ ᠰᠠᠶᠢᠲᠤᠷ | ᠵᠣᠯᠭᠠᠯᠳᠤᠭᠤᠯᠬᠤ ᠶᠢ ᠨᠡᠩ ᠴᠢᠬᠤᠯᠠᠴᠢᠯᠠᠨ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠶᠢ ᠪᠠᠲᠤᠯᠠᠬᠤ ᠪᠠ | ᠡᠪᠡᠳᠴᠢᠨ ᠡᠮᠭᠡᠭ ᠢ ᠰᠡᠷᠭᠡᠶᠢᠯᠡᠨ ᠵᠠᠰᠠᠬᠤ ᠵᠡᠷᠭᠡ ᠲᠠᠯ᠎ᠠ ᠪᠠᠷ ᠬᠢ ᠬᠡᠷᠡᠭᠴᠡᠭᠡ ᠱᠠᠭᠠᠷᠳᠠᠯᠭ᠎ᠠ ᠶᠢ ᠨᠡᠶᠢᠲᠡ ᠳᠤ ᠨᠢ | ᠬᠠᠷᠠᠭᠠᠯᠵᠠᠵᠤ᠂ ᠦᠨᠳᠦᠰᠦᠨ ᠡᠮ ᠤᠨ ᠭᠠᠷᠴᠠᠭ ᠤᠨ ᠳᠣᠲᠣᠷᠠᠬᠢ ᠡᠮᠴᠢᠯᠡᠭᠡᠨ ᠤ ᠴᠢᠨᠠᠷᠲᠠᠢ ᠡᠮ ᠤᠨ ᠵᠦᠢᠯᠡᠰ ᠢ | ᠲᠣᠳᠣᠷᠬᠠᠶᠢᠯᠠᠨ᠂ ᠡᠮᠴᠢᠯᠡᠭᠡ ᠶᠢᠨ ᠳᠠᠭᠠᠳᠬᠠᠯ ᠤᠨ ᠰᠠᠯᠠᠭ᠎ᠠ ᠮᠥᠴᠢᠷ ᠠᠴᠠ ᠡᠮᠴᠢᠯᠡᠭᠡ ᠶᠢᠨ ᠳᠠᠭᠠᠳᠬᠠᠯ ᠤᠨ | ᠭᠠᠷᠴᠠᠭ ᠲᠤ ᠲᠣᠬᠢᠷᠠᠭᠤᠯᠤᠯᠲᠠ ᠬᠢᠬᠦ ᠦᠶ᠎ᠡ ᠳᠤ᠂ ᠨᠥᠬᠦᠴᠡᠯ ᠳᠤ ᠨᠡᠶᠢᠴᠡᠭᠰᠡᠨ ᠢ ᠨᠢ ᠳᠡᠰ ᠳᠠᠷᠠᠭᠠᠯᠠᠯ ᠶᠣᠰᠣᠭᠠᠷ | ᠤᠷᠢᠳ ᠢᠶᠠᠷ ᠭᠠᠷᠴᠠᠭ ᠤᠨ ᠬᠡᠪᠴᠢᠶᠡᠨ ᠳᠤ ᠣᠷᠣᠭᠤᠯᠬᠤ ᠪᠤᠶᠤ ᠬᠥᠬᠡ ᠬᠥᠬᠡᠭᠴᠢᠨ ᠳᠡᠰ ᠢᠶᠠᠷ ᠲᠥᠷᠥᠯ | ᠬᠤᠪᠢᠶᠠᠵᠤ᠂ ᠦᠨᠡᠨ ᠪᠣᠳᠠᠲᠠᠢ ᠪᠠᠷ ᠪᠠᠲᠤᠯᠠᠬᠤ ᠬᠢᠷᠢ ᠲᠦᠪᠰᠢᠨ ᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠂ | ᠡᠪᠡᠳᠴᠢᠲᠡᠳ ᠤᠨ ᠡᠮ ᠤᠨ ᠰᠦᠢᠳᠬᠡᠯ ᠤᠨ ᠵᠠᠷᠤᠯᠭ᠎ᠠ ᠶᠢ ᠬᠠᠮᠤᠭ ᠤᠨ ᠶᠡᠭᠡ ᠬᠡᠮᠵᠢᠶ᠎ᠡ ᠪᠠᠷ ᠬᠠᠰᠤᠨ ᠪᠠᠭᠠᠰᠬᠠᠵᠤ᠂ | ᠠᠷᠠᠳ ᠲᠦᠮᠡᠨ ᠤ ᠬᠦᠷᠲᠡᠭᠡᠮᠵᠢᠲᠦ ᠲᠥᠷᠥᠭᠳᠡᠯ ᠢ ᠴᠢᠩᠭᠠᠷᠠᠭᠤᠯᠬᠤ ᠬᠡᠷᠡᠭᠲᠡᠢ᠃ | ᠭᠤᠷᠪᠠ᠂ ︽ᠰᠠᠨᠠᠯ︾ ᠢ ᠬᠡᠷᠡᠭᠵᠢᠭᠦᠯᠦᠭᠰᠡᠨ ᠨᠢ ᠠᠷᠠᠳ ᠲᠦᠮᠡᠨ ᠳᠤ ᠶᠠᠮᠠᠷ ᠶᠠᠮᠠᠷ ᠠᠰᠢᠭ ᠣᠯᠵᠠᠪᠤᠷᠢ ᠪᠠ | ᠬᠠᠷᠠᠭᠠᠯᠵᠠᠯ ᠠᠪᠴᠢᠷᠠᠬᠤ ᠪᠣᠢ︖ | ᠤᠯᠤᠰ ᠤᠨ ᠦᠨᠳᠦᠰᠦᠨ ᠡᠮ ᠤᠨ ᠳᠦᠷᠢᠮ ᠪᠣᠯ ᠡᠮ ᠤᠨ ᠵᠦᠢᠯᠡᠰ ᠤᠨ ᠬᠠᠩᠭᠠᠯᠭ᠎ᠠ ᠪᠠᠲᠤᠯᠠᠭ᠎ᠠ ᠶᠢᠨ | ᠰᠢᠰᠲ᠋ᠧᠮᠵᠢ ᠶᠢᠨ ᠰᠠᠭᠤᠷᠢ᠂ ᠡᠮᠴᠢᠯᠡᠭᠡ ᠡᠷᠡᠭᠦᠯ ᠬᠠᠮᠠᠭᠠᠯᠠᠭ ᠤᠨ ᠬᠦᠷᠢᠶ᠎ᠡ ᠴᠠᠷᠠᠭᠠᠨ ᠳᠠᠬᠢ ᠣᠯᠠᠨ ᠨᠡᠶᠢᠲᠡ ᠶᠢᠨ | ᠦᠨᠳᠦᠰᠦᠨ ᠦᠢᠯᠡᠴᠢᠯᠡᠭᠡ ᠶᠢᠨ ᠴᠢᠬᠤᠯᠠ ᠠᠭᠤᠯᠭ᠎ᠠ ᠪᠠᠶᠢᠵᠤ᠂ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠰ ᠤᠨ | ᠡᠷᠡᠭᠦᠯ ᠢᠶᠠᠷ ᠬᠥᠭᠵᠢᠬᠦ ᠳᠤ ᠬᠤᠯᠪᠣᠭᠳᠠᠨ᠂ ᠠᠷᠠᠳ ᠲᠦᠮᠡᠨ ᠤ ᠲᠤᠰ ᠪᠡᠶ᠎ᠡ ᠶᠢᠨ ᠠᠰᠢᠭ ᠲᠤᠰᠠ ᠲᠠᠢ | ᠬᠤᠯᠪᠣᠭᠳᠠᠵᠤ ᠪᠠᠶᠢᠳᠠᠭ᠃ ︽ᠰᠠᠨᠠᠯ︾ ᠢ ᠬᠡᠷᠡᠭᠵᠢᠭᠦᠯᠦᠭᠰᠡᠨ ᠨᠢ᠂ ᠳᠣᠣᠷᠠᠬᠢ ᠬᠡᠳᠦᠨ ᠲᠠᠯ᠎ᠠ ᠪᠠᠷ ᠠᠷᠠᠳ | ᠲᠦᠮᠡᠨ ᠳᠤ ᠠᠰᠢᠭ ᠬᠦᠷᠲᠡᠭᠡᠬᠦ ᠪᠣᠯᠣᠨ᠎ᠠ᠃ ᠨᠢᠭᠡ ᠳᠤ᠂ ᠤᠯᠤᠰ ᠤᠨ ᠦᠨᠳᠦᠰᠦᠨ ᠡᠮ ᠤᠨ ᠬᠠᠮᠤᠷᠬᠤ ᠬᠡᠪᠴᠢᠶ᠎ᠡ | ᠨᠢ ᠨᠡᠩ ᠥᠷᠭᠡᠨ ᠪᠠᠶᠢᠵᠤ᠂ ᠲᠥᠷᠥᠯ ᠵᠦᠢᠯ ᠪᠠ ᠲᠤᠭ᠎ᠠ ᠬᠡᠮᠵᠢᠶ᠎ᠡ ᠨᠢ ᠦᠷᠭᠦᠯᠵᠢ ᠲᠣᠬᠢᠶᠠᠯᠳᠤᠳᠠᠭ ᠡᠪᠡᠳᠴᠢᠨ᠂ | ᠤᠵᠢᠭ ᠡᠪᠡᠳᠴᠢᠨ᠂ ᠪᠠᠴᠢᠮ ᠪᠠᠶᠢᠳᠠᠯ ᠢ ᠠᠷᠭᠠᠴᠠᠵᠤ ᠲᠦᠷᠭᠡᠨ ᠠᠪᠤᠷᠠᠬᠤ ᠵᠡᠷᠭᠡ ᠭᠤᠣᠯ ᠪᠣᠯᠬᠤ ᠡᠮᠴᠢᠯᠡᠭᠡᠨ ᠤ | ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠪᠠᠷ ᠪᠠᠷᠠᠬᠤ ᠦᠭᠡᠢ᠂ ᠦᠮᠡᠨ ᠡᠪᠡᠳᠴᠢᠨ᠂ ᠬᠡᠦᠬᠡᠳ ᠤᠨ ᠡᠪᠡᠳᠴᠢᠨ᠂ | ᠡᠯᠢᠭᠡᠨ ᠤ C ᠦᠷᠪᠢᠰᠦᠯ ᠵᠡᠷᠭᠡ ᠡᠪᠡᠳᠴᠢᠨ ᠤ ᠵᠦᠢᠯ ᠢ ᠭᠤᠣᠯᠳᠠᠭᠤᠯᠤᠨ ᠠᠩᠬᠠᠷᠴᠤ᠂ ᠠᠳᠠᠯᠢ ᠪᠤᠰᠤ ᠡᠪᠡᠳᠴᠢᠨ | ᠡᠮᠭᠡᠭ ᠲᠤ ᠨᠡᠷᠪᠡᠭᠳᠡᠭᠰᠡᠳ ᠲᠤ ᠣᠯᠠᠨ ᠵᠦᠢᠯ ᠤᠨ ᠡᠮ ᠬᠡᠷᠡᠭᠯᠡᠬᠦ ᠰᠣᠩᠭᠤᠯᠲᠠ ᠶᠢ ᠬᠠᠩᠭᠠᠪᠠ᠃ ᠬᠤᠶᠠᠷ ᠲᠤ᠂ | ᠳᠡᠰ ᠬᠤᠪᠢᠶᠠᠨ ᠣᠨᠣᠰᠢᠯᠠᠨ ᠡᠮᠨᠡᠬᠦ ᠬᠡᠷᠡᠭᠴᠡᠭᠡ ᠱᠠᠭᠠᠷᠳᠠᠯᠭ᠎ᠠ ᠶᠢ ᠨᠡᠩ ᠰᠠᠶᠢᠲᠤᠷ ᠬᠠᠩᠭᠠᠨ᠂ ᠡᠯ᠎ᠡ ᠱᠠᠲᠤᠨ ᠤ | ᠡᠮᠴᠢᠯᠡᠭᠡ ᠶᠢᠨ ᠪᠠᠶᠢᠭᠤᠯᠤᠮᠵᠢ ᠠᠴᠠ ᠲᠥᠪᠯᠡᠷᠡᠭᠦᠯᠵᠦ ᠬᠤᠳᠠᠯᠳᠤᠨ ᠠᠪᠬᠤ ᠪᠠᠷ ᠲᠣᠭᠲᠠᠭᠠᠭᠰᠠᠨ ᠲᠥᠷᠥᠯ ᠵᠦᠢᠯ᠂ | ᠨᠠᠶᠢᠷᠠᠯᠭ᠎ᠠ ᠶᠢᠨ ᠬᠡᠯᠪᠡᠷᠢ᠂ ᠬᠡᠪ ᠪᠠᠷᠢᠮᠵᠢᠶ᠎ᠠ᠂ ᠡᠮ ᠤᠨ ᠦᠢᠯᠡᠳᠪᠦᠷᠢ᠂ ᠦᠨ᠎ᠡ ᠬᠠᠩᠰᠢ ᠶᠢ ᠨᠢᠭᠡᠳᠦᠯᠲᠡᠢ | ᠬᠡᠷᠡᠭᠵᠢᠭᠦᠯᠵᠦ᠂ ᠳᠡᠭᠡᠳᠦ ᠳᠣᠣᠷᠠᠳᠤ ᠱᠠᠲᠤᠨ ᠤ ᠡᠮᠴᠢᠯᠡᠭᠡ ᠶᠢᠨ ᠪᠠᠶᠢᠭᠤᠯᠤᠮᠵᠢ ᠶᠢᠨ ᠬᠢᠨ ᠤ ᠡᠮ ᠬᠡᠷᠡᠭᠯᠡᠬᠦ ᠨᠢ | ᠥᠯᠥ ᠵᠣᠯᠭᠠᠯᠳᠤᠬᠤ ᠠᠰᠠᠭᠤᠳᠠᠯ ᠢ ᠰᠢᠢᠳᠪᠦᠷᠢᠯᠡᠵᠦ᠂ ᠡᠪᠡᠳᠴᠢᠲᠡᠳ ᠤᠨ ᠦᠨᠳᠦᠰᠦᠨ ᠱᠠᠲᠤᠨ ᠤ ᠣᠶᠢᠷ᠎ᠠ | ᠣᠷᠴᠢᠮ ᠳᠤ ᠪᠠᠨ ᠡᠪᠡᠳᠴᠢᠨ ᠢᠶᠠᠨ ᠦᠵᠡᠭᠦᠯᠬᠦ ᠳᠤ ᠨᠡᠩ ᠳᠥᠭᠦᠮ ᠦᠵᠡᠭᠦᠯᠦᠨ᠂ ᠡᠪᠡᠳᠴᠢᠲᠡᠳ ᠤᠨ ᠳᠤᠲᠠᠭᠤ | ᠵᠠᠮ ᠬᠥᠭᠡᠭᠡᠵᠦ᠂ ᠳᠤᠲᠠᠭᠤ ᠵᠣᠭᠤᠰ ᠵᠠᠷᠤᠴᠠᠭᠤᠯᠬᠤ ᠶᠢ ᠪᠡᠶᠡᠯᠡᠭᠦᠯᠪᠡ᠃ ᠭᠤᠷᠪᠠ ᠳᠤ᠂ ᠦᠨᠳᠦᠰᠦᠨ ᠡᠮ ᠤᠨ | ᠶᠠᠰᠤ ᠴᠢᠨᠠᠷ ᠢ ᠨᠡᠩ ᠪᠠᠲᠤᠯᠠᠭ᠎ᠠ ᠲᠠᠢ ᠪᠣᠯᠭᠠᠵᠤ᠂ ᠳᠠᠭᠤᠷᠢᠶᠠᠮᠠᠯ ᠨᠠᠶᠢᠷᠠᠯᠭ᠎ᠠ ᠲᠠᠢ ᠡᠮ ᠤᠨ ᠶᠠᠰᠤ ᠴᠢᠨᠠᠷ ᠪᠠ | ᠡᠮᠴᠢᠯ ᠤᠨ ᠲᠤᠰᠠ ᠶᠢᠨ ᠨᠢᠭᠡᠳᠦᠯᠲᠦ ᠴᠢᠨᠠᠷᠲᠠᠢ ᠦᠨᠡᠯᠡᠯᠲᠡ ᠶᠢ ᠳᠠᠮᠵᠢᠭᠰᠠᠨ ᠲᠥᠷᠥᠯ ᠵᠦᠢᠯ ᠢ ᠦᠨᠳᠦᠰᠦᠨ | ᠡᠮ ᠤᠨ ᠭᠠᠷᠴᠠᠭ ᠲᠤ ᠤᠷᠢᠳ ᠢᠶᠠᠷ ᠣᠷᠣᠭᠤᠯᠵᠤ᠂ ᠡᠮᠴᠢᠯᠡᠭᠡ ᠶᠢᠨ ᠪᠠᠶᠢᠭᠤᠯᠤᠮᠵᠢ ᠶᠢᠨ ᠤᠷᠢᠳ ᠢᠶᠠᠷ ᠬᠤᠳᠠᠯᠳᠤᠨ | ᠠᠪᠬᠤ ᠪᠠ ᠬᠡᠷᠡᠭᠯᠡᠬᠦ ᠶᠢ ᠵᠣᠷᠢᠭᠵᠢᠭᠤᠯᠬᠤ ᠬᠡᠷᠡᠭᠲᠡᠢ ᠭᠡᠵᠦ ᠲᠣᠳᠣᠷᠬᠠᠶᠢᠯᠠᠭᠰᠠᠨ ᠤ ᠬᠠᠮᠲᠤ᠂ ᠦᠨᠳᠦᠰᠦᠨ ᠡᠮ ᠤᠨ | ᠪᠦᠬᠦ ᠲᠥᠷᠥᠯ ᠵᠦᠢᠯ ᠳᠤ ᠰᠤᠭᠤᠴᠢᠨ ᠪᠠᠶᠢᠴᠠᠭᠠᠯᠲᠠ ᠬᠢᠬᠦ ᠬᠠᠮᠤᠷᠤᠭᠤᠯᠤᠨ ᠬᠡᠷᠡᠭᠵᠢᠭᠦᠯᠬᠦ ᠪᠠᠷ ᠳᠠᠮᠵᠢᠭᠤᠯᠤᠨ᠂ | ᠦᠢᠯᠡᠳᠪᠦᠷᠢᠯᠡᠯ ᠤᠨ ᠭᠤᠭᠴᠤᠭ᠎ᠠ ᠳᠤ ᠬᠢᠨᠠᠯᠲᠠ ᠲᠠᠯᠪᠢᠨ ᠪᠠᠶᠢᠴᠠᠭᠠᠬᠤ ᠶᠢ ᠴᠢᠩᠭᠠᠳᠬᠠᠵᠤ᠂ ᠡᠪᠡᠳᠴᠢᠲᠡᠳ ᠲᠤ | ᠶᠠᠰᠤ ᠴᠢᠨᠠᠷ ᠨᠢ ᠠᠮᠤᠷ ᠲᠦᠪᠰᠢᠨ ᠪᠥᠭᠡᠳ ᠢᠲᠡᠭᠡᠮᠵᠢ ᠲᠠᠢ ᠡᠮ ᠤᠨ ᠵᠦᠢᠯᠡᠰ ᠢ ᠬᠠᠩᠭᠠᠪᠠ᠃ ᠳᠥᠷᠪᠡ ᠳᠤ᠂ | ᠦᠨᠳᠦᠰᠦᠨ ᠡᠮ ᠤᠨ ᠬᠠᠩᠭᠠᠯᠭ᠎ᠠ ᠶᠢ ᠨᠡᠩ ᠪᠠᠲᠤᠯᠠᠭ᠎ᠠ ᠲᠠᠢ ᠪᠣᠯᠭᠠᠵᠤ᠂ ︽ᠨᠢᠭᠡᠨᠲᠡ ᠳᠤᠲᠠᠭᠳᠠᠭᠰᠠᠨ︾ ᠡᠮ ᠤᠨ | ᠵᠦᠢᠯᠡᠰ ᠤᠨ ᠬᠠᠩᠭᠠᠯᠭ᠎ᠠ ᠶᠢ ᠪᠦᠲᠦᠮᠵᠢᠲᠡᠢ ᠰᠢᠢᠳᠪᠦᠷᠢᠯᠡᠭᠰᠡᠨ ᠰᠠᠭᠤᠷᠢᠨ ᠳᠡᠭᠡᠷ᠎ᠡ᠂ ︽ᠠᠮᠠᠷᠬᠠᠨ ᠳᠤᠲᠠᠭᠳᠠᠬᠤ︾ | ᠡᠮ ᠤᠨ ᠵᠦᠢᠯᠡᠰ ᠤᠨ ᠲᠦᠭᠰᠢᠭᠦᠷᠢ ᠶᠢ ᠬᠢᠨᠠᠨ ᠰᠢᠨᠵᠢᠯᠡᠵᠦ ᠰᠡᠷᠡᠮᠵᠢᠯᠡᠭᠦᠯᠬᠦ ᠶᠢ ᠴᠢᠩᠭᠠᠳᠬᠠᠵᠤ᠂ ᠡᠷᠲᠡᠬᠡᠨ | ᠰᠡᠷᠭᠡᠶᠢᠯᠡᠬᠦ ᠪᠠᠷ ᠳᠤᠲᠠᠭᠳᠠᠬᠤ ᠴᠣᠬᠤᠶᠢᠯᠲᠠ ᠶᠢᠨ ᠠᠰᠠᠭᠤᠳᠠᠯ ᠢ ᠰᠢᠢᠳᠪᠦᠷᠢᠯᠡᠬᠦ ᠴᠢᠬᠤᠯᠠ ᠠᠷᠭ᠎ᠠ ᠬᠡᠮᠵᠢᠶ᠎ᠡ | ᠪᠣᠯᠭᠠᠵᠤ᠂ ᠡᠪᠡᠳᠴᠢᠲᠡᠳ ᠲᠤ ᠦᠷᠭᠦᠯᠵᠢᠯᠡᠭᠦᠯᠦᠨ ᠦᠢᠯᠡᠳᠪᠦᠷᠢᠯᠡᠵᠦ ᠬᠠᠩᠭᠠᠬᠤ ᠦᠨᠳᠦᠰᠦᠨ ᠡᠮ ᠢ ᠬᠠᠩᠭᠠᠵᠤ᠂ | ᠡᠪᠡᠳᠴᠢᠲᠡᠳ ᠤᠨ ᠡᠮ ᠣᠯᠳᠠᠬᠤ ᠦᠭᠡᠢ ᠭᠠᠴᠢᠭᠳᠠᠬᠤ ᠠᠰᠠᠭᠤᠳᠠᠯ ᠢ ᠰᠢᠢᠳᠪᠦᠷᠢᠯᠡᠪᠡ᠃ ᠲᠠᠪᠤ ᠳᠤ᠂ | ᠥᠭᠡᠷᠡᠴᠢᠯᠡᠯᠲᠡ ᠶᠢ ᠠᠬᠢᠭᠤᠯᠤᠨ ᠬᠤᠯᠪᠣᠭᠠᠯᠠᠨ ᠦᠢᠯᠡᠳᠦᠯᠴᠡᠬᠦ ᠨᠢ ᠨᠡᠩ ᠪᠦᠲᠦᠮᠵᠢᠲᠡᠢ ᠪᠣᠯᠵᠤ᠂ ᠲᠥᠪᠯᠡᠷᠡᠭᠦᠯᠵᠦ | ᠪᠠᠶᠢᠭᠠᠳ ᠬᠡᠮᠵᠢᠶ᠎ᠡ ᠲᠠᠢ ᠬᠤᠳᠠᠯᠳᠤᠨ ᠠᠪᠴᠤ ᠡᠮ ᠤᠨ ᠦᠨ᠎ᠡ ᠬᠠᠩᠰᠢ ᠶᠢ ᠪᠠᠭᠤᠷᠠᠭᠤᠯᠤᠨ᠂ ᠵᠦᠢ ᠵᠣᠬᠢᠰᠲᠠᠢ ᠪᠠᠷ | ᠡᠮ ᠬᠡᠷᠡᠭᠯᠡᠨ ᠡᠮ ᠤᠨ ᠰᠦᠢᠳᠬᠡᠯ ᠢ ᠪᠠᠭᠤᠷᠠᠭᠤᠯᠵᠤ᠂ ᠡᠮᠴᠢᠯᠡᠭᠡ ᠶᠢᠨ ᠳᠠᠭᠠᠳᠬᠠᠯ ᠪᠠ ᠡᠳ᠋ ᠤᠨ ᠵᠠᠰᠠᠭ ᠤᠨ | ᠲᠠᠯ᠎ᠠ ᠪᠠᠷ ᠲᠤᠯᠭᠠᠭᠤᠷᠢᠯᠠᠯ ᠪᠠᠲᠤᠯᠠᠭ᠎ᠠ ᠬᠠᠩᠭᠠᠭᠰᠠᠨ ᠤ ᠬᠠᠮᠲᠤ᠂ ᠡᠯ᠎ᠡ ᠭᠠᠵᠠᠷ ᠤᠨ ᠬᠢᠨ ᠤ ᠥᠨᠳᠥᠷ ᠴᠢᠰᠤᠨ | ᠳᠠᠷᠤᠯᠲᠠ᠂ ᠰᠢᠬᠢᠷ ᠰᠢᠵᠢᠩ᠂ ᠬᠦᠨᠳᠦ ᠨᠣᠴᠢᠲᠠᠢ ᠮᠡᠳᠡᠷᠡᠯ ᠤᠨ ᠬᠠᠷᠰᠢ ᠰᠠᠭᠠᠳ ᠵᠡᠷᠭᠡ ᠤᠵᠢᠭ ᠡᠪᠡᠳᠴᠢᠨ ᠤ | ᠬᠠᠮᠢᠶᠠᠷᠤᠯᠲᠠ ᠳᠤ ᠪᠠᠨ᠂ ᠡᠮ ᠤᠨ ᠡᠮᠴᠢᠯ ᠤᠨ ᠲᠤᠰᠠ ᠶᠢ ᠪᠠᠲᠤᠯᠠᠭᠰᠠᠨ ᠤᠷᠢᠳᠠᠯ ᠳᠣᠣᠷ᠎ᠠ ᠦᠨᠳᠦᠰᠦᠨ ᠡᠮ ᠢ | ᠤᠷᠢᠳ ᠢᠶᠠᠷ ᠬᠡᠷᠡᠭᠯᠡᠬᠦ ᠶᠢ ᠵᠣᠷᠢᠭᠵᠢᠭᠤᠯᠵᠤ᠂ ᠦᠨᠳᠦᠰᠦᠨ ᠡᠮ ᠢ ᠦᠨᠡᠨ ᠪᠣᠳᠠᠲᠠᠢ ᠪᠠᠷ ᠪᠠᠲᠤᠯᠠᠬᠤ ᠬᠢᠷᠢ | ᠲᠦᠪᠰᠢᠨ ᠢ ᠠᠯᠬᠤᠮ ᠠᠯᠬᠤᠮ ᠢᠶᠠᠷ ᠳᠡᠭᠡᠭᠰᠢᠯᠡᠭᠦᠯᠵᠦ᠂ ᠡᠪᠡᠳᠴᠢᠲᠡᠳ ᠤᠨ ᠦᠨᠳᠦᠰᠦᠨ ᠡᠮ ᠢ ᠬᠡᠷᠡᠭᠯᠡᠬᠦ | ᠳᠤᠷᠠᠲᠠᠢ ᠪᠣᠯᠭᠠᠪᠠ᠃ | ᠳᠥᠷᠪᠡ᠂ ᠦᠨᠳᠦᠰᠦᠨ ᠡᠮ ᠤᠨ ᠳᠦᠷᠢᠮ ᠤᠨ ᠬᠡᠯᠬᠢᠶᠡᠰᠦ ᠨᠢ ᠤᠷᠲᠤ᠂ ᠭᠤᠭᠴᠤᠭ᠎ᠠ ᠨᠢ ᠠᠷᠪᠢᠨ᠂ | ᠬᠤᠯᠪᠣᠭᠳᠠᠬᠤ ᠰᠠᠯᠠᠭ᠎ᠠ ᠮᠥᠴᠢᠷ ᠨᠢ ᠣᠯᠠᠨ᠂ ᠵᠣᠬᠢᠴᠠᠭᠤᠯᠬᠤ ᠡᠭᠦᠷᠭᠡ ᠨᠢ ᠬᠦᠨᠳᠦ ᠪᠠᠶᠢᠳᠠᠭ᠂ ᠲᠡᠭᠡᠪᠡᠯ ︽ᠰᠠᠨᠠᠯ︾ | ᠢ ᠤᠷᠤᠭᠰᠢᠲᠠᠢ ᠬᠡᠷᠡᠭᠵᠢᠭᠦᠯᠬᠦ ᠶᠢ ᠪᠠᠲᠤᠯᠠᠬᠤ ᠶᠠᠮᠠᠷ ᠶᠠᠮᠠᠷ ᠠᠷᠭ᠎ᠠ ᠬᠡᠮᠵᠢᠶ᠎ᠡ ᠪᠠᠶᠢᠬᠤ ᠪᠣᠢ︖ | ᠣᠶᠢᠷ᠎ᠠ ᠶᠢᠨ ᠬᠡᠳᠦᠨ ᠵᠢᠯ ᠤᠨ ᠦᠢᠯᠡᠳᠦᠯᠭᠡ ᠶᠢᠨ ᠲᠤᠷᠰᠢᠯᠭ᠎ᠠ ᠠᠴᠠ ᠦᠵᠡᠪᠡᠯ᠂ ᠦᠨᠳᠦᠰᠦᠨ ᠡᠮ ᠤᠨ | ᠳᠦᠷᠢᠮ ᠢ ᠪᠠᠬᠢᠵᠢᠭᠦᠯᠦᠨ ᠲᠡᠭᠦᠯᠳᠡᠷᠵᠢᠭᠦᠯᠬᠦ ᠳᠤ᠂ ᠡᠷᠬᠡᠪᠰᠢ ᠲᠥᠪ ᠪᠠ ᠣᠷᠣᠨ ᠨᠤᠲᠤᠭ ᠬᠤᠶᠠᠷ ᠲᠠᠯ᠎ᠠ ᠶᠢᠨ | ᠬᠢᠨ ᠤ ᠢᠳᠡᠪᠬᠢᠵᠢᠯ ᠢ ᠪᠠᠳᠠᠷᠠᠭᠤᠯᠤᠨ᠂ ᠵᠠᠰᠠᠭ ᠤᠨ ᠣᠷᠳᠣᠨ ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ | ᠬᠠᠷᠠᠯᠲᠠ ᠲᠠᠢ᠂ ᠲᠥᠯᠥᠪᠯᠡᠭᠡ ᠲᠠᠢ᠂ ᠠᠵᠢᠯ ᠤᠨ ᠬᠤᠪᠢᠶᠠᠷᠢᠯᠠᠯ ᠲᠠᠢ᠂ ᠨᠠᠶᠢᠳᠠᠪᠤᠷᠢᠵᠢᠭᠤᠯᠤᠯᠲᠠ ᠲᠠᠢ᠂ | ᠪᠠᠶᠢᠴᠠᠭᠠᠯᠲᠠ ᠲᠠᠢ᠂ ᠦᠨᠡᠯᠡᠯᠲᠡ ᠵᠢᠱᠢᠯᠲᠡ ᠲᠠᠢ᠂ ᠲᠡᠭᠦᠯᠳᠡᠷᠵᠢᠭᠦᠯᠦᠯᠲᠡ ᠲᠠᠢ ᠪᠠᠶᠢᠬᠤ ᠶᠢ ᠭᠦᠢᠴᠡᠳᠬᠡᠬᠦ ᠬᠡᠷᠡᠭᠲᠡᠢ᠃ | ᠡᠭᠦᠨ ᠳᠤ᠂ ︽ᠰᠠᠨᠠᠯ︾ ᠳᠤ᠂ ᠨᠢᠭᠡ ᠳᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠨ᠂ | ᠡᠯ᠎ᠡ ᠱᠠᠲᠤᠨ ᠤ ᠵᠠᠰᠠᠭ ᠤᠨ ᠣᠷᠳᠣᠨ ᠠᠴᠠ ᠦᠨᠳᠦᠰᠦᠨ ᠡᠮ ᠤᠨ ᠳᠦᠷᠢᠮ ᠢ ᠬᠡᠷᠡᠭᠵᠢᠭᠦᠯᠦᠭᠰᠡᠨ ᠪᠠᠶᠢᠳᠠᠯ ᠢᠶᠠᠨ | ᠵᠠᠰᠠᠭ ᠤᠨ ᠣᠷᠳᠣᠨ ᠤ ᠠᠵᠢᠯ ᠤᠨ ᠠᠮᠵᠢᠯᠲᠠ ᠶᠢᠨ ᠰᠢᠯᠭᠠᠨ ᠬᠢᠨᠠᠬᠤ ᠠᠵᠢᠯ ᠤᠨ ᠰᠢᠰᠲ᠋ᠧᠮᠵᠢ ᠳᠤ ᠣᠷᠣᠭᠤᠯᠵᠤ᠂ | ᠬᠠᠮᠢᠶ᠎ᠠ ᠪᠦᠬᠦᠢ ᠡᠯ᠎ᠡ ᠰᠠᠯᠠᠭ᠎ᠠ ᠮᠥᠴᠢᠷ ᠠᠴᠠ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠠᠷᠢᠯᠢᠭᠵᠢᠭᠤᠯᠤᠨ᠂ | ᠠᠵᠢᠯ ᠤᠨ ᠱᠠᠭᠠᠷᠳᠠᠯᠭ᠎ᠠ ᠪᠠᠨ ᠲᠣᠳᠣᠷᠬᠠᠶᠢᠯᠠᠵᠤ᠂ ᠬᠠᠮᠲᠤᠷᠠᠨ ᠠᠵᠢᠯᠯᠠᠵᠤ ᠬᠠᠮᠵᠢᠯᠴᠠᠬᠤ ᠪᠠᠨ ᠴᠢᠩᠭᠠᠳᠬᠠᠵᠤ᠂ | ᠤᠷᠲᠤ ᠬᠤᠭᠤᠴᠠᠭᠠᠲᠤ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ᠃ ᠬᠤᠶᠠᠷ ᠲᠤ᠂ ᠬᠢᠨᠠᠨ | ᠵᠢᠯᠣᠭᠤᠳᠴᠤ ᠦᠨᠡᠯᠡᠨ ᠵᠢᠱᠢᠬᠦ ᠪᠠᠨ ᠴᠢᠩᠭᠠᠳᠬᠠᠨ᠂ ᠦᠨᠳᠦᠰᠦᠨ ᠡᠮ ᠤᠨ ᠳᠦᠷᠢᠮ ᠢ ᠬᠡᠷᠡᠭᠵᠢᠭᠦᠯᠬᠦ ᠶᠢ ᠬᠢᠨᠠᠨ | ᠵᠢᠯᠣᠭᠤᠳᠴᠤ ᠦᠨᠡᠯᠡᠨ ᠵᠢᠱᠢᠬᠦ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠭᠤᠷᠪᠠᠳᠠᠭᠴᠢ ᠲᠠᠯ᠎ᠠ ᠶᠢᠨ ᠬᠢᠨ ᠤ | ᠦᠨᠡᠯᠡᠨ ᠵᠢᠱᠢᠬᠦ ᠦᠢᠯᠡᠳᠦᠯ ᠢ ᠭᠦᠢᠴᠡᠳ ᠪᠠᠳᠠᠷᠠᠭᠤᠯᠵᠤ᠂ ᠦᠷ᠎ᠡ ᠳ᠋ᠦᠩ ᠢ ᠬᠡᠷᠡᠭᠯᠡᠬᠦ ᠶᠢ ᠴᠢᠩᠭᠠᠳᠬᠠᠨ᠂ ᠬᠢᠨᠠᠨ | ᠵᠢᠯᠣᠭᠤᠳᠴᠤ ᠦᠨᠡᠯᠡᠨ ᠵᠢᠱᠢᠭᠰᠡᠨ ᠦᠷ᠎ᠡ ᠳ᠋ᠦᠩ ᠢ ᠦᠨᠳᠦᠰᠦᠯᠡᠨ ᠦᠨᠳᠦᠰᠦᠨ ᠡᠮ ᠤᠨ ᠳᠦᠷᠢᠮ ᠤᠨ ᠬᠠᠮᠢᠶ᠎ᠠ | ᠪᠦᠬᠦᠢ ᠲᠥᠷᠥ ᠶᠢᠨ ᠪᠣᠳᠣᠯᠭ᠎ᠠ ᠶᠢ ᠴᠠᠭ ᠲᠤᠬᠠᠢ ᠳᠤ ᠨᠢ ᠲᠡᠭᠦᠯᠳᠡᠷᠵᠢᠭᠦᠯᠬᠦ ᠬᠡᠷᠡᠭᠲᠡᠢ᠃ ᠭᠤᠷᠪᠠ ᠳᠤ᠂ | ᠤᠬᠠᠭᠤᠯᠵᠤ ᠬᠥᠲᠥᠯᠥᠨ ᠳᠠᠭᠠᠭᠤᠯᠬᠤ ᠶᠢ ᠴᠢᠩᠭᠠᠳᠬᠠᠨ᠂ ᠵᠥᠪ ᠶᠠᠷᠢᠶ᠎ᠠ ᠬᠡᠯᠡᠯᠴᠡᠭᠡᠨ ᠤ ᠤᠳᠤᠷᠢᠳᠤᠮᠵᠢ ᠶᠢ | ᠪᠠᠷᠢᠮᠲᠠᠯᠠᠵᠤ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠬᠦ ᠶᠢ ᠴᠢᠩᠭᠠᠳᠬᠠᠵᠤ᠂ ᠲᠧᠯᠸᠢᠰ᠂ ᠷᠠᠳᠢᠣ᠋᠂ ᠰᠣᠨᠢᠨ | ᠰᠡᠳᠬᠦᠯ᠂ ᠰᠦᠯᠵᠢᠶ᠎ᠡ ᠶᠢᠨ ᠰᠢᠨ᠎ᠡ ᠵᠠᠭᠤᠴᠢᠯᠠᠭᠤᠷ ᠵᠡᠷᠭᠡ ᠣᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ᠂ | ᠦᠨᠳᠦᠰᠦᠨ ᠡᠮ ᠤᠨ ᠳᠦᠷᠢᠮ ᠤᠨ ᠬᠠᠷᠠᠯᠲᠠ ᠶᠢᠨ ᠪᠠᠶᠢᠷᠢ ᠲᠣᠭᠲᠠᠭᠠᠯᠲᠠ᠂ ᠴᠢᠬᠤᠯᠠ ᠠᠴᠢ ᠬᠤᠯᠪᠣᠭᠳᠠᠯ ᠪᠠ | ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠭᠦᠢᠴᠡᠳ ᠤᠬᠠᠭᠤᠯᠵᠤ᠂ ᠦᠨᠳᠦᠰᠦᠨ ᠡᠮ ᠤᠨ ᠳᠦᠷᠢᠮ ᠢ | ᠬᠡᠷᠡᠭᠵᠢᠭᠦᠯᠬᠦ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠣᠢ ᠪᠣᠯᠭᠠᠬᠤ ᠬᠡᠷᠡᠭᠲᠡᠢ ᠭᠡᠵᠦ ᠲᠣᠳᠣᠷᠬᠠᠢ | ᠱᠠᠭᠠᠷᠳᠠᠵᠠᠢ᠃ | ᠲᠠᠪᠤ᠂ ᠦᠨᠳᠦᠰᠦᠨ ᠡᠮ ᠤᠨ ᠭᠠᠷᠴᠠᠭ ᠢ ᠰᠢᠯᠢᠨ ᠰᠣᠩᠭᠤᠬᠤ ᠪᠠ ᠲᠣᠬᠢᠷᠠᠭᠤᠯᠬᠤ ᠨᠢ ᠡᠯ᠎ᠡ ᠡᠲᠡᠭᠡᠳ ᠤᠨ | ᠬᠢᠨ ᠤ ᠠᠩᠬᠠᠷᠤᠯ ᠢ ᠲᠠᠲᠠᠵᠤ ᠪᠠᠶᠢᠨ᠎ᠠ᠂ ︽ᠰᠠᠨᠠᠯ︾ ᠳᠤ ᠦᠨᠳᠦᠰᠦᠨ ᠡᠮ ᠤᠨ ᠭᠠᠷᠴᠠᠭ ᠤᠨ ᠬᠠᠮᠢᠶᠠᠷᠤᠯᠲᠠ ᠶᠢ | ᠴᠢᠩᠭᠠᠳᠬᠠᠬᠤ ᠲᠤᠬᠠᠢ ᠶᠠᠮᠠᠷ ᠶᠠᠮᠠᠷ ᠰᠢᠨ᠎ᠡ ᠶᠢ ᠡᠭᠦᠳᠦᠭᠰᠡᠨ ᠲᠠᠯ᠎ᠠ ᠪᠠᠶᠢᠬᠤ ᠪᠣᠢ︖ | ᠦᠨᠳᠦᠰᠦᠨ ᠡᠮ ᠤᠨ ᠭᠠᠷᠴᠠᠭ ᠪᠣᠯ ᠦᠨᠳᠦᠰᠦᠨ ᠡᠮ ᠤᠨ ᠳᠦᠷᠢᠮ ᠤᠨ ᠬᠥᠲᠥᠴᠢ ᠪᠠ ᠬᠡᠷᠡᠭᠵᠢᠭᠦᠯᠬᠦ | ᠠᠴᠢᠶᠠᠯᠠᠭᠴᠢ ᠪᠠᠶᠢᠵᠤ᠂ ᠦᠨᠳᠦᠰᠦᠨ ᠡᠮ ᠤᠨ ᠲᠥᠷᠥᠯ ᠵᠦᠢᠯ ᠤᠨ ᠲᠤᠭ᠎ᠠ ᠬᠡᠮᠵᠢᠶ᠎ᠡ᠂ ᠲᠥᠷᠥᠯ ᠢᠯᠭᠠᠯ ᠤᠨ | ᠪᠦᠲᠦᠴᠡ ᠨᠢ ᠦᠨᠳᠦᠰᠦᠨ ᠡᠮ ᠤᠨ ᠳᠦᠷᠢᠮ ᠤᠨ ᠬᠡᠷᠡᠭᠵᠢᠭᠦᠯᠬᠦ ᠦᠷ᠎ᠡ ᠪᠦᠲᠦᠮᠵᠢ ᠲᠠᠢ ᠨᠢᠭᠲᠠ ᠬᠤᠯᠪᠣᠭ᠎ᠠ ᠲᠠᠢ | ᠪᠠᠶᠢᠳᠠᠭ᠃ ︽ᠰᠠᠨᠠᠯ︾ ᠳᠤ ᠥᠩᠭᠡᠷᠡᠭᠰᠡᠨ ᠤ ᠭᠠᠷᠴᠠᠭ ᠢ ᠲᠣᠭᠲᠠᠭᠠᠭᠰᠠᠨ ᠪᠠ ᠲᠣᠬᠢᠷᠠᠭᠤᠯᠤᠭᠰᠠᠨ | ᠦᠢᠯᠡᠳᠦᠯᠭᠡ ᠶᠢᠨ ᠲᠤᠷᠰᠢᠯᠭ᠎ᠠ ᠶᠢ ᠳ᠋ᠦᠩᠨᠡᠨ᠂ ᠳᠡᠯᠡᠬᠡᠢ ᠶᠢᠨ ᠡᠷᠡᠭᠦᠯ ᠬᠠᠮᠠᠭᠠᠯᠠᠯ ᠤᠨ ᠵᠣᠬᠢᠶᠠᠨ ᠪᠠᠶᠢᠭᠤᠯᠤᠯᠲᠠ ᠶᠢᠨ | ᠦᠨᠳᠦᠰᠦᠨ ᠡᠮ ᠤᠨ ᠭᠠᠷᠴᠠᠭ ᠪᠠ ᠬᠠᠮᠢᠶ᠎ᠠ ᠪᠦᠬᠦᠢ ᠤᠯᠤᠰ ︵ᠭᠠᠵᠠᠷ ᠣᠷᠣᠨ︶ ᠤᠨ ᠡᠮ ᠤᠨ ᠨᠡᠷᠡᠰ ᠤᠨ ᠰᠢᠯᠢᠨ | ᠰᠣᠩᠭᠤᠬᠤ ᠳᠡᠰ ᠳᠠᠷᠠᠭᠠᠯᠠᠯ ᠵᠢᠴᠢ ᠵᠠᠷᠴᠢᠮ ᠢᠶᠠᠷ ᠯᠠᠪᠯᠠᠯᠲᠠ ᠪᠣᠯᠭᠠᠵᠤ᠂ ᠦᠨᠳᠦᠰᠦᠨ ᠡᠮ ᠤᠨ ᠭᠠᠷᠴᠠᠭ ᠤᠨ | ᠬᠠᠮᠢᠶᠠᠷᠤᠯᠲᠠ ᠳᠤ ᠳᠣᠣᠷᠠᠬᠢ ᠬᠡᠳᠦᠨ ᠲᠠᠯ᠎ᠠ ᠶᠢᠨ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠪᠠ᠃ ᠨᠢᠭᠡ ᠳᠤ᠂ | ᠰᠡᠷᠭᠡᠶᠢᠯᠡᠨ ᠵᠠᠰᠠᠬᠤ ᠴᠢᠬᠤᠯᠠ ᠬᠡᠷᠡᠭᠴᠡᠭᠡ ᠶᠢ ᠪᠠᠷᠢᠮᠲᠠᠯᠠᠨ᠂ ᠡᠪᠡᠳᠴᠢᠨ ᠡᠮᠭᠡᠭ ᠢ ᠰᠡᠷᠭᠡᠶᠢᠯᠡᠨ ᠵᠠᠰᠠᠬᠤ ᠳᠤ ᠡᠮ | ᠬᠡᠷᠡᠭᠯᠡᠬᠦ ᠦᠨᠳᠦᠰᠦᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠪᠠᠷ ᠤᠳᠤᠷᠢᠳᠤᠮᠵᠢ ᠪᠣᠯᠭᠠᠵᠤ᠂ ᠦᠨᠳᠦᠰᠦᠨ | ᠡᠮ ᠤᠨ ᠲᠥᠷᠥᠯ ᠵᠦᠢᠯ ᠤᠨ ᠲᠤᠭ᠎ᠠ ᠬᠡᠮᠵᠢᠶ᠎ᠡ ᠶᠢ ᠪᠠᠶᠢᠩᠭᠤ ᠲᠣᠬᠢᠶᠠᠯᠳᠤᠬᠤ ᠡᠪᠡᠳᠴᠢᠨ᠂ ᠤᠵᠢᠭ ᠡᠪᠡᠳᠴᠢᠨ᠂ | ᠪᠠᠴᠢᠮ ᠪᠠᠶᠢᠳᠠᠯ ᠢ ᠠᠷᠭᠠᠴᠠᠵᠤ ᠲᠦᠷᠭᠡᠨ ᠠᠪᠤᠷᠠᠬᠤ ᠵᠡᠷᠭᠡ ᠭᠤᠣᠯ ᠪᠣᠯᠬᠤ ᠡᠮᠴᠢᠯᠡᠭᠡᠨ ᠤ ᠬᠡᠷᠡᠭᠴᠡᠭᠡ | ᠱᠠᠭᠠᠷᠳᠠᠯᠭ᠎ᠠ ᠶᠢ ᠬᠠᠩᠭᠠᠬᠤ᠂ ᠵᠢᠴᠢ ᠬᠡᠦᠬᠡᠳ ᠵᠡᠷᠭᠡ ᠣᠨᠴᠠᠭᠠᠢ ᠬᠥᠮᠥᠰ ᠪᠠ ᠣᠯᠠᠨ ᠨᠡᠶᠢᠲᠡ ᠶᠢᠨ ᠡᠷᠡᠭᠦᠯ | ᠬᠠᠮᠠᠭᠠᠯᠠᠯ ᠤᠨ ᠰᠡᠷᠭᠡᠶᠢᠯᠡᠯᠲᠡ ᠵᠠᠰᠠᠯᠲᠠ ᠳᠤ ᠡᠮ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ ᠴᠢᠳᠠᠬᠤ | ᠪᠣᠯᠭᠠᠨ᠎ᠠ᠃ ᠬᠤᠶᠠᠷ ᠲᠤ᠂ ᠭᠡᠷᠡᠴᠢ ᠪᠠᠷᠢᠮᠲᠠ ᠶᠢ ᠵᠢᠷᠤᠮᠯᠠᠬᠤ ᠰᠢᠢᠳᠪᠦᠷᠢᠲᠦ ᠪᠣᠳᠣᠯᠭ᠎ᠠ ᠶᠢ ᠴᠢᠩᠭᠠᠷᠠᠭᠤᠯᠤᠨ᠂ | ᠲᠣᠬᠢᠷᠠᠭᠤᠯᠤᠨ ᠣᠷᠣᠭᠤᠯᠬᠤ ᠪᠠ ᠲᠣᠬᠢᠷᠠᠭᠤᠯᠤᠨ ᠭᠠᠷᠭᠠᠬᠤ ᠶᠢ ᠵᠡᠷᠭᠡ ᠪᠠᠷ ᠴᠢᠬᠤᠯᠠᠴᠢᠯᠠᠵᠤ᠂ ᠡᠮ ᠤᠨ | ᠵᠦᠢᠯᠡᠰ ᠤᠨ ᠡᠮᠴᠢᠯᠡᠭᠡᠨ ᠤ ᠥᠷᠲᠡᠭ ᠢ ᠲᠣᠪᠣᠶᠢᠯᠭᠠᠵᠤ᠂ ᠣᠨᠣᠰᠢᠯᠠᠨ ᠡᠮᠨᠡᠬᠦ ᠵᠢᠷᠤᠮᠵᠢᠯ᠂ ᠡᠮᠴᠢᠯᠡᠭᠡᠨ ᠤ | ᠣᠨᠣᠰᠢᠯᠠᠯᠲᠠ ᠵᠠᠰᠠᠯᠲᠠ ᠶᠢᠨ ᠵᠦᠭᠯᠡᠭᠦᠷ ᠪᠠ ᠲᠤᠰᠬᠠᠢ ᠮᠡᠷᠭᠡᠵᠢᠯᠲᠡᠳ ᠤᠨ ᠬᠠᠮᠲᠤ ᠶᠢᠨ ᠲᠠᠨᠢᠯᠲᠠ ᠪᠠᠷ | ᠦᠨᠳᠦᠰᠦᠯᠡᠯ ᠪᠣᠯᠭᠠᠵᠤ᠂ ᠪᠦᠲᠦᠮᠵᠢᠲᠡᠢ ᠴᠢᠨᠠᠷ ᠪᠠ ᠠᠮᠤᠷ ᠲᠦᠪᠰᠢᠨ ᠴᠢᠨᠠᠷ ᠤᠨ ᠭᠡᠷᠡᠴᠢ ᠪᠠᠷᠢᠮᠲᠠ ᠨᠢ | ᠲᠣᠳᠣᠷᠬᠠᠢ᠂ ᠥᠪᠡᠷ ᠤᠨ ᠥᠷᠲᠡᠭ ᠤᠨ ᠦᠷ᠎ᠡ ᠠᠰᠢᠭ ᠤᠨ ᠬᠠᠷᠢᠴᠠᠯ ᠨᠢ ᠢᠯᠡᠷᠬᠡᠢ ᠡᠮ ᠤᠨ ᠵᠦᠢᠯ ᠤᠨ ᠲᠥᠷᠥᠯ | ᠵᠦᠢᠯ ᠢ ᠤᠷᠢᠳ ᠢᠶᠠᠷ ᠲᠣᠬᠢᠷᠠᠭᠤᠯᠤᠨ ᠣᠷᠣᠭᠤᠯᠤᠨ᠎ᠠ᠃ ᠨᠢᠭᠡᠨᠲᠡ ᠵᠠᠬ᠎ᠠ ᠳᠡᠯᠭᠡᠭᠦᠷ ᠠᠴᠠ ᠭᠠᠷᠤᠭᠰᠠᠨ᠂ ᠬᠦᠨᠳᠦ | ᠨᠣᠴᠢᠲᠠᠢ ᠡᠷᠡᠭᠦᠯ ᠪᠤᠰᠤ ᠨᠥᠯᠥᠭᠡ ᠨᠢ ᠨᠡᠯᠢᠶᠡᠳ ᠠᠷᠪᠢᠨ᠂ ᠦᠨᠡᠯᠡᠨ ᠵᠢᠱᠢᠬᠦ ᠪᠠᠷ ᠳᠠᠮᠵᠢᠭᠤᠯᠤᠨ ᠳᠠᠬᠢᠵᠤ | ᠦᠨᠳᠦᠰᠦᠨ ᠡᠮ ᠪᠣᠯᠭᠠᠬᠤ ᠳᠤ ᠠᠰᠢᠭ ᠦᠭᠡᠢ᠂ ᠵᠢᠴᠢ ᠲᠦᠭᠰᠢᠭᠦᠷᠢ ᠶᠢᠨ ᠦᠷ᠎ᠡ ᠠᠰᠢᠭ ᠤᠨ ᠬᠠᠷᠢᠴᠠᠯ ᠪᠤᠶᠤ | ᠥᠪᠡᠷ ᠤᠨ ᠥᠷᠲᠡᠭ ᠤᠨ ᠬᠠᠷᠢᠴᠠᠯ ᠨᠢ ᠨᠡᠩ ᠰᠠᠶᠢᠨ ᠲᠥᠷᠥᠯ ᠵᠦᠢᠯ ᠢᠶᠠᠷ ᠣᠷᠣᠯᠠᠭᠤᠯᠵᠤ ᠪᠣᠯᠬᠤ ᠡᠮ ᠤᠨ | ᠵᠦᠢᠯᠡᠰ ᠢ ᠭᠤᠣᠯᠳᠠᠯᠭ᠎ᠠ ᠲᠠᠢ ᠪᠠᠷ ᠲᠣᠬᠢᠷᠠᠭᠤᠯᠤᠨ ᠭᠠᠷᠭᠠᠨ᠎ᠠ᠃ ᠭᠤᠷᠪᠠ ᠳᠤ᠂ ᠭᠠᠷᠴᠠᠭ ᠢ ᠬᠥᠳᠡᠯᠦᠩᠭᠦᠢ ᠪᠠᠷ | ᠲᠣᠬᠢᠷᠠᠭᠤᠯᠤᠨ᠂ ᠦᠨᠳᠦᠰᠦᠨ ᠡᠮ ᠤᠨ ᠭᠠᠷᠴᠠᠭ ᠲᠤ ᠲᠣᠭᠲᠠᠮᠠᠯ ᠬᠤᠭᠤᠴᠠᠭ᠎ᠠ ᠲᠠᠢ ᠪᠠᠷ ᠦᠨᠡᠯᠡᠯᠲᠡ ᠵᠢᠱᠢᠯᠲᠡ | ᠬᠢᠵᠦ᠂ ᠬᠥᠳᠡᠯᠦᠩᠭᠦᠢ ᠪᠠᠷ ᠲᠣᠬᠢᠷᠠᠭᠤᠯᠤᠨ᠂ ᠲᠣᠬᠢᠷᠠᠭᠤᠯᠤᠯᠲᠠ ᠬᠢᠬᠦ ᠦᠶᠡᠯᠡᠯ ᠤᠨ ᠬᠤᠭᠤᠴᠠᠭ᠎ᠠ ᠶᠢ ᠵᠠᠷᠴᠢᠮ | ᠳᠡᠭᠡᠷ᠎ᠡ ᠪᠠᠷ 3 ᠵᠢᠯ ᠠᠴᠠ ᠬᠡᠲᠦᠷᠡᠭᠦᠯᠬᠦ ᠦᠭᠡᠢ᠃ ᠰᠢᠨ᠎ᠡ ᠪᠠᠷ ᠬᠢᠨᠠᠨ ᠵᠥᠪᠰᠢᠶᠡᠷᠡᠵᠦ ᠵᠠᠬ᠎ᠠ ᠳᠡᠯᠭᠡᠭᠦᠷ ᠲᠤ | ᠭᠠᠷᠭᠠᠭᠰᠠᠨ᠂ ᠡᠮᠴᠢᠯ ᠤᠨ ᠲᠤᠰᠠ ᠶᠢ ᠨᠢ ᠢᠯᠡᠳᠲᠡ ᠰᠠᠶᠢᠵᠢᠷᠠᠭᠤᠯᠤᠭᠰᠠᠨ ᠮᠥᠷᠲᠡᠭᠡᠨ ᠦᠨ᠎ᠡ ᠬᠠᠩᠰᠢ ᠨᠢ ᠵᠦᠢ | ᠵᠣᠬᠢᠰᠲᠠᠢ ᠡᠮ ᠤᠨ ᠵᠦᠢᠯᠡᠰ ᠲᠤ᠂ ᠲᠣᠬᠢᠷᠠᠭᠤᠯᠤᠨ ᠣᠷᠣᠭᠤᠯᠬᠤ ᠳᠡᠰ ᠳᠠᠷᠠᠭᠠᠯᠠᠯ ᠢ ᠴᠠᠭ ᠲᠤᠬᠠᠢ ᠳᠤ ᠨᠢ | ᠡᠬᠢᠯᠡᠭᠦᠯᠵᠦ ᠪᠣᠯᠣᠨ᠎ᠠ᠃ ᠴᠥᠭᠡᠨ ᠲᠣᠭᠠᠲᠤ ᠦᠨᠳᠦᠰᠦᠲᠡᠨ ᠤ ᠭᠠᠵᠠᠷ ᠣᠷᠣᠨ ᠳᠤ ᠴᠥᠭᠡᠨ ᠬᠡᠮᠵᠢᠶᠡᠨ ᠤ | ᠦᠨᠳᠦᠰᠦᠲᠡᠨ ᠤ ᠡᠮ ᠢ ᠨᠡᠮᠡᠨ ᠨᠥᠬᠦᠪᠦᠷᠢᠯᠡᠵᠦ ᠪᠣᠯᠬᠤ ᠠᠴᠠ ᠭᠠᠳᠠᠨ᠎ᠠ᠂ ᠵᠠᠷᠴᠢᠮ ᠳᠡᠭᠡᠷ᠎ᠡ ᠪᠠᠨ ᠡᠯ᠎ᠡ ᠭᠠᠵᠠᠷ ᠤᠨ | ᠬᠢᠨ ᠡᠮ ᠤᠨ ᠵᠦᠢᠯᠡᠰ ᠢ ᠨᠡᠮᠡᠨ ᠨᠥᠬᠦᠪᠦᠷᠢᠯᠡᠬᠦ ᠦᠭᠡᠢ᠃ ᠳᠥᠷᠪᠡ ᠳᠤ᠂ ᠳᠡᠭᠡᠳᠦ ᠳᠣᠣᠷᠠᠳᠤ ᠱᠠᠲᠤᠨ ᠤ | ᠡᠮᠴᠢᠯᠡᠭᠡ ᠶᠢᠨ ᠪᠠᠶᠢᠭᠤᠯᠤᠮᠵᠢ ᠶᠢᠨ ᠡᠮ ᠬᠡᠷᠡᠭᠯᠡᠬᠦ ᠶᠢ ᠵᠣᠯᠭᠠᠯᠳᠤᠭᠤᠯᠬᠤ ᠶᠢ ᠴᠢᠩᠭᠠᠳᠬᠠᠨ᠂ ᠳᠡᠰ ᠬᠤᠪᠢᠶᠠᠨ | ᠣᠨᠣᠰᠢᠯᠠᠨ ᠡᠮᠨᠡᠬᠦ ᠳᠦᠷᠢᠮ ᠤᠨ ᠪᠠᠶᠢᠭᠤᠯᠤᠯᠲᠠ ᠶᠢᠨ ᠬᠡᠷᠡᠭᠴᠡᠭᠡ ᠱᠠᠭᠠᠷᠳᠠᠯᠭ᠎ᠠ ᠲᠠᠢ ᠵᠣᠬᠢᠴᠠᠭᠤᠯᠵᠤ᠂ ᠬᠤᠲᠠ ︵ | ᠰᠢᠶᠠᠨ︶ ᠶᠢᠨ ᠬᠡᠪᠴᠢᠶᠡᠨ ᠳᠣᠲᠣᠷᠠᠬᠢ ᠠᠯᠪᠠᠨ ᠠᠴᠠ ᠡᠷᠬᠢᠯᠡᠭᠰᠡᠨ ᠡᠮᠴᠢᠯᠡᠭᠡ ᠶᠢᠨ ᠪᠠᠶᠢᠭᠤᠯᠤᠮᠵᠢ ᠶᠢᠨ | ᠲᠥᠪᠯᠡᠷᠡᠭᠦᠯᠦᠨ ᠬᠡᠮᠵᠢᠶ᠎ᠡ ᠲᠠᠢ ᠬᠤᠳᠠᠯᠳᠤᠨ ᠠᠪᠬᠤ ᠶᠢ ᠠᠬᠢᠭᠤᠯᠵᠤ᠂ ᠦᠨᠳᠦᠰᠦᠨ ᠡᠮ ᠤᠨ ᠬᠤᠳᠠᠯᠳᠤᠨ ᠠᠪᠬᠤ | ᠲᠥᠷᠥᠯ ᠵᠦᠢᠯ᠂ ᠨᠠᠶᠢᠷᠠᠯᠭ᠎ᠠ ᠶᠢᠨ ᠬᠡᠯᠪᠡᠷᠢ᠂ ᠬᠡᠪ ᠪᠠᠷᠢᠮᠵᠢᠶ᠎ᠠ ᠶᠢ ᠵᠢᠷᠤᠮᠵᠢᠭᠤᠯᠤᠨ᠂ ᠠᠷᠠᠳ ᠲᠦᠮᠡᠨ ᠤ ᠬᠡᠷᠡᠭᠴᠡᠭᠡ | ᠱᠠᠭᠠᠷᠳᠠᠯᠭ᠎ᠠ ᠶᠢ ᠬᠠᠩᠭᠠᠨ᠎ᠠ᠃ | ᠵᠢᠷᠭᠤᠭ᠎ᠠ᠂ ᠡᠮ ᠤᠨ ᠵᠦᠢᠯᠡᠰ ᠤᠨ ᠳᠤᠲᠠᠭᠳᠠᠬᠤ ᠪᠣᠯ ᠣᠶᠢᠷ᠎ᠠ ᠶᠢᠨ ᠵᠢᠯ ᠤᠳ ᠠᠴᠠ ᠨᠠᠭᠠᠰᠢᠬᠢ ᠡᠯ᠎ᠡ | ᠡᠲᠡᠭᠡᠳ ᠤᠨ ᠬᠢᠨ ᠤ ᠨᠡᠶᠢᠳᠡᠮ ᠳᠤ ᠪᠠᠨ ᠠᠩᠬᠠᠷᠤᠯ ᠲᠠᠯᠪᠢᠵᠤ ᠪᠠᠶᠢᠭ᠎ᠠ ᠬᠠᠯᠠᠮᠰᠢᠯ ᠠᠰᠠᠭᠤᠳᠠᠯ ᠪᠠᠶᠢᠵᠤ᠂ | ᠳᠤᠲᠠᠭᠳᠠᠭᠰᠠᠨ ᠰᠢᠯᠲᠠᠭᠠᠨ ᠨᠢ ᠪᠤᠳᠤᠯᠢᠶᠠᠨᠲᠠᠢ ᠪᠠᠶᠢᠳᠠᠭ᠂ ᠲᠡᠭᠡᠪᠡᠯ ᠦᠨᠳᠦᠰᠦᠨ ᠡᠮ ᠢ ᠦᠷᠭᠦᠯᠵᠢᠯᠡᠨ | ᠲᠣᠭᠲᠠᠭᠤᠨ ᠢᠶᠠᠷ ᠬᠠᠩᠭᠠᠬᠤ ᠶᠢ ᠪᠠᠲᠤᠯᠠᠵᠤ ᠳᠡᠶᠢᠯᠬᠦ ᠶᠠᠮᠠᠷ ᠶᠠᠮᠠᠷ ᠠᠷᠭ᠎ᠠ ᠬᠡᠮᠵᠢᠶ᠎ᠡ ᠪᠠᠶᠢᠬᠤ ᠪᠣᠢ︖ | ᠦᠢᠯᠡᠳᠪᠦᠷᠢᠯᠡᠯ ᠬᠠᠩᠭᠠᠯᠭ᠎ᠠ ᠶᠢ ᠪᠠᠲᠤᠯᠠᠬᠤ ᠪᠣᠯ ᠦᠨᠳᠦᠰᠦᠨ ᠡᠮ ᠤᠨ ᠳᠠᠭᠠᠭᠠᠨ ᠬᠦᠴᠦᠷᠡᠬᠦ ᠴᠢᠨᠠᠷ ᠢ | ᠳᠡᠭᠡᠭᠰᠢᠯᠡᠭᠦᠯᠬᠦ ᠶᠢᠨ ᠰᠠᠭᠤᠷᠢ ᠪᠠ ᠤᠷᠢᠳᠠᠯ ᠪᠣᠯᠣᠨ᠎ᠠ᠃ ᠳᠤᠲᠠᠭᠳᠠᠵᠤ ᠪᠠᠶᠢᠭ᠎ᠠ ᠡᠮ ᠤᠨ ᠵᠦᠢᠯᠡᠰ ᠢ ᠬᠠᠩᠭᠠᠨ | ᠪᠠᠲᠤᠯᠠᠬᠤ ᠪᠣᠯ ᠨᠢᠭᠡᠨ ᠤᠷᠲᠤ ᠬᠤᠭᠤᠴᠠᠭᠠᠲᠤ ᠴᠢᠨᠠᠷᠲᠠᠢ ᠠᠵᠢᠯ ᠪᠠᠶᠢᠵᠤ᠂ ᠡᠨᠡ ᠬᠦ ᠠᠰᠠᠭᠤᠳᠠᠯ ᠨᠢ ᠭᠠᠭᠴᠠ ᠬᠦ | ᠳᠤᠮᠳᠠᠳᠤ ᠤᠯᠤᠰ ᠲᠤ ᠯᠡ ᠣᠨᠴᠠ ᠪᠠᠶᠢᠳᠠᠭ ᠪᠢᠰᠢ᠂ ᠬᠠᠷᠢᠨ ᠵᠠᠬ᠎ᠠ ᠳᠡᠯᠭᠡᠭᠦᠷ ᠤᠨ ᠬᠥᠭᠵᠢᠯᠲᠡ ᠶᠢᠨ ᠶᠠᠪᠤᠴᠠ ᠳᠤ | ᠪᠠᠶᠢᠩᠭᠤ ᠲᠣᠬᠢᠶᠠᠯᠳᠤᠬᠤ ᠠᠰᠠᠭᠤᠳᠠᠯ᠂ ᠮᠥᠨ ᠴᠤ ᠡᠯ᠎ᠡ ᠤᠯᠤᠰ ᠲᠤ ᠲᠤᠯᠭᠠᠷᠠᠵᠤ ᠪᠠᠶᠢᠭ᠎ᠠ ᠬᠠᠮᠲᠤ ᠶᠢᠨ | ᠠᠰᠠᠭᠤᠳᠠᠯ ᠪᠣᠯᠣᠨ᠎ᠠ᠃ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠳᠡᠭᠡᠳᠦ | ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ︽ᠰᠠᠨᠠᠯ︾ ᠳᠤ ︽ᠠᠯᠪᠠᠨ ᠠᠴᠠ ᠡᠷᠬᠢᠯᠡᠭᠰᠡᠨ ᠡᠮᠨᠡᠯᠭᠡ ᠶᠢᠨ | ᠬᠤᠷᠢᠶ᠎ᠠ ᠶᠢᠨ ᠡᠮ ᠤᠨ ᠵᠦᠢᠯᠡᠰ ᠢ ᠲᠥᠪᠯᠡᠷᠡᠭᠦᠯᠵᠦ ᠬᠤᠳᠠᠯᠳᠤᠨ ᠠᠪᠬᠤ ᠲᠤᠬᠠᠢ ᠰᠠᠨᠠᠯ︾᠂ ︽ᠳᠤᠲᠠᠭᠳᠠᠵᠤ | ᠪᠠᠶᠢᠭ᠎ᠠ ᠡᠮ ᠤᠨ ᠵᠦᠢᠯᠡᠰ ᠢ ᠬᠠᠩᠭᠠᠨ ᠪᠠᠲᠤᠯᠠᠬᠤ ᠲᠣᠭᠲᠠᠴᠠ ᠶᠢ ᠥᠭᠡᠷᠡᠴᠢᠯᠡᠨ ᠲᠡᠭᠦᠯᠳᠡᠷᠵᠢᠭᠦᠯᠬᠦ ᠲᠤᠬᠠᠢ | ᠬᠡᠷᠡᠭᠵᠢᠭᠦᠯᠬᠦ ᠰᠠᠨᠠᠯ︾᠂ ︽ᠳᠠᠭᠤᠷᠢᠶᠠᠮᠠᠯ ᠨᠠᠶᠢᠷᠠᠯᠭ᠎ᠠ ᠲᠠᠢ ᠡᠮ ᠢ ᠬᠠᠩᠭᠠᠨ ᠪᠠᠲᠤᠯᠠᠬᠤ ᠵᠢᠴᠢ ᠬᠡᠷᠡᠭᠯᠡᠬᠦ | ᠲᠥᠷᠥ ᠶᠢᠨ ᠪᠣᠳᠣᠯᠭ᠎ᠠ ᠶᠢ ᠥᠭᠡᠷᠡᠴᠢᠯᠡᠨ ᠲᠡᠭᠦᠯᠳᠡᠷᠵᠢᠭᠦᠯᠬᠦ ᠲᠤᠬᠠᠢ ᠰᠠᠨᠠᠯ︾᠂ ︽ᠡᠮ ᠡᠮᠨᠡᠯᠭᠡ ᠶᠢᠨ ᠠᠵᠤ | ᠦᠢᠯᠡᠳᠪᠦᠷᠢ ᠶᠢᠨ ᠬᠥᠭᠵᠢᠯᠲᠡ ᠶᠢᠨ ᠲᠥᠯᠥᠪᠵᠢᠭᠦᠯᠭᠡ ᠶᠢᠨ ᠵᠦᠭᠯᠡᠭᠦᠷ︾ ᠵᠡᠷᠭᠡ ᠪᠢᠴᠢᠭ ᠮᠠᠲ᠋ᠧᠷᠢᠶᠠᠯ ᠤᠨ ᠵᠣᠷᠢᠭ | ᠰᠠᠨᠠᠭ᠎ᠠ ᠪᠠ ᠬᠢᠳᠡᠯ ᠢᠶᠠᠷ ᠯᠠᠪᠯᠠᠯᠲᠠ ᠪᠣᠯᠭᠠᠬᠤ ᠪᠠ ᠭᠦᠢᠴᠡᠳ ᠰᠢᠩᠭᠡᠭᠡᠨ ᠠᠪᠴᠤ᠂ ᠡᠮ ᠤᠨ ᠵᠦᠢᠯᠡᠰ ᠤᠨ | ᠳᠤᠲᠠᠭᠳᠠᠬᠤ ᠠᠰᠠᠭᠤᠳᠠᠯ ᠢ ᠰᠡᠷᠭᠡᠶᠢᠯᠡᠬᠦ ᠪᠠ ᠰᠢᠢᠳᠪᠦᠷᠢᠯᠡᠬᠦ ᠶᠢᠨ ᠲᠣᠭᠤᠷᠢᠨ ᠳᠤ ᠠᠯᠢ ᠣᠯᠠᠨ | ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠭᠤᠣᠯᠳᠠᠯᠭ᠎ᠠ ᠲᠠᠢ ᠳᠤᠷᠠᠳᠤᠨ ᠭᠠᠷᠭᠠᠪᠠ᠃ ᠨᠢᠭᠡ ᠳᠤ᠂ ᠳᠡᠮᠵᠢᠯᠭᠡ ᠶᠢᠨ | ᠲᠥᠷᠥ ᠶᠢᠨ ᠪᠣᠳᠣᠯᠭ᠎ᠠ ᠶᠢ ᠲᠣᠭᠲᠠᠭᠠᠨ᠂ ᠦᠢᠯᠡᠳᠪᠦᠷᠢᠯᠡᠵᠦ ᠬᠠᠩᠭᠠᠬᠤ ᠴᠢᠳᠠᠪᠤᠷᠢ ᠶᠢ ᠴᠢᠩᠭᠠᠷᠠᠭᠤᠯᠤᠨ᠎ᠠ᠃ ᠡᠮ | ᠡᠮᠨᠡᠯᠭᠡ ᠶᠢᠨ ᠠᠵᠤ ᠦᠢᠯᠡᠰ ᠤᠨ ᠲᠥᠷᠥ ᠶᠢᠨ ᠪᠣᠳᠣᠯᠭ᠎ᠠ ᠪᠠ ᠠᠵᠢᠯ ᠲᠥᠷᠥᠯ ᠤᠨ ᠬᠥᠭᠵᠢᠯᠲᠡ ᠶᠢᠨ | ᠲᠥᠯᠥᠪᠵᠢᠭᠦᠯᠭᠡ ᠶᠢ ᠲᠡᠭᠦᠯᠳᠡᠷᠵᠢᠭᠦᠯᠬᠦ ᠪᠠᠷ ᠳᠠᠮᠵᠢᠭᠤᠯᠤᠨ᠂ ᠦᠨᠳᠦᠰᠦᠨ ᠡᠮ ᠤᠨ ᠠᠵᠤ ᠠᠬᠤᠶᠢᠯᠠᠯ ᠤᠨ ᠬᠢᠨ ᠤ | ᠮᠡᠷᠭᠡᠵᠢᠯ ᠤᠨ ᠳᠠᠪᠰᠢᠯᠲᠠ ᠪᠠ ᠮᠡᠷᠭᠡᠵᠢᠯ ᠤᠨ ᠥᠭᠡᠷᠡᠴᠢᠯᠡᠯᠲᠡ ᠬᠢᠬᠦ ᠶᠢ ᠵᠣᠷᠢᠭᠵᠢᠭᠤᠯᠵᠤ᠂ ᠳᠠᠪᠠᠭᠤᠯᠢᠭ ᠠᠵᠤ | ᠠᠬᠤᠶᠢᠯᠠᠯ ᠤᠨ ᠪᠠᠶᠢᠭᠤᠯᠤᠯᠲᠠ ᠬᠢᠭᠡᠳ ᠣᠯᠠᠨ ᠤᠯᠤᠰ ᠤᠨ ᠲᠡᠷᠢᠭᠦᠨ ᠤ ᠬᠢᠷᠢ ᠲᠦᠪᠰᠢᠨ ᠲᠠᠢ | ᠵᠣᠯᠭᠠᠯᠳᠤᠭᠤᠯᠤᠭᠰᠠᠨ ᠦᠢᠯᠡᠳᠪᠦᠷᠢᠯᠡᠯ ᠤᠨ ᠶᠠᠰᠤ ᠴᠢᠨᠠᠷ ᠤᠨ ᠰᠢᠰᠲ᠋ᠧᠮᠵᠢ ᠶᠢ ᠠᠬᠢᠭᠤᠯᠵᠤ᠂ ᠠᠵᠤ ᠠᠬᠤᠶᠢᠯᠠᠯ ᠤᠨ | ᠰᠢᠯᠢᠳᠡᠭ ᠪᠥᠭᠡᠳ ᠴᠢᠨᠠᠷᠯᠢᠭ ᠬᠢᠬᠦ ᠶᠢ ᠠᠬᠢᠭᠤᠯᠤᠨ᠎ᠠ᠃ ᠡᠭᠦᠨ ᠤ ᠬᠠᠮᠲᠤ᠂ ᠡᠮᠴᠢᠯᠡᠭᠡ ᠶᠢᠨ ᠪᠠᠶᠢᠭᠤᠯᠤᠮᠵᠢ ᠶᠢᠨ | ᠬᠢᠨ ᠤ ᠨᠢᠭᠡᠳᠦᠯᠲᠦ ᠴᠢᠨᠠᠷᠲᠠᠢ ᠦᠨᠡᠯᠡᠯᠲᠡ ᠶᠢ ᠳᠠᠮᠵᠢᠭᠰᠠᠨ᠂ ᠦᠨ᠎ᠡ ᠬᠠᠩᠰᠢ ᠨᠢ ᠲᠣᠬᠢᠷᠠᠮᠵᠢᠲᠠᠢ ᠦᠨᠳᠦᠰᠦᠨ | ᠡᠮ ᠢ ᠤᠷᠢᠳ ᠢᠶᠠᠷ ᠬᠤᠳᠠᠯᠳᠤᠨ ᠠᠪᠬᠤ ᠪᠠ ᠬᠡᠷᠡᠭᠯᠡᠬᠦ ᠶᠢ ᠵᠣᠷᠢᠭᠵᠢᠭᠤᠯᠤᠨ᠎ᠠ᠃ ᠬᠤᠶᠠᠷ ᠲᠤ᠂ ᠬᠤᠳᠠᠯᠳᠤᠨ | ᠠᠪᠬᠤ ᠲᠣᠭᠲᠠᠴᠠ ᠶᠢ ᠲᠡᠭᠦᠯᠳᠡᠷᠵᠢᠭᠦᠯᠦᠨ᠂ ᠦᠢᠯᠡᠳᠪᠦᠷᠢᠯᠡᠵᠦ ᠬᠠᠩᠭᠠᠬᠤ ᠬᠥᠳᠡᠯᠭᠡᠭᠴᠢ ᠬᠦᠴᠦᠨ ᠢ | ᠴᠢᠩᠭᠠᠷᠠᠭᠤᠯᠤᠨ᠎ᠠ᠃ ᠡᠮ ᠤᠨ ᠵᠦᠢᠯᠡᠰ ᠢ ᠲᠥᠷᠥᠯ ᠬᠤᠪᠢᠶᠠᠨ ᠬᠤᠳᠠᠯᠳᠤᠨ ᠠᠪᠬᠤ ᠶᠢ ᠨᠠᠶᠢᠳᠠᠪᠤᠷᠢᠵᠢᠭᠤᠯᠤᠨ᠂ | ᠲᠥᠪᠯᠡᠷᠡᠭᠦᠯᠦᠨ ᠳᠠᠭᠠᠭᠠᠴᠢᠯᠠᠯᠲᠠ ᠵᠠᠷᠯᠠᠬᠤ ᠪᠠ ᠬᠡᠮᠵᠢᠶ᠎ᠡ ᠲᠠᠢ ᠬᠤᠳᠠᠯᠳᠤᠨ ᠠᠪᠬᠤ ᠶᠢ ᠬᠡᠷᠡᠭᠯᠡᠵᠦ᠂ | ᠥᠷᠢᠰᠦᠯᠳᠦᠭᠡᠨ ᠢᠶᠠᠷ ᠳᠠᠮᠵᠢᠭᠤᠯᠤᠨ ᠳᠠᠭᠠᠭᠠᠴᠢᠯᠠᠯᠲᠠ ᠳᠤ ᠣᠨᠣᠭᠰᠠᠨ ᠪᠠᠷᠠᠭ᠎ᠠ ᠬᠠᠩᠭᠠᠬᠤ ᠠᠵᠤ ᠠᠬᠤᠶᠢᠯᠠᠯ ᠤᠨ | ᠲᠤᠭ᠎ᠠ ᠶᠢ ᠠᠯᠬᠤᠮ ᠠᠯᠬᠤᠮ ᠢᠶᠠᠷ ᠬᠠᠰᠤᠨ ᠪᠠᠭᠠᠰᠬᠠᠵᠤ᠂ ᠠᠵᠢᠯ ᠲᠥᠷᠥᠯ ᠤᠨ ᠬᠢᠨ ᠤ ᠲᠥᠪᠯᠡᠷᠡᠭᠰᠡᠨ | ᠬᠡᠮᠵᠢᠶ᠎ᠡ ᠶᠢ ᠳᠡᠭᠡᠭᠰᠢᠯᠡᠭᠦᠯᠦᠨ᠂ ᠠᠵᠤ ᠠᠬᠤᠶᠢᠯᠠᠯ ᠤᠨ ᠵᠦᠢ ᠵᠣᠬᠢᠰᠲᠠᠢ ᠪᠠᠷ ᠦᠨ᠎ᠡ ᠪᠠᠨ ᠪᠠᠭᠤᠷᠠᠭᠤᠯᠬᠤ ᠶᠢ | ᠬᠥᠲᠥᠯᠥᠨ ᠵᠢᠯᠣᠭᠤᠳᠤᠨ᠎ᠠ᠃ ᠡᠭᠦᠨ ᠤ ᠬᠠᠮᠲᠤ᠂ ᠬᠡᠯᠡᠯᠴᠡᠭᠡᠷ ᠪᠣᠯᠵᠤᠭ᠎ᠠ ᠪᠠ ᠭᠡᠷ᠎ᠡ ᠶᠢ ᠬᠡᠷᠡᠭᠵᠢᠭᠦᠯᠬᠦ ᠶᠢ | ᠴᠢᠩᠭᠠᠷᠠᠭᠤᠯᠤᠨ᠂ ᠡᠮᠴᠢᠯᠡᠭᠡ ᠶᠢᠨ ᠳᠠᠭᠠᠳᠬᠠᠯ ᠢ ᠡᠷᠬᠢᠯᠡᠨ ᠭᠦᠢᠴᠡᠳᠬᠡᠵᠦ ᠪᠠᠶᠢᠭ᠎ᠠ ᠪᠠᠶᠢᠭᠤᠯᠤᠮᠵᠢ ᠠᠴᠠ | ᠡᠮᠴᠢᠯᠡᠭᠡ ᠶᠢᠨ ᠪᠠᠶᠢᠭᠤᠯᠤᠮᠵᠢ ᠳᠤ ᠡᠮᠴᠢᠯᠡᠭᠡ ᠶᠢᠨ ᠳᠠᠭᠠᠳᠬᠠᠯ ᠤᠨ ᠪᠡᠯᠡ ᠮᠥᠩᠭᠦ ᠶᠢ ᠴᠠᠭ ᠲᠤᠬᠠᠢ ᠳᠤ ᠨᠢ | ᠰᠢᠯᠵᠢᠭᠦᠯᠦᠨ ᠥᠭᠴᠦ᠂ ᠡᠮᠴᠢᠯᠡᠭᠡ ᠶᠢᠨ ᠪᠠᠶᠢᠭᠤᠯᠤᠮᠵᠢ ᠠᠴᠠ ᠠᠵᠤ ᠠᠬᠤᠶᠢᠯᠠᠯ ᠯᠤᠭ᠎ᠠ ᠪᠠᠷᠠᠭᠠᠨ ᠤ ᠵᠣᠭᠤᠰ ᠢ | ᠴᠠᠭ ᠲᠤᠬᠠᠢ ᠳᠤ ᠨᠢ ᠲᠣᠭᠠᠴᠠᠨ ᠪᠣᠳᠣᠵᠤ᠂ ᠠᠵᠤ ᠠᠬᠤᠶᠢᠯᠠᠯ ᠤᠨ ᠦᠢᠯᠡᠳᠪᠦᠷᠢᠯᠡᠵᠦ ᠬᠠᠩᠭᠠᠬᠤ ᠢᠳᠡᠪᠬᠢᠵᠢᠯ ᠢ | ᠳᠠᠶᠢᠴᠢᠯᠠᠨ᠎ᠠ᠃ ᠭᠤᠷᠪᠠ ᠳᠤ᠂ ᠮᠡᠳᠡᠭᠡ ᠵᠠᠩᠭᠢ ᠶᠢ ᠬᠤᠯᠪᠣᠯᠳᠤᠭᠤᠯᠤᠨ ᠨᠡᠪᠲᠡᠷᠡᠭᠦᠯᠬᠦ ᠶᠢ ᠴᠢᠩᠭᠠᠳᠬᠠᠵᠤ᠂ | ᠲᠦᠭᠰᠢᠭᠦᠷᠢ ᠶᠢ ᠰᠡᠷᠭᠡᠶᠢᠯᠡᠬᠦ ᠴᠢᠳᠠᠪᠤᠷᠢ ᠶᠢ ᠴᠢᠩᠭᠠᠷᠠᠭᠤᠯᠤᠨ᠎ᠠ᠃ ᠪᠦᠬᠦ ᠤᠯᠤᠰ ᠤᠨ ᠳᠤᠲᠠᠭᠳᠠᠵᠤ ᠪᠠᠶᠢᠭ᠎ᠠ | ᠡᠮ ᠤᠨ ᠵᠦᠢᠯᠡᠰ ᠢ ᠬᠢᠨᠠᠨ ᠰᠢᠨᠵᠢᠵᠦ ᠰᠡᠷᠡᠮᠵᠢᠯᠡᠭᠦᠯᠬᠦ ᠰᠢᠰᠲ᠋ᠧᠮ ᠢᠶᠠᠷ ᠳᠠᠮᠵᠢᠭᠤᠯᠤᠨ᠂ ᠡᠮ ᠤᠨ ᠵᠦᠢᠯᠡᠰ ᠢ | ᠰᠤᠳᠤᠯᠤᠨ ᠬᠥᠭᠵᠢᠭᠦᠯᠬᠦ᠂ ᠦᠢᠯᠡᠳᠪᠦᠷᠢᠯᠡᠬᠦ᠂ ᠭᠦᠢᠯᠭᠡᠭᠡᠬᠦ᠂ ᠬᠡᠷᠡᠭᠯᠡᠬᠦ ᠵᠡᠷᠭᠡ ᠣᠯᠠᠨ ᠭᠤᠭᠴᠤᠭ᠎ᠠ ᠠᠴᠠ ᠮᠡᠳᠡᠭᠡ | ᠵᠠᠩᠭᠢ ᠶᠢ ᠴᠤᠭᠯᠠᠭᠤᠯᠵᠤ᠂ ᠡᠯ᠎ᠡ ᠱᠠᠲᠤᠨ ᠤ ᠡᠮᠴᠢᠯᠡᠭᠡ ᠶᠢᠨ ᠪᠠᠶᠢᠭᠤᠯᠤᠮᠵᠢ ᠶᠢᠨ ᠳᠤᠲᠠᠭᠳᠠᠵᠤ ᠪᠠᠶᠢᠭ᠎ᠠ ᠡᠮ ᠤᠨ | ᠵᠦᠢᠯᠡᠰ ᠢ ᠰᠦᠯᠵᠢᠶ᠎ᠡ ᠪᠠᠷ ᠰᠢᠭᠤᠳ ᠮᠡᠳᠡᠭᠡᠯᠡᠬᠦ ᠶᠢ ᠪᠡᠶᠡᠯᠡᠭᠦᠯᠵᠦ᠂ ᠲᠦᠭᠦᠬᠡᠢ ᠮᠠᠲ᠋ᠧᠷᠢᠶᠠᠯ ᠤᠨ ᠡᠮ ᠤᠨ | ᠪᠠᠷᠠᠭᠠᠨ ᠤ ᠢᠷᠡᠯᠲᠡ᠂ ᠠᠵᠤ ᠠᠬᠤᠶᠢᠯᠠᠯ ᠤᠨ ᠬᠠᠳᠠᠭᠠᠯᠠᠭᠳᠠᠴᠠ ᠪᠠ ᠵᠠᠬ᠎ᠠ ᠳᠡᠯᠭᠡᠭᠦᠷ ᠤᠨ ᠰᠣᠯᠢᠯᠴᠠᠭᠠᠨ ᠤ | ᠠᠵᠢᠯᠯᠠᠭ᠎ᠠ ᠵᠡᠷᠭᠡ ᠪᠠᠶᠢᠳᠠᠯ ᠢ ᠮᠥᠷᠳᠡᠵᠦ ᠬᠢᠨᠠᠨ ᠰᠢᠨᠵᠢᠵᠦ᠂ ᠳᠤᠲᠠᠭᠳᠠᠵᠤ ᠪᠠᠶᠢᠭ᠎ᠠ ᠳᠠᠯᠳᠠ ᠬᠦᠴᠦᠨ ᠵᠦᠢᠯ ᠪᠠ | ᠬᠠᠨᠳᠤᠰᠢ ᠶᠢ ᠶᠡᠷᠦᠩᠬᠡᠶᠢᠯᠡᠨ ᠰᠤᠳᠤᠯᠤᠨ ᠮᠠᠭᠠᠳᠯᠠᠵᠤ᠂ ᠳᠤᠲᠠᠭᠳᠠᠬᠤ ᠲᠦᠭᠰᠢᠭᠦᠷᠢ ᠶᠢ ᠡᠷᠲᠡᠬᠡᠨ ᠰᠡᠷᠡᠨ ᠮᠡᠳᠡᠵᠦ᠂ | ᠠᠳᠠᠯᠢ ᠪᠤᠰᠤ ᠶᠢᠨ ᠳᠤᠲᠠᠭᠳᠠᠬᠤ ᠰᠢᠯᠲᠠᠭᠠᠨ ᠢ ᠢᠯᠭᠠᠨ ᠰᠠᠯᠭᠠᠵᠤ ᠲᠥᠷᠥᠯ ᠬᠤᠪᠢᠶᠠᠨ ᠠᠷᠭᠠᠴᠠᠨ᠎ᠠ᠃ | ᠳᠥᠷᠪᠡ ᠳᠤ᠂ ᠵᠠᠰᠠᠭ ᠤᠨ ᠣᠷᠳᠣᠨ ᠠᠴᠠ ᠭᠤᠣᠯᠯᠠᠨ ᠵᠢᠯᠣᠭᠤᠳᠬᠤ ᠶᠢ ᠴᠢᠩᠭᠠᠳᠬᠠᠵᠤ᠂ ᠬᠠᠩᠭᠠᠨ ᠪᠠᠲᠤᠯᠠᠬᠤ | ᠴᠢᠳᠠᠪᠤᠷᠢ ᠶᠢ ᠨᠢ ᠴᠢᠩᠭᠠᠷᠠᠭᠤᠯᠤᠨ᠎ᠠ᠃ ᠡᠮᠴᠢᠯᠡᠭᠡᠨ ᠳᠤ ᠴᠢᠬᠤᠯᠠ ᠬᠡᠷᠡᠭᠴᠡᠭᠡᠲᠡᠢ᠂ ᠬᠡᠷᠡᠭᠯᠡᠬᠦ ᠬᠡᠮᠵᠢᠶ᠎ᠡ ᠨᠢ ᠪᠠᠭ᠎ᠠ | ᠪᠤᠶᠤ ᠰᠣᠯᠢᠯᠴᠠᠭᠠᠨ ᠤ ᠦᠨ᠎ᠡ ᠬᠠᠩᠰᠢ ᠨᠢ ᠬᠡᠳᠦ ᠳᠣᠣᠷ᠎ᠠ᠂ ᠠᠵᠤ ᠠᠬᠤᠶᠢᠯᠠᠯ ᠤᠨ ᠦᠢᠯᠡᠳᠪᠦᠷᠢᠯᠡᠬᠦ | ᠬᠥᠳᠡᠯᠭᠡᠭᠴᠢ ᠬᠦᠴᠦᠨ ᠨᠢ ᠭᠦᠢᠴᠡᠳ ᠦᠭᠡᠢ ᠵᠡᠷᠭᠡ ᠬᠦᠴᠦᠨ ᠵᠦᠢᠯ ᠠᠴᠠ ᠪᠣᠯᠵᠤ ᠵᠠᠬ᠎ᠠ ᠳᠡᠯᠭᠡᠭᠦᠷ ᠤᠨ | ᠬᠠᠩᠭᠠᠯᠭ᠎ᠠ ᠳᠤ ᠠᠮᠠᠷᠬᠠᠨ ᠳᠤᠲᠠᠭᠳᠠᠬᠤ ᠦᠨᠳᠦᠰᠦᠨ ᠡᠮ ᠳᠤ᠂ ᠵᠠᠰᠠᠭ ᠤᠨ ᠣᠷᠳᠣᠨ ᠠᠴᠠ ᠲᠠᠪᠴᠠᠩ ᠪᠠᠶᠢᠭᠤᠯᠤᠨ᠂ | ᠠᠵᠤ ᠠᠬᠤᠶᠢᠯᠠᠯ ᠤᠨ ᠵᠦᠢ ᠵᠣᠬᠢᠰᠲᠠᠢ ᠠᠰᠢᠭ ᠣᠷᠣᠯᠭ᠎ᠠ ᠶᠢ ᠪᠠᠲᠤᠯᠠᠵᠤ᠂ ᠦᠢᠯᠡᠳᠪᠦᠷᠢᠯᠡᠯ ᠢ ᠵᠠᠬ᠎ᠠ ᠳᠡᠯᠭᠡᠭᠦᠷ | ᠲᠠᠢ ᠲᠣᠬᠢᠷᠠᠯᠴᠠᠭᠤᠯᠬᠤ ᠪᠠᠷ ᠳᠠᠮᠵᠢᠭᠤᠯᠤᠨ ᠬᠤᠳᠠᠯᠳᠤᠨ ᠠᠪᠬᠤ ᠵᠦᠢ ᠵᠣᠬᠢᠰᠲᠠᠢ ᠦᠨ᠎ᠡ ᠬᠠᠩᠰᠢ ᠶᠢ | ᠲᠣᠭᠲᠠᠭᠠᠬᠤ᠂ ᠴᠡᠭ ᠲᠣᠭᠲᠠᠭᠠᠨ ᠦᠢᠯᠡᠳᠪᠦᠷᠢᠯᠡᠬᠦ᠂ ᠨᠢᠭᠡᠳᠦᠯᠲᠡᠢ ᠲᠣᠬᠢᠷᠠᠭᠤᠯᠤᠨ ᠬᠦᠷᠭᠡᠬᠦ᠂ ᠣᠷᠣᠭᠤᠯᠤᠨ | ᠨᠥᠭᠡᠴᠡᠯᠡᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ ᠬᠠᠩᠭᠠᠯᠭ᠎ᠠ ᠶᠢ ᠪᠠᠲᠤᠯᠠᠨ᠎ᠠ᠃ | ᠡᠭᠦᠨ ᠠᠴᠠ ᠭᠠᠳᠠᠨ᠎ᠠ᠂ ︽ᠰᠠᠨᠠᠯ︾ ᠳᠤ ᠠᠵᠤ ᠠᠬᠤᠶᠢᠯᠠᠯ ᠳᠤ ᠪᠣᠳᠠᠲᠠᠢ ᠱᠠᠭᠠᠷᠳᠠᠯᠭ᠎ᠠ ᠳᠤᠷᠠᠳᠴᠤ᠂ | ᠦᠢᠯᠡᠳᠪᠦᠷᠢᠯᠡᠬᠦ ᠠᠵᠤ ᠠᠬᠤᠶᠢᠯᠠᠯ ᠨᠢ ᠦᠨᠳᠦᠰᠦᠨ ᠡᠮ ᠤᠨ ᠬᠠᠩᠭᠠᠵᠤ ᠲᠣᠬᠢᠷᠠᠭᠤᠯᠤᠨ ᠬᠦᠷᠭᠡᠬᠦ ᠶᠢ ᠪᠠᠲᠤᠯᠠᠬᠤ | ᠨᠢᠭᠡᠳᠦᠭᠡᠷ ᠬᠠᠷᠢᠭᠤᠴᠠᠯᠭᠠᠲᠠᠨ ᠪᠣᠯᠣᠭᠰᠠᠨ ᠤ ᠬᠤᠪᠢ ᠳᠤ᠂ ᠭᠡᠷ᠎ᠡ ᠶᠢ ᠦᠨᠡᠨ ᠬᠦ ᠭᠦᠢᠴᠡᠳᠬᠡᠨ᠂ ᠨᠡᠩ ᠢᠯᠠᠩᠭᠤᠶ᠎ᠠ | ᠠᠯᠤᠰ ᠪᠣᠶᠢᠳᠠ᠂ ᠵᠠᠮ ᠬᠠᠷᠢᠯᠴᠠᠭ᠎ᠠ ᠳᠥᠭᠦᠮ ᠦᠭᠡᠢ ᠭᠠᠵᠠᠷ ᠣᠷᠣᠨ ᠤ ᠡᠮ ᠤᠨ ᠵᠦᠢᠯᠡᠰ ᠢ ᠲᠣᠬᠢᠷᠠᠭᠤᠯᠤᠨ | ᠬᠦᠷᠭᠡᠬᠦ ᠶᠢ ᠪᠠᠲᠤᠯᠠᠬᠤ ᠬᠡᠷᠡᠭᠲᠡᠢ᠃ ᠠᠵᠤ ᠠᠬᠤᠶᠢᠯᠠᠯ ᠤᠨ ᠰᠢᠯᠲᠠᠭᠠᠨ ᠠᠴᠠ ᠪᠣᠯᠵᠤ ᠬᠡᠷᠡᠭᠯᠡᠬᠦ ᠡᠮ ᠢ | ᠳᠤᠲᠠᠭᠳᠠᠭᠤᠯᠪᠠᠯ᠂ ᠠᠵᠤ ᠠᠬᠤᠶᠢᠯᠠᠯ ᠨᠢ ᠭᠡᠷ᠎ᠡ ᠠᠴᠠ ᠵᠥᠷᠢᠴᠡᠭᠰᠡᠨ ᠬᠠᠷᠢᠭᠤᠴᠠᠯᠭ᠎ᠠ ᠶᠢ ᠡᠭᠦᠷᠭᠡᠯᠡᠬᠦ ᠶᠢᠨ ᠬᠠᠮᠲᠤ᠂ | ᠢᠲᠡᠭᠡᠮᠵᠢ ᠠᠯᠳᠠᠭᠰᠠᠨ ᠲᠡᠮᠳᠡᠭᠡᠯᠡᠯ ᠳᠤ ᠣᠷᠣᠭᠤᠯᠬᠤ ᠬᠡᠷᠡᠭᠲᠡᠢ᠃ ᠲᠦᠭᠦᠬᠡᠢ ᠮᠠᠲ᠋ᠧᠷᠢᠶᠠᠯ ᠤᠨ ᠵᠠᠬ᠎ᠠ ᠳᠡᠯᠭᠡᠭᠦᠷ ᠶᠢ | ᠭᠠᠭᠴᠠᠭᠠᠷ ᠡᠵᠡᠮᠰᠢᠭᠰᠡᠨ ᠪᠠ ᠡᠮ ᠤᠨ ᠦᠨ᠎ᠡ ᠬᠠᠩᠰᠢ ᠶᠢ ᠥᠰᠬᠡᠭᠰᠡᠨ ᠠᠴᠠ ᠪᠣᠯᠵᠤ ᠡᠮ ᠤᠨ ᠵᠦᠢᠯᠡᠰ ᠢ | ᠳᠤᠲᠠᠭᠳᠠᠭᠤᠯᠵᠤ᠂ ᠭᠠᠭᠴᠠᠭᠠᠷ ᠡᠵᠡᠮᠰᠢᠬᠦ ᠬᠡᠯᠡᠯᠴᠡᠭᠡᠷ ᠪᠠ ᠵᠠᠬ᠎ᠠ ᠳᠡᠯᠭᠡᠭᠦᠷ ᠢ ᠡᠵᠡᠮᠳᠡᠬᠦ ᠪᠠᠶᠢᠷᠢ ᠰᠠᠭᠤᠷᠢ ᠪᠠᠨ | ᠳᠤᠷ᠎ᠠ ᠪᠠᠷ ᠬᠡᠷᠡᠭᠯᠡᠭᠰᠡᠨ ᠠᠵᠢᠯᠯᠠᠭ᠎ᠠ ᠪᠣᠯᠣᠨ ᠪᠦᠷᠢᠯᠳᠦᠭᠰᠡᠨ ᠢᠶᠠᠷ ᠰᠡᠵᠢᠭᠯᠡᠭᠳᠡᠪᠡᠯ᠂ ᠬᠠᠤᠯᠢ ᠶᠣᠰᠣᠭᠠᠷ ᠭᠠᠭᠴᠠᠭᠠᠷ | ᠡᠵᠡᠮᠰᠢᠬᠦ ᠶᠢ ᠡᠰᠡᠷᠭᠦᠴᠡᠬᠦ ᠪᠠᠶᠢᠴᠠᠭᠠᠯᠲᠠ ᠶᠢ ᠥᠷᠨᠢᠭᠦᠯᠵᠦ᠂ ᠵᠠᠯᠬᠠᠭᠠᠨ ᠰᠢᠢᠳᠬᠡᠬᠦ ᠡᠷᠴᠢᠮ ᠢ ᠴᠢᠩᠭᠠᠷᠠᠭᠤᠯᠬᠤ | ᠬᠡᠷᠡᠭᠲᠡᠢ ᠭᠡᠵᠦ ᠲᠣᠳᠣᠷᠬᠠᠶᠢᠯᠠᠵᠠᠢ᠃ | ᠳᠣᠯᠤᠭ᠎ᠠ᠂ ᠡᠯ᠎ᠡ ᠱᠠᠲᠤᠨ ᠤ ᠡᠮᠴᠢᠯᠡᠭᠡ ᠶᠢᠨ ᠪᠠᠶᠢᠭᠤᠯᠤᠮᠵᠢ ᠶᠢᠨ ᠦᠨᠳᠦᠰᠦᠨ ᠡᠮ ᠢ ᠪᠦᠬᠦ ᠲᠠᠯ᠎ᠠ ᠪᠠᠷ | ᠬᠤᠪᠢᠶᠠᠷᠢᠯᠠᠨ᠂ ᠤᠷᠢᠳ ᠢᠶᠠᠷ ᠬᠡᠷᠡᠭᠯᠡᠬᠦ ᠶᠢ ᠠᠬᠢᠭᠤᠯᠬᠤ ᠲᠠᠯ᠎ᠠ ᠪᠠᠷ᠂ ︽ᠰᠠᠨᠠᠯ︾ ᠳᠤ ᠶᠠᠮᠠᠷ ᠶᠠᠮᠠᠷ ᠪᠣᠳᠠᠲᠠᠢ | ᠠᠷᠭ᠎ᠠ ᠬᠡᠮᠵᠢᠶ᠎ᠡ ᠪᠠᠶᠢᠬᠤ ᠪᠣᠢ︖ | ᠦᠨᠳᠦᠰᠦᠨ ᠡᠮ ᠢᠶᠠᠷ ᠡᠮᠴᠢᠯᠡᠭᠡᠨ ᠤ ᠲᠡᠷᠢᠭᠦᠨ ᠰᠣᠩᠭᠤᠯᠲᠠ ᠪᠣᠯᠭᠠᠨ᠂ ᠡᠮᠴᠢᠯᠡᠭᠡ ᠶᠢᠨ ᠪᠠᠶᠢᠭᠤᠯᠤᠮᠵᠢ ᠶᠢᠨ | ᠬᠤᠪᠢᠶᠠᠷᠢᠯᠠᠬᠤ ᠳᠤᠷᠠᠲᠠᠢ᠂ ᠡᠮᠨᠡᠯᠭᠡ ᠶᠢᠨ ᠠᠵᠢᠯᠲᠠᠳ ᠤᠨ ᠥᠭᠬᠦ ᠳᠤᠷᠠᠲᠠᠢ ᠪᠠᠶᠢᠬᠤ ᠪᠠᠷ ᠡᠪᠡᠳᠴᠢᠲᠡᠳ ᠤᠨ | ᠦᠨᠳᠦᠰᠦᠨ ᠡᠮ ᠢ ᠬᠡᠷᠡᠭᠯᠡᠵᠦ ᠳᠡᠶᠢᠯᠬᠦ᠂ ᠰᠠᠶᠢᠲᠤᠷ ᠬᠡᠷᠡᠭᠯᠡᠬᠦ ᠶᠢᠨ ᠵᠠᠩᠭᠢᠯᠠᠭ᠎ᠠ ᠶᠢᠨ ᠭᠤᠭᠴᠤᠭ᠎ᠠ ᠪᠣᠯᠭᠠᠨ᠎ᠠ᠃ ︽ | ᠰᠠᠨᠠᠯ︾ ᠳᠤ ᠦᠨᠳᠦᠰᠦᠨ ᠡᠮ ᠤᠨ ᠭᠤᠣᠯᠯᠠᠨ ᠵᠢᠯᠣᠭᠤᠳᠬᠤ ᠪᠠᠶᠢᠷᠢ ᠰᠠᠭᠤᠷᠢ ᠶᠢ ᠪᠠᠷᠢᠮᠲᠠᠯᠠᠵᠤ᠂ ᠡᠮᠴᠢᠯᠡᠭᠡ ᠶᠢᠨ | ᠪᠠᠶᠢᠭᠤᠯᠤᠮᠵᠢ ᠶᠢᠨ ᠦᠨᠳᠦᠰᠦᠨ ᠡᠮ ᠢ ᠵᠦᠢ ᠵᠣᠬᠢᠰᠲᠠᠢ ᠬᠤᠪᠢᠶᠠᠷᠢᠯᠠᠬᠤ ᠪᠠ ᠤᠷᠢᠳ ᠢᠶᠠᠷ ᠬᠡᠷᠡᠭᠯᠡᠬᠦ ᠪᠠᠷ ᠭᠤᠣᠯ | ᠱᠤᠭᠤᠮ ᠪᠣᠯᠭᠠᠨ᠂ ᠤᠷᠮᠠᠰᠢᠭᠤᠯᠤᠨ ᠬᠢᠵᠠᠭᠠᠷᠯᠠᠬᠤ ᠲᠣᠭᠲᠠᠴᠠ ᠶᠢ ᠪᠠᠶᠢᠭᠤᠯᠬᠤ ᠪᠠᠷ ᠭᠤᠣᠯᠳᠠᠯᠭ᠎ᠠ ᠪᠣᠯᠭᠠᠵᠤ᠂ | ᠡᠯ᠎ᠡ ᠭᠠᠵᠠᠷ ᠤᠨ ᠬᠢᠨ ᠤ ᠦᠨᠳᠦᠰᠦᠨ ᠡᠮ ᠤᠨ ᠳᠦᠷᠢᠮ ᠢ ᠬᠡᠷᠡᠭᠵᠢᠭᠦᠯᠬᠦ ᠶᠠᠪᠤᠴᠠ ᠳᠤ ᠦᠨᠳᠦᠰᠦᠨ ᠡᠮ ᠢ | ᠤᠷᠢᠳ ᠢᠶᠠᠷ ᠬᠡᠷᠡᠭᠯᠡᠬᠦ ᠶᠢ ᠠᠬᠢᠭᠤᠯᠤᠭᠰᠠᠨ ᠲᠤᠷᠰᠢᠯᠭ᠎ᠠ ᠬᠢᠳᠡᠯ ᠢ ᠳ᠋ᠦᠩᠨᠡᠨ ᠰᠢᠩᠭᠡᠭᠡᠨ ᠠᠪᠴᠤ᠂ ᠠᠨᠠᠭᠠᠬᠤ | ᠤᠬᠠᠭᠠᠨ ᠤ ᠵᠢᠮ᠎ᠡ ᠶᠣᠰᠣ ᠪᠠ ᠡᠮᠴᠢᠯᠡᠭᠡᠨ ᠳᠤ ᠬᠡᠷᠡᠭᠯᠡᠬᠦ ᠡᠮ ᠤᠨ ᠬᠡᠷᠡᠭᠴᠡᠭᠡ ᠱᠠᠭᠠᠷᠳᠠᠯᠭ᠎ᠠ ᠶᠢ ᠭᠦᠢᠴᠡᠳ | ᠬᠦᠨᠳᠦᠳᠬᠡᠵᠦ᠂ ᠡᠮᠴᠢᠯᠡᠭᠡ ᠶᠢᠨ ᠳᠠᠭᠠᠳᠬᠠᠯ᠂ ᠡᠳ᠋ ᠤᠨ ᠵᠠᠰᠠᠭ ᠵᠡᠷᠭᠡ ᠲᠥᠷᠥ ᠶᠢᠨ ᠪᠣᠳᠣᠯᠭ᠎ᠠ ᠶᠢᠨ | ᠬᠥᠰᠢᠭᠦᠷᠭᠡ ᠶᠢᠨ ᠦᠢᠯᠡᠳᠦᠯ ᠢ ᠶᠡᠷᠦᠩᠬᠡᠶᠢᠯᠡᠨ ᠪᠠᠳᠠᠷᠠᠭᠤᠯᠵᠤ᠂ ᠣᠯᠠᠨ ᠬᠠᠷᠠᠭᠠᠰᠤ ᠠᠴᠠ ᠦᠨᠳᠦᠰᠦᠨ ᠡᠮ ᠢ | ᠤᠷᠢᠳ ᠢᠶᠠᠷ ᠬᠡᠷᠡᠭᠯᠡᠬᠦ ᠶᠢ ᠠᠬᠢᠭᠤᠯᠬᠤ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠪᠠ᠃ | ᠨᠢᠭᠡ ᠳᠤ᠂ ᠦᠨᠳᠦᠰᠦᠨ ᠡᠮ ᠤᠨ ᠬᠡᠷᠡᠭᠯᠡᠬᠦ ᠬᠡᠮᠵᠢᠶ᠎ᠡ ᠶᠢ ᠳᠡᠭᠡᠭᠰᠢᠯᠡᠭᠦᠯᠦᠨ᠂ ᠦᠨᠳᠦᠰᠦᠨ ᠡᠮ ᠢ ᠲᠣᠮᠣ | ᠡᠮᠨᠡᠯᠭᠡ ᠶᠢᠨ ᠬᠤᠷᠢᠶ᠎ᠠ ᠶᠢ ᠪᠠᠭᠲᠠᠭᠠᠭᠰᠠᠨ ᠡᠯ᠎ᠡ ᠱᠠᠲᠤᠨ ᠤ ᠡᠮᠴᠢᠯᠡᠭᠡ ᠶᠢᠨ ᠪᠠᠶᠢᠭᠤᠯᠤᠮᠵᠢ ᠳᠤ ᠲᠣᠬᠢᠷᠠᠭᠤᠯᠤᠨ | ᠬᠡᠷᠡᠭᠯᠡᠬᠦ ᠶᠢ ᠴᠢᠬᠤᠯᠠᠴᠢᠯᠠᠵᠤ᠂ ︽ᠰᠠᠨᠠᠯ︾ ᠳᠤ ᠮᠤᠵᠢ ᠪᠠᠷ ᠨᠢᠭᠡᠴᠢ ᠪᠣᠯᠭᠠᠨ ᠠᠯᠪᠠᠨ ᠠᠴᠠ ᠡᠷᠬᠢᠯᠡᠭᠰᠡᠨ | ᠡᠮᠴᠢᠯᠡᠭᠡ ᠶᠢᠨ ᠪᠠᠶᠢᠭᠤᠯᠤᠮᠵᠢ ᠶᠢᠨ ᠦᠨᠳᠦᠰᠦᠨ ᠡᠮ ᠤᠨ ᠬᠡᠷᠡᠭᠯᠡᠬᠦ ᠬᠠᠷᠢᠴᠠᠯ ᠢ ᠲᠣᠳᠣᠷᠬᠠᠶᠢᠯᠠᠵᠤ᠂ ᠳᠡᠭᠡᠳᠦ | ᠳᠣᠣᠷᠠᠳᠤ ᠱᠠᠲᠤᠨ ᠤ ᠡᠮᠴᠢᠯᠡᠭᠡ ᠶᠢᠨ ᠪᠠᠶᠢᠭᠤᠯᠤᠮᠵᠢ ᠶᠢᠨ ᠡᠮ ᠬᠡᠷᠡᠭᠯᠡᠬᠦ ᠶᠢ ᠰᠠᠶᠢᠲᠤᠷ ᠵᠣᠯᠭᠠᠯᠳᠤᠭᠤᠯᠬᠤ ᠬᠡᠷᠡᠭᠲᠡᠢ | ᠭᠡᠵᠦ ᠱᠠᠭᠠᠷᠳᠠᠪᠠ᠃ ᠬᠤᠶᠠᠷ ᠲᠤ᠂ ᠦᠨᠳᠦᠰᠦᠨ ᠡᠮ ᠤᠨ ᠮᠡᠳᠡᠷᠡᠨ ᠵᠥᠪᠰᠢᠶᠡᠷᠡᠬᠦ ᠬᠡᠮᠵᠢᠶ᠎ᠡ ᠶᠢ ᠳᠡᠭᠡᠭᠰᠢᠯᠡᠭᠦᠯᠦᠨ᠂ | ᠡᠮ ᠤᠨ ᠵᠦᠢᠯᠡᠰ ᠢ ᠲᠥᠪᠯᠡᠷᠡᠭᠦᠯᠵᠦ ᠬᠤᠳᠠᠯᠳᠤᠨ ᠠᠪᠬᠤ ᠲᠠᠪᠴᠠᠩ ᠪᠠ ᠡᠮᠴᠢᠯᠡᠭᠡ ᠶᠢᠨ ᠪᠠᠶᠢᠭᠤᠯᠤᠮᠵᠢ ᠶᠢᠨ | ᠮᠡᠳᠡᠭᠡ ᠵᠠᠩᠭᠢ ᠶᠢᠨ ᠰᠢᠰᠲ᠋ᠧᠮ ᠳᠤ ᠦᠨᠳᠦᠰᠦᠨ ᠡᠮ ᠶᠢᠨ ᠲᠤᠬᠠᠢ ᠲᠣᠳᠣᠷᠬᠠᠶᠢᠯᠠᠯᠲᠠ ᠬᠢᠵᠦ᠂ ᠡᠮᠴᠢᠯᠡᠭᠡ ᠶᠢᠨ | ᠪᠠᠶᠢᠭᠤᠯᠤᠮᠵᠢ ᠶᠢᠨ ᠤᠷᠢᠳ ᠢᠶᠠᠷ ᠬᠤᠳᠠᠯᠳᠤᠨ ᠠᠪᠬᠤ᠂ ᠡᠮᠴᠢ ᠨᠠᠷ ᠤᠨ ᠤᠷᠢᠳ ᠢᠶᠠᠷ ᠬᠡᠷᠡᠭᠯᠡᠬᠦ ᠶᠢ ᠰᠠᠨᠠᠭᠤᠯᠬᠤ | ᠬᠡᠷᠡᠭᠲᠡᠢ ᠭᠡᠵᠦ ᠱᠠᠭᠠᠷᠳᠠᠪᠠ᠃ ᠭᠤᠷᠪᠠ ᠳᠤ᠂ ᠦᠨᠳᠦᠰᠦᠨ ᠡᠮ ᠤᠨ ᠲᠤᠬᠠᠢ ᠪᠣᠯᠪᠠᠰᠤᠷᠠᠭᠤᠯᠬᠤ ᠡᠷᠴᠢᠮ ᠢ | ᠴᠢᠩᠭᠠᠷᠠᠭᠤᠯᠤᠨ᠂ ᠡᠮᠴᠢ᠂ ᠡᠮ ᠨᠠᠶᠢᠷᠠᠭᠴᠢ ᠪᠠ ᠬᠠᠮᠢᠶᠠᠷᠤᠭᠴᠢ ᠳᠤ ᠦᠨᠳᠦᠰᠦᠨ ᠡᠮ ᠤᠨ ᠳᠦᠷᠢᠮ ᠪᠠ | ᠦᠨᠳᠦᠰᠦᠨ ᠡᠮ ᠤᠨ ᠡᠮᠴᠢᠯᠡᠭᠡᠨ ᠤ ᠬᠡᠷᠡᠭᠯᠡᠯᠲᠡ ᠶᠢᠨ ᠵᠦᠭᠯᠡᠭᠦᠷ᠂ ᠵᠣᠷ ᠤᠨ ᠲᠤᠬᠠᠢ ᠨᠡᠶᠢᠳᠡᠮ ᠳᠤ ᠨᠢ | ᠲᠥᠪᠯᠡᠷᠡᠭᠦᠯᠦᠭᠰᠡᠨ ᠪᠣᠯᠪᠠᠰᠤᠷᠠᠭᠤᠯᠤᠯ ᠥᠷᠨᠢᠭᠦᠯᠵᠦ᠂ ᠦᠨᠳᠦᠰᠦᠨ ᠡᠮ ᠢ ᠵᠦᠢ ᠵᠣᠬᠢᠰᠲᠠᠢ ᠬᠡᠷᠡᠭᠯᠡᠬᠦ ᠪᠠ | ᠬᠠᠮᠢᠶᠠᠷᠬᠤ ᠬᠢᠷᠢ ᠲᠦᠪᠰᠢᠨ ᠢ ᠨᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ ᠭᠡᠵᠦ ᠱᠠᠭᠠᠷᠳᠠᠪᠠ᠃ ᠳᠥᠷᠪᠡ ᠳᠤ᠂ | ᠡᠮᠴᠢᠯᠡᠭᠡᠨ ᠤ ᠬᠡᠷᠡᠭᠯᠡᠯᠲᠡ ᠶᠢ ᠬᠢᠨᠠᠨ ᠰᠢᠨᠵᠢᠬᠦ ᠶᠢ ᠴᠢᠩᠭᠠᠳᠬᠠᠨ᠂ ᠤᠯᠤᠰ᠂ ᠮᠤᠵᠢ ᠬᠤᠶᠠᠷ ᠱᠠᠲᠤᠨ ᠤ ᠡᠮ ᠤᠨ | ᠵᠦᠢᠯᠡᠰ ᠤᠨ ᠬᠡᠷᠡᠭᠯᠡᠯᠲᠡ ᠶᠢ ᠬᠢᠨᠠᠨ ᠰᠢᠨᠵᠢᠬᠦ ᠲᠠᠪᠴᠠᠩ ᠵᠢᠴᠢ ᠤᠯᠤᠰ᠂ ᠮᠤᠵᠢ᠂ ᠲᠤᠰᠬᠠᠢ ᠣᠷᠣᠨ ᠬᠤᠲᠠ᠂ | ᠰᠢᠶᠠᠨ ᠳᠥᠷᠪᠡᠨ ᠱᠠᠲᠤᠨ ᠤ ᠬᠢᠨᠠᠨ ᠰᠢᠨᠵᠢᠬᠦ ᠲᠣᠣᠷ ᠰᠦᠯᠵᠢᠶᠡᠨ ᠤ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠵᠦ᠂ | ᠡᠮᠴᠢᠯᠡᠭᠡ ᠶᠢᠨ ᠪᠠᠶᠢᠭᠤᠯᠤᠮᠵᠢ ᠳᠤ ᠬᠤᠪᠢᠶᠠᠷᠢᠯᠠᠭᠰᠠᠨ ᠦᠨᠳᠦᠰᠦᠨ ᠡᠮ ᠤᠨ ᠲᠥᠷᠥᠯ ᠵᠦᠢᠯ᠂ ᠬᠡᠷᠡᠭᠯᠡᠭᠰᠡᠨ | ᠲᠤᠭ᠎ᠠ ᠬᠡᠮᠵᠢᠶ᠎ᠡ᠂ ᠬᠤᠳᠠᠯᠳᠤᠨ ᠠᠪᠤᠭᠰᠠᠨ ᠦᠨ᠎ᠡ ᠬᠠᠩᠰᠢ᠂ ᠬᠠᠩᠭᠠᠵᠤ ᠲᠣᠬᠢᠷᠠᠭᠤᠯᠤᠨ ᠬᠦᠷᠭᠡᠭᠰᠡᠨ ᠵᠡᠷᠭᠡ | ᠮᠡᠳᠡᠭᠡ ᠵᠠᠩᠭᠢ᠂ ᠵᠢᠴᠢ ᠵᠣᠷ ᠤᠨ ᠡᠮ ᠢ ᠬᠡᠷᠡᠭᠯᠡᠭᠰᠡᠨ ᠨᠢ ᠣᠨᠣᠰᠢᠯᠠᠨ ᠡᠮᠨᠡᠬᠦ ᠵᠢᠷᠤᠮᠵᠢᠯ ᠲᠠᠢ ᠨᠡᠶᠢᠴᠡᠭᠰᠡᠨ | ᠡᠰᠡᠬᠦ ᠶᠢ ᠭᠤᠣᠯᠳᠠᠯᠭ᠎ᠠ ᠲᠠᠢ ᠬᠢᠨᠠᠨ ᠰᠢᠨᠵᠢᠵᠦ᠂ ᠵᠣᠷ ᠲᠤ ᠦᠨᠡᠯᠡᠯᠲᠡ ᠬᠢᠬᠦ ᠪᠠᠷ ᠳᠠᠮᠵᠢᠭᠤᠯᠤᠨ ᠵᠦᠢ ᠶᠣᠰᠣᠨ ᠤ | ᠰᠢᠯᠲᠠᠭᠠᠨ ᠦᠭᠡᠢ ᠪᠠᠷ ᠦᠨᠳᠦᠰᠦᠨ ᠡᠮ ᠢ ᠬᠠᠮᠤᠭ ᠲᠡᠷᠢᠭᠦᠨ ᠳᠤ ᠥᠯᠥ ᠰᠣᠩᠭᠤᠭᠰᠠᠨ ᠢ ᠰᠡᠷᠡᠵᠦ ᠢᠯᠡᠷᠡᠭᠦᠯᠪᠡᠯ | ᠮᠡᠳᠡᠭᠡᠯᠡᠨ ᠨᠡᠪᠲᠡᠷᠡᠭᠦᠯᠦᠨ᠎ᠡ᠃ ᠲᠠᠪᠤ ᠳᠤ᠂ ᠡᠮᠴᠢᠯᠡᠭᠡ ᠶᠢᠨ ᠪᠠᠶᠢᠭᠤᠯᠤᠮᠵᠢ ᠶᠢᠨ ᠳᠣᠲᠣᠭᠠᠳᠤ ᠠᠴᠠ ᠡᠭᠦᠰᠦᠭᠰᠡᠨ | ᠬᠥᠳᠡᠯᠭᠡᠭᠴᠢ ᠬᠦᠴᠦᠨ ᠢ ᠴᠢᠩᠭᠠᠷᠠᠭᠤᠯᠤᠨ᠂ ᠡᠮᠴᠢᠯᠡᠭᠡ ᠶᠢᠨ ᠳᠠᠭᠠᠳᠬᠠᠯ ᠤᠨ ᠣᠯᠭᠤᠨ ᠥᠭᠬᠦ ᠠᠷᠭ᠎ᠠ | ᠬᠡᠯᠪᠡᠷᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠳᠠᠮᠵᠢᠭᠤᠯᠵᠤ᠂ ᠡᠮᠴᠢᠯᠡᠭᠡ ᠶᠢᠨ ᠳᠠᠭᠠᠳᠬᠠᠯ ᠤᠨ ᠡᠷᠬᠢᠯᠡᠨ | ᠭᠦᠢᠴᠡᠳᠬᠡᠬᠦ ᠪᠠᠶᠢᠭᠤᠯᠤᠮᠵᠢ ᠬᠢᠭᠡᠳ ᠡᠮᠴᠢᠯᠡᠭᠡ ᠶᠢᠨ ᠪᠠᠶᠢᠭᠤᠯᠤᠮᠵᠢ ᠶᠢᠨ ᠬᠤᠭᠤᠷᠣᠨᠳᠤ ᠪᠠᠨ ︽ᠦᠯᠡᠳᠡᠪᠦᠷᠢ ᠶᠢ | ᠦᠯᠡᠳᠡᠭᠡᠨ ᠬᠡᠷᠡᠭᠯᠡᠬᠦ᠂ ᠬᠡᠲᠦᠷᠡᠭᠰᠡᠨ ᠵᠣᠬᠢᠰᠲᠠᠢ ᠵᠠᠷᠤᠯᠭ᠎ᠠ ᠶᠢ ᠬᠤᠪᠢᠳᠠᠨ ᠡᠭᠦᠷᠭᠡᠯᠡᠬᠦ︾ ᠤᠷᠮᠠᠰᠢᠭᠤᠯᠬᠤ ᠪᠠ | ᠲᠦᠭᠰᠢᠭᠦᠷᠢ ᠶᠢ ᠬᠤᠪᠢᠳᠠᠨ ᠡᠭᠦᠷᠭᠡᠯᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ ᠦᠨᠳᠦᠰᠦᠨ ᠡᠮ ᠢ | ᠬᠡᠷᠡᠭᠯᠡᠭᠰᠡᠨ ᠪᠠᠶᠢᠳᠠᠯ ᠬᠢᠭᠡᠳ ᠦᠨᠳᠦᠰᠦᠨ ᠱᠠᠲᠤᠨ ᠠᠴᠠ ᠦᠨᠳᠦᠰᠦᠨ ᠡᠮ ᠤᠨ ᠳᠦᠷᠢᠮ ᠢ ᠬᠡᠷᠡᠭᠵᠢᠭᠦᠯᠦᠨ | ᠨᠥᠬᠦᠪᠦᠷᠢ ᠪᠡᠯᠡ ᠮᠥᠩᠭᠦ ᠶᠢ ᠰᠢᠯᠵᠢᠭᠦᠯᠦᠨ ᠣᠯᠭᠤᠬᠤ ᠶᠢ ᠬᠤᠯᠪᠣᠭᠳᠠᠭᠤᠯᠤᠨ᠎ᠠ᠃ ᠵᠢᠷᠭᠤᠭ᠎ᠠ ᠳᠤ᠂ ᠦᠨᠳᠦᠰᠦᠨ | ᠡᠮ ᠢ ᠬᠡᠷᠡᠭᠯᠡᠭᠰᠡᠨ ᠠᠵᠢᠯ ᠤᠨ ᠦᠷ᠎ᠡ ᠪᠦᠲᠦᠮᠵᠢ ᠶᠢ ᠦᠨᠡᠯᠡᠨ ᠵᠢᠱᠢᠬᠦ ᠶᠢ ᠴᠢᠩᠭᠠᠳᠬᠠᠨ᠂ ᠦᠨᠳᠦᠰᠦᠨ ᠡᠮ ᠢᠶᠠᠷ | ᠭᠤᠣᠯᠳᠠᠯᠭ᠎ᠠ ᠪᠣᠯᠭᠠᠭᠰᠠᠨ ᠡᠮ ᠤᠨ ᠵᠦᠢᠯᠡᠰ ᠤᠨ ᠡᠮᠴᠢᠯᠡᠭᠡᠨ ᠤ ᠶᠡᠷᠦᠩᠬᠡᠶᠢᠯᠡᠭᠰᠡᠨ ᠦᠨᠡᠯᠡᠯᠲᠡ ᠵᠢᠱᠢᠯᠲᠡ ᠶᠢ | ᠥᠷᠨᠢᠭᠦᠯᠬᠦ ᠶᠢᠨ ᠬᠠᠮᠲᠤ᠂ ᠦᠨᠳᠦᠰᠦᠨ ᠡᠮ ᠶᠢᠨ ᠲᠦᠭᠦᠬᠡᠢ ᠮᠠᠲ᠋ᠧᠷᠢᠶᠠᠯ ᠤᠨ ᠬᠠᠩᠭᠠᠯᠭ᠎ᠠ ᠠᠴᠠ ᠦᠢᠯᠡᠳᠪᠦᠷᠢᠯᠡᠯ᠂ | ᠭᠦᠢᠯᠭᠡᠭᠡ᠂ ᠬᠡᠷᠡᠭᠯᠡᠯᠲᠡ᠂ ᠦᠨ᠎ᠡ ᠬᠠᠩᠰᠢ᠂ ᠳᠠᠩᠰᠠ ᠲᠠᠶᠢᠯᠠᠯᠲᠠ ᠵᠡᠷᠭᠡ ᠪᠦᠬᠦ ᠶᠠᠪᠤᠴᠠ ᠳᠤ ᠬᠥᠳᠡᠯᠦᠩᠭᠦᠢ ᠪᠠᠷ | ᠬᠢᠨᠠᠨ ᠰᠢᠨᠵᠢᠬᠦ ᠶᠢ ᠬᠡᠷᠡᠭᠵᠢᠭᠦᠯᠵᠦ᠂ ᠡᠮᠴᠢᠯᠡᠭᠡᠨ ᠳᠤ ᠠᠮᠤᠷ ᠲᠦᠪᠰᠢᠨ ᠪᠥᠭᠡᠳ ᠵᠦᠢ ᠵᠣᠬᠢᠰᠲᠠᠢ ᠪᠠᠷ ᠡᠮ | ᠬᠡᠷᠡᠭᠯᠡᠬᠦ ᠶᠢ ᠵᠢᠯᠣᠭᠤᠳᠬᠤ ᠪᠠᠷ ᠪᠠᠷᠠᠬᠤ ᠦᠭᠡᠢ᠂ ᠦᠨᠳᠦᠰᠦᠨ ᠡᠮ ᠤᠨ ᠭᠠᠷᠴᠠᠭ ᠲᠤ ᠬᠥᠳᠡᠯᠦᠩᠭᠦᠢ ᠪᠠᠷ | ᠲᠣᠬᠢᠷᠠᠭᠤᠯᠤᠯᠲᠠ ᠬᠢᠬᠦ᠂ ᠳᠦᠷᠢᠮ ᠤᠨ ᠠᠷᠠᠳ ᠲᠤ ᠠᠰᠢᠭ ᠬᠦᠷᠲᠡᠭᠡᠭᠰᠡᠨ ᠦᠷ᠎ᠡ ᠪᠦᠲᠦᠮᠵᠢ ᠶᠢ ᠦᠨᠡᠯᠡᠨ ᠵᠢᠱᠢᠬᠦ᠂ | ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠬᠦ ᠳᠤ ᠪᠤᠰᠤᠳᠴᠢ ᠦᠨᠳᠦᠰᠦᠯᠡᠯ ᠬᠠᠩᠭᠠᠨ᠎ᠠ᠃ | ᠨᠠᠢᠮᠠ᠂ ᠦᠨᠳᠦᠰᠦᠨ ᠡᠮ ᠤᠨ ᠶᠠᠰᠤ ᠴᠢᠨᠠᠷ ᠤᠨ ᠠᠮᠤᠷ ᠲᠦᠪᠰᠢᠨ ᠪᠥᠭᠡᠳ ᠨᠠᠶᠢᠳᠠᠪᠤᠷᠢᠲᠠᠢ ᠪᠠᠶᠢᠬᠤ ᠶᠢ | ᠪᠠᠲᠤᠯᠠᠬᠤ ᠶᠠᠮᠠᠷ ᠶᠠᠮᠠᠷ ᠠᠷᠭ᠎ᠠ ᠬᠡᠮᠵᠢᠶ᠎ᠡ ᠪᠠᠶᠢᠬᠤ ᠪᠣᠢ︖ | ᠤᠯᠤᠰ ᠤᠨ ᠡᠮ ᠤᠨ ᠵᠦᠢᠯᠡᠰ ᠤᠨ ᠠᠮᠤᠷ ᠲᠦᠪᠰᠢᠨ ᠤ ᠲᠥᠯᠥᠪᠵᠢᠭᠦᠯᠭᠡ ᠳᠤ ᠦᠨᠳᠦᠰᠦᠨ ᠡᠮ ᠢ | ᠶᠡᠷᠦ ᠠᠴᠠ ᠭᠤᠣᠯᠳᠠᠯᠭ᠎ᠠ ᠲᠠᠢ ᠪᠠᠷ ᠤᠷᠢᠳ ᠢᠶᠠᠷ ᠬᠥᠭᠵᠢᠭᠦᠯᠬᠦ ᠪᠠᠶᠢᠷᠢ ᠰᠠᠭᠤᠷᠢ ᠳᠤ ᠲᠠᠯᠪᠢᠨ᠂ ᠦᠨᠳᠦᠰᠦᠨ | ᠡᠮ ᠤᠨ ᠶᠠᠰᠤ ᠴᠢᠨᠠᠷ ᠪᠠ ᠡᠮᠴᠢᠯ ᠤᠨ ᠲᠤᠰᠠ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠷᠠᠳ ᠲᠦᠮᠡᠨ ᠤ ᠡᠮ | ᠬᠡᠷᠡᠭᠯᠡᠬᠦ ᠠᠮᠤᠷ ᠲᠦᠪᠰᠢᠨ ᠢ ᠦᠨᠡᠨ ᠬᠦ ᠪᠠᠲᠤᠯᠠᠭᠰᠠᠭᠠᠷ ᠢᠷᠡᠪᠡ᠃ ︽ᠰᠠᠨᠠᠯ︾ ᠳᠤ ᠦᠢᠯᠡᠳᠪᠦᠷᠢᠯᠡᠬᠦ᠂ | ᠬᠤᠳᠠᠯᠳᠤᠨ ᠠᠪᠬᠤ᠂ ᠬᠡᠷᠡᠭᠯᠡᠬᠦ᠂ ᠦᠨᠡᠯᠡᠨ ᠵᠢᠱᠢᠬᠦ᠂ ᠬᠢᠨᠠᠨ ᠬᠠᠮᠢᠶᠠᠷᠬᠤ ᠵᠡᠷᠭᠡ ᠣᠯᠠᠨ ᠭᠤᠭᠴᠤᠭ᠎ᠠ ᠶᠢᠨ | ᠱᠠᠭᠠᠷᠳᠠᠯᠭ᠎ᠠ ᠶᠢ ᠲᠣᠳᠣᠷᠬᠠᠶᠢᠯᠠᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠠᠪᠴᠤ ᠦᠨᠳᠦᠰᠦᠨ ᠡᠮ ᠤᠨ ᠴᠢᠨᠠᠷ | ᠴᠢᠨᠰᠠᠭ᠎ᠠ ᠶᠢᠨ ᠰᠢᠯᠢᠳᠡᠭ ᠪᠠᠶᠢᠬᠤ ᠶᠢ ᠪᠠᠲᠤᠯᠠᠬᠤ ᠬᠡᠷᠡᠭᠲᠡᠢ ᠭᠡᠵᠡᠢ᠃ ᠨᠢᠭᠡ ᠳᠤ᠂ ᠪᠦᠲᠦᠭᠡᠭᠳᠡᠬᠦᠨ ᠢ ᠰᠤᠭᠤᠴᠢᠨ | ᠪᠠᠶᠢᠴᠠᠭᠠᠬᠤ ᠡᠷᠴᠢᠮ ᠢ ᠴᠢᠩᠭᠠᠷᠠᠭᠤᠯᠤᠨ᠂ ᠦᠨᠳᠦᠰᠦᠨ ᠡᠮ ᠤᠨ ᠪᠦᠬᠦ ᠲᠥᠷᠥᠯ ᠵᠦᠢᠯ ᠳᠤ ᠰᠤᠭᠤᠴᠢᠨ | ᠪᠠᠶᠢᠴᠠᠭᠠᠬᠤ ᠶᠢ ᠬᠠᠮᠤᠷᠤᠭᠤᠯᠬᠤ ᠶᠢ ᠬᠡᠷᠡᠭᠵᠢᠭᠦᠯᠵᠦ᠂ ᠰᠤᠭᠤᠴᠢᠨ ᠪᠠᠶᠢᠴᠠᠭᠠᠭᠰᠠᠨ ᠦᠷ᠎ᠡ ᠳ᠋ᠦᠩ ᠢ ᠨᠡᠶᠢᠭᠡᠮ ᠳᠤ | ᠴᠠᠭ ᠲᠤᠬᠠᠢ ᠳᠤ ᠨᠢ ᠨᠡᠶᠢᠲᠡᠯᠡᠨ᠎ᠡ᠃ ᠬᠤᠶᠠᠷ ᠲᠤ᠂ ᠲᠤᠬᠠᠢ ᠶᠢᠨ ᠭᠠᠵᠠᠷ ᠤᠨ ᠶᠠᠰᠤ ᠴᠢᠨᠠᠷ ᠤᠨ ᠬᠢᠨᠠᠯᠲᠠ | ᠬᠠᠮᠢᠶᠠᠷᠤᠯᠲᠠ ᠶᠢ ᠴᠢᠩᠭᠠᠳᠬᠠᠨ᠂ ᠦᠨᠳᠦᠰᠦᠨ ᠡᠮ ᠤᠨ ᠦᠢᠯᠡᠳᠪᠦᠷᠢᠯᠡᠬᠦ ᠭᠤᠭᠴᠤᠭ᠎ᠠ ᠳᠤ ᠬᠢᠨᠠᠯᠲᠠ ᠲᠠᠯᠪᠢᠵᠤ | ᠪᠠᠶᠢᠴᠠᠭᠠᠬᠤ ᠶᠢ ᠭᠤᠣᠯᠳᠠᠯᠭ᠎ᠠ ᠲᠠᠢ ᠥᠷᠨᠢᠭᠦᠯᠵᠦ᠂ ᠠᠵᠤ ᠠᠬᠤᠶᠢᠯᠠᠯ ᠤᠨ ᠬᠢᠨ ᠤ ᠳᠦᠷᠢᠮ ᠲᠣᠭᠲᠠᠭᠠᠯ ᠳᠤ | ᠨᠡᠶᠢᠴᠡᠭᠦᠯᠦᠨ ᠦᠢᠯᠡᠳᠪᠦᠷᠢᠯᠡᠬᠦ ᠶᠢ ᠰᠢᠮᠳᠠᠭᠤᠯᠵᠤ᠂ ᠶᠠᠰᠤ ᠴᠢᠨᠠᠷ ᠪᠠ ᠲᠤᠭ᠎ᠠ ᠬᠡᠮᠵᠢᠶ᠎ᠡ ᠶᠢ ᠪᠠᠲᠤᠯᠠᠨ᠎ᠠ᠃ | ᠭᠤᠷᠪᠠ ᠳᠤ᠂ ᠡᠮ ᠤᠨ ᠵᠦᠢᠯᠡᠰ ᠤᠨ ᠶᠠᠰᠤ ᠴᠢᠨᠠᠷ ᠢ ᠲᠦᠷᠭᠡᠳᠬᠡᠨ ᠳᠡᠭᠡᠭᠰᠢᠯᠡᠭᠦᠯᠵᠦ᠂ ᠳᠠᠭᠤᠷᠢᠶᠠᠮᠠᠯ ᠨᠠᠶᠢᠷᠠᠯᠭ᠎ᠠ | ᠲᠠᠢ ᠡᠮ ᠤᠨ ᠶᠠᠰᠤ ᠴᠢᠨᠠᠷ ᠪᠠ ᠡᠮᠴᠢᠯ ᠤᠨ ᠲᠤᠰᠠ ᠶᠢᠨ ᠨᠢᠭᠡᠳᠦᠯᠲᠦ ᠴᠢᠨᠠᠷᠲᠠᠢ ᠦᠨᠡᠯᠡᠯᠲᠡ ᠶᠢ ᠠᠬᠢᠭᠤᠯᠤᠨ᠂ | ᠠᠵᠤ ᠠᠬᠤᠶᠢᠯᠠᠯ ᠤᠳ ᠤᠨ ᠡᠮ ᠤᠨ ᠵᠦᠢᠯᠡᠰ ᠢ ᠵᠠᠬ᠎ᠠ ᠳᠡᠯᠭᠡᠭᠦᠷ ᠲᠤ ᠭᠠᠷᠭᠠᠭᠰᠠᠨ ᠤ ᠳᠠᠷᠠᠭ᠎ᠠ ᠳᠠᠬᠢᠨ ᠦᠨᠡᠯᠡᠯᠲᠡ | ᠬᠢᠬᠦ ᠶᠢ ᠵᠣᠷᠢᠭᠵᠢᠭᠤᠯᠤᠨ᠎ᠠ᠃ ᠳᠥᠷᠪᠡ ᠳᠤ᠂ ᠰᠢᠯᠢᠳᠡᠭ ᠨᠢ ᠢᠯᠠᠵᠤ ᠰᠢᠭᠠᠷᠤ ᠨᠢ ᠲᠠᠶᠠᠭᠳᠠᠬᠤ ᠲᠣᠭᠲᠠᠴᠠ ᠶᠢ | ᠪᠠᠶᠢᠭᠤᠯᠵᠤ᠂ ᠨᠢᠭᠡᠳᠦᠯᠲᠦ ᠴᠢᠨᠠᠷᠲᠠᠢ ᠦᠨᠡᠯᠡᠯᠲᠡ ᠶᠢ ᠳᠠᠮᠵᠢᠭᠰᠠᠨ ᠡᠮ ᠤᠨ ᠵᠦᠢᠯᠡᠰ ᠤᠨ ᠲᠥᠷᠥᠯ ᠵᠦᠢᠯ ᠳᠤ᠂ | ᠳᠡᠰ ᠳᠠᠷᠠᠭᠠᠯᠠᠯ ᠶᠣᠰᠣᠭᠠᠷ ᠦᠨᠳᠦᠰᠦᠨ ᠡᠮ ᠤᠨ ᠭᠠᠷᠴᠠᠭ ᠲᠤ ᠤᠷᠢᠳ ᠢᠶᠠᠷ ᠣᠷᠣᠭᠤᠯᠤᠨ᠎ᠠ᠃ ᠨᠢᠭᠡᠨᠲᠡ | ᠦᠨᠳᠦᠰᠦᠨ ᠡᠮ ᠤᠨ ᠭᠠᠷᠴᠠᠭ ᠲᠤ ᠣᠷᠣᠭᠤᠯᠤᠭᠰᠠᠨ ᠳᠠᠭᠤᠷᠢᠶᠠᠮᠠᠯ ᠨᠠᠶᠢᠷᠠᠯᠭ᠎ᠠ ᠲᠠᠢ ᠡᠮ ᠳᠤ᠂ ᠠᠵᠤ | ᠠᠬᠤᠶᠢᠯᠠᠯ ᠤᠳ ᠤᠨ ᠨᠢᠭᠡᠳᠦᠯᠲᠦ ᠴᠢᠨᠠᠷᠲᠠᠢ ᠦᠨᠡᠯᠡᠯᠲᠡ ᠬᠢᠬᠦ ᠶᠢ ᠵᠣᠷᠢᠭᠵᠢᠭᠤᠯᠤᠨ᠂ ᠨᠢᠭᠡᠳᠦᠯᠲᠦ ᠴᠢᠨᠠᠷᠲᠠᠢ | ᠦᠨᠡᠯᠡᠯᠲᠡ ᠶᠢ ᠥᠯᠥ ᠳᠠᠮᠵᠢᠭᠰᠠᠨ ᠦᠨᠳᠦᠰᠦᠨ ᠡᠮ ᠤᠨ ᠲᠥᠷᠥᠯ ᠵᠦᠢᠯ ᠢ ᠭᠠᠷᠴᠠᠭ ᠠᠴᠠ ᠠᠯᠬᠤᠮ ᠠᠯᠬᠤᠮ ᠢᠶᠠᠷ | ᠲᠣᠬᠢᠷᠠᠭᠤᠯᠤᠨ ᠭᠠᠷᠭᠠᠨ᠎ᠠ᠃ ᠡᠮᠴᠢᠯᠡᠭᠡ ᠶᠢᠨ ᠪᠠᠶᠢᠭᠤᠯᠤᠮᠵᠢ ᠶᠢᠨ ᠬᠢᠨ ᠤ ᠨᠢᠭᠡᠳᠦᠯᠲᠦ ᠴᠢᠨᠠᠷᠲᠠᠢ ᠦᠨᠡᠯᠡᠯᠲᠡ ᠶᠢ | ᠳᠠᠮᠵᠢᠭᠰᠠᠨ᠂ ᠦᠨ᠎ᠡ ᠬᠠᠩᠰᠢ ᠨᠢ ᠲᠣᠬᠢᠷᠠᠮᠵᠢᠲᠠᠢ ᠦᠨᠳᠦᠰᠦᠨ ᠡᠮ ᠢ ᠤᠷᠢᠳ ᠢᠶᠠᠷ ᠬᠤᠳᠠᠯᠳᠤᠨ ᠠᠪᠬᠤ ᠪᠠ | ᠬᠡᠷᠡᠭᠯᠡᠬᠦ ᠶᠢ ᠵᠣᠷᠢᠭᠵᠢᠭᠤᠯᠤᠨ᠎ᠠ᠃ ᠲᠠᠪᠤ ᠳᠤ᠂ ᠡᠷᠡᠭᠦᠯ ᠪᠤᠰᠤ ᠨᠥᠯᠥᠭᠡ ᠶᠢ ᠬᠢᠨᠠᠨ ᠰᠢᠨᠵᠢᠬᠦ ᠶᠢ ᠴᠢᠩᠭᠠᠳᠬᠠᠵᠤ᠂ | ᠡᠮ ᠤᠨ ᠵᠦᠢᠯᠡᠰ ᠤᠨ ᠠᠮᠤᠷ ᠲᠦᠪᠰᠢᠨ ᠤ ᠰᠡᠷᠡᠮᠵᠢᠯᠡᠭᠦᠯᠦᠯ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ | ᠲᠣᠭᠲᠠᠴᠠ ᠶᠢ ᠴᠢᠩᠭᠠᠷᠠᠭᠤᠯᠤᠨ᠎ᠠ᠃ |