ᠥᠪᠥᠷ ᠮᠣᠩᠭᠤᠯ ᠨᠡᠶᠢᠲᠡ 10.6 ᠲᠦᠮᠡᠨ ᠶᠠᠳᠠᠭᠤ ᠬᠦᠴᠢᠷᠳᠡᠯᠲᠡᠶ ᠬᠥᠮᠦᠨ ᠠᠮᠠ ᠶᠢ ᠣᠨᠳᠣᠣ ᠭᠠᠵᠠᠷ ᠲᠤ ᠨᠡᠭᠦᠯᠭᠡᠨ ᠲᠥᠪᠬᠢᠨᠡᠭᠦᠯᠪᠡ
ᠨᠡᠶᠢᠲᠡᠯᠡᠭᠰᠡᠨ ᠴᠠᠭ᠄
2018/11/1
     2016 ᠣᠨ ᠠᠴᠠ 2020 ᠣᠨ ᠪᠣᠯᠲᠠᠯ᠎ᠠ᠂ ᠥᠪᠥᠷ ᠮᠣᠩᠭᠤᠯ 16.8 ᠲᠦᠮᠡᠨ ᠶᠠᠳᠠᠭᠤ ᠬᠦᠴᠢᠷᠳᠡᠯᠲᠡᠢ ᠬᠥᠮᠦᠨ ᠠᠮᠠ ᠶᠢ ᠣᠨᠳᠣᠣ ᠭᠠᠵᠠᠷ ᠲᠤ ᠨᠡᠭᠦᠯᠭᠡᠨ ᠶᠠᠳᠠᠭᠤ ᠶᠢ ᠲᠡᠳᠬᠦᠬᠦ ᠪᠠᠷ ᠲᠥᠯᠥᠪᠯᠡᠪᠡ᠂ ᠡᠭᠦᠨ ᠳᠤ 10.6 ᠲᠦᠮᠡᠨ ᠬᠥᠮᠦᠨ ᠨᠢᠭᠡᠨᠲᠡ ᠨᠡᠭᠦᠵᠦ ᠰᠠᠭᠤᠷᠢᠰᠢᠪᠠ᠃ ᠡᠨᠡ ᠵᠢᠯ ᠥᠪᠥᠷ ᠮᠣᠩᠭᠤᠯ 4.93 ᠲᠦᠮᠡᠨ ᠶᠠᠳᠠᠭᠤ ᠬᠦᠴᠢᠷᠳᠡᠯᠲᠡᠶ ᠬᠥᠮᠦᠨ ᠠᠮᠠ ᠶᠢ ᠣᠨᠳᠣᠣ ᠭᠠᠵᠠᠷ ᠲᠤ ᠨᠡᠭᠦᠯᠭᠡᠨ ᠶᠠᠳᠠᠭᠤ ᠶᠢ ᠲᠡᠳᠬᠦᠵᠦ᠂ ᠲᠥᠪᠯᠡᠷᠡᠭᠦᠯᠦᠨ ᠲᠥᠪᠬᠢᠨᠡᠭᠦᠯᠬᠦ 418 ᠴᠡᠭ ᠢ ᠪᠦᠲᠦᠭᠡᠨ  ᠪᠠᠶᠢᠭᠤᠯᠬᠤ ᠪᠠᠷ ᠲᠥᠯᠥᠪᠯᠡᠨ᠂ 87% ᠲᠥᠷᠥᠯ ᠵᠦᠢᠯ ᠢ ᠨᠢᠭᠡᠨᠲᠡ ᠪᠠᠷᠢᠯᠭ᠎ᠠ ᠪᠠᠨ ᠡᠬᠢᠯᠡᠭᠦᠯᠦᠨ ᠪᠦᠳᠦᠭᠡᠨ ᠪᠠᠶᠢᠭᠤᠯᠵᠤ ᠪᠤᠢ᠃ ᠣᠨᠳᠣᠣ ᠭᠠᠵᠠᠷ ᠨᠡᠭᠦᠯᠭᠡᠨ ᠶᠠᠳᠠᠭᠤ ᠶᠢ ᠲᠡᠳᠬᠦᠬᠦ ᠶᠠᠪᠤᠴᠠ ᠳᠤ᠂ ᠥᠪᠥᠷ ᠮᠣᠩᠭᠤᠯ ᠬᠥᠮᠦᠨ ᠪᠦᠷᠢ ᠶᠢᠨ ᠣᠷᠣᠨ ᠰᠠᠭᠤᠴᠠ ᠶᠢᠨ ᠳᠤᠮᠳᠠᠴᠢ ᠲᠠᠯᠠᠪᠠᠶ ᠶᠢ 25 ᠲᠡᠭᠰᠢ ᠳᠥᠷᠪᠡᠯᠵᠢᠨ ᠮᠧᠲᠷ ᠠᠴᠠ ᠬᠡᠲᠦᠷᠡᠭᠦᠯᠬᠦ  ᠦᠭᠡᠢ ︽ᠪᠠᠷᠢᠮᠵᠢᠶ᠎ᠠ ᠱᠤᠭᠤᠮ︾ ᠪᠣᠯᠣᠨ ᠨᠡᠭᠦᠯᠭᠡᠨ ᠰᠢᠯᠵᠢᠭᠦᠯᠬᠦ ᠠᠴᠠ ᠪᠣᠯᠵᠤ ᠦᠷᠢᠲᠡᠬᠦ ᠦᠭᠡᠢ ᠪᠠᠶᠢᠬᠤ ︽ᠬᠤᠷᠢᠭ᠎ᠠ ᠱᠤᠭᠤᠮ︾᠎ ᠢ ᠴᠢᠩᠭ᠎ᠠ ᠰᠠᠬᠢᠵᠤ᠂ ᠨᠡᠭᠦᠯᠭᠡᠨ ᠰᠢᠯᠵᠢᠭᠦᠯᠬᠦ ᠶᠠᠳᠠᠭᠤ ᠬᠦᠴᠢᠷᠳᠡᠯᠲᠡᠶ ᠡᠷᠦᠬᠡ ᠶᠢᠨ ᠬᠤᠵᠢᠮ ᠤᠨ ᠠᠵᠤ ᠦᠢᠯᠡᠰ ᠢ ᠬᠥᠭᠵᠢᠭᠦᠯᠬᠦ ᠪᠠ ᠠᠵᠢᠯ ᠣᠯᠭᠤᠯᠲᠠ ᠶᠢ ᠲᠣᠭᠲᠠᠭᠤᠨ ᠪᠠᠶᠢᠯᠭᠠᠬᠤ ᠠᠰᠠᠭᠤᠳᠠᠯ ᠢ ᠭᠤᠣᠯᠳᠠᠯᠭ᠎ᠠ ᠲᠠᠢ ᠰᠢᠢᠳᠪᠦᠷᠢᠯᠡᠪᠡ᠃ ᠣᠶᠢᠯᠠᠭᠠᠭᠰᠠᠨ ᠢᠶᠠᠷ᠂ ᠥᠪᠥᠷ ᠮᠣᠩᠭᠤᠯ ᠲᠥᠪᠯᠡᠷᠡᠭᠦᠯᠦᠨ ᠲᠥᠪᠬᠢᠨᠡᠭᠦᠯᠬᠦ ᠪᠠ ᠲᠠᠷᠬᠠᠭᠠᠨ ᠲᠥᠪᠬᠢᠨᠡᠭᠦᠯᠬᠦ ᠬᠤᠶᠠᠷ ᠵᠦᠢᠯ ᠤᠨ ᠬᠡᠯᠪᠡᠷᠢ ᠪᠠᠷ ᠣᠨᠳᠣᠣ ᠭᠠᠵᠠᠷ ᠲᠤ ᠨᠡᠭᠦᠯᠭᠡᠨ ᠶᠠᠳᠠᠭᠤ ᠶᠢ ᠳᠡᠳᠬᠦᠵᠦ᠂ ᠨᠡᠭᠦᠵᠦ ᠣᠷᠣᠭᠰᠠᠨ ᠲᠣᠭᠤᠷᠢᠭ ᠲᠤ ᠴᠥᠮ ᠤᠰᠤ᠂ ᠴᠠᠬᠢᠯᠭᠠᠨ ᠨᠡᠪᠲᠡᠷᠡᠭᠦᠯᠬᠦ ᠵᠡᠷᠭᠡ ︽ᠲᠠᠪᠤ ᠶᠢ ᠨᠡᠪᠲᠡᠷᠡᠭᠦᠯᠬᠦ︾ ᠨᠥᠬᠦᠴᠡᠯ ᠵᠢᠴᠢ ᠰᠤᠷᠭᠠᠭᠤᠯᠢ ᠳᠤ ᠣᠷᠣᠬᠤ᠂ ᠡᠮᠨᠡᠭᠦᠯᠬᠦ᠂ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡ ᠲᠠᠢ ᠪᠠᠶᠢᠵᠤ᠂ ᠨᠡᠭᠦᠵᠦ ᠭᠠᠷᠤᠭᠰᠠᠨ ᠭᠠᠵᠠᠷ ᠣᠷᠣᠨ ᠢ ᠲᠠᠷᠢᠶᠠᠯᠠᠬᠤ ᠶᠢ ᠵᠣᠭᠰᠣᠭᠠᠵᠤ ᠤᠢ ᠰᠢᠭᠤᠶ ᠶᠢ ᠰᠡᠷᠭᠦᠭᠡᠬᠦ᠂ ᠮᠠᠯᠵᠢᠬᠤ ᠶᠢ ᠵᠣᠭᠰᠣᠭᠠᠵᠤ ᠡᠪᠡᠰᠦ ᠪᠡᠯᠴᠢᠭᠡᠷ ᠢ ᠰᠡᠷᠭᠦᠭᠡᠬᠦ ᠵᠡᠷᠭᠡ ᠠᠮᠢ ᠠᠬᠤᠶ ᠶᠢᠨ ᠪᠦᠳᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠡᠷᠡᠭᠵᠢᠭᠦᠯᠦᠯᠲᠡ ᠶᠢᠨ ᠬᠦᠷᠢᠶ᠎ᠡ ᠬᠡᠪᠴᠢᠶᠡᠨ ᠳᠤ ᠣᠷᠣᠭᠤᠯᠤᠨ᠂ ᠬᠦᠷᠢᠶᠡᠯᠡᠵᠦ ᠪᠢᠲᠡᠭᠦᠮᠵᠢᠯᠡᠨ᠂ ᠡᠪᠡᠰᠦ ᠲᠠᠷᠢᠵᠤ᠂ ᠣᠶᠢᠵᠢᠭᠤᠯᠵᠤ᠂ ᠨᠡᠭᠦᠵᠦ ᠭᠠᠷᠤᠭᠰᠠᠨ ᠤ ᠳᠠᠷᠠᠭ᠎ᠠ ᠨᠣᠭᠤᠭᠠᠷᠠᠭᠤᠯᠬᠤ ᠵᠣᠷᠢᠯᠭ᠎ᠠ ᠳᠤ ᠬᠦᠷᠦᠭᠦᠯᠵᠡᠢ᠃ ᠥᠨᠥ᠂ ᠥᠪᠥᠷ ᠮᠣᠩᠭᠤᠯ ᠨᠢᠭᠡᠨᠲᠡ ᠣᠨᠳᠣᠣ ᠭᠠᠵᠠᠷ ᠲᠤ ᠨᠡᠭᠦᠯᠭᠡᠨ ᠶᠠᠳᠠᠭᠤ ᠶᠢ ᠳᠡᠳᠬᠦᠬᠦ ᠶᠢ ᠭᠠᠵᠠᠷ ᠰᠢᠷᠣᠶ ᠶᠢᠨ ᠨᠡᠮᠡᠭᠳᠡᠯ ᠬᠠᠰᠤᠭᠳᠠᠯ ᠲᠠᠢ ᠬᠤᠯᠪᠣᠯᠳᠤᠭᠤᠯᠬᠤ ᠠᠵᠢᠯ ᠢ ᠡᠬᠢᠯᠡᠭᠦᠯᠵᠦ᠂ ᠬᠠᠮᠢᠶ᠎ᠠ ᠪᠦᠬᠦᠢ ᠲᠦᠷᠦᠯ ᠵᠦᠢᠯ ᠠᠴᠠ ᠪᠣᠢ ᠪᠣᠯᠣᠭᠰᠠᠨ ᠣᠷᠣᠯᠭ᠎ᠠ ᠶᠢ ᠠᠷᠠᠳ ᠢ ᠨᠡᠭᠦᠯᠭᠡᠵᠦ ᠬᠠᠭᠤᠴᠢᠨ ᠭᠡᠷ ᠪᠠᠶᠢᠰᠢᠩ ᠢ ᠨᠢ ᠨᠤᠷᠠᠭᠠᠬᠤ ᠪᠠ ᠭᠠᠵᠠᠷ ᠰᠢᠷᠣᠶ ᠶᠢᠨ ᠲᠠᠬᠢᠨ ᠬᠠᠭᠠᠯᠪᠤᠷᠢᠯᠠᠯᠲᠠ ᠶᠢᠨ ᠨᠥᠬᠦᠪᠥᠷᠢ ᠵᠢᠴᠢ ᠱᠠᠩᠨᠠᠯ ᠳᠤ ᠬᠡᠷᠡᠭᠯᠡᠬᠦ ᠶᠢ ᠭᠠᠷᠭᠠᠪᠠᠯ᠂ ᠦᠯᠡᠳᠡᠭᠰᠡᠨ ᠪᠡᠯᠡ ᠮᠥᠩᠭᠦ ᠶᠢ ᠨᠡᠭᠦᠯᠭᠡᠵᠦ ᠰᠢᠯᠵᠢᠭᠦᠯᠦᠭᠰᠡᠨ ᠠᠷᠠᠳ ᠤᠨ ᠳᠠᠷᠠᠭᠠᠴᠢ ᠶᠢᠨ ᠠᠵᠤ ᠦᠢᠯᠡᠰ ᠢ ᠬᠥᠭᠵᠢᠭᠦᠯᠬᠦ ᠪᠠ ᠠᠳᠠᠯ ᠦᠢᠯᠡᠰ ᠴᠣᠭᠴᠠᠯᠠᠨ ᠠᠵᠢᠯ ᠣᠯᠭᠤᠬᠤ ᠶᠢ ᠲᠡᠳᠬᠦᠨ ᠳᠡᠮᠵᠢᠬᠦ ᠳᠤ ᠬᠡᠷᠡᠭᠯᠡᠵᠦ ᠪᠤᠢ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号