ᠥᠪᠥᠷ ᠮᠣᠩᠭᠤᠯ 8700 ᠭᠠᠷᠤᠢ ᠶᠠᠳᠠᠭᠤ ᠬᠦᠴᠢᠷᠳᠡᠯᠲᠡᠶ ᠬᠥᠮᠦᠨ ᠠᠮᠠ ᠶᠢ ᠳᠡᠮᠵᠢᠨ ᠲᠣᠭᠲᠠᠪᠤᠷᠢᠲᠠᠢ ᠠᠵᠢᠯ ᠣᠯᠭᠤᠪᠡ
ᠨᠡᠶᠢᠲᠡᠯᠡᠭᠰᠡᠨ ᠴᠠᠭ᠄
2018/11/2
     ᠡᠨᠡ ᠵᠢᠯ ᠠᠴᠠ ᠨᠠᠰᠢ ᠥᠪᠥᠷ ᠮᠣᠩᠭᠤᠯ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ᠂ ᠠᠵᠢᠯ ᠤᠨ ᠪᠠᠶᠢᠷᠢ ᠶᠢᠨ ᠨᠡᠬᠡᠬᠡᠯᠲᠡ ᠂ ᠬᠥᠳᠡᠯᠮᠦᠷᠢ ᠦᠢᠯᠡᠴᠢᠯᠡᠭᠡᠨ ᠤ ᠬᠠᠮᠵᠢᠯᠴᠠᠭ᠎ᠠ᠂ ᠠᠵᠢᠯ ᠣᠯᠭᠤᠬᠤ ᠦᠢᠯᠡᠴᠢᠯᠡᠭᠡ ᠵᠡᠷᠭᠡ ᠤᠯᠠᠨ ᠵᠦᠢᠯ ᠤᠨ ᠠᠷᠭ᠎ᠠ ᠬᠡᠮᠵᠢᠶ᠎ᠡ ᠠᠪᠴᠤ ᠪᠠᠶᠢᠭᠠᠳ ᠠᠵᠢᠯ ᠣᠯᠭᠤᠯᠲᠠ ᠪᠠᠷ ᠶᠠᠳᠠᠭᠤ ᠶᠢ ᠲᠡᠳᠬᠦᠬᠦ ᠠᠵᠢᠯ ᠢ ᠲᠦᠯᠬᠢᠨ ᠠᠬᠢᠭᠤᠯᠵᠤ᠂ 8688 ᠨᠡᠷᠡᠰ ᠳᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠢ ᠬᠥᠮᠥᠨ ᠠᠮᠠ ᠶᠢ ᠳᠡᠮᠵᠢᠵᠦ ᠲᠣᠭᠲᠠᠪᠤᠷᠢᠲᠠᠢ ᠠᠵᠢᠯ ᠣᠯᠭᠤᠪᠡ᠃      ᠲᠠᠨᠢᠯᠴᠠᠭᠤᠯᠤᠭᠰᠠᠨ ᠢᠶᠠᠷ᠂ ᠥᠪᠥᠷ ᠮᠣᠩᠭᠤᠯ ᠠᠵᠢᠯ ᠣᠯᠵᠤ ᠦᠢᠯᠡᠰ ᠴᠣᠭᠴᠠᠯᠠᠬᠤ ᠴᠢᠳᠠᠪᠤᠷᠢ ᠲᠠᠢ ᠪᠦᠭᠡᠳ ᠬᠦᠰᠡᠯ ᠡᠷᠡᠮᠡᠯᠵᠡᠯ ᠲᠠᠢ ᠳᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠢ ᠪᠦᠬᠦ ᠡᠷᠦᠬᠡ ᠶᠢ ᠠᠵᠢᠯ ᠣᠯᠭᠤᠯᠲᠠ ᠪᠠᠷ ᠶᠠᠳᠠᠭᠤ ᠶᠢ ᠲᠡᠳᠬᠦᠬᠦ ᠡᠲᠡᠭᠡᠳ ᠢᠶᠠᠷ ᠦᠵᠡᠵᠦ᠂ ᠪᠦᠷᠢᠳᠬᠡᠨ ᠳᠠᠩᠰᠠᠯᠠᠭᠤᠯᠤᠭᠰᠠᠨ ᠳᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠢ ᠡᠷᠦᠬᠡ ᠳᠤ ᠪᠦᠭᠦ ᠲᠠᠯ᠎ᠠ ᠶᠢᠨ ᠨᠡᠶᠢᠳᠡᠮ ᠪᠠᠶᠢᠴᠠᠭᠠᠯᠲᠠ ᠬᠢᠵᠦ᠂ ᠬᠥᠳᠡᠯᠮᠦᠷᠢᠯᠡᠬᠦ ᠴᠢᠳᠠᠪᠤᠷᠢ ᠲᠠᠢ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠰᠠᠭᠤᠷᠢ ᠲᠤᠭ᠎ᠠ ᠶᠢ ᠤᠶᠢᠯᠠᠭᠠᠨ᠂ ᠠᠵᠢᠯ ᠣᠯᠭᠤᠯᠲᠠ ᠪᠠᠷ ᠶᠠᠳᠠᠭᠤ ᠶᠢ ᠲᠡᠳᠬᠦᠬᠦ ᠬᠠᠷᠠᠯᠲᠠ ᠲᠣᠭᠲᠠᠭᠠᠵᠤ᠂ ᠡᠯ᠎ᠡ ᠵᠦᠢᠯ ᠤᠨ ᠠᠵᠢᠯ ᠣᠯᠭᠤᠯᠲᠠ ᠪᠠᠷ ᠶᠠᠳᠠᠭᠤ ᠶᠢ ᠲᠡᠳᠬᠦᠬᠦ ᠡᠭᠦᠷᠭᠡ ᠶᠢ ᠨᠠᠶᠢᠳᠠᠪᠤᠷᠢᠵᠢᠭᠤᠯᠤᠨ ᠪᠡᠶᠡᠯᠡᠭᠦᠯᠦᠭᠰᠡᠨ ᠪᠠᠶᠢᠨ᠎ᠠ᠃ ᠡᠭᠦᠨ ᠤ ᠬᠠᠮᠲᠤ᠂ ᠥᠪᠥᠷ ᠮᠣᠩᠭᠤᠯ ᠤᠨ ᠡᠯ᠎ᠡ ᠬᠤᠰᠢᠭᠤ ᠰᠢᠶᠠᠨ ᠨᠤᠭᠤᠳ ᠠᠵᠢᠯ ᠤᠨ ᠪᠠᠶᠢᠷᠢ ᠶᠢᠨ ᠮᠡᠳᠡᠭᠡ ᠵᠠᠩᠭᠢ ᠶᠢ ᠴᠤᠭᠯᠠᠭᠤᠯᠤᠨ ᠡᠮᠬᠢᠳᠬᠡᠬᠦ ᠪᠠᠨ ᠴᠢᠩᠭᠠᠳᠬᠠᠵᠤ᠂ ᠲᠤᠬᠠᠢ ᠶᠢᠨ ᠭᠠᠵᠠᠷ ᠤᠨ ᠠᠵᠤ ᠠᠬᠤᠶᠢᠯᠠᠯ ᠤᠨ ᠢᠶᠠᠨ ᠠᠵᠢᠯᠲᠠᠨ ᠳᠤᠲᠠᠵᠤ ᠪᠠᠶᠢᠭ᠎ᠠ ᠠᠵᠢᠯ ᠤᠨ ᠪᠠᠶᠢᠷᠢ ᠶᠢ ᠪᠥᠷᠢᠳᠬᠡᠵᠦ ᠲᠥᠷᠥᠯ ᠬᠤᠪᠢᠶᠠᠨ᠂ ᠲᠡᠳᠬᠦᠭᠦᠯᠬᠦ ᠬᠦᠮᠦᠰ ᠤᠨ ᠠᠵᠢᠯ ᠣᠯᠭᠤᠯᠲᠠ ᠳᠤ ᠳᠣᠭᠢᠷᠬᠠᠰᠠᠨ ᠠᠵᠢᠯ ᠤᠨ ᠪᠠᠶᠢᠷᠢ ᠶᠢ ᠰᠢᠯᠢᠨ ᠭᠠᠷᠭᠠᠵᠤ᠂ ᠠᠵᠢᠯ ᠤᠨ ᠪᠠᠶᠢᠷᠢ ᠶᠢᠨ ᠨᠥᠬᠦᠴᠡᠯ ᠳᠤ ᠨᠡᠶᠢᠴᠡᠬᠦ ᠪᠥᠭᠡᠳ ᠠᠵᠤ ᠠᠬᠤᠶᠢᠯᠠᠯ ᠳᠤ ᠬᠦᠷᠴᠦ ᠠᠵᠢᠯᠯᠠᠬᠤ ᠬᠦᠰᠡᠯ ᠡᠷᠡᠮᠡᠯᠵᠡᠯ ᠲᠠᠢ ᠲᠡᠳᠬᠦᠭᠦᠯᠬᠦ ᠬᠦᠮᠦᠰ ᠢ ᠬᠠᠪᠰᠤᠷᠤᠨ ᠠᠵᠤ ᠠᠬᠤᠶᠢᠯᠠᠯ ᠯᠦᠭᠡ ᠬᠠᠷᠢᠴᠠᠭᠤᠯᠵᠤ᠂ ᠠᠵᠢᠯ ᠣᠯᠭᠤᠯᠲᠠ ᠪᠠᠷ ᠲᠤᠰᠠᠯᠠᠮᠵᠢ ᠦᠵᠡᠭᠦᠯᠬᠦ ᠠᠵᠢᠯ ᠢ ᠪᠠᠶᠢᠩᠭᠤᠵᠢᠭᠤᠯᠤᠨ᠂ ᠶᠠᠳᠠᠭᠤ ᠬᠦᠴᠢᠷᠳᠡᠯᠲᠡᠶ ᠬᠥᠮᠦᠨ ᠠᠮᠠ ᠶᠢ ᠣᠶᠢᠷ᠎ᠠ ᠬᠠᠪᠢ ᠲᠤᠬᠠᠶ ᠶᠢᠨ ᠭᠠᠵᠠᠷ ᠲᠤ ᠨᠢ ᠰᠢᠯᠵᠢᠭᠦᠯᠦᠨ ᠠᠵᠢᠯ ᠣᠯᠭᠤᠬᠤ ᠶᠢ ᠠᠬᠢᠭᠤᠯᠪᠠ᠃      ᠥᠪᠥᠷ ᠮᠣᠩᠭᠤᠯ ᠤᠨ ᠡᠯ᠎ᠡ ᠭᠠᠵᠠᠷ ᠣᠷᠣᠨ ᠨᠤᠭᠤᠳ ᠲᠡᠳᠬᠦᠭᠦᠯᠬᠦ ᠬᠦᠮᠦᠰ ᠤᠨ ᠬᠦᠰᠡᠯ ᠡᠷᠡᠮᠡᠯᠵᠡᠯ ᠪᠣᠯᠣᠨ ᠲᠤᠬᠠᠶ ᠶᠢᠨ ᠭᠠᠵᠠᠷ ᠤᠨ ᠠᠵᠤ ᠠᠬᠤᠶᠢᠯᠠᠯ ᠤᠨ ᠠᠵᠢᠯᠲᠠᠨ ᠬᠡᠷᠡᠭᠰᠡᠬᠦ ᠱᠠᠭᠠᠷᠳᠠᠯᠭ᠎ᠠ ᠶᠢ ᠦᠨᠳᠦᠰᠦᠯᠡᠨ᠂ ᠶᠠᠳᠠᠭᠤ ᠬᠦᠴᠢᠷᠳᠡᠯᠲᠡᠢ ᠬᠥᠳᠡᠯᠮᠥᠷᠢᠴᠢᠳ ᠲᠤ ᠬᠠᠨᠳᠤᠯᠭᠠᠲᠤ ᠴᠢᠨᠠᠷ ᠲᠠᠢ ᠪᠠᠷ ᠠᠵᠢᠯ ᠣᠯᠵᠤ ᠦᠶᠯᠡᠰ ᠴᠣᠭᠴᠠᠯᠠᠬᠤ ᠮᠡᠳᠡᠭᠡ ᠵᠠᠩᠭᠢ ᠶᠢᠨ ᠦᠢᠯᠡᠴᠢᠯᠡᠭᠡ ᠬᠦᠷᠲᠡᠭᠡᠬᠦ᠂ ᠠᠵᠢᠯ ᠣᠯᠵᠤ ᠦᠢᠯᠡᠰ ᠴᠣᠭᠴᠠᠯᠠᠬᠤ ᠲᠦᠷᠦ ᠶᠢᠨ ᠪᠤᠳᠤᠯᠭ᠎ᠠ ᠶᠢᠨ ᠵᠥᠪᠯᠡᠯᠭᠡ ᠥᠭᠬᠦ᠂ ᠠᠵᠢᠯ ᠣᠯᠭᠤᠬᠤ ᠵᠢᠯᠤᠭᠤᠳᠤᠯᠭ᠎ᠠ ᠬᠢᠬᠦ᠂ ᠠᠵᠢᠯ ᠮᠡᠷᠭᠡᠵᠢᠯ ᠤᠨ ᠲᠠᠨᠢᠯᠴᠠᠭᠤᠯᠭ᠎ᠠ ᠣᠯᠭᠤᠬᠤ ᠵᠡᠷᠭᠡ ︽ᠨᠢᠭᠡ ᠨᠢᠭᠡ ᠪᠠᠷ ᠬᠠᠷᠢᠴᠠᠬᠤ︾ ᠰᠦᠢᠳᠬᠡᠯ ᠬᠤᠷᠢᠶᠠᠬᠤ ᠦᠭᠡᠢ ᠠᠵᠢᠯ ᠣᠯᠭᠤᠯᠲᠠ ᠶᠢᠨ ᠦᠢᠯᠡᠴᠢᠯᠡᠭᠡᠨ ᠬᠠᠩᠭᠠᠵᠤ᠂ ᠠᠵᠢᠯ ᠣᠯᠭᠤᠬᠤ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠪᠠ ᠠᠵᠢᠯ ᠤᠨ ᠪᠠᠶᠢᠷᠢ ᠳᠤ ᠭᠠᠷᠬᠤ ᠠᠴᠠ ᠡᠮᠦᠨᠡᠬᠢ ᠮᠡᠷᠭᠡᠵᠢᠯ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠭᠤᠯᠤᠯ ᠥᠷᠨᠢᠭᠦᠯᠦᠨ᠂ ᠶᠠᠳᠠᠭᠤ ᠬᠦᠴᠢᠷᠳᠡᠯᠲᠡᠢ ᠬᠡᠷ ᠪᠦᠯᠢ ᠶᠢᠨ ᠪᠦᠷᠢᠯᠳᠦᠬᠦᠨ ᠤ ᠠᠵᠢᠯ ᠤᠯᠬᠤ ᠴᠢᠳᠠᠪᠤᠷᠢ ᠶᠢ ᠨᠢ ᠳᠡᠭᠡᠭᠰᠢᠯᠡᠭᠦᠯᠵᠡᠢ᠃ ᠥᠪᠥᠷ ᠮᠣᠩᠭᠤᠯ ᠦᠶᠯᠡᠰ ᠴᠣᠭᠴᠠᠯᠠᠬᠤ ᠬᠦᠰᠡᠯ ᠡᠷᠡᠮᠡᠯᠵᠡᠯ ᠲᠠᠢ ᠪᠥᠭᠡᠳ ᠦᠶᠯᠡᠰ ᠴᠣᠭᠴᠠᠯᠠᠬᠤ ᠵᠣᠬᠢᠬᠤ ᠨᠥᠬᠦᠴᠡᠯ ᠢ ᠪᠦᠷᠢᠯᠳᠦᠭᠦᠯᠦᠭᠰᠡᠨ ᠲᠡᠳᠬᠦᠭᠦᠯᠬᠦ ᠬᠦᠮᠦᠰ ᠲᠤ᠂ ᠰᠦᠢᠳᠬᠡᠯ ᠬᠤᠷᠢᠶᠠᠬᠤ ᠦᠭᠡᠢ ᠪᠠᠷ ᠦᠢᠯᠡᠰ ᠴᠣᠭᠴᠠᠯᠠᠬᠤ ᠪᠣᠯᠪᠠᠰᠤᠷᠠᠭᠤᠯᠤᠯ ᠬᠢᠬᠦ ᠪᠠ ᠦᠢᠯᠡᠰ ᠴᠣᠭᠴᠠᠯᠠᠬᠤ ᠦᠢᠯᠡᠴᠢᠯᠡᠭᠡ ᠬᠦᠷᠲᠡᠭᠡᠬᠦ ᠵᠡᠷᠭᠡ ᠲᠥᠷᠥ ᠶᠢᠨ ᠪᠣᠳᠣᠯᠭ᠎ᠠ ᠶᠢᠨ ᠳᠡᠮᠵᠢᠯᠭᠡ ᠦᠵᠡᠭᠦᠯᠵᠦ᠂ ᠲᠣᠭᠲᠠᠭᠠᠯ ᠤᠨ ᠨᠥᠬᠦᠴᠡᠯ ᠳᠤ ᠨᠡᠶᠢᠴᠡᠭᠰᠡᠳ ᠲᠤ ᠦᠶᠯᠡᠰ ᠴᠣᠭᠴᠠᠯᠠᠬᠤ ᠲᠠᠭᠠᠭᠠᠯᠳᠠᠳᠤ ᠵᠢᠭᠡᠯᠡᠯᠭᠡ ᠶᠢᠨ ᠳᠠᠮ ᠬᠦᠤ ᠶᠢᠨ ᠳᠡᠮᠵᠢᠯᠭᠡ ᠦᠵᠡᠭᠦᠯᠦᠨ᠂ 2 ᠵᠢᠯ ᠤᠨ ᠬᠤᠭᠤᠴᠠᠭ᠎ᠠ ᠲᠠᠢ ᠪᠦᠭᠡᠳ ᠬᠤᠪᠢ ᠬᠥᠮᠦᠨ ᠤ ᠦᠶᠯᠡᠰ ᠴᠣᠭᠴᠠᠯᠠᠬᠤ ᠵᠢᠭᠡᠯᠡᠯᠭᠡ ᠶᠢ ᠬᠠᠮᠤᠭ ᠤᠨ ᠥᠨᠳᠥᠷ ᠲᠤ ᠪᠠᠨ 10 ᠲᠦᠮᠡᠨ ᠲᠥᠭᠦᠷᠢᠭ ᠠᠴᠠ ᠬᠡᠲᠦᠷᠡᠬᠦ ᠦᠭᠡᠢ ᠪᠠᠶᠢᠬᠤ ᠵᠢᠭᠡᠯᠡᠯᠭᠡ ᠣᠯᠭᠤᠨ ᠲᠣᠭᠲᠠᠭᠠᠯ ᠶᠣᠰᠣᠭᠠᠷ ᠳᠡᠮ ᠬᠦᠦ ᠮᠥᠩᠭᠦ ᠥᠭᠴᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号