ᠥᠪᠥᠷ ᠮᠣᠩᠭᠤᠯ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠳᠠᠭᠠᠳᠬᠠᠯ ᠢ ᠠᠩᠬ᠎ᠠ ᠤᠳᠠᠭ᠎ᠠ ᠬᠡᠷᠡᠭᠵᠢᠭᠦᠯᠪᠡ
ᠨᠡᠶᠢᠲᠡᠯᠡᠭᠰᠡᠨ ᠴᠠᠭ᠄
2018/11/22
      ᠨᠢᠭᠡᠨᠲᠡ ᠶᠠᠳᠠᠭᠤ ᠠᠴᠠ ᠠᠩᠭᠢᠵᠢᠷᠠᠭᠰᠠᠨ ᠮᠠᠯᠵᠢᠬᠤ ᠲᠠᠷᠢᠶᠠᠯᠠᠬᠤ ᠡᠷᠦᠬᠡ ᠭᠠᠢ ᠭᠠᠮᠰᠢᠭ᠂ ᠡᠪᠡᠳᠴᠢᠨ ᠡᠮᠭᠡᠭ ᠵᠡᠷᠭᠡ ᠰᠢᠯᠲᠠᠭᠠᠨ ᠠᠴᠠ ᠪᠤᠯᠵᠤ ᠳᠠᠬᠢᠨ ᠶᠠᠳᠠᠭᠤᠷᠠᠬᠤ ᠠᠰᠠᠭᠤᠳᠠᠯ ᠳᠤ ᠴᠢᠭᠯᠡᠭᠦᠯᠦᠨ᠂ ᠥᠪᠥᠷ ᠮᠣᠩᠭᠤᠯ ᠤᠨ ᠰᠥᠨᠢᠳ ᠪᠠᠷᠠᠭᠤᠨ  ᠬᠤᠰᠢᠭᠤ ︽ᠳᠠᠬᠢᠨ ᠶᠠᠳᠠᠭᠤᠷᠠᠬᠤ ᠶᠢ ᠨᠢ ᠰᠡᠷᠭᠡᠶᠢᠯᠡᠬᠦ︾ ᠳᠠᠭᠠᠳᠬᠠᠯ ᠤᠨ ᠲᠦᠷᠢᠮ ᠢ ᠪᠠᠶᠢᠭᠤᠯᠵᠤ᠂ ᠶᠠᠳᠠᠭᠤᠷᠠᠬᠤ ᠰᠢᠬᠠᠭᠰᠠᠨ᠂  ᠠᠮᠠᠷᠬᠠᠨ ᠶᠠᠳᠠᠭᠤᠷᠠᠬᠤ ᠭᠤᠣᠯᠳᠠᠯᠭ᠎ᠠ ᠲᠠᠢ ᠬᠥᠮᠦᠰ ᠢ ᠡᠪᠡᠳᠴᠢᠨ ᠡᠮᠭᠡᠭ᠂ ᠭᠠᠢ ᠭᠠᠮᠰᠢᠭ᠂ ᠰᠠᠨᠠᠭᠠᠨ ᠳᠤ ᠦᠭᠡᠢ ᠶᠠᠪᠤᠳᠠᠯ ᠠᠴᠠ ᠪᠣᠯᠵᠤ ᠶᠠᠳᠠᠭᠤᠷᠠᠬᠤ ᠪᠤᠶᠤ ᠳᠠᠬᠢᠨ ᠶᠠᠳᠠᠭᠤᠷᠠᠬᠤ ᠦᠶᠡᠰ ᠪᠡᠯᠡ ᠮᠥᠩᠭᠦ ᠶᠢᠨ ᠪᠠᠲᠤᠯᠠᠭ᠎ᠠ ᠲᠠᠢ ᠪᠣᠯᠭᠠᠵᠠᠢ᠃ ᠡᠨᠡ ᠪᠣᠯ ᠥᠪᠥᠷ ᠮᠣᠩᠭᠤᠯ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠳᠠᠭᠠᠳᠬᠠᠯ ᠢ ᠠᠩᠬ᠎ᠠ ᠤᠳᠠᠭ᠎ᠠ  ᠬᠡᠷᠡᠭᠵᠢᠭᠦᠯᠵᠦ ᠪᠠᠶᠢᠭ᠎ᠠ ᠶᠠᠪᠤᠳᠠᠯ ᠪᠣᠯᠣᠨ᠎ᠠ᠃ ᠣᠶᠢᠯᠠᠭᠠᠭᠰᠠᠨ ᠢᠶᠠᠷ᠂ ᠰᠥᠨᠢᠳ ᠪᠠᠷᠠᠭᠤᠨ ᠬᠤᠰᠢᠭᠤᠨ ᠤ ᠵᠠᠰᠠᠭ ᠤᠨ ᠣᠷᠳᠣᠨ ᠠᠴᠠ ᠵᠣᠭᠤᠰ ᠭᠠᠷᠭᠠᠵᠤ᠂ ᠬᠥᠮᠥᠨ ᠨᠢᠭᠡᠪᠦᠷᠢ ᠵᠢᠯ ᠪᠦᠷᠢ ᠳᠤ 50 ᠲᠥᠭᠦᠷᠢᠭ ᠤᠨ ᠳᠠᠭᠠᠳᠬᠠᠯ ᠤᠨ ᠮᠥᠩᠭᠦ ᠶᠢᠨ ᠪᠠᠷᠢᠮᠵᠢᠶ᠎ᠠ ᠪᠠᠷ᠂ ᠪᠦᠬᠦ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠬᠥᠮᠦᠨ ᠠᠮᠠ ᠶᠢᠨ 40%᠎ ᠶᠢ ᠡᠵᠡᠯᠡᠵᠦ ᠪᠠᠶᠢᠭ᠎ᠠ ᠣᠷᠣᠯᠭ᠎ᠠ ᠪᠠᠭᠠᠲᠠᠶ ᠡᠷᠦᠬᠡ ᠪᠣᠯᠤᠨ ᠥᠨᠳᠥᠷ ᠪᠠᠷᠢᠮᠵᠢᠶᠠᠲᠤ ᠪᠤᠰᠤ ᠶᠠᠳᠠᠭᠤ ᠠᠴᠠ ᠠᠩᠭᠢᠵᠢᠷᠠᠭᠰᠠᠨ ᠡᠷᠤᠬᠡ ᠵᠡᠷᠭᠡ ᠬᠤᠶᠠᠷ ᠲᠦᠷᠦᠯ ᠤᠨ ᠶᠠᠳᠠᠭᠤᠷᠠᠬᠤ ᠰᠢᠬᠠᠭᠰᠠᠨ᠂  ᠠᠮᠠᠷᠬᠠᠨ ᠶᠠᠳᠠᠭᠤᠷᠠᠬᠤ ᠬᠥᠮᠦᠰ ᠲᠤ ᠳᠠᠭᠠᠳᠬᠠᠯ ᠬᠤᠳᠠᠯᠳᠤᠨ ᠣᠯᠭᠤᠵᠤ᠂ ᠲᠡᠳᠡᠨᠡᠷ ᠤᠨ ᠡᠪᠡᠳᠴᠢᠨ ᠡᠮᠭᠡᠭ᠂ ᠭᠠᠢ ᠭᠠᠮᠰᠢᠭ᠂ ᠰᠠᠨᠠᠭᠠᠨ ᠳᠤ ᠦᠭᠡᠢ ᠶᠠᠪᠤᠳᠠᠯ ᠠᠴᠠ ᠪᠣᠯᠵᠤ ᠶᠠᠳᠠᠭᠤᠷᠠᠬᠤ ᠦᠶ᠎ᠡ ᠳᠤ ᠳᠠᠭᠠᠳᠬᠠᠯ ᠤᠨ ᠲᠥᠯᠥᠪᠦᠷᠢ ᠣᠯᠭᠤᠬᠤ ᠶᠢ ᠪᠠᠲᠤᠯᠠᠵᠠᠢ᠃ ︽ᠳᠠᠬᠢᠨ ᠶᠠᠳᠠᠭᠤᠷᠠᠬᠤ ᠶᠢ ᠨᠢ ᠰᠡᠷᠭᠡᠶᠢᠯᠡᠬᠦ︾ ᠳᠠᠭᠠᠳᠬᠠᠯ ᠨᠢ ᠬᠥᠮᠦᠨ ᠪᠦᠷᠢ ᠳᠤ ᠬᠠᠮᠤᠭ ᠤᠨ ᠥᠨᠳᠥᠷ ᠲᠤ ᠪᠠᠨ 16 ᠲᠦᠮᠡᠨ ᠲᠥᠭᠦᠷᠢᠭ ᠤᠨ ᠪᠠᠲᠤᠯᠠᠭ᠎ᠠ ᠬᠠᠩᠭᠠᠬᠤ ᠪᠣᠯᠣᠨ᠎ᠠ᠃      ᠰᠥᠨᠢᠳ ᠪᠠᠷᠠᠭᠤᠨ ᠬᠤᠰᠢᠭᠤᠨ ᠤ ᠳᠠᠬᠢᠨ ᠶᠠᠳᠠᠭᠤᠷᠠᠬᠤ ᠶᠢ ᠨᠢ ᠰᠡᠷᠭᠡᠶᠢᠯᠡᠬᠦ ᠳᠠᠭᠠᠳᠬᠠᠯ ᠤᠨ ᠪᠠᠲᠤᠯᠠᠬᠤ ᠬᠥᠮᠥᠰ ᠢ ᠤᠷᠢᠳᠠᠪᠠᠷ ᠲᠣᠭᠲᠠᠭᠠᠵᠤ ᠮᠠᠭᠠᠳᠯᠠᠬᠤ ᠪᠤᠰᠤ᠂ ᠬᠠᠷᠢᠨ ᠲᠣᠮᠣ ᠳ᠋ᠠᠶᠢᠲ᠋ᠠ ᠶᠢᠨ ᠵᠠᠳᠠᠯᠤᠯᠲᠠ ᠢ ᠦᠨᠳᠦᠰᠦᠯᠡᠵᠦ᠂ ᠡᠮ ᠡᠮᠨᠡᠯᠭᠡ᠂ ᠰᠤᠷᠭᠠᠭᠤᠯᠢ ᠳᠤ ᠰᠤᠷᠤᠯᠴᠠᠬᠤ᠂ ᠭᠠᠮᠰᠢᠭ ᠤᠨ ᠪᠠᠶᠢᠳᠠᠯ ᠵᠡᠷᠭᠡ ᠲᠠᠯ᠎ᠠ ᠪᠠᠷ ᠬᠢ ᠵᠠᠷᠤᠯᠭ᠎ᠠ ᠨᠢ ᠤᠷᠢᠳᠴᠢᠯᠠᠨ ᠰᠡᠷᠡᠮᠵᠢᠯᠡᠭᠦᠯᠬᠦ ᠱᠤᠭᠤᠮ ᠠᠴᠠ ᠬᠡᠲᠦᠷᠡᠭᠰᠡᠨ ᠦᠶ᠎ᠡ ᠳᠤ᠂ ᠬᠤᠯᠪᠣᠭᠳᠠᠯ ᠪᠦᠬᠦᠢ ᠨᠢᠭᠡᠴᠢ ᠲᠡᠷᠡ ᠳᠠᠷᠤᠶ ᠳᠤ ᠨᠢ ᠮᠥᠷᠳᠡᠯᠲᠡ ᠶᠢᠨ ᠳᠡᠰ ᠳᠠᠷᠠᠭᠠᠯᠠᠯ ᠢ ᠬᠡᠷᠡᠭᠵᠢᠭᠦᠯᠦᠨ᠂ ᠲᠤᠰᠬᠠᠶᠢᠵᠢᠭᠰᠠᠨ ᠠᠷᠭ᠎ᠠ ᠪᠠᠷᠢᠯ ᠢ ᠠᠰᠢᠭᠯᠠᠨ᠂ ᠡᠷᠦᠬᠡ ᠳᠤ  ᠣᠴᠢᠵᠤ ᠲᠣᠭᠠᠴᠠᠭ᠎ᠠ ᠬᠢᠬᠦ ᠪᠣᠯᠣᠨ᠎ᠠ᠃ ᠬᠡᠷᠪᠡ ᠬᠢᠨᠠᠨ ᠪᠠᠶᠢᠴᠠᠭᠠᠭᠳᠠᠬᠤ ᠬᠥᠮᠦᠰ ᠤᠨ ᠭᠡᠷ ᠪᠦᠯᠢ ᠶᠢᠨ ᠵᠢᠯ ᠤᠨ ᠬᠥᠮᠦᠨ ᠪᠦᠷᠢ ᠶᠢᠨ ᠡᠵᠡᠮᠳᠡᠵᠦ ᠪᠣᠯᠬᠤ ᠳᠤᠮᠳᠠᠴᠢ ᠣᠷᠣᠯᠭ᠎ᠠ ᠨᠢ ᠳᠡᠭᠡᠷ᠎ᠡ ᠵᠢᠯ ᠤᠨ ᠤᠯᠤᠰ ᠤᠨ ᠶᠠᠳᠠᠭᠤ ᠬᠦᠴᠢᠷᠳᠡᠯ ᠤᠨ ᠱᠤᠭᠤᠮ ᠤᠨ1.5 ᠳᠠᠬᠢᠨ ᠠᠴᠠ ᠳᠣᠣᠷ᠎ᠠ ᠪᠠᠶᠢᠪᠠᠯ᠂ ᠨᠥᠬᠦᠴᠡᠯ ᠳᠤ ᠨᠡᠶᠢᠴᠡᠬᠦ ᠶᠢ ᠨᠢ ᠳᠠᠬᠢᠨ ᠶᠡᠷᠦᠩᠬᠡᠶᠢᠯᠡᠨ ᠮᠠᠭᠠᠳᠯᠠᠨ ᠲᠣᠭᠲᠠᠭᠠᠬᠤ ᠪᠠᠷ ᠳᠠᠮᠵᠢᠭᠠᠳ᠂ ᠳᠠᠭᠠᠳᠬᠠᠯ ᠤᠨ ᠮᠥᠩᠭᠦ ᠣᠯᠭᠤᠬᠤ ᠶᠢᠨ ᠬᠠᠮᠲᠤ ᠪᠤᠰᠤᠳ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号