ᠥᠪᠥᠷ ᠮᠣᠩᠭᠤᠯ ᠬᠤᠳᠠ ᠲᠣᠭᠤᠷᠢᠭ ᠤᠨ ᠬᠦᠨᠳᠦ ᠪᠣᠬᠢᠷᠲᠤᠯ ᠲᠠᠢ ᠠᠵᠤ ᠠᠬᠤᠶᠢᠯᠠᠯ ᠢ ︽ᠬᠤᠲᠠ ᠠᠴᠠ ᠭᠠᠷᠭᠠᠵᠤ ᠬᠦᠷᠢᠶᠡᠯᠡᠩ ᠳᠤ ᠣᠷᠣᠭᠤᠯᠬᠤ︾ ᠠᠵᠢᠯ ᠢ ᠲᠦᠯᠬᠢᠨ ᠠᠬᠢᠭᠤᠯᠵᠤ ᠪᠣᠢ
ᠨᠡᠶᠢᠲᠡᠯᠡᠭᠰᠡᠨ ᠴᠠᠭ᠄
2018/11/12
      ᠬᠤᠶᠢᠰᠢᠳᠠ ᠶᠢᠨ 3 ᠵᠢᠯ ᠳᠤ᠂ ᠥᠪᠥᠷ ᠮᠣᠩᠭᠤᠯ ᠣᠷᠣᠨ ᠪᠦᠰᠡ ᠶᠢᠨ ᠠᠵᠤ ᠦᠢᠯᠡᠰ ᠤᠨ ᠪᠠᠶᠢᠷᠢᠰᠢᠯ ᠢ ᠲᠣᠬᠢᠷᠠᠭᠤᠯᠬᠤ ᠡᠷᠴᠢᠮ ᠢᠶᠠᠨ ᠴᠢᠩᠭᠠᠷᠠᠭᠤᠯᠵᠤ᠂ ᠬᠤᠲᠠ ᠲᠣᠭᠤᠷᠢᠭ ᠤᠨ ᠬᠦᠨᠳᠦ ᠪᠣᠬᠢᠷᠲᠤᠯ ᠲᠠᠢ ᠠᠵᠤ ᠠᠬᠤᠶᠢᠯᠠᠯ ᠢ ᠬᠤᠲᠠ ᠠᠴᠠ ᠭᠠᠷᠭᠠᠵᠤ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠣᠷᠣᠭᠤᠯᠬᠤ ᠠᠵᠢᠯ ᠢ ᠲᠦᠯᠬᠢᠨ ᠠᠬᠢᠭᠤᠯᠵᠤ᠂ ᠠᠭᠠᠷ ᠮᠠᠨᠳᠠᠯ ᠤᠨ ᠪᠣᠬᠢᠷᠲᠤᠯ ᠪᠣᠳᠠᠰ ᠢ ᠲᠠᠷᠬᠠᠭᠠᠬᠤ ᠳᠤ ᠠᠰᠢᠭᠲᠠᠶ ᠬᠤᠲᠠ ᠶᠢᠨ ᠪᠠᠶᠢᠷᠢᠰᠢᠯ ᠢ ᠪᠤᠢ ᠪᠣᠯᠭᠠᠬᠤ ᠪᠠᠷ ᠪᠠᠶᠢᠨ᠎ᠠ᠃ ᠥᠪᠥᠷ ᠮᠣᠩᠭᠤᠯ ᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠣᠷᠳᠣᠨ ᠳᠤ ᠲᠥᠯᠥᠪᠯᠡᠭᠡ ᠲᠣᠭᠲᠠᠭᠠᠵᠤ᠂ ᠬᠤᠲᠠ ᠶᠢᠨ ᠲᠣᠭᠤᠷᠢᠭ ᠤᠨ ᠬᠡᠪᠴᠢᠶᠡᠨ ᠳᠣᠲᠣᠷᠠᠬᠢ ᠪᠤᠯᠤᠳ ᠲᠡᠮᠦᠷ᠂ ᠴᠢᠯᠠᠭᠤᠵᠢᠮᠠᠯ᠂ ᠬᠢᠮᠢ ᠶᠢᠨ ᠠᠵᠤ ᠦᠢᠯᠡᠳᠪᠦᠷᠢ᠂ ᠥᠩᠭᠡᠲᠦ ᠲᠡᠮᠦᠷᠯᠢᠭ᠂ ᠲᠡᠮᠦᠷᠯᠢᠭ ᠬᠠᠶᠢᠯᠤᠭᠤᠯᠬᠤ᠂ ᠱᠦᠢᠨᠢ᠂ ᠡᠮ ᠦᠢᠯᠡᠳᠬᠦ ᠵᠡᠷᠭᠡ ᠪᠣᠬᠢᠷᠲᠤᠯ ᠶᠡᠬᠡᠲᠡᠶ ᠠᠵᠤ ᠠᠬᠤᠶᠢᠯᠠᠯ ᠢ ᠬᠤᠭᠤᠴᠠᠭ᠎ᠠ ᠬᠢᠵᠠᠭᠠᠷᠯᠠᠨ ᠨᠡᠭᠦᠯᠭᠡᠵᠦ᠂ ᠵᠠᠰᠠᠨ ᠥᠭᠡᠷᠡᠴᠢᠯᠡᠬᠦ ᠬᠡᠷᠡᠭᠲᠡᠢ᠂ ᠬᠤᠭᠤᠴᠠᠭ᠎ᠠ ᠬᠡᠲᠦᠷᠡᠭᠰᠡᠨ ᠪᠠᠶᠢᠲᠠᠯ᠎ᠠ ᠬᠤᠲᠠ ᠠᠴᠠ ᠬᠠᠤᠯᠢ ᠶᠣᠰᠣᠭᠠᠷ ᠤᠬᠤᠷᠢᠨ ᠭᠠᠷᠬᠤ ᠦᠭᠡᠢ  ᠪᠠᠶᠢᠪᠠᠯ ᠦᠢᠯᠡᠳᠪᠦᠷᠢᠯᠡᠯ ᠢ ᠨᠢ ᠵᠣᠭᠰᠣᠭᠠᠬᠤ ᠬᠡᠷᠡᠭᠲᠡᠢ ᠭᠡᠵᠦ ᠱᠠᠭᠠᠷᠳᠠᠵᠠᠢ᠃      ᠥᠪᠥᠷ ᠮᠣᠩᠭᠤᠯ ᠲᠣᠳᠣᠷᠬᠠᠢ ᠴᠠᠭᠠᠵᠠᠯᠠᠬᠤ ᠪᠠ ᠬᠥᠭᠵᠢᠯᠲᠡ ᠶᠢ ᠨᠢ ᠬᠢᠵᠠᠭᠠᠷᠯᠠᠬᠤ ᠨᠢᠭᠡᠨᠲᠡ ᠬᠥᠭᠵᠢᠵᠦ ᠪᠠᠶᠢᠭ᠎ᠠ ᠠᠵᠢᠯ ᠲᠦᠷᠦᠯ᠂ ᠦᠢᠯᠡᠳᠪᠦᠷᠢᠯᠡᠯ ᠤᠨ ᠮᠡᠷᠭᠡᠰᠢᠯ ᠪᠣᠯᠤᠨ ᠠᠵᠤ ᠦᠢᠯᠡᠰ ᠤᠨ ᠭᠠᠷᠴᠠᠭ ᠢ ᠨᠢᠭᠡᠨᠲᠡ ᠨᠡᠶᠢᠲᠡᠯᠡᠵᠦ᠂ ᠣᠷᠴᠢᠨ ᠲᠣᠭᠤᠷᠢᠨ ᠤ ᠠᠭᠠᠷ ᠤᠨ ᠶᠠᠰᠤ ᠴᠢᠨᠠᠷ ᠤᠨ ᠪᠠᠷᠢᠮᠵᠢᠶ᠎ᠠ ᠳᠤ ᠬᠦᠷᠭᠦ ᠦᠭᠡᠢ ᠬᠤᠲᠠ ᠳᠤ ᠠᠵᠤ ᠦᠢᠯᠡᠰ ᠤᠨ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠤᠨ ᠪᠠᠷᠢᠮᠵᠢᠶ᠎ᠠ ᠶᠢ ᠴᠢᠩᠭ᠎ᠠ ᠲᠣᠭᠲᠠᠭᠠᠵᠤ᠂ ᠡᠨᠧᠷᠭᠢ ᠶᠢᠨ ᠬᠤᠷᠣᠭᠳᠠᠭᠤᠯᠤᠯ ᠶᠡᠬᠡᠲᠡᠶ᠂ ᠪᠣᠳᠠᠰ ᠤᠨ ᠬᠤᠷᠣᠭᠳᠠᠭᠤᠯᠤᠯ ᠶᠡᠬᠡᠲᠡᠶ ᠪᠠ ᠦᠢᠯᠡᠳᠪᠦᠷᠢᠯᠡᠬᠦ ᠴᠢᠳᠠᠪᠤᠷᠢ ᠨᠢ ᠦᠯᠡᠭᠦᠳᠡᠭᠰᠡᠨ᠂ ᠳᠣᠣᠷ᠎ᠠ ᠬᠢᠷᠢ ᠲᠦᠪᠰᠢᠨ ᠪᠦᠬᠦᠢ ᠳᠠᠪᠬᠤᠷᠳᠠᠭᠤᠯᠤᠨ ᠪᠦᠲᠦᠭᠡᠨ ᠪᠠᠶᠢᠭᠤᠯᠬᠤ ᠲᠥᠷᠥᠯ ᠵᠦᠢᠯ ᠵᠢᠴᠢ ᠪᠤᠰᠤᠳ ᠴᠢᠬᠤᠯᠠ ᠶᠡᠭᠡ ᠣᠷᠴᠢᠨ ᠲᠣᠭᠤᠷᠢᠨ ᠤ ᠠᠶᠤᠯ ᠲᠦᠭᠰᠢᠭᠦᠷᠢ ᠲᠠᠢ ᠪᠦᠳᠤᠭᠡᠨ ᠪᠠᠶᠢᠭᠤᠯᠤᠯᠲᠠ ᠳᠤ ᠬᠤᠯᠪᠣᠭᠳᠠᠬᠤ ᠲᠥᠷᠥᠯ ᠵᠦᠢᠯ ᠤᠨ ᠣᠷᠴᠢᠨ ᠲᠣᠭᠤᠷᠢᠨ ᠤ ᠦᠨᠡᠯᠡᠯᠲᠡ ᠶᠢᠨ ᠬᠢᠨᠠᠨ ᠵᠥᠪᠰᠢᠶᠡᠷᠡᠯ ᠢ ᠴᠢᠩᠭ᠎ᠠ ᠡᠵᠡᠮᠳᠡᠬᠦ ᠬᠡᠷᠡᠭᠲᠡᠢ ᠭᠡᠵᠦ ᠱᠠᠭᠠᠷᠳᠠᠪᠠ᠃      ᠥᠪᠥᠷ ᠮᠣᠩᠭᠤᠯ ᠪᠣᠯᠣᠳ ᠲᠡᠮᠦᠷ᠂ ᠱᠦᠢᠨᠢ᠂ ᠴᠠᠬᠢᠯᠭᠠᠨ ᠵᠠᠳᠠᠯᠤᠯ ᠤᠨ ᠬᠦᠩᠭᠡᠨ ᠴᠠᠭᠠᠨ᠂ ᠬᠠᠪᠲᠠᠭᠠᠶ ᠰᠢᠯ ᠵᠡᠷᠭᠡ ᠦᠢᠯᠡᠳᠪᠦᠷᠢᠯᠡᠬᠦ ᠴᠢᠳᠠᠪᠤᠷᠢ ᠨᠢ ᠦᠯᠡᠭᠦᠳᠡᠵᠦ ᠪᠠᠶᠢᠭ᠎ᠠ ᠠᠵᠢᠯ ᠲᠦᠷᠦᠯ ᠤᠨ ᠦᠢᠯᠡᠳᠪᠦᠷᠢᠯᠡᠬᠦ ᠴᠢᠳᠠᠪᠤᠷᠢ ᠪᠠᠨ ᠰᠢᠨ᠎ᠡ ᠪᠠᠷ ᠨᠡᠮᠡᠭᠳᠡᠭᠦᠯᠬᠦ ᠶᠢ ᠨᠢ ᠴᠢᠩᠭ᠎ᠠ ᠬᠢᠵᠠᠭᠠᠷᠯᠠᠵᠤ᠂ ᠲᠥᠷᠥᠯ ᠵᠦᠢᠯ ᠢ ᠨᠢ ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ᠂ ᠥᠷᠭᠡᠳᠬᠡᠨ ᠪᠠᠶᠢᠭᠤᠯᠬᠤ ᠳᠤ ᠦᠢᠯᠡᠳᠪᠦᠷᠢᠯᠡᠬᠦ ᠴᠢᠳᠠᠪᠤᠷᠢ ᠶᠢ ᠡᠷᠬᠡᠪᠰᠢ ᠲᠡᠩᠴᠡᠭᠦᠦ ᠬᠡᠮᠵᠢᠶ᠎ᠡ ᠪᠤᠶᠤ ᠬᠡᠮᠵᠢᠶ᠎ᠡ ᠶᠢ ᠨᠢ ᠪᠠᠭᠠᠰᠬᠠᠨ ᠰᠣᠯᠢᠬᠤ ᠬᠡᠷᠡᠭᠲᠡᠢ ᠭᠡᠵᠦ ᠲᠣᠳᠣᠷᠬᠠᠶ ᠲᠣᠭᠲᠠᠭᠠᠵᠠᠶ᠃ ᠠᠵᠤ ᠦᠢᠯᠡᠰ ᠤᠨ ᠪᠦᠲᠦᠴᠡ ᠳᠤ ᠲᠣᠬᠢᠷᠠᠭᠤᠯᠤᠯᠲᠠ ᠬᠢᠬᠦ ᠵᠢᠯᠣᠭᠤᠳᠤᠮᠵᠢ ᠶᠢᠨ ᠭᠠᠷᠴᠠᠭ ᠢ ᠦᠨᠳᠦᠰᠦᠯᠡᠨ᠂ ᠬᠤᠴᠣᠷᠤᠩᠭᠤᠶ ᠦᠢᠯᠡᠳᠪᠦᠷᠢᠯᠡᠬᠦ ᠴᠢᠳᠠᠪᠤᠷᠢ ᠶᠢ ᠰᠢᠯᠢᠳᠡᠭᠵᠢᠭᠦᠯᠬᠦ ᠡᠭᠦᠷᠭᠡ ᠶᠢ ᠬᠤᠭᠤᠴᠠᠭ᠎ᠠ ᠬᠢᠵᠠᠭᠠᠷᠯᠠᠨ ᠪᠡᠶᠡᠯᠡᠭᠦᠯᠵᠦ᠂ ᠭᠠᠳᠠᠭᠰᠢᠯᠠᠭᠤᠯᠤᠯᠲᠠ ᠶᠡᠬᠡᠲᠡᠶ᠂ ᠪᠣᠬᠢᠷᠲᠤᠯ ᠶᠡᠬᠡᠲᠡᠶ ᠠᠵᠤ ᠠᠬᠤᠶᠢᠯᠠᠯ ᠢ ᠰᠢᠯᠢᠳᠡᠭᠵᠢᠭᠦᠯᠬᠦ ᠡᠷᠴᠢᠮ ᠢ ᠴᠢᠩᠭᠠᠷᠠᠭᠤᠯᠤᠨ᠎ᠠ᠃      ᠣᠶᠢᠯᠠᠭᠠᠭᠰᠠᠨ ᠢᠶᠠᠷ᠂ ᠵᠢᠱᠢᠯᠲᠡ ᠪᠠᠷ 2020 ᠣᠨ ᠪᠣᠯᠬᠤ ᠳᠤ ᠥᠪᠥᠷ ᠮᠣᠩᠭᠤᠯ ᠤᠨ ᠡᠯ᠎ᠡ ᠲᠤᠰᠬᠠᠶ ᠣᠷᠣᠨ ᠤ ᠳᠡᠰ ᠠᠴᠠ ᠳᠡᠭᠡᠭᠰᠢᠬᠢ ᠬᠤᠲᠠ ᠶᠢᠨ ᠠᠭᠠᠷ ᠤᠨ ᠴᠢᠨᠠᠷ ᠰᠠᠶᠢᠲᠠᠢ ᠡᠳᠦᠷ ᠤᠨ ᠲᠤᠭ᠎ᠠ ᠶᠢᠨ ᠬᠠᠷᠢᠴᠠᠯ ᠤᠨ ᠬᠡᠮᠵᠢᠭᠳᠡᠯ ᠢ 83.8%᠎ ᠳᠤ ᠬᠦᠷᠭᠡᠭᠦᠯᠵᠦ᠂ ᠬᠦᠬᠦᠷ ᠤᠨ ᠳᠠᠪᠬᠤᠷ ᠢᠰᠦᠯ᠂ ᠠᠽᠣᠲ ᠤᠨ ᠢᠰᠦᠮᠡᠭ ᠪᠣᠳᠠᠰ ᠤᠨ ᠭᠠᠳᠠᠭᠰᠢᠯᠠᠭᠤᠯᠤᠯᠲᠠ ᠶᠢᠨ ᠶᠡᠷᠦᠩᠬᠡᠶ ᠬᠡᠮᠵᠢᠶ᠎ᠡ ᠶᠢ 2015 ᠣᠨ ᠤ ᠬᠢ ᠠᠴᠠ ᠲᠤᠰ ᠲᠤᠰ 15%᠂ 11%᠎ ᠪᠠᠷ ᠪᠠᠭᠠᠰᠬᠠᠬᠤ ᠪᠠᠷ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号