ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ | | 234 ᠳ᠋ᠤᠭᠡᠷ ᠲᠤᠭᠠᠳᠤ | | ︽ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠤᠯᠠᠨ ᠨᠡᠶᠢᠳᠡ ᠶᠢᠨ ᠢᠳᠡᠬᠡᠮᠵᠢ ᠶᠢᠨ ᠮᠡᠳᠡᠭᠡ | ᠵᠠᠩᠬᠢ ᠶᠢᠨ ᠬᠠᠮᠢᠶᠠᠷᠤᠯᠳᠠ ᠶᠢᠨ ᠠᠷᠭ᠎ᠠ︾ ᠶᠢ 2018 ᠤᠨ ᠤ 5 ᠳ᠋ᠤᠭᠠᠷ ᠰᠠᠷ᠎ᠠ ᠶᠢᠨ 11 ᠤ ᠡᠳᠦᠷ | ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠲᠠᠪᠤᠳᠤᠭᠠᠷ ᠤᠳᠠᠭ᠎ᠠ ᠶᠢᠨ ᠪᠠᠶᠢᠩᠭᠤ ᠶᠢᠨ | ᠬᠤᠷᠠᠯ ᠢᠶᠠᠷ ᠬᠢᠨᠠᠨ ᠵᠦᠪᠯᠡᠵᠦ ᠪᠠᠳᠤᠯᠠᠭᠠᠳ᠂ ᠡᠳᠦᠬᠡ ᠨᠡᠶᠢᠳᠡᠯᠡᠪᠡ᠂ 2018 ᠤᠨ ᠤ 8 ᠳ᠋ᠤᠭᠠᠷ ᠰᠠᠷ᠎ᠠ ᠶᠢᠨ | 1 ᠤ ᠡᠳᠦᠷ ᠠᠴᠠ ᠡᠬᠢᠯᠡᠵᠦ ᠬᠡᠷᠡᠭᠵᠢᠬᠦᠯᠦᠨ᠎ᠠ᠃ | | | ᠥᠪᠡᠷᠲᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ | | | 2018 ᠣᠨ ᠤ 6 ᠳ᠋ᠤᠭᠠᠷ ᠰᠠᠷ᠎ᠠ ᠶᠢᠨ 13 ᠤ ᠡᠳᠦᠷ | | | ᠨᠢᠭᠡᠳᠦᠭᠡᠷ ᠪᠦᠯᠦᠭ ᠶᠡᠷᠦᠩᠬᠡᠶ ᠳᠦᠷᠢᠮ | | ᠨᠢᠭᠡᠳᠦᠭᠡᠷ ᠵᠦᠢᠯ ᠤᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠴᠤᠨᠨᠯᠠᠭᠤᠯᠤᠨ ᠨᠡᠶᠢᠯᠡᠬᠦᠯᠬᠦ᠂ | ᠢᠯᠡ ᠨᠡᠶᠢᠳᠡᠯᠡᠬᠦ᠂ ᠬᠡᠷᠡᠭᠯᠡᠬᠦ ᠪᠠ ᠬᠠᠮᠢᠶᠠᠷᠬᠤ ᠠᠵᠢᠯᠯᠠᠭ᠎ᠠ ᠶᠢ ᠵᠢᠷᠤᠮᠵᠢᠭᠤᠯᠵᠦ᠂ ᠨᠡᠶᠢᠬᠡᠮ ᠤᠨ ᠢᠳᠡᠬᠡᠮᠵᠢ ᠶᠢᠨ | ᠰᠢᠰᠲ᠋ᠧᠮᠵᠢ ᠶᠢᠨ ᠪᠠᠶᠢᠭᠤᠯᠤᠯᠳᠠ ᠶᠢ ᠠᠬᠢᠭᠤᠯᠤᠨ᠂ ᠠᠵᠤ ᠠᠬᠤᠶ ᠨᠡᠶᠢᠭᠡᠮ ᠤᠨ ᠬᠥᠭᠵᠢᠯᠲᠡ ᠳᠤ ᠢᠲᠡᠭᠡᠮᠵᠢ ᠶᠢᠨ | ᠰᠠᠶᠢᠨ ᠰᠠᠶᠢᠬᠠᠨ ᠣᠷᠴᠢᠨ ᠨᠥᠬᠦᠴᠡᠯ ᠢ ᠪᠦᠷᠢᠯᠳᠦᠬᠦᠯᠬᠦ ᠶᠢᠨ ᠲᠤᠰᠠᠳᠠ᠂ ᠤᠯᠤᠰ ᠤᠨ ᠬᠤᠯᠪᠣᠭᠳᠠᠯ ᠪᠦᠬᠦᠢ | ᠬᠠᠤᠯᠢ ᠴᠠᠭᠠᠵᠠ᠂ ᠬᠠᠤᠯᠢ ᠲᠤᠨᠨᠳᠠᠭᠠᠯ ᠢ ᠦᠨᠳᠦᠰᠦᠯᠡᠵᠦ᠂ ᠦᠪᠡᠷᠳᠡᠬᠡᠨ ᠵᠠᠰᠠᠬᠤ ᠤᠷᠤᠨ ᠤ ᠪᠤᠳᠠᠳᠠᠢ ᠲᠠᠢ | ᠤᠶᠠᠯᠳᠤᠭᠤᠯᠤᠨ᠂ ᠲᠤᠰ ᠠᠷᠭ᠎ᠠ ᠶᠢ ᠲᠤᠨᠨᠳᠠᠭᠠᠪᠠ᠃ | ᠬᠤᠶᠠᠳᠤᠭᠠᠷ ᠵᠦᠢᠯ ᠦᠪᠡᠷᠳᠡᠬᠡᠨ ᠵᠠᠰᠠᠬᠤ ᠤᠷᠤᠨ ᠤ ᠵᠠᠰᠠᠭ ᠵᠠᠬᠢᠷᠭᠠᠨ ᠤ ᠤᠷᠤᠨ ᠲᠤᠳᠤᠷᠠᠬᠢ ᠤᠯᠠᠨ | ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠴᠤᠨᠨᠯᠠᠭᠤᠯᠤᠨ ᠨᠡᠶᠢᠯᠡᠬᠦᠯᠬᠦ᠂ ᠢᠯᠡ ᠨᠡᠶᠢᠳᠡᠯᠡᠬᠦ᠂ ᠬᠡᠷᠡᠭᠯᠡᠬᠦ ᠪᠠ | ᠬᠠᠮᠢᠶ᠎ᠠ ᠪᠦᠭᠦᠢ ᠬᠠᠮᠢᠶᠠᠷᠤᠯᠳᠠ ᠶᠢᠨ ᠠᠵᠢᠯᠯᠠᠭ᠎ᠠ ᠳᠤ ᠲᠤᠰ ᠠᠷᠭ᠎ᠠ ᠶᠢ ᠲᠤᠬᠢᠷᠠᠭᠤᠯᠤᠨ ᠬᠡᠷᠡᠭᠯᠡᠨ᠎ᠡ᠃ ᠲᠤᠰ | ᠠᠷᠭ᠎ᠠ ᠳᠤ ᠬᠡᠯᠡᠵᠦ ᠪᠠᠶᠢᠭ᠎ᠠ ᠤᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠬᠡᠳᠡᠭ ᠨᠢ ᠲᠦᠷᠦ ᠶᠢᠨ | ᠪᠠᠶᠢᠭᠤᠯᠭ᠎ᠠ ᠵᠢᠴᠢ ᠬᠠᠤᠯᠢ ᠴᠠᠭᠠᠵᠠ ᠬᠠᠤᠯᠢ ᠲᠤᠨᠨᠳᠠᠭᠠᠯ ᠳᠤ ᠡᠷᠬᠡ ᠤᠯᠭᠤᠨᠨᠰᠠᠨ ᠤᠯᠠᠨ ᠨᠡᠶᠢᠳᠡ ᠶᠢᠨ ᠠᠵᠢᠯ | ᠶᠠᠪᠤᠳᠠᠯ ᠢ ᠬᠠᠮᠢᠶᠠᠷᠬᠤ ᠡᠭᠦᠷᠭᠡ ᠴᠢᠳᠠᠪᠤᠷᠢ ᠲᠠᠢ ᠵᠤᠬᠢᠶᠠᠨ ᠪᠠᠶᠢᠭᠤᠯᠤᠯᠳᠠ ᠠᠴᠠ᠂ ᠡᠭᠦᠷᠬᠡ ᠬᠠᠷᠢᠭᠤᠴᠠᠯᠭ᠎ᠠ ᠪᠠᠨ | ᠭᠦᠢᠴᠡᠳᠬᠡᠬᠦ ᠶᠠᠪᠤᠴᠠ ᠳᠤ ᠪᠤᠢ ᠪᠤᠯᠤᠨᠨᠰᠠᠨ ᠢᠷᠬᠡᠨ ᠤ ᠠᠵᠢᠯᠯᠠᠭ᠎ᠠ ᠶᠢᠨ ᠪᠦᠷᠢᠨ ᠴᠢᠳᠠᠪᠤᠷᠢ ᠲᠠᠢ ᠪᠠᠶᠢᠭᠠᠯᠢᠭ | ᠭᠦᠮᠦᠨ᠂ ᠬᠠᠤᠯᠢ ᠶᠢᠨ ᠡᠷᠬᠡᠳᠡᠨ ᠪᠠ ᠬᠠᠤᠯᠢ ᠶᠢᠨ ᠡᠷᠬᠡᠳᠡᠨ ᠤ ᠪᠤᠰᠤ ᠵᠤᠬᠢᠶᠠᠨ ᠪᠠᠶᠢᠭᠤᠯᠤᠯᠳᠠ ︵ᠲᠤᠷᠤᠨᠨᠰᠢ | ᠮᠡᠳᠡᠭᠡ ᠵᠠᠩᠬᠢ ᠶᠢᠨ ᠭᠤᠤᠯ ᠴᠤᠨᠨᠴᠠ ᠬᠡᠵᠦ ᠶᠡᠷᠦᠩᠬᠡᠶᠢᠯᠡᠨ ᠨᠡᠷᠡᠯᠡᠨ᠎ᠠ︶ ᠶᠢᠨ ᠢᠳᠡᠬᠡᠮᠵᠢ ᠶᠢᠨ ᠪᠠᠶᠢᠳᠠᠯ ᠢ | ᠲᠤᠰᠬᠠᠨᠨᠰᠠᠨ ᠲᠤᠭ᠎ᠠ ᠪᠠᠷᠢᠮᠳᠠ ᠪᠠ ᠮᠠᠲ᠋ᠧᠷᠢᠶᠠᠯ ᠢ ᠵᠢᠭᠠᠵᠦ ᠪᠠᠶᠢᠨ᠎ᠠ᠃ | ᠭᠤᠷᠪᠠᠳᠤᠭᠠᠷ ᠵᠦᠢᠯ ᠤᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠴᠤᠨᠨᠯᠠᠭᠤᠯᠤᠨ ᠨᠡᠶᠢᠯᠡᠬᠦᠯᠬᠦ᠂ | ᠢᠯᠡ ᠨᠡᠶᠢᠳᠡᠯᠡᠬᠦ᠂ ᠬᠡᠷᠡᠭᠯᠡᠬᠦ ᠪᠠ ᠬᠠᠮᠢᠶᠠᠷᠬᠤ ᠠᠵᠢᠯᠯᠠᠭ᠎ᠠ ᠨᠢ ᠬᠠᠤᠯᠢ ᠶᠤᠰᠤᠨ ᠤ᠂ ᠠᠮᠤᠷ ᠲᠦᠪᠰᠢᠨ᠂ | ᠪᠤᠰᠤᠳᠴᠢ᠂ ᠲᠦᠪ ᠭᠤᠤᠯᠴᠢ᠂ ᠤᠨᠤᠪᠴᠢᠳᠠᠢ᠂ ᠴᠠᠭ ᠲᠤᠬᠠᠢ ᠳᠤᠨᠢ ᠪᠠᠶᠢᠬᠤ ᠵᠠᠷᠴᠢᠮ ᠢ ᠵᠢᠷᠤᠮᠯᠠᠵᠦ᠂ | ᠤᠯᠤᠰ ᠤᠨ ᠨᠢᠭᠤᠴᠠ᠂ ᠬᠤᠳᠠᠯᠳᠤᠭᠠᠨ ᠤ ᠨᠢᠭᠤᠴᠠ ᠪᠠ ᠬᠤᠪᠢ ᠬᠥᠮᠦᠨ ᠤ ᠨᠢᠭᠤᠴᠠ ᠶᠢ ᠵᠠᠳᠠᠷᠠᠭᠤᠯᠵᠤ ᠪᠣᠯᠬᠤ | ᠦᠭᠡᠢ᠃ | ᠳᠥᠷᠪᠡᠳᠦᠭᠡᠷ ᠵᠦᠢᠯ ᠬᠤᠰᠢᠭᠤ ᠰᠢᠶᠠᠨ ᠤ ᠱᠠᠳᠤᠨ ᠠᠴᠠ ᠲᠡᠬᠡᠭᠰᠢᠬᠢ ᠠᠷᠠᠳ ᠤᠨ ᠵᠠᠰᠠᠭ ᠤᠨ ᠤᠷᠳᠤᠨ ᠨᠢ | ᠤᠯᠠᠨ ᠨᠡᠶᠢᠳᠡ ᠶᠢᠨ ᠢᠳᠡᠬᠡᠮᠵᠢ ᠶᠢᠨ ᠮᠡᠳᠡᠭᠡ ᠵᠠᠩᠬᠢ ᠶᠢᠨ ᠬᠠᠮᠢᠶᠠᠷᠤᠯᠳᠠ ᠶᠢᠨ ᠠᠵᠢᠯ ᠤᠨ ᠵᠤᠬᠢᠴᠠᠭᠤᠯᠬᠤ | ᠲᠤᠨᠨᠳᠠᠴᠠ ᠶᠢ ᠪᠠᠶᠢᠭᠤᠯᠵᠦ᠂ ᠤᠯᠠᠨ ᠨᠡᠶᠢᠳᠡ ᠶᠢᠨ ᠢᠳᠡᠬᠡᠮᠵᠢ ᠶᠢᠨ ᠮᠡᠳᠡᠭᠡ ᠵᠠᠩᠬᠢ ᠶᠢᠨ ᠬᠠᠮᠢᠶᠠᠷᠤᠯᠳᠠ ᠶᠢᠨ | ᠶᠠᠪᠤᠴᠠ ᠳᠠᠬᠢ ᠴᠢᠬᠤᠯᠠ ᠶᠡᠭᠡ ᠠᠰᠠᠭᠤᠳᠠᠯ ᠢ ᠵᠤᠬᠢᠴᠠᠭᠤᠯᠤᠨ ᠰᠶᠢᠳᠪᠦᠷᠢᠯᠡᠬᠦ ᠶᠢᠨ ᠬᠠᠮᠳᠤ᠂ ᠤᠯᠠᠨ ᠨᠡᠶᠢᠳᠡ ᠶᠢᠨ | ᠢᠳᠡᠬᠡᠮᠵᠢ ᠶᠢᠨ ᠮᠡᠳᠡᠭᠡ ᠵᠠᠩᠬᠢ ᠶᠢ ᠴᠤᠨᠨᠯᠠᠭᠤᠯᠵᠦ ᠨᠡᠶᠢᠯᠡᠬᠦᠯᠦᠭᠰᠡᠨ ᠪᠠ ᠬᠡᠷᠡᠭᠯᠡᠭᠰᠡᠨ ᠪᠠᠶᠢᠳᠠᠯ ᠢ ᠲᠤᠰ ᠱᠠᠳᠤᠨ ᠤ | ᠠᠷᠠᠳ ᠤᠨ ᠵᠠᠰᠠᠭ ᠤᠨ ᠤᠷᠳᠤᠨ ᠤ ᠬᠤᠯᠪᠤᠨᠨᠳᠠᠯ ᠪᠦᠭᠦᠢ ᠰᠠᠯᠠᠭ᠎ᠠ ᠮᠦᠴᠢᠷ ᠪᠠ ᠲᠤᠤᠷᠠᠳᠤ ᠨᠢᠬᠡ ᠱᠠᠳᠤᠨ ᠤ | ᠠᠷᠠᠳ ᠤᠨ ᠵᠠᠰᠠᠭ ᠤᠨ ᠤᠷᠳᠤᠨ ᠤ ᠪᠤᠳᠠᠳᠤ ᠠᠮᠵᠢᠯᠳᠠ ᠶᠢ ᠰᠢᠯᠭᠠᠨ ᠬᠢᠨᠠᠬᠤ ᠳᠤ ᠤᠷᠤᠭᠤᠯᠬᠤ ᠬᠡᠷᠡᠭᠳᠡᠢ᠃ | ᠲᠠᠪᠤᠳᠤᠭᠠᠷ ᠵᠦᠢᠯ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠭᠦᠭᠵᠢᠬᠦᠯᠦᠯᠳᠡ | ᠦᠬᠡᠷᠡᠴᠢᠯᠡᠯᠳᠡ ᠶᠢᠨ ᠰᠠᠯᠠᠭ᠎ᠠ ᠮᠦᠴᠢᠷ ᠨᠢ ᠪᠦᠭᠦ ᠤᠷᠤᠨ ᠤ ᠤᠯᠠᠨ ᠨᠡᠶᠢᠳᠡ ᠶᠢᠨ ᠢᠳᠡᠬᠡᠮᠵᠢ ᠶᠢᠨ ᠮᠡᠳᠡᠭᠡ | ᠵᠠᠩᠬᠢ ᠶᠢᠨ ᠬᠠᠮᠢᠶᠠᠷᠤᠯᠳᠠ ᠶᠢᠨ ᠶᠡᠷᠦᠩᠬᠡᠶᠢᠯᠡᠨ ᠵᠤᠬᠢᠴᠠᠭᠤᠯᠬᠤ ᠠᠵᠢᠯ ᠢ ᠬᠠᠷᠢᠭᠤᠴᠠᠵᠦ᠂ ᠲᠡᠭᠦᠨ ᠤ ᠬᠠᠷᠢᠶ᠎ᠠ | ᠪᠦᠭᠦᠢ ᠤᠯᠠᠨ ᠨᠡᠶᠢᠳᠡ ᠶᠢᠨ ᠢᠳᠡᠬᠡᠮᠵᠢ ᠶᠢᠨ ᠮᠡᠳᠡᠭᠡ ᠵᠠᠩᠬᠢ ᠶᠢᠨ ᠠᠵᠢᠯ ᠤᠨ ᠪᠠᠶᠢᠭᠤᠯᠤᠮᠵᠢ ᠨᠢ ᠪᠦᠭᠦ ᠤᠷᠤᠨ ᠤ | ᠤᠯᠠᠨ ᠨᠡᠶᠢᠳᠡ ᠶᠢᠨ ᠢᠳᠡᠬᠡᠮᠵᠢ ᠶᠢᠨ ᠮᠡᠳᠡᠭᠡ ᠵᠠᠩᠬᠢ ᠶᠢ ᠴᠤᠨᠨᠯᠠᠭᠤᠯᠤᠨ ᠨᠡᠶᠢᠯᠡᠬᠦᠯᠬᠦ᠂ ᠡᠮᠬᠢᠯᠡᠨ ᠲᠢᠭᠯᠡᠬᠦ᠂ | ᠪᠤᠯᠪᠠᠰᠤᠷᠠᠭᠤᠯᠬᠤ᠂ ᠢᠯᠡ ᠨᠡᠶᠢᠳᠡᠯᠡᠬᠦ ᠪᠤᠳᠠᠳᠠᠢ ᠠᠵᠢᠯ ᠢ ᠬᠠᠷᠢᠭᠤᠴᠠᠬᠤ ᠬᠡᠷᠡᠭᠳᠡᠢ᠃ | ᠠᠶᠢᠮᠠᠭ ᠤᠨ ᠵᠠᠬᠢᠷᠭ᠎ᠠ᠂ ᠲᠤᠭᠤᠷᠢᠭ ᠪᠠᠶᠢᠭᠤᠯᠤᠨᠨᠰᠠᠨ ᠬᠤᠳᠠ ᠶᠢᠨ ᠠᠷᠠᠳ ᠤᠨ ᠵᠠᠰᠠᠭ ᠤᠨ ᠤᠷᠳᠤᠨ᠂ | ᠬᠤᠰᠢᠭᠤ ᠰᠢᠶᠠᠨ ᠤ ᠱᠠᠳᠤᠨ ᠤ ᠠᠷᠠᠳ ᠤᠨ ᠵᠠᠰᠠᠭ ᠤᠨ ᠤᠷᠳᠤᠨ ᠠᠴᠠ ᠲᠤᠨᠨᠳᠠᠭᠠᠨᠨᠰᠠᠨ ᠤᠯᠠᠨ ᠨᠡᠶᠢᠳᠡ ᠶᠢᠨ | ᠢᠳᠡᠬᠡᠮᠵᠢ ᠶᠢᠨ ᠮᠡᠳᠡᠭᠡ ᠵᠠᠩᠬᠢ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠨᠢ ᠲᠤᠰ ᠵᠠᠰᠠᠭ ᠵᠠᠬᠢᠷᠭᠠᠨ ᠤ | ᠤᠷᠤᠨ ᠲᠤᠳᠤᠷᠠᠬᠢ ᠤᠯᠠᠨ ᠨᠡᠶᠢᠳᠡ ᠶᠢᠨ ᠢᠳᠡᠬᠡᠮᠵᠢ ᠶᠢᠨ ᠮᠡᠳᠡᠭᠡ ᠵᠠᠩᠬᠢ ᠶᠢᠨ ᠬᠠᠮᠢᠶᠠᠷᠤᠯᠳᠠ ᠶᠢᠨ ᠶᠡᠷᠦᠩᠬᠡᠶᠢᠯᠡᠨ | ᠵᠤᠬᠢᠴᠠᠭᠤᠯᠬᠤ ᠠᠵᠢᠯ ᠢ ᠬᠠᠷᠢᠭᠤᠴᠠᠬᠤ ᠬᠡᠷᠡᠭᠳᠡᠢ᠃ | ᠠᠶᠢᠮᠠᠭ ᠤᠨ ᠵᠠᠬᠢᠷᠭ᠎ᠠ᠂ ᠲᠤᠭᠤᠷᠢᠭ ᠪᠠᠶᠢᠭᠤᠯᠤᠨᠨᠰᠠᠨ ᠬᠤᠳᠠ ᠶᠢᠨ ᠠᠷᠠᠳ ᠤᠨ ᠵᠠᠰᠠᠭ ᠤᠨ ᠤᠷᠳᠤᠨ᠂ | ᠬᠤᠰᠢᠭᠤ ᠰᠢᠶᠠᠨ ᠤ ᠱᠠᠳᠤᠨ ᠤ ᠠᠷᠠᠳ ᠤᠨ ᠵᠠᠰᠠᠭ ᠤᠨ ᠤᠷᠳᠤᠨ ᠠᠴᠠ ᠪᠠᠶᠢᠭᠤᠯᠤᠨᠨᠰᠠᠨ ᠪᠤᠶᠤ ᠲᠤᠨᠨᠳᠠᠭᠠᠨᠨᠰᠠᠨ | ᠤᠯᠠᠨ ᠨᠡᠶᠢᠳᠡ ᠶᠢᠨ ᠢᠳᠡᠬᠡᠮᠵᠢ ᠶᠢᠨ ᠮᠡᠳᠡᠭᠡ ᠵᠠᠩᠬᠢ ᠶᠢᠨ ᠠᠵᠢᠯ ᠤᠨ ᠪᠠᠶᠢᠭᠤᠯᠤᠮᠵᠢ ᠨᠢ ᠲᠤᠰ ᠵᠠᠰᠠᠭ ᠵᠠᠬᠢᠷᠭᠠᠨ ᠤ | ᠤᠷᠤᠨ ᠲᠤᠳᠤᠷᠠᠬᠢ ᠤᠯᠠᠨ ᠨᠡᠶᠢᠳᠡ ᠶᠢᠨ ᠢᠳᠡᠬᠡᠮᠵᠢ ᠶᠢᠨ ᠮᠡᠳᠡᠭᠡ ᠵᠠᠩᠬᠢ ᠶᠢ ᠴᠤᠨᠨᠯᠠᠭᠤᠯᠤᠨ ᠨᠡᠶᠢᠯᠡᠬᠦᠯᠬᠦ᠂ | ᠡᠮᠬᠢᠯᠡᠨ ᠲᠢᠭᠯᠡᠬᠦ᠂ ᠪᠤᠯᠪᠠᠰᠤᠷᠠᠭᠤᠯᠬᠤ᠂ ᠢᠯᠡ ᠨᠡᠶᠢᠳᠡᠯᠡᠬᠦ ᠪᠤᠳᠠᠳᠠᠢ ᠠᠵᠢᠯ ᠢ ᠬᠠᠷᠢᠭᠤᠴᠠᠬᠤ ᠬᠡᠷᠡᠭᠳᠡᠢ᠃ | ᠬᠤᠰᠢᠭᠤ ᠰᠢᠶᠠᠨ ᠤ ᠱᠠᠳᠤᠨ ᠠᠴᠠ ᠲᠡᠬᠡᠭᠰᠢᠬᠢ ᠠᠷᠠᠳ ᠤᠨ ᠵᠠᠰᠠᠭ ᠤᠨ ᠤᠷᠳᠤᠨ ᠤ ᠬᠤᠯᠪᠤᠨᠨᠳᠠᠯ ᠪᠦᠭᠦᠢ | ᠰᠠᠯᠠᠭ᠎ᠠ ᠮᠦᠴᠢᠷ ᠨᠢ ᠲᠤᠰ ᠲᠤᠰ ᠤᠨ ᠡᠭᠦᠷᠬᠡ ᠬᠠᠷᠢᠭᠤᠴᠠᠯᠭ᠎ᠠ ᠪᠠᠨ ᠦᠨᠳᠦᠰᠦᠯᠡᠵᠦ᠂ ᠤᠯᠠᠨ ᠨᠡᠶᠢᠳᠡ ᠶᠢᠨ | ᠢᠳᠡᠬᠡᠮᠵᠢ ᠶᠢᠨ ᠮᠡᠳᠡᠭᠡ ᠵᠠᠩᠬᠢ ᠶᠢᠨ ᠬᠠᠮᠢᠶ᠎ᠠ ᠪᠦᠭᠦᠢ ᠬᠠᠮᠢᠶᠠᠷᠤᠯᠳᠠ ᠶᠢᠨ ᠠᠵᠢᠯ ᠢ ᠰᠠᠶᠢᠳᠤᠷ ᠬᠢᠬᠦ ᠬᠡᠷᠡᠭᠳᠡᠢ᠃ | ᠵᠢᠷᠭᠤᠳᠤᠭᠠᠷ ᠵᠦᠢᠯ ᠦᠪᠡᠷᠳᠡᠬᠡᠨ ᠵᠠᠰᠠᠬᠤ ᠤᠷᠤᠨ ᠤ ᠨᠡᠶᠢᠬᠡᠮ ᠤᠨ ᠢᠳᠡᠬᠡᠮᠵᠢ ᠶᠢᠨ ᠮᠡᠳᠡᠭᠡ ᠵᠠᠩᠬᠢ ᠶᠢᠨ | ᠲᠡᠪᠴᠡᠩ ᠪᠤᠯ ᠪᠦᠭᠦ ᠤᠷᠤᠨ ᠤ ᠤᠯᠠᠨ ᠨᠡᠶᠢᠳᠡ ᠶᠢᠨ ᠢᠳᠡᠬᠡᠮᠵᠢ ᠶᠢᠨ ᠮᠡᠳᠡᠭᠡ ᠵᠠᠩᠬᠢ ᠶᠢ ᠴᠤᠨᠨᠯᠠᠭᠤᠯᠤᠨ | ᠨᠡᠶᠢᠯᠡᠬᠦᠯᠬᠦ ᠪᠠ ᠢᠯᠡ ᠨᠡᠶᠢᠳᠡᠯᠡᠬᠦ ᠶᠢᠨ ᠨᠢᠬᠡᠳᠦᠯᠳᠡᠢ ᠲᠡᠪᠴᠡᠩ ᠪᠤᠯᠤᠨ᠎ᠠ᠃ | ᠠᠶᠢᠮᠠᠭ ᠤᠨ ᠵᠠᠬᠢᠷᠭ᠎ᠠ᠂ ᠲᠤᠭᠤᠷᠢᠭ ᠪᠠᠶᠢᠭᠤᠯᠤᠨᠨᠰᠠᠨ ᠬᠤᠳᠠ ᠶᠢᠨ ᠠᠷᠠᠳ ᠤᠨ ᠵᠠᠰᠠᠭ ᠤᠨ ᠤᠷᠳᠤᠨ ᠨᠢ | ᠲᠤᠰ ᠵᠠᠰᠠᠭ ᠵᠠᠬᠢᠷᠭᠠᠨ ᠤ ᠤᠷᠤᠨ ᠳᠠᠬᠢ ᠨᠡᠶᠢᠬᠡᠮ ᠤᠨ ᠢᠳᠡᠬᠡᠮᠵᠢ ᠶᠢᠨ ᠮᠡᠳᠡᠭᠡ ᠵᠠᠩᠬᠢ ᠶᠢᠨ ᠲᠡᠪᠴᠡᠩ ᠤᠨ | ᠪᠠᠶᠢᠭᠤᠯᠤᠯᠳᠠ ᠪᠠᠨ ᠲᠦᠷᠬᠡᠳᠬᠡᠵᠦ᠂ ᠲᠤᠰ ᠵᠠᠰᠠᠭ ᠵᠠᠬᠢᠷᠭᠠᠨ ᠤ ᠤᠷᠤᠨ ᠳᠠᠬᠢ ᠤᠯᠠᠨ ᠨᠡᠶᠢᠳᠡ ᠶᠢᠨ | ᠢᠳᠡᠬᠡᠮᠵᠢ ᠶᠢᠨ ᠮᠡᠳᠡᠭᠡ ᠵᠠᠩᠬᠢ ᠶᠢ ᠨᠢᠬᠡᠳᠦᠯᠳᠡᠢ ᠴᠤᠨᠨᠯᠠᠭᠤᠯᠤᠨ ᠨᠡᠶᠢᠯᠡᠬᠦᠯᠬᠦ ᠪᠠ ᠬᠠᠮᠳᠤ ᠳᠠᠭᠠᠨ ᠭᠦᠷᠳᠡᠬᠦ ᠶᠢ | ᠪᠡᠶᠡᠯᠡᠬᠦᠯᠬᠦ ᠬᠡᠷᠡᠭᠳᠡᠢ᠃ | ᠳᠣᠯᠣᠳᠤᠭᠠᠷ ᠵᠦᠢᠯ ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠲᠠᠪᠴᠠᠩ ᠳᠤ ᠤᠯᠠᠨ ᠨᠡᠶᠢᠲᠡ ᠶᠢᠨ | ᠢᠲᠡᠭᠡᠮᠵᠢ ᠶᠢᠨ ᠮᠡᠳᠡᠭᠡ ᠵᠠᠩᠭᠢ ᠬᠠᠩᠭᠠᠵᠦ ᠦᠭᠭᠦᠭᠰᠡᠨ ᠲᠦᠷᠦ ᠶᠢᠨ ᠪᠠᠶᠢᠭᠤᠯᠭ᠎ᠠ ᠵᠢᠴᠢ ᠬᠠᠤᠯᠢ ᠴᠠᠭᠠᠵᠠ ᠬᠠᠤᠯᠢ | ᠲᠣᠭᠲᠠᠭᠠᠯ ᠠᠴᠠ ᠡᠷᠬᠡ ᠣᠯᠭᠤᠭᠰᠠᠨ ᠤᠯᠠᠨ ᠨᠡᠶᠢᠲᠡ ᠶᠢᠨ ᠠᠵᠢᠯ ᠶᠠᠪᠤᠳᠠᠯ ᠢ ᠬᠠᠮᠢᠶᠠᠷᠬᠤ ᠡᠭᠦᠷᠭᠡ ᠴᠢᠳᠠᠪᠤᠷᠢ ᠲᠠᠢ | ᠵᠣᠬᠢᠶᠠᠨ ᠪᠠᠶᠢᠭᠤᠯᠤᠯᠲᠠ ᠨᠤᠭᠤᠳ ︵ᠳᠣᠷᠣᠭᠰᠢ ᠤᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢ | ᠬᠠᠩᠭᠠᠬᠤ ᠨᠢᠬᠡᠴᠡ ᠬᠡᠵᠦ ᠶᠡᠷᠦᠩᠬᠡᠶᠢᠯᠡᠨ ᠨᠡᠷᠡᠯᠡᠨ᠎ᠠ︶᠂ ᠲᠤᠰ ᠨᠢᠬᠡᠴᠡ ᠶᠢᠨ ᠢᠶᠠᠨ ᠤᠯᠠᠨ ᠨᠡᠶᠢᠳᠡ ᠶᠢᠨ | ᠢᠳᠡᠬᠡᠮᠵᠢ ᠶᠢᠨ ᠮᠡᠳᠡᠭᠡ ᠵᠠᠩᠬᠢ ᠶᠢ ᠲᠡᠮᠳᠡᠭᠯᠡᠬᠦ᠂ ᠬᠠᠮᠠᠭᠠᠯᠠᠬᠤ᠂ ᠮᠡᠳᠡᠬᠦᠯᠦᠨ ᠭᠦᠷᠬᠡᠬᠦ᠂ ᠤᠨᠳᠤᠤ ᠰᠠᠨᠠᠯ ᠲᠠᠢ | ᠪᠠᠶᠢᠭ᠎ᠠ ᠶᠢ ᠨᠢ ᠰᠶᠢᠳᠪᠦᠷᠢᠯᠡᠬᠦ ᠵᠢᠴᠢ ᠮᠡᠳᠡᠭᠡ ᠵᠠᠩᠬᠢ ᠶᠢᠨ ᠠᠮᠤᠷ ᠲᠦᠪᠰᠢᠨ ᠵᠡᠷᠬᠡ ᠲᠠᠯ᠎ᠠ ᠪᠠᠷ ᠬᠢ ᠠᠵᠢᠯ ᠢ | ᠬᠠᠤᠯᠢ ᠶᠤᠰᠤᠭᠠᠷ ᠰᠠᠶᠢᠳᠤᠷ ᠬᠢᠬᠦ ᠬᠡᠷᠡᠭᠳᠡᠢ᠃ | ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠲᠠᠪᠴᠠᠩ ᠠᠴᠠ ᠤᠯᠠᠨ ᠨᠡᠶᠢᠲᠡ ᠶᠢᠨ ᠢᠲᠡᠭᠡᠮᠵᠢ ᠶᠢᠨ | ᠮᠡᠳᠡᠭᠡ ᠵᠠᠩᠭᠢ ᠶᠢ ᠬᠠᠶᠢᠨ ᠯᠠᠪᠯᠠᠬᠤ ᠲᠦᠷᠦ ᠶᠢᠨ ᠪᠠᠶᠢᠭᠤᠯᠭ᠎ᠠ᠂ ᠨᠡᠶᠢᠭᠡᠮ ᠤᠨ ᠪᠦᠯᠬᠦᠮ᠂ ᠢᠳᠡᠬᠡᠮᠵᠢ ᠶᠢᠨ ᠮᠡᠳᠡᠭᠡ | ᠵᠠᠩᠬᠢ ᠴᠤᠨᠨᠯᠠᠭᠤᠯᠵᠦ ᠲᠡᠮᠳᠡᠭᠯᠡᠬᠦ ᠪᠠᠶᠢᠭᠤᠯᠤᠮᠵᠢ ︵ᠳᠣᠷᠣᠭᠰᠢ ᠤᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ | ᠵᠠᠩᠭᠢ ᠶᠢ ᠬᠡᠷᠡᠭᠯᠡᠬᠦ ᠨᠢᠬᠡᠴᠡ ᠭᠡᠵᠦ ᠶᠡᠷᠦᠩᠬᠡᠶᠢᠯᠡᠨ ᠨᠡᠷᠡᠯᠡᠨ᠎ᠡ︶ ᠵᠡᠷᠭᠡ ᠨᠢ᠂ ᠤᠯᠠᠨ ᠨᠡᠶᠢᠲᠡ ᠶᠢᠨ ᠢᠲᠡᠭᠡᠮᠵᠢ ᠶᠢᠨ | ᠮᠡᠳᠡᠭᠡ ᠵᠠᠩᠭᠢ ᠶᠢ ᠬᠠᠶᠢᠨ ᠯᠠᠪᠯᠠᠬᠤ᠂ ᠬᠡᠷᠡᠭᠯᠡᠬᠦ ᠪᠠ ᠬᠠᠮᠠᠭᠠᠯᠠᠬᠤ ᠠᠵᠢᠯᠯᠠᠭ᠎ᠠ ᠶᠢ ᠬᠠᠤᠯᠢ ᠶᠤᠰᠤᠭᠠᠷ ᠦᠷᠨᠢᠬᠦᠯᠵᠦ᠂ | ᠮᠡᠳᠡᠭᠡ ᠵᠠᠩᠭᠢ ᠶᠢᠨ ᠭᠤᠣᠯ ᠴᠣᠭᠴᠠ ᠶᠢᠨ ᠬᠢᠨ ᠤ ᠮᠡᠳᠡᠭᠡ ᠵᠠᠩᠭᠢ ᠶᠢᠨ ᠠᠮᠤᠷ ᠲᠦᠪᠰᠢᠨ ᠢ ᠬᠠᠮᠠᠭᠠᠯᠠᠬᠤ | ᠬᠡᠷᠡᠭᠳᠡᠢ᠃ | ᠨᠠᠢᠮᠠᠳᠤᠭᠠᠷ ᠵᠦᠢᠯ ᠲᠦᠷᠦ ᠶᠢᠨ ᠪᠠᠶᠢᠭᠤᠯᠭ᠎ᠠ ᠵᠢᠴᠢ ᠠᠵᠢᠯᠳᠠᠳ ᠨᠢ ᠬᠠᠤᠯᠢ ᠶᠣᠰᠣᠭᠠᠷ ᠡᠭᠦᠷᠬᠡ | ᠬᠠᠷᠢᠭᠤᠴᠠᠯᠭ᠎ᠠ ᠪᠠᠨ ᠭᠦᠢᠴᠡᠳᠬᠡᠵᠦ᠂ ᠬᠠᠤᠯᠢ ᠶᠢ ᠰᠠᠬᠢᠵᠦ ᠬᠡᠷ᠎ᠡ ᠶᠢ ᠭᠦᠢᠴᠡᠳᠬᠡᠬᠦ ᠦᠵᠡᠯ ᠤᠬᠠᠮᠰᠠᠷ ᠢᠶᠠᠨ | ᠴᠢᠩᠭᠠᠳᠬᠠᠨ᠂ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠳᠤ ᠵᠢᠱᠢᠶ᠎ᠡ ᠦᠵᠡᠬᠦᠯᠵᠦ ᠦᠯᠢᠭᠡᠷ | ᠳᠠᠭᠤᠷᠢᠶᠠᠯ ᠪᠣᠯᠬᠤ ᠦᠢᠯᠡᠳᠦᠯ ᠢᠶᠠᠨ ᠪᠠᠳᠠᠷᠠᠭᠤᠯᠬᠤ ᠬᠡᠷᠡᠭᠲᠡᠶ᠃ ᠨᠡᠶᠢᠬᠡᠮ ᠤᠨ ᠨᠡᠶᠢᠳᠡ ᠤᠯᠠᠨ ᠢᠶᠠᠷ ᠢᠶᠠᠨ ᠡᠷᠬᠡᠪᠰᠢ | ᠬᠤᠯᠪᠤᠨᠨᠳᠠᠯ ᠪᠦᠭᠦᠢ ᠬᠠᠤᠯᠢ ᠴᠠᠭᠠᠵᠠ᠂ ᠬᠠᠤᠯᠢ ᠲᠤᠨᠨᠳᠠᠭᠠᠯ᠂ ᠲᠤᠨᠨᠳᠠᠭᠠᠯ ᠲᠦᠷᠢᠮ ᠢ ᠵᠢᠷᠤᠮᠯᠠᠨ ᠰᠠᠬᠢᠵᠦ᠂ | ᠬᠡᠷ᠎ᠡ ᠶᠢ ᠭᠦᠢᠴᠡᠳᠬᠡᠵᠦ ᠠᠮᠠᠯᠬᠠᠰᠠᠨ ᠳᠠᠭᠠᠨ ᠭᠦᠷᠬᠦ᠂ ᠦᠨᠡᠨᠴᠢ ᠢᠳᠡᠬᠡᠯ ᠲᠠᠢ ᠪᠠᠶᠢᠬᠤ ᠶᠢ ᠪᠦᠭᠦ ᠠᠷᠠᠳ ᠤᠨ | ᠤᠬᠠᠮᠰᠠᠷᠳᠤ ᠠᠵᠢᠯᠯᠠᠭᠠᠨ ᠤ ᠵᠢᠷᠤᠮᠵᠢᠯ ᠪᠤᠯᠭᠠᠬᠤ ᠬᠡᠷᠡᠭᠳᠡᠢ᠃ | ᠶᠢᠰᠦᠳᠦᠭᠡᠷ ᠵᠦᠢᠯ ᠲᠦᠷᠦ ᠶᠢᠨ ᠪᠠᠶᠢᠭᠤᠯᠭ᠎ᠠ᠂ ᠠᠵᠢᠯ ᠲᠦᠷᠦᠯ ᠤᠨ ᠨᠡᠶᠢᠭᠡᠮᠯᠢᠭ᠂ ᠠᠵᠤ ᠠᠬᠤᠶᠢᠯᠠᠯ᠂ | ᠰᠤᠷᠭᠠᠭᠤᠯᠢ᠂ ᠦᠨᠳᠦᠰᠦᠨ ᠱᠠᠲᠤᠨ ᠤ ᠤᠯᠠᠨ ᠲᠦᠮᠡᠨᠴᠢ ᠴᠢᠨᠠᠷᠲᠠᠶ ᠦᠪᠡᠰᠦᠪᠡᠨ ᠵᠠᠰᠠᠬᠤ ᠵᠣᠬᠢᠶᠠᠨ | ᠪᠠᠶᠢᠭᠤᠯᠤᠯᠲᠠ ᠵᠡᠷᠭᠡ ᠨᠢᠬᠡᠴᠡ ᠨᠦᠭᠦᠳ ᠤᠯᠠᠨ ᠨᠡᠶᠢᠲᠡ ᠶᠢᠨ ᠢᠳᠡᠬᠡᠮᠵᠢ ᠶᠢᠨ ᠲᠠᠯ᠎ᠠ ᠪᠠᠷ ᠤᠬᠠᠭᠤᠯᠬᠤ᠂ | ᠲᠦᠬᠡᠮᠡᠯᠵᠢᠬᠦᠯᠬᠦ ᠠᠵᠢᠯ ᠢ ᠦᠷᠨᠢᠬᠦᠯᠬᠦ ᠬᠡᠷᠡᠭᠳᠡᠢ᠃ ᠡᠯ᠎ᠡ ᠨᠢᠭᠡᠴᠡ ᠶᠢᠨ ᠬᠢᠨ ᠤ ᠢᠲᠡᠭᠡᠮᠵᠢ ᠶᠢᠨ ᠬᠠᠮᠢᠶᠠᠷᠤᠯᠲᠠ ᠪᠠ | ᠬᠥᠮᠦᠵᠢᠯ ᠤᠨ ᠲᠦᠷᠢᠮ ᠪᠠᠶᠢᠭᠤᠯᠬᠤ ᠶᠢ ᠵᠤᠷᠢᠨᠨᠵᠢᠭᠤᠯᠤᠨ᠂ ᠢᠲᠡᠭᠡᠮᠵᠢ ᠶᠢᠨ ᠲᠠᠯ᠎ᠠ ᠪᠠᠷ ᠬᠢ ᠮᠡᠳᠡᠯᠭᠡ ᠶᠢᠨ | ᠪᠤᠯᠪᠠᠰᠤᠷᠠᠭᠤᠯᠤᠯ ᠪᠠ ᠦᠨᠡᠨᠴᠢ ᠢᠳᠡᠬᠡᠮᠵᠢ ᠲᠠᠢ ᠪᠠᠶᠢᠬᠤ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠥᠷᠨᠢᠭᠦᠯᠵᠦ᠂ | ᠨᠢᠬᠡᠴᠡ ᠶᠢᠨ ᠬᠢᠨ ᠤ ᠢᠳᠡᠬᠡᠮᠵᠢ ᠶᠢᠨ ᠰᠤᠶᠤᠯ ᠢ ᠪᠤᠶᠢᠵᠢᠭᠤᠯᠬᠤ ᠬᠡᠷᠡᠭᠳᠡᠢ᠃ | ᠠᠷᠪᠠᠳᠤᠭᠠᠷ ᠵᠦᠢᠯ ᠷᠠᠳᠢᠤ᠋᠂ ᠲᠧᠯᠸᠢᠰ᠂ ᠰᠣᠨᠢᠨ ᠰᠡᠳᠬᠦᠯ ᠪᠠ ᠰᠢᠨ᠎ᠡ ᠵᠠᠭᠤᠴᠢᠯᠠᠭᠤᠷ ᠵᠡᠷᠭᠡ ᠨᠢ ᠶᠠᠷᠢᠶ᠎ᠠ | ᠬᠡᠯᠡᠯᠴᠡᠭᠡᠨ ᠢᠶᠠᠷ ᠤᠬᠠᠭᠤᠯᠵᠦ ᠬᠥᠲᠥᠯᠥᠨ ᠵᠢᠯᠣᠭᠤᠳᠬᠤ ᠦᠢᠯᠡᠳᠦᠯ ᠢᠶᠠᠨ ᠪᠠᠳᠠᠷᠠᠭᠤᠯᠵᠦ᠂ ᠦᠨᠡᠨᠴᠢ | ᠢᠳᠡᠬᠡᠮᠵᠢ ᠲᠠᠢ ᠪᠠᠶᠢᠬᠤ ᠰᠣᠶᠣᠯ ᠪᠠ ᠭᠡᠷ᠎ᠡ ᠶᠢᠨ ᠵᠣᠷᠢᠭ ᠰᠠᠨᠠᠭ᠎ᠠ ᠶᠢ ᠪᠠᠳᠠᠷᠠᠭᠤᠯᠬᠤ ᠬᠡᠷᠡᠭᠲᠡᠶ᠃ | | ᠬᠤᠶᠠᠳᠤᠭᠠᠷ ᠪᠦᠯᠦᠭ ᠮᠡᠳᠡᠭᠡ ᠵᠠᠩᠭᠢ ᠶᠢ ᠴᠤᠭᠯᠠᠭᠤᠯᠤᠨ ᠨᠡᠶᠢᠯᠡᠬᠦᠯᠬᠦ | | ᠠᠷᠪᠠᠨ ᠨᠢᠭᠡᠳᠦᠭᠡᠷ ᠵᠦᠢᠯ ᠤᠯᠠᠨ ᠨᠡᠶᠢᠲᠡ ᠶᠢᠨ ᠢᠳᠡᠬᠡᠮᠵᠢ ᠶᠢᠨ ᠮᠡᠳᠡᠭᠡ ᠵᠠᠩᠭᠢ ᠳᠤ ᠮᠡᠳᠡᠭᠡ ᠵᠠᠩᠬᠢ ᠶᠢᠨ | ᠭᠤᠣᠯ ᠴᠣᠭᠴᠠ ᠶᠢᠨ ᠦᠨᠳᠦᠰᠦᠨ ᠮᠡᠳᠡᠭᠡ ᠵᠠᠩᠭᠢ᠂ ᠨᠦᠯᠦᠬᠡ ᠮᠠᠭᠤᠳᠠᠢ ᠮᠡᠳᠡᠭᠡ ᠵᠠᠩᠭᠢ ᠪᠠ ᠨᠦᠯᠦᠬᠡ ᠰᠠᠶᠢᠳᠠᠢ | ᠮᠡᠳᠡᠭᠡ ᠵᠠᠩᠭᠢ ᠪᠠᠭᠳᠠᠨ᠎ᠠ᠃ | ᠠᠷᠪᠠᠨ ᠬᠤᠶᠠᠳᠤᠭᠠᠷ ᠵᠦᠢᠯ ᠬᠠᠤᠯᠢ ᠶᠢᠨ ᠡᠷᠬᠡᠳᠡᠨ ᠪᠠ ᠬᠠᠤᠯᠢ ᠶᠢᠨ ᠡᠷᠬᠡᠲᠡᠨ ᠤ ᠪᠤᠰᠤ ᠵᠣᠬᠢᠶᠠᠨ | ᠪᠠᠶᠢᠭᠤᠯᠤᠯᠲᠠ ᠶᠢᠨ ᠦᠨᠳᠦᠰᠦᠨ ᠮᠡᠳᠡᠭᠡ ᠵᠠᠩᠭᠢ ᠳᠤ ᠳᠣᠣᠷᠠᠬᠢ ᠠᠭᠤᠯᠭ᠎ᠠ ᠪᠠᠭᠳᠠᠨ᠎ᠠ᠄ | ︵ᠨᠢᠭᠡ︶ ᠨᠡᠷᠡᠶᠢᠳᠦᠯ᠂ ᠬᠠᠤᠯᠢ ᠪᠠᠷ ᠲᠣᠭᠲᠠᠭᠠᠭᠰᠠᠨ ᠲᠦᠯᠦᠬᠡᠯᠡᠬᠦ ᠭᠦᠮᠦᠨ ᠪᠤᠶᠤ ᠬᠠᠷᠢᠭᠤᠴᠠᠯᠭᠠᠲᠠᠨ᠂ | ᠨᠡᠶᠢᠬᠡᠮ ᠤᠨ ᠢᠳᠡᠬᠡᠮᠵᠢ ᠶᠢᠨ ᠨᠢᠭᠡᠳᠦᠯᠲᠡᠶ ᠤᠷᠤᠯᠠᠬᠤ ᠺᠤᠳ᠋ ᠵᠡᠷᠭᠡ ᠲᠡᠮᠳᠡᠭᠯᠡᠨ ᠲᠠᠩᠰᠠᠯᠠᠭᠤᠯᠤᠨᠨᠰᠠᠨ ᠮᠡᠳᠡᠭᠡ | ᠵᠠᠩᠬᠢ︔ | ︵ᠬᠤᠶᠠᠷ︶ ᠬᠡᠷᠡᠭ ᠮᠡᠳᠡᠭᠴᠢ᠂ ᠬᠢᠨᠠᠯᠳᠠ ᠲᠠᠯᠪᠢᠨᠨᠴᠢ ᠪᠠ ᠳᠡᠭᠡᠳᠦ ᠵᠡᠷᠭᠡ ᠶᠢᠨ ᠬᠠᠮᠢᠶᠠᠷᠤᠨᠨᠴᠢᠳ ᠤᠨ | ᠦᠨᠳᠦᠰᠦᠨ ᠮᠡᠳᠡᠭᠡ ᠵᠠᠩᠭᠢ︔ | ︵ᠭᠤᠷᠪᠠ︶ ᠵᠠᠰᠠᠭ ᠵᠠᠬᠢᠷᠭᠠᠨ ᠤ ᠵᠥᠪᠰᠢᠶᠡᠷᠡᠯ ᠤᠨ ᠮᠡᠳᠡᠭᠡ ᠵᠠᠩᠭᠢ︔ | ︵ᠳᠦᠷᠪᠡ︶ ᠨᠡᠷᠡᠳᠬᠦᠨ᠂ ᠦᠢᠯᠡᠴᠢᠯᠡᠭᠡ᠂ ᠬᠠᠮᠢᠶᠠᠷᠤᠯᠲᠠ ᠶᠢᠨ ᠰᠢᠰᠲ᠋ᠧᠮᠵᠢ ᠶᠢᠨ ᠤᠯᠤᠨᠨᠰᠠᠨ ᠦᠨᠡᠮᠰᠢᠨ | ᠬᠡᠷᠡᠴᠢᠯᠡᠬᠦᠯᠦᠭᠰᠡᠨ ᠪᠠ ᠵᠦᠪᠰᠢᠶᠡᠷᠡᠬᠦᠯᠦᠭᠰᠡᠨ ᠮᠡᠳᠡᠭᠡ ᠵᠠᠩᠬᠢ︔ | ︵ᠲᠠᠪᠤ︶ ᠣᠨ ᠤ ᠪᠠᠶᠢᠴᠠᠭᠠᠯᠲᠠ᠂ ᠤᠨ ᠤ ᠬᠢᠨᠠᠨ ᠪᠠᠶᠢᠴᠠᠭᠠᠯᠲᠠ᠂ ᠰᠢᠯᠭᠠᠨ ᠪᠠᠶᠢᠴᠠᠭᠠᠯᠲᠠ᠂ ᠬᠢᠵᠢᠭ ᠤᠨ | ᠪᠠᠶᠢᠴᠠᠭᠠᠯᠳᠠ ᠵᠢᠴᠢ ᠪᠦᠷᠢᠳᠬᠡᠨ ᠲᠠᠩᠰᠠᠯᠠᠭᠤᠯᠤᠨᠨᠰᠠᠨ ᠮᠡᠳᠡᠭᠡ ᠵᠠᠩᠬᠢ︔ | ︵ᠵᠢᠷᠭᠤᠭ᠎ᠠ︶ ᠬᠠᠤᠯᠢ ᠴᠠᠭᠠᠵᠠ᠂ ᠬᠠᠤᠯᠢ ᠲᠣᠭᠲᠠᠭᠠᠯ᠂ ᠲᠤᠨᠨᠳᠠᠭᠠᠯ ᠲᠦᠷᠢᠮ ᠳᠤ ᠲᠣᠭᠲᠠᠭᠠᠭᠰᠠᠨ | ᠪᠤᠰᠤᠳ ᠦᠨᠳᠦᠰᠦᠨ ᠮᠡᠳᠡᠭᠡ ᠵᠠᠩᠭᠢ᠃ | ᠠᠷᠪᠠᠨ ᠭᠤᠷᠪᠠᠳᠤᠭᠠᠷ ᠵᠦᠢᠯ ᠬᠠᠤᠯᠢ ᠶᠢᠨ ᠡᠷᠬᠡᠳᠡᠨ ᠪᠠ ᠬᠠᠤᠯᠢ ᠶᠢᠨ ᠡᠷᠬᠡᠲᠡᠨ ᠤ ᠪᠤᠰᠤ ᠵᠣᠬᠢᠶᠠᠨ | ᠪᠠᠶᠢᠭᠤᠯᠤᠯᠲᠠ ᠶᠢᠨ ᠨᠦᠯᠦᠬᠡ ᠮᠠᠭᠤᠳᠠᠢ ᠮᠡᠳᠡᠭᠡ ᠵᠠᠩᠭᠢ ᠳᠤ ᠳᠣᠣᠷᠠᠬᠢ ᠠᠭᠤᠯᠭ᠎ᠠ ᠪᠠᠭᠲᠠᠨ᠎ᠠ᠄ | ︵ᠨᠢᠭᠡ︶ ᠭᠠᠶᠢᠯᠢ ᠶᠢᠨ ᠵᠣᠭᠤᠰ᠂ ᠨᠡᠶᠢᠭᠡᠮ ᠤᠨ ᠳᠠᠭᠠᠳᠬᠠᠯ ᠤᠨ ᠵᠠᠷᠤᠳᠠᠯ ᠢᠶᠠᠨ ᠲᠤᠳᠠᠭᠤ ᠲᠤᠰᠢᠶ᠋ᠬᠠᠰᠠᠨ | ᠮᠡᠳᠡᠭᠡ ᠵᠠᠩᠭᠢ︔ | ︵ᠬᠤᠶᠠᠷ︶ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠬᠤᠷᠢᠶ᠋ᠬᠠᠰᠠᠨ ᠰᠦᠢᠳᠬᠡᠯ᠂ ᠵᠠᠰᠠᠭ ᠤᠨ | ᠣᠷᠳᠣᠨ ᠤ ᠴᠢᠨᠠᠷᠲᠠᠶ ᠰᠠᠭᠤᠷᠢ ᠮᠦᠩᠭᠦ ᠪᠠᠨ ᠲᠤᠳᠠᠭᠤ ᠲᠤᠰᠢᠶ᠋ᠬᠠᠰᠠᠨ ᠮᠡᠳᠡᠭᠡ ᠵᠠᠩᠭᠢ︔ | ︵ᠭᠤᠷᠪᠠ︶ ᠬᠠᠭᠤᠷᠴᠤ ᠮᠡᠬᠡᠯᠡᠬᠦ᠂ ᠬᠡᠭᠡᠯᠢ ᠲᠦᠯᠬᠢᠬᠦ ᠵᠡᠷᠭᠡ ᠲᠥᠪ ᠪᠤᠰᠤ ᠠᠷᠭ᠎ᠠ ᠪᠠᠷᠢᠯ ᠢᠶᠠᠷ ᠤᠯᠤᠨᠨᠰᠠᠨ | ᠵᠠᠰᠠᠭ ᠵᠠᠬᠢᠷᠭᠠᠨ ᠤ ᠵᠥᠪᠰᠢᠶᠡᠷᠡᠯ᠂ ᠵᠠᠰᠠᠭ ᠵᠠᠬᠢᠷᠭᠠᠨ ᠤ ᠮᠠᠭᠠᠳᠯᠠᠯ᠂ ᠵᠠᠰᠠᠭ ᠵᠠᠬᠢᠷᠭᠠᠨ ᠤ ᠣᠯᠭᠤᠨ ᠦᠭᠭᠦᠯᠳᠡ᠂ | ᠵᠠᠰᠠᠭ ᠵᠠᠬᠢᠷᠭᠠᠨ ᠤ ᠱᠠᠩᠨᠠᠯ ᠬᠥᠬᠢᠭᠦᠯᠦᠯ ᠤᠨ ᠮᠡᠳᠡᠭᠡ ᠵᠠᠩᠭᠢ︔ | ︵ᠳᠥᠷᠪᠡ︶ ᠮᠡᠳᠡᠭᠳᠡᠬᠦ ᠠᠮᠠᠯᠠᠯᠳᠠ ᠶᠢᠨ ᠲᠥᠷᠢᠮ ᠢ ᠵᠦᠷᠢᠴᠡᠭᠰᠡᠨ ᠮᠡᠳᠡᠭᠡ ᠵᠠᠩᠭᠢ︔ | ︵ᠲᠠᠪᠤ︶ ᠡᠩ ᠤᠨ ᠲᠡᠰ ᠲᠠᠷᠠᠭᠠᠯᠠᠯ ᠳᠤ ᠲᠤᠬᠢᠷᠠᠭᠤᠯᠤᠨ ᠬᠡᠷᠡᠭᠯᠡᠬᠦ ᠪᠠᠷ ᠭᠠᠷᠭᠠᠨᠨᠰᠠᠨ ᠵᠠᠰᠠᠭ ᠵᠠᠬᠢᠷᠭᠠᠨ ᠤ | ᠰᠢᠳᠬᠡᠯ ᠲᠤᠷᠭᠠᠭᠤᠯᠢ ᠶᠢᠨ ᠮᠡᠳᠡᠭᠡ ᠵᠠᠩᠬᠢ᠂ ᠵᠠᠰᠠᠭ ᠵᠠᠬᠢᠷᠭᠠᠨ ᠤ ᠠᠯᠪᠠᠳᠠᠯᠭ᠎ᠠ ᠶᠢᠨ ᠮᠡᠳᠡᠭᠡ ᠵᠠᠩᠬᠢ︔ | ︵ᠵᠢᠷᠭᠤᠭ᠎ᠠ︶ ᠰᠢᠭᠦᠨ ᠲᠠᠰᠤᠯᠤᠯᠲᠠ᠂ ᠬᠢᠨᠠᠨ ᠲᠠᠰᠤᠯᠤᠯᠳᠠ ᠵᠡᠷᠭᠡ ᠬᠦᠴᠦᠨ ᠲᠠᠢ ᠪᠣᠯᠤᠭᠰᠠᠨ ᠬᠠᠤᠯᠢ | ᠴᠠᠭᠠᠵᠠ ᠶᠢᠨ ᠪᠢᠴᠢᠭ ᠬᠠᠷ᠎ᠠ ᠶᠢ ᠭᠦᠢᠴᠡᠳᠬᠡᠬᠦ ᠦᠭᠡᠢ ᠮᠡᠳᠡᠭᠡ ᠵᠠᠩᠭᠢ︔ | ︵ᠲᠤᠯᠤᠭ᠎ᠠ︶ ᠬᠢᠨᠠᠯᠳᠠ ᠬᠠᠮᠢᠶᠠᠷᠤᠯᠳᠠ ᠶᠢᠨ ᠰᠠᠯᠠᠭ᠎ᠠ ᠮᠥᠴᠢᠷ ᠠᠴᠠ ᠠᠵᠢᠯ ᠲᠦᠷᠦᠯ ᠳᠤ ᠤᠷᠤᠬᠤ ᠶᠢ ᠨᠢ | ᠴᠠᠭᠠᠵᠠᠯᠠᠬᠤ ᠪᠠᠷ ᠰᠢᠳᠬᠡᠭᠳᠡᠭᠰᠡᠨ ᠮᠡᠳᠡᠭᠡ ᠵᠠᠩᠭᠢ︔ | ︵ᠨᠠᠢᠮᠠ︶ ᠬᠢᠨᠠᠯᠳᠠ ᠬᠠᠮᠢᠶᠠᠷᠤᠯᠳᠠ ᠶᠢᠨ ᠰᠠᠯᠠᠭ᠎ᠠ ᠮᠥᠴᠢᠷ ᠠᠴᠠ ᠬᠡᠪ ᠤᠨ ᠪᠤᠰᠤ ᠡᠵᠡᠩᠨᠡᠯᠲᠡ ᠶᠢᠨ | ᠨᠡᠷᠡᠰ ᠢᠶᠠᠷ ᠵᠢᠨᠨᠰᠠᠭᠠᠨᠨᠰᠠᠨ ᠮᠡᠳᠡᠭᠡ ᠵᠠᠩᠭᠢ︔ | ︵ᠶᠢᠰᠦ︶ ᠦᠢᠯᠡᠳᠬᠦᠨ ᠤ ᠶᠠᠰᠤ ᠴᠢᠨᠠᠷ᠂ ᠠᠶᠤᠯ ᠦᠬᠡᠢ ᠦᠢᠯᠡᠳᠪᠦᠷᠢᠯᠡᠯ᠂ ᠢᠳᠡᠭᠡᠨ ᠪᠠ ᠡᠮ ᠤᠨ | ᠵᠦᠢᠯ ᠤᠨ ᠠᠮᠤᠷ ᠲᠦᠪᠰᠢᠨ᠂ ᠣᠷᠴᠢᠨ ᠲᠤᠭᠤᠷᠢᠨ ᠢ ᠪᠣᠬᠢᠷᠲᠤᠭᠤᠯᠤᠭᠰᠠᠨ ᠬᠡᠷᠡᠭ ᠡᠭᠦᠰᠦᠭᠰᠡᠨ ᠵᠡᠷᠭᠡ ᠶᠢ | ᠬᠢᠨᠠᠯᠳᠠ ᠬᠠᠮᠢᠶᠠᠷᠤᠯᠳᠠ ᠶᠢᠨ ᠰᠠᠯᠠᠭ᠎ᠠ ᠮᠥᠴᠢᠷ ᠠᠴᠠ ᠰᠢᠢᠳᠪᠦᠷᠢᠯᠡᠭᠰᠡᠨ ᠮᠡᠳᠡᠭᠡ ᠵᠠᠩᠭᠢ︔ | ︵ᠠᠷᠪᠠ︶ ᠭᠦᠳᠡᠯᠮᠦᠷᠢᠯᠡᠭᠴᠢ ᠲᠠᠢ ᠬᠠᠤᠯᠢ ᠶᠣᠰᠣᠭᠠᠷ ᠬᠥᠳᠡᠯᠮᠦᠷᠢ ᠶᠢᠨ ᠭᠡᠷ᠎ᠡ ᠲᠣᠭᠲᠠᠭᠠᠭᠰᠠᠨ ᠦᠭᠡᠢ | ᠮᠦᠷᠳᠡᠬᠡᠨ ᠬᠥᠳᠡᠯᠮᠦᠷᠢ ᠭᠦᠴᠦ ᠵᠠᠷᠤᠬᠤ ᠶᠢ ᠪᠠᠨ ᠪᠦᠷᠢᠳᠬᠡᠨ ᠲᠠᠩᠰᠠᠯᠠᠭᠤᠯᠤᠨᠨᠰᠠᠨ ᠦᠬᠡᠢ᠂ ᠬᠠᠤᠯᠢ ᠠᠴᠠ | ᠵᠥᠷᠢᠴᠡᠵᠦ ᠠᠵᠢᠯᠴᠢᠨ ᠬᠡᠷᠡᠭᠯᠡᠬᠦ᠂ ᠬᠥᠳᠡᠯᠮᠦᠷᠢ ᠶᠢᠨ ᠬᠥᠯᠥᠰᠥ ᠣᠯᠭᠤᠮᠵᠢ ᠶᠢ ᠨᠢ ᠰᠠᠭᠤᠳᠬᠠᠬᠤ᠂ ᠦᠷᠢᠳᠦᠬᠦ | ᠵᠡᠷᠭᠡ ᠬᠠᠤᠯᠢ ᠠᠴᠠ ᠵᠥᠷᠢᠴᠡᠭᠰᠡᠨ ᠮᠡᠳᠡᠭᠡ ᠵᠠᠩᠭᠢ︔ | ︵ᠠᠷᠪᠠᠨ ᠨᠢᠭᠡ︶ ᠬᠠᠤᠯᠢ ᠪᠠᠷ ᠲᠣᠭᠲᠠᠭᠠᠭᠰᠠᠨ ᠲᠦᠯᠦᠬᠡᠯᠡᠬᠦ ᠭᠦᠮᠦᠨ᠂ ᠬᠡᠷᠡᠭ ᠮᠡᠳᠡᠭᠴᠢ᠂ ᠬᠢᠨᠠᠯᠳᠠ | ᠲᠠᠯᠪᠢᠨᠨᠴᠢ ᠪᠠ ᠳᠡᠭᠡᠳᠦ ᠵᠡᠷᠭᠡ ᠶᠢᠨ ᠬᠠᠮᠢᠶᠠᠷᠤᠨᠨᠴᠢᠳ ᠨᠢ ᠡᠷᠡᠭᠦᠦ ᠰᠢᠳᠬᠡᠯ᠂ ᠵᠠᠰᠠᠭ ᠵᠠᠬᠢᠷᠭᠠᠨ ᠤ ᠰᠢᠳᠬᠡᠯ | ᠲᠤᠷᠭᠠᠭᠤᠯᠢ᠂ ᠠᠵᠢᠯ ᠲᠥᠷᠥᠯ ᠳᠤ ᠣᠷᠣᠬᠤ ᠶᠢ ᠨᠢ ᠴᠠᠭᠠᠵᠠᠯᠠᠬᠤ ᠪᠠᠷ ᠰᠶᠢᠳᠪᠦᠷᠢᠯᠡᠭᠰᠡᠨ ᠮᠡᠳᠡᠭᠡ ᠵᠠᠩᠭᠢ︔ | ︵ᠠᠷᠪᠠᠨ ᠬᠤᠶᠠᠷ︶ ᠬᠠᠤᠯᠢ ᠴᠠᠭᠠᠵᠠ᠂ ᠬᠠᠤᠯᠢ ᠲᠤᠨᠨᠳᠠᠭᠠᠯ᠂ ᠲᠣᠭᠲᠠᠭᠠᠯ ᠲᠦᠷᠢᠮ ᠤᠨ ᠲᠤᠨᠨᠳᠠᠭᠠᠯ ᠢ | ᠵᠦᠷᠢᠴᠡᠭᠰᠡᠨ ᠢ ᠨᠢ ᠬᠠᠤᠯᠢ ᠶᠣᠰᠣᠭᠠᠷ ᠮᠠᠭᠠᠳᠯᠠᠨ ᠲᠣᠭᠲᠠᠭᠠᠭᠰᠠᠨ ᠪᠤᠰᠤᠳ ᠨᠦᠯᠦᠬᠡ ᠮᠠᠭᠤᠳᠠᠢ ᠮᠡᠳᠡᠭᠡ | ᠵᠠᠩᠭᠢ᠃ | ᠠᠷᠪᠠᠨ ᠳᠥᠷᠪᠡᠳᠦᠭᠡᠷ ᠵᠦᠢᠯ ᠬᠠᠤᠯᠢ ᠶᠢᠨ ᠡᠷᠬᠡᠳᠡᠨ ᠪᠠ ᠬᠠᠤᠯᠢ ᠶᠢᠨ ᠡᠷᠬᠡᠲᠡᠨ ᠤ ᠪᠤᠰᠤ ᠵᠣᠬᠢᠶᠠᠨ | ᠪᠠᠶᠢᠭᠤᠯᠤᠯᠲᠠ ᠶᠢᠨ ᠨᠦᠯᠦᠬᠡ ᠰᠠᠶᠢᠳᠠᠢ ᠮᠡᠳᠡᠭᠡ ᠵᠠᠩᠭᠢ ᠳᠤ ᠳᠣᠣᠷᠠᠬᠢ ᠠᠭᠤᠯᠭ᠎ᠠ ᠪᠠᠭᠲᠠᠨ᠎ᠠ᠄ | ︵ᠨᠢᠭᠡ︶ ᠲᠣᠭᠤᠷᠢᠭ ᠪᠠᠶᠢᠭᠤᠯᠤᠭᠰᠠᠨ ᠬᠤᠳᠠ ᠶᠢᠨ ᠱᠠᠲᠤᠨ ᠠᠴᠠ ᠳᠡᠭᠡᠭᠰᠢᠬᠢ ᠲᠦᠷᠦ ᠶᠢᠨ | ᠪᠠᠶᠢᠭᠤᠯᠭ᠎ᠠ ᠠᠴᠠ ᠤᠯᠭᠤᠨᠨᠰᠠᠨ ᠰᠠᠶᠢᠰᠢᠶᠠᠨ ᠭᠦᠬᠢᠬᠦᠯᠵᠦ᠂ ᠱᠠᠩᠨᠠᠵᠦ ᠭᠦᠬᠢᠬᠦᠯᠦᠭᠰᠡᠨ ᠵᠡᠷᠭᠡ ᠮᠡᠳᠡᠭᠡ ᠵᠠᠩᠭᠢ︔ | ︵ᠬᠤᠶᠠᠷ︶ ᠲᠣᠭᠤᠷᠢᠭ ᠪᠠᠶᠢᠭᠤᠯᠤᠭᠰᠠᠨ ᠬᠤᠳᠠ ᠶᠢᠨ ᠱᠠᠲᠤᠨ ᠠᠴᠠ ᠳᠡᠭᠡᠭᠰᠢᠬᠢ ᠵᠠᠬ᠎ᠠ ᠳᠡᠯᠭᠡᠭᠦᠷ ᠤᠨ | ᠬᠢᠨᠠᠯᠳᠠ ᠬᠠᠮᠢᠶᠠᠷᠤᠯᠳᠠ ᠶᠢᠨ ᠰᠠᠯᠠᠭ᠎ᠠ ᠮᠥᠴᠢᠷ ᠠᠴᠠ ᠬᠡᠷ᠎ᠡ ᠶᠢ ᠭᠦᠨᠳᠦᠳᠬᠡᠵᠦ ᠢᠳᠡᠬᠡᠮᠵᠢ ᠰᠠᠬᠢᠨᠨᠰᠠᠨ ᠢᠷᠠᠭᠤ | ᠠᠯᠳᠠᠷ ᠢ ᠨᠢ ᠮᠠᠭᠠᠳᠯᠠᠨ ᠲᠤᠨᠨᠳᠠᠭᠠᠨᠨᠰᠠᠨ ᠮᠡᠳᠡᠭᠡ ᠵᠠᠩᠭᠢ︔ | ︵ᠭᠤᠷᠪᠠ︶ ᠦᠪᠡᠷᠳᠡᠬᠡᠨ ᠵᠠᠰᠠᠬᠤ ᠤᠷᠤᠨ ᠤ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠠᠴᠠ A ᠳᠡᠰ ᠤᠨ | ᠢᠳᠡᠬᠡᠮᠵᠢ ᠲᠠᠢ ᠭᠠᠶᠢᠯᠢ ᠲᠤᠰᠢᠶ᠋ᠬᠠᠴᠢ ᠪᠠᠷ ᠮᠠᠭᠠᠳᠯᠠᠨ ᠲᠤᠨᠨᠳᠠᠭᠠᠨᠨᠰᠠᠨ ᠮᠡᠳᠡᠭᠡ ᠵᠠᠩᠬᠢ︔ | ︵ᠲᠦᠷᠪᠡ︶ ᠪᠤᠭᠤᠮᠳᠠ ᠶᠢᠨ ᠬᠢᠨ ᠢᠶᠠᠷ ᠡᠩ ᠤᠨ ᠬᠡᠷᠡᠴᠢᠯᠡᠯ ᠤᠨ ᠠᠵᠦ ᠠᠬᠤᠶᠢᠯᠠᠯ ᠠᠴᠠ ᠲᠡᠬᠡᠭᠰᠢᠬᠢ | ᠵᠡᠷᠬᠡ ᠲᠡᠰ ᠲᠠᠢ ᠪᠠᠷ ᠮᠠᠭᠠᠳᠯᠠᠨ ᠲᠤᠨᠨᠳᠠᠭᠠᠯᠭᠠᠨᠨᠰᠠᠨ ᠦᠨᠳᠦᠷ ᠬᠢᠷᠢ ᠴᠢᠳᠠᠮᠵᠢ ᠶᠢᠨ ᠢᠳᠡᠬᠡᠮᠵᠢ ᠶᠢᠨ ᠮᠡᠳᠡᠭᠡ | ᠵᠠᠩᠬᠢ︔ | ︵ᠲᠠᠪᠤ︶ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ | ᠪᠠᠲᠤᠯᠠᠭ᠎ᠠ ᠶᠢᠨ ᠰᠠᠯᠠᠭ᠎ᠠ ᠮᠥᠴᠢᠷ ᠠᠴᠠ ᠮᠠᠭᠠᠳᠯᠠᠨ ᠲᠤᠨᠨᠳᠠᠭᠠᠨᠨᠰᠠᠨ ᠡᠶ᠎ᠡ ᠵᠣᠬᠢᠴᠠᠯ ᠲᠠᠢ ᠬᠥᠳᠡᠯᠮᠦᠷᠢ ᠶᠢᠨ | ᠬᠠᠷᠢᠴᠠᠭ᠎ᠠ ᠪᠦᠭᠦᠢ ᠮᠡᠳᠡᠭᠡ ᠵᠠᠩᠭᠢ︔ | ︵ᠵᠢᠷᠭᠤᠭ᠎ᠠ︶ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ | ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠢᠲᠡᠭᠡᠮᠵᠢ ᠶᠢᠨ ᠵᠡᠷᠭᠡ ᠳᠡᠰ ᠨᠢ A ᠳᠡᠰ ᠠᠴᠠ ᠲᠡᠬᠡᠭᠰᠢ | ᠪᠠᠶᠢᠬᠤ ᠶᠢ ᠦᠨᠡᠯᠡᠨ ᠲᠤᠨᠨᠳᠠᠭᠠᠨᠨᠰᠠᠨ ᠮᠡᠳᠡᠭᠡ ᠵᠠᠩᠭᠢ︔ | ︵ᠲᠤᠯᠤᠭ᠎ᠠ︶ ᠲᠣᠭᠤᠷᠢᠭ ᠪᠠᠶᠢᠭᠤᠯᠤᠭᠰᠠᠨ ᠬᠤᠳᠠ ᠶᠢᠨ ᠱᠠᠲᠤᠨ ᠠᠴᠠ ᠳᠡᠭᠡᠭᠰᠢᠬᠢ ᠬᠠᠮᠢᠶ᠎ᠠ ᠪᠦᠬᠦᠢ | ᠰᠠᠯᠠᠭ᠎ᠠ ᠮᠥᠴᠢᠷ ᠠᠴᠠ ᠦᠨᠡᠨᠴᠢ ᠢᠲᠡᠭᠡᠮᠵᠢᠲᠡᠶ ᠪᠠᠶᠢᠬᠤ ᠶᠢ ᠡᠭᠦᠳᠦᠨ ᠪᠠᠶᠢᠭᠤᠯᠬᠤ ᠠᠵᠢᠯᠯᠠᠭ᠎ᠠ ᠦᠷᠨᠢᠬᠦᠯᠬᠦ | ᠶᠠᠪᠤᠴᠠ ᠳᠤ ᠤᠯᠭᠤᠨᠨᠰᠠᠨ ᠦᠨᠡᠨᠴᠢ ᠢᠳᠡᠬᠡᠮᠵᠢ ᠶᠢᠨ ᠨᠡᠶᠢᠳᠡᠯᠢᠭ ᠢᠷᠠᠭᠤ ᠠᠯᠳᠠᠷ ᠤᠨ ᠮᠡᠳᠡᠭᠡ ᠵᠠᠩᠭᠢ︔ | ︵ᠨᠠᠢᠮᠠ︶ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤ ᠰᠢᠶᠠᠨ ᠤ ᠱᠠᠲᠤᠨ ᠠᠴᠠ | ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ᠂ ᠤᠯᠠᠨ ᠲᠦᠮᠡᠨ ᠤ ᠪᠦᠯᠭᠦᠮ ᠤᠨ | ᠵᠣᠬᠢᠶᠠᠨ ᠪᠠᠶᠢᠭᠤᠯᠤᠯᠳᠠ ᠶᠢᠨ ᠦᠷᠨᠢᠬᠦᠯᠦᠭᠰᠡᠨ ᠰᠠᠶᠢᠨ ᠳᠤᠷ᠎ᠠ ᠶᠢᠨ ᠦᠢᠯᠡᠴᠢᠯᠡᠭᠡ᠂ ᠨᠢᠭᠦᠯᠡᠰᠦᠩᠭᠦᠶ ᠶᠢᠨ | ᠬᠠᠨᠳᠢᠪᠯᠠᠬᠤ ᠠᠵᠢᠯᠯᠠᠭ᠎ᠠ ᠵᠡᠷᠬᠡ ᠳᠤ ᠤᠷᠤᠯᠴᠬᠠᠰᠠᠨ ᠮᠡᠳᠡᠭᠡ ᠵᠠᠩᠭᠢ︔ | ︵ᠶᠢᠰᠦ︶ ᠤᠯᠤᠰ ᠪᠠ ᠥᠪᠡᠷᠲᠡᠭᠡᠨ ᠵᠠᠰᠠᠬᠤ ᠣᠷᠣᠨ ᠠᠴᠠ ᠲᠣᠭᠲᠠᠭᠠᠭᠰᠠᠨ ᠰᠠᠶᠢᠰᠢᠶᠠᠨ ᠮᠬᠠᠳᠠᠭᠤᠰᠢᠳᠠᠢ | ᠪᠤᠰᠤᠳ ᠨᠦᠯᠦᠬᠡ ᠰᠠᠶᠢᠳᠠᠢ ᠮᠡᠳᠡᠭᠡ ᠵᠠᠩᠭᠢ᠃ | ᠠᠷᠪᠠᠨ ᠲᠠᠪᠤᠳᠤᠭᠠᠷ ᠵᠦᠢᠯ ᠪᠠᠶᠢᠭᠠᠯᠢᠭ ᠬᠥᠮᠦᠨ ᠤ ᠦᠨᠳᠦᠰᠦᠨ ᠮᠡᠳᠡᠭᠡ ᠵᠠᠩᠭᠢ ᠳᠤ ᠳᠣᠣᠷᠠᠬᠢ ᠠᠭᠤᠯᠭ᠎ᠠ | ᠪᠠᠭᠲᠠᠨ᠎ᠠ᠄ | ︵ᠨᠢᠭᠡ︶ ᠤᠪᠤᠭ ᠨᠡᠷ᠎ᠡ᠂ ᠪᠡᠶ᠎ᠡ ᠶᠢᠨ ᠦᠨᠡᠮᠯᠡᠯ ᠤᠨ ᠨᠣᠮᠧᠷ ᠵᠢᠴᠢ ᠬᠤᠪᠢ ᠬᠥᠮᠦᠨ ᠤ ᠭᠠᠷᠤᠯ ᠢ ᠢᠯᠭᠠᠨ | ᠲᠠᠨᠢᠵᠦ ᠴᠢᠳᠠᠬᠤᠶᠢᠴᠠ ᠮᠡᠳᠡᠭᠡ ᠵᠠᠩᠭᠢ︔ | ︵ᠬᠤᠶᠠᠷ︶ ᠰᠤᠷᠤᠯᠭ᠎ᠠ ᠶᠢᠨ ᠨᠠᠮᠲᠠᠷ᠂ ᠠᠵᠢᠯ ᠮᠡᠷᠬᠡᠵᠢᠯ᠂ ᠤᠷᠤᠬ ᠤᠨ ᠪᠠᠶᠢᠳᠠᠯ ᠤᠨ ᠮᠡᠳᠡᠭᠡ ᠵᠠᠩᠭᠢ︔ | ︵ᠭᠤᠷᠪᠠ︶ ᠵᠠᠰᠠᠭ ᠵᠠᠬᠢᠷᠭᠠᠨ ᠤ ᠵᠥᠪᠰᠢᠶᠡᠷᠡᠯ ᠤᠨ ᠮᠡᠳᠡᠭᠡ ᠵᠠᠩᠭᠢ᠃ | ᠠᠷᠪᠠᠨ ᠵᠢᠷᠭᠤᠳᠤᠭᠠᠷ ᠵᠦᠢᠯ ᠪᠠᠶᠢᠭᠠᠯᠢᠭ ᠬᠥᠮᠦᠨ ᠤ ᠨᠦᠯᠦᠬᠡ ᠮᠠᠭᠤᠳᠠᠢ ᠮᠡᠳᠡᠭᠡ ᠵᠠᠩᠭᠢ ᠳᠤ ᠠᠷᠪᠠᠨ | ᠭᠤᠷᠪᠠᠳᠤᠭᠠᠷ ᠵᠦᠢᠯ ᠤᠨ ᠭᠤᠷᠪᠠᠳᠤᠭᠠᠷ᠂ ᠲᠦᠷᠪᠡᠳᠦᠬᠡᠷ᠂ ᠲᠠᠪᠤᠳᠤᠭᠠᠷ᠂ ᠵᠢᠷᠭᠤᠳᠤᠭᠠᠷ᠂ ᠲᠤᠯᠤᠳᠤᠭᠠᠷ᠂ | ᠨᠠᠢᠮᠠᠳᠣᠭᠠᠷ ᠵᠤᠷᠪᠤᠰ ᠲᠤ ᠵᠢᠭᠰᠠᠭᠠᠭᠰᠠᠨ ᠮᠡᠳᠡᠭᠡ ᠵᠠᠩᠭᠢ ᠠᠴᠠ ᠭᠠᠳᠠᠨ᠎ᠠ᠂ ᠪᠠᠰᠠ ᠳᠣᠣᠷᠠᠬᠢ ᠠᠭᠤᠯᠭ᠎ᠠ | ᠪᠠᠭᠲᠠᠨ᠎ᠠ᠄ | ︵ᠨᠢᠭᠡ︶ ᠭᠠᠶᠢᠯᠢ ᠶᠢᠨ ᠵᠣᠭᠤᠰ ᠢᠶᠠᠨ ᠲᠤᠳᠠᠭᠤ ᠲᠤᠰᠢᠶ᠋ᠬᠠᠰᠠᠨ ᠮᠡᠳᠡᠭᠡ ᠵᠠᠩᠭᠢ︔ | ︵ᠬᠤᠶᠠᠷ︶ ᠬᠡᠷᠡᠴᠢ ᠮᠠᠲ᠋ᠧᠷᠢᠶᠠᠯ ᠢ ᠵᠠᠯᠢᠯᠠᠨ ᠮᠡᠬᠡᠯᠡᠬᠦ᠂ ᠬᠠᠭᠤᠷᠮᠠᠭ ᠢᠶᠠᠷ ᠵᠤᠬᠢᠶᠠᠬᠤ ᠪᠤᠶᠤ ᠪᠤᠰᠤᠳ ᠠᠷᠭ᠎ᠠ | ᠪᠠᠷᠢᠯ ᠢᠶᠠᠷ ᠨᠡᠶᠢᠬᠡᠮ ᠤᠨ ᠲᠠᠭᠠᠳᠬᠠᠯ ᠤᠨ ᠤᠯᠭᠤᠮᠵᠢ ᠶᠢ ᠮᠡᠬᠡᠯᠡᠨ ᠠᠪᠤᠨᠨᠰᠠᠨ ᠮᠡᠳᠡᠭᠡ ᠵᠠᠩᠬᠢ︔ | ︵ᠭᠤᠷᠪᠠ︶ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ | ᠮᠥᠴᠢᠷ ᠠᠴᠠ ᠵᠠᠮ ᠬᠠᠷᠢᠯᠴᠠᠭᠠᠨ ᠤ ᠬᠠᠤᠯᠢ ᠠᠴᠠ ᠬᠦᠨᠳᠦ ᠨᠣᠴᠢᠲᠠᠶ ᠵᠥᠷᠢᠴᠡᠭᠰᠡᠨ ᠢᠶᠠᠷ ᠮᠠᠭᠠᠳᠯᠠᠨ | ᠲᠤᠨᠨᠳᠠᠭᠠᠨᠨᠰᠠᠨ ᠮᠡᠳᠡᠭᠡ ᠵᠠᠩᠭᠢ︔ | ︵ᠲᠦᠷᠪᠡ︶ ᠤᠯᠤᠰ ᠪᠠ ᠥᠪᠡᠷᠲᠡᠭᠡᠨ ᠵᠠᠰᠠᠬᠤ ᠣᠷᠣᠨ ᠠᠴᠠ ᠵᠣᠬᠢᠶᠠᠨ ᠪᠠᠶᠢᠭᠤᠯᠤᠭᠰᠠᠨ ᠨᠢᠭᠡᠳᠦᠯᠲᠡᠶ | ᠰᠢᠯᠭᠠᠯᠲᠠ ᠳᠤ ᠬᠡᠮ ᠦᠢᠯᠡᠳᠦᠭᠰᠡᠨ ᠮᠡᠳᠡᠭᠡ ᠵᠠᠩᠭᠢ︔ | ︵ᠲᠠᠪᠤ︶ ᠬᠠᠤᠯᠢ ᠴᠠᠭᠠᠵᠠ᠂ ᠬᠠᠤᠯᠢ ᠲᠣᠭᠲᠠᠭᠠᠯ᠂ ᠲᠤᠨᠨᠳᠠᠭᠠᠯ ᠲᠦᠷᠢᠮ ᠳᠤ ᠲᠣᠭᠲᠠᠭᠠᠭᠰᠠᠨ ᠨᠦᠯᠦᠬᠡ | ᠮᠠᠭᠤᠳᠠᠢ ᠪᠤᠰᠤᠳ ᠮᠡᠳᠡᠭᠡ ᠵᠠᠩᠭᠢ᠃ | ᠠᠷᠪᠠᠨ ᠳᠣᠯᠣᠳᠤᠭᠠᠷ ᠵᠦᠢᠯ ᠪᠠᠶᠢᠭᠠᠯᠢᠭ ᠬᠥᠮᠦᠨ ᠤ ᠨᠦᠯᠦᠬᠡ ᠰᠠᠶᠢᠳᠠᠢ ᠮᠡᠳᠡᠭᠡ ᠵᠠᠩᠭᠢ ᠳᠤ ᠳᠣᠣᠷᠠᠬᠢ | ᠠᠭᠤᠯᠭ᠎ᠠ ᠪᠠᠭᠲᠠᠨ᠎ᠠ᠄ | ︵ᠨᠢᠭᠡ︶ ᠲᠣᠭᠤᠷᠢᠭ ᠪᠠᠶᠢᠭᠤᠯᠤᠭᠰᠠᠨ ᠬᠤᠳᠠ ᠶᠢᠨ ᠱᠠᠲᠤᠨ ᠠᠴᠠ ᠳᠡᠭᠡᠭᠰᠢᠬᠢ ᠲᠦᠷᠦ ᠶᠢᠨ | ᠪᠠᠶᠢᠭᠤᠯᠭ᠎ᠠ ᠶᠢᠨ ᠤᠯᠭᠤᠨᠨᠰᠠᠨ ᠢᠷᠠᠭᠤ ᠠᠯᠳᠠᠷ᠂ ᠰᠠᠶᠢᠰᠢᠶᠠᠨ ᠭᠦᠬᠢᠭᠦᠯᠦᠭᠰᠡᠨ ᠮᠡᠳᠡᠭᠡ ᠵᠠᠩᠭᠢ︔ | ︵ᠬᠤᠶᠠᠷ︶ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤ ᠰᠢᠶᠠᠨ ᠤ ᠱᠠᠲᠤᠨ ᠠᠴᠠ | ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ᠂ ᠤᠯᠠᠨ ᠲᠦᠮᠡᠨ ᠤ ᠪᠦᠯᠭᠦᠮ ᠤᠨ | ᠵᠣᠬᠢᠶᠠᠨ ᠪᠠᠶᠢᠭᠤᠯᠤᠯᠳᠠ ᠶᠢᠨ ᠦᠷᠨᠢᠬᠦᠯᠦᠭᠰᠡᠨ ᠰᠠᠶᠢᠨ ᠳᠤᠷ᠎ᠠ ᠶᠢᠨ ᠦᠢᠯᠡᠴᠢᠯᠡᠭᠡ᠂ ᠦᠨ᠎ᠠ ᠲᠦᠯᠦᠪᠦᠷᠢ | ᠦᠬᠡᠢ ᠪᠠᠷ ᠴᠢᠰᠤ ᠪᠠᠨ ᠦᠭᠭᠦ᠂ ᠨᠢᠭᠦᠯᠡᠰᠦᠩᠭᠦᠶ ᠶᠢᠨ ᠬᠠᠨᠳᠢᠪᠯᠠᠬᠤ ᠠᠵᠢᠯᠯᠠᠭ᠎ᠠ ᠵᠡᠷᠬᠡ ᠳᠤ ᠤᠷᠤᠯᠴᠬᠠᠰᠠᠨ ᠮᠡᠳᠡᠭᠡ | ᠵᠠᠩᠭᠢ︔ | ︵ᠭᠤᠷᠪᠠ︶ ᠤᠯᠤᠰ ᠪᠠ ᠥᠪᠡᠷᠲᠡᠭᠡᠨ ᠵᠠᠰᠠᠬᠤ ᠣᠷᠣᠨ ᠠᠴᠠ ᠲᠣᠭᠲᠠᠭᠠᠭᠰᠠᠨ ᠰᠠᠶᠢᠰᠢᠶᠠᠨ | ᠮᠬᠠᠳᠠᠭᠤᠰᠢᠳᠠᠢ ᠪᠤᠰᠤᠳ ᠨᠦᠯᠦᠬᠡ ᠰᠠᠶᠢᠳᠠᠢ ᠮᠡᠳᠡᠭᠡ ᠵᠠᠩᠭᠢ᠃ | ᠠᠷᠪᠠᠨ ᠨᠠᠢᠮᠠᠳᠤᠭᠠᠷ ᠵᠦᠢᠯ ᠪᠠᠶᠢᠭᠠᠯᠢᠭ ᠬᠥᠮᠦᠨ ᠤ ᠱᠠᠰᠢᠨ ᠰᠢᠲᠦᠯᠭᠡ᠂ ᠭᠧᠨ᠂ ᠬᠤᠷᠤᠭᠤᠨ ᠤᠷᠤᠮ᠂ | ᠴᠢᠰᠤᠨ ᠤ ᠬᠡᠯᠪᠡᠷᠢ᠂ ᠡᠪᠡᠳᠴᠢᠨ ᠲᠠᠬᠤᠯ᠂ ᠡᠪᠡᠳᠴᠢᠨ ᠤ ᠲᠡᠦᠬᠡ ᠶᠢᠨ ᠮᠡᠳᠡᠭᠡ ᠵᠠᠩᠭᠢ ᠵᠢᠴᠢ ᠬᠠᠤᠯᠢ ᠴᠠᠭᠠᠵᠠ᠂ | ᠬᠠᠤᠯᠢ ᠲᠣᠭᠲᠠᠭᠠᠯ ᠳᠤ ᠴᠤᠨᠨᠯᠠᠭᠤᠯᠤᠨ ᠨᠡᠶᠢᠯᠡᠬᠦᠯᠬᠦ ᠶᠢ ᠴᠠᠭᠠᠵᠠᠯᠠᠭᠰᠠᠨ ᠪᠠᠶᠢᠭᠠᠯᠢᠭ ᠭᠦᠮᠦᠨ ᠤ ᠪᠤᠰᠤᠳ ᠮᠡᠳᠡᠭᠡ | ᠵᠠᠩᠭᠢ ᠶᠢ ᠴᠤᠨᠨᠯᠠᠭᠤᠯᠤᠨ ᠨᠡᠶᠢᠯᠡᠬᠦᠯᠬᠦ ᠶᠢ ᠴᠠᠭᠠᠵᠠᠯᠠᠨ᠎ᠠ᠃ ᠲᠤᠰ ᠬᠥᠮᠦᠨ ᠪᠠᠷ ᠨᠢ ᠪᠢᠴᠢᠭᠦᠯᠵᠦ | ᠵᠦᠪᠰᠢᠶᠡᠷᠡᠬᠦᠯᠦᠭᠰᠡᠨ ᠦᠬᠡᠢ ᠪᠠᠷ᠂ ᠪᠠᠶᠢᠭᠠᠯᠢᠭ ᠬᠥᠮᠦᠨ ᠤ ᠣᠷᠣᠯᠭ᠎ᠠ᠂ ᠬᠠᠳᠠᠭᠠᠯᠠᠮᠵᠢ᠂ ᠦᠨᠡᠲᠦ ᠲᠡᠮᠳᠡᠭᠲᠦ᠂ | ᠬᠤᠳᠠᠯᠳᠤᠭᠠᠨ ᠤ ᠳᠠᠭᠠᠳᠬᠠᠯ᠂ ᠦᠯᠦ ᠬᠥᠳᠡᠯᠬᠦ ᠬᠦᠷᠦᠩᠭᠡ ᠪᠠ ᠭᠠᠶᠢᠯᠢ ᠲᠤᠰᠢᠶ᠋ᠬᠠᠰᠠᠨ ᠲᠤᠭ᠎ᠠ ᠵᠡᠷᠭᠡ ᠮᠡᠳᠡᠭᠡ | ᠵᠠᠩᠭᠢ ᠶᠢ ᠴᠤᠨᠨᠯᠠᠭᠤᠯᠤᠨ ᠨᠡᠶᠢᠯᠡᠬᠦᠯᠵᠦ ᠪᠤᠯᠬᠤ ᠦᠬᠡᠢ᠃ | ᠠᠷᠪᠠ ᠶᠢᠰᠦᠳᠦᠭᠡᠷ ᠵᠦᠢᠯ ᠤᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠠᠵᠢᠯ ᠤᠨ | ᠪᠠᠶᠢᠭᠤᠯᠤᠮᠵᠢ ᠨᠢ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠬᠠᠩᠭᠠᠵᠦ ᠦᠭᠭᠦᠭᠰᠡᠨ ᠨᠢᠬᠡᠴᠡ ᠲᠠᠢ | ᠬᠠᠮᠳᠤᠷᠠᠯᠴᠠᠨ᠂ ᠤᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠭᠠᠷᠴᠠᠭ ᠢ ᠨᠠᠶᠢᠷᠠᠭᠤᠯᠤᠨ | ᠵᠣᠬᠢᠶᠠᠬᠤ ᠶᠢᠨ ᠬᠠᠮᠲᠤ ᠨᠡᠶᠢᠭᠡᠮ ᠳᠤ ᠨᠡᠶᠢᠲᠡᠯᠡᠬᠦ ᠬᠡᠷᠡᠭᠲᠡᠶ᠃ | ᠬᠤᠷᠢᠳᠤᠭᠠᠷ ᠵᠦᠢᠯ ᠤᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠬᠠᠩᠭᠠᠵᠦ ᠦᠭᠭᠦᠭᠰᠡᠨ | ᠨᠢᠬᠡᠴᠡ ᠨᠢ ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠲᠠᠪᠴᠠᠩ ᠳᠤ ᠤᠯᠠᠨ ᠨᠡᠶᠢᠲᠡ ᠶᠢᠨ ᠢᠲᠡᠭᠡᠮᠵᠢ ᠶᠢᠨ | ᠮᠡᠳᠡᠭᠡ ᠵᠠᠩᠭᠢ ᠶᠢ ᠴᠠᠭ ᠲᠤᠬᠠᠶ ᠳᠤᠨᠢ᠂ ᠣᠨᠣᠪᠴᠢᠲᠠᠶ ᠪᠠᠷ᠂ ᠪᠦᠷᠢᠨ ᠪᠦᠲᠦᠨ ᠬᠠᠩᠭᠠᠵᠦ ᠦᠭᠭᠦ ᠶᠢᠨ ᠬᠠᠮᠳᠤ᠂ | ᠴᠠᠭ ᠲᠤᠬᠠᠢ ᠳᠤᠨᠢ ᠰᠢᠨᠡᠳᠬᠡᠬᠦ ᠬᠡᠷᠡᠭᠲᠡᠶ᠃ | ᠬᠤᠷᠢᠨ ᠨᠢᠬᠡᠳᠦᠬᠡᠷ ᠵᠦᠢᠯ ᠤᠯᠠᠨ ᠨᠡᠶᠢᠳᠡ ᠶᠢᠨ ᠢᠳᠡᠬᠡᠮᠵᠢ ᠶᠢᠨ ᠮᠡᠳᠡᠭᠡ ᠵᠠᠩᠬᠢ ᠬᠠᠩᠭᠠᠵᠦ ᠦᠭᠭᠦᠭᠰᠡᠨ | ᠨᠢᠬᠡᠴᠡ ᠨᠢ ᠲᠤᠰ ᠨᠢᠬᠡᠴᠡ ᠶᠢᠨ ᠬᠠᠩᠭᠠᠵᠦ ᠦᠭᠭᠦᠭᠰᠡᠨ ᠤᠯᠠᠨ ᠨᠡᠶᠢᠳᠡ ᠶᠢᠨ ᠢᠳᠡᠬᠡᠮᠵᠢ ᠶᠢᠨ ᠮᠡᠳᠡᠭᠡ ᠵᠠᠩᠬᠢ ᠳᠤ | ᠲᠤᠰᠬᠠᠨᠨᠳ᠋ᠬᠠᠰᠠᠨ ᠮᠡᠳᠡᠭᠡ ᠵᠠᠩᠬᠢ ᠶᠢᠨ ᠭᠤᠤᠯ ᠴᠤᠨᠨᠴᠠ ᠶᠢᠨ ᠢᠳᠡᠬᠡᠮᠵᠢ ᠶᠢᠨ ᠪᠠᠶᠢᠳᠠᠯ ᠢ ᠲᠦᠷᠦᠯ ᠬᠤᠪᠢᠶᠠᠨ | ᠬᠠᠮᠢᠶᠠᠷᠬᠤ ᠶᠢᠨ ᠬᠠᠮᠳᠤ᠂ ᠬᠠᠩᠭᠠᠵᠦ ᠦᠭᠭᠦᠭᠰᠡᠨ ᠮᠡᠳᠡᠭᠡ ᠵᠠᠩᠬᠢ ᠶᠢᠨ ᠦᠨᠡᠨ ᠪᠤᠳᠠᠳᠤ ᠴᠢᠨᠠᠷ ᠲᠤ ᠬᠠᠷᠢᠭᠤᠴᠠᠬᠤ | ᠬᠡᠷᠡᠭᠳᠡᠢ᠃ | ᠬᠤᠷᠢᠨ ᠬᠤᠶᠠᠳᠤᠭᠠᠷ ᠵᠦᠢᠯ ᠤᠯᠠᠨ ᠨᠡᠶᠢᠳᠡ ᠶᠢᠨ ᠢᠳᠡᠬᠡᠮᠵᠢ ᠶᠢᠨ ᠮᠡᠳᠡᠭᠡ ᠵᠠᠩᠬᠢ ᠶᠢᠨ ᠠᠵᠢᠯ ᠤᠨ | ᠪᠠᠶᠢᠭᠤᠯᠤᠮᠵᠢ ᠪᠠ ᠤᠯᠠᠨ ᠨᠡᠶᠢᠳᠡ ᠶᠢᠨ ᠢᠳᠡᠬᠡᠮᠵᠢ ᠶᠢᠨ ᠮᠡᠳᠡᠭᠡ ᠵᠠᠩᠬᠢ ᠬᠠᠩᠭᠠᠵᠦ ᠦᠭᠭᠦᠭᠰᠡᠨ ᠨᠢᠬᠡᠴᠡ ᠨᠢ | ᠮᠡᠳᠡᠭᠡ ᠵᠠᠩᠬᠢ ᠶᠢᠨ ᠠᠮᠤᠷ ᠲᠦᠪᠰᠢᠨ ᠤ ᠬᠠᠮᠢᠶᠠᠷᠤᠯᠳᠠ ᠶᠢᠨ ᠲᠦᠷᠢᠮ ᠢ ᠪᠠᠶᠢᠭᠤᠯᠤᠨ ᠪᠦᠷᠢᠨᠰᠢᠬᠦᠯᠵᠦ᠂ ᠠᠮᠤᠷ | ᠲᠦᠪᠰᠢᠨ ᠪᠦᠬᠡᠳ ᠡᠵᠡᠮᠳᠡᠵᠦ ᠪᠤᠯᠬᠤᠶᠢᠴᠠ ᠮᠡᠷᠬᠡᠵᠢᠯ᠂ ᠦᠢᠯᠡᠴᠢᠯᠡᠬᠡᠨ ᠤ ᠵᠡᠷᠬᠡ ᠠᠷᠭ᠎ᠠ ᠬᠡᠮᠵᠢᠶ᠎ᠡ ᠶᠢ ᠬᠡᠷᠡᠭᠯᠡᠨ᠂ | ᠤᠯᠠᠨ ᠨᠡᠶᠢᠳᠡ ᠶᠢᠨ ᠢᠳᠡᠬᠡᠮᠵᠢ ᠶᠢᠨ ᠮᠡᠳᠡᠭᠡ ᠵᠠᠩᠬᠢ ᠶᠢᠨ ᠠᠮᠤᠷ ᠲᠦᠪᠰᠢᠨ ᠢ ᠪᠠᠳᠤᠯᠠᠬᠤ ᠬᠡᠷᠡᠭᠳᠡᠢ᠃ | | ᠭᠤᠷᠪᠠᠳᠤᠭᠠᠷ ᠪᠦᠯᠦᠭ ᠮᠡᠳᠡᠭᠡ ᠵᠠᠩᠭᠢ ᠶᠢ ᠢᠯᠡ ᠨᠡᠶᠢᠳᠡᠯᠡᠬᠦ | | ᠬᠤᠷᠢᠨ ᠭᠤᠷᠪᠠᠳᠤᠭᠠᠷ ᠵᠦᠢᠯ ᠤᠯᠠᠨ ᠨᠡᠶᠢᠳᠡ ᠶᠢᠨ ᠢᠳᠡᠬᠡᠮᠵᠢ ᠶᠢᠨ ᠮᠡᠳᠡᠭᠡ ᠵᠠᠩᠬᠢ ᠶᠢ ᠢᠯᠡ ᠪᠤᠯᠭᠠᠬᠤ | ᠮᠡᠳᠡᠭᠡ ᠵᠠᠩᠬᠢ ᠪᠠ ᠦᠯᠦ ᠢᠯᠡ ᠪᠤᠯᠭᠠᠬᠤ ᠮᠡᠳᠡᠭᠡ ᠵᠠᠩᠬᠢ ᠬᠡᠵᠦ ᠬᠤᠪᠢᠶᠠᠨ᠎ᠠ᠃ ᠳᠣᠣᠷ᠎ᠠ ᠵᠢᠭᠰᠠᠭᠠᠭᠰᠠᠨ ᠮᠡᠳᠡᠭᠡ | ᠵᠠᠩᠭᠢ ᠢᠯᠡ ᠪᠤᠯᠭᠠᠬᠤ ᠮᠡᠳᠡᠭᠡ ᠵᠠᠩᠬᠢ ᠳᠤ ᠬᠠᠷᠢᠶᠠᠯᠬᠠᠳᠠᠨ᠎ᠠ᠄ | ︵ᠨᠢᠭᠡ︶ ᠤᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠬᠠᠩᠭᠠᠵᠦ ᠦᠭᠭᠦᠭᠰᠡᠨ ᠨᠢᠬᠡᠴᠡ ᠨᠢ | ᠨᠢᠭᠡᠨᠲᠡ ᠬᠠᠤᠯᠢ ᠶᠤᠰᠤᠭᠠᠷ ᠵᠠᠰᠠᠭ ᠤᠨ ᠣᠷᠳᠣᠨ ᠤ ᠠᠯᠪᠠᠨ ᠮᠡᠳᠡᠭᠡ᠂ ᠰᠣᠨᠢᠨ ᠮᠡᠳᠡᠭᠡ ᠨᠡᠶᠢᠲᠡᠯᠡᠬᠦ ᠬᠤᠷᠠᠯ᠂ | ᠢᠨᠲ᠋ᠧᠷ ᠰᠦᠯᠵᠢᠶ᠎ᠡ ᠵᠢᠴᠢ ᠰᠣᠨᠢᠨ ᠰᠡᠳᠬᠦᠯ᠂ ᠷᠠᠳᠢᠣ᠋᠂ ᠲᠧᠯᠸᠢᠰ ᠵᠡᠷᠭᠡ ᠠᠷᠭ᠎ᠠ ᠬᠡᠯᠪᠡᠷᠢ ᠪᠠᠷ ᠲᠠᠮᠵᠢᠭᠤᠯᠵᠦ | ᠨᠡᠶᠢᠳᠡᠯᠡᠭᠰᠡᠨ ᠪᠠᠶᠢᠬᠤ︔ | ︵ᠬᠤᠶᠠᠷ︶ ᠬᠠᠤᠯᠢ ᠴᠠᠭᠠᠵᠠ᠂ ᠬᠠᠤᠯᠢ ᠲᠣᠭᠲᠠᠭᠠᠯ᠂ ᠲᠤᠨᠨᠳᠠᠭᠠᠯ ᠲᠦᠷᠢᠮ ᠤᠨ ᠲᠤᠨᠨᠳᠠᠭᠠᠯ ᠢ | ᠦᠨᠳᠦᠰᠦᠯᠡᠨ ᠢᠯᠡ ᠪᠤᠯᠭᠠᠪᠠᠰᠤ ᠵᠤᠬᠢᠬᠤ ᠪᠤᠰᠤᠳ ᠦᠨᠳᠦᠰᠦᠨ ᠮᠡᠳᠡᠭᠡ ᠵᠠᠩᠭᠢ᠃ ᠡᠮᠦᠨᠡᠬᠢ ᠵᠤᠷᠪᠤᠰ ᠲᠤ | ᠲᠤᠨᠨᠳᠠᠭᠠᠨᠨᠰᠠᠨ ᠠᠴᠠ ᠪᠤᠰᠤᠳ ᠮᠡᠳᠡᠭᠡ ᠵᠠᠩᠬᠢ ᠨᠢ ᠦᠯᠦ ᠢᠯᠡ ᠪᠤᠯᠭᠠᠬᠤ ᠮᠡᠳᠡᠭᠡ ᠵᠠᠩᠬᠢ ᠳᠤ ᠬᠠᠷᠢᠶᠠᠯᠬᠠᠳᠠᠨ᠎ᠠ᠃ | ᠮᠡᠳᠡᠭᠡ ᠵᠠᠩᠬᠢ ᠶᠢᠨ ᠭᠤᠤᠯ ᠴᠤᠨᠨᠴᠠ ᠪᠤᠯᠬᠤ ᠲᠤᠰ ᠭᠦᠮᠦᠨ ᠪᠤᠶᠤ ᠮᠡᠳᠡᠭᠡ ᠵᠠᠩᠬᠢ ᠶᠢᠨ ᠭᠤᠤᠯ ᠴᠤᠨᠨᠴᠠ ᠠᠴᠠ | ᠡᠷᠬᠡ ᠤᠯᠭᠤᠪᠠᠯ᠂ ᠦᠯᠦ ᠢᠯᠡ ᠪᠤᠯᠭᠠᠬᠤ ᠮᠡᠳᠡᠭᠡ ᠵᠠᠩᠬᠢ ᠶᠢ ᠬᠠᠶᠢᠨ ᠯᠠᠪᠯᠠᠵᠦ ᠪᠤᠯᠤᠨ᠎ᠠ᠃ | ᠬᠤᠷᠢᠨ ᠳᠥᠷᠪᠡᠳᠦᠭᠡᠷ ᠵᠦᠢᠯ ᠤᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠠᠵᠢᠯ ᠤᠨ | ᠪᠠᠶᠢᠭᠤᠯᠤᠮᠵᠢ ᠨᠢ ᠦᠢᠯᠡᠴᠢᠯᠡᠭᠡᠨ ᠤ ᠵᠢᠷᠤᠮᠵᠢᠯ ᠢ ᠲᠣᠭᠲᠠᠭᠠᠨ ᠨᠡᠶᠢᠲᠡᠯᠡᠵᠦ᠂ ᠦᠢᠯᠡᠴᠢᠯᠡᠭᠡᠨ ᠤ ᠴᠤᠩᠬᠤᠪᠴᠢ᠂ | ᠲᠠᠪᠴᠠᠩ ᠤᠨ ᠰᠦᠯᠵᠢᠶ᠎ᠡ᠂ ᠰᠢᠯᠵᠢᠬᠡ ᠦᠢᠯᠡᠴᠢᠯᠡᠬᠡᠨ ᠤ ᠦᠵᠦᠭᠦᠷ ᠵᠡᠷᠭᠡ ᠠᠷᠭ᠎ᠠ ᠬᠡᠯᠪᠡᠷᠢ ᠪᠠᠷ ᠨᠡᠶᠢᠭᠡᠮ ᠳᠤ | ᠳᠥᠭᠦᠮ ᠠᠪᠰᠠᠷᠬᠠᠨ ᠢᠶᠠᠷ ᠬᠠᠶᠢᠨ ᠯᠠᠪᠯᠠᠬᠤ ᠦᠢᠯᠡᠴᠢᠯᠡᠭᠡ ᠬᠠᠩᠭᠠᠵᠦ ᠦᠭᠭᠦ ᠬᠡᠷᠡᠭᠲᠡᠶ᠃ | ᠮᠡᠳᠡᠭᠡ ᠵᠠᠩᠭᠢ ᠶᠢᠨ ᠭᠤᠣᠯ ᠴᠣᠭᠴᠠ ᠨᠢ ᠲᠤᠰ ᠬᠥᠮᠦᠨ ᠤ ᠦᠯᠦ ᠢᠯᠡ ᠪᠤᠯᠭᠠᠬᠤ ᠮᠡᠳᠡᠭᠡ ᠵᠠᠩᠭᠢ ᠶᠢ | ᠬᠠᠶᠢᠨ ᠯᠠᠪᠯᠠᠬᠤ ᠪᠠᠷ ᠭᠤᠶᠤᠴᠢᠯᠠᠬᠤ ᠳᠤ᠂ ᠭᠠᠷᠤᠯ ᠤᠨ ᠬᠦᠴᠦᠨ ᠪᠦᠬᠦᠢ ᠭᠡᠷᠡᠴᠢ ᠬᠠᠩᠭᠠᠵᠦ ᠦᠭᠭᠦ ᠬᠡᠷᠡᠭᠲᠡᠶ︔ | ᠬᠠᠶᠢᠨ ᠯᠠᠪᠯᠠᠬᠤ ᠳᠤ ᠡᠷᠬᠡ ᠤᠯᠭᠤᠨᠨᠰᠠᠨ ᠪᠤᠯ᠂ ᠲᠤᠰ ᠬᠥᠮᠦᠨ ᠤ ᠭᠠᠷᠤᠯ ᠤᠨ ᠬᠦᠴᠦᠨ ᠪᠦᠬᠦᠢ ᠬᠡᠷᠡᠴᠢ ᠪᠠ | ᠮᠡᠳᠡᠭᠡ ᠵᠠᠩᠭᠢ ᠶᠢᠨ ᠭᠤᠣᠯ ᠴᠣᠭᠴᠠ ᠶᠢᠨ ᠡᠷᠬᠡ ᠤᠯᠭᠤᠨᠨᠰᠠᠨ ᠪᠢᠴᠢᠭ ᠭᠡᠷᠡᠴᠢ ᠶᠢ ᠬᠠᠩᠭᠠᠵᠦ ᠦᠭᠭᠦ ᠬᠡᠷᠡᠭᠲᠡᠶ᠃ | ᠢᠯᠡ ᠪᠤᠯᠭᠠᠨᠨᠰᠠᠨ ᠮᠡᠳᠡᠭᠡ ᠵᠠᠩᠭᠢ ᠶᠢ ᠬᠠᠶᠢᠨ ᠯᠠᠪᠯᠠᠬᠤ ᠳᠤ᠂ ᠬᠠᠮᠢᠶ᠎ᠠ ᠪᠦᠬᠦᠢ ᠭᠡᠷᠡᠴᠢ ᠮᠠᠲ᠋ᠧᠷᠢᠶᠠᠯ ᠬᠠᠩᠭᠠᠵᠦ | ᠦᠭᠭᠦ ᠴᠢᠬᠤᠯᠠ ᠦᠭᠡᠢ᠃ | ᠬᠤᠷᠢᠨ ᠲᠠᠪᠤᠳᠤᠭᠠᠷ ᠵᠦᠢᠯ ᠲᠦᠷᠦ ᠶᠢᠨ ᠪᠠᠶᠢᠭᠤᠯᠭ᠎ᠠ ᠨᠢ ᠬᠠᠤᠯᠢ ᠶᠣᠰᠣᠭᠠᠷ ᠡᠭᠦᠷᠬᠡ ᠬᠠᠷᠢᠭᠤᠴᠠᠯᠭ᠎ᠠ ᠪᠠᠨ | ᠭᠦᠢᠴᠡᠳᠬᠡᠬᠦ ᠳᠤ᠂ ᠤᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠬᠡᠷᠡᠭᠯᠡᠬᠦ ᠴᠢᠬᠤᠯᠠᠲᠠᠶ ᠪᠠᠶᠢᠪᠠᠯ᠂ | ᠬᠤᠯᠪᠣᠭᠳᠠᠯ ᠪᠦᠬᠦᠢ ᠲᠡᠰ ᠲᠠᠷᠠᠭᠠᠯᠠᠯ ᠪᠠ ᠨᠥᠬᠦᠴᠡᠯ ᠢ ᠦᠨᠳᠦᠰᠦᠯᠡᠵᠦ᠂ ᠨᠡᠶᠢᠭᠡᠮ ᠤᠨ ᠢᠲᠡᠭᠡᠮᠵᠢ ᠶᠢᠨ ᠮᠡᠳᠡᠭᠡ | ᠵᠠᠩᠭᠢ ᠶᠢᠨ ᠲᠠᠪᠴᠠᠩ ᠳᠠᠬᠢ ᠤᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠪᠦᠬᠡᠮ ᠢᠶᠠᠷ ᠬᠠᠮᠳᠤ ᠳᠠᠭᠠᠨ | ᠭᠦᠷᠳᠡᠬᠦ ᠪᠤᠶᠤ ᠬᠠᠶᠢᠨ ᠯᠠᠪᠯᠠᠵᠤ ᠪᠣᠯᠤᠨ᠎ᠠ᠃ | ᠬᠤᠷᠢᠨ ᠵᠢᠷᠭᠤᠳᠤᠭᠠᠷ ᠵᠦᠢᠯ ᠲᠦᠷᠦ ᠶᠢᠨ ᠪᠠᠶᠢᠭᠤᠯᠭ᠎ᠠ ᠨᠢ ᠲᠤᠰ ᠨᠢᠭᠡᠴᠡ ᠶᠢᠨ ᠢᠶᠠᠨ ᠤᠯᠠᠨ ᠨᠡᠶᠢᠲᠡ ᠶᠢᠨ | ᠢᠲᠡᠭᠡᠮᠵᠢ ᠶᠢᠨ ᠮᠡᠳᠡᠭᠡ ᠵᠠᠩᠭᠢ ᠶᠢ ᠬᠠᠶᠢᠨ ᠯᠠᠪᠯᠠᠬᠤ ᠳᠦᠷᠢᠮ ᠤᠨ ᠵᠢᠷᠤᠮᠵᠢᠯ ᠢ ᠪᠠᠶᠢᠭᠤᠯᠵᠦ᠂ ᠬᠠᠶᠢᠨ ᠯᠠᠪᠯᠬᠠᠰᠠᠨ | ᠡᠳᠦᠷ ᠤᠨ ᠲᠡᠮᠳᠡᠭᠯᠡᠯ ᠭᠠᠷᠭᠠᠬᠤ ᠬᠡᠷᠡᠭᠲᠡᠶ᠃ ᠬᠠᠶᠢᠨ ᠯᠠᠪᠯᠬᠠᠰᠠᠨ ᠡᠳᠦᠷ ᠤᠨ ᠲᠡᠮᠳᠡᠭᠯᠡᠯ ᠢᠶᠠᠨ ᠤᠯᠤᠰ ᠤᠨ | ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠵᠦ ᠬᠠᠳᠠᠭᠠᠯᠠᠬᠤ ᠬᠡᠷᠡᠭᠲᠡᠶ᠃ | ᠬᠤᠷᠢᠨ ᠳᠣᠯᠣᠳᠤᠭᠠᠷ ᠵᠦᠢᠯ ᠤᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠨᠡᠶᠢᠭᠡᠮ ᠳᠤ ᠢᠯᠡ | ᠨᠡᠶᠢᠳᠡᠯᠡᠬᠦ ᠳᠤ ᠬᠠᠤᠯᠢ ᠴᠠᠭᠠᠵᠠ᠂ ᠬᠠᠤᠯᠢ ᠲᠤᠨᠨᠳᠠᠭᠠᠯ᠂ ᠲᠣᠭᠲᠠᠭᠠᠯ ᠲᠦᠷᠢᠮ ᠤᠨ ᠲᠤᠨᠨᠳᠠᠭᠠᠯ ᠳᠤ ᠨᠡᠶᠢᠴᠡᠭᠰᠡᠨ | ᠪᠠᠶᠢᠬᠤ ᠬᠡᠷᠡᠭᠳᠡᠢ᠂ ᠬᠤᠪᠢ ᠬᠥᠮᠦᠨ ᠤ ᠨᠢᠭᠤᠴᠠ ᠳᠤ ᠬᠠᠷᠢᠶᠠᠯᠬᠠᠳᠠᠬᠤ᠂ ᠬᠤᠳᠠᠯᠳᠤᠭᠠᠨ ᠤ ᠨᠢᠭᠤᠴᠠ ᠳᠤ | ᠬᠤᠯᠪᠤᠨᠨᠳᠠᠬᠤ ᠵᠢᠴᠢ ᠬᠠᠤᠯᠢ ᠴᠠᠭᠠᠵᠠ᠂ ᠬᠠᠤᠯᠢ ᠲᠤᠨᠨᠳᠠᠭᠠᠯ᠂ ᠲᠣᠭᠲᠠᠭᠠᠯ ᠲᠦᠷᠢᠮ ᠳᠤ ᠢᠯᠡ ᠪᠤᠯᠭᠠᠵᠦ ᠪᠤᠯᠬᠤ | ᠦᠬᠡᠢ ᠪᠠᠷ ᠲᠣᠭᠲᠠᠭᠠᠭᠰᠠᠨ ᠪᠤᠰᠤᠳ ᠠᠭᠤᠯᠭ᠎ᠠ ᠳᠤ ᠨᠢᠭᠤᠴᠠ ᠶᠢ ᠬᠠᠮᠠᠭᠠᠯᠠᠬᠤ ᠠᠷᠭ᠎ᠠ ᠬᠡᠮᠵᠢᠶ᠎ᠡ ᠠᠪᠴᠤ᠂ ᠢᠯᠡ | ᠨᠡᠶᠢᠳᠡᠯᠡᠵᠦ ᠪᠣᠯᠬᠤ ᠦᠭᠡᠢ᠃ | | ᠳᠥᠷᠪᠡᠳᠦᠭᠡᠷ ᠪᠦᠯᠦᠭ ᠮᠡᠳᠡᠭᠡ ᠵᠠᠩᠭᠢ ᠶᠢ ᠬᠡᠷᠡᠭᠯᠡᠬᠦ | | ᠬᠤᠷᠢᠨ ᠨᠠᠢᠮᠠᠳᠤᠭᠠᠷ ᠵᠦᠢᠯ ᠲᠦᠷᠦ ᠶᠢᠨ ᠪᠠᠶᠢᠭᠤᠯᠭ᠎ᠠ ᠨᠢ ᠡᠭᠦᠷᠬᠡ ᠬᠠᠷᠢᠭᠤᠴᠠᠯᠭ᠎ᠠ ᠪᠠᠨ ᠭᠦᠢᠴᠡᠳᠬᠡᠬᠦ ᠳᠤ᠂ | ᠮᠡᠳᠡᠭᠡ ᠵᠠᠩᠭᠢ ᠶᠢᠨ ᠭᠤᠣᠯ ᠴᠣᠭᠴᠠ ᠶᠢᠨ ᠢᠲᠡᠭᠡᠮᠵᠢ ᠶᠢᠨ ᠪᠠᠶᠢᠳᠠᠯ ᠢ ᠬᠠᠮᠢᠶᠠᠷᠤᠯᠳᠠ ᠶᠢᠨ ᠠᠵᠢᠯᠯᠠᠭ᠎ᠠ | ᠦᠷᠨᠢᠬᠦᠯᠬᠦ ᠶᠢᠨ ᠴᠢᠬᠤᠯᠠ ᠦᠨᠳᠦᠰᠦᠯᠡᠯ ᠪᠣᠯᠭᠠᠬᠤ ᠬᠡᠷᠡᠭᠲᠡᠶ᠃ | ᠬᠤᠷᠢ ᠶᠢᠰᠦᠳᠦᠭᠡᠷ ᠵᠦᠢᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ | ᠰᠠᠯᠠᠭ᠎ᠠ ᠮᠥᠴᠢᠷ ᠠᠯᠤᠰᠯᠠᠭᠰᠠᠨ᠂ ᠬᠦᠷᠢᠶ᠎ᠡ ᠴᠠᠷᠠᠭ᠎ᠠ ᠠᠯᠤᠰᠯᠠᠭᠰᠠᠨ᠂ ᠭᠠᠵᠠᠷ ᠣᠷᠣᠨ ᠠᠯᠤᠰᠯᠠᠭᠰᠠᠨ ᠢᠳᠡᠬᠡᠯ ᠲᠠᠢ | ᠪᠠᠶᠢᠪᠠᠯ ᠬᠤᠯᠪᠤᠭᠠᠯᠠᠨ ᠤᠷᠮᠠᠰᠢᠭᠤᠯᠬᠤ ᠪᠠ ᠢᠲᠡᠭᠡᠯ ᠠᠯᠳᠠᠪᠠᠯ ᠬᠤᠯᠪᠣᠭᠠᠯᠠᠨ ᠵᠠᠯᠬᠠᠭᠠᠵᠦ ᠴᠡᠭᠡᠷᠯᠡᠭᠦᠯᠬᠦ | ᠲᠣᠭᠲᠠᠴᠠ ᠶᠢ ᠪᠠᠶᠢᠭᠤᠯᠵᠦ᠂ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠲᠣᠭᠲᠠᠭᠠᠯ ᠢ ᠦᠨᠳᠦᠰᠦᠯᠡᠵᠦ | ᠬᠤᠯᠪᠤᠭᠠᠯᠠᠨ ᠤᠷᠮᠠᠰᠢᠭᠤᠯᠬᠤ ᠪᠠ ᠵᠠᠯᠬᠠᠭᠠᠨ ᠴᠡᠭᠡᠷᠯᠡᠭᠦᠯᠬᠦ ᠵᠦᠢᠯᠡᠰ ᠢ ᠲᠤᠨᠨᠳᠠᠭᠠᠬᠤ ᠶᠢᠨ ᠬᠠᠮᠲᠤ᠂ ᠨᠡᠶᠢᠭᠡᠮ ᠳᠤ | ᠨᠡᠶᠢᠲᠡᠯᠡᠬᠦ ᠬᠡᠷᠡᠭᠲᠡᠶ᠃ | ᠭᠤᠴᠢᠳᠤᠭᠠᠷ ᠵᠦᠢᠯ ᠲᠦᠷᠦ ᠶᠢᠨ ᠪᠠᠶᠢᠭᠤᠯᠭ᠎ᠠ ᠨᠢ ᠡᠳᠦᠷ ᠲᠤᠳᠤᠮ ᠤᠨ ᠬᠢᠨᠠᠯᠲᠠ ᠬᠠᠮᠢᠶᠠᠷᠤᠯᠳᠠ᠂ ᠵᠠᠰᠠᠭ | ᠵᠠᠬᠢᠷᠭᠠᠨ ᠤ ᠵᠥᠪᠰᠢᠶᠡᠷᠡᠯ᠂ ᠲᠦᠷᠦᠯ ᠵᠦᠢᠯ ᠤᠨ ᠬᠢᠨᠠᠨ ᠵᠦᠪᠰᠢᠶᠡᠷᠡᠯ᠂ ᠬᠢᠷᠢ ᠴᠢᠳᠠᠮᠵᠢ ᠶᠢᠨ ᠮᠠᠭᠠᠳᠯᠠᠨ | ᠲᠤᠨᠨᠳᠠᠭᠠᠯᠳᠠ᠂ ᠵᠠᠰᠠᠭ ᠤᠨ ᠣᠷᠳᠣᠨ ᠤ ᠬᠤᠳᠠᠯᠳᠤᠨ ᠠᠪᠬᠤ᠂ ᠳᠠᠭᠠᠭᠠᠴᠢᠯᠠᠯᠲᠠ ᠵᠠᠷᠯᠠᠬᠤ ᠪᠠ ᠳᠠᠭᠠᠭᠠᠴᠢᠯᠠᠯᠲᠠ | ᠭᠦᠯᠢᠶᠡᠬᠦ᠂ ᠤᠯᠠᠨ ᠨᠡᠶᠢᠲᠡ ᠶᠢᠨ ᠡᠬᠢ ᠪᠠᠶᠠᠯᠢᠭ ᠢ ᠠᠷᠠᠯᠵᠢᠶᠠᠯᠠᠬᠤ᠂ ᠲᠤᠰᠬᠠᠶ ᠵᠦᠢᠯ ᠤᠨ ᠪᠡᠯᠡ ᠮᠦᠩᠭᠦᠨ ᠤ | ᠲᠤᠬᠢᠷᠠᠭᠤᠯᠤᠯᠳᠠ᠂ ᠡᠳ᠋ ᠤᠨ ᠵᠠᠰᠠᠭ ᠤᠨ ᠨᠡᠮᠡᠬᠦᠷᠢ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ ᠪᠡᠯᠡ | ᠲᠤᠬᠢᠷᠠᠭᠤᠯᠬᠤ ᠦᠢᠯᠡᠴᠢᠯᠡᠭᠡᠨ᠂ ᠰᠠᠶᠢᠰᠢᠶᠠᠨ ᠭᠦᠬᠢᠬᠦᠯᠵᠦ ᠱᠠᠩᠨᠠᠬᠤ᠂ ᠠᠯᠪᠠᠲᠠᠨ ᠡᠯᠰᠡᠬᠦ ᠵᠡᠷᠭᠡ ᠠᠵᠢᠯᠯᠠᠭ᠎ᠠ ᠶᠢᠨ | ᠶᠠᠪᠤᠴᠠ ᠳᠤ᠂ ᠬᠠᠮᠢᠶ᠎ᠠ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠲᠤᠨᠨᠳᠠᠭᠠᠯ ᠶᠤᠰᠤᠭᠠᠷ᠂ | ᠢᠲᠡᠭᠡᠮᠵᠢ ᠶᠢᠨ ᠪᠠᠶᠢᠳᠠᠯ ᠢᠶᠠᠷ ᠰᠠᠶᠢᠨ ᠪᠠᠶᠢᠭ᠎ᠠ ᠮᠡᠳᠡᠭᠡ ᠵᠠᠩᠭᠢ ᠶᠢᠨ ᠭᠤᠣᠯ ᠴᠣᠭᠴᠠ ᠳᠤ ᠡᠩ ᠲᠡᠷᠢᠭᠦᠨ ᠳᠤ | ᠤᠯᠭᠤᠬᠤ ᠪᠠ ᠬᠠᠷᠠᠭᠠᠯᠵᠠᠯ ᠦᠵᠡᠭᠦᠯᠬᠦ ᠵᠡᠷᠭᠡ ᠤᠷᠮᠠᠰᠢᠭᠤᠯᠬᠤ ᠠᠷᠭ᠎ᠠ ᠬᠡᠮᠵᠢᠶ᠎ᠡ ᠠᠪᠬᠤ ᠬᠡᠷᠡᠭᠲᠡᠶ᠃ | ᠭᠤᠴᠢᠨ ᠨᠢᠭᠡᠳᠦᠭᠡᠷ ᠵᠦᠢᠯ ᠢᠲᠡᠭᠡᠮᠵᠢ ᠶᠢᠨ ᠪᠠᠶᠢᠳᠠᠯ ᠢᠶᠠᠷ ᠠᠨᠠᠢ ᠪᠠᠶᠢᠭ᠎ᠠ ᠮᠡᠳᠡᠭᠡ ᠵᠠᠩᠭᠢ ᠶᠢᠨ ᠭᠤᠣᠯ | ᠴᠣᠭᠴᠠ ᠳᠤ᠂ ᠵᠠᠰᠠᠭ ᠵᠠᠬᠢᠷᠭᠠᠨ ᠤ ᠪᠠᠶᠢᠭᠤᠯᠭ᠎ᠠ ᠨᠢ ᠬᠠᠤᠯᠢ ᠶᠣᠰᠣᠭᠠᠷ ᠳᠣᠣᠷ᠎ᠠ ᠵᠢᠭᠰᠠᠭᠠᠭᠰᠠᠨ ᠬᠢᠨᠠᠯᠲᠠ | ᠬᠠᠮᠢᠶᠠᠷᠤᠯᠳᠠ ᠶᠢᠨ ᠠᠷᠭ᠎ᠠ ᠬᠡᠮᠵᠢᠶ᠎ᠡ ᠠᠪᠬᠤ ᠬᠡᠷᠡᠭᠳᠡᠢ᠄ | ︵ᠨᠢᠭᠡ︶ ᠡᠳᠦᠷ ᠲᠤᠳᠤᠮ ᠤᠨ ᠬᠢᠨᠠᠯᠳᠠ ᠪᠠᠶᠢᠴᠠᠭᠠᠯᠳᠠ ᠳᠤ ᠭᠤᠣᠯᠳᠠᠯᠭ᠎ᠠ ᠲᠠᠢ ᠬᠢᠨᠠᠯᠳᠠ ᠲᠠᠯᠪᠢᠵᠦ | ᠬᠠᠮᠢᠶᠠᠷᠤᠨᠨᠳᠠᠬᠤ ᠡᠲᠡᠭᠡᠳ ᠢᠶᠠᠷ ᠵᠢᠨᠨᠰᠠᠭᠠᠨᠨᠳ᠋ᠬᠠᠰᠠᠨ ᠪᠤᠯ᠂ ᠪᠠᠶᠢᠴᠠᠭᠠᠬᠤ ᠳᠠᠪᠲᠠᠮᠵᠢ ᠤᠳᠠᠭ᠎ᠠ ᠶᠢ ᠨᠢ ᠨᠡᠮᠡᠭᠳᠡᠬᠦᠯᠦᠨ᠂ | ᠠᠬᠤᠢ ᠲᠠᠯᠠᠪᠠᠢ ᠳᠤ ᠬᠠᠷᠭᠤᠭᠤᠯᠤᠨ ᠪᠠᠶᠢᠴᠠᠭᠠᠬᠤ ᠪᠠᠨ ᠴᠢᠩᠭᠠᠳᠬᠠᠬᠤ ᠬᠡᠷᠡᠭᠲᠡᠶ︔ | ︵ᠬᠤᠶᠠᠷ︶ ᠡᠯ᠎ᠡ ᠲᠥᠷᠥᠯ ᠤᠨ ᠪᠠᠶᠢᠴᠠᠭᠠᠯᠳᠠ ᠪᠠ ᠬᠢᠨᠠᠯᠳᠠ ᠠᠴᠠ ᠬᠡᠯᠳᠦᠷᠢᠬᠦᠯᠬᠦ ᠬᠡᠪᠴᠢᠶ᠎ᠡ ᠳᠤ | ᠤᠷᠤᠭᠤᠯᠵᠦ ᠪᠤᠯᠬᠤ ᠦᠬᠡᠢ︔ | ︵ᠭᠤᠷᠪᠠ︶ ᠭᠦᠷᠳᠡᠵᠦ ᠪᠠᠶᠢᠨᠨᠰᠠᠨ ᠵᠠᠰᠠᠭ ᠵᠠᠬᠢᠷᠭᠠᠨ ᠤ ᠲᠦᠭᠦᠮᠴᠢᠯᠡᠬᠦ ᠠᠷᠭ᠎ᠠ ᠬᠡᠮᠵᠢᠶ᠎ᠡ ᠶᠢ ᠨᠢ | ᠦᠬᠡᠶᠢᠰᠬᠡᠬᠦ︔ | ︵ᠲᠦᠷᠪᠡ︶ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠲᠣᠭᠲᠠᠭᠠᠭᠰᠠᠨ ᠬᠡᠷᠡᠭᠯᠡᠵᠦ ᠪᠤᠯᠬᠤᠶᠢᠴᠠ | ᠪᠤᠰᠤᠳ ᠬᠢᠨᠠᠯᠳᠠ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠃ | ᠭᠤᠴᠢᠨ ᠬᠤᠶᠠᠳᠤᠭᠠᠷ ᠵᠦᠢᠯ ᠬᠠᠮᠢᠶ᠎ᠠ ᠪᠦᠬᠦᠢ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ | ᠮᠥᠴᠢᠷ ᠠᠴᠠ ᠭᠦᠨᠳᠦ ᠨᠤᠴᠢᠳᠠᠢ ᠢᠲᠡᠭᠡᠯ ᠠᠯᠳᠠᠭᠰᠠᠨ ᠨᠡᠷᠡᠰ ᠲᠤ ᠵᠢᠨᠨᠰᠠᠭᠠᠨ ᠤᠷᠤᠭᠤᠯᠤᠨᠨᠰᠠᠨ ᠮᠡᠳᠡᠭᠡ | ᠵᠠᠩᠭᠢ ᠶᠢᠨ ᠭᠤᠣᠯ ᠴᠣᠭᠴᠠ ᠶᠢ ᠪᠤᠯ᠂ ᠵᠠᠰᠠᠭ ᠵᠠᠬᠢᠷᠭᠠᠨ ᠤ ᠪᠠᠶᠢᠭᠤᠯᠭ᠎ᠠ ᠨᠢ ᠳᠣᠣᠷ᠎ᠠ ᠵᠢᠭᠰᠠᠭᠠᠭᠰᠠᠨ ᠬᠠᠤᠯᠢ | ᠶᠤᠰᠤᠭᠠᠷ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠶᠢ ᠠᠪᠬᠤ ᠬᠡᠷᠡᠭᠳᠡᠢ᠄ | ︵ᠨᠢᠭᠡ︶ ᠵᠠᠬ᠎ᠠ ᠳᠡᠯᠭᠡᠭᠦᠷ ᠪᠠ ᠠᠵᠢᠯ ᠲᠦᠷᠦᠯ ᠳᠤ ᠤᠷᠤᠬᠤ ᠶᠢ ᠨᠢ ᠴᠠᠭᠠᠵᠠᠯᠠᠬᠤ ᠠᠷᠭ᠎ᠠ ᠬᠡᠮᠵᠢᠶ᠎ᠡ ᠶᠢ | ᠬᠡᠷᠡᠭᠵᠢᠬᠦᠯᠬᠦ︔ | ︵ᠬᠤᠶᠠᠷ︶ ᠰᠢᠨ᠎ᠡ ᠪᠠᠷ ᠨᠡᠮᠡᠭᠳᠡᠬᠦᠯᠬᠦ ᠲᠥᠷᠥᠯ ᠵᠦᠢᠯ ᠢ ᠬᠢᠨᠠᠨ ᠵᠦᠪᠰᠢᠶᠡᠷᠡᠬᠦ᠂ ᠬᠠᠷᠭᠤᠭᠤᠯᠤᠨ | ᠵᠦᠪᠰᠢᠶᠡᠷᠡᠬᠦ ᠶᠢ ᠨᠢ ᠬᠢᠵᠠᠭᠠᠷᠯᠠᠬᠤ︔ | ︵ᠭᠤᠷᠪᠠ︶ ᠰᠠᠭᠤᠷᠢ ᠪᠡᠯᠡᠳᠬᠡᠮᠵᠢ ᠪᠠ ᠨᠡᠶᠢᠲᠡ ᠶᠢᠨ ᠬᠡᠷᠡᠭᠯᠡᠭᠡᠨ ᠤ ᠠᠵᠢᠯ ᠦᠢᠯᠡᠰ ᠤᠨ ᠣᠨᠴᠠ | ᠵᠥᠪᠰᠢᠶᠡᠷᠡᠯ ᠲᠠᠢ ᠡᠵᠡᠩᠨᠡᠯᠲᠡ ᠳᠤ ᠤᠷᠤᠯᠴᠠᠬᠤ ᠶᠢ ᠨᠢ ᠬᠢᠵᠠᠭᠠᠷᠯᠠᠬᠤ︔ | ︵ᠲᠦᠷᠪᠡ︶ ᠡᠳ᠋ ᠤᠨ ᠵᠠᠰᠠᠭ ᠤᠨ ᠴᠢᠨᠠᠷᠲᠠᠶ ᠪᠡᠯᠡ ᠮᠦᠩᠭᠦᠨ ᠤ ᠲᠦᠷᠦᠯ ᠵᠦᠢᠯ ᠭᠤᠶᠤᠴᠢᠯᠠᠬᠤ ᠶᠢ ᠨᠢ | ᠬᠢᠵᠠᠭᠠᠷᠯᠠᠬᠤ︔ | ︵ᠲᠠᠪᠤ︶ ᠤᠯᠠᠨ ᠨᠡᠶᠢᠲᠡ ᠶᠢᠨ ᠡᠬᠢ ᠪᠠᠶᠠᠯᠢᠭ ᠢ ᠠᠷᠠᠯᠵᠢᠶᠠᠯᠠᠬᠤ ᠬᠤᠯᠪᠤᠨᠨᠳᠠᠯ ᠪᠦᠭᠦᠢ ᠠᠵᠢᠯᠯᠠᠭ᠎ᠠ ᠳᠤ | ᠤᠷᠤᠯᠴᠠᠬᠤ ᠶᠢ ᠨᠢ ᠬᠢᠵᠠᠭᠠᠷᠯᠠᠬᠤ︔ | ︵ᠵᠢᠷᠭᠤᠭ᠎ᠠ︶ ᠲᠤᠰᠢᠶᠠᠯ ᠳᠤ ᠲᠤᠮᠢᠯᠬᠠᠳᠠᠬᠤ ᠬᠢᠷᠢ ᠬᠡᠮ ᠢ ᠨᠢ ᠬᠢᠵᠠᠭᠠᠷᠯᠠᠬᠤ︔ | ︵ᠲᠤᠯᠤᠭ᠎ᠠ︶ ᠬᠡᠷᠡᠭᠯᠡᠭᠡ ᠶᠡᠬᠡᠳᠡᠢ ᠠᠵᠢᠯᠯᠠᠭ᠎ᠠ ᠶᠢ ᠨᠢ ᠬᠢᠵᠠᠭᠠᠷᠯᠠᠬᠤ︔ | ︵ᠨᠠᠢᠮᠠ︶ ᠢᠷᠠᠭᠤ ᠠᠯᠳᠠᠷ ᠤᠨ ᠴᠣᠯᠠ ᠶᠢ ᠨᠢ ᠭᠦᠴᠦᠨ ᠦᠬᠡᠢ ᠪᠤᠯᠭᠠᠵᠦ᠂ ᠲᠡᠷᠢᠭᠦᠨ ᠤ ᠪᠠ | ᠰᠢᠯᠢᠳᠡᠭ ᠢᠶᠠᠷ ᠦᠨᠡᠯᠡᠬᠦᠯᠬᠦ ᠳᠤ ᠤᠷᠤᠯᠴᠠᠬᠤ ᠬᠢᠷᠢ ᠬᠡᠮ ᠢ ᠨᠢ ᠬᠠᠰᠤᠬᠤ︔ | ︵ᠶᠢᠰᠦ︶ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠲᠣᠭᠲᠠᠭᠠᠭᠰᠠᠨ ᠵᠠᠯᠬᠠᠭᠠᠨ ᠴᠡᠭᠡᠷᠯᠡᠭᠦᠯᠬᠦ ᠪᠤᠰᠤᠳ | ᠠᠷᠭ᠎ᠠ ᠬᠡᠮᠵᠢᠶ᠎ᠡ᠃ | ᠭᠤᠴᠢᠨ ᠭᠤᠷᠪᠠᠳᠤᠭᠠᠷ ᠵᠦᠢᠯ ᠵᠠᠰᠠᠭ ᠵᠠᠬᠢᠷᠭᠠᠨ ᠤ ᠬᠠᠮᠢᠶ᠎ᠠ ᠪᠦᠬᠦᠢ ᠭᠤᠤᠯᠴᠢᠯᠠᠨ ᠬᠠᠮᠢᠶᠠᠷᠬᠤ ᠰᠠᠯᠠᠭ᠎ᠠ | ᠮᠥᠴᠢᠷ ᠨᠢ ᠮᠡᠳᠡᠭᠡ ᠵᠠᠩᠭᠢ ᠶᠢᠨ ᠭᠤᠣᠯ ᠴᠣᠭᠴᠠ ᠶᠢ ᠬᠦᠨᠳᠦ ᠨᠣᠴᠢᠲᠠᠶ ᠢᠲᠡᠭᠡᠯ ᠠᠯᠳᠠᠭᠰᠠᠨ ᠨᠡᠷᠡᠰ ᠲᠤ | ᠵᠢᠨᠨᠰᠠᠭᠠᠬᠤ ᠠᠴᠠ ᠪᠠᠨ ᠡᠮᠦᠨ᠎ᠡ᠂ ᠮᠡᠳᠡᠭᠡ ᠵᠠᠩᠭᠢ ᠶᠢᠨ ᠭᠤᠣᠯ ᠴᠣᠭᠴᠠ ᠳᠤ ᠭᠦᠨᠳᠦ ᠨᠤᠴᠢᠳᠠᠢ ᠢᠳᠡᠬᠡᠯ | ᠠᠯᠳ᠋ᠬᠠᠰᠠᠨ ᠨᠡᠷᠡᠰ ᠲᠤ ᠵᠢᠨᠨᠰᠠᠭᠠᠨ ᠤᠷᠤᠭᠤᠯᠵᠦ ᠪᠠᠶᠢᠭ᠎ᠠ ᠶᠢᠨ ᠤᠴᠢᠷ ᠰᠢᠯᠲᠠᠭᠠᠨ ᠪᠠ ᠦᠨᠳᠦᠰᠦᠯᠡᠯ ᠢᠶᠠᠨ | ᠮᠡᠳᠡᠭᠳᠡᠬᠦ ᠬᠡᠷᠡᠭᠳᠡᠢ︔ ᠬᠦᠨᠳᠦ ᠨᠣᠴᠢᠲᠠᠶ ᠢᠲᠡᠭᠡᠯ ᠠᠯᠳᠠᠭᠰᠠᠨ ᠨᠡᠷᠡᠰ ᠲᠤ ᠵᠢᠨᠨᠰᠠᠭᠠᠨ ᠤᠷᠤᠭᠤᠯᠤᠨᠨᠰᠠᠨ ᠮᠡᠳᠡᠭᠡ | ᠵᠠᠩᠭᠢ ᠶᠢᠨ ᠭᠤᠣᠯ ᠴᠣᠭᠴᠠ ᠳᠤ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠠᠪᠬᠤ ᠪᠠᠷ ᠲᠤᠨᠨᠳ᠋ᠬᠠᠰᠠᠨ ᠪᠤᠯ᠂ | ᠤᠴᠢᠷ ᠰᠢᠯᠲᠠᠭᠠᠨ᠂ ᠦᠨᠳᠦᠰᠦᠯᠡᠯ᠂ ᠲᠡᠳᠬᠦᠨ ᠲᠤᠰᠠᠯᠠᠬᠤ ᠠᠷᠭ᠎ᠠ ᠵᠠᠮ ᠵᠢᠴᠢ ᠵᠠᠯᠬᠠᠭᠠᠨ ᠴᠡᠬᠡᠷᠯᠡᠬᠦᠯᠬᠦ ᠠᠷᠭ᠎ᠠ | ᠬᠡᠮᠵᠢᠶ᠎ᠡ ᠶᠢ ᠭᠦᠴᠦᠨ ᠦᠬᠡᠢ ᠪᠤᠯᠭᠠᠬᠤ ᠨᠥᠬᠦᠴᠡᠯ ᠢ ᠮᠡᠳᠡᠭᠳᠡᠬᠦ ᠬᠡᠷᠡᠭᠳᠡᠢ᠃ ᠮᠡᠳᠡᠭᠡ ᠵᠠᠩᠭᠢ ᠶᠢᠨ ᠭᠤᠣᠯ | ᠴᠣᠭᠴᠠ ᠨᠢ ᠲᠤᠭᠠᠴᠢᠨ ᠮᠡᠳᠡᠬᠦᠯᠬᠦ ᠪᠠ ᠵᠦᠪᠳᠡᠬᠡᠨ ᠲᠣᠳᠣᠷᠬᠠᠶᠢᠯᠠᠬᠤ ᠡᠷᠬᠡ ᠲᠠᠢ᠃ | ᠵᠠᠰᠠᠭ ᠵᠠᠬᠢᠷᠭᠠᠨ ᠤ ᠪᠠᠶᠢᠭᠤᠯᠭ᠎ᠠ ᠠᠴᠠ ᠮᠡᠳᠡᠭᠡ ᠵᠠᠩᠭᠢ ᠶᠢᠨ ᠭᠤᠣᠯ ᠴᠣᠭᠴᠠ ᠳᠤ ᠠᠪᠴᠤ ᠬᠡᠷᠡᠭᠯᠡᠭᠰᠡᠨ | ᠵᠠᠯᠬᠠᠭᠠᠵᠦ ᠴᠡᠭᠡᠷᠯᠡᠭᠦᠯᠬᠦ ᠠᠷᠭ᠎ᠠ ᠬᠡᠮᠵᠢᠶ᠎ᠡ ᠨᠢ ᠮᠡᠳᠡᠭᠡ ᠵᠠᠩᠭᠢ ᠶᠢᠨ ᠭᠤᠣᠯ ᠴᠣᠭᠴᠠ ᠶᠢᠨ ᠬᠠᠤᠯᠢ ᠠᠴᠠ | ᠵᠥᠷᠢᠴᠡᠭᠰᠡᠨ ᠦᠢᠯᠡ ᠠᠵᠢᠯᠯᠠᠭ᠎ᠠ ᠶᠢᠨ ᠰᠢᠨᠵᠢ ᠴᠢᠨᠠᠷ᠂ ᠦᠢᠯᠡ ᠪᠠᠶᠢᠳᠠᠯ ᠪᠠ ᠨᠡᠶᠢᠭᠡᠮ ᠳᠤ ᠤᠴᠠᠷᠠᠭᠤᠯᠤᠭᠰᠠᠨ | ᠬᠤᠣᠷ ᠬᠥᠨᠥᠭᠡᠯ ᠤᠨ ᠬᠡᠮᠵᠢᠶ᠎ᠡ ᠯᠦᠭᠡ ᠵᠣᠬᠢᠴᠠᠯᠳᠤᠭᠰᠠᠨ ᠪᠠᠶᠢᠬᠤ ᠬᠡᠷᠡᠭᠲᠡᠶ᠃ | ᠭᠤᠴᠢᠨ ᠳᠥᠷᠪᠡᠳᠦᠭᠡᠷ ᠵᠦᠢᠯ ᠮᠡᠳᠡᠭᠡ ᠵᠠᠩᠬᠢ ᠶᠢᠨ ᠭᠤᠣᠯ ᠴᠣᠭᠴᠠ ᠶᠢ ᠵᠤᠷᠢᠨᠨᠵᠢᠭᠤᠯᠵᠦ ᠪᠠᠶᠢᠭᠠᠳ | ᠮᠥᠩᠭᠦᠨ ᠭᠦᠢᠯᠭᠡᠭᠡᠨ ᠤ ᠠᠵᠢᠯᠯᠠᠭ᠎ᠠ᠂ ᠵᠠᠬ᠎ᠠ ᠳᠡᠯᠭᠡᠭᠦᠷ ᠤᠨ ᠠᠷᠡᠯᠵᠢᠶ᠎ᠡ᠂ ᠠᠵᠢᠯ ᠲᠦ᠋ᠷᠦᠯ ᠤᠨ ᠬᠠᠮᠢᠶᠠᠷᠤᠯᠳᠠ᠂ | ᠨᠡᠶᠢᠭᠡᠮ ᠶᠢᠨ ᠠᠰᠠᠷᠠᠮᠵᠢ ᠵᠡᠷᠭᠡ ᠠᠵᠢᠯᠯᠠᠭ᠎ᠠ ᠦᠷᠨᠢᠬᠦᠯᠬᠦ ᠶᠠᠪᠤᠴᠠ ᠳᠤ ᠬᠠᠤᠯᠢ ᠶᠣᠰᠣᠭᠠᠷ ᠤᠯᠠᠨ ᠨᠡᠶᠢᠲᠡ ᠶᠢᠨ | ᠢᠲᠡᠭᠡᠮᠵᠢ ᠶᠢᠨ ᠮᠡᠳᠡᠭᠡ ᠵᠠᠩᠭᠢ ᠬᠡᠷᠡᠭᠯᠡᠬᠦᠯᠵᠦ᠂ ᠠᠷᠠᠯᠵᠢᠶᠠᠯᠠᠬᠤ ᠶᠢᠨ ᠲᠦᠭᠰᠢᠭᠦᠷᠢ ᠶᠢ ᠰᠡᠷᠬᠡᠶᠢᠯᠡᠬᠦ ᠬᠡᠷᠡᠭᠳᠡᠢ᠃ | ᠢᠳᠡᠬᠡᠮᠵᠢ ᠶᠢᠨ ᠮᠡᠳᠡᠭᠡ ᠵᠠᠩᠬᠢ ᠴᠤᠨᠨᠯᠠᠭᠤᠯᠵᠦ ᠲᠡᠮᠳᠡᠭᠯᠡᠬᠦ ᠪᠠᠶᠢᠭᠤᠯᠤᠮᠵᠢ ᠶᠢ ᠵᠤᠷᠢᠨᠨᠵᠢᠭᠤᠯᠵᠦ ᠪᠠᠶᠢᠭᠠᠳ | ᠤᠯᠠᠨ ᠨᠡᠶᠢᠳᠡ ᠶᠢᠨ ᠢᠳᠡᠬᠡᠮᠵᠢ ᠶᠢᠨ ᠮᠡᠳᠡᠭᠡ ᠵᠠᠩᠬᠢ ᠶᠢ ᠬᠡᠷᠡᠭᠯᠡᠬᠦᠯᠵᠦ᠂ ᠢᠳᠡᠬᠡᠮᠵᠢ ᠶᠢᠨ ᠨᠡᠷᠡᠳᠬᠦᠨ ᠢ ᠨᠡᠬᠡᠬᠡᠨ | ᠭᠦᠭᠵᠢᠬᠦᠯᠬᠦ ᠪᠠ ᠲᠡᠭᠦᠨ ᠳᠤ ᠰᠢᠨ᠎ᠠ ᠶᠢ ᠡᠭᠦᠳᠴᠤ᠂ ᠢᠳᠡᠬᠡᠮᠵᠢ ᠶᠢᠨ ᠨᠡᠷᠡᠳᠬᠦᠨ ᠤ ᠬᠡᠷᠡᠭᠯᠡᠬᠦ ᠬᠡᠪᠴᠢᠶ᠎ᠡ ᠶᠢ ᠨᠢ | ᠦᠷᠬᠡᠳᠬᠡᠬᠦ ᠬᠡᠷᠡᠭᠳᠡᠢ᠃ | | ᠲᠠᠪᠤᠳᠤᠭᠠᠷ ᠪᠦᠯᠦᠭ ᠡᠷᠬᠡ ᠠᠰᠢᠭ ᠤᠨ ᠬᠠᠮᠠᠭᠠᠯᠠᠯᠲᠠ | | ᠭᠤᠴᠢᠨ ᠲᠠᠪᠤᠳᠤᠭᠠᠷ ᠵᠦᠢᠯ ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠲᠠᠪᠴᠠᠩ ᠳᠤ | ᠳᠣᠲᠣᠭᠠᠳᠤ ᠶᠢᠨ ᠮᠡᠳᠡᠭᠡ ᠵᠠᠩᠭᠢ ᠶᠢᠨ ᠠᠮᠤᠷ ᠲᠦᠪᠰᠢᠨ ᠢ ᠬᠠᠮᠢᠶᠠᠷᠬᠤ ᠳᠦᠷᠢᠮ ᠤᠨ ᠵᠢᠷᠤᠮᠵᠢᠯ ᠢ ᠲᠣᠭᠲᠠᠭᠠᠵᠤ᠂ | ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠶᠢ ᠨᠢ ᠲᠤᠳᠤᠷᠬᠠᠶᠢᠯᠠᠨ᠂ ᠠᠵᠢᠯᠳᠠᠳ ᠤᠨ ᠬᠠᠶᠢᠨ ᠯᠠᠪᠯᠠᠵᠦ | ᠪᠤᠯᠬᠤ ᠡᠷᠬᠡ ᠶᠢᠨ ᠬᠢᠵᠠᠭᠠᠷ ᠪᠠ ᠬᠠᠶᠢᠨ ᠯᠠᠪᠯᠠᠬᠤ ᠲᠡᠰ ᠲᠠᠷᠠᠭᠠᠯᠠᠯ ᠢ ᠲᠤᠨᠨᠳᠠᠭᠠᠵᠦ᠂ ᠤᠯᠠᠨ ᠨᠡᠶᠢᠲᠡ ᠶᠢᠨ | ᠢᠲᠡᠭᠡᠮᠵᠢ ᠶᠢᠨ ᠮᠡᠳᠡᠭᠡ ᠵᠠᠩᠭᠢ ᠶᠢ ᠴᠤᠨᠨᠯᠠᠭᠤᠯᠤᠨ ᠨᠡᠶᠢᠯᠡᠬᠦᠯᠬᠦ ᠪᠠ ᠬᠠᠶᠢᠨ ᠯᠠᠪᠯᠠᠬᠤ ᠡᠳᠦᠷ ᠤᠨ ᠲᠡᠮᠳᠡᠭᠯᠡᠯ | ᠭᠠᠷᠭᠠᠬᠤ ᠶᠢᠨ ᠬᠠᠮᠳᠤ᠂ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠠᠳᠠᠭᠠᠯᠠᠬᠤ ᠬᠡᠷᠡᠭᠲᠡᠶ᠃ | ᠭᠤᠴᠢᠨ ᠵᠢᠷᠭᠤᠳᠤᠭᠠᠷ ᠵᠦᠢᠯ ᠨᠦᠯᠦᠬᠡ ᠮᠠᠭᠤᠳᠠᠢ ᠮᠡᠳᠡᠭᠡ ᠵᠠᠩᠭᠢ ᠶᠢ ᠢᠯᠡ ᠨᠡᠶᠢᠳᠡᠯᠡᠬᠦ ᠴᠠᠭ | ᠬᠤᠭᠤᠴᠠᠭ᠎ᠠ ᠨᠢ ᠲᠠᠪᠤᠨ ᠵᠢᠯ ᠪᠠᠶᠢᠵᠦ᠂ ᠢᠳᠡᠬᠡᠯ ᠠᠯᠳᠠᠭᠰᠠᠨ ᠠᠵᠢᠯᠯᠠᠭ᠎ᠠ ᠪᠤᠶᠤ ᠬᠡᠷᠡᠭ ᠶᠠᠪᠤᠳᠠᠯ ᠳᠠᠭᠤᠰᠤᠭᠰᠠᠨ | ᠡᠳᠦᠷ ᠠᠴᠠ ᠡᠬᠢᠯᠡᠵᠦ ᠪᠤᠳᠤᠨ᠎ᠠ᠂ ᠤᠯᠤᠰ ᠪᠤᠶᠤ ᠥᠪᠡᠷᠲᠡᠭᠡᠨ ᠵᠠᠰᠠᠭ ᠣᠷᠣᠨ ᠳᠤ ᠠᠰᠳᠠᠭᠠᠨ ᠲᠣᠭᠲᠠᠭᠠᠯ ᠲᠠᠢ ᠨᠢ | ᠡᠭᠦᠨ ᠳᠤ ᠪᠠᠭᠲᠠᠬᠤ ᠦᠭᠡᠢ᠃ ᠢᠯᠡ ᠨᠡᠶᠢᠳᠡᠯᠡᠬᠦ ᠴᠠᠭ ᠬᠤᠭᠤᠴᠠᠭ᠎ᠠ ᠨᠢ ᠳᠠᠭᠤᠰᠪᠠᠯ᠂ ᠬᠠᠤᠯᠢ ᠶᠢᠨ ᠡᠷᠬᠡᠳᠡᠨ ᠪᠠ | ᠬᠠᠤᠯᠢ ᠶᠢᠨ ᠡᠷᠬᠡᠲᠡᠨ ᠤ ᠪᠤᠰᠤ ᠵᠣᠬᠢᠶᠠᠨ ᠪᠠᠶᠢᠭᠤᠯᠤᠯᠲᠠ ᠶᠢᠨ ᠨᠦᠯᠦᠬᠡ ᠮᠠᠭᠤᠳᠠᠢ ᠮᠡᠳᠡᠭᠡ ᠵᠠᠩᠭᠢ ᠶᠢ ᠳᠠᠩᠰᠠ | ᠡᠪᠬᠡᠮᠡᠯ ᠪᠣᠯᠭᠠᠨ ᠬᠠᠳᠠᠭᠠᠯᠠᠨ᠎ᠠ︔ ᠪᠠᠶᠢᠭᠠᠯᠢᠭ ᠬᠥᠮᠦᠨ ᠤ ᠨᠦᠯᠦᠬᠡ ᠮᠠᠭᠤᠳᠠᠢ ᠮᠡᠳᠡᠭᠡ ᠵᠠᠩᠭᠢ ᠶᠢ ᠨᠢ ᠬᠠᠰᠤᠬᠤ | ᠬᠡᠷᠡᠭᠲᠡᠶ᠃ | ᠮᠡᠳᠡᠭᠡ ᠵᠠᠩᠭᠢ ᠶᠢᠨ ᠭᠤᠣᠯ ᠴᠣᠭᠴᠠ ᠨᠢ ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠲᠠᠪᠴᠠᠩ ᠢ | ᠱᠠᠭᠠᠷᠳᠠᠵᠦ ᠪᠠᠶᠢᠭᠠᠳ ᠲᠤᠰ ᠬᠥᠮᠦᠨ ᠤ ᠰᠠᠶᠢᠰᠢᠶᠠᠨ ᠭᠦᠬᠢᠭᠦᠯᠦᠭᠰᠡᠨ ᠱᠠᠩᠨᠠᠯ᠂ ᠰᠠᠶᠢᠨ ᠳᠤᠷ᠎ᠠ ᠶᠢᠨ ᠦᠢᠯᠡᠴᠢᠯᠡᠭᠡ᠂ | ᠨᠢᠭᠦᠯᠡᠰᠦᠩᠭᠦᠶ ᠶᠢᠨ ᠬᠠᠨᠳᠢᠪ ᠤᠨ ᠮᠡᠳᠡᠭᠡ ᠵᠠᠩᠭᠢ ᠶᠢ ᠨᠢ ᠬᠠᠰᠤᠭᠤᠯᠵᠦ ᠪᠤᠯᠤᠨ᠎ᠠ᠃ ᠤᠯᠠᠨ ᠨᠡᠶᠢᠲᠡ ᠶᠢᠨ | ᠢᠲᠡᠭᠡᠮᠵᠢ ᠶᠢᠨ ᠮᠡᠳᠡᠭᠡ ᠵᠠᠩᠭᠢ ᠶᠢᠨ ᠠᠵᠢᠯ ᠤᠨ ᠪᠠᠶᠢᠭᠤᠯᠤᠮᠵᠢ ᠨᠢ ᠭᠤᠶᠤᠴᠢᠯᠠᠯ ᠭᠦᠯᠢᠶᠡᠭᠰᠡᠨ ᠡᠳᠦᠷ ᠠᠴᠠ | ᠡᠬᠢᠯᠡᠨ ᠲᠠᠪᠤᠨ ᠠᠵᠢᠯᠯᠠᠬᠤ ᠡᠳᠦᠷ ᠤᠨ ᠳᠣᠲᠣᠷ᠎ᠠ ᠬᠠᠮᠢᠶ᠎ᠠ ᠪᠦᠬᠦᠢ ᠮᠡᠳᠡᠭᠡ ᠵᠠᠩᠭᠢ ᠶᠢ ᠬᠠᠰᠤᠬᠤ ᠶᠢᠨ ᠬᠠᠮᠳᠤ᠂ | ᠤᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠬᠠᠩᠭᠠᠵᠦ ᠦᠭᠭᠦᠭᠰᠡᠨ ᠨᠢᠬᠡᠴᠡ ᠳᠤ ᠮᠡᠳᠡᠭᠳᠡᠬᠦ ᠬᠡᠷᠡᠭᠲᠡᠶ᠃ | ᠭᠤᠴᠢᠨ ᠳᠣᠯᠣᠳᠤᠭᠠᠷ ᠵᠦᠢᠯ ᠨᠦᠯᠦᠬᠡ ᠮᠠᠭᠤᠳᠠᠢ ᠮᠡᠳᠡᠭᠡ ᠵᠠᠩᠭᠢ ᠲᠠᠢ ᠮᠡᠳᠡᠭᠡ ᠵᠠᠩᠭᠢ ᠶᠢᠨ ᠭᠤᠣᠯ | ᠴᠣᠭᠴᠠ ᠨᠢ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠪᠠᠨ ᠰᠠᠨᠠᠭᠠᠴᠢᠯᠠᠭ᠎ᠠ ᠠᠴᠠ ᠪᠠᠨ ᠵᠠᠯᠠᠷᠠᠭᠤᠯᠬᠤ᠂ | ᠮᠠᠭᠤ ᠨᠥᠯᠥᠭᠡ ᠪᠠᠨ ᠠᠷᠢᠯᠭᠠᠬᠤ ᠵᠡᠷᠭᠡ ᠪᠠᠶᠢᠳᠠᠯ ᠲᠠᠢ ᠪᠠᠶᠢᠪᠠᠯ᠂ ᠬᠠᠤᠯᠢ ᠠᠴᠠ ᠵᠥᠷᠢᠴᠡᠭᠰᠡᠨ ᠦᠢᠯᠡ | ᠠᠵᠢᠯᠯᠠᠭ᠎ᠠ ᠲᠠᠢ ᠬᠡᠵᠦ ᠮᠠᠭᠠᠳᠯᠠᠨ ᠲᠣᠭᠲᠠᠭᠠᠭᠰᠠᠨ ᠤᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ | ᠬᠠᠩᠭᠠᠵᠦ ᠦᠭᠭᠦᠭᠰᠡᠨ ᠨᠢᠬᠡᠴᠡ ᠳᠤ ᠢᠲᠡᠭᠡᠮᠵᠢ ᠪᠠᠨ ᠰᠡᠷᠭᠦᠭᠡᠬᠦ ᠭᠤᠶᠤᠴᠢᠯᠠᠯ ᠭᠠᠷᠭᠠᠵᠦ ᠪᠣᠯᠤᠨ᠎ᠠ︔ ᠤᠯᠤᠰ ᠪᠠ | ᠥᠪᠡᠷᠲᠡᠭᠡᠨ ᠵᠠᠰᠠᠬᠤ ᠣᠷᠣᠨ ᠤ ᠢᠲᠡᠭᠡᠮᠵᠢ ᠪᠠᠨ ᠰᠡᠷᠭᠦᠭᠡᠬᠦ ᠬᠤᠯᠪᠣᠭᠳᠠᠯ ᠪᠦᠬᠦᠢ ᠲᠣᠭᠲᠠᠭᠠᠯ ᠳᠤ ᠨᠡᠶᠢᠴᠡᠪᠡᠯ᠂ | ᠤᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠬᠠᠩᠭᠠᠵᠦ ᠦᠭᠭᠦᠭᠰᠡᠨ ᠨᠢᠬᠡᠴᠡ ᠨᠢ ᠢᠲᠡᠭᠡᠮᠵᠢ ᠶᠢ ᠨᠢ | ᠰᠡᠷᠭᠦᠭᠡᠬᠦ ᠲᠣᠭᠲᠠᠭᠠᠯ ᠭᠠᠷᠭᠠᠬᠤ ᠶᠢᠨ ᠬᠠᠮᠳᠤ᠂ ᠨᠦᠯᠦᠬᠡ ᠮᠠᠭᠤᠳᠠᠢ ᠮᠡᠳᠡᠭᠡ ᠵᠠᠩᠭᠢ ᠳᠤᠨᠢ ᠵᠡᠬᠦᠯᠳᠡ ᠬᠠᠳᠠᠬᠤ | ᠬᠡᠷᠡᠭᠳᠡᠢ᠃ | ᠮᠡᠳᠡᠭᠡ ᠵᠠᠩᠭᠢ ᠶᠢᠨ ᠭᠤᠣᠯ ᠴᠣᠭᠴᠠ ᠨᠢ ᠬᠦᠨᠳᠦ ᠨᠣᠴᠢᠲᠠᠶ ᠢᠲᠡᠭᠡᠯ ᠠᠯᠳᠠᠭᠰᠠᠨ ᠨᠡᠷᠡᠰ ᠲᠤ | ᠵᠢᠨᠨᠰᠠᠭᠠᠨᠨᠳ᠋ᠬᠠᠰᠠᠨ ᠪᠠᠶᠢᠪᠠᠯ᠂ ᠡᠮᠦᠨᠡᠬᠢ ᠵᠤᠷᠪᠤᠰ ᠤᠨ ᠲᠣᠭᠲᠠᠭᠠᠯ ᠢ ᠬᠡᠷᠡᠭᠯᠡᠬᠦ ᠳᠤ ᠲᠤᠬᠢᠷᠠᠬᠤ ᠦᠬᠡᠢ᠃ | ᠭᠤᠴᠢᠨ ᠨᠠᠢᠮᠠᠳᠤᠭᠠᠷ ᠵᠦᠢᠯ ᠮᠡᠳᠡᠭᠡ ᠵᠠᠩᠬᠢ ᠶᠢᠨ ᠭᠤᠤᠯ ᠴᠤᠨᠨᠴᠠ ᠠᠴᠠ ᠨᠡᠶᠢᠭᠡᠮ ᠤᠨ ᠢᠲᠡᠭᠡᠮᠵᠢ ᠶᠢᠨ | ᠮᠡᠳᠡᠭᠡ ᠵᠠᠩᠭᠢ ᠶᠢᠨ ᠲᠠᠪᠴᠠᠩ ᠳᠤ ᠲᠡᠮᠳᠡᠭᠯᠡᠭᠰᠡᠨ ᠤᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠨᠢ | ᠪᠣᠳᠠᠲᠤ ᠪᠠᠶᠢᠳᠠᠯ ᠲᠠᠢ ᠨᠡᠶᠢᠴᠡᠬᠦ ᠦᠬᠡᠢ᠂ ᠬᠡᠬᠡᠵᠦ ᠣᠷᠬᠢᠭᠳᠠᠭᠤᠯᠤᠭᠰᠠᠨ ᠪᠠ ᠲᠠᠰᠢᠶ᠎ᠠ ᠪᠤᠷᠤᠭᠤ ᠣᠷᠣᠰᠢᠵᠤ᠂ | ᠬᠠᠤᠯᠢ ᠶᠣᠰᠣᠭᠠᠷ ᠢᠯᠡ ᠪᠣᠯᠭᠠᠵᠤ ᠪᠣᠯᠬᠤ ᠦᠭᠡᠶ ᠬᠡᠵᠦ ᠦᠵᠡᠪᠡᠯ᠂ ᠤᠯᠠᠨ ᠨᠡᠶᠢᠳᠡ ᠶᠢᠨ ᠢᠲᠡᠭᠡᠮᠵᠢ ᠶᠢᠨ ᠮᠡᠳᠡᠭᠡ | ᠵᠠᠩᠭᠢ ᠶᠢᠨ ᠠᠵᠢᠯ ᠤᠨ ᠪᠠᠶᠢᠭᠤᠯᠤᠮᠵᠢ ᠪᠤᠶᠤ ᠤᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠬᠠᠩᠭᠠᠵᠦ | ᠦᠭᠭᠦᠭᠰᠡᠨ ᠨᠢᠬᠡᠴᠡ ᠳᠤ ᠣᠨᠳᠣᠣ ᠰᠠᠨᠠᠯ ᠲᠤᠷᠠᠳᠬᠤ ᠶᠢᠨ ᠬᠠᠮᠳᠤ᠂ ᠬᠠᠮᠢᠶ᠎ᠠ ᠪᠦᠬᠦᠢ ᠭᠡᠷᠡᠴᠢ ᠪᠠᠷᠢᠮᠳᠠ ᠶᠢᠨ | ᠮᠠᠲ᠋ᠧᠷᠢᠶᠠᠯ ᠲᠤᠰᠢᠶᠠᠬᠤ ᠡᠷᠬᠡ ᠲᠠᠢ᠃ | ᠤᠯᠠᠨ ᠨᠡᠶᠢᠳᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠠᠵᠢᠯ ᠤᠨ ᠪᠠᠶᠢᠭᠤᠯᠤᠮᠵᠢ ᠪᠤᠶᠤ ᠤᠯᠠᠨ | ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠬᠠᠩᠭᠠᠵᠦ ᠦᠭᠭᠦᠭᠰᠡᠨ ᠨᠢᠬᠡᠴᠡ ᠨᠢ ᠣᠨᠳᠣᠣ ᠰᠠᠨᠠᠯ ᠲᠤᠷᠠᠳᠤᠨᠨᠰᠠᠨ | ᠭᠤᠶᠤᠴᠢᠯᠠᠯ ᠢ ᠭᠦᠯᠢᠶᠡᠨ ᠠᠪᠤᠨᠨᠰᠠᠨ ᠪᠤᠯ᠂ ᠣᠨᠳᠣᠣ ᠰᠠᠨᠠᠯ ᠤᠷᠤᠰᠢᠵᠦ ᠪᠠᠶᠢᠭ᠎ᠠ ᠬᠠᠮᠢᠶ᠎ᠠ ᠪᠦᠬᠦᠢ ᠮᠡᠳᠡᠭᠡ | ᠵᠠᠩᠭᠢ ᠳᠤ ᠵᠡᠬᠦᠯᠳᠡ ᠬᠠᠳᠠᠵᠦ᠂ ᠣᠨᠳᠣᠣ ᠰᠠᠨᠠᠯ ᠲᠤᠷᠠᠳᠤᠨᠨᠰᠠᠨ ᠭᠤᠶᠤᠴᠢᠯᠠᠯ ᠢ ᠭᠦᠯᠢᠶᠡᠨ ᠠᠪᠤᠨᠨᠰᠠᠨ ᠡᠳᠦᠷ ᠠᠴᠠ | ᠡᠬᠢᠯᠡᠨ 20 ᠠᠵᠢᠯᠯᠠᠬᠤ ᠡᠳᠦᠷ ᠲᠤ ᠬᠠᠷᠭᠤᠭᠤᠯᠤᠨ ᠪᠠᠶᠢᠴᠠᠭᠠᠬᠤ ᠪᠠ ᠰᠢᠢᠳᠪᠦᠷᠢᠯᠡᠬᠦ ᠶᠢᠨ ᠬᠠᠮᠳᠤ᠂ | ᠰᠢᠢᠳᠪᠦᠷᠢᠯᠡᠭᠰᠡᠨ ᠦᠷ᠎ᠡ ᠳ᠋ᠦᠩ ᠢᠶᠠᠨ ᠮᠡᠳᠡᠭᠡ ᠵᠠᠩᠭᠢ ᠶᠢᠨ ᠭᠤᠣᠯ ᠴᠣᠭᠴᠠ ᠳᠤ ᠪᠢᠴᠢᠭ ᠢᠶᠠᠷ ᠮᠡᠳᠡᠭᠳᠡᠬᠦ | ᠬᠡᠷᠡᠭᠳᠡᠢ᠃ | ᠭᠤᠴᠢ ᠶᠢᠰᠦᠳᠦᠭᠡᠷ ᠵᠦᠢᠯ ᠮᠡᠳᠡᠭᠡ ᠵᠠᠩᠭᠢ ᠶᠢᠨ ᠭᠤᠣᠯ ᠴᠣᠭᠴᠠ ᠨᠢ ᠣᠨᠳᠣᠣ ᠰᠠᠨᠠᠯ ᠢ ᠰᠢᠢᠳᠪᠦᠷᠢᠯᠡᠭᠰᠡᠨ | ᠦᠷ᠎ᠡ ᠳ᠋ᠦᠩ ᠢ ᠬᠦᠯᠢᠶᠡᠬᠦ ᠦᠭᠡᠢ ᠪᠤᠯ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠬᠥᠭᠵᠢᠭᠦᠯᠦᠯᠲᠡ ᠥᠭᠡᠷᠡᠴᠢᠯᠡᠯᠲᠡ ᠶᠢᠨ ᠰᠠᠯᠠᠭ᠎ᠠ ᠮᠥᠴᠢᠷ ᠲᠤ ᠳᠠᠬᠢᠨ ᠬᠢᠨᠠᠭᠤᠯᠬᠤ ᠪᠠᠷ ᠭᠤᠶᠤᠴᠢᠯᠠᠵᠦ | ᠪᠤᠯᠤᠨ᠎ᠠ᠃ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠥᠭᠵᠢᠭᠦᠯᠦᠯᠲᠡ | ᠥᠭᠡᠷᠡᠴᠢᠯᠡᠯᠲᠡ ᠶᠢᠨ ᠰᠠᠯᠠᠭ᠎ᠠ ᠮᠥᠴᠢᠷ ᠨᠢ ᠳᠠᠬᠢᠨ ᠬᠢᠨᠠᠭᠤᠯᠬᠤ ᠭᠤᠶᠤᠴᠢᠯᠠᠯ ᠢ ᠭᠦᠯᠢᠶᠡᠨ ᠠᠪᠤᠨᠨᠰᠠᠨ ᠡᠳᠦᠷ ᠠᠴᠠ | ᠡᠬᠢᠯᠡᠨ 20 ᠠᠵᠢᠯᠯᠠᠬᠤ ᠡᠳᠦᠷ ᠲᠤ ᠳᠠᠬᠢᠨ ᠬᠢᠨᠠᠭᠠᠳ᠂ ᠲᠡᠬᠢᠠ ᠬᠢᠨᠠᠭᠰᠠᠨ ᠲᠣᠭᠲᠠᠭᠠᠯ ᠭᠠᠷᠭᠠᠬᠤ ᠶᠢᠨ ᠬᠠᠮᠳᠤ᠂ | ᠮᠡᠳᠡᠭᠡ ᠵᠠᠩᠭᠢ ᠶᠢᠨ ᠭᠤᠣᠯ ᠴᠣᠭᠴᠠ᠂ ᠤᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠠᠵᠢᠯ ᠤᠨ | ᠪᠠᠶᠢᠭᠤᠯᠤᠮᠵᠢ ᠪᠤᠶᠤ ᠤᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠬᠠᠩᠭᠠᠵᠦ ᠦᠭᠭᠦᠭᠰᠡᠨ ᠨᠢᠬᠡᠴᠡ ᠳᠤ | ᠪᠢᠴᠢᠭ ᠢᠶᠠᠷ ᠮᠡᠳᠡᠭᠳᠡᠬᠦ ᠬᠡᠷᠡᠭᠳᠡᠢ᠃ | ᠳᠥᠴᠢᠳᠦᠭᠡᠷ ᠵᠦᠢᠯ ᠤᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠬᠠᠭᠤᠷᠮᠠᠭ ᠢᠶᠠᠷ ᠵᠤᠬᠢᠶᠠᠬᠤ᠂ | ᠬᠤᠪᠢᠷᠠᠭᠤᠯᠤᠨ ᠦᠢᠯᠡᠳᠬᠦ᠂ ᠪᠤᠷᠤᠯᠠᠭᠤᠯᠬᠤ ᠶᠢ ᠡᠷᠡᠰ ᠬᠤᠷᠢᠨᠨᠯᠠᠬᠤ ᠬᠡᠷᠡᠭᠳᠡᠢ︔ ᠤᠯᠤᠰ ᠤᠨ ᠲᠣᠭᠲᠠᠭᠠᠯ ᠠᠴᠠ | ᠵᠥᠷᠢᠴᠡᠵᠦ ᠤᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠤᠯᠵᠦ ᠭᠦᠷᠳᠡᠬᠦ ᠶᠢ ᠡᠷᠡᠰ ᠬᠤᠷᠢᠨᠨᠯᠠᠬᠤ | ᠬᠡᠷᠡᠭᠳᠡᠢ᠃ | ᠳᠥᠴᠢᠨ ᠨᠢᠭᠡᠳᠦᠭᠡᠷ ᠵᠦᠢᠯ ᠤᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠬᠠᠩᠭᠠᠵᠦ ᠦᠭᠭᠦᠭᠰᠡᠨ | ᠨᠢᠬᠡᠴᠡ᠂ ᠤᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠬᠡᠷᠡᠭᠯᠡᠬᠦ ᠨᠢᠬᠡᠴᠡ᠂ ᠤᠯᠠᠨ ᠨᠡᠶᠢᠲᠡ ᠶᠢᠨ | ᠢᠲᠡᠭᠡᠮᠵᠢ ᠶᠢᠨ ᠮᠡᠳᠡᠭᠡ ᠵᠠᠩᠭᠢ ᠶᠢᠨ ᠠᠵᠢᠯ ᠤᠨ ᠪᠠᠶᠢᠭᠤᠯᠤᠮᠵᠢ ᠵᠢᠴᠢ ᠲᠡᠳᠡᠬᠡᠷ ᠤᠨ ᠠᠵᠢᠯᠳᠠᠳ ᠨᠢ ᠳᠣᠣᠷ᠎ᠠ | ᠵᠢᠭᠰᠠᠭᠠᠭᠰᠠᠨ ᠦᠢᠯᠡ ᠠᠵᠢᠯᠯᠠᠭ᠎ᠠ ᠶᠢ ᠬᠢᠵᠦ ᠪᠣᠯᠬᠤ ᠦᠬᠡᠢ᠄ | ︵ᠨᠢᠭᠡ︶ ᠡᠷᠬᠡ ᠠᠴᠠ ᠪᠠᠨ ᠲᠠᠪᠠᠭᠤᠯᠵᠦ ᠤᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠬᠠᠶᠢᠨ | ᠯᠠᠪᠯᠠᠬᠤ︔ | ︵ᠬᠤᠶᠠᠷ︶ ᠲᠣᠭᠲᠠᠭᠠᠯ ᠠᠴᠠ ᠵᠦᠷᠢᠴᠡᠵᠦ ᠤᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢ | ᠬᠠᠰᠤᠬᠤ︔ | ︵ᠭᠤᠷᠪᠠ︶ ᠢᠯᠡ ᠪᠤᠯᠭᠠᠬᠤ ᠶᠢᠨ ᠡᠷᠬᠡ ᠤᠯᠭᠤᠨᠨᠰᠠᠨ ᠦᠬᠡᠢ ᠪᠠᠶᠢᠳᠠᠯ᠎ᠠ ᠤᠯᠠᠨ ᠨᠡᠶᠢᠲᠡ ᠶᠢᠨ | ᠢᠲᠡᠭᠡᠮᠵᠢ ᠶᠢᠨ ᠮᠡᠳᠡᠭᠡ ᠵᠠᠩᠭᠢ ᠶᠢ ᠵᠠᠳᠠᠷᠠᠭᠤᠯᠬᠤ︔ | ︵ᠳᠦᠷᠪᠡ︶ ᠤᠯᠤᠰ ᠤᠨ ᠨᠢᠭᠤᠴᠠ᠂ ᠬᠤᠳᠠᠯᠳᠤᠭᠠᠨ ᠤ ᠨᠢᠭᠤᠴᠠ᠂ ᠬᠤᠪᠢ ᠬᠥᠮᠦᠨ ᠤ ᠨᠢᠭᠤᠴᠠ ᠳᠤ | ᠬᠤᠯᠪᠤᠨᠨᠳ᠋ᠬᠠᠰᠠᠨ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠵᠠᠳᠠᠷᠠᠭᠤᠯᠬᠤ︔ | ︵ᠲᠠᠪᠤ︶ ᠬᠠᠤᠯᠢ ᠴᠠᠭᠠᠵᠠ᠂ ᠬᠠᠤᠯᠢ ᠲᠤᠨᠨᠳᠠᠭᠠᠯ᠂ ᠲᠣᠭᠲᠠᠭᠠᠯ ᠳᠦᠷᠢᠮ ᠲᠤ ᠴᠠᠭᠠᠵᠠᠯᠠᠭᠰᠠᠨ ᠪᠤᠰᠤᠳ | ᠥᠢᠯᠡ ᠠᠵᠢᠯᠯᠠᠭ᠎ᠠ᠃ | | ᠵᠢᠷᠭᠤᠳᠤᠭᠠᠷ ᠪᠦᠯᠦᠭ ᠬᠠᠤᠯᠢ ᠴᠠᠭᠠᠵᠠ ᠶᠢᠨ ᠬᠠᠷᠢᠭᠤᠴᠠᠯᠭ᠎ᠠ | | ᠳᠥᠴᠢᠨ ᠬᠤᠶᠠᠳᠤᠭᠠᠷ ᠵᠦᠢᠯ ᠲᠤᠰ ᠠᠷᠭ᠎ᠠ ᠶᠢᠨ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ | ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠨᠢᠭᠡᠨᠲᠡ ᠪᠣᠳᠠᠲᠠᠶ ᠰᠢᠳᠬᠡᠵᠦ ᠲᠣᠷᠭᠠᠬᠤ | ᠲᠣᠭᠲᠠᠭᠠᠯ ᠭᠠᠷᠭᠠᠭᠰᠠᠨ ᠪᠠᠶᠢᠪᠠᠯ᠂ ᠲᠡᠷᠡᠬᠦ ᠲᠣᠭᠲᠠᠭᠠᠯ ᠢ ᠵᠢᠷᠤᠮᠯᠠᠬᠤ ᠬᠡᠷᠡᠭᠳᠡᠢ᠃ | ᠳᠥᠴᠢᠨ ᠭᠤᠷᠪᠠᠳᠤᠭᠠᠷ ᠵᠦᠢᠯ ᠤᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠬᠠᠩᠭᠠᠵᠦ | ᠦᠭᠭᠦᠭᠰᠡᠨ ᠨᠢᠬᠡᠴᠡ ᠵᠢᠴᠢ ᠲᠡᠭᠦᠨ ᠤ ᠠᠵᠢᠯᠳᠠᠳ ᠨᠢ ᠲᠤᠰ ᠠᠷᠭ᠎ᠠ ᠶᠢᠨ ᠲᠣᠭᠲᠠᠭᠠᠯ ᠠᠴᠠ ᠵᠥᠷᠢᠴᠡᠵᠦ᠂ ᠳᠣᠣᠷ᠎ᠠ | ᠵᠢᠭᠰᠠᠭᠠᠭᠰᠠᠨ ᠦᠢᠯᠡ ᠠᠵᠢᠯᠯᠠᠭ᠎ᠠ ᠶᠢᠨ ᠨᠢᠬᠡ ᠨᠢ ᠪᠠᠶᠢᠵᠦ᠂ ᠮᠠᠭᠤ ᠤᠷᠰᠢᠭ ᠳ᠋ᠦᠩ ᠭᠠᠷᠭᠠᠨᠨᠰᠠᠨ ᠪᠠᠶᠢᠪᠠᠯ᠂ | ᠤᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ | ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠵᠠᠯᠠᠷᠠᠭᠤᠯᠬᠤ ᠬᠡᠷᠡᠭᠳᠡᠢ︔ ᠬᠤᠭᠤᠴᠠᠭ᠎ᠠ ᠨᠢ ᠬᠡᠳᠦᠷᠡᠭᠰᠡᠨ | ᠪᠠᠶᠢᠳᠠᠯ᠎ᠠ ᠵᠠᠯᠠᠷᠠᠭᠤᠯᠤᠭᠰᠠᠨ ᠦᠭᠡᠢ ᠪᠠᠶᠢᠪᠠᠯ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ | ᠵᠠᠰᠠᠭ ᠤᠨ ᠣᠷᠳᠣᠨ ᠤ ᠤᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠭᠤᠤᠯᠴᠢᠯᠠᠨ ᠬᠠᠮᠢᠶᠠᠷᠬᠤ | ᠰᠠᠯᠠᠭ᠎ᠠ ᠮᠥᠴᠢᠷ ᠨᠢ ᠳᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠨᠡᠪᠲᠡᠷᠡᠭᠦᠯᠦᠨ ᠰᠢᠬᠦᠮᠵᠢᠯᠡᠬᠦᠯᠬᠦ ᠪᠠᠷ | ᠲᠤᠷᠠᠳᠤᠨ ᠲᠡᠪᠰᠢᠬᠦᠯᠬᠦ ᠬᠡᠷᠡᠭᠳᠡᠢ︔ ᠦᠢᠯᠡ ᠪᠠᠶᠢᠳᠠᠯ ᠨᠢ ᠬᠦᠨᠳᠦ ᠨᠣᠴᠢᠲᠠᠶ ᠪᠠᠶᠢᠪᠠᠯ᠂ ᠰᠢᠭᠤᠳ ᠬᠠᠷᠢᠭᠤᠴᠠᠵᠤ | ᠪᠠᠶᠢᠭ᠎ᠠ ᠭᠤᠤᠯᠴᠢᠯᠠᠨ ᠬᠠᠮᠢᠶᠠᠷᠬᠤ ᠠᠵᠢᠯᠳᠠᠨ ᠪᠠ ᠰᠢᠭᠤᠳ ᠬᠠᠷᠢᠭᠤᠴᠠᠯᠭ᠎ᠠ ᠲᠠᠢ ᠪᠤᠰᠤᠳ ᠠᠵᠢᠯᠳᠠᠨ ᠳᠤ | ᠰᠢᠳᠬᠡᠯ ᠦᠭᠭᠦ ᠬᠡᠷᠡᠭᠳᠡᠢ︔ ᠶᠠᠯ᠎ᠠ ᠳᠤ ᠭᠦᠷᠦᠭᠰᠡᠨ ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ ᠬᠡᠷᠡᠭ ᠤᠨ | ᠬᠠᠷᠢᠭᠤᠴᠠᠯᠭ᠎ᠠ ᠨᠡᠬᠡᠮᠵᠢᠯᠡᠬᠦ ᠬᠡᠷᠡᠭᠳᠡᠢ᠄ | ︵ᠨᠢᠭᠡ︶ ᠲᠣᠭᠲᠠᠭᠠᠯ ᠠᠴᠠ ᠵᠦᠷᠢᠴᠡᠵᠦ ᠤᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢ | ᠮᠡᠳᠡᠭᠦᠯᠦᠨ ᠭᠦᠷᠬᠡᠬᠦ᠂ ᠴᠤᠨᠨᠯᠠᠭᠤᠯᠤᠨ ᠨᠡᠶᠢᠯᠡᠬᠦᠯᠬᠦ᠂ ᠢᠯᠡ ᠨᠡᠶᠢᠳᠡᠯᠡᠬᠦ ᠵᠢᠴᠢ ᠢᠲᠡᠭᠡᠮᠵᠢ ᠳᠤ ᠣᠨᠳᠣᠣ ᠰᠠᠨᠠᠯ ᠲᠠᠢ | ᠪᠠᠶᠢᠭ᠎ᠠ ᠶᠢ ᠨᠢ ᠰᠢᠢᠳᠪᠦᠷᠢᠯᠡᠵᠦ ᠮᠠᠭᠤ ᠤᠷᠰᠢᠭ ᠳ᠋ᠦᠩ ᠭᠠᠷᠭᠠᠨᠨᠰᠠᠨ︔ | ︵ᠬᠤᠶᠠᠷ︶ ᠤᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠬᠠᠭᠤᠷᠮᠠᠭ ᠢᠶᠠᠷ ᠵᠤᠬᠢᠶ᠋ᠬᠠᠰᠠᠨ᠂ | ᠬᠤᠪᠢᠷᠠᠭᠤᠯᠵᠦ ᠦᠢᠯᠡᠳᠦᠭᠰᠡᠨ᠂ ᠪᠤᠷᠤᠯᠠᠭᠤᠯᠤᠨᠨᠰᠠᠨ︔ | ︵ᠭᠤᠷᠪᠠ︶ ᠮᠡᠳᠡᠭᠡ ᠵᠠᠩᠭᠢ ᠶᠢᠨ ᠭᠤᠤᠯ ᠴᠤᠨᠨᠴᠠ ᠪᠠᠷ ᠢᠯᠡ ᠪᠤᠯᠭᠠᠬᠤ ᠶᠢ ᠨᠢ ᠵᠦᠪᠰᠢᠶᠡᠷᠡᠭᠦᠯᠦᠭᠰᠡᠨ | ᠦᠬᠡᠢ ᠪᠠᠷ ᠤᠯᠠᠨ ᠨᠡᠶᠢᠳᠡ ᠶᠢᠨ ᠢᠳᠡᠬᠡᠮᠵᠢ ᠶᠢᠨ ᠮᠡᠳᠡᠭᠡ ᠵᠠᠩᠬᠢ ᠶᠢ ᠢᠯᠡ ᠨᠡᠶᠢᠳᠡᠯᠡᠭᠰᠡᠨ︔ | ︵ᠳᠦᠷᠪᠡ︶ ᠤᠯᠤᠰ ᠤᠨ ᠨᠢᠭᠤᠴᠠ᠂ ᠬᠤᠳᠠᠯᠳᠤᠭᠠᠨ ᠤ ᠨᠢᠭᠤᠴᠠ᠂ ᠬᠤᠪᠢ ᠬᠥᠮᠦᠨ ᠤ ᠨᠢᠭᠤᠴᠠ ᠳᠤ | ᠬᠤᠯᠪᠣᠭᠳᠠᠬᠤ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠵᠠᠳᠠᠷᠠᠭᠤᠯᠤᠨᠨᠰᠠᠨ︔ | ︵ᠲᠠᠪᠤ︶ ᠵᠣᠷᠢᠭᠤᠳᠠ ᠪᠤᠶᠤ ᠬᠦᠨᠳᠦ ᠶᠡᠭᠡ ᠤᠰᠤᠯ ᠠᠴᠠ ᠪᠤᠯᠵᠦ ᠢᠯᠡ ᠨᠡᠶᠢᠳᠡᠯᠡᠭᠰᠡᠨ ᠤᠯᠠᠨ | ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠳᠤᠨᠢ ᠲᠠᠰᠢᠶ᠎ᠠ ᠪᠤᠷᠤᠭᠤ᠂ ᠭᠡᠭᠡᠵᠦ ᠣᠷᠬᠢᠭᠳᠠᠭᠤᠯᠤᠭᠰᠠᠨ ᠵᠦᠢᠯ | ᠤᠷᠤᠰᠢᠵᠦ ᠪᠠᠶᠢᠭ᠎ᠠ︔ | ︵ᠵᠢᠷᠭᠤᠭ᠎ᠠ︶ ᠲᠣᠭᠲᠠᠭᠠᠯ ᠠᠴᠠ ᠵᠦᠷᠢᠴᠡᠵᠦ ᠤᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢ | ᠬᠠᠰᠤᠨᠨᠰᠠᠨ ᠪᠤᠶᠤ ᠤᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠬᠠᠰᠤᠪᠠᠰᠤ ᠵᠤᠬᠢᠬᠤ ᠪᠠᠶᠢᠳᠠᠯ᠎ᠠ | ᠬᠠᠰᠤᠨᠨᠰᠠᠨ ᠦᠬᠡᠢ︔ | ︵ᠲᠤᠯᠤᠭ᠎ᠠ︶ ᠲᠣᠭᠲᠠᠭᠠᠯ ᠠᠴᠠ ᠵᠦᠷᠢᠴᠡᠵᠦ ᠮᠡᠳᠡᠭᠡ ᠵᠠᠩᠭᠢ ᠶᠢᠨ ᠭᠤᠣᠯ ᠴᠣᠭᠴᠠ ᠳᠤ ᠵᠠᠯᠬᠠᠭᠠᠨ | ᠴᠡᠭᠡᠷᠯᠡᠭᠦᠯᠬᠦ ᠠᠷᠭ᠎ᠠ ᠬᠡᠮᠵᠢᠶ᠎ᠡ ᠠᠪᠤᠭᠰᠠᠨ︔ | ︵ᠨᠠᠢᠮᠠ︶ ᠡᠭᠦᠷᠬᠡ ᠲᠤᠰᠢᠶᠠᠯ ᠳᠠᠭᠠᠨ ᠠᠯᠮᠠᠶᠢᠷᠠᠨ ᠤᠰᠤᠯᠳ᠋ᠬᠠᠰᠠᠨ᠂ ᠡᠷᠬᠡ ᠲᠤᠰᠢᠶᠠᠯ ᠢᠶᠠᠨ ᠲᠤᠷ᠎ᠠ ᠪᠠᠷ | ᠬᠡᠷᠡᠭᠯᠡᠭᠰᠡᠨ᠂ ᠬᠤᠪᠢ ᠶᠢᠨ ᠨᠠᠶᠢᠷ ᠲᠠᠯ᠎ᠠ ᠬᠠᠷᠠᠵᠤ ᠬᠠᠤᠯᠢ ᠶᠣᠰᠣ ᠶᠢ ᠵᠦᠷᠢᠴᠡᠭᠰᠡᠨ ᠪᠤᠰᠤᠳ ᠦᠢᠯᠡ | ᠠᠵᠢᠯᠯᠠᠭ᠎ᠠ᠃ | ᠳᠥᠴᠢᠨ ᠳᠥᠷᠪᠡᠳᠦᠭᠡᠷ ᠵᠦᠢᠯ ᠤᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠭᠤᠣᠯᠴᠢᠯᠠᠨ | ᠬᠠᠮᠢᠶᠠᠷᠬᠤ ᠰᠠᠯᠠᠭ᠎ᠠ ᠮᠥᠴᠢᠷ᠂ ᠤᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠠᠵᠢᠯ ᠤᠨ | ᠪᠠᠶᠢᠭᠤᠯᠤᠮᠵᠢ ᠵᠢᠴᠢ ᠲᠡᠳᠡᠬᠡᠷ ᠤᠨ ᠠᠵᠢᠯᠳᠠᠳ ᠲᠤ ᠳᠣᠣᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ᠂ | ᠡᠷᠬᠡ ᠪᠦᠬᠦᠢ ᠪᠠᠶᠢᠭᠤᠯᠭ᠎ᠠ ᠠᠴᠠ ᠰᠢᠭᠤᠳ ᠬᠠᠷᠢᠭᠤᠴᠠᠵᠤ ᠪᠠᠶᠢᠭ᠎ᠠ ᠭᠤᠤᠯᠴᠢᠯᠠᠨ ᠬᠠᠮᠢᠶᠠᠷᠬᠤ ᠠᠵᠢᠯᠳᠠᠨ ᠪᠠ | ᠰᠢᠭᠤᠳ ᠬᠠᠷᠢᠭᠤᠴᠠᠯᠭ᠎ᠠ ᠲᠠᠢ ᠪᠤᠰᠤᠳ ᠠᠵᠢᠯᠳᠠᠨ ᠳᠤ ᠬᠠᠤᠯᠢ ᠶᠣᠰᠣᠭᠠᠷ ᠰᠢᠳᠬᠡᠯ ᠦᠭᠬᠦ ᠬᠡᠷᠡᠭᠳᠡᠢ︔ ᠮᠡᠳᠡᠭᠡ | ᠵᠠᠩᠭᠢ ᠶᠢᠨ ᠭᠤᠣᠯ ᠴᠣᠭᠴᠠ ᠳᠤ ᠬᠤᠬᠢᠷᠠᠯ ᠤᠴᠠᠷᠠᠭᠤᠯᠤᠭᠰᠠᠨ ᠪᠠᠶᠢᠪᠠᠯ᠂ ᠬᠠᠤᠯᠢ ᠶᠣᠰᠣᠭᠠᠷ ᠢᠷᠭᠡᠨ ᠤ | ᠬᠡᠷᠡᠭ ᠤᠨ ᠬᠠᠷᠢᠭᠤᠴᠠᠯᠭ᠎ᠠ ᠡᠭᠦᠷᠬᠡᠯᠡᠬᠦᠯᠬᠦ ᠬᠡᠷᠡᠭᠳᠡᠢ︔ ᠶᠠᠯ᠎ᠠ ᠳᠤ ᠭᠦᠷᠦᠭᠰᠡᠨ ᠪᠠᠶᠢᠪᠠᠯ᠂ ᠬᠠᠤᠯᠢ ᠶᠣᠰᠣᠭᠠᠷ | ᠡᠷᠡᠭᠦᠦ ᠶᠢᠨ ᠬᠡᠷᠡᠭ ᠤᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠳᠡᠢ᠄ | ︵ᠨᠢᠭᠡ︶ ᠬᠤᠷᠢᠶᠠᠨ ᠴᠤᠨᠨᠯᠠᠭᠤᠯᠬᠤ ᠶᠢ ᠴᠠᠭᠠᠵᠠᠯᠠᠵᠦ ᠪᠠᠶᠢᠳᠠᠯ᠎ᠠ ᠪᠠᠶᠢᠭᠠᠯᠢᠭ ᠬᠥᠮᠦᠨ ᠤ ᠮᠡᠳᠡᠭᠡ ᠵᠠᠩᠭᠢ ᠶᠢ | ᠴᠤᠨᠨᠯᠠᠭᠤᠯᠤᠨ ᠨᠡᠶᠢᠯᠡᠬᠦᠯᠬᠦ︔ | ︵ᠬᠤᠶᠠᠷ︶ ᠮᠡᠳᠡᠭᠡ ᠵᠠᠩᠬᠢ ᠶᠢᠨ ᠭᠤᠤᠯ ᠴᠤᠨᠨᠴᠠ ᠶᠢᠨ ᠬᠢᠨ ᠤ ᠢᠯᠡ ᠪᠤᠯᠭᠠᠨᠨᠰᠠᠨ ᠤᠯᠠᠨ ᠨᠡᠶᠢᠳᠡ ᠶᠢᠨ | ᠢᠳᠡᠬᠡᠮᠵᠢ ᠶᠢᠨ ᠮᠡᠳᠡᠭᠡ ᠵᠠᠩᠬᠢ ᠶᠢ ᠬᠠᠤᠯᠢ ᠶᠤᠰᠤᠭᠠᠷ ᠬᠠᠶᠢᠨ ᠯᠠᠪᠯᠠᠬᠤ ᠶᠢ ᠨᠢ ᠲᠡᠪᠴᠢᠭᠰᠡᠨ︔ | ︵ᠭᠤᠷᠪᠠ︶ ᠮᠡᠳᠡᠭᠡ ᠵᠠᠩᠭᠢ ᠶᠢᠨ ᠠᠮᠤᠷ ᠲᠦᠪᠰᠢᠨ ᠤ ᠬᠠᠷᠢᠭᠤᠴᠠᠯᠭ᠎ᠠ ᠪᠠ ᠨᠢᠭᠤᠴᠠ ᠶᠢ ᠬᠠᠮᠠᠭᠠᠯᠠᠬᠤ | ᠡᠭᠦᠷᠭᠡ ᠪᠠᠨ ᠦᠯᠦ ᠭᠦᠢᠴᠡᠳᠬᠡᠭᠰᠡᠨ︔ | ︵ᠲᠦᠷᠪᠡ︶ ᠤᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠬᠠᠭᠤᠷᠮᠠᠭ ᠢᠶᠠᠷ ᠵᠤᠬᠢᠶ᠋ᠬᠠᠰᠠᠨ᠂ | ᠬᠤᠪᠢᠷᠠᠭᠤᠯᠵᠦ ᠦᠢᠯᠡᠳᠦᠭᠰᠡᠨ᠂ ᠪᠤᠷᠤᠯᠠᠭᠤᠯᠤᠨᠨᠰᠠᠨ︔ | ︵ᠲᠠᠪᠤ︶ ᠣᠨᠳᠣᠣ ᠰᠠᠨᠠᠯ ᠲᠠᠢ ᠪᠠᠶᠢᠭ᠎ᠠ ᠶᠢ ᠨᠢ ᠲᠤᠨᠨᠳᠠᠭᠠᠯ ᠶᠤᠰᠤᠭᠠᠷ ᠰᠶᠢᠳᠪᠦᠷᠢᠯᠡᠭᠰᠡᠨ ᠦᠬᠡᠢ ᠪᠤᠶᠤ | ᠠᠳᠡᠬᠦᠦ ᠪᠤᠷᠤᠭᠤ ᠲᠠᠢ᠂ ᠬᠡᠬᠡᠵᠦ ᠣᠷᠬᠢᠭᠳᠠᠭᠤᠯᠤᠭᠰᠠᠨ ᠮᠡᠳᠡᠭᠡ ᠵᠠᠩᠭᠢ ᠶᠢ ᠵᠠᠯᠠᠷᠠᠭᠤᠯᠤᠨᠨᠰᠠᠨ ᠦᠬᠡᠢ︔ | ︵ᠵᠢᠷᠭᠤᠭ᠎ᠠ︶ ᠡᠭᠦᠷᠬᠡ ᠲᠤᠰᠢᠶᠠᠯ ᠳᠠᠭᠠᠨ ᠠᠯᠮᠠᠶᠢᠷᠠᠨ ᠤᠰᠤᠯᠳ᠋ᠬᠠᠰᠠᠨ᠂ ᠡᠷᠬᠡ ᠲᠤᠰᠢᠶᠠᠯ ᠢᠶᠠᠨ ᠲᠤᠷ᠎ᠠ ᠪᠠᠷ | ᠬᠡᠷᠡᠭᠯᠡᠭᠰᠡᠨ᠂ ᠬᠤᠪᠢ ᠶᠢᠨ ᠨᠠᠶᠢᠷ ᠲᠠᠯ᠎ᠠ ᠬᠠᠷᠠᠵᠤ ᠬᠠᠤᠯᠢ ᠶᠣᠰᠣ ᠶᠢ ᠵᠦᠷᠢᠴᠡᠭᠰᠡᠨ ᠪᠤᠰᠤᠳ ᠦᠢᠯᠡ ᠠᠵᠢᠯᠯᠠᠭ᠎ᠠ᠃ | | ᠳᠣᠯᠣᠳᠤᠭᠠᠷ ᠪᠦᠯᠦᠭ ᠳᠠᠭᠠᠯᠳᠤᠭᠤᠯᠤᠭᠰᠠᠨ ᠳᠦᠷᠢᠮ | | ᠳᠥᠴᠢᠨ ᠲᠠᠪᠤᠳᠤᠭᠠᠷ ᠵᠦᠢᠯ ᠲᠤᠰ ᠠᠷᠭ᠎ᠠ ᠶᠢ 2018 ᠤᠨ ᠤ 8 ᠳ᠋ᠤᠭᠠᠷ ᠰᠠᠷ᠎ᠠ ᠶᠢᠨ 1 ᠤ ᠡᠳᠦᠷ ᠠᠴᠠ | ᠡᠬᠢᠯᠡᠵᠦ ᠬᠡᠷᠡᠭᠵᠢᠭᠦᠯᠦᠨ᠎ᠡ᠃ | | |