ᠥᠪᠥᠷ ᠵᠠᠰᠠᠭ ᠲᠠᠷᠬᠠᠭᠠᠭᠰᠠᠨ ﹇2018﹈ 23 ᠳ᠋ᠤᠭᠠᠷ ᠲᠤᠭᠠᠳᠤ | 2018 ᠣᠨ ᠤ 6 ᠳ᠋ᠤᠭᠠᠷ ᠰᠠᠷ᠎ᠠ ᠶᠢᠨ 15 ᠤ ᠡᠳᠦᠷ | | | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ | ᠡᠯ᠎ᠡ ᠵᠦᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠤ ᠠᠵᠤ ᠠᠬᠤᠶᠢᠯᠠᠯ᠂ ᠠᠵᠢᠯ ᠦᠢᠯᠡᠰ ᠤᠨ | ᠨᠢᠭᠡᠴᠢ ᠳᠤ᠄ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ | ᠡᠬᠢ ᠪᠠᠶᠠᠯᠢᠭ ᠢ ᠬᠠᠮᠲᠤ ᠳᠤ ᠪᠠᠨ ᠬᠦᠷᠲᠡᠬᠦ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ᠶᠢ ᠡᠳᠦᠭᠡ | ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠢ ᠲᠤᠭᠤᠰᠢᠯᠠᠭᠤᠯᠤᠨ ᠬᠡᠷᠡᠭᠵᠢᠭᠦᠯᠳᠦᠭᠡᠢ᠃ | | | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ | ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤ ᠳᠤ ᠪᠠᠨ | ᠬᠦᠷᠲᠡᠬᠦ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ | | | ᠨᠢᠭᠡᠳᠦᠭᠡᠷ ᠪᠦᠯᠦᠭ ᠶᠡᠷᠦᠩᠬᠡᠢ ᠳᠦᠷᠢᠮ | | | ᠨᠢᠭᠡᠳᠦᠭᠡᠷ ᠵᠦᠢᠯ ᠪᠦᠬᠦ ᠣᠷᠣᠨ ᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ | ᠬᠠᠮᠳᠤ ᠳᠤ ᠪᠠᠨ ᠬᠦᠷᠲᠡᠬᠦ ᠶᠢ ᠵᠢᠷᠤᠮᠵᠢᠭᠤᠯᠤᠨ ᠠᠬᠢᠭᠤᠯᠵᠤ᠂ ᠪᠦᠬᠦ ᠣᠷᠣᠨ ᠤ ᠵᠠᠰᠠᠭ ᠤᠨ ᠶᠠᠪᠤᠳᠠᠯ ᠤᠨ ᠮᠡᠳᠡᠭᠡ | ᠵᠠᠩᠭᠢ ᠶᠢᠨ ᠡᠬᠢ ᠪᠠᠶᠠᠯᠢᠭ ᠢ ᠰᠢᠯᠢᠳᠡᠭᠵᠢᠭᠦᠯᠦᠨ ᠲᠣᠬᠢᠷᠠᠭᠤᠯᠬᠤ ᠪᠠ ᠪᠦᠲᠦᠮᠵᠢᠲᠡᠢ ᠠᠰᠢᠭᠯᠠᠬᠤ ᠶᠢ ᠲᠦᠷᠭᠡᠨ | ᠠᠬᠢᠭᠤᠯᠤᠨ᠂ ᠰᠠᠯᠠᠭ᠎ᠠ ᠮᠦᠴᠢᠷ ᠤᠨ ᠲᠤᠬᠠᠶᠢᠯᠠᠭᠰᠠᠨ ᠠᠵᠢᠯ ᠤᠨ ᠬᠠᠮᠵᠢᠯᠴᠠᠭ᠎ᠠ ᠶᠢ ᠪᠡᠶᠡᠯᠡᠭᠦᠯᠵᠦ᠂ ᠳᠠᠬᠢᠨ | ᠳᠠᠪᠲᠠᠨ ᠪᠠᠶᠢᠭᠤᠯᠬᠤ ᠠᠴᠠ ᠵᠠᠶᠢᠯᠠᠰᠬᠢᠨ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ᠬᠢᠷᠢ ᠲᠦᠪᠰᠢᠨ ᠪᠠ ᠵᠠᠰᠠᠭ | ᠵᠠᠬᠢᠷᠭᠠᠨ ᠤ ᠦᠢᠯᠡᠳᠦᠯ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ᠂ ᠡᠭᠦᠷᠭᠡ ᠴᠢᠳᠠᠪᠤᠷᠢ ᠪᠠᠨ ᠬᠤᠪᠢᠷᠠᠭᠤᠯᠬᠤ᠂ ᠬᠠᠮᠢᠶᠠᠷᠤᠯᠲᠠ ᠳᠤ ᠰᠢᠨ᠎ᠡ ᠶᠢ ᠡᠭᠦᠳᠬᠦ | ᠠᠵᠢᠯ ᠳᠠᠬᠢ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤ ᠳᠤ ᠪᠠᠨ ᠬᠦᠷᠲᠡᠬᠦ ᠶᠢᠨ | ᠴᠢᠬᠤᠯᠠ ᠦᠢᠯᠡᠳᠦᠯ ᠢ ᠨᠢ ᠭᠦᠢᠴᠡᠳ ᠪᠠᠳᠠᠷᠠᠭᠤᠯᠬᠤ ᠶᠢᠨ ᠲᠤᠰᠠᠳᠠ᠂ ᠨᠠᠮ ᠤᠨ ᠠᠷᠪᠠ ᠶᠢᠰᠦᠳᠦᠭᠡᠷ ᠶᠡᠭᠡ | ᠬᠤᠷᠠᠯ ᠤᠨ ᠵᠣᠷᠢᠭ ᠰᠠᠨᠠᠭ᠎ᠠ ᠪᠠ ︽ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ | ᠬᠠᠮᠲᠤ ᠳᠤ ᠪᠠᠨ ᠬᠦᠷᠲᠡᠬᠦ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ ᠶᠢ ᠳᠠᠷᠤᠮᠠᠯᠯᠠᠨ ᠶᠠᠪᠤᠭᠤᠯᠬᠤ ᠲᠤᠬᠠᠢ | ᠲᠥᠷᠥ ᠶᠢᠨ ᠶᠠᠪᠤᠳᠠᠯ ᠤᠨ ᠬᠤᠷᠢᠶ᠎ᠠ ᠶᠢᠨ ᠮᠡᠳᠡᠭᠳᠡᠯ︾ ︵ᠲᠥᠷᠥ ᠲᠠᠷᠬᠠᠭᠠᠭᠰᠠᠨ ﹇2016﹈ 51 ᠳ᠋ᠤᠭᠡᠷ | ᠲᠣᠭᠠᠲᠤ︶ ᠤᠨ ᠱᠠᠭᠠᠷᠳᠠᠯᠭ᠎ᠠ ᠶᠣᠰᠤᠭᠠᠷ᠂ ᠮᠠᠨ ᠤ ᠣᠷᠣᠨ ᠤ ᠪᠣᠳᠠᠲᠠᠢ ᠲᠠᠢ ᠪᠠᠨ ᠤᠶᠠᠯᠳᠤᠭᠤᠯᠤᠨ᠂ ᠲᠤᠰ | ᠠᠷᠭ᠎ᠠ ᠶᠢ ᠲᠣᠭᠲᠠᠭᠠᠪᠠ᠃ | ᠬᠤᠶᠠᠳᠤᠭᠠᠷ ᠵᠦᠢᠯ ᠲᠣᠰ ᠠᠷᠭ᠎ᠠ ᠳᠤ ᠬᠡᠯᠡᠵᠦ ᠪᠠᠶᠢᠭ᠎ᠠ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ | ᠡᠬᠢ ᠪᠠᠶᠠᠯᠢᠭ ᠭᠡᠳᠡᠭ ᠪᠣᠯ ᠵᠠᠰᠠᠭ ᠤᠨ ᠶᠠᠪᠤᠳᠠᠯ ᠤᠨ ᠰᠠᠯᠠᠭ᠎ᠠ ᠮᠦᠴᠢᠷ ᠤᠳ ᠬᠠᠤᠯᠢ ᠶᠣᠰᠤᠭᠠᠷ ᠡᠭᠦᠷᠭᠡ | ᠬᠠᠷᠢᠭᠤᠴᠠᠯᠭ᠎ᠠ ᠪᠠᠨ ᠭᠦᠢᠴᠡᠳᠭᠡᠬᠦ ᠶᠠᠪᠤᠴᠠ ᠳᠤ ᠵᠣᠬᠢᠶᠠᠭᠰᠠᠨ ᠪᠣᠶᠤ ᠣᠯᠣᠭᠰᠠᠨ᠂ ᠵᠣᠬᠢᠬᠤ ᠬᠡᠯᠪᠡᠷᠢ ᠮᠠᠶ᠋ᠢᠭ ᠢᠶᠠᠷ | ᠲᠡᠮᠳᠡᠭᠯᠡᠵᠦ᠂ ᠬᠠᠳᠠᠭᠠᠯᠠᠭᠰᠠᠨ ᠪᠢᠴᠢᠭ ᠮᠠᠲ᠋ᠧᠷᠢᠶᠠᠯ᠂ ᠮᠠᠲ᠋ᠧᠷᠢᠶᠠᠯ᠂ ᠵᠢᠷᠤᠭ ᠬᠦᠰᠦᠨᠦᠭ ᠪᠠ ᠳ᠋ᠠᠶᠢᠲ᠋ᠠ ᠵᠡᠷᠭᠡ ᠡᠯ᠎ᠡ | ᠲᠥᠷᠥᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠵᠢᠭᠠᠵᠤ ᠪᠣᠢ᠂ ᠡᠭᠦᠨ ᠳᠤ ᠵᠠᠰᠠᠭ ᠤᠨ ᠶᠠᠪᠤᠳᠠᠯ ᠤᠨ ᠰᠠᠯᠠᠭ᠎ᠠ | ᠮᠦᠴᠢᠷ ᠤᠨ ᠰᠢᠭᠤᠳ ᠪᠣᠶᠤ ᠭᠤᠷᠪᠠᠳᠤᠭᠠᠷ ᠡᠲᠡᠭᠡᠳ ᠢᠶᠠᠷ ᠳᠠᠮᠵᠢᠨ ᠬᠠᠤᠯᠢ ᠶᠣᠰᠤᠭᠠᠷ ᠴᠤᠭᠯᠠᠭᠤᠯᠤᠭᠰᠠᠨ᠂ | ᠬᠠᠤᠯᠢ ᠶᠣᠰᠤᠭᠠᠷ ᠡᠷᠬᠡ ᠣᠯᠭᠤᠨ ᠬᠠᠮᠢᠶᠠᠷᠤᠭᠰᠠᠨ ᠪᠠ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ | ᠬᠡᠷᠡᠭᠴᠡᠭᠡ ᠪᠠᠷ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠰᠢᠰᠲ᠋ᠧᠮ ᠳᠤ ᠲᠦᠰᠢᠭᠯᠡᠵᠦ ᠪᠣᠢ ᠪᠣᠯᠣᠭᠰᠠᠨ | ᠮᠡᠳᠡᠭᠡ ᠵᠠᠩᠭᠢ ᠶᠢᠨ ᠡᠬᠢ ᠪᠠᠶᠠᠯᠢᠭ ᠵᠡᠷᠭᠡ ᠶᠢ ᠪᠠᠭᠲᠠᠭᠠᠨ᠎ᠠ᠃ | ᠲᠤᠰ ᠠᠷᠭ᠎ᠠ ᠳᠤ ᠬᠡᠯᠡᠵᠦ ᠪᠠᠶᠢᠭ᠎ᠠ ᠵᠠᠰᠠᠭ ᠤᠨ ᠶᠠᠪᠤᠳᠠᠯ ᠤᠨ ᠰᠠᠯᠠᠭ᠎ᠠ ᠮᠦᠴᠢᠷ ᠭᠡᠳᠡᠭ ᠪᠣᠯ ᠪᠦᠬᠦ | ᠣᠷᠣᠨ ᠤ ᠡᠯ᠎ᠡ ᠱᠠᠲᠤᠨ ᠤ ᠵᠠᠰᠠᠭ ᠤᠨ ᠣᠷᠳᠣᠨ ᠤ ᠰᠠᠯᠠᠭ᠎ᠠ ᠮᠦᠴᠢᠷ ᠪᠠ ᠬᠠᠤᠯᠢ ᠶᠣᠰᠤᠭᠠᠷ ᠵᠠᠰᠠᠭ ᠵᠠᠬᠢᠷᠭᠠᠨ ᠤ | ᠡᠭᠦᠷᠭᠡ ᠴᠢᠳᠠᠪᠤᠷᠢ ᠶᠢ ᠭᠦᠢᠴᠡᠳᠭᠡᠬᠦ ᠠᠵᠢᠯ ᠦᠢᠯᠡᠰ ᠤᠨ ᠨᠢᠭᠡᠴᠡ ᠪᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ | ᠵᠢᠭᠠᠵᠤ ᠪᠣᠢ᠃ | ᠭᠤᠷᠪᠠᠳᠤᠭᠠᠷ ᠵᠦᠢᠯ ᠲᠤᠰ ᠠᠷᠭ᠎ᠠ ᠨᠢ ᠪᠦᠬᠦ ᠣᠷᠣᠨ ᠤ ᠡᠯ᠎ᠡ ᠱᠠᠲᠤᠨ ᠤ ᠵᠠᠰᠠᠭ ᠤᠨ ᠶᠠᠪᠤᠳᠠᠯ ᠤᠨ | ᠰᠠᠯᠠᠭ᠎ᠠ ᠮᠦᠴᠢᠷ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤ ᠳᠤ ᠪᠠᠨ ᠬᠦᠷᠲᠡᠬᠦ ᠠᠵᠢᠯ ᠢ | ᠵᠢᠷᠤᠮᠵᠢᠭᠤᠯᠬᠤ ᠳᠤ ᠬᠡᠷᠡᠭᠯᠡᠭᠳᠡᠨ᠎ᠡ᠂ ᠡᠭᠦᠨ ᠳᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠬᠡᠷᠡᠭᠴᠡᠭᠡ ᠪᠠᠷ | ᠪᠣᠰᠣᠳ ᠵᠠᠰᠠᠭ ᠤᠨ ᠶᠠᠪᠤᠳᠠᠯ ᠤᠨ ᠰᠠᠯᠠᠭ᠎ᠠ ᠮᠦᠴᠢᠷ ᠤᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ | ᠪᠠᠶᠠᠯᠢᠭ ᠢ ᠬᠡᠷᠡᠭᠯᠡᠬᠦ ᠪᠠ ᠪᠣᠰᠣᠳ ᠵᠠᠰᠠᠭ ᠤᠨ ᠶᠠᠪᠤᠳᠠᠯ ᠤᠨ ᠰᠠᠯᠠᠭ᠎ᠠ ᠮᠦᠴᠢᠷ ᠲᠤ ᠵᠠᠰᠠᠭ ᠤᠨ ᠶᠠᠪᠤᠳᠠᠯ ᠤᠨ | ᠮᠡᠳᠡᠭᠡ ᠵᠠᠩᠭᠢ ᠶᠢᠨ ᠡᠬᠢ ᠪᠠᠶᠠᠯᠢᠭ ᠬᠠᠩᠭᠠᠵᠤ ᠥᠭᠬᠦ ᠠᠵᠢᠯᠯᠠᠭ᠎ᠠ ᠨᠤᠭᠤᠳ ᠢ ᠪᠠᠭᠲᠠᠭᠠᠨ᠎ᠠ᠃ | ᠳᠥᠷᠪᠡᠳᠦᠭᠡᠷ ᠵᠦᠢᠯ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤ ᠳᠤ ᠪᠠᠨ | ᠬᠦᠷᠲᠡᠬᠦ ᠳᠤ ᠳᠤᠤᠷᠠᠬᠢ ᠵᠠᠷᠴᠢᠮ ᠢ ᠵᠢᠷᠤᠮᠯᠠᠬᠤ ᠬᠡᠷᠡᠭᠲᠡᠢ᠄ | ︵ᠨᠢᠭᠡ︶ ᠬᠠᠮᠲᠤ ᠳᠤ ᠪᠠᠨ ᠬᠦᠷᠲᠡᠬᠦ ᠪᠠᠷ ᠵᠠᠷᠴᠢᠮ ᠪᠣᠯᠭᠠᠨ᠂ ᠬᠠᠮᠲᠤ ᠳᠤ ᠪᠠᠨ ᠥᠯᠥ ᠬᠦᠷᠲᠡᠬᠦ ᠶᠢ | ᠣᠨᠴᠣᠭᠤᠢ ᠪᠠᠶᠢᠳᠠᠯ ᠢᠶᠠᠷ ᠦᠵᠡᠨ᠎ᠡ᠃ ᠵᠠᠰᠠᠭ ᠤᠨ ᠶᠠᠪᠤᠳᠠᠯ ᠤᠨ ᠰᠠᠯᠠᠭ᠎ᠠ ᠮᠦᠴᠢᠷ ᠤᠨ ᠪᠣᠢ ᠪᠣᠯᠣᠭᠰᠠᠨ | ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠵᠠᠷᠴᠢᠮ ᠤᠨ ᠲᠠᠯ᠎ᠠ ᠪᠠᠷ ᠬᠠᠮᠲᠤ ᠳᠤ ᠪᠠᠨ | ᠬᠦᠷᠲᠡᠨ᠎ᠡ᠂ ᠤᠯᠤᠰ ᠤᠨ ᠨᠢᠭᠤᠴᠠ ᠪᠠ ᠠᠮᠤᠷ ᠲᠦᠪᠰᠢᠨ ᠳᠤ ᠬᠤᠯᠪᠣᠭᠳᠠᠭᠰᠠᠨ ᠪᠠᠶᠢᠪᠠᠯ᠂ ᠬᠠᠮᠢᠶ᠎ᠠ ᠪᠦᠬᠦᠢ | ᠬᠠᠤᠯᠢ ᠴᠠᠭᠠᠵᠠ ᠬᠠᠤᠯᠢ ᠲᠣᠭᠲᠠᠭᠠᠯ ᠶᠣᠰᠤᠭᠠᠷ ᠬᠡᠷᠡᠭᠵᠢᠭᠦᠯᠦᠨ᠎ᠡ᠃ | ︵ᠬᠤᠶᠠᠷ︶ ᠬᠡᠷᠡᠭᠴᠡᠭᠡ ᠪᠠᠷ ᠤᠳᠤᠷᠢᠳᠤᠮᠵᠢ ᠪᠣᠯᠭᠠᠨ᠂ ᠦᠨ᠎ᠡ ᠲᠥᠯᠥᠪᠦᠷᠢ ᠦᠭᠡᠢ ᠪᠠᠷ ᠬᠠᠮᠲᠤ ᠳᠤ ᠪᠠᠨ | ᠬᠦᠷᠲᠡᠬᠦ ᠪᠣᠯᠭᠠᠨ᠎ᠠ᠃ ᠪᠣᠰᠣᠳ ᠰᠠᠯᠠᠭ᠎ᠠ ᠮᠦᠴᠢᠷ ᠤᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠬᠡᠷᠡᠭᠯᠡᠬᠦ | ᠰᠠᠯᠠᠭ᠎ᠠ ᠮᠦᠴᠢᠷ ︵ᠳᠤᠷᠤᠭᠰᠢ ᠬᠡᠷᠡᠭᠯᠡᠬᠦ ᠰᠠᠯᠠᠭ᠎ᠠ ᠮᠦᠴᠢᠷ ᠭᠡᠵᠦ ᠲᠣᠪᠴᠢᠯᠠᠨ᠎ᠠ︶ ᠨᠢ ᠡᠭᠦᠷᠭᠡ | ᠬᠠᠷᠢᠭᠤᠴᠠᠯᠭ᠎ᠠ ᠪᠠᠨ ᠭᠦᠢᠴᠡᠳᠭᠡᠬᠦ ᠬᠡᠷᠡᠭᠴᠡᠭᠡ ᠶᠣᠰᠤᠭᠠᠷ ᠬᠠᠮᠲᠤ ᠳᠤ ᠪᠠᠨ ᠬᠦᠷᠲᠡᠬᠦ ᠬᠡᠷᠡᠭᠴᠡᠭᠡ ᠱᠠᠭᠠᠷᠳᠠᠯᠭ᠎ᠠ | ᠳᠤᠷᠠᠳᠤᠨ ᠭᠠᠷᠭᠠᠵᠤ᠂ ᠬᠠᠮᠲᠤ ᠳᠤ ᠪᠠᠨ ᠬᠦᠷᠲᠡᠬᠦ ᠮᠡᠳᠡᠭᠡ ᠵᠠᠩᠭᠢ ᠬᠠᠩᠭᠠᠭᠰᠠᠨ ᠰᠠᠯᠠᠭ᠎ᠠ ᠮᠦᠴᠢᠷ ︵ᠳᠤᠷᠤᠭᠰᠢ | ᠬᠠᠩᠭᠠᠬᠤ ᠰᠠᠯᠠᠭ᠎ᠠ ᠮᠦᠴᠢᠷ ᠭᠡᠵᠦ ᠲᠣᠪᠴᠢᠯᠠᠨ᠎ᠠ︶ ᠨᠢ ᠬᠡᠷᠡᠭᠯᠡᠬᠦ ᠰᠠᠯᠠᠭ᠎ᠠ ᠮᠦᠴᠢᠷ ᠤᠨ ᠬᠠᠮᠲᠤ ᠳᠤ ᠪᠠᠨ ᠬᠦᠷᠲᠡᠬᠦ | ᠬᠡᠷᠡᠭᠴᠡᠭᠡ ᠱᠠᠭᠠᠷᠳᠠᠯᠭ᠎ᠠ ᠶᠢ ᠳᠠᠷᠦ᠋ᠢᠬᠠᠨ ᠳᠠᠭᠠᠬᠤ ᠶᠢᠨ ᠬᠠᠮᠲᠤ ᠦᠨ᠎ᠡ ᠲᠥᠯᠥᠪᠦᠷᠢ ᠦᠭᠡᠢ ᠪᠠᠷ ᠬᠠᠮᠲᠤ ᠳᠤ ᠪᠠᠨ | ᠬᠦᠷᠲᠡᠬᠦ ᠦᠢᠯᠡᠴᠢᠯᠡᠭᠡ ᠬᠠᠩᠭᠠᠬᠤ ᠬᠡᠷᠡᠭᠲᠡᠢ᠂ ᠬᠠᠤᠯᠢ ᠴᠠᠭᠠᠵᠠ ᠬᠠᠤᠯᠢ ᠲᠣᠭᠲᠠᠭᠠᠯ ᠪᠠ ᠳᠥᠷᠢᠮ ᠲᠣᠭᠲᠠᠭᠠᠯ ᠳᠤ | ᠠᠰᠳᠠᠭᠠᠨ ᠲᠣᠭᠲᠠᠭᠠᠯ ᠲᠠᠢ ᠪᠠᠶᠢᠪᠠᠯ ᠡᠭᠦᠨ ᠳᠤ ᠪᠠᠭᠲᠠᠭᠠᠬᠤ ᠦᠭᠡᠢ᠃ | ︵ᠭᠤᠷᠪᠠ︶ ᠬᠠᠮᠢᠶᠠᠷᠤᠯᠲᠠ ᠪᠠᠨ ᠵᠢᠷᠤᠮᠵᠢᠭᠤᠯᠤᠨ᠂ ᠪᠠᠷᠢᠮᠵᠢᠶ᠎ᠠ ᠪᠠᠨ ᠨᠢᠭᠡᠳᠦᠯᠲᠡᠢ ᠪᠣᠯᠭᠠᠨ᠎ᠠ᠃ ᠬᠠᠮᠢᠶ᠎ᠠ | ᠪᠦᠬᠦᠢ ᠪᠠᠷᠢᠮᠵᠢᠶ᠎ᠠ ᠶᠢᠨ ᠵᠢᠷᠤᠮᠵᠢᠯ ᠶᠣᠰᠤᠭᠠᠷ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ | ᠴᠤᠭᠯᠠᠭᠤᠯᠬᠤ᠂ ᠬᠠᠳᠠᠭᠠᠯᠠᠬᠤ᠂ ᠰᠣᠯᠢᠯᠴᠠᠬᠤ ᠪᠠ ᠬᠠᠮᠲᠤ ᠳᠤ ᠪᠠᠨ ᠬᠦᠷᠲᠡᠬᠦ ᠠᠵᠢᠯ ᠢ ᠬᠢᠵᠦ᠂ ︽ᠨᠢᠭᠡ | ᠳ᠋ᠠᠶᠢᠲ᠋ᠠ ᠳᠤ ᠨᠢᠭᠡ ᠯᠡ ᠢᠷᠡᠯᠲᠡ ᠲᠠᠢ ᠪᠠᠶᠢᠯᠭᠠᠬᠤ︾᠂ ᠣᠯᠠᠨ ᠡᠰᠢᠵᠢᠯ ᠲᠠᠢ ᠪᠠᠷ ᠬᠠᠷᠭᠤᠭᠤᠯᠤᠨ ᠬᠢᠨᠠᠬᠤ᠂ | ᠬᠦᠳᠡᠯᠦᠩᠭᠦᠢ ᠪᠠᠶᠢᠳᠠᠯ ᠢᠶᠠᠷ ᠰᠢᠨᠡᠳᠭᠡᠬᠦ ᠶᠢ ᠪᠠᠷᠢᠮᠲᠠᠯᠠᠨ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ | ᠪᠠᠶᠠᠯᠢᠭ ᠤᠨ ᠭᠠᠷᠴᠠᠭ ᠤᠨ ᠰᠢᠰᠲ᠋ᠧᠮᠵᠢ ᠪᠠ ᠬᠠᠮᠲᠤ ᠳᠤ ᠪᠠᠨ ᠬᠦᠷᠲᠡᠵᠦ ᠰᠣᠯᠢᠯᠴᠠᠬᠤ ᠰᠢᠰᠲ᠋ᠧᠮᠵᠢ ᠶᠢ ᠨᠢᠭᠡᠳᠦᠯᠲᠡᠢ | ᠲᠥᠯᠥᠪᠵᠢᠭᠦᠯᠦᠨ ᠪᠠᠶᠢᠭᠤᠯᠬᠤ ᠬᠡᠷᠡᠭᠲᠡᠢ᠃ | ︵ᠳᠥᠷᠪᠡ︶ ᠲᠣᠭᠲᠠᠴᠠ ᠪᠠᠶᠢᠭᠤᠯᠤᠨ᠂ ᠠᠮᠤᠷ ᠲᠦᠪᠰᠢᠨ ᠢ ᠪᠠᠲᠤᠯᠠᠨ᠎ᠠ᠃ ᠵᠠᠰᠠᠭ ᠤᠨ ᠶᠠᠪᠤᠳᠠᠯ ᠤᠨ | ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤ ᠳᠤ ᠪᠠᠨ ᠬᠦᠷᠲᠡᠬᠦ ᠬᠠᠮᠢᠶᠠᠷᠤᠯᠲᠠ ᠶᠢᠨ ᠲᠣᠭᠲᠠᠴᠠ ᠪᠠ ᠮᠡᠳᠡᠭᠡ | ᠵᠠᠩᠭᠢ ᠶᠢ ᠬᠠᠮᠲᠤ ᠳᠤ ᠪᠠᠨ ᠬᠦᠷᠲᠡᠬᠦ ᠠᠵᠢᠯ ᠤᠨ ᠦᠨᠡᠯᠡᠬᠦ ᠲᠣᠭᠲᠠᠴᠠ ᠶᠢ ᠪᠠᠶᠢᠭᠤᠯᠬᠤ ᠬᠡᠷᠡᠭᠲᠡᠢ᠃ ᠡᠯ᠎ᠡ | ᠵᠠᠰᠠᠭ ᠤᠨ ᠶᠠᠪᠤᠳᠠᠯ ᠤᠨ ᠰᠠᠯᠠᠭ᠎ᠠ ᠮᠦᠴᠢᠷ ᠪᠠ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠬᠠᠮᠲᠤ ᠳᠤ ᠪᠠᠨ | ᠬᠦᠷᠲᠡᠵᠦ ᠰᠣᠯᠢᠯᠴᠠᠬᠤ ᠲᠠᠪᠴᠠᠩ ︵ᠳᠣᠷᠣᠭᠰᠢ ᠬᠠᠮᠲᠤ ᠳᠤ ᠪᠠᠨ ᠬᠦᠷᠲᠡᠵᠦ ᠰᠣᠯᠢᠯᠴᠠᠬᠤ ᠲᠠᠪᠴᠠᠩ ᠭᠡᠵᠦ | ᠲᠣᠪᠴᠢᠯᠠᠨ᠎ᠠ︶ ᠤᠨ ᠬᠠᠮᠢᠶᠠᠷᠤᠯᠲᠠ ᠶᠢᠨ ᠨᠢᠭᠡᠴᠡ ᠨᠢ ᠬᠠᠮᠲᠤ ᠳᠤ ᠪᠠᠨ ᠬᠦᠷᠲᠡᠬᠦ ᠮᠡᠳᠡᠭᠡ ᠵᠠᠩᠭᠢ ᠶᠢᠨ | ᠴᠤᠭᠯᠠᠭᠤᠯᠬᠤ᠂ ᠬᠠᠮᠲᠤ ᠳᠤ ᠪᠠᠨ ᠬᠦᠷᠲᠡᠬᠦ᠂ ᠬᠡᠷᠡᠭᠯᠡᠬᠦ ᠪᠦᠬᠦ ᠶᠠᠪᠤᠴᠠ ᠶᠢᠨ ᠪᠡᠶ᠎ᠡ ᠭᠠᠷᠤᠯ ᠢ ᠨᠢ ᠢᠯᠭᠠᠨ | ᠲᠣᠳᠣᠯᠠᠬᠤ᠂ ᠡᠷᠬᠡ ᠣᠯᠭᠤᠨ ᠬᠠᠮᠢᠶᠠᠷᠬᠤ ᠪᠠ ᠠᠮᠤᠷ ᠲᠦᠪᠰᠢᠨ ᠤ ᠪᠠᠲᠤᠯᠠᠭ᠎ᠠ ᠶᠢ ᠴᠢᠩᠭᠠᠳᠬᠠᠨ᠂ | ᠬᠠᠮᠲᠤ ᠳᠤ ᠪᠠᠨ ᠬᠦᠷᠲᠡᠬᠦ ᠮᠡᠳᠡᠭᠡ ᠵᠠᠩᠭᠢ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠢ᠃ | | | | ᠬᠤᠶᠠᠳᠤᠭᠠᠷ ᠪᠥᠯᠥᠭ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ | ᠡᠬᠢ ᠪᠠᠶᠠᠯᠢᠭ ᠤᠨ ᠭᠠᠷᠴᠠᠭ | | | ᠲᠠᠪᠤᠳᠤᠭᠠᠷ ᠵᠦᠢᠯ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠤᠨ ᠭᠠᠷᠴᠠᠭ ᠪᠣᠯ | ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤ ᠳᠤ ᠪᠠᠨ ᠬᠦᠷᠲᠡᠬᠦ ᠪᠠ ᠲᠤᠬᠠᠶᠢᠯᠠᠭᠰᠠᠨ | ᠠᠵᠢᠯ ᠤᠨ ᠬᠠᠮᠵᠢᠯᠴᠠᠭ᠎ᠠ ᠶᠢ ᠪᠡᠶᠡᠯᠡᠭᠦᠯᠬᠦ ᠶᠢᠨ ᠰᠠᠭᠤᠷᠢ ᠮᠦᠨ᠂ ᠵᠠᠰᠠᠭ ᠤᠨ ᠶᠠᠪᠤᠳᠠᠯ ᠤᠨ ᠰᠠᠯᠠᠭ᠎ᠠ ᠮᠦᠴᠢᠷ ᠤᠨ | ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤ ᠳᠤ ᠪᠠᠨ ᠬᠦᠷᠲᠡᠬᠦ ᠶᠢᠨ ᠦᠨᠳᠦᠰᠦᠯᠡᠯ ᠪᠣᠯᠣᠨ᠎ᠠ᠃ | ᠵᠢᠷᠭᠤᠳᠤᠭᠠᠷ ᠵᠦᠢᠯ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠤᠨ ᠭᠠᠷᠴᠠᠭ ᠢ | ᠮᠡᠳᠡᠭᠡ ᠵᠠᠩᠭᠢ ᠶᠢᠨ ᠡᠬᠢ ᠪᠠᠶᠠᠯᠢᠭ ᠤᠨ ᠨᠢᠭᠤᠴᠠ ᠳᠤ ᠬᠤᠯᠪᠣᠭᠳᠠᠬᠤ ᠶᠢᠨ ᠬᠠᠷᠢᠶᠠᠯᠠᠭᠳᠠᠬᠤ ᠴᠢᠨᠠᠷ ᠶᠣᠰᠤᠭᠠᠷ᠂ | ᠨᠢᠭᠤᠴᠠ ᠳᠤ ᠬᠤᠯᠪᠣᠭᠳᠠᠬᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠤᠨ ᠭᠠᠷᠴᠠᠭ ᠪᠠ | ᠨᠢᠭᠤᠴᠠ ᠳᠤ ᠥᠯᠥ ᠬᠤᠯᠪᠣᠭᠳᠠᠬᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠤᠨ ᠭᠠᠷᠴᠠᠭ | ᠭᠡᠵᠦ ᠬᠤᠪᠢᠶᠠᠨ᠎ᠠ᠃ | ᠨᠢᠭᠤᠴᠠ ᠳᠤ ᠬᠤᠯᠪᠣᠭᠳᠠᠬᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠤᠨ ᠭᠠᠷᠴᠠᠭ | ᠪᠠ ᠨᠢᠭᠤᠴᠠ ᠳᠤ ᠥᠯᠥ ᠬᠤᠯᠪᠣᠭᠳᠠᠬᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠤᠨ | ᠭᠠᠷᠴᠠᠭ ᠢ ᠡᠮᠬᠢᠯᠡᠨ ᠲᠢᠭᠯᠡᠬᠦ᠂ ᠨᠠᠶᠢᠷᠠᠭᠤᠯᠤᠨ ᠵᠣᠬᠢᠶᠠᠬᠤ᠂ ᠬᠠᠮᠢᠶᠠᠷᠬᠤ᠂ ᠬᠡᠷᠡᠭᠯᠡᠬᠦ ᠵᠡᠷᠭᠡ ᠶᠢ ᠪᠣᠯ ᠲᠤᠰ ᠲᠤᠰ | ᠥᠪᠡᠷᠲᠡᠭᠡᠨ ᠵᠠᠰᠠᠬᠤ ᠣᠷᠣᠨ ᠤ ᠬᠠᠮᠲᠤ ᠳᠤ ᠪᠠᠨ ᠬᠦᠷᠲᠡᠵᠦ ᠰᠣᠯᠢᠯᠴᠠᠬᠤ ᠲᠠᠪᠴᠠᠩ ︵ᠳᠣᠲᠣᠭᠠᠳᠤ ᠰᠦᠯᠵᠢᠶ᠎ᠡ᠂ | ᠭᠠᠳᠠᠷ ᠰᠦᠯᠵᠢᠶ᠎ᠡ︶ ᠳᠤ ᠲᠦᠰᠢᠭᠯᠡᠨ ᠦᠷᠨᠢᠭᠦᠯᠦᠨ᠎ᠡ᠃ | ᠳᠣᠯᠣᠳᠤᠭᠠᠷ ᠵᠦᠢᠯ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠤᠨ ᠭᠠᠷᠴᠠᠭ ᠢ ᠡᠬᠢ | ᠪᠠᠶᠠᠯᠢᠭ ᠤᠨ ᠬᠠᠷᠢᠶᠠᠯᠠᠭᠳᠠᠬᠤ ᠴᠢᠨᠠᠷ ᠢᠶᠠᠷ ᠰᠠᠭᠤᠷᠢ ᠮᠡᠳᠡᠭᠡ ᠵᠠᠩᠭᠢ ᠶᠢᠨ ᠡᠬᠢ ᠪᠠᠶᠠᠯᠢᠭ ᠤᠨ ᠭᠠᠷᠴᠠᠭ᠂ ᠭᠤᠣᠯ | ᠰᠡᠳᠦᠪᠲᠦ ᠮᠡᠳᠡᠭᠡ ᠵᠠᠩᠭᠢ ᠶᠢᠨ ᠡᠬᠢ ᠪᠠᠶᠠᠯᠢᠭ ᠤᠨ ᠭᠠᠷᠴᠠᠭ᠂ ᠰᠠᠯᠠᠭ᠎ᠠ ᠮᠦᠴᠢᠷ ᠤᠨ ᠮᠡᠳᠡᠭᠡ ᠵᠠᠩᠭᠢ ᠶᠢᠨ ᠡᠬᠢ | ᠪᠠᠶᠠᠯᠢᠭ ᠤᠨ ᠭᠠᠷᠴᠠᠭ ᠵᠡᠷᠭᠡ ᠭᠤᠷᠪᠠᠨ ᠵᠦᠢᠯ ᠤᠨ ᠲᠥᠷᠥᠯ ᠬᠡᠯᠪᠡᠷᠢ ᠪᠣᠯᠭᠠᠵᠤ ᠬᠤᠪᠢᠶᠠᠨ᠎ᠠ᠃ | ᠰᠠᠭᠤᠷᠢ ᠮᠡᠳᠡᠭᠡ ᠵᠠᠩᠭᠢ ᠶᠢᠨ ᠡᠬᠢ ᠪᠠᠶᠠᠯᠢᠭ ᠤᠨ ᠭᠠᠷᠴᠠᠭ ᠨᠢ ᠪᠣᠯ ᠥᠪᠡᠷᠲᠡᠭᠡᠨ ᠵᠠᠰᠠᠬᠤ ᠣᠷᠣᠨ ᠤ | ᠰᠠᠭᠤᠷᠢ ᠮᠡᠳᠡᠭᠡ ᠵᠠᠩᠭᠢ ᠶᠢᠨ ᠡᠬᠢ ᠪᠠᠶᠠᠯᠢᠭ ᠤᠨ ᠭᠠᠷᠴᠠᠭᠯᠠᠯ ᠪᠣᠯᠣᠨ᠎ᠠ᠃ ᠥᠪᠡᠷᠲᠡᠭᠡᠨ ᠵᠠᠰᠠᠬᠤ ᠣᠷᠣᠨ ᠤ | ᠰᠠᠭᠤᠷᠢ ᠮᠡᠳᠡᠭᠡ ᠵᠠᠩᠭᠢ ᠶᠢᠨ ᠡᠬᠢ ᠪᠠᠶᠠᠯᠢᠭ ᠲᠤ ᠥᠪᠡᠷᠲᠡᠭᠡᠨ ᠵᠠᠰᠠᠬᠤ ᠣᠷᠣᠨ ᠤ ᠬᠦᠮᠦᠨ ᠠᠮᠠ ᠶᠢᠨ ᠰᠠᠭᠤᠷᠢ | ᠮᠡᠳᠡᠭᠡ ᠵᠠᠩᠭᠢ ᠶᠢᠨ ᠡᠬᠢ ᠪᠠᠶᠠᠯᠢᠭ᠂ ᠬᠠᠤᠯᠢ ᠶᠢᠨ ᠡᠷᠬᠡᠲᠡᠨ ᠲᠠᠢ ᠨᠢᠭᠡᠴᠢ ᠶᠢᠨ ᠰᠠᠭᠤᠷᠢ ᠮᠡᠳᠡᠭᠡ ᠵᠠᠩᠭᠢ ᠶᠢᠨ ᠡᠬᠢ | ᠪᠠᠶᠠᠯᠢᠭ᠂ ᠪᠠᠶᠢᠭᠠᠯᠢ ᠶᠢᠨ ᠡᠬᠢ ᠪᠠᠶᠠᠯᠢᠭ ᠪᠣᠯᠣᠨ ᠣᠭᠳᠠᠷᠭᠤᠢ ᠶᠢᠨ ᠭᠠᠵᠠᠷ ᠵᠦᠢ ᠶᠢᠨ ᠰᠠᠭᠤᠷᠢ ᠮᠡᠳᠡᠭᠡ | ᠵᠠᠩᠭᠢ ᠶᠢᠨ ᠡᠬᠢ ᠪᠠᠶᠠᠯᠢᠭ᠂ ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠡᠬᠢ ᠪᠠᠶᠠᠯᠢᠭ᠂ ᠡᠯᠧᠺᠲᠷᠤᠨ | ᠭᠡᠷᠡᠴᠢ ᠦᠨᠡᠮᠯᠡᠯ ᠤᠨ ᠰᠠᠭᠤᠷᠢ ᠮᠡᠳᠡᠭᠡ ᠵᠠᠩᠭᠢ ᠶᠢᠨ ᠡᠬᠢ ᠪᠠᠶᠠᠯᠢᠭ ᠵᠡᠷᠭᠡ ᠶᠢ ᠪᠠᠭᠲᠠᠭᠠᠨ᠎ᠠ᠃ | ᠭᠤᠣᠯ ᠰᠡᠳᠥᠪᠲᠥ ᠮᠡᠳᠡᠭᠡ ᠵᠠᠩᠭᠢ ᠶᠢᠨ ᠡᠬᠢ ᠪᠠᠶᠠᠯᠢᠭ ᠤᠨ ᠭᠠᠷᠴᠠᠭ ᠨᠢ ᠪᠣᠯ ᠠᠵᠤ ᠠᠬᠤᠢ ᠨᠡᠶᠢᠭᠡᠮ ᠤᠨ | ᠬᠦᠭᠵᠢᠯᠲᠡ ᠳᠠᠬᠢ ᠠᠳᠠᠯᠢ ᠨᠢᠭᠡᠨ ᠭᠤᠣᠯ ᠰᠡᠳᠦᠪᠲᠦ ᠶᠢᠨ ᠬᠦᠷᠢᠶ᠎ᠡ ᠴᠠᠷᠠᠭ᠎ᠠ ᠶᠢᠨ ᠲᠣᠭᠤᠷᠢᠨ ᠳᠤ ᠣᠯᠠᠨ ᠰᠠᠯᠠᠭ᠎ᠠ | ᠮᠥᠴᠢᠷ ᠤᠨ ᠬᠠᠮᠲᠤ ᠪᠠᠷ ᠪᠠᠶᠢᠭᠤᠯᠬᠤ ᠲᠥᠷᠥᠯ ᠵᠦᠢᠯ ᠠᠴᠠ ᠪᠣᠢ ᠪᠣᠯᠣᠭᠰᠠᠨ ᠵᠠᠰᠠᠭ ᠤᠨ ᠶᠠᠪᠤᠳᠠᠯ ᠤᠨ ᠮᠡᠳᠡᠭᠡ | ᠵᠠᠩᠭᠢ ᠶᠢᠨ ᠡᠬᠢ ᠪᠠᠶᠠᠯᠢᠭ ᠤᠨ ᠭᠠᠷᠴᠠᠭ ᠪᠣᠯᠣᠨ᠎ᠠ᠃ ᠭᠤᠣᠯ ᠰᠡᠳᠥᠪᠲᠥ ᠶᠢᠨ ᠬᠦᠷᠢᠶ᠎ᠡ ᠴᠠᠷᠠᠭ᠎ᠠ ᠳᠤ ᠣᠯᠠᠨ | ᠨᠡᠶᠢᠲᠡ ᠶᠢᠨ ᠦᠢᠯᠡᠴᠢᠯᠡᠭᠡ᠂ ᠡᠷᠡᠭᠦᠯ ᠡᠩᠭᠡ ᠶᠢᠨ ᠪᠠᠳᠤᠯᠠᠭ᠎ᠠ᠂ ᠨᠡᠶᠢᠭᠡᠮ ᠤᠨ ᠪᠠᠲᠤᠯᠠᠭ᠎ᠠ᠂ ᠢᠳᠡᠭᠡᠨ ᠪᠠ ᠡᠮ ᠤᠨ | ᠵᠦᠢᠯ ᠤᠨ ᠠᠮᠤᠷ ᠲᠥᠪᠰᠢᠨ᠂ ᠠᠶᠤᠯ ᠦᠭᠡᠢ ᠦᠢᠯᠡᠳᠪᠦᠷᠢᠯᠡᠯ᠂ ᠦᠨ᠎ᠡ ᠬᠠᠩᠰᠢ ᠶᠢᠨ ᠬᠢᠨᠠᠯᠲᠠ ᠬᠠᠮᠢᠶᠠᠷᠤᠯᠲᠠ᠂ | ᠡᠨᠧᠷᠭᠢ ᠶᠢᠨ ᠠᠮᠤᠷ ᠲᠦᠪᠰᠢᠨ᠂ ᠢᠲᠡᠭᠡᠮᠵᠢ ᠶᠢᠨ ᠰᠢᠰᠲ᠋ᠧᠮᠵᠢ᠂ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ᠂ | ᠨᠡᠶᠢᠭᠡᠮ ᠲᠣᠭᠤᠷᠢᠭ ᠤᠨ ᠵᠠᠰᠠᠯᠲᠠ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠪᠣᠯᠣᠨ ᠪᠠᠴᠢᠮ ᠪᠠᠶᠢᠳᠠᠯ ᠢ | ᠠᠷᠭᠠᠴᠠᠨ ᠲᠣᠭᠲᠠᠭᠤᠨ ᠢ ᠬᠠᠮᠠᠭᠠᠯᠠᠬᠤ ᠵᠡᠷᠭᠡ ᠶᠢ ᠪᠠᠭᠲᠠᠭᠠᠬᠤ ᠮᠦᠷᠲᠡᠭᠡᠨ ᠡᠳᠡᠭᠡᠷ ᠲᠤ ᠬᠢᠵᠠᠭᠠᠷᠯᠠᠭᠳᠠᠬᠤ ᠦᠭᠡᠢ᠃ | ᠰᠠᠯᠠᠭ᠎ᠠ ᠮᠦᠴᠢᠷ ᠤᠳ ᠤᠨ ᠮᠡᠳᠡᠭᠡ ᠵᠠᠩᠭᠢ ᠶᠢᠨ ᠡᠬᠢ ᠪᠠᠶᠠᠯᠢᠭ ᠤᠨ ᠭᠠᠷᠴᠠᠭ ᠨᠢ ᠪᠣᠯ ᠵᠠᠰᠠᠭ ᠤᠨ | ᠶᠠᠪᠤᠳᠠᠯ ᠤᠨ ᠰᠠᠯᠠᠭ᠎ᠠ ᠮᠦᠴᠢᠷ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠭᠠᠷᠴᠠᠭᠯᠠᠬᠤ ᠶᠠᠪᠤᠳᠠᠯ ᠪᠣᠯᠣᠨ᠎ᠠ᠃ | ᠨᠠᠢᠮᠠᠳᠤᠭᠠᠷ ᠵᠦᠢᠯ ᠪᠦᠬᠦ ᠣᠷᠣᠨ ᠤ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ | ᠡᠬᠢ ᠪᠠᠶᠠᠯᠢᠭ ᠤᠨ ᠭᠠᠷᠴᠠᠭ ᠢ ᠡᠷᠬᠡᠪᠰᠢ ᠮᠡᠷᠭᠡᠵᠢᠯ ᠤᠨ ᠨᠢᠭᠡᠳᠦᠯᠲᠡᠢ ᠪᠠᠷᠢᠮᠵᠢᠶ᠎ᠠ ᠶᠣᠰᠤᠭᠠᠷ᠂ ᠲᠤᠰ ᠱᠠᠲᠤᠨ ᠤ | ᠬᠠᠮᠲᠤ ᠳᠤ ᠪᠠᠨ ᠬᠦᠷᠲᠡᠵᠦ ᠰᠣᠯᠢᠯᠴᠠᠬᠤ ᠲᠠᠪᠴᠠᠩ ᠳᠤ ᠨᠡᠶᠢᠲᠡᠯᠡᠬᠦ ᠬᠡᠷᠡᠭᠲᠡᠢ᠂ ᠬᠠᠮᠲᠤ ᠳᠤ ᠪᠠᠨ ᠬᠦᠷᠲᠡᠵᠦ | ᠰᠣᠯᠢᠯᠴᠠᠬᠤ ᠲᠠᠪᠴᠠᠩ ᠨᠢ ᠡᠷᠬᠡᠪᠰᠢ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠤᠨ ᠭᠠᠷᠴᠠᠭ ᠢ | ᠰᠢᠨᠡᠳᠭᠡᠬᠦ᠂ ᠬᠠᠮᠠᠭᠠᠯᠠᠬᠤ ᠪᠠ ᠲᠣᠬᠢᠷᠠᠭᠤᠯᠤᠨ ᠬᠡᠷᠡᠭᠯᠡᠬᠦ ᠵᠡᠷᠭᠡ ᠮᠡᠷᠭᠡᠵᠢᠯ ᠤᠨ ᠵᠠᠯᠭᠠᠰᠣ ᠬᠠᠩᠭᠠᠨ ᠦᠭᠴᠦ᠂ ᠡᠯ᠎ᠡ | ᠰᠠᠯᠠᠭ᠎ᠠ ᠮᠦᠴᠢᠷ ᠤᠨ ᠲᠣᠬᠢᠷᠠᠭᠤᠯᠤᠨ ᠬᠡᠷᠡᠭᠯᠡᠬᠦ ᠳᠤ ᠬᠠᠩᠭᠠᠭᠰᠠᠨ ᠪᠠᠶᠢᠬᠤ ᠬᠡᠷᠡᠭᠲᠡᠢ᠃ | ᠶᠢᠰᠦᠳᠦᠭᠡᠷ ᠵᠦᠢᠯ ᠡᠯ᠎ᠡ ᠵᠠᠰᠠᠭ ᠤᠨ ᠶᠠᠪᠤᠳᠠᠯ ᠤᠨ ᠰᠠᠯᠠᠭ᠎ᠠ ᠮᠦᠴᠢᠷ ᠨᠢ ᠡᠭᠦᠷᠭᠡ ᠴᠢᠳᠠᠪᠤᠷᠢ ᠪᠠᠨ | ᠭᠦᠢᠴᠡᠳᠭᠡᠬᠦ ᠱᠠᠭᠠᠷᠲᠠᠯᠭ᠎ᠠ ᠪᠠ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤ ᠳᠤ ᠪᠠᠨ | ᠬᠦᠷᠲᠡᠬᠦ ᠵᠠᠷᠴᠢᠮ ᠢ ᠦᠨᠳᠦᠰᠦᠯᠡᠨ᠂ ᠤᠯᠤᠰ ᠤᠨ ︽ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ | ᠪᠠᠶᠠᠯᠢᠭ ᠤᠨ ᠭᠠᠷᠴᠠᠭ ᠢ ᠨᠠᠶᠢᠷᠠᠭᠤᠯᠤᠨ ᠵᠣᠬᠢᠶᠠᠬᠤ ᠵᠦᠭᠯᠡᠭᠦᠷ ︵ᠲᠤᠷᠰᠢᠨ ᠬᠡᠷᠡᠭᠵᠢᠭᠦᠯᠬᠦ︶︾ ᠤᠨ ᠱᠠᠭᠠᠷᠳᠠᠯᠭ᠎ᠠ | ᠶᠣᠰᠤᠭᠠᠷ᠂ ᠲᠤᠰ ᠰᠠᠯᠠᠭ᠎ᠠ ᠮᠦᠴᠢᠷ ᠤᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠤᠨ | ᠭᠠᠷᠴᠠᠭ ᠢ ᠨᠠᠶᠢᠷᠠᠭᠤᠯᠤᠨ ᠵᠣᠬᠢᠶᠠᠬᠤ᠂ ᠰᠢᠨᠡᠳᠭᠡᠬᠦ᠂ ᠬᠠᠮᠠᠭᠠᠯᠠᠬᠤ ᠪᠠ ᠨᠡᠶᠢᠲᠡᠯᠡᠬᠦ ᠶᠢᠨ ᠬᠠᠮᠲᠤ᠂ ᠪᠦᠬᠦ ᠣᠷᠣᠨ ᠤ | ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠤᠨ ᠭᠠᠷᠴᠠᠭ ᠲᠤ ᠣᠷᠤᠭᠤᠯᠬᠤ ᠬᠡᠷᠡᠭᠲᠡᠢ᠃ ᠬᠡᠷᠪᠡ | ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠣᠯᠣᠨ ᠲᠥᠷᠢᠮ ᠲᠣᠭᠲᠠᠭᠠᠯ ᠠᠴᠠ ᠵᠠᠰᠠᠪᠤᠷᠢ | ᠣᠷᠤᠭᠤᠯᠬᠤ ᠪᠤᠶᠤ ᠵᠠᠰᠠᠭ ᠵᠠᠬᠢᠷᠭᠠᠨ ᠤ ᠬᠠᠮᠢᠠᠷᠤᠯᠲᠠ ᠶᠢᠨ ᠡᠭᠦᠷᠭᠡ ᠴᠢᠳᠠᠪᠤᠷᠢ ᠳᠤ ᠬᠤᠪᠢᠷᠠᠯᠲᠠ ᠭᠠᠷᠤᠭᠰᠠᠨ ᠪᠣᠯ᠂ | 15 ᠠᠵᠢᠯᠯᠠᠬᠤ ᠡᠳᠦᠷ ᠲᠤ ᠲᠤᠰ ᠰᠠᠯᠠᠭ᠎ᠠ ᠮᠦᠴᠢᠷ ᠤᠨ ᠬᠢᠨ ᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ | ᠡᠬᠢ ᠪᠠᠶᠠᠯᠢᠭ ᠤᠨ ᠭᠠᠷᠴᠠᠭ ᠢᠶᠠᠨ ᠰᠢᠨᠡᠳᠭᠡᠬᠦ ᠬᠡᠷᠡᠭᠲᠡᠢ᠃ | ᠠᠷᠪᠠᠳᠤᠭᠠᠷ ᠵᠦᠢᠯ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ︽ | ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠤᠨ ᠭᠠᠷᠴᠠᠭ ᠢ ᠨᠠᠶᠢᠷᠠᠭᠤᠯᠤᠨ ᠵᠣᠬᠢᠶᠠᠬᠤ ᠵᠦᠭᠯᠡᠭᠦᠷ | ︵ᠲᠤᠷᠰᠢᠨ ᠬᠡᠷᠡᠭᠵᠢᠭᠦᠯᠬᠦ︶︾ ᠤᠨ ᠱᠠᠭᠠᠷᠳᠠᠯᠭ᠎ᠠ ᠶᠣᠰᠤᠭᠠᠷ ᠣᠷᠣᠨ ᠨᠤᠲᠤᠭ ᠤᠨ ᠵᠠᠰᠠᠭ ᠤᠨ ᠶᠠᠪᠤᠳᠠᠯ ᠤᠨ | ᠮᠡᠳᠡᠭᠡ ᠵᠠᠩᠭᠢ ᠶᠢᠨ ᠡᠬᠢ ᠪᠠᠶᠠᠯᠢᠭ ᠤᠨ ᠭᠠᠷᠴᠠᠭ ᠢ ᠨᠠᠶᠢᠷᠠᠭᠤᠯᠤᠨ ᠵᠣᠬᠢᠶᠠᠬᠤ ᠪᠠ ᠬᠠᠮᠠᠭᠠᠯᠠᠬᠤ ᠶᠢᠨ ᠬᠠᠮᠲᠤ᠂ | ᠲᠤᠰ ᠱᠠᠲᠤᠨ ᠤ ᠡᠯ᠎ᠡ ᠵᠠᠰᠠᠭ ᠤᠨ ᠶᠠᠪᠤᠳᠠᠯ ᠤᠨ ᠰᠠᠯᠠᠭ᠎ᠠ ᠮᠦᠴᠢᠷ ᠤᠨ ᠵᠠᠰᠠᠭ ᠤᠨ ᠶᠠᠪᠤᠳᠠᠯ ᠤᠨ ᠮᠡᠳᠡᠭᠡ | ᠵᠠᠩᠭᠢ ᠶᠢᠨ ᠡᠬᠢ ᠪᠠᠶᠠᠯᠢᠭ ᠤᠨ ᠭᠠᠷᠴᠠᠭ ᠤᠨ ᠰᠢᠨᠡᠳᠭᠡᠬᠦ ᠠᠵᠢᠯ ᠳᠤ ᠬᠢᠨᠠᠯᠲᠠ ᠲᠠᠯᠪᠢᠵᠤ ᠰᠢᠯᠭᠠᠨ ᠬᠢᠨᠠᠬᠤ ᠶᠢ | ᠬᠠᠷᠢᠭᠤᠴᠠᠨ᠎ᠠ᠃ | ᠠᠷᠪᠠᠨ ᠨᠢᠭᠡᠳᠦᠭᠡᠷ ᠵᠦᠢᠯ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠮᠡᠳᠡᠭᠡ | ᠵᠠᠩᠭᠢ ᠶᠢᠨ ᠡᠬᠢ ᠪᠠᠶᠠᠯᠢᠭ ᠤᠨ ᠭᠠᠷᠴᠠᠭ ᠢ ᠪᠣᠯ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠮᠡᠳᠡᠭᠡ | ᠵᠠᠩᠭᠢ ᠶᠢᠨ ᠡᠬᠢ ᠪᠠᠶᠠᠯᠢᠭ ᠢ ᠨᠢᠭᠡᠳᠦᠯᠲᠡᠢ ᠲᠥᠯᠥᠪᠵᠢᠭᠦᠯᠦᠨ ᠬᠠᠮᠢᠶᠠᠷᠬᠤ ᠰᠠᠯᠠᠭ᠎ᠠ ᠮᠦᠴᠢᠷ ᠠᠴᠠ ᠨᠠᠶᠢᠷᠠᠭᠤᠯᠤᠨ | ᠵᠣᠬᠢᠶᠠᠬᠤ ᠶᠢᠨ ᠬᠠᠮᠲᠤ ᠬᠠᠮᠠᠭᠠᠯᠠᠨ᠎ᠠ᠃ ᠰᠠᠭᠤᠷᠢ ᠮᠡᠳᠡᠭᠡ ᠵᠠᠩᠭᠢ ᠶᠢᠨ ᠡᠬᠢ ᠪᠠᠶᠠᠯᠢᠭ ᠤᠨ ᠭᠠᠷᠴᠠᠭ ᠢ ᠪᠣᠯ ᠰᠠᠭᠤᠷᠢ | ᠮᠡᠳᠡᠭᠡ ᠵᠠᠩᠭᠢ ᠶᠢᠨ ᠡᠬᠢ ᠪᠠᠶᠠᠯᠢᠭ ᠢ ᠲᠦᠷᠦᠭᠦᠯᠡᠨ ᠪᠠᠶᠢᠭᠤᠯᠬᠤ ᠰᠠᠯᠠᠭ᠎ᠠ ᠮᠦᠴᠢᠷ ᠠᠴᠠ ᠨᠠᠶᠢᠷᠠᠭᠤᠯᠤᠨ | ᠵᠣᠬᠢᠶᠠᠬᠤ ᠶᠢ ᠬᠠᠷᠢᠭᠤᠴᠠᠬᠤ ᠶᠢᠨ ᠬᠠᠮᠲᠤ ᠬᠠᠮᠠᠭᠠᠯᠠᠨ᠎ᠠ᠃ ᠭᠤᠣᠯ ᠰᠡᠳᠦᠪᠲᠦ ᠮᠡᠳᠡᠭᠡ ᠵᠠᠩᠭᠢ ᠶᠢᠨ ᠡᠬᠢ | ᠪᠠᠶᠠᠯᠢᠭ ᠤᠨ ᠭᠠᠷᠴᠠᠭ ᠢ ᠪᠣᠯ ᠭᠤᠣᠯ ᠰᠡᠳᠦᠪᠲᠦ ᠮᠡᠳᠡᠭᠡ ᠵᠠᠩᠭᠢ ᠶᠢᠨ ᠡᠬᠢ ᠪᠠᠶᠠᠯᠢᠭ ᠢ ᠲᠦᠷᠦᠭᠦᠯᠡᠨ ᠬᠢᠬᠦ ᠰᠠᠯᠠᠭ᠎ᠠ | ᠮᠦᠴᠢᠷ ᠠᠴᠠ ᠨᠠᠶᠢᠷᠠᠭᠤᠯᠤᠨ ᠵᠣᠬᠢᠶᠠᠬᠤ ᠶᠢ ᠬᠠᠷᠢᠭᠤᠴᠠᠬᠤ ᠶᠢᠨ ᠬᠠᠮᠲᠤ ᠬᠠᠮᠠᠭᠠᠯᠠᠨ᠎ᠠ᠃ | ᠠᠷᠪᠠᠨ ᠬᠤᠶᠠᠳᠤᠭᠠᠷ ᠵᠦᠢᠯ ᠮᠡᠳᠡᠭᠡ ᠵᠠᠩᠭᠢ ᠶᠢᠨ ᠡᠬᠢ ᠪᠠᠶᠠᠯᠢᠭ ᠤᠨ ᠭᠠᠷᠴᠠᠭ ᠢ ᠨᠠᠶᠢᠷᠠᠭᠤᠯᠤᠨ | ᠵᠣᠬᠢᠶᠠᠬᠤ ᠳᠤ ᠲᠤᠰ ᠱᠠᠲᠤᠨ ᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠨᠢᠭᠡᠳᠦᠯᠲᠡᠢ | ᠲᠥᠯᠥᠪᠵᠢᠭᠦᠯᠦᠨ ᠬᠠᠮᠢᠶᠠᠷᠬᠤ ᠰᠠᠯᠠᠭ᠎ᠠ ᠮᠦᠴᠢᠷ ᠲᠤ ᠮᠡᠳᠡᠭᠦᠯᠵᠦ ᠳᠠᠩᠰᠠᠯᠠᠭᠤᠯᠬᠤ ᠬᠡᠷᠡᠭᠲᠡᠢ᠃ ᠥᠪᠡᠷᠲᠡᠭᠡᠨ | ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠤᠨ ᠨᠢᠭᠡᠳᠦᠯᠲᠡᠢ | ᠲᠥᠯᠥᠪᠵᠢᠭᠦᠯᠦᠨ ᠬᠠᠮᠢᠶᠠᠷᠬᠤ ᠰᠠᠯᠠᠭ᠎ᠠ ᠮᠦᠴᠢᠷ ᠨᠢ ᠲᠤᠰ ᠱᠠᠲᠤᠨ ᠤ ᠭᠠᠷᠴᠠᠭ ᠤᠨ ᠰᠢᠨᠡᠳᠭᠡᠬᠦ ᠲᠣᠭᠲᠠᠴᠠ ᠶᠢ | ᠬᠠᠷᠢᠭᠤᠴᠠᠨ ᠪᠠᠶᠢᠭᠤᠯᠵᠤ᠂ ᠵᠠᠰᠠᠭ ᠤᠨ ᠶᠠᠪᠤᠳᠠᠯ ᠤᠨ ᠰᠠᠯᠠᠭ᠎ᠠ ᠮᠦᠴᠢᠷ ᠲᠤ ᠵᠠᠰᠠᠭ ᠤᠨ ᠶᠠᠪᠤᠳᠠᠯ ᠤᠨ | ᠳ᠋ᠠᠶᠢᠲ᠋ᠠ ᠶᠢᠨ ᠡᠬᠢ ᠪᠠᠶᠠᠯᠢᠭ ᠤᠨ ᠭᠠᠷᠴᠠᠭᠯᠠᠬᠤ᠂ ᠳᠠᠩᠰᠠᠯᠠᠨ ᠲᠡᠮᠳᠡᠭᠯᠡᠬᠦ᠂ ᠬᠢᠨᠠᠨ ᠬᠠᠷᠭᠤᠭᠤᠯᠬᠤ᠂ ᠨᠡᠶᠢᠲᠡᠯᠡᠬᠦ᠂ | ᠰᠢᠨᠡᠳᠭᠡᠬᠦ ᠪᠠ ᠵᠠᠰᠠᠪᠤᠷᠢ ᠣᠷᠤᠭᠤᠯᠬᠤ ᠳᠤ ᠬᠠᠮᠢᠶ᠎ᠠ ᠪᠦᠬᠦᠢ ᠦᠢᠯᠡᠴᠢᠯᠡᠭᠡ ᠬᠠᠩᠭᠠᠵᠤ ᠥᠭᠬᠦ ᠬᠡᠷᠡᠭᠲᠡᠢ᠃ | | | | ᠭᠤᠷᠪᠠᠳᠤᠭᠠᠷ ᠪᠦᠯᠦᠭ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ | ᠤᠨ ᠠᠩᠭᠢᠯᠠᠯ ᠬᠢᠭᠡᠳ ᠬᠠᠮᠲᠤ ᠳᠤ ᠪᠠᠨ ᠬᠦᠷᠲᠡᠬᠦ ᠱᠠᠭᠠᠷᠳᠠᠯᠭ᠎ᠠ | | | ᠠᠷᠪᠠᠨ ᠭᠤᠷᠪᠠᠳᠤᠭᠠᠷ ᠵᠦᠢᠯ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ | ᠬᠠᠮᠲᠤ ᠳᠤ ᠪᠠᠨ ᠬᠦᠷᠲᠡᠬᠦ ᠲᠥᠷᠥᠯ ᠬᠡᠯᠪᠡᠷᠢ ᠪᠠᠷ ᠨᠢ ᠨᠦᠬᠦᠴᠡᠯ ᠦᠭᠡᠢ ᠪᠠᠷ ᠬᠠᠮᠲᠤ ᠳᠤ ᠪᠠᠨ ᠬᠦᠷᠲᠡᠬᠦ᠂ | ᠨᠦᠬᠦᠴᠡᠯ ᠲᠠᠢ ᠪᠠᠷ ᠬᠠᠮᠲᠤ ᠳᠤ ᠪᠠᠨ ᠬᠦᠷᠲᠡᠬᠦ ᠪᠠ ᠬᠠᠮᠲᠤ ᠳᠤ ᠪᠠᠨ ᠬᠦᠷᠲᠡᠬᠦ ᠶᠢ ᠥᠯᠥ ᠵᠦᠪᠰᠢᠶᠡᠷᠡᠬᠦ ᠭᠤᠷᠪᠠᠨ | ᠵᠦᠢᠯ ᠤᠨ ᠲᠥᠷᠥᠯ ᠬᠡᠯᠪᠡᠷᠢ ᠬᠤᠪᠢᠶᠠᠨ᠎ᠠ᠃ | ᠵᠠᠰᠠᠭ ᠤᠨ ᠶᠠᠪᠤᠳᠠᠯ ᠤᠨ ᠰᠠᠯᠠᠭ᠎ᠠ ᠮᠦᠴᠢᠷ ᠪᠦᠬᠦᠨ ᠳᠤ ᠬᠠᠮᠲᠤ ᠳᠤ ᠪᠠᠨ ᠬᠦᠷᠲᠡᠵᠦ ᠬᠡᠷᠡᠭᠯᠡᠬᠦ ᠪᠠᠷ | ᠬᠠᠩᠭᠠᠨ ᠦᠭᠴᠦ ᠪᠣᠯᠬᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠨᠢ ᠪᠣᠯ ᠨᠦᠬᠦᠴᠡᠯ | ᠦᠭᠡᠢ ᠪᠠᠷ ᠬᠠᠮᠲᠤ ᠳᠤ ᠪᠠᠨ ᠬᠦᠷᠲᠡᠬᠦ ᠲᠥᠷᠥᠯ ᠳᠤ ᠬᠠᠷᠢᠶᠠᠯᠠᠭᠳᠠᠨ᠎ᠠ᠃ | ᠬᠠᠮᠢᠶ᠎ᠠ ᠪᠦᠬᠦᠢ ᠵᠠᠰᠠᠭ ᠤᠨ ᠶᠠᠪᠤᠳᠠᠯ ᠤᠨ ᠰᠠᠯᠠᠭ᠎ᠠ ᠮᠦᠴᠢᠷ ᠲᠤ ᠬᠠᠮᠲᠤ ᠳᠤ ᠪᠠᠨ ᠬᠦᠷᠲᠡᠵᠦ ᠬᠡᠷᠡᠭᠯᠡᠬᠦ ᠪᠠᠷ | ᠬᠠᠩᠭᠠᠨ ᠦᠭᠴᠦ ᠪᠣᠯᠬᠤ ᠪᠣᠶᠤ ᠵᠦᠪᠬᠡᠨ ᠬᠡᠰᠡᠭ ᠪᠦᠯᠦᠭ ᠢ ᠨᠢ ᠵᠠᠰᠠᠭ ᠤᠨ ᠶᠠᠪᠤᠳᠠᠯ ᠤᠨ ᠰᠠᠯᠠᠭ᠎ᠠ ᠮᠦᠴᠢᠷ | ᠪᠦᠬᠦᠨ ᠳᠤ ᠬᠠᠩᠭᠠᠨ ᠦᠭᠴᠦ ᠬᠠᠮᠲᠤ ᠳᠤ ᠪᠠᠨ ᠬᠦᠷᠲᠡᠭᠡᠨ ᠬᠡᠷᠡᠭᠯᠡᠭᠦᠯᠵᠦ ᠪᠣᠯᠬᠤ ᠵᠠᠰᠠᠭ ᠤᠨ ᠶᠠᠪᠤᠳᠠᠯ ᠤᠨ | ᠮᠡᠳᠡᠭᠡ ᠵᠠᠩᠭᠢ ᠶᠢᠨ ᠡᠬᠢ ᠪᠠᠶᠠᠯᠢᠭ ᠨᠢ ᠪᠣᠯ ᠨᠦᠬᠦᠴᠡᠯ ᠲᠠᠢ ᠪᠠᠷ ᠬᠠᠮᠲᠤ ᠳᠤ ᠪᠠᠨ ᠬᠦᠷᠲᠡᠬᠦ ᠲᠥᠷᠥᠯ ᠳᠤ | ᠬᠠᠷᠢᠶᠠᠯᠠᠭᠳᠠᠨ᠎ᠠ᠃ | ᠪᠣᠰᠣᠳ ᠵᠠᠰᠠᠭ ᠤᠨ ᠶᠠᠪᠤᠳᠠᠯ ᠤᠨ ᠰᠠᠯᠠᠭ᠎ᠠ ᠮᠦᠴᠢᠷ ᠲᠤ ᠬᠠᠮᠲᠤ ᠳᠤ ᠪᠠᠨ ᠬᠦᠷᠲᠡᠵᠦ ᠬᠡᠷᠡᠭᠯᠡᠬᠦ ᠪᠠᠷ | ᠬᠠᠩᠭᠠᠨ ᠥᠭᠬᠦ ᠳᠤ ᠥᠯᠥ ᠲᠣᠬᠢᠷᠠᠬᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠨᠢ ᠪᠣᠯ | ᠬᠠᠮᠲᠤ ᠳᠤ ᠪᠠᠨ ᠬᠦᠷᠲᠡᠬᠦ ᠶᠢ ᠥᠯᠥ ᠵᠦᠪᠰᠢᠶᠡᠷᠡᠬᠦ ᠲᠥᠷᠥᠯ ᠳᠤ ᠬᠠᠷᠢᠶᠠᠯᠠᠭᠳᠠᠨ᠎ᠠ᠃ | ᠠᠷᠪᠠᠨ ᠳᠥᠷᠪᠡᠳᠦᠭᠡᠷ ᠵᠦᠢᠯ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ | ᠬᠠᠮᠲᠤ ᠳᠤ ᠪᠠᠨ ᠬᠦᠷᠲᠡᠬᠦ ᠳᠤ ᠳᠣᠣᠷᠠᠬᠢ ᠱᠠᠭᠠᠷᠳᠠᠯᠭ᠎ᠠ ᠶᠢ ᠵᠢᠷᠤᠮᠯᠠᠬᠤ ᠬᠡᠷᠡᠭᠲᠡᠢ᠄ | ︵ᠨᠢᠭᠡ︶ ᠨᠦᠬᠦᠴᠡᠯ ᠲᠠᠢ ᠪᠠᠷ ᠬᠠᠮᠲᠤ ᠳᠤ ᠪᠠᠨ ᠬᠦᠷᠲᠡᠬᠦ ᠲᠥᠷᠥᠯ ᠪᠠ ᠬᠠᠮᠲᠤ ᠳᠤ ᠪᠠᠨ ᠬᠦᠷᠲᠡᠬᠦ ᠶᠢ | ᠥᠯᠥ ᠵᠦᠪᠰᠢᠶᠡᠷᠡᠬᠦ ᠲᠥᠷᠥᠯ ᠳᠤ ᠵᠢᠭᠰᠠᠭᠠᠨ ᠣᠷᠤᠭᠤᠯᠤᠭᠰᠠᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ | ᠪᠠᠶᠠᠯᠢᠭ ᠪᠦᠬᠦᠨ ᠳᠤ ᠡᠷᠬᠡᠪᠰᠢ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠪᠣᠶᠤ ᠨᠠᠮ ᠤᠨ | ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠲᠥᠷᠥ ᠶᠢᠨ ᠪᠣᠳᠣᠯᠭ᠎ᠠ ᠶᠢᠨ ᠦᠨᠳᠦᠰᠦᠯᠡᠯ ᠢ ᠬᠠᠩᠭᠠᠨ | ᠥᠭᠴᠦ᠂ ᠲᠤᠰ ᠱᠠᠲᠤᠨ ᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠡᠬᠢ ᠪᠠᠶᠠᠯᠢᠭ ᠢ ᠨᠢᠭᠡᠳᠦᠯᠲᠡᠢ | ᠲᠥᠯᠥᠪᠵᠢᠭᠦᠯᠦᠨ ᠬᠠᠮᠢᠶᠠᠷᠬᠤ ᠰᠠᠯᠠᠭ᠎ᠠ ᠮᠦᠴᠢᠷ ᠠᠴᠠ ᠬᠠᠷᠭᠤᠭᠤᠯᠤᠨ ᠲᠤᠭᠲᠠᠭᠠᠬᠤ ᠬᠡᠷᠡᠭᠲᠡᠢ᠃ | ︵ᠬᠤᠶᠠᠷ︶ ᠬᠦᠮᠦᠨ ᠠᠮᠠ ᠶᠢᠨ ᠮᠡᠳᠡᠭᠡ ᠵᠠᠩᠭᠢ᠂ ᠬᠠᠤᠯᠢ ᠶᠢᠨ ᠡᠷᠬᠡᠲᠡᠨ ᠲᠠᠢ ᠨᠢᠭᠡᠴᠡ ᠶᠢᠨ ᠮᠡᠳᠡᠭᠡ | ᠵᠠᠩᠭᠢ᠂ ᠪᠠᠶᠢᠭᠠᠯᠢ ᠶᠢᠨ ᠡᠬᠢ ᠪᠠᠶᠠᠯᠢᠭ ᠪᠠ ᠣᠭᠳᠠᠷᠭᠤᠢ ᠶᠢᠨ ᠭᠠᠵᠠᠷ ᠵᠦᠢ ᠶᠢᠨ ᠮᠡᠳᠡᠭᠡ ᠵᠠᠩᠭᠢ᠂ ᠨᠡᠶᠢᠭᠡᠮ ᠤᠨ | ᠢᠲᠡᠭᠡᠮᠵᠢ ᠶᠢᠨ ᠮᠡᠳᠡᠭᠡ ᠵᠠᠩᠭᠢ᠂ ᠡᠯᠧᠺᠲᠷᠤᠨ ᠭᠡᠷᠡᠴᠢ ᠦᠨᠡᠮᠯᠡᠯ ᠤᠨ ᠮᠡᠳᠡᠭᠡ ᠵᠠᠩᠭᠢ ᠵᠡᠷᠭᠡ ᠰᠠᠭᠤᠷᠢ ᠮᠡᠳᠡᠭᠡ | ᠵᠠᠩᠭᠢ ᠶᠢᠨ ᠡᠬᠢ ᠪᠠᠶᠠᠯᠢᠭ ᠤᠨ ᠰᠠᠭᠤᠷᠢ ᠮᠡᠳᠡᠭᠡ ᠵᠠᠩᠭᠢ ᠶᠢᠨ ᠵᠦᠢᠯ ᠪᠣᠯ ᠵᠠᠰᠠᠭ ᠤᠨ ᠶᠠᠪᠤᠳᠠᠯ ᠤᠨ ᠰᠠᠯᠠᠭ᠎ᠠ | ᠮᠦᠴᠢᠷ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠶᠢᠨ ᠬᠠᠮᠲᠤ ᠶᠢᠨ ᠬᠡᠷᠡᠭᠴᠡᠭᠡ ᠪᠣᠯᠣᠨ᠎ᠠ᠂ ᠡᠷᠬᠡᠪᠰᠢ | ᠡᠮᠬᠢᠯᠡᠨ ᠨᠡᠶᠢᠯᠡᠭᠦᠯᠵᠦ ᠬᠠᠮᠲᠤ ᠪᠠᠷ ᠪᠠᠶᠢᠭᠤᠯᠬᠤ ᠵᠠᠷᠴᠢᠮ ᠢ ᠦᠨᠳᠦᠰᠦᠯᠡᠨ᠂ ᠡᠯ᠎ᠡ ᠱᠠᠲᠤᠨ ᠤ ᠬᠠᠮᠲᠤ ᠳᠤ ᠪᠠᠨ | ᠬᠦᠷᠲᠡᠵᠦ ᠰᠣᠯᠢᠯᠴᠠᠬᠤ ᠲᠠᠪᠴᠠᠩ ᠳᠤ ᠲᠥᠪᠯᠡᠷᠡᠭᠦᠯᠦᠨ ᠪᠠᠶᠢᠭᠤᠯᠬᠤ ᠪᠠᠷ ᠳᠠᠮᠵᠢᠬᠤ ᠪᠣᠶᠤ ᠬᠠᠮᠲᠤ ᠳᠠᠭᠠᠨ | ᠬᠦᠷᠲᠡᠵᠦ ᠰᠣᠯᠢᠯᠴᠠᠬᠤ ᠲᠠᠪᠴᠠᠩ ᠳᠤ ᠵᠠᠯᠭᠠᠭᠤᠯᠤᠨ ᠣᠷᠤᠭᠤᠯᠬᠤ ᠪᠠᠷ ᠳᠠᠮᠵᠢᠵᠤ ᠰᠠᠭᠤᠷᠢ ᠳ᠋ᠠᠶᠢᠲ᠋ᠠ ᠶᠢᠨ | ᠨᠢᠭᠡᠳᠦᠯᠲᠡᠢ ᠲᠥᠯᠥᠪᠵᠢᠭᠦᠯᠦᠨ ᠬᠠᠮᠢᠶᠠᠷᠬᠤ᠂ ᠴᠠᠭ ᠲᠤᠬᠠᠢ ᠳᠤ ᠨᠢ ᠰᠢᠨᠡᠳᠭᠡᠬᠦ ᠶᠢ ᠪᠡᠶᠡᠯᠡᠭᠦᠯᠵᠦ᠂ ᠰᠠᠯᠠᠭ᠎ᠠ | ᠮᠦᠴᠢᠷ ᠤᠳ ᠤᠨ ᠬᠤᠭᠤᠷᠤᠨᠳᠤ ᠪᠠᠨ ᠨᠦᠬᠦᠴᠡᠯ ᠦᠭᠡᠢ ᠪᠠᠷ ᠬᠠᠮᠲᠤ ᠳᠤ ᠪᠠᠨ ᠬᠦᠷᠲᠡᠬᠦ ᠶᠢ ᠪᠡᠶᠡᠯᠡᠭᠦᠯᠬᠦ ᠬᠡᠷᠡᠭᠲᠡᠢ᠃ | ︵ᠭᠤᠷᠪᠠ︶ ᠠᠵᠤ ᠠᠬᠤᠢ ᠨᠡᠶᠢᠭᠡᠮ ᠤᠨ ᠬᠦᠭᠵᠢᠯᠲᠡ ᠶᠢᠨ ᠠᠳᠠᠯᠢ ᠨᠢᠭᠡᠨ ᠭᠤᠣᠯ ᠰᠡᠳᠦᠪᠲᠦ ᠶᠢᠨ | ᠬᠦᠷᠢᠶ᠎ᠡ ᠴᠠᠷᠠᠭ᠎ᠠ ᠶᠢᠨ ᠲᠣᠭᠤᠷᠢᠨ ᠳᠤ᠂ ᠣᠯᠠᠨ ᠰᠠᠯᠠᠭ᠎ᠠ ᠮᠦᠴᠢᠷ ᠠᠴᠠ ᠬᠠᠮᠲᠤ ᠪᠠᠷ ᠪᠠᠶᠢᠭᠤᠯᠵᠤ ᠪᠣᠢ ᠪᠣᠯᠭᠠᠭᠰᠠᠨ | ᠭᠤᠣᠯ ᠰᠡᠳᠦᠪᠲᠦ ᠮᠡᠳᠡᠭᠡ ᠵᠠᠩᠭᠢ ᠶᠢᠨ ᠡᠬᠢ ᠪᠠᠶᠠᠯᠢᠭ ᠵᠢᠴᠢ ᠰᠠᠭᠤᠷᠢ ᠮᠡᠳᠡᠭᠡ ᠵᠠᠩᠭᠢ ᠶᠢᠨ ᠡᠬᠢ ᠪᠠᠶᠠᠯᠢᠭ ᠤᠨ | ᠲᠤᠬᠠᠶᠢᠯᠠᠭᠰᠠᠨ ᠠᠵᠢᠯ ᠤᠨ ᠮᠡᠳᠡᠭᠡ ᠵᠠᠩᠭᠢ ᠶᠢᠨ ᠵᠦᠢᠯ ᠪᠣᠯᠬᠤ᠂ ᠵᠢᠱᠢᠶᠡᠯᠡᠪᠡᠯ ᠡᠷᠡᠭᠦᠯ ᠡᠩᠬᠡ ᠶᠢᠨ ᠪᠠᠲᠤᠯᠠᠭ᠎ᠠ᠂ | ᠨᠡᠶᠢᠭᠡᠮ ᠤᠨ ᠪᠠᠲᠤᠯᠠᠭ᠎ᠠ᠂ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ᠂ ᠠᠶᠤᠯ ᠦᠭᠡᠢ ᠦᠢᠯᠡᠳᠪᠦᠷᠢᠯᠡᠯ᠂ | ᠦᠨ᠎ᠡ ᠬᠠᠩᠰᠢ ᠶᠢᠨ ᠬᠢᠨᠠᠯᠲᠠ ᠬᠠᠮᠢᠶᠠᠷᠤᠯᠲᠠ᠂ ᠡᠨᠧᠷᠭᠢ ᠶᠢᠨ ᠠᠮᠤᠷ ᠲᠦᠪᠰᠢᠨ᠂ ᠢᠲᠡᠭᠡᠮᠵᠢ ᠶᠢᠨ ᠰᠢᠰᠲ᠋ᠧᠮᠵᠢ᠂ | ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ᠂ ᠨᠡᠶᠢᠭᠡᠮ ᠲᠣᠭᠤᠷᠢᠭ ᠤᠨ ᠵᠠᠰᠠᠯᠲᠠ᠂ ᠠᠮᠢ ᠠᠬᠤᠢ ᠣᠷᠴᠢᠨ | ᠲᠤᠭᠤᠷᠢᠨ ᠤ ᠬᠠᠮᠠᠭᠠᠯᠠᠯᠲᠠ᠂ ᠪᠠᠴᠢᠮ ᠪᠠᠶᠢᠳᠠᠯ ᠢ ᠠᠷᠭᠠᠴᠠᠨ ᠲᠤᠭᠲᠠᠭᠤᠨ ᠢ ᠬᠠᠮᠠᠭᠠᠯᠠᠬᠤ ᠵᠡᠷᠭᠡ ᠮᠡᠳᠡᠭᠡ ᠵᠠᠩᠭᠢ ᠶᠢ | ᠪᠣᠯ᠂ ᠬᠠᠮᠲᠤ ᠳᠤ ᠪᠠᠨ ᠬᠦᠷᠲᠡᠵᠦ ᠰᠣᠯᠢᠯᠴᠠᠬᠤ ᠲᠠᠪᠴᠠᠩ ᠢᠶᠠᠷ ᠳᠠᠮᠵᠢᠵᠤ ᠬᠠᠮᠲᠤ ᠳᠠᠭᠠᠨ ᠬᠦᠷᠲᠡᠬᠦ ᠪᠣᠯᠭᠠᠨ᠎ᠠ᠃ | | | | ᠳᠥᠷᠪᠡᠳᠦᠭᠡᠷ ᠪᠦᠯᠦᠭ ᠬᠠᠮᠲᠤ ᠳᠤ ᠪᠠᠨ ᠬᠦᠷᠲᠡᠬᠦ ᠮᠡᠳᠡᠭᠡ | ᠵᠠᠩᠭᠢ ᠶᠢ ᠬᠠᠩᠭᠠᠬᠤ ᠬᠢᠭᠡᠳ ᠬᠡᠷᠡᠭᠯᠡᠬᠦ | | | ᠠᠷᠪᠠᠨ ᠲᠠᠪᠤᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠬᠠᠮᠲᠤ ᠳᠤ ᠪᠠᠨ ᠬᠦᠷᠲᠡᠵᠦ ᠰᠣᠯᠢᠯᠴᠠᠬᠤ | ᠲᠠᠪᠴᠠᠩ ᠪᠣᠯ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠤᠨ | ᠭᠠᠷᠴᠠᠭ ᠢ ᠬᠠᠮᠢᠶᠠᠷᠬᠤ᠂ ᠡᠯ᠎ᠡ ᠵᠠᠰᠠᠭ ᠤᠨ ᠶᠠᠪᠤᠳᠠᠯ ᠤᠨ ᠰᠠᠯᠠᠭ᠎ᠠ ᠮᠦᠴᠢᠷ ᠲᠤ ᠲᠤᠯᠭᠠᠭᠤᠷᠢᠯᠠᠨ ᠵᠠᠰᠠᠭ ᠤᠨ | ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤ ᠳᠤ ᠪᠠᠨ ᠬᠦᠷᠲᠡᠵᠦ ᠰᠣᠯᠢᠯᠴᠠᠬᠤ ᠶᠢ ᠦᠷᠨᠢᠭᠦᠯᠬᠦ | ᠲᠠᠯ᠎ᠠ ᠪᠠᠷ ᠬᠢ ᠥᠪᠡᠷᠲᠡᠭᠡᠨ ᠵᠠᠰᠠᠬᠤ ᠣᠷᠣᠨ ᠤ ᠵᠠᠩᠭᠢᠯᠠᠭ᠎ᠠ ᠶᠢᠨ ᠮᠡᠳᠡᠭᠡ ᠵᠠᠩᠭᠢ ᠶᠢᠨ ᠰᠠᠭᠤᠷᠢ ᠪᠡᠯᠡᠳᠭᠡᠮᠵᠢ | ᠪᠣᠯᠣᠨ᠎ᠠ᠂ ᠡᠭᠦᠨ ᠳᠤ ᠬᠠᠮᠲᠤ ᠳᠤ ᠪᠠᠨ ᠬᠦᠷᠲᠡᠵᠦ ᠰᠣᠯᠢᠯᠴᠠᠬᠤ ᠲᠠᠪᠴᠠᠩ ︵ᠳᠣᠲᠣᠭᠠᠳᠤ ᠰᠦᠯᠵᠢᠶ᠎ᠡ᠂ ᠭᠠᠳᠠᠷ | ᠰᠦᠯᠵᠢᠶ᠎ᠡ︶ ᠤᠨ ᠬᠤᠶᠠᠷ ᠬᠡᠰᠡᠭ ᠢ ᠪᠠᠭᠲᠠᠭᠠᠨ᠎ᠠ᠃ ᠬᠠᠮᠲᠤ ᠳᠤ ᠪᠠᠨ ᠬᠦᠷᠲᠡᠵᠦ ᠰᠣᠯᠢᠯᠴᠠᠬᠤ ᠲᠠᠪᠴᠠᠩ ︵ | ᠳᠤᠲᠤᠭᠠᠳᠤ ᠰᠦᠯᠵᠢᠶ᠎ᠡ︶ ᠨᠢ ᠨᠢᠭᠤᠴᠠ ᠳᠤ ᠬᠤᠯᠪᠣᠭᠳᠠᠬᠤ ᠮᠡᠳᠡᠭᠡ ᠵᠠᠩᠭᠢ ᠶᠢᠨ ᠰᠢᠰᠲ᠋ᠧᠮ ᠤᠨ ᠱᠠᠲᠤ ᠬᠤᠪᠢᠶᠠᠨ | ᠬᠠᠮᠠᠭᠠᠯᠠᠬᠤ ᠱᠠᠭᠠᠷᠳᠠᠯᠭ᠎ᠠ ᠶᠣᠰᠤᠭᠠᠷ᠂ ᠥᠪᠡᠷᠲᠡᠭᠡᠨ ᠵᠠᠰᠠᠬᠤ ᠣᠷᠣᠨ ᠤ ᠡᠯᠧᠺᠲᠷᠤᠨ ᠵᠠᠰᠠᠭ ᠤᠨ ᠶᠠᠪᠤᠳᠠᠯ ᠤᠨ | ᠳᠣᠲᠣᠭᠠᠳᠤ ᠰᠦᠯᠵᠢᠶ᠎ᠡ ᠳᠤ ᠲᠦᠰᠢᠭᠯᠡᠨ ᠪᠦᠲᠦᠭᠡᠨ ᠪᠠᠶᠢᠭᠤᠯᠬᠤ ᠪᠠ ᠬᠠᠮᠢᠶᠠᠷᠤᠯᠲᠠ ᠬᠢᠬᠦ ᠬᠡᠷᠡᠭᠲᠡᠢ︔ | ᠬᠠᠮᠲᠤ ᠳᠤ ᠪᠠᠨ ᠬᠦᠷᠲᠡᠵᠦ ᠰᠣᠯᠢᠯᠴᠠᠬᠤ ᠲᠠᠪᠴᠠᠩ ︵ᠭᠠᠳᠠᠷ ᠰᠦᠯᠵᠢᠶ᠎ᠡ︶ ᠨᠢ ᠮᠡᠳᠡᠭᠡ ᠵᠠᠩᠭᠢ ᠶᠢᠨ | ᠰᠢᠰᠲ᠋ᠧᠮ ᠤᠨ ᠵᠡᠷᠭᠡ ᠳᠡᠰ ᠤᠨ ᠬᠠᠮᠠᠭᠠᠯᠠᠯᠲᠠ ᠵᠢᠴᠢ ᠰᠢᠰᠲ᠋ᠧᠮ ᠤᠨ ᠠᠮᠤᠷ ᠲᠦᠪᠰᠢᠨ ᠤ ᠪᠦᠲᠦᠭᠡᠨ | ᠪᠠᠶᠢᠭᠤᠯᠤᠯᠲᠠ ᠯᠦᠭᠡ ᠵᠡᠷᠭᠡ ᠳᠤ ᠨᠢ ᠲᠥᠯᠥᠪᠵᠢᠭᠦᠯᠦᠨ᠂ ᠵᠡᠷᠭᠡ ᠳᠤ ᠨᠢ ᠪᠦᠲᠦᠭᠡᠨ ᠪᠠᠶᠢᠭᠤᠯᠬᠤ᠂ ᠵᠡᠷᠭᠡ ᠳᠤ ᠨᠢ | ᠬᠡᠷᠡᠭᠯᠡᠬᠦ ᠵᠡᠷᠭᠡ ᠤᠯᠤᠰ ᠤᠨ ᠲᠣᠣᠷ ᠰᠦᠯᠵᠢᠶᠡᠨ ᠤ ᠠᠮᠤᠷ ᠲᠦᠪᠰᠢᠨ ᠤ ᠬᠠᠮᠢᠶ᠎ᠠ ᠪᠦᠬᠦᠢ ᠳᠥᠷᠢᠮ ᠲᠣᠭᠲᠠᠭᠠᠯ ᠤᠨ | ᠱᠠᠭᠠᠷᠳᠠᠯᠭ᠎ᠠ ᠶᠣᠰᠤᠭᠠᠷ᠂ ᠥᠪᠡᠷᠲᠡᠭᠡᠨ ᠵᠠᠰᠠᠬᠤ ᠣᠷᠣᠨ ᠤ ᠡᠯᠧᠺᠲᠷᠦᠨ ᠵᠠᠰᠠᠭ ᠤᠨ ᠶᠠᠪᠤᠳᠠᠯ ᠤᠨ ᠭᠠᠳᠠᠷ | ᠰᠦᠯᠵᠢᠶ᠎ᠡ ᠳᠤ ᠲᠦᠰᠢᠭᠯᠡᠨ ᠪᠦᠲᠦᠭᠡᠨ ᠪᠠᠶᠢᠭᠤᠯᠬᠤ ᠪᠠ ᠬᠠᠮᠢᠶᠠᠷᠤᠯᠲᠠ ᠬᠢᠬᠦ ᠬᠡᠷᠡᠭᠲᠡᠢ᠃ | ᠠᠷᠪᠠᠨ ᠵᠢᠷᠭᠤᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠬᠠᠮᠲᠤ ᠳᠤ ᠪᠠᠨ ᠬᠦᠷᠲᠡᠵᠦ ᠰᠣᠯᠢᠯᠴᠠᠬᠤ | ᠲᠠᠪᠴᠠᠩ ᠤᠨ ᠬᠠᠮᠢᠶᠠᠷᠬᠤ ᠨᠢᠭᠡᠴᠢ ᠨᠢ ᠥᠪᠡᠷᠲᠡᠭᠡᠨ ᠵᠠᠰᠠᠬᠤ ᠣᠷᠣᠨ ᠤ ᠬᠠᠮᠲᠤ ᠳᠤ ᠪᠠᠨ ᠬᠦᠷᠲᠡᠵᠦ ᠰᠣᠯᠢᠯᠴᠠᠬᠤ | ᠲᠠᠪᠴᠠᠩ ᠵᠢᠴᠢ ᠪᠦᠬᠦ ᠣᠷᠣᠨ ᠤ ᠬᠠᠮᠲᠤ ᠳᠤ ᠪᠠᠨ ᠬᠦᠷᠲᠡᠵᠦ ᠰᠣᠯᠢᠯᠴᠠᠬᠤ ᠲᠠᠪᠴᠠᠩ ᠤᠨ ᠰᠢᠰᠲ᠋ᠧᠮᠵᠢ ᠶᠢᠨ | ᠪᠦᠲᠦᠭᠡᠨ ᠪᠠᠶᠢᠭᠤᠯᠤᠯᠲᠠ ᠶᠢ ᠬᠠᠷᠢᠭᠤᠴᠠᠨ ᠠᠬᠢᠭᠤᠯᠵᠤ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ | ᠵᠠᠰᠠᠭ ᠤᠨ ᠣᠷᠳᠣᠨ ᠨᠢ ᠲᠤᠰ ᠱᠠᠲᠤᠨ ᠤ ᠬᠠᠮᠲᠤ ᠳᠤ ᠪᠠᠨ ᠬᠦᠷᠲᠡᠵᠦ ᠰᠣᠯᠢᠯᠴᠠᠬᠤ ᠲᠠᠪᠴᠠᠩ ᠤᠨ ᠪᠦᠲᠦᠭᠡᠨ | ᠪᠠᠶᠢᠭᠤᠯᠤᠯᠲᠠ ᠶᠢ ᠬᠠᠷᠢᠭᠤᠴᠠᠨ ᠵᠣᠬᠢᠶᠠᠨ ᠪᠠᠶᠢᠭᠤᠯᠤᠨ᠎ᠠ᠃ | ᠠᠷᠪᠠᠨ ᠳᠣᠯᠤᠳᠤᠭᠠᠷ ᠵᠦᠢᠯ ᠡᠯ᠎ᠡ ᠵᠠᠰᠠᠭ ᠤᠨ ᠶᠠᠪᠤᠳᠠᠯ ᠤᠨ ᠰᠠᠯᠠᠭ᠎ᠠ ᠮᠦᠴᠢᠷ ᠤᠨ ᠲᠤᠬᠠᠶᠢᠯᠠᠭᠰᠠᠨ | ᠠᠵᠢᠯ ᠤᠨ ᠮᠡᠳᠡᠭᠡ ᠵᠠᠩᠭᠢ ᠶᠢᠨ ᠰᠢᠰᠲ᠋ᠧᠮ ᠨᠢ ᠵᠠᠷᠴᠢᠮ ᠳᠡᠭᠡᠷ᠎ᠡ ᠪᠠᠨ ᠡᠯᠧᠺᠲᠷᠤᠨ ᠵᠠᠰᠠᠭ ᠤᠨ ᠶᠠᠪᠤᠳᠠᠯ ᠤᠨ | ᠳᠣᠲᠣᠭᠠᠳᠤ ᠰᠦᠯᠵᠢᠶ᠎ᠡ ᠪᠣᠶᠤ ᠡᠯᠧᠺᠲᠷᠤᠨ ᠵᠠᠰᠠᠭ ᠤᠨ ᠶᠠᠪᠤᠳᠠᠯ ᠤᠨ ᠭᠠᠳᠠᠷ ᠰᠦᠯᠵᠢᠶ᠎ᠡ ᠪᠠᠷ ᠠᠴᠢᠶᠠᠯᠠᠪᠤᠷᠢ | ᠪᠣᠯᠭᠠᠵᠤ᠂ ᠬᠠᠮᠲᠤ ᠳᠤ ᠪᠠᠨ ᠬᠦᠷᠲᠡᠵᠦ ᠰᠣᠯᠢᠯᠴᠠᠬᠤ ᠲᠠᠪᠴᠠᠩ ᠢᠶᠠᠷ ᠪᠣᠰᠣᠳ ᠵᠠᠰᠠᠭ ᠤᠨ ᠶᠠᠪᠤᠳᠠᠯ ᠤᠨ ᠰᠠᠯᠠᠭ᠎ᠠ | ᠮᠦᠴᠢᠷ ᠲᠠᠢ ᠳ᠋ᠠᠶᠢᠲ᠋ᠠ ᠪᠠᠨ ᠰᠣᠯᠢᠯᠴᠠᠨ ᠬᠠᠮᠲᠤ ᠳᠤ ᠪᠠᠨ ᠬᠦᠷᠲᠡᠬᠦ ᠬᠡᠷᠡᠭᠲᠡᠢ᠃ ᠡᠯ᠎ᠡ ᠵᠠᠰᠠᠭ ᠤᠨ ᠶᠠᠪᠤᠳᠠᠯ ᠤᠨ | ᠰᠠᠯᠠᠭ᠎ᠠ ᠮᠦᠴᠢᠷ ᠨᠢ ᠲᠤᠰ ᠰᠠᠯᠠᠭ᠎ᠠ ᠮᠦᠴᠢᠷ ᠤᠨ ᠲᠤᠬᠠᠶᠢᠯᠠᠭᠰᠠᠨ ᠠᠵᠢᠯ ᠤᠨ ᠮᠡᠳᠡᠭᠡ ᠵᠠᠩᠭᠢ ᠶᠢᠨ ᠰᠢᠰᠲ᠋ᠧᠮ ᠢ | ᠡᠯᠧᠺᠲᠷᠤᠨ ᠵᠠᠰᠠᠭ ᠤᠨ ᠶᠠᠪᠤᠳᠠᠯ ᠤᠨ ᠳᠣᠲᠣᠭᠠᠳᠤ ᠰᠦᠯᠵᠢᠶ᠎ᠡ ᠪᠣᠶᠤ ᠡᠯᠧᠺᠲᠷᠤᠨ ᠵᠠᠰᠠᠭ ᠤᠨ ᠶᠠᠪᠤᠳᠠᠯ ᠤᠨ | ᠭᠠᠳᠠᠷ ᠰᠦᠯᠵᠢᠶ᠎ᠡ ᠲᠡᠰᠢ ᠰᠢᠯᠵᠢᠭᠦᠯᠬᠦ ᠶᠢ ᠱᠠᠯᠠᠪᠳᠠᠨ ᠠᠬᠢᠭᠤᠯᠬᠤ ᠶᠢᠨ ᠬᠠᠮᠲᠤ᠂ ᠲᠤᠰ ᠭᠠᠵᠠᠷ ᠣᠷᠣᠨ ᠤ | ᠬᠠᠮᠲᠦ ᠳᠤ ᠪᠠᠨ ᠬᠦᠷᠲᠡᠵᠦ ᠰᠣᠯᠢᠯᠴᠠᠬᠤ ᠲᠠᠪᠴᠠᠩ ᠳᠤ ᠵᠠᠯᠭᠠᠨ ᠣᠷᠤᠭᠤᠯᠬᠤ ᠬᠡᠷᠡᠭᠲᠡᠢ᠃ ᠰᠠᠯᠠᠭ᠎ᠠ ᠮᠦᠴᠢᠷ | ᠠᠯᠤᠰᠯᠠᠨ ᠮᠡᠳᠡᠭᠡ ᠵᠠᠩᠭᠢ ᠶᠢ ᠬᠠᠮᠲᠤ ᠳᠤ ᠪᠠᠨ ᠬᠦᠷᠲᠡᠬᠦ ᠴᠢᠬᠤᠯᠠ ᠲᠠᠢ ᠲᠤᠬᠠᠶᠢᠯᠠᠭᠰᠠᠨ ᠠᠵᠢᠯ ᠤᠨ ᠮᠡᠳᠡᠭᠡ | ᠵᠠᠩᠭᠢ ᠶᠢᠨ ᠰᠢᠨ᠎ᠡ ᠪᠠᠷ ᠪᠠᠶᠢᠭᠤᠯᠤᠭᠰᠠᠨ ᠰᠢᠰᠲ᠋ᠧᠮ ᠨᠢ ᠡᠷᠭᠡᠪᠰᠢ ᠬᠠᠮᠲᠤ ᠳᠤ ᠪᠠᠨ ᠬᠦᠷᠲᠡᠵᠦ ᠰᠣᠯᠢᠯᠴᠠᠬᠤ | ᠲᠠᠪᠴᠠᠩ ᠢᠶᠠᠷ ᠳᠠᠮᠵᠢᠵᠤ ᠮᠡᠳᠡᠭᠡ ᠵᠠᠩᠭᠢ ᠶᠢᠨ ᠬᠠᠮᠲᠤ ᠳᠤ ᠪᠠᠨ ᠬᠦᠷᠲᠡᠬᠦ ᠶᠢ ᠪᠡᠶᠡᠯᠡᠭᠦᠯᠦᠨ᠎ᠡ᠂ ᠰᠠᠯᠠᠭ᠎ᠠ ᠮᠦᠴᠢᠷ | ᠠᠯᠤᠰᠯᠠᠨ ᠮᠡᠳᠡᠭᠡ ᠵᠠᠩᠭᠢ ᠶᠢ ᠬᠠᠮᠲᠤ ᠳᠠᠭᠠᠨ ᠬᠦᠷᠲᠡᠵᠦ ᠰᠣᠯᠢᠯᠴᠠᠬᠤ ᠤᠭ ᠤᠨ ᠰᠢᠰᠲ᠋ᠧᠮ ᠢ ᠠᠯᠬᠤᠮ | ᠠᠯᠬᠤᠮ ᠢᠶᠠᠷ ᠥᠪᠡᠷᠲᠡᠭᠡᠨ ᠵᠠᠰᠠᠬᠤ ᠣᠷᠣᠨ ᠤ ᠬᠠᠮᠲᠤ ᠳᠤ ᠪᠠᠨ ᠬᠦᠷᠲᠡᠵᠦ ᠰᠣᠯᠢᠯᠴᠠᠬᠤ ᠲᠠᠪᠴᠠᠩ ᠳᠤ | ᠰᠢᠯᠵᠢᠭᠦᠯᠦᠨ ᠣᠷᠤᠭᠤᠯᠬᠤ ᠬᠡᠷᠡᠭᠲᠡᠢ᠃ | ᠠᠷᠪᠠᠨ ᠨᠠᠢᠮᠠᠳᠤᠭᠠᠷ ᠵᠦᠢᠯ ︽ᠬᠡᠨ ᠭᠤᠣᠯᠴᠢᠯᠠᠨ ᠬᠠᠮᠢᠶᠠᠷᠪᠠᠯ᠂ ᠲᠠᠷᠠ ᠬᠠᠩᠭᠠᠵᠤ ᠥᠭᠬᠦ᠂ ᠲᠠᠷᠠ | ᠬᠠᠷᠢᠭᠤᠴᠠᠬᠤ︾ ᠵᠠᠷᠴᠢᠮ ᠶᠣᠰᠤᠭᠠᠷ᠂ ᠬᠠᠩᠭᠠᠵᠤ ᠥᠭᠬᠦ ᠰᠠᠯᠠᠭ᠎ᠠ ᠮᠦᠴᠢᠷ ᠨᠢ ᠬᠠᠮᠲᠤ ᠳᠤ ᠪᠠᠨ ᠬᠦᠷᠲᠡᠬᠦ ᠮᠡᠳᠡᠭᠡ | ᠵᠠᠩᠭᠢ ᠶᠢᠨ ᠴᠤᠭᠯᠠᠭᠤᠯᠬᠤ᠂ ᠬᠠᠮᠠᠭᠠᠯᠠᠬᠤ ᠪᠠ ᠰᠢᠨᠡᠳᠭᠡᠬᠦ ᠲᠣᠭᠲᠠᠴᠠ ᠶᠢ ᠪᠠᠶᠢᠭᠤᠯᠵᠤ᠂ ᠬᠠᠩᠭᠠᠨ ᠥᠭᠭᠦᠭᠰᠡᠨ | ᠬᠠᠮᠲᠤ ᠳᠤ ᠪᠠᠨ ᠬᠦᠷᠲᠡᠬᠦ ᠮᠡᠳᠡᠭᠡ ᠵᠠᠩᠭᠢ ᠶᠢ ᠬᠦᠳᠡᠯᠦᠩᠭᠦᠢ ᠪᠠᠷ ᠬᠠᠮᠢᠶᠠᠷᠴᠤ᠂ ᠳ᠋ᠠᠶᠢᠲ᠋ᠠ ᠶᠢᠨ ᠪᠦᠷᠢᠨ ᠪᠦᠲᠦᠨ | ᠴᠢᠨᠠᠷ᠂ ᠣᠨᠣᠪᠴᠢᠲᠤ ᠴᠢᠨᠠᠷ᠂ ᠬᠦᠴᠦᠨ ᠲᠡᠭᠦᠯᠳᠡᠷ ᠬᠤᠭᠤᠴᠠᠭᠠᠲᠤ ᠴᠢᠨᠠᠷ ᠪᠣᠯᠣᠨ ᠬᠡᠷᠡᠭᠯᠡᠭᠳᠡᠬᠦ ᠴᠢᠨᠠᠷ ᠢ | ᠪᠠᠲᠤᠯᠠᠵᠤ᠂ ᠬᠠᠩᠭᠠᠵᠤ ᠥᠭᠭᠦᠭᠰᠡᠨ ᠬᠠᠮᠲᠤ ᠳᠤ ᠪᠠᠨ ᠬᠦᠷᠲᠡᠬᠦ ᠮᠡᠳᠡᠭᠡ ᠵᠠᠩᠭᠢ ᠨᠢ ᠲᠤᠰ ᠰᠠᠯᠠᠭ᠎ᠠ ᠮᠦᠴᠢᠷ ᠤᠨ | ᠡᠵᠡᠮᠰᠢᠵᠦ ᠪᠦᠬᠦᠢ ᠮᠡᠳᠡᠭᠡ ᠵᠠᠩᠭᠢ ᠯᠤᠭ᠎ᠠ ᠶᠢᠨ ᠨᠢᠭᠡᠳᠦᠯᠲᠦ ᠴᠢᠨᠠᠷ ᠢ ᠦᠨᠡᠨ ᠬᠦ ᠪᠠᠲᠤᠯᠠᠬᠤ ᠬᠡᠷᠡᠭᠲᠡᠢ᠃ | ᠬᠠᠩᠭᠠᠵᠤ ᠥᠭᠭᠦᠭᠰᠡᠨ ᠰᠠᠯᠠᠭ᠎ᠠ ᠮᠦᠴᠢᠷ ᠨᠢ ᠬᠡᠷᠡᠭᠯᠡᠬᠦ ᠰᠠᠯᠠᠭ᠎ᠠ ᠮᠦᠴᠢᠷ ᠲᠤ ᠬᠠᠮᠲᠤ ᠳᠤ ᠪᠠᠨ ᠬᠦᠷᠲᠡᠬᠦ | ᠮᠡᠳᠡᠭᠡ ᠵᠠᠩᠭᠢ ᠬᠠᠩᠭᠠᠵᠤ ᠥᠭᠬᠦ ᠳᠤ᠂ ᠮᠡᠳᠡᠭᠡ ᠵᠠᠩᠭᠢ ᠶᠢᠨ ᠬᠠᠮᠲᠤ ᠳᠤ ᠪᠠᠨ ᠬᠦᠷᠲᠡᠬᠦ ᠬᠦᠷᠢᠶ᠎ᠡ ᠬᠡᠪᠴᠢᠶ᠎ᠡ ᠪᠠ | ᠬᠡᠷᠡᠭᠯᠡᠬᠦ ᠬᠡᠷᠡᠭᠯᠡᠮᠵᠢ ︵ᠵᠢᠱᠢᠶᠡᠯᠡᠪᠡᠯ᠂ ᠵᠠᠰᠠᠭ ᠵᠠᠬᠢᠷᠭᠠᠨ ᠤ ᠦᠨᠳᠦᠰᠦᠯᠡᠯ᠂ ᠠᠵᠢᠯ ᠤᠨ ᠯᠠᠪᠯᠠᠯᠲᠠ ᠪᠣᠯᠭᠠᠵᠤ᠂ | ᠳ᠋ᠠᠶᠢᠲ᠋ᠠ ᠶᠢᠨ ᠬᠠᠷᠭᠤᠭᠤᠯᠤᠨ ᠬᠢᠨᠠᠬᠤ᠂ ᠲᠤᠬᠠᠶᠢᠯᠠᠭᠰᠠᠨ ᠠᠵᠢᠯ ᠢ ᠵᠣᠬᠢᠴᠠᠯᠳᠤᠭᠤᠯᠬᠤ ᠵᠡᠷᠭᠡ ᠳᠤ ᠬᠡᠷᠡᠭᠯᠡᠨ᠎ᠡ︶ | ᠶᠢ ᠨᠢ ᠲᠣᠳᠣᠷᠬᠠᠶᠢᠯᠠᠵᠤ᠂ ᠵᠠᠷᠴᠢᠮ ᠳᠡᠭᠡᠷ᠎ᠡ ᠪᠠᠨ ᠬᠠᠮᠲᠤ ᠳᠤ ᠪᠠᠨ ᠬᠦᠷᠲᠡᠵᠦ ᠰᠣᠯᠢᠯᠴᠠᠬᠤ ᠲᠠᠪᠴᠠᠩ ᠢᠶᠠᠷ | ᠬᠠᠩᠭᠠᠵᠤ ᠥᠭᠭᠦᠨ᠎ᠡ᠂ ᠰᠢᠰᠲ᠋ᠧᠮᠵᠢ ᠪᠠᠷ ᠵᠠᠯᠭᠠᠯᠳᠤᠭᠤᠯᠬᠤ᠂ ᠤᠷᠢᠳᠠᠯᠲᠤ ᠲᠣᠬᠢᠷᠠᠭᠤᠯᠤᠯ ᠮᠠᠰᠢᠨ ᠢᠶᠠᠷ | ᠬᠠᠮᠲᠤ ᠳᠤ ᠪᠠᠨ ᠬᠦᠷᠲᠡᠬᠦ᠂ ᠵᠠᠯᠭᠠᠭᠤᠯᠵᠤ ᠬᠠᠶᠢᠨ ᠯᠠᠪᠯᠠᠬᠤ᠂ ᠰᠠᠯᠠᠭ᠎ᠠ ᠮᠦᠴᠢᠷ ᠤᠳ ᠪᠦᠭᠡᠮ ᠢᠶᠠᠷ ᠪᠠᠭᠤᠯᠭᠠᠬᠤ | ᠵᠡᠷᠭᠡ ᠠᠷᠭ᠎ᠠ ᠮᠠᠶ᠋ᠢᠭ ᠢ ᠬᠡᠷᠡᠭᠯᠡᠬᠦ ᠶᠢ ᠨᠢ ᠵᠣᠷᠢᠬᠵᠢᠭᠤᠯᠤᠨ᠎ᠠ᠃ | ᠵᠠᠰᠠᠭ ᠤᠨ ᠶᠠᠪᠤᠳᠠᠯ ᠤᠨ ᠰᠠᠯᠠᠭ᠎ᠠ ᠮᠦᠴᠢᠷ ᠨᠢ ᠨᠢᠭᠡᠨᠲᠡ ᠨᠡᠶᠢᠲᠡᠯᠡᠭᠰᠡᠨ ᠬᠠᠮᠲᠤ ᠳᠤ ᠪᠠᠨ ᠬᠦᠷᠲᠡᠬᠦ | ᠳ᠋ᠠᠶᠢᠲ᠋ᠠ ᠶᠢ ᠬᠠᠩᠭᠠᠵᠤ ᠥᠭᠬᠦ ᠪᠠᠨ ᠵᠣᠭᠰᠣᠭᠠᠬᠤ ᠴᠢᠬᠤᠯᠠ ᠲᠠᠢ ᠪᠣᠯ᠂ ᠵᠦᠢ ᠶᠣᠰᠤᠨ ᠤ ᠰᠢᠯᠲᠠᠭᠠᠨ ᠢᠶᠠᠨ | ᠲᠣᠳᠣᠷᠬᠠᠶᠢᠯᠠᠵᠤ ᠥᠭᠬᠦ ᠶᠢᠨ ᠬᠠᠮᠲᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠤᠨ | ᠨᠢᠭᠡᠳᠦᠯᠲᠡᠢ ᠲᠥᠯᠥᠪᠵᠢᠭᠦᠯᠦᠨ ᠬᠠᠮᠢᠶᠠᠷᠬᠤ ᠰᠠᠯᠠᠭ᠎ᠠ ᠮᠦᠴᠢᠷ ᠲᠤ ᠤᠷᠢᠳᠴᠢᠯᠠᠨ ᠮᠡᠳᠡᠭᠦᠯᠵᠦ ᠳᠠᠩᠰᠠᠯᠠᠭᠤᠯᠬᠤ | ᠬᠡᠷᠡᠭᠲᠡᠢ᠃ | ᠠᠷᠪᠠ ᠶᠢᠰᠦᠳᠦᠭᠡᠷ ᠵᠦᠢᠯ ᠬᠡᠷᠡᠭᠯᠡᠬᠦ ᠰᠠᠯᠠᠭ᠎ᠠ ᠮᠦᠴᠢᠷ ᠨᠢ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ | ᠬᠡᠷᠡᠭᠴᠡᠭᠡ ᠶᠢ ᠦᠨᠳᠦᠰᠦᠯᠡᠨ ᠬᠠᠮᠲᠤ ᠳᠤ ᠪᠠᠨ ᠬᠦᠷᠲᠡᠬᠦ ᠮᠡᠳᠡᠭᠡ ᠵᠠᠩᠭᠢ ᠶᠢ ᠬᠡᠷᠡᠭᠯᠡᠬᠦ ᠬᠡᠷᠡᠭᠲᠡᠢ᠃ ᠨᠦᠬᠦᠴᠡᠯ | ᠦᠭᠡᠢ ᠪᠠᠷ ᠬᠠᠮᠲᠤ ᠳᠤ ᠪᠠᠨ ᠬᠦᠷᠲᠡᠬᠦ ᠲᠥᠷᠥᠯ ᠳᠤ ᠬᠠᠷᠢᠶᠠᠯᠠᠭᠳᠠᠬᠤ ᠮᠡᠳᠡᠭᠡ ᠵᠠᠩᠭᠢ ᠶᠢᠨ ᠡᠬᠢ ᠪᠠᠶᠠᠯᠢᠭ ᠢ ᠪᠣᠯ | ᠬᠡᠷᠡᠭᠯᠡᠬᠦ ᠰᠠᠯᠠᠭ᠎ᠠ ᠮᠦᠴᠢᠷ ᠨᠢ ᠬᠠᠮᠲᠤ ᠳᠤ ᠪᠠᠨ ᠬᠦᠷᠲᠡᠵᠦ ᠰᠣᠯᠢᠯᠴᠠᠬᠤ ᠲᠠᠪᠴᠠᠩ ᠠᠴᠠ ᠰᠢᠭᠤᠳ ᠠᠪᠴᠤ | ᠬᠡᠷᠡᠭᠯᠡᠨ᠎ᠡ︔ ᠨᠦᠬᠦᠴᠡᠯ ᠲᠠᠢ ᠪᠠᠷ ᠬᠠᠮᠲᠤ ᠳᠤ ᠪᠠᠨ ᠬᠦᠷᠲᠡᠬᠦ ᠲᠥᠷᠥᠯ ᠳᠤ ᠬᠠᠷᠢᠶᠠᠯᠠᠭᠳᠠᠬᠤ ᠮᠡᠳᠡᠭᠡ ᠵᠠᠩᠭᠢ ᠶᠢᠨ | ᠡᠬᠢ ᠪᠠᠶᠠᠯᠢᠭ ᠢ ᠪᠣᠯ ᠬᠡᠷᠡᠭᠯᠡᠬᠦ ᠰᠠᠯᠠᠭ᠎ᠠ ᠮᠦᠴᠢᠷ ᠨᠢ ᠬᠠᠮᠲᠤ ᠳᠤ ᠪᠠᠨ ᠬᠦᠷᠲᠡᠵᠦ ᠰᠣᠯᠢᠯᠴᠠᠬᠤ ᠲᠠᠪᠴᠠᠩ ᠢᠶᠠᠷ | ᠬᠠᠩᠭᠠᠵᠤ ᠥᠭᠬᠦ ᠰᠠᠯᠠᠭ᠎ᠠ ᠮᠦᠴᠢᠷ ᠲᠤ ᠭᠤᠶᠤᠴᠢᠯᠠᠯ ᠭᠠᠷᠭᠠᠨ᠎ᠠ᠂ ᠬᠠᠩᠭᠠᠵᠤ ᠥᠭᠬᠦ ᠰᠠᠯᠠᠭ᠎ᠠ ᠮᠦᠴᠢᠷ ᠨᠢ 10 | ᠠᠵᠢᠯᠯᠠᠬᠤ ᠡᠳᠦᠷ ᠲᠤ ᠬᠠᠷᠢᠭᠤ ᠦᠭᠴᠦ᠂ ᠬᠡᠷᠡᠭᠯᠡᠬᠦ ᠰᠠᠯᠠᠭ᠎ᠠ ᠮᠦᠴᠢᠷ ᠨᠢ ᠬᠠᠷᠢᠭᠤ ᠥᠭᠭᠦᠭᠰᠡᠨ ᠰᠠᠨᠠᠯ ᠢᠶᠠᠷ | ᠬᠠᠮᠲᠤ ᠳᠤ ᠪᠠᠨ ᠬᠦᠷᠲᠡᠬᠦ ᠮᠡᠳᠡᠭᠡ ᠵᠠᠩᠭᠢ ᠶᠢ ᠬᠡᠷᠡᠭᠯᠡᠨ᠎ᠡ᠂ ᠬᠠᠮᠲᠤ ᠳᠤ ᠪᠠᠨ ᠬᠦᠷᠲᠡᠬᠦ ᠶᠢ ᠥᠯᠥ ᠵᠦᠪᠰᠢᠶᠡᠷᠡᠭᠰᠡᠨ | ᠪᠣᠯ ᠬᠠᠩᠭᠠᠵᠤ ᠥᠭᠬᠦ ᠰᠠᠯᠠᠭ᠎ᠠ ᠮᠦᠴᠢᠷ ᠨᠢ ᠰᠢᠯᠲᠠᠭᠠᠨ ᠢᠶᠠᠨ ᠲᠣᠳᠣᠷᠬᠠᠶᠢᠯᠠᠬᠤ ᠬᠡᠷᠡᠭᠲᠡᠢ︔ ᠬᠠᠮᠲᠤ ᠳᠤ ᠪᠠᠨ | ᠬᠦᠷᠲᠡᠬᠦ ᠶᠢ ᠥᠯᠥ ᠵᠦᠪᠰᠢᠶᠡᠷᠡᠬᠦ ᠲᠥᠷᠥᠯ ᠳᠤ ᠬᠠᠷᠢᠶᠠᠯᠠᠭᠳᠠᠬᠤ ᠮᠡᠳᠡᠭᠡ ᠵᠠᠩᠭᠢ ᠶᠢᠨ ᠡᠬᠢ ᠪᠠᠶᠠᠯᠢᠭ᠂ ᠵᠢᠴᠢ | ᠨᠦᠬᠦᠴᠡᠯ ᠲᠠᠢ ᠪᠠᠷ ᠬᠠᠮᠲᠤ ᠳᠤ ᠪᠠᠨ ᠬᠦᠷᠲᠡᠬᠦ ᠲᠥᠷᠥᠯ ᠤᠨ ᠳᠣᠲᠣᠷᠠᠬᠢ ᠬᠠᠩᠭᠠᠵᠤ ᠥᠭᠬᠦ ᠰᠠᠯᠠᠭ᠎ᠠ ᠮᠦᠴᠢᠷ ᠨᠢ | ᠬᠠᠮᠲᠤ ᠳᠤ ᠪᠠᠨ ᠬᠦᠷᠲᠡᠬᠦ ᠶᠢ ᠥᠯᠥ ᠵᠦᠪᠰᠢᠶᠡᠷᠡᠬᠦ ᠮᠡᠳᠡᠭᠡ ᠵᠠᠩᠭᠢ ᠶᠢᠨ ᠡᠬᠢ ᠪᠠᠶᠠᠯᠢᠭ ᠢ ᠪᠣᠯ ᠬᠡᠷᠡᠭᠯᠡᠬᠦ ᠰᠠᠯᠠᠭ᠎ᠠ | ᠮᠦᠴᠢᠷ ᠤᠳ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠳᠤ ᠵᠠᠪᠠᠯ ᠬᠡᠷᠡᠭᠯᠡᠬᠦ ᠴᠢᠬᠤᠯᠠ ᠲᠠᠢ ᠪᠣᠯ᠂ ᠬᠡᠷᠡᠭᠯᠡᠬᠦ | ᠰᠠᠯᠠᠭ᠎ᠠ ᠮᠦᠴᠢᠷ ᠠᠴᠠ ᠬᠠᠩᠭᠠᠵᠤ ᠥᠭᠬᠦ ᠰᠠᠯᠠᠭ᠎ᠠ ᠮᠦᠴᠢᠷ ᠯᠦᠭᠡ 10 ᠠᠵᠢᠯᠯᠠᠬᠤ ᠡᠳᠦᠷ ᠲᠤ ᠵᠦᠪᠳᠡᠯᠴᠡᠨ | ᠰᠢᠢᠳᠪᠦᠷᠢᠯᠡᠬᠦ ᠬᠡᠷᠡᠭᠲᠡᠢ᠂ ᠵᠦᠪᠳᠡᠯᠴᠡᠭᠡᠳ ᠦᠷ᠎ᠡ ᠳ᠋ᠦᠩ ᠭᠠᠷᠤᠭᠰᠠᠨ ᠦᠭᠡᠢ ᠪᠣᠯ ᠲᠤᠰ ᠱᠠᠲᠤᠨ ᠤ ᠵᠠᠰᠠᠭ ᠤᠨ | ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤ ᠳᠤ ᠪᠠᠨ ᠬᠦᠷᠲᠡᠬᠦ ᠶᠢᠨ ᠭᠤᠣᠯᠴᠢᠯᠠᠨ ᠬᠠᠮᠢᠶᠠᠷᠬᠤ | ᠰᠠᠯᠠᠭ᠎ᠠ ᠮᠦᠴᠢᠷ ᠠᠴᠠ 30 ᠠᠵᠢᠯᠯᠠᠬᠤ ᠡᠳᠦᠷ ᠲᠤ ᠵᠣᠬᠢᠴᠠᠭᠤᠯᠤᠨ ᠰᠢᠢᠳᠪᠦᠷᠢᠯᠡᠬᠦ ᠬᠡᠷᠡᠭᠲᠡᠢ᠃ | ᠬᠤᠷᠢᠳᠤᠭᠠᠷ ᠵᠦᠢᠯ ︽ᠬᠡᠨ ᠭᠠᠷᠳᠠᠵᠤ ᠬᠢᠭᠰᠡᠨ ᠪᠣᠯ ᠲᠠᠷᠠ ᠬᠡᠷᠡᠭᠯᠡᠬᠦ᠂ ᠲᠠᠷᠠ ᠬᠠᠮᠢᠶᠠᠷᠤᠭᠰᠠᠨ ᠪᠣᠯ ᠬᠡᠨ | ᠬᠠᠷᠢᠭᠤᠴᠠᠬᠤ︾ ᠵᠠᠷᠴᠢᠮ ᠶᠣᠰᠤᠭᠠᠷ᠂ ᠬᠡᠷᠡᠭᠯᠡᠬᠦ ᠰᠠᠯᠠᠭ᠎ᠠ ᠮᠦᠴᠢᠷ ᠨᠢ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ | ᠬᠡᠷᠡᠭᠴᠡᠭᠡ ᠶᠢ ᠦᠨᠳᠦᠰᠦᠯᠡᠨ ᠬᠠᠤᠯᠢ ᠲᠣᠭᠲᠠᠭᠠᠯ ᠶᠣᠰᠤᠭᠠᠷ ᠬᠠᠮᠲᠤ ᠳᠤ ᠪᠠᠨ ᠬᠦᠷᠲᠡᠬᠦ ᠮᠡᠳᠡᠭᠡ ᠵᠠᠩᠭᠢ ᠶᠢ | ᠬᠡᠷᠡᠭᠯᠡᠬᠦ ᠶᠢᠨ ᠬᠠᠮᠲᠤ᠂ ᠬᠠᠮᠲᠤ ᠳᠤ ᠪᠠᠨ ᠬᠦᠷᠲᠡᠬᠦ ᠮᠡᠳᠡᠭᠡ ᠵᠠᠩᠭᠢ ᠶᠢ ᠬᠡᠷᠡᠭᠯᠡᠬᠦ ᠪᠦᠬᠦ ᠶᠠᠪᠤᠴᠠ ᠳᠠᠬᠢ | ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃ | ᠬᠡᠷᠡᠭᠯᠡᠬᠦ ᠰᠠᠯᠠᠭ᠎ᠠ ᠮᠦᠴᠢᠷ ᠨᠢ ᠬᠠᠮᠲᠤ ᠳᠤ ᠪᠠᠨ ᠬᠦᠷᠲᠡᠵᠦ ᠰᠣᠯᠢᠯᠴᠠᠬᠤ ᠲᠠᠪᠴᠠᠩ ᠠᠴᠠ ᠬᠦᠷᠲᠡᠯᠴᠡᠨ | ᠣᠯᠣᠭᠰᠠᠨ ᠮᠡᠳᠡᠭᠡ ᠵᠠᠩᠭᠢ ᠶᠢ ᠪᠣᠯ ᠲᠣᠳᠣᠷᠬᠠᠢ ᠲᠣᠭᠲᠠᠭᠠᠭᠰᠠᠨ ᠬᠡᠷᠡᠭᠯᠡᠬᠦ ᠬᠡᠷᠡᠭᠯᠡᠮᠵᠢ ᠶᠣᠰᠤᠭᠠᠷ ᠲᠤᠰ ᠰᠠᠯᠠᠭ᠎ᠠ | ᠮᠦᠴᠢᠷ ᠤᠨ ᠢᠶᠠᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠬᠡᠷᠡᠭᠴᠡᠭᠡ ᠳᠤ ᠯᠡ ᠬᠡᠷᠡᠭᠯᠡᠵᠦ ᠪᠣᠯᠣᠨ᠎ᠠ᠂ | ᠰᠢᠭᠤᠳ ᠪᠣᠶᠤ ᠳ᠋ᠠᠶᠢᠲ᠋ᠠ ᠶᠢᠨ ᠬᠡᠯᠪᠡᠷᠢ ᠶᠢ ᠨᠢ ᠬᠤᠪᠢᠷᠠᠭᠤᠯᠬᠤ ᠵᠡᠷᠭᠡ ᠠᠷᠭ᠎ᠠ ᠮᠠᠶ᠋ᠢᠭ ᠢᠶᠠᠷ ᠭᠤᠷᠪᠠᠳᠤᠭᠠᠷ | ᠡᠲᠡᠭᠡᠳ ᠲᠤ ᠬᠠᠩᠭᠠᠨ ᠥᠭᠴᠦ ᠪᠣᠯᠬᠤ ᠦᠭᠡᠢ᠂ ᠮᠦᠨ ᠴᠦ ᠪᠣᠰᠣᠳ ᠵᠣᠷᠢᠯᠭ᠎ᠠ ᠪᠠᠷ ᠬᠡᠷᠡᠭᠯᠡᠬᠦ ᠪᠣᠶᠤ | ᠬᠤᠪᠢᠷᠠᠭᠤᠯᠤᠨ ᠬᠡᠷᠡᠭᠯᠡᠵᠦ ᠪᠣᠯᠬᠤ ᠦᠭᠡᠢ᠃ | ᠬᠠᠮᠲᠤ ᠳᠤ ᠪᠠᠨ ᠬᠦᠷᠲᠡᠵᠦ ᠰᠣᠯᠢᠯᠴᠠᠬᠤ ᠲᠠᠪᠴᠠᠩ ᠠᠴᠠ ᠣᠯᠵᠤ ᠪᠣᠯᠬᠤ ᠮᠡᠳᠡᠭᠡ ᠵᠠᠩᠭᠢ ᠳᠤ | ᠬᠠᠷᠢᠶᠠᠯᠠᠭᠳᠠᠪᠠᠯ᠂ ᠡᠯ᠎ᠡ ᠵᠠᠰᠠᠭ ᠤᠨ ᠶᠠᠪᠤᠳᠠᠯ ᠤᠨ ᠰᠠᠯᠠᠭ᠎ᠠ ᠮᠦᠴᠢᠷ ᠨᠢ ᠵᠠᠷᠴᠢᠮ ᠳᠡᠭᠡᠷ᠎ᠡ ᠪᠠᠨ ᠪᠠᠶᠢᠭᠠᠯᠢᠭ ᠬᠦᠮᠦᠨ᠂ | ᠬᠠᠤᠯᠢ ᠶᠢᠨ ᠡᠷᠬᠡᠲᠡᠨ ᠪᠣᠶᠤ ᠪᠣᠰᠣᠳ ᠵᠣᠬᠢᠶᠠᠨ ᠪᠠᠶᠢᠭᠤᠯᠤᠯᠲᠠ ᠶᠢ ᠳᠠᠬᠢᠨᠲᠠ ᠲᠤᠰᠢᠶᠠᠯᠭᠠᠬᠤ ᠪᠠᠷ ᠱᠠᠭᠠᠷᠳᠠᠵᠤ | ᠪᠣᠯᠬᠤ ᠦᠭᠡᠢ᠃ | ᠬᠤᠷᠢᠨ ᠨᠢᠭᠡᠳᠦᠭᠡᠷ ᠵᠦᠢᠯ ᠮᠠᠳᠠᠭ ᠲᠠᠢ᠂ ᠠᠯᠳᠠᠭ᠎ᠠ ᠲᠠᠢ ᠮᠡᠳᠡᠭᠡ ᠵᠠᠩᠭᠢ ᠳᠤ ᠱᠠᠯᠠᠪᠳᠠᠨ ᠬᠠᠷᠭᠤᠭᠤᠯᠵᠤ | ᠬᠢᠨᠠᠬᠤ ᠲᠣᠭᠲᠠᠴᠠ ᠶᠢ ᠪᠠᠶᠢᠭᠤᠯᠤᠨ᠂ ᠬᠡᠷᠡᠭᠯᠡᠬᠦ ᠰᠠᠯᠠᠭ᠎ᠠ ᠮᠦᠴᠢᠷ ᠨᠢ ᠣᠯᠵᠤ ᠬᠦᠷᠲᠡᠭᠰᠡᠨ ᠬᠠᠮᠲᠤ ᠳᠤ ᠪᠠᠨ | ᠬᠦᠷᠲᠡᠬᠦ ᠮᠡᠳᠡᠭᠡ ᠵᠠᠩᠭᠢ ᠳᠤ ᠮᠠᠳᠠᠭ ᠲᠠᠢ ᠪᠣᠶᠤ ᠢᠯᠡᠷᠬᠡᠢ ᠠᠯᠳᠠᠭ᠎ᠠ ᠲᠠᠢ ᠪᠠᠶᠢᠬᠤ ᠶᠢ ᠣᠯᠵᠤ ᠮᠡᠳᠡᠭᠰᠡᠨ ᠪᠣᠯ᠂ | ᠠᠰᠠᠭᠤᠳᠠᠯ ᠢ ᠣᠯᠵᠤ ᠮᠡᠳᠡᠭᠰᠡᠨ 5 ᠠᠵᠢᠯᠯᠠᠬᠤ ᠡᠳᠦᠷ ᠲᠤ ᠬᠠᠩᠭᠠᠵᠤ ᠥᠭᠭᠦᠭᠰᠡᠨ ᠰᠠᠯᠠᠭ᠎ᠠ ᠮᠦᠴᠢᠷ ᠲᠤ | ᠬᠠᠷᠭᠤᠭᠤᠯᠤᠨ ᠬᠢᠨᠠᠭᠤᠯᠬᠤ ᠪᠠᠷ ᠪᠣᠴᠠᠭᠠᠨ ᠲᠤᠰᠬᠠᠵᠤ᠂ ᠬᠠᠩᠭᠠᠵᠤ ᠥᠭᠭᠦᠭᠰᠡᠨ ᠰᠠᠯᠠᠭ᠎ᠠ ᠮᠦᠴᠢᠷ ᠨᠢ 10 | ᠠᠵᠢᠯᠯᠠᠬᠤ ᠡᠳᠦᠷ ᠲᠤ ᠰᠢᠢᠳᠪᠦᠷᠢᠯᠡᠵᠦ ᠥᠭᠬᠦ ᠪᠠ ᠬᠠᠷᠢᠭᠤ ᠥᠭᠬᠦ ᠬᠡᠷᠡᠭᠲᠡᠢ᠃ ᠬᠠᠷᠭᠤᠭᠤᠯᠤᠨ ᠬᠢᠨᠠᠬᠤ | ᠬᠤᠭᠤᠴᠠᠭᠠᠨ ᠳᠤ᠂ ᠲᠤᠬᠠᠶᠢᠯᠠᠭᠰᠠᠨ ᠠᠵᠢᠯ ᠢ ᠭᠦᠢᠴᠡᠳᠭᠡᠬᠦ ᠳᠤ ᠪᠠᠶᠢᠭᠠᠯᠢᠭ ᠬᠦᠮᠦᠨ᠂ ᠬᠠᠤᠯᠢ ᠶᠢᠨ ᠡᠷᠬᠡᠲᠡᠨ | ᠪᠣᠶᠤ ᠪᠣᠰᠣᠳ ᠵᠣᠬᠢᠶᠠᠨ ᠪᠠᠶᠢᠭᠤᠯᠤᠯᠲᠠ ᠳᠤ ᠬᠤᠯᠪᠣᠭᠳᠠᠭᠰᠠᠨ ᠪᠣᠯ᠂ ᠬᠡᠷᠪᠡ ᠬᠠᠤᠯᠢ ᠶᠣᠰᠤᠨ ᠤ ᠬᠦᠴᠦᠨ ᠪᠦᠬᠦᠢ | ᠭᠡᠷᠡᠴᠢᠯᠡᠬᠦ ᠮᠠᠲ᠋ᠧᠷᠢᠶᠠᠯ ᠢᠶᠠᠨ ᠬᠠᠩᠭᠠᠨ ᠥᠭᠴᠦ᠂ ᠬᠦᠯᠢᠶᠡᠨ ᠠᠪᠴᠤ ᠭᠦᠢᠴᠡᠳᠭᠡᠬᠦ ᠨᠢᠭᠡᠴᠡ ᠨᠢ ᠬᠡᠪ ᠤᠨ | ᠶᠣᠰᠤᠭᠠᠷ ᠭᠦᠢᠴᠡᠳᠭᠡᠭᠰᠡᠨ ᠪᠠᠶᠢᠪᠠᠯ᠂ ᠲᠡᠪᠴᠢᠬᠦ᠂ ᠰᠢᠯᠲᠠᠭᠯᠠᠨ ᠲᠥᠯᠬᠢᠯᠴᠡᠬᠦ ᠪᠣᠶᠤ ᠠᠵᠢᠯ ᠬᠡᠷᠡᠭ | ᠭᠦᠢᠴᠡᠳᠭᠡᠭᠴᠢ ᠶᠢ ᠮᠡᠳᠡᠭᠡ ᠵᠠᠩᠭᠢ ᠪᠠᠨ ᠵᠠᠯᠠᠷᠠᠭᠤᠯᠬᠤ ᠭᠠᠷᠳᠠᠮ ᠭᠦᠢᠴᠡᠳᠭᠡᠯᠭᠡᠬᠦ ᠪᠠᠷ ᠱᠠᠭᠠᠷᠳᠠᠵᠤ ᠪᠣᠯᠬᠤ ᠦᠭᠡᠢ᠃ | | | | ᠲᠠᠪᠤᠳᠤᠭᠠᠷ ᠪᠥᠯᠦᠭ ᠠᠮᠤᠷ ᠲᠦᠪᠰᠢᠨ ᠤ ᠬᠠᠮᠢᠶᠠᠷᠤᠯᠲᠠ | | | ᠬᠤᠷᠢᠨ ᠬᠤᠶᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠢᠨᠲ᠋ᠧᠷ | ᠰᠦᠯᠵᠢᠶ᠎ᠡ ᠶᠢᠨ ᠮᠡᠳᠡᠭᠡ ᠵᠠᠩᠭᠢ ᠶᠢᠨ ᠠᠯᠪᠠᠨ ᠭᠡᠷ ᠠᠴᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ | ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤ ᠳᠤ ᠪᠠᠨ ᠬᠦᠷᠲᠡᠬᠦ ᠲᠣᠣᠷ ᠰᠦᠯᠵᠢᠶ᠎ᠡ ᠶᠢᠨ ᠠᠮᠤᠷ ᠲᠦᠪᠰᠢᠨ ᠤ | ᠬᠠᠮᠢᠶᠠᠷᠤᠯᠲᠠ ᠶᠢᠨ ᠳᠥᠷᠢᠮ᠂ ᠲᠥᠭᠰᠢᠭᠦᠷᠢ ᠶᠢ ᠦᠨᠡᠯᠡᠨ ᠵᠢᠱᠢᠬᠦ ᠳᠥᠷᠢᠮ ᠲᠣᠭᠲᠠᠭᠠᠬᠤ ᠶᠢ ᠬᠠᠷᠢᠭᠤᠴᠠᠵᠤ᠂ | ᠱᠠᠲᠤ ᠪᠠ ᠲᠥᠷᠥᠯ ᠬᠤᠪᠢᠶᠠᠨ ᠬᠠᠮᠢᠶᠠᠷᠬᠤ ᠶᠢ ᠬᠡᠷᠡᠭᠵᠢᠭᠦᠯᠦᠨ᠂ ᠠᠮᠤᠷ ᠲᠦᠪᠰᠢᠨ ᠬᠡᠷᠡᠭᠯᠡᠭᠡᠨ ᠤ ᠳᠥᠷᠢᠮ ᠢ | ᠪᠠᠶᠢᠭᠤᠯᠵᠤ᠂ ᠳ᠋ᠠᠶᠢᠲ᠋ᠠ ᠶᠢ ᠡᠷᠬᠡ ᠳᠠᠪᠠᠭᠤᠯᠤᠨ ᠬᠡᠷᠡᠭᠯᠡᠬᠦ ᠶᠢ ᠰᠡᠷᠭᠡᠶᠢᠯᠡᠨ᠂ ᠵᠠᠰᠠᠭ ᠤᠨ ᠶᠠᠪᠤᠳᠠᠯ ᠤᠨ ᠮᠡᠳᠡᠭᠡ | ᠵᠠᠩᠭᠢ ᠶᠢᠨ ᠡᠬᠢ ᠪᠠᠶᠠᠯᠢᠭ ᠢ ᠴᠤᠭᠯᠠᠭᠤᠯᠬᠤ᠂ ᠬᠠᠮᠲᠤ ᠳᠤ ᠪᠠᠨ ᠬᠦᠷᠲᠡᠬᠦ ᠪᠠ ᠬᠡᠷᠡᠭᠯᠡᠬᠦ ᠶᠠᠪᠤᠴᠠ ᠳᠠᠬᠢ ᠲᠣᠣᠷ | ᠰᠦᠯᠵᠢᠶ᠎ᠡ ᠶᠢᠨ ᠠᠮᠤᠷ ᠲᠦᠪᠰᠢᠨ ᠤ ᠪᠠᠲᠤᠯᠠᠭ᠎ᠠ ᠶᠢᠨ ᠠᠵᠢᠯ ᠢ ᠰᠢᠮᠳᠠᠭᠤᠯᠤᠨ ᠵᠢᠯᠣᠭᠤᠳᠴᠦ᠂ ᠵᠠᠰᠠᠭ ᠤᠨ | ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤ ᠳᠤ ᠪᠠᠨ ᠬᠦᠷᠲᠡᠬᠦ ᠲᠦᠭᠰᠢᠭᠦᠷᠢ ᠶᠢ ᠦᠨᠡᠯᠡᠨ ᠵᠢᠱᠢᠬᠦ | ᠪᠠ ᠠᠮᠤᠷ ᠲᠦᠪᠰᠢᠨ ᠤ ᠬᠢᠨᠠᠨ ᠪᠠᠶᠢᠴᠠᠭᠠᠯᠲᠠ ᠶᠢ ᠵᠢᠯᠣᠭᠤᠳᠤᠨ ᠠᠬᠢᠭᠤᠯᠬᠤ ᠬᠡᠷᠡᠭᠲᠡᠢ᠃ | ᠬᠤᠷᠢᠨ ᠭᠤᠷᠪᠠᠳᠤᠭᠠᠷ ᠵᠦᠢᠯ ᠬᠠᠮᠲᠤ ᠳᠤ ᠪᠠᠨ ᠬᠦᠷᠲᠡᠵᠦ ᠰᠣᠯᠢᠯᠴᠠᠬᠤ ᠲᠠᠪᠴᠠᠩ ᠤᠨ | ᠬᠠᠮᠢᠶᠠᠷᠤᠯᠲᠠ ᠶᠢᠨ ᠨᠢᠭᠡᠴᠢ ᠨᠢ ᠬᠠᠮᠲᠤ ᠳᠤ ᠪᠠᠨ ᠬᠦᠷᠲᠡᠵᠦ ᠰᠣᠯᠢᠯᠴᠠᠬᠤ ᠲᠠᠪᠴᠠᠩ ᠳᠤ ᠠᠮᠤᠷ ᠲᠦᠪᠰᠢᠨ ᠤ | ᠰᠡᠷᠭᠡᠶᠢᠯᠡᠡ ᠬᠠᠮᠠᠭᠠᠯᠠᠬᠤ ᠶᠢ ᠴᠢᠩᠭᠠᠳᠬᠠᠨ᠂ ᠬᠠᠮᠲᠤ ᠳᠤ ᠪᠠᠨ ᠬᠦᠷᠲᠡᠵᠦ ᠰᠣᠯᠢᠯᠴᠠᠬᠤ ᠲᠠᠪᠴᠠᠩ ᠪᠠ ᠮᠡᠳᠡᠭᠡ | ᠵᠠᠩᠭᠢ ᠶᠢᠨ ᠡᠬᠢ ᠪᠠᠶᠠᠯᠢᠭ ᠤᠨ ᠠᠮᠤᠷ ᠲᠦᠪᠰᠢᠨ ᠪᠠ ᠨᠢᠭᠤᠴᠠ ᠶᠢ ᠬᠠᠮᠠᠭᠠᠯᠠᠬᠤ ᠬᠠᠮᠢᠶᠠᠷᠤᠯᠲᠠ ᠶᠢᠨ ᠪᠠᠴᠢᠮ | ᠪᠠᠶᠢᠳᠠᠯ ᠢ ᠠᠷᠭᠠᠴᠠᠬᠤ ᠪᠡᠯᠡᠳᠭᠡᠯ ᠲᠥᠰᠥᠯ ᠲᠤᠭᠲᠠᠭᠠᠵᠤ᠂ ᠰᠢᠰᠲ᠋ᠧᠮ ᠤᠨ ᠠᠮᠤᠷ ᠲᠦᠪᠰᠢᠨ ᠤ ᠥᠪᠡᠰᠦᠪᠡᠨ | ᠪᠠᠶᠢᠴᠠᠭᠠᠬᠤ ᠲᠤᠭᠲᠠᠴᠠ ᠪᠠ ᠭᠠᠢ ᠬᠦᠨᠦᠭᠡᠯ ᠳᠤ ᠲᠠᠭᠠᠷᠢᠭᠳᠠᠭᠰᠠᠨ ᠳᠠᠷᠠᠭᠠᠬᠢ ᠰᠡᠷᠭᠦᠭᠡᠨ ᠵᠠᠰᠠᠬᠤ ᠲᠣᠭᠲᠠᠴᠠ ᠶᠢ | ᠪᠠᠶᠢᠭᠤᠯᠤᠨ᠂ ᠳ᠋ᠠᠶᠢᠲ᠋ᠠ ᠪᠠᠨ ᠨᠦᠬᠡᠴᠡᠯᠡᠬᠦ ᠶᠢ ᠰᠠᠶᠢᠲᠤᠷ ᠬᠢᠵᠦ᠂ ᠪᠡᠶ᠎ᠡ ᠭᠠᠷᠤᠯ ᠤᠨ ᠥᠨᠡᠮᠰᠢᠨ ᠭᠡᠷᠡᠴᠢᠯᠡᠬᠦ᠂ ᠡᠷᠬᠡ | ᠣᠯᠭᠤᠨ ᠬᠠᠮᠢᠶᠠᠷᠬᠤ ᠶᠢ ᠴᠢᠩᠭᠠᠳᠬᠠᠨ᠂ ᠬᠠᠮᠲᠤ ᠳᠤ ᠪᠠᠨ ᠬᠦᠷᠲᠡᠵᠦ ᠰᠣᠯᠢᠯᠴᠠᠬᠤ ᠲᠠᠪᠴᠠᠩ ᠤᠨ ᠠᠵᠢᠯᠯᠠᠭᠠᠨ ᠢ | ᠪᠦᠲᠦᠮᠵᠢᠲᠡᠢ ᠬᠢᠨᠠᠨ ᠡᠵᠡᠮᠰᠢᠵᠦ᠂ ᠬᠠᠮᠲᠤ ᠳᠤ ᠪᠠᠨ ᠬᠦᠷᠲᠡᠵᠦ ᠰᠣᠯᠢᠯᠴᠠᠬᠤ ᠲᠠᠪᠴᠠᠩ ᠤᠨ ᠲᠣᠭᠲᠠᠭᠤᠨ ᠢᠶᠠᠷ | ᠠᠵᠢᠯᠯᠠᠬᠤ ᠵᠢᠴᠢ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤ ᠳᠤ ᠪᠠᠨ ᠬᠦᠷᠲᠡᠵᠦ | ᠰᠣᠯᠢᠯᠴᠠᠬᠤ ᠳᠤ ᠳ᠋ᠠᠶᠢᠲ᠋ᠠ ᠶᠢᠨ ᠪᠦᠷᠢᠨ ᠪᠦᠲᠦᠨ ᠴᠢᠨᠠᠷ ᠪᠣᠯᠣᠨ ᠠᠮᠤᠷ ᠲᠦᠪᠰᠢᠨ ᠴᠢᠨᠠᠷ ᠢ ᠨᠢ ᠦᠨᠡᠨ ᠬᠦ | ᠪᠠᠲᠤᠯᠠᠬᠤ ᠬᠡᠷᠡᠭᠲᠡᠢ᠃ ᠮᠡᠳᠡᠭᠡ ᠵᠠᠩᠭᠢ ᠶᠢᠨ ᠲᠣᠣᠷ ᠰᠦᠯᠵᠢᠶ᠎ᠡ ᠶᠢᠨ ᠠᠮᠤᠷ ᠲᠦᠪᠰᠢᠨ ᠪᠠ ᠨᠢᠭᠤᠴᠠ ᠶᠢ | ᠬᠠᠮᠠᠭᠠᠯᠠᠬᠤ ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠲᠥᠷᠥ ᠶᠢᠨ ᠪᠣᠳᠣᠯᠭ᠎ᠠ ᠶᠢᠨ | ᠲᠣᠭᠲᠠᠭᠠᠯ ᠢ ᠴᠢᠩᠭ᠎ᠠ ᠬᠡᠷᠡᠭᠵᠢᠭᠦᠯᠬᠦ ᠶᠢᠨ ᠬᠠᠮᠲᠤ᠂ ᠤᠯᠤᠰ ᠤᠨ ᠮᠡᠷᠭᠡᠵᠢᠯ ᠤᠨ ᠵᠢᠷᠤᠮᠵᠢᠯ ᠪᠠ ᠪᠠᠷᠢᠮᠵᠢᠶ᠎ᠠ | ᠶᠣᠰᠤᠭᠠᠷ ᠬᠠᠮᠲᠤ ᠳᠤ ᠪᠠᠨ ᠬᠦᠷᠲᠡᠵᠦ ᠰᠣᠯᠢᠯᠴᠠᠬᠤ ᠲᠠᠪᠴᠠᠩ ᠳᠤ ᠮᠡᠳᠡᠭᠡ ᠵᠠᠩᠭᠢ ᠶᠢᠨ ᠠᠮᠤᠷ ᠲᠦᠪᠰᠢᠨ ᠤ | ᠲᠦᠭᠰᠢᠭᠦᠷᠢ ᠶᠢᠨ ᠦᠨᠡᠯᠡᠨ ᠵᠢᠱᠢᠯᠲᠡ ᠶᠢ ᠲᠣᠭᠲᠠᠭᠰᠠᠨ ᠬᠤᠭᠤᠴᠠᠭ᠎ᠠ ᠲᠠᠢ ᠦᠷᠨᠢᠭᠦᠯᠵᠦ᠂ ᠮᠡᠳᠡᠭᠡ ᠵᠠᠩᠭᠢ ᠶᠢᠨ | ᠠᠮᠤᠷ ᠲᠦᠪᠰᠢᠨ ᠤ ᠲᠦᠭᠰᠢᠭᠦᠷᠢ ᠪᠠ ᠭᠡᠮ ᠰᠣᠭᠤᠭ ᠢ ᠬᠠᠶᠢᠨ ᠡᠷᠢᠬᠦ ᠶᠢᠨ ᠬᠠᠮᠲᠤ ᠠᠷᠢᠯᠭᠠᠬᠤ ᠬᠡᠷᠡᠭᠲᠡᠢ᠃ | ᠬᠤᠷᠢᠨ ᠲᠥᠷᠪᠡᠳᠦᠭᠡᠷ ᠵᠦᠢᠯ ᠬᠠᠮᠲᠤ ᠳᠤ ᠪᠠᠨ ᠬᠦᠷᠲᠡᠵᠦ ᠰᠣᠯᠢᠯᠴᠠᠬᠤ ᠲᠠᠪᠴᠠᠩ ᠨᠢ ᠵᠠᠰᠠᠭ ᠤᠨ | ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤ ᠳᠤ ᠪᠠᠨ ᠬᠦᠷᠲᠡᠬᠦ ᠳᠤ ᠤᠭ ᠢᠷᠡᠯᠲᠡ ᠶᠢ ᠨᠢ ᠮᠦᠷᠳᠡᠨ | ᠬᠠᠶᠢᠬᠤ ᠲᠣᠭᠲᠠᠴᠠ ᠪᠠᠶᠢᠭᠤᠯᠵᠤ᠂ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤ ᠳᠤ ᠪᠠᠨ ᠬᠦᠷᠲᠡᠵᠦ | ᠰᠣᠯᠢᠯᠴᠠᠭᠰᠠᠨ ᠡᠳᠦᠷ ᠤᠨ ᠲᠡᠮᠳᠡᠭᠯᠡᠯ᠂ ᠮᠡᠳᠡᠭᠡ ᠵᠠᠩᠭᠢ ᠶᠢᠨ ᠯᠠᠪᠯᠠᠭ᠎ᠠ ᠶᠢᠨ ᠡᠳᠦᠷ ᠤᠨ ᠲᠡᠮᠳᠡᠭᠯᠡᠯ ᠵᠡᠷᠭᠡ | ᠪᠠᠶᠢᠳᠠᠯ ᠢ ᠳᠡᠮᠳᠡᠭᠯᠡᠵᠦ᠂ ᠲᠡᠮᠳᠡᠭᠯᠡᠭᠰᠡᠨ ᠳ᠋ᠠᠶᠢᠲ᠋ᠠ ᠶᠢ 2 ᠵᠢᠯ ᠭᠠᠷᠤᠢ ᠬᠠᠳᠠᠭᠠᠯᠠᠵᠤ ᠲᠠᠯᠪᠢᠬᠤ ᠬᠡᠷᠡᠭᠲᠡᠢ᠃ | ᠬᠤᠷᠢᠨ ᠲᠠᠪᠤᠳᠤᠭᠠᠷ ᠵᠦᠢᠯ ᠬᠠᠩᠭᠠᠵᠤ ᠥᠭᠭᠦᠭᠰᠡᠨ ᠰᠠᠯᠠᠭ᠎ᠠ ᠮᠦᠴᠢᠷ ᠪᠣᠯᠣᠨ ᠬᠡᠷᠡᠭᠯᠡᠬᠦ ᠰᠠᠯᠠᠭ᠎ᠠ | ᠮᠦᠴᠢᠷ ᠤᠳ ᠨᠢ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠴᠤᠭᠯᠠᠭᠤᠯᠬᠤ᠂ ᠬᠠᠮᠲᠤ ᠳᠤ ᠪᠠᠨ | ᠬᠦᠷᠲᠡᠬᠦ ᠪᠠ ᠬᠡᠷᠡᠭᠯᠡᠬᠦ ᠳᠤ ᠠᠮᠤᠷ ᠲᠦᠪᠰᠢᠨ ᠤ ᠨᠢᠭᠤᠴᠠ ᠬᠠᠮᠠᠭᠠᠯᠠᠬᠤ ᠪᠠᠲᠤᠯᠠᠭ᠎ᠠ ᠶᠢᠨ ᠠᠵᠢᠯ ᠢ ᠴᠢᠩᠭᠠᠳᠬᠠᠵᠤ᠂ | ᠮᠡᠳᠡᠭᠡ ᠵᠠᠩᠭᠢ ᠶᠢᠨ ᠰᠢᠰᠲ᠋ᠧᠮ ᠤᠨ ᠳ᠋ᠠᠶᠢᠲ᠋ᠠ ᠶᠢ ᠨᠢᠭᠤᠴᠠᠯᠠᠬᠤ᠂ ᠰᠤᠷᠪᠤᠯᠵᠢᠯᠠᠨ ᠭᠡᠷᠡᠴᠢᠯᠡᠬᠦ ᠵᠡᠷᠭᠡ ᠠᠮᠤᠷ | ᠲᠦᠪᠰᠢᠨ ᠤ ᠬᠠᠮᠠᠭᠠᠯᠠᠯᠲᠠ ᠶᠢ ᠴᠢᠩᠭᠠᠳᠬᠠᠨ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠤᠨ | ᠠᠮᠤᠷ ᠲᠦᠪᠰᠢᠨ ᠤ ᠨᠢᠭᠤᠴᠠ ᠶᠢ ᠬᠠᠮᠠᠭᠠᠯᠠᠬᠤ ᠬᠠᠮᠢᠶᠠᠷᠤᠯᠲᠠ ᠶᠢᠨ ᠲᠥᠷᠢᠮ ᠲᠣᠭᠲᠠᠭᠠᠯ ᠢ ᠪᠠᠶᠢᠭᠤᠯᠤᠨ | ᠪᠦᠷᠢᠨᠰᠢᠭᠦᠯᠵᠦ᠂ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠪᠠ ᠮᠡᠷᠭᠡᠵᠢᠯ ᠤᠨ ᠠᠷᠭ᠎ᠠ ᠬᠡᠮᠵᠢᠶ᠎ᠡ ᠶᠢ ᠦᠨᠡᠨ ᠬᠦ ᠬᠡᠷᠡᠭᠯᠡᠨ᠂ | ᠲᠣᠣᠷ ᠰᠦᠯᠵᠢᠶ᠎ᠡ ᠶᠢᠨ ᠮᠡᠳᠡᠭᠡ ᠵᠠᠩᠭᠢ ᠶᠢᠨ ᠠᠮᠤᠷ ᠲᠦᠪᠰᠢᠨ ᠢ ᠰᠡᠷᠭᠡᠶᠢᠯᠡᠨ ᠬᠠᠮᠠᠭᠠᠯᠠᠬᠤ ᠱᠠᠭᠠᠷᠳᠠᠯᠭ᠎ᠠ ᠶᠢ | ᠨᠠᠶᠢᠳᠠᠪᠤᠷᠢᠵᠢᠭᠤᠯᠬᠤ ᠬᠡᠷᠡᠭᠲᠡᠢ᠃ | ᠬᠤᠷᠢᠨ ᠵᠢᠷᠭᠤᠳᠤᠭᠠᠷ ᠵᠦᠢᠯ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠰᠠᠯᠠᠭ᠎ᠠ ᠮᠦᠴᠢᠷ ᠤᠨ | ᠬᠠᠩᠭᠠᠵᠤ ᠥᠭᠭᠦᠭᠰᠡᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠲᠤ ᠤᠷᠢᠳᠠᠪᠠᠷ ᠲᠤᠰ | ᠰᠠᠯᠠᠭ᠎ᠠ ᠮᠦᠴᠢᠷ ᠤᠨ ᠢᠶᠠᠨ ᠨᠢᠭᠤᠴᠠ ᠶᠢ ᠬᠠᠮᠠᠭᠠᠯᠠᠬᠤ ᠪᠠᠶᠢᠴᠠᠭᠠᠯᠲᠠ ᠶᠢ ᠥᠩᠭᠡᠷᠡᠭᠦᠯᠦᠭᠰᠡᠨ ᠪᠠᠶᠢᠬᠤ ᠬᠡᠷᠡᠭᠲᠡᠢ᠃ | ᠬᠠᠮᠲᠤ ᠳᠤ ᠪᠠᠨ ᠬᠦᠷᠲᠡᠬᠦ ᠮᠡᠳᠡᠭᠡ ᠵᠠᠩᠭᠢ ᠨᠢ ᠤᠯᠤᠰ ᠤᠨ ᠨᠢᠭᠤᠴᠠ ᠳᠤ ᠬᠤᠯᠪᠣᠭᠳᠠᠭᠰᠠᠨ ᠪᠣᠯ᠂ ᠬᠠᠩᠭᠠᠵᠤ | ᠥᠭᠭᠦᠭᠰᠡᠨ ᠰᠠᠯᠠᠭ᠎ᠠ ᠮᠦᠴᠢᠷ ᠪᠠ ᠬᠡᠷᠡᠭᠯᠡᠬᠦ ᠰᠠᠯᠠᠭ᠎ᠠ ᠮᠦᠴᠢᠷ ᠨᠢ ᠬᠤᠯᠪᠣᠭᠳᠠᠯ ᠪᠦᠬᠦᠢ ᠨᠢᠭᠤᠴᠠ ᠶᠢ ᠬᠠᠮᠠᠭᠠᠯᠠᠬᠤ | ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠢ ᠵᠢᠷᠤᠮᠯᠠᠨ ᠰᠠᠬᠢᠵᠤ᠂ ᠮᠡᠳᠡᠭᠡ ᠵᠠᠩᠭᠢ ᠶᠢ ᠬᠠᠮᠲᠤ ᠳᠤ ᠪᠠᠨ | ᠬᠦᠷᠲᠡᠬᠦ ᠠᠵᠢᠯ ᠳᠤ ᠲᠤᠰ ᠲᠤᠰ ᠤᠨ ᠨᠢᠭᠤᠴᠠ ᠶᠢ ᠬᠠᠮᠠᠭᠠᠯᠠᠬᠤ ᠬᠠᠮᠢᠶ᠎ᠠ ᠪᠦᠬᠦᠢ ᠬᠠᠷᠢᠭᠤᠴᠠᠯᠭ᠎ᠠ ᠶᠢ ᠡᠭᠦᠷᠭᠡᠯᠡᠬᠦ | ᠬᠡᠷᠡᠭᠲᠡᠢ᠃ ᠬᠤᠳᠠᠯᠳᠤᠭᠠᠨ ᠤ ᠨᠢᠭᠤᠴᠠ᠂ ᠬᠤᠪᠢ ᠬᠦᠮᠦᠨ ᠤ ᠨᠢᠭᠤᠴᠠ ᠳᠤ ᠬᠤᠯᠪᠣᠭᠳᠠᠭᠰᠠᠨ ᠪᠣᠯ᠂ ᠬᠤᠯᠪᠣᠭᠳᠠᠯ | ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠢ ᠵᠢᠷᠤᠮᠯᠠᠨ ᠰᠠᠬᠢᠬᠤ ᠬᠡᠷᠡᠭᠲᠡᠢ᠃ | ᠬᠤᠷᠢᠨ ᠳᠣᠯᠤᠳᠤᠭᠠᠷ ᠵᠦᠢᠯ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠰᠠᠯᠠᠭ᠎ᠠ ᠮᠦᠴᠢᠷ ᠨᠢ ᠲᠤᠰ | ᠨᠢᠭᠡᠴᠢ ᠶᠢᠨ ᠬᠢᠨ ᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤ ᠳᠤ ᠪᠠᠨ ᠬᠦᠷᠲᠡᠬᠦ | ᠳᠣᠲᠣᠭᠠᠳᠤ ᠶᠢᠨ ᠠᠵᠢᠯ ᠤᠨ ᠳᠡᠰ ᠳᠠᠷᠠᠭᠠᠯᠠᠯ᠂ ᠬᠠᠮᠢᠶᠠᠷᠤᠯᠲᠠ ᠶᠢᠨ ᠳᠥᠷᠢᠮ ᠵᠢᠴᠢ ᠬᠠᠮᠢᠶ᠎ᠠ ᠲᠠᠢ ᠵᠠᠰᠠᠭ | ᠵᠠᠬᠢᠷᠭᠠᠨ ᠤ ᠬᠠᠷᠢᠭᠤᠴᠠᠯᠭ᠎ᠠ ᠨᠡᠬᠡᠮᠵᠢᠯᠡᠬᠦ ᠳᠥᠷᠢᠮ ᠢ ᠲᠣᠭᠲᠠᠭᠠᠵᠤ᠂ ᠮᠡᠳᠡᠭᠡ ᠵᠠᠩᠭᠢ ᠶᠢᠨ ᠡᠬᠢ ᠪᠠᠶᠠᠯᠢᠭ ᠢ | ᠬᠠᠮᠲᠤ ᠳᠤ ᠪᠠᠨ ᠬᠦᠷᠲᠡᠬᠦ ᠠᠵᠢᠯ ᠢ ᠲᠤᠰᠬᠠᠢ ᠠᠵᠢᠯᠲᠡᠨ ᠢᠶᠠᠷ ᠬᠠᠷᠢᠭᠤᠴᠠᠭᠤᠯᠬᠤ ᠶᠢᠨ ᠬᠠᠮᠲᠤ᠂ ᠮᠡᠳᠡᠭᠡ | ᠵᠠᠩᠭᠢ ᠶᠢᠨ ᠬᠠᠮᠢᠶᠠᠷᠤᠭᠴᠢ ᠶᠢᠨ ᠮᠡᠳᠡᠭᠡ ᠵᠠᠩᠭᠢ ᠶᠢ ᠨᠢ ᠬᠠᠮᠲᠤ ᠳᠤ ᠪᠠᠨ ᠬᠦᠷᠲᠡᠵᠦ ᠰᠣᠯᠢᠯᠴᠠᠬᠤ ᠲᠠᠪᠴᠠᠩ ᠤᠨ | ᠬᠠᠮᠢᠶᠠᠷᠤᠯᠲᠠ ᠶᠢᠨ ᠨᠢᠭᠡᠴᠢ ᠳᠤ ᠮᠡᠳᠡᠭᠦᠯᠦᠨ᠎ᠡ᠂ ᠬᠡᠷᠪᠡ ᠠᠵᠢᠯᠲᠡᠨ ᠨᠢ ᠰᠣᠯᠢᠭᠳᠠᠵᠤ ᠬᠤᠪᠢᠷᠠᠯᠲᠠ ᠭᠠᠷᠤᠭᠰᠠᠨ ᠪᠣᠯ | ᠳᠠᠷᠦ᠋ᠢᠬᠠᠨ ᠰᠢᠨᠡᠳᠭᠡᠬᠦ ᠬᠡᠷᠡᠭᠲᠡᠢ᠃ | | | ᠵᠢᠷᠭᠤᠳᠤᠭᠠᠷ ᠪᠦᠯᠦᠭ ᠮᠡᠳᠡᠭᠡ ᠵᠠᠩᠭᠢ ᠶᠢ ᠬᠠᠮᠲᠤ ᠳᠤ ᠪᠠᠨ ᠬᠦᠷᠲᠡᠬᠦ | ᠠᠵᠢᠯ ᠤᠨ ᠬᠢᠨᠠᠯᠲᠠ ᠲᠠᠯᠪᠢᠯᠲᠠ ᠪᠠ ᠪᠠᠲᠤᠯᠠᠭ᠎ᠠ | | | ᠬᠤᠷᠢᠨ ᠨᠠᠢᠮᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠬᠠᠤᠯᠢ ᠪᠠᠷ ᠵᠠᠰᠠᠬᠤ ᠵᠠᠰᠠᠭ ᠤᠨ | ᠣᠷᠳᠣᠨ ᠤ ᠪᠠᠶᠢᠭᠤᠯᠤᠯᠲᠠ ᠶᠢᠨ ᠤᠳᠤᠷᠢᠳᠬᠤ ᠲᠤᠭᠤᠶᠢᠯᠠᠩ ᠤᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ | ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ ᠬᠠᠮᠲᠤ ᠳᠠᠭᠠᠨ ᠬᠦᠷᠲᠡᠬᠦ ᠲᠤᠰᠬᠠᠢ ᠠᠵᠢᠯ ᠤᠨ ᠵᠣᠬᠢᠴᠠᠭᠤᠯᠬᠤ ᠠᠯᠪᠠᠨ ᠭᠡᠷ | ︵ᠳᠣᠷᠣᠭᠰᠢ ᠵᠣᠬᠢᠴᠠᠭᠤᠯᠬᠤ ᠠᠯᠪᠠᠨ ᠭᠡᠷ ᠭᠡᠵᠦ ᠲᠣᠪᠴᠢᠯᠠᠨ᠎ᠠ︶ ᠨᠢ ᠪᠦᠬᠦ ᠣᠷᠣᠨ ᠤ ᠵᠠᠰᠠᠭ ᠤᠨ ᠶᠠᠪᠤᠳᠠᠯ ᠤᠨ | ᠮᠡᠳᠡᠭᠡ ᠵᠠᠩᠭᠢ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ ᠬᠠᠮᠲᠤ ᠳᠤ ᠪᠠᠨ ᠬᠦᠷᠲᠡᠬᠦ ᠠᠵᠢᠯ ᠤᠨ ᠵᠣᠬᠢᠶᠠᠨ | ᠪᠠᠶᠢᠭᠤᠯᠬᠤ᠂ ᠵᠢᠯᠣᠭᠤᠳᠬᠤ᠂ ᠵᠣᠬᠢᠴᠠᠭᠤᠯᠬᠤ ᠪᠠ ᠬᠢᠨᠠᠯᠲᠠ ᠲᠠᠯᠪᠢᠬᠤ ᠶᠢ ᠬᠠᠷᠢᠭᠤᠴᠠᠨ᠂ ᠥᠪᠡᠷᠲᠡᠭᠡᠨ ᠵᠠᠰᠠᠬᠤ | ᠣᠷᠣᠨ ᠤ ᠲᠤᠰ ᠱᠠᠲᠤᠨ ᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠤᠨ ᠭᠠᠷᠴᠠᠭ ᠤᠨ | ᠰᠢᠰᠲ᠋ᠧᠮᠵᠢ ᠪᠠ ᠬᠠᠮᠲᠤ ᠳᠤ ᠪᠠᠨ ᠬᠦᠷᠲᠡᠵᠦ ᠰᠣᠯᠢᠯᠴᠠᠬᠤ ᠲᠠᠪᠴᠠᠩ ᠤᠨ ᠰᠢᠰᠲ᠋ᠧᠮᠵᠢ ᠶᠢᠨ ᠪᠦᠲᠦᠭᠡᠨ | ᠪᠠᠶᠢᠭᠤᠯᠤᠯᠲᠠ ᠶᠢ ᠠᠬᠢᠭᠤᠯᠵᠤ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠡᠮᠬᠢᠯᠡᠨ | ᠨᠡᠶᠢᠯᠡᠭᠦᠯᠵᠦ ᠬᠠᠮᠲᠤ ᠳᠤ ᠪᠠᠨ ᠬᠦᠷᠲᠡᠬᠦ ᠴᠢᠬᠤᠯᠠ ᠶᠡᠭᠡ ᠵᠦᠢᠯᠡᠰ ᠢ ᠵᠣᠬᠢᠴᠠᠭᠤᠯᠤᠨ᠎ᠠ᠃ | ᠵᠣᠬᠢᠴᠠᠭᠤᠯᠬᠤ ᠠᠯᠪᠠᠨ ᠭᠡᠷ ᠲᠤ ᠵᠣᠬᠢᠶᠠᠨ ᠪᠠᠶᠢᠭᠤᠯᠵᠤ ᠠᠬᠢᠭᠤᠯᠬᠤ ᠲᠤᠭᠤᠶᠢᠯᠠᠩ᠂ ᠮᠡᠷᠭᠡᠵᠢᠯ ᠢᠶᠠᠷ | ᠲᠤᠯᠭᠠᠭᠤᠷᠢᠯᠠᠬᠤ ᠲᠤᠭᠤᠶᠢᠯᠠᠩ᠂ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠲᠤᠭᠤᠶᠢᠯᠠᠩ᠂ ᠲᠣᠣᠷ ᠰᠦᠯᠵᠢᠶ᠎ᠡ ᠶᠢᠨ | ᠠᠮᠤᠷ ᠲᠦᠪᠰᠢᠨ ᠤ ᠲᠤᠭᠤᠶᠢᠯᠠᠩ᠂ ᠰᠢᠮᠳᠠᠭᠤᠯᠤᠨ ᠪᠠᠶᠢᠴᠠᠭᠠᠬᠤ ᠲᠤᠭᠤᠶᠢᠯᠠᠩ ᠪᠠ ᠲᠤᠰᠬᠠᠢ ᠮᠡᠷᠭᠡᠵᠢᠯᠲᠡᠨ ᠤ | ᠯᠠᠪᠯᠠᠨ ᠵᠦᠪᠯᠡᠬᠦ ᠲᠤᠭᠤᠶᠢᠯᠠᠩ ᠢ ᠪᠠᠶᠢᠭᠤᠯᠤᠨ᠎ᠠ᠃ | ᠵᠣᠬᠢᠶᠠᠨ ᠪᠠᠶᠢᠭᠤᠯᠵᠤ ᠠᠬᠢᠭᠤᠯᠬᠤ ᠳᠤᠭᠤᠶᠢᠯᠠᠩ ᠨᠢ ᠵᠣᠬᠢᠴᠠᠭᠤᠯᠬᠤ ᠠᠯᠪᠠᠨ ᠭᠡᠷ ᠤᠨ ᠡᠳᠦᠷ ᠳᠣᠲᠣᠮ ᠤᠨ | ᠠᠵᠢᠯ ᠢ ᠡᠭᠦᠷᠭᠡᠯᠡᠵᠦ᠂ ᠪᠦᠬᠦ ᠣᠷᠣᠨ ᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ | ᠬᠠᠮᠲᠤ ᠳᠤ ᠪᠠᠨ ᠬᠦᠷᠲᠡᠬᠦ ᠵᠡᠷᠭᠡ ᠠᠵᠢᠯ ᠢ ᠲᠥᠷᠥᠭᠦᠯᠡᠨ ᠵᠣᠬᠢᠶᠠᠨ ᠪᠠᠶᠢᠭᠤᠯᠬᠤ᠂ ᠵᠢᠯᠣᠭᠤᠳᠬᠤ ᠪᠠ | ᠵᠣᠬᠢᠴᠠᠭᠤᠯᠬᠤ ᠶᠢ ᠬᠠᠷᠢᠭᠤᠴᠠᠨ᠎ᠠ᠃ | ᠮᠡᠷᠭᠡᠵᠢᠯ ᠢᠶᠠᠷ ᠲᠤᠯᠭᠠᠭᠤᠷᠢᠯᠠᠬᠤ ᠲᠤᠭᠤᠶᠢᠯᠠᠩ ᠨᠢ ᠪᠦᠬᠦ ᠣᠷᠣᠨ ᠤ ᠡᠯ᠎ᠡ ᠱᠠᠲᠤᠨ ᠤ ᠬᠠᠮᠲᠤ ᠳᠤ ᠪᠠᠨ | ᠬᠦᠷᠲᠡᠵᠦ ᠰᠣᠯᠢᠯᠴᠠᠬᠤ ᠲᠠᠪᠴᠠᠩ ᠤᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ᠂ ᠡᠯ᠎ᠡ ᠠᠶᠢᠮᠠᠭ ᠬᠤᠲᠠ᠂ | ᠡᠯ᠎ᠡ ᠰᠠᠯᠠᠭ᠎ᠠ ᠮᠦᠴᠢᠷ ᠤᠨ ᠵᠠᠰᠠᠭ ᠤᠨ ᠶᠠᠪᠤᠳᠠᠯ ᠤᠨ ᠲᠣᠣᠷ ᠰᠦᠯᠵᠢᠶ᠎ᠡ ᠪᠠ ᠬᠠᠮᠲᠤ ᠳᠤ ᠪᠠᠨ ᠬᠦᠷᠲᠡᠵᠦ | ᠰᠣᠯᠢᠯᠴᠠᠬᠤ ᠲᠠᠪᠴᠠᠩ ᠳᠤ ᠵᠠᠯᠭᠠᠨ ᠣᠷᠣᠭᠤᠯᠬᠤ᠂ ᠠᠮᠤᠷ ᠲᠦᠪᠰᠢᠨ ᠤ ᠰᠡᠷᠭᠡᠶᠢᠯᠡᠨ ᠬᠠᠮᠠᠭᠠᠯᠠᠬᠤ ᠪᠠ ᠬᠠᠮᠢᠶᠠᠷᠬᠤ᠂ | ᠵᠡᠷᠭᠡ ᠳᠡᠰ ᠤᠨ ᠬᠠᠮᠠᠭᠠᠯᠠᠯᠲᠠ ᠶᠢᠨ ᠰᠢᠯᠭᠠᠨ ᠦᠨᠡᠯᠡᠬᠦ ᠵᠡᠷᠭᠡ ᠠᠵᠢᠯ ᠳᠤ ᠮᠡᠷᠭᠡᠵᠢᠯ ᠤᠨ ᠲᠤᠯᠭᠠᠭᠤᠷᠢᠯᠠᠯ ᠬᠠᠩᠭᠠᠵᠤ | ᠥᠭᠬᠦ ᠪᠠ ᠪᠣᠯᠪᠠᠰᠤᠷᠠᠭᠤᠯᠤᠨ ᠵᠢᠯᠣᠭᠤᠳᠬᠤ ᠵᠡᠷᠭᠡ ᠠᠵᠢᠯ ᠢ ᠬᠠᠷᠢᠭᠤᠴᠠᠨ᠎ᠠ᠃ | ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠲᠤᠭᠤᠶᠢᠯᠠᠩ ᠨᠢ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ | ᠡᠬᠢ ᠪᠠᠶᠠᠯᠢᠭ ᠤᠨ ᠨᠢᠭᠡᠳᠦᠯᠲᠡᠢ ᠲᠦᠯᠦᠪᠵᠢᠭᠦᠯᠦᠨ ᠬᠠᠮᠢᠶᠠᠷᠬᠤ᠂ ᠥᠪᠡᠷᠲᠡᠭᠡᠨ ᠵᠠᠰᠠᠬᠤ ᠣᠷᠣᠨ ᠤ ᠲᠤᠰ | ᠱᠠᠲᠤᠨ ᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠤᠨ ᠭᠠᠷᠴᠠᠭ ᠤᠨ ᠨᠠᠶᠢᠷᠠᠭᠤᠯᠤᠨ | ᠵᠣᠬᠢᠶᠠᠵᠤ ᠬᠤᠷᠢᠶᠠᠩᠭᠤᠶᠢᠯᠠᠬᠤ᠂ ᠲᠤᠰ ᠱᠠᠲᠤᠨ ᠤ ᠭᠠᠷᠴᠠᠭ ᠤᠨ ᠰᠢᠨᠡᠳᠭᠡᠬᠦ ᠲᠣᠭᠲᠠᠴᠠ ᠶᠢ ᠪᠠᠶᠢᠭᠤᠯᠬᠤ᠂ | ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠤᠨ ᠭᠠᠷᠴᠠᠭ ᠤᠨ ᠪᠦᠷᠢᠳᠭᠡᠨ ᠳᠠᠩᠰᠠᠯᠠᠬᠤ᠂ | ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠬᠠᠮᠲᠤ ᠳᠤ ᠪᠠᠨ ᠬᠦᠷᠲᠡᠬᠦ ᠶᠢ ᠠᠩᠭᠢᠯᠠᠨ ᠨᠣᠲᠠᠯᠠᠬᠤ᠂ ᠵᠠᠰᠠᠭ ᠤᠨ | ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠤᠨ ᠨᠡᠶᠢᠳᠡᠮ ᠪᠠᠶᠢᠴᠠᠭᠠᠬᠤ᠂ ᠡᠯ᠎ᠡ ᠠᠶᠢᠮᠠᠭ ᠬᠤᠲᠠ᠂ ᠡᠯ᠎ᠡ | ᠰᠠᠯᠠᠭ᠎ᠠ ᠮᠦᠴᠢᠷ ᠢ ᠵᠢᠯᠣᠭᠤᠳᠴᠦ ᠪᠠᠶᠢᠭᠠᠳ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠤᠨ | ᠭᠠᠷᠴᠠᠭ ᠢ ᠨᠠᠶᠢᠷᠠᠭᠤᠯᠤᠨ ᠵᠣᠬᠢᠶᠠᠬᠤ ᠵᠡᠷᠭᠡ ᠠᠵᠢᠯ ᠢ ᠬᠠᠷᠢᠭᠤᠴᠠᠨ᠎ᠠ᠃ | ᠲᠣᠣᠷ ᠰᠦᠯᠵᠢᠶ᠎ᠡ ᠶᠢᠨ ᠠᠮᠤᠷ ᠲᠦᠪᠰᠢᠨ ᠤ ᠲᠤᠭᠤᠶᠢᠯᠠᠩ ᠨᠢ ᠵᠠᠰᠠᠭ ᠤᠨ ᠶᠠᠪᠤᠳᠠᠯ ᠤᠨ ᠮᠡᠳᠡᠭᠡ | ᠵᠠᠩᠭᠢ ᠶᠢᠨ ᠡᠬᠢ ᠪᠠᠶᠠᠯᠢᠭ ᠤᠨ ᠡᠮᠬᠢᠯᠡᠨ ᠨᠡᠶᠢᠯᠡᠭᠦᠯᠵᠦ ᠬᠠᠮᠲᠤ ᠳᠤ ᠪᠠᠨ ᠬᠦᠷᠲᠡᠬᠦ ᠲᠣᠣᠷ ᠰᠦᠯᠵᠢᠶ᠎ᠡ ᠶᠢᠨ ᠠᠮᠤᠷ | ᠲᠦᠪᠰᠢᠨ ᠤ ᠬᠠᠮᠢᠶᠠᠷᠤᠯᠲᠠ ᠶᠢᠨ ᠳᠥᠷᠢᠮ ᠪᠠᠶᠢᠭᠤᠯᠬᠤ ᠶᠢ ᠵᠣᠬᠢᠶᠠᠨ ᠪᠠᠶᠢᠭᠤᠯᠬᠤ᠂ ᠵᠠᠰᠠᠭ ᠤᠨ ᠶᠠᠪᠤᠳᠠᠯ ᠤᠨ | ᠮᠡᠳᠡᠭᠡ ᠵᠠᠩᠭᠢ ᠶᠢᠨ ᠡᠬᠢ ᠪᠠᠶᠠᠯᠢᠭ ᠤᠨ ᠴᠤᠭᠯᠠᠭᠤᠯᠬᠤ ᠪᠠ ᠬᠠᠮᠲᠤ ᠳᠤ ᠪᠠᠨ ᠬᠦᠷᠲᠡᠵᠦ ᠬᠡᠷᠡᠭᠯᠡᠬᠦ ᠪᠦᠬᠦ | ᠶᠠᠪᠤᠴᠠ ᠳᠠᠬᠢ ᠲᠣᠣᠷ ᠰᠦᠯᠵᠢᠶ᠎ᠡ ᠶᠢᠨ ᠠᠮᠤᠷ ᠲᠦᠪᠰᠢᠨ ᠢ ᠪᠠᠲᠤᠯᠠᠬᠤ ᠠᠵᠢᠯ ᠢ ᠵᠢᠯᠣᠭᠤᠳᠤᠨ ᠰᠢᠮᠳᠠᠭᠤᠯᠬᠤ᠂ | ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤ ᠳᠤ ᠪᠠᠨ ᠬᠦᠷᠲᠡᠬᠦ ᠲᠥᠭᠰᠢᠭᠦᠷᠢ ᠶᠢ | ᠦᠨᠡᠯᠡᠨ ᠵᠢᠱᠢᠬᠦ ᠪᠠ ᠠᠮᠤᠷ ᠲᠦᠪᠰᠢᠨ ᠤ ᠬᠢᠨᠠᠨ ᠪᠠᠶᠢᠴᠠᠭᠠᠬᠤ ᠶᠢ ᠵᠢᠯᠣᠭᠤᠳᠤᠨ ᠠᠬᠢᠭᠤᠯᠬᠤ ᠵᠡᠷᠭᠡ ᠠᠵᠢᠯ ᠢ | ᠬᠠᠷᠢᠭᠤᠴᠠᠨ᠎ᠠ᠃ | ᠰᠢᠮᠳᠠᠭᠤᠯᠤᠨ ᠪᠠᠶᠢᠴᠠᠭᠠᠬᠤ ᠲᠤᠭᠤᠶᠢᠯᠠᠩ ᠨᠢ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ | ᠪᠠᠶᠠᠯᠢᠭ ᠤᠨ ᠡᠮᠬᠢᠯᠡᠨ ᠨᠡᠶᠢᠯᠡᠭᠦᠯᠵᠦ ᠬᠠᠮᠲᠤ ᠳᠤ ᠪᠠᠨ ᠬᠦᠷᠲᠡᠬᠦ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ | ᠰᠢᠮᠳᠠᠭᠤᠯᠤᠨ ᠪᠠᠶᠢᠴᠠᠭᠠᠯᠲᠠ ᠬᠢᠬᠦ ᠶᠢ ᠬᠠᠷᠢᠭᠤᠴᠠᠨ᠂ ᠬᠠᠮᠢᠶ᠎ᠠ ᠪᠦᠬᠦᠢ ᠭᠤᠣᠯᠳᠠᠯᠭᠠᠲᠤ ᠡᠭᠦᠷᠭᠡ ᠶᠢᠨ | ᠨᠠᠶᠢᠳᠠᠪᠤᠷᠢᠵᠢᠭᠤᠯᠤᠭᠳᠠᠬᠤ ᠶᠢ ᠵᠣᠬᠢᠴᠠᠭᠤᠯᠤᠨ ᠠᠬᠢᠭᠤᠯᠤᠨ᠎ᠠ᠃ ᠲᠤᠰᠬᠠᠢ ᠮᠡᠷᠭᠡᠵᠢᠯᠲᠡᠨ ᠤ ᠯᠠᠪᠯᠠᠨ ᠵᠦᠪᠯᠡᠬᠦ | ᠲᠤᠭᠤᠶᠢᠯᠠᠩ ᠨᠢ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠤᠨ ᠡᠮᠬᠢᠯᠡᠨ ᠨᠡᠶᠢᠯᠡᠭᠦᠯᠵᠦ | ᠬᠠᠮᠲᠤ ᠳᠤ ᠪᠠᠨ ᠬᠦᠷᠲᠡᠬᠦ ᠠᠵᠢᠯ ᠳᠤ ᠯᠠᠪᠠᠯᠡᠨ ᠵᠦᠪᠯᠡᠵᠦ ᠵᠢᠯᠣᠭᠤᠳᠬᠤ ᠶᠢ ᠬᠠᠷᠢᠭᠤᠴᠠᠨ᠎ᠠ᠃ | ᠬᠤᠷᠢ ᠶᠢᠰᠦᠳᠦᠭᠡᠷ ᠵᠦᠢᠯ ᠡᠯ᠎ᠡ ᠵᠠᠰᠠᠭ ᠤᠨ ᠶᠠᠪᠤᠳᠠᠯ ᠤᠨ ᠰᠠᠯᠠᠭ᠎ᠠ ᠮᠦᠴᠢᠷ ᠨᠢ ᠲᠤᠰ ᠰᠠᠯᠠᠭ᠎ᠠ | ᠮᠦᠴᠢᠷ ᠤᠨ ᠬᠢᠨ ᠤ ᠬᠠᠮᠲᠤ ᠳᠤ ᠪᠠᠨ ᠬᠦᠷᠲᠡᠵᠦ ᠰᠣᠯᠢᠯᠴᠠᠬᠤ ᠲᠠᠪᠴᠠᠩ ᠯᠤᠭ᠎ᠠ ᠶᠢᠨ ᠬᠤᠯᠪᠣᠭᠠᠯᠠᠨ | ᠨᠡᠪᠲᠡᠷᠡᠯᠴᠡᠬᠦ ᠶᠢ ᠬᠠᠷᠢᠭᠤᠴᠠᠨ᠂ ᠲᠤᠰ ᠲᠤᠰ ᠤᠨ ᠢᠶᠠᠨ ᠠᠵᠢᠯ ᠤᠨ ᠡᠭᠦᠷᠭᠡ ᠬᠠᠷᠢᠭᠤᠴᠠᠯᠭ᠎ᠠ ᠶᠣᠰᠤᠭᠠᠷ᠂ ᠬᠠᠮᠢᠶ᠎ᠠ | ᠪᠦᠬᠦᠢ ᠮᠡᠳᠡᠭᠡ ᠵᠠᠩᠭᠢ ᠶᠢᠨ ᠡᠬᠢ ᠪᠠᠶᠠᠯᠢᠭ ᠤᠨ ᠴᠤᠭᠯᠠᠭᠤᠯᠬᠤ᠂ ᠬᠠᠮᠲᠤ ᠳᠤ ᠪᠠᠨ ᠬᠦᠷᠲᠡᠬᠦ ᠪᠠ ᠬᠠᠮᠢᠶᠠᠷᠬᠤ | ᠠᠵᠢᠯ ᠢ ᠰᠠᠶᠢᠲᠤᠷ ᠬᠢᠵᠦ᠂ ᠬᠠᠤᠯᠢ ᠪᠠᠷ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠶᠢᠨ ᠶᠣᠰᠤᠭᠠᠷ ᠲᠤᠰ ᠰᠠᠯᠠᠭ᠎ᠠ | ᠮᠦᠴᠢᠷ ᠤᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠤᠨ ᠭᠠᠷᠴᠠᠭ ᠢ ᠨᠠᠶᠢᠷᠠᠭᠤᠯᠤᠨ | ᠵᠣᠬᠢᠶᠠᠬᠤ ᠪᠠ ᠬᠠᠮᠢᠶᠠᠷᠬᠤ ᠶᠢᠨ ᠬᠠᠮᠲᠤ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠤᠨ | ᠭᠠᠷᠴᠠᠭ ᠢᠶᠠᠷ ᠬᠠᠮᠲᠤ ᠳᠤ ᠪᠠᠨ ᠬᠦᠷᠲᠡᠵᠦ ᠰᠣᠯᠢᠯᠴᠠᠬᠤ ᠲᠠᠪᠴᠠᠩ ᠳᠤ ᠬᠠᠮᠲᠤ ᠳᠤ ᠪᠠᠨ ᠬᠦᠷᠲᠡᠬᠦ ᠵᠠᠰᠠᠭ ᠤᠨ | ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠩᠭᠠᠨ ᠥᠭᠴᠦ᠂ ᠬᠠᠮᠲᠤ ᠳᠤ ᠪᠠᠨ ᠬᠦᠷᠲᠡᠬᠦ ᠮᠡᠳᠡᠭᠡ | ᠵᠠᠩᠭᠢ ᠶᠢ ᠬᠠᠮᠲᠤ ᠳᠤ ᠪᠠᠨ ᠬᠦᠷᠲᠡᠵᠦ ᠰᠣᠯᠢᠯᠴᠠᠬᠤ ᠲᠠᠪᠴᠠᠩ ᠠᠴᠠ ᠣᠯᠵᠤ ᠬᠦᠷᠲᠡᠬᠦ ᠶᠢᠨ ᠬᠠᠮᠲᠤ ᠬᠠᠤᠯᠢ ᠪᠠ | ᠲᠣᠭᠲᠠᠭᠠᠯ ᠶᠣᠰᠤᠭᠠᠷ ᠬᠡᠷᠡᠭᠯᠡᠬᠦ ᠬᠡᠷᠡᠭᠲᠡᠢ᠃ | ᠭᠤᠴᠢᠳᠤᠭᠠᠷ ᠵᠦᠢᠯ ᠡᠯ᠎ᠡ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠨᠢ ᠲᠤᠰ | ᠵᠠᠰᠠᠭ ᠵᠠᠬᠢᠷᠭᠠᠨ ᠤ ᠣᠷᠣᠨ ᠳᠠᠬᠢ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤ ᠳᠤ ᠪᠠᠨ | ᠬᠦᠷᠲᠡᠬᠦ ᠠᠵᠢᠯ ᠢ ᠠᠬᠢᠭᠤᠯᠬᠤ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠤᠨ ᠭᠠᠷᠴᠠᠭ ᠢ | ᠨᠠᠶᠢᠷᠠᠭᠤᠯᠤᠨ ᠪᠢᠴᠢᠬᠦ ᠪᠠ ᠬᠠᠮᠠᠭᠠᠯᠠᠬᠤ᠂ ᠳ᠋ᠠᠶᠢᠲ᠋ᠠ ᠶᠢᠨ ᠬᠠᠮᠲᠤ ᠳᠤ ᠪᠠᠨ ᠬᠦᠷᠲᠡᠵᠦ ᠰᠣᠯᠢᠯᠴᠠᠬᠤ ᠲᠠᠪᠴᠠᠩ ᠢ | ᠪᠠᠶᠢᠭᠤᠯᠬᠤ ᠪᠠ ᠬᠠᠮᠢᠶᠠᠷᠬᠤ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠢ ᠲᠣᠳᠣᠷᠬᠠᠶᠢᠯᠠᠵᠤ᠂ ᠲᠤᠰ ᠭᠠᠵᠠᠷ | ᠣᠷᠣᠨ ᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤ ᠳᠤ ᠪᠠᠨ ᠬᠦᠷᠲᠡᠬᠦ ᠠᠵᠢᠯ ᠢ | ᠠᠬᠢᠭᠤᠯᠬᠤ ᠬᠡᠷᠡᠭᠲᠡᠢ᠃ | ᠭᠤᠴᠢᠨ ᠨᠢᠭᠡᠳᠦᠭᠡᠷ ᠵᠦᠢᠯ ᠡᠯ᠎ᠡ ᠵᠠᠰᠠᠭ ᠤᠨ ᠶᠠᠪᠤᠳᠠᠯ ᠤᠨ ᠰᠠᠯᠠᠭ᠎ᠠ ᠮᠦᠴᠢᠷ ᠨᠢ ᠮᠡᠳᠡᠭᠡ ᠵᠠᠩᠭᠢ ᠶᠢ | ᠬᠠᠮᠲᠤ ᠳᠤ ᠪᠠᠨ ᠬᠦᠷᠲᠡᠬᠦ ᠳᠤ ᠰᠠᠭᠤᠷᠢᠯᠠᠭᠰᠠᠨ ᠲᠤᠬᠠᠶᠢᠯᠠᠭᠰᠠᠨ ᠠᠵᠢᠯ ᠤᠨ ᠴᠣᠪᠣᠷᠠᠯ ᠢ ᠳᠠᠬᠢᠨᠲᠠ ᠪᠠᠶᠢᠭᠤᠯᠬᠤ ᠪᠠ | ᠰᠢᠯᠢᠳᠡᠭᠵᠢᠭᠦᠯᠬᠦ ᠶᠢ ᠲᠠᠰᠤᠷᠠᠯᠲᠠ ᠦᠭᠡᠢ ᠴᠢᠩᠭᠠᠳᠬᠠᠨ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ | ᠪᠠᠶᠠᠯᠢᠭ ᠢ ᠠᠰᠢᠭᠯᠠᠨ᠂ ᠨᠡᠶᠢᠭᠡᠮ ᠤᠨ ᠬᠠᠮᠢᠶᠠᠷᠤᠯᠲᠠ ᠪᠠ ᠦᠢᠯᠡᠴᠢᠯᠡᠭᠡᠨ ᠤ ᠵᠠᠭᠪᠤᠷ ᠲᠤ ᠰᠢᠨ᠎ᠡ ᠶᠢ ᠡᠭᠦᠳᠴᠦ᠂ | ᠵᠠᠰᠠᠭ ᠤᠨ ᠣᠷᠳᠣᠨ ᠤ ᠵᠠᠰᠠᠯᠲᠠ ᠪᠠ ᠠᠷᠠᠳ ᠤᠨ ᠠᠮᠢᠳᠤᠷᠠᠯ ᠳᠤ ᠦᠢᠯᠡᠴᠢᠯᠡᠬᠦ ᠬᠢᠷᠢ ᠲᠦᠪᠰᠢᠨ ᠢᠶᠠᠨ | ᠳᠡᠭᠡᠭᠰᠢᠯᠡᠭᠦᠯᠬᠦ ᠬᠡᠷᠡᠭᠲᠡᠢ᠃ | ᠵᠣᠬᠢᠴᠠᠭᠤᠯᠬᠤ ᠠᠯᠪᠠᠨ ᠭᠡᠷ ᠨᠢ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠬᠠᠮᠲᠤ ᠳᠤ ᠪᠠᠨ ᠬᠦᠷᠲᠡᠬᠦ | ᠠᠵᠢᠯ ᠤᠨ ᠦᠨᠡᠯᠡᠬᠦ ᠲᠣᠭᠲᠠᠴᠠ ᠪᠠ ᠰᠢᠯᠭᠠᠨ ᠦᠨᠡᠯᠡᠬᠦ ᠳᠥᠷᠢᠮ ᠢ ᠪᠠᠶᠢᠭᠤᠯᠵᠤ᠂ ᠵᠠᠰᠠᠭ ᠤᠨ ᠶᠠᠪᠤᠳᠠᠯ ᠤᠨ | ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤ ᠳᠤ ᠪᠠᠨ ᠬᠦᠷᠲᠡᠬᠦ ᠠᠵᠢᠯ ᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ | ᠰᠢᠮᠳᠠᠭᠤᠯᠤᠨ ᠪᠠᠶᠢᠴᠠᠭᠠᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠡᠯ᠎ᠡ ᠵᠠᠰᠠᠭ ᠤᠨ ᠶᠠᠪᠤᠳᠠᠯ ᠤᠨ ᠰᠠᠯᠠᠭ᠎ᠠ | ᠮᠦᠴᠢᠷ᠂ ᠡᠯ᠎ᠡ ᠱᠠᠲᠤᠨ ᠤ ᠵᠠᠰᠠᠭ ᠤᠨ ᠣᠷᠳᠣᠨ ᠨᠢ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ | ᠪᠠᠶᠠᠯᠢᠭ ᠢ ᠬᠠᠮᠲᠤ ᠳᠤ ᠪᠠᠨ ᠬᠦᠷᠲᠡᠬᠦ ᠠᠵᠢᠯ ᠢ ᠲᠤᠰ ᠰᠠᠯᠠᠭ᠎ᠠ ᠮᠦᠴᠢᠷ᠂ ᠲᠤᠰ ᠭᠠᠵᠠᠷ ᠣᠷᠣᠨ ᠤ ᠠᠵᠢᠯ ᠤᠨ | ᠠᠮᠵᠢᠯᠲᠠ ᠪᠦᠲᠦᠮᠵᠢ ᠶᠢ ᠰᠢᠯᠭᠠᠨ ᠦᠨᠡᠯᠡᠬᠦ ᠠᠭᠤᠯᠭ᠎ᠠ ᠳᠤ ᠪᠠᠨ ᠣᠷᠤᠭᠤᠯᠬᠤ ᠬᠡᠷᠡᠭᠲᠡᠢ᠃ | ᠭᠤᠴᠢᠨ ᠬᠤᠶᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠡᠯ᠎ᠡ ᠵᠠᠰᠠᠭ ᠤᠨ ᠶᠠᠪᠤᠳᠠᠯ ᠤᠨ ᠰᠠᠯᠠᠭ᠎ᠠ | ᠮᠦᠴᠢᠷ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠬᠠᠭᠠᠰ ᠵᠢᠯ ᠪᠤᠯᠬᠤ | ᠪᠦᠷᠢ ᠳᠤ ᠵᠣᠬᠢᠴᠠᠭᠤᠯᠬᠤ ᠠᠯᠪᠠᠨ ᠭᠡᠷ ᠤᠨ ᠵᠣᠬᠢᠶᠠᠨ ᠪᠠᠶᠢᠭᠤᠯᠵᠤ ᠠᠬᠢᠭᠤᠯᠬᠤ ᠲᠤᠭᠤᠶᠢᠯᠠᠩ ᠳᠤ ᠵᠠᠰᠠᠭ ᠤᠨ | ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤ ᠳᠤ ᠪᠠᠨ ᠬᠦᠷᠲᠡᠬᠦ ᠠᠵᠢᠯ ᠤᠨ | ᠨᠠᠶᠢᠳᠠᠪᠤᠷᠢᠵᠢᠭᠤᠯᠤᠭᠰᠠᠨ ᠪᠠᠶᠢᠳᠠᠯ ᠪᠠ ᠬᠡᠷᠡᠭᠯᠡᠭᠰᠡᠨ ᠦᠷ᠎ᠡ ᠪᠦᠲᠦᠮᠵᠢ ᠪᠠᠨ ᠮᠡᠳᠡᠭᠦᠯᠵᠦ᠂ ᠵᠣᠬᠢᠴᠠᠭᠤᠯᠬᠤ ᠠᠯᠪᠠᠨ | ᠭᠡᠷ ᠤᠨ ᠵᠣᠬᠢᠶᠠᠨ ᠪᠠᠶᠢᠭᠤᠯᠵᠤ ᠠᠬᠢᠭᠤᠯᠬᠤ ᠲᠤᠭᠤᠶᠢᠯᠠᠩ ᠨᠢ ᠳᠠᠷᠠᠭ᠎ᠠ ᠵᠢᠯ ᠤᠨ 1 ᠳ᠋ᠤᠭᠡᠷ ᠰᠠᠷ᠎ᠠ ᠶᠢᠨ ᠰᠡᠭᠦᠯᠴᠢ | ᠪᠣᠯᠬᠤ ᠠᠴᠠ ᠡᠮᠦᠨ᠎ᠡ ᠵᠣᠬᠢᠴᠠᠭᠤᠯᠬᠤ ᠠᠯᠪᠠᠨ ᠭᠡᠷ ᠲᠤ ᠳᠡᠭᠡᠷ᠎ᠡ ᠨᠢᠭᠡ ᠣᠨ ᠤ ᠵᠠᠰᠠᠭ ᠤᠨ ᠶᠠᠪᠤᠳᠠᠯ ᠤᠨ ᠮᠡᠳᠡᠭᠡ | ᠵᠠᠩᠭᠢ ᠶᠢᠨ ᠡᠬᠢ ᠪᠠᠶᠠᠯᠢᠭ ᠢ ᠬᠠᠮᠲᠤ ᠳᠠᠭᠠᠨ ᠬᠦᠷᠲᠡᠯᠴᠡᠭᠰᠡᠨ ᠪᠠᠶᠢᠳᠠᠯ ᠤᠨ ᠮᠡᠳᠡᠭᠦᠯᠦᠯᠲᠡ ᠪᠠᠨ ᠲᠤᠰᠢᠶᠠᠬᠤ | ᠬᠡᠷᠡᠭᠲᠡᠢ᠃ | ᠭᠤᠴᠢᠨ ᠭᠤᠷᠪᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠬᠦᠭᠵᠢᠭᠦᠯᠦᠯᠲᠡ ᠥᠭᠡᠷᠡᠴᠢᠯᠡᠯᠲᠡ ᠶᠢᠨ | ᠵᠦᠪᠯᠡᠯ᠂ ᠡᠳ᠋ ᠤᠨ ᠵᠠᠰᠠᠭ ᠤᠨ ᠲᠢᠩᠬᠢᠮ᠂ ᠨᠠᠮ ᠤᠨ ᠬᠤᠷᠢᠶ᠎ᠠ ᠶᠢᠨ ᠢᠨᠲ᠋ᠧᠷ ᠰᠦᠯᠵᠢᠶ᠎ᠡ ᠶᠢᠨ ᠮᠡᠳᠡᠭᠡ ᠵᠠᠩᠭᠢ ᠶᠢᠨ | ᠠᠯᠪᠠᠨ ᠭᠡᠷ ᠨᠢ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠵᠠᠰᠠᠭ ᠤᠨ ᠶᠠᠪᠤᠳᠠᠯ ᠤᠨ ᠮᠡᠳᠡᠭᠡ | ᠵᠠᠩᠭᠢᠵᠢᠯᠲᠠ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠡᠯᠡ ᠣᠷᠤᠭᠤᠯᠬᠤ ᠪᠠ ᠠᠵᠢᠯᠯᠠᠭᠤᠯᠵᠤ | ᠪᠠᠲᠤᠯᠠᠬᠤ ᠵᠠᠷᠤᠳᠠᠯ ᠤᠨ ᠵᠦᠪᠳᠡᠯᠴᠡᠬᠦ ᠲᠣᠭᠲᠠᠴᠠ ᠶᠢ ᠪᠠᠶᠢᠭᠤᠯᠵᠤ᠂ ᠵᠠᠰᠠᠭ ᠤᠨ ᠶᠠᠪᠤᠳᠠᠯ ᠤᠨ ᠰᠠᠯᠠᠭ᠎ᠠ | ᠮᠦᠴᠢᠷ ᠤᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤ ᠳᠤ ᠪᠠᠨ ᠬᠦᠷᠲᠡᠬᠦ ᠶᠢ | ᠨᠠᠶᠢᠳᠠᠪᠤᠷᠢᠵᠢᠭᠤᠯᠤᠭᠰᠠᠨ ᠪᠠᠶᠢᠳᠠᠯ ᠢ ᠬᠤᠯᠪᠣᠭᠠᠯᠠᠵᠤ ᠰᠢᠯᠭᠠᠨ ᠬᠢᠨᠠᠬᠤ ᠬᠡᠷᠡᠭᠲᠡᠢ᠃ ᠬᠦᠭᠵᠢᠭᠦᠯᠦᠯᠲᠡ | ᠥᠭᠡᠷᠡᠴᠢᠯᠡᠯᠲᠡ ᠶᠢᠨ ᠰᠠᠯᠠᠭ᠎ᠠ ᠮᠦᠴᠢᠷ ᠨᠢ ᠵᠠᠰᠠᠭ ᠤᠨ ᠶᠠᠪᠤᠳᠠᠯ ᠤᠨ ᠮᠡᠳᠡᠭᠡ ᠵᠠᠩᠭᠢᠵᠢᠯᠲᠠ ᠶᠢᠨ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠢ ᠲᠥᠯᠥᠪᠵᠢᠭᠦᠯᠦᠨ ᠲᠣᠭᠲᠠᠭᠠᠬᠤ᠂ ᠲᠥᠷᠥᠯ ᠵᠦᠢᠯ ᠤᠨ ᠬᠢᠨᠠᠨ | ᠵᠦᠪᠰᠢᠶᠡᠷᠡᠬᠦ᠂ ᠪᠡᠯᠡ ᠣᠷᠤᠭᠤᠯᠤᠯᠲᠠ ᠶᠢ ᠲᠥᠯᠥᠪᠯᠡᠨ ᠲᠣᠬᠢᠷᠠᠭᠤᠯᠬᠤ᠂ ᠲᠥᠷᠥᠯ ᠵᠦᠢᠯ ᠤᠨ ᠰᠢᠯᠭᠠᠵᠤ ᠬᠤᠷᠢᠶᠠᠨ | ᠠᠪᠬᠤ ᠵᠡᠷᠭᠡ ᠲᠠᠯ᠎ᠠ ᠪᠠᠷ ᠬᠢ ᠰᠢᠯᠭᠠᠨ ᠬᠢᠨᠠᠬᠤ ᠶᠢ ᠬᠠᠷᠢᠭᠤᠴᠠᠨ᠎ᠠ᠂ ᠡᠳ᠋ ᠤᠨ ᠵᠠᠰᠠᠭ ᠤᠨ ᠰᠠᠯᠠᠭ᠎ᠠ ᠮᠦᠴᠢᠷ ᠨᠢ | ᠲᠦᠰᠦᠪ ᠢ ᠪᠠᠭᠤᠯᠭᠠᠬᠤ᠂ ᠠᠵᠢᠯᠯᠠᠭᠤᠯᠵᠤ ᠪᠠᠲᠤᠯᠠᠬᠤ ᠵᠠᠷᠤᠳᠠᠯ ᠢ ᠲᠣᠬᠢᠷᠠᠭᠤᠯᠬᠤ ᠵᠡᠷᠭᠡ ᠲᠠᠯ᠎ᠠ ᠪᠠᠷ ᠬᠢ ᠰᠢᠯᠭᠠᠨ | ᠬᠢᠨᠠᠬᠤ ᠶᠢ ᠬᠠᠷᠢᠭᠤᠴᠠᠨ᠎ᠠ᠂ ᠢᠨᠲ᠋ᠧᠷ ᠰᠦᠯᠵᠢᠶ᠎ᠡ ᠶᠢᠨ ᠮᠡᠳᠡᠭᠡ ᠵᠠᠩᠭᠢ ᠶᠢᠨ ᠰᠠᠯᠠᠭ᠎ᠠ ᠮᠦᠴᠢᠷ ᠨᠢ ᠲᠣᠣᠷ | ᠰᠦᠯᠵᠢᠶ᠎ᠡ ᠶᠢᠨ ᠠᠮᠤᠷ ᠲᠦᠪᠰᠢᠨ ᠢ ᠪᠠᠲᠤᠯᠠᠬᠤ ᠲᠠᠯ᠎ᠠ ᠪᠠᠷ ᠬᠢ ᠰᠢᠯᠭᠠᠨ ᠬᠢᠨᠠᠬᠤ ᠶᠢ ᠬᠠᠷᠢᠭᠤᠴᠠᠨ᠎ᠠ᠃ | ᠨᠢᠭᠤᠴᠠ ᠳᠤ ᠬᠤᠯᠪᠣᠭᠳᠠᠬᠤ ᠲᠥᠷᠥᠯ ᠵᠦᠢᠯ ᠠᠴᠠ ᠭᠠᠳᠠᠨ᠎ᠠ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ | ᠪᠠᠶᠠᠯᠢᠭ ᠢ ᠬᠠᠮᠲᠤ ᠳᠤ ᠪᠠᠨ ᠬᠦᠷᠲᠡᠬᠦ ᠱᠠᠭᠠᠷᠳᠠᠯᠭ᠎ᠠ ᠳᠤ ᠥᠯᠥ ᠨᠡᠶᠢᠴᠡᠬᠦ ᠪᠦᠬᠦᠨ ᠢ ᠪᠦᠲᠦᠭᠡᠨ ᠪᠠᠶᠢᠭᠤᠯᠬᠤ | ᠲᠥᠷᠥᠯ ᠵᠦᠢᠯ ᠢᠶᠠᠷ ᠬᠢᠨᠠᠨ ᠵᠦᠪᠰᠢᠶᠡᠷᠡᠵᠦ ᠪᠣᠯᠬᠤ ᠦᠭᠡᠢ᠂ ᠠᠵᠢᠯᠯᠠᠭᠤᠯᠵᠤ ᠪᠠᠲᠤᠯᠠᠬᠤ ᠵᠠᠷᠤᠳᠠᠯ ᠲᠣᠬᠢᠷᠠᠭᠤᠯᠵᠤ | ᠪᠣᠯᠬᠤ ᠦᠭᠡᠢ᠃ | ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤ ᠳᠤ ᠪᠠᠨ ᠬᠦᠷᠲᠡᠬᠦ ᠬᠠᠮᠢᠶ᠎ᠠ ᠪᠦᠬᠦᠢ | ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠡᠯᠡ ᠮᠦᠩᠭᠦ ᠶᠢ ᠲᠤᠰ ᠱᠠᠲᠤᠨ ᠤ ᠵᠠᠰᠠᠭ ᠤᠨ ᠣᠷᠳᠣᠨ ᠤ | ᠲᠣᠭᠲᠠᠮᠠᠯ ᠬᠦᠷᠦᠩᠭᠡ ᠶᠢᠨ ᠪᠡᠯᠡ ᠣᠷᠤᠭᠤᠯᠤᠯᠲᠠ ᠳᠤ ᠣᠷᠤᠭᠤᠯᠵᠤ᠂ ᠵᠠᠰᠠᠭ ᠤᠨ ᠶᠠᠪᠤᠳᠠᠯ ᠤᠨ ᠮᠡᠳᠡᠭᠡ | ᠵᠠᠩᠭᠢ ᠶᠢᠨ ᠡᠬᠢ ᠪᠠᠶᠠᠯᠢᠭ ᠢ ᠬᠠᠮᠲᠤ ᠳᠤ ᠪᠠᠨ ᠬᠦᠷᠲᠡᠬᠦ ᠬᠠᠮᠢᠶ᠎ᠠ ᠪᠦᠬᠦᠢ ᠠᠵᠢᠯ ᠤᠨ ᠵᠠᠷᠤᠳᠠᠯ ᠢ ᠰᠠᠯᠠᠭ᠎ᠠ | ᠮᠦᠴᠢᠷ ᠤᠨ ᠡᠳ᠋ ᠤᠨ ᠵᠠᠰᠠᠭ ᠤᠨ ᠲᠥᠰᠦᠪ ᠲᠤ ᠣᠷᠤᠭᠤᠯᠬᠤ ᠶᠢᠨ ᠬᠠᠮᠲᠤ᠂ ᠡᠩ ᠲᠡᠷᠢᠭᠦᠨ ᠳᠤ ᠲᠣᠬᠢᠷᠠᠭᠤᠯᠬᠤ | ᠬᠡᠷᠡᠭᠲᠡᠢ᠃ | ᠵᠠᠰᠠᠭ ᠤᠨ ᠶᠠᠪᠤᠳᠠᠯ ᠤᠨ ᠮᠡᠳᠡᠭᠡ ᠵᠠᠩᠭᠢᠵᠢᠯᠲᠠ ᠶᠢᠨ ᠲᠥᠷᠥᠯ ᠵᠦᠢᠯ ᠤᠨ ᠲᠥᠷᠥᠯ ᠵᠦᠢᠯ | ᠲᠣᠭᠲᠠᠭᠠᠬᠤ ᠪᠠᠷ ᠭᠤᠶᠤᠴᠢᠯᠠᠬᠤ ᠠᠴᠠ ᠡᠮᠦᠨ᠎ᠡ ᠲᠥᠷᠥᠯ ᠵᠦᠢᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ | ᠤᠷᠢᠳᠴᠢᠯᠠᠨ ᠨᠠᠶᠢᠷᠠᠭᠤᠯᠵᠤ ᠭᠠᠷᠴᠠᠭ ᠪᠣᠯᠭᠠᠵᠤ᠂ ᠲᠥᠷᠥᠯ ᠵᠦᠢᠯ ᠤᠨ ᠬᠢᠨᠠᠨ ᠵᠦᠪᠰᠢᠶᠡᠷᠡᠬᠦ ᠶᠢᠨ ᠴᠢᠬᠤᠯᠠ ᠵᠦᠢᠯ | ᠪᠣᠯᠭᠠᠬᠤ ᠬᠡᠷᠡᠭᠲᠡᠢ᠂ ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ ᠲᠥᠷᠥᠯ ᠵᠦᠢᠯ ᠤᠨ ᠮᠡᠳᠡᠭᠡ ᠵᠠᠩᠭᠢ ᠶᠢᠨ | ᠡᠬᠢ ᠪᠠᠶᠠᠯᠢᠭ ᠤᠨ ᠭᠠᠷᠴᠠᠭ ᠢ ᠬᠠᠮᠲᠤ ᠳᠤ ᠪᠠᠨ ᠬᠦᠷᠲᠡᠵᠦ ᠰᠣᠯᠢᠯᠴᠠᠬᠤ ᠲᠠᠪᠴᠠᠩ ᠤᠨ ᠭᠠᠷᠴᠠᠭ ᠤᠨ | ᠬᠠᠮᠢᠶᠠᠷᠤᠯᠲᠠ ᠶᠢᠨ ᠰᠢᠰᠲ᠋ᠧᠮ ᠳᠤ ᠣᠷᠤᠭᠤᠯᠵᠤ᠂ ᠲᠥᠷᠥᠯ ᠵᠦᠢᠯ ᠢ ᠰᠢᠯᠭᠠᠵᠤ ᠬᠤᠷᠢᠶᠠᠨ ᠠᠪᠬᠤ ᠶᠢᠨ | ᠱᠠᠭᠠᠷᠳᠠᠯᠭ᠎ᠠ ᠪᠣᠯᠭᠠᠬᠤ ᠬᠡᠷᠡᠭᠲᠡᠢ᠃ | ᠭᠤᠴᠢᠨ ᠳᠥᠷᠪᠡᠳᠦᠭᠡᠷ ᠵᠦᠢᠯ ᠬᠢᠨᠠᠨ ᠪᠣᠳᠣᠯᠲᠠ ᠶᠢᠨ ᠪᠠᠶᠢᠭᠤᠯᠭ᠎ᠠ ᠨᠢ ᠬᠠᠤᠯᠢ ᠶᠣᠰᠤᠭᠠᠷ ᠡᠭᠦᠷᠭᠡ | ᠬᠠᠷᠢᠭᠤᠴᠠᠯᠭ᠎ᠠ ᠪᠠᠨ ᠭᠦᠢᠴᠡᠳᠬᠡᠵᠦ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ | ᠬᠠᠮᠲᠤ ᠳᠤ ᠪᠠᠨ ᠬᠦᠷᠲᠡᠬᠦ ᠳᠤ ᠬᠢᠨᠠᠯᠲᠠ ᠲᠠᠯᠪᠢᠬᠤ ᠦᠢᠯᠡᠳᠦᠯ ᠢ ᠨᠢ ᠪᠠᠳᠠᠷᠠᠭᠤᠯᠤᠨ᠂ ᠲᠤᠰᠬᠠᠢ ᠪᠡᠯᠡ ᠮᠥᠩᠭᠦ ᠶᠢᠨ | ᠬᠡᠷᠡᠭᠯᠡᠬᠦ ᠶᠢᠨ ᠦᠨᠡᠨ ᠪᠣᠳᠠᠲᠤ ᠴᠢᠨᠠᠷ᠂ ᠬᠠᠤᠯᠢ ᠶᠣᠰᠤᠴᠢ ᠴᠢᠨᠠᠷ ᠪᠠ ᠦᠷ᠎ᠡ ᠠᠰᠢᠭᠲᠤ ᠴᠢᠨᠠᠷ ᠢ ᠨᠢ ᠪᠠᠲᠤᠯᠠᠵᠤ᠂ | ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠳᠦᠷᠢᠮ ᠢ ᠠᠬᠢᠭᠤᠯᠤᠨ ᠲᠡᠭᠦᠯᠳᠡᠷᠵᠢᠭᠦᠯᠬᠦ ᠬᠡᠷᠡᠭᠲᠡᠢ᠃ | ᠭᠤᠴᠢᠨ ᠲᠠᠪᠤᠳᠤᠭᠠᠷ ᠵᠦᠢᠯ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠰᠠᠯᠠᠭ᠎ᠠ ᠮᠦᠴᠢᠷ ᠨᠢ ᠲᠤᠰ | ᠰᠠᠯᠠᠭ᠎ᠠ ᠮᠦᠴᠢᠷ ᠤᠨ ᠬᠢᠨ ᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ | ᠠᠵᠢᠯ ᠤᠨ ᠳᠦᠷᠢᠮ ᠵᠢᠴᠢ ᠵᠣᠬᠢᠬᠤ ᠵᠠᠰᠠᠭ ᠵᠠᠬᠢᠷᠭᠠᠨ ᠤ ᠬᠠᠷᠢᠭᠤᠴᠠᠯᠭ᠎ᠠ ᠨᠡᠬᠡᠮᠵᠢᠯᠡᠬᠦ ᠳᠥᠷᠢᠮ ᠢ ᠪᠠᠶᠢᠭᠤᠯᠤᠨ | ᠪᠦᠷᠢᠨᠰᠢᠭᠦᠯᠬᠦ ᠬᠡᠷᠡᠭᠲᠡᠢ᠃ ᠡᠯ᠎ᠡ ᠰᠠᠯᠠᠭ᠎ᠠ ᠮᠦᠴᠢᠷ᠂ ᠡᠯ᠎ᠡ ᠭᠠᠵᠠᠷ ᠣᠷᠣᠨ ᠨᠢ ᠲᠤᠰ ᠲᠤᠰ ᠤᠨ ᠡᠭᠦᠷᠭᠡ | ᠲᠤᠰᠢᠶᠠᠯ ᠢᠶᠠᠨ ᠭᠦᠢᠴᠡᠳᠭᠡᠵᠦ᠂ ᠲᠤᠰ ᠲᠤᠰ ᠤᠨ ᠬᠠᠷᠢᠭᠤᠴᠠᠯᠭ᠎ᠠ ᠪᠠᠨ ᠡᠭᠦᠷᠭᠡᠯᠡᠨ᠂ ᠬᠠᠷᠠᠯᠲᠠ᠂ ᠬᠠᠷᠢᠭᠤᠴᠠᠯᠭ᠎ᠠ | ᠪᠠ ᠬᠡᠷᠡᠭᠵᠢᠭᠦᠯᠬᠦ ᠪᠠᠶᠢᠭᠤᠯᠤᠮᠵᠢ ᠶᠢ ᠲᠣᠳᠣᠷᠬᠠᠶᠢᠯᠠᠵᠤ᠂ ᠲᠤᠰ ᠰᠠᠯᠠᠭ᠎ᠠ ᠮᠦᠴᠢᠷ ᠤᠨ ᠪᠣᠯᠣᠨ ᠲᠤᠰ ᠭᠠᠵᠠᠷ | ᠣᠷᠣᠨ ᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤ ᠳᠤ ᠪᠠᠨ ᠬᠦᠷᠲᠡᠬᠦ ᠠᠵᠢᠯ ᠢ | ᠦᠨᠡᠨ ᠬᠦ ᠠᠬᠢᠭᠤᠯᠵᠤ᠂ ᠠᠵᠢᠯ ᠢ ᠠᠬᠢᠭᠤᠯᠬᠤ ᠳᠤ ᠲᠣᠬᠢᠶᠠᠯᠳᠤᠭᠰᠠᠨ ᠠᠰᠠᠭᠤᠳᠠᠯ ᠤᠳ ᠢ ᠴᠠᠭ ᠲᠤᠬᠠᠢ ᠳᠤ ᠨᠢ | ᠵᠣᠬᠢᠴᠠᠭᠤᠯᠤᠨ ᠰᠢᠢᠳᠪᠦᠷᠢᠯᠡᠬᠦ ᠬᠡᠷᠡᠭᠲᠡᠢ᠃ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠰᠠᠯᠠᠭ᠎ᠠ ᠮᠦᠴᠢᠷ ᠤᠨ | ᠭᠤᠣᠯ ᠬᠠᠷᠢᠭᠤᠴᠠᠯᠭᠠᠲᠠᠨ ᠪᠣᠯ ᠲᠤᠰ ᠰᠠᠯᠠᠭ᠎ᠠ ᠮᠦᠴᠢᠷ ᠤᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ | ᠪᠠᠶᠠᠯᠢᠭ ᠢ ᠬᠠᠮᠲᠤ ᠳᠤ ᠪᠠᠨ ᠬᠦᠷᠲᠡᠬᠦ ᠠᠵᠢᠯ ᠤᠨ ᠨᠢᠭᠡᠳᠦᠭᠡᠷ ᠬᠠᠷᠢᠭᠤᠴᠠᠯᠭ᠎ᠠ ᠲᠠᠢ ᠬᠦᠮᠦᠨ ᠪᠣᠯᠣᠨ᠎ᠠ᠃ | ᠭᠤᠴᠢᠨ ᠵᠢᠷᠭᠤᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠡᠯ᠎ᠡ ᠵᠠᠰᠠᠭ ᠤᠨ ᠶᠠᠪᠤᠳᠠᠯ ᠤᠨ ᠰᠠᠯᠠᠭ᠎ᠠ | ᠮᠦᠴᠢᠷ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠲᠤᠰ ᠠᠷᠭ᠎ᠠ ᠶᠢᠨ | ᠲᠣᠭᠲᠠᠭᠠᠯ ᠠᠴᠠ ᠵᠦᠷᠢᠴᠡᠵᠦ᠂ ᠳᠣᠣᠷᠠᠬᠢ ᠪᠠᠶᠢᠳᠠᠯ ᠤᠨ ᠨᠢᠭᠡ ᠨᠢ ᠪᠠᠶᠢᠪᠠᠯ᠂ ᠥᠪᠡᠷᠲᠡᠭᠡᠨ ᠵᠠᠰᠠᠬᠤ ᠣᠷᠣᠨ ᠤ | ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤ ᠳᠠᠭᠠᠨ ᠬᠦᠷᠲᠡᠬᠦ ᠶᠢᠨ ᠭᠤᠣᠯᠴᠢᠯᠠᠨ | ᠬᠠᠮᠢᠶᠠᠷᠬᠤ ᠰᠠᠯᠠᠭ᠎ᠠ ᠮᠦᠴᠢᠷ ᠠᠴᠠ ᠪᠣᠳᠠᠲᠤ ᠪᠠᠶᠢᠳᠠᠯ ᠢ ᠨᠢ ᠦᠨᠳᠦᠰᠦᠯᠡᠨ ᠪᠢᠴᠢᠭ ᠢᠶᠠᠷ ᠨᠡᠪᠳᠡᠷᠡᠭᠦᠯᠦᠨ | ᠮᠡᠳᠡᠭᠡᠯᠡᠬᠦ ᠶᠢᠨ ᠬᠠᠮᠲᠤ᠂ ᠬᠤᠭᠤᠴᠠᠭ᠎ᠠ ᠲᠣᠭᠲᠠᠭᠠᠵᠤ ᠴᠡᠭᠴᠡᠯᠡᠨ ᠰᠠᠶᠢᠵᠢᠷᠠᠭᠤᠯᠬᠤ ᠪᠠᠷ ᠵᠡᠷᠯᠢᠭ᠌ᠳᠡᠬᠤ ᠬᠡᠷᠡᠭᠲᠡᠢ᠄ | ︵ᠨᠢᠭᠡ︶ ᠱᠠᠭᠠᠷᠳᠠᠯᠭ᠎ᠠ ᠶᠣᠰᠤᠭᠠᠷ ᠲᠤᠰ ᠰᠠᠯᠠᠭ᠎ᠠ ᠮᠦᠴᠢᠷ ᠤᠨ ᠵᠠᠰᠠᠭ ᠤᠨ ᠶᠠᠪᠤᠳᠠᠯ ᠤᠨ ᠮᠡᠳᠡᠭᠡ | ᠵᠠᠩᠭᠢ ᠶᠢᠨ ᠡᠬᠢ ᠪᠠᠶᠠᠯᠢᠭ ᠤᠨ ᠭᠠᠷᠴᠠᠭ ᠢ ᠨᠠᠶᠢᠷᠠᠭᠤᠯᠤᠨ ᠵᠣᠬᠢᠶᠠᠭᠰᠠᠨ ᠦᠭᠡᠢ ᠪᠣᠶᠤ ᠰᠢᠨᠡᠳᠭᠡᠭᠰᠡᠨ ᠦᠭᠡᠢ | ᠪᠠᠶᠢᠬᠤ︔ | ︵ᠬᠤᠶᠠᠷ︶ ᠲᠣᠭᠲᠠᠭᠠᠯ ᠶᠣᠰᠤᠭᠠᠷ ᠲᠤᠰ ᠰᠠᠯᠠᠭ᠎ᠠ ᠮᠦᠴᠢᠷ ᠤᠨ ᠵᠠᠰᠠᠭ ᠤᠨ ᠶᠠᠪᠤᠳᠠᠯ ᠤᠨ ᠮᠡᠳᠡᠭᠡ | ᠵᠠᠩᠭᠢ ᠶᠢᠨ ᠡᠬᠢ ᠪᠠᠶᠠᠯᠢᠭ ᠤᠨ ᠭᠠᠷᠴᠠᠭ ᠪᠠ ᠡᠵᠡᠮᠰᠢᠭᠰᠡᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ | ᠪᠠᠶᠠᠯᠢᠭ ᠢ ᠪᠣᠰᠣᠳ ᠰᠠᠯᠠᠭ᠎ᠠ ᠮᠦᠴᠢᠷ ᠲᠤ ᠬᠠᠮᠲᠤ ᠳᠤ ᠪᠠᠨ ᠬᠦᠷᠲᠡᠬᠦ ᠪᠠᠷ ᠬᠠᠩᠭᠠᠵᠤ ᠥᠭᠭᠦᠭᠰᠡᠨ ᠦᠭᠡᠢ ᠪᠠᠶᠢᠬᠤ︔ | ︵ᠭᠤᠷᠪᠠ︶ ᠦᠨᠡᠨ ᠪᠣᠳᠠᠲᠠᠢ ᠪᠣᠰᠤ᠂ ᠣᠨᠣᠪᠴᠢ ᠦᠭᠡᠢ᠂ ᠪᠦᠬᠦ ᠲᠠᠯ᠎ᠠ ᠶᠢᠨ ᠪᠣᠰᠣ ᠪᠣᠯᠬᠤ ᠰᠠᠯᠠᠭ᠎ᠠ | ᠮᠦᠴᠢᠷ ᠤᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠤᠨ ᠭᠠᠷᠴᠠᠭ ᠪᠠ ᠵᠠᠰᠠᠭ ᠤᠨ | ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠵᠣᠷᠢᠭᠤᠳᠠ ᠬᠠᠩᠭᠠᠵᠤ ᠥᠭᠭᠦᠭᠰᠡᠨ ᠪᠦᠭᠡᠳ ᠳ᠋ᠠᠶᠢᠲ᠋ᠠ ᠪᠠᠨ | ᠴᠠᠭ ᠲᠤᠬᠠᠢ ᠳᠤ ᠨᠢ ᠰᠢᠨᠡᠳᠭᠡᠭᠰᠡᠨ ᠦᠭᠡᠢ ᠪᠣᠶᠤ ᠬᠠᠩᠭᠠᠵᠤ ᠥᠭᠭᠦᠭᠰᠡᠨ ᠳ᠋ᠠᠶᠢᠲ᠋ᠠ ᠨᠢ ᠬᠤᠯᠪᠣᠭᠳᠠᠯ ᠪᠦᠬᠦᠢ | ᠵᠢᠷᠤᠮᠵᠢᠯ ᠳᠤ ᠥᠯᠥ ᠨᠡᠶᠢᠴᠡᠵᠦ᠂ ᠬᠡᠷᠡᠭᠯᠡᠬᠦ ᠶᠢᠨ ᠠᠷᠭ᠎ᠠ ᠦᠭᠡᠢ ᠪᠠᠶᠢᠬᠤ︔ | ︵ᠳᠥᠷᠪᠡ︶ ᠣᠯᠵᠤ ᠬᠦᠷᠲᠡᠭᠰᠡᠨ ᠬᠠᠮᠲᠤ ᠳᠤ ᠪᠠᠨ ᠬᠦᠷᠲᠡᠬᠦ ᠮᠡᠳᠡᠭᠡ ᠵᠠᠩᠭᠢ ᠶᠢᠨ ᠡᠬᠢ ᠪᠠᠶᠠᠯᠢᠭ ᠤᠨ | ᠬᠠᠮᠢᠶᠠᠷᠤᠯᠲᠠ ᠳᠤ ᠡᠵᠡᠮᠳᠡᠯ ᠢᠶᠠᠨ ᠠᠯᠳᠠᠵᠤ᠂ ᠬᠠᠮᠲᠤ ᠳᠤ ᠪᠠᠨ ᠬᠦᠷᠲᠡᠬᠦ ᠮᠡᠳᠡᠭᠡ ᠵᠠᠩᠭᠢ ᠶᠢ ᠲᠤᠰ ᠨᠢᠭᠡᠴᠡ ᠶᠢᠨ | ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠬᠡᠷᠡᠭᠴᠡᠭᠡ ᠠᠴᠠ ᠪᠣᠰᠣᠳ ᠵᠣᠷᠢᠯᠭ᠎ᠠ ᠳᠤ ᠬᠡᠷᠡᠭᠯᠡᠭᠰᠡᠨ ᠪᠠᠶᠢᠬᠤ︔ | ︵ᠲᠠᠪᠤ︶ ᠬᠢᠨᠠᠯᠲᠠ ᠲᠠᠯᠪᠢᠵᠦ ᠪᠠᠶᠢᠴᠠᠭᠠᠬᠤ ᠪᠠᠶᠢᠭᠤᠯᠭ᠎ᠠ ᠶᠢᠨ ᠴᠡᠭᠴᠡᠯᠡᠨ ᠰᠠᠶᠢᠵᠢᠷᠠᠭᠤᠯᠬᠤ ᠪᠠᠷ | ᠵᠠᠷᠯᠢᠭᠳᠠᠭᠰᠠᠨ ᠠᠰᠠᠭᠤᠳᠠᠯ ᠢ ᠱᠠᠭᠠᠷᠳᠠᠯᠭ᠎ᠠ ᠶᠣᠰᠤᠭᠠᠷ ᠴᠡᠭᠴᠡᠯᠡᠨ ᠰᠠᠶᠢᠵᠢᠷᠠᠭᠤᠯᠤᠭᠰᠠᠨ ᠦᠭᠡᠢ ᠪᠠᠶᠢᠬᠤ︔ | ︵ᠵᠢᠷᠭᠤᠭ᠎ᠠ︶ ᠲᠤᠰ ᠠᠷᠭ᠎ᠠ ᠶᠢᠨ ᠲᠣᠭᠲᠠᠭᠠᠯ ᠠᠴᠠ ᠵᠦᠷᠢᠴᠡᠭᠰᠡᠨ ᠪᠣᠰᠣᠳ ᠠᠵᠢᠯᠯᠠᠭ᠎ᠠ᠃ | | | ᠳᠣᠯᠤᠳᠤᠭᠠᠷ ᠪᠦᠯᠦᠭ ᠳᠠᠭᠠᠯᠳᠤᠭᠤᠯᠤᠯ ᠳᠦᠷᠢᠮ | | | ᠭᠤᠴᠢᠨ ᠳᠣᠯᠤᠳᠤᠭᠠᠷ ᠵᠦᠢᠯ ᠲᠤᠰ ᠠᠷᠭ᠎ᠠ ᠶᠢ ᠳᠠᠷᠤᠮᠠᠯᠯᠠᠨ ᠨᠡᠶᠢᠲᠡᠯᠡᠭᠰᠡᠨ ᠡᠳᠦᠷ ᠠᠴᠠ ᠡᠬᠢᠯᠡᠨ | ᠬᠡᠷᠡᠭᠵᠢᠭᠦᠯᠦᠨ᠎ᠡ᠃ |