10 ᠳ᠋ᠤᠭᠠᠷ ᠰᠠᠷ᠎ᠠ ᠶᠢᠨ 31 ᠤ ᠡᠳᠦᠷ᠂ ᠪᠦᠬᠦ ᠪᠥᠮᠪᠥᠷᠴᠡᠭ ᠤᠨ ᠲᠠᠩ ᠪᠡᠶᠡᠲᠦ ᠬᠡᠪᠴᠢᠶ᠎ᠡ ᠪᠠᠷ ᠬᠠᠮᠤᠭ | ᠤᠨ ᠶᠡᠭᠡ ᠴᠤᠯᠤ ᠴᠡᠪᠡᠷ ᠲᠠᠯᠠᠰᠲᠤ ᠴᠠᠬᠢᠭᠤᠷ ᠤᠨ ᠲᠦᠷᠦᠯ ᠵᠦᠢᠯ —— ᠥᠪᠥᠷ ᠮᠣᠩᠭᠤᠯ ᠤᠨ ᠲᠦᠩ ᠸᠧᠢ | ᠴᠤᠯᠤ ᠴᠡᠪᠡᠷ ᠲᠠᠯᠠᠰᠲᠤ ᠴᠠᠬᠢᠭᠤᠷ ᠤᠨ ᠲᠦᠷᠦᠯ ᠵᠦᠢᠯ ᠨᠢ ᠪᠤᠭᠤᠲᠤ ᠶᠢᠨ ᠲᠡᠮᠦᠷᠯᠢᠭ ᠭᠦᠨᠵᠡᠭᠡᠶ ᠡᠳ᠋ᠰᠢᠭᠦᠯᠬᠦ | ᠬᠦᠷᠢᠶᠡᠯᠡᠩ ᠲᠣᠭᠤᠷᠢᠭ ᠲᠤ ᠠᠰᠢᠭᠯᠠᠯᠲᠠ ᠳᠤ ᠣᠷᠣᠪᠠ᠃ | 2017 ᠣᠨ ᠤ 9 ᠳ᠋ᠦ᠋ᠭᠡᠷ ᠰᠠᠷ᠎ᠠ ᠳᠤ᠂ ᠲᠦᠩ ᠸᠧᠶ ᠪᠦᠯᠦᠭᠯᠡᠯ ᠨᠢ ᠪᠤᠭᠤᠲᠤ ᠬᠤᠲᠠ ᠳᠤ ᠴᠤᠯᠤ ᠴᠡᠪᠡᠷ | ᠲᠠᠯᠠᠰᠲᠤ ᠴᠠᠬᠢᠭᠤᠷ ᠤᠨ ᠳᠦᠷᠦᠯ ᠵᠦᠢᠯ ᠢ ᠪᠡᠯᠡ ᠣᠷᠤᠭᠤᠯᠤᠨ ᠪᠦᠳᠦᠭᠡᠨ ᠪᠠᠶᠢᠭᠤᠯᠪᠠ᠃ ᠲᠤᠰ ᠵᠢᠯ ᠤᠨ 10 | ᠳ᠋ᠤᠭᠠᠷ ᠰᠠᠷ᠎ᠠ ᠳᠤ ᠡᠬᠢᠯᠡᠭᠦᠯᠦᠨ᠂ 12 ᠰᠠᠷ᠎ᠠ ᠶᠢᠨ ᠬᠤᠭᠤᠴᠠᠭᠠᠨ ᠳᠤ ᠲᠥᠷᠥᠯ ᠵᠦᠶᠯ ᠨᠢ ᠵᠢᠩᠬᠢᠨᠢ ᠪᠠᠷ | ᠠᠰᠢᠭᠯᠠᠯᠲᠠ ᠳᠤ ᠣᠷᠣᠵᠤ᠂ ᠢᠵᠢᠯᠢ ᠲᠥᠷᠥᠯ ᠤᠨ ᠭᠠᠵᠠᠷ ᠣᠷᠣᠨ ᠤ ᠢᠵᠢᠯᠢ ᠲᠦᠷᠦᠯ ᠤᠨ ᠬᠡᠪᠴᠢᠶᠡᠲᠦ ᠠᠵᠤ | ᠠᠬᠤᠶᠢᠯᠠᠯ ᠤᠨ 18 ᠰᠠᠷ᠎ᠠ ᠰᠢᠬᠠᠮ ᠪᠦᠳᠦᠬᠡᠨ ᠪᠠᠶᠢᠭᠤᠯᠤᠯᠲᠠ ᠶᠢᠨ ᠦᠶᠡᠯᠡᠯ ᠤᠨ ᠬᠤᠭᠤᠴᠠᠭ᠎ᠠ ᠠᠴᠠ ᠬᠤᠯᠠ | ᠣᠬᠤᠷᠬᠠᠨ ᠪᠣᠯᠵᠤ᠂ ᠪᠦᠬᠦ ᠪᠥᠮᠪᠥᠷᠴᠡᠭ ᠤᠨ ᠳᠠᠩ ᠪᠡᠶᠡᠲᠦ ᠬᠡᠪᠴᠢᠶ᠎ᠡ ᠪᠠᠷ ᠬᠠᠮᠤᠭ ᠤᠨ ᠶᠡᠭᠡ᠂ ᠪᠦᠳᠦᠭᠡᠠ | ᠪᠠᠶᠢᠭᠤᠯᠤᠯᠲᠠ ᠶᠢᠨ ᠬᠤᠷᠳᠤᠴᠠ ᠬᠠᠮᠤᠭ ᠤᠨ ᠬᠤᠷᠳᠤᠨ ᠪᠣᠯᠵᠤ᠂ ᠪᠠᠰᠠ ᠡᠨᠡ ᠬᠦ ᠠᠵᠢᠯ ᠲᠥᠷᠥᠯ ᠤᠨ ᠢᠵᠢᠯᠢᠬᠡᠨ | ᠲᠥᠷᠥᠯ ᠵᠦᠶᠯ ᠤᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ︽ᠪᠥᠬᠦ ᠤᠯᠤᠰ ᠤᠨ ᠬᠤᠷᠳᠤᠴᠠ︾ ︽ | ᠪᠥᠬᠦ ᠪᠥᠮᠪᠥᠷᠴᠡᠭ ᠤᠨ ᠬᠤᠷᠳᠤᠴᠠ︾ ᠶᠢ ᠰᠢᠨᠡᠳᠬᠡᠪᠡ᠃ ᠡᠭᠦᠨ ᠤ ᠬᠠᠮᠲᠤ᠂ ᠲᠤᠰ ᠲᠥᠷᠥᠯ ᠵᠦᠢᠯ ᠨᠢ ᠤᠷᠠᠯᠠᠯ | ᠵᠢᠷᠤᠭᠯᠠᠯ ᠤᠨ ᠲᠡᠷᠢᠭᠦᠨ ᠤ ᠴᠢᠨᠠᠷ᠂ ᠰᠢᠰᠲ᠋ᠧᠮ ᠤᠨ ᠠᠵᠢᠯᠯᠠᠭᠠᠨ ᠤ ᠨᠠᠶᠢᠳᠠᠪᠤᠷᠢᠲᠤ ᠴᠢᠨᠠᠷ ᠵᠡᠷᠭᠡ ᠲᠠᠯ᠎ᠠ ᠪᠠᠷ | ᠬᠡᠳᠦᠨ ᠠᠷᠪᠠᠨ ᠵᠦᠢᠯ ᠢ ᠰᠢᠯᠢᠳᠡᠭᠵᠢᠭᠦᠯᠦᠭᠰᠡᠨ ᠪᠠ ᠳᠡᠭᠡᠭᠰᠢᠯᠡᠭᠦᠯᠵᠤ᠂ ᠠᠰᠢᠭᠯᠠᠯᠲᠠ ᠳᠤ ᠤᠷᠤᠬᠰᠠᠨ ᠤ ᠳᠠᠷᠠᠭ᠎ᠠ | 70% ᠠᠴᠠ ᠳᠡᠭᠡᠭᠰᠢᠬᠢ ᠦᠢᠯᠡᠳᠬᠦᠨ ᠨᠢ P ᠬᠡᠯᠪᠡᠷᠢ ᠶᠢᠨ ᠲᠠᠩ ᠲᠠᠯᠠᠰᠲᠤ ᠪᠣᠯᠤᠨ N ᠬᠡᠯᠪᠡᠷᠢ ᠶᠢᠨ ᠳᠠᠩ | ᠲᠠᠯᠠᠰᠲᠤ ᠶᠢᠨ ᠬᠡᠷᠡᠭᠴᠡᠭᠡ ᠶᠢ ᠬᠠᠩᠭᠠᠵᠤ ᠴᠢᠳᠠᠬᠤ ᠪᠣᠯᠣᠨ᠎ᠠ᠃ ᠲᠦᠷᠤᠯ ᠵᠦᠢᠯ ᠤᠨ ᠠᠰᠢᠭᠯᠠᠯᠲᠠ ᠳᠤ ᠣᠷᠣᠬᠤ ᠶᠢ | ᠳᠠᠭᠠᠯᠳᠤᠨ᠂ ᠮᠠᠨ ᠤ ᠤᠯᠤᠰ ᠤᠨ ᠴᠤᠯᠤ ᠴᠡᠪᠡᠷ ᠡᠯᠧᠺᠲᠷᠣᠨ ᠳᠡᠰ ᠤᠨ ᠲᠠᠯᠠᠰᠲᠤ ᠴᠠᠬᠢᠭᠤᠷ ︽ᠳᠤᠮᠳᠠᠳᠤ | ᠤᠯᠤᠰ ᠤᠨ ᠦᠢᠯᠡᠳᠬᠡᠯ︾ ᠤᠨ ᠬᠠᠷᠠᠯᠲᠠ ᠶᠢ ᠦᠨᠡᠨ ᠬᠦ ᠪᠡᠶᠡᠯᠡᠭᠦᠯᠵᠦ᠂ ᠮᠠᠨ ᠤ ᠤᠯᠤᠰ ᠤᠨ ᠴᠤᠯᠤ ᠴᠡᠪᠡᠷ | ᠲᠠᠯᠠᠰᠲᠤ ᠴᠠᠬᠢᠭᠤᠷ ᠤᠨ ᠠᠵᠤ ᠦᠢᠯᠡᠰ ᠤᠨ ᠪᠦᠬᠦ ᠪᠥᠮᠪᠥᠷᠴᠡᠭ ᠲᠠᠬᠢ ᠪᠠᠶᠢᠷᠢ ᠰᠠᠭᠤᠷᠢ ᠪᠣᠯᠣᠨ ᠥᠷᠢᠰᠥᠯᠳᠦᠬᠦ | ᠬᠦᠴᠦᠨ ᠢ ᠶᠡᠬᠡᠪᠡᠷ ᠳᠡᠭᠡᠭᠰᠢᠯᠡᠭᠦᠯᠵᠦ᠂ ᠳᠤᠤᠷᠠᠳᠤ ᠭᠤᠭᠴᠣᠭᠠᠨ ᠤ ᠲᠠᠯ᠎ᠠ ᠪᠠᠷ ᠭᠠᠳᠠᠭᠠᠳᠤ ᠣᠷᠤᠭᠤᠯᠤᠯᠲᠠ ᠳᠤ | ᠲᠥᠰᠢᠭᠯᠡᠬᠦ ᠶᠠᠪᠤᠳᠠᠯ ᠢ ᠤᠯᠠᠮ ᠨᠢᠭᠡ ᠠᠯᠬᠤᠮ ᠪᠠᠭᠤᠷᠠᠭᠤᠯᠤᠨ᠂ ᠡᠭᠦᠨ ᠤ ᠤᠯᠠᠮ ᠢᠶᠠᠷ ᠪᠦᠬᠦ ᠪᠥᠮᠪᠥᠷᠴᠡᠭ ᠤᠨ | ᠴᠤᠯᠤ ᠴᠡᠪᠡᠷ ᠲᠠᠯᠠᠰᠲᠤ ᠴᠠᠬᠢᠭᠤᠷ ᠤᠨ ᠠᠵᠤ ᠦᠢᠯᠡᠰ ᠤᠨ ᠥᠷᠢᠰᠥᠯᠳᠦᠭᠡᠨ ᠤ ᠪᠠᠶᠢᠷᠢᠰᠢᠯ ᠢ ᠡᠪᠳᠡᠬᠦ ᠪᠣᠯᠣᠨ᠎ᠠ᠃ |