ᠥᠪᠥᠷ ᠮᠣᠩᠭᠤᠯ᠄ ᠲᠦᠭᠡᠮᠡᠯ ᠬᠠᠷᠠᠭᠠᠯᠵᠠᠯᠲᠤ ᠴᠢᠨᠠᠷᠲᠠᠢ ᠠᠷᠠᠳ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠤᠨ ᠨᠥᠬᠦᠪᠥᠷᠢ ᠶᠢᠨ ᠪᠠᠷᠢᠮᠵᠢᠶ᠎ᠠ ᠶᠢ ᠰᠣᠷᠣᠭᠴᠢ ᠪᠦᠷᠢ ᠵᠢᠯ ᠳᠤ 120 ᠲᠥᠭᠦᠷᠢᠭ ᠪᠣᠯᠭᠠᠬᠤ ᠪᠠᠷ ᠪᠠᠶᠢᠨ᠎ᠠ
ᠨᠡᠶᠢᠲᠡᠯᠡᠭᠰᠡᠨ ᠴᠠᠭ᠄
2018/11/15
     2019 ᠣᠨ ᠤ ᠬᠠᠪᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭ᠎ᠠ ᠠᠴᠠ ᠡᠬᠢᠯᠡᠨ᠂ ᠥᠪᠥᠷ ᠮᠣᠩᠭᠤᠯ ᠤᠨ ᠠᠯᠪᠠᠨ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠤᠨ ᠰᠤᠷᠤᠭᠴᠢ ᠪᠦᠷᠢ ᠶᠢᠨ ᠨᠡᠶᠢᠲᠡ ᠶᠢᠨ ᠬᠡᠷᠡᠭᠯᠡᠭᠡᠨ ᠤ ᠵᠠᠷᠤᠳᠠᠯ ᠤᠨ ᠰᠠᠭᠤᠷᠢ ᠲᠤᠭ᠎ᠠ ᠪᠣᠯᠣᠨ ᠲᠦᠭᠡᠮᠡᠯ ᠬᠠᠷᠠᠭᠠᠯᠵᠠᠯᠲᠤ ᠠᠷᠠᠳ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠤᠨ ᠨᠥᠬᠦᠪᠥᠷᠢ ᠶᠢᠨ ᠪᠠᠷᠢᠮᠵᠢᠶ᠎ᠠ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠪᠠᠷ ᠪᠠᠶᠢᠨ᠎ᠠ᠃      ᠲᠠᠨᠢᠯᠴᠠᠭᠤᠯᠤᠭᠰᠠᠨ ᠢᠶᠠᠷ᠂ ᠮᠠᠨ ᠤ ᠣᠷᠣᠨ ᠤ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠦᠢᠯᠡᠰ ᠤᠨ ᠦᠷᠭᠦᠯᠵᠢᠯᠡᠨ ᠡᠷᠡᠭᠦᠯ ᠢᠶᠠᠷ ᠬᠥᠭᠵᠢᠵᠦ ᠶᠢ ᠤᠯᠠᠮ ᠠᠬᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ 2018 ᠣᠨ ᠤ 8 ᠳ᠋ᠤᠭᠠᠷ ᠤᠳᠠᠭ᠎ᠠ ᠶᠢᠨ ᠲᠡᠷᠢᠭᠦᠯᠡᠭᠴᠢ ᠶᠢᠨ ᠠᠯᠪᠠᠨ ᠠᠵᠢᠯ ᠤᠨ ᠬᠤᠷᠠᠯ ᠢᠶᠠᠷ ᠰᠤᠳᠤᠯᠤᠨ ᠲᠣᠭᠲᠠᠭᠠᠯᠭᠠᠭᠰᠠᠨ ᠢᠶᠠᠷ᠂ ᠠᠯᠪᠠᠨ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠤᠨ ᠰᠤᠷᠤᠭᠴᠢ ᠪᠦᠷᠢ ᠶᠢᠨ ᠨᠡᠶᠢᠲᠡ ᠶᠢᠨ ᠬᠡᠷᠡᠭᠯᠡᠭᠡᠨ ᠤ ᠵᠠᠷᠤᠳᠠᠯ ᠤᠨ ᠰᠠᠭᠤᠷᠢ ᠲᠤᠭ᠎ᠠ ᠪᠣᠯᠣᠨ ᠲᠦᠭᠡᠮᠡᠯ ᠬᠠᠷᠠᠭᠠᠯᠵᠠᠯᠲᠤ ᠠᠷᠠᠳ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠤᠨ ᠨᠥᠬᠦᠪᠥᠷᠢ ᠶᠢᠨ ᠪᠠᠷᠢᠮᠵᠢᠶ᠎ᠠ ᠲᠣᠭᠲᠠᠭᠠᠬᠤ ᠶᠢ ᠵᠥᠪᠰᠢᠶᠡᠷᠡᠪᠡ᠃ ᠦᠢᠷ᠎ᠠ ᠶᠢᠨ ᠡᠳᠦᠷ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠪᠣᠯᠣᠨ ᠰᠤᠷᠭᠠᠨ ᠬᠥᠮᠦᠵᠢᠯ ᠤᠨ ᠲᠢᠩᠬᠢᠮ ︽ᠠᠯᠪᠠᠨ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠤᠨ ᠰᠤᠷᠤᠭᠴᠢ ᠪᠦᠷᠢ ᠶᠢᠨ ᠨᠡᠶᠢᠲᠡ ᠶᠢᠨ ᠬᠡᠷᠡᠭᠯᠡᠭᠡᠨ ᠤ ᠵᠠᠷᠤᠳᠠᠯ ᠤᠨ ᠰᠠᠭᠤᠷᠢ ᠲᠤᠭ᠎ᠠ ᠪᠣᠯᠣᠨ ᠲᠦᠭᠡᠮᠡᠯ ᠬᠠᠷᠠᠭᠠᠯᠵᠠᠯᠲᠤ ᠠᠷᠠᠳ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠤᠨ ᠨᠥᠬᠦᠪᠥᠷᠢ ᠶᠢᠨ ᠪᠠᠷᠢᠮᠵᠢᠶ᠎ᠠ ᠶᠢ ᠲᠣᠭᠲᠠᠭᠠᠬᠤ ᠲᠤᠬᠠᠢ ᠮᠡᠳᠡᠭᠳᠡᠯ︾ ︵ᠳᠣᠷᠣᠭᠰᠢ ︽ᠮᠡᠳᠡᠭᠳᠡᠯ︾ ᠭᠡᠵᠦ ᠲᠣᠪᠴᠢᠯᠠᠨ᠎ᠠ︶᠎ ᠢ ᠨᠡᠶᠢᠲᠡᠯᠡᠪᠡ᠃ ᠬᠡᠷᠡᠭᠵᠢᠭᠦᠯᠬᠦ ᠬᠡᠪᠴᠢᠶ᠎ᠡ ᠳᠤ ᠪᠥᠬᠦ ᠣᠷᠣᠨ ᠤ ᠪᠣᠶ ᠪᠥᠬᠦᠶ ᠠᠯᠪᠠᠨ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ︵ᠪᠠᠭ᠎ᠠ ᠰᠤᠷᠭᠠᠭᠤᠯᠢ ᠶᠢᠨ ᠬᠠᠷᠢᠶᠠᠲᠤ ᠬᠡᠦᠬᠡᠳ ᠤᠨ ᠴᠡᠴᠡᠷᠯᠢᠭ ᠵᠢᠴᠢ ᠬᠡᠦᠬᠡᠳ ᠤᠨ ᠠᠩᠬᠢ ᠪᠠᠭᠲᠠᠨ᠎ᠠ︶ ᠵᠢᠴᠢ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠢᠶᠠᠷ ᠦᠨᠡᠮᠰᠢᠭᠦᠯᠦᠭᠰᠡᠨ ᠲᠦᠭᠡᠮᠡᠯ ᠬᠠᠷᠠᠭᠠᠯᠵᠠᠯᠲᠤ ᠠᠷᠠᠳ ᠠᠴᠠ ᠡᠷᠭᠢᠯᠡᠭᠰᠡᠨ ᠬᠡᠤᠬᠡᠳ ᠤᠨ ᠴᠡᠴᠡᠷᠯᠢᠭ ᠤᠳ ᠪᠠᠭᠲᠠᠨ᠎ᠠ᠃      ᠰᠠᠭᠤᠷᠢ ᠲᠤᠭ᠎ᠠ ᠵᠢᠴᠢ ᠨᠥᠬᠦᠪᠥᠷᠢ ᠶᠢᠨ ᠪᠠᠷᠢᠮᠵᠢᠶ᠎ᠠ ᠨᠢ ᠪᠣᠯ᠄ ᠠᠯᠪᠠᠨ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠤᠨ ᠰᠤᠷᠤᠭᠴᠢ ᠪᠦᠷᠢ ᠶᠢᠨ ᠨᠡᠶᠢᠲᠡ ᠶᠢᠨ ᠬᠡᠷᠡᠭᠯᠡᠭᠡᠨ ᠤ ᠵᠠᠷᠤᠳᠠᠯ ᠤᠨ ᠰᠠᠭᠤᠷᠢ ᠲᠤᠭ᠎ᠠ ᠶᠢ ᠵᠢᠯ ᠪᠦᠷᠢ 600 ᠲᠥᠭᠦᠷᠢᠭ ᠢᠶᠠᠷ ᠲᠣᠭᠲᠠᠭᠠᠵᠠᠢ᠂ ᠡᠭᠦᠨ ᠳᠤ ᠣᠨᠴᠠᠭᠠᠢ ᠰᠤᠷᠭᠠᠨ ᠬᠥᠮᠦᠵᠢᠯ ᠤᠨ ᠬᠡᠦᠬᠡᠳ ᠤᠨ ᠴᠡᠴᠡᠷᠯᠢᠭ ᠪᠣᠯᠣᠨ ᠠᠩᠭᠢ ᠳᠠᠭᠠᠵᠤ ᠰᠤᠷᠤᠯᠴᠠᠬᠤ ᠵᠡᠮᠳᠡᠭ ᠬᠡᠤᠬᠡᠳ ᠤᠨ ᠨᠡᠶᠢᠲᠡ ᠶᠢᠨ ᠬᠡᠷᠡᠭᠯᠡᠭᠡᠨ ᠤ ᠵᠠᠷᠤᠳᠠᠯ ᠤᠨ ᠰᠠᠭᠤᠷᠢ ᠲᠤᠭ᠎ᠠ ᠶᠢ 6000 ᠲᠥᠭᠦᠷᠢᠭ ᠢᠶᠠᠷ ᠲᠣᠭᠲᠠᠭᠠᠪᠠ᠃ ᠲᠦᠭᠡᠮᠡᠯ ᠬᠠᠷᠠᠭᠠᠯᠵᠠᠯᠲᠤ ᠠᠷᠠᠳ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠤᠨ ᠨᠥᠬᠦᠪᠥᠷᠢ ᠶᠢᠨ ᠪᠠᠷᠢᠮᠵᠢᠶ᠎ᠠ ᠨᠢ ᠪᠣᠯ ᠰᠤᠷᠤᠭᠴᠢ ᠪᠦᠷᠢ ᠵᠢᠯ ᠳᠤ 120 ᠲᠥᠭᠦᠷᠢᠭ ᠪᠣᠯᠤᠨ᠎ᠠ᠃ ᠡᠯ᠎ᠡ ᠭᠠᠵᠠᠷ ᠣᠷᠣᠨ ᠤ ᠤᠳᠤ ᠶᠢᠨ ᠬᠡᠷᠡᠭᠵᠢᠭᠦᠯᠵᠦ ᠪᠠᠶᠢᠭ᠎ᠠ ᠠᠯᠪᠠᠨ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠤᠨ ᠨᠡᠶᠢᠲᠡ ᠶᠢᠨ ᠬᠡᠷᠡᠭᠯᠡᠭᠡᠨ ᠤ ᠵᠠᠷᠤᠳᠠᠯ ᠪᠣᠯᠣᠨ ᠲᠦᠭᠡᠮᠡᠯ ᠬᠠᠷᠠᠭᠠᠯᠵᠠᠯ ᠤᠨ ᠴᠢᠨᠠᠷᠲᠠᠶ ᠠᠷᠠᠳ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠤᠨ ᠨᠥᠬᠦᠪᠥᠷᠢ ᠶᠢᠨ ᠵᠠᠷᠤᠳᠠᠯ ᠰᠤᠷᠤᠭᠴᠢ ᠪᠦᠷᠢ ᠶᠢᠨ ᠰᠠᠭᠤᠷᠢ ᠲᠤᠭ᠎ᠠ ᠪᠣᠯᠤᠨ ᠨᠥᠬᠦᠪᠥᠷᠢ ᠶᠢᠨ ᠪᠠᠷᠢᠮᠵᠢᠶ᠎ᠠ ᠠᠴᠠ ᠥᠨᠳᠥᠷ ᠪᠠᠶᠢᠪᠠᠯ᠂ ᠬᠢᠷᠢ ᠲᠦᠪᠰᠢᠨ ᠢ ᠪᠠᠭᠤᠷᠠᠭᠤᠯᠬᠤ ᠥᠬᠡᠶ ᠪᠠᠶᠢᠬᠤ ᠶᠢ ᠦᠨᠡᠨ ᠬᠦ ᠪᠠᠲᠤᠯᠠᠬᠤ ᠶᠢᠨ ᠬᠠᠮᠲᠤ ᠡᠯ᠎ᠡ ᠭᠠᠵᠠᠷ ᠣᠷᠣᠨ ᠨᠤᠭᠤᠳ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ ᠵᠣᠭᠤᠰ ᠰᠠᠯᠭᠠᠨ ᠥᠭᠬᠦ ᠪᠠᠷᠢᠮᠵᠢᠶ᠎ᠠ ᠪᠠᠨ ᠳᠡᠭᠡᠭᠰᠢᠯᠡᠭᠦᠯᠬᠦ ᠶᠢ ᠵᠣᠷᠢᠭᠵᠢᠭᠤᠯᠤᠨ᠎ᠠ᠃      ᠠᠯᠪᠠᠨ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠤᠨ ᠰᠤᠷᠤᠭᠴᠢ ᠪᠦᠷᠢ ᠶᠢᠨ ᠨᠡᠶᠢᠲᠡ ᠶᠢᠨ ᠬᠡᠷᠡᠭᠯᠡᠭᠡᠨ ᠤ ᠵᠠᠷᠤᠳᠠᠯ ᠤᠨ ᠰᠠᠭᠤᠷᠢ ᠲᠤᠭ᠎ᠠ ᠪᠣᠯᠣᠨ ᠲᠦᠭᠡᠮᠡᠯ ᠬᠠᠷᠠᠭᠠᠯᠵᠠᠯᠲᠤ ᠠᠷᠠᠳ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠤᠨ ᠨᠥᠬᠦᠪᠥᠷᠢ ᠮᠥᠩᠭᠦ ᠶᠢ ᠬᠤᠪᠢᠶᠠᠨ ᠡᠭᠦᠷᠭᠡᠯᠡᠬᠦ ᠬᠠᠷᠢᠴᠠᠯ ᠢᠶᠠᠷ ᠡᠯ᠎ᠡ ᠱᠠᠲᠤᠨ ᠤ ᠡᠳ᠋ ᠤᠨ ᠵᠠᠰᠠᠭ ᠣᠨ ᠤ ᠲᠥᠰᠦᠪ ᠲᠤ ᠪᠠᠨ ᠲᠤᠭ᠎ᠠ ᠶᠣᠰᠤᠭᠠᠷ ᠨᠢ ᠣᠷᠤᠭᠤᠯᠬᠤ ᠶᠢ ᠪᠠᠲᠤᠯᠠᠵᠤ᠂ ᠥᠪᠡᠷᠲᠡᠭᠡᠨ ᠵᠠᠰᠠᠬᠤ ᠣᠷᠣᠨ ᠤ ᠲᠤᠰ ᠱᠠᠳᠤ ᠪᠣᠯᠤᠨ ᠡᠯ᠎ᠡ ᠠᠶᠢᠮᠠᠭ ᠬᠤᠳᠠ ᠨᠤᠭᠤᠳ 3᠄ 7᠂ 5᠄ 5᠂ 7᠄ 3᠎ ᠶᠢᠨ ᠬᠠᠷᠢᠴᠠᠯ ᠢᠶᠠᠷ ᠡᠭᠦᠷᠭᠡᠯᠡᠨ᠎ᠡ᠂ ᠪᠣᠳᠠᠲᠠᠶ ᠬᠤᠪᠢᠶᠠᠷᠢᠯᠠᠬᠤ ᠠᠶᠢᠮᠠᠭ ᠬᠤᠲᠠ ᠶᠢᠨ ᠬᠤᠪᠢᠶᠠᠨ ᠡᠭᠦᠷᠭᠡᠯᠡᠬᠦ ᠬᠠᠷᠢᠴᠠᠯ ᠢ ᠣᠨ ᠤ ᠬᠥᠮᠦᠨ ᠳᠤᠮᠳᠠᠴᠢ ᠶᠢᠨ ᠡᠳ᠋ ᠤᠨ ᠬᠦᠴᠦᠨ ᠤ ᠪᠠᠶᠢᠳᠠᠯ ᠢᠶᠠᠷ ᠲᠣᠭᠲᠠᠭᠠᠬᠤ ᠪᠥᠭᠡᠳ ᠲᠣᠬᠢᠷᠠᠮᠵᠢᠲᠠᠢ ᠦᠶ᠎ᠡ ᠳᠤ ᠨᠢ ᠵᠣᠬᠢᠴᠠᠭᠤᠯᠤᠨ ᠲᠣᠬᠢᠷᠠᠭᠤᠯᠤᠨ᠎ᠠ᠃ ᠡᠯ᠎ᠡ ᠠᠶᠢᠮᠠᠭ ᠬᠤᠳᠠ ᠬᠢᠭᠡᠳ ᠬᠠᠷᠢᠶ᠎ᠠ ᠪᠦᠬᠦᠢ ᠬᠤᠰᠢᠭᠤ ᠰᠢᠶᠠᠨ ︵ᠬᠤᠳᠠ᠂ ᠲᠣᠭᠤᠷᠢᠭ︶᠎ ᠤ ᠪᠡᠯᠡ ᠮᠥᠩᠭᠦ ᠬᠤᠪᠢᠶᠠᠨ ᠡᠭᠦᠷᠭᠡᠯᠡᠬᠦ ᠬᠠᠷᠢᠴᠠᠯ ᠢ ᠠᠶᠢᠮᠠᠭ ᠬᠤᠲᠠ ᠨᠤᠭᠤᠳ ᠥᠪᠡᠰᠦᠪᠡᠨ ᠲᠣᠭᠲᠠᠭᠠᠨ᠎ᠠ᠃      ᠠᠯᠪᠠᠨ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠤᠨ ᠰᠤᠷᠤᠭᠴᠢ ᠪᠦᠷᠢ ᠶᠢᠨ ᠨᠡᠶᠢᠲᠡ ᠶᠢᠨ ᠬᠡᠷᠡᠭᠯᠡᠭᠡᠨ ᠤ ᠵᠠᠷᠤᠳᠠᠯ ᠤᠨ ᠰᠠᠭᠤᠷᠢ ᠲᠤᠭ᠎ᠠ ᠪᠣᠯᠣᠨ ᠲᠦᠭᠡᠮᠡᠯ ᠬᠠᠷᠠᠭᠠᠯᠵᠠᠯᠲᠤ ᠠᠷᠠᠳ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠤᠨ ᠨᠥᠬᠦᠪᠥᠷᠢ ᠮᠥᠩᠭᠦ ᠶᠢ ᠭᠤᠣᠯᠳᠠᠭᠤ ᠬᠡᠦᠬᠡᠳ ᠤᠨ ᠴᠡᠴᠡᠷᠯᠢᠭ ᠤᠨ ᠡᠳᠦᠷ ᠳᠤᠳᠤᠮ ᠤᠨ ᠠᠵᠢᠯᠯᠠᠭᠠᠨ ᠤ ᠬᠡᠷᠡᠭᠴᠡᠭᠡᠨ ᠳᠤ ᠵᠠᠷᠤᠴᠠᠭᠤᠯᠤᠨ᠎ᠠ᠂ ᠪᠣᠳᠠᠲᠠᠶ ᠵᠠᠷᠤᠯᠭ᠎ᠠ ᠶᠢᠨ ᠬᠡᠪᠴᠢᠶᠡᠨ ᠳᠤ ᠵᠢᠭᠠᠨ ᠰᠤᠷᠭᠠᠬᠤ ᠲᠤᠬᠠᠢᠯᠠᠭᠰᠠᠨ ᠠᠵᠢᠯ ᠬᠢᠭᠡᠳ ᠬᠠᠮᠢᠶᠠᠷᠤᠯᠲᠠ᠂ ᠪᠠᠭᠰᠢ ᠶᠢᠨ ᠪᠣᠯᠪᠠᠰᠤᠷᠠᠭᠤᠯᠤᠯ᠂ ᠤᠳᠬ᠎ᠠ ᠤᠷᠠᠯᠢᠭ ᠪᠡᠶ᠎ᠡ ᠶᠢᠨ ᠲᠠᠮᠢᠷ ᠤᠨ ᠠᠵᠢᠯᠯᠠᠭ᠎ᠠ᠂ ᠠᠯᠪᠠᠨ ᠠᠵᠢᠯ᠂ ᠤᠰᠤ ᠴᠠᠬᠢᠯᠭᠠᠨ᠂ ᠳᠤᠯᠠᠭᠠᠯᠠᠭ᠎ᠠ᠂ ᠵᠠᠮ ᠬᠠᠷᠢᠯᠴᠠᠭᠠᠨ ᠤ ᠠᠯᠪᠠᠨ ᠵᠠᠷᠤᠳᠠᠯ᠂ ᠰᠢᠦᠳᠠᠨ ᠬᠤᠯᠪᠣᠭ᠎ᠠ ᠵᠡᠷᠭᠡ ᠵᠠᠷᠤᠳᠠᠯ︔᡽ᠴᠡᠴᠡᠷᠯᠢᠭ ᠤᠨ ᠬᠡᠷ ᠪᠠᠶᠢᠰᠢᠩ ᠲᠦᠷᠢᠶᠡᠰᠦᠯᠡᠬᠦ ᠵᠢᠴᠢ ᠬᠠᠮᠠᠭᠠᠯᠠᠬᠤ ᠰᠡᠯᠪᠢᠨ ᠵᠠᠰᠠᠬᠤ︔ ᠪᠠᠭᠠᠵᠢ ᠲᠥᠬᠦᠭᠡᠷᠦᠮᠵᠢ᠂ ᠨᠣᠮ ᠪᠢᠴᠢᠭ ᠮᠠᠲ᠋ᠧᠷᠢᠶᠠᠯ ᠪᠣᠯᠣᠨ ᠨᠠᠭᠠᠳᠤᠮ ᠲᠣᠭᠯᠠᠭᠠᠮ᠂ ᠵᠢᠭᠠᠨ ᠰᠤᠷᠭᠠᠯᠲᠠ ᠶᠢᠨ ᠬᠡᠷᠡᠭᠰᠡᠯ ᠬᠤᠳᠠᠯᠳᠤᠨ ᠠᠪᠬᠤ ᠵᠠᠷᠤᠳᠠᠯ ᠵᠢᠴᠢ ᠪᠤᠰᠤᠳ ᠡᠯ᠎ᠡ ᠵᠦᠢᠯ ᠤᠨ ᠡᠳᠦᠷ ᠳᠣᠲᠣᠮ ᠤᠨ ᠴᠢᠨᠠᠷᠲᠠᠶ ᠵᠠᠷᠤᠯᠭ᠎ᠠ ᠶᠢ ᠪᠠᠭᠲᠠᠭᠠᠨ᠎ᠠ᠃ ᠠᠵᠢᠯᠲᠠᠨ ᠤ ᠵᠠᠷᠤᠳᠠᠯ᠂ ᠦᠨᠳᠦᠰᠦᠨ ᠪᠦᠳᠦᠭᠡᠠ ᠪᠠᠶᠢᠭᠤᠯᠤᠯᠲᠠ᠂ ᠭᠠᠳᠠᠭᠠᠳᠤ ᠪᠡᠯᠡ ᠣᠷᠣᠭᠤᠯᠤᠯᠲᠠ᠂ ᠥᠷᠢ ᠲᠥᠯᠥᠬᠦ᠂ ᠪᠡᠯᠡᠭᠯᠡᠨ ᠬᠦᠷᠭᠡᠬᠦ ᠰᠠᠶᠢᠰᠢᠶᠠᠨ ᠳᠡᠮᠵᠢᠬᠦ ᠵᠡᠷᠭᠡ ᠪᠤᠰᠤᠳ ᠵᠠᠷᠤᠳᠠᠯ ᠳᠤ ᠬᠡᠷᠡᠭᠯᠡᠵᠦ ᠪᠣᠯᠬᠤ ᠥᠬᠡᠶ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号