ᠥᠪᠥᠷ ᠮᠤᠩᠭᠤᠯ ᠤᠨ ᠥᠪᠡᠷᠲᠡᠭᠡᠨ ᠵᠠᠰᠠᠬᠤ ᠤᠷᠤᠨ ᠤ ᠰᠢᠨ᠎ᠡ ᠬᠡᠯᠪᠡᠷᠢ ᠶᠢᠨ ᠬᠡᠷᠡᠮ ᠤᠨ ᠮᠠᠲ᠋ᠧᠷᠢᠶᠠᠯ ᠬᠥᠭᠵᠢᠭᠦᠯᠬᠦ ᠶᠢ ᠠᠬᠢᠭᠤᠯᠬᠤ ᠠᠷᠭ᠎ᠠ
ᠨᠡᠶᠢᠲᠡᠯᠡᠭᠰᠡᠨ ᠴᠠᠭ᠄
2018/11/13

     ᠥᠪᠥᠷ ᠮᠤᠩᠭᠤᠯ ᠤᠨ ᠥᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ
                                          233 ᠳ᠋ᠤᠭᠠᠷ ᠲᠤᠭᠠᠳᠤ

     ︽ᠥᠪᠥᠷ ᠮᠤᠩᠭᠤᠯ ᠤᠨ ᠥᠪᠡᠷᠲᠡᠭᠡᠨ ᠵᠠᠰᠠᠬᠤ ᠤᠷᠤᠨ ᠤ ᠰᠢᠨ᠎ᠡ ᠬᠡᠯᠪᠡᠷᠢ ᠶᠢᠨ ᠬᠡᠷᠡᠮ ᠤᠨ ᠮᠠᠲ᠋ᠧᠷᠢᠶᠠᠯ ᠬᠥᠭᠵᠢᠭᠦᠯᠬᠦ ᠶᠢ ᠠᠬᠢᠭᠤᠯᠬᠤ ᠠᠷᠭ᠎ᠠ︾ ᠶᠢ 2018 ᠤᠨ ᠤ 5 ᠳ᠋ᠤᠭᠠᠷ ᠰᠠᠷ᠎ᠠ ᠶᠢᠨ 11 ᠤ ᠡᠳᠥᠷ ᠥᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠲᠠᠪᠤᠳᠤᠭᠠᠷ ᠤᠳᠠᠭ᠎ᠠ ᠶᠢᠨ ᠪᠠᠶᠢᠩᠭᠤ ᠶᠢᠨ ᠶᠠᠪᠤᠳᠠᠯ ᠤᠨ ᠬᠤᠷᠠᠯ ᠢᠶᠠᠷ ᠬᠢᠨᠠᠨ ᠵᠥᠪᠯᠡᠵᠤ ᠪᠠᠲᠤᠯᠠᠭᠠᠳ᠂ ᠡᠳᠥᠭᠡ ᠨᠡᠶᠢᠲᠡᠯᠡᠪᠡ᠂ 2018 ᠤᠨ ᠤ 8 ᠳ᠋ᠤᠭᠠᠷ ᠰᠠᠷ᠎ᠠ ᠶᠢᠨ 1 ᠤ ᠡᠳᠥᠷ ᠠᠴᠠ ᠡᠬᠢᠯᠡᠵᠦ ᠭᠡᠷᠡᠭᠵᠢᠭᠦᠯᠥᠨ᠎ᠡ᠃
                                 ᠥᠪᠡᠷᠲᠡᠭᠡᠨ ᠵᠠᠰᠠᠬᠤ ᠤᠷᠤᠨ ᠤ ᠲᠡᠷᠢᠭᠦᠯᠡᠭᠴᠢ   ᠪᠥ᠋ ᠰᠢᠶᠣᠣ ᠯᠢᠨ
                                        2018 ᠣᠨ ᠤ 6 ᠳ᠋ᠤᠭᠠᠷ ᠰᠠᠷ᠎ᠠ ᠶᠢᠨ 13 ᠤ ᠡᠳᠦᠷ
     ᠨᠢᠭᠡᠳᠥᠭᠡᠷ ᠵᠥᠢᠯ ᠰᠢᠨ᠎ᠡ ᠬᠡᠯᠪᠡᠷᠢ ᠶᠢᠨ ᠬᠡᠷᠡᠮ ᠤᠨ ᠮᠠᠲ᠋ᠧᠷᠢᠶᠠᠯ ᠤᠨ ᠡᠷᠡᠭᠦᠯ ᠢᠶᠠᠷ ᠬᠥᠭᠵᠢᠬᠦ ᠶᠢ ᠠᠬᠢᠭᠤᠯᠵᠤ᠂ ᠭᠠᠵᠠᠷ ᠰᠢᠷᠤᠢ ᠶᠢᠨ ᠡᠬᠢ ᠪᠠᠶᠠᠯᠢᠭ ᠪᠠ ᠠᠮᠢ ᠠᠬᠤᠢ ᠤᠷᠴᠢᠨ ᠲᠤᠭᠤᠷᠢᠨ ᠢ ᠬᠠᠮᠠᠭᠠᠯᠠᠨ᠂ ᠡᠨᠧᠷᠭᠢ ᠶᠢ ᠠᠷᠪᠢᠯᠠᠨ ᠭᠠᠮᠨᠠᠵᠤ᠂ ᠡᠬᠢ ᠪᠠᠶᠠᠯᠢᠭ ᠤᠨ ᠶᠡᠷᠦᠩᠬᠡᠶᠢᠯᠡᠨ ᠠᠰᠢᠨᠨᠯᠠᠬᠤ ᠥᠷ᠎ᠡ ᠪᠥᠲᠥᠮᠵᠢ ᠶᠢ ᠳᠡᠭᠡᠭᠰᠢᠯᠡᠭᠦᠯᠬᠦ ᠶᠢᠨ ᠲᠤᠰᠠᠲᠠ᠂ ︽ᠪᠥᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠷᠬᠢᠯᠳᠡᠳᠦ ᠠᠵᠤ ᠠᠬᠤᠢ ᠶᠢ ᠠᠬᠢᠭᠤᠯᠬᠤ ᠠᠷᠭ᠎ᠠ︾ ᠵᠡᠷᠭᠡ ᠤᠯᠤᠰ ᠤᠨ ᠬᠤᠯᠪᠤᠭᠳᠠᠯ ᠪᠥᠬᠦᠢ ᠬᠠᠤᠯᠢ ᠴᠠᠭᠠᠵᠠ᠂ ᠬᠠᠤᠯᠢ ᠲᠤᠭᠲᠠᠭᠠᠯ ᠢ ᠥᠨᠳᠥᠰᠥᠯᠡᠨ᠂ ᠥᠪᠡᠷᠲᠡᠭᠡᠨ ᠵᠠᠰᠠᠬᠤ ᠤᠷᠤᠨ ᠤ ᠪᠤᠳᠠᠳᠠᠢ ᠲᠠᠢ ᠤᠶᠠᠯᠳᠤᠭᠤᠯᠵᠦ᠂ ᠲᠤᠰ ᠠᠷᠭ᠎ᠠ ᠶᠢ ᠲᠤᠭᠲᠠᠭᠠᠪᠠ᠃
     ᠬᠤᠶᠠᠳᠤᠭᠠᠷ ᠵᠥᠢᠯ ᠥᠪᠡᠷᠲᠡᠭᠡᠨ ᠵᠠᠰᠠᠬᠤ ᠤᠷᠤᠨ ᠤ ᠵᠠᠰᠠᠭ ᠵᠠᠬᠢᠷᠭᠠᠨ ᠤ ᠤᠷᠤᠨ ᠳᠤᠲᠤᠷᠠᠬᠢ ᠰᠢᠨ᠎ᠡ ᠬᠡᠯᠪᠡᠷᠢ ᠶᠢᠨ ᠬᠡᠷᠡᠮ ᠤᠨ ᠮᠠᠲ᠋ᠧᠷᠢᠶᠠᠯ ᠢ ᠰᠤᠳᠤᠯᠬᠤ᠂ ᠨᠡᠭᠡᠭᠡᠬᠦ᠂ ᠦᠢᠯᠡᠳᠪᠦᠷᠢᠯᠡᠬᠦ᠂ ᠲᠥᠭᠡᠮᠡᠯᠵᠢᠭᠦᠯᠬᠦ᠂ ᠬᠡᠷᠡᠭᠯᠡᠬᠦ ᠪᠠ ᠬᠢᠨᠠᠨ ᠬᠠᠮᠢᠶᠠᠷᠬᠤ ᠠᠵᠢᠯᠯᠠᠭᠠᠨ ᠳᠤ ᠲᠤᠰ ᠠᠷᠭ᠎ᠠ ᠬᠡᠷᠡᠭᠯᠡᠭᠳᠡᠨ᠎ᠡ᠃
     ᠭᠤᠷᠪᠠᠳᠤᠭᠠᠷ ᠵᠥᠢᠯ ᠲᠤᠰ ᠠᠷᠭ᠎ᠠ ᠳᠤ ᠬᠡᠯᠡᠵᠤ ᠪᠠᠶᠢᠭ᠎ᠠ ᠰᠢᠨ᠎ᠡ ᠬᠡᠯᠪᠡᠷᠢ ᠶᠢᠨ ᠬᠡᠷᠡᠮ ᠤᠨ ᠮᠠᠲ᠋ᠧᠷᠢᠶᠠᠯ ᠭᠡᠳᠡᠭ ᠨᠢ ᠨᠠᠩᠬᠢ ᠪᠤᠰᠤ ᠰᠢᠷᠤᠢ ᠪᠠᠷ ᠲᠥᠭᠦᠬᠡᠢ ᠮᠠᠲ᠋ᠧᠷᠢᠶᠠᠯ ᠪᠤᠯᠭᠠᠨ ᠥᠢᠯᠡᠳᠪᠥᠷᠢᠯᠡᠭᠰᠡᠨ᠂ ᠭᠠᠵᠠᠷ ᠰᠢᠷᠤᠢ ᠶᠢ ᠠᠷᠪᠢᠯᠠᠨ ᠭᠠᠮᠨᠠᠬᠤ ᠳᠤ ᠠᠰᠢᠭᠲᠠᠢ ᠪᠠ ᠡᠬᠢ ᠪᠠᠶᠠᠯᠢᠭ ᠢ ᠶᠡᠷᠥᠩᠬᠡᠶᠢᠯᠡᠨ ᠠᠰᠢᠨᠨᠯᠠᠬᠤ ᠳᠤ ᠠᠰᠢᠭᠲᠠᠢ᠂ ᠠᠮᠢ ᠠᠬᠤᠢ ᠤᠷᠴᠢᠨ ᠲᠤᠭᠤᠷᠢᠨ ᠢ ᠬᠠᠮᠠᠭᠠᠯᠠᠬᠤ ᠳᠤ ᠠᠰᠢᠭᠲᠠᠢ ᠪᠠ ᠪᠠᠷᠢᠯᠭ᠎ᠠ ᠶᠢᠨ ᠴᠢᠳᠠᠮᠵᠢ ᠶᠢ ᠰᠠᠶᠢᠵᠢᠷᠠᠭᠤᠯᠬᠤ ᠳᠤ ᠠᠰᠢᠭᠲᠠᠢ᠂ ᠪᠠᠷᠢᠯᠭ᠎ᠠ ᠶᠢᠨ ᠠᠮᠤᠷ ᠲᠦᠪᠰᠢᠨ᠂ ᠶᠠᠰᠤ ᠴᠢᠨᠠᠷ ᠪᠠ ᠤᠷᠴᠢᠨ ᠲᠤᠭᠤᠷᠢᠨ ᠢ ᠬᠠᠮᠠᠭᠠᠯᠠᠬᠤ ᠪᠠᠷᠢᠮᠵᠢᠶ᠎ᠡ ᠳᠤ ᠨᠠᠶᠢᠴᠡᠭᠰᠡᠨ ᠬᠡᠷᠡᠮ ᠤᠨ ᠮᠠᠲ᠋ᠧᠷᠢᠶᠠᠯ ᠢ ᠵᠢᠭᠠᠵᠤ ᠪᠤᠢ᠃
     ᠰᠢᠨ᠎ᠡ ᠬᠡᠯᠪᠡᠷᠢ ᠶᠢᠨ ᠬᠡᠷᠡᠮ ᠤᠨ ᠮᠠᠲ᠋ᠧᠷᠢᠶᠠᠯ ᠤᠨ ᠬᠥᠷᠢᠶ᠎ᠡ ᠭᠡᠪᠴᠢᠶ᠎ᠡ ᠶᠢ ᠤᠯᠤᠰ ᠪᠠ ᠥᠪᠡᠷᠲᠡᠭᠡᠨ ᠵᠠᠰᠠᠬᠤ ᠤᠷᠤᠨ ᠤ ᠨᠠᠶᠢᠲᠡᠯᠡᠭᠰᠡᠨ ᠰᠢᠨ᠎ᠡ ᠬᠡᠯᠪᠡᠷᠢ ᠶᠢᠨ ᠬᠡᠷᠡᠮ ᠤᠨ ᠮᠠᠲ᠋ᠧᠷᠢᠶᠠᠯ ᠤᠨ ᠭᠠᠷᠴᠠᠭ ᠢᠶᠠᠷ ᠲᠤᠭᠲᠠᠭᠠᠨ᠎ᠠ᠃
     ᠳᠥᠷᠪᠡᠳᠥᠭᠡᠷ ᠵᠥᠢᠯ ᠰᠢᠨ᠎ᠡ ᠬᠡᠯᠪᠡᠷᠢ ᠶᠢᠨ ᠬᠡᠷᠡᠮ ᠤᠨ ᠮᠠᠲ᠋ᠧᠷᠢᠶᠠᠯ ᠢ ᠬᠥᠭᠵᠢᠭᠦᠯᠬᠦ ᠳᠤ ᠡᠷᠬᠢᠯᠳᠡᠳᠦ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ᠂ ᠮᠡᠷᠭᠡᠵᠢᠯ ᠳᠤ ᠰᠢᠨ᠎ᠠ ᠶᠢ ᠡᠭᠦᠳᠬᠦ᠂ ᠡᠨᠧᠷᠬᠢ ᠶᠢ ᠠᠷᠪᠢᠯᠠᠨ ᠤᠷᠴᠢᠨ ᠲᠤᠭᠤᠷᠢᠨ ᠢ ᠬᠠᠮᠠᠭᠠᠯᠠᠬᠤ᠂ ᠡᠬᠢ ᠪᠠᠶᠠᠯᠢᠭ ᠢ ᠶᠡᠷᠥᠩᠬᠡᠶᠢᠯᠡᠨ ᠠᠰᠢᠭᠯᠠᠬᠤ ᠵᠠᠷᠴᠢᠮ ᠢ ᠵᠢᠷᠤᠮᠯᠠᠬᠤ ᠬᠡᠷᠡᠭᠲᠡᠢ᠃
     ᠲᠠᠪᠤᠳᠤᠭᠠᠷ ᠵᠥᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠤᠷᠳᠤᠨ ᠨᠤᠭᠤᠳ ᠰᠢᠨ᠎ᠡ ᠬᠡᠯᠪᠡᠷᠢ ᠶᠢᠨ ᠬᠡᠷᠡᠮ ᠤᠨ ᠮᠠᠲ᠋ᠧᠷᠢᠶᠠᠯ ᠢ ᠬᠥᠭᠵᠢᠭᠦᠯᠬᠦ ᠠᠵᠢᠯ ᠤᠨ ᠤᠳᠤᠷᠢᠳᠤᠯᠭ᠎ᠠ ᠪᠠᠨ ᠴᠢᠩᠭᠠᠳᠬᠠᠵᠤ᠂ ᠰᠢᠨ᠎ᠡ ᠬᠡᠯᠪᠡᠷᠢ ᠶᠢᠨ ᠬᠡᠷᠡᠮ ᠤᠨ ᠮᠠᠲ᠋ᠧᠷᠢᠶᠠᠯ ᠬᠥᠭᠵᠢᠭᠦᠯᠬᠦ ᠶᠢ ᠤᠯᠤᠰ ᠠᠷᠠᠳ ᠤᠨ ᠠᠵᠤ ᠠᠬᠤᠢ ᠪᠡ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠬᠡ ᠳᠤ ᠤᠷᠤᠭᠤᠯᠤᠨ᠂ ᠰᠢᠨ᠎ᠡ ᠬᠡᠯᠪᠡᠷᠢ ᠶᠢᠨ ᠬᠡᠷᠡᠮ ᠤᠨ ᠮᠠᠲ᠋ᠧᠷᠢᠶᠠᠯ ᠢ ᠥᠢᠯᠡᠳᠪᠥᠷᠢᠯᠡᠬᠦ ᠠᠵᠤ ᠠᠬᠤᠶᠢᠯᠠᠯ ᠢ ᠵᠤᠬᠢᠰᠲᠠᠢ ᠪᠠᠶᠢᠷᠢᠰᠢᠭᠤᠯᠵᠦ᠂ ᠰᠢᠨ᠎ᠡ ᠬᠡᠯᠪᠡᠷᠢ ᠶᠢᠨ ᠬᠡᠷᠡᠮ ᠤᠨ ᠮᠠᠲ᠋ᠧᠷᠢᠶᠠᠯ ᠢ ᠬᠥᠭᠵᠢᠭᠦᠯᠬᠦ ᠶᠠᠪᠤᠴᠠ ᠳᠠᠬᠢ ᠴᠢᠬᠤᠯᠠ ᠶᠡᠭᠡ ᠠᠰᠠᠭᠤᠳᠠᠯ ᠢ ᠵᠤᠬᠢᠴᠠᠭᠤᠯᠤᠨ ᠰᠢᠢᠳᠪᠥᠷᠢᠯᠡᠬᠦ

ᠬᠡᠷᠡᠭᠲᠡᠢ᠃
     ᠵᠢᠷᠭᠤᠳᠤᠭᠠᠷ ᠵᠥᠢᠯ ᠥᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠠᠵᠤ ᠠᠬᠤᠢ ᠪᠡ ᠮᠡᠳᠡᠭᠡ ᠵᠠᠩᠬᠢᠵᠢᠯᠲᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠪᠥᠬᠦ ᠤᠷᠤᠨ ᠤ ᠰᠢᠨ᠎ᠡ ᠬᠡᠯᠪᠡᠷᠢ ᠶᠢᠨ ᠬᠡᠷᠡᠮ ᠤᠨ ᠮᠠᠲ᠋ᠧᠷᠢᠶᠠᠯ ᠢ ᠬᠥᠭᠵᠢᠭᠦᠯᠬᠦ ᠠᠵᠢᠯ ᠢ ᠬᠠᠷᠢᠭᠤᠴᠠᠨ᠂ ᠲᠡᠭᠦᠨ ᠤ ᠬᠠᠷᠢᠶ᠎ᠠ ᠪᠥᠬᠦᠢ ᠬᠡᠷᠡᠮ ᠤᠨ ᠮᠠᠲ᠋ᠧᠷᠢᠶᠠᠯ ᠤᠨ ᠰᠢᠨᠡᠴᠢᠯᠡᠯᠲᠠ ᠶᠢᠨ ᠪᠠᠶᠢᠭᠤᠯᠤᠮᠵᠢ ᠨᠢ ᠡᠳᠥᠷ ᠳᠤᠲᠤᠮ ᠤᠨ ᠬᠢᠨᠠᠨ ᠬᠠᠮᠢᠶᠠᠷᠬᠤ ᠠᠵᠢᠯ ᠢ ᠬᠠᠷᠢᠭᠤᠴᠠᠨ᠎ᠠ᠃
     ᠠᠶᠢᠮᠠᠭ ᠤᠨ ᠵᠠᠬᠢᠷᠭ᠎ᠠ᠂ ᠲᠤᠭᠤᠷᠢᠭ ᠪᠠᠶᠢᠭᠤᠯᠤᠭᠰᠠᠨ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠬᠡᠷᠡᠮ ᠤᠨ ᠮᠠᠲ᠋ᠧᠷᠢᠶᠠᠯ ᠤᠨ ᠰᠢᠨᠡᠴᠢᠯᠡᠯᠲᠠ ᠶᠢ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠲᠤᠰ ᠵᠠᠰᠠᠭ ᠵᠠᠬᠢᠷᠭᠠᠨ ᠤ ᠲᠤᠭᠤᠷᠢᠭ ᠲᠠᠬᠢ ᠰᠢᠨ᠎ᠡ ᠬᠡᠯᠪᠡᠷᠢ ᠶᠢᠨ ᠬᠡᠷᠡᠮ ᠤᠨ ᠮᠠᠲ᠋ᠧᠷᠢᠶᠠᠯ ᠬᠥᠭᠵᠢᠭᠦᠯᠬᠦ ᠠᠵᠢᠯ ᠢ

ᠬᠠᠷᠢᠭᠤᠴᠠᠨ᠎ᠠ᠃
     ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠤᠷᠤᠨ ᠰᠠᠭᠤᠴᠠ ᠬᠤᠲᠠ ᠭᠦᠳᠡᠭᠡ ᠶᠢᠨ ᠪᠥᠲᠥᠭᠡᠨ ᠪᠠᠶᠢᠭᠤᠯᠤᠯᠲᠠ᠂ ᠬᠥᠭᠵᠢᠭᠦᠯᠥᠯᠲᠡ ᠥᠭᠡᠷᠡᠴᠢᠯᠡᠯᠲᠠ᠂ ᠡᠳ᠋ ᠤᠨ ᠵᠠᠰᠠᠭ᠂ ᠪᠠᠶᠢᠭᠠᠯᠢ ᠶᠢᠨ ᠡᠬᠢ ᠪᠠᠶᠠᠯᠢᠭ᠂ ᠠᠮᠢ ᠠᠬᠤᠢ ᠤᠷᠴᠢᠨ ᠲᠤᠭᠤᠷᠢᠨ᠂ ᠵᠠᠬ᠎ᠠ ᠳᠡᠯᠭᠡᠭᠦᠷ ᠤᠨ ᠬᠢᠨᠠᠨ ᠬᠠᠮᠢᠶᠠᠷᠬᠤ᠂ ᠭᠠᠶᠢᠯᠢ ᠶᠢᠨ ᠶᠠᠪᠤᠳᠠᠯ᠂ ᠰᠢᠨᠵᠢᠯᠡᠬᠦ ᠤᠬᠠᠭᠠᠨ ᠮᠡᠷᠭᠡᠵᠢᠯ ᠵᠠᠷᠭᠡ ᠬᠤᠯᠪᠤᠭᠳᠠᠯ ᠪᠥᠬᠦᠢ ᠰᠠᠯᠠᠭ᠎ᠠ ᠮᠥᠴᠢᠷ ᠨᠢ ᠲᠤᠰ ᠲᠤᠰ ᠤᠨ ᠡᠭᠦᠷᠭᠡ ᠬᠠᠷᠢᠭᠤᠴᠠᠯᠭ᠎ᠠ ᠶᠤᠰᠤᠭᠠᠷ ᠰᠢᠨ᠎ᠡ ᠬᠡᠯᠪᠡᠷᠢ ᠶᠢᠨ ᠬᠡᠷᠡᠮ ᠤᠨ ᠮᠠᠲ᠋ᠧᠷᠢᠶᠠᠯ ᠢ ᠬᠥᠭᠵᠢᠭᠦᠯᠬᠦ ᠬᠠᠮᠢᠶ᠎ᠡ ᠪᠥᠬᠦᠢ ᠠᠵᠢᠯ ᠢ ᠰᠠᠶᠢᠲᠤᠷ ᠬᠢᠬᠦ ᠬᠡᠷᠡᠭᠲᠡᠢ᠃
     ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ ᠬᠤᠯᠪᠤᠭᠳᠠᠯ ᠪᠥᠬᠦᠢ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠯᠦᠭᠡ ᠬᠠᠮᠵᠢᠯᠴᠠᠨ ᠰᠢᠨ᠎ᠡ ᠬᠡᠯᠪᠡᠷᠢ ᠶᠢᠨ ᠬᠡᠷᠡᠮ ᠤᠨ ᠮᠠᠲ᠋ᠧᠷᠢᠶᠠᠯ ᠢ ᠮᠠᠯᠵᠢᠬᠤ ᠲᠠᠷᠢᠶᠠᠯᠠᠬᠤ ᠤᠷᠤᠨ ᠳᠤ ᠲᠥᠭᠡᠮᠡᠯᠵᠢᠭᠦᠯᠥᠨ ᠬᠡᠷᠡᠭᠯᠡᠭᠦᠯᠬᠦ ᠠᠵᠢᠯ ᠢ ᠰᠠᠶᠢᠲᠤᠷ ᠬᠢᠬᠦ ᠬᠡᠷᠡᠭᠲᠡᠢ᠃
     ᠳᠤᠯᠤᠳᠤᠭᠠᠷ ᠵᠥᠢᠯ ᠢᠨᠲ᠋ᠧᠷᠨᠧᠲ ᠬᠢᠬᠡᠳ ᠬᠡᠷᠡᠮ ᠤᠨ ᠮᠠᠲ᠋ᠧᠷᠢᠶᠠᠯ ᠤᠨ ᠠᠵᠢᠯ ᠲᠥᠷᠥᠯ ᠤᠨ ᠭᠦᠨ ᠠᠭᠤᠰᠤᠯᠴᠠᠬᠤ ᠶᠢ ᠵᠤᠷᠢᠨᠨᠵᠢᠭᠤᠯᠤᠨ᠂ ᠡᠯᠧᠺᠲᠷᠤᠨ ᠬᠤᠳᠠᠯᠳᠤᠭᠠᠨ ᠤ ᠶᠠᠪᠤᠳᠠᠯ ᠢ ᠬᠥᠭᠵᠢᠭᠦᠯᠵᠤ᠂ ᠰᠢᠨ᠎ᠡ ᠬᠡᠯᠪᠡᠷᠢ ᠶᠢᠨ ᠬᠡᠷᠡᠮ ᠤᠨ ᠮᠠᠲ᠋ᠧᠷᠢᠶᠠᠯ ᠢ ᠬᠠᠩᠭᠠᠬᠤ᠂ ᠡᠯᠧᠺᠲᠷᠤᠨ ᠬᠤᠳᠠᠯᠳᠤᠭᠠᠨ ᠤ ᠶᠠᠪᠤᠳᠠᠯ ᠪᠠ ᠦᠢᠯᠡᠴᠢᠯᠡᠭᠡ ᠬᠤᠳᠠᠯᠳᠤᠨ ᠠᠪᠬᠤ ᠲᠠᠪᠴᠠᠩ ᠪᠠᠶᠢᠭᠤᠯᠤᠨ᠂ ᠰᠢᠨ᠎ᠡ ᠬᠡᠯᠪᠡᠷᠢ ᠶᠢᠨ ᠬᠡᠷᠡᠮ ᠤᠨ ᠮᠠᠲ᠋ᠧᠷᠢᠶᠠᠯ ᠤᠨ ᠪᠠᠷᠠᠭᠠᠨ ᠤ ᠭᠥᠢᠯᠭᠡᠭᠡᠨ ᠤ ᠮᠡᠳᠡᠭᠡ ᠵᠠᠩᠬᠢᠵᠢᠯᠲᠠ ᠪᠠ ᠬᠠᠩᠭᠠᠯᠭ᠎ᠠ ᠶᠢᠨ ᠬᠡᠯᠬᠢᠶ᠎ᠡ ᠶᠢᠨ ᠵᠤᠬᠢᠴᠠᠯᠳᠤᠬᠤ ᠬᠢᠷᠢ ᠲᠦᠪᠰᠢᠨ ᠢ ᠲᠡᠬᠡᠭᠰᠢᠯᠡᠬᠦᠯᠦᠨ᠎ᠠ᠃
     ᠨᠠᠢᠮᠠᠳᠤᠭᠠᠷ ᠵᠥᠢᠯ ᠥᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠠᠵᠤ ᠠᠬᠤᠢ ᠪᠠ ᠮᠡᠳᠡᠭᠡ ᠵᠠᠩᠬᠢᠵᠢᠯᠲᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠰᠢᠨ᠎ᠡ ᠬᠡᠯᠪᠡᠷᠢ ᠶᠢᠨ ᠬᠡᠷᠡᠮ ᠤᠨ ᠮᠠᠲ᠋ᠧᠷᠢᠶᠠᠯ ᠥᠢᠯᠡᠳᠪᠥᠷᠢᠯᠡᠬᠦ ᠠᠵᠤ ᠠᠬᠤᠶᠢᠯᠠᠯ ᠤᠨ ᠢᠲᠡᠭᠡᠮᠵᠢ ᠶᠢᠨ ᠳᠠᠩᠰᠠ ᠡᠪᠬᠡᠮᠡᠯ ᠢ ᠪᠠᠶᠢᠭᠤᠯᠤᠨ᠂ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠬᠢ ᠬᠢᠬᠡᠳ ᠨᠡᠶᠢᠲᠡ ᠳᠤ ᠵᠠᠷᠯᠠᠬᠤ ᠰᠢᠰᠲ᠋ᠧᠮ ᠤᠨ ᠡᠬᠢ ᠪᠠᠶᠠᠯᠢᠭ ᠢ ᠬᠠᠮᠳᠤ ᠳᠤ ᠪᠠᠨ ᠭᠦᠷᠳᠡᠬᠦ ᠪᠤᠯᠭᠠᠵᠦ᠂ ᠦᠨᠡᠨᠴᠢ ᠢᠲᠡᠭᠡᠮᠵᠢ ᠲᠠᠢ ᠶᠢ ᠨᠢ ᠤᠷᠮᠠᠰᠢᠭᠤᠯᠬᠤ ᠪᠠ ᠢᠳᠡᠭᠡᠯ ᠠᠯᠳᠠᠭᠰᠠᠨ ᠢ ᠨᠢ ᠵᠠᠯᠬᠠᠭᠠᠬᠤ ᠲᠤᠭᠲᠠᠴᠠ ᠶᠢ ᠪᠥᠷᠢᠨᠰᠢᠭᠦᠯᠥᠨ᠂ ᠨᠡᠶᠢᠭᠡᠮ ᠤᠨ ᠬᠢᠨᠠᠯᠲᠠ ᠲᠠᠯᠪᠢᠬᠤ ᠶᠢ ᠴᠢᠩᠭᠠᠳᠬᠠᠬᠤ ᠬᠡᠷᠡᠭᠲᠡᠢ᠃
     ᠶᠢᠰᠥᠳᠥᠭᠡᠷ ᠵᠥᠢᠯ ᠰᠢᠨ᠎ᠡ ᠬᠡᠯᠪᠡᠷᠢ ᠶᠢᠨ ᠬᠡᠷᠡᠮ ᠤᠨ ᠮᠠᠲ᠋ᠧᠷᠢᠶᠠᠯ ᠤᠨ ᠠᠵᠢᠯ ᠲᠥᠷᠥᠯ ᠤᠨ ᠨᠡᠶᠢᠭᠡᠮᠯᠢᠭ ᠨᠢ ᠠᠵᠢᠯ ᠲᠥᠷᠥᠯ ᠤᠨ ᠬᠢᠨ ᠤ ᠥᠪᠡᠷ ᠢ ᠪᠠᠨ ᠱᠠᠭᠠᠷᠳᠠᠬᠤ ᠶᠢ ᠴᠢᠩᠭᠠᠳᠬᠠᠨ᠂ ᠰᠢᠨ᠎ᠡ ᠬᠡᠯᠪᠡᠷᠢ ᠶᠢᠨ ᠬᠡᠷᠡᠮ ᠤᠨ ᠮᠠᠲ᠋ᠧᠷᠢᠶᠠᠯ ᠤᠨ ᠭᠥᠭᠵᠢᠯᠲᠡ ᠶᠢᠨ ᠶᠠᠪᠤᠴᠠ ᠳᠠᠬᠢ ᠵᠤᠬᠢᠴᠠᠭᠤᠯᠤᠨ ᠦᠢᠯᠡᠴᠢᠯᠡᠬᠦ ᠥᠢᠯᠡᠳᠥᠯ ᠢ ᠨᠢ ᠪᠠᠳᠠᠷᠠᠭᠤᠯᠬᠤ ᠬᠡᠷᠡᠭᠲᠡᠢ᠃
     ᠠᠷᠪᠠᠳᠤᠭᠠᠷ ᠵᠥᠢᠯ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠠᠵᠤ ᠠᠬᠤᠶ ᠪᠠ ᠮᠡᠳᠡᠭᠡ ᠵᠠᠩᠭᠢᠵᠢᠯᠲᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠬᠤᠯᠪᠤᠭᠳᠠᠯ ᠪᠦᠬᠦᠢ ᠰᠠᠯᠠᠭ᠎ᠠ ᠮᠦᠴᠢᠷ ᠯᠦᠭᠡ ᠬᠠᠮᠳᠤᠷᠠᠯᠴᠠᠨ ᠤᠯᠤᠰ ᠪᠠ ᠦᠪᠡᠷᠳᠡᠭᠡᠨ ᠵᠠᠰᠠᠬᠤ ᠤᠷᠤᠨ ᠤ ᠠᠵᠤ ᠦᠢᠯᠡᠰ ᠤᠨ ᠲᠦᠷᠦ ᠶᠢᠨ ᠪᠤᠳᠦᠯᠭ᠎ᠠ ᠶᠢ ᠦᠨᠳᠦᠰᠦᠯᠡᠨ᠂ ᠰᠢᠨ᠎ᠡ ᠬᠡᠯᠪᠡᠷᠢ ᠶᠢᠨ ᠬᠡᠷᠡᠮ ᠤᠨ ᠮᠠᠲ᠋ᠧᠷᠢᠶᠠᠯ ᠤᠨ ᠬᠦᠭᠵᠢᠯᠲᠡ ᠶᠢᠨ ᠲᠦᠯᠦᠪᠵᠢᠬᠦᠯᠬᠡ ᠶᠢ ᠲᠤᠨᠨᠳᠠᠭᠠᠬᠤ ᠶᠢᠨ ᠬᠠᠮᠳᠤ᠂ ᠵᠤᠬᠢᠶᠠᠨ ᠪᠠᠶᠢᠭᠤᠯᠤᠨ ᠬᠡᠷᠡᠭᠵᠢᠬᠦᠯᠦᠨ᠎ᠡ᠃
     ᠠᠷᠪᠠᠨ ᠨᠢᠭᠡᠳᠤᠭᠡᠷ ᠵᠥᠢᠯ ᠬᠤᠰᠢᠭᠤ ᠰᠢᠶᠠᠨ ᠤ ᠱᠠᠲᠤᠨ ᠠᠴᠠ ᠲᠡᠬᠡᠭᠰᠢᠬᠢ ᠤᠷᠤᠨ ᠨᠤᠳᠤᠭ ᠤᠨ ᠠᠷᠠᠳ ᠤᠨ ᠵᠠᠰᠠᠭ ᠤᠨ ᠤᠷᠳᠤᠨ ᠵᠢᠴᠢ ᠬᠤᠯᠪᠤᠭᠳᠠᠯ ᠪᠦᠬᠦᠢ ᠰᠠᠯᠠᠭ᠎ᠠ ᠮᠦᠴᠢᠷ ᠨᠢ ᠪᠡᠯᠡ ᠤᠷᠤᠭᠤᠯᠬᠤ᠂ ᠭᠠᠶᠢᠯᠢ ᠰᠦᠢᠳᠬᠡᠯ᠂ ᠦᠨ᠎ᠡ ᠬᠠᠩᠰᠢ ᠵᠡᠷᠭᠡ ᠳᠤ ᠲᠦᠷᠦ ᠶᠢᠨ ᠪᠤᠳᠤᠯᠭ᠎ᠠ ᠶᠢᠨ ᠭᠦᠳᠦᠯᠦᠨ ᠵᠢᠯᠤᠭᠤᠳᠬᠤ ᠪᠠ ᠲᠤᠬᠢᠷᠠᠭᠤᠯᠤᠨ ᠡᠵᠡᠮᠳᠡᠬᠦ ᠤᠶᠢᠯᠡᠳᠤᠯ ᠢ ᠪᠠᠳᠠᠷᠠᠭᠤᠯᠵᠤ᠂ ᠰᠢᠨ᠎ᠡ ᠬᠡᠯᠪᠡᠷᠢ ᠶᠢᠨ ᠬᠡᠷᠡᠮ ᠤᠨ ᠮᠠᠲ᠋ᠧᠷᠢᠶᠠᠯ ᠤᠨ ᠰᠤᠳᠤᠯᠬᠤ᠂ ᠨᠡᠭᠡᠭᠡᠨ ᠭᠦᠭᠵᠢᠬᠦᠯᠬᠦ᠂ ᠦᠢᠯᠡᠳᠪᠦᠷᠢᠯᠡᠬᠦ ᠪᠠ ᠲᠡᠯᠬᠡᠷᠡᠬᠦᠯᠦᠨ ᠬᠡᠷᠡᠭᠯᠡᠬᠦ ᠶᠢ ᠵᠤᠷᠢᠬᠵᠢᠭᠤᠯᠬᠤ ᠪᠠ ᠲᠡᠮᠵᠢᠨ᠎ᠠ᠃
     ᠠᠷᠪᠠᠨ ᠬᠤᠶᠠᠳᠤᠭᠠᠷ ᠵᠦᠢᠯ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ᠂ ᠶᠡᠭᠡ ᠰᠤᠷᠭᠠᠭᠤᠯᠢ ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ᠂ ᠠᠵᠤ ᠠᠬᠤᠶᠢᠯᠠᠯ ᠪᠠ ᠬᠤᠪᠢ ᠬᠦᠮᠦᠨ ᠨᠢ ᠰᠢᠨᠵᠢᠯᠡᠬᠦ ᠤᠬᠠᠭᠠᠨ ᠮᠡᠷᠭᠡᠵᠢᠯ ᠤᠨ ᠠᠭᠤᠯᠤᠭᠳᠠᠴᠠ ᠪᠠᠷ ᠦᠯᠡᠮᠵᠢ᠂ ᠪᠡᠶ᠎ᠡ ᠪᠠᠨ ᠲᠠᠭᠠᠭᠠᠨᠨᠰᠠᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠲᠠᠢ᠂ ᠡᠨᠧᠷᠬᠢ ᠪᠠ ᠡᠬᠢ ᠰᠤᠷᠪᠤᠯᠵᠢ ᠶᠢ ᠠᠷᠪᠢᠯᠠᠬᠤ᠂ ᠤᠷᠴᠢᠨ ᠲᠤᠭᠤᠷᠢᠨ ᠢ ᠬᠠᠮᠠᠭᠠᠯᠠᠬᠤ ᠳᠤ ᠠᠰᠢᠨᠨᠳᠠᠢ ᠰᠢᠨ᠎ᠡ ᠬᠡᠯᠪᠡᠷᠢ ᠶᠢᠨ ᠬᠡᠷᠡᠮ ᠤᠨ ᠮᠠᠲ᠋ᠧᠷᠢᠶᠠᠯ ᠵᠢᠴᠢ ᠬᠠᠮᠢᠶ᠎ᠠ ᠪᠦᠬᠦᠢ ᠮᠡᠷᠭᠡᠵᠢᠯ᠂ ᠲᠦᠭᠦᠬᠡᠷᠦᠮᠵᠢ ᠪᠠ ᠭᠠᠷ ᠤᠷᠠᠯᠠᠯ ᠢ ᠰᠤᠳᠤᠯᠵᠦ ᠨᠡᠭᠡᠭᠡᠨ ᠭᠦᠭᠵᠢᠬᠦᠯᠬᠦ ᠶᠢ ᠵᠤᠷᠢᠬᠵᠢᠭᠤᠯᠬᠤ ᠶᠢᠨ ᠬᠠᠮᠳᠤ᠂ ᠤᠯᠤᠰ ᠤᠨ ᠱᠠᠭᠠᠷᠳᠠᠯᠭ᠎ᠠ ᠶᠤᠰᠤᠭᠠᠷ ᠬᠠᠷᠠᠭᠠᠯᠵᠠᠯ ᠦᠵᠡᠭᠦᠯᠬᠦ ᠲᠥᠷᠥ ᠶᠢᠨ ᠪᠣᠳᠣᠯᠭ᠎ᠠ ᠶᠢ ᠭᠦᠷᠳᠡᠬᠡᠨ᠎ᠠ᠃
     ᠠᠷᠪᠠᠨ ᠭᠤᠷᠪᠠᠳᠤᠭᠠᠷ ᠵᠦᠢᠯ ᠦᠪᠡᠷᠳᠡᠭᠡᠨ ᠵᠠᠰᠠᠬᠤ ᠤᠷᠤᠨ ᠤ ᠪᠠᠶᠢᠯᠳᠤᠬᠤ ᠪᠤᠳᠤᠯᠭ᠎ᠠ ᠶᠢᠨ ᠰᠢᠨ᠎ᠡ ᠬᠡᠯᠪᠡᠷᠢ ᠶᠢᠨ ᠠᠵᠤ ᠤᠶᠢᠯᠡᠰ ᠤᠨ ᠭᠤᠤᠯᠳᠠᠯᠭ᠎ᠠ ᠲᠠᠢ ᠭᠦᠭᠵᠢᠬᠦᠯᠬᠦ ᠭᠦᠷᠢᠶᠡᠨ ᠳᠤ ᠨᠡᠶᠢᠴᠡᠭᠰᠡᠨ ᠰᠢᠨ᠎ᠡ ᠬᠡᠯᠪᠡᠷᠢ ᠶᠢᠨ ᠬᠡᠷᠡᠮ ᠤᠨ ᠮᠠᠲ᠋ᠧᠷᠢᠶᠠᠯ ᠦᠢᠯᠡᠳᠪᠦᠷᠢᠯᠡᠬᠦ ᠲᠦᠷᠦᠯ ᠵᠦᠢᠯ ᠳᠤ ᠲᠤᠰᠬᠠᠢ ᠪᠡᠯᠡ ᠮᠦᠩᠭᠦᠨ ᠤ ᠲᠡᠮᠵᠢᠯᠭᠡ ᠦᠵᠡᠬᠦᠯᠦᠨ᠎ᠠ᠃
     ᠠᠷᠪᠠᠨ ᠲᠦᠷᠪᠡᠳᠦᠭᠡᠷ ᠵᠦᠢᠯ ᠤᠯᠤᠰ᠂ ᠦᠪᠡᠷᠳᠡᠭᠡᠨ ᠵᠠᠰᠠᠬᠤ ᠤᠷᠤᠨ ᠤ ᠠᠵᠤ ᠤᠶᠢᠯᠡᠰ ᠤᠨ ᠲᠦᠷᠦ ᠶᠢᠨ ᠪᠤᠳᠤᠯᠭ᠎ᠠ ᠳᠤ ᠨᠡᠶᠢᠴᠡᠭᠰᠡᠨ ᠰᠢᠨ᠎ᠡ ᠬᠡᠯᠪᠡᠷᠢ ᠶᠢᠨ ᠬᠡᠷᠡᠮ ᠤᠨ ᠮᠠᠲ᠋ᠧᠷᠢᠶᠠᠯ ᠦᠢᠯᠡᠳᠪᠦᠷᠢᠯᠡᠬᠦ ᠠᠵᠤ ᠠᠬᠤᠶᠢᠯᠠᠯ ᠳᠤ᠂ ᠬᠤᠰᠢᠭᠤ ᠰᠢᠶᠠᠨ ᠤ ᠱᠠᠲᠤᠨ ᠠᠴᠠ ᠲᠡᠬᠡᠭᠰᠢᠬᠢ ᠠᠷᠠᠳ ᠤᠨ ᠵᠠᠰᠠᠭ ᠤᠨ ᠤᠷᠳᠤᠨ ᠵᠢᠴᠢ ᠬᠤᠯᠪᠤᠭᠳᠠᠯ ᠪᠦᠬᠦᠢ ᠰᠠᠯᠠᠭ᠎ᠠ ᠮᠦᠴᠢᠷ ᠨᠢ ᠲᠦᠯᠦᠪᠵᠢᠬᠦᠯᠬᠡ᠂ ᠬᠡᠷᠡᠭᠯᠡᠬᠦ ᠭᠠᠵᠠᠷ᠂ ᠡᠳ᠋ ᠤᠨ ᠵᠠᠰᠠᠭ ᠵᠡᠷᠭᠡ ᠲᠠᠯ᠎ᠠ ᠪᠠᠷ ᠲᠡᠮᠵᠢᠯᠭᠡ ᠦᠵᠡᠬᠦᠯᠦᠨ᠎ᠡ᠃
     ᠠᠷᠪᠠᠨ ᠲᠠᠪᠤᠳᠤᠭᠠᠷ ᠵᠦᠢᠯ ᠠᠵᠤ ᠦᠢᠯᠡᠳᠪᠦᠷᠢ ᠶᠢᠨ ᠬᠠᠳᠠᠭᠤ ᠪᠡᠶᠡᠲᠤ ᠬᠠᠶᠠᠭᠳᠠᠮᠠᠯ ᠪᠤᠳᠠᠰ ᠢ ᠭᠠᠳᠠᠭᠰᠢᠯᠠᠭᠤᠯᠵᠤ ᠪᠠᠶᠢᠭ᠎ᠠ ᠠᠵᠤ ᠠᠬᠤᠶᠢᠯᠠᠯ ᠨᠢ ᠰᠢᠨ᠎ᠡ ᠬᠡᠯᠪᠡᠷᠢ ᠶᠢᠨ ᠬᠡᠷᠡᠮ ᠤᠨ ᠮᠠᠲ᠋ᠧᠷᠢᠶᠠᠯ ᠤᠨ ᠠᠵᠤ ᠠᠬᠤᠶᠢᠯᠠᠯ ᠤᠨ ᠬᠢᠨ ᠤ ᠬᠠᠲᠠᠭᠤ ᠪᠡᠶᠡᠲᠤ ᠬᠠᠶᠠᠭᠳᠠᠮᠠᠯ ᠪᠤᠳᠠᠰ ᠢ ᠠᠷᠢᠯᠭᠠᠵᠤ ᠰᠢᠢᠳᠪᠤᠷᠢᠯᠡᠬᠦ ᠳᠤ ᠨᠢ ᠲᠦᠭᠦᠮ ᠪᠠ ᠲᠡᠮᠵᠢᠯᠭᠡ ᠦᠵᠡᠬᠦᠯᠦᠨ᠎ᠠ᠃
     ᠠᠷᠪᠠᠨ ᠵᠢᠷᠭᠤᠳᠤᠭᠠᠷ ᠵᠦᠢᠯ ᠦᠪᠡᠷᠳᠡᠭᠡᠨ ᠵᠠᠰᠠᠬᠤ ᠤᠷᠤᠨ ᠠᠴᠠ ᠨᠡᠭᠦᠷᠡᠰᠦᠨ ᠴᠢᠯᠠᠭᠤ᠂ ᠨᠡᠭᠦᠷᠡᠰᠦᠨ ᠤ ᠦᠨᠡᠰᠦ᠂ ᠦᠯᠡᠳᠡᠭᠳᠡᠯ ᠬᠦᠳᠡᠷ᠂ ᠠᠵᠤ ᠦᠢᠯᠡᠳᠪᠦᠷᠢ ᠶᠢᠨ ᠳᠠᠭᠠᠯᠳᠠ ᠦᠢᠯᠡᠳᠬᠦᠨ ᠵᠤᠭᠠᠩ᠂ ᠸᠠᠭᠠᠷ ᠱᠠᠭᠠᠵᠠᠩ ᠤᠨ ᠦᠷᠦᠪᠳᠡᠰᠦ ᠵᠡᠷᠭᠡ ᠬᠠᠲᠠᠭᠤ ᠪᠡᠶᠡᠲᠤ ᠬᠠᠶᠠᠭᠳᠠᠮᠠᠯ ᠪᠤᠳᠠᠰ ᠢ ᠰᠢᠨ᠎ᠡ ᠬᠡᠯᠪᠡᠷᠢ ᠶᠢᠨ ᠬᠡᠷᠡᠮ ᠤᠨ ᠮᠠᠲ᠋ᠧᠷᠢᠶᠠᠯ ᠳᠤ ᠶᠡᠷᠦᠩᠬᠡᠶᠢᠯᠡᠨ ᠠᠰᠢᠭᠯᠠᠬᠤ ᠶᠢ ᠲᠡᠯᠬᠡᠷᠡᠬᠦᠯᠵᠦ᠂ ᠪᠠᠷᠢᠯᠭ᠎ᠠ ᠶᠢᠨ ᠬᠤᠭ ᠨᠤᠪᠰᠢ᠂ ᠠᠮᠢᠳᠦᠷᠠᠯ ᠤᠨ ᠬᠤᠭ ᠨᠤᠪᠰᠢ᠂ ᠬᠤᠲᠠ ᠪᠠᠯᠭᠠᠰᠤ ᠶᠢᠨ ᠪᠤᠬᠢᠷ ᠰᠢᠪᠠᠷ ᠢ ᠠᠰᠢᠭᠯᠠᠵᠤ ᠰᠢᠨ᠎ᠡ ᠬᠡᠯᠪᠡᠷᠢ ᠶᠢᠨ ᠬᠡᠷᠡᠮ ᠤᠨ ᠮᠠᠲ᠋ᠧᠷᠢᠶᠠᠯ ᠦᠢᠯᠡᠳᠪᠦᠷᠢᠯᠡᠬᠦ ᠶᠢ ᠵᠤᠷᠢᠬᠵᠢᠭᠤᠯᠤᠨ᠎ᠠ᠃
     ᠠᠷᠪᠠᠨ ᠳᠣᠯᠣᠳᠤᠭᠠᠷ ᠵᠦᠢᠯ ᠰᠢᠨ᠎ᠡ ᠬᠡᠯᠪᠡᠷᠢ ᠶᠢᠨ ᠬᠡᠷᠡᠮ ᠤᠨ ᠮᠠᠲ᠋ᠧᠷᠢᠶᠠᠯ ᠦᠢᠯᠡᠳᠪᠦᠷᠢᠯᠡᠬᠦ ᠠᠵᠤ ᠠᠬᠤᠶᠢᠯᠠᠯ ᠨᠢ ᠤᠯᠤᠰ ᠤᠨ ᠠᠯᠪᠠᠳᠠᠯᠭ᠎ᠠ ᠶᠢᠨ ᠴᠢᠨᠠᠷᠲᠠᠶ ᠪᠠᠷᠢᠮᠵᠢᠶ᠎ᠠ᠂ ᠠᠵᠢᠯ ᠲᠦᠷᠦᠯ ᠤᠨ ᠪᠠᠷᠢᠮᠵᠢᠶ᠎ᠠ᠂ ᠭᠠᠵᠠᠷ ᠤᠷᠤᠨ ᠤ ᠪᠠᠷᠢᠮᠵᠢᠶ᠎ᠠ ᠶᠤᠰᠤᠭᠠᠷ ᠦᠢᠯᠡᠳᠪᠦᠷᠢᠯᠡᠬᠦ ᠬᠡᠷᠡᠭᠳᠡᠢ᠂ ᠰᠢᠨ᠎ᠠ ᠬᠡᠯᠪᠡᠷᠢ ᠶᠢᠨ ᠬᠡᠷᠡᠮ ᠤᠨ ᠮᠠᠲ᠋ᠧᠷᠢᠶᠠᠯ ᠦᠢᠯᠡᠳᠪᠦᠷᠢᠯᠡᠬᠦ ᠠᠵᠦ ᠠᠬᠤᠶᠢᠯᠠᠯ ᠢ ᠵᠤᠷᠢᠨᠨᠵᠢᠭᠤᠯᠵᠦ ᠪᠠᠶᠢᠭᠠᠳ ᠤᠯᠤᠰ ᠤᠨ ᠰᠤᠩᠭᠤᠨ ᠲᠠᠨᠢᠯᠴᠠᠭᠤᠯᠬᠤ ᠴᠢᠨᠠᠷᠳᠠᠢ ᠪᠠᠷᠢᠮᠵᠢᠶ᠎ᠠ᠂ ᠠᠵᠢᠯ ᠲᠦᠷᠦᠯ ᠤᠨ ᠪᠠᠷᠢᠮᠵᠢᠶ᠎ᠠ᠂ ᠤᠷᠤᠨ ᠨᠤᠳᠤᠭ ᠤᠨ ᠪᠠᠷᠢᠮᠵᠢᠶ᠎ᠠ ᠶᠢ ᠬᠡᠷᠡᠭᠯᠡᠬᠦᠯᠦᠨ᠎ᠠ᠃
     ᠰᠢᠨ᠎ᠡ ᠬᠡᠯᠪᠡᠷᠢ ᠶᠢᠨ ᠬᠡᠷᠡᠮ ᠤᠨ ᠮᠠᠲ᠋ᠧᠷᠢᠶᠠᠯ ᠦᠢᠯᠡᠳᠪᠦᠷᠢᠯᠡᠬᠦ ᠠᠵᠤ ᠠᠬᠤᠶᠢᠯᠠᠯ ᠨᠢ ᠰᠤᠩᠭᠤᠨ ᠲᠠᠨᠢᠯᠴᠠᠭᠤᠯᠬᠤ ᠴᠢᠨᠠᠷᠲᠠᠶ ᠪᠠᠷᠢᠮᠵᠢᠶ᠎ᠠ ᠠᠴᠠ ᠦᠨᠳᠦᠷ ᠱᠠᠭᠠᠷᠳᠠᠯᠭ᠎ᠠ ᠲᠠᠢ ᠬᠠᠮᠢᠶ᠎ᠠ ᠪᠦᠬᠦᠢ ᠮᠡᠷᠭᠡᠵᠢᠯ ᠤᠨ ᠱᠠᠭᠠᠷᠳᠠᠯᠭ᠎ᠠ ᠲᠠᠢ ᠠᠵᠤ ᠠᠬᠤᠶᠢᠯᠠᠯ ᠤᠨ ᠪᠠᠷᠢᠮᠵᠢᠶ᠎ᠠ ᠪᠤᠶᠤ ᠪᠦᠯᠬᠦᠮ ᠤᠨ ᠪᠠᠷᠢᠮᠵᠢᠶ᠎ᠠ ᠶᠢ ᠲᠤᠭᠲᠠᠭᠠᠨ᠎ᠠ᠃
     ᠰᠢᠨ᠎ᠡ ᠬᠡᠯᠪᠡᠷᠢ ᠶᠢᠨ ᠬᠡᠷᠡᠮ ᠤᠨ ᠮᠠᠲ᠋ᠧᠷᠢᠶᠠᠯ ᠤᠨ ᠦᠢᠯᠡᠳᠬᠦᠨ ᠳᠤ ᠤᠯᠤᠰ ᠤᠨ ᠪᠠᠷᠢᠮᠵᠢᠶ᠎ᠠ ᠪᠠ ᠠᠵᠢᠯ ᠲᠦᠷᠦᠯ ᠤᠨ ᠪᠠᠷᠢᠮᠵᠢᠶ᠎ᠠ ᠪᠠᠶᠢᠬᠤ ᠦᠬᠡᠢ ᠪᠤᠯ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠠᠵᠤ ᠠᠬᠤᠶ ᠪᠠ ᠮᠡᠳᠡᠭᠡ ᠵᠠᠩᠭᠢᠵᠢᠯᠲᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠵᠠᠬ᠎ᠠ ᠲᠡᠯᠭᠡᠭᠦᠷ ᠤᠨ ᠬᠢᠨᠠᠨ ᠬᠠᠮᠢᠶᠠᠷᠬᠤ ᠰᠠᠯᠠᠭ᠎ᠠ ᠮᠦᠴᠢᠷ ᠲᠠᠢ ᠬᠠᠮᠳᠤᠷᠠᠯᠴᠠᠨ ᠤᠷᠤᠨ ᠨᠤᠳᠤᠭ ᠤᠨ ᠪᠠᠷᠢᠮᠵᠢᠶ᠎ᠠ ᠶᠢ ᠲᠤᠨᠨᠳᠠᠭᠠᠬᠤ ᠬᠡᠷᠡᠭᠳᠡᠢ᠃
     ᠠᠷᠪᠠᠨ ᠨᠠᠢᠮᠠᠳᠤᠭᠠᠷ ᠵᠦᠢᠯ ᠰᠢᠨ᠎ᠡ ᠬᠡᠯᠪᠡᠷᠢ ᠶᠢᠨ ᠬᠡᠷᠡᠮ ᠤᠨ ᠮᠠᠲ᠋ᠧᠷᠢᠶᠠᠯ ᠦᠢᠯᠡᠳᠪᠦᠷᠢᠯᠡᠬᠦ ᠠᠵᠦ ᠠᠬᠤᠶᠢᠯᠠᠯ ᠨᠢ ᠠᠮᠢ ᠠᠬᠤᠢ ᠤᠷᠴᠢᠨ ᠲᠤᠭᠤᠷᠢᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠲᠤ ᠲᠦᠷᠦᠯ ᠵᠦᠢᠯ ᠤᠨ ᠤᠷᠴᠢᠨ ᠲᠤᠭᠤᠷᠢᠨ ᠤ ᠨᠦᠯᠦᠬᠡᠯᠡᠯ ᠢ ᠦᠨᠡᠯᠡᠭᠰᠡᠨ ᠪᠢᠴᠢᠭ ᠮᠠᠲ᠋ᠧᠷᠢᠶᠠᠯ ᠢ ᠬᠠᠤᠯᠢ ᠶᠤᠰᠤᠭᠠᠷ ᠲᠤᠰᠢᠶᠠᠨ ᠵᠦᠪᠰᠢᠶᠡᠷᠡᠬᠦᠯᠵᠦ᠂ ᠲᠦᠷᠦᠯ ᠵᠦᠢᠯ ᠲᠠᠢ ᠲᠤᠬᠢᠷᠠᠭᠤᠯᠤᠨ ᠲᠦᠭᠦᠷᠵᠢᠬᠦᠯᠦᠭᠰᠡᠨ ᠤᠷᠴᠢᠨ ᠲᠤᠭᠤᠷᠢᠨ ᠢ ᠬᠠᠮᠠᠭᠠᠯᠠᠬᠤ ᠪᠡᠯᠡᠳᠬᠡᠮᠵᠢ ᠶᠢ ᠪᠦᠳᠦᠭᠡᠨ ᠪᠠᠶᠢᠭᠤᠯᠬᠤ ᠶᠢᠨ ᠬᠠᠮᠳᠤ᠂ ᠲᠦᠷᠦᠯ ᠵᠦᠢᠯ ᠤᠨ ᠠᠵᠢᠯ ᠲᠠᠭᠤᠰᠬᠤ ᠳᠤ ᠤᠷᠴᠢᠨ ᠲᠤᠭᠤᠷᠢᠨ ᠤ ᠬᠠᠮᠠᠭᠠᠯᠠᠯᠳᠠ ᠶᠢᠨ ᠰᠢᠯᠭᠠᠵᠦ ᠬᠤᠷᠢᠶᠠᠨ ᠠᠪᠬᠤ ᠶᠢ ᠬᠠᠤᠯᠢ ᠶᠤᠰᠤᠭᠠᠷ ᠦᠷᠨᠢᠬᠦᠯᠦᠨ᠎ᠠ᠃
     ᠠᠷᠪᠠ ᠶᠢᠰᠦᠳᠦᠭᠡᠷ ᠵᠦᠢᠯ ᠰᠢᠨ᠎ᠡ ᠬᠡᠯᠪᠡᠷᠢ ᠶᠢᠨ ᠬᠡᠷᠡᠮ ᠤᠨ ᠮᠠᠲ᠋ᠧᠷᠢᠶᠠᠯ ᠦᠢᠯᠡᠳᠪᠦᠷᠢᠯᠡᠬᠦ ᠠᠵᠦ ᠠᠬᠤᠶᠢᠯᠠᠯ ᠨᠢ ᠠᠷᠭ᠎ᠠ ᠬᠡᠮᠵᠢᠶ᠎ᠡ ᠠᠪᠴᠦ ᠪᠠᠶᠢᠭᠠᠳ᠂ ᠦᠢᠯᠡᠳᠪᠦᠷᠢᠯᠡᠵᠦ ᠪᠦᠳᠦᠬᠡᠨ ᠪᠠᠶᠢᠭᠤᠯᠬᠤ ᠪᠤᠶᠤ ᠪᠤᠰᠤᠳ ᠠᠵᠢᠯᠯᠠᠭ᠎ᠠ ᠳᠤ ᠬᠠᠶᠠᠭᠳᠠᠮᠠᠯ ᠬᠡᠢ᠂ ᠪᠤᠬᠢᠷ ᠤᠰᠤ᠂ ᠦᠷᠦᠪᠳᠡᠰᠦ᠂ ᠲᠤᠭᠤᠰᠤ ᠪᠠ ᠱᠤᠤᠬᠢᠶ᠎ᠠ ᠲᠠᠭᠤ ᠵᠡᠷᠭᠡ ᠤᠷᠴᠢᠨ ᠲᠤᠭᠤᠷᠢᠨ ᠤ ᠪᠤᠬᠢᠷᠳᠤᠯ ᠡᠬᠦᠰᠬᠦ ᠶᠢ ᠰᠡᠷᠭᠡᠶᠢᠯᠡᠨ ᠵᠠᠰᠠᠬᠤ ᠶᠢᠨ ᠬᠠᠮᠳᠤ᠂ ᠬᠠᠮᠢᠶ᠎ᠠ ᠪᠦᠬᠦᠢ ᠤᠷᠴᠢᠨ ᠲᠤᠭᠤᠷᠢᠨ ᠤ ᠬᠠᠮᠠᠭᠠᠯᠠᠯᠳᠠ ᠶᠢᠨ ᠪᠠᠷᠢᠮᠵᠢᠶ᠎ᠠ ᠪᠠ ᠱᠠᠭᠠᠷᠳᠠᠯᠭ᠎ᠠ ᠳᠤ ᠨᠡᠶᠢᠴᠡᠬᠦᠯᠦᠨ᠎ᠠ᠃
     ᠬᠤᠷᠢᠳᠤᠭᠠᠷ ᠵᠦᠢᠯ ᠰᠢᠨ᠎ᠡ ᠬᠡᠯᠪᠡᠷᠢ ᠶᠢᠨ ᠬᠡᠷᠡᠮ ᠤᠨ ᠮᠠᠲ᠋ᠧᠷᠢᠶᠠᠯ ᠦᠢᠯᠡᠳᠪᠦᠷᠢᠯᠡᠬᠦ ᠠᠵᠦ ᠠᠬᠤᠶᠢᠯᠠᠯ ᠢ ᠵᠤᠷᠢᠨᠨᠵᠢᠭᠤᠯᠵᠦ ᠰᠢᠨ᠎ᠡ ᠬᠡᠯᠪᠡᠷᠢ ᠶᠢᠨ ᠬᠡᠷᠡᠮ ᠤᠨ ᠮᠠᠲ᠋ᠧᠷᠢᠶᠠᠯ ᠤᠨ ᠦᠢᠯᠡᠳᠭᠦᠨ ᠤ ᠭᠡᠷᠡᠴᠢᠯᠡᠯ ᠢ ᠪᠡᠶ᠎ᠡ ᠶᠢ ᠨᠢ ᠲᠠᠭᠠᠯᠭᠠᠨ ᠭᠤᠶᠤᠴᠢᠯᠠᠭᠤᠯᠵᠦ᠂ ᠭᠡᠷᠡᠴᠢᠯᠡᠯ ᠤᠯᠤᠨᠨᠰᠠᠨ ᠰᠢᠨ᠎ᠡ ᠬᠡᠯᠪᠡᠷᠢ ᠶᠢᠨ ᠬᠡᠷᠡᠮ ᠤᠨ ᠮᠠᠲ᠋ᠧᠷᠢᠶᠠᠯ ᠤᠨ ᠦᠢᠯᠡᠳᠬᠦᠨ ᠢ ᠰᠢᠨ᠎ᠡ ᠬᠡᠯᠪᠡᠷᠢ ᠶᠢᠨ ᠬᠡᠷᠡᠮ ᠤᠨ ᠮᠠᠲ᠋ᠧᠷᠢᠶᠠᠯ ᠤᠨ ᠭᠠᠷᠴᠠᠭ ᠲᠤ ᠤᠷᠤᠭᠤᠯᠵᠦ᠂ ᠦᠢᠯᠡᠳᠪᠦᠷᠢᠯᠡᠭᠰᠡᠨ ᠠᠵᠦ ᠠᠬᠤᠶᠢᠯᠠᠯ ᠳᠤ ᠨᠢ ᠤᠯᠤᠰ ᠪᠠ ᠦᠪᠡᠷᠳᠡᠭᠡᠨ ᠵᠠᠰᠠᠬᠤ ᠤᠷᠤᠨ ᠤ ᠲᠤᠭᠳᠠᠭᠠᠯ ᠶᠤᠰᠤᠭᠠᠷ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢ ᠭᠦᠷᠳᠡᠬᠡᠨ᠎ᠠ᠃
     ᠬᠤᠷᠢᠨ ᠨᠢᠭᠡᠳᠦᠭᠡᠷ ᠵᠦᠢᠯ ᠬᠠᠭᠠᠯᠠᠪᠤᠷᠢᠯᠠᠵᠦ ᠲᠠᠷᠢᠶᠠᠯᠠᠬᠤ ᠭᠠᠵᠠᠷ᠂ ᠨᠤᠳᠤᠭ ᠪᠡᠯᠴᠢᠭᠡᠷ᠂ ᠤᠶᠢᠳᠤ ᠭᠠᠵᠠᠷ ᠲᠤ ᠲᠤᠭᠤᠰᠬ᠎ᠠ ᠰᠢᠳᠠᠭᠠᠬᠤ ᠶᠢ ᠬᠤᠷᠢᠨᠨᠯᠠᠵᠦ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠲᠤᠭᠳᠠᠭᠠᠭᠰᠠᠨ ᠴᠠᠭ ᠬᠤᠭᠤᠴᠠᠭ᠎ᠠ ᠪᠠ ᠤᠷᠤᠨ ᠲᠤᠳᠤᠷ᠎ᠠ ᠨᠡᠩᠭᠢ ᠰᠢᠷᠦ᠋ᠢᠳᠤ ᠲᠤᠭᠤᠰᠬ᠎ᠠ ᠶᠢ ᠦᠢᠯᠡᠳᠪᠦᠷᠢᠯᠡᠬᠦ᠂ ᠪᠤᠷᠤᠯᠠᠭᠤᠯᠬᠤ ᠪᠠ ᠬᠡᠷᠡᠭᠯᠡᠬᠦ ᠶᠢ ᠬᠤᠷᠢᠨᠨᠯᠠᠨ᠎ᠠ᠃
     ᠨᠠᠩᠭᠢ ᠰᠢᠷᠦ᠋ᠢᠳᠤ ᠲᠤᠭᠤᠰᠬ᠎ᠠ ᠦᠢᠯᠡᠳᠪᠦᠷᠢᠯᠡᠬᠦ ᠲᠦᠷᠦᠯ ᠵᠦᠢᠯ ᠢ ᠰᠢᠨ᠎ᠡ ᠪᠠᠷ ᠪᠠᠶᠢᠭᠤᠯᠬᠤ᠂ ᠦᠭᠡᠷᠡᠴᠢᠯᠡᠨ ᠪᠠᠶᠢᠭᠤᠯᠬᠤ ᠪᠠ ᠦᠷᠭᠡᠳᠬᠡᠨ ᠪᠠᠶᠢᠭᠤᠯᠬᠤ ᠶᠢ ᠬᠤᠷᠢᠨᠨᠯᠠᠨ᠎ᠠ᠃
     ᠤᠯᠤᠰ ᠤᠨ ᠵᠠᠷᠯᠢᠭ ᠢᠶᠠᠷ ᠰᠢᠭᠰᠢᠭᠳᠡᠬᠦᠯᠦᠭᠰᠡᠨ ᠤᠷᠠᠯᠠᠯ ᠪᠠ ᠲᠦᠭᠦᠭᠡᠷᠦᠮᠵᠢ ᠶᠢ ᠬᠡᠷᠡᠭᠯᠡᠨ ᠰᠢᠨ᠎ᠡ ᠬᠡᠯᠪᠡᠷᠢ ᠶᠢᠨ ᠬᠡᠷᠡᠮ ᠤᠨ ᠮᠠᠲ᠋ᠧᠷᠢᠶᠠᠯ ᠦᠢᠯᠡᠳᠪᠦᠷᠢᠯᠡᠬᠦ ᠶᠢ ᠬᠤᠷᠢᠨᠨᠯᠠᠨ᠎ᠠ᠃
     ᠬᠤᠷᠢᠨ ᠬᠤᠶᠠᠳᠤᠭᠠᠷ ᠵᠦᠢᠯ ᠠᠶᠢᠮᠠᠭ ᠤᠨ ᠵᠠᠬᠢᠷᠭ᠎ᠠ᠂ ᠲᠤᠭᠤᠷᠢᠭ ᠪᠠᠶᠢᠭᠤᠯᠤᠨᠨᠰᠠᠨ ᠬᠤᠳᠠ ᠶᠢᠨ ᠠᠷᠠᠳ ᠤᠨ ᠵᠠᠰᠠᠭ ᠤᠨ ᠤᠷᠳᠤᠨ᠂ ᠬᠤᠰᠢᠭᠤ ᠰᠢᠶᠠᠨ ᠤ ᠱᠠᠳᠤᠨ ᠤ ᠠᠷᠠᠳ ᠤᠨ ᠵᠠᠰᠠᠭ ᠤᠨ ᠤᠷᠳᠤᠨ ᠤ ᠪᠠᠶᠢᠭ᠎ᠠ ᠭᠠᠵᠠᠷ ᠲᠤ ᠲᠦᠷᠦᠯ ᠵᠦᠢᠯ ᠢ ᠪᠦᠳᠦᠭᠡᠨ ᠪᠠᠶᠢᠭᠤᠯᠬᠤ ᠳᠤ ᠪᠠᠨ ᠪᠡᠯᠡᠳᠬᠡᠯ ᠬᠤᠯᠢᠴᠠᠳᠤ ᠪᠧᠲ᠋ᠤᠨ ᠢᠶᠠᠷ ᠲᠤᠬᠠᠢ ᠶᠢᠨ ᠲᠠᠯᠠᠪᠤᠷ ᠲᠤ ᠬᠤᠯᠢᠵᠦ ᠵᠢᠭᠤᠷᠬᠠᠰᠠᠨ ᠪᠧᠲ᠋ᠤᠨ ᠢ ᠤᠷᠤᠯᠠᠭᠤᠯᠵᠦ᠂ ᠬᠡᠷᠡᠭᠯᠡᠭᠡᠨ ᠤ ᠲᠡᠭᠡᠳᠦ ᠴᠢᠳᠠᠪᠬᠢᠳᠤ ᠪᠧᠲ᠋ᠤᠨ ᠢ ᠠᠯᠬᠤᠮ ᠠᠯᠬᠤᠮ ᠢᠶᠠᠷ ᠲᠡᠯᠬᠡᠷᠡᠬᠦᠯᠬᠦ ᠬᠡᠷᠡᠭᠳᠡᠢ᠃
     ᠠᠶᠢᠮᠠᠭ ᠤᠨ ᠵᠠᠬᠢᠷᠭ᠎ᠠ᠂ ᠲᠤᠭᠤᠷᠢᠭ ᠪᠠᠶᠢᠭᠤᠯᠤᠨᠨᠰᠠᠨ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠪᠠᠶᠢᠭ᠎ᠠ ᠭᠠᠵᠠᠷ᠂ ᠬᠤᠰᠢᠭᠤ ᠰᠢᠶᠠᠨ ᠤ ᠱᠠᠳᠤᠨ ᠤ ᠠᠷᠠᠳ ᠤᠨ ᠵᠠᠰᠠᠭ ᠤᠨ ᠤᠷᠳᠤᠨ ᠤ ᠪᠠᠶᠢᠭ᠎ᠠ ᠭᠠᠵᠠᠷ ᠲᠤ ᠲᠦᠷᠦᠯ ᠵᠦᠢᠯ ᠢ ᠪᠦᠳᠦᠭᠡᠨ ᠪᠠᠶᠢᠭᠤᠯᠬᠤ ᠳᠤ ᠪᠠᠨ ᠪᠡᠯᠡᠳᠬᠡᠯ ᠬᠤᠯᠢᠴᠠᠳᠤ ᠡᠯᠡᠰᠦᠨ ᠵᠢᠭᠤᠷᠠᠮᠠᠭ ᠢᠶᠠᠷ ᠲᠤᠬᠠᠢ ᠶᠢᠨ ᠲᠠᠯᠠᠪᠤᠷ ᠲᠤ ᠬᠤᠯᠢᠵᠦ ᠵᠢᠭᠤᠷᠬᠠᠰᠠᠨ ᠡᠯᠡᠰᠦᠨ ᠵᠢᠭᠤᠷᠠᠮᠠᠭ ᠢ ᠤᠷᠤᠯᠠᠭᠤᠯᠤᠨ᠎ᠠ᠃
     ᠲᠡᠦᠬᠡ ᠶᠢᠨ ᠲᠤᠷᠠᠰᠬᠠᠯᠳᠤ ᠵᠦᠢᠯᠡᠰ ᠤᠨ ᠬᠠᠮᠠᠭᠠᠯᠠᠯᠳᠠ ᠳᠤ ᠵᠢᠨᠨᠰᠠᠭᠠᠨ ᠤᠷᠤᠭᠤᠯᠬᠤ ᠡᠷᠳᠡᠨ ᠤ ᠪᠠᠷᠢᠯᠭ᠎ᠠ ᠶᠢᠨ ᠰᠡᠯᠪᠢᠨ ᠵᠠᠰᠠᠬᠤ ᠢᠨᠵᠧᠨᠧᠷᠢᠩ᠂ ᠰᠠᠭᠤᠷᠢ ᠪᠠᠷᠢᠯᠭ᠎ᠠ ᠪᠤᠶᠤ ᠬᠤᠯᠪᠤᠭᠳᠠᠯ ᠪᠦᠬᠦᠢ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠢᠶᠠᠷ ᠨᠤᠳᠠᠯᠠᠭᠤᠯᠤᠭᠰᠠᠨ ᠪᠠᠷᠢᠯᠭ᠎ᠠ ᠶᠢᠨ ᠪᠦᠳᠦᠴᠡ ᠳᠤ ᠤᠨᠴᠠᠭᠠᠢ ᠱᠠᠭᠠᠷᠳᠠᠯᠭ᠎ᠠ ᠲᠠᠢ ᠪᠦᠳᠦᠬᠡᠨ ᠪᠠᠶᠢᠭᠤᠯᠬᠤ ᠪᠠᠷᠢᠯᠭ᠎ᠠ ᠳᠤ ᠨᠠᠩᠬᠢ ᠰᠢᠷᠦ᠋ᠢᠳᠤ ᠲᠤᠭᠤᠰᠬ᠎ᠠ ᠵᠡᠷᠭᠡ ᠤᠯᠠᠮᠵᠢᠯᠠᠯᠳᠤ ᠬᠡᠷᠡᠮ ᠤᠨ ᠮᠠᠲ᠋ᠧᠷᠢᠶᠠᠯ ᠢ ᠦᠨᠡᠨ ᠬᠦ ᠬᠡᠷᠡᠭᠯᠡᠬᠦ ᠪᠠᠶᠢᠳᠠᠯ ᠠᠴᠠ ᠭᠠᠳᠠᠨ᠎ᠠ᠂ ᠪᠤᠰᠤᠳ ᠡᠯ᠎ᠡ ᠲᠦᠷᠦᠯ ᠤᠨ ᠪᠦᠳᠦᠬᠡᠨ ᠪᠠᠶᠢᠭᠤᠯᠬᠤ ᠪᠠᠷᠢᠯᠭ᠎ᠠ ᠳᠤ ᠨᠠᠩᠭᠢ ᠰᠢᠷᠦ᠋ᠢᠳᠤ ᠲᠤᠭᠤᠰᠬ᠎ᠠ ᠶᠢ ᠬᠡᠷᠡᠭᠯᠡᠵᠦ ᠪᠤᠯᠬᠤ ᠦᠬᠡᠢ᠃
     ᠬᠤᠷᠢᠨ ᠭᠤᠷᠪᠠᠳᠤᠭᠠᠷ ᠵᠦᠢᠯ ᠡᠳ᠋ ᠤᠨ ᠵᠠᠰᠠᠭ ᠤᠨ ᠴᠢᠨᠠᠷᠳᠠᠢ ᠪᠡᠯᠡ ᠮᠦᠩᠭᠦ ᠶᠢ ᠬᠡᠷᠡᠭᠯᠡᠳᠡᠭ ᠪᠦᠳᠦᠬᠡᠨ ᠪᠠᠶᠢᠭᠤᠯᠬᠤ ᠪᠠᠷᠢᠯᠭ᠎ᠠ ᠶᠢᠨ ᠲᠦᠷᠦᠯ ᠵᠦᠢᠯ᠂ ᠬᠤᠳᠠ ᠪᠠᠯᠭᠠᠰᠤᠨ ᠤ ᠲᠦᠯᠦᠪᠵᠢᠭᠦᠯᠭᠡ ᠶᠢᠨ ᠤᠷᠤᠨ᠂ ᠨᠡᠭᠡᠭᠡᠯᠳᠡ ᠶᠢᠨ ᠲᠤᠭᠤᠷᠢᠭ ᠤᠨ ᠬᠡᠪᠴᠢᠶᠡᠨ ᠳᠠᠬᠢ ᠰᠢᠨ᠎ᠡ ᠪᠠᠷ ᠪᠠᠶᠢᠭᠤᠯᠬᠤ᠂ ᠦᠭᠡᠷᠡᠴᠢᠯᠡᠨ ᠪᠠᠶᠢᠭᠤᠯᠬᠤ ᠪᠠ ᠦᠷᠭᠡᠳᠭᠡᠨ ᠪᠠᠶᠢᠭᠤᠯᠬᠤ ᠪᠠᠷ ᠪᠠᠶᠢᠭ᠎ᠠ ᠪᠦᠳᠦᠭᠡᠨ ᠪᠠᠶᠢᠭᠤᠯᠬᠤ ᠪᠠᠷᠢᠯᠭ᠎ᠠ ᠶᠢᠨ ᠲᠦᠷᠦᠯ ᠵᠦᠢᠯ ᠳᠤ ᠰᠢᠨ᠎ᠡ ᠬᠡᠯᠪᠡᠷᠢ ᠶᠢᠨ ᠬᠡᠷᠡᠮ ᠤᠨ ᠮᠠᠲ᠋ᠧᠷᠢᠶᠠᠯ ᠢ ᠤᠷᠢᠳ ᠢᠶᠠᠷ ᠬᠡᠷᠡᠭᠯᠡᠬᠦ ᠬᠡᠷᠡᠭᠳᠡᠢ᠃
     ᠪᠦᠳᠦᠭᠡᠨ ᠪᠠᠶᠢᠭᠤᠯᠬᠤ ᠪᠠᠷᠢᠯᠭ᠎ᠠ ᠶᠢᠨ ᠲᠦᠷᠦᠯ ᠵᠦᠢᠯ ᠳᠤ ᠤᠨᠨᠰᠠᠷᠠᠨ ᠲᠤᠬᠢᠷᠠᠭᠤᠯᠬᠤ ᠬᠡᠯᠪᠡᠷᠢ ᠶᠢᠨ ᠪᠡᠯᠡᠳᠬᠡᠯ ᠲᠤᠨᠤᠭᠯᠠᠭᠠᠰᠤ᠂ ᠤᠨᠨᠰᠠᠷᠠᠭ᠎ᠠ ᠪᠡᠯᠡᠳᠬᠡᠯ ᠦᠢᠯᠡᠳᠬᠦᠨ ᠬᠡᠷᠡᠭᠯᠡᠬᠦ ᠶᠢ ᠵᠤᠷᠢᠬᠵᠢᠭᠤᠯᠤᠨ᠎ᠠ᠃
     ᠮᠠᠯᠵᠢᠬᠤ ᠲᠠᠷᠢᠶᠠᠯᠠᠬᠤ ᠤᠷᠤᠨ ᠤ ᠰᠠᠭᠤᠭᠠᠯᠢ ᠠᠷᠠᠳ ᠤᠨ ᠭᠡᠷ ᠪᠠᠶᠢᠰᠢᠩ ᠪᠠᠷᠢᠬᠤ ᠳᠤ ᠰᠢᠨ᠎ᠡ ᠬᠡᠯᠪᠡᠷᠢ ᠶᠢᠨ ᠬᠡᠷᠡᠮ ᠤᠨ ᠮᠠᠲ᠋ᠧᠷᠢᠶᠠᠯ ᠬᠡᠷᠡᠭᠯᠡᠬᠦ ᠶᠢ ᠵᠤᠷᠢᠬᠵᠢᠭᠤᠯᠤᠨ᠎ᠠ᠃
     ᠬᠤᠷᠢᠨ ᠲᠦᠷᠪᠡᠳᠦᠭᠡᠷ ᠵᠦᠢᠯ ᠰᠢᠨ᠎ᠡ ᠬᠡᠯᠪᠡᠷᠢ ᠶᠢᠨ ᠬᠡᠷᠡᠮ ᠤᠨ ᠮᠠᠲ᠋ᠧᠷᠢᠶᠠᠯ ᠢ ᠪᠤᠷᠤᠯᠠᠭᠤᠯᠬᠤ ᠳᠤ ᠲᠤᠰ ᠦᠢᠯᠡᠳᠬᠦᠨ ᠤ ᠰᠢᠯᠭᠠᠨ ᠪᠠᠶᠢᠴᠠᠭᠠᠭᠰᠠᠨ ᠮᠡᠳᠡᠭᠦᠯᠦᠯᠳᠡ ᠪᠠ ᠦᠢᠯᠡᠳᠭᠦᠨ ᠤ ᠬᠡᠷᠡᠭᠯᠡᠬᠦ ᠲᠤᠳᠤᠷᠬᠠᠶᠢᠯᠠᠯᠳᠠ ᠶᠢᠨ ᠪᠢᠴᠢᠭ ᠢ ᠬᠠᠩᠭᠠᠵᠦ ᠦᠭᠭᠦ ᠬᠡᠷᠡᠭᠳᠡᠢ᠃ ᠰᠢᠯᠭᠠᠨ ᠪᠠᠶᠢᠴᠠᠭᠠᠯᠳᠠ ᠶᠢ ᠲᠠᠮᠵᠢᠭᠰᠠᠨ ᠦᠭᠡᠢ ᠪᠤᠶᠤ ᠰᠢᠯᠭᠠᠨ ᠪᠠᠶᠢᠴᠠᠭᠠᠯᠳᠠ ᠳᠤ ᠬᠢᠷᠢ ᠲᠡᠩᠴᠡᠭᠰᠡᠨ ᠦᠭᠡᠢ ᠰᠢᠨ᠎ᠡ ᠬᠡᠯᠪᠡᠷᠢ ᠶᠢᠨ ᠬᠡᠷᠡᠮ ᠤᠨ ᠮᠠᠲ᠋ᠧᠷᠢᠶᠠᠯ ᠤᠨ ᠦᠢᠯᠡᠳᠬᠦᠨ ᠢ ᠵᠠᠬ᠎ᠠ ᠲᠡᠯᠭᠡᠭᠦᠷ ᠲᠤ ᠪᠤᠷᠤᠯᠠᠭᠤᠯᠬᠤ ᠪᠤᠶᠤ ᠪᠠᠷᠢᠯᠭ᠎ᠠ ᠶᠢᠨ ᠢᠨᠵᠧᠨᠧᠷᠢᠩ ᠳᠤ ᠬᠡᠷᠡᠭᠯᠡᠵᠦ ᠪᠤᠯᠬᠤ ᠦᠭᠡᠢ᠃
     ᠰᠢᠨ᠎ᠡ ᠬᠡᠯᠪᠡᠷᠢ ᠶᠢᠨ ᠬᠡᠷᠡᠮ ᠤᠨ ᠮᠠᠲ᠋ᠧᠷᠢᠶᠠᠯ ᠢ ᠦᠢᠯᠡᠳᠪᠦᠷᠢᠯᠡᠳᠡᠭ ᠠᠵᠦ ᠠᠬᠤᠶᠢᠯᠠᠯ ᠨᠢ ᠠᠵᠦ ᠠᠬᠤᠶᠢᠯᠠᠯ ᠤᠨ ᠪᠠᠶᠢᠭ᠎ᠠ ᠭᠠᠵᠠᠷ ᠲᠠᠬᠢ ᠬᠡᠷᠡᠮ ᠤᠨ ᠮᠠᠲ᠋ᠧᠷᠢᠶᠠᠯ ᠢ ᠰᠢᠨᠡᠴᠢᠯᠡᠭᠦ ᠪᠠᠶᠢᠭᠤᠯᠤᠮᠵᠢ ᠳᠤ ᠦᠢᠯᠡᠳᠪᠦᠷᠢᠯᠡᠵᠦ ᠡᠵᠡᠩᠨᠡᠬᠦ ᠲᠤᠭ᠎ᠠ ᠪᠠᠷᠢᠮᠳᠠ ᠶᠢ ᠴᠠᠭ ᠲᠤ ᠨᠢ ᠮᠡᠳᠡᠭᠦᠯᠭᠦ ᠬᠡᠷᠡᠭᠳᠡᠢ᠃
     ᠬᠤᠷᠢᠨ ᠲᠠᠪᠤᠳᠤᠭᠠᠷ ᠵᠦᠢᠯ ᠬᠤᠰᠢᠭᠤ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠪᠠᠶᠢᠭᠠᠯᠢ ᠶᠢᠨ ᠡᠬᠢ ᠪᠠᠶᠠᠯᠢᠭ ᠤᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠨᠢ ᠤᠳᠤ ᠶᠢᠨ ᠪᠠᠶᠢᠭ᠎ᠠ ᠨᠠᠩᠭᠢ ᠰᠢᠷᠤᠢ ᠶᠢᠨ ᠪᠦᠳᠦᠭᠡᠭᠳᠡᠭᠦᠨ ᠦᠢᠯᠡᠳᠪᠦᠷᠢᠯᠡᠭᠦ ᠠᠵᠦ ᠠᠬᠤᠶᠢᠯᠠᠯ ᠤᠨ ᠰᠢᠷᠤᠢ ᠠᠪᠬᠤ ᠭᠦᠷᠢᠶ᠎ᠡ ᠬᠡᠪᠴᠢᠶ᠎ᠡ ᠪᠠ ᠬᠡᠮᠵᠢᠶ᠎ᠡ ᠶᠢ ᠴᠢᠩᠭ᠎ᠠ ᠡᠵᠡᠮᠰᠢᠵᠦ᠂ ᠨᠠᠩᠭᠢ ᠰᠢᠷᠤᠢ ᠶᠢᠨ ᠪᠦᠳᠦᠭᠡᠭᠳᠡᠭᠦᠨ ᠦᠢᠯᠡᠳᠪᠦᠷᠢᠯᠡᠭᠦ ᠠᠵᠦ ᠠᠬᠤᠶᠢᠯᠠᠯ ᠤᠨ ᠰᠢᠷᠤᠢ ᠠᠪᠬᠤ ᠲᠠᠯ᠎ᠠ ᠪᠠᠷ ᠬᠢᠨᠠᠨ ᠬᠠᠮᠢᠶᠠᠷᠬᠤ ᠶᠢ ᠴᠢᠩᠭᠠᠳᠬᠠᠬᠤ ᠬᠡᠷᠡᠭᠳᠡᠢ᠃
     ᠬᠤᠷᠢᠨ ᠵᠢᠷᠭᠤᠳᠤᠭᠠᠷ ᠵᠦᠢᠯ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠤᠷᠤᠨ ᠰᠠᠭᠤᠴᠠ ᠬᠤᠳᠠ ᠬᠦᠳᠡᠭᠡ ᠶᠢᠨ ᠪᠦᠳᠦᠭᠡᠨ ᠪᠠᠶᠢᠭᠤᠯᠤᠯᠳᠠ ᠶᠢᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠨᠢ ᠰᠢᠨ᠎ᠡ ᠬᠡᠯᠪᠡᠷᠢ ᠶᠢᠨ ᠬᠡᠷᠡᠮ ᠤᠨ ᠮᠠᠲ᠋ᠧᠷᠢᠶᠠᠯ ᠤᠨ ᠵᠢᠷᠤᠭ ᠲᠦᠯᠦᠪᠯᠡᠭᠡ᠂ ᠪᠠᠷᠢᠯᠭ᠎ᠠ ᠪᠠᠷᠢᠬᠤ ᠮᠡᠷᠭᠡᠵᠢᠯ ᠤᠨ ᠲᠦᠷᠢᠮᠯᠡᠯ᠂ ᠪᠠᠷᠢᠮᠵᠢᠶᠠᠳᠤ ᠵᠢᠷᠤᠭ ᠤᠨ ᠲᠤᠪᠬᠢᠮᠠᠯ ᠪᠠ ᠰᠢᠯᠭᠠᠵᠦ ᠬᠤᠷᠢᠶᠠᠨ ᠠᠪᠬᠤ ᠲᠦᠷᠢᠮᠯᠠᠯ ᠢ ᠨᠠᠶᠢᠷᠠᠭᠤᠯᠤᠨ ᠵᠤᠬᠢᠶᠠᠵᠦ ᠬᠡᠷᠡᠭᠯᠡᠨ᠂ ᠰᠢᠨ᠎ᠡ ᠬᠡᠯᠪᠡᠷᠢ ᠶᠢᠨ ᠬᠡᠷᠡᠮ ᠤᠨ ᠮᠠᠲ᠋ᠧᠷᠢᠶᠠᠯ ᠤᠨ ᠦᠢᠯᠡᠳᠬᠦᠨ ᠦᠢᠯᠡᠳᠬᠦ ᠦᠨ᠎ᠡ ᠶᠢᠨ ᠮᠡᠳᠡᠭᠡ ᠵᠠᠩᠭᠢ ᠪᠠ ᠲᠦᠰᠦᠪ ᠤᠨ ᠲᠤᠨᠨᠳ᠋ᠬᠠᠰᠠᠨ ᠨᠤᠷᠮ᠎ᠠ ᠶᠢ ᠨᠠᠶᠢᠷᠠᠭᠤᠯᠤᠨ ᠵᠤᠬᠢᠶᠠᠵᠦ᠂ ᠰᠢᠨ᠎ᠡ ᠬᠡᠯᠪᠡᠷᠢ ᠶᠢᠨ ᠬᠡᠷᠡᠮ ᠤᠨ ᠮᠠᠲ᠋ᠧᠷᠢᠶᠠᠯ ᠤᠨ ᠬᠡᠷᠡᠭᠯᠡᠬᠡᠨ ᠢ ᠲᠦᠷᠢᠮᠵᠢᠬᠦᠯᠦᠨ᠎ᠠ᠃
     ᠬᠤᠷᠢᠨ ᠲᠤᠯᠤᠳᠤᠭᠠᠷ ᠵᠦᠢᠯ ᠪᠦᠳᠦᠭᠡᠨ ᠪᠠᠶᠢᠭᠤᠯᠬᠤ ᠨᠢᠭᠡᠴᠢ ᠨᠢ ᠠᠷᠠᠳ ᠤᠨ ᠬᠡᠷᠡᠭᠯᠡᠭᠡᠨ ᠤ ᠪᠠᠷᠢᠯᠭ᠎ᠠ ᠶᠢᠨ ᠡᠨᠧᠷᠬᠢ ᠠᠷᠪᠢᠯᠠᠬᠤ ᠠᠯᠪᠠᠳᠠᠯᠭ᠎ᠠ ᠶᠢᠨ ᠴᠢᠨᠠᠷᠳᠠᠢ ᠪᠠᠷᠢᠮᠵᠢᠶ᠎ᠠ ᠶᠢ ᠬᠡᠷᠡᠭᠵᠢᠭᠦᠯᠵᠦ᠂ ᠪᠠᠷᠢᠯᠭ᠎ᠠ ᠪᠠᠷᠢᠬᠤ ᠵᠢᠷᠤᠭ ᠲᠦᠯᠦᠪᠯᠡᠭᠡᠨ ᠤ ᠪᠢᠴᠢᠭ ᠮᠠᠲ᠋ᠧᠷᠢᠶᠠᠯ ᠪᠠ ᠬᠠᠮᠢᠶ᠎ᠠ ᠪᠦᠬᠦᠢ ᠵᠢᠷᠤᠮᠯᠠᠯ ᠤᠨ ᠱᠠᠭᠠᠷᠳᠠᠯᠭ᠎ᠠ ᠶᠤᠰᠤᠭᠠᠷ ᠰᠢᠨ᠎ᠡ ᠬᠡᠯᠪᠡᠷᠢ ᠶᠢᠨ ᠬᠡᠷᠡᠮ ᠤᠨ ᠮᠠᠲ᠋ᠧᠷᠢᠶᠠᠯ ᠢ ᠬᠡᠷᠡᠭᠯᠡᠬᠦ ᠬᠡᠷᠡᠭᠳᠡᠢ᠃ ᠭᠡᠷ᠎ᠡ ᠳᠤ ᠲᠤᠭᠳᠠᠭᠰᠠᠨ ᠶᠤᠰᠤᠭᠠᠷ ᠪᠦᠳᠦᠭᠡᠨ ᠪᠠᠶᠢᠭᠤᠯᠬᠤ ᠨᠢᠭᠡᠴᠢ ᠨᠢ ᠰᠢᠨ᠎ᠡ ᠬᠡᠯᠪᠡᠷᠢ ᠶᠢᠨ ᠬᠡᠷᠡᠮ ᠤᠨ ᠮᠠᠲ᠋ᠧᠷᠢᠶᠠᠯ ᠢ ᠬᠤᠳᠠᠯᠳᠤᠨ ᠠᠪᠬᠤ ᠳᠤ᠂ ᠪᠦᠳᠦᠭᠡᠨ ᠪᠠᠶᠢᠭᠤᠯᠬᠤ ᠨᠢᠭᠡᠴᠢ ᠨᠢ ᠪᠠᠷᠢᠯᠭ᠎ᠠ ᠪᠠᠷᠢᠬᠤ ᠵᠢᠷᠤᠭ ᠲᠦᠯᠦᠪᠯᠡᠭᠡᠨ ᠤ ᠪᠢᠴᠢᠭ ᠮᠠᠲ᠋ᠧᠷᠢᠶᠠᠯ ᠪᠠ ᠬᠠᠮᠢᠶ᠎ᠠ ᠪᠦᠬᠦᠢ ᠵᠢᠷᠤᠮᠯᠠᠯ ᠤᠨ ᠱᠠᠭᠠᠷᠳᠠᠯᠭ᠎ᠠ ᠳᠤ ᠨᠡᠶᠢᠴᠡᠬᠦᠯᠬᠦ ᠶᠢ ᠪᠠᠲᠤᠯᠠᠬᠤ ᠬᠡᠷᠡᠭᠳᠡᠢ᠃
     ᠵᠢᠷᠤᠵᠦ ᠲᠦᠯᠦᠪᠯᠡᠭᠰᠡᠨ ᠨᠢᠭᠡᠴᠢ ᠨᠢ ᠠᠷᠠᠳ ᠤᠨ ᠬᠡᠷᠡᠭᠯᠡᠭᠡᠨ ᠤ ᠪᠠᠷᠢᠯᠭ᠎ᠠ ᠶᠢᠨ ᠡᠨᠧᠷᠬᠢ ᠠᠷᠪᠢᠯᠠᠬᠤ ᠠᠯᠪᠠᠳᠠᠯᠭ᠎ᠠ ᠶᠢᠨ ᠴᠢᠨᠠᠷᠳᠠᠢ ᠪᠠᠷᠢᠮᠵᠢᠶ᠎ᠠ ᠶᠤᠰᠤᠭᠠᠷ ᠰᠢᠨ᠎ᠡ ᠬᠡᠯᠪᠡᠷᠢ ᠶᠢᠨ ᠬᠡᠷᠡᠮ ᠤᠨ ᠮᠠᠲ᠋ᠧᠷᠢᠶᠠᠯ ᠢ ᠰᠤᠩᠭᠤᠨ ᠬᠡᠷᠡᠭᠯᠡᠵᠦ᠂ ᠪᠠᠷᠢᠯᠭ᠎ᠠ ᠪᠠᠷᠢᠬᠤ ᠵᠢᠷᠤᠭ ᠲᠦᠯᠦᠪᠯᠡᠭᠡᠨ ᠤ ᠪᠢᠴᠢᠭ ᠮᠠᠲ᠋ᠧᠷᠢᠶᠠᠯ ᠳᠤ ᠰᠢᠨ᠎ᠡ ᠬᠡᠯᠪᠡᠷᠢ ᠶᠢᠨ ᠬᠡᠷᠡᠮ ᠤᠨ ᠮᠠᠲ᠋ᠧᠷᠢᠶᠠᠯ ᠤᠨ ᠪᠠᠷᠢᠮᠵᠢᠶ᠎ᠠ᠂ ᠬᠡᠯᠪᠡᠷᠢ ᠮᠠᠶ᠋ᠢᠭ ᠪᠠ ᠴᠢᠳᠠᠪᠬᠢ ᠵᠡᠷᠭᠡ ᠮᠡᠷᠭᠡᠵᠢᠯ ᠤᠨ ᠪᠠᠷᠢᠮᠵᠢᠶ᠎ᠠ ᠳᠤ ᠵᠡᠬᠦᠯᠳᠡ ᠬᠠᠳᠠᠵᠦ ᠲᠤᠳᠤᠷᠬᠠᠶᠢᠯᠠᠬᠤ ᠬᠡᠷᠡᠭᠳᠡᠢ᠃
     ᠪᠠᠷᠢᠯᠭ᠎ᠠ ᠪᠠᠷᠢᠬᠤ ᠵᠢᠷᠤᠭ ᠲᠦᠯᠦᠪᠯᠡᠭᠡᠨ ᠤ ᠪᠢᠴᠢᠭ ᠮᠠᠲ᠋ᠧᠷᠢᠶᠠᠯ ᠢ ᠬᠢᠨᠠᠨ ᠪᠠᠶᠢᠴᠠᠭᠠᠬᠤ ᠪᠠᠶᠢᠭᠤᠯᠤᠮᠵᠢ ᠨᠢ ᠪᠠᠷᠢᠯᠭ᠎ᠠ ᠪᠠᠷᠢᠬᠤ ᠵᠢᠷᠤᠭ ᠲᠦᠯᠦᠪᠯᠡᠭᠡᠨ ᠤ ᠪᠢᠴᠢᠭ ᠮᠠᠲ᠋ᠧᠷᠢᠶᠠᠯ ᠳᠤ ᠰᠢᠨ᠎ᠡ ᠬᠡᠯᠪᠡᠷᠢ ᠶᠢᠨ ᠬᠡᠷᠡᠮ ᠤᠨ ᠮᠠᠲ᠋ᠧᠷᠢᠶᠠᠯ ᠢ ᠬᠡᠷᠡᠭᠯᠡᠭᠰᠡᠨ ᠠᠭᠤᠯᠭ᠎ᠠ ᠶᠢ ᠬᠢᠨᠠᠨ ᠪᠠᠶᠢᠴᠠᠭᠠᠬᠤ ᠬᠡᠷᠡᠭᠳᠡᠢ᠃
     ᠪᠠᠷᠢᠯᠭ᠎ᠠ ᠪᠠᠷᠢᠬᠤ ᠨᠢᠭᠡᠴᠢ ᠨᠢ ᠪᠠᠷᠢᠯᠭ᠎ᠠ ᠪᠠᠷᠢᠬᠤ ᠵᠢᠷᠤᠭ ᠲᠦᠯᠦᠪᠯᠡᠭᠡᠨ ᠤ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠤᠰᠤᠭᠠᠷ ᠰᠢᠨ᠎ᠡ ᠬᠡᠯᠪᠡᠷᠢ ᠶᠢᠨ ᠬᠡᠷᠡᠮ ᠤᠨ ᠮᠠᠲ᠋ᠧᠷᠢᠶᠠᠯ ᠢ ᠬᠡᠷᠡᠭᠯᠡᠬᠦ ᠬᠡᠷᠡᠭᠳᠡᠢ᠃ ᠦᠨᠡᠨ ᠬᠦ ᠬᠤᠪᠢᠷᠠᠭᠤᠯᠬᠤ ᠴᠢᠬᠤᠯᠠᠳᠠᠢ ᠪᠣᠯ ᠤᠤᠯ ᠤᠨ ᠪᠠᠷᠢᠯᠭ᠎ᠠ ᠪᠠᠷᠢᠬᠤ ᠵᠢᠷᠤᠭ ᠲᠦᠯᠦᠪᠯᠡᠭᠡᠨ ᠤ ᠪᠢᠴᠢᠭ ᠮᠠᠲ᠋ᠧᠷᠢᠶᠠᠯ ᠤᠨ ᠵᠢᠷᠤᠵᠦ ᠲᠦᠯᠦᠪᠯᠡᠭᠰᠡᠨ ᠨᠢᠭᠡᠴᠢ ᠪᠠ ᠬᠢᠨᠠᠨ ᠪᠠᠶᠢᠴᠠᠭᠠᠨᠨᠰᠠᠨ ᠪᠠᠶᠢᠭᠤᠯᠤᠮᠵᠢ ᠪᠠᠷ ᠵᠦᠪᠰᠢᠶᠡᠷᠡᠬᠦᠯᠬᠦ ᠬᠡᠷᠡᠭᠳᠡᠢ᠃
     ᠪᠠᠷᠢᠯᠭ᠎ᠠ ᠶᠢᠨ ᠬᠢᠨᠠᠨ ᠬᠠᠮᠢᠶᠠᠷᠬᠤ ᠨᠢᠭᠡᠴᠢ ᠨᠢ ᠪᠠᠷᠢᠯᠭ᠎ᠠ ᠪᠠᠷᠢᠬᠤ ᠵᠢᠷᠤᠭ ᠲᠦᠯᠦᠪᠯᠡᠭᠡᠨ ᠤ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠤᠰᠤᠭᠠᠷ ᠪᠠᠷᠢᠯᠭ᠎ᠠ ᠳᠤ ᠬᠡᠷᠡᠭᠯᠡᠵᠦ ᠪᠠᠶᠢᠭ᠎ᠠ ᠰᠢᠨ᠎ᠡ ᠬᠡᠯᠪᠡᠷᠢ ᠶᠢᠨ ᠬᠡᠷᠡᠮ ᠤᠨ ᠮᠠᠲ᠋ᠧᠷᠢᠶᠠᠯ ᠤᠨ ᠪᠠᠶᠢᠳᠠᠯ ᠳᠤ ᠬᠢᠨᠠᠨ ᠬᠠᠮᠢᠶᠠᠷᠤᠯᠳᠠ ᠬᠢᠵᠦ᠂ ᠪᠠᠷᠢᠯᠭ᠎ᠠ ᠪᠠᠷᠢᠬᠤ ᠨᠢᠭᠡᠴᠢ ᠨᠢ ᠠᠷᠠᠳ ᠤᠨ ᠬᠡᠷᠡᠭᠯᠡᠭᠡᠨ ᠤ ᠪᠠᠷᠢᠯᠭ᠎ᠠ ᠶᠢᠨ ᠡᠨᠧᠷᠬᠢ ᠠᠷᠪᠢᠯᠠᠬᠤ ᠠᠯᠪᠠᠳᠠᠯᠭ᠎ᠠ ᠶᠢᠨ ᠴᠢᠨᠠᠷᠳᠠᠢ ᠪᠠᠷᠢᠮᠵᠢᠶ᠎ᠠ ᠶᠤᠰᠤᠭᠠᠷ ᠪᠠᠷᠢᠯᠭ᠎ᠠ ᠪᠠᠷᠢᠭᠰᠠᠨ ᠦᠭᠡᠢ ᠶᠢ ᠤᠯᠵᠦ ᠮᠡᠳᠡᠪᠡᠯ ᠪᠠᠷᠢᠯᠭ᠎ᠠ ᠪᠠᠷᠢᠬᠤ ᠨᠢᠭᠡᠴᠢ ᠶᠢ ᠵᠠᠯᠠᠷᠠᠭᠤᠯᠬᠤ ᠪᠠᠷ ᠱᠠᠭᠠᠷᠳᠠᠬᠤ ᠬᠡᠷᠡᠭᠳᠡᠢ︔ ᠬᠡᠷᠪᠡ ᠪᠠᠷᠢᠯᠭ᠎ᠠ ᠪᠠᠷᠢᠬᠤ ᠨᠢᠭᠡᠴᠢ ᠨᠢ ᠵᠠᠯᠠᠷᠠᠭᠤᠯᠬᠤ ᠶᠢ ᠲᠡᠪᠴᠢᠪᠡᠯ᠂ ᠪᠠᠷᠢᠯᠭ᠎ᠠ ᠶᠢᠨ ᠬᠢᠨᠠᠨ ᠬᠠᠮᠢᠶᠠᠷᠬᠤ ᠨᠢᠭᠡᠴᠢ ᠨᠢ ᠴᠠᠭ ᠲᠤᠬᠠᠢ ᠳᠤ ᠨᠢ ᠪᠦᠳᠦᠭᠡᠨ ᠪᠠᠶᠢᠭᠤᠯᠬᠤ ᠨᠢᠭᠡᠴᠢ ᠳᠤ ᠮᠡᠳᠡᠬᠦᠯᠬᠦ ᠶᠢᠨ ᠬᠠᠮᠳᠤ᠂ ᠬᠤᠯᠪᠤᠭᠳᠠᠯ ᠪᠦᠬᠦᠢ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠲᠤ ᠮᠡᠳᠡᠭᠦᠯᠭᠦ ᠬᠡᠷᠡᠭᠳᠡᠢ᠃
     ᠬᠤᠷᠢᠨ ᠨᠠᠢᠮᠠᠳᠤᠭᠠᠷ ᠵᠦᠢᠯ ᠬᠡᠷᠡᠮ ᠤᠨ ᠮᠠᠲ᠋ᠧᠷᠢᠶᠠᠯ ᠢ ᠰᠢᠨᠡᠴᠢᠯᠡᠬᠦ ᠪᠠᠶᠢᠭᠤᠯᠤᠮᠵᠢ ᠨᠢ ᠬᠡᠷᠡᠮ ᠤᠨ ᠮᠠᠲ᠋ᠧᠷᠢᠶᠠᠯ ᠦᠢᠯᠡᠳᠪᠦᠷᠢᠯᠡᠬᠦ ᠪᠠᠶᠢᠳᠠᠯ ᠳᠤ ᠬᠢᠨᠠᠯᠳᠠ ᠲᠠᠯᠪᠢᠨ ᠪᠠᠶᠢᠴᠠᠭᠠᠯᠳᠠ ᠬᠢᠵᠦ᠂ ᠤᠷᠤᠨ ᠰᠠᠭᠤᠴᠠ ᠬᠤᠳᠠ ᠬᠦᠳᠡᠭᠡ ᠶᠢᠨ ᠪᠦᠳᠦᠭᠡᠨ ᠪᠠᠶᠢᠭᠤᠯᠤᠯᠳᠠ ᠶᠢᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠨᠢ ᠬᠡᠷᠡᠮ ᠤᠨ ᠮᠠᠲ᠋ᠧᠷᠢᠶᠠᠯ ᠤᠨ ᠬᠡᠷᠡᠭᠯᠡᠭᠰᠡᠨ ᠪᠠᠶᠢᠳᠠᠯ ᠳᠤ ᠬᠢᠨᠠᠯᠳᠠ ᠲᠠᠯᠪᠢᠨ ᠪᠠᠶᠢᠴᠠᠭᠠᠯᠳᠠ ᠬᠢᠬᠦ ᠬᠡᠷᠡᠭᠳᠡᠢ᠃ ᠬᠢᠨᠠᠯᠳᠠ ᠲᠠᠯᠪᠢᠨ ᠪᠠᠶᠢᠴᠠᠭᠠᠬᠤ ᠳᠤ᠂ ᠬᠤᠶᠠᠷ ᠠᠴᠠ ᠲᠡᠭᠡᠭᠰᠢ ᠠᠵᠢᠯᠳᠠᠨ ᠤᠷᠤᠯᠴᠠᠬᠤ ᠶᠢᠨ ᠬᠠᠮᠳᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠭᠦ ᠦᠨᠡᠮᠯᠡᠯ ᠢᠶᠠᠨ ᠭᠠᠷᠭᠠᠨ ᠦᠵᠡᠭᠦᠯᠵᠦ᠂ ᠪᠠᠶᠢᠴᠠᠭᠠᠬᠤ ᠶᠢᠨ ᠦᠨᠳᠦᠰᠦᠯᠡᠯ᠂ ᠠᠭᠤᠯᠭ᠎ᠠ᠂ ᠠᠷᠭ᠎ᠠ ᠬᠡᠯᠪᠡᠷᠢ ᠪᠠ ᠱᠠᠭᠠᠷᠳᠠᠯᠭ᠎ᠠ ᠪᠠᠨ ᠮᠡᠳᠡᠭᠳᠡᠨ᠂ ᠲᠤᠬᠠᠢ ᠶᠢᠨ ᠲᠠᠯᠠᠪᠠᠢ ᠶᠢᠨ ᠪᠠᠶᠢᠴᠠᠭᠠᠯᠳᠠ ᠶᠢᠨ ᠲᠡᠮᠳᠡᠭᠯᠡᠯ ᠬᠢᠬᠦ ᠬᠡᠷᠡᠭᠳᠡᠢ᠃
     ᠬᠤᠷᠢ ᠶᠢᠰᠦᠳᠦᠭᠡᠷ ᠵᠦᠢᠯ ᠲᠤᠰ ᠠᠷᠭ᠎ᠠ ᠶᠢᠨ ᠲᠤᠭᠳᠠᠭᠠᠯ ᠢ ᠵᠦᠷᠢᠴᠡᠭᠰᠡᠨ ᠠᠵᠢᠯᠯᠠᠭ᠎ᠠ ᠳᠤ᠂ ︽ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠡᠷᠬᠢᠯᠳᠡᠳᠦ ᠠᠵᠤ ᠠᠬᠤᠢ ᠶᠢ ᠠᠬᠢᠭᠤᠯᠬᠤ ᠬᠠᠤᠯᠢ︾᠂ ︽ᠠᠷᠠᠳ ᠤᠨ ᠬᠡᠷᠡᠭᠯᠡᠭᠡᠨ ᠤ ᠪᠠᠷᠢᠯᠭ᠎ᠠ ᠶᠢᠨ ᠡᠨᠧᠷᠬᠢ ᠠᠷᠪᠢᠯᠠᠬᠤ ᠲᠦᠷᠢᠮ︾ ᠵᠡᠷᠭᠡ ᠬᠤᠯᠪᠤᠭᠳᠠᠯ ᠪᠦᠬᠦᠢ ᠬᠠᠤᠯᠢ ᠴᠠᠭᠠᠵᠠ ᠬᠠᠤᠯᠢ ᠲᠦᠷᠢᠮ ᠢᠶᠠᠷ ᠪᠤᠳᠠᠳᠠᠢ ᠰᠢᠢᠳᠭᠡᠨ ᠲᠤᠷᠭᠠᠬᠤ ᠲᠤᠭᠳᠠᠭᠠᠯ ᠭᠠᠷᠭᠠᠨᠨᠰᠠᠨ ᠪᠤᠯ ᠲᠡᠷᠡ ᠬᠦ ᠲᠤᠭᠳᠠᠭᠠᠯ ᠢᠶᠠᠷ ᠬᠡᠷᠡᠭᠵᠢᠬᠦᠯᠬᠦ ᠬᠡᠷᠡᠭᠳᠡᠢ᠃
     ᠭᠤᠴᠢᠳᠤᠭᠠᠷ ᠵᠦᠢᠯ ᠰᠢᠨ᠎ᠡ ᠬᠡᠯᠪᠡᠷᠢ ᠶᠢᠨ ᠬᠡᠷᠡᠮ ᠤᠨ ᠮᠠᠲ᠋ᠧᠷᠢᠶᠠᠯ ᠦᠢᠯᠡᠳᠪᠦᠷᠢᠯᠡᠬᠦ ᠠᠵᠤ ᠠᠬᠤᠶᠢᠯᠠᠯ ᠨᠢ ᠦᠢᠯᠡᠳᠪᠦᠷᠢᠯᠡᠵᠦ ᠡᠵᠡᠩᠨᠡᠭᠰᠡᠨ ᠲᠤᠭ᠎ᠠ ᠪᠠᠷᠢᠮᠳᠠ ᠪᠠᠨ ᠬᠤᠳᠠᠯ ᠮᠡᠳᠡᠭᠦᠯᠭᠦ᠂ ᠨᠢᠭᠤᠵᠦ ᠮᠡᠳᠡᠭᠦᠯᠭᠦ ᠦᠭᠡᠢ᠂ ᠬᠠᠭᠤᠷᠮᠠᠭ ᠢᠶᠠᠷ ᠵᠤᠭᠢᠶᠠᠬᠤ᠂ ᠦᠭᠡᠷᠡᠴᠢᠯᠡᠬᠦ᠂ ᠮᠡᠳᠡᠭᠦᠯᠭᠦ ᠪᠠᠨ ᠲᠡᠪᠴᠢᠬᠦ ᠪᠤᠶᠤ ᠤᠳᠠᠭᠠᠰᠢᠷᠠᠭᠤᠯᠤᠨ ᠮᠡᠳᠡᠬᠦᠯᠦᠬᠡᠳ ᠪᠠᠶᠢᠪᠠᠯ᠂ ᠬᠤᠰᠢᠭᠤ ᠰᠢᠶᠠᠨ ᠤ ᠱᠠᠳᠣᠨ ᠠᠴᠠ ᠲᠡᠭᠡᠭᠰᠢᠭᠢ ᠠᠷᠠᠳ ᠤᠨ ᠵᠠᠰᠠᠭ ᠤᠨ ᠤᠷᠳᠤᠨ ᠤ ᠠᠵᠦ ᠠᠬᠤᠢ ᠪᠠ ᠮᠡᠳᠡᠭᠡ ᠵᠠᠩᠭᠢᠵᠢᠯᠳᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠨᠢ ᠵᠠᠷᠯᠢᠭᠳᠠᠵᠦ ᠪᠠᠶᠢᠭᠠᠳ ᠵᠠᠯᠠᠷᠠᠭᠤᠯᠵᠦ᠂ ᠰᠡᠷᠡᠮᠵᠢᠭᠦᠯᠭᠦ ᠶᠢᠨ ᠬᠠᠮᠳᠤ᠂ ᠨᠡᠪᠳᠡᠷᠡᠬᠦᠯᠦᠨ ᠮᠡᠳᠡᠬᠡᠯᠡᠬᠦ ᠬᠡᠷᠡᠭᠳᠡᠢ᠃
     ᠭᠤᠴᠢᠨ ᠨᠢᠭᠡᠳᠤᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠠᠵᠤ ᠠᠬᠤᠶ ᠪᠠ ᠮᠡᠳᠡᠭᠡ ᠵᠠᠩᠭᠢᠵᠢᠯᠲᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠤᠷᠤᠨ ᠰᠠᠭᠤᠴᠠ ᠬᠤᠳᠠ ᠬᠦᠳᠡᠭᠡ ᠶᠢᠨ ᠪᠦᠳᠦᠭᠡᠨ ᠪᠠᠶᠢᠭᠤᠯᠤᠯᠳᠠ ᠵᠡᠷᠭᠡ ᠬᠤᠯᠪᠤᠨᠨᠳᠠᠯ ᠪᠦᠭᠦᠢ ᠵᠠᠰᠠᠭ ᠵᠠᠬᠢᠷᠭᠠᠨᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠢᠴᠢ ᠬᠡᠷᠡᠮ ᠤᠨ ᠮᠠᠲ᠋ᠧᠷᠢᠶᠠᠯ ᠢ ᠰᠢᠨᠡᠴᠢᠯᠡᠬᠦ ᠪᠠᠶᠢᠭᠤᠯᠤᠮᠵᠢ ᠶᠢᠨ ᠠᠵᠢᠯᠲᠠᠨ ᠨᠢ ᠰᠢᠨ᠎ᠡ ᠬᠡᠯᠪᠡᠷᠢ ᠶᠢᠨ ᠬᠡᠷᠡᠮ ᠤᠨ ᠮᠠᠲ᠋ᠧᠷᠢᠶᠠᠯ ᠤᠨ ᠬᠠᠮᠢᠶᠠᠷᠬᠤ ᠠᠵᠢᠯ ᠳᠤ ᠡᠷᠭᠡ ᠪᠠᠨ ᠲᠤᠷ᠎ᠠ ᠪᠠᠷ ᠬᠡᠷᠡᠭᠯᠡᠭᠰᠡᠨ᠂ ᠬᠤᠪᠢ ᠶᠢᠨ ᠨᠠᠶᠢᠷ ᠬᠠᠷᠠᠵᠦ ᠬᠠᠤᠯᠢ ᠶᠤᠰᠤ ᠶᠢ ᠵᠦᠷᠢᠴᠡᠭᠰᠡᠨ᠂ ᠠᠯᠪᠠᠨ ᠲᠤᠰᠢᠶᠠᠯ ᠳᠤ ᠠᠯᠮᠠᠶᠢᠷᠠᠨ ᠤᠰᠤᠯᠳ᠋ᠬᠠᠰᠠᠨ᠂ ᠬᠠᠤᠯᠢ ᠪᠤᠰᠤ ᠠᠰᠢᠭ ᠲᠤᠰᠠ ᠤᠯᠤᠨᠨᠰᠠᠨ ᠪᠤᠯ᠂ ᠰᠢᠭᠤᠳ ᠬᠠᠷᠢᠭᠤᠴᠠᠵᠤ ᠪᠠᠶᠢᠭ᠎ᠠ ᠭᠤᠣᠯ ᠬᠠᠮᠢᠶᠠᠷᠬᠤ ᠠᠵᠢᠯᠳᠠᠨ ᠪᠤᠯᠤᠨ ᠪᠤᠰᠤᠳ ᠰᠢᠭᠤᠳ ᠬᠠᠷᠢᠭᠤᠴᠠᠬᠤ ᠠᠵᠢᠯᠳᠠᠨ ᠳᠤ ᠬᠠᠤᠯᠢ ᠶᠣᠰᠤᠭᠠᠷ ᠵᠠᠰᠠᠭ ᠵᠠᠬᠢᠷᠭᠠᠨ ᠤ ᠰᠢᠢᠳᠬᠡᠯ ᠦᠭᠭᠦᠨ᠎ᠡ︔ ᠶᠠᠯ᠎ᠠ ᠳᠤ ᠭᠦᠷᠦᠭᠰᠡᠨ ᠪᠠᠶᠢᠪᠠᠯ ᠬᠠᠤᠯᠢ ᠶᠤᠰᠤᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃
     ᠭᠤᠴᠢᠨ ᠬᠤᠶᠠᠳᠤᠭᠠᠷ ᠵᠦᠢᠯ ᠲᠤᠰ ᠠᠷᠭ᠎ᠠ ᠶᠢ 2018 ᠤᠨ ᠤ 8 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠬᠦᠯᠦᠨ᠎ᠠ᠃
     ᠥᠪᠥᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ
                        2018 ᠤᠨ ᠤ 6 ᠳ᠋ᠤᠭᠠᠷ ᠰᠠᠷ᠎ᠠ ᠶᠢᠨ 15 ᠤ ᠡᠳᠥᠷ ᠲᠠᠷᠤᠮᠠᠯᠯᠠᠨ ᠲᠠᠷᠬᠠᠭᠠᠪᠠ

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ