ᠥᠪᠡᠷᠲᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠦᠨᠳᠦᠰᠦᠨ ᠬᠠᠤᠯᠢ ᠶᠢ ᠬᠦᠨᠵᠡᠭᠡᠢ ᠰᠤᠷᠤᠯᠴᠠᠨ ᠤᠬᠠᠭᠤᠯᠬᠤ ᠪᠠ ᠲᠤᠭᠤᠰᠢᠯᠠᠭᠤᠯᠤᠨ ᠬᠡᠷᠡᠭᠵᠢᠭᠦᠯᠭᠦ ᠶᠠᠷᠢᠯᠴᠠᠬᠤ ᠬᠤᠷᠠᠯ ᠬᠢᠵᠠᠢ
ᠨᠡᠶᠢᠲᠡᠯᠡᠭᠰᠡᠨ ᠴᠠᠭ᠄
2018/11/12
     11 ᠳ᠋ᠦ᠋ᠭᠡᠷ ᠰᠠᠷ᠎ᠠ ᠶᠢᠨ 9᠎ ᠤ ᠡᠳᠦᠷ ᠤᠨ ᠦᠳᠡ ᠶᠢᠨ ᠬᠤᠶᠢᠨ᠎ᠠ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠦᠨᠳᠦᠰᠦᠨ ᠬᠠᠤᠯᠢ ᠶᠢ ᠬᠦᠨᠵᠡᠭᠡᠢ ᠰᠤᠷᠤᠯᠴᠠᠨ ᠤᠬᠠᠭᠤᠯᠬᠤ ᠪᠠ ᠲᠤᠭᠤᠰᠢᠯᠠᠭᠤᠯᠤᠨ ᠬᠡᠷᠡᠭᠵᠢᠭᠦᠯᠭᠦ ᠶᠠᠷᠢᠯᠴᠠᠬᠤ ᠬᠤᠷᠠᠯ ᠬᠢᠵᠤ᠂ ᠶᠡᠷᠦᠩᠭᠡᠢ ᠱᠦᠵᠢ ᠰᠢ ᠶᠢᠨ ᠫᠢᠡᠭ ᠤᠨ ᠦᠨᠳᠦᠰᠦᠨ ᠬᠠᠤᠯᠢ ᠶᠢᠨ ᠲᠤᠬᠠᠢ ᠴᠢᠬᠤᠯᠠ ᠦᠭᠦᠯᠡᠮᠵᠢ ᠶᠢ ᠬᠦᠨᠵᠡᠭᠡᠢ ᠰᠤᠷᠤᠯᠴᠠᠨ ᠤᠶᠢᠯᠠᠭᠠᠵᠦ᠂ ᠪᠦᠭᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠦ᠂ ᠮᠠᠨ ᠤ ᠤᠷᠤᠨ ᠤ ᠦᠨᠳᠦᠰᠦᠨ ᠬᠠᠤᠯᠢ ᠶᠢ ᠰᠤᠷᠤᠯᠴᠠᠨ ᠤᠬᠠᠭᠤᠯᠬᠤ ᠪᠠ ᠲᠤᠭᠤᠰᠢᠯᠠᠭᠤᠯᠵᠤ ᠬᠡᠷᠡᠭᠵᠢᠭᠦᠯᠦᠭᠰᠡᠨ ᠠᠮᠵᠢᠯᠳᠠ ᠲᠠᠢ ᠲᠤᠷᠰᠢᠯᠭ᠎ᠠ ᠶᠢ ᠳ᠋ᠦᠡᠭᠨᠡᠨ ᠰᠤᠯᠢᠯᠴᠠᠵᠦ᠂ ᠪᠦᠬᠦ ᠤᠷᠤᠨ ᠳᠤ ᠦᠨᠳᠦᠰᠦᠨ ᠬᠠᠤᠯᠢ ᠶᠢ ᠰᠤᠷᠤᠯᠴᠠᠨ ᠤᠬᠠᠭᠤᠯᠬᠤ ᠪᠠ ᠲᠤᠭᠤᠰᠢᠯᠠᠭᠤᠯᠤᠨ ᠬᠡᠷᠡᠭᠵᠢᠭᠦᠯᠭᠦ ᠬᠦᠴᠦᠷᠭᠡᠭ ᠬᠦᠴᠦᠨ ᠢ ᠴᠢᠨᠠᠬᠰᠢᠳᠠ ᠨᠢᠬᠳᠠᠷᠠᠭᠤᠯᠪᠠ᠃      ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠪᠠᠶᠢᠡᠭᠭᠤ ᠶᠢᠨ ᠲᠡᠳ᠋ ᠡᠷᠬᠢᠯᠡᠭᠴᠢ ᠨᠠᠰᠤᠨᠮᠦ᠋ᠡᠭᠭᠡ ᠬᠤᠷᠠᠯ ᠳᠤ ᠤᠷᠤᠯᠴᠠᠭᠰᠠᠨ ᠪᠦᠭᠡᠳ ᠶᠠᠷᠢᠶ᠎ᠠ ᠲᠠᠯᠪᠢᠵᠦ᠂ ᠲᠡᠳ᠋ ᠡᠷᠬᠢᠯᠡᠭᠴᠢ ᠸᠠᠩ ᠪᠦᠸᠧ ᠬᠤᠷᠠᠯ ᠢ ᠡᠷᠬᠢᠯᠡᠵᠦ᠂ ᠲᠡᠳ᠋ ᠡᠷᠬᠢᠯᠡᠭᠴᠢ ᠡᠤ ᠲᠤᠸᠠᠨ ᠶᠢᠩ᠂ ᠯᠢ ᠷᠦᠡᠭ ᠰᠢ᠂ ᠯᠢᠶᠠᠨ ᠰᠤ᠋ ᠪᠣᠯᠣᠨ ᠨᠠᠷᠢᠨ ᠪᠢᠴᠢᠭ ᠤᠨ ᠲᠠᠷᠤᠭ᠎ᠠ ᠱᠢ ᠸᠧᠨ ᠰᠢᠤᠸᠠᠢ ᠬᠤᠷᠠᠯ ᠳᠤ ᠤᠷᠤᠯᠴᠠᠵᠦ᠂ ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠭᠦᠯᠡᠭᠴᠢ᠂ ᠲᠤᠳᠤᠭᠠᠳᠤ ᠶᠢ ᠬᠠᠮᠠᠭᠠᠯᠠᠬᠤ ᠲᠢᠩᠭᠢᠮ ᠤᠨ ᠲᠠᠷᠤᠭ᠎ᠠ ᠶᠠᠩ ᠸᠧᠢ ᠳ᠋ᠥᠩ ᠬᠤᠷᠠᠯ ᠳᠤ ᠤᠷᠤᠯᠴᠠᠬᠰᠠᠨ ᠪᠦᠭᠡᠳ ᠪᠤᠳᠤᠯ ᠰᠠᠨᠠᠯ ᠢᠶᠠᠨ ᠰᠤᠯᠢᠯᠴᠠᠬᠤ ᠦᠭᠡ ᠭᠡᠯᠡᠵᠡᠢ᠃      ᠨᠠᠰᠤᠨᠮᠦ᠋ᠡᠭᠭᠡ ᠴᠢᠬᠤᠯᠠᠴᠢᠯᠠᠭᠰᠠᠨ ᠨᠢ᠂ ᠲᠤᠰ ᠤᠳᠠᠭ᠎ᠠ ᠶᠢᠨ ᠶᠠᠷᠢᠯᠴᠠᠬᠤ ᠬᠤᠷᠠᠯ ᠪᠤᠯ ᠪᠠᠶᠢᠷᠢᠯᠠᠭᠤᠯᠤᠯᠳᠠ ᠶᠢᠨ ᠬᠤᠷᠠᠯ ᠪᠤᠯᠬᠤ ᠪᠦᠭᠡᠳ ᠮᠦᠨ ᠴᠦ ᠲᠤᠰᠬᠠᠢ ᠰᠡᠳᠦᠪᠳᠤ ᠨᠠᠶᠢᠳᠠᠪᠤᠷᠢᠵᠢᠭᠤᠯᠤᠯᠳᠠ ᠶᠢᠨ ᠬᠤᠷᠠᠯ ᠪᠤᠯᠤᠨ᠎ᠠ᠃ ᠦᠨᠳᠦᠰᠦᠨ ᠬᠠᠤᠯᠢ ᠶᠢᠨ ᠢᠳᠡᠭᠡᠯ ᠢᠶᠠᠨ ᠪᠠᠳᠤᠳᠬᠠᠵᠦ᠂ ᠦᠨᠳᠦᠰᠦᠨ ᠬᠠᠤᠯᠢ ᠶᠢ ᠰᠤᠷᠤᠯᠴᠠᠵᠤ ᠤᠬᠠᠭᠤᠯᠬᠤ ᠪᠠ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠦᠵᠡᠯ ᠰᠠᠨᠠᠭᠠᠨ ᠤ ᠤᠬᠠᠮᠰᠠᠷ ᠪᠤᠯᠤᠨ ᠦᠢᠯᠡ ᠠᠵᠢᠯᠯᠠᠭ᠎ᠠ ᠶᠢᠨ ᠤᠬᠠᠮᠰᠠᠷ ᠢᠶᠠᠨ ᠦᠨᠡᠨ ᠭᠦ ᠴᠢᠩᠭᠠᠳᠬᠠᠬᠤ ᠬᠡᠷᠡᠭᠳᠡᠢ︔ ᠦᠨᠳᠦᠰᠦᠨ ᠬᠠᠤᠯᠢ ᠶᠢᠨ ᠢᠳᠡᠭᠡᠯ ᠪᠢᠰᠢᠷᠡᠯ ᠢᠶᠠᠨ ᠴᠢᠩᠭᠠᠳᠬᠠᠵᠦ᠂ ᠦᠨᠳᠦᠰᠦᠨ ᠬᠠᠤᠯᠢ ᠶᠢ ᠰᠤᠷᠤᠯᠴᠠᠵᠤ ᠤᠬᠠᠭᠤᠯᠬᠤ ᠪᠠ ᠲᠤᠭᠤᠰᠢᠯᠠᠭᠤᠯᠤᠨ ᠬᠡᠷᠡᠭᠵᠢᠭᠦᠯᠭᠦ ᠬᠠᠨᠳᠤᠯᠭᠠᠳᠤ ᠴᠢᠨᠠᠷ ᠪᠤᠯᠤᠨ ᠦᠷ᠎ᠠ ᠪᠦᠲᠦᠮᠵᠢᠳᠤ ᠴᠢᠨᠠᠷ ᠢ ᠦᠨᠡᠨ ᠭᠦ ᠲᠡᠭᠡᠭᠰᠢᠯᠡᠭᠦᠯᠭᠦ ᠬᠡᠷᠡᠭᠳᠡᠢ︔ ᠦᠨᠳᠦᠰᠦᠨ ᠬᠠᠤᠯᠢ ᠶᠢᠨ ᠵᠤᠷᠢᠭ ᠰᠠᠨᠠᠭ᠎ᠠ ᠶᠢ ᠪᠠᠳᠠᠷᠠᠭᠤᠯᠵᠦ᠂ ᠦᠨᠳᠦᠰᠦᠨ ᠬᠠᠤᠯᠢ ᠶᠢ ᠰᠤᠷᠤᠯᠴᠠᠨ ᠤᠬᠠᠭᠤᠯᠬᠤ ᠪᠠ ᠲᠤᠭᠤᠰᠢᠯᠠᠭᠤᠯᠤᠨ ᠬᠡᠷᠡᠭᠵᠢᠭᠦᠯᠭᠦ ᠲᠠᠯ᠎ᠠ ᠪᠠᠷ ᠬᠤᠰᠢᠭᠤᠷᠠᠵᠤ᠂ ᠦᠯᠢᠭᠡᠷ ᠲᠠᠭᠤᠷᠢᠶᠠᠯ ᠦᠵᠡᠬᠦᠯᠤᠨ᠂ ᠦᠨᠳᠦᠰᠦᠨ ᠬᠠᠤᠯᠢ ᠶᠢ ᠡᠳᠦᠷ ᠲᠤᠳᠤᠮ ᠤᠨ ᠠᠮᠢᠳᠤᠷᠠᠯ ᠳᠤ ᠠᠭᠤᠰᠬᠠᠨ᠂ ᠤᠯᠠᠨ ᠲᠦᠮᠡᠨ ᠲᠠᠢ ᠤᠶᠢᠷᠠᠳᠤᠭᠤᠯᠬᠤ ᠶᠢ ᠠᠬᠢᠭᠤᠯᠵᠦ᠂ ᠪᠦᠭᠦ ᠠᠷᠠᠳ ᠢ ᠦᠨᠳᠦᠰᠦᠨ ᠬᠠᠤᠯᠢ ᠶᠢᠨ ᠦᠨᠡᠨᠴᠢ ᠲᠡᠭᠡᠳᠤᠯᠡᠭᠴᠢ᠂ ᠤᠬᠠᠮᠰᠠᠷᠳᠤ ᠵᠢᠷᠤᠮᠯᠠᠭᠴᠢ ᠪᠠ ᠪᠠᠳᠤ ᠬᠠᠮᠠᠭᠠᠯᠠᠬᠴᠢ ᠪᠤᠯᠭᠠᠬᠤ ᠬᠡᠷᠡᠭᠳᠡᠢ ᠭᠡᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号