ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠤᠯᠠᠨ ᠨᠡᠶᠢᠳᠡ ᠶᠢᠨ ᠢᠳᠡᠬᠡᠮᠵᠢ ᠶᠢᠨ ᠮᠡᠳᠡᠭᠡ ᠵᠠᠩᠬᠢ ᠶᠢᠨ ᠬᠠᠮᠢᠶᠠᠷᠤᠯᠳᠠ ᠶᠢᠨ ᠠᠷᠭ᠎ᠠ
ᠨᠡᠶᠢᠲᠡᠯᠡᠭᠰᠡᠨ ᠴᠠᠭ᠄
2018/11/20

   ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ


                                            234 ᠳ᠋ᠤᠭᠡᠷ ᠲᠤᠭᠠᠳᠤ


     ︽ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠤᠯᠠᠨ ᠨᠡᠶᠢᠳᠡ ᠶᠢᠨ ᠢᠳᠡᠬᠡᠮᠵᠢ ᠶᠢᠨ ᠮᠡᠳᠡᠭᠡ ᠵᠠᠩᠬᠢ ᠶᠢᠨ ᠬᠠᠮᠢᠶᠠᠷᠤᠯᠳᠠ ᠶᠢᠨ ᠠᠷᠭ᠎ᠠ︾ ᠶᠢ 2018 ᠤᠨ ᠤ 5 ᠳ᠋ᠤᠭᠠᠷ ᠰᠠᠷ᠎ᠠ ᠶᠢᠨ 11 ᠤ ᠡᠳᠦᠷ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠲᠠᠪᠤᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ ᠬᠢᠨᠠᠨ ᠵᠦᠪᠯᠡᠵᠦ ᠪᠠᠳᠤᠯᠠᠭᠠᠳ᠂ ᠡᠳᠦᠬᠡ ᠨᠡᠶᠢᠳᠡᠯᠡᠪᠡ᠂ 2018 ᠤᠨ ᠤ 8 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠬᠦᠯᠦᠨ᠎ᠠ᠃


                      ᠥᠪᠡᠷᠲᠡᠭᠡᠨ ᠵᠠᠰᠠᠬᠤ ᠤᠷᠤᠨ ᠤ ᠲᠡᠷᠢᠭᠦᠯᠡᠭᠴᠢ     ᠪᠦ᠋ ᠰᠢᠶᠤᠤ ᠯᠢᠨ


                              2018 ᠣᠨ ᠤ 6 ᠳ᠋ᠤᠭᠠᠷ ᠰᠠᠷ᠎ᠠ ᠶᠢᠨ 13 ᠤ ᠡᠳᠦᠷ


     ᠨᠢᠭᠡᠳᠦᠭᠡᠷ ᠪᠦᠯᠦᠭ ᠶᠡᠷᠦᠩᠬᠡᠶ ᠳᠦᠷᠢᠮ


     ᠨᠢᠭᠡᠳᠦᠭᠡᠷ ᠵᠦᠢᠯ ᠤᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠴᠤᠨᠨᠯᠠᠭᠤᠯᠤᠨ ᠨᠡᠶᠢᠯᠡᠬᠦᠯᠬᠦ᠂ ᠢᠯᠡ ᠨᠡᠶᠢᠳᠡᠯᠡᠬᠦ᠂ ᠬᠡᠷᠡᠭᠯᠡᠬᠦ ᠪᠠ ᠬᠠᠮᠢᠶᠠᠷᠬᠤ ᠠᠵᠢᠯᠯᠠᠭ᠎ᠠ ᠶᠢ ᠵᠢᠷᠤᠮᠵᠢᠭᠤᠯᠵᠦ᠂ ᠨᠡᠶᠢᠬᠡᠮ ᠤᠨ ᠢᠳᠡᠬᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠳᠠ ᠶᠢ ᠠᠬᠢᠭᠤᠯᠤᠨ᠂ ᠠᠵᠤ ᠠᠬᠤᠶ ᠨᠡᠶᠢᠭᠡᠮ ᠤᠨ ᠬᠥᠭᠵᠢᠯᠲᠡ ᠳᠤ ᠢᠲᠡᠭᠡᠮᠵᠢ ᠶᠢᠨ ᠰᠠᠶᠢᠨ ᠰᠠᠶᠢᠬᠠᠨ ᠣᠷᠴᠢᠨ ᠨᠥᠬᠦᠴᠡᠯ ᠢ ᠪᠦᠷᠢᠯᠳᠦᠬᠦᠯᠬᠦ ᠶᠢᠨ ᠲᠤᠰᠠᠳᠠ᠂ ᠤᠯᠤᠰ ᠤᠨ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠤᠨᠨᠳᠠᠭᠠᠯ ᠢ ᠦᠨᠳᠦᠰᠦᠯᠡᠵᠦ᠂ ᠦᠪᠡᠷᠳᠡᠬᠡᠨ ᠵᠠᠰᠠᠬᠤ ᠤᠷᠤᠨ ᠤ ᠪᠤᠳᠠᠳᠠᠢ ᠲᠠᠢ ᠤᠶᠠᠯᠳᠤᠭᠤᠯᠤᠨ᠂ ᠲᠤᠰ ᠠᠷᠭ᠎ᠠ ᠶᠢ ᠲᠤᠨᠨᠳᠠᠭᠠᠪᠠ᠃
     ᠬᠤᠶᠠᠳᠤᠭᠠᠷ ᠵᠦᠢᠯ ᠦᠪᠡᠷᠳᠡᠬᠡᠨ ᠵᠠᠰᠠᠬᠤ ᠤᠷᠤᠨ ᠤ ᠵᠠᠰᠠᠭ ᠵᠠᠬᠢᠷᠭᠠᠨ ᠤ ᠤᠷᠤᠨ ᠲᠤᠳᠤᠷᠠᠬᠢ ᠤᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠴᠤᠨᠨᠯᠠᠭᠤᠯᠤᠨ ᠨᠡᠶᠢᠯᠡᠬᠦᠯᠬᠦ᠂ ᠢᠯᠡ ᠨᠡᠶᠢᠳᠡᠯᠡᠬᠦ᠂ ᠬᠡᠷᠡᠭᠯᠡᠬᠦ ᠪᠠ ᠬᠠᠮᠢᠶ᠎ᠠ ᠪᠦᠭᠦᠢ ᠬᠠᠮᠢᠶᠠᠷᠤᠯᠳᠠ ᠶᠢᠨ ᠠᠵᠢᠯᠯᠠᠭ᠎ᠠ ᠳᠤ ᠲᠤᠰ ᠠᠷᠭ᠎ᠠ ᠶᠢ ᠲᠤᠬᠢᠷᠠᠭᠤᠯᠤᠨ ᠬᠡᠷᠡᠭᠯᠡᠨ᠎ᠡ᠃ ᠲᠤᠰ ᠠᠷᠭ᠎ᠠ ᠳᠤ ᠬᠡᠯᠡᠵᠦ ᠪᠠᠶᠢᠭ᠎ᠠ ᠤᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠬᠡᠳᠡᠭ ᠨᠢ ᠲᠦᠷᠦ ᠶᠢᠨ ᠪᠠᠶᠢᠭᠤᠯᠭ᠎ᠠ ᠵᠢᠴᠢ ᠬᠠᠤᠯᠢ ᠴᠠᠭᠠᠵᠠ ᠬᠠᠤᠯᠢ ᠲᠤᠨᠨᠳᠠᠭᠠᠯ ᠳᠤ ᠡᠷᠬᠡ ᠤᠯᠭᠤᠨᠨᠰᠠᠨ ᠤᠯᠠᠨ ᠨᠡᠶᠢᠳᠡ ᠶᠢᠨ ᠠᠵᠢᠯ ᠶᠠᠪᠤᠳᠠᠯ ᠢ ᠬᠠᠮᠢᠶᠠᠷᠬᠤ ᠡᠭᠦᠷᠭᠡ ᠴᠢᠳᠠᠪᠤᠷᠢ ᠲᠠᠢ ᠵᠤᠬᠢᠶᠠᠨ ᠪᠠᠶᠢᠭᠤᠯᠤᠯᠳᠠ ᠠᠴᠠ᠂ ᠡᠭᠦᠷᠬᠡ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠪᠤᠢ ᠪᠤᠯᠤᠨᠨᠰᠠᠨ ᠢᠷᠬᠡᠨ ᠤ ᠠᠵᠢᠯᠯᠠᠭ᠎ᠠ ᠶᠢᠨ ᠪᠦᠷᠢᠨ ᠴᠢᠳᠠᠪᠤᠷᠢ ᠲᠠᠢ ᠪᠠᠶᠢᠭᠠᠯᠢᠭ ᠭᠦᠮᠦᠨ᠂ ᠬᠠᠤᠯᠢ ᠶᠢᠨ ᠡᠷᠬᠡᠳᠡᠨ ᠪᠠ ᠬᠠᠤᠯᠢ ᠶᠢᠨ ᠡᠷᠬᠡᠳᠡᠨ ᠤ ᠪᠤᠰᠤ ᠵᠤᠬᠢᠶᠠᠨ ᠪᠠᠶᠢᠭᠤᠯᠤᠯᠳᠠ ︵ᠲᠤᠷᠤᠨᠨᠰᠢ ᠮᠡᠳᠡᠭᠡ ᠵᠠᠩᠬᠢ ᠶᠢᠨ ᠭᠤᠤᠯ ᠴᠤᠨᠨᠴᠠ ᠬᠡᠵᠦ ᠶᠡᠷᠦᠩᠬᠡᠶᠢᠯᠡᠨ ᠨᠡᠷᠡᠯᠡᠨ᠎ᠠ︶ ᠶᠢᠨ ᠢᠳᠡᠬᠡᠮᠵᠢ ᠶᠢᠨ ᠪᠠᠶᠢᠳᠠᠯ ᠢ ᠲᠤᠰᠬᠠᠨᠨᠰᠠᠨ ᠲᠤᠭ᠎ᠠ ᠪᠠᠷᠢᠮᠳᠠ ᠪᠠ ᠮᠠᠲ᠋ᠧᠷᠢᠶᠠᠯ ᠢ ᠵᠢᠭᠠᠵᠦ ᠪᠠᠶᠢᠨ᠎ᠠ᠃
     ᠭᠤᠷᠪᠠᠳᠤᠭᠠᠷ ᠵᠦᠢᠯ ᠤᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠴᠤᠨᠨᠯᠠᠭᠤᠯᠤᠨ ᠨᠡᠶᠢᠯᠡᠬᠦᠯᠬᠦ᠂ ᠢᠯᠡ ᠨᠡᠶᠢᠳᠡᠯᠡᠬᠦ᠂ ᠬᠡᠷᠡᠭᠯᠡᠬᠦ ᠪᠠ ᠬᠠᠮᠢᠶᠠᠷᠬᠤ ᠠᠵᠢᠯᠯᠠᠭ᠎ᠠ ᠨᠢ ᠬᠠᠤᠯᠢ ᠶᠤᠰᠤᠨ ᠤ᠂ ᠠᠮᠤᠷ ᠲᠦᠪᠰᠢᠨ᠂ ᠪᠤᠰᠤᠳᠴᠢ᠂ ᠲᠦᠪ ᠭᠤᠤᠯᠴᠢ᠂ ᠤᠨᠤᠪᠴᠢᠳᠠᠢ᠂ ᠴᠠᠭ ᠲᠤᠬᠠᠢ ᠳᠤᠨᠢ ᠪᠠᠶᠢᠬᠤ ᠵᠠᠷᠴᠢᠮ ᠢ ᠵᠢᠷᠤᠮᠯᠠᠵᠦ᠂ ᠤᠯᠤᠰ ᠤᠨ ᠨᠢᠭᠤᠴᠠ᠂ ᠬᠤᠳᠠᠯᠳᠤᠭᠠᠨ ᠤ ᠨᠢᠭᠤᠴᠠ ᠪᠠ ᠬᠤᠪᠢ ᠬᠥᠮᠦᠨ ᠤ ᠨᠢᠭᠤᠴᠠ ᠶᠢ ᠵᠠᠳᠠᠷᠠᠭᠤᠯᠵᠤ ᠪᠣᠯᠬᠤ ᠦᠭᠡᠢ᠃
     ᠳᠥᠷᠪᠡᠳᠦᠭᠡᠷ ᠵᠦᠢᠯ ᠬᠤᠰᠢᠭᠤ ᠰᠢᠶᠠᠨ ᠤ ᠱᠠᠳᠤᠨ ᠠᠴᠠ ᠲᠡᠬᠡᠭᠰᠢᠬᠢ ᠠᠷᠠᠳ ᠤᠨ ᠵᠠᠰᠠᠭ ᠤᠨ ᠤᠷᠳᠤᠨ ᠨᠢ ᠤᠯᠠᠨ ᠨᠡᠶᠢᠳᠡ ᠶᠢᠨ ᠢᠳᠡᠬᠡᠮᠵᠢ ᠶᠢᠨ ᠮᠡᠳᠡᠭᠡ ᠵᠠᠩᠬᠢ ᠶᠢᠨ ᠬᠠᠮᠢᠶᠠᠷᠤᠯᠳᠠ ᠶᠢᠨ ᠠᠵᠢᠯ ᠤᠨ ᠵᠤᠬᠢᠴᠠᠭᠤᠯᠬᠤ ᠲᠤᠨᠨᠳᠠᠴᠠ ᠶᠢ ᠪᠠᠶᠢᠭᠤᠯᠵᠦ᠂ ᠤᠯᠠᠨ ᠨᠡᠶᠢᠳᠡ ᠶᠢᠨ ᠢᠳᠡᠬᠡᠮᠵᠢ ᠶᠢᠨ ᠮᠡᠳᠡᠭᠡ ᠵᠠᠩᠬᠢ ᠶᠢᠨ ᠬᠠᠮᠢᠶᠠᠷᠤᠯᠳᠠ ᠶᠢᠨ ᠶᠠᠪᠤᠴᠠ ᠳᠠᠬᠢ ᠴᠢᠬᠤᠯᠠ ᠶᠡᠭᠡ ᠠᠰᠠᠭᠤᠳᠠᠯ ᠢ ᠵᠤᠬᠢᠴᠠᠭᠤᠯᠤᠨ ᠰᠶᠢᠳᠪᠦᠷᠢᠯᠡᠬᠦ ᠶᠢᠨ ᠬᠠᠮᠳᠤ᠂ ᠤᠯᠠᠨ ᠨᠡᠶᠢᠳᠡ ᠶᠢᠨ ᠢᠳᠡᠬᠡᠮᠵᠢ ᠶᠢᠨ ᠮᠡᠳᠡᠭᠡ ᠵᠠᠩᠬᠢ ᠶᠢ ᠴᠤᠨᠨᠯᠠᠭᠤᠯᠵᠦ ᠨᠡᠶᠢᠯᠡᠬᠦᠯᠦᠭᠰᠡᠨ ᠪᠠ ᠬᠡᠷᠡᠭᠯᠡᠭᠰᠡᠨ ᠪᠠᠶᠢᠳᠠᠯ ᠢ ᠲᠤᠰ ᠱᠠᠳᠤᠨ ᠤ ᠠᠷᠠᠳ ᠤᠨ ᠵᠠᠰᠠᠭ ᠤᠨ ᠤᠷᠳᠤᠨ ᠤ ᠬᠤᠯᠪᠤᠨᠨᠳᠠᠯ ᠪᠦᠭᠦᠢ ᠰᠠᠯᠠᠭ᠎ᠠ ᠮᠦᠴᠢᠷ ᠪᠠ ᠲᠤᠤᠷᠠᠳᠤ ᠨᠢᠬᠡ ᠱᠠᠳᠤᠨ ᠤ ᠠᠷᠠᠳ ᠤᠨ ᠵᠠᠰᠠᠭ ᠤᠨ ᠤᠷᠳᠤᠨ ᠤ ᠪᠤᠳᠠᠳᠤ ᠠᠮᠵᠢᠯᠳᠠ ᠶᠢ ᠰᠢᠯᠭᠠᠨ ᠬᠢᠨᠠᠬᠤ ᠳᠤ ᠤᠷᠤᠭᠤᠯᠬᠤ ᠬᠡᠷᠡᠭᠳᠡᠢ᠃
     ᠲᠠᠪᠤᠳᠤᠭᠠᠷ ᠵᠦᠢᠯ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠭᠦᠭᠵᠢᠬᠦᠯᠦᠯᠳᠡ ᠦᠬᠡᠷᠡᠴᠢᠯᠡᠯᠳᠡ ᠶᠢᠨ ᠰᠠᠯᠠᠭ᠎ᠠ ᠮᠦᠴᠢᠷ ᠨᠢ ᠪᠦᠭᠦ ᠤᠷᠤᠨ ᠤ ᠤᠯᠠᠨ ᠨᠡᠶᠢᠳᠡ ᠶᠢᠨ ᠢᠳᠡᠬᠡᠮᠵᠢ ᠶᠢᠨ ᠮᠡᠳᠡᠭᠡ ᠵᠠᠩᠬᠢ ᠶᠢᠨ ᠬᠠᠮᠢᠶᠠᠷᠤᠯᠳᠠ ᠶᠢᠨ ᠶᠡᠷᠦᠩᠬᠡᠶᠢᠯᠡᠨ ᠵᠤᠬᠢᠴᠠᠭᠤᠯᠬᠤ ᠠᠵᠢᠯ ᠢ ᠬᠠᠷᠢᠭᠤᠴᠠᠵᠦ᠂ ᠲᠡᠭᠦᠨ ᠤ ᠬᠠᠷᠢᠶ᠎ᠠ ᠪᠦᠭᠦᠢ ᠤᠯᠠᠨ ᠨᠡᠶᠢᠳᠡ ᠶᠢᠨ ᠢᠳᠡᠬᠡᠮᠵᠢ ᠶᠢᠨ ᠮᠡᠳᠡᠭᠡ ᠵᠠᠩᠬᠢ ᠶᠢᠨ ᠠᠵᠢᠯ ᠤᠨ ᠪᠠᠶᠢᠭᠤᠯᠤᠮᠵᠢ ᠨᠢ ᠪᠦᠭᠦ ᠤᠷᠤᠨ ᠤ ᠤᠯᠠᠨ ᠨᠡᠶᠢᠳᠡ ᠶᠢᠨ ᠢᠳᠡᠬᠡᠮᠵᠢ ᠶᠢᠨ ᠮᠡᠳᠡᠭᠡ ᠵᠠᠩᠬᠢ ᠶᠢ ᠴᠤᠨᠨᠯᠠᠭᠤᠯᠤᠨ ᠨᠡᠶᠢᠯᠡᠬᠦᠯᠬᠦ᠂ ᠡᠮᠬᠢᠯᠡᠨ ᠲᠢᠭᠯᠡᠬᠦ᠂ ᠪᠤᠯᠪᠠᠰᠤᠷᠠᠭᠤᠯᠬᠤ᠂ ᠢᠯᠡ ᠨᠡᠶᠢᠳᠡᠯᠡᠬᠦ ᠪᠤᠳᠠᠳᠠᠢ ᠠᠵᠢᠯ ᠢ ᠬᠠᠷᠢᠭᠤᠴᠠᠬᠤ ᠬᠡᠷᠡᠭᠳᠡᠢ᠃
     ᠠᠶᠢᠮᠠᠭ ᠤᠨ ᠵᠠᠬᠢᠷᠭ᠎ᠠ᠂ ᠲᠤᠭᠤᠷᠢᠭ ᠪᠠᠶᠢᠭᠤᠯᠤᠨᠨᠰᠠᠨ ᠬᠤᠳᠠ ᠶᠢᠨ ᠠᠷᠠᠳ ᠤᠨ ᠵᠠᠰᠠᠭ ᠤᠨ ᠤᠷᠳᠤᠨ᠂ ᠬᠤᠰᠢᠭᠤ ᠰᠢᠶᠠᠨ ᠤ ᠱᠠᠳᠤᠨ ᠤ ᠠᠷᠠᠳ ᠤᠨ ᠵᠠᠰᠠᠭ ᠤᠨ ᠤᠷᠳᠤᠨ ᠠᠴᠠ ᠲᠤᠨᠨᠳᠠᠭᠠᠨᠨᠰᠠᠨ ᠤᠯᠠᠨ ᠨᠡᠶᠢᠳᠡ ᠶᠢᠨ ᠢᠳᠡᠬᠡᠮᠵᠢ ᠶᠢᠨ ᠮᠡᠳᠡᠭᠡ ᠵᠠᠩᠬᠢ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠨᠢ ᠲᠤᠰ ᠵᠠᠰᠠᠭ ᠵᠠᠬᠢᠷᠭᠠᠨ ᠤ ᠤᠷᠤᠨ ᠲᠤᠳᠤᠷᠠᠬᠢ ᠤᠯᠠᠨ ᠨᠡᠶᠢᠳᠡ ᠶᠢᠨ ᠢᠳᠡᠬᠡᠮᠵᠢ ᠶᠢᠨ ᠮᠡᠳᠡᠭᠡ ᠵᠠᠩᠬᠢ ᠶᠢᠨ ᠬᠠᠮᠢᠶᠠᠷᠤᠯᠳᠠ ᠶᠢᠨ ᠶᠡᠷᠦᠩᠬᠡᠶᠢᠯᠡᠨ ᠵᠤᠬᠢᠴᠠᠭᠤᠯᠬᠤ ᠠᠵᠢᠯ ᠢ ᠬᠠᠷᠢᠭᠤᠴᠠᠬᠤ ᠬᠡᠷᠡᠭᠳᠡᠢ᠃
     ᠠᠶᠢᠮᠠᠭ ᠤᠨ ᠵᠠᠬᠢᠷᠭ᠎ᠠ᠂ ᠲᠤᠭᠤᠷᠢᠭ ᠪᠠᠶᠢᠭᠤᠯᠤᠨᠨᠰᠠᠨ ᠬᠤᠳᠠ ᠶᠢᠨ ᠠᠷᠠᠳ ᠤᠨ ᠵᠠᠰᠠᠭ ᠤᠨ ᠤᠷᠳᠤᠨ᠂ ᠬᠤᠰᠢᠭᠤ ᠰᠢᠶᠠᠨ ᠤ ᠱᠠᠳᠤᠨ ᠤ ᠠᠷᠠᠳ ᠤᠨ ᠵᠠᠰᠠᠭ ᠤᠨ ᠤᠷᠳᠤᠨ ᠠᠴᠠ ᠪᠠᠶᠢᠭᠤᠯᠤᠨᠨᠰᠠᠨ ᠪᠤᠶᠤ ᠲᠤᠨᠨᠳᠠᠭᠠᠨᠨᠰᠠᠨ ᠤᠯᠠᠨ ᠨᠡᠶᠢᠳᠡ ᠶᠢᠨ ᠢᠳᠡᠬᠡᠮᠵᠢ ᠶᠢᠨ ᠮᠡᠳᠡᠭᠡ ᠵᠠᠩᠬᠢ ᠶᠢᠨ ᠠᠵᠢᠯ ᠤᠨ ᠪᠠᠶᠢᠭᠤᠯᠤᠮᠵᠢ ᠨᠢ ᠲᠤᠰ ᠵᠠᠰᠠᠭ ᠵᠠᠬᠢᠷᠭᠠᠨ ᠤ ᠤᠷᠤᠨ ᠲᠤᠳᠤᠷᠠᠬᠢ ᠤᠯᠠᠨ ᠨᠡᠶᠢᠳᠡ ᠶᠢᠨ ᠢᠳᠡᠬᠡᠮᠵᠢ ᠶᠢᠨ ᠮᠡᠳᠡᠭᠡ ᠵᠠᠩᠬᠢ ᠶᠢ ᠴᠤᠨᠨᠯᠠᠭᠤᠯᠤᠨ ᠨᠡᠶᠢᠯᠡᠬᠦᠯᠬᠦ᠂ ᠡᠮᠬᠢᠯᠡᠨ ᠲᠢᠭᠯᠡᠬᠦ᠂ ᠪᠤᠯᠪᠠᠰᠤᠷᠠᠭᠤᠯᠬᠤ᠂ ᠢᠯᠡ ᠨᠡᠶᠢᠳᠡᠯᠡᠬᠦ ᠪᠤᠳᠠᠳᠠᠢ ᠠᠵᠢᠯ ᠢ ᠬᠠᠷᠢᠭᠤᠴᠠᠬᠤ ᠬᠡᠷᠡᠭᠳᠡᠢ᠃
     ᠬᠤᠰᠢᠭᠤ ᠰᠢᠶᠠᠨ ᠤ ᠱᠠᠳᠤᠨ ᠠᠴᠠ ᠲᠡᠬᠡᠭᠰᠢᠬᠢ ᠠᠷᠠᠳ ᠤᠨ ᠵᠠᠰᠠᠭ ᠤᠨ ᠤᠷᠳᠤᠨ ᠤ ᠬᠤᠯᠪᠤᠨᠨᠳᠠᠯ ᠪᠦᠭᠦᠢ ᠰᠠᠯᠠᠭ᠎ᠠ ᠮᠦᠴᠢᠷ ᠨᠢ ᠲᠤᠰ ᠲᠤᠰ ᠤᠨ ᠡᠭᠦᠷᠬᠡ ᠬᠠᠷᠢᠭᠤᠴᠠᠯᠭ᠎ᠠ ᠪᠠᠨ ᠦᠨᠳᠦᠰᠦᠯᠡᠵᠦ᠂ ᠤᠯᠠᠨ ᠨᠡᠶᠢᠳᠡ ᠶᠢᠨ ᠢᠳᠡᠬᠡᠮᠵᠢ ᠶᠢᠨ ᠮᠡᠳᠡᠭᠡ ᠵᠠᠩᠬᠢ ᠶᠢᠨ ᠬᠠᠮᠢᠶ᠎ᠠ ᠪᠦᠭᠦᠢ ᠬᠠᠮᠢᠶᠠᠷᠤᠯᠳᠠ ᠶᠢᠨ ᠠᠵᠢᠯ ᠢ ᠰᠠᠶᠢᠳᠤᠷ ᠬᠢᠬᠦ ᠬᠡᠷᠡᠭᠳᠡᠢ᠃
     ᠵᠢᠷᠭᠤᠳᠤᠭᠠᠷ ᠵᠦᠢᠯ ᠦᠪᠡᠷᠳᠡᠬᠡᠨ ᠵᠠᠰᠠᠬᠤ ᠤᠷᠤᠨ ᠤ ᠨᠡᠶᠢᠬᠡᠮ ᠤᠨ ᠢᠳᠡᠬᠡᠮᠵᠢ ᠶᠢᠨ ᠮᠡᠳᠡᠭᠡ ᠵᠠᠩᠬᠢ ᠶᠢᠨ ᠲᠡᠪᠴᠡᠩ ᠪᠤᠯ ᠪᠦᠭᠦ ᠤᠷᠤᠨ ᠤ ᠤᠯᠠᠨ ᠨᠡᠶᠢᠳᠡ ᠶᠢᠨ ᠢᠳᠡᠬᠡᠮᠵᠢ ᠶᠢᠨ ᠮᠡᠳᠡᠭᠡ ᠵᠠᠩᠬᠢ ᠶᠢ ᠴᠤᠨᠨᠯᠠᠭᠤᠯᠤᠨ ᠨᠡᠶᠢᠯᠡᠬᠦᠯᠬᠦ ᠪᠠ ᠢᠯᠡ ᠨᠡᠶᠢᠳᠡᠯᠡᠬᠦ ᠶᠢᠨ ᠨᠢᠬᠡᠳᠦᠯᠳᠡᠢ ᠲᠡᠪᠴᠡᠩ ᠪᠤᠯᠤᠨ᠎ᠠ᠃
     ᠠᠶᠢᠮᠠᠭ ᠤᠨ ᠵᠠᠬᠢᠷᠭ᠎ᠠ᠂ ᠲᠤᠭᠤᠷᠢᠭ ᠪᠠᠶᠢᠭᠤᠯᠤᠨᠨᠰᠠᠨ ᠬᠤᠳᠠ ᠶᠢᠨ ᠠᠷᠠᠳ ᠤᠨ ᠵᠠᠰᠠᠭ ᠤᠨ ᠤᠷᠳᠤᠨ ᠨᠢ ᠲᠤᠰ ᠵᠠᠰᠠᠭ ᠵᠠᠬᠢᠷᠭᠠᠨ ᠤ ᠤᠷᠤᠨ ᠳᠠᠬᠢ ᠨᠡᠶᠢᠬᠡᠮ ᠤᠨ ᠢᠳᠡᠬᠡᠮᠵᠢ ᠶᠢᠨ ᠮᠡᠳᠡᠭᠡ ᠵᠠᠩᠬᠢ ᠶᠢᠨ ᠲᠡᠪᠴᠡᠩ ᠤᠨ ᠪᠠᠶᠢᠭᠤᠯᠤᠯᠳᠠ ᠪᠠᠨ ᠲᠦᠷᠬᠡᠳᠬᠡᠵᠦ᠂ ᠲᠤᠰ ᠵᠠᠰᠠᠭ ᠵᠠᠬᠢᠷᠭᠠᠨ ᠤ ᠤᠷᠤᠨ ᠳᠠᠬᠢ ᠤᠯᠠᠨ ᠨᠡᠶᠢᠳᠡ ᠶᠢᠨ ᠢᠳᠡᠬᠡᠮᠵᠢ ᠶᠢᠨ ᠮᠡᠳᠡᠭᠡ ᠵᠠᠩᠬᠢ ᠶᠢ ᠨᠢᠬᠡᠳᠦᠯᠳᠡᠢ ᠴᠤᠨᠨᠯᠠᠭᠤᠯᠤᠨ ᠨᠡᠶᠢᠯᠡᠬᠦᠯᠬᠦ ᠪᠠ ᠬᠠᠮᠳᠤ ᠳᠠᠭᠠᠨ ᠭᠦᠷᠳᠡᠬᠦ ᠶᠢ ᠪᠡᠶᠡᠯᠡᠬᠦᠯᠬᠦ ᠬᠡᠷᠡᠭᠳᠡᠢ᠃
    ᠳᠣᠯᠣᠳᠤᠭᠠᠷ ᠵᠦᠢᠯ ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠲᠠᠪᠴᠠᠩ ᠳᠤ ᠤᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠬᠠᠩᠭᠠᠵᠦ ᠦᠭᠭᠦᠭᠰᠡᠨ ᠲᠦᠷᠦ ᠶᠢᠨ ᠪᠠᠶᠢᠭᠤᠯᠭ᠎ᠠ ᠵᠢᠴᠢ ᠬᠠᠤᠯᠢ ᠴᠠᠭᠠᠵᠠ ᠬᠠᠤᠯᠢ ᠲᠣᠭᠲᠠᠭᠠᠯ ᠠᠴᠠ ᠡᠷᠬᠡ ᠣᠯᠭᠤᠭᠰᠠᠨ ᠤᠯᠠᠨ ᠨᠡᠶᠢᠲᠡ ᠶᠢᠨ ᠠᠵᠢᠯ ᠶᠠᠪᠤᠳᠠᠯ ᠢ ᠬᠠᠮᠢᠶᠠᠷᠬᠤ ᠡᠭᠦᠷᠭᠡ ᠴᠢᠳᠠᠪᠤᠷᠢ ᠲᠠᠢ ᠵᠣᠬᠢᠶᠠᠨ ᠪᠠᠶᠢᠭᠤᠯᠤᠯᠲᠠ ᠨᠤᠭᠤᠳ ︵ᠳᠣᠷᠣᠭᠰᠢ ᠤᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠬᠠᠩᠭᠠᠬᠤ ᠨᠢᠬᠡᠴᠡ ᠬᠡᠵᠦ ᠶᠡᠷᠦᠩᠬᠡᠶᠢᠯᠡᠨ ᠨᠡᠷᠡᠯᠡᠨ᠎ᠠ︶᠂ ᠲᠤᠰ ᠨᠢᠬᠡᠴᠡ ᠶᠢᠨ ᠢᠶᠠᠨ ᠤᠯᠠᠨ ᠨᠡᠶᠢᠳᠡ ᠶᠢᠨ ᠢᠳᠡᠬᠡᠮᠵᠢ ᠶᠢᠨ ᠮᠡᠳᠡᠭᠡ ᠵᠠᠩᠬᠢ ᠶᠢ ᠲᠡᠮᠳᠡᠭᠯᠡᠬᠦ᠂ ᠬᠠᠮᠠᠭᠠᠯᠠᠬᠤ᠂ ᠮᠡᠳᠡᠬᠦᠯᠦᠨ ᠭᠦᠷᠬᠡᠬᠦ᠂ ᠤᠨᠳᠤᠤ ᠰᠠᠨᠠᠯ ᠲᠠᠢ ᠪᠠᠶᠢᠭ᠎ᠠ ᠶᠢ ᠨᠢ ᠰᠶᠢᠳᠪᠦᠷᠢᠯᠡᠬᠦ ᠵᠢᠴᠢ ᠮᠡᠳᠡᠭᠡ ᠵᠠᠩᠬᠢ ᠶᠢᠨ ᠠᠮᠤᠷ ᠲᠦᠪᠰᠢᠨ ᠵᠡᠷᠬᠡ ᠲᠠᠯ᠎ᠠ ᠪᠠᠷ ᠬᠢ ᠠᠵᠢᠯ ᠢ ᠬᠠᠤᠯᠢ ᠶᠤᠰᠤᠭᠠᠷ ᠰᠠᠶᠢᠳᠤᠷ ᠬᠢᠬᠦ ᠬᠡᠷᠡᠭᠳᠡᠢ᠃
     ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠲᠠᠪᠴᠠᠩ ᠠᠴᠠ ᠤᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠬᠠᠶᠢᠨ ᠯᠠᠪᠯᠠᠬᠤ ᠲᠦᠷᠦ ᠶᠢᠨ ᠪᠠᠶᠢᠭᠤᠯᠭ᠎ᠠ᠂ ᠨᠡᠶᠢᠭᠡᠮ ᠤᠨ ᠪᠦᠯᠬᠦᠮ᠂ ᠢᠳᠡᠬᠡᠮᠵᠢ ᠶᠢᠨ ᠮᠡᠳᠡᠭᠡ ᠵᠠᠩᠬᠢ ᠴᠤᠨᠨᠯᠠᠭᠤᠯᠵᠦ ᠲᠡᠮᠳᠡᠭᠯᠡᠬᠦ ᠪᠠᠶᠢᠭᠤᠯᠤᠮᠵᠢ ︵ᠳᠣᠷᠣᠭᠰᠢ ᠤᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠬᠡᠷᠡᠭᠯᠡᠬᠦ ᠨᠢᠬᠡᠴᠡ ᠭᠡᠵᠦ ᠶᠡᠷᠦᠩᠬᠡᠶᠢᠯᠡᠨ ᠨᠡᠷᠡᠯᠡᠨ᠎ᠡ︶ ᠵᠡᠷᠭᠡ ᠨᠢ᠂ ᠤᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠬᠠᠶᠢᠨ ᠯᠠᠪᠯᠠᠬᠤ᠂ ᠬᠡᠷᠡᠭᠯᠡᠬᠦ ᠪᠠ ᠬᠠᠮᠠᠭᠠᠯᠠᠬᠤ ᠠᠵᠢᠯᠯᠠᠭ᠎ᠠ ᠶᠢ ᠬᠠᠤᠯᠢ ᠶᠤᠰᠤᠭᠠᠷ ᠦᠷᠨᠢᠬᠦᠯᠵᠦ᠂ ᠮᠡᠳᠡᠭᠡ ᠵᠠᠩᠭᠢ ᠶᠢᠨ ᠭᠤᠣᠯ ᠴᠣᠭᠴᠠ ᠶᠢᠨ ᠬᠢᠨ ᠤ ᠮᠡᠳᠡᠭᠡ ᠵᠠᠩᠭᠢ ᠶᠢᠨ ᠠᠮᠤᠷ ᠲᠦᠪᠰᠢᠨ ᠢ ᠬᠠᠮᠠᠭᠠᠯᠠᠬᠤ

ᠬᠡᠷᠡᠭᠳᠡᠢ᠃
     ᠨᠠᠢᠮᠠᠳᠤᠭᠠᠷ ᠵᠦᠢᠯ ᠲᠦᠷᠦ ᠶᠢᠨ ᠪᠠᠶᠢᠭᠤᠯᠭ᠎ᠠ ᠵᠢᠴᠢ ᠠᠵᠢᠯᠳᠠᠳ ᠨᠢ ᠬᠠᠤᠯᠢ ᠶᠣᠰᠣᠭᠠᠷ ᠡᠭᠦᠷᠬᠡ ᠬᠠᠷᠢᠭᠤᠴᠠᠯᠭ᠎ᠠ ᠪᠠᠨ ᠭᠦᠢᠴᠡᠳᠬᠡᠵᠦ᠂ ᠬᠠᠤᠯᠢ ᠶᠢ ᠰᠠᠬᠢᠵᠦ ᠬᠡᠷ᠎ᠡ ᠶᠢ ᠭᠦᠢᠴᠡᠳᠬᠡᠬᠦ ᠦᠵᠡᠯ ᠤᠬᠠᠮᠰᠠᠷ ᠢᠶᠠᠨ ᠴᠢᠩᠭᠠᠳᠬᠠᠨ᠂ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠳᠤ ᠵᠢᠱᠢᠶ᠎ᠡ ᠦᠵᠡᠬᠦᠯᠵᠦ ᠦᠯᠢᠭᠡᠷ ᠳᠠᠭᠤᠷᠢᠶᠠᠯ ᠪᠣᠯᠬᠤ ᠦᠢᠯᠡᠳᠦᠯ ᠢᠶᠠᠨ ᠪᠠᠳᠠᠷᠠᠭᠤᠯᠬᠤ ᠬᠡᠷᠡᠭᠲᠡᠶ᠃ ᠨᠡᠶᠢᠬᠡᠮ ᠤᠨ ᠨᠡᠶᠢᠳᠡ ᠤᠯᠠᠨ ᠢᠶᠠᠷ ᠢᠶᠠᠨ ᠡᠷᠬᠡᠪᠰᠢ ᠬᠤᠯᠪᠤᠨᠨᠳᠠᠯ ᠪᠦᠭᠦᠢ ᠬᠠᠤᠯᠢ ᠴᠠᠭᠠᠵᠠ᠂ ᠬᠠᠤᠯᠢ ᠲᠤᠨᠨᠳᠠᠭᠠᠯ᠂ ᠲᠤᠨᠨᠳᠠᠭᠠᠯ ᠲᠦᠷᠢᠮ ᠢ ᠵᠢᠷᠤᠮᠯᠠᠨ ᠰᠠᠬᠢᠵᠦ᠂ ᠬᠡᠷ᠎ᠡ ᠶᠢ ᠭᠦᠢᠴᠡᠳᠬᠡᠵᠦ ᠠᠮᠠᠯᠬᠠᠰᠠᠨ ᠳᠠᠭᠠᠨ ᠭᠦᠷᠬᠦ᠂ ᠦᠨᠡᠨᠴᠢ ᠢᠳᠡᠬᠡᠯ ᠲᠠᠢ ᠪᠠᠶᠢᠬᠤ ᠶᠢ ᠪᠦᠭᠦ ᠠᠷᠠᠳ ᠤᠨ ᠤᠬᠠᠮᠰᠠᠷᠳᠤ ᠠᠵᠢᠯᠯᠠᠭᠠᠨ ᠤ ᠵᠢᠷᠤᠮᠵᠢᠯ ᠪᠤᠯᠭᠠᠬᠤ ᠬᠡᠷᠡᠭᠳᠡᠢ᠃
    ᠶᠢᠰᠦᠳᠦᠭᠡᠷ ᠵᠦᠢᠯ ᠲᠦᠷᠦ ᠶᠢᠨ ᠪᠠᠶᠢᠭᠤᠯᠭ᠎ᠠ᠂ ᠠᠵᠢᠯ ᠲᠦᠷᠦᠯ ᠤᠨ ᠨᠡᠶᠢᠭᠡᠮᠯᠢᠭ᠂ ᠠᠵᠤ ᠠᠬᠤᠶᠢᠯᠠᠯ᠂ ᠰᠤᠷᠭᠠᠭᠤᠯᠢ᠂ ᠦᠨᠳᠦᠰᠦᠨ ᠱᠠᠲᠤᠨ ᠤ ᠤᠯᠠᠨ ᠲᠦᠮᠡᠨᠴᠢ ᠴᠢᠨᠠᠷᠲᠠᠶ ᠦᠪᠡᠰᠦᠪᠡᠨ ᠵᠠᠰᠠᠬᠤ ᠵᠣᠬᠢᠶᠠᠨ ᠪᠠᠶᠢᠭᠤᠯᠤᠯᠲᠠ ᠵᠡᠷᠭᠡ ᠨᠢᠬᠡᠴᠡ ᠨᠦᠭᠦᠳ ᠤᠯᠠᠨ ᠨᠡᠶᠢᠲᠡ ᠶᠢᠨ ᠢᠳᠡᠬᠡᠮᠵᠢ ᠶᠢᠨ ᠲᠠᠯ᠎ᠠ ᠪᠠᠷ ᠤᠬᠠᠭᠤᠯᠬᠤ᠂ ᠲᠦᠬᠡᠮᠡᠯᠵᠢᠬᠦᠯᠬᠦ ᠠᠵᠢᠯ ᠢ ᠦᠷᠨᠢᠬᠦᠯᠬᠦ ᠬᠡᠷᠡᠭᠳᠡᠢ᠃ ᠡᠯ᠎ᠡ ᠨᠢᠭᠡᠴᠡ ᠶᠢᠨ ᠬᠢᠨ ᠤ ᠢᠲᠡᠭᠡᠮᠵᠢ ᠶᠢᠨ ᠬᠠᠮᠢᠶᠠᠷᠤᠯᠲᠠ ᠪᠠ ᠬᠥᠮᠦᠵᠢᠯ ᠤᠨ ᠲᠦᠷᠢᠮ ᠪᠠᠶᠢᠭᠤᠯᠬᠤ ᠶᠢ ᠵᠤᠷᠢᠨᠨᠵᠢᠭᠤᠯᠤᠨ᠂ ᠢᠲᠡᠭᠡᠮᠵᠢ ᠶᠢᠨ ᠲᠠᠯ᠎ᠠ ᠪᠠᠷ ᠬᠢ ᠮᠡᠳᠡᠯᠭᠡ ᠶᠢᠨ ᠪᠤᠯᠪᠠᠰᠤᠷᠠᠭᠤᠯᠤᠯ ᠪᠠ ᠦᠨᠡᠨᠴᠢ ᠢᠳᠡᠬᠡᠮᠵᠢ ᠲᠠᠢ ᠪᠠᠶᠢᠬᠤ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠥᠷᠨᠢᠭᠦᠯᠵᠦ᠂ ᠨᠢᠬᠡᠴᠡ ᠶᠢᠨ ᠬᠢᠨ ᠤ ᠢᠳᠡᠬᠡᠮᠵᠢ ᠶᠢᠨ ᠰᠤᠶᠤᠯ ᠢ ᠪᠤᠶᠢᠵᠢᠭᠤᠯᠬᠤ ᠬᠡᠷᠡᠭᠳᠡᠢ᠃
     ᠠᠷᠪᠠᠳᠤᠭᠠᠷ ᠵᠦᠢᠯ ᠷᠠᠳᠢᠤ᠋᠂ ᠲᠧᠯᠸᠢᠰ᠂ ᠰᠣᠨᠢᠨ ᠰᠡᠳᠬᠦᠯ ᠪᠠ ᠰᠢᠨ᠎ᠡ ᠵᠠᠭᠤᠴᠢᠯᠠᠭᠤᠷ ᠵᠡᠷᠭᠡ ᠨᠢ ᠶᠠᠷᠢᠶ᠎ᠠ ᠬᠡᠯᠡᠯᠴᠡᠭᠡᠨ ᠢᠶᠠᠷ ᠤᠬᠠᠭᠤᠯᠵᠦ ᠬᠥᠲᠥᠯᠥᠨ ᠵᠢᠯᠣᠭᠤᠳᠬᠤ ᠦᠢᠯᠡᠳᠦᠯ ᠢᠶᠠᠨ ᠪᠠᠳᠠᠷᠠᠭᠤᠯᠵᠦ᠂ ᠦᠨᠡᠨᠴᠢ ᠢᠳᠡᠬᠡᠮᠵᠢ ᠲᠠᠢ ᠪᠠᠶᠢᠬᠤ ᠰᠣᠶᠣᠯ ᠪᠠ ᠭᠡᠷ᠎ᠡ ᠶᠢᠨ ᠵᠣᠷᠢᠭ ᠰᠠᠨᠠᠭ᠎ᠠ ᠶᠢ ᠪᠠᠳᠠᠷᠠᠭᠤᠯᠬᠤ ᠬᠡᠷᠡᠭᠲᠡᠶ᠃


     ᠬᠤᠶᠠᠳᠤᠭᠠᠷ ᠪᠦᠯᠦᠭ ᠮᠡᠳᠡᠭᠡ ᠵᠠᠩᠭᠢ ᠶᠢ ᠴᠤᠭᠯᠠᠭᠤᠯᠤᠨ ᠨᠡᠶᠢᠯᠡᠬᠦᠯᠬᠦ


     ᠠᠷᠪᠠᠨ ᠨᠢᠭᠡᠳᠦᠭᠡᠷ ᠵᠦᠢᠯ ᠤᠯᠠᠨ ᠨᠡᠶᠢᠲᠡ ᠶᠢᠨ ᠢᠳᠡᠬᠡᠮᠵᠢ ᠶᠢᠨ ᠮᠡᠳᠡᠭᠡ ᠵᠠᠩᠭᠢ ᠳᠤ ᠮᠡᠳᠡᠭᠡ ᠵᠠᠩᠬᠢ ᠶᠢᠨ ᠭᠤᠣᠯ ᠴᠣᠭᠴᠠ ᠶᠢᠨ ᠦᠨᠳᠦᠰᠦᠨ ᠮᠡᠳᠡᠭᠡ ᠵᠠᠩᠭᠢ᠂ ᠨᠦᠯᠦᠬᠡ ᠮᠠᠭᠤᠳᠠᠢ ᠮᠡᠳᠡᠭᠡ ᠵᠠᠩᠭᠢ ᠪᠠ ᠨᠦᠯᠦᠬᠡ ᠰᠠᠶᠢᠳᠠᠢ ᠮᠡᠳᠡᠭᠡ ᠵᠠᠩᠭᠢ ᠪᠠᠭᠳᠠᠨ᠎ᠠ᠃
     ᠠᠷᠪᠠᠨ ᠬᠤᠶᠠᠳᠤᠭᠠᠷ ᠵᠦᠢᠯ ᠬᠠᠤᠯᠢ ᠶᠢᠨ ᠡᠷᠬᠡᠳᠡᠨ ᠪᠠ ᠬᠠᠤᠯᠢ ᠶᠢᠨ ᠡᠷᠬᠡᠲᠡᠨ ᠤ ᠪᠤᠰᠤ ᠵᠣᠬᠢᠶᠠᠨ ᠪᠠᠶᠢᠭᠤᠯᠤᠯᠲᠠ ᠶᠢᠨ ᠦᠨᠳᠦᠰᠦᠨ ᠮᠡᠳᠡᠭᠡ ᠵᠠᠩᠭᠢ ᠳᠤ ᠳᠣᠣᠷᠠᠬᠢ ᠠᠭᠤᠯᠭ᠎ᠠ ᠪᠠᠭᠳᠠᠨ᠎ᠠ᠄
     ︵ᠨᠢᠭᠡ︶ ᠨᠡᠷᠡᠶᠢᠳᠦᠯ᠂ ᠬᠠᠤᠯᠢ ᠪᠠᠷ ᠲᠣᠭᠲᠠᠭᠠᠭᠰᠠᠨ ᠲᠦᠯᠦᠬᠡᠯᠡᠬᠦ ᠭᠦᠮᠦᠨ ᠪᠤᠶᠤ ᠬᠠᠷᠢᠭᠤᠴᠠᠯᠭᠠᠲᠠᠨ᠂ ᠨᠡᠶᠢᠬᠡᠮ ᠤᠨ ᠢᠳᠡᠬᠡᠮᠵᠢ ᠶᠢᠨ ᠨᠢᠭᠡᠳᠦᠯᠲᠡᠶ ᠤᠷᠤᠯᠠᠬᠤ ᠺᠤᠳ᠋ ᠵᠡᠷᠭᠡ ᠲᠡᠮᠳᠡᠭᠯᠡᠨ ᠲᠠᠩᠰᠠᠯᠠᠭᠤᠯᠤᠨᠨᠰᠠᠨ ᠮᠡᠳᠡᠭᠡ

ᠵᠠᠩᠬᠢ︔
     ︵ᠬᠤᠶᠠᠷ︶ ᠬᠡᠷᠡᠭ ᠮᠡᠳᠡᠭᠴᠢ᠂ ᠬᠢᠨᠠᠯᠳᠠ ᠲᠠᠯᠪᠢᠨᠨᠴᠢ ᠪᠠ ᠳᠡᠭᠡᠳᠦ ᠵᠡᠷᠭᠡ ᠶᠢᠨ ᠬᠠᠮᠢᠶᠠᠷᠤᠨᠨᠴᠢᠳ ᠤᠨ ᠦᠨᠳᠦᠰᠦᠨ ᠮᠡᠳᠡᠭᠡ ᠵᠠᠩᠭᠢ︔
     ︵ᠭᠤᠷᠪᠠ︶ ᠵᠠᠰᠠᠭ ᠵᠠᠬᠢᠷᠭᠠᠨ ᠤ ᠵᠥᠪᠰᠢᠶᠡᠷᠡᠯ ᠤᠨ ᠮᠡᠳᠡᠭᠡ ᠵᠠᠩᠭᠢ︔
     ︵ᠳᠦᠷᠪᠡ︶ ᠨᠡᠷᠡᠳᠬᠦᠨ᠂ ᠦᠢᠯᠡᠴᠢᠯᠡᠭᠡ᠂ ᠬᠠᠮᠢᠶᠠᠷᠤᠯᠲᠠ ᠶᠢᠨ ᠰᠢᠰᠲ᠋ᠧᠮᠵᠢ ᠶᠢᠨ ᠤᠯᠤᠨᠨᠰᠠᠨ ᠦᠨᠡᠮᠰᠢᠨ ᠬᠡᠷᠡᠴᠢᠯᠡᠬᠦᠯᠦᠭᠰᠡᠨ ᠪᠠ ᠵᠦᠪᠰᠢᠶᠡᠷᠡᠬᠦᠯᠦᠭᠰᠡᠨ ᠮᠡᠳᠡᠭᠡ ᠵᠠᠩᠬᠢ︔
     ︵ᠲᠠᠪᠤ︶ ᠣᠨ ᠤ ᠪᠠᠶᠢᠴᠠᠭᠠᠯᠲᠠ᠂ ᠤᠨ ᠤ ᠬᠢᠨᠠᠨ ᠪᠠᠶᠢᠴᠠᠭᠠᠯᠲᠠ᠂ ᠰᠢᠯᠭᠠᠨ ᠪᠠᠶᠢᠴᠠᠭᠠᠯᠲᠠ᠂ ᠬᠢᠵᠢᠭ ᠤᠨ ᠪᠠᠶᠢᠴᠠᠭᠠᠯᠳᠠ ᠵᠢᠴᠢ ᠪᠦᠷᠢᠳᠬᠡᠨ ᠲᠠᠩᠰᠠᠯᠠᠭᠤᠯᠤᠨᠨᠰᠠᠨ ᠮᠡᠳᠡᠭᠡ ᠵᠠᠩᠬᠢ︔
     ︵ᠵᠢᠷᠭᠤᠭ᠎ᠠ︶ ᠬᠠᠤᠯᠢ ᠴᠠᠭᠠᠵᠠ᠂ ᠬᠠᠤᠯᠢ ᠲᠣᠭᠲᠠᠭᠠᠯ᠂ ᠲᠤᠨᠨᠳᠠᠭᠠᠯ ᠲᠦᠷᠢᠮ ᠳᠤ ᠲᠣᠭᠲᠠᠭᠠᠭᠰᠠᠨ ᠪᠤᠰᠤᠳ ᠦᠨᠳᠦᠰᠦᠨ ᠮᠡᠳᠡᠭᠡ ᠵᠠᠩᠭᠢ᠃
     ᠠᠷᠪᠠᠨ ᠭᠤᠷᠪᠠᠳᠤᠭᠠᠷ ᠵᠦᠢᠯ ᠬᠠᠤᠯᠢ ᠶᠢᠨ ᠡᠷᠬᠡᠳᠡᠨ ᠪᠠ ᠬᠠᠤᠯᠢ ᠶᠢᠨ ᠡᠷᠬᠡᠲᠡᠨ ᠤ ᠪᠤᠰᠤ ᠵᠣᠬᠢᠶᠠᠨ ᠪᠠᠶᠢᠭᠤᠯᠤᠯᠲᠠ ᠶᠢᠨ ᠨᠦᠯᠦᠬᠡ ᠮᠠᠭᠤᠳᠠᠢ ᠮᠡᠳᠡᠭᠡ ᠵᠠᠩᠭᠢ ᠳᠤ ᠳᠣᠣᠷᠠᠬᠢ ᠠᠭᠤᠯᠭ᠎ᠠ ᠪᠠᠭᠲᠠᠨ᠎ᠠ᠄
     ︵ᠨᠢᠭᠡ︶ ᠭᠠᠶᠢᠯᠢ ᠶᠢᠨ ᠵᠣᠭᠤᠰ᠂ ᠨᠡᠶᠢᠭᠡᠮ ᠤᠨ ᠳᠠᠭᠠᠳᠬᠠᠯ ᠤᠨ ᠵᠠᠷᠤᠳᠠᠯ ᠢᠶᠠᠨ ᠲᠤᠳᠠᠭᠤ ᠲᠤᠰᠢᠶ᠋ᠬᠠᠰᠠᠨ ᠮᠡᠳᠡᠭᠡ ᠵᠠᠩᠭᠢ︔
     ︵ᠬᠤᠶᠠᠷ︶ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠬᠤᠷᠢᠶ᠋ᠬᠠᠰᠠᠨ ᠰᠦᠢᠳᠬᠡᠯ᠂ ᠵᠠᠰᠠᠭ ᠤᠨ ᠣᠷᠳᠣᠨ ᠤ ᠴᠢᠨᠠᠷᠲᠠᠶ ᠰᠠᠭᠤᠷᠢ ᠮᠦᠩᠭᠦ ᠪᠠᠨ ᠲᠤᠳᠠᠭᠤ ᠲᠤᠰᠢᠶ᠋ᠬᠠᠰᠠᠨ ᠮᠡᠳᠡᠭᠡ ᠵᠠᠩᠭᠢ︔
     ︵ᠭᠤᠷᠪᠠ︶ ᠬᠠᠭᠤᠷᠴᠤ ᠮᠡᠬᠡᠯᠡᠬᠦ᠂ ᠬᠡᠭᠡᠯᠢ ᠲᠦᠯᠬᠢᠬᠦ ᠵᠡᠷᠭᠡ ᠲᠥᠪ ᠪᠤᠰᠤ ᠠᠷᠭ᠎ᠠ ᠪᠠᠷᠢᠯ ᠢᠶᠠᠷ ᠤᠯᠤᠨᠨᠰᠠᠨ ᠵᠠᠰᠠᠭ ᠵᠠᠬᠢᠷᠭᠠᠨ ᠤ ᠵᠥᠪᠰᠢᠶᠡᠷᠡᠯ᠂ ᠵᠠᠰᠠᠭ ᠵᠠᠬᠢᠷᠭᠠᠨ ᠤ ᠮᠠᠭᠠᠳᠯᠠᠯ᠂ ᠵᠠᠰᠠᠭ ᠵᠠᠬᠢᠷᠭᠠᠨ ᠤ ᠣᠯᠭᠤᠨ ᠦᠭᠭᠦᠯᠳᠡ᠂ ᠵᠠᠰᠠᠭ ᠵᠠᠬᠢᠷᠭᠠᠨ ᠤ ᠱᠠᠩᠨᠠᠯ ᠬᠥᠬᠢᠭᠦᠯᠦᠯ ᠤᠨ ᠮᠡᠳᠡᠭᠡ ᠵᠠᠩᠭᠢ︔
     ︵ᠳᠥᠷᠪᠡ︶ ᠮᠡᠳᠡᠭᠳᠡᠬᠦ ᠠᠮᠠᠯᠠᠯᠳᠠ ᠶᠢᠨ ᠲᠥᠷᠢᠮ ᠢ ᠵᠦᠷᠢᠴᠡᠭᠰᠡᠨ ᠮᠡᠳᠡᠭᠡ ᠵᠠᠩᠭᠢ︔
     ︵ᠲᠠᠪᠤ︶ ᠡᠩ ᠤᠨ ᠲᠡᠰ ᠲᠠᠷᠠᠭᠠᠯᠠᠯ ᠳᠤ ᠲᠤᠬᠢᠷᠠᠭᠤᠯᠤᠨ ᠬᠡᠷᠡᠭᠯᠡᠬᠦ ᠪᠠᠷ ᠭᠠᠷᠭᠠᠨᠨᠰᠠᠨ ᠵᠠᠰᠠᠭ ᠵᠠᠬᠢᠷᠭᠠᠨ ᠤ ᠰᠢᠳᠬᠡᠯ ᠲᠤᠷᠭᠠᠭᠤᠯᠢ ᠶᠢᠨ ᠮᠡᠳᠡᠭᠡ ᠵᠠᠩᠬᠢ᠂ ᠵᠠᠰᠠᠭ ᠵᠠᠬᠢᠷᠭᠠᠨ ᠤ ᠠᠯᠪᠠᠳᠠᠯᠭ᠎ᠠ ᠶᠢᠨ ᠮᠡᠳᠡᠭᠡ ᠵᠠᠩᠬᠢ︔
     ︵ᠵᠢᠷᠭᠤᠭ᠎ᠠ︶ ᠰᠢᠭᠦᠨ ᠲᠠᠰᠤᠯᠤᠯᠲᠠ᠂ ᠬᠢᠨᠠᠨ ᠲᠠᠰᠤᠯᠤᠯᠳᠠ ᠵᠡᠷᠭᠡ ᠬᠦᠴᠦᠨ ᠲᠠᠢ ᠪᠣᠯᠤᠭᠰᠠᠨ ᠬᠠᠤᠯᠢ ᠴᠠᠭᠠᠵᠠ ᠶᠢᠨ ᠪᠢᠴᠢᠭ ᠬᠠᠷ᠎ᠠ ᠶᠢ ᠭᠦᠢᠴᠡᠳᠬᠡᠬᠦ ᠦᠭᠡᠢ ᠮᠡᠳᠡᠭᠡ ᠵᠠᠩᠭᠢ︔
     ︵ᠲᠤᠯᠤᠭ᠎ᠠ︶ ᠬᠢᠨᠠᠯᠳᠠ ᠬᠠᠮᠢᠶᠠᠷᠤᠯᠳᠠ ᠶᠢᠨ ᠰᠠᠯᠠᠭ᠎ᠠ ᠮᠥᠴᠢᠷ ᠠᠴᠠ ᠠᠵᠢᠯ ᠲᠦᠷᠦᠯ ᠳᠤ ᠤᠷᠤᠬᠤ ᠶᠢ ᠨᠢ ᠴᠠᠭᠠᠵᠠᠯᠠᠬᠤ ᠪᠠᠷ ᠰᠢᠳᠬᠡᠭᠳᠡᠭᠰᠡᠨ ᠮᠡᠳᠡᠭᠡ ᠵᠠᠩᠭᠢ︔
     ︵ᠨᠠᠢᠮᠠ︶ ᠬᠢᠨᠠᠯᠳᠠ ᠬᠠᠮᠢᠶᠠᠷᠤᠯᠳᠠ ᠶᠢᠨ ᠰᠠᠯᠠᠭ᠎ᠠ ᠮᠥᠴᠢᠷ ᠠᠴᠠ ᠬᠡᠪ ᠤᠨ ᠪᠤᠰᠤ ᠡᠵᠡᠩᠨᠡᠯᠲᠡ ᠶᠢᠨ ᠨᠡᠷᠡᠰ ᠢᠶᠠᠷ ᠵᠢᠨᠨᠰᠠᠭᠠᠨᠨᠰᠠᠨ ᠮᠡᠳᠡᠭᠡ ᠵᠠᠩᠭᠢ︔
     ︵ᠶᠢᠰᠦ︶ ᠦᠢᠯᠡᠳᠬᠦᠨ ᠤ ᠶᠠᠰᠤ ᠴᠢᠨᠠᠷ᠂ ᠠᠶᠤᠯ ᠦᠬᠡᠢ ᠦᠢᠯᠡᠳᠪᠦᠷᠢᠯᠡᠯ᠂ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ᠂ ᠣᠷᠴᠢᠨ ᠲᠤᠭᠤᠷᠢᠨ ᠢ ᠪᠣᠬᠢᠷᠲᠤᠭᠤᠯᠤᠭᠰᠠᠨ ᠬᠡᠷᠡᠭ ᠡᠭᠦᠰᠦᠭᠰᠡᠨ ᠵᠡᠷᠭᠡ ᠶᠢ ᠬᠢᠨᠠᠯᠳᠠ ᠬᠠᠮᠢᠶᠠᠷᠤᠯᠳᠠ ᠶᠢᠨ ᠰᠠᠯᠠᠭ᠎ᠠ ᠮᠥᠴᠢᠷ ᠠᠴᠠ ᠰᠢᠢᠳᠪᠦᠷᠢᠯᠡᠭᠰᠡᠨ ᠮᠡᠳᠡᠭᠡ ᠵᠠᠩᠭᠢ︔
     ︵ᠠᠷᠪᠠ︶ ᠭᠦᠳᠡᠯᠮᠦᠷᠢᠯᠡᠭᠴᠢ ᠲᠠᠢ ᠬᠠᠤᠯᠢ ᠶᠣᠰᠣᠭᠠᠷ ᠬᠥᠳᠡᠯᠮᠦᠷᠢ ᠶᠢᠨ ᠭᠡᠷ᠎ᠡ ᠲᠣᠭᠲᠠᠭᠠᠭᠰᠠᠨ ᠦᠭᠡᠢ ᠮᠦᠷᠳᠡᠬᠡᠨ ᠬᠥᠳᠡᠯᠮᠦᠷᠢ ᠭᠦᠴᠦ ᠵᠠᠷᠤᠬᠤ ᠶᠢ ᠪᠠᠨ ᠪᠦᠷᠢᠳᠬᠡᠨ ᠲᠠᠩᠰᠠᠯᠠᠭᠤᠯᠤᠨᠨᠰᠠᠨ ᠦᠬᠡᠢ᠂ ᠬᠠᠤᠯᠢ ᠠᠴᠠ ᠵᠥᠷᠢᠴᠡᠵᠦ ᠠᠵᠢᠯᠴᠢᠨ ᠬᠡᠷᠡᠭᠯᠡᠬᠦ᠂ ᠬᠥᠳᠡᠯᠮᠦᠷᠢ ᠶᠢᠨ ᠬᠥᠯᠥᠰᠥ ᠣᠯᠭᠤᠮᠵᠢ ᠶᠢ ᠨᠢ ᠰᠠᠭᠤᠳᠬᠠᠬᠤ᠂ ᠦᠷᠢᠳᠦᠬᠦ ᠵᠡᠷᠭᠡ ᠬᠠᠤᠯᠢ ᠠᠴᠠ ᠵᠥᠷᠢᠴᠡᠭᠰᠡᠨ ᠮᠡᠳᠡᠭᠡ ᠵᠠᠩᠭᠢ︔
     ︵ᠠᠷᠪᠠᠨ ᠨᠢᠭᠡ︶ ᠬᠠᠤᠯᠢ ᠪᠠᠷ ᠲᠣᠭᠲᠠᠭᠠᠭᠰᠠᠨ ᠲᠦᠯᠦᠬᠡᠯᠡᠬᠦ ᠭᠦᠮᠦᠨ᠂ ᠬᠡᠷᠡᠭ ᠮᠡᠳᠡᠭᠴᠢ᠂ ᠬᠢᠨᠠᠯᠳᠠ ᠲᠠᠯᠪᠢᠨᠨᠴᠢ ᠪᠠ ᠳᠡᠭᠡᠳᠦ ᠵᠡᠷᠭᠡ ᠶᠢᠨ ᠬᠠᠮᠢᠶᠠᠷᠤᠨᠨᠴᠢᠳ ᠨᠢ ᠡᠷᠡᠭᠦᠦ ᠰᠢᠳᠬᠡᠯ᠂ ᠵᠠᠰᠠᠭ ᠵᠠᠬᠢᠷᠭᠠᠨ ᠤ ᠰᠢᠳᠬᠡᠯ ᠲᠤᠷᠭᠠᠭᠤᠯᠢ᠂ ᠠᠵᠢᠯ ᠲᠥᠷᠥᠯ ᠳᠤ ᠣᠷᠣᠬᠤ ᠶᠢ ᠨᠢ ᠴᠠᠭᠠᠵᠠᠯᠠᠬᠤ ᠪᠠᠷ ᠰᠶᠢᠳᠪᠦᠷᠢᠯᠡᠭᠰᠡᠨ ᠮᠡᠳᠡᠭᠡ ᠵᠠᠩᠭᠢ︔
     ︵ᠠᠷᠪᠠᠨ ᠬᠤᠶᠠᠷ︶ ᠬᠠᠤᠯᠢ ᠴᠠᠭᠠᠵᠠ᠂ ᠬᠠᠤᠯᠢ ᠲᠤᠨᠨᠳᠠᠭᠠᠯ᠂ ᠲᠣᠭᠲᠠᠭᠠᠯ ᠲᠦᠷᠢᠮ ᠤᠨ ᠲᠤᠨᠨᠳᠠᠭᠠᠯ ᠢ ᠵᠦᠷᠢᠴᠡᠭᠰᠡᠨ ᠢ ᠨᠢ ᠬᠠᠤᠯᠢ ᠶᠣᠰᠣᠭᠠᠷ ᠮᠠᠭᠠᠳᠯᠠᠨ ᠲᠣᠭᠲᠠᠭᠠᠭᠰᠠᠨ ᠪᠤᠰᠤᠳ ᠨᠦᠯᠦᠬᠡ ᠮᠠᠭᠤᠳᠠᠢ ᠮᠡᠳᠡᠭᠡ

ᠵᠠᠩᠭᠢ᠃
     ᠠᠷᠪᠠᠨ ᠳᠥᠷᠪᠡᠳᠦᠭᠡᠷ ᠵᠦᠢᠯ ᠬᠠᠤᠯᠢ ᠶᠢᠨ ᠡᠷᠬᠡᠳᠡᠨ ᠪᠠ ᠬᠠᠤᠯᠢ ᠶᠢᠨ ᠡᠷᠬᠡᠲᠡᠨ ᠤ ᠪᠤᠰᠤ ᠵᠣᠬᠢᠶᠠᠨ ᠪᠠᠶᠢᠭᠤᠯᠤᠯᠲᠠ ᠶᠢᠨ ᠨᠦᠯᠦᠬᠡ ᠰᠠᠶᠢᠳᠠᠢ ᠮᠡᠳᠡᠭᠡ ᠵᠠᠩᠭᠢ ᠳᠤ ᠳᠣᠣᠷᠠᠬᠢ ᠠᠭᠤᠯᠭ᠎ᠠ ᠪᠠᠭᠲᠠᠨ᠎ᠠ᠄
     ︵ᠨᠢᠭᠡ︶ ᠲᠣᠭᠤᠷᠢᠭ ᠪᠠᠶᠢᠭᠤᠯᠤᠭᠰᠠᠨ ᠬᠤᠳᠠ ᠶᠢᠨ ᠱᠠᠲᠤᠨ ᠠᠴᠠ ᠳᠡᠭᠡᠭᠰᠢᠬᠢ ᠲᠦᠷᠦ ᠶᠢᠨ ᠪᠠᠶᠢᠭᠤᠯᠭ᠎ᠠ ᠠᠴᠠ ᠤᠯᠭᠤᠨᠨᠰᠠᠨ ᠰᠠᠶᠢᠰᠢᠶᠠᠨ ᠭᠦᠬᠢᠬᠦᠯᠵᠦ᠂ ᠱᠠᠩᠨᠠᠵᠦ ᠭᠦᠬᠢᠬᠦᠯᠦᠭᠰᠡᠨ ᠵᠡᠷᠭᠡ ᠮᠡᠳᠡᠭᠡ ᠵᠠᠩᠭᠢ︔
     ︵ᠬᠤᠶᠠᠷ︶ ᠲᠣᠭᠤᠷᠢᠭ ᠪᠠᠶᠢᠭᠤᠯᠤᠭᠰᠠᠨ ᠬᠤᠳᠠ ᠶᠢᠨ ᠱᠠᠲᠤᠨ ᠠᠴᠠ ᠳᠡᠭᠡᠭᠰᠢᠬᠢ ᠵᠠᠬ᠎ᠠ ᠳᠡᠯᠭᠡᠭᠦᠷ ᠤᠨ ᠬᠢᠨᠠᠯᠳᠠ ᠬᠠᠮᠢᠶᠠᠷᠤᠯᠳᠠ ᠶᠢᠨ ᠰᠠᠯᠠᠭ᠎ᠠ ᠮᠥᠴᠢᠷ ᠠᠴᠠ ᠬᠡᠷ᠎ᠡ ᠶᠢ ᠭᠦᠨᠳᠦᠳᠬᠡᠵᠦ ᠢᠳᠡᠬᠡᠮᠵᠢ ᠰᠠᠬᠢᠨᠨᠰᠠᠨ ᠢᠷᠠᠭᠤ ᠠᠯᠳᠠᠷ ᠢ ᠨᠢ ᠮᠠᠭᠠᠳᠯᠠᠨ ᠲᠤᠨᠨᠳᠠᠭᠠᠨᠨᠰᠠᠨ ᠮᠡᠳᠡᠭᠡ ᠵᠠᠩᠭᠢ︔
     ︵ᠭᠤᠷᠪᠠ︶ ᠦᠪᠡᠷᠳᠡᠬᠡᠨ ᠵᠠᠰᠠᠬᠤ ᠤᠷᠤᠨ ᠤ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠠᠴᠠ A ᠳᠡᠰ ᠤᠨ ᠢᠳᠡᠬᠡᠮᠵᠢ ᠲᠠᠢ ᠭᠠᠶᠢᠯᠢ ᠲᠤᠰᠢᠶ᠋ᠬᠠᠴᠢ ᠪᠠᠷ ᠮᠠᠭᠠᠳᠯᠠᠨ ᠲᠤᠨᠨᠳᠠᠭᠠᠨᠨᠰᠠᠨ ᠮᠡᠳᠡᠭᠡ ᠵᠠᠩᠬᠢ︔
     ︵ᠲᠦᠷᠪᠡ︶ ᠪᠤᠭᠤᠮᠳᠠ ᠶᠢᠨ ᠬᠢᠨ ᠢᠶᠠᠷ ᠡᠩ ᠤᠨ ᠬᠡᠷᠡᠴᠢᠯᠡᠯ ᠤᠨ ᠠᠵᠦ ᠠᠬᠤᠶᠢᠯᠠᠯ ᠠᠴᠠ ᠲᠡᠬᠡᠭᠰᠢᠬᠢ ᠵᠡᠷᠬᠡ ᠲᠡᠰ ᠲᠠᠢ ᠪᠠᠷ ᠮᠠᠭᠠᠳᠯᠠᠨ ᠲᠤᠨᠨᠳᠠᠭᠠᠯᠭᠠᠨᠨᠰᠠᠨ ᠦᠨᠳᠦᠷ ᠬᠢᠷᠢ ᠴᠢᠳᠠᠮᠵᠢ ᠶᠢᠨ ᠢᠳᠡᠬᠡᠮᠵᠢ ᠶᠢᠨ ᠮᠡᠳᠡᠭᠡ ᠵᠠᠩᠬᠢ︔
     ︵ᠲᠠᠪᠤ︶ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠠᠴᠠ ᠮᠠᠭᠠᠳᠯᠠᠨ ᠲᠤᠨᠨᠳᠠᠭᠠᠨᠨᠰᠠᠨ ᠡᠶ᠎ᠡ ᠵᠣᠬᠢᠴᠠᠯ ᠲᠠᠢ ᠬᠥᠳᠡᠯᠮᠦᠷᠢ ᠶᠢᠨ ᠬᠠᠷᠢᠴᠠᠭ᠎ᠠ ᠪᠦᠭᠦᠢ ᠮᠡᠳᠡᠭᠡ ᠵᠠᠩᠭᠢ︔
     ︵ᠵᠢᠷᠭᠤᠭ᠎ᠠ︶ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠢᠲᠡᠭᠡᠮᠵᠢ ᠶᠢᠨ ᠵᠡᠷᠭᠡ ᠳᠡᠰ ᠨᠢ A ᠳᠡᠰ ᠠᠴᠠ ᠲᠡᠬᠡᠭᠰᠢ ᠪᠠᠶᠢᠬᠤ ᠶᠢ ᠦᠨᠡᠯᠡᠨ ᠲᠤᠨᠨᠳᠠᠭᠠᠨᠨᠰᠠᠨ ᠮᠡᠳᠡᠭᠡ ᠵᠠᠩᠭᠢ︔
     ︵ᠲᠤᠯᠤᠭ᠎ᠠ︶ ᠲᠣᠭᠤᠷᠢᠭ ᠪᠠᠶᠢᠭᠤᠯᠤᠭᠰᠠᠨ ᠬᠤᠳᠠ ᠶᠢᠨ ᠱᠠᠲᠤᠨ ᠠᠴᠠ ᠳᠡᠭᠡᠭᠰᠢᠬᠢ ᠬᠠᠮᠢᠶ᠎ᠠ ᠪᠦᠬᠦᠢ ᠰᠠᠯᠠᠭ᠎ᠠ ᠮᠥᠴᠢᠷ ᠠᠴᠠ ᠦᠨᠡᠨᠴᠢ ᠢᠲᠡᠭᠡᠮᠵᠢᠲᠡᠶ ᠪᠠᠶᠢᠬᠤ ᠶᠢ ᠡᠭᠦᠳᠦᠨ ᠪᠠᠶᠢᠭᠤᠯᠬᠤ ᠠᠵᠢᠯᠯᠠᠭ᠎ᠠ ᠦᠷᠨᠢᠬᠦᠯᠬᠦ ᠶᠠᠪᠤᠴᠠ ᠳᠤ ᠤᠯᠭᠤᠨᠨᠰᠠᠨ ᠦᠨᠡᠨᠴᠢ ᠢᠳᠡᠬᠡᠮᠵᠢ ᠶᠢᠨ ᠨᠡᠶᠢᠳᠡᠯᠢᠭ ᠢᠷᠠᠭᠤ ᠠᠯᠳᠠᠷ ᠤᠨ ᠮᠡᠳᠡᠭᠡ ᠵᠠᠩᠭᠢ︔
     ︵ᠨᠠᠢᠮᠠ︶ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ᠂ ᠤᠯᠠᠨ ᠲᠦᠮᠡᠨ ᠤ ᠪᠦᠯᠭᠦᠮ ᠤᠨ ᠵᠣᠬᠢᠶᠠᠨ ᠪᠠᠶᠢᠭᠤᠯᠤᠯᠳᠠ ᠶᠢᠨ ᠦᠷᠨᠢᠬᠦᠯᠦᠭᠰᠡᠨ ᠰᠠᠶᠢᠨ ᠳᠤᠷ᠎ᠠ ᠶᠢᠨ ᠦᠢᠯᠡᠴᠢᠯᠡᠭᠡ᠂ ᠨᠢᠭᠦᠯᠡᠰᠦᠩᠭᠦᠶ ᠶᠢᠨ ᠬᠠᠨᠳᠢᠪᠯᠠᠬᠤ ᠠᠵᠢᠯᠯᠠᠭ᠎ᠠ ᠵᠡᠷᠬᠡ ᠳᠤ ᠤᠷᠤᠯᠴᠬᠠᠰᠠᠨ ᠮᠡᠳᠡᠭᠡ ᠵᠠᠩᠭᠢ︔
     ︵ᠶᠢᠰᠦ︶ ᠤᠯᠤᠰ ᠪᠠ ᠥᠪᠡᠷᠲᠡᠭᠡᠨ ᠵᠠᠰᠠᠬᠤ ᠣᠷᠣᠨ ᠠᠴᠠ ᠲᠣᠭᠲᠠᠭᠠᠭᠰᠠᠨ ᠰᠠᠶᠢᠰᠢᠶᠠᠨ ᠮᠬᠠᠳᠠᠭᠤᠰᠢᠳᠠᠢ ᠪᠤᠰᠤᠳ ᠨᠦᠯᠦᠬᠡ ᠰᠠᠶᠢᠳᠠᠢ ᠮᠡᠳᠡᠭᠡ ᠵᠠᠩᠭᠢ᠃
     ᠠᠷᠪᠠᠨ ᠲᠠᠪᠤᠳᠤᠭᠠᠷ ᠵᠦᠢᠯ ᠪᠠᠶᠢᠭᠠᠯᠢᠭ ᠬᠥᠮᠦᠨ ᠤ ᠦᠨᠳᠦᠰᠦᠨ ᠮᠡᠳᠡᠭᠡ ᠵᠠᠩᠭᠢ ᠳᠤ ᠳᠣᠣᠷᠠᠬᠢ ᠠᠭᠤᠯᠭ᠎ᠠ ᠪᠠᠭᠲᠠᠨ᠎ᠠ᠄
     ︵ᠨᠢᠭᠡ︶ ᠤᠪᠤᠭ ᠨᠡᠷ᠎ᠡ᠂ ᠪᠡᠶ᠎ᠡ ᠶᠢᠨ ᠦᠨᠡᠮᠯᠡᠯ ᠤᠨ ᠨᠣᠮᠧᠷ ᠵᠢᠴᠢ ᠬᠤᠪᠢ ᠬᠥᠮᠦᠨ ᠤ ᠭᠠᠷᠤᠯ ᠢ ᠢᠯᠭᠠᠨ ᠲᠠᠨᠢᠵᠦ ᠴᠢᠳᠠᠬᠤᠶᠢᠴᠠ ᠮᠡᠳᠡᠭᠡ ᠵᠠᠩᠭᠢ︔
     ︵ᠬᠤᠶᠠᠷ︶ ᠰᠤᠷᠤᠯᠭ᠎ᠠ ᠶᠢᠨ ᠨᠠᠮᠲᠠᠷ᠂ ᠠᠵᠢᠯ ᠮᠡᠷᠬᠡᠵᠢᠯ᠂ ᠤᠷᠤᠬ ᠤᠨ ᠪᠠᠶᠢᠳᠠᠯ ᠤᠨ ᠮᠡᠳᠡᠭᠡ ᠵᠠᠩᠭᠢ︔
     ︵ᠭᠤᠷᠪᠠ︶ ᠵᠠᠰᠠᠭ ᠵᠠᠬᠢᠷᠭᠠᠨ ᠤ ᠵᠥᠪᠰᠢᠶᠡᠷᠡᠯ ᠤᠨ ᠮᠡᠳᠡᠭᠡ ᠵᠠᠩᠭᠢ᠃
     ᠠᠷᠪᠠᠨ ᠵᠢᠷᠭᠤᠳᠤᠭᠠᠷ ᠵᠦᠢᠯ ᠪᠠᠶᠢᠭᠠᠯᠢᠭ ᠬᠥᠮᠦᠨ ᠤ ᠨᠦᠯᠦᠬᠡ ᠮᠠᠭᠤᠳᠠᠢ ᠮᠡᠳᠡᠭᠡ ᠵᠠᠩᠭᠢ ᠳᠤ ᠠᠷᠪᠠᠨ ᠭᠤᠷᠪᠠᠳᠤᠭᠠᠷ ᠵᠦᠢᠯ ᠤᠨ ᠭᠤᠷᠪᠠᠳᠤᠭᠠᠷ᠂ ᠲᠦᠷᠪᠡᠳᠦᠬᠡᠷ᠂ ᠲᠠᠪᠤᠳᠤᠭᠠᠷ᠂ ᠵᠢᠷᠭᠤᠳᠤᠭᠠᠷ᠂ ᠲᠤᠯᠤᠳᠤᠭᠠᠷ᠂ ᠨᠠᠢᠮᠠᠳᠣᠭᠠᠷ ᠵᠤᠷᠪᠤᠰ ᠲᠤ ᠵᠢᠭᠰᠠᠭᠠᠭᠰᠠᠨ ᠮᠡᠳᠡᠭᠡ ᠵᠠᠩᠭᠢ ᠠᠴᠠ ᠭᠠᠳᠠᠨ᠎ᠠ᠂ ᠪᠠᠰᠠ ᠳᠣᠣᠷᠠᠬᠢ ᠠᠭᠤᠯᠭ᠎ᠠ

ᠪᠠᠭᠲᠠᠨ᠎ᠠ᠄
     ︵ᠨᠢᠭᠡ︶ ᠭᠠᠶᠢᠯᠢ ᠶᠢᠨ ᠵᠣᠭᠤᠰ ᠢᠶᠠᠨ ᠲᠤᠳᠠᠭᠤ ᠲᠤᠰᠢᠶ᠋ᠬᠠᠰᠠᠨ ᠮᠡᠳᠡᠭᠡ ᠵᠠᠩᠭᠢ︔
     ︵ᠬᠤᠶᠠᠷ︶ ᠬᠡᠷᠡᠴᠢ ᠮᠠᠲ᠋ᠧᠷᠢᠶᠠᠯ ᠢ ᠵᠠᠯᠢᠯᠠᠨ ᠮᠡᠬᠡᠯᠡᠬᠦ᠂ ᠬᠠᠭᠤᠷᠮᠠᠭ ᠢᠶᠠᠷ ᠵᠤᠬᠢᠶᠠᠬᠤ ᠪᠤᠶᠤ ᠪᠤᠰᠤᠳ ᠠᠷᠭ᠎ᠠ ᠪᠠᠷᠢᠯ ᠢᠶᠠᠷ ᠨᠡᠶᠢᠬᠡᠮ ᠤᠨ ᠲᠠᠭᠠᠳᠬᠠᠯ ᠤᠨ ᠤᠯᠭᠤᠮᠵᠢ ᠶᠢ ᠮᠡᠬᠡᠯᠡᠨ ᠠᠪᠤᠨᠨᠰᠠᠨ ᠮᠡᠳᠡᠭᠡ ᠵᠠᠩᠬᠢ︔
     ︵ᠭᠤᠷᠪᠠ︶ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠵᠠᠮ ᠬᠠᠷᠢᠯᠴᠠᠭᠠᠨ ᠤ ᠬᠠᠤᠯᠢ ᠠᠴᠠ ᠬᠦᠨᠳᠦ ᠨᠣᠴᠢᠲᠠᠶ ᠵᠥᠷᠢᠴᠡᠭᠰᠡᠨ ᠢᠶᠠᠷ ᠮᠠᠭᠠᠳᠯᠠᠨ ᠲᠤᠨᠨᠳᠠᠭᠠᠨᠨᠰᠠᠨ ᠮᠡᠳᠡᠭᠡ ᠵᠠᠩᠭᠢ︔
     ︵ᠲᠦᠷᠪᠡ︶ ᠤᠯᠤᠰ ᠪᠠ ᠥᠪᠡᠷᠲᠡᠭᠡᠨ ᠵᠠᠰᠠᠬᠤ ᠣᠷᠣᠨ ᠠᠴᠠ ᠵᠣᠬᠢᠶᠠᠨ ᠪᠠᠶᠢᠭᠤᠯᠤᠭᠰᠠᠨ ᠨᠢᠭᠡᠳᠦᠯᠲᠡᠶ ᠰᠢᠯᠭᠠᠯᠲᠠ ᠳᠤ ᠬᠡᠮ ᠦᠢᠯᠡᠳᠦᠭᠰᠡᠨ ᠮᠡᠳᠡᠭᠡ ᠵᠠᠩᠭᠢ︔
     ︵ᠲᠠᠪᠤ︶ ᠬᠠᠤᠯᠢ ᠴᠠᠭᠠᠵᠠ᠂ ᠬᠠᠤᠯᠢ ᠲᠣᠭᠲᠠᠭᠠᠯ᠂ ᠲᠤᠨᠨᠳᠠᠭᠠᠯ ᠲᠦᠷᠢᠮ ᠳᠤ ᠲᠣᠭᠲᠠᠭᠠᠭᠰᠠᠨ ᠨᠦᠯᠦᠬᠡ ᠮᠠᠭᠤᠳᠠᠢ ᠪᠤᠰᠤᠳ ᠮᠡᠳᠡᠭᠡ ᠵᠠᠩᠭᠢ᠃
     ᠠᠷᠪᠠᠨ ᠳᠣᠯᠣᠳᠤᠭᠠᠷ ᠵᠦᠢᠯ ᠪᠠᠶᠢᠭᠠᠯᠢᠭ ᠬᠥᠮᠦᠨ ᠤ ᠨᠦᠯᠦᠬᠡ ᠰᠠᠶᠢᠳᠠᠢ ᠮᠡᠳᠡᠭᠡ ᠵᠠᠩᠭᠢ ᠳᠤ ᠳᠣᠣᠷᠠᠬᠢ ᠠᠭᠤᠯᠭ᠎ᠠ ᠪᠠᠭᠲᠠᠨ᠎ᠠ᠄
     ︵ᠨᠢᠭᠡ︶ ᠲᠣᠭᠤᠷᠢᠭ ᠪᠠᠶᠢᠭᠤᠯᠤᠭᠰᠠᠨ ᠬᠤᠳᠠ ᠶᠢᠨ ᠱᠠᠲᠤᠨ ᠠᠴᠠ ᠳᠡᠭᠡᠭᠰᠢᠬᠢ ᠲᠦᠷᠦ ᠶᠢᠨ ᠪᠠᠶᠢᠭᠤᠯᠭ᠎ᠠ ᠶᠢᠨ ᠤᠯᠭᠤᠨᠨᠰᠠᠨ ᠢᠷᠠᠭᠤ ᠠᠯᠳᠠᠷ᠂ ᠰᠠᠶᠢᠰᠢᠶᠠᠨ ᠭᠦᠬᠢᠭᠦᠯᠦᠭᠰᠡᠨ ᠮᠡᠳᠡᠭᠡ ᠵᠠᠩᠭᠢ︔
     ︵ᠬᠤᠶᠠᠷ︶ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ᠂ ᠤᠯᠠᠨ ᠲᠦᠮᠡᠨ ᠤ ᠪᠦᠯᠭᠦᠮ ᠤᠨ ᠵᠣᠬᠢᠶᠠᠨ ᠪᠠᠶᠢᠭᠤᠯᠤᠯᠳᠠ ᠶᠢᠨ ᠦᠷᠨᠢᠬᠦᠯᠦᠭᠰᠡᠨ ᠰᠠᠶᠢᠨ ᠳᠤᠷ᠎ᠠ ᠶᠢᠨ ᠦᠢᠯᠡᠴᠢᠯᠡᠭᠡ᠂ ᠦᠨ᠎ᠠ ᠲᠦᠯᠦᠪᠦᠷᠢ ᠦᠬᠡᠢ ᠪᠠᠷ ᠴᠢᠰᠤ ᠪᠠᠨ ᠦᠭᠭᠦ᠂ ᠨᠢᠭᠦᠯᠡᠰᠦᠩᠭᠦᠶ ᠶᠢᠨ ᠬᠠᠨᠳᠢᠪᠯᠠᠬᠤ ᠠᠵᠢᠯᠯᠠᠭ᠎ᠠ ᠵᠡᠷᠬᠡ ᠳᠤ ᠤᠷᠤᠯᠴᠬᠠᠰᠠᠨ ᠮᠡᠳᠡᠭᠡ ᠵᠠᠩᠭᠢ︔
     ︵ᠭᠤᠷᠪᠠ︶ ᠤᠯᠤᠰ ᠪᠠ ᠥᠪᠡᠷᠲᠡᠭᠡᠨ ᠵᠠᠰᠠᠬᠤ ᠣᠷᠣᠨ ᠠᠴᠠ ᠲᠣᠭᠲᠠᠭᠠᠭᠰᠠᠨ ᠰᠠᠶᠢᠰᠢᠶᠠᠨ ᠮᠬᠠᠳᠠᠭᠤᠰᠢᠳᠠᠢ ᠪᠤᠰᠤᠳ ᠨᠦᠯᠦᠬᠡ ᠰᠠᠶᠢᠳᠠᠢ ᠮᠡᠳᠡᠭᠡ ᠵᠠᠩᠭᠢ᠃
     ᠠᠷᠪᠠᠨ ᠨᠠᠢᠮᠠᠳᠤᠭᠠᠷ ᠵᠦᠢᠯ ᠪᠠᠶᠢᠭᠠᠯᠢᠭ ᠬᠥᠮᠦᠨ ᠤ ᠱᠠᠰᠢᠨ ᠰᠢᠲᠦᠯᠭᠡ᠂ ᠭᠧᠨ᠂ ᠬᠤᠷᠤᠭᠤᠨ ᠤᠷᠤᠮ᠂ ᠴᠢᠰᠤᠨ ᠤ ᠬᠡᠯᠪᠡᠷᠢ᠂ ᠡᠪᠡᠳᠴᠢᠨ ᠲᠠᠬᠤᠯ᠂ ᠡᠪᠡᠳᠴᠢᠨ ᠤ ᠲᠡᠦᠬᠡ ᠶᠢᠨ ᠮᠡᠳᠡᠭᠡ ᠵᠠᠩᠭᠢ ᠵᠢᠴᠢ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠴᠤᠨᠨᠯᠠᠭᠤᠯᠤᠨ ᠨᠡᠶᠢᠯᠡᠬᠦᠯᠬᠦ ᠶᠢ ᠴᠠᠭᠠᠵᠠᠯᠠᠭᠰᠠᠨ ᠪᠠᠶᠢᠭᠠᠯᠢᠭ ᠭᠦᠮᠦᠨ ᠤ ᠪᠤᠰᠤᠳ ᠮᠡᠳᠡᠭᠡ ᠵᠠᠩᠭᠢ ᠶᠢ ᠴᠤᠨᠨᠯᠠᠭᠤᠯᠤᠨ ᠨᠡᠶᠢᠯᠡᠬᠦᠯᠬᠦ ᠶᠢ ᠴᠠᠭᠠᠵᠠᠯᠠᠨ᠎ᠠ᠃ ᠲᠤᠰ ᠬᠥᠮᠦᠨ ᠪᠠᠷ ᠨᠢ ᠪᠢᠴᠢᠭᠦᠯᠵᠦ ᠵᠦᠪᠰᠢᠶᠡᠷᠡᠬᠦᠯᠦᠭᠰᠡᠨ ᠦᠬᠡᠢ ᠪᠠᠷ᠂ ᠪᠠᠶᠢᠭᠠᠯᠢᠭ ᠬᠥᠮᠦᠨ ᠤ ᠣᠷᠣᠯᠭ᠎ᠠ᠂ ᠬᠠᠳᠠᠭᠠᠯᠠᠮᠵᠢ᠂ ᠦᠨᠡᠲᠦ ᠲᠡᠮᠳᠡᠭᠲᠦ᠂ ᠬᠤᠳᠠᠯᠳᠤᠭᠠᠨ ᠤ ᠳᠠᠭᠠᠳᠬᠠᠯ᠂ ᠦᠯᠦ ᠬᠥᠳᠡᠯᠬᠦ ᠬᠦᠷᠦᠩᠭᠡ ᠪᠠ ᠭᠠᠶᠢᠯᠢ ᠲᠤᠰᠢᠶ᠋ᠬᠠᠰᠠᠨ ᠲᠤᠭ᠎ᠠ ᠵᠡᠷᠭᠡ ᠮᠡᠳᠡᠭᠡ ᠵᠠᠩᠭᠢ ᠶᠢ ᠴᠤᠨᠨᠯᠠᠭᠤᠯᠤᠨ ᠨᠡᠶᠢᠯᠡᠬᠦᠯᠵᠦ ᠪᠤᠯᠬᠤ ᠦᠬᠡᠢ᠃
     ᠠᠷᠪᠠ ᠶᠢᠰᠦᠳᠦᠭᠡᠷ ᠵᠦᠢᠯ ᠤᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠠᠵᠢᠯ ᠤᠨ ᠪᠠᠶᠢᠭᠤᠯᠤᠮᠵᠢ ᠨᠢ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠬᠠᠩᠭᠠᠵᠦ ᠦᠭᠭᠦᠭᠰᠡᠨ ᠨᠢᠬᠡᠴᠡ ᠲᠠᠢ ᠬᠠᠮᠳᠤᠷᠠᠯᠴᠠᠨ᠂ ᠤᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠭᠠᠷᠴᠠᠭ ᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠨᠡᠶᠢᠭᠡᠮ ᠳᠤ ᠨᠡᠶᠢᠲᠡᠯᠡᠬᠦ ᠬᠡᠷᠡᠭᠲᠡᠶ᠃
     ᠬᠤᠷᠢᠳᠤᠭᠠᠷ ᠵᠦᠢᠯ ᠤᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠬᠠᠩᠭᠠᠵᠦ ᠦᠭᠭᠦᠭᠰᠡᠨ ᠨᠢᠬᠡᠴᠡ ᠨᠢ ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠲᠠᠪᠴᠠᠩ ᠳᠤ ᠤᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠴᠠᠭ ᠲᠤᠬᠠᠶ ᠳᠤᠨᠢ᠂ ᠣᠨᠣᠪᠴᠢᠲᠠᠶ ᠪᠠᠷ᠂ ᠪᠦᠷᠢᠨ ᠪᠦᠲᠦᠨ ᠬᠠᠩᠭᠠᠵᠦ ᠦᠭᠭᠦ ᠶᠢᠨ ᠬᠠᠮᠳᠤ᠂ ᠴᠠᠭ ᠲᠤᠬᠠᠢ ᠳᠤᠨᠢ ᠰᠢᠨᠡᠳᠬᠡᠬᠦ ᠬᠡᠷᠡᠭᠲᠡᠶ᠃
     ᠬᠤᠷᠢᠨ ᠨᠢᠬᠡᠳᠦᠬᠡᠷ ᠵᠦᠢᠯ ᠤᠯᠠᠨ ᠨᠡᠶᠢᠳᠡ ᠶᠢᠨ ᠢᠳᠡᠬᠡᠮᠵᠢ ᠶᠢᠨ ᠮᠡᠳᠡᠭᠡ ᠵᠠᠩᠬᠢ ᠬᠠᠩᠭᠠᠵᠦ ᠦᠭᠭᠦᠭᠰᠡᠨ ᠨᠢᠬᠡᠴᠡ ᠨᠢ ᠲᠤᠰ ᠨᠢᠬᠡᠴᠡ ᠶᠢᠨ ᠬᠠᠩᠭᠠᠵᠦ ᠦᠭᠭᠦᠭᠰᠡᠨ ᠤᠯᠠᠨ ᠨᠡᠶᠢᠳᠡ ᠶᠢᠨ ᠢᠳᠡᠬᠡᠮᠵᠢ ᠶᠢᠨ ᠮᠡᠳᠡᠭᠡ ᠵᠠᠩᠬᠢ ᠳᠤ ᠲᠤᠰᠬᠠᠨᠨᠳ᠋ᠬᠠᠰᠠᠨ ᠮᠡᠳᠡᠭᠡ ᠵᠠᠩᠬᠢ ᠶᠢᠨ ᠭᠤᠤᠯ ᠴᠤᠨᠨᠴᠠ ᠶᠢᠨ ᠢᠳᠡᠬᠡᠮᠵᠢ ᠶᠢᠨ ᠪᠠᠶᠢᠳᠠᠯ ᠢ ᠲᠦᠷᠦᠯ ᠬᠤᠪᠢᠶᠠᠨ ᠬᠠᠮᠢᠶᠠᠷᠬᠤ ᠶᠢᠨ ᠬᠠᠮᠳᠤ᠂ ᠬᠠᠩᠭᠠᠵᠦ ᠦᠭᠭᠦᠭᠰᠡᠨ ᠮᠡᠳᠡᠭᠡ ᠵᠠᠩᠬᠢ ᠶᠢᠨ ᠦᠨᠡᠨ ᠪᠤᠳᠠᠳᠤ ᠴᠢᠨᠠᠷ ᠲᠤ ᠬᠠᠷᠢᠭᠤᠴᠠᠬᠤ ᠬᠡᠷᠡᠭᠳᠡᠢ᠃
     ᠬᠤᠷᠢᠨ ᠬᠤᠶᠠᠳᠤᠭᠠᠷ ᠵᠦᠢᠯ ᠤᠯᠠᠨ ᠨᠡᠶᠢᠳᠡ ᠶᠢᠨ ᠢᠳᠡᠬᠡᠮᠵᠢ ᠶᠢᠨ ᠮᠡᠳᠡᠭᠡ ᠵᠠᠩᠬᠢ ᠶᠢᠨ ᠠᠵᠢᠯ ᠤᠨ ᠪᠠᠶᠢᠭᠤᠯᠤᠮᠵᠢ ᠪᠠ ᠤᠯᠠᠨ ᠨᠡᠶᠢᠳᠡ ᠶᠢᠨ ᠢᠳᠡᠬᠡᠮᠵᠢ ᠶᠢᠨ ᠮᠡᠳᠡᠭᠡ ᠵᠠᠩᠬᠢ ᠬᠠᠩᠭᠠᠵᠦ ᠦᠭᠭᠦᠭᠰᠡᠨ ᠨᠢᠬᠡᠴᠡ ᠨᠢ ᠮᠡᠳᠡᠭᠡ ᠵᠠᠩᠬᠢ ᠶᠢᠨ ᠠᠮᠤᠷ ᠲᠦᠪᠰᠢᠨ ᠤ ᠬᠠᠮᠢᠶᠠᠷᠤᠯᠳᠠ ᠶᠢᠨ ᠲᠦᠷᠢᠮ ᠢ ᠪᠠᠶᠢᠭᠤᠯᠤᠨ ᠪᠦᠷᠢᠨᠰᠢᠬᠦᠯᠵᠦ᠂ ᠠᠮᠤᠷ ᠲᠦᠪᠰᠢᠨ ᠪᠦᠬᠡᠳ ᠡᠵᠡᠮᠳᠡᠵᠦ ᠪᠤᠯᠬᠤᠶᠢᠴᠠ ᠮᠡᠷᠬᠡᠵᠢᠯ᠂ ᠦᠢᠯᠡᠴᠢᠯᠡᠬᠡᠨ ᠤ ᠵᠡᠷᠬᠡ ᠠᠷᠭ᠎ᠠ ᠬᠡᠮᠵᠢᠶ᠎ᠡ ᠶᠢ ᠬᠡᠷᠡᠭᠯᠡᠨ᠂ ᠤᠯᠠᠨ ᠨᠡᠶᠢᠳᠡ ᠶᠢᠨ ᠢᠳᠡᠬᠡᠮᠵᠢ ᠶᠢᠨ ᠮᠡᠳᠡᠭᠡ ᠵᠠᠩᠬᠢ ᠶᠢᠨ ᠠᠮᠤᠷ ᠲᠦᠪᠰᠢᠨ ᠢ ᠪᠠᠳᠤᠯᠠᠬᠤ ᠬᠡᠷᠡᠭᠳᠡᠢ᠃


     ᠭᠤᠷᠪᠠᠳᠤᠭᠠᠷ ᠪᠦᠯᠦᠭ ᠮᠡᠳᠡᠭᠡ ᠵᠠᠩᠭᠢ ᠶᠢ ᠢᠯᠡ ᠨᠡᠶᠢᠳᠡᠯᠡᠬᠦ


     ᠬᠤᠷᠢᠨ ᠭᠤᠷᠪᠠᠳᠤᠭᠠᠷ ᠵᠦᠢᠯ
ᠤᠯᠠᠨ ᠨᠡᠶᠢᠳᠡ ᠶᠢᠨ ᠢᠳᠡᠬᠡᠮᠵᠢ ᠶᠢᠨ ᠮᠡᠳᠡᠭᠡ ᠵᠠᠩᠬᠢ ᠶᠢ ᠢᠯᠡ ᠪᠤᠯᠭᠠᠬᠤ ᠮᠡᠳᠡᠭᠡ ᠵᠠᠩᠬᠢ ᠪᠠ ᠦᠯᠦ ᠢᠯᠡ ᠪᠤᠯᠭᠠᠬᠤ ᠮᠡᠳᠡᠭᠡ ᠵᠠᠩᠬᠢ ᠬᠡᠵᠦ ᠬᠤᠪᠢᠶᠠᠨ᠎ᠠ᠃ ᠳᠣᠣᠷ᠎ᠠ ᠵᠢᠭᠰᠠᠭᠠᠭᠰᠠᠨ ᠮᠡᠳᠡᠭᠡ ᠵᠠᠩᠭᠢ ᠢᠯᠡ ᠪᠤᠯᠭᠠᠬᠤ ᠮᠡᠳᠡᠭᠡ ᠵᠠᠩᠬᠢ ᠳᠤ ᠬᠠᠷᠢᠶᠠᠯᠬᠠᠳᠠᠨ᠎ᠠ᠄
     ︵ᠨᠢᠭᠡ︶ ᠤᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠬᠠᠩᠭᠠᠵᠦ ᠦᠭᠭᠦᠭᠰᠡᠨ ᠨᠢᠬᠡᠴᠡ ᠨᠢ ᠨᠢᠭᠡᠨᠲᠡ ᠬᠠᠤᠯᠢ ᠶᠤᠰᠤᠭᠠᠷ ᠵᠠᠰᠠᠭ ᠤᠨ ᠣᠷᠳᠣᠨ ᠤ ᠠᠯᠪᠠᠨ ᠮᠡᠳᠡᠭᠡ᠂ ᠰᠣᠨᠢᠨ ᠮᠡᠳᠡᠭᠡ ᠨᠡᠶᠢᠲᠡᠯᠡᠬᠦ ᠬᠤᠷᠠᠯ᠂ ᠢᠨᠲ᠋ᠧᠷ ᠰᠦᠯᠵᠢᠶ᠎ᠡ ᠵᠢᠴᠢ ᠰᠣᠨᠢᠨ ᠰᠡᠳᠬᠦᠯ᠂ ᠷᠠᠳᠢᠣ᠋᠂ ᠲᠧᠯᠸᠢᠰ ᠵᠡᠷᠭᠡ ᠠᠷᠭ᠎ᠠ ᠬᠡᠯᠪᠡᠷᠢ ᠪᠠᠷ ᠲᠠᠮᠵᠢᠭᠤᠯᠵᠦ ᠨᠡᠶᠢᠳᠡᠯᠡᠭᠰᠡᠨ ᠪᠠᠶᠢᠬᠤ︔
     ︵ᠬᠤᠶᠠᠷ︶ ᠬᠠᠤᠯᠢ ᠴᠠᠭᠠᠵᠠ᠂ ᠬᠠᠤᠯᠢ ᠲᠣᠭᠲᠠᠭᠠᠯ᠂ ᠲᠤᠨᠨᠳᠠᠭᠠᠯ ᠲᠦᠷᠢᠮ ᠤᠨ ᠲᠤᠨᠨᠳᠠᠭᠠᠯ ᠢ ᠦᠨᠳᠦᠰᠦᠯᠡᠨ ᠢᠯᠡ ᠪᠤᠯᠭᠠᠪᠠᠰᠤ ᠵᠤᠬᠢᠬᠤ ᠪᠤᠰᠤᠳ ᠦᠨᠳᠦᠰᠦᠨ ᠮᠡᠳᠡᠭᠡ ᠵᠠᠩᠭᠢ᠃ ᠡᠮᠦᠨᠡᠬᠢ ᠵᠤᠷᠪᠤᠰ ᠲᠤ ᠲᠤᠨᠨᠳᠠᠭᠠᠨᠨᠰᠠᠨ ᠠᠴᠠ ᠪᠤᠰᠤᠳ ᠮᠡᠳᠡᠭᠡ ᠵᠠᠩᠬᠢ ᠨᠢ ᠦᠯᠦ ᠢᠯᠡ ᠪᠤᠯᠭᠠᠬᠤ ᠮᠡᠳᠡᠭᠡ ᠵᠠᠩᠬᠢ ᠳᠤ ᠬᠠᠷᠢᠶᠠᠯᠬᠠᠳᠠᠨ᠎ᠠ᠃ ᠮᠡᠳᠡᠭᠡ ᠵᠠᠩᠬᠢ ᠶᠢᠨ ᠭᠤᠤᠯ ᠴᠤᠨᠨᠴᠠ ᠪᠤᠯᠬᠤ ᠲᠤᠰ ᠭᠦᠮᠦᠨ ᠪᠤᠶᠤ ᠮᠡᠳᠡᠭᠡ ᠵᠠᠩᠬᠢ ᠶᠢᠨ ᠭᠤᠤᠯ ᠴᠤᠨᠨᠴᠠ ᠠᠴᠠ ᠡᠷᠬᠡ ᠤᠯᠭᠤᠪᠠᠯ᠂ ᠦᠯᠦ ᠢᠯᠡ ᠪᠤᠯᠭᠠᠬᠤ ᠮᠡᠳᠡᠭᠡ ᠵᠠᠩᠬᠢ ᠶᠢ ᠬᠠᠶᠢᠨ ᠯᠠᠪᠯᠠᠵᠦ ᠪᠤᠯᠤᠨ᠎ᠠ᠃
     ᠬᠤᠷᠢᠨ ᠳᠥᠷᠪᠡᠳᠦᠭᠡᠷ ᠵᠦᠢᠯ ᠤᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠠᠵᠢᠯ ᠤᠨ ᠪᠠᠶᠢᠭᠤᠯᠤᠮᠵᠢ ᠨᠢ ᠦᠢᠯᠡᠴᠢᠯᠡᠭᠡᠨ ᠤ ᠵᠢᠷᠤᠮᠵᠢᠯ ᠢ ᠲᠣᠭᠲᠠᠭᠠᠨ ᠨᠡᠶᠢᠲᠡᠯᠡᠵᠦ᠂ ᠦᠢᠯᠡᠴᠢᠯᠡᠭᠡᠨ ᠤ ᠴᠤᠩᠬᠤᠪᠴᠢ᠂ ᠲᠠᠪᠴᠠᠩ ᠤᠨ ᠰᠦᠯᠵᠢᠶ᠎ᠡ᠂ ᠰᠢᠯᠵᠢᠬᠡ ᠦᠢᠯᠡᠴᠢᠯᠡᠬᠡᠨ ᠤ ᠦᠵᠦᠭᠦᠷ ᠵᠡᠷᠭᠡ ᠠᠷᠭ᠎ᠠ ᠬᠡᠯᠪᠡᠷᠢ ᠪᠠᠷ ᠨᠡᠶᠢᠭᠡᠮ ᠳᠤ ᠳᠥᠭᠦᠮ ᠠᠪᠰᠠᠷᠬᠠᠨ ᠢᠶᠠᠷ ᠬᠠᠶᠢᠨ ᠯᠠᠪᠯᠠᠬᠤ ᠦᠢᠯᠡᠴᠢᠯᠡᠭᠡ ᠬᠠᠩᠭᠠᠵᠦ ᠦᠭᠭᠦ ᠬᠡᠷᠡᠭᠲᠡᠶ᠃
     ᠮᠡᠳᠡᠭᠡ ᠵᠠᠩᠭᠢ ᠶᠢᠨ ᠭᠤᠣᠯ ᠴᠣᠭᠴᠠ ᠨᠢ ᠲᠤᠰ ᠬᠥᠮᠦᠨ ᠤ ᠦᠯᠦ ᠢᠯᠡ ᠪᠤᠯᠭᠠᠬᠤ ᠮᠡᠳᠡᠭᠡ ᠵᠠᠩᠭᠢ ᠶᠢ ᠬᠠᠶᠢᠨ ᠯᠠᠪᠯᠠᠬᠤ ᠪᠠᠷ ᠭᠤᠶᠤᠴᠢᠯᠠᠬᠤ ᠳᠤ᠂ ᠭᠠᠷᠤᠯ ᠤᠨ ᠬᠦᠴᠦᠨ ᠪᠦᠬᠦᠢ ᠭᠡᠷᠡᠴᠢ ᠬᠠᠩᠭᠠᠵᠦ ᠦᠭᠭᠦ ᠬᠡᠷᠡᠭᠲᠡᠶ︔ ᠬᠠᠶᠢᠨ ᠯᠠᠪᠯᠠᠬᠤ ᠳᠤ ᠡᠷᠬᠡ ᠤᠯᠭᠤᠨᠨᠰᠠᠨ ᠪᠤᠯ᠂ ᠲᠤᠰ ᠬᠥᠮᠦᠨ ᠤ ᠭᠠᠷᠤᠯ ᠤᠨ ᠬᠦᠴᠦᠨ ᠪᠦᠬᠦᠢ ᠬᠡᠷᠡᠴᠢ ᠪᠠ ᠮᠡᠳᠡᠭᠡ ᠵᠠᠩᠭᠢ ᠶᠢᠨ ᠭᠤᠣᠯ ᠴᠣᠭᠴᠠ ᠶᠢᠨ ᠡᠷᠬᠡ ᠤᠯᠭᠤᠨᠨᠰᠠᠨ ᠪᠢᠴᠢᠭ ᠭᠡᠷᠡᠴᠢ ᠶᠢ ᠬᠠᠩᠭᠠᠵᠦ ᠦᠭᠭᠦ ᠬᠡᠷᠡᠭᠲᠡᠶ᠃ ᠢᠯᠡ ᠪᠤᠯᠭᠠᠨᠨᠰᠠᠨ ᠮᠡᠳᠡᠭᠡ ᠵᠠᠩᠭᠢ ᠶᠢ ᠬᠠᠶᠢᠨ ᠯᠠᠪᠯᠠᠬᠤ ᠳᠤ᠂ ᠬᠠᠮᠢᠶ᠎ᠠ ᠪᠦᠬᠦᠢ ᠭᠡᠷᠡᠴᠢ ᠮᠠᠲ᠋ᠧᠷᠢᠶᠠᠯ ᠬᠠᠩᠭᠠᠵᠦ ᠦᠭᠭᠦ ᠴᠢᠬᠤᠯᠠ ᠦᠭᠡᠢ᠃
    ᠬᠤᠷᠢᠨ ᠲᠠᠪᠤᠳᠤᠭᠠᠷ ᠵᠦᠢᠯ ᠲᠦᠷᠦ ᠶᠢᠨ ᠪᠠᠶᠢᠭᠤᠯᠭ᠎ᠠ ᠨᠢ ᠬᠠᠤᠯᠢ ᠶᠣᠰᠣᠭᠠᠷ ᠡᠭᠦᠷᠬᠡ ᠬᠠᠷᠢᠭᠤᠴᠠᠯᠭ᠎ᠠ ᠪᠠᠨ ᠭᠦᠢᠴᠡᠳᠬᠡᠬᠦ ᠳᠤ᠂ ᠤᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠬᠡᠷᠡᠭᠯᠡᠬᠦ ᠴᠢᠬᠤᠯᠠᠲᠠᠶ ᠪᠠᠶᠢᠪᠠᠯ᠂ ᠬᠤᠯᠪᠣᠭᠳᠠᠯ ᠪᠦᠬᠦᠢ ᠲᠡᠰ ᠲᠠᠷᠠᠭᠠᠯᠠᠯ ᠪᠠ ᠨᠥᠬᠦᠴᠡᠯ ᠢ ᠦᠨᠳᠦᠰᠦᠯᠡᠵᠦ᠂ ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠲᠠᠪᠴᠠᠩ ᠳᠠᠬᠢ ᠤᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠪᠦᠬᠡᠮ ᠢᠶᠠᠷ ᠬᠠᠮᠳᠤ ᠳᠠᠭᠠᠨ ᠭᠦᠷᠳᠡᠬᠦ ᠪᠤᠶᠤ ᠬᠠᠶᠢᠨ ᠯᠠᠪᠯᠠᠵᠤ ᠪᠣᠯᠤᠨ᠎ᠠ᠃
     ᠬᠤᠷᠢᠨ ᠵᠢᠷᠭᠤᠳᠤᠭᠠᠷ ᠵᠦᠢᠯ ᠲᠦᠷᠦ ᠶᠢᠨ ᠪᠠᠶᠢᠭᠤᠯᠭ᠎ᠠ ᠨᠢ ᠲᠤᠰ ᠨᠢᠭᠡᠴᠡ ᠶᠢᠨ ᠢᠶᠠᠨ ᠤᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠬᠠᠶᠢᠨ ᠯᠠᠪᠯᠠᠬᠤ ᠳᠦᠷᠢᠮ ᠤᠨ ᠵᠢᠷᠤᠮᠵᠢᠯ ᠢ ᠪᠠᠶᠢᠭᠤᠯᠵᠦ᠂ ᠬᠠᠶᠢᠨ ᠯᠠᠪᠯᠬᠠᠰᠠᠨ ᠡᠳᠦᠷ ᠤᠨ ᠲᠡᠮᠳᠡᠭᠯᠡᠯ ᠭᠠᠷᠭᠠᠬᠤ ᠬᠡᠷᠡᠭᠲᠡᠶ᠃ ᠬᠠᠶᠢᠨ ᠯᠠᠪᠯᠬᠠᠰᠠᠨ ᠡᠳᠦᠷ ᠤᠨ ᠲᠡᠮᠳᠡᠭᠯᠡᠯ ᠢᠶᠠᠨ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠵᠦ ᠬᠠᠳᠠᠭᠠᠯᠠᠬᠤ ᠬᠡᠷᠡᠭᠲᠡᠶ᠃
     ᠬᠤᠷᠢᠨ ᠳᠣᠯᠣᠳᠤᠭᠠᠷ ᠵᠦᠢᠯ ᠤᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠨᠡᠶᠢᠭᠡᠮ ᠳᠤ ᠢᠯᠡ ᠨᠡᠶᠢᠳᠡᠯᠡᠬᠦ ᠳᠤ ᠬᠠᠤᠯᠢ ᠴᠠᠭᠠᠵᠠ᠂ ᠬᠠᠤᠯᠢ ᠲᠤᠨᠨᠳᠠᠭᠠᠯ᠂ ᠲᠣᠭᠲᠠᠭᠠᠯ ᠲᠦᠷᠢᠮ ᠤᠨ ᠲᠤᠨᠨᠳᠠᠭᠠᠯ ᠳᠤ ᠨᠡᠶᠢᠴᠡᠭᠰᠡᠨ ᠪᠠᠶᠢᠬᠤ ᠬᠡᠷᠡᠭᠳᠡᠢ᠂ ᠬᠤᠪᠢ ᠬᠥᠮᠦᠨ ᠤ ᠨᠢᠭᠤᠴᠠ ᠳᠤ ᠬᠠᠷᠢᠶᠠᠯᠬᠠᠳᠠᠬᠤ᠂ ᠬᠤᠳᠠᠯᠳᠤᠭᠠᠨ ᠤ ᠨᠢᠭᠤᠴᠠ ᠳᠤ ᠬᠤᠯᠪᠤᠨᠨᠳᠠᠬᠤ ᠵᠢᠴᠢ ᠬᠠᠤᠯᠢ ᠴᠠᠭᠠᠵᠠ᠂ ᠬᠠᠤᠯᠢ ᠲᠤᠨᠨᠳᠠᠭᠠᠯ᠂ ᠲᠣᠭᠲᠠᠭᠠᠯ ᠲᠦᠷᠢᠮ ᠳᠤ ᠢᠯᠡ ᠪᠤᠯᠭᠠᠵᠦ ᠪᠤᠯᠬᠤ ᠦᠬᠡᠢ ᠪᠠᠷ ᠲᠣᠭᠲᠠᠭᠠᠭᠰᠠᠨ ᠪᠤᠰᠤᠳ ᠠᠭᠤᠯᠭ᠎ᠠ ᠳᠤ ᠨᠢᠭᠤᠴᠠ ᠶᠢ ᠬᠠᠮᠠᠭᠠᠯᠠᠬᠤ ᠠᠷᠭ᠎ᠠ ᠬᠡᠮᠵᠢᠶ᠎ᠡ ᠠᠪᠴᠤ᠂ ᠢᠯᠡ ᠨᠡᠶᠢᠳᠡᠯᠡᠵᠦ ᠪᠣᠯᠬᠤ ᠦᠭᠡᠢ᠃


    ᠳᠥᠷᠪᠡᠳᠦᠭᠡᠷ ᠪᠦᠯᠦᠭ ᠮᠡᠳᠡᠭᠡ ᠵᠠᠩᠭᠢ ᠶᠢ ᠬᠡᠷᠡᠭᠯᠡᠬᠦ


     ᠬᠤᠷᠢᠨ ᠨᠠᠢᠮᠠᠳᠤᠭᠠᠷ ᠵᠦᠢᠯ
ᠲᠦᠷᠦ ᠶᠢᠨ ᠪᠠᠶᠢᠭᠤᠯᠭ᠎ᠠ ᠨᠢ ᠡᠭᠦᠷᠬᠡ ᠬᠠᠷᠢᠭᠤᠴᠠᠯᠭ᠎ᠠ ᠪᠠᠨ ᠭᠦᠢᠴᠡᠳᠬᠡᠬᠦ ᠳᠤ᠂ ᠮᠡᠳᠡᠭᠡ ᠵᠠᠩᠭᠢ ᠶᠢᠨ ᠭᠤᠣᠯ ᠴᠣᠭᠴᠠ ᠶᠢᠨ ᠢᠲᠡᠭᠡᠮᠵᠢ ᠶᠢᠨ ᠪᠠᠶᠢᠳᠠᠯ ᠢ ᠬᠠᠮᠢᠶᠠᠷᠤᠯᠳᠠ ᠶᠢᠨ ᠠᠵᠢᠯᠯᠠᠭ᠎ᠠ ᠦᠷᠨᠢᠬᠦᠯᠬᠦ ᠶᠢᠨ ᠴᠢᠬᠤᠯᠠ ᠦᠨᠳᠦᠰᠦᠯᠡᠯ ᠪᠣᠯᠭᠠᠬᠤ ᠬᠡᠷᠡᠭᠲᠡᠶ᠃
     ᠬᠤᠷᠢ ᠶᠢᠰᠦᠳᠦᠭᠡᠷ ᠵᠦᠢᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠰᠠᠯᠠᠭ᠎ᠠ ᠮᠥᠴᠢᠷ ᠠᠯᠤᠰᠯᠠᠭᠰᠠᠨ᠂ ᠬᠦᠷᠢᠶ᠎ᠡ ᠴᠠᠷᠠᠭ᠎ᠠ ᠠᠯᠤᠰᠯᠠᠭᠰᠠᠨ᠂ ᠭᠠᠵᠠᠷ ᠣᠷᠣᠨ ᠠᠯᠤᠰᠯᠠᠭᠰᠠᠨ ᠢᠳᠡᠬᠡᠯ ᠲᠠᠢ ᠪᠠᠶᠢᠪᠠᠯ ᠬᠤᠯᠪᠤᠭᠠᠯᠠᠨ ᠤᠷᠮᠠᠰᠢᠭᠤᠯᠬᠤ ᠪᠠ ᠢᠲᠡᠭᠡᠯ ᠠᠯᠳᠠᠪᠠᠯ ᠬᠤᠯᠪᠣᠭᠠᠯᠠᠨ ᠵᠠᠯᠬᠠᠭᠠᠵᠦ ᠴᠡᠭᠡᠷᠯᠡᠭᠦᠯᠬᠦ ᠲᠣᠭᠲᠠᠴᠠ ᠶᠢ ᠪᠠᠶᠢᠭᠤᠯᠵᠦ᠂ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠲᠣᠭᠲᠠᠭᠠᠯ ᠢ ᠦᠨᠳᠦᠰᠦᠯᠡᠵᠦ ᠬᠤᠯᠪᠤᠭᠠᠯᠠᠨ ᠤᠷᠮᠠᠰᠢᠭᠤᠯᠬᠤ ᠪᠠ ᠵᠠᠯᠬᠠᠭᠠᠨ ᠴᠡᠭᠡᠷᠯᠡᠭᠦᠯᠬᠦ ᠵᠦᠢᠯᠡᠰ ᠢ ᠲᠤᠨᠨᠳᠠᠭᠠᠬᠤ ᠶᠢᠨ ᠬᠠᠮᠲᠤ᠂ ᠨᠡᠶᠢᠭᠡᠮ ᠳᠤ ᠨᠡᠶᠢᠲᠡᠯᠡᠬᠦ ᠬᠡᠷᠡᠭᠲᠡᠶ᠃
     ᠭᠤᠴᠢᠳᠤᠭᠠᠷ ᠵᠦᠢᠯ ᠲᠦᠷᠦ ᠶᠢᠨ ᠪᠠᠶᠢᠭᠤᠯᠭ᠎ᠠ ᠨᠢ ᠡᠳᠦᠷ ᠲᠤᠳᠤᠮ ᠤᠨ ᠬᠢᠨᠠᠯᠲᠠ ᠬᠠᠮᠢᠶᠠᠷᠤᠯᠳᠠ᠂ ᠵᠠᠰᠠᠭ ᠵᠠᠬᠢᠷᠭᠠᠨ ᠤ ᠵᠥᠪᠰᠢᠶᠡᠷᠡᠯ᠂ ᠲᠦᠷᠦᠯ ᠵᠦᠢᠯ ᠤᠨ ᠬᠢᠨᠠᠨ ᠵᠦᠪᠰᠢᠶᠡᠷᠡᠯ᠂ ᠬᠢᠷᠢ ᠴᠢᠳᠠᠮᠵᠢ ᠶᠢᠨ ᠮᠠᠭᠠᠳᠯᠠᠨ ᠲᠤᠨᠨᠳᠠᠭᠠᠯᠳᠠ᠂ ᠵᠠᠰᠠᠭ ᠤᠨ ᠣᠷᠳᠣᠨ ᠤ ᠬᠤᠳᠠᠯᠳᠤᠨ ᠠᠪᠬᠤ᠂ ᠳᠠᠭᠠᠭᠠᠴᠢᠯᠠᠯᠲᠠ ᠵᠠᠷᠯᠠᠬᠤ ᠪᠠ ᠳᠠᠭᠠᠭᠠᠴᠢᠯᠠᠯᠲᠠ ᠭᠦᠯᠢᠶᠡᠬᠦ᠂ ᠤᠯᠠᠨ ᠨᠡᠶᠢᠲᠡ ᠶᠢᠨ ᠡᠬᠢ ᠪᠠᠶᠠᠯᠢᠭ ᠢ ᠠᠷᠠᠯᠵᠢᠶᠠᠯᠠᠬᠤ᠂ ᠲᠤᠰᠬᠠᠶ ᠵᠦᠢᠯ ᠤᠨ ᠪᠡᠯᠡ ᠮᠦᠩᠭᠦᠨ ᠤ ᠲᠤᠬᠢᠷᠠᠭᠤᠯᠤᠯᠳᠠ᠂ ᠡᠳ᠋ ᠤᠨ ᠵᠠᠰᠠᠭ ᠤᠨ ᠨᠡᠮᠡᠬᠦᠷᠢ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ ᠪᠡᠯᠡ ᠲᠤᠬᠢᠷᠠᠭᠤᠯᠬᠤ ᠦᠢᠯᠡᠴᠢᠯᠡᠭᠡᠨ᠂ ᠰᠠᠶᠢᠰᠢᠶᠠᠨ ᠭᠦᠬᠢᠬᠦᠯᠵᠦ ᠱᠠᠩᠨᠠᠬᠤ᠂ ᠠᠯᠪᠠᠲᠠᠨ ᠡᠯᠰᠡᠬᠦ ᠵᠡᠷᠭᠡ ᠠᠵᠢᠯᠯᠠᠭ᠎ᠠ ᠶᠢᠨ ᠶᠠᠪᠤᠴᠠ ᠳᠤ᠂ ᠬᠠᠮᠢᠶ᠎ᠠ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠲᠤᠨᠨᠳᠠᠭᠠᠯ ᠶᠤᠰᠤᠭᠠᠷ᠂ ᠢᠲᠡᠭᠡᠮᠵᠢ ᠶᠢᠨ ᠪᠠᠶᠢᠳᠠᠯ ᠢᠶᠠᠷ ᠰᠠᠶᠢᠨ ᠪᠠᠶᠢᠭ᠎ᠠ ᠮᠡᠳᠡᠭᠡ ᠵᠠᠩᠭᠢ ᠶᠢᠨ ᠭᠤᠣᠯ ᠴᠣᠭᠴᠠ ᠳᠤ ᠡᠩ ᠲᠡᠷᠢᠭᠦᠨ ᠳᠤ ᠤᠯᠭᠤᠬᠤ ᠪᠠ ᠬᠠᠷᠠᠭᠠᠯᠵᠠᠯ ᠦᠵᠡᠭᠦᠯᠬᠦ ᠵᠡᠷᠭᠡ ᠤᠷᠮᠠᠰᠢᠭᠤᠯᠬᠤ ᠠᠷᠭ᠎ᠠ ᠬᠡᠮᠵᠢᠶ᠎ᠡ ᠠᠪᠬᠤ ᠬᠡᠷᠡᠭᠲᠡᠶ᠃
     ᠭᠤᠴᠢᠨ ᠨᠢᠭᠡᠳᠦᠭᠡᠷ ᠵᠦᠢᠯ ᠢᠲᠡᠭᠡᠮᠵᠢ ᠶᠢᠨ ᠪᠠᠶᠢᠳᠠᠯ ᠢᠶᠠᠷ ᠠᠨᠠᠢ ᠪᠠᠶᠢᠭ᠎ᠠ ᠮᠡᠳᠡᠭᠡ ᠵᠠᠩᠭᠢ ᠶᠢᠨ ᠭᠤᠣᠯ ᠴᠣᠭᠴᠠ ᠳᠤ᠂ ᠵᠠᠰᠠᠭ ᠵᠠᠬᠢᠷᠭᠠᠨ ᠤ ᠪᠠᠶᠢᠭᠤᠯᠭ᠎ᠠ ᠨᠢ ᠬᠠᠤᠯᠢ ᠶᠣᠰᠣᠭᠠᠷ ᠳᠣᠣᠷ᠎ᠠ ᠵᠢᠭᠰᠠᠭᠠᠭᠰᠠᠨ ᠬᠢᠨᠠᠯᠲᠠ ᠬᠠᠮᠢᠶᠠᠷᠤᠯᠳᠠ ᠶᠢᠨ ᠠᠷᠭ᠎ᠠ ᠬᠡᠮᠵᠢᠶ᠎ᠡ ᠠᠪᠬᠤ ᠬᠡᠷᠡᠭᠳᠡᠢ᠄
     ︵ᠨᠢᠭᠡ︶ ᠡᠳᠦᠷ ᠲᠤᠳᠤᠮ ᠤᠨ ᠬᠢᠨᠠᠯᠳᠠ ᠪᠠᠶᠢᠴᠠᠭᠠᠯᠳᠠ ᠳᠤ ᠭᠤᠣᠯᠳᠠᠯᠭ᠎ᠠ ᠲᠠᠢ ᠬᠢᠨᠠᠯᠳᠠ ᠲᠠᠯᠪᠢᠵᠦ ᠬᠠᠮᠢᠶᠠᠷᠤᠨᠨᠳᠠᠬᠤ ᠡᠲᠡᠭᠡᠳ ᠢᠶᠠᠷ ᠵᠢᠨᠨᠰᠠᠭᠠᠨᠨᠳ᠋ᠬᠠᠰᠠᠨ ᠪᠤᠯ᠂ ᠪᠠᠶᠢᠴᠠᠭᠠᠬᠤ ᠳᠠᠪᠲᠠᠮᠵᠢ ᠤᠳᠠᠭ᠎ᠠ ᠶᠢ ᠨᠢ ᠨᠡᠮᠡᠭᠳᠡᠬᠦᠯᠦᠨ᠂ ᠠᠬᠤᠢ ᠲᠠᠯᠠᠪᠠᠢ ᠳᠤ ᠬᠠᠷᠭᠤᠭᠤᠯᠤᠨ ᠪᠠᠶᠢᠴᠠᠭᠠᠬᠤ ᠪᠠᠨ ᠴᠢᠩᠭᠠᠳᠬᠠᠬᠤ ᠬᠡᠷᠡᠭᠲᠡᠶ︔
     ︵ᠬᠤᠶᠠᠷ︶ ᠡᠯ᠎ᠡ ᠲᠥᠷᠥᠯ ᠤᠨ ᠪᠠᠶᠢᠴᠠᠭᠠᠯᠳᠠ ᠪᠠ ᠬᠢᠨᠠᠯᠳᠠ ᠠᠴᠠ ᠬᠡᠯᠳᠦᠷᠢᠬᠦᠯᠬᠦ ᠬᠡᠪᠴᠢᠶ᠎ᠡ ᠳᠤ ᠤᠷᠤᠭᠤᠯᠵᠦ ᠪᠤᠯᠬᠤ ᠦᠬᠡᠢ︔
     ︵ᠭᠤᠷᠪᠠ︶ ᠭᠦᠷᠳᠡᠵᠦ ᠪᠠᠶᠢᠨᠨᠰᠠᠨ ᠵᠠᠰᠠᠭ ᠵᠠᠬᠢᠷᠭᠠᠨ ᠤ ᠲᠦᠭᠦᠮᠴᠢᠯᠡᠬᠦ ᠠᠷᠭ᠎ᠠ ᠬᠡᠮᠵᠢᠶ᠎ᠡ ᠶᠢ ᠨᠢ ᠦᠬᠡᠶᠢᠰᠬᠡᠬᠦ︔
     ︵ᠲᠦᠷᠪᠡ︶ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠲᠣᠭᠲᠠᠭᠠᠭᠰᠠᠨ ᠬᠡᠷᠡᠭᠯᠡᠵᠦ ᠪᠤᠯᠬᠤᠶᠢᠴᠠ ᠪᠤᠰᠤᠳ ᠬᠢᠨᠠᠯᠳᠠ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠃
     ᠭᠤᠴᠢᠨ ᠬᠤᠶᠠᠳᠤᠭᠠᠷ ᠵᠦᠢᠯ ᠬᠠᠮᠢᠶ᠎ᠠ ᠪᠦᠬᠦᠢ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠭᠦᠨᠳᠦ ᠨᠤᠴᠢᠳᠠᠢ ᠢᠲᠡᠭᠡᠯ ᠠᠯᠳᠠᠭᠰᠠᠨ ᠨᠡᠷᠡᠰ ᠲᠤ ᠵᠢᠨᠨᠰᠠᠭᠠᠨ ᠤᠷᠤᠭᠤᠯᠤᠨᠨᠰᠠᠨ ᠮᠡᠳᠡᠭᠡ ᠵᠠᠩᠭᠢ ᠶᠢᠨ ᠭᠤᠣᠯ ᠴᠣᠭᠴᠠ ᠶᠢ ᠪᠤᠯ᠂ ᠵᠠᠰᠠᠭ ᠵᠠᠬᠢᠷᠭᠠᠨ ᠤ ᠪᠠᠶᠢᠭᠤᠯᠭ᠎ᠠ ᠨᠢ ᠳᠣᠣᠷ᠎ᠠ ᠵᠢᠭᠰᠠᠭᠠᠭᠰᠠᠨ ᠬᠠᠤᠯᠢ ᠶᠤᠰᠤᠭᠠᠷ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠶᠢ ᠠᠪᠬᠤ ᠬᠡᠷᠡᠭᠳᠡᠢ᠄
     ︵ᠨᠢᠭᠡ︶ ᠵᠠᠬ᠎ᠠ ᠳᠡᠯᠭᠡᠭᠦᠷ ᠪᠠ ᠠᠵᠢᠯ ᠲᠦᠷᠦᠯ ᠳᠤ ᠤᠷᠤᠬᠤ ᠶᠢ ᠨᠢ ᠴᠠᠭᠠᠵᠠᠯᠠᠬᠤ ᠠᠷᠭ᠎ᠠ ᠬᠡᠮᠵᠢᠶ᠎ᠡ ᠶᠢ ᠬᠡᠷᠡᠭᠵᠢᠬᠦᠯᠬᠦ︔
     ︵ᠬᠤᠶᠠᠷ︶ ᠰᠢᠨ᠎ᠡ ᠪᠠᠷ ᠨᠡᠮᠡᠭᠳᠡᠬᠦᠯᠬᠦ ᠲᠥᠷᠥᠯ ᠵᠦᠢᠯ ᠢ ᠬᠢᠨᠠᠨ ᠵᠦᠪᠰᠢᠶᠡᠷᠡᠬᠦ᠂ ᠬᠠᠷᠭᠤᠭᠤᠯᠤᠨ ᠵᠦᠪᠰᠢᠶᠡᠷᠡᠬᠦ ᠶᠢ ᠨᠢ ᠬᠢᠵᠠᠭᠠᠷᠯᠠᠬᠤ︔
     ︵ᠭᠤᠷᠪᠠ︶ ᠰᠠᠭᠤᠷᠢ ᠪᠡᠯᠡᠳᠬᠡᠮᠵᠢ ᠪᠠ ᠨᠡᠶᠢᠲᠡ ᠶᠢᠨ ᠬᠡᠷᠡᠭᠯᠡᠭᠡᠨ ᠤ ᠠᠵᠢᠯ ᠦᠢᠯᠡᠰ ᠤᠨ ᠣᠨᠴᠠ ᠵᠥᠪᠰᠢᠶᠡᠷᠡᠯ ᠲᠠᠢ ᠡᠵᠡᠩᠨᠡᠯᠲᠡ ᠳᠤ ᠤᠷᠤᠯᠴᠠᠬᠤ ᠶᠢ ᠨᠢ ᠬᠢᠵᠠᠭᠠᠷᠯᠠᠬᠤ︔
     ︵ᠲᠦᠷᠪᠡ︶ ᠡᠳ᠋ ᠤᠨ ᠵᠠᠰᠠᠭ ᠤᠨ ᠴᠢᠨᠠᠷᠲᠠᠶ ᠪᠡᠯᠡ ᠮᠦᠩᠭᠦᠨ ᠤ ᠲᠦᠷᠦᠯ ᠵᠦᠢᠯ ᠭᠤᠶᠤᠴᠢᠯᠠᠬᠤ ᠶᠢ ᠨᠢ ᠬᠢᠵᠠᠭᠠᠷᠯᠠᠬᠤ︔
     ︵ᠲᠠᠪᠤ︶ ᠤᠯᠠᠨ ᠨᠡᠶᠢᠲᠡ ᠶᠢᠨ ᠡᠬᠢ ᠪᠠᠶᠠᠯᠢᠭ ᠢ ᠠᠷᠠᠯᠵᠢᠶᠠᠯᠠᠬᠤ ᠬᠤᠯᠪᠤᠨᠨᠳᠠᠯ ᠪᠦᠭᠦᠢ ᠠᠵᠢᠯᠯᠠᠭ᠎ᠠ ᠳᠤ ᠤᠷᠤᠯᠴᠠᠬᠤ ᠶᠢ ᠨᠢ ᠬᠢᠵᠠᠭᠠᠷᠯᠠᠬᠤ︔
     ︵ᠵᠢᠷᠭᠤᠭ᠎ᠠ︶ ᠲᠤᠰᠢᠶᠠᠯ ᠳᠤ ᠲᠤᠮᠢᠯᠬᠠᠳᠠᠬᠤ ᠬᠢᠷᠢ ᠬᠡᠮ ᠢ ᠨᠢ ᠬᠢᠵᠠᠭᠠᠷᠯᠠᠬᠤ︔
     ︵ᠲᠤᠯᠤᠭ᠎ᠠ︶ ᠬᠡᠷᠡᠭᠯᠡᠭᠡ ᠶᠡᠬᠡᠳᠡᠢ ᠠᠵᠢᠯᠯᠠᠭ᠎ᠠ ᠶᠢ ᠨᠢ ᠬᠢᠵᠠᠭᠠᠷᠯᠠᠬᠤ︔
     ︵ᠨᠠᠢᠮᠠ︶ ᠢᠷᠠᠭᠤ ᠠᠯᠳᠠᠷ ᠤᠨ ᠴᠣᠯᠠ ᠶᠢ ᠨᠢ ᠭᠦᠴᠦᠨ ᠦᠬᠡᠢ ᠪᠤᠯᠭᠠᠵᠦ᠂ ᠲᠡᠷᠢᠭᠦᠨ ᠤ ᠪᠠ ᠰᠢᠯᠢᠳᠡᠭ ᠢᠶᠠᠷ ᠦᠨᠡᠯᠡᠬᠦᠯᠬᠦ ᠳᠤ ᠤᠷᠤᠯᠴᠠᠬᠤ ᠬᠢᠷᠢ ᠬᠡᠮ ᠢ ᠨᠢ ᠬᠠᠰᠤᠬᠤ︔
     ︵ᠶᠢᠰᠦ︶ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠲᠣᠭᠲᠠᠭᠠᠭᠰᠠᠨ ᠵᠠᠯᠬᠠᠭᠠᠨ ᠴᠡᠭᠡᠷᠯᠡᠭᠦᠯᠬᠦ ᠪᠤᠰᠤᠳ ᠠᠷᠭ᠎ᠠ ᠬᠡᠮᠵᠢᠶ᠎ᠡ᠃
     ᠭᠤᠴᠢᠨ ᠭᠤᠷᠪᠠᠳᠤᠭᠠᠷ ᠵᠦᠢᠯ ᠵᠠᠰᠠᠭ ᠵᠠᠬᠢᠷᠭᠠᠨ ᠤ ᠬᠠᠮᠢᠶ᠎ᠠ ᠪᠦᠬᠦᠢ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠮᠡᠳᠡᠭᠡ ᠵᠠᠩᠭᠢ ᠶᠢᠨ ᠭᠤᠣᠯ ᠴᠣᠭᠴᠠ ᠶᠢ ᠬᠦᠨᠳᠦ ᠨᠣᠴᠢᠲᠠᠶ ᠢᠲᠡᠭᠡᠯ ᠠᠯᠳᠠᠭᠰᠠᠨ ᠨᠡᠷᠡᠰ ᠲᠤ ᠵᠢᠨᠨᠰᠠᠭᠠᠬᠤ ᠠᠴᠠ ᠪᠠᠨ ᠡᠮᠦᠨ᠎ᠡ᠂ ᠮᠡᠳᠡᠭᠡ ᠵᠠᠩᠭᠢ ᠶᠢᠨ ᠭᠤᠣᠯ ᠴᠣᠭᠴᠠ ᠳᠤ ᠭᠦᠨᠳᠦ ᠨᠤᠴᠢᠳᠠᠢ ᠢᠳᠡᠬᠡᠯ ᠠᠯᠳ᠋ᠬᠠᠰᠠᠨ ᠨᠡᠷᠡᠰ ᠲᠤ ᠵᠢᠨᠨᠰᠠᠭᠠᠨ ᠤᠷᠤᠭᠤᠯᠵᠦ ᠪᠠᠶᠢᠭ᠎ᠠ ᠶᠢᠨ ᠤᠴᠢᠷ ᠰᠢᠯᠲᠠᠭᠠᠨ ᠪᠠ ᠦᠨᠳᠦᠰᠦᠯᠡᠯ ᠢᠶᠠᠨ ᠮᠡᠳᠡᠭᠳᠡᠬᠦ ᠬᠡᠷᠡᠭᠳᠡᠢ︔ ᠬᠦᠨᠳᠦ ᠨᠣᠴᠢᠲᠠᠶ ᠢᠲᠡᠭᠡᠯ ᠠᠯᠳᠠᠭᠰᠠᠨ ᠨᠡᠷᠡᠰ ᠲᠤ ᠵᠢᠨᠨᠰᠠᠭᠠᠨ ᠤᠷᠤᠭᠤᠯᠤᠨᠨᠰᠠᠨ ᠮᠡᠳᠡᠭᠡ ᠵᠠᠩᠭᠢ ᠶᠢᠨ ᠭᠤᠣᠯ ᠴᠣᠭᠴᠠ ᠳᠤ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠠᠪᠬᠤ ᠪᠠᠷ ᠲᠤᠨᠨᠳ᠋ᠬᠠᠰᠠᠨ ᠪᠤᠯ᠂ ᠤᠴᠢᠷ ᠰᠢᠯᠲᠠᠭᠠᠨ᠂ ᠦᠨᠳᠦᠰᠦᠯᠡᠯ᠂ ᠲᠡᠳᠬᠦᠨ ᠲᠤᠰᠠᠯᠠᠬᠤ ᠠᠷᠭ᠎ᠠ ᠵᠠᠮ ᠵᠢᠴᠢ ᠵᠠᠯᠬᠠᠭᠠᠨ ᠴᠡᠬᠡᠷᠯᠡᠬᠦᠯᠬᠦ ᠠᠷᠭ᠎ᠠ ᠬᠡᠮᠵᠢᠶ᠎ᠡ ᠶᠢ ᠭᠦᠴᠦᠨ ᠦᠬᠡᠢ ᠪᠤᠯᠭᠠᠬᠤ ᠨᠥᠬᠦᠴᠡᠯ ᠢ ᠮᠡᠳᠡᠭᠳᠡᠬᠦ ᠬᠡᠷᠡᠭᠳᠡᠢ᠃ ᠮᠡᠳᠡᠭᠡ ᠵᠠᠩᠭᠢ ᠶᠢᠨ ᠭᠤᠣᠯ ᠴᠣᠭᠴᠠ ᠨᠢ ᠲᠤᠭᠠᠴᠢᠨ ᠮᠡᠳᠡᠬᠦᠯᠬᠦ ᠪᠠ ᠵᠦᠪᠳᠡᠬᠡᠨ ᠲᠣᠳᠣᠷᠬᠠᠶᠢᠯᠠᠬᠤ ᠡᠷᠬᠡ ᠲᠠᠢ᠃
     ᠵᠠᠰᠠᠭ ᠵᠠᠬᠢᠷᠭᠠᠨ ᠤ ᠪᠠᠶᠢᠭᠤᠯᠭ᠎ᠠ ᠠᠴᠠ ᠮᠡᠳᠡᠭᠡ ᠵᠠᠩᠭᠢ ᠶᠢᠨ ᠭᠤᠣᠯ ᠴᠣᠭᠴᠠ ᠳᠤ ᠠᠪᠴᠤ ᠬᠡᠷᠡᠭᠯᠡᠭᠰᠡᠨ ᠵᠠᠯᠬᠠᠭᠠᠵᠦ ᠴᠡᠭᠡᠷᠯᠡᠭᠦᠯᠬᠦ ᠠᠷᠭ᠎ᠠ ᠬᠡᠮᠵᠢᠶ᠎ᠡ ᠨᠢ ᠮᠡᠳᠡᠭᠡ ᠵᠠᠩᠭᠢ ᠶᠢᠨ ᠭᠤᠣᠯ ᠴᠣᠭᠴᠠ ᠶᠢᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢᠨ ᠰᠢᠨᠵᠢ ᠴᠢᠨᠠᠷ᠂ ᠦᠢᠯᠡ ᠪᠠᠶᠢᠳᠠᠯ ᠪᠠ ᠨᠡᠶᠢᠭᠡᠮ ᠳᠤ ᠤᠴᠠᠷᠠᠭᠤᠯᠤᠭᠰᠠᠨ ᠬᠤᠣᠷ ᠬᠥᠨᠥᠭᠡᠯ ᠤᠨ ᠬᠡᠮᠵᠢᠶ᠎ᠡ ᠯᠦᠭᠡ ᠵᠣᠬᠢᠴᠠᠯᠳᠤᠭᠰᠠᠨ ᠪᠠᠶᠢᠬᠤ ᠬᠡᠷᠡᠭᠲᠡᠶ᠃
     ᠭᠤᠴᠢᠨ ᠳᠥᠷᠪᠡᠳᠦᠭᠡᠷ ᠵᠦᠢᠯ ᠮᠡᠳᠡᠭᠡ ᠵᠠᠩᠬᠢ ᠶᠢᠨ ᠭᠤᠣᠯ ᠴᠣᠭᠴᠠ ᠶᠢ ᠵᠤᠷᠢᠨᠨᠵᠢᠭᠤᠯᠵᠦ ᠪᠠᠶᠢᠭᠠᠳ ᠮᠥᠩᠭᠦᠨ ᠭᠦᠢᠯᠭᠡᠭᠡᠨ ᠤ ᠠᠵᠢᠯᠯᠠᠭ᠎ᠠ᠂ ᠵᠠᠬ᠎ᠠ ᠳᠡᠯᠭᠡᠭᠦᠷ ᠤᠨ ᠠᠷᠡᠯᠵᠢᠶ᠎ᠡ᠂ ᠠᠵᠢᠯ ᠲᠦ᠋ᠷᠦᠯ ᠤᠨ ᠬᠠᠮᠢᠶᠠᠷᠤᠯᠳᠠ᠂ ᠨᠡᠶᠢᠭᠡᠮ ᠶᠢᠨ ᠠᠰᠠᠷᠠᠮᠵᠢ ᠵᠡᠷᠭᠡ ᠠᠵᠢᠯᠯᠠᠭ᠎ᠠ ᠦᠷᠨᠢᠬᠦᠯᠬᠦ ᠶᠠᠪᠤᠴᠠ ᠳᠤ ᠬᠠᠤᠯᠢ ᠶᠣᠰᠣᠭᠠᠷ ᠤᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠬᠡᠷᠡᠭᠯᠡᠬᠦᠯᠵᠦ᠂ ᠠᠷᠠᠯᠵᠢᠶᠠᠯᠠᠬᠤ ᠶᠢᠨ ᠲᠦᠭᠰᠢᠭᠦᠷᠢ ᠶᠢ ᠰᠡᠷᠬᠡᠶᠢᠯᠡᠬᠦ ᠬᠡᠷᠡᠭᠳᠡᠢ᠃
     ᠢᠳᠡᠬᠡᠮᠵᠢ ᠶᠢᠨ ᠮᠡᠳᠡᠭᠡ ᠵᠠᠩᠬᠢ ᠴᠤᠨᠨᠯᠠᠭᠤᠯᠵᠦ ᠲᠡᠮᠳᠡᠭᠯᠡᠬᠦ ᠪᠠᠶᠢᠭᠤᠯᠤᠮᠵᠢ ᠶᠢ ᠵᠤᠷᠢᠨᠨᠵᠢᠭᠤᠯᠵᠦ ᠪᠠᠶᠢᠭᠠᠳ ᠤᠯᠠᠨ ᠨᠡᠶᠢᠳᠡ ᠶᠢᠨ ᠢᠳᠡᠬᠡᠮᠵᠢ ᠶᠢᠨ ᠮᠡᠳᠡᠭᠡ ᠵᠠᠩᠬᠢ ᠶᠢ ᠬᠡᠷᠡᠭᠯᠡᠬᠦᠯᠵᠦ᠂ ᠢᠳᠡᠬᠡᠮᠵᠢ ᠶᠢᠨ ᠨᠡᠷᠡᠳᠬᠦᠨ ᠢ ᠨᠡᠬᠡᠬᠡᠨ ᠭᠦᠭᠵᠢᠬᠦᠯᠬᠦ ᠪᠠ ᠲᠡᠭᠦᠨ ᠳᠤ ᠰᠢᠨ᠎ᠠ ᠶᠢ ᠡᠭᠦᠳᠴᠤ᠂ ᠢᠳᠡᠬᠡᠮᠵᠢ ᠶᠢᠨ ᠨᠡᠷᠡᠳᠬᠦᠨ ᠤ ᠬᠡᠷᠡᠭᠯᠡᠬᠦ ᠬᠡᠪᠴᠢᠶ᠎ᠡ ᠶᠢ ᠨᠢ ᠦᠷᠬᠡᠳᠬᠡᠬᠦ ᠬᠡᠷᠡᠭᠳᠡᠢ᠃


     ᠲᠠᠪᠤᠳᠤᠭᠠᠷ ᠪᠦᠯᠦᠭ ᠡᠷᠬᠡ ᠠᠰᠢᠭ ᠤᠨ ᠬᠠᠮᠠᠭᠠᠯᠠᠯᠲᠠ


     ᠭᠤᠴᠢᠨ ᠲᠠᠪᠤᠳᠤᠭᠠᠷ ᠵᠦᠢᠯ
ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠲᠠᠪᠴᠠᠩ ᠳᠤ ᠳᠣᠲᠣᠭᠠᠳᠤ ᠶᠢᠨ ᠮᠡᠳᠡᠭᠡ ᠵᠠᠩᠭᠢ ᠶᠢᠨ ᠠᠮᠤᠷ ᠲᠦᠪᠰᠢᠨ ᠢ ᠬᠠᠮᠢᠶᠠᠷᠬᠤ ᠳᠦᠷᠢᠮ ᠤᠨ ᠵᠢᠷᠤᠮᠵᠢᠯ ᠢ ᠲᠣᠭᠲᠠᠭᠠᠵᠤ᠂ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠶᠢ ᠨᠢ ᠲᠤᠳᠤᠷᠬᠠᠶᠢᠯᠠᠨ᠂ ᠠᠵᠢᠯᠳᠠᠳ ᠤᠨ ᠬᠠᠶᠢᠨ ᠯᠠᠪᠯᠠᠵᠦ ᠪᠤᠯᠬᠤ ᠡᠷᠬᠡ ᠶᠢᠨ ᠬᠢᠵᠠᠭᠠᠷ ᠪᠠ ᠬᠠᠶᠢᠨ ᠯᠠᠪᠯᠠᠬᠤ ᠲᠡᠰ ᠲᠠᠷᠠᠭᠠᠯᠠᠯ ᠢ ᠲᠤᠨᠨᠳᠠᠭᠠᠵᠦ᠂ ᠤᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠴᠤᠨᠨᠯᠠᠭᠤᠯᠤᠨ ᠨᠡᠶᠢᠯᠡᠬᠦᠯᠬᠦ ᠪᠠ ᠬᠠᠶᠢᠨ ᠯᠠᠪᠯᠠᠬᠤ ᠡᠳᠦᠷ ᠤᠨ ᠲᠡᠮᠳᠡᠭᠯᠡᠯ ᠭᠠᠷᠭᠠᠬᠤ ᠶᠢᠨ ᠬᠠᠮᠳᠤ᠂ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠠᠳᠠᠭᠠᠯᠠᠬᠤ ᠬᠡᠷᠡᠭᠲᠡᠶ᠃
     ᠭᠤᠴᠢᠨ ᠵᠢᠷᠭᠤᠳᠤᠭᠠᠷ ᠵᠦᠢᠯ ᠨᠦᠯᠦᠬᠡ ᠮᠠᠭᠤᠳᠠᠢ ᠮᠡᠳᠡᠭᠡ ᠵᠠᠩᠭᠢ ᠶᠢ ᠢᠯᠡ ᠨᠡᠶᠢᠳᠡᠯᠡᠬᠦ ᠴᠠᠭ ᠬᠤᠭᠤᠴᠠᠭ᠎ᠠ ᠨᠢ ᠲᠠᠪᠤᠨ ᠵᠢᠯ ᠪᠠᠶᠢᠵᠦ᠂ ᠢᠳᠡᠬᠡᠯ ᠠᠯᠳᠠᠭᠰᠠᠨ ᠠᠵᠢᠯᠯᠠᠭ᠎ᠠ ᠪᠤᠶᠤ ᠬᠡᠷᠡᠭ ᠶᠠᠪᠤᠳᠠᠯ ᠳᠠᠭᠤᠰᠤᠭᠰᠠᠨ ᠡᠳᠦᠷ ᠠᠴᠠ ᠡᠬᠢᠯᠡᠵᠦ ᠪᠤᠳᠤᠨ᠎ᠠ᠂ ᠤᠯᠤᠰ ᠪᠤᠶᠤ ᠥᠪᠡᠷᠲᠡᠭᠡᠨ ᠵᠠᠰᠠᠭ ᠣᠷᠣᠨ ᠳᠤ ᠠᠰᠳᠠᠭᠠᠨ ᠲᠣᠭᠲᠠᠭᠠᠯ ᠲᠠᠢ ᠨᠢ ᠡᠭᠦᠨ ᠳᠤ ᠪᠠᠭᠲᠠᠬᠤ ᠦᠭᠡᠢ᠃ ᠢᠯᠡ ᠨᠡᠶᠢᠳᠡᠯᠡᠬᠦ ᠴᠠᠭ ᠬᠤᠭᠤᠴᠠᠭ᠎ᠠ ᠨᠢ ᠳᠠᠭᠤᠰᠪᠠᠯ᠂ ᠬᠠᠤᠯᠢ ᠶᠢᠨ ᠡᠷᠬᠡᠳᠡᠨ ᠪᠠ ᠬᠠᠤᠯᠢ ᠶᠢᠨ ᠡᠷᠬᠡᠲᠡᠨ ᠤ ᠪᠤᠰᠤ ᠵᠣᠬᠢᠶᠠᠨ ᠪᠠᠶᠢᠭᠤᠯᠤᠯᠲᠠ ᠶᠢᠨ ᠨᠦᠯᠦᠬᠡ ᠮᠠᠭᠤᠳᠠᠢ ᠮᠡᠳᠡᠭᠡ ᠵᠠᠩᠭᠢ ᠶᠢ ᠳᠠᠩᠰᠠ ᠡᠪᠬᠡᠮᠡᠯ ᠪᠣᠯᠭᠠᠨ ᠬᠠᠳᠠᠭᠠᠯᠠᠨ᠎ᠠ︔ ᠪᠠᠶᠢᠭᠠᠯᠢᠭ ᠬᠥᠮᠦᠨ ᠤ ᠨᠦᠯᠦᠬᠡ ᠮᠠᠭᠤᠳᠠᠢ ᠮᠡᠳᠡᠭᠡ ᠵᠠᠩᠭᠢ ᠶᠢ ᠨᠢ ᠬᠠᠰᠤᠬᠤ ᠬᠡᠷᠡᠭᠲᠡᠶ᠃
     ᠮᠡᠳᠡᠭᠡ ᠵᠠᠩᠭᠢ ᠶᠢᠨ ᠭᠤᠣᠯ ᠴᠣᠭᠴᠠ ᠨᠢ ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠲᠠᠪᠴᠠᠩ ᠢ ᠱᠠᠭᠠᠷᠳᠠᠵᠦ ᠪᠠᠶᠢᠭᠠᠳ ᠲᠤᠰ ᠬᠥᠮᠦᠨ ᠤ ᠰᠠᠶᠢᠰᠢᠶᠠᠨ ᠭᠦᠬᠢᠭᠦᠯᠦᠭᠰᠡᠨ ᠱᠠᠩᠨᠠᠯ᠂ ᠰᠠᠶᠢᠨ ᠳᠤᠷ᠎ᠠ ᠶᠢᠨ ᠦᠢᠯᠡᠴᠢᠯᠡᠭᠡ᠂ ᠨᠢᠭᠦᠯᠡᠰᠦᠩᠭᠦᠶ ᠶᠢᠨ ᠬᠠᠨᠳᠢᠪ ᠤᠨ ᠮᠡᠳᠡᠭᠡ ᠵᠠᠩᠭᠢ ᠶᠢ ᠨᠢ ᠬᠠᠰᠤᠭᠤᠯᠵᠦ ᠪᠤᠯᠤᠨ᠎ᠠ᠃ ᠤᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠠᠵᠢᠯ ᠤᠨ ᠪᠠᠶᠢᠭᠤᠯᠤᠮᠵᠢ ᠨᠢ ᠭᠤᠶᠤᠴᠢᠯᠠᠯ ᠭᠦᠯᠢᠶᠡᠭᠰᠡᠨ ᠡᠳᠦᠷ ᠠᠴᠠ ᠡᠬᠢᠯᠡᠨ ᠲᠠᠪᠤᠨ ᠠᠵᠢᠯᠯᠠᠬᠤ ᠡᠳᠦᠷ ᠤᠨ ᠳᠣᠲᠣᠷ᠎ᠠ ᠬᠠᠮᠢᠶ᠎ᠠ ᠪᠦᠬᠦᠢ ᠮᠡᠳᠡᠭᠡ ᠵᠠᠩᠭᠢ ᠶᠢ ᠬᠠᠰᠤᠬᠤ ᠶᠢᠨ ᠬᠠᠮᠳᠤ᠂ ᠤᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠬᠠᠩᠭᠠᠵᠦ ᠦᠭᠭᠦᠭᠰᠡᠨ ᠨᠢᠬᠡᠴᠡ ᠳᠤ ᠮᠡᠳᠡᠭᠳᠡᠬᠦ ᠬᠡᠷᠡᠭᠲᠡᠶ᠃
     ᠭᠤᠴᠢᠨ ᠳᠣᠯᠣᠳᠤᠭᠠᠷ ᠵᠦᠢᠯ ᠨᠦᠯᠦᠬᠡ ᠮᠠᠭᠤᠳᠠᠢ ᠮᠡᠳᠡᠭᠡ ᠵᠠᠩᠭᠢ ᠲᠠᠢ ᠮᠡᠳᠡᠭᠡ ᠵᠠᠩᠭᠢ ᠶᠢᠨ ᠭᠤᠣᠯ ᠴᠣᠭᠴᠠ ᠨᠢ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠪᠠᠨ ᠰᠠᠨᠠᠭᠠᠴᠢᠯᠠᠭ᠎ᠠ ᠠᠴᠠ ᠪᠠᠨ ᠵᠠᠯᠠᠷᠠᠭᠤᠯᠬᠤ᠂ ᠮᠠᠭᠤ ᠨᠥᠯᠥᠭᠡ ᠪᠠᠨ ᠠᠷᠢᠯᠭᠠᠬᠤ ᠵᠡᠷᠭᠡ ᠪᠠᠶᠢᠳᠠᠯ ᠲᠠᠢ ᠪᠠᠶᠢᠪᠠᠯ᠂ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠲᠠᠢ ᠬᠡᠵᠦ ᠮᠠᠭᠠᠳᠯᠠᠨ ᠲᠣᠭᠲᠠᠭᠠᠭᠰᠠᠨ ᠤᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠬᠠᠩᠭᠠᠵᠦ ᠦᠭᠭᠦᠭᠰᠡᠨ ᠨᠢᠬᠡᠴᠡ ᠳᠤ ᠢᠲᠡᠭᠡᠮᠵᠢ ᠪᠠᠨ ᠰᠡᠷᠭᠦᠭᠡᠬᠦ ᠭᠤᠶᠤᠴᠢᠯᠠᠯ ᠭᠠᠷᠭᠠᠵᠦ ᠪᠣᠯᠤᠨ᠎ᠠ︔ ᠤᠯᠤᠰ ᠪᠠ ᠥᠪᠡᠷᠲᠡᠭᠡᠨ ᠵᠠᠰᠠᠬᠤ ᠣᠷᠣᠨ ᠤ ᠢᠲᠡᠭᠡᠮᠵᠢ ᠪᠠᠨ ᠰᠡᠷᠭᠦᠭᠡᠬᠦ ᠬᠤᠯᠪᠣᠭᠳᠠᠯ ᠪᠦᠬᠦᠢ ᠲᠣᠭᠲᠠᠭᠠᠯ ᠳᠤ ᠨᠡᠶᠢᠴᠡᠪᠡᠯ᠂ ᠤᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠬᠠᠩᠭᠠᠵᠦ ᠦᠭᠭᠦᠭᠰᠡᠨ ᠨᠢᠬᠡᠴᠡ ᠨᠢ ᠢᠲᠡᠭᠡᠮᠵᠢ ᠶᠢ ᠨᠢ ᠰᠡᠷᠭᠦᠭᠡᠬᠦ ᠲᠣᠭᠲᠠᠭᠠᠯ ᠭᠠᠷᠭᠠᠬᠤ ᠶᠢᠨ ᠬᠠᠮᠳᠤ᠂ ᠨᠦᠯᠦᠬᠡ ᠮᠠᠭᠤᠳᠠᠢ ᠮᠡᠳᠡᠭᠡ ᠵᠠᠩᠭᠢ ᠳᠤᠨᠢ ᠵᠡᠬᠦᠯᠳᠡ ᠬᠠᠳᠠᠬᠤ ᠬᠡᠷᠡᠭᠳᠡᠢ᠃
     ᠮᠡᠳᠡᠭᠡ ᠵᠠᠩᠭᠢ ᠶᠢᠨ ᠭᠤᠣᠯ ᠴᠣᠭᠴᠠ ᠨᠢ ᠬᠦᠨᠳᠦ ᠨᠣᠴᠢᠲᠠᠶ ᠢᠲᠡᠭᠡᠯ ᠠᠯᠳᠠᠭᠰᠠᠨ ᠨᠡᠷᠡᠰ ᠲᠤ ᠵᠢᠨᠨᠰᠠᠭᠠᠨᠨᠳ᠋ᠬᠠᠰᠠᠨ ᠪᠠᠶᠢᠪᠠᠯ᠂ ᠡᠮᠦᠨᠡᠬᠢ ᠵᠤᠷᠪᠤᠰ ᠤᠨ ᠲᠣᠭᠲᠠᠭᠠᠯ ᠢ ᠬᠡᠷᠡᠭᠯᠡᠬᠦ ᠳᠤ ᠲᠤᠬᠢᠷᠠᠬᠤ ᠦᠬᠡᠢ᠃
     ᠭᠤᠴᠢᠨ ᠨᠠᠢᠮᠠᠳᠤᠭᠠᠷ ᠵᠦᠢᠯ ᠮᠡᠳᠡᠭᠡ ᠵᠠᠩᠬᠢ ᠶᠢᠨ ᠭᠤᠤᠯ ᠴᠤᠨᠨᠴᠠ ᠠᠴᠠ ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠲᠠᠪᠴᠠᠩ ᠳᠤ ᠲᠡᠮᠳᠡᠭᠯᠡᠭᠰᠡᠨ ᠤᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠨᠢ ᠪᠣᠳᠠᠲᠤ ᠪᠠᠶᠢᠳᠠᠯ ᠲᠠᠢ ᠨᠡᠶᠢᠴᠡᠬᠦ ᠦᠬᠡᠢ᠂ ᠬᠡᠬᠡᠵᠦ ᠣᠷᠬᠢᠭᠳᠠᠭᠤᠯᠤᠭᠰᠠᠨ ᠪᠠ ᠲᠠᠰᠢᠶ᠎ᠠ ᠪᠤᠷᠤᠭᠤ ᠣᠷᠣᠰᠢᠵᠤ᠂ ᠬᠠᠤᠯᠢ ᠶᠣᠰᠣᠭᠠᠷ ᠢᠯᠡ ᠪᠣᠯᠭᠠᠵᠤ ᠪᠣᠯᠬᠤ ᠦᠭᠡᠶ ᠬᠡᠵᠦ ᠦᠵᠡᠪᠡᠯ᠂ ᠤᠯᠠᠨ ᠨᠡᠶᠢᠳᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠠᠵᠢᠯ ᠤᠨ ᠪᠠᠶᠢᠭᠤᠯᠤᠮᠵᠢ ᠪᠤᠶᠤ ᠤᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠬᠠᠩᠭᠠᠵᠦ ᠦᠭᠭᠦᠭᠰᠡᠨ ᠨᠢᠬᠡᠴᠡ ᠳᠤ ᠣᠨᠳᠣᠣ ᠰᠠᠨᠠᠯ ᠲᠤᠷᠠᠳᠬᠤ ᠶᠢᠨ ᠬᠠᠮᠳᠤ᠂ ᠬᠠᠮᠢᠶ᠎ᠠ ᠪᠦᠬᠦᠢ ᠭᠡᠷᠡᠴᠢ ᠪᠠᠷᠢᠮᠳᠠ ᠶᠢᠨ ᠮᠠᠲ᠋ᠧᠷᠢᠶᠠᠯ ᠲᠤᠰᠢᠶᠠᠬᠤ ᠡᠷᠬᠡ ᠲᠠᠢ᠃
     ᠤᠯᠠᠨ ᠨᠡᠶᠢᠳᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠠᠵᠢᠯ ᠤᠨ ᠪᠠᠶᠢᠭᠤᠯᠤᠮᠵᠢ ᠪᠤᠶᠤ ᠤᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠬᠠᠩᠭᠠᠵᠦ ᠦᠭᠭᠦᠭᠰᠡᠨ ᠨᠢᠬᠡᠴᠡ ᠨᠢ ᠣᠨᠳᠣᠣ ᠰᠠᠨᠠᠯ ᠲᠤᠷᠠᠳᠤᠨᠨᠰᠠᠨ ᠭᠤᠶᠤᠴᠢᠯᠠᠯ ᠢ ᠭᠦᠯᠢᠶᠡᠨ ᠠᠪᠤᠨᠨᠰᠠᠨ ᠪᠤᠯ᠂ ᠣᠨᠳᠣᠣ ᠰᠠᠨᠠᠯ ᠤᠷᠤᠰᠢᠵᠦ ᠪᠠᠶᠢᠭ᠎ᠠ ᠬᠠᠮᠢᠶ᠎ᠠ ᠪᠦᠬᠦᠢ ᠮᠡᠳᠡᠭᠡ ᠵᠠᠩᠭᠢ ᠳᠤ ᠵᠡᠬᠦᠯᠳᠡ ᠬᠠᠳᠠᠵᠦ᠂ ᠣᠨᠳᠣᠣ ᠰᠠᠨᠠᠯ ᠲᠤᠷᠠᠳᠤᠨᠨᠰᠠᠨ ᠭᠤᠶᠤᠴᠢᠯᠠᠯ ᠢ ᠭᠦᠯᠢᠶᠡᠨ ᠠᠪᠤᠨᠨᠰᠠᠨ ᠡᠳᠦᠷ ᠠᠴᠠ ᠡᠬᠢᠯᠡᠨ 20 ᠠᠵᠢᠯᠯᠠᠬᠤ ᠡᠳᠦᠷ ᠲᠤ ᠬᠠᠷᠭᠤᠭᠤᠯᠤᠨ ᠪᠠᠶᠢᠴᠠᠭᠠᠬᠤ ᠪᠠ ᠰᠢᠢᠳᠪᠦᠷᠢᠯᠡᠬᠦ ᠶᠢᠨ ᠬᠠᠮᠳᠤ᠂ ᠰᠢᠢᠳᠪᠦᠷᠢᠯᠡᠭᠰᠡᠨ ᠦᠷ᠎ᠡ ᠳ᠋ᠦᠩ ᠢᠶᠠᠨ ᠮᠡᠳᠡᠭᠡ ᠵᠠᠩᠭᠢ ᠶᠢᠨ ᠭᠤᠣᠯ ᠴᠣᠭᠴᠠ ᠳᠤ ᠪᠢᠴᠢᠭ ᠢᠶᠠᠷ ᠮᠡᠳᠡᠭᠳᠡᠬᠦ

ᠬᠡᠷᠡᠭᠳᠡᠢ᠃
    ᠭᠤᠴᠢ ᠶᠢᠰᠦᠳᠦᠭᠡᠷ ᠵᠦᠢᠯ ᠮᠡᠳᠡᠭᠡ ᠵᠠᠩᠭᠢ ᠶᠢᠨ ᠭᠤᠣᠯ ᠴᠣᠭᠴᠠ ᠨᠢ ᠣᠨᠳᠣᠣ ᠰᠠᠨᠠᠯ ᠢ ᠰᠢᠢᠳᠪᠦᠷᠢᠯᠡᠭᠰᠡᠨ ᠦᠷ᠎ᠡ ᠳ᠋ᠦᠩ ᠢ ᠬᠦᠯᠢᠶᠡᠬᠦ ᠦᠭᠡᠢ ᠪᠤᠯ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠰᠠᠯᠠᠭ᠎ᠠ ᠮᠥᠴᠢᠷ ᠲᠤ ᠳᠠᠬᠢᠨ ᠬᠢᠨᠠᠭᠤᠯᠬᠤ ᠪᠠᠷ ᠭᠤᠶᠤᠴᠢᠯᠠᠵᠦ

ᠪᠤᠯᠤᠨ᠎ᠠ᠃
     ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠰᠠᠯᠠᠭ᠎ᠠ ᠮᠥᠴᠢᠷ ᠨᠢ ᠳᠠᠬᠢᠨ ᠬᠢᠨᠠᠭᠤᠯᠬᠤ ᠭᠤᠶᠤᠴᠢᠯᠠᠯ ᠢ ᠭᠦᠯᠢᠶᠡᠨ ᠠᠪᠤᠨᠨᠰᠠᠨ ᠡᠳᠦᠷ ᠠᠴᠠ ᠡᠬᠢᠯᠡᠨ 20 ᠠᠵᠢᠯᠯᠠᠬᠤ ᠡᠳᠦᠷ ᠲᠤ ᠳᠠᠬᠢᠨ ᠬᠢᠨᠠᠭᠠᠳ᠂ ᠲᠡᠬᠢᠠ ᠬᠢᠨᠠᠭᠰᠠᠨ ᠲᠣᠭᠲᠠᠭᠠᠯ ᠭᠠᠷᠭᠠᠬᠤ ᠶᠢᠨ ᠬᠠᠮᠳᠤ᠂ ᠮᠡᠳᠡᠭᠡ ᠵᠠᠩᠭᠢ ᠶᠢᠨ ᠭᠤᠣᠯ ᠴᠣᠭᠴᠠ᠂ ᠤᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠠᠵᠢᠯ ᠤᠨ ᠪᠠᠶᠢᠭᠤᠯᠤᠮᠵᠢ ᠪᠤᠶᠤ ᠤᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠬᠠᠩᠭᠠᠵᠦ ᠦᠭᠭᠦᠭᠰᠡᠨ ᠨᠢᠬᠡᠴᠡ ᠳᠤ ᠪᠢᠴᠢᠭ ᠢᠶᠠᠷ ᠮᠡᠳᠡᠭᠳᠡᠬᠦ ᠬᠡᠷᠡᠭᠳᠡᠢ᠃
     ᠳᠥᠴᠢᠳᠦᠭᠡᠷ ᠵᠦᠢᠯ ᠤᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠬᠠᠭᠤᠷᠮᠠᠭ ᠢᠶᠠᠷ ᠵᠤᠬᠢᠶᠠᠬᠤ᠂ ᠬᠤᠪᠢᠷᠠᠭᠤᠯᠤᠨ ᠦᠢᠯᠡᠳᠬᠦ᠂ ᠪᠤᠷᠤᠯᠠᠭᠤᠯᠬᠤ ᠶᠢ ᠡᠷᠡᠰ ᠬᠤᠷᠢᠨᠨᠯᠠᠬᠤ ᠬᠡᠷᠡᠭᠳᠡᠢ︔ ᠤᠯᠤᠰ ᠤᠨ ᠲᠣᠭᠲᠠᠭᠠᠯ ᠠᠴᠠ ᠵᠥᠷᠢᠴᠡᠵᠦ ᠤᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠤᠯᠵᠦ ᠭᠦᠷᠳᠡᠬᠦ ᠶᠢ ᠡᠷᠡᠰ ᠬᠤᠷᠢᠨᠨᠯᠠᠬᠤ ᠬᠡᠷᠡᠭᠳᠡᠢ᠃
     ᠳᠥᠴᠢᠨ ᠨᠢᠭᠡᠳᠦᠭᠡᠷ ᠵᠦᠢᠯ ᠤᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠬᠠᠩᠭᠠᠵᠦ ᠦᠭᠭᠦᠭᠰᠡᠨ ᠨᠢᠬᠡᠴᠡ᠂ ᠤᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠬᠡᠷᠡᠭᠯᠡᠬᠦ ᠨᠢᠬᠡᠴᠡ᠂ ᠤᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠠᠵᠢᠯ ᠤᠨ ᠪᠠᠶᠢᠭᠤᠯᠤᠮᠵᠢ ᠵᠢᠴᠢ ᠲᠡᠳᠡᠬᠡᠷ ᠤᠨ ᠠᠵᠢᠯᠳᠠᠳ ᠨᠢ ᠳᠣᠣᠷ᠎ᠠ ᠵᠢᠭᠰᠠᠭᠠᠭᠰᠠᠨ ᠦᠢᠯᠡ ᠠᠵᠢᠯᠯᠠᠭ᠎ᠠ ᠶᠢ ᠬᠢᠵᠦ ᠪᠣᠯᠬᠤ ᠦᠬᠡᠢ᠄
     ︵ᠨᠢᠭᠡ︶ ᠡᠷᠬᠡ ᠠᠴᠠ ᠪᠠᠨ ᠲᠠᠪᠠᠭᠤᠯᠵᠦ ᠤᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠬᠠᠶᠢᠨ ᠯᠠᠪᠯᠠᠬᠤ︔
     ︵ᠬᠤᠶᠠᠷ︶ ᠲᠣᠭᠲᠠᠭᠠᠯ ᠠᠴᠠ ᠵᠦᠷᠢᠴᠡᠵᠦ ᠤᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠬᠠᠰᠤᠬᠤ︔
     ︵ᠭᠤᠷᠪᠠ︶ ᠢᠯᠡ ᠪᠤᠯᠭᠠᠬᠤ ᠶᠢᠨ ᠡᠷᠬᠡ ᠤᠯᠭᠤᠨᠨᠰᠠᠨ ᠦᠬᠡᠢ ᠪᠠᠶᠢᠳᠠᠯ᠎ᠠ ᠤᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠵᠠᠳᠠᠷᠠᠭᠤᠯᠬᠤ︔
     ︵ᠳᠦᠷᠪᠡ︶ ᠤᠯᠤᠰ ᠤᠨ ᠨᠢᠭᠤᠴᠠ᠂ ᠬᠤᠳᠠᠯᠳᠤᠭᠠᠨ ᠤ ᠨᠢᠭᠤᠴᠠ᠂ ᠬᠤᠪᠢ ᠬᠥᠮᠦᠨ ᠤ ᠨᠢᠭᠤᠴᠠ ᠳᠤ ᠬᠤᠯᠪᠤᠨᠨᠳ᠋ᠬᠠᠰᠠᠨ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠵᠠᠳᠠᠷᠠᠭᠤᠯᠬᠤ︔
     ︵ᠲᠠᠪᠤ︶ ᠬᠠᠤᠯᠢ ᠴᠠᠭᠠᠵᠠ᠂ ᠬᠠᠤᠯᠢ ᠲᠤᠨᠨᠳᠠᠭᠠᠯ᠂ ᠲᠣᠭᠲᠠᠭᠠᠯ ᠳᠦᠷᠢᠮ ᠲᠤ ᠴᠠᠭᠠᠵᠠᠯᠠᠭᠰᠠᠨ ᠪᠤᠰᠤᠳ ᠥᠢᠯᠡ ᠠᠵᠢᠯᠯᠠᠭ᠎ᠠ᠃


     ᠵᠢᠷᠭᠤᠳᠤᠭᠠᠷ ᠪᠦᠯᠦᠭ ᠬᠠᠤᠯᠢ ᠴᠠᠭᠠᠵᠠ ᠶᠢᠨ ᠬᠠᠷᠢᠭᠤᠴᠠᠯᠭ᠎ᠠ


     ᠳᠥᠴᠢᠨ ᠬᠤᠶᠠᠳᠤᠭᠠᠷ ᠵᠦᠢᠯ
ᠲᠤᠰ ᠠᠷᠭ᠎ᠠ ᠶᠢᠨ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠨᠢᠭᠡᠨᠲᠡ ᠪᠣᠳᠠᠲᠠᠶ ᠰᠢᠳᠬᠡᠵᠦ ᠲᠣᠷᠭᠠᠬᠤ ᠲᠣᠭᠲᠠᠭᠠᠯ ᠭᠠᠷᠭᠠᠭᠰᠠᠨ ᠪᠠᠶᠢᠪᠠᠯ᠂ ᠲᠡᠷᠡᠬᠦ ᠲᠣᠭᠲᠠᠭᠠᠯ ᠢ ᠵᠢᠷᠤᠮᠯᠠᠬᠤ ᠬᠡᠷᠡᠭᠳᠡᠢ᠃
     ᠳᠥᠴᠢᠨ ᠭᠤᠷᠪᠠᠳᠤᠭᠠᠷ ᠵᠦᠢᠯ ᠤᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠬᠠᠩᠭᠠᠵᠦ ᠦᠭᠭᠦᠭᠰᠡᠨ ᠨᠢᠬᠡᠴᠡ ᠵᠢᠴᠢ ᠲᠡᠭᠦᠨ ᠤ ᠠᠵᠢᠯᠳᠠᠳ ᠨᠢ ᠲᠤᠰ ᠠᠷᠭ᠎ᠠ ᠶᠢᠨ ᠲᠣᠭᠲᠠᠭᠠᠯ ᠠᠴᠠ ᠵᠥᠷᠢᠴᠡᠵᠦ᠂ ᠳᠣᠣᠷ᠎ᠠ ᠵᠢᠭᠰᠠᠭᠠᠭᠰᠠᠨ ᠦᠢᠯᠡ ᠠᠵᠢᠯᠯᠠᠭ᠎ᠠ ᠶᠢᠨ ᠨᠢᠬᠡ ᠨᠢ ᠪᠠᠶᠢᠵᠦ᠂ ᠮᠠᠭᠤ ᠤᠷᠰᠢᠭ ᠳ᠋ᠦᠩ ᠭᠠᠷᠭᠠᠨᠨᠰᠠᠨ ᠪᠠᠶᠢᠪᠠᠯ᠂ ᠤᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠵᠠᠯᠠᠷᠠᠭᠤᠯᠬᠤ ᠬᠡᠷᠡᠭᠳᠡᠢ︔ ᠬᠤᠭᠤᠴᠠᠭ᠎ᠠ ᠨᠢ ᠬᠡᠳᠦᠷᠡᠭᠰᠡᠨ ᠪᠠᠶᠢᠳᠠᠯ᠎ᠠ ᠵᠠᠯᠠᠷᠠᠭᠤᠯᠤᠭᠰᠠᠨ ᠦᠭᠡᠢ ᠪᠠᠶᠢᠪᠠᠯ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠤᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠳᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠨᠡᠪᠲᠡᠷᠡᠭᠦᠯᠦᠨ ᠰᠢᠬᠦᠮᠵᠢᠯᠡᠬᠦᠯᠬᠦ ᠪᠠᠷ ᠲᠤᠷᠠᠳᠤᠨ ᠲᠡᠪᠰᠢᠬᠦᠯᠬᠦ ᠬᠡᠷᠡᠭᠳᠡᠢ︔ ᠦᠢᠯᠡ ᠪᠠᠶᠢᠳᠠᠯ ᠨᠢ ᠬᠦᠨᠳᠦ ᠨᠣᠴᠢᠲᠠᠶ ᠪᠠᠶᠢᠪᠠᠯ᠂ ᠰᠢᠭᠤᠳ ᠬᠠᠷᠢᠭᠤᠴᠠᠵᠤ ᠪᠠᠶᠢᠭ᠎ᠠ ᠭᠤᠤᠯᠴᠢᠯᠠᠨ ᠬᠠᠮᠢᠶᠠᠷᠬᠤ ᠠᠵᠢᠯᠳᠠᠨ ᠪᠠ ᠰᠢᠭᠤᠳ ᠬᠠᠷᠢᠭᠤᠴᠠᠯᠭ᠎ᠠ ᠲᠠᠢ ᠪᠤᠰᠤᠳ ᠠᠵᠢᠯᠳᠠᠨ ᠳᠤ ᠰᠢᠳᠬᠡᠯ ᠦᠭᠭᠦ ᠬᠡᠷᠡᠭᠳᠡᠢ︔ ᠶᠠᠯ᠎ᠠ ᠳᠤ ᠭᠦᠷᠦᠭᠰᠡᠨ ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ ᠬᠡᠷᠡᠭ ᠤᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠳᠡᠢ᠄
     ︵ᠨᠢᠭᠡ︶ ᠲᠣᠭᠲᠠᠭᠠᠯ ᠠᠴᠠ ᠵᠦᠷᠢᠴᠡᠵᠦ ᠤᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠮᠡᠳᠡᠭᠦᠯᠦᠨ ᠭᠦᠷᠬᠡᠬᠦ᠂ ᠴᠤᠨᠨᠯᠠᠭᠤᠯᠤᠨ ᠨᠡᠶᠢᠯᠡᠬᠦᠯᠬᠦ᠂ ᠢᠯᠡ ᠨᠡᠶᠢᠳᠡᠯᠡᠬᠦ ᠵᠢᠴᠢ ᠢᠲᠡᠭᠡᠮᠵᠢ ᠳᠤ ᠣᠨᠳᠣᠣ ᠰᠠᠨᠠᠯ ᠲᠠᠢ ᠪᠠᠶᠢᠭ᠎ᠠ ᠶᠢ ᠨᠢ ᠰᠢᠢᠳᠪᠦᠷᠢᠯᠡᠵᠦ ᠮᠠᠭᠤ ᠤᠷᠰᠢᠭ ᠳ᠋ᠦᠩ ᠭᠠᠷᠭᠠᠨᠨᠰᠠᠨ︔
     ︵ᠬᠤᠶᠠᠷ︶ ᠤᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠬᠠᠭᠤᠷᠮᠠᠭ ᠢᠶᠠᠷ ᠵᠤᠬᠢᠶ᠋ᠬᠠᠰᠠᠨ᠂ ᠬᠤᠪᠢᠷᠠᠭᠤᠯᠵᠦ ᠦᠢᠯᠡᠳᠦᠭᠰᠡᠨ᠂ ᠪᠤᠷᠤᠯᠠᠭᠤᠯᠤᠨᠨᠰᠠᠨ︔
     ︵ᠭᠤᠷᠪᠠ︶ ᠮᠡᠳᠡᠭᠡ ᠵᠠᠩᠭᠢ ᠶᠢᠨ ᠭᠤᠤᠯ ᠴᠤᠨᠨᠴᠠ ᠪᠠᠷ ᠢᠯᠡ ᠪᠤᠯᠭᠠᠬᠤ ᠶᠢ ᠨᠢ ᠵᠦᠪᠰᠢᠶᠡᠷᠡᠭᠦᠯᠦᠭᠰᠡᠨ ᠦᠬᠡᠢ ᠪᠠᠷ ᠤᠯᠠᠨ ᠨᠡᠶᠢᠳᠡ ᠶᠢᠨ ᠢᠳᠡᠬᠡᠮᠵᠢ ᠶᠢᠨ ᠮᠡᠳᠡᠭᠡ ᠵᠠᠩᠬᠢ ᠶᠢ ᠢᠯᠡ ᠨᠡᠶᠢᠳᠡᠯᠡᠭᠰᠡᠨ︔
     ︵ᠳᠦᠷᠪᠡ︶ ᠤᠯᠤᠰ ᠤᠨ ᠨᠢᠭᠤᠴᠠ᠂ ᠬᠤᠳᠠᠯᠳᠤᠭᠠᠨ ᠤ ᠨᠢᠭᠤᠴᠠ᠂ ᠬᠤᠪᠢ ᠬᠥᠮᠦᠨ ᠤ ᠨᠢᠭᠤᠴᠠ ᠳᠤ ᠬᠤᠯᠪᠣᠭᠳᠠᠬᠤ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠵᠠᠳᠠᠷᠠᠭᠤᠯᠤᠨᠨᠰᠠᠨ︔
     ︵ᠲᠠᠪᠤ︶ ᠵᠣᠷᠢᠭᠤᠳᠠ ᠪᠤᠶᠤ ᠬᠦᠨᠳᠦ ᠶᠡᠭᠡ ᠤᠰᠤᠯ ᠠᠴᠠ ᠪᠤᠯᠵᠦ ᠢᠯᠡ ᠨᠡᠶᠢᠳᠡᠯᠡᠭᠰᠡᠨ ᠤᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠳᠤᠨᠢ ᠲᠠᠰᠢᠶ᠎ᠠ ᠪᠤᠷᠤᠭᠤ᠂ ᠭᠡᠭᠡᠵᠦ ᠣᠷᠬᠢᠭᠳᠠᠭᠤᠯᠤᠭᠰᠠᠨ ᠵᠦᠢᠯ ᠤᠷᠤᠰᠢᠵᠦ ᠪᠠᠶᠢᠭ᠎ᠠ︔
     ︵ᠵᠢᠷᠭᠤᠭ᠎ᠠ︶ ᠲᠣᠭᠲᠠᠭᠠᠯ ᠠᠴᠠ ᠵᠦᠷᠢᠴᠡᠵᠦ ᠤᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠬᠠᠰᠤᠨᠨᠰᠠᠨ ᠪᠤᠶᠤ ᠤᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠬᠠᠰᠤᠪᠠᠰᠤ ᠵᠤᠬᠢᠬᠤ ᠪᠠᠶᠢᠳᠠᠯ᠎ᠠ ᠬᠠᠰᠤᠨᠨᠰᠠᠨ ᠦᠬᠡᠢ︔
     ︵ᠲᠤᠯᠤᠭ᠎ᠠ︶ ᠲᠣᠭᠲᠠᠭᠠᠯ ᠠᠴᠠ ᠵᠦᠷᠢᠴᠡᠵᠦ ᠮᠡᠳᠡᠭᠡ ᠵᠠᠩᠭᠢ ᠶᠢᠨ ᠭᠤᠣᠯ ᠴᠣᠭᠴᠠ ᠳᠤ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠠᠪᠤᠭᠰᠠᠨ︔
     ︵ᠨᠠᠢᠮᠠ︶ ᠡᠭᠦᠷᠬᠡ ᠲᠤᠰᠢᠶᠠᠯ ᠳᠠᠭᠠᠨ ᠠᠯᠮᠠᠶᠢᠷᠠᠨ ᠤᠰᠤᠯᠳ᠋ᠬᠠᠰᠠᠨ᠂ ᠡᠷᠬᠡ ᠲᠤᠰᠢᠶᠠᠯ ᠢᠶᠠᠨ ᠲᠤᠷ᠎ᠠ ᠪᠠᠷ ᠬᠡᠷᠡᠭᠯᠡᠭᠰᠡᠨ᠂ ᠬᠤᠪᠢ ᠶᠢᠨ ᠨᠠᠶᠢᠷ ᠲᠠᠯ᠎ᠠ ᠬᠠᠷᠠᠵᠤ ᠬᠠᠤᠯᠢ ᠶᠣᠰᠣ ᠶᠢ ᠵᠦᠷᠢᠴᠡᠭᠰᠡᠨ ᠪᠤᠰᠤᠳ ᠦᠢᠯᠡ

ᠠᠵᠢᠯᠯᠠᠭ᠎ᠠ᠃
     ᠳᠥᠴᠢᠨ ᠳᠥᠷᠪᠡᠳᠦᠭᠡᠷ ᠵᠦᠢᠯ ᠤᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠤᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠠᠵᠢᠯ ᠤᠨ ᠪᠠᠶᠢᠭᠤᠯᠤᠮᠵᠢ ᠵᠢᠴᠢ ᠲᠡᠳᠡᠬᠡᠷ ᠤᠨ ᠠᠵᠢᠯᠳᠠᠳ ᠲᠤ ᠳᠣᠣᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ᠂ ᠡᠷᠬᠡ ᠪᠦᠬᠦᠢ ᠪᠠᠶᠢᠭᠤᠯᠭ᠎ᠠ ᠠᠴᠠ ᠰᠢᠭᠤᠳ ᠬᠠᠷᠢᠭᠤᠴᠠᠵᠤ ᠪᠠᠶᠢᠭ᠎ᠠ ᠭᠤᠤᠯᠴᠢᠯᠠᠨ ᠬᠠᠮᠢᠶᠠᠷᠬᠤ ᠠᠵᠢᠯᠳᠠᠨ ᠪᠠ ᠰᠢᠭᠤᠳ ᠬᠠᠷᠢᠭᠤᠴᠠᠯᠭ᠎ᠠ ᠲᠠᠢ ᠪᠤᠰᠤᠳ ᠠᠵᠢᠯᠳᠠᠨ ᠳᠤ ᠬᠠᠤᠯᠢ ᠶᠣᠰᠣᠭᠠᠷ ᠰᠢᠳᠬᠡᠯ ᠦᠭᠬᠦ ᠬᠡᠷᠡᠭᠳᠡᠢ︔ ᠮᠡᠳᠡᠭᠡ ᠵᠠᠩᠭᠢ ᠶᠢᠨ ᠭᠤᠣᠯ ᠴᠣᠭᠴᠠ ᠳᠤ ᠬᠤᠬᠢᠷᠠᠯ ᠤᠴᠠᠷᠠᠭᠤᠯᠤᠭᠰᠠᠨ ᠪᠠᠶᠢᠪᠠᠯ᠂ ᠬᠠᠤᠯᠢ ᠶᠣᠰᠣᠭᠠᠷ ᠢᠷᠭᠡᠨ ᠤ ᠬᠡᠷᠡᠭ ᠤᠨ ᠬᠠᠷᠢᠭᠤᠴᠠᠯᠭ᠎ᠠ ᠡᠭᠦᠷᠬᠡᠯᠡᠬᠦᠯᠬᠦ ᠬᠡᠷᠡᠭᠳᠡᠢ︔ ᠶᠠᠯ᠎ᠠ ᠳᠤ ᠭᠦᠷᠦᠭᠰᠡᠨ ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ ᠬᠡᠷᠡᠭ ᠤᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠳᠡᠢ᠄
     ︵ᠨᠢᠭᠡ︶ ᠬᠤᠷᠢᠶᠠᠨ ᠴᠤᠨᠨᠯᠠᠭᠤᠯᠬᠤ ᠶᠢ ᠴᠠᠭᠠᠵᠠᠯᠠᠵᠦ ᠪᠠᠶᠢᠳᠠᠯ᠎ᠠ ᠪᠠᠶᠢᠭᠠᠯᠢᠭ ᠬᠥᠮᠦᠨ ᠤ ᠮᠡᠳᠡᠭᠡ ᠵᠠᠩᠭᠢ ᠶᠢ ᠴᠤᠨᠨᠯᠠᠭᠤᠯᠤᠨ ᠨᠡᠶᠢᠯᠡᠬᠦᠯᠬᠦ︔
     ︵ᠬᠤᠶᠠᠷ︶ ᠮᠡᠳᠡᠭᠡ ᠵᠠᠩᠬᠢ ᠶᠢᠨ ᠭᠤᠤᠯ ᠴᠤᠨᠨᠴᠠ ᠶᠢᠨ ᠬᠢᠨ ᠤ ᠢᠯᠡ ᠪᠤᠯᠭᠠᠨᠨᠰᠠᠨ ᠤᠯᠠᠨ ᠨᠡᠶᠢᠳᠡ ᠶᠢᠨ ᠢᠳᠡᠬᠡᠮᠵᠢ ᠶᠢᠨ ᠮᠡᠳᠡᠭᠡ ᠵᠠᠩᠬᠢ ᠶᠢ ᠬᠠᠤᠯᠢ ᠶᠤᠰᠤᠭᠠᠷ ᠬᠠᠶᠢᠨ ᠯᠠᠪᠯᠠᠬᠤ ᠶᠢ ᠨᠢ ᠲᠡᠪᠴᠢᠭᠰᠡᠨ︔
     ︵ᠭᠤᠷᠪᠠ︶ ᠮᠡᠳᠡᠭᠡ ᠵᠠᠩᠭᠢ ᠶᠢᠨ ᠠᠮᠤᠷ ᠲᠦᠪᠰᠢᠨ ᠤ ᠬᠠᠷᠢᠭᠤᠴᠠᠯᠭ᠎ᠠ ᠪᠠ ᠨᠢᠭᠤᠴᠠ ᠶᠢ ᠬᠠᠮᠠᠭᠠᠯᠠᠬᠤ ᠡᠭᠦᠷᠭᠡ ᠪᠠᠨ ᠦᠯᠦ ᠭᠦᠢᠴᠡᠳᠬᠡᠭᠰᠡᠨ︔
     ︵ᠲᠦᠷᠪᠡ︶ ᠤᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠬᠠᠭᠤᠷᠮᠠᠭ ᠢᠶᠠᠷ ᠵᠤᠬᠢᠶ᠋ᠬᠠᠰᠠᠨ᠂ ᠬᠤᠪᠢᠷᠠᠭᠤᠯᠵᠦ ᠦᠢᠯᠡᠳᠦᠭᠰᠡᠨ᠂ ᠪᠤᠷᠤᠯᠠᠭᠤᠯᠤᠨᠨᠰᠠᠨ︔
     ︵ᠲᠠᠪᠤ︶ ᠣᠨᠳᠣᠣ ᠰᠠᠨᠠᠯ ᠲᠠᠢ ᠪᠠᠶᠢᠭ᠎ᠠ ᠶᠢ ᠨᠢ ᠲᠤᠨᠨᠳᠠᠭᠠᠯ ᠶᠤᠰᠤᠭᠠᠷ ᠰᠶᠢᠳᠪᠦᠷᠢᠯᠡᠭᠰᠡᠨ ᠦᠬᠡᠢ ᠪᠤᠶᠤ ᠠᠳᠡᠬᠦᠦ ᠪᠤᠷᠤᠭᠤ ᠲᠠᠢ᠂ ᠬᠡᠬᠡᠵᠦ ᠣᠷᠬᠢᠭᠳᠠᠭᠤᠯᠤᠭᠰᠠᠨ ᠮᠡᠳᠡᠭᠡ ᠵᠠᠩᠭᠢ ᠶᠢ ᠵᠠᠯᠠᠷᠠᠭᠤᠯᠤᠨᠨᠰᠠᠨ ᠦᠬᠡᠢ︔
     ︵ᠵᠢᠷᠭᠤᠭ᠎ᠠ︶ ᠡᠭᠦᠷᠬᠡ ᠲᠤᠰᠢᠶᠠᠯ ᠳᠠᠭᠠᠨ ᠠᠯᠮᠠᠶᠢᠷᠠᠨ ᠤᠰᠤᠯᠳ᠋ᠬᠠᠰᠠᠨ᠂ ᠡᠷᠬᠡ ᠲᠤᠰᠢᠶᠠᠯ ᠢᠶᠠᠨ ᠲᠤᠷ᠎ᠠ ᠪᠠᠷ ᠬᠡᠷᠡᠭᠯᠡᠭᠰᠡᠨ᠂ ᠬᠤᠪᠢ ᠶᠢᠨ ᠨᠠᠶᠢᠷ ᠲᠠᠯ᠎ᠠ ᠬᠠᠷᠠᠵᠤ ᠬᠠᠤᠯᠢ ᠶᠣᠰᠣ ᠶᠢ ᠵᠦᠷᠢᠴᠡᠭᠰᠡᠨ ᠪᠤᠰᠤᠳ ᠦᠢᠯᠡ ᠠᠵᠢᠯᠯᠠᠭ᠎ᠠ᠃
     ᠳᠣᠯᠣᠳᠤᠭᠠᠷ ᠪᠦᠯᠦᠭ ᠳᠠᠭᠠᠯᠳᠤᠭᠤᠯᠤᠭᠰᠠᠨ ᠳᠦᠷᠢᠮ


     ᠳᠥᠴᠢᠨ ᠲᠠᠪᠤᠳᠤᠭᠠᠷ ᠵᠦᠢᠯ
ᠲᠤᠰ ᠠᠷᠭ᠎ᠠ ᠶᠢ 2018 ᠤᠨ ᠤ 8 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃


ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ