11 ᠳ᠋ᠦ᠋ᠭᠡᠷ ᠰᠠᠷ᠎ᠠ ᠶᠢᠨ 12 ᠤᠨ ᠡᠳᠦᠷ᠂ ᠦᠪᠡᠷᠲᠡᠭᠡᠨ ᠵᠠᠰᠠᠬᠤ ᠤᠷᠤᠨ ᠤ ᠰᠤᠶᠤᠯ ᠪᠠ ᠵᠢᠭᠤᠯᠴᠢᠯᠠᠯ | ᠤᠨ ᠲᠢᠩᠬᠢᠮ᠂ ᠦᠪᠡᠷᠲᠡᠭᠡᠨ ᠵᠠᠰᠠᠬᠤ ᠤᠷᠤᠨ ᠤ ᠲᠡᠦᠭᠡ ᠶᠢᠨ ᠲᠤᠷᠠᠰᠬᠠᠯᠳᠦ ᠵᠦᠢᠯ ᠤᠨ ᠲᠤᠪᠴᠢᠶ᠎ᠠ᠂ | ᠦᠪᠡᠷᠲᠡᠭᠡᠨ ᠵᠠᠰᠠᠬᠤ ᠤᠷᠤᠨ ᠤ ᠷᠠᠳᠢᠣ᠋ ᠲᠧᠯᠸᠢᠰ ᠤᠨ ᠲᠤᠪᠴᠢᠶ᠎ᠠ ᠵᠡᠷᠭᠡ ᠦᠪᠡᠷᠲᠡᠭᠡᠨ ᠵᠠᠰᠠᠬᠤ ᠤᠷᠤᠨ ᠤ | ᠪᠠᠶᠢᠭᠤᠯᠤᠮᠵᠢ ᠶᠢᠨ ᠦᠭᠡᠷᠡᠴᠢᠯᠡᠯᠲᠡ ᠳᠤ ᠰᠢᠨ᠎ᠠ ᠪᠠᠷ ᠪᠠᠶᠢᠭᠤᠯᠤᠭᠳᠠᠭᠰᠠᠨ 3 ᠰᠠᠯᠠᠭ᠎ᠠ ᠮᠦᠴᠢᠷ ᠢᠯᠡᠷᠬᠡᠶᠢᠯᠡᠯ | ᠡᠯᠬᠦᠪᠡ᠃ | ᠦᠪᠡᠷᠲᠡᠭᠡᠨ ᠵᠠᠰᠠᠬᠤ ᠤᠷᠤᠨ ᠤ ᠳᠡᠳ᠋ ᠲᠡᠷᠢᠬᠦᠯᠡᠭᠴᠢ ᠠᠢ ᠯᠢ ᠬᠤᠸᠠ ᠢᠯᠡᠷᠬᠡᠶᠢᠯᠡᠯ ᠡᠯᠭᠦᠬᠦ ᠶᠤᠰᠤᠯᠠᠯ ᠳᠤ | ᠤᠷᠤᠯᠴᠠᠭᠰᠠᠨ ᠤ ᠬᠠᠮᠳᠦ ᠪᠠᠶᠠᠷ ᠤᠨ ᠦᠭᠡ ᠭᠡᠯᠡᠵᠡᠢ᠃ | ᠠᠢ ᠯᠢ ᠬᠤᠸᠠ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠡᠮᠦᠨ᠎ᠠ ᠠᠴᠠ ᠢᠯᠡᠷᠬᠡᠶᠢᠯᠡᠯ | ᠡᠯᠬᠦᠵᠦ ᠰᠢᠨ᠎ᠠ ᠪᠠᠶᠢᠭᠤᠯᠤᠭᠳᠠᠭᠰᠠᠨ 3 ᠰᠠᠯᠠᠭ᠎ᠠ ᠮᠦᠴᠢᠷ ᠲᠤ ᠪᠠᠶᠠᠷ ᠬᠦᠷᠭᠡᠪᠡ᠃ ᠲᠡᠷᠡ ᠰᠤᠶᠤᠯ ᠪᠠ | ᠵᠢᠭᠤᠯᠴᠢᠯᠠᠯ ᠤᠨ ᠲᠢᠩᠬᠢᠮ ᠤᠨ ᠦᠷᠭᠡᠨ ᠤᠯᠠᠨ ᠺᠠᠳ᠋ᠷ ᠠᠵᠢᠯᠳᠠᠳ ᠲᠤᠰ ᠤᠳᠠᠭᠠᠨ ᠤ ᠢᠯᠡᠷᠬᠡᠶᠢᠯᠡᠯ ᠡᠯᠭᠦᠬᠦ | ᠶᠤᠰᠤᠯᠠᠯ ᠢᠶᠠᠷ ᠡᠬᠢᠯᠡᠯᠲᠡ ᠪᠤᠯᠭᠠᠵᠦ᠂ ᠰᠤᠶᠤᠯ ᠤᠨ ᠪᠠᠶᠢᠭᠤᠯᠤᠯᠲᠠ ᠪᠠ ᠵᠢᠭᠤᠯᠴᠢᠯᠠᠯ ᠤᠨ ᠬᠦᠭᠵᠢᠯᠳᠠ ᠶᠢᠨ | ᠲᠤᠬᠠᠢ ᠨᠠᠮ ᠤᠨ ᠲᠦᠪ ᠬᠤᠷᠢᠶᠠᠨ ᠤ ᠡᠯ᠎ᠠ ᠲᠦᠷᠦᠯ ᠤᠨ ᠰᠢᠢᠳᠪᠤᠷᠢᠳᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ | ᠬᠦᠨᠵᠡᠭᠡᠢ ᠨᠠᠶᠢᠳᠠᠪᠤᠷᠢᠵᠢᠭᠤᠯᠵᠤ᠂ ᠰᠤᠶᠤᠯ ᠵᠢᠭᠤᠯᠴᠢᠯᠠᠯ ᠤᠨ ᠪᠦᠬᠦ ᠲᠠᠯ᠎ᠠ ᠶᠢᠨ᠂ ᠬᠦᠨ ᠳᠠᠪᠬᠤᠷᠭ᠎ᠠ ᠶᠢᠨ | ᠠᠭᠤᠰᠤᠯᠴᠠᠯ ᠬᠦᠭᠵᠢᠯᠳᠠ ᠶᠢ ᠠᠬᠢᠭᠤᠯᠵᠦ᠂ ᠰᠤᠶᠤᠯ ᠢᠶᠠᠷ ᠵᠢᠭᠤᠯᠴᠢᠯᠠᠯ ᠤᠨ ᠳᠤᠲᠤᠭᠠᠳᠤ ᠠᠭᠤᠯᠬᠤᠨ ᠢ | ᠪᠦᠷᠢᠨᠰᠢᠬᠦᠯᠵᠦ᠂ ᠵᠢᠭᠤᠯᠴᠢᠯᠠᠯ ᠢᠶᠠᠷ ᠰᠤᠶᠤᠯ ᠤᠨ ᠠᠵᠤ ᠦᠢᠯᠡᠰ ᠤᠨ ᠬᠦᠭᠵᠢᠯᠳᠠ ᠶᠢ ᠳᠠᠶᠢᠴᠢᠯᠠᠵᠤ᠂ ᠰᠤᠶᠤᠯ | ᠤᠨ ᠬᠦᠭᠵᠢᠯ ᠪᠠᠳᠠᠷᠠᠯ ᠢ ᠠᠬᠢᠭᠤᠯᠵᠦ᠂ ᠲᠡᠦᠭᠡ ᠶᠢᠨ ᠲᠤᠷᠠᠰᠬᠠᠯᠳᠦ ᠵᠦᠢᠯ ᠤᠨ ᠬᠠᠮᠠᠭᠠᠯᠠᠯᠳᠠ ᠠᠰᠢᠬᠯᠠᠯᠳᠠ ᠶᠢᠨ | ᠠᠵᠢᠯ ᠢ ᠴᠢᠨᠠᠬᠰᠢᠳᠠ ᠴᠢᠩᠭᠠᠳᠬᠠᠵᠦ᠂ ᠰᠤᠶᠤᠯ ᠵᠢᠭᠤᠯᠴᠢᠯᠠᠯ ᠢ ᠮᠠᠨ ᠤ ᠤᠷᠤᠨ ᠤ ᠳᠡᠯᠡᠭᠡᠢ ᠳ᠋ᠠᠬᠢᠨ ᠲᠡᠶᠢᠰᠢ | ᠤᠷᠤᠭᠰᠢᠯᠠᠬᠤ ᠭᠤᠶᠢᠲᠠ ᠨᠡᠷ᠎ᠠ ᠶᠢᠨ ᠬᠠᠭᠤᠳᠠᠰᠤ ᠪᠤᠯᠭᠠᠭᠠᠷᠠᠢ ᠭᠡᠵᠦ ᠬᠦᠰᠡᠪᠡ᠃ ᠦᠪᠡᠷᠲᠡᠭᠡᠨ ᠵᠠᠰᠠᠬᠤ ᠤᠷᠤᠨ ᠤ | ᠷᠠᠳᠢᠣ᠋ ᠲᠧᠯᠸᠢᠰ ᠤᠨ ᠲᠤᠪᠴᠢᠶ᠎ᠠ ᠪᠠᠶᠢᠭᠤᠯᠤᠭᠳᠠᠭᠰᠠᠨ ᠨᠢ ᠮᠠᠨ ᠤ ᠤᠷᠤᠨ ᠤ ᠷᠠᠳᠢᠣ᠋ ᠲᠧᠯᠸᠢᠰ ᠤᠨ ᠦᠢᠯᠡᠰ ᠤᠨ | ᠬᠦᠭᠵᠢᠯᠳᠠ ᠰᠢᠨ᠎ᠠ ᠱᠠᠳᠤᠨ ᠳᠤ ᠤᠷᠤᠬᠰᠠᠨ ᠢ ᠬᠠᠷᠠᠭᠤᠯᠵᠦ ᠪᠠᠶᠢᠨ᠎ᠠ᠃ ᠠᠢ ᠯᠢ ᠬᠤᠸᠠ ᠪᠦᠬᠦ ᠤᠷᠤᠨ ᠤ ᠷᠠᠳᠢᠣ᠋ | ᠲᠧᠯᠸᠢᠰ ᠤᠨ ᠹᠷᠤᠨᠲ ᠤᠨ ᠦᠷᠭᠡᠨ ᠤᠯᠠᠨ ᠺᠠᠳ᠋ᠷ ᠠᠵᠢᠯᠳᠠᠳ ᠲᠤᠭ ᠢᠶᠠᠨ ᠮᠠᠨᠳᠤᠭᠤᠯᠬᠤ᠂ ᠠᠷᠠᠳ ᠤᠨ | ᠰᠡᠳᠬᠢᠯ ᠢ ᠨᠢᠭᠲᠠᠷᠠᠭᠤᠯᠬᠤ᠂ ᠰᠢᠨ᠎ᠠ ᠬᠦᠮᠦᠨ ᠢ ᠬᠦᠮᠦᠵᠢᠬᠦᠯᠬᠦ᠂ ᠰᠤᠶᠤᠯ ᠢ ᠬᠦᠭᠵᠢᠬᠦᠯᠬᠦ᠂ ᠲᠦᠷᠢ ᠲᠦᠷᠬᠦ ᠶᠢ | ᠱᠤᠭᠤᠬᠤ ᠡᠬᠦᠷᠭᠡ ᠬᠠᠷᠢᠭᠤᠴᠠᠯᠭ᠎ᠠ ᠶᠢ ᠰᠠᠨᠠᠭᠠᠴᠢᠯᠠᠭ᠎ᠠ ᠠᠴᠠ ᠪᠠᠨ ᠡᠬᠦᠷᠭᠡᠯᠡᠵᠦ᠂ ᠭᠤᠤᠯ ᠬᠦᠴᠦᠨ ᠴᠡᠷᠢᠭ ᠪᠤᠯᠵᠦ᠂ | ᠭᠤᠤᠯ ᠳᠠᠶᠢᠨ ᠤ ᠲᠠᠯᠠᠪᠤᠷ ᠢ ᠰᠠᠶᠢᠲᠤᠷ ᠰᠠᠬᠢᠵᠦ᠂ ᠢᠮᠠᠬᠳᠠ ᠭᠤᠤᠯ ᠶᠠᠷᠢᠶ᠎ᠠ ᠭᠡᠯᠡᠯᠴᠡᠭᠡᠨ ᠤ ᠳᠠᠭᠠᠭᠤᠯᠤᠬᠴᠢ᠂ | ᠲᠡᠷᠢᠬᠦᠨ ᠤ ᠰᠤᠶᠤᠯ ᠢ ᠢᠳᠡᠪᠬᠢᠳᠠᠢ ᠳᠠᠮᠵᠢᠭᠤᠯᠤᠬᠴᠢ᠂ ᠥᠪᠦᠷ ᠮᠤᠩᠭᠤᠯ ᠤᠨ ᠦᠯᠢᠭᠡᠷ ᠢ ᠠᠮᠢᠳᠤᠯᠢᠭ ᠶᠠᠷᠢᠬᠴᠢ᠂ | ᠬᠠᠮ ᠳᠠᠮᠵᠢᠭᠤᠯᠭ᠎ᠠ ᠶᠢᠨ ᠭᠦᠨᠵᠡᠭᠡᠢ ᠦᠢᠯᠡᠳᠦᠯᠭᠡᠵᠢᠭᠦᠯᠦᠭᠴᠢ ᠪᠤᠯᠤᠭᠠᠷᠠᠢ ᠭᠡᠵᠦ ᠬᠦᠰᠡᠪᠡ᠃ |