ᠥᠪᠥᠷ ᠮᠣᠩᠭᠤᠯ ᠡᠷᠡᠭᠦᠯ ᠬᠠᠮᠠᠭᠠᠯᠠᠯ ᠢᠶᠠᠷ ᠶᠠᠳᠠᠭᠤ ᠶᠢ ᠲᠡᠳᠬᠦᠬᠦ ᠠᠵᠢᠯ ᠢ ᠦᠷᠭᠦᠯᠵᠢᠯᠡᠨ ᠥᠷᠨᠢᠭᠦᠯᠵᠦ᠂ | ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠪᠠ ᠬᠦᠨᠳᠦ | ᠡᠪᠡᠳᠴᠢᠨ ᠤ ᠳᠠᠭᠠᠳᠬᠠᠯ ᠢ ᠪᠦᠬᠦ ᠶᠠᠳᠠᠭᠤ ᠬᠦᠴᠢᠷᠳᠡᠯᠲᠡᠢ ᠬᠥᠮᠦᠨ ᠠᠮᠠ ᠳᠤ ᠦᠨᠳᠦᠰᠦᠨ ᠳᠤ ᠪᠠᠨ ᠪᠦᠷᠬᠦᠭᠦᠯᠵᠡᠢ᠃ | ᠥᠪᠥᠷ ᠮᠣᠩᠭᠤᠯ ᠨᠢᠭᠡ ᠪᠦᠯᠦᠭ ᠬᠦᠨᠳᠦ ᠡᠪᠡᠳᠴᠢᠲᠡᠨ ᠢ ᠲᠥᠪᠯᠡᠷᠡᠭᠦᠯᠦᠨ ᠠᠪᠤᠷᠠᠨ ᠡᠮᠨᠡᠬᠦ᠂ ᠨᠢᠭᠡ ᠪᠦᠯᠦᠭ | ᠤᠵᠢᠭ ᠴᠢᠨᠠᠷᠲᠠᠢ ᠡᠪᠡᠳᠴᠢᠲᠡᠨ ᠳᠤ ᠭᠡᠷᠡᠳᠦ ᠦᠢᠯᠡᠴᠢᠯᠡᠭᠡ ᠬᠦᠷᠲᠡᠭᠡᠬᠦ᠂ ᠨᠢᠭᠡ ᠪᠦᠯᠦᠭ ᠬᠦᠨᠳᠦ ᠡᠪᠡᠳᠴᠢᠲᠠᠳ ᠢ | ᠪᠠᠲᠤᠯᠠᠨ ᠳᠠᠭᠠᠭᠠᠬᠤ ︽ᠭᠤᠷᠪᠠᠨ ᠨᠢᠭᠡ ᠪᠦᠯᠦᠭ︾ ᠤᠨ ᠠᠵᠢᠯᠯᠠᠭᠠᠨ ᠤ ᠲᠥᠯᠥᠪᠯᠡᠭᠡ ᠪᠠ ᠤᠷᠢᠳᠠᠪᠠᠷ ᠣᠨᠣᠰᠢᠯᠠᠨ | ᠡᠮᠨᠡᠵᠤ᠂ ᠳᠠᠷᠠᠭ᠎ᠠ ᠨᠢ ᠵᠠᠷᠤᠳᠠᠯ ᠲᠤᠰᠢᠶᠠᠬᠤ᠂ ᠨᠢᠭᠡ ᠯᠡ ᠤᠳᠠᠭ᠎ᠠ ᠳᠤ ᠲᠡᠰᠦᠯᠦᠨ ᠪᠤᠳᠤᠬᠤ ᠦᠢᠯᠡᠴᠢᠯᠡᠭᠡ ᠶᠢ | ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠦᠨᠳᠦ ᠡᠪᠡᠳᠴᠢᠨ ᠢ ᠠᠪᠤᠷᠠᠨ ᠵᠠᠰᠠᠬᠤ ᠬᠠᠷᠢᠴᠠᠯ ᠢ 96.4% ᠳᠤ | ᠬᠦᠷᠭᠡᠭᠦᠯᠵᠦ᠂ ᠭᠡᠷᠡᠳᠦ ᠦᠢᠯᠡᠴᠢᠯᠡᠭᠡ ᠬᠦᠷᠲᠡᠭᠰᠡᠨ ᠤᠵᠢᠭ ᠴᠢᠨᠠᠷᠲᠠᠢ ᠶᠠᠳᠠᠭᠤ ᠬᠦᠴᠢᠷᠳᠡᠯᠲᠡᠶ ᠡᠪᠡᠳᠴᠢᠲᠡᠨ 30. | 2 ᠲᠦᠮᠡ ᠳᠤ ᠬᠦᠷᠪᠡ᠃ ᠥᠪᠥᠷ ᠮᠣᠩᠭᠤᠯ ᠶᠠᠳᠠᠭᠤ ᠬᠦᠴᠢᠷᠳᠡᠯᠲᠡᠶ ᠬᠥᠮᠦᠨ ᠠᠮᠠ ᠳᠤ ᠵᠠᠷᠤᠳᠠᠯ ᠠᠪᠬᠤ | ᠥᠬᠡᠶ ᠪᠠᠷ ᠡᠷᠡᠭᠦᠯ ᠮᠡᠨᠳᠦ ᠶᠢᠨ ᠪᠠᠶᠢᠴᠠᠭᠠᠯᠲᠠ ᠬᠢᠬᠦ ᠪᠠ ︽ᠬᠤᠶᠠᠷ ᠢ ᠬᠡᠯᠲᠦᠷᠢᠭᠦᠯᠬᠦ᠂ ᠬᠤᠶᠠᠷ ᠢ ᠪᠠᠭᠤᠷᠠᠭᠤᠯᠬᠤ᠂ | ᠳᠥᠷᠪᠡ ᠶᠢ ᠳᠡᠭᠡᠭᠰᠢᠯᠡᠭᠦᠯᠬᠦ᠂ ᠳᠥᠷᠪᠡ ᠳᠤ ᠲᠤᠰᠠᠯᠠᠬᠤ︾ ᠡᠮ ᠡᠮᠨᠡᠯᠭᠡ ᠶᠢᠨ ᠪᠠᠲᠤᠯᠠᠭ᠎ᠠ ᠶᠢᠨ ᠬᠠᠷᠠᠭᠠᠯᠵᠠᠯ ᠤᠨ | ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠪᠡ᠂ ︽ᠬᠤᠶᠠᠷ ᠢ ᠬᠡᠯᠲᠦᠷᠢᠭᠦᠯᠬᠦ︾ ᠭᠡᠳᠡᠭ ᠨᠢ | ᠡᠮᠨᠡᠯᠭᠡ ᠳᠤ ᠰᠠᠭᠤᠬᠤ ᠪᠠᠷᠢᠴᠠᠭᠠᠨ ᠤ ᠵᠣᠭᠤᠰ ᠢ ᠬᠡᠯᠲᠦᠷᠢᠭᠦᠯᠬᠦ ᠂ ᠬᠤᠪᠢ ᠬᠥᠮᠦᠨ ᠤ ᠳᠠᠭᠠᠳᠬᠠᠯ ᠳᠤ ᠣᠷᠣᠬᠤ | ᠵᠠᠷᠤᠳᠠᠯ ᠢ ᠬᠡᠯᠲᠦᠷᠢᠭᠦᠯᠦᠨ᠎ᠡ ︵ᠬᠠᠰᠤᠨ᠎ᠠ︶︔ ︽ᠬᠤᠶᠠᠷ ᠢ ᠪᠠᠭᠤᠷᠠᠭᠤᠯᠬᠤ︾ ᠭᠡᠳᠡᠭ ᠨᠢ ᠦᠨᠳᠦᠰᠦᠨ ᠡᠮ | ᠡᠮᠨᠡᠯᠭᠡ ᠶᠢᠨ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ ᠤᠨ ᠡᠬᠢᠯᠡᠵᠦ ᠲᠤᠰᠢᠶᠠᠬᠤ ᠵᠠᠷᠤᠳᠠᠯ ᠢ | ᠪᠠᠭᠤᠷᠠᠭᠤᠯᠤᠨ᠎ᠠ︔ ︽ᠳᠥᠷᠪᠡ ᠶᠢ ᠳᠡᠭᠡᠭᠰᠢᠯᠡᠭᠦᠯᠬᠦ︾ ᠭᠡᠳᠡᠭ ᠨᠢ ᠡᠮᠨᠡᠯᠭᠡ ᠳᠤ ᠰᠠᠭᠤᠵᠤ ᠡᠮᠨᠡᠭᠦᠯᠬᠦ ᠲᠠᠩᠰᠠ | ᠲᠠᠶᠢᠯᠬᠤ ᠬᠠᠷᠢᠴᠠᠯ ᠢ ᠳᠡᠭᠡᠭᠰᠢᠯᠡᠭᠦᠯᠦᠨ᠎ᠡ᠂ ᠬᠦᠨᠳᠦ ᠶᠡᠭᠡ ᠡᠪᠡᠳᠴᠢᠨ ᠤ ᠲᠠᠩᠰᠠ ᠲᠠᠶᠢᠯᠬᠤ ᠬᠠᠷᠢᠴᠠᠯ ᠢ | ᠳᠡᠭᠡᠭᠰᠢᠯᠡᠭᠦᠯᠦᠨ᠎ᠡ᠂ ᠡᠭᠦᠳᠡᠨ ᠡᠮᠨᠡᠯᠭᠡ ᠶᠢᠨ ᠦᠷᠭᠦᠯᠵᠢ ᠲᠣᠬᠢᠶᠠᠯᠳᠤᠳᠠᠭ ᠡᠪᠡᠳᠴᠢᠨ ᠤ ᠲᠠᠩᠰᠠ ᠲᠠᠶᠢᠯᠬᠤ | ᠬᠠᠷᠢᠴᠠᠯ ᠢ ᠳᠡᠭᠡᠭᠰᠢᠯᠡᠭᠦᠯᠦᠨ᠎ᠡ᠂ ᠡᠭᠦᠳᠡᠨ ᠡᠮᠨᠡᠯᠭᠡ ᠶᠢᠨ ᠤᠵᠢᠭ ᠴᠢᠨᠠᠷᠲᠠᠢ ᠡᠪᠡᠳᠴᠢᠨ ᠤ ᠨᠥᠬᠦᠪᠥᠷᠢ ᠥᠭᠬᠦ | ᠬᠠᠷᠢᠴᠠᠯ ᠢ ᠳᠡᠭᠡᠭᠰᠢᠯᠡᠭᠦᠯᠦᠨ᠎ᠡ︔ ︽ᠳᠥᠷᠪᠡ ᠳᠤ ᠲᠤᠰᠠᠯᠠᠬᠤ︾ ᠭᠡᠳᠡᠭ ᠨᠢ ᠬᠥᠳᠡᠭᠡ ᠲᠣᠰᠬᠤᠨ ᠤ ᠰᠢᠨ᠎ᠡ | ᠬᠡᠯᠪᠡᠷᠢ ᠶᠢᠨ ᠬᠤᠷᠰᠢᠭᠰᠠᠨ ᠡᠮ ᠡᠮᠨᠡᠯᠭᠡ ᠶᠢᠨ ᠬᠦᠨᠳᠦ ᠡᠪᠡᠳᠴᠢᠨ ᠤ ᠳᠠᠭᠠᠳᠬᠠᠯ ᠤᠨ ᠲᠤᠰᠠᠯᠠᠮᠵᠢ ᠦᠵᠡᠭᠦᠯᠬᠦ᠂ | ᠬᠦᠨᠳᠦ ᠡᠪᠡᠳᠴᠢᠨ ᠤ ᠪᠠᠲᠤᠯᠠᠪᠤᠷᠢ ᠶᠢᠨ ᠰᠠᠭᠤᠷᠢ ᠮᠥᠩᠭᠦᠨ ᠤ ᠲᠤᠰᠠᠯᠠᠮᠵᠢ ᠶᠢ ᠪᠠᠶᠢᠭᠤᠯᠬᠤ᠂ ᠠᠷᠠᠳ ᠤᠨ | ᠶᠠᠪᠤᠳᠠᠯ ᠤᠨ ᠡᠮ ᠡᠮᠨᠡᠯᠭᠡ ᠶᠢᠨ ᠲᠤᠰᠠᠯᠠᠮᠵᠢ ᠦᠵᠡᠭᠦᠯᠬᠦ᠂ ᠬᠦᠨᠳᠦ ᠡᠪᠡᠳᠴᠢᠨ ᠤ ᠬᠤᠳᠠᠯᠳᠤᠭᠠᠨ ᠤ ᠳᠠᠭᠠᠳᠬᠠᠯ ᠢ | ᠬᠤᠳᠠᠯᠳᠤᠨ ᠠᠪᠬᠤ ᠲᠤᠰᠠᠯᠠᠮᠵᠢ ᠦᠵᠡᠭᠦᠯᠬᠦ ᠪᠣᠯᠣᠨ᠎ᠠ᠃ | ᠣᠶᠢᠯᠠᠭᠠᠭᠰᠠᠨ ᠢᠶᠠᠷ᠂ ᠥᠪᠥᠷ ᠮᠣᠩᠭᠤᠯ ᠤᠨ ᠲᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠶ ᠬᠥᠮᠦᠨ | ᠠᠮᠠ ᠳᠤ 78 ᠬᠤᠰᠢᠭᠤ ᠰᠢᠶᠠᠨ ᠨᠢ ᠰᠢᠶᠠᠨ ᠤ ᠬᠡᠪᠴᠢᠶᠡᠨ ᠳᠣᠲᠣᠷ᠎ᠠ ᠪᠠᠨ ᠤᠷᠢᠳᠠᠪᠠᠷ ᠣᠨᠣᠰᠢᠯᠠᠨ | ᠡᠮᠨᠡᠵᠦ ᠳᠠᠷᠠᠭ᠎ᠠ ᠨᠢ ᠵᠠᠷᠤᠳᠠᠯ ᠲᠤᠰᠢᠶᠠᠬᠤ᠂ ︽ᠨᠢᠭᠡ ᠥᠷᠲᠡᠭᠡ ᠮᠠᠶ᠋ᠢᠭ︾ ᠤᠨ ᠲᠡᠰᠦᠯᠦᠨ ᠪᠤᠳᠤᠬᠤ | ᠦᠢᠯᠡᠴᠢᠯᠡᠭᠡ ᠶᠢ ᠣᠯᠭᠤᠵᠤ᠂ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠬᠦᠨᠳᠦ ᠡᠪᠡᠳᠴᠢᠨ ᠳᠤ ᠴᠥᠮ | ᠪᠠᠲᠤᠯᠠᠪᠤᠷᠢ ᠶᠢᠨ ᠰᠠᠭᠤᠷᠢ ᠮᠥᠩᠭᠦ ᠪᠠᠶᠢᠭᠤᠯᠵᠤ᠂ ᠲᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠶ ᠬᠥᠮᠦᠨ | ᠠᠮᠠ ᠶᠢᠨ ᠡᠮᠨᠡᠯᠭᠡ ᠳᠤ ᠰᠠᠭᠤᠭᠰᠠᠨ ᠵᠠᠷᠤᠳᠠᠯ ᠤᠨ ᠬᠤᠪᠢ ᠬᠥᠮᠦᠨ ᠤ ᠥᠪᠡᠷᠲᠡᠭᠡᠨ ᠲᠥᠯᠥᠬᠦ ᠬᠠᠷᠢᠴᠠᠯ ᠢ 10% | ᠶᠢᠨ ᠳᠣᠲᠣᠷ᠎ᠠ ᠡᠵᠡᠮᠳᠡᠵᠡᠢ᠃ ᠣᠳᠣᠬᠠᠨ ᠳᠤ᠂ ᠥᠪᠥᠷ ᠮᠣᠩᠭᠤᠯ ᠨᠢᠭᠡᠨᠲᠡ ᠡᠮ ᠡᠮᠨᠡᠯᠭᠡ ᠶᠢᠨ ᠪᠠᠲᠤᠯᠠᠭ᠎ᠠ ᠶᠢᠨ | ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠠᠩᠬ᠎ᠠ ᠠᠯᠬᠤᠮ ᠪᠠᠶᠢᠭᠤᠯᠵᠤ᠂ ᠦᠨᠳᠦᠰᠦᠨ ᠡᠮ ᠡᠮᠨᠡᠯᠭᠡ ᠶᠢᠨ | ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ᠂ ᠡᠮ ᠡᠮᠨᠡᠯᠭᠡ ᠪᠠᠷ ᠠᠪᠤᠷᠠᠨ ᠲᠤᠰᠠᠯᠠᠬᠤ ᠭᠤᠷᠪᠠᠨ | ᠪᠠᠲᠤᠯᠠᠭ᠎ᠠ ᠶᠢᠨ ᠲᠣᠭᠲᠠᠴᠠ ᠪᠠᠷ ᠭᠤᠣᠯ ᠪᠣᠯᠭᠠᠵᠤ᠂ ᠶᠠᠳᠠᠭᠤ ᠬᠦᠴᠢᠷᠳᠡᠯᠲᠡᠶ ᠡᠪᠡᠳᠴᠢᠲᠡᠨ ᠤ ᠳᠠᠭᠠᠳᠬᠠᠯ ᠳᠤ | ᠣᠷᠣᠯᠴᠠᠨ ᠡᠮᠨᠡᠭᠦᠯᠬᠦ ᠳᠤ ᠤᠯᠡᠠ ᠲᠥᠷᠥ ᠶᠢᠨ ᠪᠣᠳᠣᠯᠭ᠎ᠠ ᠶᠢᠨ ᠵᠣᠯᠭᠠᠭᠤᠯᠬᠤ ᠲᠤᠰᠠᠯᠠᠮᠵᠢ ᠪᠠ ᠪᠠᠲᠤᠯᠠᠭ᠎ᠠ | ᠬᠠᠩᠭᠠᠵᠠᠢ᠃ |