ᠮᠠᠨ ᠤ ᠣᠷᠣᠨ 2020 ᠣᠨ ᠠᠴᠠ ᠡᠮᠦᠨ᠎ᠡ ᠰᠤᠷᠭᠠᠭᠤᠯᠢ ᠶᠢᠨ ᠡᠷᠬᠢᠨ ᠲᠣᠭᠤᠷᠢᠨ ᠤ 100 ᠮᠧᠲᠷ ᠤᠨ | ᠬᠡᠪᠴᠢᠶᠡᠨ ᠲᠤᠲᠤᠷᠠᠬᠢ ᠲᠠᠮᠠᠬᠢ ᠵᠢᠵᠢᠭᠯᠡᠨ ᠬᠤᠳᠠᠯᠳᠤᠬᠤ ᠡᠷᠦᠬᠡ ᠶᠢ ᠪᠦᠬᠦᠨ ᠢ ᠴᠡᠪᠡᠷᠯᠡᠵᠦ ᠭᠠᠷᠭᠠᠬᠤ ᠪᠠᠷ | ᠪᠤᠢ᠃ | ᠣᠶᠢᠯᠠᠭᠠᠭᠰᠠᠨ ᠢᠶᠠᠷ᠂ 2017 ᠣᠨ ᠤ ᠡᠴᠦᠰ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ | ᠬᠡᠷᠡᠭᠯᠡᠭᠴᠢᠳ ᠤᠨ ᠨᠡᠶᠢᠭᠡᠮᠯᠢᠭ ᠬᠥᠬᠡᠬᠤᠲᠠ ᠵᠢᠴᠢ ᠡᠷᠬᠢᠨ ᠲᠣᠭᠤᠷᠢᠨ ᠤ ᠠᠶᠢᠮᠠᠭ ᠬᠤᠲᠠ ᠳᠤ ᠲᠠᠮᠠᠬᠢ ᠵᠢᠵᠢᠭᠯᠡᠨ | ᠬᠤᠳᠠᠯᠳᠤᠬᠤ ᠬᠤᠳᠠᠯᠳᠤᠭᠠᠴᠢᠨ ᠨᠠᠰᠤᠨ ᠳᠤ ᠥᠯᠥ ᠬᠦᠷᠦᠭᠰᠡᠳ ᠴᠢᠨᠠᠭᠰᠢᠯᠠᠪᠠᠯ ᠳᠤᠮᠳᠠᠳᠤ ᠪᠠᠭ᠎ᠠ | ᠰᠤᠷᠭᠠᠭᠤᠯᠢ ᠶᠢᠨ ᠰᠤᠷᠤᠭᠴᠢᠳ ᠲᠤ ᠲᠠᠮᠠᠬᠢ ᠬᠤᠳᠠᠯᠳᠤᠨ ᠥᠭᠴᠦ ᠪᠠᠶᠢᠭ᠎ᠠ ᠮᠥᠷᠲᠡᠭᠡᠨ ᠬᠤᠯᠪᠣᠭᠳᠠᠯ ᠪᠦᠬᠦᠢ | ᠬᠠᠤᠯᠢ ᠴᠠᠭᠠᠵᠠ ᠶᠢᠨ ᠱᠠᠭᠠᠷᠳᠠᠯᠭ᠎ᠠ ᠶᠣᠰᠣᠭᠠᠷ ︽ᠨᠠᠰᠤᠨ ᠳᠤ ᠥᠯᠥ ᠭᠦᠷᠦᠭᠰᠡᠳ ᠲᠤ ᠲᠠᠮᠠᠬᠢ ᠦᠯᠦ | ᠬᠤᠳᠠᠯᠳᠤᠵᠤ ᠥᠭᠬᠦ︾ ᠲᠡᠮᠳᠡᠭ ᠢ ᠢᠯᠡ ᠲᠤᠳᠣ ᠭᠠᠵᠠᠷ ᠲᠤ ᠲᠠᠯᠪᠢᠭᠰᠠᠨ ᠦᠭᠡᠢ ᠪᠠᠶᠢᠬᠤ ᠵᠡᠷᠭᠡ ᠪᠠᠶᠢᠳᠠᠯ | ᠣᠷᠣᠰᠢᠵᠤ ᠪᠠᠶᠢᠭ᠎ᠠ ᠶᠢ ᠬᠡᠷᠡᠭᠯᠡᠭᠴᠢᠳ ᠠᠴᠠ ᠢᠯᠡᠴᠢᠯᠡᠨ ᠮᠡᠳᠡᠭᠦᠯᠦᠭᠰᠡᠨ ᠢ ᠣᠯᠵᠤ ᠠᠪᠤᠪᠠ᠃ ᠵᠠᠭᠠᠯᠳᠤᠯᠭ᠎ᠠ ᠶᠢ | ᠬᠦᠯᠢᠶᠡᠨ ᠠᠪᠤᠭᠰᠠᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠬᠡᠷᠡᠭᠯᠡᠭᠴᠢᠳ ᠤᠨ ᠨᠡᠶᠢᠭᠡᠮᠯᠢᠭ ᠤᠨ ᠠᠵᠢᠯᠲᠠᠨ | ᠡᠨᠡ ᠵᠢᠯ ᠤᠨ 4 ᠳ᠋ᠦ᠋ᠭᠡᠷ ᠰᠠᠷ᠎ᠠ ᠳᠤ ᠪᠦᠬᠦ ᠣᠷᠣᠨ ᠤ ᠬᠡᠪᠴᠢᠶᠡᠨ ᠳᠤ ᠲᠤᠬᠠᠶ ᠶᠢᠨ ᠭᠠᠵᠠᠷ ᠲᠤ ᠨᠢ ᠪᠠᠶᠢᠴᠠᠭᠠᠯᠲᠠ | ᠬᠢᠪᠡ᠂ ᠪᠠᠶᠢᠴᠠᠭᠠᠯᠲᠠ ᠶᠢᠨ ᠪᠠᠶᠢᠳᠠᠯ ᠠᠴᠠ ᠦᠵᠡᠪᠡᠯ᠂ ᠪᠥᠬᠦ ᠣᠷᠣᠨ ᠤ ᠡᠯ᠎ᠡ ᠭᠠᠵᠠᠷ ᠲᠤ ᠪᠦᠷ ᠨᠠᠰᠤᠨ ᠳᠤ ᠥᠯᠥ | ᠬᠦᠷᠦᠭᠰᠡᠳ ᠲᠤ ᠨᠠᠪᠴᠢᠨ ᠲᠠᠮᠠᠬᠢ ᠬᠤᠳᠠᠯᠳᠤᠵᠤ ᠪᠠᠶᠢᠭ᠎ᠠ᠂ ︽ᠨᠠᠰᠤᠨ ᠳᠤ ᠥᠯᠥ ᠭᠦᠷᠦᠭᠰᠡᠳ ᠲᠤ ᠲᠠᠮᠠᠬᠢ | ᠦᠯᠦ ᠬᠤᠳᠠᠯᠳᠤᠵᠤ ᠥᠭᠬᠦ︾ ᠲᠡᠮᠳᠡᠭ ᠢ ᠢᠯᠡ ᠲᠣᠳᠣ ᠭᠠᠵᠠᠷ ᠲᠤ ᠲᠠᠯᠪᠢᠭᠰᠠᠨ ᠦᠭᠡᠢ ᠪᠠᠶᠢᠬᠤ ᠵᠡᠷᠭᠡ | ᠠᠰᠠᠭᠤᠳᠠᠯ ᠣᠷᠣᠰᠢᠵᠤ ᠪᠠᠶᠢᠨ᠎ᠠ᠃ ᠭᠡᠷᠡᠴᠢ ᠪᠠᠷᠢᠮᠲᠠ ᠠᠴᠠ ᠭᠡᠷᠡᠴᠢᠯᠡᠭᠰᠡᠨ ᠨᠢ᠄ ᠳᠤᠮᠳᠠᠳᠤ ᠤᠯᠤᠰ ᠤᠨ ᠨᠠᠪᠴᠢᠨ | ᠲᠠᠮᠠᠬᠢᠨ ᠤ ᠶᠡᠷᠦᠩᠬᠡᠶ ᠺᠣᠮᠫᠠᠨᠢ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠺᠣᠮᠫᠠᠨᠢ ᠬᠡᠯᠡᠵᠦ | ᠰᠠᠨᠠᠭᠤᠯᠬᠤ ᠡᠭᠦᠷᠭᠡ ᠪᠠᠨ ᠭᠦᠢᠴᠡᠳᠬᠡᠭᠰᠡᠨ ᠦᠭᠡᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠨᠡᠪᠴᠢᠨ ᠲᠠᠮᠠᠬᠢ ᠶᠢᠨ ᠲᠤᠰᠬᠠᠢ ᠬᠤᠳᠠᠯᠳᠤᠭᠠᠨ ᠤ ᠲᠣᠪᠴᠢᠶ᠎ᠠ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠪᠠᠨ | ᠭᠦᠢᠴᠡᠳᠬᠡᠭᠰᠡᠨ ᠦᠭᠡᠢ ᠪᠠᠶᠢᠨ᠎ᠠ᠃ ᠰᠡᠭᠦᠯᠡᠷ ᠨᠢ᠂ ᠳᠤᠮᠳᠠᠳᠤ ᠤᠯᠤᠰ ᠤᠨ ᠨᠠᠪᠴᠢᠨ ᠲᠠᠮᠠᠬᠢᠨ ᠤ ᠶᠡᠷᠦᠩᠬᠡᠶ | ᠺᠣᠮᠫᠠᠨᠢ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠺᠣᠮᠫᠠᠨᠢ ︽ᠨᠠᠰᠤᠨ ᠳᠤ ᠥᠯᠥ | ᠬᠦᠷᠦᠭᠰᠡᠳ ᠲᠤ ᠲᠠᠮᠠᠬᠢ ᠬᠤᠳᠠᠯᠳᠤᠬᠤ ᠥᠢᠯᠡ ᠠᠵᠢᠯᠯᠠᠭ᠎ᠠ ᠶᠢᠨ ᠬᠢᠨᠠᠯᠲᠠ ᠬᠠᠮᠢᠶᠠᠷᠤᠯᠲᠠ ᠶᠢ ᠤᠯᠠᠮ ᠨᠢᠭᠡ | ᠠᠯᠬᠤᠮ ᠴᠢᠩᠭᠠᠳᠬᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠪᠴᠢᠨ ᠲᠠᠮᠠᠬᠢ | ᠲᠤᠰᠬᠠᠶ ᠬᠤᠳᠠᠯᠳᠤᠬᠤ ᠲᠣᠪᠴᠢᠶᠠᠨ ᠤ ᠪᠠᠴᠢᠮ ᠮᠡᠳᠡᠭᠳᠡᠯ︾ ︵ᠥᠪᠥᠷ ᠲᠠᠮᠠᠬᠢ ᠲᠤᠰᠬᠠᠢ〔2018﹈183 | ᠳ᠋ᠤᠭᠠᠷ ᠲᠣᠭᠠᠲᠤ︶ ᠪᠠᠭᠤᠯᠭᠠᠵᠤ᠂ ᠨᠠᠰᠤᠨ ᠳᠤ ᠤᠢᠯᠦ ᠬᠦᠷᠦᠭᠰᠡᠦᠠ ᠲᠤ ᠨᠠᠪᠴᠢᠨ ᠲᠠᠮᠠᠬᠢ ᠬᠤᠳᠠᠯᠳᠤᠬᠤ | ᠥᠢᠯᠡ ᠠᠵᠢᠯᠯᠠᠭ᠎ᠠ ᠶᠢ ᠬᠢᠨᠠᠨ ᠬᠠᠮᠢᠶᠠᠷᠬᠤ ᠠᠵᠢᠯ ᠤᠨ ᠲᠠᠯ᠎ᠠ ᠪᠠᠷ ᠪᠠᠶᠢᠷᠢᠯᠠᠭᠤᠯᠤᠯᠲᠠ ᠬᠢᠭᠰᠡᠨ ᠪᠠ | ᠨᠠᠷᠢᠯᠢᠬᠵᠢᠭᠤᠯᠪᠠ᠃ ᠪᠦᠬᠦ ᠣᠷᠣᠨ ᠤ ᠡᠯ᠎ᠡ ᠱᠠᠲᠤᠨ ᠤ ᠨᠠᠪᠴᠢᠨ ᠲᠠᠮᠠᠬᠢ ᠲᠤᠰᠬᠠᠶ ᠬᠤᠳᠠᠯᠳᠤᠬᠤ ᠲᠣᠪᠴᠢᠶ᠎ᠠ | ᠨᠠᠰᠤᠨ ᠳᠤ ᠥᠯᠥ ᠬᠦᠷᠦᠭᠰᠡᠳ ᠲᠤ ᠲᠠᠮᠠᠬᠢ ᠬᠤᠳᠠᠯᠳᠤᠬᠤ ᠦᠢᠯᠡ ᠠᠵᠢᠯᠯᠠᠭ᠎ᠠ ᠳᠤ ᠬᠠᠤᠯᠢ ᠶᠣᠰᠣᠭᠠᠷ ᠬᠢᠨᠠᠯᠲᠠ | ᠬᠠᠮᠢᠶᠠᠷᠤᠯᠲᠠ ᠬᠢᠬᠦ ᠬᠡᠷᠡᠭᠲᠡᠢ ᠭᠡᠵᠦ ᠲᠤᠲᠤᠷᠬᠠᠶᠢᠯᠠᠵᠠᠢ᠃ | ᠡᠨᠡ ᠵᠢᠯ ᠤᠨ 10 ᠳ᠋ᠤᠭᠠᠷ ᠰᠠᠷ᠎ᠠ ᠶᠢᠨ ᠳᠤᠮᠳᠠᠴᠢ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠬᠡᠷᠡᠭᠯᠡᠭᠴᠢᠳ ᠤᠨ ᠨᠡᠶᠢᠭᠡᠮᠯᠢᠭ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠪᠴᠢᠨ ᠲᠠᠮᠠᠬᠢ | ᠲᠤᠰᠬᠠᠶ ᠬᠤᠳᠠᠯᠳᠤᠬᠤ ᠲᠣᠪᠴᠢᠶ᠎ᠠ᠂ ᠬᠡᠰᠡᠭ ᠵᠠᠭᠤᠴᠢᠯᠠᠭᠤᠷ ᠲᠠᠢ ᠬᠠᠮᠲᠤᠷᠠᠨ ᠬᠥᠬᠡᠬᠤᠲᠠ᠂ ᠪᠤᠭᠤᠲᠤ ᠬᠤᠳᠠ᠂ | ᠣᠷᠳᠣᠰ ᠬᠤᠲᠠ ᠶᠢᠨ ᠨᠠᠪᠴᠢᠨ ᠲᠠᠮᠠᠬᠢ ᠳᠠᠮᠵᠢᠭᠤᠯᠤᠨ ᠪᠣᠷᠣᠯᠠᠭᠤᠯᠬᠤ ᠬᠤᠳᠠᠯᠳᠤᠭᠠᠴᠢᠨ ᠤ ᠴᠡᠭᠴᠡᠯᠡᠨ | ᠰᠠᠶᠢᠵᠢᠷᠠᠭᠤᠯᠤᠭᠰᠠᠨ ᠪᠠᠶᠢᠳᠠᠯ ᠳᠤ ᠳᠠᠬᠢᠨᠲᠠ ᠪᠣᠳᠠᠲᠤ ᠭᠠᠵᠠᠷ ᠨᠢ ᠪᠠᠶᠢᠴᠠᠭᠠᠯᠲᠠ ᠬᠢᠵᠡᠢ᠃ ᠪᠠᠶᠢᠴᠠᠭᠠᠯᠲᠠ ᠠᠴᠠ | ᠦᠵᠡᠪᠡᠯ᠂ ᠬᠥᠬᠡᠬᠤᠲᠠ ᠪᠤᠭᠤᠲᠤ ᠣᠷᠳᠣᠰ ᠭᠤᠷᠪᠠᠨ ᠭᠠᠵᠠᠷ ᠨᠢᠭᠡᠨᠲᠡ ᠪᠦᠬᠦ ᠲᠠᠯ᠎ᠠ ᠪᠠᠷ ᠴᠡᠭᠴᠡᠯᠡᠨ | ᠰᠠᠶᠢᠵᠢᠷᠠᠭᠤᠯᠤᠯᠲᠠ ᠬᠢᠵᠦ᠂ ᠲᠠᠮᠠᠬᠢ ᠵᠢᠵᠢᠭᠯᠡᠨ ᠬᠤᠳᠠᠯᠳᠤᠬᠤ ᠡᠷᠦᠬᠡ ᠨᠦᠭᠦᠳ ᠡᠵᠡᠩᠨᠡᠯᠲᠡ ᠶᠢᠨ ᠭᠠᠵᠠᠷ ᠤᠨ ᠢᠶᠠᠨ | ᠢᠯᠡ ᠲᠤᠳᠣ ᠪᠠᠶᠢᠷᠢᠨ ᠳᠤ ᠰᠡᠷᠡᠮᠵᠢᠯᠡᠭᠦᠯᠦᠯ ︵ᠦᠭᠡ︶ ᠨᠠᠭᠠᠵᠤ ᠢᠯᠡᠳᠬᠡᠨ᠂ ᠡᠯ᠎ᠡ ᠵᠢᠵᠢᠭᠯᠡᠨ ᠬᠤᠳᠠᠯᠳᠤᠬᠤ | ᠬᠤᠳᠠᠯᠳᠤᠭᠠᠴᠢᠨ ᠨᠠᠰᠤᠨ ᠳᠤ ᠥᠯᠥ ᠬᠥᠷᠥᠭᠰᠡᠳ ᠴᠢᠨᠠᠭᠰᠢᠯᠠᠪᠠᠯ ᠳᠤᠮᠳᠠᠳᠤ ᠪᠠᠭ᠎ᠠ ᠰᠤᠷᠭᠠᠭᠤᠯᠢ ᠶᠢᠨ | ᠰᠤᠷᠤᠭᠴᠢᠳ ᠲᠤ ᠲᠠᠮᠠᠬᠢ ᠬᠤᠳᠠᠯᠳᠤᠨ ᠥᠭᠴᠦ ᠪᠣᠯᠬᠤ ᠦᠭᠡᠢ ᠭᠡᠵᠦ ᠱᠠᠭᠠᠷᠳᠠᠵᠠᠢ᠃ ᠰᠤᠷᠭᠠᠭᠤᠯᠢ ᠶᠢᠨ ᠡᠷᠬᠢᠨ | ᠲᠣᠭᠤᠷᠢᠨ ᠤ 100 ᠮᠧᠲᠷ ᠤᠨ ᠬᠡᠪᠴᠢᠶᠡᠨ ᠳᠠᠬᠢ ᠲᠠᠮᠠᠬᠢ ᠵᠢᠵᠢᠭᠯᠡᠨ ᠬᠤᠳᠠᠯᠳᠤᠬᠤ ᠡᠷᠦᠬᠡ ᠶᠢ ᠴᠡᠪᠡᠷᠯᠡᠭᠰᠡᠨ | ᠪᠦᠭᠡᠳ 2020 ᠣᠨ ᠠᠴᠠ ᠡᠮᠦᠨ᠎ᠡ᠂ ᠪᠦᠬᠦᠨ ᠢ ᠴᠡᠪᠡᠷᠯᠡᠵᠦ ᠭᠠᠷᠭᠠᠬᠤ ᠪᠠᠷ ᠪᠠᠶᠢᠨ᠎ᠠ᠃ ᠣᠲᠣ ᠪᠣᠯᠲᠠᠯ᠎ᠠ᠂ ᠪᠥᠬᠦ | ᠣᠷᠣᠨ ᠳᠤ ᠦᠨᠡᠮᠯᠡᠯ ᠲᠠᠢ ᠵᠢᠵᠢᠭᠯᠡᠨ ᠬᠤᠳᠠᠯᠳᠤᠬᠤ ᠡᠷᠦᠬᠡ 103473 ᠪᠠᠶᠢᠵᠤ᠂ ᠪᠦᠲᠦᠮᠵᠢᠲᠡᠶ 102851 | ᠡᠷᠦᠬᠡ᠂ ᠠᠵᠢᠯ ᠢ ᠨᠢ ᠵᠣᠭᠰᠣᠭᠠᠭᠰᠠᠨ 622 ᠡᠷᠦᠬᠡ᠂ ᠤᠬᠠᠭᠤᠯᠭ᠎ᠠ ᠶᠢᠨ ᠪᠦᠷᠬᠦᠴᠡ ᠶᠢᠨ ᠨᠣᠷᠮ᠎ᠠ 100% | ᠳᠤ ᠬᠦᠷᠴᠡᠢ᠃ ᠦᠨᠡᠮᠯᠡᠯ ᠥᠬᠡᠶ 380 ᠡᠷᠦᠬᠡ ᠶᠢ ᠴᠡᠪᠡᠷᠯᠡᠨ᠂ ᠲᠠᠮᠠᠬᠢ ᠬᠤᠳᠠᠯᠳᠤᠬᠤ 9 ᠠᠤᠲ᠋ᠦ᠋ ᠮᠠᠰᠢᠨ ᠢ | ᠪᠠᠶᠢᠴᠠᠭᠠᠨ ᠬᠤᠷᠢᠶᠠᠭᠰᠠᠨ ᠪᠦᠭᠡᠳ ᠬᠤᠭᠤᠴᠠᠭ᠎ᠠ ᠲᠣᠭᠲᠠᠭᠠᠨ ᠵᠠᠷᠯᠢᠭᠳᠠᠨ ᠵᠠᠯᠠᠷᠠᠭᠤᠯᠬᠤ ᠪᠠᠷ ᠱᠠᠭᠠᠷᠳᠠᠵᠤ᠂ | ᠦᠨᠡᠮᠯᠡᠯ ᠲᠠᠢ ᠡᠷᠦᠬᠡ ᠶᠢᠨ ᠵᠦᠢ ᠶᠣᠰᠣᠨ ᠤ ᠡᠷᠬᠡ ᠠᠰᠢᠭ ᠪᠣᠯᠤᠨ ᠡᠵᠡᠩᠨᠡᠯᠲᠡ ᠶᠢᠨ ᠡᠮᠬᠢ ᠵᠢᠷᠤᠮ ᠢ ᠬᠦᠴᠦᠯᠡᠨ | ᠬᠠᠮᠠᠭᠠᠯᠠᠵᠠᠢ᠃ |