ᠥᠪᠥᠷ ᠮᠣᠩᠭᠤᠯ ᠲᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠶ ᠡᠷᠦᠬᠡ ᠶᠢᠨ ᠨᠤᠷᠠᠬᠤ ᠠᠶᠤᠯᠲᠠᠶ ᠬᠡᠷ ᠪᠠᠶᠢᠰᠢᠩ ᠢ ᠨᠢ ᠥᠭᠡᠷᠡᠴᠢᠯᠡᠨ ᠰᠠᠶᠢᠵᠢᠷᠠᠭᠤᠯᠵᠤ ᠪᠤᠢ
ᠨᠡᠶᠢᠲᠡᠯᠡᠭᠰᠡᠨ ᠴᠠᠭ᠄
2018/11/15
     ᠡᠨᠡ ᠵᠢᠯ ᠥᠪᠥᠷ ᠮᠣᠩᠭᠤᠯ ᠲᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠶ ᠡᠷᠦᠬᠡ ᠶᠢᠨ ᠨᠤᠷᠠᠬᠤ ᠠᠶᠤᠯᠲᠠᠶ ᠭᠡᠷ ᠪᠠᠶᠢᠰᠢᠩ ᠢ ᠨᠢ ᠥᠭᠡᠷᠡᠴᠢᠯᠡᠨ ᠰᠠᠶᠢᠵᠢᠷᠠᠭᠤᠯᠬᠤ ᠶᠢ ᠲᠦᠷᠭᠡᠨ ᠠᠬᠢᠭᠤᠯᠵᠤ᠂ ᠨᠢᠭᠡᠨᠲᠡ 4.5 ᠳ᠋ᠦᠩᠰᠢᠭᠤᠷ ᠲᠥᠭᠦᠷᠢᠭ ᠤᠨ ᠨᠥᠬᠦᠪᠥᠷᠢ ᠮᠥᠩᠭᠦ ᠣᠷᠣᠭᠤᠯᠵᠤ᠂ 2.29 ᠲᠦᠮᠡᠨ ᠡᠷᠦᠬᠡ ᠶᠢᠨ ᠨᠤᠷᠠᠬᠤ ᠠᠶᠤᠯᠲᠠᠶ ᠭᠡᠷ ᠪᠠᠶᠢᠰᠢᠩ ᠢ ᠨᠢ ᠥᠭᠡᠷᠡᠴᠢᠯᠡᠨ ᠰᠠᠶᠢᠵᠢᠷᠠᠭᠤᠯᠬᠤ ᠡᠭᠦᠷᠭᠡ ᠶᠢ ᠪᠡᠶᠡᠯᠡᠭᠦᠯᠬᠦ ᠪᠠᠷ ᠲᠥᠯᠥᠪᠯᠡᠨ᠂ ᠣᠳᠣ ᠨᠢᠭᠡᠨᠲᠡ 1. 9 ᠲᠦᠮᠡᠨ ᠡᠷᠦᠬᠡ ᠶᠢᠨ ᠪᠠᠷᠢᠯᠭ᠎ᠠ ᠶᠢ ᠡᠬᠢᠯᠡᠭᠦᠯᠪᠡ᠃      ᠲᠠᠨᠢᠯᠴᠠᠭᠤᠯᠤᠭᠰᠠᠨ ᠢᠶᠠᠷ᠂ ᠥᠪᠥᠷ ᠮᠣᠩᠭᠤᠯ ᠲᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠶ ᠡᠷᠦᠬᠡ ᠳᠤ ᠬᠡᠷᠡᠭᠵᠢᠭᠦᠯᠦᠭᠰᠡᠨ ᠨᠤᠷᠠᠬᠤ ᠠᠶᠤᠯᠲᠠᠶ ᠭᠡᠷ ᠪᠠᠶᠢᠰᠢᠩ ᠢ ᠨᠢ ᠥᠭᠡᠷᠡᠴᠢᠯᠡᠨ ᠰᠠᠶᠢᠵᠢᠷᠠᠭᠤᠯᠬᠤ ᠳᠠᠭᠠᠨ ᠰᠡᠯᠪᠢᠨ ᠵᠠᠰᠠᠵᠤ ᠪᠠᠬᠢᠯᠡᠬᠦ᠂ ᠨᠤᠷᠠᠭᠠᠵᠤ ᠳᠠᠬᠢᠨ ᠪᠠᠶᠢᠭᠤᠯᠬᠤ ᠬᠤᠶᠠᠷ ᠵᠦᠢᠯ ᠤᠨ ᠠᠷᠭ᠎ᠠ ᠬᠡᠯᠪᠡᠷᠢ ᠶᠢ ᠠᠪᠴᠠᠢ᠂ ᠶᠠᠳᠠᠭᠤ ᠬᠦᠴᠢᠷᠳᠡᠯᠲᠡᠢ ᠡᠷᠦᠭᠡ ᠶᠢᠨ ᠶᠠᠳᠠᠭᠤ ᠬᠦᠴᠢᠷᠳᠡᠯᠲᠡᠶ ᠪᠠᠶᠢᠭ᠎ᠠ ᠬᠡᠮᠵᠢᠶ᠎ᠡ᠂ ᠭᠡᠷ ᠪᠠᠶᠢᠰᠢᠩ ᠤᠨ ᠠᠶᠤᠯ ᠲᠦᠭᠰᠢᠭᠦᠷᠢ ᠶᠢᠨ ᠬᠡᠮᠵᠢᠶ᠎ᠡ ᠪᠣᠯᠣᠨ ᠥᠭᠡᠷᠡᠴᠢᠯᠡᠨ ᠰᠠᠶᠢᠵᠢᠷᠠᠭᠤᠯᠬᠤ ᠠᠷᠭ᠎ᠠ ᠬᠡᠯᠪᠡᠷᠢ ᠵᠡᠷᠭᠡ ᠶᠢ ᠦᠨᠳᠦᠰᠦᠯᠡᠨ ᠲᠥᠷᠥᠯ ᠬᠤᠪᠢᠶᠠᠨ ᠨᠥᠬᠦᠪᠥᠷᠢᠯᠡᠬᠦ ᠪᠠᠷᠢᠮᠵᠢᠶ᠎ᠠ ᠲᠣᠭᠲᠠᠭᠠᠵᠤ᠂ ᠪᠠᠬᠢᠯᠡᠵᠦ ᠥᠭᠡᠷᠡᠴᠢᠯᠡᠬᠦ ᠵᠡᠷᠭᠡ ᠥᠪᠡᠷ ᠤᠨ ᠥᠷᠲᠡᠭ ᠢᠶᠠᠷ ᠳᠣᠤᠷ᠎ᠠ ᠪᠦᠬᠦᠢ ᠥᠭᠡᠷᠡᠴᠢᠯᠡᠨ ᠰᠠᠶᠢᠵᠢᠷᠠᠭᠤᠯᠬᠤ ᠠᠷᠭ᠎ᠠ ᠬᠡᠯᠪᠡᠷᠢ ᠶᠢ ᠬᠦᠴᠦᠯᠡᠨ ᠳᠡᠯᠭᠡᠷᠡᠭᠦᠯᠵᠦ᠂ ᠬᠥᠳᠡᠭᠡ ᠲᠣᠰᠬᠤᠨ ᠤ ᠬᠠᠮᠲᠤ ᠶᠢᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢ ᠨᠢᠭᠡᠳᠦᠯᠲᠡᠶ ᠪᠠᠷᠢᠬᠤ ︵ ᠬᠠᠷᠢᠯᠴᠠᠨ ᠬᠠᠮᠵᠢᠯᠴᠠᠬᠤ ᠵᠣᠯ ᠵᠢᠷᠭᠠᠯᠠᠩᠲᠤ ᠬᠦᠷᠢᠶᠡᠯᠡᠩ︶᠂ ᠭᠡᠷ ᠪᠠᠶᠢᠰᠢᠩ ᠢ ᠪᠠᠬᠢᠯᠡᠬᠦ ᠪᠠ ᠰᠣᠯᠢᠬᠤ᠂ ᠰᠤᠯᠠ ᠲᠠᠯᠪᠢᠵᠤ ᠪᠠᠶᠢᠭ᠎ᠠ ᠬᠡᠷ ᠪᠠᠶᠢᠰᠢᠩ ᠢ ᠤᠷᠳᠤ ᠬᠤᠭᠤᠴᠠᠭ᠎ᠠ ᠪᠠᠷ ᠲᠦᠷᠢᠶᠡᠰᠦᠯᠡᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠢᠵᠢ ᠪᠦᠷᠢᠳᠦᠭᠦᠯᠬᠦ ᠪᠡᠯᠡ ᠮᠥᠩᠭᠦ ᠶᠢ ᠥᠪᠡᠷ ᠢᠶᠠᠨ ᠪᠡᠯᠡᠳᠭᠡᠬᠦ ᠴᠢᠳᠠᠪᠤᠷᠢ ᠦᠭᠡᠢ ᠶᠠᠳᠠᠭᠤ ᠬᠦᠴᠢᠷᠳᠡᠯᠲᠡᠢ ᠡᠷᠦᠬᠡ ᠶᠢᠨ ᠣᠷᠣᠨ ᠰᠠᠭᠤᠴᠠ ᠶᠢᠨ ᠠᠮᠤᠷ ᠲᠦᠪᠰᠢᠨ ᠤ ᠠᠰᠠᠭᠤᠳᠠᠯ ᠢ ᠪᠠᠲᠤᠯᠠᠨ ᠰᠢᠢᠳᠪᠦᠷᠢᠯᠡᠬᠦ ᠶᠢ ᠵᠣᠷᠢᠭᠵᠢᠭᠤᠯᠵᠠᠢ᠃      ᠥᠪᠥᠷ ᠮᠣᠩᠭᠤᠯ ᠶᠠᠳᠠᠭᠤ ᠬᠦᠴᠢᠷᠳᠡᠯᠲᠡᠶ ᠬᠤᠰᠢᠭᠤ ᠰᠢᠶᠠᠨ ᠡᠳ᠋ ᠤᠨ ᠵᠠᠰᠠᠭ ᠤᠨ ᠲᠠᠷᠢᠶᠠᠯᠠᠩ ᠮᠠᠯ ᠠᠵᠤ ᠠᠬᠤᠶ ᠳᠤ ᠬᠤᠯᠪᠣᠭᠳᠠᠬᠤ ᠪᠠᠯᠠ ᠮᠥᠩᠭᠦ ᠶᠢ ᠨᠢᠭᠡᠳᠦᠯᠲᠡᠶ ᠲᠥᠯᠥᠪᠯᠡᠨ ᠨᠡᠶᠢᠳᠬᠡᠵᠦ ᠶᠠᠳᠠᠭᠤ ᠬᠦᠴᠢᠷᠳᠡᠯᠲᠡᠢ ᠡᠷᠦᠬᠡ ᠶᠢᠨ ᠨᠤᠷᠠᠬᠤ ᠠᠶᠤᠯᠲᠠᠶ ᠭᠡᠷ ᠪᠠᠶᠢᠰᠢᠩ ᠢ ᠨᠢ ᠥᠭᠡᠷᠡᠴᠢᠯᠡᠨ ᠰᠠᠶᠢᠵᠢᠷᠠᠭᠤᠯᠬᠤ ᠨᠥᠬᠦᠪᠦᠷᠢ ᠳᠤ ᠬᠡᠷᠡᠭᠯᠡᠬᠦ ᠶᠢ ᠵᠥᠪᠰᠢᠶᠡᠷᠡᠨ᠂ ᠥᠭᠡᠷᠡᠴᠢᠯᠡᠨ ᠰᠠᠶᠢᠵᠢᠷᠠᠭᠤᠯᠤᠭᠰᠠᠨ ᠤ ᠳᠠᠷᠠᠭᠠᠬᠢ ᠭᠡᠷ ᠪᠠᠶᠢᠰᠢᠩ ᠤᠨ ᠪᠠᠷᠢᠯᠭ᠎ᠠ ᠶᠢᠨ ᠲᠠᠯᠠᠪᠠᠢ ᠨᠢ ᠵᠣᠬᠢᠰᠲᠠᠶ᠂ ᠪᠦᠲᠦᠴᠡ ᠨᠢ ᠠᠮᠤᠷ ᠲᠦᠪᠰᠢᠨ᠂ ᠬᠥᠮᠦᠨ ᠮᠠᠯ ᠢ ᠰᠠᠯᠭᠠᠭᠰᠠᠨ ᠪᠠᠶᠢᠬᠤ ᠶᠢ ᠱᠠᠭᠠᠷᠳᠠᠵᠠᠢ᠃ ᠡᠭᠦᠨ ᠤ ᠬᠠᠮᠲᠤ ᠶᠠᠳᠠᠭᠤ ᠬᠦᠴᠢᠷᠳᠡᠯᠲᠡᠶ ᠡᠷᠦᠬᠡ ᠶᠢᠨ ᠨᠤᠷᠠᠬᠤ ᠠᠶᠤᠯᠲᠠᠶ ᠭᠡᠷ ᠪᠠᠶᠢᠰᠢᠩ ᠢ ᠨᠢ ᠥᠭᠡᠷᠡᠴᠢᠯᠡᠨ ᠰᠠᠶᠢᠵᠢᠷᠠᠭᠤᠯᠬᠤ ᠨᠥᠬᠦᠪᠥᠷᠢ ᠮᠥᠩᠭᠦ ᠶᠢᠨ ᠬᠡᠷᠡᠭᠯᠡᠯᠲᠡ ᠬᠠᠮᠢᠶᠠᠷᠤᠯᠲᠠ ᠶᠢ ᠴᠢᠩᠭᠠᠳᠬᠠᠵᠤ᠂ ᠶᠠᠮᠠᠷᠪᠠ ᠬᠡᠯᠪᠡᠷᠢ ᠪᠠᠷ ᠰᠢᠬᠠᠨ ᠡᠵᠡᠯᠡᠵᠦ ᠨᠡᠭᠦᠯᠭᠡᠨ ᠬᠡᠷᠡᠭᠯᠡᠬᠦ ᠪᠤᠶᠤ ᠦᠯᠡᠳᠡᠭᠡᠬᠦ ᠶᠢ  ᠴᠠᠭᠠᠵᠠᠯᠠᠵᠠᠢ᠃ ᠨᠥᠬᠦᠪᠥᠷᠢ ᠮᠥᠩᠭᠦ ᠥᠭᠬᠦ ᠳᠤ ᠪᠠᠨ ︽ᠪᠥᠬᠦᠨ ᠳᠤ ᠲᠤᠬᠢᠷᠠᠬᠤ ᠺᠠᠷᠲ︾᠎ ᠶᠢᠨ ᠬᠡᠯᠪᠡᠷᠢ ᠪᠠᠷ ᠨᠥᠬᠦᠪᠥᠷᠢ ᠬᠦᠷᠲᠡᠭᠴᠢ ᠳᠤ ᠰᠢᠭᠤᠳ ᠣᠯᠭᠤᠵᠤ᠂ ᠵᠠᠰᠠᠭ ᠤᠨ ᠣᠷᠳᠣᠨ ᠤ ᠨᠢᠭᠡᠳᠦᠯᠲᠡᠶ ᠵᠣᠬᠢᠶᠠᠨ ᠪᠠᠶᠢᠭᠤᠯᠤᠨ ᠬᠡᠷᠡᠭᠵᠢᠭᠦᠯᠵᠦ ᠪᠠᠶᠢᠭ᠎ᠠ ᠪᠠᠷᠢᠯᠭ᠎ᠠ ᠶᠢ ᠪᠣᠯ ᠶᠠᠳᠠᠭᠤ ᠬᠦᠴᠢᠷᠳᠡᠯᠲᠡᠢ ᠡᠷᠦᠬᠡ ᠶᠢᠨ ᠵᠥᠪᠰᠢᠶᠡᠷᠡᠯ ᠢ ᠣᠯᠬᠤ ᠶᠢᠨ ᠬᠠᠮᠲᠤ ᠵᠥᠪᠳᠡᠯᠴᠡᠭᠡᠷ ᠲᠣᠭᠲᠠᠭᠰᠠᠨ ᠰᠠᠭᠤᠷᠢᠨ ᠳᠡᠭᠡᠷ᠎ᠡ᠂  ᠨᠥᠬᠦᠪᠥᠷᠢ ᠮᠥᠩᠭᠦ ᠶᠢ ᠪᠠᠷᠢᠯᠭ᠎ᠠ ᠪᠠᠷᠢᠬᠤ ᠨᠢᠭᠡᠴᠢ ᠳᠤ ᠰᠢᠭᠤᠳ ᠣᠯᠭᠤᠵᠠᠢ᠃      ᠥᠪᠥᠷ ᠮᠣᠩᠭᠤᠯ ᠶᠠᠳᠠᠭᠤ ᠬᠦᠴᠢᠷᠳᠡᠯᠲᠡᠶ ᠡᠷᠦᠬᠡ ᠶᠢᠨ ᠨᠤᠷᠠᠬᠤ ᠠᠶᠤᠯᠲᠠᠶ ᠭᠡᠷ ᠪᠠᠶᠢᠰᠢᠩ ᠢ ᠨᠢ ᠥᠭᠡᠷᠡᠴᠢᠯᠡᠨ ᠰᠠᠶᠢᠵᠢᠷᠠᠭᠤᠯᠬᠤ ᠪᠦᠬᠦ ᠶᠠᠪᠤᠴᠠ ᠳᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠭᠰᠠᠨ ᠤ ᠬᠠᠮᠲᠤ ᠲᠤᠬᠠᠶ ᠶᠢᠨ ᠭᠠᠵᠠᠷ ᠲᠤᠨᠢ ᠣᠴᠢᠵᠤ ᠪᠠᠶᠢᠴᠠᠭᠠᠵᠤ ᠲᠡᠮᠳᠡᠭᠯᠡᠬᠦ ᠶᠢ ᠰᠠᠶᠢᠲᠤᠷ ᠬᠢᠵᠡᠢ᠃  ᠪᠠᠷᠢᠯᠭ᠎ᠠ ᠳᠠᠭᠤᠰᠤᠭᠰᠠᠨ ᠤ ᠳᠠᠷᠠᠭ᠎ᠠ ᠰᠢᠯᠭᠠᠨ ᠠᠪᠬᠤ ᠬᠠᠮᠢᠶᠠᠷᠤᠯᠲᠠ ᠶᠢ ᠴᠢᠩᠭ᠎ᠠ ᠬᠡᠷᠡᠭᠵᠢᠭᠦᠯᠵᠦ᠂ ᠬᠤᠰᠢᠭᠤ ᠰᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠨᠢ ᠬᠠᠮᠢᠶ᠎ᠠ ᠪᠥᠬᠦᠶ ᠬᠠᠷᠢᠭᠤᠴᠠᠯᠭᠠᠲᠤ ᠭᠤᠤᠯ ᠴᠣᠭᠴᠠ ᠵᠢᠴᠢ ᠥᠭᠡᠷᠡᠴᠢᠯᠡᠨ ᠰᠠᠶᠢᠵᠢᠷᠠᠭᠤᠯᠬᠤ ᠡᠷᠦᠬᠡ ᠶᠢ ᠵᠣᠬᠢᠶᠠᠨ ᠪᠠᠶᠢᠭᠤᠯᠵᠤ ᠪᠠᠶᠢᠭᠠᠳ ᠰᠢᠯᠭᠠᠨ ᠠᠪᠴᠤ᠂ ᠥᠭᠡᠷᠡᠴᠢᠯᠡᠨ ᠰᠠᠶᠢᠵᠢᠷᠠᠭᠤᠯᠬᠤ ᠡᠷᠦᠬᠡ ᠨᠢ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ ᠪᠦᠬᠦ ᠶᠠᠪᠤᠴᠠ ᠳᠤ ᠣᠷᠣᠯᠴᠠᠬᠤ ᠶᠢᠨ ᠬᠠᠮᠲᠤ ᠬᠢᠷᠢ ᠲᠡᠩᠴᠡᠭᠰᠡᠨ ᠤ ᠲᠠᠷᠠᠭ᠎ᠠ ᠭᠠᠷ ᠤᠨ ᠦᠰᠦᠭ ᠵᠢᠷᠤᠵᠤ ᠨᠣᠲᠠᠯᠠᠬᠤ ᠬᠡᠷᠡᠭᠲᠡᠢ᠃ ᠰᠢᠯᠭᠠᠨ ᠠᠪᠤᠭᠰᠠᠨ ᠤᠢᠭᠡᠢ ᠪᠤᠶᠤ ᠰᠢᠯᠭᠠᠨ ᠠᠪᠬᠤ ᠳᠤ ᠬᠢᠷᠢ ᠲᠡᠩᠴᠡᠭᠰᠡᠨ ᠤᠢᠭᠡᠢ ᠪᠠᠶᠢᠪᠠᠯ᠂ ᠲᠤᠰᠢᠶᠠᠨ ᠥᠭᠴᠦ ᠬᠡᠷᠡᠭᠯᠡᠭᠦᠯᠵᠦ ᠪᠣᠯᠬᠤ ᠦᠭᠡᠢ ᠭᠡᠵᠢ ᠱᠠᠭᠠᠷᠳᠠᠵᠠᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号