ᠥᠪᠥᠷ ᠮᠣᠩᠭᠤᠯ ᠲᠦᠷᠦ ᠶᠢᠨ ᠪᠤᠳᠤᠯᠭ᠎ᠠ ᠶᠢᠨ ᠴᠢᠨᠠᠷᠲᠠᠶ ᠠᠮᠤ ᠪᠤᠳᠠᠭ᠎ᠠ ᠬᠥᠮᠥᠷᠭᠡᠯᠡᠨ ᠬᠠᠳᠠᠭᠠᠯᠠᠵᠤ | ᠪᠠᠶᠢᠭ᠎ᠠ ᠪᠠᠶᠢᠳᠠᠯ ᠢ ᠪᠦᠬᠦ ᠲᠠᠯ᠎ᠠ ᠪᠠᠷ ᠡᠵᠡᠮᠰᠢᠬᠦ ᠶᠢᠨ ᠲᠦᠯᠦᠭᠡ᠂ ᠦᠨᠦᠬᠡᠨ᠂ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠪᠥᠬᠦ ᠣᠷᠣᠨ ᠤ ᠲᠦᠷᠦ ᠶᠢᠨ ᠪᠤᠳᠤᠯᠭ᠎ᠠ ᠶᠢᠨ ᠴᠢᠨᠠᠷᠲᠠᠶ | ᠠᠮᠤ ᠪᠤᠳᠠᠭ᠎ᠠ ᠬᠥᠮᠥᠷᠭᠡᠯᠡᠨ ᠬᠠᠳᠠᠭᠠᠯᠠᠵᠤ ᠪᠠᠶᠢᠭ᠎ᠠ ᠲᠤᠭ᠎ᠠ ᠬᠡᠮᠵᠢᠶ᠎ᠡ ᠪᠠ ᠶᠠᠰᠤ ᠴᠢᠨᠠᠷ ᠲᠤ ᠶᠡᠭᠡ ᠪᠠᠶᠢᠴᠠᠭᠠᠯᠲᠠ | ᠬᠢᠬᠦ ᠪᠠᠷ ᠲᠤᠭᠲᠠᠪᠠ᠃ ᠶᠡᠭᠡ ᠪᠠᠶᠢᠴᠠᠭᠠᠯᠲᠠ ᠨᠢ 2019 ᠤᠨ ᠤ 3 ᠳ᠋ᠤᠭᠠᠷ ᠰᠠᠷ᠎ᠠ ᠶᠢᠨ ᠡᠴᠦᠰ ︵ᠪᠦᠷᠢᠳᠬᠡᠯ | ᠳᠠᠭᠤᠰᠴᠤ ᠮᠡᠳᠡᠭᠦᠯᠦᠭᠰᠡᠨ ᠡᠳᠦᠷ︶ ᠢᠶᠠᠷ ᠪᠠᠶᠢᠴᠠᠭᠠᠬᠤ ᠴᠠᠭ ᠬᠤᠭᠤᠴᠠᠭ᠎ᠠ ᠪᠤᠯᠭᠠᠵᠤ᠂ ᠪᠠᠶᠢᠴᠠᠭᠠᠬᠤ | ᠬᠡᠪᠴᠢᠶ᠎ᠡ ᠳᠤ ᠨᠢ ᠡᠯ᠎ᠡ ᠲᠥᠷᠥᠯ ᠤᠨ ᠠᠵᠤ ᠠᠬᠤᠶᠢᠯᠠᠯ ᠤᠨ ᠬᠠᠳᠠᠭᠠᠯᠠᠵᠤ ᠪᠠᠶᠢᠭ᠎ᠠ ᠲᠦᠷᠦ ᠶᠢᠨ ᠪᠤᠳᠤᠯᠭ᠎ᠠ ᠶᠢᠨ | ᠴᠢᠨᠠᠷᠲᠠᠶ ᠠᠮᠤ ᠪᠤᠳᠠᠭ᠎ᠠ ᠵᠢᠴᠢ ᠲᠦᠷᠦ ᠶᠢᠨ ᠪᠤᠳᠤᠯᠭ᠎ᠠ ᠶᠢᠨ ᠴᠢᠨᠠᠷᠲᠠᠶ ᠠᠮᠤ ᠪᠤᠳᠠᠭ᠎ᠠ ᠬᠠᠳᠠᠭᠠᠯᠠᠵᠤ ᠪᠠᠶᠢᠭ᠎ᠠ ᠠᠵᠤ | ᠠᠬᠤᠶᠢᠯᠠᠯ ᠤᠨ ᠲᠠᠸᠠᠷ ᠤᠨ ᠠᠮᠤ ᠶᠢ ᠪᠠᠭᠲᠠᠭᠠᠵᠠᠢ᠃ ᠲᠦᠷᠦ ᠶᠢᠨ ᠪᠤᠳᠤᠯᠭ᠎ᠠ ᠶᠢᠨ ᠴᠢᠨᠠᠷᠲᠠᠶ ᠠᠮᠤ ᠪᠤᠳᠠᠭ᠎ᠠ ᠳᠤ | ᠲᠥᠪ ᠤᠨ ᠨᠥᠭᠡᠴᠡ ᠠᠮᠤ᠂ ᠬᠠᠮᠤᠭ ᠳᠤᠤᠷ᠎ᠠ ᠬᠤᠳᠠᠯᠳᠤᠨ ᠠᠪᠬᠤ ᠦᠨᠡᠲᠦ ᠠᠮᠤ᠂ ᠤᠯᠤᠰ ᠤᠨ ᠳᠦᠷ ᠴᠠᠭ | ᠬᠠᠳᠠᠭᠠᠯᠠᠵᠤ ᠪᠠᠶᠢᠭ᠎ᠠ ᠠᠮᠤ ᠪᠤᠳᠠᠭ᠎ᠠ᠂ ᠤᠯᠤᠰ ᠤᠨ ᠨᠢᠭᠡ ᠯᠡ ᠤᠳᠠᠭ᠎ᠠ ᠶᠢᠨ ᠴᠢᠨᠠᠷᠲᠠᠶ ᠨᠥᠭᠡᠴᠡ ᠠᠮᠤ᠂ ᠣᠷᠣᠨ | ᠨᠤᠲᠤᠭ ᠤᠨ ᠨᠥᠭᠡᠴᠡ ᠠᠮᠤ ᠵᠡᠷᠭᠡ ᠶᠢ ᠪᠠᠭᠲᠠᠭᠠᠵᠠᠢ᠃ ᠢᠯᠭᠠᠷᠠᠭᠤᠯᠤᠨ ᠪᠠᠶᠢᠴᠠᠭᠠᠬᠤ ᠠᠭᠤᠯᠭ᠎ᠠ ᠳᠤ ᠪᠠᠶᠢᠴᠠᠭᠠᠬᠤ | ᠬᠡᠪᠴᠢᠶᠡᠨ ᠳᠤ ᠤᠷᠤᠭᠤᠯᠤᠭᠰᠠᠨ ᠠᠮᠤ ᠪᠤᠳᠠᠭ᠎ᠠ ᠶᠢᠨ ᠬᠥᠮᠥᠷᠭᠡ ᠶᠢᠨ ᠬᠠᠳᠠᠭᠠᠯᠠᠮᠵᠢ ᠶᠢᠨ ᠪᠣᠳᠠᠲᠤ ᠲᠤᠭ᠎ᠠ᠂ | ᠲᠦᠷᠦᠯ ᠵᠦᠢᠯ ᠪᠠ ᠠᠮᠤ ᠪᠤᠳᠠᠭᠠᠨ ᠤ ᠡᠷᠬᠡ ᠶᠢᠨ ᠬᠠᠷᠢᠶ᠎ᠠ ᠶᠢᠨ ᠪᠠᠶᠢᠳᠠᠯ ᠵᠢᠴᠢ ᠠᠳᠠᠯᠢ ᠪᠤᠰᠤ ᠣᠨ ᠵᠢᠯ᠂ ᠠᠳᠠᠯᠢ | ᠪᠤᠰᠤ ᠰᠢᠨᠵᠢ ᠴᠢᠨᠠᠷ᠂ ᠠᠳᠠᠯᠢ ᠪᠤᠰᠤ ᠦᠷ᠎ᠡ ᠲᠦᠷᠦᠯ ᠤᠨ ᠠᠮᠤ ᠪᠤᠳᠠᠭᠠᠨ ᠤ ᠰᠠᠩ ᠬᠥᠮᠥᠷᠭᠡ ᠬᠤᠪᠢᠶᠠᠨ ︵ | ᠪᠠᠷᠠᠭᠠᠨ ᠤ ᠪᠠᠶᠢᠷᠢ︶ ᠬᠠᠳᠠᠭᠠᠯᠠᠬᠤ ᠬᠠᠮᠢᠶᠠᠷᠤᠯᠲᠠ ᠶᠢᠨ ᠪᠠᠶᠢᠳᠠᠯ ᠢ ᠪᠠᠶᠢᠴᠠᠭᠠᠵᠤ᠂ ᠳᠠᠭᠠᠭᠠᠴᠢᠯᠠᠨ ᠬᠠᠳᠠᠭᠠᠯᠠᠬᠤ | ᠠᠵᠤ ᠠᠬᠤᠶᠢᠯᠠᠯ ᠤᠨ ᠠᠮᠤ ᠪᠤᠳᠠᠭ᠎ᠠ ᠬᠥᠮᠥᠷᠭᠡᠯᠡᠨ ᠬᠠᠳᠠᠭᠠᠯᠠᠵᠤ ᠪᠠᠶᠢᠭ᠎ᠠ ᠪᠣᠳᠠᠲᠤ ᠵᠦᠢᠯ ᠨᠢ ᠬᠠᠳᠠᠭᠠᠯᠠᠵᠤ | ᠬᠠᠮᠢᠶᠠᠷᠴᠤ ᠪᠠᠶᠢᠭ᠎ᠠ ᠲᠠᠩᠰᠠ᠂ ᠲᠤᠭ᠎ᠠ ᠪᠦᠷᠢᠳᠬᠡᠯ ᠤᠨ ᠲᠠᠩᠰᠠ᠂ ᠨᠢᠭᠲᠠᠯᠠᠨ ᠪᠤᠳᠤᠬᠤ ᠲᠠᠩᠰᠠ᠂ ᠪᠠᠩᠬᠢ ᠶᠢᠨ | ᠪᠡᠯᠡ ᠮᠥᠩᠭᠦ ᠶᠢᠨ ᠡᠭᠡ ᠳᠠᠩᠰᠠ ᠯᠤᠭ᠎ᠠ ᠨᠡᠶᠢᠴᠡᠵᠦ ᠪᠠᠶᠢᠬᠤ ᠡᠰᠡᠬᠦ ᠶᠢ ᠪᠠᠶᠢᠴᠠᠭᠠᠵᠤ᠂ ᠬᠥᠮᠥᠷᠭᠡ ᠳᠤ ᠬᠠᠳᠠᠭᠠᠯᠠᠵᠤ | ᠪᠠᠶᠢᠭ᠎ᠠ ᠠᠮᠤ ᠪᠤᠳᠠᠭᠠᠨ ᠤ ᠶᠠᠰᠤ ᠴᠢᠨᠠᠷ᠂ ᠳᠦᠷᠦ ᠶᠢᠨ ᠪᠤᠳᠤᠯᠭ᠎ᠠ ᠶᠢᠨ ᠴᠢᠨᠠᠷᠲᠠᠶ ᠠᠮᠤ ᠪᠤᠳᠠᠭᠠᠨ ᠤ ᠶᠠᠰᠤ | ᠴᠢᠨᠠᠷ ᠤᠨ ᠭᠦᠢᠴᠡᠳᠬᠡᠬᠦ ᠲᠤᠭ᠎ᠠ᠂ ᠬᠠᠳᠠᠭᠠᠯᠠᠬᠤ ᠴᠢᠨᠠᠷ ᠤᠨ ᠵᠢᠭᠠᠯᠲᠠ ᠬᠡᠮᠵᠢᠶ᠎ᠡ ᠵᠢᠴᠢ ᠢᠳᠡᠭᠡᠨ ᠤ ᠠᠮᠤᠷ | ᠲᠦᠪᠰᠢᠨ ᠤ ᠭᠤᠣᠯ ᠵᠢᠭᠠᠯᠲᠠ ᠲᠤᠭ᠎ᠠ ᠶᠢ ᠪᠠᠶᠢᠴᠠᠭᠠᠬᠤ ᠶᠢ ᠪᠠᠭᠲᠠᠭᠠᠵᠠᠢ᠃ ᠠᠵᠤ ᠠᠬᠤᠶᠢᠯᠠᠯ ᠤᠨ ᠤᠯᠤᠰ ᠤᠨ | ᠠᠮᠤ ᠪᠤᠳᠠᠭ᠎ᠠ ᠬᠤᠳᠠᠯᠳᠤᠨ ᠠᠪᠬᠤ ᠲᠦᠷᠦ ᠶᠢᠨ ᠪᠣᠳᠣᠯᠭ᠎ᠠ ᠶᠢ ᠬᠡᠷᠡᠭᠵᠢᠭᠦᠯᠵᠦ ᠪᠠᠶᠢᠭ᠎ᠠ ᠂ ᠨᠥᠭᠡᠴᠡ ᠠᠮᠤ ᠶᠢ | ᠡᠭᠡᠯᠵᠢᠯᠡᠨ ᠰᠤᠯᠢᠵᠤ ᠬᠠᠮᠢᠶᠠᠷᠴᠤ ᠪᠠᠶᠢᠭ᠎ᠠ᠂ ᠲᠦᠷᠤ ᠶᠢᠨ ᠪᠤᠳᠤᠯᠭ᠎ᠠ ᠶᠢᠨ ᠴᠢᠨᠠᠷᠲᠠᠶ ᠠᠮᠤ ᠪᠤᠳᠠᠭᠠᠨ ᠤ | ᠬᠥᠮᠥᠷᠭᠡᠯᠡᠯᠲᠡ ᠵᠢᠭᠡᠯᠡᠯᠭᠡ ᠶᠢ ᠬᠤᠯᠪᠤᠭᠳᠠᠭᠤᠯᠤᠭᠰᠠᠨ᠂ ᠡᠳ᠋ ᠤᠨ ᠵᠠᠰᠠᠭ ᠤᠨ ᠨᠥᠬᠦᠪᠥᠷᠢ ᠶᠢ ᠰᠠᠯᠭᠠᠨ ᠦᠭᠭᠦᠭᠰᠡᠨ | ᠵᠡᠷᠭᠡ ᠪᠠᠶᠢᠳᠠᠯ ᠳᠤ ᠴᠤ ᠵᠡᠷᠭᠡᠪᠡᠷ ᠪᠠᠶᠢᠴᠠᠭᠠᠯᠲᠠ ᠬᠢᠵᠦ᠂ ᠬᠠᠳᠠᠭᠠᠯᠠᠵᠤ ᠪᠠᠶᠢᠭ᠎ᠠ ᠠᠮᠤ ᠪᠤᠳᠠᠭᠠᠨ ᠤ ᠦᠨᠡᠨ ᠪᠤᠲᠠᠲᠤ | ᠴᠢᠨᠠᠷ ᠢ ᠰᠢᠯᠭᠠᠨ ᠪᠠᠲᠤᠯᠠᠨ᠎ᠠ᠃ ᠲᠤᠰ ᠤᠳᠠᠭᠠᠨ ᠤ ᠶᠡᠭᠡ ᠪᠠᠶᠢᠴᠠᠭᠠᠯᠲᠠ ᠨᠢ ᠲᠦᠷᠤ ᠶᠢᠨ ᠪᠤᠳᠤᠯᠭ᠎ᠠ ᠶᠢᠨ | ᠴᠢᠨᠠᠷᠲᠠᠶ ᠠᠮᠤ ᠪᠤᠳᠠᠭᠠᠨ ᠤ ᠬᠥᠮᠥᠷᠭᠡᠯᠡᠯᠲᠡ ᠬᠠᠮᠢᠶᠠᠷᠤᠯᠲᠠ ᠶᠢᠨ ᠳᠤᠮᠳᠠ ᠣᠷᠣᠰᠢᠵᠤ ᠪᠠᠶᠢᠭ᠎ᠠ ᠳᠤᠪᠤᠶᠢᠮ᠎ᠠ | ᠠᠰᠠᠭᠤᠳᠠᠯ ᠪᠣᠯᠤᠨ ᠪᠠᠭᠤᠷᠠᠢ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠦᠨ᠂ ᠬᠦᠮᠦᠷᠭᠡᠯᠡᠨ ᠬᠠᠳᠠᠭᠠᠯᠠᠵᠤ | ᠪᠠᠶᠢᠭ᠎ᠠ ᠠᠮᠤ ᠪᠤᠳᠠᠭᠠᠨ ᠤ ᠲᠤᠭ᠎ᠠ ᠬᠡᠮᠵᠢᠶ᠎ᠡ ᠨᠢ ᠦᠨᠡᠨ ᠪᠣᠳᠠᠲᠠᠢ᠂ ᠶᠠᠰᠤ ᠴᠢᠨᠠᠷ ᠨᠢ ᠰᠠᠶᠢᠨ᠂ ᠬᠠᠳᠠᠭᠠᠯᠠᠯᠲᠠ ᠨᠢ | ᠠᠮᠤᠷ ᠲᠦᠪᠰᠢᠨ ᠪᠠᠶᠢᠬᠤ ᠬᠢᠵᠠᠭᠠᠷ ᠱᠤᠭᠤᠮ ᠢ ᠦᠨᠡᠨ ᠬᠦ ᠪᠠᠲᠤ ᠰᠠᠬᠢᠨ᠎ᠠ᠃ ᠪᠠᠶᠢᠴᠠᠭᠠᠯᠲᠠ ᠶᠢᠨ ᠬᠡᠪᠴᠢᠶᠡᠨ ᠳᠤ | ᠣᠷᠣᠭᠤᠯᠤᠭᠰᠠᠨ ᠠᠵᠤ ᠠᠬᠤᠶᠢᠯᠠᠯ ᠤᠨ ᠠᠮᠤ ᠪᠤᠳᠠᠭ᠎ᠠ ᠬᠥᠮᠥᠷᠭᠡᠯᠡᠨ ᠬᠠᠳᠠᠭᠠᠯᠠᠵᠤ ᠪᠠᠶᠢᠭ᠎ᠠ ᠪᠠᠶᠢᠳᠠᠯ ᠳᠤ ᠬᠦᠮᠦᠷᠭᠡ | ᠪᠦᠷᠢ ᠳᠤ ᠬᠦᠷᠬᠦ᠂ ᠠᠮᠤ ᠪᠤᠳᠠᠭ᠎ᠠ ᠪᠠᠶᠢᠪᠠᠯ ᠵᠠᠪᠠᠯ ᠪᠠᠶᠢᠴᠠᠭᠠᠬᠤ᠂ ᠳᠠᠩᠰᠠ ᠪᠠᠶᠢᠪᠠᠯ ᠵᠠᠪᠠᠯ ᠬᠠᠷᠭᠤᠭᠤᠯᠬᠤ᠂ | ᠲᠦᠢᠯᠪᠤᠷᠢᠲᠠᠶ ᠪᠠᠶᠢᠴᠠᠭᠠᠬᠤ᠂ ᠪᠦᠬᠦ ᠶᠠᠪᠤᠴᠠ ᠳᠤ ᠮᠦᠷ ᠢᠶᠠᠨ ᠦᠯᠡᠳᠡᠭᠡᠬᠦ ᠶᠢ ᠪᠠᠷᠢᠮᠲᠠᠯᠠᠨ᠎ᠠ︔ ᠭᠤᠣᠯᠳᠠᠯᠭ᠎ᠠ ᠲᠠᠢ | ᠲᠦᠷᠦᠯ ᠵᠦᠢᠯ᠂ ᠭᠤᠣᠯᠳᠠᠯᠭ᠎ᠠ ᠲᠠᠢ ᠣᠷᠣᠨ ᠪᠦᠰᠡ᠂ ᠭᠤᠣᠯᠳᠠᠯᠭᠠᠲᠤ ᠠᠵᠤ ᠠᠬᠤᠶᠢᠯᠠᠯ ᠢ ᠳᠤᠪᠤᠶᠢᠯᠭᠠᠵᠤ᠂ | ᠪᠠᠶᠢᠴᠠᠭᠠᠬᠤ ᠡᠷᠴᠢᠮ ᠪᠠ ᠴᠢᠬᠤᠯᠠ ᠠᠰᠠᠭᠤᠳᠠᠯ ᠤᠨ ᠰᠦᠪᠡᠭᠴᠢ ᠶᠢ ᠬᠢᠨᠠᠨ ᠪᠠᠶᠢᠴᠠᠭᠠᠬᠤ ᠡᠷᠴᠢᠮ ᠢᠶᠠᠨ | ᠴᠢᠩᠭᠠᠷᠠᠭᠤᠯᠤᠨ᠎ᠠ᠃ ᠤᠷᠳᠤ ᠬᠤᠭᠤᠴᠠᠭᠠᠨ ᠤ ᠬᠦᠴᠦᠨ ᠪᠦᠬᠦᠢ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ | ᠶᠠᠪᠤᠳᠠᠯ ᠢ ᠶᠡᠭᠡ ᠪᠠᠶᠢᠴᠠᠭᠠᠯᠲᠠ ᠶᠢᠨ ᠪᠦᠬᠦ ᠶᠠᠪᠤᠴᠠ ᠳᠤ ᠳᠤᠭᠤᠰᠢᠯᠠᠭᠤᠯᠵᠤ᠂ ᠱᠠᠲᠤ ᠳᠠᠷᠠᠭᠠᠯᠠᠨ ᠠᠵᠢᠯ ᠬᠤᠪᠢᠶᠠᠨ | ᠬᠠᠷᠢᠭᠤᠴᠠᠬᠤ ᠳᠦᠷᠢᠮ ᠢ ᠨᠠᠶᠢᠳᠠᠪᠤᠷᠢᠵᠢᠭᠤᠯᠵᠤ᠂ ᠪᠠᠶᠢᠴᠠᠭᠠᠭᠰᠠᠨ ᠦᠷ᠎ᠡ ᠳ᠋ᠦᠩ ᠳᠤ ᠬᠠᠷᠢᠭᠤᠴᠠᠯᠭ᠎ᠠ ᠲᠤᠯᠭᠠᠬᠤ | ᠲᠦᠷᠢᠮ ᠢ ᠬᠡᠷᠡᠭᠵᠢᠭᠦᠯᠦᠨ᠎ᠡ᠃ ᠳᠠᠭᠠᠭᠠᠴᠢᠯᠠᠨ ᠬᠠᠳᠠᠭᠠᠯᠠᠬᠤ ᠠᠵᠤ ᠠᠬᠤᠶᠢᠯᠠᠯ ᠤᠨ ᠭᠤᠣᠯ ᠴᠣᠭᠴᠠ ᠶᠢᠨ | ᠬᠠᠷᠢᠭᠤᠴᠠᠯᠭ᠎ᠠ᠂ ᠣᠷᠣᠨ ᠨᠤᠲᠤᠭ ᠤᠨ ᠵᠠᠰᠠᠭ ᠤᠨ ᠣᠷᠳᠣᠨ ᠤ ᠬᠠᠷᠢᠶ᠎ᠠ ᠭᠠᠵᠠᠷ ᠲᠤ ᠪᠠᠨ ᠬᠠᠮᠢᠶᠠᠷᠬᠤ | ᠬᠠᠷᠢᠭᠤᠴᠠᠯᠭ᠎ᠠ ᠪᠣᠯᠤᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ | ᠬᠠᠷᠢᠭᠤᠴᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠤᠨ᠎ᠠ᠃ |