ᠥᠪᠥᠷ ᠵᠠᠰᠠᠭ ᠠᠯᠪᠠᠨ ᠲᠠᠷᠬᠠᠭᠠᠭᠰᠠᠨ ﹇2018﹈ 1 ᠳ᠋ᠤᠭᠡᠷ ᠲᠤᠭᠠᠳᠤ | 7 ᠳ᠋ᠤᠭᠠᠷ ᠰᠠᠷ᠎ᠠ ᠶᠢᠨ 18 ᠤ ᠡᠳᠦᠷ | ᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠤᠷᠳᠤᠨ᠂ ᠦᠪᠡᠷᠳᠡᠬᠡᠨ ᠵᠠᠰᠠᠬᠤ ᠤᠷᠤᠨ ᠤ | ᠡᠯ᠎ᠡ ᠵᠦᠪᠯᠡᠯ᠂ ᠠᠯᠪᠠᠨ ᠬᠡᠷ᠂ ᠲᠢᠩᠬᠢᠮ᠂ ᠲᠤᠪᠴᠢᠶ᠎ᠡ᠂ ᠡᠯ᠎ᠡ ᠲᠤᠮᠤ ᠠᠵᠦ ᠠᠬᠤᠶᠢᠯᠠᠯ᠂ ᠠᠵᠢᠯ ᠦᠢᠯᠡᠰ ᠤᠨ | ᠨᠢᠬᠡᠴᠢ ᠳᠤ᠄ | ︽︿13 · 5﹀ ᠶᠢᠨ ᠲᠦᠯᠦᠪᠵᠢᠬᠦᠯᠬᠡ ᠳᠤ ᠦᠨᠳᠦᠰᠦᠳᠡᠨ ᠤ ᠭᠠᠵᠠᠷ ᠤᠷᠤᠨ ᠪᠠ ᠭᠦᠮᠦᠨ ᠠᠮᠠ ᠪᠠᠷ | ᠨᠡᠯᠢᠶᠡᠳ ᠴᠦᠬᠡᠪᠳᠦᠷ ᠦᠨᠳᠦᠰᠦᠳᠡᠨ ᠤ ᠭᠦᠭᠵᠢᠯᠳᠡ ᠶᠢᠨ ᠲᠦᠯᠦᠪᠵᠢᠬᠦᠯᠬᠡ ᠶᠢ ᠲᠠᠷᠤᠮᠠᠯᠯᠠᠨ ᠶᠠᠪᠤᠭᠤᠯᠬᠤ ᠲᠤᠬᠠᠢ | ᠲᠦᠷᠦ ᠶᠢᠨ ᠶᠠᠪᠤᠳᠠᠯ ᠤᠨ ᠬᠤᠷᠢᠶ᠎ᠠ ᠶᠢᠨ ᠮᠡᠳᠡᠭᠳᠡᠯ︾ ︵ᠲᠦᠷᠦ ᠲᠠᠷᠬᠠᠭᠠᠨᠨᠰᠠᠨ ﹇2016﹈ 79 ᠳ᠋ᠤᠬᠡᠷ | ᠲᠤᠭᠠᠳᠤ︶ ᠪᠠ ︽ᠬᠢᠯᠢ ᠬᠢᠵᠠᠭᠠᠷ ᠤᠷᠤᠨ ᠢ ᠭᠦᠭᠵᠢᠬᠦᠯᠵᠦ ᠠᠷᠠᠳ ᠢ ᠪᠠᠶᠠᠵᠢᠭᠤᠯᠬᠤ ᠠᠵᠢᠯᠯᠠᠭᠠᠨ ᠤ ︽13 · 5 | ︾ ᠶᠢᠨ ᠲᠦᠯᠦᠪᠵᠢᠬᠦᠯᠬᠡ ᠶᠢ ᠲᠠᠷᠤᠮᠠᠯᠯᠠᠨ ᠶᠠᠪᠤᠭᠤᠯᠬᠤ ᠲᠤᠬᠠᠢ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ | ᠲᠢᠩᠬᠢᠮ ᠤᠨ ᠮᠡᠳᠡᠭᠳᠡᠯ︾ ︵ᠲᠦᠷᠦ ᠠᠯᠪᠠᠨ ᠲᠠᠷᠬᠠᠭᠠᠨᠨᠰᠠᠨ ﹇2017﹈ 50 ᠳ᠋ᠤᠭᠠᠷ ᠲᠤᠭᠠᠳᠤ︶ ᠤᠨ ᠵᠤᠷᠢᠭ | ᠰᠠᠨᠠᠭ᠎ᠠ ᠶᠢ ᠭᠦᠨᠵᠡᠬᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠦ᠂ ᠪᠦᠭᠦ ᠤᠷᠤᠨ ᠤ ᠴᠦᠬᠡᠨ ᠲᠤᠭᠠᠳᠤ | ᠦᠨᠳᠦᠰᠦᠳᠡᠨ ᠤ ᠲᠦᠪᠯᠡᠷᠡᠨ ᠰᠠᠭᠤᠷᠢᠰᠢᠨᠨᠰᠠᠨ ᠭᠠᠵᠠᠷ ᠤᠷᠤᠨ ︵ᠭᠤᠤᠯᠳᠠᠭᠤ ᠮᠠᠯᠵᠢᠬᠤ ᠬᠤᠰᠢᠭᠤ ᠬᠤᠳᠠ᠂ | ᠬᠢᠯᠢ ᠶᠢᠨ ᠬᠤᠰᠢᠭᠤ ᠬᠤᠳᠠ᠂ ᠭᠦᠮᠦᠨ ᠠᠮᠠ ᠪᠠᠷ ᠨᠡᠯᠢᠶᠡᠳ ᠴᠦᠬᠡᠪᠳᠦᠷ ᠦᠨᠳᠦᠰᠦᠳᠡᠨ ᠤ ᠲᠦᠪᠯᠡᠷᠡᠨ | ᠰᠠᠭᠤᠷᠢᠰᠢᠨᠨᠰᠠᠨ ᠬᠤᠰᠢᠭᠤ ᠬᠤᠳᠠ᠂ ᠴᠦᠬᠡᠨ ᠲᠤᠭᠠᠳᠤ ᠦᠨᠳᠦᠰᠦᠳᠡᠨ ᠤ ᠭᠦᠮᠦᠨ ᠠᠮᠠ ᠬᠠᠷᠢᠴᠠᠩᠭᠤᠢ | ᠲᠦᠪᠯᠡᠷᠡᠭᠰᠡᠨ ᠭᠠᠵᠠᠷ ᠤᠷᠤᠨ ᠪᠠ ᠦᠨᠳᠦᠰᠦᠳᠡᠨ ᠤ 18 ᠰᠢᠶᠠᠩ ᠢ ᠵᠢᠭᠠᠵᠦ ᠪᠤᠢ︶ ᠤ ᠴᠡᠴᠡᠭᠯᠡᠯ ᠭᠦᠭᠵᠢᠯᠳᠡ ᠶᠢ | ᠠᠬᠢᠭᠤᠯᠬᠤ ᠶᠢᠨ ᠲᠤᠰᠠᠳᠠ᠂ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠢᠶᠠᠷ | ᠵᠦᠪᠰᠢᠶᠡᠷᠡᠭᠦᠯᠦᠬᠡᠳ᠂ ᠡᠳᠦᠬᠡ ᠲᠤᠤᠷᠠᠬᠢ ᠮᠡᠳᠦ ᠰᠠᠨᠠᠯ ᠢ ᠲᠤᠷᠠᠳᠪᠠ᠃ | ᠨᠢᠬᠡ᠂ ᠶᠡᠷᠦᠩᠬᠡᠢ ᠱᠠᠭᠠᠷᠳᠠᠯᠭ᠎ᠠ | ︵ᠨᠢᠬᠡ︶ ᠵᠢᠯᠤᠭᠤᠳᠬᠤ ᠦᠵᠡᠯ ᠰᠠᠨᠠᠭ᠎ᠠ᠃ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ | ᠠᠭᠤᠤ ᠶᠡᠭᠡ ᠲᠤᠭ ᠢ ᠦᠨᠳᠦᠷ ᠮᠠᠨᠳᠤᠭᠤᠯᠵᠦ᠂ ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠤᠨ ᠵᠤᠷᠢᠭ | ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠤᠨ᠂ ᠰᠢ ᠶᠢᠨ ᠫᠢᠩ ᠤᠨ ᠰᠢᠨ᠎ᠠ ᠴᠠᠭ ᠦᠶ᠎ᠡ ᠶᠢᠨ ᠲᠤᠮᠳᠠᠳᠤ | ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠦ᠂ ︽ᠪᠦᠭᠦᠳᠡ | ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠦᠨᠳᠦᠰᠦᠳᠡᠨ ᠤ ᠤᠷᠤᠨ ᠤ ᠦᠪᠡᠷᠳᠡᠬᠡᠨ ᠵᠠᠰᠠᠬᠤ ᠬᠠᠤᠯᠢ︾ ᠵᠡᠷᠬᠡ | ᠬᠠᠤᠯᠢ ᠴᠠᠭᠠᠵᠠ ᠬᠠᠤᠯᠢ ᠲᠤᠨᠨᠳᠠᠭᠠᠯ ᠢ ᠬᠢᠨᠠᠮᠠᠭᠠᠢ ᠨᠠᠶᠢᠳᠠᠪᠤᠷᠢᠵᠢᠭᠤᠯᠤᠨ᠂ ᠰᠢᠨ᠎ᠠ ᠭᠦᠭᠵᠢᠯᠳᠡ ᠶᠢᠨ | ᠤᠨᠤᠯᠵᠢᠬᠤᠨ ᠢ ᠪᠠᠳᠤ ᠪᠠᠬᠢ ᠪᠤᠢ ᠪᠤᠯᠭᠠᠵᠦ᠂ ᠴᠦᠬᠡᠨ ᠲᠤᠭᠠᠳᠤ ᠦᠨᠳᠦᠰᠦᠳᠡᠨ ᠤ ᠲᠦᠪᠯᠡᠷᠡᠨ ᠰᠠᠭᠤᠷᠢᠰᠢᠨᠨᠰᠠᠨ | ᠭᠠᠵᠠᠷ ᠤᠷᠤᠨ ᠤ ᠠᠵᠦ ᠠᠬᠤᠢ ᠶᠢᠨ ᠬᠡᠯᠪᠡᠷᠢ ᠶᠢ ᠨᠢ ᠬᠤᠪᠢᠷᠠᠭᠤᠯᠵᠦ ᠲᠡᠰ ᠲᠡᠪᠰᠢᠬᠦᠯᠬᠦ ᠪᠠ ᠴᠢᠨᠠᠷ ᠢ ᠨᠢ | ᠰᠠᠶᠢᠵᠢᠷᠠᠭᠤᠯᠤᠨ ᠦᠷ᠎ᠡ ᠠᠰᠢᠭ ᠢ ᠨᠢ ᠨᠡᠮᠡᠭᠳᠡᠬᠦᠯᠬᠦ ᠶᠢ ᠲᠦᠷᠬᠡᠳᠬᠡᠨ᠂ ᠭᠦᠭᠵᠢᠯᠳᠡ ᠪᠠᠷ ᠲᠡᠩᠴᠡᠬᠦᠨ ᠪᠤᠰᠤ | ᠭᠦᠢᠴᠡᠳ ᠪᠤᠰᠤ ᠠᠰᠠᠭᠤᠳᠠᠯ ᠢ ᠭᠦᠴᠦᠯᠡᠨ ᠰᠶᠢᠳᠪᠦᠷᠢᠯᠡᠵᠦ᠂ ᠠᠵᠦ ᠠᠬᠤᠢ ᠶᠢᠨ ᠴᠢᠨᠠᠷᠵᠢᠭᠤᠨ ᠭᠦᠭᠵᠢᠯᠳᠡ ᠪᠠ | ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢ ᠯᠠᠪᠳᠠᠭᠤᠨ ᠢᠶᠠᠷ ᠠᠬᠢᠭᠤᠯᠵᠦ᠂ ᠦᠨᠳᠦᠰᠦᠳᠡᠨ ᠤ ᠪᠦᠯᠭᠦᠮᠳᠡᠯ | ᠲᠠᠪᠰᠢᠯᠳᠠ ᠶᠢ ᠠᠬᠢᠭᠤᠯᠤᠨ᠂ ᠬᠢᠯᠢ ᠬᠢᠵᠠᠭᠠᠷ ᠤᠨ ᠲᠤᠨᠨᠳᠠᠭᠤᠨ ᠢ ᠬᠠᠮᠠᠭᠠᠯᠠᠵᠦ᠂ ᠰᠢᠨ᠎ᠠ ᠴᠠᠭ ᠦᠶ᠎ᠡ ᠶᠢᠨ ᠴᠦᠬᠡᠨ | ᠲᠤᠭᠠᠳᠤ ᠦᠨᠳᠦᠰᠦᠳᠡᠨ ᠤ ᠲᠦᠪᠯᠡᠷᠡᠨ ᠰᠠᠭᠤᠷᠢᠰᠢᠨᠨᠰᠠᠨ ᠭᠠᠵᠠᠷ ᠤᠷᠤᠨ ᠤ ᠠᠵᠦ ᠠᠬᠤᠢ ᠨᠡᠶᠢᠬᠡᠮ ᠤᠨ ᠴᠡᠴᠡᠭᠯᠡᠯ | ᠭᠦᠭᠵᠢᠯᠳᠡ ᠶᠢᠨ ᠰᠢᠨ᠎ᠠ ᠪᠠᠶᠢᠳᠠᠯ ᠢ ᠪᠦᠭᠦ ᠭᠦᠴᠦᠨ ᠢᠶᠠᠷ ᠡᠭᠦᠳᠦᠨ ᠨᠡᠬᠡᠬᠡᠨ᠎ᠠ᠃ | ︵ᠬᠤᠶᠠᠷ︶ ᠦᠨᠳᠦᠰᠦᠨ ᠵᠠᠷᠴᠢᠮ | ᠰᠢᠨᠵᠢᠯᠡᠬᠦ ᠤᠬᠠᠭᠠᠨᠴᠢ ᠪᠠᠷ ᠭᠦᠭᠵᠢᠬᠦᠯᠬᠦ ᠶᠢ ᠪᠠᠷᠢᠮᠳᠠᠯᠠᠵᠦ᠂ ᠵᠦᠷᠢᠶ᠎ᠡ ᠪᠠᠨ ᠪᠠᠭᠠᠰᠬᠠᠨ᠎ᠠ᠃ ᠦᠨᠳᠦᠰᠦᠳᠡᠨ | ᠪᠠ ᠤᠷᠤᠨ ᠪᠦᠰᠡ ᠶᠢᠨ ᠭᠦᠴᠦᠨ ᠵᠦᠢᠯ ᠢ ᠨᠢᠬᠡᠳᠦᠯᠳᠡᠢ ᠲᠦᠯᠦᠪᠵᠢᠬᠦᠯᠦᠨ ᠪᠤᠳᠤᠯᠬᠢᠯᠠᠵᠦ᠂ ᠲᠤᠳᠠᠭᠤᠳᠠᠯ ᠪᠠ | ᠠᠰᠠᠭᠤᠳᠠᠯ ᠢ ᠴᠢᠩᠭ᠎ᠠ ᠠᠳᠬᠤᠵᠦ᠂ ᠭᠤᠤᠯᠳᠠᠯᠭ᠎ᠠ ᠪᠠ ᠭᠦᠴᠢᠷᠳᠡᠯ ᠢ ᠲᠤᠪᠤᠶᠢᠯᠭᠠᠨ᠂ ᠴᠢᠨᠠᠷᠵᠢᠭᠤᠨ | ᠭᠦᠭᠵᠢᠯᠳᠡ ᠶᠢ ᠪᠦᠭᠦ ᠭᠦᠴᠦᠨ ᠢᠶᠠᠷ ᠠᠬᠢᠭᠤᠯᠤᠨ᠎ᠠ᠃ ᠰᠠᠭᠤᠷᠢ ᠪᠡᠯᠡᠳᠬᠡᠮᠵᠢ ᠶᠢᠨ ᠪᠦᠳᠦᠬᠡᠨ ᠪᠠᠶᠢᠭᠤᠯᠤᠯᠳᠠ ᠶᠢ | ᠶᠡᠭᠡ ᠪᠠᠷ ᠠᠬᠢᠭᠤᠯᠵᠦ᠂ ᠠᠵᠦ ᠦᠢᠯᠡᠰ ᠤᠨ ᠭᠦᠭᠵᠢᠯᠳᠡ ᠶᠢᠨ ᠰᠢᠨ᠎ᠠ ᠲᠠᠪᠠᠭᠤᠯᠢᠭ ᠢ ᠭᠦᠴᠦᠯᠡᠨ ᠴᠤᠨᠨᠴᠠᠯᠠᠵᠦ᠂ | ᠦᠪᠡᠷ ᠢ ᠪᠠᠨ ᠭᠦᠭᠵᠢᠬᠦᠯᠬᠦ ᠴᠢᠳᠠᠪᠤᠷᠢ ᠪᠠᠨ ᠲᠠᠰᠤᠷᠠᠯᠳᠠ ᠦᠬᠡᠢ ᠨᠡᠮᠡᠭᠳᠡᠬᠦᠯᠦᠨ᠂ ᠴᠦᠬᠡᠨ ᠲᠤᠭᠠᠳᠤ | ᠦᠨᠳᠦᠰᠦᠳᠡᠨ ᠤ ᠲᠦᠪᠯᠡᠷᠡᠨ ᠰᠠᠭᠤᠷᠢᠰᠢᠨᠨᠰᠠᠨ ᠭᠠᠵᠠᠷ ᠤᠷᠤᠨ ᠬᠢᠬᠡᠳ ᠪᠤᠰᠤᠳ ᠭᠠᠵᠠᠷ ᠤᠷᠤᠨ ᠯᠤᠭ᠎ᠠ ᠶᠢᠨ | ᠭᠦᠭᠵᠢᠯᠳᠡ ᠶᠢᠨ ᠵᠦᠷᠢᠶ᠎ᠡ ᠶᠢ ᠠᠯᠬᠤᠮ ᠠᠯᠬᠤᠮ ᠢᠶᠠᠷ ᠪᠠᠭᠠᠰᠬᠠᠨ᠎ᠠ᠃ | ᠪᠤᠬᠢᠷᠳᠤᠯ ᠦᠬᠡᠢ ᠭᠦᠭᠵᠢᠯᠳᠡ ᠶᠢ ᠪᠠᠷᠢᠮᠳᠠᠯᠠᠵᠦ᠂ ᠠᠮᠢ ᠠᠬᠤᠢ ᠶᠢ ᠬᠠᠮᠠᠭᠠᠯᠠᠨ᠎ᠠ᠃ ᠠᠵᠦ ᠠᠬᠤᠢ ᠶᠢᠨ | ᠭᠦᠭᠵᠢᠯᠳᠡ ᠬᠢᠬᠡᠳ ᠠᠮᠢ ᠠᠬᠤᠢ ᠶᠢᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠬᠠᠷᠢᠴᠠᠭ᠎ᠠ ᠶᠢ ᠵᠦᠪ ᠢᠶᠠᠷ | ᠰᠶᠢᠳᠪᠦᠷᠢᠯᠡᠵᠦ᠂ ᠠᠮᠢ ᠠᠬᠤᠢ ᠶᠢᠨ ᠤᠷᠴᠢᠨ ᠲᠤᠭᠤᠷᠢᠨ ᠢ ᠬᠠᠮᠠᠭᠠᠯᠠᠬᠤ ᠬᠠᠮᠤᠭ ᠤᠨ ᠴᠢᠩᠭ᠎ᠠ ᠲᠦᠷᠢᠮ ᠢ | ᠨᠠᠶᠢᠳᠠᠪᠤᠷᠢᠵᠢᠭᠤᠯᠤᠨ᠂ ᠠᠭᠠᠷ ᠮᠠᠨᠳᠠᠯ᠂ ᠤᠰᠤ᠂ ᠭᠦᠷᠦᠰᠦ ᠰᠢᠷᠤᠢ ᠶᠢᠨ ᠪᠤᠬᠢᠷᠳᠤᠯ ᠢ ᠰᠡᠷᠬᠡᠶᠢᠯᠡᠨ ᠵᠠᠰᠠᠬᠤ | ᠠᠵᠢᠯᠯᠠᠭᠠᠨ ᠢ ᠭᠦᠨᠵᠡᠬᠡᠢ ᠬᠡᠷᠡᠭᠵᠢᠬᠦᠯᠵᠦ᠂ ᠴᠢᠬᠤᠯᠠ ᠶᠡᠭᠡ ᠪᠤᠯᠬᠤ ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ ᠪᠠ | ᠦᠩᠵᠢᠬᠦᠯᠦᠨ ᠰᠡᠷᠬᠦᠬᠡᠬᠦ ᠢᠨᠵᠧᠨᠧᠷᠢᠩ ᠢ ᠦᠷᠨᠢᠬᠦᠯᠦᠨ᠂ ᠪᠤᠬᠢᠷᠳᠤᠯ ᠦᠬᠡᠢ ᠪᠦᠬᠡᠳ ᠨᠡᠭᠦᠷᠡᠰᠦᠳᠤᠷᠦ᠋ᠭᠴᠢ | ᠪᠠᠭᠠᠳᠠᠢ ᠡᠷᠬᠢᠯᠳᠡᠳᠦ ᠭᠦᠭᠵᠢᠯᠳᠡ ᠶᠢ ᠶᠡᠭᠡ ᠪᠠᠷ ᠭᠦᠭᠵᠢᠬᠦᠯᠵᠦ᠂ ᠴᠦᠬᠡᠨ ᠲᠤᠭᠠᠳᠤ ᠦᠨᠳᠦᠰᠦᠳᠡᠨ ᠤ ᠲᠦᠪᠯᠡᠷᠡᠨ | ᠰᠠᠭᠤᠷᠢᠰᠢᠨᠨᠰᠠᠨ ᠭᠠᠵᠠᠷ ᠤᠷᠤᠨ ᠤ ᠬᠢᠨ ᠤ ᠦᠢᠯᠡᠳᠪᠦᠷᠢᠯᠡᠯ ᠭᠦᠭᠵᠢᠭᠰᠡᠨ᠂ ᠠᠮᠢᠳᠤᠷᠠᠯ ᠪᠠᠶᠠᠨ ᠴᠢᠨᠡᠬᠡᠯᠢᠭ᠂ ᠠᠮᠢ | ᠠᠬᠤᠢ ᠭᠤᠶᠢᠳᠠ ᠰᠠᠶᠢᠬᠠᠨ ᠪᠤᠯᠬᠤ ᠪᠤᠬᠢᠷᠳᠤᠯ ᠦᠬᠡᠢ ᠭᠦᠭᠵᠢᠯᠳᠡ ᠶᠢᠨ ᠵᠠᠮ ᠢᠶᠠᠷ ᠵᠠᠮᠨᠠᠬᠤ ᠶᠢ ᠨᠢ | ᠠᠬᠢᠭᠤᠯᠤᠨ᠎ᠠ᠃ | ᠭᠦᠮᠦᠨ ᠢᠶᠠᠷ ᠦᠨᠳᠦᠰᠦ ᠪᠤᠯᠭᠠᠬᠤ ᠶᠢ ᠪᠠᠷᠢᠮᠳᠠᠯᠠᠵᠦ᠂ ᠭᠦᠭᠵᠢᠯᠳᠡ ᠶᠢ ᠬᠠᠮᠳᠤ ᠳᠤ ᠪᠠᠨ ᠭᠦᠷᠳᠡᠨ᠎ᠠ᠃ | ᠴᠢᠨᠡᠬᠡᠯᠢᠭ ᠨᠡᠶᠢᠬᠡᠮ ᠢ ᠪᠦᠭᠦ ᠲᠠᠯ᠎ᠠ ᠪᠠᠷ ᠪᠠᠶᠢᠭᠤᠯᠬᠤ ᠪᠠᠶᠢᠯᠳᠤᠬᠤ ᠪᠤᠳᠤᠯᠭ᠎ᠠ ᠶᠢᠨ ᠬᠠᠷᠠᠯᠳᠠ ᠶᠢᠨ ᠲᠤᠭᠤᠷᠢᠨ ᠳᠤ᠂ | ᠵᠦᠷᠢᠶᠡᠵᠢᠬᠦᠯᠦᠨ ᠲᠡᠮᠵᠢᠬᠦ ᠲᠦᠷᠦ ᠶᠢᠨ ᠪᠤᠳᠤᠯᠭ᠎ᠠ ᠶᠢ ᠲᠡᠭᠦᠯᠳᠡᠷᠵᠢᠬᠦᠯᠵᠦ᠂ ᠠᠷᠠᠳ ᠤᠨ ᠠᠮᠢᠳᠤᠷᠠᠯ ᠢ ᠪᠠᠳᠤᠯᠠᠨ | ᠰᠠᠶᠢᠵᠢᠷᠠᠭᠤᠯᠬᠤ ᠶᠢ ᠪᠠᠷᠢᠮᠳᠠᠯᠠᠨ᠂ ᠡᠯ᠎ᠡ ᠦᠨᠳᠦᠰᠦᠳᠡᠨ ᠤ ᠤᠯᠠᠨ ᠲᠦᠮᠡᠨ ᠤ ᠭᠦᠷᠳᠡᠬᠡᠮᠵᠢᠳᠡᠢ ᠪᠠᠶᠢᠬᠤ ᠲᠦᠷᠦᠭᠳᠡᠯ | ᠪᠠ ᠵᠤᠯ ᠵᠢᠷᠭᠠᠯᠳᠤ ᠰᠡᠳᠬᠢᠭᠳᠡᠯ ᠢ ᠨᠢ ᠦᠨᠡᠨ ᠬᠦ ᠴᠢᠩᠭᠠᠷᠠᠭᠤᠯᠵᠦ᠂ ᠴᠦᠬᠡᠨ ᠲᠤᠭᠠᠳᠤ ᠦᠨᠳᠦᠰᠦᠳᠡᠨ ᠤ | ᠲᠦᠪᠯᠡᠷᠡᠨ ᠰᠠᠭᠤᠷᠢᠰᠢᠨᠨᠰᠠᠨ ᠭᠠᠵᠠᠷ ᠤᠷᠤᠨ ᠳᠤ ᠦᠬᠡᠷᠡᠴᠢᠯᠡᠯᠳᠡ ᠨᠡᠬᠡᠬᠡᠯᠳᠡ ᠶᠢᠨ ᠦᠷ᠎ᠡ ᠪᠦᠳᠦᠬᠡᠯ ᠢ | ᠬᠠᠮᠳᠤ ᠳᠤ ᠪᠠᠨ ᠡᠳ᠋ᠯᠡᠬᠦᠯᠦᠨ᠎ᠠ᠃ | ᠦᠬᠡᠷᠡᠴᠢᠯᠡᠯᠳᠡ ᠬᠢᠵᠦ ᠰᠢᠨ᠎ᠠ ᠶᠢ ᠡᠭᠦᠳᠬᠦ ᠶᠢ ᠪᠠᠷᠢᠮᠳᠠᠯᠠᠵᠦ᠂ ᠨᠡᠬᠡᠬᠡᠯᠳᠡ ᠬᠢᠬᠦ ᠶᠢ ᠦᠷᠬᠡᠳᠬᠡᠨ᠎ᠠ᠃ | ᠭᠤᠤᠯᠳᠠᠯᠭ᠎ᠠ ᠲᠠᠢ ᠭᠦᠷᠢᠶ᠎ᠡ ᠪᠠ ᠵᠠᠩᠬᠢᠯᠠᠭ᠎ᠠ ᠶᠢᠨ ᠭᠤᠨᠨᠴᠤᠭᠠᠨ ᠳᠠᠬᠢ ᠦᠬᠡᠷᠡᠴᠢᠯᠡᠯᠳᠡ ᠶᠢ ᠭᠦᠨᠵᠡᠬᠡᠶᠢᠷᠡᠬᠦᠯᠦᠨ᠎ᠠ᠃ | ᠪᠦᠭᠦ ᠲᠠᠯ᠎ᠠ ᠪᠠᠷ ᠦᠷᠬᠡᠨ ᠬᠡᠪᠴᠢᠶᠡᠨ ᠳᠤ ᠤᠯᠠᠨ ᠲᠡᠰ ᠲᠠᠪᠬᠤᠷᠭ᠎ᠠ ᠲᠠᠢ ᠪᠠᠷ ᠭᠠᠳᠠᠭᠠᠳᠤ ᠲᠤᠳᠤᠭᠠᠳᠤ ᠳᠤ | ᠨᠡᠬᠡᠬᠡᠯᠳᠡ ᠬᠢᠬᠦ ᠶᠢ ᠦᠷᠬᠡᠳᠬᠡᠵᠦ᠂ ︽ᠨᠢᠬᠡ ᠪᠦᠰᠡ ᠨᠢᠬᠡ ᠵᠠᠮ︾ ᠪᠠ ᠲᠤᠮᠳᠠᠳᠤ ᠮᠤᠩᠭᠤᠯ ᠤᠷᠤᠰ ᠤᠨ ᠠᠵᠦ | ᠠᠬᠤᠢ ᠶᠢᠨ ᠬᠤᠩᠬᠢᠯ ᠤᠨ ᠪᠦᠳᠦᠬᠡᠨ ᠪᠠᠶᠢᠭᠤᠯᠤᠯᠳᠠ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠨ᠂ | ᠦᠬᠡᠷᠡᠴᠢᠯᠡᠯᠳᠡ ᠨᠡᠬᠡᠬᠡᠯᠳᠡ ᠶᠢᠨ ᠠᠮᠢᠵᠢᠷᠠᠯ ᠤᠨ ᠭᠦᠴᠦᠨ ᠢ ᠪᠠᠳᠠᠷᠠᠭᠠᠵᠦ᠂ ᠴᠦᠬᠡᠨ ᠲᠤᠭᠠᠳᠤ ᠦᠨᠳᠦᠰᠦᠳᠡᠨ ᠤ | ᠲᠦᠪᠯᠡᠷᠡᠨ ᠰᠠᠭᠤᠷᠢᠰᠢᠨᠨᠰᠠᠨ ᠭᠠᠵᠠᠷ ᠤᠷᠤᠨ ᠤ ᠲᠤᠳᠤᠭᠠᠳᠤ ᠳᠠᠬᠢ ᠭᠦᠳᠡᠯᠬᠡᠬᠦ ᠭᠦᠴᠦᠨ ᠢ ᠭᠦᠭᠵᠢᠬᠡᠨ᠂ | ᠭᠦᠭᠵᠢᠯᠳᠡ ᠶᠢᠨ ᠰᠢᠨ᠎ᠠ ᠲᠠᠪᠠᠭᠤᠯᠢᠭ ᠢ ᠪᠤᠶᠢᠵᠢᠭᠤᠯᠵᠦ᠂ ᠭᠦᠭᠵᠢᠯᠳᠡ ᠶᠢᠨ ᠠᠯᠬᠤᠴᠠ ᠪᠠᠨ ᠲᠦᠷᠬᠡᠳᠬᠡᠨ᠂ | ᠭᠦᠭᠵᠢᠯᠳᠡ ᠶᠢᠨ ᠬᠢᠷᠢ ᠲᠦᠪᠰᠢᠨ ᠢᠶᠠᠨ ᠲᠡᠬᠡᠭᠰᠢᠯᠡᠬᠦᠯᠦᠨ᠎ᠠ᠃ | ︵ᠭᠤᠷᠪᠠ︶ ᠭᠤᠤᠯ ᠬᠠᠷᠠᠯᠳᠠ | ᠶᠡᠷᠦᠩᠬᠡᠶᠢᠯᠡᠭᠰᠡᠨ ᠠᠵᠦ ᠠᠬᠤᠢ ᠶᠢᠨ ᠪᠤᠳᠠᠳᠤ ᠭᠦᠴᠦᠨ ᠢ ᠮᠡᠳᠡᠭᠳᠡᠬᠦ᠋ᠢᠴᠡ ᠴᠢᠩᠭᠠᠷᠠᠭᠤᠯᠤᠨ᠎ᠠ᠃ ᠴᠦᠬᠡᠨ | ᠲᠤᠭᠠᠳᠤ ᠦᠨᠳᠦᠰᠦᠳᠡᠨ ᠤ ᠲᠦᠪᠯᠡᠷᠡᠨ ᠰᠠᠭᠤᠷᠢᠰᠢᠨᠨᠰᠠᠨ ᠭᠠᠵᠠᠷ ᠤᠷᠤᠨ ᠤ ᠬᠤᠰᠢᠭᠤ ᠰᠢᠶᠠᠨ ᠤ ᠬᠡᠪᠴᠢᠶᠡᠨ ᠳᠠᠬᠢ | ᠠᠵᠦ ᠠᠬᠤᠢ ᠶᠢᠨ ᠪᠤᠳᠠᠳᠤ ᠭᠦᠴᠦᠨ ᠢ ᠦᠷᠬᠦᠯᠵᠢᠯᠡᠨ ᠴᠢᠩᠭᠠᠷᠠᠭᠤᠯᠵᠦ᠂ ᠠᠵᠦ ᠦᠢᠯᠡᠰ ᠤᠨ ᠬᠡᠯᠪᠡᠷᠢ ᠶᠢ ᠨᠢ | ᠬᠤᠪᠢᠷᠠᠭᠤᠯᠤᠨ ᠲᠡᠰ ᠲᠡᠪᠰᠢᠬᠦᠯᠬᠦ ᠶᠢ ᠢᠯᠡᠳᠳᠡ ᠠᠬᠢᠴᠠ ᠲᠠᠢ ᠪᠤᠯᠭᠠᠨ᠂ ᠠᠵᠦ ᠠᠬᠤᠢ ᠶᠢᠨ ᠭᠦᠭᠵᠢᠯᠳᠡ ᠶᠢᠨ | ᠴᠢᠨᠠᠷ ᠴᠢᠨᠰᠠᠭ᠎ᠠ ᠶᠢ ᠮᠡᠳᠡᠭᠳᠡᠭᠦ᠋ᠢᠴᠡ ᠲᠡᠬᠡᠭᠰᠢᠯᠡᠬᠦᠯᠵᠦ᠂ ᠪᠦᠭᠦ ᠤᠷᠤᠨ ᠲᠠᠢ ᠵᠡᠷᠬᠡ ᠪᠠᠷ ᠪᠦᠭᠦ ᠲᠠᠯ᠎ᠠ ᠪᠠᠷ | ᠴᠢᠨᠡᠬᠡᠯᠢᠭᠵᠢᠬᠦ ᠶᠢ ᠨᠢ ᠪᠠᠳᠤᠯᠠᠨ᠎ᠠ᠃ | ᠰᠠᠭᠤᠷᠢ ᠪᠡᠯᠡᠳᠬᠡᠮᠵᠢ ᠶᠢᠨ ᠨᠦᠭᠦᠴᠡᠯ ᠢ ᠪᠦᠭᠦ ᠲᠠᠯ᠎ᠠ ᠪᠠᠷ ᠲᠡᠬᠡᠭᠰᠢᠯᠡᠬᠦᠯᠦᠨ᠎ᠠ᠃ ᠲᠡᠮᠦᠷ ᠵᠠᠮ᠂ ᠵᠠᠰᠠᠮᠠᠯ ᠵᠠᠮ | ᠪᠠ ᠨᠢᠰᠬᠡᠯ ᠤᠨ ᠪᠠᠭᠤᠳᠠᠯ ᠤᠨ ᠪᠦᠳᠦᠬᠡᠨ ᠪᠠᠶᠢᠭᠤᠯᠤᠯᠳᠠ ᠶᠢ ᠯᠠᠪᠳᠠᠭᠤᠨ ᠢᠶᠠᠷ ᠠᠬᠢᠭᠤᠯᠵᠦ᠂ ᠬᠤᠰᠢᠭᠤ ᠬᠤᠳᠠ | ᠪᠦᠭᠦᠨ ᠳᠤ ᠨᠢᠬᠡᠳᠦᠬᠡᠷ ᠲᠡᠰ ᠠᠴᠠ ᠲᠡᠬᠡᠭᠰᠢᠬᠢ ᠵᠠᠰᠠᠮᠠᠯ ᠵᠠᠮ ᠢ ᠨᠡᠪᠳᠡᠷᠡᠬᠦᠯᠦᠨ᠂ ᠮᠠᠯᠵᠢᠬᠤ ᠲᠠᠷᠢᠶᠠᠯᠠᠬᠤ ᠤᠷᠤᠨ | ᠪᠠ ᠬᠢᠯᠢ ᠬᠠᠮᠠᠭᠠᠯᠠᠯᠳᠠ ᠶᠢᠨ ᠵᠠᠰᠠᠮᠠᠯ ᠵᠠᠮ ᠪᠠᠶᠢᠭᠤᠯᠬᠤ ᠪᠠᠷᠢᠮᠵᠢᠶ᠎ᠠ ᠶᠢ ᠮᠡᠳᠡᠭᠳᠡᠬᠦ᠋ᠢᠴᠡ ᠲᠡᠬᠡᠭᠰᠢᠯᠡᠬᠦᠯᠵᠦ᠂ ᠤᠰᠤᠨ | ᠠᠰᠢᠨᠨᠯᠠᠯᠳᠠ ᠶᠢᠨ ᠪᠡᠯᠡᠳᠬᠡᠮᠵᠢ ᠶᠢ ᠢᠯᠡᠳᠳᠡ ᠰᠠᠶᠢᠵᠢᠷᠠᠭᠤᠯᠤᠨ᠂ ᠤᠤᠭᠤᠬᠤ ᠤᠰᠤᠨ ᠤ ᠠᠮᠤᠷ ᠲᠦᠪᠰᠢᠨ ᠢ | ᠪᠠᠳᠤᠯᠠᠭ᠎ᠠ ᠲᠠᠢ ᠪᠤᠯᠭᠠᠵᠦ᠂ ᠴᠠᠬᠢᠯᠭᠠᠨ ᠬᠡᠷᠡᠭᠯᠡᠬᠦ ᠠᠰᠠᠭᠤᠳᠠᠯ ᠢ ᠪᠦᠭᠦ ᠲᠠᠯ᠎ᠠ ᠪᠠᠷ ᠰᠶᠢᠳᠪᠦᠷᠢᠯᠡᠨ᠂ ᠮᠡᠳᠡᠭᠡ | ᠵᠠᠩᠬᠢᠵᠢᠯᠳᠠ ᠶᠢᠨ ᠲᠤᠯᠭᠠᠭᠤᠷᠢᠯᠠᠬᠤ ᠴᠢᠳᠠᠪᠤᠷᠢ ᠶᠢ ᠮᠡᠳᠡᠭᠳᠡᠬᠦ᠋ᠢᠴᠡ ᠲᠡᠬᠡᠭᠰᠢᠯᠡᠬᠦᠯᠦᠨ᠎ᠠ᠃ | ᠠᠷᠠᠳ ᠤᠨ ᠠᠮᠢᠳᠤᠷᠠᠯ ᠢ ᠪᠠᠳᠤᠯᠠᠬᠤ ᠴᠢᠳᠠᠪᠤᠷᠢ ᠶᠢ ᠢᠯᠡᠳᠳᠡ ᠲᠡᠬᠡᠭᠰᠢᠯᠡᠬᠦᠯᠦᠨ᠎ᠠ᠃ ᠰᠤᠷᠭᠠᠨ ᠭᠦᠮᠦᠵᠢᠯ᠂ | ᠰᠢᠨᠵᠢᠯᠡᠬᠦ ᠤᠬᠠᠭᠠᠨ ᠮᠡᠷᠬᠡᠵᠢᠯ᠂ ᠰᠣᠶᠣᠯ᠂ ᠪᠡᠶ᠎ᠡ ᠶᠢᠨ ᠲᠠᠮᠢᠷ ᠵᠢᠴᠢ ᠠᠵᠢᠯ ᠣᠯᠭᠤᠯᠲᠠ᠂ ᠨᠡᠶᠢᠭᠡᠮ ᠤᠨ ᠪᠠᠲᠤᠯᠠᠭ᠎ᠠ᠂ | ᠡᠮᠴᠢᠯᠡᠭᠡ᠂ ᠣᠷᠣᠨ ᠰᠠᠭᠤᠴᠠ ᠵᠡᠷᠭᠡ ᠤᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮᠵᠢ ᠶᠢ ᠨᠡᠩ | ᠲᠡᠭᠦᠯᠳᠡᠷᠵᠢᠬᠦᠯᠵᠦ᠂ ᠪᠠᠶᠢᠭᠤᠯᠤᠯ ᠲᠣᠭᠲᠠᠴᠠ ᠶᠢ ᠨᠡᠩ ᠪᠦᠷᠢᠨᠰᠢᠬᠦᠯᠦᠨ᠂ ᠤᠯᠠᠨ ᠨᠡᠶᠢᠲᠡ ᠶᠢᠨ ᠦᠨᠳᠦᠰᠦᠨ | ᠦᠢᠯᠡᠴᠢᠯᠡᠭᠡ ᠶᠢ ᠠᠳᠠᠯᠢ ᠲᠡᠭᠰᠢ ᠭᠦᠷᠳᠡᠬᠡᠬᠦ ᠶᠠᠪᠤᠳᠠᠯ ᠢ ᠶᠡᠷᠦᠩᠬᠡᠶ ᠳᠤ ᠪᠠᠨ ᠪᠡᠶᠡᠯᠡᠬᠦᠯᠵᠦ᠂ 2020 ᠣᠨ | ᠪᠤᠯᠬᠤ ᠳᠤ ᠣᠲᠣ ᠶᠢᠨ ᠬᠡᠷᠡᠭᠵᠢᠭᠦᠯᠵᠦ ᠪᠠᠶᠢᠭ᠎ᠠ ᠶᠠᠳᠠᠭᠤ ᠶᠢ ᠲᠡᠳᠬᠦᠬᠦ ᠪᠡᠷᠢᠮᠵᠢᠶᠡᠨ ᠳᠠᠬᠢ ᠮᠠᠯᠵᠢᠬᠤ ᠲᠠᠷᠢᠶᠠᠯᠠᠬᠤ | ᠣᠷᠣᠨ ᠤ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠶᠠᠳᠠᠭᠤ ᠠᠴᠠ ᠠᠩᠬᠢᠵᠢᠷᠠᠬᠤ ᠶᠢ ᠪᠠᠳᠤᠯᠠᠨ᠎ᠠ᠃ | ᠠᠮᠢ ᠠᠬᠤᠢ ᠶᠢᠨ ᠣᠷᠴᠢᠨ ᠲᠣᠭᠤᠷᠢᠨ ᠢ ᠦᠷᠭᠦᠯᠵᠢᠯᠡᠨ ᠢᠯᠡᠳᠲᠡ ᠰᠠᠶᠢᠵᠢᠷᠠᠭᠤᠯᠤᠨ᠎ᠠ᠃ ᠭᠦᠬᠡ ᠠᠭᠤᠯᠠ | ᠭᠦᠬᠡᠮᠳᠦᠭ ᠤᠰᠤ ᠪᠣᠯ ᠠᠯᠳᠠ ᠮᠥᠩᠭᠦᠨ ᠠᠭᠤᠯᠠ ᠬᠡᠮᠡᠬᠦ ᠬᠥᠭᠵᠢᠯᠲᠡ ᠶᠢᠨ ᠤᠨᠤᠯᠵᠢᠬᠤᠨ ᠢ ᠪᠠᠲᠤ ᠪᠠᠬᠢ ᠪᠤᠢ | ᠪᠣᠯᠭᠠᠵᠤ᠂ ᠭᠤᠤᠯ ᠴᠣᠭᠴᠠ ᠶᠢᠨ ᠴᠢᠳᠠᠮᠵᠢᠳᠤ ᠣᠷᠣᠨ ᠤ ᠪᠠᠶᠢᠷᠢᠰᠢᠯ ᠢ ᠲᠠᠰᠤᠷᠠᠯᠲᠠ ᠥᠬᠡᠶ ᠰᠢᠯᠢᠳᠡᠭᠵᠢᠬᠦᠯᠦᠨ᠂ | ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠬᠦᠯᠵᠦ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ | ᠪᠠᠭ᠎ᠠ ᠭᠠᠳ᠋ᠬᠠᠰᠢᠯᠠᠭᠤᠯᠬᠤ ᠡᠷᠬᠢᠯᠳᠡᠳᠤ ᠦᠢᠯᠡᠳᠪᠦᠷᠢᠯᠡᠯ ᠠᠮᠢᠳᠤᠷᠠᠯ ᠤᠨ ᠠᠷᠭ᠎ᠠ ᠬᠡᠯᠪᠡᠷᠢ ᠶᠢ ᠠᠩᠬ᠎ᠠ ᠠᠯᠬᠤᠮ ᠪᠤᠢ | ᠪᠤᠯᠭᠠᠨ᠂ ᠠᠵᠤ ᠠᠬᠤᠶ ᠪᠠ ᠡᠬᠢ ᠪᠠᠶᠠᠯᠢᠭ ᠤᠨ ᠣᠷᠴᠢᠨ ᠲᠤᠭᠤᠷᠢᠨ ᠤ ᠦᠷᠭᠦᠯᠵᠢᠯᠡᠨ ᠭᠦᠭᠵᠢᠬᠦ ᠶᠢ ᠪᠡᠶᠡᠯᠡᠬᠦᠯᠵᠦ᠂ | ᠬᠤᠳᠠ ᠬᠥᠳᠡᠭᠡ ᠶᠢᠨ ᠬᠥᠮᠦᠰ ᠤᠨ ᠰᠠᠭᠤᠷᠢᠰᠢᠨ ᠠᠮᠢᠳᠤᠷᠠᠬᠤ ᠣᠷᠴᠢᠨ ᠨᠦᠭᠦᠴᠡᠯ ᠢ ᠮᠡᠳᠡᠭᠳᠡᠬᠦ᠋ᠢᠴᠡ | ᠰᠠᠶᠢᠵᠢᠷᠠᠭᠤᠯᠤᠨ᠎ᠠ᠃ | ᠦᠨᠳᠦᠰᠦᠲᠡᠨ ᠤ ᠪᠦᠯᠬᠦᠮᠳᠡᠯ ᠢ ᠨᠡᠩ ᠪᠠᠳᠤᠳᠬᠠᠨ ᠪᠠᠬᠢᠵᠢᠬᠦᠯᠦᠨ᠎ᠠ᠃ ᠰᠠᠬᠢᠨ ᠪᠠᠷᠠᠯᠠᠵᠤ ᠬᠠᠷᠢᠯᠴᠠᠨ | ᠬᠠᠪᠰᠤᠷᠤᠯᠴᠠᠬᠤ ᠪᠠ ᠪᠦᠯᠬᠦᠮᠳᠡᠨ ᠲᠡᠮᠡᠴᠡᠬᠦ ᠶᠢ ᠪᠠᠷᠢᠮᠳᠠᠯᠠᠨ᠂ ᠦᠨᠳᠦᠰᠦᠲᠡᠨ ᠱᠠᠰᠢᠨ ᠰᠤᠷᠲᠠᠬᠤᠨ ᠤ ᠲᠤᠬᠠᠢ | ᠨᠠᠮ ᠤᠨ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠵᠥᠪ ᠣᠨᠣᠪᠴᠢᠲᠠᠶ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠳᠠ ᠶᠢᠨ ᠬᠥᠮᠦᠵᠢᠯ ᠢ ᠭᠦᠨᠵᠡᠬᠡᠶᠢᠷᠡᠬᠦᠯᠦᠨ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠵᠢᠭᠤᠯᠵᠦ᠂ ᠡᠬᠡ ᠤᠯᠤᠰ ᠤᠨ | ᠬᠢᠯᠢ ᠬᠢᠵᠠᠭᠠᠷ ᠢ ᠬᠠᠮᠳᠤ ᠪᠠᠷ ᠰᠠᠬᠢᠨ ᠬᠠᠮᠠᠭᠠᠯᠠᠵᠤ᠂ ᠰᠠᠶᠢᠨ ᠰᠠᠶᠢᠬᠠᠨ ᠠᠮᠢᠳᠤᠷᠠᠯ ᠢ ᠬᠠᠮᠳᠤ ᠪᠠᠷ ᠴᠣᠭᠴᠠᠯᠠᠨ᠎ᠠ᠃ | ᠬᠤᠶᠠᠷ᠂ ᠭᠤᠤᠯᠳᠠᠯᠭ᠎ᠠ ᠲᠠᠢ ᠡᠭᠦᠷᠬᠡ | ︵ᠨᠢᠬᠡ︶ ᠰᠠᠭᠤᠷᠢ ᠪᠡᠯᠡᠳᠬᠡᠮᠵᠢ ᠶᠢᠨ ᠪᠦᠳᠦᠬᠡᠨ ᠪᠠᠶᠢᠭᠤᠯᠤᠯᠳᠠ ᠶᠢ ᠴᠢᠩᠭᠠᠳᠬᠠᠨ᠎ᠠ | 1. ᠵᠠᠮ ᠬᠠᠷᠢᠯᠴᠠᠭᠠᠨ ᠤ ᠰᠠᠭᠤᠷᠢ ᠪᠡᠯᠡᠳᠬᠡᠮᠵᠢ ᠶᠢᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ | ᠵᠠᠮ ᠤᠨ ᠲᠤᠤᠷᠵᠢᠭᠤᠯᠤᠨ ᠬᠠᠮᠤᠷᠬᠤ ᠬᠡᠪᠴᠢᠶ᠎ᠡ ᠶᠢ ᠥᠷᠭᠡᠳᠬᠡᠵᠦ᠂ ᠬᠥᠳᠡᠭᠡ ᠲᠣᠰᠬᠤᠨ ᠤ ᠵᠠᠰᠠᠮᠠᠯ ᠵᠠᠮ ᠤᠨ | ᠲᠤᠤᠷᠵᠢᠬᠤ ᠪᠠᠶᠢᠷᠢᠰᠢᠯ ᠢ ᠲᠡᠭᠦᠯᠳᠡᠷᠵᠢᠬᠦᠯᠦᠨ᠂ ᠤᠯᠤᠰ ᠤᠨ ᠲᠡᠬᠡᠳᠦ ᠬᠤᠷᠳᠤ ᠶᠢᠨ ᠵᠠᠰᠠᠮᠠᠯ ᠵᠠᠮ ᠤᠨ ᠪᠦᠳᠦᠭᠡᠨ | ᠪᠠᠶᠢᠭᠤᠯᠤᠯᠲᠠ ᠪᠠ ᠤᠯᠤᠰ ᠮᠤᠵᠢ ᠶᠢᠨ ᠭᠤᠣᠯ ᠵᠠᠮ ᠱᠤᠭᠤᠮ ᠢ ᠲᠡᠰ ᠲᠡᠪᠰᠢᠬᠦᠯᠵᠦ ᠦᠬᠡᠷᠡᠴᠢᠯᠡᠨ | ᠰᠠᠶᠢᠵᠢᠷᠠᠭᠤᠯᠬᠤ ᠶᠢ ᠲᠦᠷᠬᠡᠳᠬᠡᠵᠦ᠂ ᠭᠤᠣᠯᠳᠠᠯᠭ᠎ᠠ ᠲᠠᠢ ᠬᠢᠯᠢ ᠶᠢᠨ ᠪᠣᠭᠤᠮᠲᠠ ᠪᠠᠷ ᠵᠠᠰᠠᠮᠠᠯ ᠵᠠᠮ ᠨᠡᠪᠳᠡᠷᠡᠬᠦ | ᠴᠢᠳᠠᠪᠤᠷᠢ ᠶᠢ ᠲᠡᠬᠡᠭᠰᠢᠯᠡᠬᠦᠯᠦᠨ᠎ᠠ᠃ ᠵᠠᠰᠠᠭ ᠵᠠᠬᠢᠷᠭᠠᠨ ᠤ ᠲᠣᠰᠬᠤᠨ ︵ᠭᠠᠴᠠᠭ᠎ᠠ︶ ᠪᠠ ᠵᠣᠬᠢᠬᠤ ᠬᠥᠮᠦᠨ | ᠠᠮᠠ ᠶᠢᠨ ᠬᠡᠪᠴᠢᠶ᠎ᠡ ᠲᠠᠢ ᠪᠤᠯᠤᠨᠨᠰᠠᠨ ᠲᠣᠰᠬᠤᠨ ᠳᠤ ᠬᠠᠳᠠᠭᠤᠷᠠᠭᠤᠯᠤᠨᠨᠰᠠᠨ ᠵᠠᠮ ᠨᠡᠪᠲᠡᠷᠡᠭᠦᠯᠬᠦ ᠪᠦᠳᠦᠬᠡᠨ | ᠪᠠᠶᠢᠭᠤᠯᠤᠯᠳᠠ ᠶᠢ ᠲᠦᠷᠬᠡᠳᠬᠡᠨ᠎ᠠ᠃ ᠮᠠᠯᠵᠢᠬᠤ ᠲᠠᠷᠢᠶᠠᠯᠠᠬᠤ ᠣᠷᠣᠨ ᠤ ᠠᠶᠠᠨᠴᠢᠳ ᠤᠨ ᠲᠡᠭᠡᠭᠡᠪᠦᠷᠢ ᠶᠢᠨ | ᠦᠷᠳᠡᠬᠡᠨ ᠴᠡᠭ ᠤᠨ ᠪᠦᠳᠦᠬᠡᠨ ᠪᠠᠶᠢᠭᠤᠯᠤᠯᠲᠠ ᠶᠢ ᠴᠢᠩᠭᠠᠳᠬᠠᠨ᠎ᠠ᠃ ᠬᠢᠯᠢ ᠬᠢᠵᠠᠭᠠᠷ ᠤᠨ ᠭᠠᠵᠠᠷ ᠣᠷᠣᠨ᠂ | ᠪᠦᠢᠳᠠ ᠪᠦᠭᠯᠡᠬᠦᠦ ᠭᠠᠵᠠᠷ ᠤᠷᠤᠨ᠂ ᠬᠥᠮᠦᠨ ᠠᠮᠠ ᠬᠠᠷᠢᠴᠠᠩᠭᠤᠶ ᠲᠥᠪᠯᠡᠷᠡᠭᠰᠡᠨ ᠴᠥᠭᠡᠨ ᠲᠣᠭᠠᠲᠤ | ᠦᠨᠳᠦᠰᠦᠲᠡᠨ ᠤ ᠲᠥᠪᠯᠡᠷᠡᠨ ᠰᠠᠭᠤᠷᠢᠰᠢᠨᠨᠰᠠᠨ ᠭᠠᠵᠠᠷ ᠣᠷᠣᠨ ᠳᠤ ᠲᠡᠮᠦᠷ ᠵᠠᠮ ᠤᠨ ᠵᠠᠯᠭᠠᠭᠤᠷ ᠱᠤᠭᠤᠮ᠂ | ᠰᠠᠯᠪᠤᠷᠢ ᠱᠤᠭᠤᠮ ᠤᠨ ᠨᠢᠰᠬᠡᠯ ᠤᠨ ᠪᠠᠭᠤᠳᠠᠯ᠂ ᠠᠵᠢᠯ ᠤᠨ ᠡᠬᠡᠯᠵᠢ ᠶᠢᠨ ᠪᠠ ᠨᠡᠶᠢᠳᠡ ᠶᠢᠨ ᠬᠡᠷᠡᠭᠯᠡᠭᠡᠨ ᠤ | ᠨᠢᠰᠬᠡᠯ ᠤᠨ ᠪᠠᠭᠤᠳᠠᠯ ᠤᠨ ᠪᠥᠲᠥᠭᠡᠨ ᠪᠠᠶᠢᠭᠤᠯᠤᠯᠲᠠ ᠶᠢ ᠡᠮᠬᠢ ᠵᠢᠷᠤᠮ ᠲᠠᠢ ᠪᠠᠷ ᠠᠬᠢᠭᠤᠯᠤᠨ᠎ᠠ᠃ ︵ᠥᠪᠡᠷᠲᠡᠭᠡᠨ | ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ | ᠥᠪᠥᠷ ᠮᠣᠩᠭᠤᠯ ᠤᠨ ᠠᠷᠠᠳ ᠤᠨ ᠠᠭᠠᠷ ᠤᠨ ᠲᠡᠬᠡᠬᠡᠪᠦᠷᠢ ᠶᠢᠨ ᠨᠢᠰᠬᠡᠯ ᠤᠨ ᠪᠠᠭᠤᠳᠠᠯ ᠤᠨ ᠪᠦᠯᠦᠭᠯᠡᠯᠳᠦ | ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠲᠣᠰ | ᠲᠣᠰ ᠲᠤ ᠪᠠᠨ ᠬᠠᠷᠢᠭᠤᠴᠠᠨ᠎ᠠ᠂ ᠳᠣᠷᠣᠭᠰᠢ ᠠᠳᠠᠯᠢ︶ | 2. ᠤᠰᠤᠨ ᠠᠰᠢᠭᠯᠠᠯᠲᠠ ᠶᠢᠨ ᠰᠠᠭᠤᠷᠢ ᠪᠡᠯᠡᠳᠬᠡᠮᠵᠢ ᠶᠢᠨ ᠪᠥᠳᠥᠭᠡᠨ ᠪᠠᠶᠢᠭᠤᠯᠤᠯᠲᠠ ᠶᠢ ᠴᠢᠩᠭᠠᠳᠬᠠᠨ᠎ᠠ᠃ | ᠬᠦᠴᠦ ᠪᠠᠨ ᠲᠦᠪᠯᠡᠷᠡᠬᠦᠯᠵᠦ ᠪᠠᠶᠢᠭᠠᠳ ᠨᠦᠯᠦᠬᠡᠯᠡᠨ ᠬᠠᠮᠤᠷᠬᠤ ᠲᠠᠯᠠᠪᠠᠢ ᠪᠠᠷ ᠦᠷᠬᠡᠨ ᠪᠦᠬᠡᠳ ᠲᠠᠶᠢᠴᠢᠯᠠᠨ | ᠲᠠᠭᠠᠭᠤᠯᠬᠤ ᠦᠢᠯᠡᠳᠦᠯ ᠢᠶᠠᠷ ᠴᠢᠩᠭ᠎ᠠ ᠪᠤᠯᠬᠤ ᠤᠰᠤᠨ ᠠᠰᠢᠭᠯᠠᠯᠲᠠ ᠶᠢᠨ ᠪᠠᠷᠢᠯᠭ᠎ᠠ ᠶᠢ ᠪᠠᠶᠢᠭᠤᠯᠵᠦ᠂ ᠭᠤᠣᠯ | ᠮᠥᠷᠡᠨ ᠢ ᠵᠠᠰᠠᠬᠤ ᠪᠠ ᠳᠤᠮᠳᠠ ᠵᠢᠵᠢᠭ ᠭᠤᠤᠯ ᠮᠦᠷᠡᠨ ᠢ ᠵᠠᠰᠠᠬᠤ᠂ ᠦᠶᠡᠷ ᠢ ᠰᠡᠷᠭᠡᠶᠢᠯᠡᠨ ᠭᠠᠩ ᠲᠠᠢ ᠲᠡᠮᠡᠴᠡᠵᠦ | ᠭᠠᠮᠰᠢᠭ ᠢ ᠪᠠᠭᠠᠰᠬᠠᠬᠤ ᠪᠠ ᠬᠤᠳᠠ ᠬᠥᠳᠡᠭᠡ ᠳᠤ ᠤᠤᠭᠤᠬᠤ ᠤᠰᠤ ᠶᠢᠨ ᠠᠮᠤᠷ ᠲᠦᠪᠰᠢᠨ ᠢᠶᠠᠷ ᠬᠠᠩᠭᠠᠬᠤ | ᠪᠠᠳᠤᠯᠠᠭ᠎ᠠ ᠶᠢ ᠭᠤᠤᠯᠳᠠᠯᠭ᠎ᠠ ᠲᠠᠢ ᠲᠡᠮᠵᠢᠵᠦ᠂ ᠤᠰᠤᠨ ᠤ ᠡᠬᠢ ᠰᠤᠷᠪᠤᠯᠵᠢ ᠶᠢ ᠵᠦᠢ ᠵᠣᠬᠢᠰᠲᠠᠶ ᠲᠣᠬᠢᠷᠠᠭᠤᠯᠬᠤ | ᠬᠢᠬᠡᠳ ᠨᠡᠭᠡᠭᠡᠨ ᠠᠰᠢᠭᠯᠠᠬᠤ ᠢᠨᠵᠧᠨᠧᠷᠢᠩ᠂ ᠤᠰᠤᠯᠠᠯᠲᠠ ᠶᠢᠨ ᠣᠷᠣᠨ ᠤ ᠥᠨᠳᠥᠷ ᠪᠦᠲᠦᠮᠵᠢᠲᠡᠶ ᠤᠰᠤ | ᠠᠷᠪᠢᠯᠠᠬᠤ ᠢᠨᠵᠧᠨᠧᠷᠢᠩ᠂ ᠦᠶᠡᠷ ᠢ ᠰᠡᠷᠬᠡᠶᠢᠯᠡᠵᠦ ᠭᠠᠮᠰᠢᠭ ᠢ ᠪᠠᠭᠠᠰᠬᠠᠬᠤ ᠢᠨᠵᠧᠨᠧᠷᠢᠩ ᠢ ᠬᠡᠷᠡᠭᠵᠢᠬᠦᠯᠵᠦ᠂ | ᠦᠶᠡᠷ ᠤᠰᠤᠳᠤᠯ ᠭᠠᠩ ᠬᠠᠭᠰᠠᠷᠭᠠᠨ ᠤ ᠭᠠᠮᠰᠢᠭ ᠢ ᠶᠡᠷᠦᠩᠬᠡᠶᠢᠯᠡᠨ ᠰᠡᠷᠭᠡᠶᠢᠯᠡᠬᠦ ᠴᠢᠳᠠᠪᠤᠷᠢ ᠶᠢ ᠬᠦᠴᠦᠯᠡᠨ | ᠲᠡᠬᠡᠭᠰᠢᠯᠡᠬᠦᠯᠦᠨ᠎ᠠ᠃ ᠮᠠᠯᠵᠢᠬᠤ ᠲᠠᠷᠢᠶᠠᠯᠠᠬᠤ ᠤᠷᠤᠨ ᠤ ᠤᠰᠤ ᠰᠠᠶᠢᠵᠢᠷᠠᠭᠤᠯᠬᠤ ᠶᠢ ᠴᠢᠩᠭᠠᠳᠬᠠᠵᠦ᠂ | ᠲᠥᠪᠯᠡᠷᠡᠩᠭᠦᠶ ᠮᠠᠶ᠋ᠢᠭ ᠢᠶᠠᠷ ᠤᠰᠤ ᠬᠠᠩᠭᠠᠬᠤ ᠬᠢᠭᠡᠳ ᠤᠰᠤ ᠲᠠᠲᠠᠷᠠᠭᠤᠯᠬᠤ ᠲᠦᠭᠦᠷ ᠢᠨᠵᠧᠨᠧᠷᠢᠩ ᠢ | ᠬᠡᠷᠡᠭᠵᠢᠬᠦᠯᠦᠨ᠂ ᠲᠦᠭᠡᠭᠡᠯ ᠤᠰᠤ ᠶᠢᠨ ᠲᠦᠬᠡᠮᠡᠯᠵᠢᠬᠦᠯᠬᠦ ᠨᠣᠷᠮ᠎ᠠ ᠶᠢ ᠲᠡᠬᠡᠭᠰᠢᠯᠡᠬᠦᠯᠦᠨ᠎ᠠ᠃ ︵ᠥᠪᠡᠷᠲᠡᠭᠡᠨ | ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ᠂ ᠣᠷᠣᠨ ᠰᠠᠭᠤᠴᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠢᠩᠬᠢᠮ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠬᠠᠷᠢᠭᠤᠴᠠᠨ᠎ᠠ︶ | 3. ᠴᠠᠬᠢᠯᠭᠠᠨ ᠭᠦᠴᠦᠨ ᠤ ᠲᠤᠤᠷ ᠤᠨ ᠪᠦᠳᠦᠬᠡᠨ ᠪᠠᠶᠢᠭᠤᠯᠤᠯᠲᠠ ᠶᠢ ᠴᠢᠩᠭᠠᠳᠬᠠᠨ᠎ᠠ᠃ ᠲᠠᠷᠢᠶᠠᠯᠠᠩ᠂ ᠮᠠᠯ | ᠠᠵᠤ ᠠᠬᠤᠶ᠂ ᠰᠢᠭᠤᠶᠢᠳᠤ ᠣᠷᠣᠨ ᠤ ᠴᠠᠬᠢᠯᠭᠠᠨ ᠭᠦᠴᠦᠨ ᠤ ᠲᠤᠤᠷᠵᠢᠯ ᠤᠨ ᠪᠦᠳᠦᠬᠡᠨ ᠪᠠᠶᠢᠭᠤᠯᠤᠯᠲᠠ ᠶᠢ | ᠴᠢᠩᠭᠠᠳᠬᠠᠵᠦ᠂ ᠴᠠᠬᠢᠯᠭᠠᠨ ᠭᠦᠴᠦᠨ ᠤ ᠲᠤᠤᠷ ᠢ ᠤᠷᠳᠤᠳᠬᠠᠵᠦ ᠪᠠᠶᠢᠭᠠᠳ ᠴᠠᠬᠢᠯᠭᠠᠨ ᠬᠠᠩᠭᠠᠯᠭ᠎ᠠ ᠶᠢ | ᠨᠡᠮᠡᠭᠳᠡᠬᠦᠯᠦᠨ᠎ᠠ᠃ ᠭᠠᠵᠠᠷ ᠣᠷᠣᠨ ᠤ ᠪᠠᠶᠢᠳᠠᠯ ᠳᠤ ᠨᠢ ᠲᠤᠬᠢᠷᠠᠭᠤᠯᠵᠦ ᠨᠡᠷᠡᠨ ᠤ ᠡᠨᠧᠷᠭᠢ ᠶᠢᠨ ᠭᠡᠷᠡᠯ ᠴᠡᠨᠡᠭ ᠢᠶᠠᠷ | ᠴᠠᠬᠢᠯᠭᠠᠨ ᠭᠠᠷᠭᠠᠬᠤ ᠪᠠ ᠰᠠᠯᠬᠢᠨ ᠤ ᠬᠦᠴᠦᠨ ᠢᠶᠠᠷ ᠴᠠᠬᠢᠯᠭᠠᠨ ᠭᠠᠷᠭᠠᠬᠤ ᠴᠢᠳᠠᠮᠵᠢ ᠶᠢ ᠲᠡᠬᠡᠭᠰᠢᠯᠡᠬᠦᠯᠵᠦ᠂ | ᠪᠤᠶᠢᠳᠠ ᠪᠥᠭᠯᠡᠭᠦᠤ ᠭᠠᠵᠠᠷ ᠣᠷᠣᠨ ᠤ ᠴᠠᠬᠢᠯᠭᠠᠨ ᠬᠠᠩᠭᠠᠬᠤ ᠶᠠᠰᠤ ᠴᠢᠨᠠᠷ ᠢ ᠪᠦᠬᠦ ᠲᠠᠯ᠎ᠠ ᠪᠠᠷ ᠲᠡᠬᠡᠭᠰᠢᠯᠡᠬᠦᠯᠦᠨ᠂ | ᠮᠠᠯᠴᠢᠨ ᠲᠠᠷᠢᠶᠠᠴᠢᠨ ᠣᠯᠠᠨ ᠲᠦᠮᠡᠨ ᠤ ᠴᠠᠬᠢᠯᠭᠠᠨ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠲᠠᠰᠤᠷᠠᠯᠳᠠ ᠦᠬᠡᠢ | ᠬᠠᠩᠭᠠᠨ᠎ᠠ᠃ ︵ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠨᠧᠷᠭᠢ ᠶᠢᠨ | ᠲᠣᠪᠴᠢᠶ᠎ᠠ ᠬᠠᠷᠢᠭᠤᠴᠠᠨ᠎ᠠ︶ | 4. ᠮᠡᠳᠡᠭᠡ ᠵᠠᠩᠭᠢ ᠶᠢᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ | ᠥᠷᠭᠡᠨ ᠪᠦᠰᠡᠲᠦ ᠲᠤᠤᠷ ᠰᠦᠯᠵᠢᠶᠡᠨ ᠤ ᠪᠦᠳᠦᠬᠡᠨ ᠪᠠᠶᠢᠭᠤᠯᠤᠯᠲᠠ ᠶᠢ ᠶᠡᠭᠡ ᠪᠠᠷ ᠠᠬᠢᠭᠤᠯᠵᠤ᠂ ᠵᠠᠰᠠᠭ | ᠵᠠᠬᠢᠷᠭᠠᠨ ᠤ ᠲᠣᠰᠬᠤᠨ ᠳᠤ ᠥᠷᠭᠡᠨ ᠪᠦᠰᠡ ᠨᠡᠪᠳᠡᠷᠡᠬᠦᠯᠬᠦ ᠶᠢ ᠪᠡᠶᠡᠯᠡᠬᠦᠯᠦᠨ᠂ ᠴᠢᠮᠡᠭᠡ ᠬᠤᠯᠪᠤᠭᠠᠨ ᠤ ᠶᠠᠰᠤ | ᠴᠢᠨᠠᠷ ᠢ ᠲᠠᠰᠤᠷᠠᠯᠲᠠ ᠦᠭᠡᠢ ᠲᠡᠬᠡᠭᠰᠢᠯᠡᠬᠦᠯᠦᠨ᠎ᠠ᠃ ᠪᠤᠶᠢᠳᠠ ᠪᠥᠭᠯᠡᠭᠦᠦ ᠮᠠᠯᠵᠢᠬᠤ ᠣᠷᠣᠨ ᠪᠠ ᠬᠢᠯᠢ ᠬᠢᠵᠠᠭᠠᠷ ᠤᠨ | ᠭᠠᠵᠠᠷ ᠣᠷᠣᠨ ᠤ ᠲᠤᠤᠷ ᠰᠦᠯᠵᠢᠶᠡᠨ ᠢᠶᠠᠷ ᠲᠠᠮᠵᠢᠭᠤᠯᠬᠤ ᠮᠡᠳᠡᠭᠡ ᠵᠠᠩᠭᠢ ᠶᠢᠨ ᠰᠠᠭᠤᠷᠢ ᠪᠡᠯᠡᠳᠬᠡᠮᠵᠢ ᠶᠢᠨ | ᠪᠦᠳᠦᠬᠡᠨ ᠪᠠᠶᠢᠭᠤᠯᠤᠯᠲᠠ ᠶᠢ ᠴᠢᠩᠭᠠᠳᠬᠠᠵᠤ᠂ ᠲᠣᠣᠷ ᠰᠦᠯᠵᠢᠶ᠎ᠡ ᠪᠠ ᠷᠠᠳᠢᠣ᠋ ᠲᠧᠯᠸᠢᠰ ᠤᠨ ᠲᠤᠬᠢᠶ᠎ᠡ ᠶᠢ ᠪᠦᠷᠢᠨ | ᠬᠠᠮᠤᠷᠤᠭᠤᠯᠬᠤ᠂ ᠪᠠᠯᠠᠶ ᠣᠷᠣᠨ ᠦᠭᠡᠶ ᠪᠤᠯᠭᠠᠬᠤ ᠶᠢ ᠪᠡᠶᠡᠯᠡᠬᠦᠯᠦᠨ᠂ ᠬᠢᠯᠢ ᠬᠢᠵᠠᠭᠠᠷ ᠤᠨ ᠭᠠᠵᠠᠷ ᠣᠷᠣᠨ ᠤ | ᠮᠡᠳᠡᠭᠡ ᠵᠠᠩᠭᠢ ᠶᠢᠨ ᠲᠤᠤᠷ ᠰᠦᠯᠵᠢᠶᠡᠨ ᠤ ᠠᠮᠤᠷ ᠲᠦᠪᠰᠢᠨ ᠬᠢᠬᠡᠳ ᠪᠠᠴᠢᠮ ᠪᠠᠶᠢᠳᠠᠯ ᠢ ᠠᠷᠭᠠᠴᠠᠬᠤ | ᠪᠠᠲᠤᠯᠠᠭ᠎ᠠ ᠶᠢᠨ ᠴᠢᠳᠠᠪᠤᠷᠢ ᠶᠢ ᠴᠢᠩᠭᠠᠷᠠᠭᠤᠯᠤᠨ᠎ᠠ᠃ ᠡᠯᠧᠺᠲᠷᠣᠨ ᠬᠤᠳᠠᠯᠳᠤᠭᠠᠨ ᠤ ᠶᠠᠪᠤᠳᠠᠯ᠂ ᠪᠠᠷᠠᠭᠠᠨ ᠤ | ᠭᠦᠢᠯᠭᠡᠭᠡ ᠶᠢᠨ ᠲᠣᠬᠢᠷᠠᠭᠤᠯᠤᠨ ᠭᠦᠷᠬᠡᠬᠦ ᠪᠠ ᠰᠢᠦᠳᠠᠨ ᠤ ᠲᠦᠷᠬᠡᠨ ᠢᠯᠡᠬᠡᠬᠦ ᠦᠢᠯᠡᠴᠢᠯᠡᠬᠡᠨ ᠤ ᠦᠢᠯᠡᠰ ᠢ | ᠮᠠᠯᠵᠢᠬᠤ ᠲᠠᠷᠢᠶᠠᠯᠠᠬᠤ ᠣᠷᠣᠨ ᠲᠡᠶᠢᠰᠢ ᠤᠷᠳᠤᠳᠬᠠᠨ᠎ᠠ᠃ ︵ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠪᠠ | ᠮᠡᠳᠡᠭᠡ ᠵᠠᠩᠭᠢᠵᠢᠯᠲᠠ ᠶᠢᠨ ᠵᠥᠪᠯᠡᠯ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠰᠣᠨᠢᠨ ᠮᠡᠳᠡᠭᠡ ᠬᠡᠪᠯᠡᠯ | ᠷᠠᠳᠢᠣ᠋ ᠺᠢᠨᠤ᠋ ᠲᠧᠯᠸᠢᠰ ᠤᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠥᠪᠥᠷ ᠮᠣᠩᠭᠤᠯ ᠤᠨ ᠴᠢᠮᠡᠭᠡ | ᠬᠤᠯᠪᠤᠭ᠎ᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠥᠪᠥᠷ ᠮᠣᠩᠭᠤᠯ ᠤᠨ ᠰᠢᠤᠳᠠᠨ ᠤ ᠬᠠᠮᠢᠶᠠᠷᠤᠯᠲᠠ ᠶᠢᠨ | ᠲᠣᠪᠴᠢᠶ᠎ᠠ ᠬᠠᠷᠢᠭᠤᠴᠠᠨ᠎ᠠ︶ | 5. ᠬᠤᠲᠠ ᠪᠠᠯᠭᠠᠰᠤᠨ ᠤ ᠰᠠᠭᠤᠷᠢ ᠪᠡᠯᠡᠳᠬᠡᠮᠵᠢ ᠶᠢᠨ ᠪᠥᠳᠥᠭᠡᠨ ᠪᠠᠶᠢᠭᠤᠯᠤᠯᠲᠠ ᠶᠢ ᠴᠢᠩᠭᠠᠳᠬᠠᠨ᠎ᠠ᠃ | ᠠᠵᠢᠯᠯᠠᠵᠤ ᠠᠮᠢᠳᠤᠷᠠᠬᠤ ᠳᠤ ᠲᠣᠬᠢᠲᠠᠢ᠂ ᠤᠶᠤᠨᠴᠢ ᠪᠥᠭᠡᠳ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ᠂ | ᠬᠤᠳᠠ ᠬᠥᠳᠡᠭᠡ ᠶᠢ ᠨᠢᠭᠡᠳᠦᠯᠲᠡᠶ ᠲᠦᠯᠦᠪᠵᠢᠬᠦᠯᠦᠭᠰᠡᠨ ᠰᠢᠨ᠎ᠡ ᠬᠡᠯᠪᠡᠷᠢ ᠶᠢᠨ ᠬᠤᠳᠠ ᠪᠠᠯᠭᠠᠰᠤᠵᠢᠯᠲᠠ ᠶᠢᠨ | ᠪᠦᠲᠦᠭᠡᠨ ᠪᠠᠶᠢᠭᠤᠯᠤᠯᠲᠠ ᠶᠢ ᠠᠬᠢᠭᠤᠯᠵᠦ᠂ ᠲᠡᠤᠬᠡ ᠶᠢᠨ ᠳᠤᠷᠠᠳᠬᠠᠯ ᠪᠠ ᠰᠣᠶᠣᠯ ᠤᠨ ᠠᠭᠤᠯᠬᠤᠨ ᠲᠠᠢ᠂ ᠤᠷᠤᠨ | ᠨᠤᠳᠤᠭ ᠤᠨ ᠰᠢᠨᠵᠢ ᠪᠠᠶᠢᠳᠠᠯ ᠪᠠ ᠦᠨᠳᠦᠰᠦᠲᠡᠨ ᠤ ᠣᠨᠴᠠᠯᠢᠭ ᠬᠤᠤᠰᠯᠬᠠᠰᠠᠨ ᠲᠠᠯ᠎ᠠ ᠨᠤᠲᠤᠭ ᠤᠨ ᠬᠤᠲᠠ | ᠪᠠᠯᠭᠠᠰᠤ᠂ ᠠᠮᠢ ᠠᠬᠤᠶ ᠶᠢᠨ ᠬᠤᠲᠠ ᠪᠠᠯᠭᠠᠰᠤ᠂ ᠤᠨᠴᠠᠯᠢᠨᠨᠳᠦ ᠵᠢᠭᠤᠯᠴᠢᠯᠠᠯ ᠤᠨ ᠬᠤᠲᠠ ᠪᠠᠯᠭᠠᠰᠤ ᠪᠠ ᠬᠢᠯᠢ ᠶᠢᠨ | ᠪᠤᠭᠤᠮᠳᠠ ᠶᠢᠨ ᠬᠤᠳᠠ ᠪᠠᠯᠭᠠᠰᠤ ᠶᠢ ᠭᠤᠤᠯᠳᠠᠯᠭ᠎ᠠ ᠲᠠᠢ ᠴᠤᠨᠨᠴᠠᠯᠠᠨ᠂ ᠤᠳᠤ ᠦᠶ᠎ᠡ ᠶᠢᠨ ᠪᠣᠯᠪᠠᠰᠤᠨ ᠬᠢᠭᠡᠳ | ᠲᠠᠯ᠎ᠠ ᠨᠤᠲᠤᠭ ᠤᠨ ᠰᠣᠶᠣᠯ ᠢ ᠠᠭᠤᠰᠤᠯᠴᠠᠭᠤᠯᠵᠦ ᠬᠠᠮᠳᠤ ᠳᠤ ᠪᠠᠨ ᠭᠦᠭᠵᠢᠬᠦ ᠶᠢ ᠨᠢ ᠠᠬᠢᠭᠤᠯᠤᠨ᠎ᠠ᠃ ᠰᠠᠭᠤᠷᠢ | ᠪᠡᠯᠡᠳᠬᠡᠮᠵᠢ ᠪᠠ ᠤᠯᠠᠨ ᠨᠡᠶᠢᠲᠡ ᠶᠢᠨ ᠦᠢᠯᠡᠴᠢᠯᠡᠭᠡᠨ ᠤ ᠴᠢᠳᠠᠪᠤᠷᠢ ᠶᠢ ᠲᠡᠭᠦᠯᠳᠡᠷᠵᠢᠭᠦᠯᠵᠦ᠂ ᠲᠦᠪ ᠪᠤᠯᠬᠤ ᠬᠤᠲᠠ | ᠪᠠᠯᠭᠠᠰᠤ ᠶᠢᠨ ᠭᠦᠴᠦᠨ ᠵᠦᠢᠯ ᠤᠨ ᠲᠦᠪᠯᠡᠷᠡᠯ ᠪᠠ ᠨᠥᠯᠥᠭᠡᠯᠡᠨ ᠳᠠᠶᠢᠴᠢᠯᠠᠬᠤ ᠴᠢᠳᠠᠪᠤᠷᠢ ᠶᠢ ᠲᠡᠬᠡᠭᠰᠢᠯᠡᠬᠦᠯᠦᠨ᠎ᠠ᠃ | ᠤᠨᠴᠠᠯᠢᠭᠳᠤ ᠣᠷᠣᠨ ᠰᠠᠭᠤᠴᠠ᠂ ᠤᠨᠴᠠᠯᠢᠨᠨᠳᠤ ᠠᠵᠤ ᠦᠢᠯᠡᠰ᠂ ᠤᠨᠴᠠᠯᠢᠨᠨᠳᠤ ᠰᠣᠶᠣᠯ᠂ ᠰᠠᠭᠤᠭᠠᠯᠢ | ᠤᠷᠴᠢᠨ ᠢ ᠨᠢ ᠭᠤᠶᠢᠳᠠ ᠰᠠᠶᠢᠬᠠᠨ ᠪᠠᠶᠢᠯᠭᠠᠬᠤ ᠪᠠ ᠦᠨᠳᠦᠰᠦᠲᠡᠨ ᠤ ᠪᠦᠯᠬᠦᠮᠳᠡᠯ ᠲᠠᠪᠰᠢᠯᠲᠠ ᠶᠢᠨ ᠲᠤᠭᠤᠷᠢᠨ | ᠳᠤ᠂ ᠮᠣᠩᠭᠤᠯ᠂ ᠳᠠᠭᠤᠷ᠂ ᠣᠷᠴᠣᠨ᠂ ᠡᠸᠡᠩᠬᠢ᠂ ᠰᠣᠯᠣᠩᠭᠤᠰ᠂ ᠤᠷᠤᠰ ᠦᠨᠳᠦᠰᠦᠲᠡᠨ ᠵᠡᠷᠭᠡ | ᠦᠨᠳᠦᠰᠦᠲᠡᠨ ᠤ ᠣᠨᠴᠠᠯᠢᠭ ᠂ ᠨᠤᠳᠤᠭ ᠪᠦᠰᠡ ᠶᠢᠨ ᠣᠨᠴᠠᠯᠢᠭ᠂ ᠠᠶᠢᠮᠠᠭ ᠤᠨᠨᠰᠠᠭᠠᠨ ᠤ ᠬᠡᠪ ᠨᠠᠮᠪᠠ ᠶᠢ | ᠬᠠᠷᠠᠭᠤᠯᠤᠨᠨᠰᠠᠨ ᠴᠥᠭᠡᠨ ᠲᠣᠭᠠᠲᠤ ᠦᠨᠳᠦᠰᠦᠲᠡᠨ ᠤ ᠤᠠᠴᠠᠯᠢᠬᠳᠦ ᠲᠣᠰᠬᠤᠨ ᠪᠠ ᠤᠨᠴᠠᠯᠢᠨᠨᠳᠤ ᠵᠢᠵᠢᠭ | ᠪᠠᠯᠭᠠᠰᠤ ᠶᠢ ᠭᠤᠤᠯᠳᠠᠯᠭ᠎ᠠ ᠲᠠᠢ ᠬᠠᠮᠠᠭᠠᠯᠠᠬᠤ ᠪᠠ ᠴᠤᠨᠨᠴᠠᠯᠠᠨᠠ᠃ ︵ᠥᠪᠡᠷᠲᠡᠭᠡᠨ ᠵᠠᠰᠠᠬᠤ ᠣᠷᠣᠨ ᠤ ᠣᠷᠣᠨ | ᠰᠠᠭᠤᠴᠠ ᠬᠤᠳᠠ ᠬᠥᠳᠡᠭᠡ ᠶᠢᠨ ᠪᠥᠳᠥᠭᠡᠨ ᠪᠠᠶᠢᠭᠤᠯᠤᠯᠲᠠ ᠶᠢᠨ ᠲᠢᠩᠬᠢᠮ᠂ ᠰᠣᠶᠣᠯ ᠤᠨ ᠲᠢᠩᠬᠢᠮ᠂ | ᠵᠢᠭᠤᠯᠴᠢᠯᠠᠯ ᠤᠨ ᠬᠥᠭᠵᠢᠭᠦᠯᠦᠯᠲᠡ ᠶᠢᠨ ᠵᠥᠪᠯᠡᠯ᠂ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠬᠠᠷᠢᠭᠤᠴᠠᠨ᠎ᠠ︶ | ︵ᠬᠤᠶᠠᠷ︶ ᠠᠷᠠᠳ ᠤᠨ ᠠᠮᠢᠳᠤᠷᠠᠯ ᠢ ᠭᠦᠴᠦᠳᠡᠢ ᠪᠠᠲᠤᠯᠠᠨ ᠰᠠᠶᠢᠵᠢᠷᠠᠭᠤᠯᠤᠨ᠎ᠠ | 1. ᠲᠦᠢᠯ ᠤᠨ ᠤᠨᠤᠪᠴᠢᠳᠠᠢ ᠪᠠᠷ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠢ | ᠪᠦᠬᠦ ᠭᠦᠴᠦ ᠪᠠᠷ ᠰᠠᠶᠢᠲᠤᠷ ᠬᠢᠨ᠎ᠠ᠃ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠢ | ᠰᠠᠶᠢᠳᠤᠷ ᠬᠢᠵᠦ ᠢᠯᠠᠯᠲᠠ ᠤᠯᠬᠤ ᠭᠤᠷᠪᠠᠨ ᠵᠢᠯ ᠤᠨ ᠠᠵᠢᠯᠯᠠᠭᠠᠨ ᠤ ᠲᠥᠰᠦᠯ ᠢ ᠪᠦᠭᠦ ᠲᠠᠯ᠎ᠠ ᠪᠠᠷ ᠬᠡᠷᠡᠭᠵᠢᠬᠦᠯᠵᠦ᠂ | ︽ᠵᠢᠷᠭᠤᠭᠠᠨ ᠲᠦᠢᠯ ᠤᠨ ᠤᠨᠤᠪᠴᠢᠳᠠᠢ ᠪᠠᠶᠢᠬᠤ︾ ᠶᠢ ᠪᠠᠷᠢᠮᠳᠠᠯᠠᠨ᠂ ︽ᠲᠠᠪᠤᠨ ᠨᠢᠭᠡ ᠪᠦᠯᠦᠭ︾ ᠢ | ᠯᠠᠪᠳᠠᠭᠤᠨ ᠢᠶᠠᠷ ᠠᠬᠢᠭᠤᠯᠤᠨ᠎ᠠ᠃ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠶᠢ ᠭᠤᠣᠯᠳᠠᠯᠭ᠎ᠠ ᠲᠠᠢ ᠰᠠᠶᠢᠲᠤᠷ | ᠠᠳᠬᠤᠵᠤ᠂ ᠶᠠᠳᠠᠭᠤ ᠭᠦᠴᠢᠷᠳᠡᠯᠳᠡᠢ ᠬᠥᠮᠦᠨ ᠠᠮᠠ ᠶᠢᠨ ᠣᠷᠣᠯᠴᠠᠬᠤ ᠬᠡᠮᠵᠢᠶ᠎ᠡ ᠪᠠᠷ ᠦᠨᠳᠦᠷ᠂ ᠶᠠᠳᠠᠭᠤ ᠠᠴᠠ | ᠠᠩᠭᠢᠵᠢᠷᠠᠨ ᠣᠷᠣᠯᠭ᠎ᠠ ᠪᠠᠨ ᠨᠡᠮᠡᠭᠳᠡᠭᠦᠯᠬᠦ ᠶᠢᠨ ᠳᠠᠶᠢᠴᠢᠯᠠᠬᠤ ᠬᠦᠴᠦᠨ ᠢᠶᠠᠷ ᠴᠢᠩᠭ᠎ᠠ ᠪᠤᠯᠬᠤ ᠨᠢᠭᠡ ᠪᠦᠯᠦᠭ | ᠤᠨᠴᠠᠯᠢᠨᠨᠳᠤ ᠠᠵᠤ ᠦᠢᠯᠡᠰ ᠤᠨ ᠲᠥᠷᠥᠯ ᠵᠦᠢᠯ ᠢ ᠭᠦᠭᠵᠢᠬᠦᠯᠦᠨ᠂ ᠶᠠᠳᠠᠭᠤ ᠠᠴᠠ ᠠᠩᠭᠢᠵᠢᠷᠠᠭᠤᠯᠬᠤ | ᠳᠣᠲᠣᠭᠠᠳᠤ ᠳᠠᠬᠢ ᠬᠥᠳᠡᠯᠭᠡᠬᠦ ᠬᠦᠴᠦᠨ ᠪᠠ ᠦᠷ᠎ᠡ ᠠᠰᠢᠭ ᠢᠶᠠᠨ ᠨᠡᠮᠡᠭᠳᠡᠬᠦᠯᠬᠦ ᠴᠢᠳᠠᠮᠵᠢ ᠶᠢ ᠴᠢᠩᠭᠠᠷᠠᠭᠤᠯᠤᠨ᠎ᠠ᠃ | ᠡᠷᠡᠭᠦᠯ ᠡᠩᠬᠡ ᠪᠠᠷ ᠶᠠᠳᠠᠭᠤ ᠶᠢ ᠲᠡᠳᠬᠦᠬᠦ ᠶᠢ ᠭᠦᠨᠵᠡᠭᠡᠶ ᠠᠬᠢᠭᠤᠯᠵᠤ᠂ ︽ᠭᠤᠷᠪᠠᠨ ᠨᠢᠭᠡ ᠪᠦᠯᠦᠭ︾ ︵ᠬᠦᠨᠳᠦ | ᠡᠪᠡᠳᠴᠢᠲᠡᠨ ᠢ ᠲᠦᠪᠯᠡᠷᠡᠬᠦᠯᠵᠦ ᠪᠠᠶᠢᠭᠠᠳ ᠨᠢᠬᠡ ᠪᠦᠯᠦᠭ ᠠᠪᠤᠷᠠᠨ ᠡᠮᠨᠡᠭᠦᠯᠬᠦ᠂ ᠤᠳᠠᠭᠠᠨ ᠴᠢᠨᠠᠷᠲᠠᠢ | ᠡᠪᠡᠳᠴᠢᠳᠠᠨ ᠲᠠᠢ ᠭᠠᠷ ᠤᠨ ᠦᠰᠦᠭ ᠵᠢᠷᠤᠵᠦ ᠪᠤᠯᠵᠤᠨ ᠦᠢᠯᠡᠴᠢᠯᠡᠬᠦ ᠪᠠᠷ ᠨᠢᠬᠡ ᠪᠦᠯᠦᠭ ᠢ ᠬᠠᠮᠢᠶᠠᠷᠬᠤ᠂ ᠬᠦᠨᠳᠦ | ᠰᠦᠷᠡᠬᠡᠢ ᠡᠪᠡᠳᠴᠢᠳᠡᠨ ᠢ ᠦᠨᠳᠦᠰᠦᠨ ᠠᠴᠠ ᠨᠢ ᠨᠢᠬᠡ ᠪᠦᠯᠦᠭ ᠢ ᠪᠠᠳᠤᠯᠠᠬᠤ︶ ᠤᠨ ᠠᠵᠢᠯᠯᠠᠭᠠᠨ ᠤ | ᠲᠥᠯᠥᠪᠯᠡᠭᠡ ᠶᠢ ᠬᠡᠷᠡᠭᠵᠢᠬᠦᠯᠵᠦ᠂ ᠡᠪᠡᠳᠴᠢᠨ ᠠᠴᠠ ᠪᠤᠯᠵᠦ ᠶᠠᠳᠠᠭᠤᠷᠠᠬᠤ ᠪᠠ ᠲᠠᠬᠢᠨ ᠶᠠᠳᠠᠭᠤᠷᠠᠬᠤ ᠠᠴᠠ | ᠰᠡᠷᠬᠡᠶᠢᠯᠡᠬᠦ ᠤᠷᠳᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ᠎ᠠ᠃ ᠶᠠᠳᠠᠭᠤ ᠶᠢ ᠵᠦᠷᠢᠶᠡᠵᠢᠬᠦᠯᠦᠨ | ᠲᠡᠳᠬᠦᠬᠦ ᠲᠦᠷᠦ ᠶᠢᠨ ᠪᠤᠳᠤᠯᠭ᠎ᠠ ᠶᠢ ᠬᠡᠷᠡᠭᠵᠢᠭᠦᠯᠵᠦ᠂ ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠪᠡᠯᠡ ᠮᠥᠩᠭᠦ | ᠪᠠ ᠲᠦᠷᠦᠯ ᠵᠦᠢᠯ ᠢ ᠴᠥᠭᠡᠨ ᠲᠣᠭᠠᠲᠤ ᠦᠨᠳᠦᠰᠦᠲᠡᠨ ᠤ ᠲᠥᠪᠯᠡᠷᠡᠨ ᠰᠠᠭᠤᠷᠢᠰᠢᠨᠨᠰᠠᠨ ᠭᠠᠵᠠᠷ ᠣᠷᠣᠨ᠂ ᠣᠨᠴᠠ | ᠶᠠᠳᠠᠭᠤ ᠬᠦᠴᠢᠷᠳᠡᠯᠲᠡᠢ ᠭᠠᠵᠠᠷ ᠣᠷᠣᠨ᠂ ᠵᠠᠯᠭᠠᠯᠳᠤᠨ ᠲᠦᠪᠯᠡᠷᠡᠭᠰᠡᠨ ᠶᠠᠳᠠᠭᠤ ᠬᠦᠴᠢᠷᠳᠡᠯᠲᠡᠢ ᠤᠨᠴᠠᠭᠠᠢ ᠭᠠᠵᠠᠷ | ᠣᠷᠣᠨ᠂ ᠬᠢᠯᠢ ᠬᠢᠵᠠᠭᠠᠷ ᠤᠨ ᠭᠠᠵᠠᠷ ᠣᠷᠣᠨ᠂ ᠬᠥᠮᠦᠨ ᠠᠮᠠ ᠴᠥᠭᠡᠪᠲᠦᠷ ᠦᠨᠳᠦᠰᠦᠲᠡᠨ ᠤ ᠲᠥᠪᠯᠡᠷᠡᠨ | ᠰᠠᠭᠤᠷᠢᠰᠢᠨᠨᠰᠠᠨ ᠶᠠᠳᠠᠭᠤ ᠬᠦᠴᠢᠷᠳᠡᠯᠲᠡᠢ ᠭᠠᠵᠠᠷ ᠣᠷᠣᠨ ᠲᠡᠶᠢᠰᠢ ᠬᠡᠯᠪᠠᠶᠢᠯᠬᠡᠨ᠂ 2020 ᠣᠨ ᠪᠤᠯᠬᠤ ᠳᠤ ᠪᠥᠬᠦ | ᠣᠷᠣᠨ ᠤ ᠴᠥᠭᠡᠨ ᠲᠣᠭᠠᠲᠤ ᠦᠨᠳᠦᠰᠦᠲᠡᠨ ᠤ ᠲᠥᠪᠯᠡᠷᠡᠨ ᠰᠠᠭᠤᠷᠢᠰᠢᠨᠨᠰᠠᠨ ᠭᠠᠵᠠᠷ ᠣᠷᠣᠨ ᠤ ᠶᠠᠳᠠᠭᠤ | ᠬᠦᠴᠢᠷᠳᠡᠯᠲᠡᠢ ᠬᠥᠮᠦᠨ ᠠᠮᠠ ᠶᠢ ᠪᠦᠬᠦᠨ ᠢ ᠶᠠᠳᠠᠭᠤ ᠠᠴᠠ ᠠᠩᠬᠢᠵᠢᠷᠠᠭᠤᠯᠬᠤ ᠶᠢ ᠪᠠᠳᠤᠯᠠᠵᠦ᠂ ᠶᠠᠳᠠᠭᠤ | ᠬᠦᠴᠢᠷᠳᠡᠯᠲᠡᠢ ᠬᠤᠰᠢᠭᠤ ᠰᠢᠶᠠᠨ ᠪᠦᠬᠦᠨ ᠢ ᠶᠠᠳᠠᠭᠤ ᠠᠴᠠ ᠠᠩᠬᠢᠵᠢᠷᠠᠭᠤᠯᠤᠨ᠂ ᠣᠷᠣᠨ ᠪᠦᠰᠡ ᠶᠢᠨ ᠴᠢᠨᠠᠷᠲᠠᠶ | ᠪᠦᠬᠦᠯᠢ ᠶᠠᠳᠠᠭᠤ ᠭᠦᠴᠢᠷᠳᠡᠯᠳᠡᠢ ᠪᠠᠶᠢᠳᠠᠯ ᠢ ᠰᠢᠢᠳᠪᠦᠷᠢᠯᠡᠨ᠎ᠡ᠃ ︵ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ | ᠲᠡᠳᠬᠦᠵᠦ ᠨᠡᠭᠡᠭᠡᠨ ᠬᠥᠭᠵᠢᠭᠦᠯᠬᠦ ᠤᠳᠤᠷᠢᠳᠬᠤ ᠳᠤᠭᠤᠶᠢᠯᠠᠩ ᠤᠨ ᠡᠯ᠎ᠡ ᠪᠦᠷᠢᠯᠳᠦᠬᠦᠨ ᠨᠢᠬᠡᠴᠢ ᠬᠠᠷᠢᠭᠤᠴᠠᠨ᠎ᠠ︶ | 2. ᠨᠡᠶᠢᠭᠡᠮ ᠤᠨ ᠪᠠᠳᠤᠯᠠᠭ᠎ᠠ ᠶᠢᠨ ᠰᠢᠰᠲ᠋ᠧᠮᠵᠢ ᠶᠢ ᠪᠦᠷᠢᠠᠰᠢᠬᠦᠯᠤᠡ ᠲᠡᠭᠦᠯᠳᠡᠷᠵᠢᠭᠦᠯᠤᠨ᠎ᠠ᠃ ᠴᠥᠭᠡᠨ | ᠲᠣᠭᠠᠲᠤ ᠦᠨᠳᠦᠰᠦᠲᠡᠨ ᠤ ᠲᠥᠪᠯᠡᠷᠡᠨ ᠰᠠᠭᠤᠷᠢᠰᠢᠨᠨᠰᠠᠨ ᠭᠠᠵᠠᠷ ᠣᠷᠣᠨ ᠳᠤ ᠪᠥᠬᠦ ᠠᠷᠠᠳ ᠢᠶᠠᠷ ᠢᠶᠠᠨ | ᠳᠠᠭᠠᠳᠬᠠᠯ ᠳᠤ ᠤᠷᠤᠬᠤ ᠲᠥᠯᠥᠪᠯᠡᠭᠡ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠡᠯ᠎ᠡ ᠲᠥᠷᠥᠯ ᠤᠨ ᠳᠠᠭᠠᠳᠬᠠᠯ ᠳᠤ | ᠤᠷᠤᠯᠴᠠᠬᠤ ᠨᠢᠬᠡᠴᠢ ᠪᠠ ᠨᠥᠬᠦᠴᠡᠯ ᠳᠤ ᠨᠡᠶᠢᠴᠡᠬᠦ ᠴᠥᠭᠡᠨ ᠲᠣᠭᠠᠲᠤ ᠦᠨᠳᠦᠰᠦᠲᠡᠨ ᠤ ᠣᠯᠠᠨ ᠲᠦᠮᠡᠨ ᠤ ᠤᠷᠳᠤ | ᠬᠤᠭᠤᠴᠠᠭ᠎ᠠ ᠪᠠᠷ ᠦᠷᠭᠦᠯᠵᠢᠯᠡᠨ ᠳᠠᠭᠠᠳᠬᠠᠯ ᠳᠤ ᠤᠷᠤᠬᠤ ᠶᠢ ᠠᠬᠢᠭᠤᠯᠬᠤ ᠪᠠ ᠭᠦᠳᠦᠯᠦᠨ ᠵᠢᠯᠤᠭᠤᠳᠴᠤ᠂ | ᠬᠠᠤᠯᠢ ᠪᠠᠷ ᠲᠣᠭᠲᠠᠭᠠᠭᠰᠠᠨ ᠭᠦᠮᠦᠨ ᠪᠥᠬᠦᠨ ᠢ ᠬᠠᠮᠤᠷᠠᠭᠤᠯᠬᠤ ᠶᠢ ᠨᠢ ᠦᠨᠳᠦᠰᠦᠨ ᠳᠤ ᠪᠠᠨ ᠪᠡᠶᠡᠯᠡᠭᠦᠯᠦᠨ᠎ᠡ᠃ | ᠴᠥᠭᠡᠨ ᠲᠣᠭᠠᠲᠤ ᠦᠨᠳᠦᠰᠦᠲᠡᠨ ᠤ ᠲᠥᠪᠯᠡᠷᠡᠨ ᠰᠠᠭᠤᠷᠢᠰᠢᠨᠨᠰᠠᠨ ᠭᠠᠵᠠᠷ ᠣᠷᠣᠨ ᠳᠠᠬᠢ ᠠᠮᠢᠳᠤᠷᠠᠯ ᠤᠨ ᠨᠠᠭᠠᠳᠤ | ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ ᠵᠣᠬᠢᠰᠲᠠᠶ ᠲᠤᠨᠨᠳᠠᠭᠠᠨ᠎ᠠ᠃ ᠨᠡᠶᠢᠭᠡᠮ ᠤᠨ ᠦᠨᠳᠦᠰᠦᠨ ᠦᠢᠯᠡᠴᠢᠯᠡᠭᠡᠨ ᠤ | ᠲᠣᠭᠲᠠᠴᠠ ᠶᠢ ᠲᠡᠭᠦᠯᠳᠡᠷᠵᠢᠭᠦᠯᠵᠦ᠂ ᠨᠠᠰᠤᠵᠢᠯ ᠤᠨ ᠦᠢᠯᠡᠴᠢᠯᠡᠭᠡ᠂ ᠨᠡᠶᠢᠭᠡᠮ ᠤᠨ ᠲᠤᠰᠠᠯᠠᠮᠵᠢ᠂ ᠨᠡᠶᠢᠭᠡᠮ ᠤᠨ | ᠠᠰᠠᠷᠠᠮᠵᠢ᠂ ᠬᠠᠷᠠᠭᠠᠯᠵᠠᠨ ᠲᠥᠪᠬᠢᠨᠡᠭᠦᠯᠬᠦ ᠵᠡᠷᠭᠡ ᠲᠠᠯ᠎ᠠ ᠪᠠᠷ ᠴᠥᠭᠡᠨ ᠲᠣᠭᠠᠲᠤ ᠦᠨᠳᠦᠰᠦᠲᠡᠨ ᠤ ᠣᠯᠠᠨ | ᠲᠦᠮᠡᠨ ᠳᠤ ᠪᠠᠲᠤᠯᠠᠭ᠎ᠠ ᠬᠠᠩᠭᠠᠨ᠎ᠠ᠃ ᠦᠨᠳᠦᠰᠦᠲᠡᠨ ᠤ ᠤᠨᠴᠠᠯᠢᠨᠨᠳᠤ ᠨᠠᠰᠤᠵᠢᠯ ᠤᠨ ᠪᠠᠶᠢᠭᠤᠯᠤᠮᠵᠢ᠂ | ᠵᠡᠮᠳᠡᠭᠴᠦᠳ ᠤᠨ ᠦᠢᠯᠡᠴᠢᠯᠡᠭᠡᠨ ᠤ ᠪᠠᠶᠢᠭᠤᠯᠤᠮᠵᠢ ᠪᠠ ᠣᠷᠣᠰᠢᠭᠤᠯᠭ᠎ᠠ ᠶᠢᠨ ᠦᠢᠯᠡᠴᠢᠯᠡᠭᠡᠨ ᠤ ᠪᠡᠯᠡᠳᠬᠡᠮᠵᠢ ᠶᠢᠨ | ᠪᠦᠳᠦᠬᠡᠨ ᠪᠠᠶᠢᠭᠤᠯᠤᠯᠲᠠ ᠶᠢ ᠲᠡᠮᠵᠢᠨ᠎ᠠ᠃ ︵ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ | ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠠᠷᠠᠳ ᠤᠨ ᠶᠠᠪᠤᠳᠠᠯ ᠤᠨ | ᠲᠢᠩᠬᠢᠮ᠂ ᠵᠡᠮᠳᠡᠭᠴᠦᠳ ᠤᠨ ᠬᠤᠯᠪᠣᠭᠠᠲᠤ ᠬᠤᠷᠠᠯ ᠬᠠᠷᠢᠭᠤᠴᠠᠨ᠎ᠠ︶ | 3. ᠮᠠᠯᠵᠢᠬᠤ ᠲᠠᠷᠢᠶᠠᠯᠠᠬᠤ ᠣᠷᠣᠨ ᠤ ᠰᠠᠭᠤᠭᠠᠯᠢ ᠤᠷᠴᠢᠨ ᠢ ᠪᠦᠬᠦ ᠲᠠᠯ᠎ᠠ ᠪᠠᠷ ᠰᠠᠶᠢᠵᠢᠷᠠᠭᠤᠯᠤᠨ᠎ᠠ᠃ | ᠬᠥᠳᠡᠭᠡ ᠲᠣᠰᠬᠤᠨ ᠢ ᠭᠦᠭᠵᠢᠬᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠪᠦᠬᠦ ᠲᠠᠯ᠎ᠠ ᠪᠠᠷ ᠬᠡᠷᠡᠭᠵᠢᠬᠦᠯᠵᠦ᠂ | ᠮᠠᠯᠵᠢᠬᠤ ᠲᠠᠷᠢᠶᠠᠯᠠᠬᠤ ᠣᠷᠣᠨ ᠤ ᠨᠤᠷᠠᠬᠤ ᠠᠶᠤᠯᠲᠠᠶ ᠬᠡᠷ ᠪᠠᠶᠢᠰᠢᠩ ᠢ ᠦᠬᠡᠷᠡᠴᠢᠯᠡᠨ ᠰᠠᠶᠢᠵᠢᠷᠠᠭᠤᠯᠬᠤ ᠪᠠ ᠬᠤᠲᠠ | ᠪᠠᠯᠭᠠᠰᠤᠨ ᠤ ᠪᠠᠲᠤᠯᠠᠭ᠎ᠠ ᠶᠢᠨ ᠴᠢᠨᠠᠷᠲᠠᠶ ᠬᠢᠮᠳᠠ ᠣᠷᠣᠨ ᠰᠠᠭᠤᠴᠠ ᠶᠢᠨ ᠢᠨᠵᠧᠨᠧᠷᠢᠩ ᠢ ᠲᠦᠷᠬᠡᠳᠬᠡᠨ | ᠠᠬᠢᠭᠤᠯᠤᠨ᠎ᠠ᠃ ᠬᠢᠯᠢ ᠶᠢᠨ ᠠᠷᠠᠳ ᠤᠳ ᠤᠨ ᠬᠢᠯᠢ ᠪᠠᠷ ᠤᠷᠤᠰᠢᠨ ᠰᠠᠭᠤᠵᠦ ᠦᠢᠯᠡᠳᠪᠦᠷᠢᠯᠡᠬᠦ ᠶᠢ | ᠵᠤᠷᠢᠨᠨᠵᠢᠭᠤᠯᠵᠦ᠂ ᠤᠷᠤᠰᠢᠨ ᠰᠠᠭᠤᠬᠤ ᠠᠮᠤᠷ ᠲᠦᠪᠰᠢᠨ ᠢ ᠪᠠᠳᠤᠯᠠᠠ᠂ ᠤᠷᠤᠰᠢᠨ ᠰᠠᠭᠤᠬᠤ ᠴᠢᠨᠠᠷ | ᠴᠢᠨᠰᠠᠭ᠎ᠠ ᠶᠢ ᠨᠢ ᠳᠡᠭᠡᠭᠰᠢᠯᠡᠭᠦᠯᠦᠨ᠎ᠡ᠃ ᠲᠣᠰᠬᠤᠨ ᠤ ᠳᠦᠷᠰᠦ ᠪᠠᠶᠢᠳᠠᠯ ᠪᠠ ᠣᠷᠴᠢᠨ ᠲᠣᠭᠤᠷᠢᠨ ᠢ ᠨᠢ ᠴᠡᠭᠴᠡᠯᠡᠨ | ᠵᠠᠰᠠᠬᠤ ᠶᠢ ᠶᠡᠭᠡ ᠪᠠᠷ ᠠᠬᠢᠭᠤᠯᠵᠦ᠂ ᠠᠮᠢᠳᠤᠷᠠᠯ ᠤᠨ ᠪᠡᠯᠡᠳᠬᠡᠮᠵᠢ ᠶᠢ ᠲᠡᠭᠦᠯᠳᠡᠷᠵᠢᠬᠦᠯᠦᠨ᠂ ᠠᠮᠢ ᠠᠬᠤᠢ ᠨᠢ | ᠣᠷᠣᠰᠢᠨ ᠰᠠᠭᠤᠷᠢᠰᠢᠬᠤ ᠳᠤ ᠲᠤᠬᠢᠳᠠᠢ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠠᠶᠢᠭᠤᠯᠤᠨ᠎ᠠ᠃ ︵ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠮᠠᠯᠵᠢᠬᠤ ᠲᠠᠷᠢᠶᠠᠯᠠᠬᠤ ᠤᠷᠤᠨ ᠤ ᠠᠵᠢᠯ ᠤᠨ ᠠᠯᠪᠠᠨ ᠬᠡᠷ᠂ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ᠂ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠲᠢᠩᠬᠢᠮ᠂ ᠣᠷᠣᠨ ᠰᠠᠭᠤᠴᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠬᠠᠷᠢᠭᠤᠴᠠᠨ᠎ᠠ︶ | 4. ᠦᠨᠳᠦᠰᠦᠲᠡᠨ ᠤ ᠰᠤᠷᠭᠠᠨ ᠬᠥᠮᠦᠵᠢᠯ ᠢ ᠡᠩ ᠲᠡᠷᠢᠬᠦᠨ ᠳᠤ ᠬᠥᠭᠵᠢᠭᠦᠯᠤᠨ᠎ᠠ᠃ ᠠᠵᠢᠯ ᠮᠡᠷᠭᠡᠵᠢᠯ ᠤᠨ | ᠳᠡᠭᠡᠳᠦ ᠰᠤᠷᠭᠠᠭᠤᠯᠢ ᠶᠢᠨ ᠪᠦᠳᠦᠭᠡᠨ ᠪᠠᠶᠢᠭᠤᠯᠤᠯᠲᠠ ᠶᠢ ᠲᠠᠮᠵᠢᠨ᠂ ᠨᠢᠬᠡ ᠪᠦᠯᠦᠭ ᠦᠨᠳᠦᠰᠦᠲᠡᠨ ᠪᠠ ᠣᠷᠣᠨ | ᠪᠦᠰᠡ ᠶᠢᠨ ᠣᠨᠴᠠᠯᠢᠭ ᠲᠠᠢ ᠳᠤᠮᠳᠠ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠵᠢᠱᠢᠶ᠎ᠡ ᠦᠵᠡᠭᠦᠯᠬᠦ | ᠰᠤᠷᠭᠠᠭᠤᠯᠢ ᠶᠢ ᠭᠤᠤᠯᠳᠠᠯᠭ᠎ᠠ ᠲᠠᠢ ᠴᠤᠨᠨᠴᠠᠯᠠᠨ ᠪᠠᠶᠢᠭᠤᠯᠵᠦ᠂ ᠨᠢᠭᠡ ᠪᠦᠯᠦᠭ ᠬᠡᠷᠡᠭᠯᠡᠭᠡᠨ ᠤ ᠬᠡᠯᠪᠡᠷᠢᠳᠦ ᠲᠤᠰᠬᠠᠢ | ᠮᠡᠷᠭᠡᠵᠢᠯ ᠲᠤᠬᠢᠷᠠᠭᠤᠯᠤᠨ᠎ᠠ᠃ ᠮᠣᠩᠭᠤᠯ ᠬᠡᠯᠡ ᠪᠠᠷ ᠬᠢᠴᠢᠶᠡᠯᠯᠡᠬᠦ ᠲᠤᠰᠬᠠᠶ ᠮᠡᠷᠭᠡᠵᠢᠯ ᠤᠨ ᠰᠤᠷᠤᠭᠴᠢ ᠡᠯᠰᠡᠬᠦ | ᠲᠥᠯᠥᠪᠯᠡᠭᠡ ᠶᠢ ᠠᠰᠳᠠᠭᠠᠨ ᠵᠢᠨᠨᠰᠠᠭᠠᠬᠤ ᠶᠢ ᠬᠡᠷᠡᠭᠵᠢᠬᠦᠯᠵᠦ᠂ ᠰᠢᠯᠭᠠᠭᠤᠯᠤᠭᠴᠢ ᠶᠢᠨ ᠢᠷᠡᠯᠳᠡ ᠶᠢᠨ ᠪᠠᠶᠢᠳᠠᠯ ᠢ | ᠦᠨᠳᠦᠰᠦᠯᠡᠨ᠂ ᠰᠣᠷᠣᠭᠴᠢ ᠡᠯᠰᠡᠬᠦ ᠲᠥᠯᠥᠪᠯᠡᠭᠡ ᠶᠢ ᠰᠢᠨᠵᠢᠯᠡᠬᠦ ᠤᠬᠠᠭᠠᠨᠴᠢ ᠪᠠᠷ ᠵᠣᠬᠢᠰᠲᠠᠶ ᠲᠣᠬᠢᠷᠠᠭᠤᠯᠤᠨ᠎ᠠ᠃ | ᠬᠤᠣᠰ ᠬᠡᠯᠡᠨ ᠤ ᠰᠤᠷᠭᠠᠨ ᠬᠥᠮᠦᠵᠢᠯ ᠢ ᠪᠦᠬᠦ ᠲᠠᠯ᠎ᠠ ᠪᠠᠷ ᠴᠢᠩᠭᠠᠳᠬᠠᠵᠤ᠂ ᠬᠤᠣᠰ ᠬᠡᠯᠡᠨ ᠤ ᠰᠤᠷᠭᠠᠨ | ᠬᠥᠮᠦᠵᠢᠯ ᠤᠨ ᠰᠢᠰᠲ᠋ᠧᠮᠵᠢ ᠶᠢ ᠪᠠᠶᠢᠭᠤᠯᠤᠨ ᠪᠦᠷᠢᠨᠰᠢᠬᠦᠯᠵᠦ᠂ ᠬᠤᠤᠰ ᠬᠡᠯᠡ ᠪᠠᠷ ᠬᠢᠴᠢᠶᠡᠯᠯᠡᠬᠦ ᠪᠠᠭᠰᠢ ᠶᠢ | ᠭᠦᠮᠦᠵᠢᠬᠦᠯᠬᠦ ᠪᠠ ᠪᠤᠯᠪᠠᠰᠤᠷᠠᠭᠤᠯᠬᠤ ᠡᠷᠴᠢᠮ ᠢ ᠴᠢᠩᠭᠠᠷᠠᠭᠤᠯᠤᠨ᠎ᠠ᠃ ᠡᠩ ᠤᠨ ᠳᠡᠭᠡᠳᠦ ᠵᠡᠷᠬᠡ ᠶᠢᠨ | ᠰᠤᠷᠭᠠᠭᠤᠯᠢ ᠨᠢ ᠮᠣᠩᠭᠤᠯ ᠬᠡᠯᠡ ᠪᠠᠷ ᠬᠢᠴᠢᠶᠡᠯᠯᠡᠬᠦ ᠪᠠᠷ ᠭᠤᠤᠯ ᠪᠣᠯᠭᠠᠭᠰᠠᠨ ᠲᠤᠰᠬᠠᠶ ᠮᠡᠷᠭᠡᠵᠢᠯ ᠢ ᠲᠤᠬᠢᠷᠠᠭᠤᠯᠬᠤ | ᠲᠠᠯ᠎ᠠ ᠪᠠᠷ ᠨᠡᠶᠢᠭᠡᠮ ᠤᠨ ᠪᠣᠳᠠᠲᠤ ᠬᠡᠷᠡᠭᠴᠡᠭᠡ ᠱᠠᠭᠠᠷᠳᠠᠯᠭ᠎ᠠ ᠲᠠᠢ ᠵᠤᠯᠭᠠᠯᠳᠤᠭᠤᠯᠵᠦ᠂ ᠮᠣᠩᠭᠤᠯ ᠢᠶᠠᠷ ᠬᠢᠴᠢᠶᠡᠯᠯᠡᠬᠦ | ᠪᠠᠶᠢᠭᠠᠯᠢ ᠲᠧᠭᠨᠢᠭ ᠤᠨ ᠤᠬᠠᠭᠠᠨ ᠤ ᠲᠤᠰᠬᠠᠶ ᠮᠡᠷᠭᠡᠵᠢᠯ ᠢ ᠨᠡᠮᠡᠵᠦ ᠲᠤᠬᠢᠷᠠᠭᠤᠯᠤᠨ᠎ᠠ᠃ ︵ᠥᠪᠡᠷᠲᠡᠭᠡᠨ ᠵᠠᠰᠠᠬᠤ | ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ᠂ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ | ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠬᠠᠷᠢᠭᠤᠴᠠᠨ᠎ᠠ︶ | 5. ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡ ᠶᠢ ᠴᠢᠩᠭᠠᠳᠬᠠᠨ᠎ᠠ᠃ ᠬᠤᠰᠢᠭᠤ ᠬᠤᠲᠠ ᠶᠢᠨ | ᠡᠮᠨᠡᠯᠭᠡ ᠶᠢᠨ ᠬᠤᠷᠢᠶ᠎ᠠ ᠪᠠᠷ ᠬᠥᠲᠥᠴᠢ ᠪᠣᠯᠭᠠᠭᠰᠠᠨ᠂ ᠰᠤᠮᠤ ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ | ᠬᠤᠷᠢᠶ᠎ᠠ ᠪᠣᠯᠤᠨ ᠭᠠᠴᠠᠭ᠎ᠠ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠢᠶᠠᠷ ᠰᠠᠭᠤᠷᠢ ᠪᠣᠯᠭᠠᠭᠰᠠᠨ ᠮᠠᠯᠵᠢᠬᠤ | ᠲᠠᠷᠢᠶᠠᠯᠠᠬᠤ ᠣᠷᠣᠨ ᠤ ᠭᠤᠷᠪᠠᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠣᠣᠷ | ᠰᠦᠯᠵᠢᠶᠡᠨ ᠤ ᠪᠠᠶᠢᠭᠤᠯᠤᠯᠲᠠ ᠶᠢ ᠪᠠᠬᠢᠵᠢᠬᠦᠯᠵᠦ᠂ ᠵᠢᠵᠢᠭ ᠡᠮ ᠤᠨ ᠬᠠᠶᠢᠷᠴᠠᠭ ᠢᠶᠠᠷ ᠠᠴᠢᠶᠠᠯᠠᠪᠤᠷᠢ ᠪᠤᠯᠭᠠᠨᠨᠰᠠᠨ | ᠲᠣᠭᠲᠠᠮᠠᠯ ᠪᠠ ᠨᠡᠭᠦᠳᠡᠯ ᠢ ᠬᠠᠷᠢᠯᠴᠠᠨ ᠤᠶᠠᠯᠳᠤᠭᠤᠯᠤᠭᠰᠠᠨ ᠰᠢᠨ᠎ᠡ ᠬᠡᠯᠪᠡᠷᠢ ᠶᠢᠨ ᠮᠠᠯᠵᠢᠬᠤ ᠲᠠᠷᠢᠶᠠᠯᠠᠬᠤ ᠣᠷᠣᠨ ᠤ | ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ | ᠰᠢᠨ᠎ᠡ ᠪᠠᠷ ᠨᠡᠮᠡᠭᠳᠡᠭᠰᠡᠨ ᠡᠮᠴᠢᠯᠡᠭᠡ ᠡᠷᠡᠭᠦᠯ ᠬᠠᠮᠠᠭᠠᠯᠠᠯ ᠤᠨ ᠡᠬᠢ ᠪᠠᠶᠠᠯᠢᠭ ᠢ ᠡᠩ ᠲᠡᠷᠢᠭᠦᠨ ᠳᠤ ᠴᠥᠭᠡᠨ ᠲᠣᠭᠠᠲᠤ | ᠦᠨᠳᠦᠰᠦᠲᠡᠨ ᠤ ᠲᠥᠪᠯᠡᠷᠡᠨ ᠰᠠᠭᠤᠷᠢᠰᠢᠨᠨᠰᠠᠨ ᠭᠠᠵᠠᠷ ᠣᠷᠣᠨ ᠲᠡᠶᠢᠰᠢ ᠬᠡᠯᠪᠠᠶᠢᠯᠭᠡᠵᠦ᠂ ︽13 · 5︾ ᠶᠢᠨ | ᠲᠦᠯᠦᠪᠵᠢᠬᠦᠯᠬᠡ ᠶᠢᠨ ᠬᠤᠭᠤᠴᠠᠭᠠᠨ ᠳᠤ ᠴᠥᠭᠡᠨ ᠲᠣᠭᠠᠲᠤ ᠦᠨᠳᠦᠰᠦᠲᠡᠨ ᠤ ᠲᠥᠪᠯᠡᠷᠡᠨ ᠰᠠᠭᠤᠷᠢᠰᠢᠨᠨᠰᠠᠨ | ᠭᠠᠵᠠᠷ ᠣᠷᠣᠨ ᠤ ᠰᠤᠮᠤ ᠰᠢᠶᠠᠩ ᠪᠠᠯᠭᠠᠰᠤ ᠪᠦᠭᠦᠨ ᠳᠤ ᠡᠷᠡᠭᠦᠯ ᠬᠠᠮᠠᠭᠠᠯᠠᠯ ᠤᠨ ᠬᠤᠷᠢᠶ᠎ᠠ ᠲᠠᠢ ᠪᠤᠯᠭᠠᠬᠤ ᠶᠢ | ᠪᠡᠶᠡᠯᠡᠭᠦᠯᠦᠨ᠎ᠡ᠃ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠡᠩᠨᠡᠭᠡ ᠶᠢᠨ ᠪᠠᠶᠢᠭᠤᠯᠤᠯᠲᠠ ᠶᠢ | ᠴᠢᠩᠭᠠᠳᠬᠠᠵᠤ᠂ ᠵᠣᠬᠢᠬᠤ ᠲᠣᠭᠠᠨ ᠤ ᠮᠣᠩᠭᠤᠯ ᠬᠢᠲᠠᠳ ᠬᠤᠤᠰ ᠬᠡᠯᠡᠨ ᠤ ᠡᠮᠴᠢᠯᠡᠵᠦ ᠠᠰᠠᠷᠠᠬᠤ ᠠᠵᠢᠯᠳᠠᠨ ᠢ | ᠲᠤᠬᠢᠷᠠᠭᠤᠯᠤᠨ᠎ᠠ᠃ ᠮᠣᠩᠭᠤᠯ ᠬᠢᠲᠠᠳ ᠧᠦ᠋ᠷᠣᠫᠠ ᠡᠮ ᠡᠮᠨᠡᠯᠭᠡ ᠶᠢ ᠵᠡᠷᠭᠡᠪᠡᠷ ᠴᠢᠬᠤᠯᠠᠴᠢᠯᠠᠬᠤ ᠶᠢ ᠪᠠᠷᠢᠮᠲᠠᠯᠠᠵᠤ᠂ | ᠮᠣᠩᠭᠤᠯ ᠬᠢᠲᠠᠳ ᠡᠮᠨᠡᠯᠭᠡ ᠶᠢᠨ ᠬᠤᠷᠢᠶᠠᠨ ᠤ ᠰᠠᠭᠤᠷᠢ ᠪᠡᠯᠡᠳᠬᠡᠮᠵᠢ ᠲᠥᠬᠦᠭᠡᠷᠦᠮᠵᠢ ᠵᠢᠴᠢ ᠠᠵᠢᠯᠲᠠᠨ ᠤ ᠵᠡᠷᠬᠡ | ᠳᠡᠰ ᠲᠠᠢ ᠡᠮᠨᠡᠯᠭᠡ ᠶᠢᠨ ᠬᠤᠷᠢᠶ᠎ᠠ ᠳᠤ ᠪᠠᠷᠢᠮᠵᠢᠶᠠᠵᠢᠭᠤᠯᠤᠨ ᠲᠤᠬᠢᠷᠠᠭᠤᠯᠬᠤ ᠶᠢ ᠴᠢᠩᠭᠠᠳᠬᠠᠵᠦ᠂ ᠶᠡᠷᠦᠩᠬᠡᠶᠢᠯᠡᠭᠰᠡᠨ | ᠦᠢᠯᠡᠴᠢᠯᠡᠭᠡᠨ ᠤ ᠴᠢᠳᠠᠪᠤᠷᠢ ᠶᠢ ᠨᠢ ᠳᠡᠭᠡᠭᠰᠢᠯᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ | ᠲᠥᠯᠥᠪᠯᠡᠭᠡᠲᠦ ᠦᠷᠡᠵᠢᠯ ᠤᠨ ᠵᠥᠪᠯᠡᠯ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠬᠥᠮᠦᠨ ᠤ ᠬᠦᠴᠦᠨ ᠤ | ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠢᠳᠡᠭᠡᠨ ᠪᠠ ᠡᠮ ᠤᠨ ᠵᠦᠢᠯ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠬᠠᠷᠢᠭᠤᠴᠠᠨ᠎ᠠ︶ | 6. ᠰᠣᠶᠣᠯ ᠤᠨ ᠴᠡᠴᠡᠭᠯᠡᠯ ᠭᠦᠭᠵᠢᠯᠳᠡ ᠶᠢ ᠠᠬᠢᠭᠤᠯᠤᠨ᠎ᠠ᠃ ᠤᠯᠠᠭᠠᠨᠮᠥ᠋ᠴᠢᠷ ᠤᠨ ᠠᠵᠢᠯ ᠦᠢᠯᠡᠰ ᠤᠨ | ᠬᠥᠭᠵᠢᠯᠲᠡ ᠶᠢ ᠲᠡᠮᠵᠢᠵᠦ᠂ ᠠᠷᠠᠳ ᠲᠦᠮᠡᠨ ᠲᠠᠢ ᠤᠶᠢᠷᠠᠳᠤᠬᠤ᠂ ᠲᠠᠮᠵᠢᠨᠨᠳᠠᠨ ᠤᠯᠠᠮᠵᠢᠯᠬᠠᠳᠠᠬᠤ᠂ ᠦᠯᠡᠳᠡᠭᠳᠡᠨ | ᠬᠤᠴᠤᠷᠴᠤ ᠴᠢᠳᠠᠬᠤ ᠰᠢᠯᠢᠳᠡᠭ ᠪᠦᠳᠦᠬᠡᠯ ᠪᠦᠳᠦᠬᠡᠬᠦ ᠶᠢ ᠠᠬᠢᠭᠤᠯᠤᠨ᠎ᠠ᠃ ᠲᠠᠯ᠎ᠠ ᠨᠤᠲᠤᠭ ᠤᠨ ᠤᠳᠬ᠎ᠠ | ᠤᠷᠠᠯᠢᠭ ᠤᠨ ᠰᠤᠳᠤᠨ ᠪᠦᠲᠦᠭᠡᠯ ᠤᠨ ᠢᠨᠵᠧᠨᠧᠷᠢᠩ ᠢ ᠬᠡᠷᠡᠭᠵᠢᠬᠦᠯᠵᠦ᠂ ᠴᠥᠭᠡᠨ ᠲᠣᠭᠠᠲᠤ ᠦᠨᠳᠦᠰᠦᠲᠡᠨ ᠤ | ᠤᠳᠬ᠎ᠠ ᠤᠷᠠᠯᠢᠭ ᠤᠨ ᠵᠣᠬᠢᠶᠠᠨ ᠪᠦᠳᠦᠬᠡᠬᠦ ᠶᠢ ᠵᠤᠷᠢᠨᠨᠵᠢᠭᠤᠯᠤᠨ ᠲᠡᠮᠵᠢᠨ᠎ᠡ᠃ ᠷᠠᠳᠢᠣ᠋ ᠲᠧᠯᠸᠢᠰ ᠵᠡᠷᠭᠡ ᠭᠤᠤᠯᠯᠠᠬᠤ | ᠵᠠᠭᠤᠴᠢᠯᠠᠭᠤᠷ ᠪᠠ ᠰᠢᠨ᠎ᠡ ᠵᠠᠭᠤᠴᠢᠯᠠᠭᠤᠷ ᠤᠨ ᠪᠠᠶᠢᠭᠤᠯᠤᠯᠳᠠ ᠶᠢ ᠴᠢᠩᠭᠠᠳᠬᠠᠨ᠎ᠠ᠃ ᠴᠥᠭᠡᠨ ᠲᠣᠭᠠᠲᠤ | ᠦᠨᠳᠦᠰᠦᠲᠡᠨ ᠤ ᠦᠭᠡ ᠬᠡᠯᠡ ᠦᠰᠦᠭ ᠪᠢᠴᠢᠭ ᠤᠨ ᠬᠡᠪᠯᠡᠭᠳᠡᠬᠦᠨ ᠢ ᠤᠯᠠᠨ ᠬᠡᠯᠡ ᠪᠠᠷ ᠤᠷᠴᠢᠭᠤᠯᠬᠤ ᠬᠢᠷᠢ | ᠬᠡᠮᠵᠢᠶ᠎ᠡ ᠶᠢ ᠲᠡᠬᠡᠭᠰᠢᠯᠡᠬᠦᠯᠦᠨ᠎ᠠ᠃ ᠴᠥᠭᠡᠨ ᠲᠣᠭᠠᠲᠤ ᠦᠨᠳᠦᠰᠦᠲᠡᠨ ᠤ ᠠᠷᠠᠳ ᠤᠨ ᠠᠮᠠᠨ ᠵᠣᠬᠢᠶᠠᠯ᠂ | ᠤᠯᠠᠮᠵᠢᠯᠠᠯᠲᠤ ᠳᠠᠭᠤᠤ ᠬᠥᠭᠵᠢᠮ᠂ ᠤᠯᠠᠮᠵᠢᠯᠠᠯᠲᠤ ᠪᠥᠵᠢᠭ᠂ ᠤᠯᠠᠮᠵᠢᠯᠠᠯᠲᠤ ᠤᠷᠠᠨ ᠵᠢᠷᠤᠭ᠂ ᠤᠯᠠᠮᠵᠢᠯᠠᠯᠲᠤ | ᠤᠷ᠎ᠠ ᠮᠡᠷᠭᠡᠰᠢᠯ ᠵᠡᠷᠭᠡ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠲᠦᠷᠦᠯ ᠵᠦᠢᠯ ᠢ | ᠠᠪᠤᠷᠠᠨ ᠬᠠᠮᠠᠭᠠᠯᠠᠵᠦ᠂ ᠡᠯ᠎ᠡ ᠱᠠᠲᠤᠨ ᠤ ᠪᠤᠳᠠᠰ ᠤᠨ ᠪᠤᠰᠤ ᠰᠤᠶᠤᠯ ᠤᠨ ᠦᠪ ᠤᠨ ᠣᠷᠳᠣᠨ ︵ᠵᠠᠩ ᠦᠢᠯᠡ ᠶᠢᠨ | ᠣᠷᠳᠣᠨ︶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ ᠤ ᠪᠠᠶᠢᠭᠤᠯᠤᠯᠳᠠ ᠶᠢ ᠲᠡᠮᠵᠢᠨ᠎ᠠ᠃ ᠬᠥᠮᠦᠨ | ᠠᠮᠠ ᠪᠠᠷ ᠴᠥᠭᠡᠪᠲᠦᠷ ᠦᠨᠳᠦᠰᠦᠲᠡᠨ ᠤ ᠤᠰᠠᠳᠬᠤ ᠰᠢᠬᠠᠭᠰᠠᠨ ᠬᠡᠯᠡ ᠶᠢ ᠬᠠᠮᠠᠭᠠᠯᠠᠵᠦ ᠠᠪᠤᠷᠠᠬᠤ ᠢᠨᠵᠧᠨᠧᠷᠢᠩ ᠢ | ᠬᠡᠷᠡᠭᠵᠢᠬᠦᠯᠦᠨ᠎ᠠ᠃ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠲᠦᠷᠦᠯ ᠵᠦᠢᠯ ᠢ | ᠵᠤᠷᠢᠨᠨᠵᠢᠭᠤᠯᠤᠨ ᠭᠦᠭᠵᠢᠬᠦᠯᠦᠨ᠎ᠠ᠃ ︵ᠥᠪᠡᠷᠲᠡᠭᠡᠨ ᠵᠠᠰᠠᠬᠤ ᠣᠷᠣᠨ ᠤ ᠰᠣᠶᠣᠯ ᠤᠨ ᠲᠢᠩᠬᠢᠮ᠂ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ᠂ ᠰᠣᠨᠢᠨ ᠮᠡᠳᠡᠭᠡ ᠬᠡᠪᠯᠡᠯ ᠷᠠᠳᠢᠣ᠋ ᠺᠢᠨᠤ᠋ ᠲᠧᠯᠸᠢᠰ ᠤᠨ ᠲᠣᠪᠴᠢᠶ᠎ᠠ᠂ ᠪᠡᠶ᠎ᠡ ᠶᠢᠨ | ᠲᠠᠮᠢᠷ ᠤᠨ ᠲᠣᠪᠴᠢᠶ᠎ᠠ᠂ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠬᠠᠷᠢᠭᠤᠴᠠᠨ᠎ᠠ︶ | 7. ᠠᠵᠢᠯ ᠤᠯᠬᠤ ᠪᠠ ᠦᠢᠯᠡᠰ ᠴᠣᠭᠴᠠᠯᠠᠬᠤ ᠶᠢ ᠶᠡᠭᠡ ᠪᠠᠷ ᠠᠬᠢᠭᠤᠯᠤᠨ᠎ᠠ᠃ ᠦᠢᠯᠡᠰ ᠴᠣᠭᠴᠠᠯᠠᠬᠤ ᠶᠢᠨ | ᠲᠠᠭᠠᠭᠠᠯᠳᠠ ᠲᠠᠢ ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ | ᠨᠤᠲᠤᠭ ᠲᠤ ᠪᠠᠨ ᠪᠤᠴᠠᠭᠰᠠᠨ ᠬᠥᠮᠦᠰ ᠢ ᠣᠶᠢᠷ᠎ᠠ ᠬᠠᠪᠢ ᠪᠠ ᠲᠤᠬᠠᠶ ᠶᠢᠨ ᠭᠠᠵᠠᠷ ᠲᠤ ᠪᠠᠨ ᠦᠢᠯᠡᠰ ᠴᠣᠭᠴᠠᠯᠠᠨ | ᠠᠵᠢᠯ ᠤᠯᠬᠤ ᠶᠢ ᠵᠤᠷᠢᠨᠨᠵᠢᠭᠤᠯᠵᠦ᠂ ᠲᠤᠰᠬᠠᠶ ᠬᠤᠷᠰᠢᠶ᠎ᠠ ᠵᠡᠷᠭᠡ ᠠᠵᠤ ᠠᠬᠤᠶ ᠶᠢᠨ ᠬᠠᠮᠳᠤᠷᠠᠯᠴᠠᠭᠠᠨ ᠤ ᠵᠣᠬᠢᠶᠠᠨ | ᠪᠠᠶᠢᠭᠤᠯᠤᠯᠲᠠ ᠳᠤ ᠮᠠᠯᠴᠢᠨ ᠲᠠᠷᠢᠶᠠᠴᠢᠳ ᠤᠨ ᠤᠷᠤᠯᠴᠠᠬᠤ ᠶᠢ ᠲᠡᠮᠵᠢᠨ᠎ᠠ᠃ ᠴᠥᠭᠡᠨ ᠲᠣᠭᠠᠲᠤ ᠦᠨᠳᠦᠰᠦᠲᠡᠨ ᠤ | ᠵᠡᠮᠳᠡᠭᠴᠦᠳ ᠢ ᠬᠠᠪᠰᠤᠷᠴᠤ ᠦᠶᠯᠡᠰ ᠴᠤᠨᠨᠴᠠᠯᠠᠭᠤᠯᠤᠨ ᠠᠵᠢᠯ ᠤᠯᠭᠤᠨ᠎ᠠ᠃ ᠮᠣᠩᠭᠤᠯ ᠬᠡᠯᠡ ᠪᠠᠷ ᠬᠢᠴᠢᠶᠡᠯᠯᠡᠭᠰᠡᠨ | ᠳᠡᠭᠡᠳᠦ ᠰᠤᠷᠭᠠᠭᠤᠯᠢ ᠲᠡᠭᠦᠰᠦᠭᠰᠡᠳ ᠤᠨ ᠦᠢᠯᠡᠰ ᠴᠣᠭᠴᠠᠯᠠᠨ ᠠᠵᠢᠯ ᠣᠯᠬᠤ ᠲᠠᠯ᠎ᠠ ᠪᠠᠷ ᠬᠢ ᠠᠵᠢᠯ ᠤᠨ | ᠲᠣᠭᠲᠠᠴᠠ ᠶᠢ ᠲᠡᠭᠦᠯᠳᠡᠷᠵᠢᠭᠦᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ | ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠠᠵᠤ ᠠᠬᠤᠶ ᠪᠠ ᠮᠡᠳᠡᠭᠡ ᠵᠠᠩᠭᠢᠵᠢᠯᠲᠠ ᠶᠢᠨ ᠵᠥᠪᠯᠡᠯ᠂ ᠠᠷᠠᠳ ᠤᠨ | ᠪᠠᠩᠬᠢ ᠶᠢᠨ ᠬᠥᠬᠡᠬᠤᠲᠠ ᠲᠥᠪ ᠰᠠᠯᠪᠤᠷᠢ ᠪᠠᠩᠬᠢ ᠬᠠᠷᠢᠭᠤᠴᠠᠨ᠎ᠠ︶ | ︵ᠭᠤᠷᠪᠠ︶ ᠤᠨᠴᠠᠯᠢᠨᠨᠳᠤ ᠳᠠᠪᠠᠭᠤᠯᠢᠭ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠤᠨ᠎ᠠ | 1. ᠪᠣᠬᠢᠷᠲᠤᠯ ᠦᠭᠡᠢ ᠲᠠᠷᠢᠶᠠᠯᠠᠩ ᠮᠠᠯ ᠠᠵᠤ ᠠᠬᠤᠶ ᠵᠢᠴᠢ ᠪᠣᠯᠪᠠᠰᠤᠷᠠᠭᠤᠯᠬᠤ ᠠᠵᠤ ᠦᠢᠯᠡᠳᠪᠦᠷᠢ ᠶᠢ | ᠶᠡᠭᠡ ᠪᠠᠷ ᠭᠦᠭᠵᠢᠬᠦᠯᠦᠨ᠎ᠠ᠃ ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠤᠨ | ᠰᠢᠰᠲ᠋ᠧᠮᠵᠢ᠂ ᠦᠢᠯᠡᠳᠪᠦᠷᠢᠯᠡᠯ ᠤᠨ ᠰᠢᠰᠲ᠋ᠧᠮᠵᠢ᠂ ᠡᠵᠡᠩᠨᠡᠯᠲᠡ ᠶᠢᠨ ᠰᠢᠰᠲ᠋ᠧᠮᠵᠢ ᠶᠢ ᠵᠤᠷᠢᠨᠨᠵᠢᠭᠤᠯᠤᠨ | ᠭᠦᠭᠵᠢᠬᠦᠯᠵᠦ᠂ ᠨᠠᠷᠠᠲᠤ ᠲᠥᠷᠥᠯ ᠲᠡᠮᠳᠡᠭᠲᠦ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠬᠦᠯᠦᠨ᠂ ᠪᠣᠬᠢᠷᠲᠤᠯ ᠥᠬᠡᠶ | ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠳᠤ ᠬᠡᠷᠡᠭᠯᠡᠬᠦ ᠨᠠᠷᠠᠲᠤ | ᠲᠥᠷᠥᠯ ᠲᠡᠮᠳᠡᠭᠲᠦ ᠶᠢ ᠪᠤᠶᠢᠵᠢᠭᠤᠯᠵᠦ᠂ ᠶᠡᠷᠦᠩᠬᠡᠶᠢᠯᠡᠨ ᠦᠢᠯᠡᠳᠪᠦᠷᠢᠯᠡᠬᠦ ᠴᠢᠳᠠᠪᠤᠷᠢ ᠪᠠ ᠵᠠᠬ᠎ᠠ ᠳᠡᠯᠭᠡᠭᠦᠷ ᠤᠨ | ᠥᠷᠢᠰᠥᠯᠳᠦᠬᠦ ᠬᠦᠴᠦᠨ ᠢ ᠳᠡᠭᠡᠭᠰᠢᠯᠡᠭᠦᠯᠤᠨ᠎ᠠ᠃ ᠳᠠᠷᠢᠵᠤ ᠲᠡᠵᠢᠭᠡᠬᠦ ᠤᠨᠴᠠᠯᠢᠨᠨᠳᠤ ᠰᠠᠭᠤᠷᠢᠨ ᠭᠠᠵᠠᠷ ᠤᠨ | ᠪᠥᠲᠥᠭᠡᠨ ᠪᠠᠶᠢᠭᠤᠯᠤᠯᠲᠠ ᠶᠢ ᠲᠡᠮᠵᠢᠨ᠎ᠠ᠃ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰᠵᠢᠭᠰᠡᠨ ᠬᠥᠲᠥᠴᠢ | ᠠᠵᠤ ᠠᠬᠤᠶᠢᠯᠠᠯ ᠤᠨ ᠳᠠᠶᠢᠴᠢᠯᠠᠬᠤ ᠦᠢᠯᠡᠳᠦᠯ ᠢ ᠪᠠᠳᠠᠷᠠᠭᠤᠯᠵᠤ᠂ ᠠᠵᠤ ᠦᠢᠯᠡᠰ ᠤᠨ ᠬᠡᠯᠬᠢᠶ᠎ᠡ ᠶᠢ ᠤᠷᠳᠤᠳᠬᠠᠨ᠂ | ᠬᠠᠩᠭᠠᠯᠭ᠎ᠠ ᠶᠢᠨ ᠬᠡᠯᠬᠢᠶ᠎ᠡ ᠶᠢ ᠴᠤᠨᠨᠴᠠᠯᠠᠵᠦ᠂ ᠥᠷᠲᠡᠭ ᠤᠨ ᠬᠡᠯᠬᠢᠶ᠎ᠡ ᠶᠢ ᠲᠡᠬᠡᠭᠰᠢᠯᠡᠬᠦᠯᠦᠨ᠎ᠠ᠃ ︵ᠥᠪᠡᠷᠲᠡᠭᠡᠨ | ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ | ᠠᠵᠤ ᠠᠬᠤᠶ ᠪᠠ ᠮᠡᠳᠡᠭᠡ ᠵᠠᠩᠭᠢᠵᠢᠯᠲᠠ ᠶᠢᠨ ᠵᠥᠪᠯᠡᠯ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ | ᠬᠠᠷᠢᠭᠤᠴᠠᠨ᠎ᠠ︶ | 2. ᠦᠨᠳᠦᠰᠦᠲᠡᠨ ᠤ ᠤᠨᠴᠠᠯᠢᠨᠨᠳᠤ ᠵᠢᠭᠤᠯᠴᠢᠯᠠᠯ ᠢ ᠶᠡᠭᠡ ᠪᠠᠷ ᠭᠦᠭᠵᠢᠬᠦᠯᠦᠨ᠎ᠠ᠃ ᠦᠨᠳᠦᠰᠦᠲᠡᠨ ᠤ | ᠰᠣᠶᠣᠯ ᠤᠨ ᠡᠬᠢ ᠪᠠᠶᠠᠯᠢᠭ ᠲᠤ ᠲᠦᠰᠢᠭᠯᠡᠨ᠂ ᠦᠨᠳᠦᠰᠦᠲᠡᠨ ᠤ ᠣᠨᠴᠠᠯᠢᠭ ᠢᠶᠠᠷ ᠲᠤᠪᠤᠶᠢᠮ᠎ᠠ ᠭᠤᠤᠯᠳᠠᠯᠭ᠎ᠠ ᠲᠠᠢ | ᠵᠢᠭᠤᠯᠴᠢᠯᠠᠯ ᠤᠨ ᠦᠵᠡᠮᠵᠢᠲᠦ ᠣᠷᠣᠨ ᠪᠠ ᠵᠠᠮ ᠱᠤᠭᠤᠮ ᠢ ᠨᠡᠬᠡᠬᠡᠨ ᠭᠦᠭᠵᠢᠬᠦᠯᠵᠦ᠂ ᠪᠦᠬᠦ ᠤᠯᠤᠰ ᠲᠤ | ᠠᠯᠳᠠᠷᠰᠢᠭᠰᠠᠨ ᠨᠠᠷᠠᠲᠤ ᠲᠥᠷᠥᠯ ᠲᠡᠮᠳᠡᠭᠲᠦ ᠪᠠ A ᠲᠠᠰ ᠤᠨ ᠦᠵᠡᠮᠵᠢᠲᠦ ᠣᠷᠣᠨ ᠢ ᠴᠤᠨᠨᠴᠠᠯᠠᠨ ᠪᠠᠶᠢᠭᠤᠯᠤᠨ᠎ᠠ᠃ | ᠬᠥᠳᠡᠭᠡ ᠠᠶᠢᠯ ᠤᠨ ᠵᠤᠭᠠᠴᠠᠯ᠂ ᠮᠠᠯᠴᠢᠨ ᠠᠶᠢᠯ ᠤᠨ ᠵᠤᠭᠠᠴᠠᠯ ᠤᠨ ᠡᠵᠡᠩᠨᠡᠬᠦ ᠬᠢᠷᠢ ᠲᠦᠪᠰᠢᠨ ᠢ ᠲᠡᠬᠡᠭᠰᠢᠯᠡᠬᠦᠯᠵᠦ᠂ | ᠰᠡᠯᠡᠭᠦᠴᠡᠯ ᠠᠮᠠᠷᠠᠯᠳᠠ ᠶᠢᠨ ᠵᠢᠭᠤᠯᠴᠢᠯᠠᠯ ᠢ ᠢᠳᠡᠪᠬᠢᠲᠡᠶ ᠬᠥᠭᠵᠢᠭᠦᠯᠤᠨ᠎ᠠ᠃ ᠪᠦᠬᠦ ᠨᠤᠳᠤᠭ ᠤᠨ ᠬᠠᠮ | ᠵᠢᠭᠤᠯᠴᠢᠯᠠᠯ ᠪᠠ ᠲᠦᠷᠪᠡᠨ ᠤᠯᠠᠷᠢᠯ ᠤᠨ ᠵᠢᠭᠤᠯᠴᠢᠯᠠᠯ ᠢ ᠬᠦᠴᠦᠯᠡᠨ ᠠᠬᠢᠭᠤᠯᠤᠨ᠎ᠠ᠃ ᠵᠢᠭᠤᠯᠴᠢᠯᠠᠯ ᠬᠢᠬᠡᠳ | ᠰᠣᠶᠣᠯ᠂ ᠲᠠᠷᠢᠶᠠᠯᠠᠩ ᠮᠠᠯ ᠠᠵᠤ ᠠᠬᠤᠶ᠂ ᠰᠤᠷᠭᠠᠨ ᠭᠦᠮᠦᠵᠢᠯ᠂ ᠪᠡᠶ᠎ᠡ ᠶᠢᠨ ᠲᠠᠮᠢᠷ ᠵᠡᠷᠭᠡ ᠬᠠᠮᠢᠶ᠎ᠠ ᠪᠥᠬᠦᠶ ᠠᠵᠤ | ᠦᠢᠯᠡᠰ ᠲᠠᠢ ᠭᠦᠨ ᠠᠭᠤᠰᠤᠯᠴᠠᠬᠤ᠂ ᠬᠤᠯᠪᠣᠭᠠᠯᠠᠨ ᠭᠦᠭᠵᠢᠬᠦ ᠶᠢ ᠠᠬᠢᠭᠤᠯᠵᠦ᠂ ᠲᠠᠯ᠎ᠠ ᠨᠤᠳᠤᠭ ᠤᠨ ᠭᠦᠳᠡᠭᠡ | ᠠᠶᠢᠯ ᠤᠨ ᠶᠡᠷᠦᠩᠬᠡᠶᠢᠯᠡᠭᠰᠡᠨ ᠴᠤᠨᠨᠴᠠ ᠶᠢ ᠰᠦᠪᠡᠭᠴᠢᠯᠡᠨ ᠪᠠᠶᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ | ᠵᠢᠭᠤᠯᠴᠢᠯᠠᠯ ᠤᠨ ᠬᠥᠭᠵᠢᠭᠦᠯᠦᠯᠲᠡ ᠶᠢᠨ ᠵᠥᠪᠯᠡᠯ᠂ ᠰᠣᠶᠣᠯ ᠤᠨ ᠲᠢᠩᠬᠢᠮ᠂ ᠪᠡᠶ᠎ᠡ ᠶᠢᠨ ᠲᠠᠮᠢᠷ ᠤᠨ ᠲᠣᠪᠴᠢᠶ᠎ᠠ | ᠬᠠᠷᠢᠭᠤᠴᠠᠨ᠎ᠠ︶ | 3. ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠭᠠᠷ ᠤᠷᠠᠯᠠᠯ ᠤᠨ ᠠᠵᠤ ᠦᠢᠯᠡᠰ ᠢ ᠶᠡᠭᠡ ᠪᠠᠷ | ᠭᠦᠭᠵᠢᠬᠦᠯᠦᠨ᠎ᠠ᠃ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠭᠠᠷ ᠤᠷᠠᠯᠠᠯ ᠤᠨ ᠬᠥᠲᠥᠴᠢ ᠠᠵᠤ | ᠠᠬᠤᠶᠢᠯᠠᠯ ᠢ ᠲᠡᠳᠬᠦᠨ ᠲᠡᠮᠵᠢᠵᠦ᠂ ᠦᠨᠳᠦᠰᠦᠲᠡᠨ ᠤ ᠤᠯᠠᠮᠵᠢᠯᠠᠯᠲᠤ ᠭᠠᠷ ᠤᠷᠠᠯᠠᠯ ᠢ ᠭᠦᠭᠵᠢᠬᠦᠯᠦᠨ ᠮᠠᠨᠳᠤᠭᠤᠯᠵᠦ | ᠂ ᠦᠢᠯᠡᠳᠪᠦᠷᠢᠯᠡᠯ ᠤᠨ ᠴᠢᠨᠠᠷᠲᠠᠶ ᠤᠯᠠᠮᠵᠢᠯᠠᠨ ᠵᠢᠭᠠᠵᠦ ᠰᠤᠷᠭᠠᠬᠤ ᠰᠠᠭᠤᠷᠢᠨ ᠭᠠᠵᠠᠷ ᠢ ᠪᠦᠳᠦᠬᠡᠨ ᠪᠠᠶᠢᠭᠤᠯᠤᠨ᠎ᠠ᠃ | ᠦᠨᠳᠦᠰᠦᠲᠡᠨ ᠤ ᠠᠷᠠᠯᠵᠢᠶ᠎ᠠ ᠪᠠ ᠦᠨᠳᠦᠰᠦᠲᠡᠨ ᠳᠤ ᠣᠨᠴᠠ ᠬᠡᠷᠡᠭᠴᠡᠭᠡ ᠲᠠᠢ ᠲᠠᠸᠠᠷ ᠦᠢᠯᠡᠳᠪᠦᠷᠢᠯᠡᠬᠦ ᠶᠢ | ᠲᠡᠮᠵᠢᠵᠦ᠂ ᠬᠠᠮᠢᠶ᠎ᠠ ᠪᠦᠭᠦᠢ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢ ᠦᠷᠭᠦᠯᠵᠢᠯᠡᠨ ᠬᠡᠷᠡᠭᠵᠢᠬᠦᠯᠦᠨ᠎ᠠ᠃ ᠬᠢᠯᠢ | ᠬᠢᠵᠠᠭᠠᠷ ᠣᠷᠣᠨ ᠳᠤ ᠪᠣᠷᠣᠯᠠᠭᠤᠯᠬᠤ ᠴᠠᠢ᠂ ᠯᠠᠯᠤ ᠶᠢᠨ ᠦᠬᠡᠷ ᠬᠤᠨᠢᠨ ᠤ ᠮᠢᠬ᠎ᠠ ᠦᠢᠯᠡᠳᠪᠦᠷᠢᠯᠡᠬᠦ᠂ ᠨᠦᠬᠡᠴᠡᠯᠡᠬᠦ | ᠪᠠ ᠬᠠᠩᠭᠠᠬᠤ ᠶᠢ ᠪᠠᠳᠤᠯᠠᠨ᠎ᠠ᠃ ︵ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ᠂ | ᠰᠣᠶᠣᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ᠂ ᠬᠠᠩᠭᠠᠨ | ᠪᠣᠷᠣᠯᠠᠭᠤᠯᠬᠤ ᠬᠤᠯᠪᠣᠭᠠᠲᠤ ᠬᠤᠷᠰᠢᠶ᠎ᠠ᠂ ᠠᠷᠠᠳ ᠤᠨ ᠪᠠᠩᠬᠢ ᠶᠢᠨ ᠬᠥᠬᠡᠬᠤᠲᠠ ᠲᠥᠪ ᠰᠠᠯᠪᠤᠷᠢ ᠪᠠᠩᠬᠢ | ᠬᠠᠷᠢᠭᠤᠴᠠᠨ᠎ᠠ︶ | ︵ᠳᠦᠷᠪᠡ︶ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠤᠨ᠎ᠠ | 1. ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠪᠠ ᠪᠠᠶᠢᠭᠤᠯᠤᠯᠲᠠ ᠶᠢ ᠴᠢᠩᠭᠠᠳᠬᠠᠨ᠎ᠠ᠃ ᠤᠢ | ᠰᠢᠭᠤᠢ᠂ ᠨᠤᠳᠤᠭ ᠪᠡᠯᠴᠢᠬᠡᠷ᠂ ᠴᠦᠯᠯᠡᠷᠬᠡᠭ ᠭᠠᠵᠠᠷ᠂ ᠨᠤᠭᠤ ᠭᠠᠵᠠᠷ ᠵᠡᠷᠭᠡ ᠠᠮᠢ ᠠᠬᠤᠶ ᠶᠢᠨ ᠰᠢᠰᠲ᠋ᠧᠮ ᠢ | ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠤᠨ᠎ᠠ᠃ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ | ᠢᠷᠡᠯᠳᠡ ᠠᠴᠠ ᠨᠢ ᠵᠠᠰᠠᠬᠤ᠂ ᠲᠠᠷᠢᠶᠠᠯᠠᠬᠤ ᠶᠢ ᠵᠣᠭᠰᠣᠭᠠᠵᠤ ᠤᠢ ᠰᠢᠭᠤᠶ ᠡᠪᠡᠰᠦ ᠪᠡᠯᠴᠢᠭᠡᠷ ᠢ ᠰᠡᠷᠭᠦᠭᠡᠬᠦ ᠵᠡᠷᠭᠡ | ᠠᠮᠢ ᠠᠬᠤᠶ ᠶᠢᠨ ᠭᠤᠣᠯᠳᠠᠯᠭ᠎ᠠ ᠲᠠᠢ ᠰᠢᠨ᠎ᠡ ᠡᠭᠡᠯᠵᠢ ᠶᠢᠨ ᠢᠨᠵᠧᠨᠧᠷᠢᠩ ᠢ ᠪᠠᠶᠢᠭᠤᠯᠬᠤ ᠬᠡᠪᠴᠢᠶ᠎ᠡ ᠪᠠᠨ | ᠦᠷᠬᠡᠳᠬᠡᠨ᠎ᠠ᠃ ᠪᠠᠶᠢᠭᠠᠯᠢᠭ ᠤᠢ ᠶᠢᠨ ᠬᠠᠮᠠᠭᠠᠯᠠᠬᠤ ᠳᠦᠷᠢᠮ ᠢ ᠲᠡᠭᠦᠯᠳᠡᠷᠵᠢᠭᠦᠯᠵᠦ᠂ ᠨᠤᠲᠤᠭ ᠪᠡᠯᠴᠢᠭᠡᠷ ᠤᠨ ᠠᠮᠢ | ᠠᠬᠤᠶ ᠶᠢᠨ ᠬᠠᠮᠠᠭᠠᠯᠠᠯᠲᠠ ᠳᠤ ᠨᠦᠭᠦᠪᠦᠷᠢᠯᠡᠵᠦ ᠱᠠᠩᠨᠠᠬᠤ ᠰᠢᠨ᠎ᠡ ᠡᠭᠡᠯᠵᠢ ᠶᠢᠨ ᠲᠦᠷᠦ ᠶᠢᠨ ᠪᠤᠳᠤᠯᠭ᠎ᠠ ᠶᠢ | ᠬᠡᠷᠡᠭᠵᠢᠬᠦᠯᠦᠨ᠎ᠠ᠃ ᠦᠨᠳᠦᠰᠦᠨ ᠨᠤᠲᠤᠭ ᠪᠡᠯᠴᠢᠭᠡᠷ ᠢ ᠬᠠᠮᠠᠭᠠᠯᠠᠬᠤ᠂ ᠪᠡᠯᠴᠢᠭᠡᠷ ᠮᠡᠯ ᠬᠤᠶᠠᠷ ᠢ ᠲᠡᠩᠴᠡᠭᠦᠷᠢᠲᠡᠶ | ᠪᠠᠶᠢᠯᠭᠠᠬᠤ᠂ ᠪᠡᠯᠴᠢᠭᠡᠷᠯᠡᠭᠦᠯᠬᠦ ᠶᠢ ᠴᠠᠭᠠᠵᠠᠯᠠᠨ ᠪᠡᠯᠴᠢᠭᠡᠷ ᠢ ᠰᠡᠷᠭᠦᠬᠡᠵᠦ ᠦᠨᠵᠢᠬᠦᠯᠦᠨ ᠪᠡᠯᠴᠢᠭᠡᠷᠯᠡᠬᠦ ᠪᠠ ᠨᠤᠲᠤᠭ | ᠪᠡᠯᠴᠢᠭᠡᠷ ᠤᠨ ᠠᠮᠢ ᠠᠬᠤᠶ ᠶᠢ ᠬᠢᠨᠠᠨ ᠰᠢᠨᠵᠢᠵᠦ ᠦᠨᠡᠯᠡᠨ ᠵᠢᠱᠢᠬᠦ ᠲᠦᠷᠢᠮ ᠢ ᠴᠢᠩᠳᠠ ᠬᠡᠷᠡᠭᠵᠢᠭᠦᠯᠦᠨ᠎ᠡ᠃ | ᠡᠯᠡᠰᠦᠵᠢᠭᠰᠡᠨ ᠭᠠᠵᠠᠷ ᠰᠢᠷᠤᠢ ᠶᠢ ᠵᠠᠰᠠᠬᠤ ᠪᠠᠨ ᠴᠢᠩᠭᠠᠳᠬᠠᠵᠤ᠂ ᠴᠦᠯᠯᠡᠷᠬᠡᠭᠵᠢᠭᠰᠡᠨ ᠪᠠ ᠡᠯᠡᠰᠦᠵᠢᠭᠰᠡᠨ ᠭᠠᠵᠠᠷ | ᠰᠢᠷᠤᠢ ᠶᠢᠨ ᠦᠷᠬᠡᠳᠬᠦ ᠶᠢ ᠬᠤᠷᠢᠨᠨᠯᠠᠨ ᠡᠵᠡᠮᠳᠡᠨ᠎ᠠ᠃ ᠰᠡᠷᠭᠡᠶᠢᠯᠡᠨ ᠡᠵᠡᠮᠳᠡᠬᠦ ᠴᠢᠳᠠᠪᠤᠷᠢ ᠶᠢ ᠳᠡᠭᠡᠭᠰᠢᠯᠡᠭᠦᠯᠵᠦ᠂ | ᠬᠢᠯᠢ ᠲᠠᠪᠠᠵᠦ ᠵᠤᠯᠭᠠᠬᠤ ᠭᠠᠯ ᠲᠦᠢᠮᠡᠷ ᠢ ᠰᠡᠷᠬᠡᠶᠢᠯᠡᠨ᠎ᠠ᠃ ︵ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠢᠩᠬᠢᠮ᠂ ᠲᠠᠷᠢᠶᠠᠯᠠᠩ ᠮᠠᠯ ᠠᠵᠤ | ᠠᠬᠤᠶ ᠶᠢᠨ ᠲᠢᠩᠬᠢᠮ᠂ ᠣᠶ ᠰᠢᠭᠤᠶ ᠶᠢᠨ ᠲᠢᠩᠬᠢᠮ᠂ ᠤᠯᠤᠰ ᠤᠨ ᠭᠠᠵᠠᠷ ᠰᠢᠷᠣᠶ ᠡᠬᠢ ᠪᠠᠶᠠᠯᠢᠭ ᠤᠨ ᠲᠢᠩᠬᠢᠮ | ᠬᠠᠷᠢᠭᠤᠴᠠᠨ᠎ᠠ︶ | 2. ᠣᠷᠴᠢᠨ ᠲᠣᠭᠤᠷᠢᠨ ᠤ ᠪᠣᠬᠢᠷᠲᠤᠯ ᠢ ᠵᠠᠰᠠᠬᠤ ᠶᠢ ᠠᠬᠢᠭᠤᠯᠤᠨ᠎ᠠ᠃ ᠵᠠᠰᠠᠭ ᠤᠨ ᠣᠷᠳᠣᠨ᠂ ᠠᠵᠤ | ᠠᠬᠤᠶᠢᠯᠠᠯ᠂ ᠤᠯᠠᠨ ᠨᠡᠶᠢᠲᠡ ᠪᠠᠷ ᠢᠶᠠᠨ ᠬᠠᠮᠲᠤ ᠪᠠᠷ ᠵᠠᠰᠠᠬᠤ ᠣᠷᠴᠢᠨ ᠲᠤᠭᠤᠷᠢᠨ ᠤ ᠵᠠᠰᠠᠯᠳᠠ ᠶᠢᠨ ᠰᠢᠰᠲ᠋ᠧᠮᠵᠢ ᠶᠢ | ᠲᠠᠰᠤᠷᠠᠯᠳᠠ ᠦᠬᠡᠢ ᠲᠡᠭᠦᠯᠳᠡᠷᠵᠢᠬᠦᠯᠦᠨ᠎ᠠ᠃ ᠰᠢᠨ᠎ᠡ ᠪᠠᠷ ᠨᠡᠮᠡᠭᠳᠡᠬᠦ ᠪᠣᠬᠢᠷᠲᠤᠯ ᠪᠣᠳᠠᠰ ᠢ ᠴᠢᠩᠭ᠎ᠠ ᠡᠵᠡᠮᠳᠡᠵᠦ᠂ | ᠠᠭᠠᠷ ᠮᠠᠨᠳᠠᠯ ᠬᠢᠭᠡᠳ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠴᠢᠩᠭᠠᠳᠬᠠᠨ᠂ ᠤᠤᠭᠤᠬᠤ | ᠤᠰᠤᠨ ᠤ ᠰᠤᠷᠪᠤᠯᠵᠢ ᠶᠢ ᠬᠠᠮᠠᠭᠠᠯᠠᠬᠤ ᠪᠠᠨ ᠴᠢᠩᠭᠠᠳᠬᠠᠨ᠎ᠠ᠃ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ | ᠬᠤᠭ ᠨᠣᠪᠰᠢ ᠪᠣᠯᠤᠨ ᠪᠣᠬᠢᠷ ᠤᠰᠤ ᠶᠢ ᠰᠢᠢᠳᠪᠦᠷᠢᠯᠡᠬᠦ᠂ ᠵᠣᠷᠯᠣᠩ ᠢ ᠦᠬᠡᠷᠡᠴᠢᠯᠡᠨ ᠵᠠᠰᠠᠬᠤ ᠪᠠ | ᠨᠤᠭᠤᠭᠠᠷᠠᠭᠤᠯᠤᠨ ᠦᠩᠬᠡᠵᠢᠬᠦᠯᠬᠦ ᠡᠷᠴᠢᠮ ᠢ ᠴᠢᠩᠭᠠᠷᠠᠭᠤᠯᠵᠤ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠲᠦᠷᠦᠯ | ᠬᠤᠪᠢᠶᠠᠨ ᠬᠠᠮᠢᠶᠠᠷᠬᠤ ᠶᠢ ᠬᠡᠷᠡᠭᠵᠢᠬᠦᠯᠦᠨ᠎ᠠ᠃ ᠲᠠᠷᠢᠶᠠᠨ ᠡᠮ᠂ ᠬᠢᠮᠢ ᠶᠢᠨ ᠪᠣᠷᠳᠣᠭᠤᠷ ᠵᠡᠷᠭᠡ ᠲᠠᠷᠢᠶᠠᠨ ᠳᠤ | ᠣᠷᠣᠭᠤᠯᠬᠤ ᠡᠳ᠋ ᠢ ᠴᠢᠩᠭ᠎ᠠ ᠬᠠᠮᠢᠶᠠᠷᠴᠤ᠂ ᠲᠠᠷᠢᠶᠠᠨ ᠭᠠᠵᠠᠷ ᠤᠨ ᠣᠯᠠᠨ ᠡᠬᠢ ᠰᠤᠷᠪᠤᠯᠵᠢᠳᠤ ᠪᠣᠬᠢᠷᠳᠣᠯ ᠢ | ᠰᠡᠷᠭᠡᠶᠢᠯᠡᠨ ᠡᠵᠡᠮᠳᠡᠨ᠎ᠠ᠃ ︵ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠢᠩᠬᠢᠮ᠂ | ᠣᠷᠣᠨ ᠰᠠᠭᠤᠴᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ᠂ ᠡᠷᠡᠭᠦᠯ ᠬᠠᠮᠠᠭᠠᠯᠠᠯ | ᠲᠥᠯᠥᠪᠯᠡᠭᠡᠲᠦ ᠦᠷᠡᠵᠢᠯ ᠤᠨ ᠵᠥᠪᠯᠡᠯ ᠬᠠᠷᠢᠭᠤᠴᠠᠨ᠎ᠠ︶ | ︵ᠲᠠᠪᠤ︶ ᠭᠠᠳᠠᠭᠰᠢ ᠨᠡᠭᠡᠭᠡᠯᠳᠡ ᠬᠢᠬᠦ ᠶᠢ ᠢᠳᠡᠪᠬᠢᠲᠡᠶ ᠦᠷᠬᠡᠳᠬᠡᠨ᠎ᠠ | 1. ᠬᠢᠯᠢ ᠳᠠᠭᠠᠤ ᠶᠢᠨ ᠬᠤᠰᠢᠭᠤ ᠬᠤᠲᠠ ᠨᠤᠭᠤᠳ ᠤᠨ ᠤᠮᠠᠷᠠᠰᠢ ᠨᠡᠭᠡᠭᠡᠯᠲᠡ ᠬᠢᠬᠦ ᠪᠠᠬᠢᠯᠡᠯᠲᠡ ᠶᠢᠨ | ᠦᠢᠯᠡᠳᠦᠯ ᠢ ᠭᠦᠢᠴᠡᠳ ᠪᠠᠳᠠᠷᠠᠭᠤᠯᠤᠨ᠎ᠠ᠃ ᠴᠥᠭᠡᠨ ᠲᠣᠭᠠᠲᠤ ᠦᠨᠳᠦᠰᠦᠲᠡᠨ ᠤ ᠲᠥᠪᠯᠡᠷᠡᠨ ᠰᠠᠭᠤᠷᠢᠰᠢᠨᠨᠰᠠᠨ | ᠭᠠᠵᠠᠷ ᠣᠷᠣᠨ ᠢ ︽ᠨᠢᠭᠡ ᠪᠦᠰᠡ ᠨᠢᠭᠡ ᠵᠠᠮ︾ ᠤᠨ ᠪᠦᠲᠦᠭᠡᠨ ᠪᠠᠶᠢᠭᠤᠯᠤᠯᠲᠠ ᠳᠤ ᠭᠦᠨᠵᠡᠬᠡᠢ | ᠠᠭᠤᠰᠤᠯᠴᠠᠭᠤᠯᠬᠤ ᠶᠢ ᠠᠬᠢᠭᠤᠯᠵᠦ᠂ ᠳᠤᠮᠳᠠᠳᠤ ᠮᠣᠩᠭᠤᠯ ᠣᠷᠣᠰ ᠤᠨ ᠠᠵᠤ ᠠᠬᠤᠶ ᠶᠢᠨ ᠬᠤᠩᠭᠢᠯ ᠤᠨ | ᠪᠥᠲᠥᠭᠡᠨ ᠪᠠᠶᠢᠭᠤᠯᠤᠯᠲᠠ ᠳᠤ ᠢᠳᠡᠪᠬᠢᠲᠡᠶ ᠤᠷᠤᠯᠴᠠᠭᠤᠯᠤᠨ᠂ ᠨᠡᠬᠡᠬᠡᠯᠳᠡᠳᠦ ᠬᠡᠯᠪᠡᠷᠢ ᠶᠢᠨ ᠠᠵᠤ ᠠᠬᠤᠢ ᠶᠢᠨ | ᠰᠢᠨ᠎ᠡ ᠪᠠᠶᠢᠭᠤᠯᠤᠯ ᠢ ᠴᠤᠨᠨᠴᠠᠯᠠᠵᠦ᠂ ᠨᠡᠭᠡᠭᠡᠯᠲᠡᠲᠦ ᠬᠡᠯᠪᠡᠷᠢ ᠶᠢᠨ ᠠᠵᠤ ᠠᠬᠤᠢ ᠶᠢᠨ ᠰᠢᠨ᠎ᠡ ᠣᠷᠣᠨ ᠵᠠᠶ ᠶᠢ | ᠦᠷᠬᠡᠳᠬᠡᠨ᠎ᠠ᠃ ᠳᠤᠮᠳᠠᠳᠤ ᠤᠷᠤᠰ ᠮᠣᠩᠭᠤᠯ ᠤᠨ ᠬᠠᠮᠲᠤᠷᠠᠯᠴᠠᠭᠠᠨ ᠤ ᠬᠤᠰᠢᠭᠤᠴᠢ ᠤᠷᠤᠨ᠂ ᠬᠢᠯᠢ | ᠠᠯᠤᠰᠯᠠᠭᠰᠠᠨ ᠠᠵᠤ ᠠᠬᠤᠶ ᠶᠢᠨ ᠬᠠᠮᠲᠤᠷᠠᠯᠴᠠᠭᠠᠨ ᠤ ᠤᠷᠤᠨ ᠵᠡᠷᠭᠡ ᠣᠷᠣᠨ ᠪᠦᠰᠡ ᠶᠢᠨ ᠠᠵᠤ ᠠᠬᠤᠶ ᠶᠢᠨ | ᠬᠠᠮᠳᠤᠷᠠᠯᠴᠠᠭᠠᠨ ᠤ ᠲᠠᠪᠴᠠᠩ ᠳᠤ ᠲᠦᠰᠢᠭᠯᠡᠵᠦ᠂ ᠴᠥᠭᠡᠨ ᠲᠣᠭᠠᠲᠤ ᠦᠨᠳᠦᠰᠦᠲᠡᠨ ᠤ ᠲᠥᠪᠯᠡᠷᠡᠨ | ᠰᠠᠭᠤᠷᠢᠰᠢᠨᠨᠰᠠᠨ ᠭᠠᠵᠠᠷ ᠣᠷᠣᠨ ᠢ ᠡᠷᠬᠢᠨ ᠲᠣᠭᠤᠷᠢᠨ ᠤ ᠤᠯᠤᠰ ᠪᠠ ᠭᠠᠵᠠᠷ ᠣᠷᠣᠨ ᠲᠠᠢ ᠠᠵᠤ ᠠᠬᠤᠶ | ᠮᠡᠷᠭᠡᠵᠢᠯ ᠤᠨ ᠲᠠᠯ᠎ᠠ ᠪᠠᠷ ᠬᠢ ᠰᠤᠯᠢᠯᠴᠠᠭ᠎ᠠ ᠬᠢᠬᠦ ᠪᠠ ᠬᠠᠮᠳᠤᠷᠠᠨ ᠠᠵᠢᠯᠯᠠᠬᠤ ᠶᠢ ᠠᠬᠢᠭᠤᠯᠤᠨ᠎ᠠ᠃ ᠴᠥᠭᠡᠨ | ᠲᠣᠭᠠᠲᠤ ᠦᠨᠳᠦᠰᠦᠲᠡᠨ ᠤ ᠲᠥᠪᠯᠡᠷᠡᠨ ᠰᠠᠭᠤᠷᠢᠰᠢᠨᠨᠰᠠᠨ ᠭᠠᠵᠠᠷ ᠣᠷᠣᠨ ᠤ ᠬᠢᠨ ᠤ ᠭᠠᠳᠠᠭᠠᠳᠤ ᠠᠷᠠᠯᠵᠢᠶ᠎ᠠ ᠶᠢᠨ | ᠪᠠᠶᠢᠭᠤᠯᠤᠯ ᠲᠣᠭᠲᠠᠴᠠ ᠳᠤ ᠰᠢᠨ᠎ᠡ ᠶᠢ ᠡᠭᠦᠳᠬᠦ ᠪᠠᠨ ᠲᠦᠷᠬᠡᠳᠬᠡᠬᠦ ᠶᠢ ᠠᠬᠢᠭᠤᠯᠵᠦ᠂ ᠬᠠᠷᠢᠯᠴᠠᠨ ᠬᠤᠯᠪᠣᠭᠠᠯᠠᠵᠤ | ᠬᠠᠷᠢᠯᠴᠠᠨ ᠨᠡᠪᠲᠡᠷᠡᠯᠴᠡᠬᠦ ᠰᠠᠭᠤᠷᠢ ᠪᠡᠯᠡᠳᠬᠡᠮᠵᠢ ᠶᠢᠨ ᠪᠦᠳᠦᠬᠡᠨ ᠪᠠᠶᠢᠭᠤᠯᠤᠯᠳᠠ ᠶᠢ ᠲᠦᠷᠬᠡᠳᠬᠡᠨ᠎ᠠ᠃ ᠬᠢᠯᠢ ᠳᠠᠭᠠᠤ | ᠭᠠᠵᠠᠷ ᠣᠷᠣᠨ ᠬᠢᠬᠡᠳ ᠣᠷᠣᠰ᠂ ᠮᠣᠩᠭᠤᠯ ᠤᠯᠤᠰ ᠲᠠᠢ ᠬᠠᠮᠳᠤᠷᠠᠨ ᠠᠵᠢᠯᠯᠠᠬᠤ ᠶᠢ ᠲᠡᠮᠵᠢᠵᠦ᠂ ᠲᠣᠷᠭᠠᠨ | ᠵᠠᠮ ᠤᠨ ᠣᠨᠴᠠᠯᠢᠭ ᠲᠠᠢ ᠤᠯᠠᠨ ᠤᠯᠤᠰ ᠤᠨ ᠰᠣᠳᠣᠨ ᠵᠢᠭᠤᠯᠴᠢᠯᠠᠯ ᠤᠨ ᠵᠠᠮ ᠱᠤᠭᠤᠮ ᠪᠠ ᠵᠢᠭᠤᠯᠴᠢᠯᠠᠯ ᠤᠨ | ᠦᠢᠯᠡᠳᠬᠦᠨ ᠢ ᠬᠠᠮᠳᠤᠷᠠᠨ ᠵᠢᠷᠤᠨᠨᠯᠠᠬᠤ ᠪᠠ ᠦᠢᠯᠡᠳᠦᠨ᠎ᠠ᠃ ︵ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠵᠢᠭᠤᠯᠴᠢᠯᠠᠯ ᠤᠨ | ᠬᠥᠭᠵᠢᠭᠦᠯᠦᠯᠲᠡ ᠶᠢᠨ ᠵᠥᠪᠯᠡᠯ ᠬᠠᠷᠢᠭᠤᠴᠠᠨ᠎ᠠ︶ | 2. ᠳᠣᠲᠣᠭᠠᠳᠤ ᠬᠠᠭᠤᠷᠠᠶ ᠳᠠᠬᠢ ᠬᠤᠰᠢᠭᠤ ᠬᠤᠲᠠ ᠶᠢᠨ ᠭᠠᠳᠠᠭᠰᠢ ᠨᠡᠭᠡᠭᠡᠯᠲᠡ ᠬᠢᠬᠦ ᠶᠢ ᠪᠦᠬᠦ ᠲᠠᠯ᠎ᠠ ᠪᠠᠷ | ᠠᠬᠢᠭᠤᠯᠤᠨ᠎ᠠ᠃ ᠴᠥᠭᠡᠨ ᠲᠣᠭᠠᠲᠤ ᠦᠨᠳᠦᠰᠦᠲᠡᠨ ᠤ ᠲᠥᠪᠯᠡᠷᠡᠨ ᠰᠠᠭᠤᠷᠢᠰᠢᠨᠨᠰᠠᠨ ᠭᠠᠵᠠᠷ ᠣᠷᠣᠨ ᠤ ᠭᠤᠤᠯ | ᠲᠦᠪ ᠪᠤᠯᠬᠤ ᠬᠤᠳᠠ ᠳᠤ ᠲᠦᠰᠢᠭᠯᠡᠵᠦ᠂ ᠭᠠᠳᠠᠭᠠᠳᠤ ᠠᠵᠤ ᠠᠬᠤᠶ ᠠᠷᠠᠯᠵᠢᠶᠠᠨ ᠤ ᠬᠠᠮᠲᠤᠷᠠᠯᠴᠠᠭ᠎ᠠ ᠪᠠᠨ | ᠴᠢᠩᠭᠠᠳᠬᠠᠵᠤ᠂ ᠤᠯᠠᠨ ᠤᠯᠤᠰ ᠤᠨ ᠡᠳ᠋ᠰᠢᠭᠦᠯᠵᠦ ᠪᠣᠯᠪᠠᠰᠤᠷᠠᠭᠤᠯᠬᠤ ᠨᠢᠭᠡ ᠪᠦᠯᠦᠭ ᠠᠷᠠᠯᠵᠢᠶᠠᠨ ᠤ ᠰᠠᠭᠤᠷᠢᠨ | ᠭᠠᠵᠠᠷ᠂ ᠦᠢᠯᠡᠴᠢᠯᠡᠭᠡ ᠶᠢ ᠭᠠᠳ᠋ᠬᠠᠰᠢ ᠲᠠᠭᠠᠭᠠᠴᠢᠯᠠᠭᠤᠯᠬᠤ ᠰᠠᠭᠤᠷᠢᠨ ᠭᠠᠵᠠᠷ ᠪᠣᠯᠤᠨ ᠭᠠᠶᠢᠯᠢ ᠪᠠᠲᠤᠯᠠᠬᠤ | ᠪᠠᠷᠠᠭᠠᠨ ᠤ ᠭᠦᠢᠯᠬᠡᠬᠡ ᠶᠢᠨ ᠰᠠᠭᠤᠷᠢᠨ ᠭᠠᠵᠠᠷ ᠢ ᠪᠤᠶᠢᠵᠢᠭᠤᠯᠤᠨ ᠪᠦᠷᠢᠯᠳᠦᠬᠦᠯᠦᠨ᠎ᠠ᠃ ᠪᠣᠭᠤᠮᠲᠠ ᠶᠢᠨ ᠤᠨᠴᠠᠭᠠᠢ | ᠬᠢᠨᠠᠨ ᠬᠠᠮᠢᠶᠠᠷᠬᠤ ᠣᠷᠣᠨ ᠪᠦᠰᠡ ᠶᠢ ᠡᠮᠬᠢᠯᠡᠨ ᠨᠡᠶᠢᠯᠡᠬᠦᠯᠵᠦ ᠰᠢᠯᠢᠳᠡᠭᠵᠢᠬᠦᠯᠬᠦ ᠪᠠᠨ ᠲᠦᠷᠬᠡᠳᠬᠡᠵᠦ᠂ | ᠨᠥᠬᠦᠴᠡᠯ ᠳᠤ ᠨᠡᠶᠢᠴᠡᠭᠰᠡᠨ ᠴᠥᠭᠡᠨ ᠲᠣᠭᠠᠲᠤ ᠦᠨᠳᠦᠰᠦᠲᠡᠨ ᠤ ᠲᠥᠪᠯᠡᠷᠡᠨ ᠰᠠᠭᠤᠷᠢᠰᠢᠨᠨᠰᠠᠨ ᠭᠠᠵᠠᠷ ᠣᠷᠣᠨ ᠳᠤ | ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠲᠣᠭᠤᠷᠢᠭ ᠪᠣᠯᠤᠨ ᠭᠠᠶᠢᠯᠢ ᠪᠠᠳᠤᠯᠠᠵᠦ ᠬᠢᠨᠠᠨ ᠬᠠᠮᠢᠶᠠᠷᠬᠤ ᠲᠠᠯᠠᠪᠤᠷ ᠭᠠᠵᠠᠷ | ᠰᠢᠨ᠎ᠠ ᠪᠠᠷ ᠲᠤᠬᠢᠷᠠᠭᠤᠯᠬᠤ ᠶᠢ ᠲᠡᠮᠵᠢᠨ᠎ᠠ᠃ ︵ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ | ᠲᠢᠩᠬᠢᠮ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠬᠥᠬᠡᠬᠤᠲᠠ ᠪᠣᠭᠤᠮᠲᠠ ᠬᠠᠷᠢᠭᠤᠴᠠᠨ᠎ᠠ︶ | ︵ᠵᠢᠷᠭᠤᠭ᠎ᠠ︶ ᠬᠥᠮᠦᠨ ᠤ ᠬᠦᠴᠦᠨ ᠤ ᠡᠬᠢ ᠪᠠᠶᠠᠯᠢᠭ ᠢ ᠨᠡᠬᠡᠬᠡᠨ ᠭᠦᠭᠵᠢᠬᠦᠯᠬᠦ ᠶᠢ ᠴᠢᠩᠭᠠᠳᠬᠠᠨ᠎ᠠ | 1. ᠦᠨᠳᠦᠰᠦᠲᠡᠨ ᠤ ᠺᠠᠳ᠋ᠷ ᠢ ᠬᠥᠮᠦᠵᠢᠭᠦᠯᠦᠨ ᠪᠣᠯᠪᠠᠰᠤᠷᠠᠭᠤᠯᠬᠤ ᠡᠷᠴᠢᠮ ᠢ ᠴᠢᠩᠭᠠᠷᠠᠭᠤᠯᠤᠨ᠎ᠠ᠃ ᠬᠤᠣᠰ | ᠬᠡᠯᠡᠨ ᠤ ᠤᠳᠤᠷᠢᠳᠬᠤ ᠺᠠᠳ᠋ᠷ ᠢ ᠭᠦᠮᠦᠵᠢᠬᠦᠯᠵᠦ ᠬᠡᠷᠡᠭᠯᠡᠬᠦ ᠶᠢ ᠴᠢᠬᠤᠯᠠᠴᠢᠯᠠᠵᠦ᠂ ᠴᠥᠭᠡᠨ ᠲᠣᠭᠠᠲᠤ | ᠦᠨᠳᠦᠰᠦᠲᠡᠨ ᠤ ᠲᠥᠪᠯᠡᠷᠡᠨ ᠰᠠᠭᠤᠷᠢᠰᠢᠨᠨᠰᠠᠨ ᠭᠠᠵᠠᠷ ᠣᠷᠣᠨ ᠳᠤ ᠴᠥᠭᠡᠨ ᠲᠣᠭᠠᠲᠤ ᠦᠨᠳᠦᠰᠦᠲᠡᠨ ᠤ ᠬᠥᠮᠦᠨ | ᠠᠮᠠ ᠶᠢᠨ ᠬᠠᠷᠢᠴᠠᠯ ᠲᠠᠢ ᠬᠠᠷᠢᠯᠴᠠᠨ ᠲᠤᠬᠢᠷᠠᠯᠴᠠᠬᠤ ᠮᠣᠩᠭᠤᠯ ᠬᠢᠲᠠᠳ ᠬᠤᠶᠠᠷ ᠬᠡᠯᠡᠨ ᠳᠤ ᠨᠡᠪᠲᠡᠷᠡᠭᠰᠡᠨ ᠺᠠᠳ᠋ᠷ ᠢ | ᠰᠤᠩᠭᠤᠨ ᠰᠢᠯᠭᠠᠷᠠᠭᠤᠯᠵᠦ ᠲᠡᠪᠰᠢᠬᠦᠯᠦᠨ ᠲᠤᠮᠢᠯᠠᠨ᠎ᠠ᠃ ᠴᠥᠭᠡᠨ ᠲᠣᠭᠠᠲᠤ ᠦᠨᠳᠦᠰᠦᠲᠡᠨ ᠤ ᠺᠠᠳ᠋ᠷ ᠢ | ᠪᠣᠯᠪᠠᠰᠤᠷᠠᠭᠤᠯᠬᠤ ᠪᠠ ᠲᠤᠰᠢᠶᠠᠯ ᠡᠭᠦᠷᠬᠡᠯᠡᠬᠦᠯᠵᠦ ᠪᠤᠯᠪᠠᠰᠤᠷᠠᠭᠤᠯᠬᠤ ᠶᠢ ᠴᠢᠩᠭᠠᠳᠬᠠᠨ᠎ᠠ᠃ ︵ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ᠂ ᠨᠠᠮ ᠤᠨ ᠬᠤᠷᠢᠶ᠎ᠠ ᠶᠢᠨ ᠨᠢᠭᠡᠳᠦᠮᠡᠯ | ᠹᠷᠣᠨᠲ ᠤᠨ ᠬᠡᠯᠲᠡᠰ᠂ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ | ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠬᠠᠷᠢᠭᠤᠴᠠᠨ᠎ᠠ︶ | 2. ᠡᠯ᠎ᠡ ᠲᠦᠷᠦᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠲᠤᠰᠬᠠᠶ | ᠮᠡᠷᠭᠡᠵᠢᠯ ᠤᠨ ᠴᠢᠳᠠᠪᠤᠷᠢᠲᠠᠨ᠂ ᠤᠷ᠎ᠠ ᠮᠡᠷᠬᠡᠰᠢᠯᠳᠦ ᠴᠢᠳᠠᠪᠤᠷᠢᠲᠠᠨ ᠪᠣᠯᠤᠨ ᠮᠠᠯᠵᠢᠬᠤ ᠲᠠᠷᠢᠶᠠᠯᠠᠬᠤ ᠣᠷᠣᠨ ᠳᠠᠬᠢ | ᠬᠡᠷᠡᠭᠯᠡᠬᠡᠨ ᠤ ᠴᠢᠳᠠᠪᠤᠷᠢᠲᠠᠨ ᠢ ᠶᠡᠭᠡ ᠪᠠᠷ ᠭᠦᠮᠦᠵᠢᠬᠦᠯᠦᠨᠠ᠃ ᠲᠤᠰᠬᠠᠶ ᠮᠡᠷᠭᠡᠵᠢᠯ ᠤᠨ ᠴᠢᠳᠠᠪᠤᠷᠢᠲᠠᠨ ᠤ | ᠦᠷᠭᠦᠯᠵᠢᠯᠡᠭᠰᠡᠨ ᠰᠤᠷᠭᠠᠨ ᠭᠦᠮᠦᠵᠢᠯ ᠪᠠ ᠤᠷ᠎ᠠ ᠮᠡᠷᠬᠡᠰᠢᠯᠳᠦ ᠴᠢᠳᠠᠪᠤᠷᠢᠲᠠᠨ ᠢ ᠪᠤᠯᠪᠠᠰᠤᠷᠠᠭᠤᠯᠬᠤ ᠡᠷᠴᠢᠮ ᠢᠶᠠᠨ | ᠴᠢᠩᠭᠠᠷᠠᠭᠤᠯᠵᠤ᠂ ᠰᠢᠨ᠎ᠡ ᠶᠢ ᠡᠭᠦᠳᠬᠦ ᠴᠢᠳᠠᠪᠤᠷᠢ ᠶᠢ ᠨᠢ ᠲᠡᠬᠡᠭᠰᠢᠯᠡᠬᠦᠯᠦᠨ᠎ᠠ᠃ ᠮᠠᠯᠵᠢᠬᠤ ᠲᠠᠷᠢᠶᠠᠯᠠᠬᠤ ᠣᠷᠣᠨ ᠤ | ᠰᠤᠷᠭᠠᠭᠤᠯᠢ ᠲᠡᠪᠰᠢᠭᠰᠡᠨ ᠦᠭᠡᠢ ᠠᠩᠬ᠎ᠠ ᠵᠡᠷᠬᠡ ᠶᠢᠨ ᠪᠠ ᠥᠨᠳᠥᠷ ᠵᠡᠷᠬᠡ ᠶᠢᠨ ᠳᠤᠮᠳᠠᠳᠤ ᠰᠤᠷᠭᠠᠭᠤᠯᠢ | ᠲᠡᠭᠦᠰᠦᠭᠰᠡᠳ ᠢ ᠭᠦᠳᠦᠯᠦᠨ ᠵᠢᠯᠤᠭᠤᠳᠬᠤ ᠪᠠ ᠵᠤᠷᠢᠨᠨᠵᠢᠭᠤᠯᠵᠦ ᠪᠠᠶᠢᠭᠠᠳ ᠠᠵᠢᠯ ᠮᠡᠷᠭᠡᠵᠢᠯ ᠤᠨ | ᠪᠤᠯᠪᠠᠰᠤᠷᠠᠭᠤᠯᠤᠯ ᠭᠦᠷᠳᠡᠬᠡᠯᠬᠡᠨ᠂ ᠮᠠᠯᠵᠢᠬᠤ ᠲᠠᠷᠢᠶᠠᠯᠠᠬᠤ ᠣᠷᠣᠨ ᠤ ᠦᠢᠯᠡᠳᠪᠦᠷᠢᠯᠡᠵᠦ ᠡᠵᠡᠩᠨᠡᠬᠦ ᠬᠡᠯᠪᠡᠷᠢ ᠶᠢᠨ | ᠴᠢᠳᠠᠪᠤᠷᠢᠲᠠᠨ ᠢ ᠭᠦᠴᠦᠯᠡᠨ ᠬᠥᠮᠦᠵᠢᠭᠦᠯᠵᠦ᠂ ᠰᠢᠨ᠎ᠡ ᠬᠡᠯᠪᠡᠷᠢ ᠶᠢᠨ ᠠᠵᠢᠯ ᠮᠡᠷᠭᠡᠵᠢᠯ ᠤᠨ ᠮᠠᠯᠴᠢᠨ ᠲᠠᠷᠢᠶᠠᠴᠢᠨ ᠪᠠ | ᠬᠡᠷᠡᠭᠯᠡᠬᠡᠨ ᠤ ᠮᠡᠷᠭᠡᠵᠢᠯ ᠤᠨ ᠳᠠᠭᠠᠭᠤᠯᠤᠬᠴᠢ ᠶᠢ ᠪᠤᠶᠢᠵᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠬᠥᠮᠦᠨ ᠤ | ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠰᠤᠷᠭᠠᠨ ᠬᠥᠮᠦᠵᠢᠯ ᠤᠨ ᠲᠢᠩᠬᠢᠮ᠂ | ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠬᠠᠷᠢᠭᠤᠴᠠᠨ᠎ᠠ︶ | ︵ᠲᠤᠯᠤᠭ᠎ᠠ︶ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠶᠢ ᠭᠦᠨᠵᠡᠬᠡᠢ | ᠦᠷᠨᠢᠬᠦᠯᠦᠨ᠎ᠠ | 1. ᠰᠢᠨ᠎ᠡ ᠴᠠᠭ ᠦᠶ᠎ᠡ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠶᠢ | ᠭᠦᠨᠵᠡᠬᠡᠶᠢᠷᠡᠬᠦᠯᠦᠨ᠎ᠠ᠃ ᠦᠨᠳᠦᠰᠦᠲᠡᠨ ᠨᠦᠭᠦᠳ ᠬᠠᠮᠲᠤ ᠰᠠᠭᠤᠷᠢᠰᠢᠵᠦ ᠬᠠᠮᠲᠤ ᠰᠤᠷᠤᠯᠴᠠᠵᠤ ᠬᠠᠮᠳᠤ ᠠᠵᠢᠯᠯᠠᠵᠦ | ᠬᠠᠮᠳᠤ ᠪᠠᠶᠠᠰᠬᠤ ᠡᠶ᠎ᠡ ᠵᠣᠬᠢᠴᠠᠩᠭᠤᠢ ᠣᠷᠴᠢᠨ ᠨᠦᠭᠦᠴᠡᠯ ᠢ ᠪᠤᠢ ᠪᠤᠯᠭᠠᠵᠦ᠂ ᠦᠨᠳᠦᠰᠦᠲᠡᠨ ᠨᠦᠭᠦᠳ ᠤᠨ | ᠬᠠᠷᠢᠯᠴᠠᠨ ᠤᠶᠢᠯᠠᠭᠠᠯᠴᠠᠬᠤ᠂ ᠬᠠᠷᠢᠯᠴᠠᠨ ᠬᠦᠨᠳᠦᠳᠬᠡᠬᠦ᠂ ᠬᠠᠷᠢᠯᠴᠠᠨ ᠪᠠᠭᠳᠠᠭᠠᠬᠤ᠂ ᠬᠠᠷᠢᠯᠴᠠᠨ ᠪᠠᠭ᠋ᠠᠷᠬᠠᠬᠤ᠂ | ᠬᠠᠷᠢᠯᠴᠠᠨ ᠰᠤᠷᠤᠯᠴᠠᠬᠤ᠂ ᠬᠠᠷᠢᠯᠴᠠᠨ ᠬᠠᠪᠰᠤᠷᠤᠯᠴᠠᠬᠤ ᠶᠢ ᠠᠬᠢᠭᠤᠯᠤᠨ᠎ᠠ᠃ ᠦᠨᠳᠦᠰᠦᠲᠡᠨ ᠤ ᠬᠦᠴᠦᠨ | ᠵᠦᠢᠯ ᠳᠤ ᠬᠤᠯᠪᠣᠭᠳᠠᠭᠰᠠᠨ ᠠᠰᠠᠭᠤᠳᠠᠯ ᠢ ᠬᠠᠤᠯᠢ ᠶᠣᠰᠣᠭᠠᠷ ᠲᠤᠬᠢᠷᠠᠮᠵᠢᠳᠠᠢ ᠰᠢᠢᠳᠪᠦᠷᠢᠯᠡᠵᠦ᠂ ᠬᠠᠤᠯᠢ ᠴᠠᠭᠠᠵᠠ᠂ | ᠰᠤᠷᠭᠠᠨ ᠭᠦᠮᠦᠵᠢᠯ᠂ ᠵᠦᠪᠳᠡᠯᠴᠡᠬᠦ᠂ ᠡᠶᠡᠳᠡᠭᠦᠯᠬᠦ ᠵᠡᠷᠭᠡ ᠠᠷᠭ᠎ᠠ ᠬᠡᠯᠪᠡᠷᠢ ᠶᠢ ᠶᠡᠷᠦᠩᠬᠡᠶᠢᠯᠡᠨ ᠬᠡᠷᠡᠭᠯᠡᠵᠦ ᠵᠥᠷᠢᠴᠡᠯ | ᠵᠢᠭᠤᠷᠠᠯᠳᠤᠭᠠᠨ ᠢ ᠠᠷᠢᠯᠭᠠᠨ᠎ᠠ᠃ ᠡᠭᠦᠳᠦᠨ ᠪᠠᠶᠢᠭᠤᠯᠬᠤ ᠠᠵᠢᠯ ᠢ ᠪᠠᠶᠢᠭᠤᠯᠭ᠎ᠠ᠂ ᠠᠵᠤ ᠠᠬᠤᠶᠢᠯᠠᠯ᠂ ᠰᠢᠶᠠᠩ | ᠪᠠᠯᠭᠠᠰᠤ᠂ ᠨᠡᠶᠢᠭᠡᠮ ᠲᠣᠭᠤᠷᠢᠭ᠂ ᠰᠤᠷᠭᠠᠭᠤᠯᠢ᠂ ᠰᠦᠮ᠎ᠡ ᠬᠡᠶᠢᠳ ᠲᠤ ᠤᠷᠤᠭᠤᠯᠬᠤ ᠶᠢ ᠠᠬᠢᠭᠤᠯᠵᠦ᠂ ᠪᠦᠬᠦ | ᠤᠯᠤᠰ ᠪᠦᠬᠦ ᠣᠷᠣᠨ ᠳᠤ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠨᠢᠬᠡ ᠪᠦᠯᠦᠭ ᠵᠢᠱᠢᠶ᠎ᠡ ᠦᠵᠡᠭᠦᠯᠬᠦ | ᠲᠤᠭᠤᠷᠢᠭ ︵ᠨᠢᠬᠡᠴᠢ︶ ᠢ ᠭᠤᠤᠯᠳᠠᠯᠭ᠎ᠠ ᠲᠠᠢ ᠡᠭᠦᠳᠦᠨ ᠪᠠᠶᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ | ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ᠂ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠨᠠᠮ ᠤᠨ | ᠬᠤᠷᠢᠶ᠎ᠠ ᠶᠢᠨ ᠨᠢᠭᠡᠳᠦᠮᠡᠯ ᠹᠷᠣᠨᠲ ᠤᠨ ᠬᠡᠯᠲᠡᠰ᠂ ᠰᠤᠷᠭᠠᠨ ᠬᠥᠮᠦᠵᠢᠯ ᠤᠨ ᠲᠢᠩᠬᠢᠮ᠂ ᠠᠷᠠᠳ ᠤᠨ ᠶᠠᠪᠤᠳᠠᠯ ᠤᠨ | ᠲᠢᠩᠬᠢᠮ᠂ ᠤᠯᠤᠰ ᠤᠨ ᠦᠮᠴᠢᠯᠡᠯᠳᠦ ᠡᠳ᠋ ᠭᠦᠷᠦᠩᠬᠡ ᠶᠢᠨ ᠬᠢᠨᠠᠯᠳᠠ ᠬᠠᠮᠢᠶᠠᠷᠤᠯᠳᠠ ᠶᠢᠨ ᠵᠦᠪᠯᠡᠯ᠂ ᠱᠠᠰᠢᠨ | ᠰᠤᠷᠲᠠᠬᠤᠨ ᠤ ᠬᠡᠷᠡᠭ ᠡᠷᠬᠢᠯᠡᠬᠦ ᠲᠣᠪᠴᠢᠶ᠎ᠠ ᠬᠠᠷᠢᠭᠤᠴᠠᠨ᠎ᠠ︶ | 2. ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠤᠬᠠᠭᠤᠯᠵᠦ ᠭᠦᠮᠦᠵᠢᠬᠦᠯᠬᠦ ᠪᠠᠨ ᠴᠢᠩᠭᠠᠳᠬᠠᠨ᠎ᠠ᠃ ᠡᠭᠡ | ᠣᠷᠣᠨᠴᠢ ᠦᠵᠡᠯ ᠪᠠ ᠦᠨᠳᠦᠰᠦᠲᠡᠨ ᠤ ᠪᠦᠯᠬᠦᠮᠳᠡᠯ ᠤᠨ ᠲᠤᠬᠠᠶ ᠤᠬᠠᠭᠤᠯᠭ᠎ᠠ ᠬᠥᠮᠦᠵᠢᠯ ᠢ ᠶᠡᠭᠡ ᠪᠠᠷ | ᠦᠷᠨᠢᠬᠦᠯᠵᠦ᠂ ᠦᠨᠳᠦᠰᠦᠲᠡᠨ ᠤ ᠬᠦᠷᠢᠶᠡᠨ ᠳᠠᠬᠢ ᠦᠵᠡᠯ ᠤᠬᠠᠮᠰᠠᠷ ᠤᠨ ᠬᠡᠯᠪᠡᠷᠢ ᠶᠢᠨ ᠠᠮᠤᠷ ᠲᠦᠪᠰᠢᠨ ᠤ | ᠪᠠᠶᠢᠭᠤᠯᠤᠯᠳᠠ ᠶᠢ ᠴᠢᠩᠭᠠᠳᠬᠠᠨ᠎ᠠ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠤᠬᠠᠭᠤᠯᠬᠤ ᠤᠨᠤᠯᠵᠢᠬᠤᠨ | ᠪᠠ ᠠᠷᠭ᠎ᠠ ᠪᠠᠷᠢᠯ ᠳᠤ ᠰᠢᠨ᠎ᠠ ᠶᠢ ᠡᠭᠦᠳᠴᠤ᠂ ᠵᠠᠭᠤᠴᠢᠯᠠᠭᠤᠷ ᠪᠠ ᠨᠡᠶᠢᠭᠡᠮ ᠢᠶᠠᠷ ᠤᠯᠠᠮᠵᠢᠯᠠᠨ ᠲᠠᠮᠵᠢᠭᠤᠯᠬᠤ ᠶᠢ | ᠦᠷᠬᠡᠵᠢᠬᠦᠯᠦᠨᠠ᠃ ᠰᠦᠯᠵᠢᠶᠡᠨ ᠤ ᠤᠯᠠᠮᠵᠢᠯᠠᠨ ᠲᠠᠮᠵᠢᠭᠤᠯᠬᠤ ᠲᠠᠪᠴᠠᠩ ᠢ ᠦᠷᠬᠡᠳᠬᠡᠵᠦ᠂ ︽ᠢᠨᠲ᠋ᠧᠷ | ᠰᠦᠯᠵᠢᠶ᠎ᠡ + ᠦᠨᠳᠦᠰᠦᠲᠡᠨ ᠤ ᠪᠦᠯᠬᠦᠮᠳᠡᠯ︾ ᠤᠨ ᠠᠵᠢᠯᠯᠠᠭ᠎ᠠ ᠶᠢ ᠬᠡᠷᠡᠭᠵᠢᠬᠦᠯᠦᠨ᠂ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢᠨ ᠬᠥᠮᠦᠵᠢᠯ ᠤᠨ ᠵᠢᠭᠰᠠᠭᠠᠯ ᠤᠨ ᠭᠠᠵᠠᠷ ᠤᠨ ᠪᠠᠶᠢᠭᠤᠯᠤᠯᠲᠠ ᠶᠢ ᠴᠢᠩᠭᠠᠳᠬᠠᠵᠦ᠂ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠬᠥᠮᠦᠵᠢᠯ ᠤᠨ ᠬᠠᠮᠤᠷᠬᠤ ᠬᠡᠪᠴᠢᠶ᠎ᠡ ᠶᠢ | ᠦᠷᠬᠡᠳᠬᠡᠨ᠎ᠠ᠃ ︵ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ᠂ ᠨᠠᠮ ᠤᠨ | ᠬᠤᠷᠢᠶ᠎ᠠ ᠶᠢᠨ ᠤᠬᠠᠭᠤᠯᠬᠤ ᠬᠡᠯᠲᠡᠰ᠂ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠬᠡᠯᠲᠡᠰ᠂ ᠰᠤᠷᠭᠠᠨ | ᠬᠥᠮᠦᠵᠢᠯ ᠤᠨ ᠲᠢᠩᠬᠢᠮ᠂ ᠰᠣᠨᠢᠨ ᠮᠡᠳᠡᠭᠡ ᠬᠡᠪᠯᠡᠯ ᠷᠠᠳᠢᠣ᠋ ᠺᠢᠨᠤ᠋ ᠲᠧᠯᠸᠢᠰ ᠤᠨ ᠲᠣᠪᠴᠢᠶ᠎ᠠ᠂ ᠬᠥᠮᠦᠨ ᠤ ᠬᠦᠴᠦᠨ ᠤ | ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠬᠠᠷᠢᠭᠤᠴᠠᠨ᠎ᠠ︶ | 3. ᠬᠤᠲᠠ ᠶᠢᠨ ᠦᠨᠳᠦᠰᠦᠲᠡᠨ ᠤ ᠠᠵᠢᠯ ᠪᠠ ᠦᠨᠳᠦᠰᠦᠲᠡᠨ ᠤ ᠰᠢᠶᠠᠩ ᠤᠨ ᠠᠵᠢᠯ ᠢ ᠴᠢᠬᠤᠯᠠᠴᠢᠯᠠᠨ᠎ᠠ᠃ | ᠰᠢᠶᠠᠩ ᠪᠠᠯᠭᠠᠰᠤ ︵ᠵᠡᠭᠡᠯᠢ ᠭᠤᠳᠤᠮᠵᠢ︶᠂ ᠨᠡᠶᠢᠭᠡᠮ ᠲᠣᠭᠤᠷᠢᠭ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ | ᠨᠡᠶᠢᠭᠡᠮ ᠤᠨ ᠵᠣᠬᠢᠶᠠᠨ ᠪᠠᠶᠢᠭᠤᠯᠤᠯᠲᠠ ᠪᠠᠷ ᠲᠦᠰᠢᠭ ᠪᠣᠯᠭᠠᠭᠰᠠᠨ ᠲᠣᠤᠷᠵᠢᠭᠤᠯᠤᠭᠰᠠᠨ ᠬᠠᠮᠢᠶᠠᠷᠤᠯᠲᠠ ᠶᠢᠨ | ᠵᠠᠭᠪᠤᠷ ᠢ ᠪᠠᠶᠢᠭᠤᠯᠵᠦ᠂ ᠦᠨᠳᠦᠰᠦᠲᠡᠨ ᠤ ᠠᠵᠢᠯ ᠤᠨ ᠨᠡᠶᠢᠬᠡᠮᠴᠢᠯᠡᠬᠦ ᠶᠢ ᠠᠬᠢᠭᠤᠯᠤᠨ᠎ᠠ᠃ ᠦᠨᠳᠦᠰᠦᠲᠡᠨ ᠨᠦᠭᠦᠳ | ᠬᠤᠤᠰᠯᠠᠨ ᠬᠤᠯᠪᠤᠭᠠᠯᠠᠵᠦ ᠬᠠᠪᠰᠤᠷᠠᠨ ᠲᠡᠳᠬᠦᠬᠦ᠂ ᠪᠠᠶᠠᠷ ᠳᠤᠷᠠᠰᠬᠠᠯ ᠢ ᠬᠠᠮᠳᠤ ᠪᠠᠷ ᠪᠡᠯᠬᠡᠯᠡᠬᠦ ᠵᠡᠷᠭᠡ | ᠤᠶᠢᠯᠠᠭᠠᠯᠴᠠᠨ ᠨᠦᠭᠦᠷᠯᠡᠬᠦ ᠠᠵᠢᠯᠯᠠᠭ᠎ᠠ ᠶᠢ ᠵᠤᠷᠢᠨᠨᠵᠢᠭᠤᠯᠤᠨ ᠦᠷᠨᠢᠬᠦᠯᠵᠦ᠂ ᠦᠨᠳᠦᠰᠦᠲᠡᠨ ᠨᠦᠭᠦᠳ ᠤᠨ | ᠤᠶᠢᠯᠠᠭᠠᠯᠴᠠᠨ ᠨᠦᠭᠦᠷᠯᠡᠵᠦ ᠬᠠᠷᠢᠯᠴᠠᠨ ᠠᠭᠤᠰᠤᠯᠴᠠᠬᠤ ᠶᠢ ᠴᠢᠩᠭᠠᠳᠬᠠᠨ᠎ᠠ᠃ ᠴᠥᠭᠡᠨ ᠲᠣᠭᠠᠲᠤ | ᠦᠨᠳᠦᠰᠦᠲᠡᠨ ᠤ ᠨᠡᠭᠦᠳᠡᠯ ᠬᠥᠮᠦᠨ ᠠᠮᠠ ᠳᠤ ᠦᠢᠯᠡᠴᠢᠯᠡᠵᠦ ᠬᠠᠮᠢᠶᠠᠷᠬᠤ ᠠᠵᠢᠯ ᠢ ᠴᠢᠩᠭᠠᠳᠬᠠᠨ | ᠰᠠᠶᠢᠵᠢᠷᠠᠭᠤᠯᠤᠨ᠎ᠠ᠃ ᠦᠨᠳᠦᠰᠦᠲᠡᠨ ᠤ ᠰᠢᠶᠠᠩ ᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠦᠨᠳᠦᠰᠦᠲᠡᠨ ᠤ | ᠰᠢᠶᠠᠩ ᠳᠤ ᠴᠢᠭᠯᠡᠬᠦᠯᠦᠭᠰᠡᠨ ᠵᠥᠷᠢᠶᠡᠴᠢᠯᠡᠭᠰᠡᠨ ᠲᠥᠷᠥ ᠶᠢᠨ ᠪᠤᠳᠤᠯᠭ᠎ᠠ ᠶᠢ ᠴᠢᠩᠳᠠ ᠨᠠᠶᠢᠳᠠᠪᠤᠷᠢᠵᠢᠭᠤᠯᠤᠨ᠎ᠠ᠃ ︵ | ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠬᠡᠷᠡᠭᠯᠡᠬᠦ ᠵᠥᠪᠯᠡᠯ᠂ ᠡᠳ᠋ ᠤᠨ ᠵᠠᠰᠠᠭ ᠤᠨ ᠲᠢᠩᠬᠢᠮ᠂ | ᠠᠷᠠᠳ ᠤᠨ ᠶᠠᠪᠤᠳᠠᠯ ᠤᠨ ᠲᠢᠩᠬᠢᠮ᠂ ᠳᠣᠲᠣᠭᠠᠳᠤ ᠶᠢ ᠬᠠᠮᠠᠭᠠᠯᠠᠬᠤ ᠲᠢᠩᠬᠢᠮ ᠬᠠᠷᠢᠭᠤᠴᠠᠨ᠎ᠠ︶ | ᠭᠤᠷᠪᠠ᠂ ᠲᠥᠷᠥ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ | ︵ᠨᠢᠭᠡ︶ ᠡᠳ᠋ ᠤᠨ ᠵᠠᠰᠠᠭ ᠤᠨ ᠪᠡᠯᠡ ᠣᠷᠣᠭᠤᠯᠤᠯᠲᠠ ᠶᠢᠨ ᠲᠠᠯ᠎ᠠ ᠪᠠᠷ ᠬᠢ ᠲᠦᠷᠦ ᠶᠢᠨ ᠪᠤᠳᠤᠯᠭ᠎ᠠ᠃ | ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠴᠥᠭᠡᠨ ᠲᠣᠭᠠᠲᠤ ᠦᠨᠳᠦᠰᠦᠲᠡᠨ ᠤ ᠲᠥᠪᠯᠡᠷᠡᠨ | ᠰᠠᠭᠤᠷᠢᠰᠢᠨᠨᠰᠠᠨ ᠭᠠᠵᠠᠷ ᠣᠷᠣᠨ ᠳᠤ ᠡᠩ ᠤᠨ ᠴᠢᠨᠠᠷᠲᠠᠶ ᠰᠢᠯᠵᠢᠭᠦᠯᠦᠨ ᠥᠭᠬᠦ ᠡᠷᠴᠢᠮ ᠢ ᠴᠢᠩᠭᠠᠷᠠᠭᠤᠯᠵᠦ᠂ | ᠲᠣᠭᠲᠠᠭᠤᠨ ᠢᠶᠠᠷ ᠨᠡᠮᠡᠭᠳᠡᠭᠦᠯᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃ ᠬᠠᠮᠢᠶ᠎ᠠ ᠪᠦᠬᠦᠢ ᠲᠤᠰᠬᠠᠶ | ᠵᠦᠢᠯ ᠢᠶᠠᠷ ᠰᠢᠯᠵᠢᠭᠦᠯᠦᠨ ᠥᠭᠬᠦ ᠶᠢ ᠤᠯᠠᠮ ᠨᠢᠭᠡ ᠠᠯᠬᠤᠮ ᠴᠥᠭᠡᠨ ᠲᠣᠭᠠᠲᠤ ᠦᠨᠳᠦᠰᠦᠲᠡᠨ ᠤ ᠲᠥᠪᠯᠡᠷᠡᠨ | ᠰᠠᠭᠤᠷᠢᠰᠢᠨᠨᠰᠠᠨ ᠭᠠᠵᠠᠷ ᠣᠷᠣᠨ ᠲᠡᠶᠢᠰᠢ ᠬᠡᠯᠪᠠᠶᠢᠯᠭᠡᠨ᠎ᠡ᠃ ᠥᠪᠡᠷᠲᠡᠭᠡᠨ ᠵᠠᠰᠠᠬᠤ ᠣᠷᠣᠨ ᠤ ᠲᠥᠰᠦᠪ ᠤᠨ | ᠲᠤᠳᠤᠷᠠᠬᠢ ᠪᠡᠯᠡ ᠣᠷᠣᠭᠤᠯᠤᠯᠲᠠ ᠨᠢ ᠡᠩ ᠲᠡᠷᠢᠭᠦᠨ ᠳᠤ ᠴᠥᠭᠡᠨ ᠲᠣᠭᠠᠲᠤ ᠦᠨᠳᠦᠰᠦᠲᠡᠨ ᠤ ᠤᠯᠠᠨ ᠲᠦᠮᠡᠨ ᠤ | ᠦᠢᠯᠡᠳᠪᠦᠷᠢᠯᠡᠯ ᠠᠮᠢᠳᠤᠷᠠᠯ ᠲᠠᠢ ᠨᠢᠭᠲᠠ ᠬᠤᠯᠪᠣᠭᠳᠠᠬᠤ ᠬᠠᠮᠢᠶ᠎ᠠ ᠪᠦᠭᠦᠢ ᠰᠠᠭᠤᠷᠢ ᠪᠡᠯᠡᠳᠬᠡᠮᠵᠢ᠂ ᠤᠯᠠᠨ | ᠨᠡᠶᠢᠲᠡ ᠶᠢᠨ ᠦᠨᠳᠦᠰᠦᠨ ᠦᠢᠯᠡᠴᠢᠯᠡᠭᠡ᠂ ᠠᠮᠢ ᠠᠬᠤᠶ ᠶᠢᠨ ᠣᠷᠴᠢᠨ ᠲᠣᠭᠤᠷᠢᠨ ᠢ ᠬᠠᠮᠠᠭᠠᠯᠠᠬᠤ ᠢᠨᠵᠧᠨᠧᠷᠢᠩ | ᠵᠡᠷᠭᠡ ᠪᠦᠳᠦᠬᠡᠨ ᠪᠠᠶᠢᠭᠤᠯᠤᠯᠳᠠ ᠶᠢ ᠲᠡᠮᠵᠢᠨ᠎ᠠ᠃ ᠬᠢᠯᠢ ᠶᠢᠨ ᠠᠷᠠᠳ ᠲᠤ ᠨᠥᠬᠦᠪᠥᠷᠢ ᠥᠭᠬᠦ ᠲᠦᠷᠦ ᠶᠢᠨ | ᠪᠤᠳᠤᠯᠭ᠎ᠠ ᠶᠢ ᠰᠠᠶᠢᠲᠤᠷ ᠨᠠᠶᠢᠳᠠᠪᠤᠷᠢᠵᠢᠭᠤᠯᠤᠨ᠎ᠠ᠃ ᠦᠨᠳᠦᠰᠦᠲᠡᠨ ᠤ ᠰᠢᠶᠠᠩ ᠳᠤ ᠨᠦᠭᠦᠪᠦᠷᠢ ᠦᠭᠭᠦ | ᠪᠠᠷᠢᠮᠵᠢᠶ᠎ᠠ ᠶᠢ ᠰᠢᠶᠠᠩ ᠪᠦᠷᠢ ᠳᠤ ᠵᠢᠯ ᠪᠤᠯᠭᠠᠨ 200 ᠲᠦᠮᠡᠨ ᠲᠥᠭᠦᠷᠢᠭ ᠭᠦᠷᠳᠡᠯ᠎ᠡ ᠲᠡᠬᠡᠭᠰᠢᠯᠡᠬᠦᠯᠵᠦ᠂ ᠡᠳ᠋ ᠤᠨ | ᠵᠠᠰᠠᠭ ᠤᠨ ᠪᠡᠯᠡ ᠣᠷᠣᠭᠤᠯᠤᠯᠲᠠ ᠶᠢᠨ ᠲᠦᠷᠦᠯ ᠵᠦᠢᠯ ᠤᠨ ᠪᠡᠯᠡ ᠮᠦᠩᠭᠦᠨ ᠤ ᠢᠷᠡᠯᠲᠡ ᠶᠢ ᠡᠯ᠎ᠡ ᠱᠠᠲᠤᠨ ᠤ | ᠵᠠᠰᠠᠭ ᠤᠨ ᠣᠷᠳᠣᠨ ᠤ ᠡᠳ᠋ ᠤᠨ ᠵᠠᠰᠠᠭ ᠤᠨ ᠠᠵᠢᠯ ᠶᠠᠪᠤᠳᠠᠯ ᠬᠠᠮᠢᠶᠠᠷᠬᠤ ᠡᠷᠬᠡ ᠪᠠ ᠵᠠᠷᠤᠯᠭ᠎ᠠ ᠶᠢᠨ | ᠬᠠᠷᠢᠭᠤᠴᠠᠯᠭ᠎ᠠ ᠶᠢ ᠦᠨᠳᠦᠰᠦᠯᠡᠵᠦ ᠰᠠᠯᠭᠠᠨ ᠬᠤᠪᠢᠶᠠᠷᠢᠯᠠᠨ᠎ᠠ᠃ ︵ᠥᠪᠡᠷᠲᠡᠭᠡᠨ ᠵᠠᠰᠠᠬᠤ ᠣᠷᠣᠨ ᠤ ᠡᠳ᠋ ᠤᠨ | ᠵᠠᠰᠠᠭ ᠤᠨ ᠲᠢᠩᠬᠢᠮ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠶᠠᠳᠠᠭᠤ ᠶᠢ ᠲᠡᠳᠬᠦᠬᠦ ᠠᠯᠪᠠᠨ ᠭᠡᠷ᠂ | ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ᠂ ᠵᠢᠭᠤᠯᠴᠢᠯᠠᠯ ᠤᠨ ᠬᠥᠭᠵᠢᠭᠦᠯᠦᠯᠲᠡ ᠶᠢᠨ ᠵᠥᠪᠯᠡᠯ᠂ | ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠬᠠᠷᠢᠭᠤᠴᠠᠨ᠎ᠠ︶ | ︵ᠬᠤᠶᠠᠷ︶ ᠠᠵᠤ ᠦᠢᠯᠡᠰ ᠤᠨ ᠲᠠᠯ᠎ᠠ ᠪᠠᠷ ᠬᠢ ᠲᠥᠷᠥ ᠶᠢᠨ ᠪᠤᠳᠤᠯᠭ᠎ᠠ᠃ ᠠᠵᠤ ᠦᠢᠯᠡᠰ ᠤᠨ | ᠵᠥᠷᠢᠶᠡᠴᠢᠯᠡᠭᠰᠡᠨ ᠲᠦᠷᠦ ᠶᠢᠨ ᠪᠤᠳᠤᠯᠭ᠎ᠠ ᠶᠢ ᠬᠡᠷᠡᠭᠵᠢᠭᠦᠯᠵᠦ᠂ ᠡᠩ ᠲᠡᠷᠢᠭᠦᠨ ᠳᠤ ᠴᠥᠭᠡᠨ ᠲᠣᠭᠠᠲᠤ | ᠦᠨᠳᠦᠰᠦᠲᠡᠨ ᠤ ᠲᠥᠪᠯᠡᠷᠡᠨ ᠰᠠᠭᠤᠷᠢᠰᠢᠨᠨᠰᠠᠨ ᠭᠠᠵᠠᠷ ᠣᠷᠣᠨ ᠳᠤ ᠨᠡᠯᠢᠶᠡᠳ ᠳᠠᠪᠠᠭᠤᠯᠢᠭ ᠲᠥᠷᠥᠯ ᠵᠦᠢᠯ ᠢ | ᠪᠠᠶᠢᠷᠢᠰᠢᠭᠤᠯᠤᠨ ᠪᠠᠶᠢᠭᠤᠯᠤᠨ᠎ᠠ᠃ ᠴᠥᠭᠡᠨ ᠲᠣᠭᠠᠲᠤ ᠦᠨᠳᠦᠰᠦᠲᠡᠨ ᠤ ᠲᠥᠪᠯᠡᠷᠡᠨ ᠰᠠᠭᠤᠷᠢᠰᠢᠨᠨᠰᠠᠨ ᠭᠠᠵᠠᠷ | ᠣᠷᠣᠨ ᠤ ᠪᠠᠷᠢᠯᠭ᠎ᠠ ᠶᠢᠨ ᠲᠦᠷᠦᠯ ᠵᠦᠢᠯ ᠳᠤ ᠬᠤᠯᠪᠤᠨᠨᠳᠠᠪᠠᠯ᠂ ᠬᠠᠤᠯᠢ ᠴᠠᠭᠠᠵᠠ ᠬᠠᠤᠯᠢ ᠲᠣᠭᠲᠠᠭᠠᠯ ᠶᠣᠰᠣᠭᠠᠷ | ᠬᠢᠨᠠᠨ ᠵᠥᠪᠰᠢᠶᠡᠷᠡᠬᠦ ᠲᠡᠰ ᠲᠠᠷᠠᠭᠠᠯᠠᠯ ᠢ ᠲᠦᠭᠦᠮᠴᠢᠯᠡᠵᠦ᠂ ᠲᠥᠯᠥᠪᠵᠢᠭᠦᠯᠭᠡ ᠳᠤ ᠭᠠᠵᠠᠷ ᠰᠣᠩᠭᠤᠬᠤ᠂ ᠭᠠᠵᠠᠷ | ᠰᠢᠷᠣᠶ ᠬᠠᠩᠭᠠᠬᠤ᠂ ᠪᠡᠯᠡ ᠲᠤᠬᠢᠷᠠᠭᠤᠯᠭ᠎ᠠ ᠶᠢ ᠲᠤᠬᠢᠷᠠᠭᠤᠯᠬᠤ ᠪᠠ ᠲᠦᠷᠦᠯ ᠵᠦᠢᠯ ᠢ ᠨᠠᠶᠢᠳᠠᠪᠤᠷᠢᠵᠢᠭᠤᠯᠬᠤ ᠶᠢ ᠨᠢ | ᠡᠩ ᠲᠡᠷᠢᠬᠦᠨ ᠳᠤ ᠪᠠᠳᠤᠯᠠᠨ᠎ᠠ᠃ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠥᠬᠦᠶ ᠲᠥᠷᠥ ᠶᠢᠨ | ᠪᠣᠳᠣᠯᠭ᠎ᠠ᠂ ᠲᠥᠯᠥᠪᠵᠢᠭᠦᠯᠭᠡ ᠵᠡᠷᠭᠡ ᠱᠠᠭᠠᠷᠳᠠᠯᠭ᠎ᠠ ᠳᠤ ᠨᠡᠶᠢᠴᠡᠵᠦ᠂ ᠴᠥᠭᠡᠨ ᠲᠣᠭᠠᠲᠤ ᠦᠨᠳᠦᠰᠦᠲᠡᠨ ᠤ | ᠲᠥᠪᠯᠡᠷᠡᠨ ᠰᠠᠭᠤᠷᠢᠰᠢᠨᠨᠰᠠᠨ ᠭᠠᠵᠠᠷ ᠣᠷᠣᠨ ᠳᠤ ᠡᠳ᠋ᠰᠢᠬᠦᠯᠦᠨ ᠤᠯᠠᠷᠢᠭᠤᠯᠬᠤ ᠨᠦᠭᠦᠴᠡᠯ ᠲᠠᠢ ᠡᠨᠧᠷᠭᠢ ᠂ ᠡᠬᠢ | ᠪᠠᠶᠠᠯᠢᠭ ᠤᠨ ᠲᠥᠷᠥᠯ ᠵᠦᠶᠯ ᠢ ᠡᠩ ᠲᠡᠷᠢᠬᠦᠨ ᠳᠤ ᠪᠠᠶᠢᠷᠢᠯᠠᠭᠤᠯᠤᠨ᠎ᠠ᠃ ᠭᠠᠵᠠᠷ ᠰᠢᠷᠣᠶ ᠶᠢᠨ ᠵᠥᠷᠢᠶᠡᠴᠢᠯᠡᠭᠰᠡᠨ | ᠲᠥᠷᠥ ᠶᠢᠨ ᠪᠤᠳᠤᠯᠭ᠎ᠠ ᠶᠢ ᠬᠡᠷᠡᠭᠵᠢᠭᠦᠯᠵᠦ᠂ ᠭᠠᠵᠠᠷ ᠰᠢᠷᠣᠶ ᠶᠢ ᠠᠰᠢᠭᠯᠠᠬᠤ ᠣᠨ ᠤ ᠭᠦᠢᠴᠡᠳᠬᠡᠯ ᠲᠤᠭ᠎ᠠ ᠶᠢ | ᠴᠥᠭᠡᠨ ᠲᠣᠭᠠᠲᠤ ᠦᠨᠳᠦᠰᠦᠲᠡᠨ ᠤ ᠲᠥᠪᠯᠡᠷᠡᠨ ᠰᠠᠭᠤᠷᠢᠰᠢᠨᠨᠰᠠᠨ ᠭᠠᠵᠠᠷ ᠣᠷᠣᠨ ᠲᠡᠶᠢᠰᠢ ᠬᠡᠯᠪᠠᠶᠢᠯᠭᠡᠵᠦ᠂ | ᠠᠰᠢᠭᠯᠠᠭᠠᠳᠤᠶ ᠭᠠᠵᠠᠷ ᠰᠢᠷᠣᠶ ᠶᠢᠨ ᠲᠦᠯᠦᠪᠯᠡᠬᠡᠨ ᠤ ᠭᠦᠢᠴᠡᠳᠬᠡᠯ ᠲᠤᠭ᠎ᠠ ᠶᠢ ᠨᠡᠮᠡᠭᠳᠡᠬᠦᠯᠦᠨ᠎ᠠ᠃ ᠤᠯᠤᠰ ᠪᠠ | ᠮᠠᠨ ᠤ ᠣᠷᠣᠨ ᠤ ᠬᠤᠪᠢᠶᠠᠷᠢᠯᠠᠨ ᠲᠤᠨᠨᠳᠠᠭᠠᠨᠨᠰᠠᠨ ᠭᠤᠤᠯ ᠴᠣᠭᠴᠠ ᠶᠢᠨ ᠴᠢᠳᠠᠮᠵᠢᠲᠤ ᠣᠷᠣᠨ ᠢ ᠦᠨᠳᠦᠰᠦᠯᠡᠵᠦ᠂ | ᠨᠡᠭᠡᠭᠡᠨ ᠬᠥᠭᠵᠢᠭᠦᠯᠬᠦ ᠶᠢ ᠨᠢ ᠴᠠᠭᠠᠵᠠᠯᠬᠠᠰᠠᠨ ᠤᠷᠤᠨ ᠪᠠ ᠨᠡᠭᠡᠭᠡᠨ ᠬᠥᠭᠵᠢᠭᠦᠯᠬᠦ ᠶᠢ ᠨᠢ ᠬᠢᠵᠠᠭᠠᠷᠯᠠᠭᠰᠠᠨ | ᠤᠷᠤᠨ ᠳᠤ ᠤᠷᠤᠭᠤᠯᠤᠨᠨᠰᠠᠨ ᠴᠥᠭᠡᠨ ᠲᠣᠭᠠᠲᠤ ᠦᠨᠳᠦᠰᠦᠲᠡᠨ ᠤ ᠲᠥᠪᠯᠡᠷᠡᠨ ᠰᠠᠭᠤᠷᠢᠰᠢᠨᠨᠰᠠᠨ ᠭᠠᠵᠠᠷ | ᠣᠷᠣᠨ ᠳᠤ ᠨᠥᠬᠦᠪᠥᠷᠢ ᠥᠭᠬᠦ ᠡᠷᠴᠢᠮ ᠢᠶᠠᠨ ᠴᠢᠩᠭᠠᠷᠠᠭᠤᠯᠵᠤ᠂ ᠡᠬᠢ ᠪᠠᠶᠠᠯᠢᠭ ᠢ ᠦᠨ᠎ᠡ ᠲᠥᠯᠥᠪᠦᠷᠢ ᠲᠠᠢ ᠪᠠᠷ | ᠬᠡᠷᠡᠭᠯᠡᠬᠦ ᠪᠠ ᠠᠮᠢ ᠠᠬᠤᠢ ᠶᠢ ᠨᠢ ᠨᠦᠭᠦᠪᠦᠷᠢᠯᠡᠬᠦ ᠲᠦᠷᠢᠮ ᠢ ᠤᠷᠢᠳ ᠢᠶᠠᠷ ᠬᠡᠷᠡᠭᠵᠢᠬᠦᠯᠦᠨ᠎ᠠ᠃ ︵ᠥᠪᠡᠷᠲᠡᠭᠡᠨ | ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠠᠬᠤᠶ ᠪᠠ ᠮᠡᠳᠡᠭᠡ ᠵᠠᠩᠭᠢᠵᠢᠯᠲᠠ ᠶᠢᠨ | ᠵᠥᠪᠯᠡᠯ᠂ ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠲᠢᠩᠬᠢᠮ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠲᠢᠩᠬᠢᠮ ᠬᠠᠷᠢᠭᠤᠴᠠᠨ᠎ᠠ︶ | ︵ᠭᠤᠷᠪᠠ︶ ᠨᠡᠶᠢᠭᠡᠮ ᠤᠨ ᠲᠠᠯ᠎ᠠ ᠪᠠᠷ ᠬᠢ ᠲᠦᠷᠦ ᠶᠢᠨ ᠪᠤᠳᠤᠯᠭ᠎ᠠ᠃ ᠰᠤᠷᠤᠭᠴᠢᠳ ᠢ ᠵᠤᠭᠤᠰ ᠢᠶᠠᠷ | ᠲᠤᠰᠠᠯᠠᠬᠤ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠴᠥᠭᠡᠨ ᠲᠣᠭᠠᠲᠤ | ᠦᠨᠳᠦᠰᠦᠲᠡᠨ ᠤ ᠬᠡᠷ ᠪᠦᠯᠢ ᠶᠢᠨ ᠠᠮᠢᠳᠤᠷᠠᠯ ᠨᠢ ᠬᠦᠴᠢᠷᠳᠡᠯᠲᠡᠢ ᠰᠤᠷᠤᠭᠴᠢᠳ ᠲᠤ ᠵᠤᠭᠤᠰ ᠢᠶᠠᠷ ᠲᠤᠰᠠᠯᠠᠬᠤ ᠶᠢ | ᠪᠦᠷᠢᠨ ᠪᠡᠶᠡᠯᠡᠭᠦᠯᠦᠨ᠎ᠡ᠃ ᠰᠢᠯᠵᠢᠭᠦᠯᠦᠨ ᠨᠡᠭᠦᠯᠭᠡᠵᠦ ᠬᠤᠲᠠ ᠳᠤ ᠣᠷᠣᠭᠤᠯᠤᠭᠰᠠᠨ ᠮᠠᠯᠴᠢᠨ ᠲᠠᠷᠢᠶᠠᠴᠢᠳ ᠤᠨ | ᠦᠷ᠎ᠡ ᠬᠡᠦᠬᠡᠳ ᠲᠤ ᠡᠷᠬᠡ ᠲᠡᠭᠰᠢ ᠪᠠᠷ ᠠᠯᠪᠠᠨ ᠵᠢᠷᠤᠮ ᠤᠨ ᠰᠤᠷᠭᠠᠨ ᠬᠥᠮᠦᠵᠢᠯ ᠭᠦᠷᠳᠡᠬᠡᠬᠦ ᠶᠢ ᠪᠠᠳᠤᠯᠠᠨ᠎ᠠ᠃ | ᠠᠨᠠᠭᠠᠬᠤ ᠤᠬᠠᠭᠠᠨ ᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠴᠥᠭᠡᠨ ᠲᠣᠭᠠᠲᠤ ᠦᠨᠳᠦᠰᠦᠲᠡᠨ ᠤ | ᠲᠥᠪᠯᠡᠷᠡᠨ ᠰᠠᠭᠤᠷᠢᠰᠢᠨᠨᠰᠠᠨ ᠭᠠᠵᠠᠷ ᠣᠷᠣᠨ ᠤ ᠦᠨᠳᠦᠰᠦᠨ ᠱᠠᠲᠤᠨ ᠳᠤ ᠦᠢᠯᠡᠴᠢᠯᠡᠬᠦ ᠶᠢ ᠵᠤᠷᠢᠨᠨᠵᠢᠭᠤᠯᠤᠨ᠎ᠠ᠃ | ᠨᠥᠬᠦᠴᠡᠯ ᠳᠤ ᠨᠡᠶᠢᠴᠡᠭᠰᠡᠨ ᠮᠣᠩᠭᠤᠯ ᠡᠮ ᠤᠨ ᠵᠦᠢᠯᠡᠰ ᠢ ᠮᠠᠨ ᠤ ᠣᠷᠣᠨ ᠤ ᠡᠮᠴᠢᠯᠡᠭᠡ ᠶᠢᠨ ᠳᠠᠭᠠᠳᠬᠠᠯ ᠠᠴᠠ | ᠲᠦᠯᠦᠬᠦ ᠶᠢᠨ ᠭᠠᠷᠴᠠᠭ ᠲᠤ ᠤᠷᠤᠭᠤᠯᠤᠨ᠎ᠠ᠃ ᠤᠯᠠᠭᠠᠨᠮᠥ᠋ᠴᠢᠷ ᠤᠨ ᠬᠥᠭᠵᠢᠯᠲᠡ ᠶᠢᠨ ᠲᠤᠰᠬᠠᠶ ᠪᠡᠯᠡ ᠮᠥᠩᠭᠦ ᠶᠢ | ᠰᠠᠶᠢᠲᠤᠷ ᠬᠡᠷᠡᠭᠯᠡᠵᠦ᠂ ᠦᠨᠳᠦᠰᠦᠲᠡᠨ ᠤ ᠬᠡᠯᠡᠨ ᠤ ᠲᠦᠷᠦᠯ ᠤᠨ ᠫᠷᠤᠭ᠍ᠷᠠᠮ ᠶᠢ ᠵᠣᠬᠢᠶᠠᠨ ᠪᠦᠲᠦᠭᠡᠬᠦ ᠪᠠ ᠤᠯᠠᠮᠵᠢᠯᠠᠨ | ᠵᠠᠯᠭᠠᠮᠵᠢᠯᠠᠬᠤ ᠶᠢ ᠶᠡᠭᠡ ᠪᠠᠷ ᠲᠡᠮᠵᠢᠨ᠎ᠠ᠃ ᠮᠠᠨ ᠤ ᠣᠷᠣᠨ ᠤ ᠣᠲᠣ ᠶᠢᠨ ᠬᠡᠷᠡᠭᠵᠢᠭᠦᠯᠵᠦ ᠪᠠᠶᠢᠭ᠎ᠠ ᠠᠯᠪᠠᠲᠠᠨ | ᠰᠢᠯᠭᠠᠵᠤ ᠡᠯᠰᠡᠬᠦ ᠪᠠ ᠠᠯᠪᠠᠲᠠᠨ ᠤ ᠬᠠᠤᠯᠢ ᠪᠠᠷ ᠯᠠᠪᠯᠠᠯᠲᠠ ᠪᠤᠯᠭᠠᠨᠨᠰᠠᠨ ᠠᠵᠢᠯ ᠦᠢᠯᠡᠰ ᠤᠨ ᠨᠢᠬᠡᠴᠢ ᠶᠢᠨ | ᠢᠯᠡ ᠪᠠᠷ ᠠᠵᠢᠯᠲᠠᠨ ᠡᠯᠰᠡᠬᠦ ᠳᠤ ᠴᠥᠭᠡᠨ ᠲᠣᠭᠠᠲᠤ ᠦᠨᠳᠦᠰᠦᠲᠡᠨ ᠤ ᠰᠢᠯᠭᠠᠭᠤᠯᠤᠭᠴᠢ ᠳᠤ ᠴᠢᠭᠯᠡᠬᠦᠯᠦᠭᠰᠡᠨ | ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ ᠶᠢ ᠴᠢᠩᠳᠠ ᠬᠡᠷᠡᠭᠵᠢᠬᠦᠯᠵᠦ᠂ ᠵᠢᠯ ᠪᠦᠷᠢ ᠰᠢᠯᠭᠠᠵᠤ ᠡᠯᠰᠡᠬᠦ | ᠲᠦᠯᠦᠪᠯᠡᠬᠡᠨ ᠤ ᠶᠡᠷᠦᠩᠬᠡᠶ ᠲᠤᠭ᠎ᠠ ᠶᠢᠨ 15% ᠠᠴᠠ ᠲᠤᠤᠷ᠎ᠠ ᠪᠠᠶᠢᠯᠭᠠᠬᠤ ᠦᠬᠡᠢ ᠪᠠᠷ ᠲᠤᠨᠨᠳᠠᠭᠠᠨᠨᠰᠠᠨ ᠠᠵᠢᠯ | ᠲᠤᠰᠢᠶᠠᠯ ᠤᠨ ᠪᠠᠶᠢᠷᠢ ᠳᠤ ᠮᠣᠩᠭᠤᠯ ᠢᠶᠠᠷ ᠬᠢᠴᠢᠶᠡᠯᠯᠡᠭᠰᠡᠨ ᠳᠡᠭᠡᠳᠦ ᠰᠤᠷᠭᠠᠭᠤᠯᠢ ᠲᠡᠭᠦᠰᠦᠭᠰᠡᠳ ᠢ ᠡᠯᠰᠡᠨ᠎ᠠ᠃ ︵ | ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ | ᠰᠤᠷᠭᠠᠨ ᠬᠥᠮᠦᠵᠢᠯ ᠤᠨ ᠲᠢᠩᠬᠢᠮ᠂ ᠰᠣᠶᠣᠯ ᠤᠨ ᠲᠢᠩᠬᠢᠮ᠂ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ | ᠪᠠᠲᠤᠯᠠᠭ᠎ᠠ ᠶᠢᠨ ᠲᠢᠩᠬᠢᠮ᠂ ᠢᠳᠡᠭᠡᠨ ᠪᠠ ᠡᠮ ᠤᠨ ᠵᠦᠶᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ | ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠬᠠᠷᠢᠭᠤᠴᠠᠨ᠎ᠠ︶ | ᠳᠥᠷᠪᠡ᠂ ᠵᠣᠬᠢᠶᠠᠨ ᠪᠠᠶᠢᠭᠤᠯᠵᠦ ᠪᠠᠳᠤᠯᠠᠬᠤ | ︵ᠨᠢᠭᠡ︶ ᠵᠣᠬᠢᠶᠠᠨ ᠪᠠᠶᠢᠭᠤᠯᠵᠦ ᠤᠳᠤᠷᠢᠳᠬᠤ ᠪᠠᠨ ᠴᠢᠩᠭᠠᠳᠬᠠᠨ᠎ᠠ᠃ ᠦᠨᠳᠦᠰᠦᠲᠡᠨ ᠤ ᠬᠡᠷᠡᠭ ᠡᠷᠬᠢᠯᠡᠬᠦ | ᠵᠦᠪᠯᠡᠯ ᠤᠨ ᠬᠡᠰᠢᠬᠦᠨ ᠨᠢᠬᠡᠴᠢ ᠪᠠ ᠲᠤᠰᠢᠶᠠᠯ ᠬᠠᠪᠰᠤᠷᠭᠠᠭᠰᠠᠨ ᠭᠡᠰᠢᠭᠦᠨ ᠤ ᠡᠭᠦᠷᠭᠡ ᠲᠤᠰᠢᠶᠠᠯ ᠤᠨ ᠦᠢᠯᠡᠳᠦᠯ ᠢ | ᠭᠦᠢᠴᠡᠳ ᠪᠠᠳᠠᠷᠠᠭᠤᠯᠵᠤ᠂ ᠠᠵᠢᠯ ᠢᠶᠠᠨ ᠲᠤᠨᠨᠳᠠᠮᠠᠯ ᠬᠤᠭᠤᠴᠠᠭ᠎ᠠ ᠲᠠᠢ ᠪᠠᠷ ᠰᠤᠳᠤᠯᠤᠨ ᠪᠠᠶᠢᠷᠢᠯᠠᠭᠤᠯᠵᠤ | ᠠᠬᠢᠭᠤᠯᠤᠨ᠎ᠠ᠃ ᠡᠯ᠎ᠡ ᠬᠠᠮᠢᠶ᠎ᠠ ᠪᠦᠬᠦᠢ ᠭᠠᠵᠠᠷ ᠣᠷᠣᠨ ᠪᠠ ᠰᠠᠯᠠᠭ᠎ᠠ ᠮᠥᠴᠢᠷ ᠤᠨ ᠢᠳᠡᠪᠬᠢᠵᠢᠯ ᠢ ᠲᠠᠶᠢᠴᠢᠯᠠᠨ᠂ | ᠤᠯᠤᠰ ᠠᠴᠠ ᠲᠡᠮᠵᠢᠬᠦ᠂ ᠥᠪᠡᠷᠲᠡᠭᠡᠨ ᠵᠠᠰᠠᠬᠤ ᠣᠷᠣᠨ ᠶᠡᠷᠦᠩᠬᠡᠢ ᠬᠠᠷᠢᠭᠤᠴᠠᠯᠭ᠎ᠠ ᠡᠭᠦᠷᠬᠡᠯᠡᠬᠦ᠂ ᠬᠠᠮᠢᠶ᠎ᠠ ᠪᠦᠬᠦᠢ | ᠠᠶᠢᠮᠠᠭ ᠬᠤᠳᠠ ᠬᠤᠰᠢᠭᠤ ᠰᠢᠶᠠᠨ ︵ᠬᠤᠳᠠ᠂ ᠲᠣᠭᠤᠷᠢᠭ︶ ᠨᠠᠶᠢᠳᠠᠪᠤᠷᠢᠵᠢᠭᠤᠯᠬᠤ ᠶᠢ ᠠᠳᠬᠤᠬᠤ ᠠᠵᠢᠯ ᠤᠨ | ᠴᠢᠭᠯᠡᠯᠲᠡ ᠶᠢ ᠲᠤᠨᠨᠳᠠᠭᠠᠵᠦ᠂ ᠵᠠᠰᠠᠭ ᠤᠨ ᠣᠷᠳᠣᠨ ᠠᠴᠠ ᠨᠢᠭᠡᠳᠦᠯᠲᠡᠶ ᠤᠳᠤᠷᠢᠳᠬᠤ᠂ ᠬᠠᠮᠢᠶ᠎ᠠ ᠪᠦᠬᠦᠢ ᠰᠠᠯᠠᠭ᠎ᠠ | ᠮᠥᠴᠢᠷ ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ᠂ ᠨᠡᠶᠢᠭᠡᠮ ᠤᠨ ᠡᠯ᠎ᠡ ᠡᠳᠡᠬᠡᠳ ᠤᠨ ᠬᠢᠨ | ᠬᠦᠴᠦ ᠪᠠᠨ ᠬᠠᠮᠲᠤᠳᠬᠠᠨ ᠬᠠᠮᠲᠤᠷᠠᠨ ᠠᠵᠢᠯᠯᠠᠬᠤ ᠠᠵᠢᠯ ᠤᠨ ᠲᠦᠯᠦᠪ ᠪᠠᠶᠢᠳᠠᠯ ᠢ ᠪᠣᠶ ᠪᠣᠯᠭᠠᠨ᠎ᠠ᠃ | ︵ᠬᠤᠶᠠᠷ︶ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠢᠶᠠᠨ ᠲᠤᠳᠤᠷᠬᠠᠶᠢᠯᠠᠨ᠎ᠠ᠃ ᠡᠯ᠎ᠡ ᠬᠠᠮᠢᠶ᠎ᠠ ᠪᠦᠬᠦᠢ | ᠭᠠᠵᠠᠷ ᠣᠷᠣᠨ ᠪᠠ ᠰᠠᠯᠠᠭ᠎ᠠ ᠮᠥᠴᠢᠷ ᠤᠳ ᠨᠢ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ᠂ | ᠭᠤᠣᠯᠳᠠᠯᠭ᠎ᠠ ᠪᠠᠨ ᠲᠤᠪᠤᠶᠢᠯᠭᠠᠵᠦ᠂ ᠡᠯ᠎ᠡ ᠵᠦᠢᠯ ᠤᠨ ᠠᠵᠢᠯ ᠤᠨ ᠬᠠᠷᠢᠭᠤᠴᠠᠯᠭ᠎ᠠ ᠶᠢ ᠬᠤᠪᠢᠶᠠᠷᠢᠯᠠᠨ | ᠨᠠᠶᠢᠳᠠᠪᠤᠷᠢᠵᠢᠭᠤᠯᠵᠦ᠂ ᠭᠤᠣᠯᠳᠠᠯᠭ᠎ᠠ ᠲᠠᠢ ᠠᠵᠢᠯ ᠪᠠ ᠭᠤᠣᠯᠳᠠᠯᠭ᠎ᠠ ᠲᠠᠢ ᠢᠨᠵᠧᠨᠧᠷᠢᠩ ᠢ ᠰᠤᠳᠤᠯᠤᠨ | ᠲᠤᠨᠨᠳᠠᠭᠠᠵᠦ᠂ ᠲᠦᠭᠦᠷ ᠠᠷᠭ᠎ᠠ ᠬᠡᠮᠵᠢᠶ᠎ᠡ ᠪᠤᠶᠤ ᠬᠡᠷᠡᠭᠵᠢᠭᠦᠯᠬᠦ ᠲᠥᠰᠦᠯ ᠢ ᠲᠤᠨᠨᠳᠠᠭᠠᠨ᠂ ᠠᠵᠢᠯ ᠤᠨ ᠠᠬᠢᠴᠠ ᠶᠢ | ᠲᠤᠳᠤᠷᠬᠠᠶᠢᠯᠠᠵᠦ᠂ ᠬᠡᠷᠡᠭᠵᠢᠭᠦᠯᠬᠦ ᠰᠠᠨᠠᠯ ᠢ ᠨᠠᠶᠢᠳᠠᠪᠤᠷᠢᠵᠢᠭᠤᠯᠵᠦ ᠪᠤᠳᠠᠳᠠᠶᠢᠵᠢᠭᠤᠯᠬᠤ ᠶᠢ ᠦᠨᠡᠯᠡᠨ ᠪᠠᠳᠤᠯᠠᠨ᠎ᠠ᠃ | ᠨᠢᠭᠡᠳᠦᠯᠲᠡᠶ ᠲᠥᠯᠥᠪᠯᠡᠬᠦ ᠪᠠ ᠨᠡᠪᠳᠡᠷᠡᠯᠴᠡᠵᠦ ᠵᠣᠬᠢᠴᠠᠭᠤᠯᠬᠤ ᠶᠢ ᠦᠨᠡᠨ ᠬᠦ ᠴᠢᠩᠭᠠᠳᠬᠠᠵᠤ᠂ ᠠᠵᠢᠯ ᠤᠨ | ᠡᠭᠦᠷᠭᠡ ᠪᠠᠨ ᠵᠠᠯᠭᠠᠯᠳᠤᠭᠤᠯᠵᠦ ᠵᠤᠯᠭᠠᠯᠳᠤᠭᠤᠯᠬᠤ ᠶᠢ ᠴᠢᠩᠭᠠᠷᠠᠭᠤᠯᠤᠨ᠎ᠠ᠃ | ︵ᠭᠤᠷᠪᠠ︶ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠨ᠎ᠠ᠃ ᠡᠯ᠎ᠡ ᠬᠠᠮᠢᠶ᠎ᠠ ᠪᠦᠬᠦᠢ ᠭᠠᠵᠠᠷ | ᠣᠷᠣᠨ ᠪᠠ ᠰᠠᠯᠠᠭ᠎ᠠ ᠮᠥᠴᠢᠷ ᠨᠢ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠪᠦᠭᠦ ᠨᠡᠶᠢᠭᠡᠮ ᠢᠶᠠᠷ ᠢᠶᠠᠨ | ᠴᠥᠭᠡᠨ ᠲᠣᠭᠠᠲᠤ ᠦᠨᠳᠦᠰᠦᠲᠡᠨ ᠤ ᠲᠥᠪᠯᠡᠷᠡᠨ ᠰᠠᠭᠤᠷᠢᠰᠢᠨᠨᠰᠠᠨ ᠭᠠᠵᠠᠷ ᠣᠷᠣᠨ ᠤ ᠬᠥᠭᠵᠢᠯᠲᠡ ᠶᠢ ᠬᠠᠮᠳᠤ ᠪᠠᠷ | ᠬᠠᠯᠠᠮᠵᠢᠯᠠᠨ ᠲᠡᠮᠵᠢᠭᠰᠡᠨ ᠰᠠᠶᠢᠨ ᠰᠠᠶᠢᠬᠠᠨ ᠠᠭᠤᠷ ᠠᠮᠢᠰᠬᠤᠯ ᠢ ᠢᠳᠡᠪᠬᠢᠳᠡᠢ ᠪᠤᠢ ᠪᠤᠯᠭᠠᠨ᠎ᠠ᠃ ᠬᠢᠨᠠᠯᠲᠠ ᠲᠠᠯᠪᠢᠵᠦ | ᠪᠠᠶᠢᠴᠠᠭᠠᠯᠳᠠ ᠬᠢᠬᠦ ᠪᠠᠨ ᠦᠨᠡᠨ ᠭᠦ ᠴᠢᠩᠭᠠᠳᠬᠠᠨ᠂ ᠠᠵᠢᠯ ᠳᠤ ᠣᠷᠣᠰᠢᠵᠤ ᠪᠠᠶᠢᠭ᠎ᠠ ᠠᠰᠠᠭᠤᠳᠠᠯ ᠢ ᠵᠣᠬᠢᠴᠠᠭᠤᠯᠤᠨ | ᠰᠶᠢᠳᠪᠦᠷᠢᠯᠡᠨ᠎ᠠ᠃ ᠠᠵᠢᠯ ᠤᠨ ᠪᠠᠶᠢᠳᠠᠯ ᠤᠨ ᠣᠨ ᠤ ᠮᠡᠳᠡᠭᠦᠯᠦᠯᠲᠡ ᠶᠢᠨ ᠲᠦᠷᠢᠮ ᠢ ᠪᠠᠶᠢᠭᠤᠯᠵᠤ᠂ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠲᠣᠭᠲᠠᠮᠠᠯ ᠬᠤᠭᠤᠴᠠᠭ᠎ᠠ ᠲᠠᠢ ᠪᠠᠷ ᠠᠵᠢᠯ ᠢᠶᠠᠨ | ᠮᠡᠳᠡᠭᠦᠯᠦᠨ᠎ᠡ᠃ |