ᠥᠪᠥᠷ ᠮᠣᠩᠭᠤᠯ 16.4 ᠲᠦᠮᠡᠨ ᠶᠠᠳᠠᠭᠤ ᠬᠦᠴᠢᠷᠳᠡᠯᠲᠡᠶ ᠬᠥᠮᠦᠨ ᠠᠮᠠ ᠶᠢ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠬᠡᠪᠴᠢᠶᠡᠨ ᠳᠤ ᠣᠷᠣᠭᠤᠯᠬᠤ ᠪᠠᠷ ᠪᠤᠢ
ᠨᠡᠶᠢᠲᠡᠯᠡᠭᠰᠡᠨ ᠴᠠᠭ᠄
2018/11/14
     ᠥᠪᠥᠷ ᠮᠣᠩᠭᠤᠯ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠪᠣᠯᠣᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢᠨ ᠪᠦᠲᠦᠮᠵᠢᠲᠡᠶ ᠵᠣᠯᠭᠠᠭᠤᠯᠬᠤ ᠶᠢ ᠲᠦᠯᠬᠢᠨ ᠠᠬᠢᠭᠤᠯᠬᠤ ᠶᠢᠨ ᠲᠥᠯᠥᠭᠡ᠂  ᠳᠠᠩᠰᠠ ᠪᠠ ᠺᠠᠷᠲ ᠲᠠᠢ 37.8 ᠲᠦᠮᠡᠨ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠲᠤᠲᠤᠷ᠎ᠠ ᠠᠴᠠ ᠨᠥᠬᠦᠴᠡᠯ ᠳᠤ ᠨᠡᠶᠢᠴᠡᠬᠦ ᠮᠠᠯᠵᠢᠬᠤ ᠲᠠᠷᠢᠶᠠᠯᠠᠬᠤ ᠣᠷᠣᠨ ᠤ 16.4 ᠲᠦᠮᠡᠨ ᠶᠠᠳᠠᠭᠤ ᠬᠦᠴᠢᠷᠳᠡᠯᠲᠡᠶ ᠬᠥᠮᠦᠨ ᠠᠮᠠ ᠶᠢ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠬᠡᠪᠴᠢᠶᠡᠨ ᠳᠤ ᠣᠷᠣᠭᠤᠯᠵᠤ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ ᠬᠥᠮᠦᠨ ᠪᠦᠷᠢ ᠳᠤᠮᠳᠠᠴᠢ ᠪᠠᠷ ᠵᠢᠯ ᠳᠤ 5547 ᠲᠥᠭᠦᠷᠢᠭ ᠲᠤ ᠬᠦᠷᠦᠯᠭᠦᠯᠬᠦ ᠪᠠᠷ ᠪᠠᠶᠢᠨ᠎ᠠ᠃      ᠲᠠᠨᠢᠯᠴᠠᠭᠤᠯᠤᠭᠰᠠᠨ ᠢᠶᠠᠷ᠂ ᠥᠪᠥᠷ ᠮᠣᠩᠭᠤᠯ ᠦᠨᠳᠦᠰᠦᠨ ᠪᠠᠶᠢᠳᠠᠯ ᠢ ᠪᠠᠲᠤᠯᠠᠬᠤ᠂ ᠦᠨᠳᠦᠰᠦᠨ ᠬᠤᠷᠢᠭ᠎ᠠ ᠱᠤᠭᠤᠮ ᠢ ᠰᠠᠬᠢᠬᠤ ᠵᠠᠷᠴᠢᠮ ᠶᠣᠰᠣᠭᠠᠷ᠂ ᠶᠠᠳᠠᠭᠤ ᠬᠦᠴᠢᠷᠳᠡᠯᠲᠡᠢ ᠬᠥᠮᠦᠨ ᠠᠮᠠ ᠶᠢᠨ ᠦᠨᠳᠦᠰᠦᠨ ᠠᠮᠢᠳᠤᠷᠠᠯ ᠤᠨ ᠬᠦᠴᠢᠷᠳᠡᠯ ᠢ ᠨᠢ ᠬᠦᠴᠦᠯᠡᠨ ᠰᠢᠢᠳᠪᠦᠷᠢᠯᠡᠵᠦ᠂ ᠤᠳᠤ ᠪᠠᠶᠢᠭ᠎ᠠ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠳᠣᠲᠣᠷᠠᠬᠢ ᠨᠥᠬᠦᠴᠡᠯ ᠳᠤ ᠨᠡᠶᠢᠴᠡᠬᠦ ᠨᠠᠰᠤᠲᠠᠳ᠂ ᠬᠦᠨᠳᠦ ᠵᠡᠮᠳᠡᠭ ᠬᠥᠮᠦᠨ᠂ ᠡᠪᠡᠳᠴᠢᠨ ᠠᠴᠠ ᠪᠣᠯᠵᠣ ᠶᠠᠳᠠᠭᠤᠷᠠᠭᠰᠠᠨ ᠬᠥᠮᠦᠰ ᠵᠢᠴᠢ ᠬᠥᠳᠡᠯᠮᠦᠷᠢᠯᠡᠬᠦ ᠴᠢᠳᠠᠪᠤᠷᠢ ᠦᠭᠡᠢ ᠶᠠᠳᠠᠭᠤ ᠬᠦᠴᠢᠷᠳᠡᠯᠲᠡᠶ ᠡᠷᠦᠬᠡ ᠪᠦᠬᠦᠨ ᠢ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠬᠡᠪᠴᠢᠶᠡᠨ ᠳᠤ ᠣᠷᠣᠭᠤᠯᠬᠤ ᠪᠣᠯᠣᠨ᠎ᠠ᠃ ᠥᠪᠥᠷ ᠮᠣᠩᠭᠤᠯ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠳᠦᠷᠢᠮ ᠢ ᠪᠦᠷᠢᠨᠰᠢᠭᠦᠯᠵᠦ᠂ ᠬᠡᠷ ᠪᠦᠯᠢ ᠶᠢᠨ ᠪᠦᠷᠢᠯᠳᠦᠬᠦᠨ ᠨᠢ ᠵᠡᠮᠳᠡᠭ ᠪᠣᠯᠬᠤ᠂ ᠬᠦᠨᠳᠦ ᠡᠪᠡᠳᠴᠢᠨ ᠳᠤ ᠨᠡᠷᠪᠡᠭᠳᠡᠬᠦ᠂ ᠦᠷ᠎ᠡ ᠬᠡᠦᠬᠡᠳ ᠨᠢ ᠰᠤᠷᠭᠠᠭᠤᠯᠢ ᠳᠤ ᠣᠷᠣᠬᠤ ᠵᠡᠷᠭᠡ ᠲᠣᠭᠲᠠᠮᠠᠯ ᠵᠠᠷᠤᠯᠭ᠎ᠠ ᠠᠴᠠ ᠪᠣᠯᠵᠤ ᠣᠷᠣᠯᠭ᠎ᠠ ᠨᠢ ᠬᠠᠰᠤᠭᠳᠠᠬᠤ ᠬᠦᠴᠦᠨ ᠵᠦᠢᠯ ᠎ ᠲᠠᠢ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠭᠴᠢᠳ ᠢ ᠦᠨᠡᠮᠰᠢᠨ ᠲᠣᠭᠲᠠᠭᠠᠬᠤ ᠰᠢᠰᠲ᠋ᠧᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠬᠥᠳᠡᠯᠮᠦᠷᠢᠯᠡᠬᠦ ᠴᠢᠳᠠᠪᠤᠷᠢ ᠪᠠᠨ ᠪᠦᠷᠢᠮᠦᠰᠦᠨ ᠠᠯᠳᠠᠭᠰᠠᠨ ᠪᠠ ᠬᠥᠳᠡᠯᠮᠦᠷᠢᠯᠡᠬᠦ ᠴᠢᠳᠠᠪᠤᠷᠢ ᠪᠠᠨ ᠬᠡᠰᠡᠭ ᠠᠯᠳᠠᠭᠰᠠᠨ ᠮᠥᠷᠲᠡᠭᠡᠨ ᠠᠵᠤ ᠦᠢᠯᠡᠰ ᠢᠶᠠᠷ ᠠᠵᠢᠯ ᠤᠯᠬᠤ ᠶᠢ ᠨᠢ ᠬᠠᠪᠰᠤᠷᠤᠨ ᠳᠡᠳᠬᠦᠵᠦ ᠶᠠᠳᠠᠭᠤ ᠠᠴᠠ ᠠᠩᠭᠢᠵᠢᠷᠠᠭᠤᠯᠬᠤ ᠠᠷᠭ᠎ᠠ ᠦᠭᠡᠢ ᠶᠠᠳᠠᠭᠤ ᠬᠦᠴᠢᠷᠳᠡᠯᠲᠡᠢ ᠬᠥᠮᠦᠨ ᠠᠮᠠ ᠶᠢ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠬᠡᠪᠴᠢᠶᠡᠨ ᠳᠤ ᠣᠷᠣᠭᠤᠯᠵᠤ᠂ ᠦᠨᠳᠦᠰᠦᠨ ᠠᠮᠢᠳᠤᠷᠠᠯ ᠢ ᠨᠢ ᠪᠠᠲᠤᠯᠠᠬᠤ ᠪᠣᠯᠤᠨ᠎ᠠ᠃ ᠣᠶᠢᠯᠠᠭᠠᠭᠰᠠᠨ ᠢᠶᠠᠷ᠂ ᠥᠪᠥᠷ ᠮᠣᠩᠭᠤᠯ ︽ᠱᠠᠳᠤ ᠬᠤᠪᠢᠶᠠᠨ ᠬᠢᠨᠠᠨ ᠵᠥᠪᠰᠢᠶᠡᠷᠡᠬᠦ︾᠂ ︽ᠤᠷᠢᠳᠠᠪᠠᠷ ᠲᠡᠩᠬᠡᠷᠡᠭᠦᠯᠦᠨ ᠲᠤᠰᠠᠯᠠᠬᠤ︾ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠨᠥᠬᠦᠴᠡᠯ ᠳᠤ  ᠨᠡᠶᠢᠴᠡᠬᠦ ᠳᠠᠬᠢᠨ ᠶᠠᠳᠠᠭᠤᠷᠠᠭᠰᠠᠨ ᠬᠥᠮᠦᠨ ᠠᠮᠠ ᠶᠢ ᠲᠡᠩᠬᠡᠷᠡᠭᠦᠯᠦᠨ ᠲᠤᠰᠠᠯᠠᠬᠤ ᠬᠦᠷᠢᠶ᠎ᠡ ᠬᠡᠪᠴᠢᠶᠡᠨ ᠳᠤ  ᠴᠠᠭ ᠲᠤᠬᠠᠶ ᠳᠤ ᠨᠢ ᠣᠷᠣᠭᠤᠯᠵᠤ᠂ ᠲᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠭᠡᠨᠡᠳᠲᠡ ᠶᠢᠨ ᠴᠢᠨᠠᠷ ᠲᠠᠢ᠂ ᠪᠠᠴᠢᠮ ᠴᠢᠨᠠᠷ ᠲᠠᠢ᠂ ᠲᠦᠷ ᠴᠠᠭ ᠤᠨ ᠴᠢᠨᠠᠷ ᠲᠠᠢ ᠬᠦᠴᠢᠷᠳᠡᠯ ᠢ ᠨᠢ ᠪᠦᠲᠦᠮᠵᠢᠲᠡᠢ ᠰᠢᠢᠳᠪᠦᠷᠢᠯᠡᠬᠦ ᠪᠠᠷ ᠪᠠᠶᠢᠨ᠎ᠠ᠃ ᠥᠨᠥ᠂ ᠥᠪᠥᠷ ᠮᠣᠩᠭᠤᠯ ᠲᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠶ ᠬᠥᠮᠦᠨ ᠠᠮᠠ ᠶᠢ ᠰᠢᠶᠠᠨ ᠤ ᠬᠡᠪᠴᠢᠶᠡᠨ ᠳᠣᠲᠣᠷ᠎ᠠ ᠪᠠᠨ ᠤᠷᠢᠳᠠᠪᠠᠷ ᠣᠨᠣᠰᠢᠯᠠᠨ ᠡᠮᠨᠡᠭᠰᠡᠨ ᠤ ᠳᠠᠷᠠᠭ᠎ᠠ ᠵᠠᠷᠤᠳᠠᠯ ᠲᠤᠰᠢᠶᠠᠬᠤ᠂ ︽ᠨᠢᠭᠡ ᠥᠷᠲᠡᠭᠡ ᠮᠠᠶ᠋ᠢᠭ︾᠎ ᠤᠨ ᠲᠡᠰᠦᠯᠦᠨ ᠪᠤᠳᠤᠬᠤ ᠦᠢᠯᠡᠴᠢᠯᠡᠭᠡ ᠶᠢ ᠨᠡᠶᠢᠳᠡᠮ ᠬᠡᠷᠡᠭᠵᠢᠭᠦᠯᠵᠦ᠂ ᠪᠦᠬᠦᠨ ᠢᠶᠠᠷ ᠢᠶᠠᠨ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠬᠦᠨᠳᠦ ᠡᠪᠡᠳᠴᠢᠨ ᠤ ᠪᠠᠲᠤᠯᠠᠭ᠎ᠠ ᠶᠢᠨ ᠰᠠᠭᠤᠷᠢ ᠮᠥᠩᠭᠦ ᠶᠢ ᠪᠠᠶᠢᠭᠤᠯᠵᠤ᠂ ᠲᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠡᠮᠨᠡᠯᠭᠡ ᠳᠤ ᠰᠠᠭᠤᠬᠤ ᠵᠠᠷᠤᠳᠠᠯ ᠤᠨ ᠬᠤᠪᠢ ᠬᠥᠮᠦᠨ ᠤ ᠥᠪᠡᠷᠲᠡᠭᠡᠨ ᠲᠥᠯᠥᠬᠦ ᠬᠠᠷᠢᠴᠠᠯ ᠢ 10%᠎ ᠶᠢᠨ ᠳᠣᠲᠣᠷ᠎ᠠ ᠡᠵᠡᠮᠳᠡᠵᠦ ᠪᠤᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号