| | | ᠰᠤᠷᠪᠤᠯᠵᠢᠯᠠᠭᠰᠠᠨ ᠴᠠᠭ᠄ 2018 ᠣᠨ ᠤ 10 ᠳ᠋ᠤᠭᠠᠷ ᠰᠠᠷ᠎ᠠ ᠶᠢᠨ 26 ᠤ ᠡᠳᠦᠷ ᠤᠨ 15 ᠴᠠᠭ | ᠰᠤᠷᠪᠤᠯᠵᠢᠯᠠᠭ᠎ᠠ ᠬᠦᠯᠢᠶᠡᠭᠴᠢ᠄ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ ᠤᠨ ᠳᠡᠳ᠋ ᠡᠷᠬᠢᠯᠡᠭᠴᠢ ᠯᠢᠦ ᠯᠢ ᠵᠢᠤᠸᠠᠨ | ᠰᠤᠷᠪᠤᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄ | ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ | ᠬᠠᠮᠢᠶᠠᠷᠤᠯᠲᠠ ᠶᠢᠨ ᠠᠷᠭ᠎ᠠ︾ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠵᠠᠷᠯᠢᠭ 234 ᠳ᠋ᠦ᠋ᠭᠡᠷ ᠲᠣᠭᠠᠲᠤ︶ ᠶᠢ ᠨᠡᠶᠢᠲᠡᠯᠡᠵᠦ᠂ 2018 ᠣᠨ ᠤ 8 ᠳ᠋ᠤᠭᠠᠷ ᠰᠠᠷ᠎ᠠ ᠶᠢᠨ 1 ᠤ | ᠡᠳᠦᠷ ᠠᠴᠠ ᠡᠬᠢᠯᠡᠨ ᠬᠡᠷᠡᠭᠵᠢᠭᠦᠯᠪᠡ᠃ ᠡᠨᠡ ᠨᠢ ᠮᠠᠨ ᠤ ᠣᠷᠣᠨ ᠤ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ | ᠵᠠᠩᠭᠢ ᠶᠢᠨ ᠬᠠᠮᠢᠶᠠᠷᠤᠯᠲᠠ ᠶᠢ ᠵᠢᠷᠤᠮᠵᠢᠭᠤᠯᠤᠨ᠂ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ | ᠡᠯᠰᠡᠨ ᠴᠤᠭᠯᠠᠭᠤᠯᠬᠤ ᠪᠠ ᠬᠡᠷᠡᠭᠯᠡᠬᠦ ᠶᠢ ᠠᠬᠢᠭᠤᠯᠵᠤ᠂ ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠭᠢ ᠶᠢᠨ | ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠪᠠᠶᠢᠳᠠᠭ᠃ ᠥᠨᠥᠳᠥᠷ᠂ | ᠪᠢᠳᠡ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠳᠡᠳ᠋ ᠡᠷᠬᠢᠯᠡᠭᠴᠢ | ᠯᠢᠦ ᠯᠢ ᠵᠢᠤᠸᠠᠨ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠰᠦᠯᠵᠢᠶ᠎ᠡ ᠶᠢᠨ ᠰᠤᠷᠪᠤᠯᠵᠢᠯᠠᠭ᠎ᠠ ᠶᠢᠨ ᠪᠤᠯᠤᠩ ᠳᠤ ᠤᠷᠢᠵᠤ᠂ ︽ᠥᠪᠡᠷᠲᠡᠭᠡᠨ ᠵᠠᠰᠠᠬᠤ ᠣᠷᠣᠨ ᠤ ᠣᠯᠠᠨ | ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠠᠷᠭ᠎ᠠ︾ ᠶᠢᠨ ᠬᠠᠮᠢᠶ᠎ᠠ ᠪᠦᠬᠦᠢ | ᠠᠭᠤᠯᠭ᠎ᠠ ᠶᠢᠨ ᠲᠤᠬᠠᠢ ᠣᠯᠠᠨ ᠲᠠᠢ ᠰᠠᠨᠠᠯ ᠰᠣᠯᠢᠯᠴᠠᠭᠤᠯᠬᠤ ᠪᠣᠯᠣᠯ᠎ᠠ᠃ ᠥᠷᠭᠡᠨ ᠣᠯᠠᠨ ᠰᠦᠯᠵᠢᠶᠡᠨ ᠤ | ᠠᠨᠳᠠ ᠶᠢᠨ ᠢᠳᠡᠪᠬᠢᠲᠡᠢ ᠣᠷᠣᠯᠴᠠᠬᠤ ᠶᠢ ᠪᠠᠶᠠᠷᠯᠠᠨ ᠤᠭᠲᠤᠵᠤ ᠪᠠᠶᠢᠨ᠎ᠠ᠃ | ᠰᠤᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ | ᠬᠥᠲᠥᠯᠥᠭᠴᠢ᠄ | ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠦᠦ︖ ᠲᠤᠰ ᠬᠤᠭᠤᠴᠠᠭᠠᠨ ᠤ ︽ᠳᠤᠮᠳᠠᠳᠤ ᠤᠯᠤᠰ · | ᠥᠪᠥᠷ ᠮᠣᠩᠭᠤᠯ︾ ᠰᠦᠯᠵᠢᠶ᠎ᠡ ᠶᠢᠨ ᠰᠤᠷᠪᠤᠯᠵᠢᠯᠠᠭ᠎ᠠ ᠶᠢᠨ ᠪᠣᠯᠣᠩ ᠢ ᠬᠦᠯᠢᠶᠡᠨ ᠠᠪᠴᠤ ᠦᠵᠡᠬᠦ ᠶᠢ ᠴᠢᠨᠢ | ᠪᠠᠶᠠᠷᠯᠠᠨ ᠤᠭᠲᠤᠵᠤ ᠪᠠᠶᠢᠨ᠎ᠠ᠃ ᠲᠦᠷᠦᠭᠦᠬᠡᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠠᠴᠠ 234 ᠳ᠋ᠦ᠋ᠭᠡᠷ ᠲᠣᠭᠠᠲᠤ ᠵᠠᠰᠠᠭ ᠤᠨ ᠣᠷᠳᠣᠨ ᠤ ᠵᠠᠷᠯᠢᠭ ᠢᠶᠠᠷ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ | ᠠᠷᠭ᠎ᠠ︾ ︵ᠳᠣᠷᠣᠭᠰᠢ ︽ᠬᠠᠮᠢᠶᠠᠷᠤᠯᠲᠠ ᠶᠢᠨ ᠠᠷᠭ᠎ᠠ︾ ᠭᠡᠵᠦ ᠲᠣᠪᠴᠢᠯᠠᠨ᠎ᠠ︶ ᠶᠢ ᠨᠡᠶᠢᠲᠡᠯᠡᠵᠦ᠂ ᠲᠤᠰ | ᠠᠷᠭ᠎ᠠ ᠶᠢ ᠨᠡᠶᠢᠲᠡᠯᠡᠭᠰᠡᠨ ᠨᠢ᠂ ᠡᠭᠦᠨ ᠠᠴᠠ ᠬᠤᠶᠢᠰᠢᠳᠠ ᠶᠢᠨ ᠮᠠᠨ ᠤ ᠣᠷᠣᠨ ᠤ ᠣᠯᠠᠨ ᠨᠡᠶᠢᠲᠡ ᠶᠢᠨ | ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠠᠵᠢᠯ ᠳᠤ ᠴᠢᠬᠤᠯᠠ ᠵᠢᠯᠣᠭᠤᠳᠬᠤ ᠠᠴᠢ ᠬᠤᠯᠪᠣᠭᠳᠠᠯ | ᠲᠠᠢ ᠪᠠᠶᠢᠳᠠᠭ᠃ ᠥᠨᠥᠳᠥᠷ ᠪᠢᠳᠡ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ | ᠵᠥᠪᠯᠡᠯ ᠤᠨ ᠳᠡᠳ᠋ ᠡᠷᠬᠢᠯᠡᠭᠴᠢ ᠯᠢᠦ ᠯᠢ ᠵᠢᠤᠸᠠᠨ ᠢ ᠤᠷᠢᠵᠤ᠂ ︽ᠬᠠᠮᠢᠶᠠᠷᠤᠯᠲᠠ ᠶᠢᠨ ᠠᠷᠭ᠎ᠠ︾ ᠶᠢᠨ ᠬᠠᠮᠢᠶ᠎ᠠ | ᠪᠦᠬᠦᠢ ᠠᠭᠤᠯᠭ᠎ᠠ ᠶᠢᠨ ᠲᠤᠬᠠᠢ ᠰᠦᠯᠵᠢᠶ᠎ᠡ ᠪᠠᠷ ᠲᠠᠶᠢᠯᠤᠮᠵᠢ ᠬᠢᠯᠭᠡᠬᠦ ᠪᠣᠯᠣᠯ᠎ᠠ᠃ ᠯᠢᠦ ᠡᠷᠬᠢᠯᠡᠭᠴᠢ ᠶᠢ ᠪᠠᠶᠠᠷᠯᠠᠨ | ᠤᠭᠲᠤᠵᠤ ᠪᠠᠶᠢᠨ᠎ᠠ᠃ | ᠯᠢᠦ ᠯᠢ ᠵᠢᠤᠸᠠᠨ᠄ | ᠬᠥᠲᠥᠯᠥᠭᠴᠢ ᠪᠠ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠦᠦ︖ ᠠᠳᠡ ᠰᠦᠯᠵᠢᠶ᠎ᠡ ᠪᠠᠷ ᠣᠯᠠᠨ | ᠲᠠᠢ ᠰᠠᠨᠠᠯ ᠰᠣᠯᠢᠯᠴᠠᠬᠤ ᠪᠣᠯᠣᠭᠰᠠᠨ ᠳᠤ ᠪᠠᠨ ᠰᠡᠳᠬᠢᠯ ᠮᠠᠰᠢ ᠥᠨᠳᠥᠷ ᠪᠠᠶᠢᠨ᠎ᠠ᠃ ᠡᠨᠡ ᠬᠦ ᠲᠣᠬᠢᠶᠠᠯ ᠢ | ᠠᠰᠢᠭᠯᠠᠨ᠂ ᠪᠢ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ | ᠪᠠᠶᠢᠭᠤᠯᠤᠯᠲᠠ ᠶᠢᠨ ᠲᠤᠰᠬᠠᠢ ᠠᠵᠢᠯ ᠤᠨ ᠵᠣᠬᠢᠴᠠᠭᠤᠯᠬᠤ ᠠᠯᠪᠠᠨ ᠭᠡᠷ ᠤᠨ ᠡᠮᠦᠨ᠎ᠡ ᠠᠴᠠ᠂ ᠥᠪᠡᠷᠲᠡᠭᠡᠨ ᠵᠠᠰᠠᠬᠤ | ᠣᠷᠣᠨ ᠤ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠠᠵᠢᠯ ᠢ ᠶᠡᠷᠦ ᠠᠴᠠ ᠬᠠᠷᠠᠭᠠᠯᠵᠠᠨ | ᠳᠡᠮᠵᠢᠭᠰᠡᠭᠡᠷ ᠢᠷᠡᠭᠰᠡᠨ ᠥᠷᠭᠡᠨ ᠣᠯᠠᠨ ᠰᠦᠯᠵᠢᠶᠡᠨ ᠤ ᠠᠨᠳᠠ ᠳᠤ ᠴᠢᠩ ᠰᠡᠳᠬᠢᠯ ᠠᠴᠠ ᠪᠠᠨ ᠲᠠᠯᠠᠷᠬᠠᠵᠤ | ᠪᠠᠶᠢᠨ᠎ᠠ᠃ | ᠬᠥᠲᠥᠯᠥᠭᠴᠢ᠄ | ᠣᠯᠠᠨ ᠤ ᠮᠡᠳᠡᠭᠡᠵᠢ ᠪᠠᠷ᠂ ᠣᠶᠢᠷ᠎ᠠ ᠶᠢᠨ ᠵᠢᠯ ᠤᠳ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ | ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠭᠰᠡᠨ ᠤ ᠬᠠᠮᠲᠤ᠂ ᠶᠡᠭᠡ | ᠬᠦᠴᠦᠨ ᠢᠶᠠᠷ ᠠᠬᠢᠭᠤᠯᠤᠭᠰᠠᠭᠠᠷ ᠢᠷᠡᠪᠡ᠃ ᠨᠡᠶᠢᠭᠡᠮ ᠤᠨ ᠡᠯ᠎ᠡ ᠡᠲᠡᠭᠡᠳ ᠬᠢᠨ ᠤ ᠬᠠᠮᠲᠤ ᠶᠢᠨ ᠴᠢᠷᠮᠠᠶᠢᠯᠭ᠎ᠠ | ᠳᠣᠣᠷ᠎ᠠ᠂ ᠮᠠᠨ ᠤ ᠣᠷᠣᠨ ᠤ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠦᠷᠭᠦᠯᠵᠢᠯᠡᠨ | ᠲᠡᠭᠦᠯᠳᠡᠷᠵᠢᠵᠦ᠂ ᠭᠠᠵᠠᠷ ᠣᠷᠣᠨ ᠪᠠ ᠠᠵᠢᠯ ᠲᠥᠷᠥᠯ ᠤᠨ ᠢᠲᠡᠭᠡᠮᠵᠢ ᠶᠢᠨ ᠪᠠᠶᠢᠭᠤᠯᠤᠯᠲᠠ ᠡᠮᠬᠢ ᠵᠢᠷᠤᠮ ᠲᠠᠢ | ᠠᠬᠢᠨ ᠳᠠᠪᠰᠢᠵᠤ᠂ ᠨᠡᠶᠢᠭᠡᠮ ᠤᠨ ᠦᠨᠡᠨᠴᠢ ᠢᠲᠡᠭᠡᠮᠵᠢ ᠶᠢᠨ ᠦᠵᠡᠯ ᠤᠬᠠᠮᠰᠠᠷ ᠪᠠ ᠠᠭᠤᠷ ᠠᠮᠢᠰᠬᠤᠯ | ᠨᠡᠶᠢᠳᠡᠮ ᠳᠤ ᠪᠠᠨ ᠴᠢᠩᠭᠠᠷᠠᠨ᠂ ᠮᠠᠨ ᠤ ᠣᠷᠣᠨ ᠤ ᠵᠠᠬ᠎ᠠ ᠳᠡᠯᠭᠡᠭᠦᠷ ᠤᠨ ᠠᠵᠤ ᠠᠬᠤᠢ ᠶᠢᠨ ᠡᠷᠡᠭᠦᠯ ᠢᠶᠠᠷ ᠬᠥᠭᠵᠢᠬᠦ | ᠪᠠ ᠨᠡᠶᠢᠭᠡᠮ ᠤᠨ ᠵᠠᠰᠠᠯᠲᠠ ᠶᠢᠨ ᠴᠢᠳᠠᠪᠤᠷᠢ ᠶᠢᠨ ᠤᠯᠠᠮ ᠨᠢᠭᠡ ᠠᠯᠬᠤᠮ ᠳᠡᠭᠡᠭᠰᠢᠯᠡᠬᠦ ᠳᠤ᠂ ᠯᠠᠪᠳᠠᠭᠤᠨ ᠪᠠᠲᠤᠲᠠᠢ | ᠢᠲᠡᠭᠡᠮᠵᠢ ᠶᠢᠨ ᠰᠠᠭᠤᠷᠢ ᠶᠢ ᠲᠠᠯᠪᠢᠵᠠᠢ᠃ ︽ᠬᠠᠮᠢᠶᠠᠷᠤᠯᠲᠠ ᠶᠢᠨ ᠠᠷᠭ᠎ᠠ︾ ᠶᠢ ᠨᠡᠶᠢᠲᠡᠯᠡᠭᠰᠡᠨ ᠨᠢ᠂ ᠥᠪᠡᠷᠲᠡᠭᠡᠨ | ᠵᠠᠰᠠᠬᠤ ᠣᠷᠣᠨ ᠤ ᠵᠠᠰᠠᠭ ᠤᠨ ᠣᠷᠳᠣᠨ ᠠᠴᠠ ᠮᠠᠨ ᠤ ᠣᠷᠣᠨ ᠤ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ | ᠪᠠᠶᠢᠭᠤᠯᠤᠯᠲᠠ ᠶᠢᠨ ᠲᠠᠯ᠎ᠠ ᠪᠠᠷ ᠠᠪᠤᠭᠰᠠᠨ ︽ᠪᠠᠰᠠ ᠨᠢᠭᠡᠨ ᠴᠢᠩᠭ᠎ᠠ ᠬᠠᠲᠠᠭᠤ ᠠᠷᠭ᠎ᠠ ᠬᠡᠮᠵᠢᠶ᠎ᠡ︾ ᠪᠣᠯᠣᠨ᠎ᠠ᠃ | ᠳᠣᠣᠷ᠎ᠠ ᠯᠢᠦ ᠡᠷᠬᠢᠯᠡᠭᠴᠢ ︽ᠬᠠᠮᠢᠶᠠᠷᠤᠯᠲᠠ ᠶᠢᠨ ᠠᠷᠭ᠎ᠠ︾ ᠶᠢ ᠨᠡᠶᠢᠲᠡᠯᠡᠭᠰᠡᠨ ᠠᠬᠤᠢ ᠪᠠᠶᠢᠳᠠᠯ ᠪᠠ ᠪᠣᠳᠠᠲᠤ ᠠᠴᠢ | ᠬᠤᠯᠪᠣᠭᠳᠠᠯ ᠤᠨ ᠲᠤᠬᠠᠢ ᠥᠷᠭᠡᠨ ᠣᠯᠠᠨ ᠰᠦᠯᠵᠢᠶᠡᠨ ᠤ ᠠᠨᠳᠠ ᠳᠤ ᠳᠥᠭᠦᠮ ᠢᠶᠠᠷ ᠲᠠᠨᠢᠯᠴᠠᠭᠤᠯᠵᠤ ᠥᠭᠭᠦᠨ᠎ᠡ | ᠦᠦ︖ | ᠯᠢᠦ ᠯᠢ ᠵᠢᠤᠸᠠᠨ᠄ | ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠪᠣᠯ ᠨᠡᠶᠢᠭᠡᠮ ᠵᠢᠷᠤᠮ ᠤᠨ ᠵᠠᠬ᠎ᠠ | ᠳᠡᠯᠭᠡᠭᠦᠷ ᠤᠨ ᠠᠵᠤ ᠠᠬᠤᠢ ᠶᠢᠨ ᠪᠠᠶᠢᠭᠤᠯᠤᠯ ᠢ ᠲᠡᠭᠦᠯᠳᠡᠷᠵᠢᠭᠦᠯᠬᠦ ᠶᠢᠨ ᠰᠠᠭᠤᠷᠢ ᠶᠢᠨ ᠴᠢᠨᠠᠷᠲᠠᠢ ᠢᠨᠵᠧᠨᠧᠷᠢᠩ | ᠪᠠᠶᠢᠵᠤ᠂ ᠨᠡᠶᠢᠭᠡᠮ ᠤᠨ ᠵᠠᠰᠠᠯᠲᠠ ᠶᠢᠨ ᠠᠷᠭ᠎ᠠ ᠬᠡᠯᠪᠡᠷᠢ ᠳᠤ ᠰᠢᠨ᠎ᠡ ᠶᠢ ᠡᠭᠦᠳᠴᠦ᠂ ᠵᠠᠰᠠᠭ ᠤᠨ ᠣᠷᠳᠣᠨ ᠤ | ᠡᠭᠦᠷᠭᠡ ᠴᠢᠳᠠᠪᠤᠷᠢ ᠶᠢ ᠬᠤᠪᠢᠷᠠᠭᠤᠯᠬᠤ ᠴᠢᠬᠤᠯᠠ ᠠᠷᠭ᠎ᠠ ᠠᠪᠴᠢᠯ ᠪᠣᠯᠣᠨ᠎ᠠ᠃ ᠢᠲᠡᠭᠡᠮᠵᠢ ᠪᠠᠷ ᠭᠤᠣᠯ ᠪᠣᠯᠭᠠᠭᠰᠠᠨ | ᠰᠢᠨ᠎ᠡ ᠬᠡᠯᠪᠡᠷᠢ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠯ ᠢ ᠪᠠᠶᠢᠭᠤᠯᠬᠤ ᠨᠢ ᠨᠢᠭᠡᠨᠲᠡ | ᠮᠠᠨ ᠤ ᠤᠯᠤᠰ ᠤᠨ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠪᠠᠶᠢᠭᠤᠯᠤᠯᠲᠠ ᠶᠢᠨ ᠭᠤᠣᠯ | ᠴᠢᠭᠯᠡᠯ ᠪᠠ ᠴᠢᠬᠤᠯᠠ ᠠᠭᠤᠯᠭ᠎ᠠ ᠪᠣᠯᠣᠭᠰᠠᠨ ᠶᠤᠮ᠃ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢ | ᠡᠮᠬᠢᠯᠡᠨ ᠴᠤᠭᠯᠠᠭᠤᠯᠵᠤ ᠬᠠᠮᠲᠤ ᠳᠤ ᠪᠠᠨ ᠬᠦᠷᠲᠡᠬᠦ ᠪᠣᠯ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ | ᠪᠠᠶᠢᠭᠤᠯᠤᠯᠲᠠ ᠶᠢᠨ ᠰᠠᠭᠤᠷᠢ ᠪᠣᠯᠣᠨ᠎ᠠ᠃ ᠠᠯᠢ ᠬᠡᠳᠦᠶᠢᠨᠡᠢ ᠠᠴᠠ ᠨᠠᠭᠠᠰᠢ᠂ ᠮᠠᠨ ᠤ ᠣᠷᠣᠨ ᠣᠯᠠᠨ ᠨᠡᠶᠢᠲᠡ ᠶᠢᠨ | ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠤᠨ ᠨᠡᠶᠢᠯᠡᠭᠦᠯᠬᠦ ᠪᠠ ᠬᠡᠷᠡᠭᠯᠡᠬᠦ ᠪᠠᠷ ᠨᠡᠶᠢᠭᠡᠮ ᠤᠨ ᠢᠲᠡᠭᠡᠮᠵᠢ ᠶᠢᠨ | ᠰᠢᠰᠲ᠋ᠧᠮᠵᠢ ᠶᠢᠨ ᠪᠠᠶᠢᠭᠤᠯᠤᠯᠲᠠ ᠶᠢᠨ ᠭᠤᠣᠯᠳᠠᠯᠭ᠎ᠠ ᠲᠠᠢ ᠠᠵᠢᠯ ᠪᠣᠯᠭᠠᠨ ᠶᠡᠭᠡ ᠬᠦᠴᠦᠨ ᠢᠶᠠᠷ ᠠᠬᠢᠭᠤᠯᠵᠤ᠂ | ᠢᠯᠡᠳᠲᠡ ᠦᠷ᠎ᠡ ᠪᠦᠲᠦᠮᠵᠢ ᠣᠯᠪᠠ᠃ ᠣᠳᠣᠬᠠᠨ ᠳᠤ᠂ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ | ᠢᠲᠡᠭᠡᠮᠵᠢ ᠶᠢᠨ ᠮᠡᠳᠡᠭᠡ ᠵᠠᠩᠭᠢ ᠶᠢᠨ ᠲᠠᠪᠴᠠᠩ ᠨᠢ ᠨᠢᠭᠡᠨᠲᠡ ᠪᠦᠬᠦ ᠣᠷᠣᠨ ᠤ ᠪᠣᠢ ᠪᠦᠬᠦᠢ 193 ᠲᠦᠮᠡᠨ ᠵᠠᠬ᠎ᠠ | ᠳᠡᠯᠭᠡᠭᠦᠷ ᠤᠨ ᠭᠤᠣᠯ ᠴᠣᠭᠴᠠ᠂ 2.8 ᠲᠦᠮᠡᠨ ᠵᠠᠰᠠᠭ ᠵᠠᠬᠢᠷᠭᠠᠨ ᠤ ᠨᠢᠭᠡᠴᠢ ᠪᠠ ᠠᠵᠢᠯ ᠦᠢᠯᠡᠰ ᠤᠨ ᠨᠢᠭᠡᠴᠢ᠂ | 1.37 ᠲᠦᠮᠡᠨ ᠨᠡᠶᠢᠭᠡᠮ ᠤᠨ ᠵᠣᠬᠢᠶᠠᠨ ᠪᠠᠶᠢᠭᠤᠯᠤᠯᠲᠠ᠂ 1270 ᠲᠦᠮᠡᠨ ᠪᠠᠶᠢᠭᠠᠯᠢᠯᠢᠭ ᠬᠥᠮᠥᠨ ᠢ | ᠴᠤᠭᠯᠠᠭᠤᠯᠤᠨ ᠨᠡᠶᠢᠯᠡᠭᠦᠯᠦᠭᠰᠡᠨ ᠪᠠ ᠪᠦᠬᠦ ᠤᠯᠤᠰ ᠤᠨ ᠪᠠᠷᠤᠭ 1.59 ᠳ᠋ᠦᠩᠰᠢᠭᠤᠷ ᠵᠤᠷᠪᠤᠰ ᠢᠲᠡᠭᠡᠮᠵᠢ ᠶᠢᠨ | ᠮᠡᠳᠡᠭᠡ ᠵᠠᠩᠭᠢ ᠶᠢ ᠬᠠᠮᠲᠤ ᠳᠤ ᠪᠠᠨ ᠬᠦᠷᠲᠡᠵᠦ᠂ ᠮᠠᠨ ᠤ ᠣᠷᠣᠨ ᠤ ᠢᠲᠡᠭᠡᠮᠵᠢ ᠪᠠᠷ ᠭᠤᠣᠯ ᠪᠣᠯᠭᠠᠭᠰᠠᠨ ᠰᠢᠨ᠎ᠡ | ᠬᠡᠯᠪᠡᠷᠢ ᠶᠢᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠯ ᠪᠠᠶᠢᠭᠤᠯᠬᠤ ᠶᠢ ᠠᠬᠢᠭᠤᠯᠬᠤ ᠳᠤ ᠯᠠᠪᠳᠠᠭᠤᠨ ᠪᠠᠲᠤᠲᠠᠢ | ᠰᠠᠭᠤᠷᠢ ᠶᠢ ᠲᠠᠯᠪᠢᠪᠠ ᠃ ᠮᠠᠨ ᠤ ᠣᠷᠣᠨ ᠤ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ | ᠶᠢᠨ ᠭᠦᠨᠵᠡᠭᠡᠢ ᠥᠷᠨᠢᠬᠦ ᠶᠢ ᠳᠠᠭᠠᠯᠳᠤᠨ ᠂ ᠦᠢᠯᠡᠳᠦᠯᠭᠡ ᠶᠢᠨ ᠳᠤᠮᠳᠠ ᠵᠠᠷᠢᠮ ᠰᠢᠨ᠎ᠡ ᠪᠠᠶᠢᠳᠠᠯ ᠪᠠ ᠠᠰᠠᠭᠤᠳᠠᠯ | ᠢᠯᠡᠷᠡᠪᠡ᠃ ᠵᠢᠱᠢᠶᠡᠯᠡᠪᠡᠯ᠂ ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠤᠨ ᠨᠡᠶᠢᠯᠡᠭᠦᠯᠦᠭᠰᠡᠨ ᠥᠷᠭᠡᠴᠡ ᠪᠠ | ᠭᠦᠨᠴᠡ ᠨᠢ ᠭᠦᠢᠴᠡᠳ ᠪᠤᠰᠤ᠂ ᠢᠲᠡᠭᠡᠮᠵᠢ ᠶᠢᠨ ᠬᠤᠯᠪᠣᠭᠠᠯᠠᠵᠤ ᠱᠠᠩᠨᠠᠨ ᠲᠣᠷᠭᠤᠭᠠᠬᠤ ᠪᠠ ᠢᠲᠡᠭᠡᠮᠵᠢ ᠶᠢᠨ | ᠬᠢᠨᠠᠯᠲᠠ ᠬᠠᠮᠢᠶᠠᠷᠤᠯᠲᠠ ᠶᠢᠨ ᠦᠨᠳᠦᠰᠦᠯᠡᠯ ᠪᠦᠷᠢᠨ ᠪᠤᠰᠤ᠂ ᠮᠡᠳᠡᠭᠡ ᠵᠠᠩᠭᠢ ᠶᠢᠨ ᠭᠤᠣᠯ ᠴᠣᠭᠴᠠ ᠶᠢᠨ ᠡᠷᠬᠡ | ᠠᠰᠢᠭ ᠢ ᠬᠠᠮᠠᠭᠠᠯᠠᠬᠤ ᠠᠷᠭ᠎ᠠ ᠬᠡᠮᠵᠢᠶ᠎ᠡ ᠲᠡᠭᠦᠯᠳᠡᠷ ᠪᠤᠰᠤ ᠵᠡᠷᠭᠡ ᠠᠰᠠᠭᠤᠳᠠᠯ ᠣᠷᠣᠰᠢᠵᠤ ᠪᠠᠶᠢᠨ᠎ᠠ᠃ ᠡᠶᠢᠮᠦ ᠠᠴᠠ᠂ | 2017 ᠣᠨ ᠳᠤ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ | ᠵᠠᠰᠠᠭ ᠤᠨ ᠣᠷᠳᠣᠨ ᠢ ᠣᠷᠣᠯᠠᠨ ︽ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ | ᠠᠷᠭ᠎ᠠ︾ ︵ᠳᠣᠷᠣᠭᠰᠢ ︽ᠠᠷᠭ᠎ᠠ︾ ᠭᠡᠵᠦ ᠲᠣᠪᠴᠢᠯᠠᠨ᠎ᠠ︶ ᠶᠢ ᠲᠤᠭᠤᠷᠪᠢᠵᠤ᠂ ᠥᠪᠡᠷᠲᠡᠭᠡᠨ ᠵᠠᠰᠠᠬᠤ ᠣᠷᠣᠨ ᠤ | ᠵᠠᠰᠠᠭ ᠤᠨ ᠣᠷᠳᠣᠨ ᠤ 2018 ᠣᠨ ᠤ 5 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠭᠦᠯᠵᠦ | ᠪᠠᠲᠤᠯᠠᠭᠤᠯᠬᠤ ᠪᠠᠷ ᠳᠠᠮᠵᠢᠨ᠂ ᠡᠨᠡ ᠵᠢᠯ ᠤᠨ 8 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠪᠡ᠃ | ︽ᠠᠷᠭ᠎ᠠ︾ ᠳᠤ᠂ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠴᠤᠭᠯᠠᠭᠤᠯᠤᠨ ᠨᠡᠶᠢᠯᠡᠭᠦᠯᠬᠦ | ᠬᠡᠪᠴᠢᠶ᠎ᠡ ᠶᠢ ᠲᠣᠳᠣᠷᠬᠠᠶᠢᠯᠠᠨ᠂ ᠨᠥᠯᠥᠭᠡ ᠰᠠᠶᠢᠲᠠᠢ ᠮᠡᠳᠡᠭᠡ ᠵᠠᠩᠭᠢ ᠪᠠ ᠨᠥᠯᠥᠭᠡ ᠮᠠᠭᠤᠲᠠᠢ ᠮᠡᠳᠡᠭᠡ ᠵᠠᠩᠭᠢ ᠶᠢᠨ | ᠲᠥᠯᠥᠪ ᠪᠠᠶᠢᠳᠠᠯ ᠢ ᠵᠢᠭᠰᠠᠭᠠᠵᠤ᠂ ᠤᠯᠤᠰ ᠤᠨ ᠣᠳᠣ ᠶᠢᠨ ᠬᠡᠷᠡᠭᠵᠢᠭᠦᠯᠵᠦ ᠪᠠᠶᠢᠭ᠎ᠠ ᠬᠠᠤᠯᠢ ᠴᠠᠭᠠᠵᠠ ᠳᠦᠷᠢᠮ | ᠲᠣᠭᠲᠠᠭᠠᠯ ᠢᠶᠠᠷ ᠦᠨᠳᠦᠰᠦᠯᠡᠯ ᠪᠣᠯᠭᠠᠵᠤ ᠢᠲᠡᠭᠡᠮᠵᠢ ᠶᠢᠨ ᠱᠠᠩᠨᠠᠨ ᠲᠣᠷᠭᠤᠭᠠᠬᠤ ᠠᠷᠭ᠎ᠠ ᠬᠡᠮᠵᠢᠶ᠎ᠡ ᠶᠢ ᠳᠤᠷᠠᠳᠤᠨ | ᠭᠠᠷᠭᠠᠭᠰᠠᠨ ᠤ ᠬᠠᠮᠲᠤ᠂ ᠮᠡᠳᠡᠭᠡ ᠵᠠᠩᠭᠢ ᠶᠢᠨ ᠠᠮᠤᠷ ᠲᠦᠪᠰᠢᠨ ᠪᠠ ᠮᠡᠳᠡᠭᠡ ᠵᠠᠩᠭᠢ ᠶᠢᠨ ᠭᠤᠣᠯ ᠴᠣᠭᠴᠠ ᠶᠢᠨ | ᠡᠷᠬᠡ ᠠᠰᠢᠭ ᠢ ᠬᠠᠮᠠᠭᠠᠯᠠᠬᠤ ᠲᠤᠬᠠᠢ ᠲᠣᠭᠲᠠᠭᠠᠯ ᠭᠠᠷᠭᠠᠵᠠᠢ᠃ ︽ᠠᠷᠭ᠎ᠠ︾ ᠶᠢ ᠨᠡᠶᠢᠲᠡᠯᠡᠭᠰᠡᠨ ᠨᠢ ᠪᠦᠬᠦ | ᠣᠷᠣᠨ ᠤ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠵᠢᠷᠤᠮᠵᠢᠯ ᠲᠠᠢ ᠪᠥᠭᠡᠳ ᠡᠮᠬᠢ | ᠳᠠᠷᠠᠭ᠎ᠠ ᠲᠠᠢ ᠠᠬᠢᠭᠤᠯᠬᠤ ᠳᠤ ᠴᠢᠭᠯᠡᠯ ᠢ ᠵᠢᠭᠠᠨ ᠲᠣᠳᠣᠷᠬᠠᠶᠢᠯᠠᠵᠤ᠂ ᠡᠯ᠎ᠡ ᠭᠠᠵᠠᠷ᠂ ᠡᠯ᠎ᠡ ᠰᠠᠯᠠᠭ᠎ᠠ ᠮᠥᠴᠢᠷ ᠠᠴᠠ | ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢ ᠥᠷᠨᠢᠭᠦᠯᠬᠦ ᠳᠤ ᠦᠨᠳᠦᠰᠦᠯᠡᠯ ᠬᠠᠩᠭᠠᠨ᠂ ᠢᠲᠡᠭᠡᠮᠵᠢ ᠶᠢᠨ ᠮᠡᠳᠡᠭᠡ | ᠵᠠᠩᠭᠢ ᠶᠢ ᠬᠡᠷᠡᠭᠯᠡᠬᠦ ᠶᠢ ᠥᠷᠭᠡᠨ ᠢᠶᠠᠷ ᠥᠷᠨᠢᠭᠦᠯᠬᠦ ᠳᠤ ᠳᠦᠷᠢᠮ ᠤᠨ ᠰᠠᠭᠤᠷᠢ ᠶᠢ ᠲᠠᠯᠪᠢᠵᠠᠢ᠃ | ᠬᠥᠲᠥᠯᠥᠭᠴᠢ᠄ | ᠮᠠᠰᠢ ᠣᠯᠠᠨ ᠰᠦᠯᠵᠢᠶᠡᠨ ᠤ ᠠᠨᠳᠠ ᠶᠢᠨ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ | ᠲᠤᠬᠠᠢ ᠣᠶᠢᠯᠠᠭᠠᠯᠲᠠ ᠨᠢ ᠮᠥᠨ ᠲᠤᠩ ᠪᠠᠯᠠᠷᠬᠠᠢ ᠪᠠᠶᠢᠵᠤ ᠮᠡᠳᠡᠨ᠎ᠡ ᠃ ︽ᠬᠠᠮᠢᠶᠠᠷᠤᠯᠲᠠ ᠶᠢᠨ ᠠᠷᠭ᠎ᠠ ︾ ᠳᠤ | ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠤᠬᠠᠭᠳᠠᠬᠤᠨ ᠢ ᠬᠡᠷᠬᠢᠨ ᠵᠠᠭᠠᠭᠯᠠᠨ ᠲᠣᠭᠲᠠᠭᠠᠭᠰᠠᠨ | ᠪᠣᠢ︖ ᠪᠠᠰᠠ ᠶᠠᠮᠠᠷ ᠶᠠᠮᠠᠷ ᠮᠡᠳᠡᠭᠡ ᠵᠠᠩᠭᠢ ᠶᠢ ᠰᠠᠶ᠋ᠢᠬᠠᠨ ᠲᠠᠨ ᠤ ᠳᠤᠷᠠᠳᠤᠭᠰᠠᠨ ᠥᠪᠡᠷᠲᠡᠭᠡᠨ ᠵᠠᠰᠠᠬᠤ ᠣᠷᠣᠨ ᠤ | ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠲᠠᠪᠴᠠᠩ ᠳᠤ ᠣᠷᠣᠭᠤᠯᠤᠭᠰᠠᠨ ᠢ ᠯᠢᠦ ᠡᠷᠬᠢᠯᠡᠭᠴᠢ | ᠲᠠᠨᠢᠯᠴᠠᠭᠤᠯᠤᠭᠠᠳ ᠥᠭᠭᠦᠨ᠎ᠡ ᠦᠦ︖ | ᠯᠢᠦ ᠯᠢ ᠵᠢᠤᠸᠠᠨ᠄ | ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠭᠡᠳᠡᠭ ᠪᠣᠯ ᠤᠯᠤᠰ ᠤᠨ ᠪᠠᠶᠢᠭᠤᠯᠭ᠎ᠠ ᠵᠢᠴᠢ ᠬᠠᠤᠯᠢ | ᠴᠠᠭᠠᠵᠠ ᠬᠠᠤᠯᠢ ᠲᠣᠭᠲᠠᠭᠠᠯ ᠠᠴᠠ ᠡᠷᠬᠡ ᠣᠯᠭᠤᠭᠰᠠᠨ ᠣᠯᠠᠨ ᠨᠡᠶᠢᠲᠡ ᠶᠢᠨ ᠶᠠᠪᠤᠳᠠᠯ ᠢ ᠬᠠᠮᠢᠶᠠᠷᠬᠤ ᠡᠭᠦᠷᠭᠡ | ᠴᠢᠳᠠᠪᠤᠷᠢ ᠪᠦᠬᠦᠢ ᠵᠣᠬᠢᠶᠠᠨ ᠪᠠᠶᠢᠭᠤᠯᠤᠯᠲᠠ ᠪᠠ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ | ᠪᠦᠷᠢᠯᠳᠦᠭᠰᠡᠨ ᠢᠷᠭᠡᠨ ᠤ ᠬᠡᠷᠡᠭ ᠤᠨ ᠪᠦᠷᠢᠨ ᠠᠵᠢᠯᠯᠠᠭ᠎ᠠ ᠶᠢᠨ ᠴᠢᠳᠠᠪᠤᠷᠢ ᠪᠦᠬᠦᠢ ᠪᠠᠶᠢᠭᠠᠯᠢᠯᠢᠭ ᠬᠥᠮᠥᠨ᠂ | ᠬᠠᠤᠯᠢ ᠶᠢᠨ ᠡᠷᠬᠡᠲᠡᠨ ᠪᠠ ᠬᠠᠤᠯᠢ ᠶᠢᠨ ᠡᠷᠬᠡᠲᠡᠨ ᠤ ᠪᠤᠰᠤ ᠵᠣᠬᠢᠶᠠᠨ ᠪᠠᠶᠢᠭᠤᠯᠤᠯᠲᠠ ᠶᠢᠨ ᠢᠲᠡᠭᠡᠮᠵᠢ ᠶᠢᠨ ᠲᠥᠯᠥᠪ | ᠪᠠᠶᠢᠳᠠᠯ ᠢ ᠲᠤᠰᠬᠠᠭᠰᠠᠨ ᠳ᠋ᠠᠶᠢᠲ᠋ᠠ ᠪᠠ ᠮᠠᠲ᠋ᠧᠷᠢᠶᠠᠯ ᠢ ᠵᠢᠭᠠᠵᠤ ᠪᠠᠶᠢᠨ᠎ᠠ᠃ ︽ᠠᠷᠭ᠎ᠠ︾ ᠳᠤ ᠮᠡᠳᠡᠭᠡ ᠵᠠᠩᠭᠢ ᠶᠢᠨ | ᠭᠤᠣᠯ ᠴᠣᠭᠴᠠ ᠶᠢᠨ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠦᠨᠳᠦᠰᠦᠨ ᠮᠡᠳᠡᠭᠡ ᠵᠠᠩᠭᠢ᠂ | ᠨᠥᠯᠥᠭᠡ ᠮᠠᠭᠤᠲᠠᠢ ᠮᠡᠳᠡᠭᠡ ᠵᠠᠩᠭᠢ ᠪᠠ ᠨᠥᠯᠥᠭᠡ ᠰᠠᠶᠢᠲᠠᠢ ᠮᠡᠳᠡᠭᠡ ᠵᠠᠩᠭᠢ ᠵᠡᠷᠭᠡ ᠭᠤᠷᠪᠠᠨ ᠶᠡᠭᠡ ᠲᠥᠷᠥᠯ | ᠬᠤᠪᠢᠶᠠᠪᠠ᠃ ᠦᠨᠳᠦᠰᠦᠨ ᠮᠡᠳᠡᠭᠡ ᠵᠠᠩᠭᠢ ᠨᠢ ᠮᠡᠳᠡᠭᠡ ᠵᠠᠩᠭᠢ ᠶᠢᠨ ᠭᠤᠣᠯ ᠴᠣᠭᠴᠠ ᠶᠢᠨ ᠪᠡᠶ᠎ᠡ ᠭᠠᠷᠤᠯ ᠢ | ᠢᠯᠭᠠᠨ ᠲᠣᠳᠣᠯᠠᠵᠤ ᠪᠣᠯᠬᠤ ᠬᠠᠮᠢᠶ᠎ᠠ ᠪᠦᠬᠦᠢ ᠮᠡᠳᠡᠭᠡ ᠵᠠᠩᠭᠢ ᠶᠢ ᠪᠠᠭᠲᠠᠭᠠᠵᠤ ᠪᠠᠶᠢᠨ᠎ᠠ᠂ ᠵᠢᠱᠢᠶᠡᠯᠡᠪᠡᠯ ᠨᠡᠶᠢᠭᠡᠮ ᠤᠨ | ᠢᠲᠡᠭᠡᠮᠵᠢ ᠶᠢ ᠨᠢᠭᠡᠳᠦᠭᠦᠯᠬᠦ ᠣᠷᠣᠯᠠᠬᠤ ᠺᠣᠳ᠋ ᠪᠠ ᠪᠡᠶ᠎ᠡ ᠶᠢᠨ ᠦᠨᠡᠮᠯᠡᠯ ᠤᠨ ᠨᠣᠮᠧᠷ ᠪᠣᠯᠣᠨ᠎ᠠ︔ ᠨᠥᠯᠥᠭᠡ | ᠮᠠᠭᠤᠲᠠᠢ ᠮᠡᠳᠡᠭᠡ ᠵᠠᠩᠭᠢ ᠨᠢ ᠡᠯ᠎ᠡ ᠰᠠᠯᠠᠭ᠎ᠠ ᠮᠥᠴᠢᠷ ᠤᠨ ᠬᠢᠨ ᠤ ᠲᠣᠭᠲᠠᠭᠠᠭᠰᠠᠨ ᠵᠠᠰᠠᠭ ᠵᠠᠬᠢᠷᠭᠠᠨ ᠤ ᠰᠢᠢᠳᠬᠡᠯ | ᠲᠣᠷᠭᠠᠭᠤᠯᠢ ᠵᠡᠷᠭᠡ 12 ᠲᠥᠷᠥᠯ ᠤᠨ ᠮᠡᠳᠡᠭᠡ ᠵᠠᠩᠭᠢ ᠶᠢ ᠪᠠᠭᠲᠠᠭᠠᠨ᠎ᠠ︔ ᠨᠥᠯᠥᠭᠡ ᠰᠠᠶᠢᠲᠠᠢ ᠮᠡᠳᠡᠭᠡ ᠵᠠᠩᠭᠢ ᠨᠢ | ᠬᠤᠲᠠ ᠶᠢᠨ ᠱᠠᠲᠤᠨ ᠠᠴᠠ ᠳᠡᠭᠡᠭᠰᠢᠬᠢ ᠤᠯᠤᠰ ᠤᠨ ᠪᠠᠶᠢᠭᠤᠯᠭ᠎ᠠ ᠶᠢᠨ ᠬᠢᠨ ᠤ ᠲᠣᠭᠲᠠᠭᠠᠭᠰᠠᠨ ᠡᠯ᠎ᠡ ᠲᠥᠷᠥᠯ ᠤᠨ | ᠱᠠᠩᠨᠠᠯ ᠬᠥᠬᠢᠭᠦᠯᠦᠯ ᠵᠡᠷᠭᠡ 9 ᠲᠥᠷᠥᠯ ᠤᠨ ᠮᠡᠳᠡᠭᠡ ᠵᠠᠩᠭᠢ ᠶᠢ ᠪᠠᠭᠲᠠᠭᠠᠵᠤ ᠪᠠᠶᠢᠨ᠎ᠠ᠃ | ᠬᠥᠲᠥᠯᠥᠭᠴᠢ᠄ | ︽ᠬᠠᠮᠢᠶᠠᠷᠤᠯᠲᠠ ᠶᠢᠨ ᠠᠷᠭ᠎ᠠ︾ ᠳᠤ᠂ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢ | ᠨᠡᠶᠢᠲᠡᠯᠡᠬᠦ ᠠᠰᠠᠭᠤᠳᠠᠯ ᠳᠤ ᠬᠤᠯᠪᠣᠭᠳᠠᠵᠤ ᠪᠠᠶᠢᠬᠤ ᠶᠢ ᠪᠢᠳᠡ ᠠᠩᠬᠠᠷᠴᠤ ᠮᠡᠳᠡᠪᠡ᠃ ᠲᠡᠭᠡᠪᠡᠯ ᠮᠡᠳᠡᠭᠡ ᠵᠠᠩᠭᠢ ᠶᠢ | ᠬᠡᠷᠬᠢᠨ ᠢᠯᠡ ᠪᠠᠶᠢᠯᠭᠠᠬᠤ᠂ ᠶᠠᠮᠠᠷ ᠬᠡᠮᠵᠢᠶ᠎ᠡ ᠬᠦᠷᠲᠡᠯ᠎ᠡ ᠢᠯᠡ ᠪᠠᠶᠢᠯᠭᠠᠬᠤ᠂ ᠬᠥᠮᠥᠨ ᠪᠣᠯᠭᠠᠨ ᠬᠤᠪᠢ ᠬᠥᠮᠥᠨ | ᠪᠤᠶᠤ ᠠᠵᠤ ᠠᠬᠤᠶᠢᠯᠠᠯ ᠤᠨ ᠮᠡᠳᠡᠭᠡ ᠵᠠᠩᠭᠢ ᠶᠢ ᠳᠤᠷ᠎ᠠ ᠪᠠᠷ ᠢᠶᠠᠨ ᠬᠠᠶᠢᠨ ᠯᠠᠪᠯᠠᠵᠤ ᠪᠣᠯᠣᠨ᠎ᠠ ᠦᠦ︖ | ᠯᠢᠦ ᠯᠢ ᠵᠢᠤᠸᠠᠨ᠄ | ︽ᠠᠷᠭ᠎ᠠ︾ ᠳᠤ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠬᠠᠶᠢᠨ ᠯᠠᠪᠯᠠᠵᠤ ᠬᠡᠷᠡᠭᠯᠡᠬᠦ ᠳᠤ | ᠴᠢᠩᠭ᠎ᠠ ᠲᠣᠭᠲᠠᠭᠠᠯ ᠭᠠᠷᠭᠠᠪᠠ᠄ ᠢᠯᠡ ᠪᠠᠶᠢᠯᠭᠠᠬᠤ ᠮᠡᠳᠡᠭᠡ ᠵᠠᠩᠭᠢ ᠶᠢᠨ ᠲᠤᠬᠠᠢ᠂ ᠨᠡᠶᠢᠭᠡᠮ ᠤᠨ ᠲᠦᠮᠡᠨ | ᠣᠯᠠᠨ ᠢᠶᠠᠷ ᠢᠶᠠᠨ ᠦᠢᠯᠡᠴᠢᠯᠡᠭᠡ ᠶᠢᠨ ᠴᠣᠩᠬᠤᠪᠴᠢ᠂ ᠲᠠᠪᠴᠠᠩ ᠤᠨ ᠰᠦᠯᠵᠢᠶ᠎ᠡ᠂ ᠰᠢᠯᠵᠢᠭᠡ ᠲᠡᠭᠦᠰᠬᠡᠯ ᠤᠨ | ᠦᠵᠦᠭᠦᠷ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ ᠬᠠᠶᠢᠨ ᠯᠠᠪᠯᠠᠵᠤ ᠪᠣᠯᠣᠨ᠎ᠠ︔ ᠥᠯᠥ ᠢᠯᠡ ᠪᠠᠶᠢᠯᠭᠠᠬᠤ | ᠮᠡᠳᠡᠭᠡ ᠵᠠᠩᠭᠢ ᠶᠢᠨ ᠲᠤᠬᠠᠢ᠂ ᠮᠡᠳᠡᠭᠡ ᠵᠠᠩᠭᠢ ᠶᠢᠨ ᠭᠤᠣᠯ ᠴᠣᠭᠴᠠ ᠠᠴᠠ ᠬᠤᠪᠢ ᠬᠥᠮᠥᠨ ᠤ ᠬᠦᠴᠦᠨ ᠪᠦᠬᠦᠢ | ᠪᠡᠶ᠎ᠡ ᠶᠢᠨ ᠭᠡᠷᠡᠴᠢ ᠪᠠ ᠪᠢᠴᠢᠭ ᠤᠨ ᠬᠡᠯᠪᠡᠷᠢ ᠪᠠᠷ ᠡᠷᠬᠡ ᠣᠯᠭᠤᠭᠰᠠᠨ ᠵᠡᠷᠭᠡ ᠭᠡᠷᠡᠴᠢ ᠪᠠᠨ ᠬᠠᠩᠭᠠᠵᠤ ᠪᠠᠶᠢᠭᠠᠳ | ᠣᠯᠠᠨ ᠨᠡᠶᠢᠲᠡ ᠶᠢᠨ ᠮᠡᠳᠡᠭᠡ ᠵᠠᠩᠭᠢ ᠶᠢᠨ ᠦᠢᠯᠡᠴᠢᠯᠡᠭᠡ ᠶᠢᠨ ᠪᠠᠶᠢᠭᠤᠯᠤᠮᠵᠢ ᠳᠤ ᠬᠠᠶᠢᠨ ᠯᠠᠪᠯᠠᠬᠤ ᠭᠤᠶᠤᠴᠢᠯᠠᠯ | ᠭᠠᠷᠭᠠᠨ᠎ᠠ᠃ | ᠬᠥᠲᠥᠯᠥᠭᠴᠢ᠄ | ᠮᠠᠨ ᠤ ᠣᠶᠢᠯᠠᠭᠠᠭᠰᠠᠨ ᠢᠶᠠᠷ᠂ ︽ᠬᠠᠮᠢᠶᠠᠷᠤᠯᠲᠠ ᠶᠢᠨ ᠠᠷᠭ᠎ᠠ︾ ᠶᠢᠨ ᠱᠠᠭᠠᠷᠳᠠᠯᠭ᠎ᠠ ᠶᠣᠰᠣᠭᠠᠷ᠂ | ᠢᠲᠡᠭᠡᠮᠵᠢ ᠶᠢᠨ ᠲᠥᠯᠥᠪ ᠪᠠᠶᠢᠳᠠᠯ ᠤᠨ ᠰᠠᠶᠢᠨ ᠮᠠᠭᠤ ᠶᠢ ᠦᠨᠳᠦᠰᠦᠯᠡᠨ ᠮᠡᠳᠡᠭᠡ ᠵᠠᠩᠭᠢ ᠶᠢᠨ ᠭᠤᠣᠯ ᠴᠣᠭᠴᠠ ᠳᠤ | ᠠᠳᠠᠯᠢ ᠪᠤᠰᠤ ᠶᠢᠨ ᠱᠠᠩᠨᠠᠨ ᠲᠣᠷᠭᠤᠭᠠᠬᠤ ᠠᠷᠭ᠎ᠠ ᠬᠡᠮᠵᠢᠶ᠎ᠡ ᠠᠪᠳᠠᠭ᠃ ᠲᠡᠭᠡᠪᠡᠯ ᠪᠣᠳᠠᠲᠤ ᠪᠠᠶᠢᠳᠠᠯ ᠳᠤ ᠬᠡᠷᠬᠢᠨ | ᠭᠦᠢᠴᠡᠳᠬᠡᠵᠦ ᠪᠠᠶᠢᠬᠤ ᠶᠢ ᠯᠢᠦ ᠡᠷᠬᠢᠯᠡᠭᠴᠢ ᠲᠠ ᠲᠠᠨᠢᠯᠴᠠᠭᠤᠯᠤᠭᠠᠳ ᠥᠭᠭᠦᠨ᠎ᠡ ᠦᠦ︖ | ᠯᠢᠦ ᠯᠢ ᠵᠢᠤᠸᠠᠨ᠄ | ᠢᠲᠡᠭᠡᠮᠵᠢ ᠶᠢ ᠪᠠᠷᠢᠮᠲᠠᠯᠠᠭᠰᠠᠳ ᠢ ᠬᠤᠯᠪᠣᠭᠠᠯᠠᠵᠤ ᠤᠷᠮᠠᠰᠢᠭᠤᠯᠤᠨ ᠵᠣᠷᠢᠭᠵᠢᠭᠤᠯᠬᠤ ᠪᠠ ᠢᠲᠡᠭᠡᠮᠵᠢ | ᠠᠯᠳᠠᠭᠰᠠᠳ ᠢ ᠬᠤᠯᠪᠣᠭᠠᠯᠠᠵᠤ ᠵᠠᠯᠬᠠᠭᠠᠨ ᠴᠡᠭᠡᠷᠯᠡᠭᠦᠯᠬᠦ ᠲᠣᠭᠲᠠᠴᠠ ᠪᠣᠯ ᠨᠡᠶᠢᠭᠡᠮ ᠤᠨ ᠢᠲᠡᠭᠡᠮᠵᠢ ᠶᠢᠨ | ᠰᠢᠰᠲ᠋ᠧᠮᠵᠢ ᠶᠢᠨ ᠪᠠᠶᠢᠭᠤᠯᠤᠯᠲᠠ ᠶᠢᠨ ᠭᠤᠣᠯᠯᠠᠬᠤ ᠲᠣᠭᠲᠠᠴᠠ ᠪᠣᠯᠣᠨ᠎ᠠ᠃ ᠤᠯᠤᠰ ᠪᠠ ᠥᠪᠡᠷᠲᠡᠭᠡᠨ ᠵᠠᠰᠠᠬᠤ | ᠣᠷᠣᠨ ᠤ ᠬᠠᠮᠢᠶ᠎ᠠ ᠪᠦᠬᠦᠢ ᠱᠠᠭᠠᠷᠳᠠᠯᠭ᠎ᠠ ᠶᠢ ᠦᠨᠳᠦᠰᠦᠯᠡᠨ᠂ ︽ᠠᠷᠭ᠎ᠠ︾ ᠶᠢᠨ ᠭᠤᠴᠢᠳᠤᠭᠠᠷ ᠵᠦᠢᠯ ᠳᠤ᠂ | ᠢᠲᠡᠭᠡᠮᠵᠢ ᠶᠢᠨ ᠲᠥᠯᠥᠪ ᠪᠠᠶᠢᠳᠠᠯ ᠢᠶᠠᠷ ᠰᠠᠶᠢᠲᠠᠢ ᠮᠡᠳᠡᠭᠡ ᠵᠠᠩᠭᠢ ᠶᠢᠨ ᠭᠤᠣᠯ ᠴᠣᠭᠴᠠ ᠳᠤ᠂ ᠤᠯᠤᠰ ᠤᠨ | ᠪᠠᠶᠢᠭᠤᠯᠭ᠎ᠠ ᠠᠴᠠ ᠵᠠᠰᠠᠭ ᠵᠠᠬᠢᠷᠭᠠᠨ ᠤ ᠵᠥᠪᠰᠢᠶᠡᠷᠡᠯ᠂ ᠲᠥᠷᠥᠯ ᠵᠦᠢᠯ ᠤᠨ ᠬᠢᠨᠠᠯᠲᠠ ᠵᠥᠪᠰᠢᠶᠡᠷᠡᠯ᠂ ᠵᠠᠰᠠᠭ ᠤᠨ | ᠣᠷᠳᠣᠨ ᠠᠴᠠ ᠬᠤᠳᠠᠯᠳᠤᠨ ᠠᠪᠬᠤ ᠭᠡᠬᠦ ᠮᠡᠲᠦ ᠶᠢᠨ ᠠᠵᠢᠯᠯᠠᠭᠠᠨ ᠳᠤ᠂ ᠬᠠᠮᠢᠶ᠎ᠠ ᠪᠦᠬᠦᠢ ᠬᠠᠤᠯᠢ ᠴᠠᠭᠠᠵᠠ᠂ | ᠬᠠᠤᠯᠢ ᠲᠣᠭᠲᠠᠭᠠᠯ ᠢᠶᠠᠷ ᠦᠨᠳᠦᠰᠦᠯᠡᠯ ᠪᠣᠯᠭᠠᠵᠤ᠂ ᠲᠡᠭᠦᠨ ᠳᠤ ᠤᠷᠢᠳ ᠢᠶᠠᠷ ᠭᠦᠢᠴᠡᠳᠬᠡᠬᠦ᠂ ᠬᠠᠷᠠᠭᠠᠯᠵᠠᠯ | ᠦᠵᠡᠭᠦᠯᠬᠦ ᠵᠡᠷᠭᠡ ᠣᠯᠠᠨ ᠵᠦᠢᠯ ᠤᠨ ᠤᠷᠮᠠᠰᠢᠭᠤᠯᠤᠨ ᠵᠣᠷᠢᠭᠵᠢᠭᠤᠯᠬᠤ ᠠᠷᠭ᠎ᠠ ᠬᠡᠮᠵᠢᠶ᠎ᠡ ᠠᠪᠤᠨ᠎ᠠ ᠭᠡᠵᠦ | ᠲᠣᠭᠲᠠᠭᠠᠪᠠ︔ ︽ᠠᠷᠭ᠎ᠠ︾ ᠶᠢᠨ ᠭᠤᠴᠢᠨ ᠨᠢᠭᠡᠳᠦᠭᠡᠷ ᠵᠦᠢᠯ ᠳᠤ᠂ ᠢᠲᠡᠭᠡᠮᠵᠢ ᠶᠢᠨ ᠲᠥᠯᠥᠪ ᠪᠠᠶᠢᠳᠠᠯ ᠢᠶᠠᠷ | ᠮᠠᠭᠤᠲᠠᠢ ᠮᠡᠳᠡᠭᠡ ᠵᠠᠩᠭᠢ ᠶᠢᠨ ᠭᠤᠣᠯ ᠴᠣᠭᠴᠠ ᠳᠤ᠂ ᠵᠠᠰᠠᠭ ᠵᠠᠬᠢᠷᠭᠠᠨ ᠤ ᠪᠠᠶᠢᠭᠤᠯᠭ᠎ᠠ ᠠᠴᠠ ᠡᠳᠦᠷ ᠲᠤᠲᠤᠮ ᠤᠨ | ᠬᠢᠨᠠᠯᠲᠠ ᠲᠠᠯᠪᠢᠯᠲᠠ ᠪᠠ ᠪᠠᠶᠢᠴᠠᠭᠠᠯᠲᠠ ᠳᠤ᠂ ᠲᠡᠭᠦᠨ ᠳᠤ ᠭᠤᠣᠯᠳᠠᠯᠭ᠎ᠠ ᠲᠠᠢ ᠬᠢᠨᠠᠯᠲᠠ ᠲᠠᠯᠪᠢᠵᠤ ᠬᠠᠮᠢᠶᠠᠷᠬᠤ᠂ | ᠪᠠᠶᠢᠴᠠᠭᠠᠯᠲᠠ ᠬᠢᠬᠦ ᠤᠳᠠᠭ᠎ᠠ ᠶᠢ ᠨᠢ ᠨᠡᠮᠡᠭᠳᠡᠭᠦᠯᠬᠦ᠂ ᠨᠢᠭᠡᠨᠲᠡ ᠬᠦᠷᠲᠡᠭᠰᠡᠨ ᠵᠠᠰᠠᠭ ᠵᠠᠬᠢᠷᠭᠠᠨ ᠤ ᠲᠠᠯ᠎ᠠ ᠪᠠᠷ | ᠳᠥᠭᠦᠮ ᠦᠵᠡᠭᠦᠯᠬᠦ ᠠᠷᠭ᠎ᠠ ᠬᠡᠮᠵᠢᠶ᠎ᠡ ᠶᠢ ᠨᠢ ᠬᠦᠴᠦᠨ ᠦᠭᠡᠢ ᠪᠣᠯᠭᠠᠬᠤ ᠵᠡᠷᠭᠡ ᠣᠯᠠᠨ ᠵᠦᠢᠯ ᠤᠨ ᠵᠠᠯᠬᠠᠭᠠᠨ | ᠰᠢᠢᠳᠬᠡᠬᠦ ᠠᠷᠭ᠎ᠠ ᠬᠡᠮᠵᠢᠶ᠎ᠡ ᠠᠪᠤᠨ᠎ᠠ ᠭᠡᠵᠦ ᠲᠣᠭᠲᠠᠭᠠᠪᠠ᠃ ︽ᠠᠷᠭ᠎ᠠ︾ ᠶᠢᠨ ᠭᠤᠴᠢᠨ ᠬᠤᠶᠠᠳᠤᠭᠠᠷ ᠵᠦᠢᠯ ᠳᠤ᠂ | ᠬᠠᠮᠢᠶ᠎ᠠ ᠪᠦᠬᠦᠢ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠬᠦᠨᠳᠦ ᠨᠣᠴᠢᠲᠠᠢ | ᠢᠲᠡᠭᠡᠮᠵᠢ ᠠᠯᠳᠠᠭᠰᠠᠨ ᠨᠡᠷᠡᠰ ᠲᠤ ᠵᠢᠭᠰᠠᠭᠠᠭᠳᠠᠭᠰᠠᠨ ᠮᠡᠳᠡᠭᠡ ᠵᠠᠩᠭᠢ ᠶᠢᠨ ᠭᠤᠣᠯ ᠴᠣᠭᠴᠠ ᠳᠤ᠂ ᠵᠠᠰᠠᠭ | ᠵᠠᠬᠢᠷᠭᠠᠨ ᠤ ᠪᠠᠶᠢᠭᠤᠯᠭ᠎ᠠ ᠠᠴᠠ ᠲᠡᠭᠦᠨ ᠳᠤ ᠵᠠᠬ᠎ᠠ ᠳᠡᠯᠭᠡᠭᠦᠷ ᠪᠠ ᠠᠵᠢᠯ ᠲᠥᠷᠥᠯ ᠳᠤ ᠣᠷᠣᠬᠤ ᠶᠢ ᠨᠢ | ᠴᠠᠭᠠᠵᠠᠯᠠᠬᠤ ᠶᠢ ᠪᠠᠭᠲᠠᠭᠠᠭᠰᠠᠨ᠂ ᠰᠢᠨ᠎ᠡ ᠪᠠᠷ ᠨᠡᠮᠡᠭᠰᠡᠨ ᠲᠥᠷᠥᠯ ᠵᠦᠢᠯ ᠢ ᠨᠢ ᠬᠢᠨᠠᠨ ᠵᠥᠪᠰᠢᠶᠡᠷᠡᠬᠦ ᠪᠠ | ᠬᠠᠷᠭᠤᠭᠤᠯᠤᠨ ᠵᠥᠪᠰᠢᠶᠡᠷᠡᠬᠦ ᠶᠢ ᠬᠢᠵᠠᠭᠠᠷᠯᠠᠬᠤ ᠵᠡᠷᠭᠡ ᠣᠯᠠᠨ ᠵᠦᠢᠯ ᠤᠨ ᠵᠠᠯᠬᠠᠭᠠᠨ ᠰᠢᠢᠳᠬᠡᠬᠦ ᠠᠷᠭ᠎ᠠ ᠬᠡᠮᠵᠢᠶ᠎ᠡ | ᠠᠪᠤᠨ᠎ᠠ ᠭᠡᠵᠦ ᠲᠣᠭᠲᠠᠭᠠᠵᠠᠢ᠃ | ᠬᠥᠲᠥᠯᠥᠭᠴᠢ᠄ | ︽ᠬᠠᠮᠢᠶᠠᠷᠤᠯᠲᠠ ᠶᠢᠨ ᠠᠷᠭ᠎ᠠ︾ ᠳᠤ ᠪᠠᠰᠠ ᠮᠡᠳᠡᠭᠡ ᠵᠠᠩᠭᠢ ᠶᠢᠨ ᠭᠤᠣᠯ ᠴᠣᠭᠴᠠ ᠶᠢᠨ ᠡᠷᠬᠡ ᠠᠰᠢᠭ ᠢ | ᠬᠠᠮᠠᠭᠠᠯᠠᠬᠤ ᠠᠰᠠᠭᠤᠳᠠᠯ ᠢ ᠳᠤᠷᠠᠳᠴᠠᠢ᠃ ᠡᠨᠡ ᠲᠠᠯ᠎ᠠ ᠪᠠᠷ᠂ ᠪᠢᠳᠡᠨ ᠳᠤ ᠶᠠᠮᠠᠷ ᠶᠠᠮᠠᠷ ᠪᠣᠳᠠᠲᠠᠢ ᠠᠷᠭ᠎ᠠ ᠬᠡᠮᠵᠢᠶ᠎ᠡ | ᠪᠠᠶᠢᠬᠤ ᠪᠣᠢ︖ | ᠯᠢᠦ ᠯᠢ ᠵᠢᠤᠸᠠᠨ᠄ | ︽ᠠᠷᠭ᠎ᠠ︾ ᠳᠤ ᠳᠥᠷᠪᠡᠨ ᠲᠠᠯ᠎ᠠ ᠪᠠᠷ ᠮᠡᠳᠡᠭᠡ ᠵᠠᠩᠭᠢ ᠶᠢᠨ ᠭᠤᠣᠯ ᠴᠣᠭᠴᠠ ᠶᠢᠨ ᠡᠷᠬᠡ ᠠᠰᠢᠭ ᠢ | ᠬᠠᠮᠠᠭᠠᠯᠠᠬᠤ ᠲᠤᠬᠠᠢ ᠪᠣᠳᠠᠲᠠᠢ ᠲᠣᠭᠲᠠᠭᠠᠯ ᠭᠠᠷᠭᠠᠪᠠ᠃ ᠨᠢᠭᠡ ᠳᠤ᠂ ᠠᠷᠪᠠᠨ ᠨᠠᠢᠮᠠᠳᠤᠭᠠᠷ ᠵᠦᠢᠯ ᠳᠤ᠂ | ᠴᠤᠭᠯᠠᠭᠤᠯᠤᠨ ᠨᠡᠶᠢᠯᠡᠭᠦᠯᠬᠦ ᠶᠢ ᠬᠢᠵᠠᠭᠠᠷᠯᠠᠭᠰᠠᠨ ᠪᠠᠶᠢᠭᠠᠯᠢᠯᠢᠭ ᠬᠥᠮᠥᠨ ᠤ ᠬᠠᠮᠢᠶ᠎ᠠ ᠪᠦᠬᠦᠢ ᠮᠡᠳᠡᠭᠡ ᠵᠠᠩᠭᠢ ᠶᠢ | ᠲᠣᠳᠣᠷᠬᠠᠶᠢᠯᠠᠪᠠ︔ ᠬᠤᠶᠠᠷ ᠲᠤ᠂ ᠭᠤᠴᠢᠨ ᠵᠢᠷᠭᠤᠳᠤᠭᠠᠷ ᠵᠦᠢᠯ ᠳᠤ᠂ ᠨᠥᠯᠥᠭᠡ ᠮᠠᠭᠤᠲᠠᠢ ᠮᠡᠳᠡᠭᠡ ᠵᠠᠩᠭᠢ ᠶᠢ | ᠨᠡᠶᠢᠲᠡᠯᠡᠬᠦ ᠬᠤᠭᠤᠴᠠᠭᠠᠨ ᠤ ᠬᠢᠵᠠᠭᠠᠷᠯᠠᠯ ᠢ ᠲᠣᠳᠣᠷᠬᠠᠶᠢᠯᠠᠪᠠ︔ ᠭᠤᠷᠪᠠ ᠳᠤ᠂ ᠭᠤᠴᠢᠨ ᠳᠣᠯᠣᠳᠤᠭᠠᠷ ᠵᠦᠢᠯ ᠳᠤ᠂ | ᠮᠡᠳᠡᠭᠡ ᠵᠠᠩᠭᠢ ᠶᠢᠨ ᠭᠤᠣᠯ ᠴᠣᠭᠴᠠ ᠠᠴᠠ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠪᠠᠨ | ᠰᠠᠨᠠᠭᠠᠴᠢᠯᠠᠭ᠎ᠠ ᠠᠴᠠ ᠪᠠᠨ ᠵᠠᠰᠠᠨ ᠵᠠᠯᠠᠷᠠᠭᠤᠯᠵᠤ᠂ ᠮᠠᠭᠤ ᠨᠥᠯᠥᠭᠡ ᠪᠠᠨ ᠦᠭᠡᠶᠢᠰᠬᠡᠬᠦ ᠦᠶ᠎ᠡ ᠳᠤ᠂ ᠢᠲᠡᠭᠡᠮᠵᠢ ᠪᠠᠨ | ᠵᠠᠰᠠᠨ ᠰᠡᠷᠭᠦᠭᠡᠬᠦ ᠪᠠᠷ ᠭᠤᠶᠤᠴᠢᠯᠠᠬᠤ ᠳᠡᠰ ᠳᠠᠷᠠᠭᠠᠯᠠᠯ ᠢ ᠲᠣᠳᠣᠷᠬᠠᠶᠢᠯᠠᠪᠠ︔ ᠳᠥᠷᠪᠡ ᠳᠤ᠂ ᠭᠤᠴᠢᠨ | ᠨᠠᠢᠮᠠᠳᠤᠭᠠᠷ ᠵᠦᠢᠯ ᠳᠤ᠂ ᠮᠡᠳᠡᠭᠡ ᠵᠠᠩᠭᠢ ᠶᠢᠨ ᠭᠤᠣᠯ ᠴᠣᠭᠴᠠ ᠠᠴᠠ ᠨᠡᠶᠢᠭᠡᠮ ᠤᠨ ᠢᠲᠡᠭᠡᠮᠵᠢ ᠶᠢᠨ ᠲᠠᠪᠴᠠᠩ ᠳᠤ | ᠲᠡᠮᠳᠡᠭᠯᠡᠭᠰᠡᠨ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠨᠢ ᠪᠣᠳᠠᠲᠤ ᠪᠠᠶᠢᠳᠠᠯ ᠲᠠᠢ ᠥᠯᠥ ᠨᠡᠶᠢᠴᠡᠬᠦ᠂ | ᠣᠷᠬᠢᠭᠳᠠᠭᠰᠠᠨ ᠪᠠ ᠪᠤᠷᠤᠭᠤᠳᠠᠭᠰᠠᠨ ᠠᠰᠠᠭᠤᠳᠠᠯ ᠣᠷᠣᠰᠢᠬᠤ ᠪᠠᠶᠢᠬᠤ᠂ ᠬᠠᠤᠯᠢ ᠶᠣᠰᠣᠭᠠᠷ ᠥᠯᠥ ᠢᠯᠡ | ᠪᠠᠶᠢᠯᠭᠠᠪᠠᠰᠤ ᠵᠣᠬᠢᠬᠤ ᠦᠶ᠎ᠡ ᠳᠤ᠂ ᠣᠨᠳᠣᠣ ᠰᠠᠨᠠᠯ ᠭᠠᠷᠭᠠᠨ ᠭᠤᠶᠤᠴᠢᠯᠠᠬᠤ ᠪᠠ ᠳᠠᠪᠲᠠᠨ ᠬᠠᠷᠭᠤᠭᠤᠯᠬᠤ ᠳᠡᠰ | ᠳᠠᠷᠠᠭᠠᠯᠠᠯ ᠢ ᠲᠣᠳᠣᠷᠬᠠᠶᠢᠯᠠᠵᠠᠢ᠃ | ᠬᠥᠲᠥᠯᠥᠭᠴᠢ᠄ | ᠰᠠᠶ᠋ᠢᠬᠠᠨ ᠲᠠᠨ ᠤ ᠲᠠᠨᠢᠯᠴᠠᠭᠤᠯᠬᠤ ᠪᠠᠷ ᠳᠠᠮᠵᠢᠭᠤᠯᠤᠨ ᠂ ︽ᠬᠠᠮᠢᠶᠠᠷᠤᠯᠲᠠ ᠶᠢᠨ ᠠᠷᠭ᠎ᠠ ︾ ᠶᠢᠨ | ᠲᠤᠬᠠᠢ ᠪᠢᠳᠡ ᠦᠨᠳᠦᠰᠦᠨ ᠣᠶᠢᠯᠠᠭᠠᠯᠲᠠ ᠲᠠᠢ ᠪᠣᠯᠪᠠ ᠃ ᠳᠠᠬᠢᠨ ᠠᠰᠠᠭᠤᠬᠤ ᠰᠠᠨᠠᠭ᠎ᠠ ᠲᠠᠢ ᠵᠦᠢᠯ ᠭᠡᠪᠡᠯ᠂ | ᠣᠳᠣᠬᠠᠨ ᠳᠤ᠂ ᠮᠠᠨ ᠤ ᠣᠷᠣᠨ ᠠᠴᠠ ᠶᠠᠮᠠᠷ ᠶᠠᠮᠠᠷ ᠬᠦᠷᠢᠶ᠎ᠡ ᠴᠠᠷᠠᠭᠠᠨ ᠳᠤ ᠣᠯᠠᠨ ᠨᠡᠶᠢᠲᠡ ᠶᠢᠨ ᠢᠲᠡᠭᠡᠮᠵᠢ ᠶᠢᠨ | ᠮᠡᠳᠡᠭᠡ ᠵᠠᠩᠭᠢ ᠶᠢ ᠬᠡᠷᠡᠭᠯᠡᠬᠦ ᠶᠢ ᠥᠷᠨᠢᠭᠦᠯᠦᠭᠰᠡᠨ ᠪᠣᠢ︖ | ᠯᠢᠦ ᠯᠢ ᠵᠢᠤᠸᠠᠨ᠄ | 2016 ᠣᠨ ᠠᠴᠠ ᠡᠬᠢᠯᠡᠵᠦ᠂ ᠮᠠᠨ ᠤ ᠣᠷᠣᠨ ᠠᠴᠠ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ | ᠵᠠᠩᠭᠢ ᠶᠢ ᠲᠥᠷᠥᠯ ᠵᠦᠢᠯ ᠤᠨ ᠬᠢᠨᠠᠯᠲᠠ ᠵᠥᠪᠰᠢᠶᠡᠷᠡᠯ᠂ ᠭᠠᠶᠢᠯᠢ ᠲᠠᠲᠠᠪᠤᠷᠢ ᠶᠢᠨ ᠬᠠᠮᠢᠶᠠᠷᠤᠯᠲᠠ᠂ ᠵᠠᠰᠠᠭ ᠤᠨ | ᠣᠷᠣᠨ ᠠᠴᠠ ᠬᠤᠳᠠᠯᠳᠤᠨ ᠠᠪᠬᠤ ᠵᠡᠷᠭᠡ ᠬᠦᠷᠢᠶ᠎ᠡ ᠴᠠᠷᠠᠭᠠᠨ ᠳᠤ ᠬᠡᠷᠡᠭᠯᠡᠬᠦ ᠶᠢ ᠶᠡᠭᠡ ᠬᠦᠴᠦᠨ ᠢᠶᠠᠷ ᠠᠬᠢᠭᠤᠯᠪᠠ᠃ | ᠣᠳᠣᠬᠠᠨ ᠳᠤ᠂ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠲᠠᠪᠴᠠᠩ ᠨᠢ | ᠨᠢᠭᠡᠨᠲᠡ ᠪᠦᠬᠦ ᠣᠷᠣᠨ ᠤ ︽ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠰᠦᠯᠵᠢᠶ᠎ᠡ ᠪᠠᠷ ᠬᠢᠨᠠᠨ | ᠵᠥᠪᠰᠢᠶᠡᠷᠡᠬᠦ ᠶᠢ ᠬᠢᠨᠠᠨ ᠬᠠᠮᠢᠶᠠᠷᠬᠤ ᠲᠠᠪᠴᠠᠩ ︾᠂ ︽ᠵᠠᠰᠠᠭ ᠤᠨ ᠣᠷᠳᠣᠨ ᠠᠴᠠ ᠬᠤᠳᠠᠯᠳᠤᠨ ᠠᠪᠬᠤ | ᠲᠠᠪᠴᠠᠩ︾᠂ ︽ᠳᠤᠮᠳᠠ ᠵᠢᠵᠢᠭ ᠠᠵᠤ ᠠᠬᠤᠶᠢᠯᠠᠯ ᠤᠨ ᠣᠯᠠᠨ ᠨᠡᠶᠢᠲᠡ ᠶᠢᠨ ᠦᠢᠯᠡᠴᠢᠯᠡᠭᠡ ᠶᠢᠨ ᠲᠠᠪᠴᠠᠩ︾᠂ | ︽ᠪᠠᠩᠬᠢ ᠭᠠᠶᠢᠯᠢ ᠶᠢᠨ ᠬᠠᠷᠢᠯᠴᠠᠨ ᠦᠢᠯᠡᠳᠦᠯᠴᠡᠬᠦ ᠲᠠᠪᠴᠠᠩ︾᠂ ︽ᠵᠠᠰᠠᠮᠠᠯ ᠵᠠᠮ ᠤᠰᠤᠨ ᠵᠠᠮ ᠤᠨ | ᠪᠠᠶᠢᠭᠤᠯᠤᠯᠲᠠ ᠬᠢᠭᠡᠳ ᠲᠡᠭᠡᠭᠡᠪᠦᠷᠢ ᠶᠢᠨ ᠵᠠᠬ᠎ᠠ ᠳᠡᠯᠭᠡᠭᠦᠷ ᠤᠨ ᠢᠲᠡᠭᠡᠮᠵᠢ ᠶᠢᠨ ᠮᠡᠳᠡᠭᠡ ᠵᠠᠩᠭᠢ ᠶᠢᠨ | ᠦᠢᠯᠡᠴᠢᠯᠡᠭᠡ ᠶᠢᠨ ᠰᠢᠰᠲ᠋ᠧᠮ︾᠂ ᠥᠪᠥᠷ ᠮᠣᠩᠭᠤᠯ ᠤᠨ ᠳᠠᠭᠠᠭᠠᠴᠢᠯᠠᠯᠲᠠ ᠵᠠᠷᠯᠠᠬᠤ ᠪᠠ ᠬᠦᠯᠢᠶᠡᠬᠦ ᠨᠡᠶᠢᠭᠡᠮᠯᠢᠭ ᠤᠨ | ︽ᠳᠠᠭᠠᠭᠠᠴᠢᠯᠠᠯᠲᠠ ᠵᠠᠷᠯᠠᠬᠤ ᠪᠠ ᠬᠦᠯᠢᠶᠡᠬᠦ ᠡᠯᠧᠺᠲᠷᠣᠨ ᠰᠢᠰᠲ᠋ᠧᠮ︾ ᠵᠡᠷᠭᠡ ᠮᠡᠳᠡᠭᠡ ᠵᠠᠩᠭᠢ ᠶᠢᠨ ᠰᠢᠰᠲ᠋ᠧᠮ ᠲᠠᠢ | ᠵᠣᠯᠭᠠᠯᠳᠤᠭᠤᠯᠬᠤ ᠶᠢ ᠪᠡᠶᠡᠯᠡᠭᠦᠯᠵᠦ᠂ ᠡᠯ᠎ᠡ ᠲᠥᠷᠥᠯ ᠤᠨ ᠵᠠᠰᠠᠭ ᠵᠠᠬᠢᠷᠭᠠᠨ ᠤ ᠵᠦᠢᠯᠡᠰ ᠤᠨ ᠭᠤᠶᠤᠴᠢᠯᠠᠬᠤ ᠭᠤᠣᠯ | ᠴᠣᠭᠴᠠ ᠶᠢᠨ ᠢᠲᠡᠭᠡᠮᠵᠢ ᠶᠢᠨ ᠲᠥᠯᠥᠪ ᠪᠠᠶᠢᠳᠠᠯ ᠢ ᠴᠠᠭ ᠲᠤᠬᠠᠢ ᠳᠤ ᠨᠢ ᠬᠠᠷᠭᠤᠭᠤᠯᠤᠨ ᠪᠠᠶᠢᠴᠠᠭᠠᠵᠤ᠂ | ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ ᠲᠦᠭᠰᠢᠭᠦᠷᠢ ᠶᠢ ᠪᠠᠭᠤᠷᠠᠭᠤᠯᠤᠨ᠂ ᠵᠠᠰᠠᠭ ᠤᠨ ᠶᠠᠪᠤᠳᠠᠯ ᠤᠨ | ᠦᠢᠯᠡᠴᠢᠯᠡᠭᠡ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠳᠤ ᠬᠦᠴᠦᠨ ᠪᠦᠬᠦᠢ ᠲᠤᠯᠭᠠᠭᠤᠷᠢᠯᠠᠯ ᠬᠠᠩᠭᠠᠵᠤ ᠪᠠᠶᠢᠨ᠎ᠠ᠃ | | ᠬᠥᠲᠥᠯᠥᠭᠴᠢ᠄ | ᠡᠭᠦᠨ ᠠᠴᠠ ᠦᠵᠡᠬᠦ ᠳᠤ ᠮᠠᠨ ᠤ ᠣᠷᠣᠨ ᠨᠢᠭᠡᠨᠲᠡ ᠮᠠᠰᠢ ᠣᠯᠠᠨ ᠬᠦᠷᠢᠶ᠎ᠡ ᠴᠠᠷᠠᠭᠠᠨ ᠳᠤ ᠣᠯᠠᠨ | ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠬᠡᠷᠡᠭᠯᠡᠬᠦ ᠶᠢ ᠥᠷᠨᠢᠭᠦᠯᠦᠭᠰᠡᠨ ᠤ ᠬᠠᠮᠲᠤ᠂ ᠢᠳᠡᠪᠬᠢᠲᠡᠢ ᠦᠷ᠎ᠡ | ᠪᠦᠲᠦᠮᠵᠢ ᠣᠯᠪᠠ᠃ ᠠᠳᠡ ᠪᠢᠳᠡ ᠪᠠᠰᠠ᠂ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ | ᠬᠤᠶᠢᠰᠢᠳᠠ ᠨᠡᠩ ᠣᠯᠠᠨ᠂ ᠨᠡᠩ ᠥᠷᠭᠡᠨ ᠬᠦᠷᠢᠶ᠎ᠡ ᠴᠠᠷᠠᠭᠠᠨ ᠳᠤ ᠬᠡᠷᠡᠭᠯᠡᠭᠳᠡᠬᠦ ᠶᠢ ᠴᠢᠩ ᠰᠡᠳᠬᠢᠯ ᠠᠴᠠ ᠪᠠᠨ | ᠬᠦᠰᠡᠨ ᠪᠠᠷᠠᠯᠠᠵᠤ ᠪᠠᠶᠢᠨ᠎ᠠ᠃ ᠲᠡᠭᠡᠪᠡᠯ ᠯᠢᠦ ᠡᠷᠬᠢᠯᠡᠭᠴᠢ ᠠᠴᠠ ᠬᠠᠮᠤᠭ ᠤᠨ ᠰᠡᠭᠦᠯ ᠤᠨ ᠠᠰᠠᠭᠤᠬᠤ ᠵᠦᠢᠯ ᠭᠡᠪᠡᠯ᠂ | ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ | ᠪᠣᠯᠣᠭᠰᠠᠨ ᠤ ᠬᠤᠪᠢ ᠳᠤ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠰᠠᠯᠠᠭ᠎ᠠ ᠮᠥᠴᠢᠷ ᠠᠴᠠ ᠡᠭᠦᠨ ᠠᠴᠠ | ᠬᠤᠶᠢᠰᠢᠳᠠ ᠶᠠᠮᠠᠷ ᠶᠠᠮᠠᠷ ᠠᠷᠭ᠎ᠠ ᠬᠡᠮᠵᠢᠶ᠎ᠡ ᠠᠪᠴᠤ ᠪᠠᠶᠢᠭᠠᠳ ︽ᠬᠠᠮᠢᠶᠠᠷᠤᠯᠲᠠ ᠶᠢᠨ ᠠᠷᠭ᠎ᠠ︾ ᠶᠢ ᠬᠡᠷᠡᠭᠯᠡᠬᠦ ᠶᠢ | ᠪᠦᠲᠦᠮᠵᠢᠲᠡᠢ ᠠᠬᠢᠭᠤᠯᠬᠤ ᠪᠣᠢ︖ | ᠯᠢᠦ ᠯᠢ ᠵᠢᠤᠸᠠᠨ᠄ | ᠳᠠᠷᠠᠭᠠᠴᠢ ᠶᠢᠨ ᠠᠯᠬᠤᠮ ᠳᠤ᠂ ᠪᠢᠳᠡ ︽ᠠᠷᠭ᠎ᠠ︾ ᠶᠢ ᠨᠡᠶᠢᠲᠡᠯᠡᠭᠰᠡᠨ ᠢᠶᠠᠷ ᠠᠵᠠ ᠲᠣᠬᠢᠶᠠᠯ ᠪᠣᠯᠭᠠᠵᠤ᠂ | ᠬᠠᠮᠢᠶ᠎ᠠ ᠪᠦᠬᠦᠢ ᠠᠵᠢᠯ ᠢ ᠨᠠᠶᠢᠳᠠᠪᠤᠷᠢᠵᠢᠭᠤᠯᠬᠤ ᠡᠷᠴᠢᠮ ᠢᠶᠠᠨ ᠴᠢᠩᠭᠠᠷᠠᠭᠤᠯᠤᠨ᠂ ᠢᠲᠡᠭᠡᠮᠵᠢ ᠶᠢᠨ ᠮᠡᠳᠡᠭᠡ | ᠵᠠᠩᠭᠢ ᠶᠢᠨ ᠴᠤᠭᠯᠠᠭᠤᠯᠤᠨ ᠨᠡᠶᠢᠯᠡᠭᠦᠯᠵᠦ ᠬᠠᠮᠲᠤ ᠳᠤ ᠪᠠᠨ ᠬᠦᠷᠲᠡᠬᠦ ᠶᠢ ᠴᠢᠩᠭᠠᠳᠬᠠᠵᠤ᠂ ᠥᠪᠡᠷᠲᠡᠭᠡᠨ ᠵᠠᠰᠠᠬᠤ | ᠣᠷᠣᠨ ᠤ ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠲᠠᠪᠴᠠᠩ ᠢ ᠲᠦᠷᠭᠡᠳᠬᠡᠨ ᠪᠠᠶᠢᠭᠤᠯᠬᠤ ᠪᠠ | ᠲᠡᠭᠦᠯᠳᠡᠷᠵᠢᠭᠦᠯᠵᠦ᠂ ᠬᠠᠮᠢᠶ᠎ᠠ ᠪᠦᠬᠦᠢ ᠰᠠᠯᠠᠭ᠎ᠠ ᠮᠥᠴᠢᠷ ᠢ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠵᠤ᠂ | ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠢ ᠢᠳᠡᠪᠬᠢᠲᠡᠢ | ᠥᠷᠨᠢᠭᠦᠯᠦᠨ᠂ ᠵᠠᠰᠠᠭ ᠤᠨ ᠣᠷᠳᠣᠨ ᠤ ᠬᠠᠮᠢᠶᠠᠷᠤᠯᠲᠠ ᠶᠢᠨ ᠰᠢᠢᠳᠪᠦᠷᠢᠲᠦ ᠪᠣᠳᠣᠯᠭ᠎ᠠ᠂ ᠵᠠᠬ᠎ᠠ ᠳᠡᠯᠭᠡᠭᠦᠷ ᠤᠨ | ᠡᠵᠡᠩᠨᠡᠯᠲᠡ ᠪᠠ ᠨᠡᠶᠢᠭᠡᠮ ᠤᠨ ᠠᠮᠢᠳᠤᠷᠠᠯ ᠤᠨ ᠡᠯ᠎ᠡ ᠬᠦᠷᠢᠶ᠎ᠡ ᠴᠠᠷᠠᠭᠠᠨ ᠳᠠᠬᠢ ᠢᠲᠡᠭᠡᠮᠵᠢ ᠶᠢᠨ ᠮᠡᠳᠡᠭᠡ ᠵᠠᠩᠭᠢ ᠶᠢᠨ | ᠬᠡᠷᠡᠭᠯᠡᠯᠲᠡ ᠶᠢ ᠲᠠᠰᠤᠷᠠᠯᠲᠠ ᠦᠭᠡᠢ ᠠᠬᠢᠭᠤᠯᠤᠨ᠎ᠠ᠃ ᠡᠭᠦᠨ ᠤ ᠬᠠᠮᠲᠤ᠂ ᠪᠢᠳᠡ ᠥᠪᠡᠷᠲᠡᠭᠡᠨ ᠵᠠᠰᠠᠬᠤ ᠣᠷᠣᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ ᠤ ᠬᠠᠤᠯᠢ ᠳᠦᠷᠢᠮ ᠤᠨ ᠠᠯᠪᠠᠨ ᠭᠡᠷ᠂ | ᠬᠢᠨᠠᠨ ᠪᠠᠶᠢᠴᠠᠭᠠᠬᠤ ᠲᠠᠰᠤᠭ ᠲᠠᠢ ᠬᠤᠯᠪᠣᠭᠠᠯᠠᠵᠤ ᠪᠠᠶᠢᠭᠠᠳ ︽ᠠᠷᠭ᠎ᠠ︾ ᠶᠢ ᠬᠡᠷᠡᠭᠵᠢᠭᠦᠯᠦᠭᠰᠡᠨ ᠪᠠᠶᠢᠳᠠᠯ ᠢ | ᠰᠢᠮᠳᠠᠭᠤᠯᠤᠨ ᠪᠠᠶᠢᠴᠠᠭᠠᠵᠤ᠂ ︽ᠠᠷᠭ᠎ᠠ︾ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠪᠠᠲᠤᠯᠠᠬᠤ ᠪᠠᠷ | ᠪᠠᠶᠢᠨ᠎ᠠ᠃ | ᠬᠥᠲᠥᠯᠥᠭᠴᠢ᠄ | ᠰᠠᠶᠢᠨ ᠪᠣᠯᠣᠯ᠎ᠠ᠃ ᠯᠢᠦ ᠡᠷᠬᠢᠯᠡᠭᠴᠢ ᠶᠢᠨ ᠨᠠᠷᠢᠨ ᠲᠠᠶᠢᠯᠤᠮᠵᠢ ᠳᠤ ᠲᠤᠩ ᠪᠠᠶᠠᠷᠯᠠᠯ᠎ᠠ︕ ᠴᠠᠭ ᠤᠨ | ᠬᠠᠷᠠᠭ᠎ᠠ ᠠᠴᠠ ᠮᠠᠨ ᠤ ᠰᠤᠷᠪᠤᠯᠵᠢᠯᠠᠭ᠎ᠠ ᠠᠳᠡ ᠬᠦᠷᠦᠭᠡᠳ ᠥᠨᠳᠥᠷᠯᠡᠬᠦ ᠪᠣᠯᠣᠯ᠎ᠠ᠂ ᠯᠢᠦ ᠡᠷᠬᠢᠯᠡᠭᠴᠢ ᠶᠢᠨ ᠮᠠᠨ ᠤ | ᠰᠤᠷᠪᠤᠯᠵᠢᠯᠠᠭ᠎ᠠ ᠶᠢᠨ ᠪᠤᠯᠤᠩ ᠳᠤ ᠰᠠᠭᠠᠲᠠᠭᠰᠠᠨ ᠳᠤ ᠳᠠᠬᠢᠨᠲᠠ ᠪᠠᠶᠠᠷᠯᠠᠨ ᠲᠠᠯᠠᠷᠬᠠᠵᠤ᠂ ᠮᠥᠨ ᠰᠦᠯᠵᠢᠶᠡᠨ ᠤ | ᠠᠨᠳᠠ ᠨᠠᠷ ᠤᠨ ᠬᠦᠯᠢᠶᠡᠨ ᠠᠪᠴᠤ ᠦᠵᠡᠭᠰᠡᠨ ᠪᠠ ᠣᠷᠣᠯᠴᠠᠭᠰᠠᠨ ᠳᠤ ᠪᠠᠶᠠᠷᠯᠠᠨ ᠲᠠᠯᠠᠷᠬᠠᠵᠤ ᠪᠠᠶᠢᠨ᠎ᠠ᠃ | ᠳᠠᠷᠠᠭᠠᠴᠢ ᠶᠢᠨ ᠬᠤᠭᠤᠴᠠᠭᠠᠨ ᠳᠤ ᠳᠠᠬᠢᠨ ᠵᠣᠯᠭᠠᠶ᠎ᠠ᠂ ᠪᠠᠶᠠᠷᠲᠠᠢ︕ |