ᠥᠪᠥᠷ ᠮᠣᠩᠭᠤᠯ 249 ᠲᠦᠮᠡᠨ ᠮᠠᠯᠴᠢᠨ ᠲᠠᠷᠢᠶᠠᠴᠢᠨ ᠢ ᠰᠢᠯᠢᠵᠢᠭᠦᠯᠥᠨ ᠠᠵᠢᠯ ᠣᠯᠭᠤᠪᠠ
ᠨᠡᠶᠢᠲᠡᠯᠡᠭᠰᠡᠨ ᠴᠠᠭ᠄
2018/11/19
     ᠡᠨᠡ ᠵᠢᠯ ᠠᠴᠠ ᠨᠠᠰᠢ ᠥᠪᠥᠷ ᠮᠣᠩᠭᠤᠯ ᠮᠠᠯᠵᠢᠬᠤ ᠲᠠᠷᠢᠶᠠᠯᠠᠬᠤ ᠣᠷᠣᠨ ᠤ ᠦᠯᠡᠭᠦᠦ ᠬᠥᠳᠡᠯᠮᠦᠷᠢ ᠶᠢᠨ ᠬᠦᠴᠦᠨ ᠳᠤ ᠠᠵᠢᠯ ᠣᠯᠭᠤᠬᠤ ᠠᠷᠭ᠎ᠠ ᠵᠠᠮ ᠢ ᠤᠯᠠᠮ ᠨᠢᠭᠡ ᠠᠯᠬᠤᠮ ᠥᠷᠭᠡᠳᠬᠡᠵᠦ᠂ ᠨᠡᠶᠢᠲᠡ 249 ᠲᠦᠮᠡᠨ ᠮᠠᠯᠴᠢᠨ ᠲᠠᠷᠢᠶᠠᠴᠢᠨ ᠢ ᠰᠢᠯᠢᠵᠢᠭᠦᠯᠥᠨ ᠠᠵᠢᠯ ᠣᠯᠭᠤᠪᠠ᠃      ᠲᠠᠨᠢᠯᠴᠠᠭᠤᠯᠤᠭᠰᠠᠨ ᠢᠶᠠᠷ᠂ ᠠᠵᠢᠯ ᠣᠯᠭᠤᠬᠤ ᠮᠡᠳᠡᠭᠡ ᠵᠠᠩᠭᠢ ᠰᠣᠷᠭᠤᠭ ᠪᠢᠰᠢ᠂ ᠬᠠᠩᠭᠠᠯᠭ᠎ᠠ ᠬᠡᠷᠡᠭᠴᠡᠭᠡᠨ ᠤ ᠮᠡᠳᠡᠭᠡ ᠵᠠᠩᠭᠢ ᠰᠣᠨᠳᠣᠭᠤᠢ ᠪᠠᠶᠢᠭ᠎ᠠ ᠵᠡᠷᠭᠡ ᠠᠰᠠᠭᠤᠳᠠᠯ ᠳᠤ ᠴᠢᠭᠯᠡᠭᠦᠯᠦᠨ᠂ ᠥᠪᠥᠷ ᠮᠣᠩᠭᠤᠯ ᠮᠠᠯᠴᠢᠨ ᠲᠠᠷᠢᠶᠠᠴᠢᠳ ᠢ ᠰᠢᠯᠵᠢᠭᠦᠯᠦᠨ ᠠᠵᠢᠯ ᠣᠯᠭᠤᠬᠤ ᠮᠡᠳᠡᠭᠡ ᠵᠠᠩᠭᠢ ᠶᠢ ᠨᠡᠪᠲᠡᠷᠡᠯᠴᠡᠭᠦᠯᠦᠨ ᠵᠣᠬᠢᠴᠠᠭᠤᠯᠬᠤ ᠲᠣᠭᠲᠠᠴᠠ ᠶᠢ ᠠᠯᠬᠤᠮ ᠠᠯᠬᠤᠮ ᠢᠶᠠᠷ ᠪᠠᠶᠢᠭᠤᠯᠵᠤ᠂ ᠡᠯ᠎ᠡ ᠬᠤᠰᠢᠭᠤ ᠰᠢᠶᠠᠨ ᠢ ᠵᠢᠯᠣᠭᠤᠳᠴᠤ ᠪᠠᠶᠢᠭᠠᠳ ᠠᠵᠢᠯ ᠤᠨ ᠪᠠᠶᠢᠷᠢ ᠶᠢ ᠥᠷᠭᠡᠨ ᠢᠶᠠᠷ ᠣᠯᠬᠤ᠂ ᠠᠵᠢᠯᠴᠢᠨ ᠬᠡᠷᠡᠭᠯᠡᠬᠦ ᠮᠡᠳᠡᠭᠡ ᠵᠠᠩᠭᠢ ᠨᠡᠶᠢᠲᠡᠯᠡᠬᠦ ᠲᠠᠯ᠎ᠠ ᠪᠠᠷ ᠬᠦᠴᠦ ᠣᠷᠣᠭᠤᠯᠤᠨ᠂ ︽ᠬᠠᠪᠤᠷ ᠤᠨ ᠤᠷᠢᠨ ᠰᠠᠯᠬᠢᠨ ᠠᠵᠢᠯᠯᠠᠭ᠎ᠠ︾ ᠥᠷᠨᠢᠭᠦᠯᠬᠦ ᠪᠠ ᠨᠤᠲᠤᠭ ᠲᠠᠭᠠᠨ ᠪᠤᠴᠠᠭᠰᠠᠨ ᠬᠦᠴᠦ ᠶᠠᠪᠤᠭᠴᠢ ᠮᠠᠯᠴᠢᠨ ᠲᠠᠷᠢᠶᠠᠴᠢᠨ ᠢ ᠡᠯᠰᠡᠬᠦ ᠲᠤᠰᠬᠠᠶ ᠴᠤᠭᠯᠠᠭᠠᠨ ᠢ ᠡᠷᠬᠢᠯᠡᠵᠦ᠂ ᠠᠵᠢᠯᠴᠢᠨ ᠬᠡᠷᠡᠭᠯᠡᠬᠦ ᠶᠢ ᠵᠣᠯᠭᠠᠭᠤᠯᠬᠤ ᠪᠠ ︽ᠵᠠᠬᠢᠶᠠᠯᠠᠭ᠎ᠠ ᠶᠢᠨ ᠮᠠᠶ᠋ᠢᠭ︾᠎ ᠤᠨ ᠭᠠᠳᠠᠭᠰᠢ ᠭᠠᠷᠭᠠᠬᠤ ᠠᠵᠢᠯ ᠢ ᠰᠠᠶᠢᠲᠤᠷ ᠬᠢᠵᠦ ᠂ ᠮᠠᠯᠵᠢᠬᠤ ᠲᠠᠷᠢᠶᠠᠯᠠᠬᠤ ᠣᠷᠣᠨ ᠤ ᠦᠯᠡᠭᠦᠦ ᠬᠥᠳᠡᠯᠮᠦᠷᠢ ᠶᠢᠨ ᠬᠦᠴᠦᠨ ᠢ ᠵᠢᠯᠣᠭᠤᠳᠤᠨ ᠵᠣᠬᠢᠶᠠᠨ ᠪᠠᠶᠢᠭᠤᠯᠵᠤ ᠪᠠᠶᠢᠭᠠᠳ ᠬᠡᠪᠴᠢᠶᠡᠵᠢᠭᠦᠯᠦᠨ ᠰᠢᠯᠵᠢᠭᠦᠯᠦᠨ ᠠᠵᠢᠯ ᠣᠯᠭᠤᠪᠠ᠃      ᠥᠪᠥᠷ ᠮᠣᠩᠭᠤᠯ ᠪᠣᠬᠢᠷᠲᠤᠯ ᠥᠬᠡᠶ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠵᠡᠷᠭᠡ ᠣᠨᠴᠠᠯᠢᠭ ᠲᠠᠢ ᠠᠵᠤ ᠦᠢᠯᠡᠰ ᠤᠨ ᠳᠠᠪᠠᠭᠤᠯᠢᠭ ᠲᠤ ᠪᠠᠨ ᠲᠦᠰᠢᠭᠯᠡᠨ ᠮᠠᠯᠴᠢᠨ ᠲᠠᠷᠢᠶᠠᠴᠢᠳ ᠢ ᠰᠢᠯᠵᠢᠭᠦᠯᠦᠨ ᠠᠵᠢᠯ ᠣᠯᠭᠤᠬᠤ ᠵᠢᠱᠢᠶ᠎ᠡ ᠦᠵᠡᠭᠦᠯᠬᠦ ᠴᠡᠭ ᠪᠠᠶᠢᠭᠤᠯᠬᠤ ᠶᠢ ᠲᠡᠳᠬᠦᠨ ᠲᠠᠮᠵᠢᠵᠤ᠂ ᠨᠢᠭᠡ ᠪᠦᠯᠦᠭ ᠥᠪᠡᠷᠮᠢᠴᠡ ᠣᠨᠴᠠᠯᠢᠭ ᠪᠦᠬᠦᠢ ᠬᠥᠳᠡᠯᠮᠦᠷᠢ ᠦᠢᠯᠡᠴᠢᠯᠡᠭᠡ ᠶᠢᠨ ᠨᠡᠷᠡᠶᠢᠳᠬᠦᠨ ᠢ ᠪᠤᠶᠢᠵᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠦᠯᠡᠭᠦᠦ ᠬᠥᠳᠡᠯᠮᠦᠷᠢ ᠬᠦᠴᠦᠨ ᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠪᠣᠯᠪᠠᠰᠤᠷᠠᠭᠤᠯᠬᠤ ᠦᠢᠯᠡᠳᠪᠦᠷᠢ᠂ ᠦᠢᠯᠡᠴᠢᠯᠡᠭᠡᠨ ᠤ ᠦᠢᠯᠡᠰ ᠵᠡᠷᠭᠡ ᠠᠵᠢᠯ ᠲᠦᠷᠦᠯ ᠳᠤ ᠡᠮᠬᠢ ᠳᠠᠷᠠᠭᠠᠯᠠᠯ ᠲᠠᠢ ᠪᠠᠷ ᠰᠢᠯᠵᠢᠭᠦᠯᠵᠦ᠂ ᠲᠡᠳᠡᠨ ᠢ ᠤᠢᠢᠷ᠎ᠠ ᠬᠠᠪᠢ ᠲᠤᠰ ᠭᠠᠵᠠᠷ ᠲᠤ ᠨᠢ ᠰᠢᠯᠵᠢᠭᠦᠯᠦᠨ ᠠᠵᠢᠯ ᠣᠯᠭᠤᠬᠤ᠂ ᠨᠤᠲᠤᠭ ᠲᠠᠭᠠᠨ ᠪᠤᠴᠠᠵᠤ ᠠᠳᠠᠯ ᠦᠢᠯᠡᠰ ᠴᠣᠭᠴᠠᠯᠠᠬᠤ᠂ ᠣᠨᠳᠣᠣ ᠭᠠᠵᠠᠷ ᠲᠤ ᠰᠢᠯᠵᠢᠭᠦᠯᠦᠨ ᠠᠵᠢᠯ ᠣᠯᠭᠤᠬᠤ ᠶᠢ ᠠᠬᠢᠭᠤᠯᠪᠠ᠃ ᠡᠭᠦᠨ ᠤ ᠬᠠᠮᠲᠤ᠂ ᠥᠪᠥᠷ ᠮᠣᠩᠭᠤᠯ ᠠᠳᠠᠯ ᠦᠢᠯᠡᠰ ᠴᠣᠭᠴᠠᠯᠠᠬᠤ ᠳᠠᠭᠠᠭᠠᠯᠲᠠᠲᠤ ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠶᠢ ᠠᠰᠢᠭᠯᠠᠨ ᠂ ᠮᠠᠯᠴᠢᠨ ᠲᠠᠷᠢᠶᠠᠴᠢᠨ ᠤ ᠠᠳᠠᠯ ᠦᠢᠯᠡᠰ ᠴᠣᠭᠴᠠᠯᠠᠬᠤ ᠶᠢ ᠎ ᠨᠢ ᠳᠡᠮᠵᠢᠬᠦ᠂ ᠮᠠᠯᠴᠢᠨ ᠲᠠᠷᠢᠶᠠᠴᠢᠳ ᠤᠨ ᠬᠤᠷᠰᠢᠶ᠎ᠠ ᠶᠢ ᠬᠥᠭᠵᠢᠭᠦᠯᠬᠦ᠂ ᠬᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠵᠡᠷᠭᠡ ᠰᠢᠨ᠎ᠡ ᠬᠡᠯᠪᠡᠷᠢ ᠶᠢᠨ ᠲᠠᠷᠢᠶᠠᠯᠠᠩ ᠮᠠᠯ ᠠᠵᠤ ᠠᠬᠤᠶ ᠶᠢᠨ ᠡᠵᠡᠩᠨᠡᠯᠲᠡ ᠪᠠᠷ ᠭᠤᠣᠯ ᠴᠣᠭᠴᠠ ᠶᠢ ᠬᠥᠭᠵᠢᠭᠦᠯᠵᠦ᠂ ᠲᠡᠳᠡᠨ ᠢ ᠬᠠᠪᠰᠤᠷᠤᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ᠂ ᠰᠡᠯᠡᠭᠦᠴᠡᠨ ᠵᠤᠭᠠᠯᠠᠬᠤ ᠲᠠᠷᠢᠶᠠᠯᠠᠩ ᠮᠠᠯ ᠠᠵᠤ ᠠᠬᠤᠶ ᠵᠡᠷᠭᠡ ᠬᠥᠳᠡᠯᠮᠦᠷᠢ ᠨᠢᠭᠲᠠᠷᠠᠭᠰᠠᠨ ᠬᠡᠯᠪᠡᠷᠢ ᠶᠢᠨ ᠠᠵᠤ ᠦᠢᠯᠡᠰ ᠤᠨ ᠲᠥᠷᠥᠯ ᠵᠦᠢᠯ ᠳᠤ ᠠᠵᠢᠯᠯᠠᠭᠤᠯᠪᠠ᠃ ᠮᠠᠯᠴᠢᠨ ᠲᠠᠷᠢᠶᠠᠴᠢᠳ ᠤᠨ ᠣᠷᠣᠨ ᠨᠤᠲᠤᠭ ᠤᠨ ᠡᠬᠢ ᠪᠠᠶᠠᠯᠢᠭ ᠤᠨ ᠳᠠᠪᠠᠭᠤᠯᠢᠭ ᠢᠶᠠᠨ ᠠᠰᠢᠭᠯᠠᠨ ᠰᠦᠯᠵᠢᠶᠡᠨ ᠳᠡᠭᠡᠷ᠎ᠡ ᠠᠳᠠᠯ ᠦᠢᠯᠡᠰ ᠴᠣᠭᠴᠠᠯᠠᠬᠤ ᠶᠢ ᠨᠢ ᠳᠡᠮᠵᠢᠵᠦ᠂ ᠲᠡᠳᠡᠨ ᠢ ᠬᠥᠲᠥᠯᠥᠨ ᠵᠢᠯᠣᠭᠤᠳᠴᠤ ᠪᠠᠶᠢᠭᠠᠳ ︽ᠢᠨᠲ᠋ᠧᠷ ᠰᠦᠯᠵᠢᠶ᠎ᠡ +︾ ᠮᠡᠳᠡᠭᠡ ᠵᠠᠩᠭᠢ ᠶᠢᠨ ᠮᠡᠷᠭᠡᠵᠢᠯ ᠢ ᠠᠰᠢᠭᠯᠠᠨ ᠥᠪᠡᠷᠮᠢᠴᠡ ᠣᠨᠴᠠᠯᠢᠭ ᠲᠠᠢ ᠳᠡᠯᠭᠡᠭᠦᠷ᠂ ᠬᠡᠯᠬᠢᠶ᠎ᠡ ᠳᠡᠯᠭᠡᠭᠦᠷ ᠪᠠ ᠨᠠᠷᠠᠲᠤ ᠲᠥᠷᠥᠯ ᠲᠡᠮᠳᠡᠭᠲᠦ ᠳᠡᠯᠭᠡᠭᠦᠷ ᠪᠠᠶᠢᠭᠤᠯᠵᠤ᠂ ᠠᠳᠠᠯ ᠦᠢᠯᠡᠰ ᠴᠣᠭᠴᠠᠯᠠᠬᠤ ᠪᠠᠷ ᠠᠵᠢᠯ ᠣᠯᠭᠤᠯᠲᠠ ᠶᠢ ᠳᠠᠶᠢᠴᠢᠯᠠᠵᠦ᠂ ᠬᠥᠭᠵᠢᠯᠲᠡ ᠪᠠᠷ ᠪᠠᠶᠠᠵᠢᠯ ᠢ ᠠᠬᠢᠭᠤᠯᠬᠤ ᠬᠠᠷᠠᠯᠲᠠ ᠶᠢ ᠪᠡᠶᠡᠯᠡᠭᠦᠯᠪᠡ᠃      ᠣᠶᠢᠯᠠᠭᠠᠭᠰᠠᠨ ᠢᠶᠠᠷ᠂ ᠥᠪᠥᠷ ᠮᠣᠩᠭᠤᠯ ᠮᠠᠯᠴᠢᠨ ᠲᠠᠷᠢᠶᠠᠴᠢᠨ ᠢ ᠰᠢᠯᠢᠵᠢᠭᠦᠯᠥᠨ ᠠᠵᠢᠯ ᠣᠯᠭᠤᠬᠤ ᠲᠤᠰᠠᠯᠠᠮᠵᠢ ᠶᠢᠨ ᠲᠥᠷᠢᠮ ᠢ ᠪᠠᠶᠢᠭᠤᠯᠵᠤ᠂ ᠠᠵᠢᠯ ᠤᠨ ᠪᠠᠶᠢᠷᠢ ᠬᠦᠷᠭᠡᠬᠦ᠂ ᠮᠡᠷᠭᠡᠵᠢᠯ ᠬᠦᠷᠭᠡᠬᠦ᠂ ᠲᠦᠷᠦᠯ ᠵᠦᠢᠯ ᠬᠦᠷᠭᠡᠬᠦ᠂ ᠲᠥᠷᠥ ᠶᠢᠨ ᠪᠣᠳᠣᠯᠭ᠎ᠠ ᠬᠦᠷᠭᠡᠬᠦ᠂ ᠬᠠᠯᠠᠮᠵᠢᠯᠠᠯ ᠬᠦᠷᠭᠡᠬᠦ 5 ᠵᠦᠢᠯ ᠤᠨ ᠠᠵᠢᠯ ᠣᠯᠭᠤᠬᠤ ᠲᠤᠰᠠᠯᠠᠮᠵᠢ ᠶᠢᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠦᠯᠡᠭᠦᠦ ᠬᠥᠳᠡᠯᠮᠦᠷᠢ ᠶᠢᠨ ᠬᠦᠴᠦᠨ ᠢ ᠰᠢᠯᠵᠢᠭᠦᠯᠵᠦ ᠠᠵᠢᠯ ᠣᠯᠭᠤᠬᠤ  ᠎ ᠳᠤ ᠦᠢᠯᠡᠴᠢᠯᠡᠭᠡᠨ ᠤ ᠲᠠᠪᠴᠠᠩ ᠬᠠᠩᠭᠠᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号