ᠦᠪᠦᠷ ᠵᠠᠰᠠᠭ ᠲᠠᠷᠬᠠᠭᠠᠭᠰᠠᠨ ﹇2018﹈ 24 ᠳ᠋ᠤᠭᠡᠷ ᠲᠣᠭᠠᠲᠤ | 7 ᠳ᠋ᠤᠭᠠᠷ ᠰᠠᠷ᠎ᠠ ᠶᠢᠨ10 ᠤ ᠡᠳᠤᠷ | | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ᠤ | ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠦᠬᠦᠢ ᠵᠥᠪᠯᠡᠯ᠂ ᠠᠯᠪᠠᠨ | ᠭᠡᠷ᠂ ᠲᠢᠩᠬᠢᠮ᠂ ᠲᠣᠪᠴᠢᠶ᠎ᠠ ᠳᠤ᠄ | ︽ᠲᠠᠷᠢᠶᠠᠯᠠᠩ ᠳᠤ ᠬᠤᠯᠪᠣᠭᠳᠠᠭᠰᠠᠨ ᠪᠡᠯᠡ ᠮᠥᠩᠭᠦ ᠶᠢ ᠨᠢᠭᠡᠳᠦᠯᠲᠡᠢ ᠲᠦᠯᠦᠪᠯᠡᠵᠦ ᠡᠮᠬᠢᠯᠡᠨ ᠨᠡᠶᠢᠯᠡᠭᠦᠯᠬᠦ | ᠤᠷᠲᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠰᠦᠪᠡᠭᠴᠢᠯᠡᠨ ᠪᠠᠶᠢᠭᠤᠯᠬᠤ ᠲᠤᠬᠠᠢ ᠲᠥᠷᠥ ᠶᠢᠨ | ᠶᠠᠪᠤᠳᠠᠯ ᠤᠨ ᠬᠤᠷᠢᠶ᠎ᠠ ᠶᠢᠨ ᠰᠠᠨᠠᠯ︾ ︵ᠲᠥᠷᠥ ᠲᠠᠷᠬᠠᠭᠠᠭᠰᠠᠨ ﹇2017﹈ 54 ᠳ᠋ᠤᠭᠡᠷ ᠲᠣᠭᠠᠲᠤ︶ ᠤᠨ | ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠤᠷᠤᠨ ᠤ ᠮᠠᠯ ᠲᠠᠷᠢᠶᠠᠯᠠᠩ ᠳᠤ | ᠬᠤᠯᠪᠤᠨᠨᠳ᠋ᠬᠠᠰᠠᠨ ᠪᠡᠯᠡ ᠮᠦᠩᠭᠦ ᠶᠢ ᠨᠢᠬᠡᠳᠦᠯᠳᠡᠢ ᠲᠦᠯᠦᠪᠯᠡᠵᠦ ᠡᠮᠬᠢᠯᠡᠨ ᠨᠡᠶᠢᠯᠡᠬᠦᠯᠬᠦ ᠠᠵᠢᠯ ᠢ ᠤᠯᠠᠮ ᠨᠢᠬᠡ | ᠠᠯᠬᠤᠮ ᠰᠠᠶᠢᠳᠤᠷ ᠬᠢᠵᠦ᠂ ᠤᠷᠲᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠰᠦᠪᠡᠭᠴᠢᠯᠡᠨ | ᠪᠠᠶᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠪᠠᠨ ᠤᠶᠠᠯᠳᠤᠭᠤᠯᠤᠨ᠂ ᠡᠳᠦᠭᠡ | ᠳᠣᠣᠷᠠᠬᠢ ᠰᠠᠨᠠᠯ ᠢ ᠳᠤᠷᠠᠳᠪᠠ᠃ | ᠨᠢᠭᠡ᠂ ᠶᠡᠷᠦᠩᠬᠡᠢ ᠱᠠᠭᠠᠷᠳᠠᠯᠭ᠎ᠠ | ︵ᠨᠢᠭᠡ︶ ᠵᠢᠯᠣᠭᠤᠳᠬᠤ ᠦᠵᠡᠯ ᠰᠠᠨᠠᠭ᠎ᠠ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ | ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ | ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ | ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠢ ᠨᠠᠶᠢᠳᠠᠪᠤᠷᠢᠵᠢᠭᠤᠯᠤᠨ᠂ ︽ | ᠲᠠᠪᠤ ᠶᠢ ᠨᠢᠭᠡ ᠴᠣᠭᠴᠠᠵᠢᠭᠤᠯᠬᠤ︾ ᠶᠡᠷᠦᠩᠬᠡᠢ ᠪᠠᠶᠢᠷᠢᠰᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ | ᠠᠬᠢᠭᠤᠯᠬᠤ ᠪᠠ ︽ᠳᠥᠷᠪᠡᠨ ᠪᠥᠬᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠶᠢ | ᠵᠣᠬᠢᠴᠠᠭᠤᠯᠤᠨ ᠠᠬᠢᠭᠤᠯᠵᠤ᠂ ᠲᠣᠭᠲᠠᠭᠤᠨ ᠪᠠᠶᠢᠯᠭᠠᠬᠤ ᠮᠥᠷᠲᠡᠭᠡᠨ ᠤᠷᠤᠭᠰᠢᠯᠠᠨ ᠳᠠᠪᠰᠢᠭᠤᠯᠬᠤ ᠠᠵᠢᠯ ᠤᠨ | ᠶᠡᠷᠦᠩᠬᠡᠢ ᠦᠨᠳᠦᠰᠦᠨ ᠰᠠᠨᠠᠭ᠎ᠠ ᠶᠢ ᠪᠠᠷᠢᠮᠲᠠᠯᠠᠨ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠠᠲᠤ ᠪᠠᠬᠢ ᠪᠣᠢ | ᠪᠣᠯᠭᠠᠬᠤ ᠪᠦᠭᠡᠳ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠪᠣᠯᠣᠨ ᠥᠪᠡᠷᠲᠡᠭᠡᠨ ᠵᠠᠰᠠᠬᠤ ᠣᠷᠣᠨ ᠤ ︽ | ᠮᠠᠯ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾ ᠤ ᠠᠵᠢᠯ ᠤᠨ ᠴᠢᠭᠯᠡᠯᠲᠡ ᠲᠥᠷᠥ ᠶᠢᠨ | ᠪᠣᠳᠣᠯᠭ᠎ᠠ ᠶᠢ ᠵᠢᠷᠤᠮᠯᠠᠨ᠂ ᠬᠥᠳᠡᠭᠡ ᠲᠣᠰᠬᠤᠨ ᠢ ᠮᠠᠨᠳᠤᠭᠤᠯᠤᠨ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ | ᠬᠡᠷᠡᠭᠵᠢᠭᠦᠯᠬᠦ ᠶᠢᠨ ᠲᠣᠭᠤᠷᠢᠨ ᠳᠤ᠂ ᠮᠠᠯ ᠲᠠᠷᠢᠶᠠᠯᠠᠩ ᠳᠤ ᠬᠤᠯᠪᠣᠭᠳᠠᠭᠰᠠᠨ ᠪᠡᠯᠡ ᠮᠥᠩᠭᠦ ᠶᠢ ᠨᠢᠭᠡᠳᠦᠯᠲᠡᠢ | ᠲᠦᠯᠦᠪᠯᠡᠵᠦ ᠡᠮᠬᠢᠯᠡᠨ ᠨᠡᠶᠢᠯᠡᠭᠦᠯᠬᠦ ᠶᠢ ᠡᠳ᠋ ᠤᠨ ᠵᠠᠰᠠᠭ ᠭᠠᠶᠢᠯᠢ ᠶᠢᠨ ᠪᠠᠶᠢᠭᠤᠯᠤᠯ ᠤᠨ ᠥᠭᠡᠷᠡᠴᠢᠯᠡᠯᠲᠡ ᠪᠣᠯᠣᠨ | ᠵᠠᠰᠠᠭ ᠤᠨ ᠣᠷᠳᠣᠨ ᠤ ᠪᠡᠯᠡ ᠣᠷᠣᠭᠤᠯᠬᠤ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢᠨ ᠴᠢᠬᠤᠯᠠ | ᠠᠭᠤᠯᠭ᠎ᠠ ᠪᠣᠯᠭᠠᠨ᠂ ᠮᠠᠯ ᠲᠠᠷᠢᠶᠠᠯᠠᠩ ᠢ ᠳᠡᠮᠵᠢᠬᠦ ᠡᠳ᠋ ᠤᠨ ᠵᠠᠰᠠᠭ ᠤᠨ ᠪᠡᠯᠡ ᠣᠷᠤᠭᠤᠯᠤᠯᠲᠠ ᠶᠢᠨ ᠬᠠᠩᠭᠠᠯᠭ᠎ᠠ ᠶᠢ | ᠰᠢᠯᠢᠳᠡᠭᠵᠢᠭᠦᠯᠵᠦ᠂ ᠮᠠᠯ ᠲᠠᠷᠢᠶᠠᠯᠠᠩ ᠢ ᠳᠡᠮᠵᠢᠬᠦ ᠡᠳ᠋ ᠤᠨ ᠵᠠᠰᠠᠭ ᠤᠨ ᠲᠥᠷᠥ ᠶᠢᠨ ᠪᠣᠳᠣᠯᠭ᠎ᠠ ᠶᠢᠨ ᠦᠵᠦ ᠵᠢᠷᠤᠭ | ᠲᠥᠯᠥᠪᠯᠡᠭᠡ ᠪᠣᠯᠣᠨ ᠲᠥᠷᠥ ᠶᠢᠨ ᠪᠣᠳᠣᠯᠭ᠎ᠠ ᠶᠢᠨ ᠵᠢᠯᠣᠭᠤᠳᠤᠯᠭ᠎ᠠ ᠶᠢ ᠴᠢᠩᠭᠠᠳᠬᠠᠨ᠂ ᠮᠠᠯ ᠲᠠᠷᠢᠶᠠᠯᠠᠩ ᠳᠤ | ᠬᠤᠯᠪᠣᠭᠳᠠᠭᠰᠠᠨ ᠪᠡᠯᠡ ᠮᠥᠩᠭᠦᠨ ᠤ ᠬᠠᠮᠢᠶᠠᠷᠬᠤ ᠰᠢᠰᠲ᠋ᠧᠮᠵᠢ ᠶᠢ ᠰᠢᠯᠤᠭᠤᠳᠬᠠᠵᠤ᠂ ᠮᠠᠯ ᠲᠠᠷᠢᠶᠠᠯᠠᠩ ᠳᠤ | ᠬᠤᠯᠪᠣᠭᠳᠠᠭᠰᠠᠨ ᠪᠡᠯᠡ ᠮᠥᠩᠭᠦ ᠶᠢ ᠬᠡᠷᠡᠭᠯᠡᠵᠦ ᠬᠠᠮᠢᠶᠠᠷᠬᠤ ᠲᠣᠭᠲᠠᠴᠠ ᠳᠤ ᠰᠢᠨ᠎ᠡ ᠶᠢ ᠡᠭᠦᠳᠦᠨ᠂ ᠮᠠᠯᠵᠢᠬᠤ | ᠲᠠᠷᠢᠶᠠᠯᠠᠬᠤ ᠣᠷᠣᠨ ᠤ ᠪᠡᠯᠡ ᠣᠷᠣᠭᠤᠯᠬᠤ ᠪᠠ ᠲᠣᠬᠢᠷᠠᠭᠤᠯᠬᠤ ᠲᠣᠭᠲᠠᠴᠠ ᠶᠢ ᠥᠭᠡᠷᠡᠴᠢᠯᠡᠬᠦ ᠪᠠ | ᠲᠡᠭᠦᠯᠳᠡᠷᠵᠢᠭᠦᠯᠵᠦ᠂ ᠮᠠᠯ ᠲᠠᠷᠢᠶᠠᠯᠠᠩ ᠢ ᠳᠡᠮᠵᠢᠬᠦ ᠡᠳ᠋ ᠤᠨ ᠵᠠᠰᠠᠭ ᠤᠨ ᠲᠥᠷᠥ ᠶᠢᠨ ᠪᠣᠳᠣᠯᠭ᠎ᠠ ᠶᠢᠨ ᠦᠢᠯᠡᠳᠦᠯ | ᠪᠣᠯᠣᠨ ᠪᠡᠯᠡ ᠮᠥᠩᠭᠦ ᠬᠡᠷᠡᠭᠯᠡᠬᠦ ᠦᠷ᠎ᠡ ᠠᠰᠢᠭ ᠢ ᠦᠨᠡᠨ ᠬᠦ ᠳᠡᠭᠡᠭᠰᠢᠯᠡᠭᠦᠯᠦᠨ᠎ᠡ᠃ | ︵ᠬᠤᠶᠠᠷ︶ ᠦᠨᠳᠦᠰᠦᠨ ᠵᠠᠷᠴᠢᠮ | ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠎ᠠ᠃ ᠣᠳᠣᠬᠠᠨ ᠤ ᠮᠠᠯ ᠲᠠᠷᠢᠶᠠᠯᠠᠩ ᠳᠤ | ᠬᠤᠯᠪᠣᠭᠳᠠᠭᠰᠠᠨ ᠪᠡᠯᠡ ᠮᠥᠩᠭᠦᠨ ᠳᠤ ᠣᠯᠠᠨ ᠲᠠᠯ᠎ᠠ ᠠᠴᠠ ᠬᠠᠮᠢᠶᠠᠷᠬᠤ᠂ ᠰᠣᠯᠪᠢᠴᠠᠨ ᠳᠠᠪᠬᠤᠷᠳᠠᠭᠤᠯᠵᠤ ᠪᠠᠶᠢᠬᠤ᠂ | ᠬᠡᠷᠡᠭᠯᠡᠬᠦ ᠨᠢ ᠲᠠᠷᠠᠬᠠᠢ ᠪᠤᠲᠠᠷᠬᠠᠢ ᠵᠡᠷᠭᠡ ᠲᠣᠪᠤᠶᠢᠮ᠎ᠠ ᠠᠰᠠᠭᠤᠳᠠᠯ᠂ ᠵᠢᠴᠢ ᠨᠢᠭᠡᠳᠦᠯᠲᠡᠢ ᠲᠦᠯᠦᠪᠯᠡᠵᠦ ᠡᠮᠬᠢᠯᠡᠨ | ᠨᠡᠶᠢᠯᠡᠭᠦᠯᠬᠦ ᠠᠵᠢᠯ ᠳᠤ ᠲᠤᠯᠭᠠᠷᠠᠵᠤ ᠪᠠᠶᠢᠭ᠎ᠠ ︽ᠡᠮᠬᠢᠯᠡᠨ ᠨᠡᠶᠢᠯᠡᠭᠦᠯᠵᠦ ᠴᠢᠳᠠᠬᠤ ᠦᠭᠡᠢ᠂ ᠡᠮᠬᠢᠯᠡᠨ ᠨᠡᠶᠢᠯᠡᠬᠦᠯᠬᠦ | ᠴᠢᠳᠠᠯ ᠦᠭᠡᠢ︾ ᠠᠰᠠᠭᠤᠳᠠᠯ ᠳᠤ ᠴᠢᠭᠯᠡᠭᠦᠯᠦᠨ᠂ ᠲᠥᠷᠥ ᠶᠢᠨ ᠪᠣᠳᠣᠯᠭ᠎ᠠ ᠶᠢᠨ ᠵᠢᠷᠤᠭᠯᠠᠨ ᠲᠥᠯᠥᠪᠯᠡᠬᠦ ᠶᠢ ᠤᠯᠠᠮ | ᠨᠢᠭᠡ ᠠᠯᠬᠤᠮ ᠰᠢᠯᠢᠳᠡᠭᠵᠢᠭᠦᠯᠵᠦ᠂ ᠪᠠᠶᠢᠭᠤᠯᠤᠯ ᠲᠣᠭᠲᠠᠴᠠ ᠳᠤ ᠰᠢᠨ᠎ᠡ ᠶᠢ ᠡᠭᠦᠳᠦᠨ᠂ ᠲᠥᠷᠥ ᠶᠢᠨ | ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠦᠨ᠂ ᠮᠠᠯ ᠲᠠᠷᠢᠶᠠᠯᠠᠩ ᠳᠤ ᠬᠤᠯᠪᠣᠭᠳᠠᠭᠰᠠᠨ ᠪᠡᠯᠡ | ᠮᠥᠩᠭᠦ ᠶᠢᠨ ᠬᠡᠷᠡᠭᠯᠡᠬᠦ ᠦᠷ᠎ᠡ ᠠᠰᠢᠭ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠤᠯᠤᠰ ᠤᠨ ᠳᠡᠰ ᠤᠨ ᠶᠠᠳᠠᠭᠤ | ᠬᠦᠴᠢᠷᠳᠡᠯᠲᠡᠢ ᠬᠤᠰᠢᠭᠤ ᠰᠢᠶᠠᠨ ᠤ ᠬᠢᠨ ᠶᠠᠳᠠᠭᠤ ᠶᠢ ᠳᠡᠳᠭᠦᠭᠦ ᠲᠤᠰᠬᠠᠢ ᠪᠡᠯᠡ ᠮᠥᠩᠭᠦ᠂ ᠮᠠᠯ ᠲᠠᠷᠢᠶᠠᠯᠠᠩ ᠳᠤ | ᠬᠤᠯᠪᠣᠭᠳᠠᠭᠰᠠᠨ ᠪᠡᠯᠡ ᠮᠥᠩᠭᠦ ᠪᠣᠯᠣᠨ ᠨᠡᠶᠢᠭᠡᠮ ᠤᠨ ᠬᠢᠨ ᠤ ᠬᠠᠪᠰᠤᠷᠤᠨ ᠲᠡᠳᠬᠦᠬᠦ ᠪᠡᠯᠡ ᠮᠥᠩᠭᠦ ᠶᠢ | ᠨᠡᠶᠢᠯᠡᠭᠦᠯᠵᠦ ᠲᠥᠪᠯᠡᠷᠡᠭᠦᠯᠦᠨ ᠬᠡᠷᠡᠭᠯᠡᠬᠦ ᠶᠢ ᠨᠢ ᠳᠡᠮᠵᠢᠨ᠎ᠡ᠃ | ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠲᠠᠯᠪᠢᠬᠤ ᠶᠢ ᠪᠠᠷᠢᠮᠲᠠᠯᠠᠨ᠎ᠠ᠃ ᠮᠠᠯ ᠲᠠᠷᠢᠶᠠᠯᠠᠩ ᠳᠤ | ᠬᠤᠯᠪᠣᠭᠳᠠᠬᠤ ᠬᠦᠷᠢᠶᠡᠨ ᠳᠠᠬᠢ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ | ᠠᠬᠢᠭᠤᠯᠵᠤ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ ᠶᠢᠨ ᠮᠠᠯ ᠲᠠᠷᠢᠶᠠᠯᠠᠩ ᠳᠤ ᠬᠤᠯᠪᠣᠭᠳᠠᠬᠤ ᠰᠠᠯᠠᠭ᠎ᠠ | ᠮᠥᠴᠢᠷ ᠤᠨ ᠬᠢᠨ ᠤ ᠲᠥᠷᠥᠯ ᠵᠦᠢᠯ ᠢ ᠬᠢᠨᠠᠨ ᠵᠥᠪᠰᠢᠶᠡᠷᠡᠬᠦ ᠡᠷᠬᠡ ᠶᠢᠨ ᠬᠡᠪᠴᠢᠶ᠎ᠡ ᠪᠠᠨ ᠳᠣᠷᠣᠭᠰᠢ ᠲᠠᠯᠪᠢᠬᠤ ᠶᠢ | ᠤᠯᠠᠮ ᠨᠢᠭᠡ ᠠᠯᠬᠤᠮ ᠠᠬᠢᠭᠤᠯᠤᠨ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠮᠠᠯ ᠲᠠᠷᠢᠶᠠᠯᠠᠩ ᠳᠤ | ᠬᠤᠯᠪᠣᠭᠳᠠᠭᠰᠠᠨ ᠪᠡᠯᠡ ᠮᠥᠩᠭᠦ ᠪᠠᠨ ᠨᠢᠭᠡᠳᠦᠯᠲᠡᠢ ᠲᠦᠯᠦᠪᠯᠡᠵᠦ ᠡᠮᠬᠢᠯᠡᠨ ᠨᠡᠶᠢᠯᠡᠭᠦᠯᠬᠦ ᠳᠤ ᠨᠥᠬᠦᠴᠡᠯ | ᠪᠦᠷᠢᠯᠳᠦᠭᠦᠯᠦᠨ᠎ᠡ᠃ ᠠᠵᠢᠯ ᠬᠡᠷᠡᠭ ᠤᠨ ᠳᠤᠮᠳᠠ ᠪᠠ ᠠᠵᠢᠯ ᠬᠡᠷᠡᠭ ᠤᠨ ᠳᠠᠷᠠᠭ᠎ᠠ ᠪᠠᠷ ᠬᠢ ᠬᠢᠨᠠᠨ ᠬᠠᠮᠢᠶᠠᠷᠬᠤ ᠶᠢ | ᠴᠢᠩᠭᠠᠳᠬᠠᠵᠤ᠂ ᠮᠠᠯ ᠲᠠᠷᠢᠶᠠᠯᠠᠩ ᠳᠤ ᠬᠤᠯᠪᠣᠭᠳᠠᠭᠰᠠᠨ ᠪᠡᠯᠡ ᠮᠥᠩᠭᠦ ᠶᠢ ᠨᠢᠭᠡᠳᠦᠯᠲᠡᠢ ᠲᠦᠯᠦᠪᠯᠡᠵᠦ ᠡᠮᠬᠢᠯᠡᠨ | ᠨᠡᠶᠢᠯᠡᠭᠦᠯᠬᠦ ᠶᠢ ᠨᠢ ᠬᠠᠤᠯᠢ ᠪᠣᠯᠣᠨ ᠲᠣᠭᠲᠠᠭᠠᠯ ᠶᠣᠰᠣᠭᠠᠷ ᠡᠮᠬᠢ ᠳᠠᠷᠠᠭᠠᠯᠠᠯ ᠲᠠᠢ ᠪᠦᠭᠡᠳ ᠦᠷ᠎ᠡ | ᠪᠦᠲᠦᠮᠵᠢᠲᠡᠢ ᠪᠠᠷ ᠠᠬᠢᠭᠤᠯᠤᠨ᠎ᠠ᠃ | ᠨᠢᠭᠡᠳᠦᠯᠲᠡᠢ ᠲᠦᠯᠦᠪᠯᠡᠵᠦ ᠵᠣᠬᠢᠴᠠᠭᠤᠯᠬᠤ ᠶᠢ ᠪᠠᠷᠢᠮᠲᠠᠯᠠᠨ᠎ᠠ᠃ ᠤᠷᠮᠠᠰᠢᠭᠤᠯᠬᠤ ᠪᠠ ᠬᠢᠵᠠᠭᠠᠷᠯᠠᠬᠤ | ᠲᠣᠭᠲᠠᠴᠠ ᠶᠢ ᠪᠠᠶᠢᠭᠤᠯᠤᠨ᠂ ᠡᠯ᠎ᠡ ᠲᠠᠯ᠎ᠠ ᠶᠢᠨ ᠬᠢᠨ ᠤ ᠢᠳᠡᠪᠬᠢᠵᠢᠯ ᠢ ᠭᠦᠢᠴᠡᠳ ᠳᠠᠶᠢᠴᠢᠯᠠᠵᠤ᠂ ᠲᠥᠪ᠂ | ᠥᠪᠡᠷᠲᠡᠭᠡᠨ ᠵᠠᠰᠠᠬᠤ ᠣᠷᠣᠨ ᠤ ᠬᠤᠷᠸ᠎ᠠ ᠵᠢᠯᠣᠭᠤᠳᠤᠯᠭ᠎ᠠ ᠪᠣᠯᠣᠨ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ | ᠲᠣᠭᠤᠷᠢᠭ︶ ᠤ ᠡᠵᠡᠨ ᠮᠡᠳᠡᠨ ᠨᠢᠭᠡᠳᠦᠯᠲᠡᠢ ᠲᠦᠯᠦᠪᠯᠡᠬᠦ ᠶᠢᠨ ᠣᠷᠭᠠᠨᠢᠭ ᠢᠶᠠᠷ ᠤᠶᠠᠯᠳᠤᠬᠤ ᠶᠢ ᠠᠬᠢᠭᠤᠯᠤᠨ᠂ ᠮᠠᠯ | ᠲᠠᠷᠢᠶᠠᠯᠠᠩ ᠤᠨ ᠬᠦᠷᠢᠶᠡᠨ ᠳᠠᠬᠢ ᠥᠪᠡᠷᠲᠡᠭᠡᠨ ᠵᠠᠰᠠᠬᠤ ᠣᠷᠣᠨ ᠠᠴᠠ ᠳᠣᠷᠣᠭᠰᠢᠬᠢ ᠡᠳ᠋ ᠤᠨ ᠵᠠᠰᠠᠭ ᠤᠨ ᠠᠵᠢᠯ | ᠬᠡᠷᠡᠭ ᠬᠠᠮᠢᠶᠠᠷᠬᠤ ᠡᠷᠬᠡ ᠪᠣᠯᠣᠨ ᠵᠠᠷᠤᠯᠭ᠎ᠠ ᠶᠢᠨ ᠬᠠᠷᠢᠭᠤᠴᠠᠯᠭ᠎ᠠ ᠶᠢ ᠵᠦᠢ ᠵᠣᠬᠢᠰᠲᠠᠢ ᠪᠠᠷ ᠬᠤᠪᠢᠶᠠᠷᠢᠯᠠᠬᠤ ᠶᠢ ᠨᠢ | ᠠᠬᠢᠭᠤᠯᠤᠨ᠎ᠠ᠃ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠶᠢᠨ ᠬᠠᠷᠢᠴᠠᠭ᠎ᠠ ᠶᠢ ᠲᠣᠳᠣᠳᠬᠠᠵᠤ᠂ ᠠᠵᠢᠯ | ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠲᠤᠰᠬᠠᠢ ᠠᠵᠢᠯ ᠤᠨ ᠳᠠᠪᠠᠭᠤᠯᠢᠭ ᠢ ᠭᠦᠢᠴᠡᠳ | ᠪᠠᠳᠠᠷᠠᠭᠤᠯᠤᠨ᠂ ᠥᠭᠡᠷᠡᠴᠢᠯᠡᠯᠲᠡ ᠶᠢᠨ ᠨᠡᠶᠢᠯᠡᠮᠡᠯ ᠬᠦᠴᠦᠨ ᠢ ᠬᠤᠷᠠᠮᠳᠤᠭᠤᠯᠤᠨ᠎ᠠ᠃ | ᠲᠥᠷᠥᠯ ᠬᠤᠪᠢᠶᠠᠵᠤ ᠪᠣᠳᠣᠯᠭ᠎ᠠ ᠬᠡᠷᠡᠭᠵᠢᠭᠦᠯᠬᠦ ᠶᠢ ᠪᠠᠷᠢᠮᠲᠠᠯᠠᠨ᠎ᠠ᠃ ᠲᠤᠰᠬᠠᠢ ᠵᠦᠢᠯ ᠢᠶᠠᠷ ᠰᠢᠯᠵᠢᠭᠦᠯᠦᠨ | ᠣᠯᠭᠤᠬᠤ ᠪᠠ ᠦᠨᠳᠦᠰᠦᠨ ᠪᠦᠲᠦᠭᠡᠨ ᠪᠠᠶᠢᠭᠤᠯᠤᠯᠲᠠ ᠳᠤ ᠪᠡᠯᠡ ᠣᠷᠣᠭᠤᠯᠬᠤ ︵ᠲᠥᠰᠥᠪ ᠤᠨ ᠳᠣᠲᠣᠷᠠᠬᠢ ᠪᠡᠯᠡ | ᠣᠷᠣᠭᠤᠯᠤᠯᠲᠠ ᠪᠣᠯᠣᠨ᠎ᠠ᠂ ᠳᠣᠷᠣᠭᠰᠢ ᠠᠳᠠᠯᠢ︶ ᠶᠢ ᠬᠠᠮᠢᠶᠠᠷᠬᠤ ᠡᠭᠦᠷᠭᠡ ᠬᠠᠷᠢᠭᠤᠴᠠᠯᠭ᠎ᠠ ᠶᠢᠨ ᠠᠵᠢᠯ ᠤᠨ | ᠬᠤᠪᠢᠶᠠᠷᠢᠯᠠᠯ ᠶᠣᠰᠣᠭᠠᠷ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ | ᠲᠣᠭᠤᠷᠢᠭ︶ ᠵᠡᠷᠭᠡ ᠳᠠᠬᠢ ᠮᠠᠯ ᠲᠠᠷᠢᠶᠠᠯᠠᠩ ᠳᠤ ᠬᠤᠯᠪᠣᠭᠳᠠᠭᠰᠠᠨ ᠪᠡᠯᠡ ᠮᠥᠩᠭᠦ ᠶᠢ ᠡᠮᠬᠢᠯᠡᠨ ᠨᠡᠶᠢᠯᠡᠭᠦᠯᠬᠦ ᠪᠠᠨ | ᠱᠠᠲᠤ ᠳᠡᠰ ᠢᠶᠠᠷ ᠠᠩᠭᠢᠯᠠᠵᠤ ᠡᠮᠬᠢ ᠵᠢᠷᠤᠮ ᠲᠠᠢ ᠪᠠᠷ ᠠᠬᠢᠭᠤᠯᠤᠨ᠂ ᠠᠵᠢᠯ ᠲᠥᠷᠥᠯ ᠤᠨ ᠬᠢᠨ ᠤ ᠳᠣᠲᠤᠭᠠᠳᠤ ᠶᠢᠨ | ᠮᠠᠯ ᠲᠠᠷᠢᠶᠠᠯᠠᠩ ᠳᠤ ᠬᠤᠯᠪᠤᠭᠳᠠᠭᠰᠠᠨ ᠪᠡᠯᠡ ᠮᠥᠩᠭᠦ ᠶᠢ ᠲᠥᠰᠥᠪ ᠨᠠᠶᠢᠷᠠᠭᠤᠯᠤᠨ ᠵᠣᠬᠢᠶᠠᠬᠤ ᠭᠤᠭᠴᠣᠭᠠᠨ ᠳᠤ | ᠡᠬᠢ ᠢᠷᠡᠯᠲᠡ ᠠᠴᠠ ᠨᠢ ᠡᠮᠬᠢᠯᠡᠨ ᠨᠡᠶᠢᠯᠡᠭᠦᠯᠵᠦ᠂ ᠠᠵᠢᠯ ᠲᠥᠷᠥᠯ ᠤᠨ ᠬᠤᠭᠤᠷᠣᠨᠳᠤ ᠶᠢᠨ ᠮᠠᠯ ᠲᠠᠷᠢᠶᠠᠯᠠᠩ ᠳᠤ | ᠬᠤᠯᠪᠣᠭᠳᠠᠭᠰᠠᠨ ᠪᠡᠯᠡ ᠮᠥᠩᠭᠦ ᠶᠢ ᠭᠤᠣᠯᠳᠠᠭᠤ ᠲᠥᠰᠥᠪ ᠢ ᠬᠡᠷᠡᠭᠵᠢᠭᠦᠯᠬᠦ ᠭᠤᠭᠴᠣᠭᠠᠨ ᠳᠤ ᠨᠢᠭᠡᠳᠦᠯᠲᠡᠢ | ᠲᠦᠯᠦᠪᠯᠡᠨ᠂ ᠠᠵᠢᠯ ᠲᠥᠷᠥᠯ ᠤᠨ ᠳᠣᠲᠣᠭᠠᠳᠤ ᠶᠢᠨ ᠮᠠᠯ ᠲᠠᠷᠢᠶᠠᠯᠠᠩ ᠳᠤ ᠬᠤᠯᠪᠣᠭᠳᠠᠭᠰᠠᠨ ᠪᠡᠯᠡ ᠮᠥᠩᠭᠦ ᠶᠢ | ᠡᠮᠬᠢᠯᠡᠨ ᠨᠡᠶᠢᠯᠡᠭᠦᠯᠬᠦ ᠬᠢᠭᠡᠳ ᠠᠵᠢᠯ ᠲᠥᠷᠥᠯ ᠤᠨ ᠬᠤᠭᠤᠷᠣᠨᠳᠤ ᠶᠢᠨ ᠮᠠᠯ ᠲᠠᠷᠢᠶᠠᠯᠠᠩ ᠳᠤ ᠬᠤᠯᠪᠣᠭᠳᠠᠭᠰᠠᠨ ᠪᠡᠯᠡ | ᠮᠥᠩᠭᠦ ᠶᠢ ᠨᠢᠭᠡᠳᠦᠯᠲᠡᠢ ᠲᠦᠯᠦᠪᠯᠡᠬᠦ ᠪᠠᠨ ᠵᠣᠯᠭᠠᠯᠳᠤᠭᠤᠯᠤᠨ ᠬᠠᠮᠵᠢᠯᠴᠠᠭᠤᠯᠬᠤ ᠶᠢ ᠨᠢ ᠴᠢᠩᠭᠠᠳᠬᠠᠨ᠎ᠠ᠃ | ︵ᠭᠤᠷᠪᠠ︶ ᠠᠵᠢᠯ ᠤᠨ ᠬᠠᠷᠠᠯᠲᠠ᠃ ᠤᠯᠤᠰ ᠤᠨ ᠨᠢᠭᠡᠳᠦᠯᠲᠡᠢ ᠪᠠᠶᠢᠷᠢᠯᠠᠭᠤᠯᠤᠯᠲᠠ ᠶᠢ ᠦᠨᠳᠦᠰᠦᠯᠡᠨ᠂ | 2018 ᠣᠨ ᠳᠤ ᠮᠠᠯ ᠲᠠᠷᠢᠶᠠᠯᠠᠩ ᠢ ᠬᠥᠭᠵᠢᠭᠦᠯᠬᠦ ᠬᠦᠷᠢᠶᠡᠨ ᠳᠠᠬᠢ ᠠᠵᠢᠯ ᠲᠥᠷᠥᠯ ᠤᠨ ᠳᠣᠲᠣᠭᠠᠳᠤ ᠶᠢᠨ ᠮᠠᠯ | ᠲᠠᠷᠢᠶᠠᠯᠠᠩ ᠳᠤ ᠬᠤᠯᠪᠣᠭᠳᠠᠭᠰᠠᠨ ᠲᠤᠰᠬᠠᠢ ᠵᠦᠢᠯ ᠢᠶᠠᠷ ᠰᠢᠯᠵᠢᠭᠦᠯᠦᠨ ᠣᠯᠭᠤᠬᠤ ᠶᠢ ᠨᠢᠭᠡᠳᠦᠯᠲᠡᠢ ᠲᠦᠯᠦᠪᠯᠡᠵᠦ | ᠡᠮᠬᠢᠯᠡᠨ ᠨᠡᠶᠢᠯᠡᠭᠦᠯᠦᠨ᠎ᠡ᠃ 2019 ᠣᠨ ᠪᠣᠯᠬᠤ ᠳᠤ᠂ ᠮᠠᠯ ᠲᠠᠷᠢᠶᠠᠯᠠᠩ ᠢ ᠬᠥᠭᠵᠢᠭᠦᠯᠬᠦ ᠬᠦᠷᠢᠶᠡᠨ ᠳᠠᠬᠢ ᠠᠵᠢᠯ | ᠲᠥᠷᠥᠯ ᠤᠨ ᠬᠤᠭᠤᠷᠣᠨᠳᠤ ᠶᠢᠨ ᠮᠠᠯ ᠲᠠᠷᠢᠶᠠᠯᠠᠩ ᠳᠤ ᠬᠤᠯᠪᠣᠭᠳᠠᠭᠰᠠᠨ ᠲᠤᠰᠬᠠᠢ ᠵᠦᠢᠯ ᠢᠶᠠᠷ ᠰᠢᠯᠵᠢᠭᠦᠯᠦᠨ | ᠣᠯᠭᠤᠬᠤ ᠪᠠ ᠮᠠᠯ ᠲᠠᠷᠢᠶᠠᠯᠠᠩ ᠳᠤ ᠬᠤᠯᠪᠣᠭᠳᠠᠭᠰᠠᠨ ᠦᠨᠳᠦᠰᠦᠨ ᠪᠦᠲᠦᠭᠡᠨ ᠪᠠᠶᠢᠭᠤᠯᠤᠯᠲᠠ ᠳᠤ ᠪᠡᠯᠡ | ᠣᠷᠣᠭᠤᠯᠬᠤ ᠶᠢ ᠲᠥᠷᠥᠯ ᠬᠤᠪᠢᠶᠠᠵᠤ ᠨᠢᠭᠡᠳᠦᠯᠲᠡᠢ ᠲᠦᠯᠦᠪᠯᠡᠵᠦ ᠡᠮᠬᠢᠯᠡᠨ ᠨᠡᠶᠢᠯᠡᠭᠦᠯᠬᠦ ᠶᠢ ᠦᠨᠳᠦᠰᠦᠨ ᠳᠤ ᠪᠠᠨ | ᠪᠡᠶᠡᠯᠡᠭᠦᠯᠦᠨ᠎ᠡ᠃ 2020 ᠣᠨ ᠪᠣᠯᠬᠤ ᠳᠤ᠂ ᠮᠠᠯ ᠲᠠᠷᠢᠶᠠᠯᠠᠩ ᠢ ᠬᠥᠭᠵᠢᠭᠦᠯᠬᠦ ᠬᠦᠷᠢᠶᠡᠨ ᠳᠠᠬᠢ ᠡᠷᠬᠡ ᠪᠠ | ᠬᠠᠷᠢᠭᠤᠴᠠᠯᠭ᠎ᠠ ᠤᠶᠠᠯᠳᠤᠭᠰᠠᠨ᠂ ᠬᠠᠷᠢᠯᠴᠠᠨ ᠵᠣᠬᠢᠴᠠᠭᠰᠠᠨ᠂ ᠳᠡᠭᠡᠳᠦ ᠳᠣᠣᠷᠠᠳᠤ ᠱᠠᠲᠤᠨ ᠤ ᠬᠤᠯᠪᠣᠭᠠᠯᠠᠨ | ᠬᠦᠳᠡᠯᠦᠯᠴᠡᠭᠰᠡᠨ᠂ ᠠᠯᠬᠤᠮ ᠨᠢᠭᠡᠲᠡᠢ ᠪᠣᠯᠣᠭᠰᠠᠨ ᠮᠠᠯ ᠲᠠᠷᠢᠶᠠᠯᠠᠩ ᠳᠤ ᠬᠤᠯᠪᠣᠭᠳᠠᠭᠰᠠᠨ ᠪᠡᠯᠡ ᠮᠥᠩᠭᠦ ︵ᠮᠠᠯ | ᠲᠠᠷᠢᠶᠠᠯᠠᠩ ᠳᠤ ᠬᠤᠯᠪᠣᠭᠳᠠᠭᠰᠠᠨ ᠲᠤᠰᠬᠠᠢ ᠵᠦᠢᠯ ᠢᠶᠠᠷ ᠰᠢᠯᠵᠢᠭᠦᠯᠦᠨ ᠣᠯᠭᠤᠬᠤ ᠪᠠ ᠮᠠᠯ ᠲᠠᠷᠢᠶᠠᠯᠠᠩ ᠳᠤ | ᠬᠤᠯᠪᠣᠭᠳᠠᠭᠰᠠᠨ ᠦᠨᠳᠦᠰᠦᠨ ᠪᠦᠲᠦᠭᠡᠨ ᠪᠠᠶᠢᠭᠤᠯᠤᠯᠲᠠ ᠳᠤ ᠪᠡᠯᠡ ᠣᠷᠣᠭᠤᠯᠬᠤ︶ ᠶᠢ ᠨᠢᠭᠡᠳᠦᠯᠲᠡᠢ ᠲᠦᠯᠦᠪᠯᠡᠵᠦ | ᠡᠮᠬᠢᠯᠡᠨ ᠨᠡᠶᠢᠯᠡᠭᠦᠯᠬᠦ ᠤᠷᠲᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠤᠨ ᠪᠦᠷᠢᠯᠳᠦᠭᠦᠯᠬᠦ ᠶᠢᠨ | ᠬᠠᠮᠲᠤ᠂ ᠮᠠᠯ ᠲᠠᠷᠢᠶᠠᠯᠠᠩ ᠤᠨ ᠬᠦᠷᠢᠶᠡᠨ ᠳᠠᠬᠢ ᠥᠪᠡᠷᠲᠡᠭᠡᠨ ᠵᠠᠰᠠᠬᠤ ᠣᠷᠣᠨ ᠠᠴᠠ ᠳᠣᠷᠣᠭᠰᠢᠬᠢ ᠡᠳ᠋ ᠤᠨ ᠡᠷᠬᠡ | ᠠᠵᠢᠯ ᠬᠡᠷᠡᠭ ᠬᠠᠮᠢᠶᠠᠷᠬᠤ ᠡᠷᠬᠡ ᠪᠣᠯᠣᠨ ᠵᠠᠷᠤᠯᠭ᠎ᠠ ᠶᠢᠨ ᠬᠠᠷᠢᠭᠤᠴᠠᠯᠭ᠎ᠠ ᠶᠢ ᠦᠨᠳᠦᠰᠦᠯᠡᠨ ᠥᠭᠡᠷᠡᠴᠢᠯᠡᠯᠲᠡ ᠵᠢᠴᠢ | ᠰᠢᠯᠵᠢᠭᠦᠯᠦᠨ ᠣᠯᠭᠤᠬᠤ ᠳᠦᠷᠢᠮ ᠤᠨ ᠥᠭᠡᠷᠡᠴᠢᠯᠡᠯᠲᠡ ᠶᠢ ᠬᠤᠪᠢᠶᠠᠷᠢᠯᠠᠵᠤ᠂ ᠲᠣᠬᠢᠷᠠᠭᠰᠠᠨ ᠴᠠᠭ ᠲᠤᠨᠢ | ᠲᠣᠬᠢᠷᠠᠭᠤᠯᠤᠨ ᠲᠡᠭᠦᠯᠳᠡᠷᠵᠢᠭᠦᠯᠦᠨ᠎ᠡ᠃ | ᠬᠤᠶᠠᠷ᠂ ᠠᠵᠢᠯ ᠲᠥᠷᠥᠯ ᠤᠨ ᠳᠣᠲᠣᠭᠠᠳᠤ ᠶᠢᠨ ᠮᠠᠯ ᠲᠠᠷᠢᠶᠠᠯᠠᠩ ᠳᠤ ᠬᠤᠯᠪᠣᠭᠳᠠᠭᠰᠠᠨ ᠪᠡᠯᠡ ᠮᠥᠩᠭᠦ ᠶᠢ | ᠡᠮᠬᠢᠯᠡᠨ ᠨᠡᠶᠢᠯᠡᠭᠦᠯᠬᠦ ᠶᠢ ᠨᠢ ᠠᠬᠢᠭᠤᠯᠤᠨ᠎ᠠ | ︵ᠳᠥᠷᠪᠡ︶ ᠮᠠᠯ ᠲᠠᠷᠢᠶᠠᠯᠠᠩ ᠳᠤ ᠬᠤᠯᠪᠣᠭᠳᠠᠭᠰᠠᠨ ᠪᠡᠯᠡ ᠮᠥᠩᠭᠦ ᠶᠢᠨ ᠲᠤᠰᠬᠠᠢ ᠵᠦᠢᠯ ᠢ ᠨᠡᠶᠢᠯᠡᠭᠦᠯᠵᠦ | ᠪᠠᠶᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠲᠥᠰᠥᠪ ᠲᠤ ᠲᠣᠬᠢᠷᠠᠭᠤᠯᠤᠭᠰᠠᠨ ᠮᠠᠯ ᠲᠠᠷᠢᠶᠠᠯᠠᠩ ᠳᠤ | ᠬᠤᠯᠪᠣᠭᠳᠠᠭᠰᠠᠨ ᠪᠡᠯᠡ ᠮᠥᠩᠭᠦ ᠶᠢ ᠤᠯᠤᠰ ᠪᠣᠯᠣᠨ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ | ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠣᠯᠣᠨ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ | ᠲᠣᠭᠲᠠᠭᠠᠯ ᠢᠶᠠᠷ ᠦᠨᠳᠦᠰᠦᠯᠡᠯ ᠪᠣᠯᠭᠠᠨ᠂ ᠲᠥᠰᠥᠪ ᠤᠨ ᠬᠠᠤᠯᠢ ᠵᠡᠷᠭᠡ ᠬᠠᠮᠢᠶ᠎ᠠ ᠪᠦᠬᠦᠢ ᠲᠣᠭᠲᠠᠭᠠᠯ ᠤᠨ ᠳᠡᠰ | ᠳᠠᠷᠠᠭᠠᠯᠠᠯ ᠢ ᠦᠨᠳᠦᠰᠦᠯᠡᠨ ᠪᠠᠶᠢᠭᠤᠯᠤᠨ᠎ᠠ᠃ ᠣᠳᠣ ᠶᠢᠨ ᠬᠡᠷᠡᠭᠵᠢᠭᠦᠯᠵᠦ ᠪᠠᠶᠢᠭ᠎ᠠ ᠮᠠᠯ ᠲᠠᠷᠢᠶᠠᠯᠠᠩ ᠳᠤ | ᠬᠤᠯᠪᠣᠭᠳᠠᠭᠰᠠᠨ ᠪᠡᠯᠡ ᠮᠥᠩᠭᠦ ᠶᠢᠨ ᠬᠠᠮᠢᠶᠠᠷᠬᠤ ᠰᠢᠰᠲ᠋ᠧᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠮᠠᠯ | ᠲᠠᠷᠢᠶᠠᠯᠠᠩ ᠳᠤ ᠬᠤᠯᠪᠣᠭᠳᠠᠭᠰᠠᠨ ᠲᠤᠰᠬᠠᠢ ᠵᠦᠢᠯ ᠢᠶᠠᠷ ᠰᠢᠯᠵᠢᠭᠦᠯᠦᠨ ᠣᠯᠭᠤᠬᠤ ᠪᠠ ᠮᠠᠯ ᠲᠠᠷᠢᠶᠠᠯᠠᠩ ᠳᠤ | ᠬᠤᠯᠪᠣᠭᠳᠠᠭᠰᠠᠨ ᠦᠨᠳᠦᠰᠦᠨ ᠪᠦᠲᠦᠭᠡᠨ ᠪᠠᠶᠢᠭᠤᠯᠤᠯᠲᠠ ᠳᠤ ᠪᠡᠯᠡ ᠣᠷᠣᠭᠤᠯᠬᠤ ᠶᠢᠨ ᠬᠤᠶᠠᠷ ᠲᠣᠮᠣ | ᠲᠥᠷᠥᠯ ᠢᠶᠠᠷ ᠠᠵᠢᠯ ᠲᠥᠷᠥᠯ ᠤᠨ ᠳᠣᠲᠣᠭᠠᠳᠤ ᠳᠤ ᠰᠣᠯᠪᠢᠴᠠᠨ ᠳᠠᠪᠬᠤᠷᠳᠠᠭᠰᠠᠨ ᠥᠪᠡᠷᠲᠡᠭᠡᠨ ᠵᠠᠰᠠᠬᠤ ᠣᠷᠣᠨ ᠤ | ᠮᠠᠯ ᠲᠠᠷᠢᠶᠠᠯᠠᠩ ᠳᠤ ᠬᠤᠯᠪᠣᠭᠳᠠᠭᠰᠠᠨ ᠪᠡᠯᠡ ᠮᠥᠩᠭᠦ ᠶᠢ ᠢᠯᠭᠠᠷᠠᠭᠤᠯᠵᠤ ᠡᠮᠬᠢᠯᠡᠨ ᠨᠡᠶᠢᠯᠡᠭᠦᠯᠦᠨ᠎ᠡ᠃ ᠲᠥᠪ ᠤᠨ | ᠲᠠᠷᠢᠶᠠᠯᠠᠩ ᠳᠤ ᠬᠤᠯᠪᠣᠭᠳᠠᠭᠰᠠᠨ ᠲᠣᠮᠣ ᠲᠤᠰᠬᠠᠢ ᠵᠦᠢᠯ ᠤᠨ ᠪᠡᠯᠡ ᠮᠥᠩᠭᠦ ᠪᠠᠶᠢᠭᠤᠯᠤᠭᠰᠠᠨ ᠪᠠᠶᠢᠳᠠᠯ ᠲᠠᠢ | ᠬᠠᠷᠢᠴᠠᠭᠤᠯᠤᠨ᠂ ᠥᠪᠡᠷᠲᠡᠭᠡᠨ ᠵᠠᠰᠠᠬᠤ ᠣᠷᠣᠨ ᠤ ᠲᠥᠰᠥᠪ ᠲᠤ ᠲᠣᠬᠢᠷᠠᠭᠤᠯᠤᠭᠰᠠᠨ ᠮᠠᠯ ᠲᠠᠷᠢᠶᠠᠯᠠᠩ ᠳᠤ | ᠬᠤᠯᠪᠣᠭᠳᠠᠭᠰᠠᠨ ᠪᠡᠯᠡ ᠮᠥᠩᠭᠦ ᠶᠢ ᠪᠣᠯ ᠲᠠᠷᠢᠶᠠᠯᠠᠩ ᠤᠨ ᠦᠢᠯᠡᠳᠪᠦᠷᠢᠯᠡᠯ ᠢ ᠬᠥᠭᠵᠢᠭᠦᠯᠬᠦ᠂ ᠮᠠᠯ ᠲᠠᠷᠢᠶᠠᠯᠠᠩ ᠤᠨ | ᠡᠬᠢ ᠪᠠᠶᠠᠯᠢᠭ ᠵᠢᠴᠢ ᠠᠮᠢ ᠠᠬᠤᠢ ᠶᠢ ᠬᠠᠮᠠᠭᠠᠯᠠᠬᠤ᠂ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠣᠢ ︵ᠨᠤᠲᠤᠭ | ᠪᠡᠯᠴᠢᠭᠡᠷ︶ ᠶᠢᠨ ᠳᠠᠭᠠᠭᠠᠴᠢᠯᠠᠨ ᠡᠵᠡᠩᠨᠡᠬᠦ ᠡᠷᠬᠡ ᠶᠢ ᠲᠣᠳᠣᠯᠠᠨ ᠲᠤᠨᠨᠳᠠᠭᠠᠭᠠᠳ ᠳᠠᠩᠰᠠᠯᠠᠨ ᠲᠡᠮᠳᠡᠭᠯᠡᠵᠦ ᠦᠨᠡᠮᠯᠡᠯ | ᠣᠯᠭᠤᠬᠤ᠂ ᠠᠮᠢᠲᠠᠨ ᠤ ᠬᠢᠵᠢᠭ ᠰᠡᠷᠭᠡᠶᠢᠯᠡᠬᠦ ᠳᠤ ᠨᠥᠬᠦᠪᠦᠷᠢᠯᠡᠬᠦ᠂ ᠲᠠᠷᠢᠶᠠᠯᠠᠩ ᠢ ᠶᠡᠷᠦᠩᠬᠡᠶᠢᠯᠡᠨ ᠨᠡᠭᠡᠭᠡᠵᠦ | ᠬᠥᠭᠵᠢᠭᠦᠯᠬᠦ᠂ ᠭᠠᠵᠠᠷ ᠰᠢᠷᠣᠢ ᠶᠢ ᠴᠡᠭᠴᠡᠯᠡᠨ ᠵᠠᠰᠠᠬᠤ᠂ ᠣᠢ ᠰᠢᠭᠤᠢ ᠶᠢᠨ ᠠᠮᠢ ᠠᠬᠤᠢ ᠶᠢ ᠬᠠᠮᠠᠭᠠᠯᠠᠵᠤ | ᠰᠡᠷᠭᠦᠭᠡᠬᠦ᠂ ᠣᠢ ᠰᠢᠭᠤᠢ ᠶᠢ ᠬᠥᠭᠵᠢᠭᠦᠯᠵᠦ ᠥᠭᠡᠷᠡᠴᠢᠯᠡᠬᠦ᠂ ᠣᠢ ᠰᠢᠭᠤᠢ ᠶᠢᠨ ᠢᠨᠵᠧᠨᠧᠷᠢᠩ ᠤᠨ ᠪᠦᠲᠦᠭᠡᠨ | ᠪᠠᠶᠢᠭᠤᠯᠤᠯᠲᠠ ᠶᠢ ᠨᠥᠬᠦᠪᠦᠷᠢᠯᠡᠬᠦ᠂ ᠤᠰᠤᠨ ᠠᠰᠢᠭᠯᠠᠯᠲᠠ ᠶᠢ ᠬᠥᠭᠵᠢᠭᠦᠯᠬᠦ᠂ ᠲᠣᠮᠣ ᠳᠤᠮᠳᠠ ᠬᠡᠪᠴᠢᠶᠡᠨ ᠤ | ᠤᠰᠤᠨ ᠴᠦᠬᠦᠷᠦᠮ ᠪᠠᠶᠢᠭᠤᠯᠬᠤ ᠪᠠᠷ ᠠᠷᠠᠳ ᠢ ᠨᠡᠭᠦᠯᠭᠡᠭᠰᠡᠨ ᠤ ᠳᠠᠷᠠᠭᠠᠴᠢ ᠨᠢ ᠲᠡᠳᠭᠦᠬᠦ᠂ ᠮᠠᠯ ᠲᠠᠷᠢᠶᠠᠯᠠᠩ ᠤᠨ | ᠦᠢᠯᠡᠳᠪᠦᠷᠢᠯᠡᠯ ᠤᠨ ᠭᠠᠮᠰᠢᠭ ᠠᠴᠠ ᠠᠪᠤᠷᠠᠬᠤ ᠵᠢᠴᠢ ᠣᠨᠴᠠ ᠬᠡᠴᠡᠭᠦᠦ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ | ᠵᠡᠷᠭᠡ ᠲᠣᠮᠣ ᠲᠤᠰᠬᠠᠢ ᠵᠦᠢᠯ ᠢᠶᠠᠷ ᠭᠤᠣᠯ ᠴᠣᠭᠴᠠ ᠪᠣᠯᠭᠠᠨ᠂ ᠮᠠᠯ ᠲᠠᠷᠢᠶᠠᠯᠠᠩ ᠳᠤ ᠬᠤᠯᠪᠣᠭᠳᠠᠭᠰᠠᠨ | ᠦᠨᠳᠦᠰᠦᠨ ᠪᠦᠲᠦᠭᠡᠨ ᠪᠠᠶᠢᠭᠤᠯᠤᠯᠲᠠ ᠳᠤ ᠪᠡᠯᠡ ᠣᠷᠣᠭᠤᠯᠬᠤ ᠶᠢ ᠪᠣᠯ ᠴᠢᠬᠤᠯᠠ ᠶᠡᠭᠡ ᠤᠰᠤᠨ ᠠᠰᠢᠭᠯᠠᠯᠲᠠ ᠶᠢᠨ | ᠪᠠᠷᠢᠯᠭ᠎ᠠ᠂ ᠤᠰᠤᠨ ᠤ ᠠᠮᠢ ᠠᠬᠤᠢ ᠵᠢᠴᠢ ᠳᠤᠮᠳᠠ ᠪᠠᠭ᠎ᠠ ᠭᠤᠣᠯ ᠮᠥᠷᠡᠨ ᠢ ᠵᠠᠰᠠᠬᠤ ᠵᠡᠷᠭᠡ ᠪᠤᠰᠤᠳ ᠤᠰᠤᠨ | ᠠᠰᠢᠭᠯᠠᠯᠲᠠ ᠶᠢᠨ ᠪᠠᠷᠢᠯᠭ᠎ᠠ᠂ ᠮᠠᠯᠵᠢᠬᠤ ᠲᠠᠷᠢᠶᠠᠯᠠᠬᠤ ᠣᠷᠣᠨ ᠤ ᠤᠤᠭᠤᠬᠤ ᠤᠰᠤᠨ ᠤ ᠠᠮᠤᠷ ᠲᠦᠪᠰᠢᠨ ᠢ | ᠪᠠᠬᠢᠵᠢᠭᠦᠯᠦᠨ ᠳᠡᠭᠡᠭᠰᠢᠯᠡᠭᠦᠯᠬᠦ᠂ ᠴᠢᠬᠤᠯᠠ ᠶᠡᠭᠡ ᠤᠰᠤᠨ ᠠᠰᠢᠭᠯᠠᠯᠲᠠ ᠶᠢᠨ ᠲᠥᠷᠥᠯ ᠵᠦᠢᠯ ᠢ ᠬᠠᠶᠢᠨ | ᠪᠠᠶᠢᠴᠠᠭᠠᠵᠤ ᠵᠢᠷᠤᠵᠤ ᠲᠥᠯᠥᠪᠯᠡᠬᠦ ᠵᠡᠷᠭᠡ ᠡᠮᠦᠨᠡᠬᠢ ᠬᠤᠭᠤᠴᠠᠭᠠᠨ ᠤ ᠠᠵᠢᠯ᠂ ᠮᠠᠯ ᠲᠠᠷᠢᠶᠠᠯᠠᠩ ᠤᠨ | ᠦᠢᠯᠡᠳᠪᠦᠷᠢᠯᠡᠯ ᠢ ᠬᠥᠭᠵᠢᠭᠦᠯᠬᠦ᠂ ᠮᠠᠯ ᠲᠠᠷᠢᠶᠠᠯᠠᠩ ᠢ ᠦᠷᠬᠦᠯᠵᠢᠯᠡᠨ ᠬᠥᠭᠵᠢᠭᠦᠯᠬᠦ᠂ ᠣᠳᠣ ᠦᠶ᠎ᠡ ᠶᠢᠨ ᠮᠠᠯ | ᠲᠠᠷᠢᠶᠠᠯᠠᠩ ᠤᠨ ᠲᠤᠯᠭᠠᠭᠤᠷᠢᠯᠠᠬᠤ ᠰᠢᠰᠲ᠋ᠧᠮᠵᠢ᠂ ᠣᠢ ᠰᠢᠭᠤᠢ ᠶᠢᠨ ᠡᠬᠢ ᠪᠠᠶᠠᠯᠢᠭ ᠢ ᠪᠤᠶᠢᠵᠢᠭᠤᠯᠬᠤ᠂ | ᠭᠤᠣᠯᠳᠠᠯᠭ᠎ᠠ ᠪᠣᠯᠬᠤ ᠣᠷᠣᠨ ᠪᠦᠰᠡ ᠶᠢᠨ ᠠᠮᠢ ᠠᠬᠤᠢ ᠶᠢ ᠬᠠᠮᠠᠭᠠᠯᠠᠬᠤ ᠬᠢᠭᠡᠳ ᠦᠩᠵᠢᠭᠦᠯᠦᠨ ᠰᠡᠷᠭᠦᠭᠡᠬᠦ᠂ ᠠᠮᠢ | ᠠᠬᠤᠢ ᠶᠢ ᠬᠠᠮᠠᠭᠠᠯᠠᠬᠤ ᠶᠢᠨ ᠲᠤᠯᠭᠠᠭᠤᠷᠢᠯᠠᠬᠤ ᠰᠢᠰᠲ᠋ᠧᠮᠵᠢ᠂ ᠮᠠᠯᠵᠢᠬᠤ ᠲᠠᠷᠢᠶᠠᠯᠠᠬᠤ ᠣᠷᠣᠨ ᠤ ᠠᠷᠠᠳ ᠤᠨ | ᠠᠮᠢᠳᠤᠷᠠᠯ ᠤᠨ ᠢᠨᠵᠧᠨᠧᠷᠢᠩ ᠵᠡᠷᠭᠡ ᠲᠣᠮᠣ ᠲᠤᠰᠬᠠᠢ ᠵᠦᠢᠯ ᠢᠶᠠᠷ ᠭᠤᠣᠯ ᠴᠣᠭᠴᠠ ᠪᠣᠯᠭᠠᠨ᠎ᠠ᠃ ᠮᠠᠯ | ᠲᠠᠷᠢᠶᠠᠯᠠᠩ ᠳᠤ ᠬᠤᠯᠪᠣᠭᠳᠠᠭᠰᠠᠨ ᠲᠣᠮᠣ ᠲᠤᠰᠬᠠᠢ ᠵᠦᠢᠯ ᠤᠨ ᠪᠡᠯᠡ ᠮᠥᠩᠭᠦ ᠶᠢ ᠢᠯᠭᠠᠷᠠᠭᠤᠯᠵᠤ ᠡᠮᠬᠢᠯᠡᠨ | ᠨᠡᠶᠢᠯᠡᠭᠦᠯᠦᠭᠰᠡᠨ ᠤ ᠳᠠᠷᠠᠭ᠎ᠠ ᠨᠢ ᠥᠪᠡᠷᠲᠡᠭᠡᠨ ᠵᠠᠰᠠᠬᠤ ᠣᠷᠣᠨ ᠤ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ | ᠰᠠᠯᠠᠭ᠎ᠠ ᠮᠥᠴᠢᠷ ᠠᠴᠠ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ᠂ ᠬᠥᠭᠵᠢᠭᠦᠯᠦᠯᠲᠡ ᠥᠭᠡᠷᠡᠴᠢᠯᠡᠯᠲᠡ ᠶᠢᠨ | ᠰᠠᠯᠠᠭ᠎ᠠ ᠮᠥᠴᠢᠷ ᠲᠠᠢ ᠬᠠᠮᠲᠤᠷᠠᠯᠴᠠᠨ ᠲᠥᠷᠥ ᠶᠢᠨ ᠪᠣᠳᠣᠯᠭ᠎ᠠ ᠶᠢᠨ ᠬᠠᠷᠠᠯᠲᠠ᠂ ᠲᠡᠳᠭᠦᠭᠦᠯᠬᠦ ᠡᠲᠡᠭᠡᠳ᠂ | ᠨᠥᠬᠦᠪᠦᠷᠢ ᠶᠢᠨ ᠪᠠᠷᠢᠮᠵᠢᠶ᠎ᠠ᠂ ᠬᠡᠷᠡᠭᠵᠢᠭᠦᠯᠬᠦ ᠴᠠᠭ ᠬᠤᠭᠤᠴᠠᠭ᠎ᠠ᠂ ᠠᠵᠢᠯ ᠤᠨ ᠠᠮᠵᠢᠯᠲᠠ ᠪᠦᠲᠦᠮᠵᠢ ᠶᠢᠨ | ᠬᠠᠮᠢᠶᠠᠷᠤᠯᠲᠠ ᠵᠡᠷᠭᠡ ᠶᠢ ᠵᠣᠬᠢᠰᠲᠠᠢ ᠲᠣᠭᠲᠠᠭᠠᠨ᠎ᠠ᠃ ᠥᠪᠡᠷᠲᠡᠭᠡᠨ ᠵᠠᠰᠠᠬᠤ ᠣᠷᠣᠨ ᠤ ᠠᠵᠢᠯ ᠲᠥᠷᠥᠯ ᠤᠨ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠬᠠᠮᠢᠶᠠᠷᠴᠤ ᠪᠠᠶᠢᠭ᠎ᠠ ᠲᠣᠮᠣ ᠲᠤᠰᠬᠠᠢ ᠵᠦᠢᠯ ᠤᠨ ᠪᠡᠯᠡ ᠮᠥᠩᠭᠦ ᠶᠢ | ᠲᠥᠪᠯᠡᠷᠡᠭᠦᠯᠦᠨ ᠬᠠᠮᠢᠶᠠᠷᠬᠤ ᠳᠤ᠂ ᠣᠨ ᠤ ᠠᠵᠢᠯ ᠤᠨ ᠭᠤᠣᠯᠳᠠᠯᠭ᠎ᠠ ᠶᠢ ᠦᠨᠳᠦᠰᠦᠯᠡᠵᠦ ᠬᠡᠷᠡᠭᠵᠢᠭᠦᠯᠦᠨ᠂ | ᠪᠣᠳᠠᠲᠠᠢ ᠵᠠᠷᠤᠯᠭ᠎ᠠ ᠶᠢᠨ ᠬᠠᠨᠳᠤᠰᠢ ᠶᠢ ᠵᠣᠬᠢᠰᠲᠠᠢ ᠲᠣᠭᠲᠠᠭᠠᠵᠤ᠂ ᠲᠣᠮᠣ ᠲᠤᠰᠬᠠᠢ ᠵᠦᠢᠯ ᠤᠨ ᠪᠡᠯᠡ ᠮᠥᠩᠭᠦ ᠶᠢ | ᠰᠠᠯᠠᠭ᠎ᠠ ᠮᠥᠴᠢᠷ ᠤᠨ ᠳᠣᠲᠣᠭᠠᠳᠤ ᠳᠤ ᠣᠯᠠᠨ ᠲᠠᠯ᠎ᠠ ᠠᠴᠠ ᠬᠠᠮᠢᠶᠠᠷᠬᠤ ᠪᠠ ᠲᠣᠭᠲᠠᠪᠤᠷᠢᠵᠢᠭᠤᠯᠤᠨ | ᠪᠠᠶᠢᠷᠢᠯᠠᠭᠤᠯᠬᠤ ᠵᠡᠷᠭᠡ ᠠᠵᠢᠯᠯᠠᠭ᠎ᠠ ᠶᠢ ᠬᠤᠷᠢᠭᠯᠠᠨ᠎ᠠ᠃ ︵ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ | ᠲᠢᠩᠬᠢᠮ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠤᠯᠤᠰ ᠤᠨ ᠭᠠᠵᠠᠷ ᠰᠢᠷᠣᠢ ᠡᠬᠢ ᠪᠠᠶᠠᠯᠢᠭ ᠤᠨ | ᠲᠢᠩᠬᠢᠮ᠂ ᠤᠰᠤᠨ ᠠᠰᠢᠭᠯᠠᠯᠲᠠ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠣᠢ | ᠰᠢᠭᠤᠢ ᠶᠢᠨ ᠲᠢᠩᠬᠢᠮ ᠵᠡᠷᠭᠡ ᠬᠠᠷᠢᠭᠤᠴᠠᠨ᠎ᠠ᠂ 2019 ᠣᠨ ᠳᠤ ᠦᠨᠳᠦᠰᠦᠨ ᠳᠤ ᠪᠠᠨ ᠪᠡᠶᠡᠯᠡᠭᠦᠯᠬᠦ ᠶᠢᠨ ᠬᠠᠮᠲᠤ | ᠠᠯᠬᠤᠮ ᠠᠯᠬᠤᠮ ᠢᠶᠠᠷ ᠲᠡᠭᠦᠯᠳᠡᠷᠵᠢᠭᠦᠯᠦᠨ᠎ᠡ︶ | ︵ᠲᠠᠪᠤ︶ ᠡᠭᠦᠷᠭᠡ ᠶᠢᠨ ᠨᠠᠷᠢᠨ ᠬᠠᠭᠤᠳᠠᠰᠤ ᠶᠢ ᠵᠣᠬᠢᠰᠲᠠᠢ ᠲᠣᠭᠲᠠᠭᠠᠨ᠎ᠠ᠃ ᠥᠪᠡᠷᠲᠡᠭᠡᠨ ᠵᠠᠰᠠᠬᠤ | ᠣᠷᠣᠨ ᠤ ᠲᠥᠰᠥᠪ ᠠᠴᠠ ᠲᠣᠬᠢᠷᠠᠭᠤᠯᠤᠭᠰᠠᠨ ᠮᠠᠯ ᠲᠠᠷᠢᠶᠠᠯᠠᠩ ᠳᠤ ᠬᠤᠯᠪᠣᠭᠳᠠᠭᠰᠠᠨ ᠪᠡᠯᠡ ᠮᠥᠩᠭᠦ ᠶᠢ ᠲᠣᠮᠣ | ᠲᠤᠰᠬᠠᠢ ᠵᠦᠢᠯ ᠢᠶᠠᠷ ᠪᠠᠶᠢᠭᠤᠯᠤᠭᠰᠠᠨ ᠰᠠᠭᠤᠷᠢᠨ ᠳᠡᠭᠡᠷ᠎ᠡ᠂ ︽ᠲᠣᠮᠣ ᠲᠤᠰᠬᠠᠢ ᠵᠦᠢᠯ + ᠡᠭᠦᠷᠭᠡ ᠶᠢᠨ ᠨᠠᠷᠢᠨ | ᠬᠠᠭᠤᠳᠠᠰᠤ︾ ᠶᠢᠨ ᠬᠠᠮᠢᠶᠠᠷᠬᠤ ᠵᠠᠭᠪᠤᠷ ᠢ ᠬᠡᠷᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠠᠵᠢᠯ | ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠲᠣᠮᠣ ᠲᠤᠰᠬᠠᠢ ᠵᠦᠢᠯ ᠤᠨ ᠪᠡᠯᠡ ᠮᠥᠩᠭᠦᠨ ᠤ | ᠲᠥᠷᠥ ᠶᠢᠨ ᠪᠣᠳᠣᠯᠭ᠎ᠠ ᠶᠢᠨ ᠬᠠᠷᠠᠯᠲᠠ ᠪᠣᠯᠣᠨ ᠪᠣᠳᠠᠲᠠᠢ ᠵᠠᠷᠤᠯᠭ᠎ᠠ ᠶᠢᠨ ᠬᠠᠨᠳᠤᠰᠢ ᠶᠢ ᠦᠨᠳᠦᠰᠦᠯᠡᠨ᠂ | ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ᠂ ᠬᠥᠭᠵᠢᠭᠦᠯᠦᠯᠲᠡ ᠥᠭᠡᠷᠡᠴᠢᠯᠡᠯᠲᠡ ᠶᠢᠨ ᠰᠠᠯᠠᠭ᠎ᠠ ᠮᠥᠴᠢᠷ ᠲᠠᠢ | ᠲᠤᠰ ᠲᠤᠰ ᠵᠣᠯᠭᠠᠭᠤᠯᠤᠨ ᠲᠡᠩᠴᠡᠭᠦᠷᠢᠰᠢᠬᠦᠯᠵᠦ᠂ ᠡᠭᠦᠷᠭᠡ ᠶᠢᠨ ᠨᠠᠷᠢᠨ ᠬᠠᠭᠤᠳᠠᠰᠤ ᠶᠢ ᠵᠣᠬᠢᠰᠲᠠᠢ ᠪᠠᠶᠢᠭᠤᠯᠤᠨ᠎ᠠ᠃ | ᠡᠭᠦᠷᠭᠡ ᠶᠢᠨ ᠨᠠᠷᠢᠨ ᠬᠠᠭᠤᠳᠠᠰᠤ ᠶᠢ ᠬᠢᠵᠠᠭᠠᠷᠯᠠᠬᠤ ᠴᠢᠨᠠᠷᠲᠠᠢ ᠡᠭᠦᠷᠭᠡ ᠪᠣᠯᠣᠨ ᠵᠢᠯᠣᠭᠤᠳᠤᠯᠭ᠎ᠠ ᠶᠢᠨ ᠴᠢᠨᠠᠷᠲᠠᠢ | ᠡᠭᠦᠷᠭᠡ ᠭᠡᠵᠦ ᠬᠤᠪᠢᠶᠠᠵᠤ᠂ ᠬᠢᠵᠠᠭᠠᠷᠯᠠᠬᠤ ᠴᠢᠨᠠᠷᠲᠠᠢ ᠡᠭᠦᠷᠭᠡ ᠳᠤ ᠭᠤᠣᠯᠳᠠᠭᠤ ᠤᠯᠤᠰ ᠪᠣᠯᠣᠨ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠲᠣᠳᠣᠷᠬᠠᠢ ᠱᠠᠭᠠᠷᠳᠠᠭᠰᠠᠨ ᠮᠠᠯ ᠲᠠᠷᠢᠶᠠᠯᠠᠩ ᠢ | ᠳᠡᠮᠵᠢᠬᠦ ᠠᠵᠢᠯ ᠳᠤ ᠬᠤᠯᠪᠣᠭᠳᠠᠭᠰᠠᠨ ᠴᠢᠬᠤᠯᠠ ᠵᠦᠢᠯᠡᠰ᠂ ᠴᠢᠬᠤᠯᠠ ᠲᠥᠯᠥᠪᠵᠢᠭᠦᠯᠭᠡ ᠶᠢᠨ ᠡᠭᠦᠷᠭᠡ᠂ | ᠰᠢᠨ᠎ᠡ ᠪᠠᠷ ᠪᠠᠶᠢᠭᠤᠯᠤᠭᠰᠠᠨ ᠲᠤᠷᠰᠢᠯᠲᠠ ᠶᠢᠨ ᠴᠡᠭ ᠤᠨ ᠡᠭᠦᠷᠭᠡ ᠵᠢᠴᠢ ᠪᠠᠴᠢᠮ ᠪᠠᠶᠢᠳᠠᠯ ᠢ ᠠᠷᠭᠠᠴᠠᠨ | ᠭᠠᠮᠰᠢᠭ ᠠᠴᠠ ᠠᠪᠤᠷᠠᠬᠤ ᠲᠥᠷᠥᠯ᠂ ᠮᠠᠯᠴᠢᠨ ᠲᠠᠷᠢᠶᠠᠴᠢᠳ ᠲᠤ ᠰᠢᠭᠤᠳ ᠨᠥᠬᠦᠪᠦᠷᠢᠯᠡᠬᠦ ᠲᠥᠷᠥᠯ ᠵᠡᠷᠭᠡ ᠶᠢ | ᠪᠠᠭᠲᠠᠭᠠᠨ᠂ ᠪᠤᠰᠤᠳ ᠡᠭᠦᠷᠭᠡ ᠳᠤ ᠵᠢᠯᠣᠭᠤᠳᠤᠯᠭ᠎ᠠ ᠶᠢᠨ ᠴᠢᠨᠠᠷᠲᠠᠢ ᠡᠭᠦᠷᠭᠡ ᠶᠢ ᠪᠠᠭᠲᠠᠭᠠᠨ᠎ᠠ᠃ ᠡᠭᠦᠷᠭᠡ ᠶᠢᠨ | ᠨᠠᠷᠢᠨ ᠬᠠᠭᠤᠳᠠᠰᠤ ᠶᠢᠨ ᠲᠥᠷᠥᠯ ᠢᠶᠠᠷ ᠬᠢᠵᠠᠭᠠᠷᠯᠠᠬᠤ ᠴᠢᠨᠠᠷᠲᠠᠢ᠂ ᠵᠢᠯᠣᠭᠤᠳᠤᠯᠭ᠎ᠠ ᠶᠢᠨ ᠴᠢᠨᠠᠷᠲᠠᠢ ᠡᠭᠦᠷᠭᠡ ᠶᠢ | ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠳᠤ ᠲᠤᠰ ᠲᠤᠰ ᠠᠳᠠᠯᠢ ᠪᠤᠰᠤ ᠶᠢᠨ ᠨᠢᠭᠡᠲᠦᠯᠲᠡᠢ | ᠲᠦᠯᠦᠪᠯᠡᠵᠦ ᠡᠮᠬᠢᠯᠡᠨ ᠨᠡᠶᠢᠯᠡᠭᠦᠯᠬᠦ ᠡᠷᠬᠡ ᠶᠢᠨ ᠬᠡᠪᠴᠢᠶ᠎ᠡ ᠣᠯᠭᠤᠨ᠎ᠠ᠃ ᠣᠷᠣᠨ ᠨᠤᠲᠤᠭ ᠤᠨ ᠬᠢᠨ ᠬᠢᠵᠠᠭᠠᠷᠯᠠᠬᠤ | ᠴᠢᠨᠠᠷᠳᠠᠢ ᠡᠭᠦᠷᠭᠡ ᠶᠢ ᠪᠡᠶᠡᠯᠡᠭᠦᠯᠦᠭᠰᠡᠨ ᠤᠷᠢᠳᠠᠯ ᠳᠤ᠂ ᠲᠤᠰ ᠭᠠᠵᠠᠷ ᠤᠨ ᠠᠵᠤ ᠦᠢᠯᠡᠰ ᠤᠨ ᠬᠥᠭᠵᠢᠯᠲᠡ ᠶᠢᠨ | ᠬᠡᠷᠡᠭᠴᠡᠭᠡ ᠪᠠᠨ ᠦᠨᠳᠦᠰᠦᠯᠡᠨ ᠬᠦᠨᠳᠦ ᠬᠥᠩᠭᠡᠨ ᠪᠣᠯᠣᠨ ᠠᠯᠭᠤᠷ ᠪᠠᠴᠢᠮ ᠢᠶᠠᠷ ᠪᠡᠶᠡᠯᠡᠭᠦᠯᠬᠦ ᠶᠢ ᠬᠤᠪᠢᠶᠠᠵᠤ᠂ | ᠠᠳᠠᠯᠢ ᠨᠢᠭᠡ ᠲᠣᠮᠣ ᠲᠤᠰᠬᠠᠢ ᠵᠦᠢᠯ ᠳᠤ ᠪᠠᠭᠲᠠᠭᠠᠨ ᠲᠣᠬᠢᠷᠠᠭᠤᠯᠵᠤ ᠬᠡᠷᠡᠭᠯᠡᠬᠦ ᠶᠢ ᠨᠢ ᠵᠥᠪᠰᠢᠶᠡᠷᠡᠨ᠎ᠡ᠃ ︵ | ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ᠂ | ᠤᠯᠤᠰ ᠤᠨ ᠭᠠᠵᠠᠷ ᠰᠢᠷᠣᠢ ᠡᠬᠢ ᠪᠠᠶᠠᠯᠢᠭ ᠤᠨ ᠲᠢᠩᠬᠢᠮ᠂ ᠤᠰᠤᠨ ᠠᠰᠢᠭᠯᠠᠯᠲᠠ ᠶᠢᠨ ᠲᠢᠩᠬᠢᠮ᠂ ᠲᠠᠷᠢᠶᠠᠯᠠᠩ | ᠮᠠᠯ ᠠᠵᠤ ᠠᠬᠤᠢ ᠶᠢᠨ ᠲᠢᠩᠬᠢᠮ᠂ ᠣᠢ ᠰᠢᠭᠤᠢ ᠶᠢᠨ ᠲᠢᠩᠬᠢᠮ ᠵᠡᠷᠭᠡ ᠬᠠᠷᠢᠭᠤᠴᠠᠨ᠎ᠠ᠂ 2019 ᠣᠨ ᠳᠤ | ᠦᠨᠳᠦᠰᠦᠨ ᠳᠤ ᠪᠠᠨ ᠪᠡᠶᠡᠯᠡᠭᠦᠯᠬᠦ ᠶᠢᠨ ᠬᠠᠮᠲᠤ ᠠᠯᠬᠤᠮ ᠠᠯᠬᠤᠮ ᠢᠶᠠᠷ ᠲᠡᠭᠦᠯᠳᠡᠷᠵᠢᠭᠦᠯᠦᠨ᠎ᠡ︶ | ︵ᠵᠢᠷᠭᠤᠭ᠎ᠠ︶ ᠪᠡᠯᠡ ᠮᠥᠩᠭᠦ ᠬᠢᠭᠡᠳ ᠡᠭᠦᠷᠭᠡ ᠶᠢᠨ ᠨᠠᠷᠢᠨ ᠬᠠᠭᠤᠳᠠᠰᠤ ᠶᠢ ᠵᠡᠷᠬᠡ ᠳᠤ ᠨᠢ ᠪᠠᠭᠤᠯᠭᠠᠨ᠎ᠠ᠃ | ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠬᠥᠭᠵᠢᠭᠦᠯᠦᠯᠲᠡ ᠥᠭᠡᠷᠡᠴᠢᠯᠡᠯᠲᠡ ᠶᠢᠨ | ᠵᠥᠪᠯᠡᠯ ᠨᠢ ᠲᠤᠰᠬᠠᠢ ᠵᠦᠢᠯ ᠢᠶᠠᠷ ᠰᠢᠯᠵᠢᠭᠦᠯᠦᠨ ᠣᠯᠭᠤᠬᠤ᠂ ᠦᠨᠳᠦᠰᠦᠨ ᠪᠦᠲᠦᠭᠡᠨ ᠪᠠᠶᠢᠭᠤᠯᠤᠯᠲᠠ ᠳᠤ ᠪᠡᠯᠡ | ᠣᠷᠣᠭᠤᠯᠤᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ᠂ ᠬᠤᠯᠪᠣᠭᠳᠠᠯ | ᠪᠦᠬᠦᠢ ᠰᠠᠯᠠᠭ᠎ᠠ ᠮᠥᠴᠢᠷ ᠲᠠᠢ ᠲᠤᠰ ᠲᠤᠰ ᠲᠤᠨᠢ ᠬᠠᠮᠲᠤᠷᠠᠯᠴᠠᠨ ᠡᠭᠦᠷᠭᠡ ᠶᠢᠨ ᠨᠠᠷᠢᠨ ᠬᠠᠭᠤᠳᠠᠰᠤ ᠳᠠᠬᠢ ᠡᠯ᠎ᠡ | ᠵᠦᠢᠯ ᠤᠨ ᠡᠭᠦᠷᠭᠡ ᠶᠢᠨ ᠰᠢᠨᠵᠢ ᠴᠢᠨᠠᠷ ᠢ ᠨᠢᠭᠡᠳᠦᠯᠲᠡᠢ ᠲᠦᠯᠦᠪᠯᠡᠨ ᠪᠣᠳᠣᠯᠬᠢᠯᠠᠵᠤ᠂ ᠮᠠᠯ ᠲᠠᠷᠢᠶᠠᠯᠠᠩ ᠳᠤ | ᠬᠤᠯᠪᠣᠭᠳᠠᠭᠰᠠᠨ ᠪᠡᠯᠡ ᠮᠥᠩᠭᠦᠨ ᠤ ᠬᠤᠪᠢᠶᠠᠷᠢᠯᠠᠯᠲᠠ ᠶᠢᠨ ᠭᠦᠢᠴᠡᠳᠬᠡᠯ ᠲᠤᠭ᠎ᠠ ᠶᠢᠨ ᠰᠢᠰᠲ᠋ᠧᠮᠵᠢ ᠶᠢ ᠲᠠᠰᠤᠷᠠᠯᠲᠠ | ᠦᠭᠡᠢ ᠲᠡᠭᠦᠯᠳᠡᠷᠵᠢᠭᠦᠯᠦᠨ᠂ ᠬᠦᠴᠦᠨ ᠵᠦᠢᠯ ᠤᠨ ᠠᠷᠭ᠎ᠠ ᠪᠣᠯᠣᠨ ᠲᠥᠷᠥᠯ ᠵᠦᠢᠯ ᠤᠨ ᠠᠷᠭ᠎ᠠ ᠵᠡᠷᠬᠡ ᠠᠷᠭ᠎ᠠ | ᠬᠡᠯᠪᠡᠷᠢ ᠪᠠᠷ ᠲᠥᠪ ᠤᠨ ᠪᠣᠯᠣᠨ ᠥᠪᠡᠷᠲᠡᠭᠡᠨ ᠵᠠᠰᠠᠬᠤ ᠣᠷᠣᠨ ᠤ ᠮᠠᠯ ᠲᠠᠷᠢᠶᠠᠯᠠᠩ ᠳᠤ ᠬᠤᠯᠪᠣᠭᠳᠠᠭᠰᠠᠨ ᠪᠡᠯᠡ | ᠮᠥᠩᠭᠦ ᠶᠢ ᠬᠤᠪᠢᠶᠠᠷᠢᠯᠠᠨ᠎ᠠ᠃ ᠪᠡᠯᠡ ᠮᠥᠩᠭᠦ ᠬᠤᠪᠢᠶᠠᠷᠢᠯᠠᠬᠤ ᠬᠢᠭᠡᠳ ᠡᠭᠦᠷᠭᠡ ᠶᠢᠨ ᠨᠠᠷᠢᠨ ᠬᠠᠭᠤᠳᠠᠰᠤ ᠶᠢ | ᠵᠣᠯᠭᠠᠭᠤᠯᠤᠨ ᠢᠵᠢᠯᠢᠰᠢᠭᠦᠯᠬᠦ ᠶᠢ ᠴᠢᠩᠭᠠᠳᠬᠠᠨ᠂ ᠪᠡᠯᠡ ᠮᠥᠩᠭᠦᠨ ᠤ ᠣᠷᠣᠭᠤᠯᠤᠯᠲᠠ ᠬᠢᠭᠡᠳ ᠡᠭᠦᠷᠭᠡ ᠶᠢᠨ | ᠨᠢᠭᠡᠳᠦᠯᠲᠡᠢ ᠪᠠᠶᠢᠯᠭᠠᠬᠤ ᠶᠢ ᠦᠨᠡᠨ ᠬᠦ ᠪᠠᠲᠤᠯᠠᠵᠤ᠂ ᠥᠪᠡᠷᠲᠡᠭᠡᠨ ᠵᠠᠰᠠᠬᠤ ᠣᠷᠣᠨ ᠤ ᠠᠵᠢᠯ ᠲᠥᠷᠥᠯ ᠤᠨ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠡᠭᠦᠷᠭᠡ ᠴᠢᠳᠠᠪᠤᠷᠢ ᠬᠠᠷᠢᠭᠤᠴᠠᠯᠭ᠎ᠠ ᠪᠠᠨ ᠦᠨᠳᠦᠰᠦᠯᠡᠨ ᠮᠠᠯ | ᠲᠠᠷᠢᠶᠠᠯᠠᠩ ᠳᠤ ᠬᠤᠯᠪᠣᠭᠳᠠᠭᠰᠠᠨ ᠪᠡᠯᠡ ᠮᠥᠩᠭᠦ ᠶᠢ ᠬᠤᠪᠢᠶᠠᠷᠢᠯᠠᠬᠤ ᠰᠠᠨᠠᠯ ᠢ ᠰᠤᠳᠤᠯᠬᠤ ᠳᠤ ᠠᠶᠢᠮᠠᠭ ᠬᠤᠲᠠ᠂ | ᠬᠤᠰᠢᠭᠤ ᠰᠢᠶᠠᠨ ︵ᠬᠤᠲᠠ᠂ ᠲᠣᠭᠤᠷᠢᠭ︶ ᠬᠤᠪᠢᠶᠠᠵᠤ ᠡᠭᠦᠷᠭᠡ ᠶᠢᠨ ᠨᠠᠷᠢᠨ ᠬᠠᠭᠤᠳᠠᠰᠤ ᠶᠢ ᠨᠢ ᠵᠡᠷᠬᠡ ᠳᠤ ᠨᠢ | ᠨᠠᠷᠢᠯᠢᠬᠵᠢᠭᠤᠯᠤᠨ᠂ ᠮᠠᠯ ᠲᠠᠷᠢᠶᠠᠯᠠᠩ ᠳᠤ ᠬᠤᠯᠪᠣᠭᠳᠠᠭᠰᠠᠨ ᠪᠡᠯᠡ ᠮᠥᠩᠭᠦ ᠪᠣᠯᠣᠨ ᠡᠭᠦᠷᠭᠡ ᠶᠢᠨ ᠨᠠᠷᠢᠨ | ᠬᠠᠭᠤᠳᠠᠰᠤ ᠶᠢ ᠲᠥᠪᠯᠡᠷᠡᠭᠦᠯᠦᠨ ᠵᠡᠷᠭᠡ ᠳᠤ ᠨᠢ ᠪᠠᠭᠤᠯᠭᠠᠨ᠎ᠠ᠃ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ | ᠲᠣᠭᠤᠷᠢᠭ︶ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠬᠢᠵᠠᠭᠠᠷᠯᠠᠬᠤ ᠴᠢᠨᠠᠷᠲᠠᠢ ᠡᠭᠦᠷᠭᠡ ᠶᠢ ᠵᠣᠬᠢᠶᠠᠨ | ᠪᠠᠶᠢᠭᠤᠯᠵᠤ ᠪᠡᠶᠡᠯᠡᠭᠦᠯᠦᠨ᠂ ᠵᠢᠯᠣᠭᠤᠳᠤᠯᠭ᠎ᠠ ᠶᠢᠨ ᠴᠢᠨᠠᠷᠲᠠᠢ ᠡᠭᠦᠷᠭᠡ ᠶᠢ ᠲᠤᠬᠠᠢ ᠶᠢᠨ ᠭᠠᠵᠠᠷ ᠲᠤ ᠨᠢ ᠨᠢᠭᠡᠳᠦᠯᠲᠡᠢ | ᠲᠦᠯᠦᠪᠯᠡᠨ ᠲᠣᠬᠢᠷᠠᠭᠤᠯᠵᠤ᠂ ᠡᠭᠦᠷᠭᠡ ᠶᠢ ᠬᠡᠷᠡᠭᠵᠢᠭᠦᠯᠬᠦ ᠲᠥᠰᠥᠯ ᠪᠣᠯᠣᠨ ᠪᠡᠯᠡ ᠮᠥᠩᠭᠦ ᠬᠡᠷᠡᠭᠯᠡᠬᠦ ᠲᠥᠰᠥᠯ | ᠲᠣᠭᠲᠠᠭᠠᠨ᠂ ᠥᠪᠡᠷᠲᠡᠭᠡᠨ ᠵᠠᠰᠠᠬᠤ ᠣᠷᠣᠨ ᠤ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ | ᠪᠣᠯᠣᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠬᠥᠭᠵᠢᠭᠦᠯᠦᠯᠲᠡ ᠥᠭᠡᠷᠡᠴᠢᠯᠡᠯᠲᠡ ᠶᠢᠨ | ᠵᠥᠪᠯᠡᠯ ᠳᠤ ᠲᠤᠰ ᠲᠤᠰ ᠮᠡᠳᠡᠭᠦᠯᠵᠦ ᠪᠦᠷᠢᠳᠬᠡᠨ ᠳᠠᠩᠰᠠᠯᠠᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ | ᠡᠳ᠋ ᠤᠨ ᠵᠠᠰᠠᠭ ᠤᠨ ᠲᠢᠩᠬᠢᠮ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠤᠯᠤᠰ ᠤᠨ ᠭᠠᠵᠠᠷ ᠰᠢᠷᠣᠢ | ᠡᠬᠢ ᠪᠠᠶᠠᠯᠢᠭ ᠤᠨ ᠲᠢᠩᠬᠢᠮ᠂ ᠤᠰᠤᠨ ᠠᠰᠢᠭᠯᠠᠯᠲᠠ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ | ᠣᠢ ᠰᠢᠭᠤᠢ ᠶᠢᠨ ᠲᠢᠩᠬᠢᠮ ᠵᠡᠷᠭᠡ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ | ᠣᠷᠳᠣᠨ᠂ ᠡᠯ᠎ᠡ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ᠂ 2019 ᠣᠨ ᠳᠤ | ᠦᠨᠳᠦᠰᠦᠨ ᠳᠤ ᠪᠠᠨ ᠪᠡᠶᠡᠯᠡᠭᠦᠯᠬᠦ ᠶᠢᠨ ᠬᠠᠮᠲᠤ ᠠᠯᠬᠤᠮ ᠠᠯᠬᠤᠮ ᠢᠶᠠᠷ ᠲᠡᠭᠦᠯᠳᠡᠷᠵᠢᠭᠦᠯᠦᠨ᠎ᠡ︶ | ᠭᠤᠷᠪᠠ᠂ ᠠᠵᠢᠯ ᠲᠥᠷᠥᠯ ᠤᠨ ᠬᠤᠭᠤᠷᠤᠨᠲᠤ ᠶᠢᠨ ᠮᠠᠯ ᠲᠠᠷᠢᠶᠠᠯᠠᠩ ᠳᠤ ᠬᠤᠯᠪᠣᠭᠳᠠᠭᠰᠠᠨ ᠪᠡᠯᠡ | ᠮᠥᠩᠭᠦᠨ ᠤ ᠨᠢᠭᠡᠳᠦᠯᠲᠡᠢ ᠲᠦᠯᠦᠪᠯᠡᠬᠦ ᠶᠢ ᠠᠬᠢᠭᠤᠯᠤᠨ᠎ᠠ | ︵ᠳᠣᠯᠤᠭ᠎ᠠ︶ ᠠᠵᠢᠯ ᠲᠥᠷᠥᠯ ᠤᠨ ᠲᠥᠯᠥᠪᠵᠢᠭᠦᠯᠭᠡ ᠶᠢᠨ ᠦᠵᠦ ᠵᠢᠷᠤᠭ ᠲᠥᠯᠥᠪᠯᠡᠭᠡ ᠶᠢ | ᠴᠢᠩᠭᠠᠳᠬᠠᠨ᠎ᠠ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠡᠳ᠋ ᠤᠨ ᠵᠠᠰᠠᠭ ᠤᠨ ᠣᠷᠣᠯᠭ᠎ᠠ | ᠵᠠᠷᠤᠯᠭ᠎ᠠ ᠶᠢᠨ ᠪᠠᠶᠢᠳᠠᠯ ᠢ ᠦᠨᠳᠦᠰᠦᠯᠡᠨ᠂ ᠤᠯᠤᠰ ᠤᠨ ᠴᠢᠬᠤᠯᠠ ᠲᠥᠯᠥᠪᠵᠢᠭᠦᠯᠭᠡ᠂ ᠠᠵᠢᠯ ᠲᠥᠷᠥᠯ ᠤᠨ | ᠲᠥᠯᠥᠪᠵᠢᠭᠦᠯᠭᠡ ᠶᠢ ᠭᠦᠨᠵᠡᠭᠡᠢ ᠲᠤᠭᠤᠰᠢᠯᠠᠭᠤᠯᠤᠭᠰᠠᠨ ᠤ ᠰᠠᠭᠤᠷᠢᠨ ᠳᠡᠭᠡᠷ᠎ᠡ᠂ ᠮᠠᠯ ᠲᠠᠷᠢᠶᠠᠯᠠᠩ ᠢ ᠳᠡᠮᠵᠢᠬᠦ | ᠠᠵᠢᠯ ᠢ ᠪᠦᠬᠦᠯᠢ ᠴᠣᠭᠴᠠ ᠪᠠᠷ ᠨᠢ ᠤᠬᠠᠭᠠᠯᠠᠨ ᠲᠥᠯᠥᠪᠯᠡᠵᠦ᠂ ᠭᠤᠷᠪᠠᠨ ᠵᠢᠯ ᠥᠷᠬᠦᠯᠵᠢᠯᠡᠨ ᠡᠳ᠋ ᠤᠨ | ᠵᠠᠰᠠᠭ ᠠᠴᠠ ᠳᠡᠮᠵᠢᠬᠦ ᠲᠥᠯᠥᠪᠵᠢᠭᠦᠯᠭᠡ ᠪᠣᠯᠣᠨ ᠭᠤᠷᠪᠠᠨ ᠵᠢᠯ ᠦᠷᠬᠦᠯᠵᠢᠯᠡᠨ ᠪᠡᠯᠡ ᠣᠷᠣᠭᠤᠯᠬᠤ ᠲᠥᠯᠥᠪᠯᠡᠭᠡ ᠶᠢ | ᠨᠠᠶᠢᠷᠠᠭᠤᠯᠤᠨ ᠵᠣᠬᠢᠶᠠᠬᠤ ᠶᠢᠨ ᠬᠠᠮᠲᠤ᠂ ᠤᠯᠤᠰ ᠠᠷᠠᠳ ᠤᠨ ᠠᠵᠤ ᠠᠬᠤᠢ ᠪᠣᠯᠣᠨ ᠨᠡᠶᠢᠭᠡᠮ ᠤᠨ ᠬᠥᠭᠵᠢᠯᠲᠡ ᠶᠢᠨ | ᠲᠠᠪᠤᠨ ᠵᠢᠯ ᠤᠨ ᠲᠥᠯᠥᠪᠵᠢᠭᠦᠯᠭᠡ ᠶᠢᠨ ᠬᠥᠲᠥᠯᠪᠦᠷᠢ᠂ ᠭᠠᠵᠠᠷ ᠰᠢᠷᠣᠢ ᠶᠢ ᠴᠡᠭᠴᠡᠯᠡᠨ ᠵᠠᠰᠠᠬᠤ ᠲᠥᠯᠥᠪᠵᠢᠭᠦᠯᠭᠡ | ᠵᠢᠴᠢ ᠮᠠᠯ ᠲᠠᠷᠢᠶᠠᠯᠠᠩ ᠳᠤ ᠬᠤᠯᠪᠣᠭᠳᠠᠭᠰᠠᠨ ᠬᠠᠮᠢᠶ᠎ᠠ ᠪᠦᠬᠦᠢ ᠲᠤᠰᠬᠠᠢ ᠵᠦᠢᠯ ᠤᠨ ᠲᠥᠯᠥᠪᠵᠢᠭᠦᠯᠭᠡ ᠲᠠᠢ | ᠭᠦᠢᠴᠡᠳ ᠵᠣᠯᠭᠠᠭᠤᠯᠬᠤ ᠬᠡᠷᠡᠭᠲᠡᠢ᠃ ᠡᠭᠦᠨ ᠤ ᠬᠠᠮᠲᠤ᠂ ᠲᠤᠰ ᠭᠠᠵᠠᠷ ᠤᠨ ᠡᠬᠢ ᠪᠠᠶᠠᠯᠢᠭ ᠤᠨ ᠤᠭ ᠰᠤᠷᠪᠤᠯᠵᠢ | ᠪᠣᠯᠣᠨ ᠣᠷᠣᠨ ᠪᠠᠶᠢᠷᠢ ᠶᠢᠨ ᠳᠠᠪᠠᠭᠤᠯᠢᠭ ᠲᠠᠢ ᠤᠶᠠᠯᠳᠤᠭᠤᠯᠤᠨ᠂ ᠲᠤᠬᠠᠢ ᠶᠢᠨ ᠭᠠᠵᠠᠷ ᠲᠤ ᠪᠠᠨ ᠲᠣᠬᠢᠷᠠᠭᠤᠯᠵᠤ | ᠮᠠᠯ ᠲᠠᠷᠢᠶᠠᠯᠠᠩ ᠳᠤ ᠬᠤᠯᠪᠣᠭᠳᠠᠭᠰᠠᠨ ᠬᠠᠮᠢᠶ᠎ᠠ ᠪᠦᠬᠦᠢ ᠪᠡᠯᠡ ᠮᠥᠩᠭᠦ ᠶᠢ ᠨᠢᠭᠡᠳᠦᠯᠲᠡᠢ ᠲᠦᠯᠦᠪᠯᠡᠵᠦ ᠡᠮᠬᠢᠯᠡᠨ | ᠨᠡᠶᠢᠯᠡᠭᠦᠯᠬᠦ ᠲᠠᠪᠴᠠᠩ ᠢ ᠪᠠᠶᠢᠭᠤᠯᠵᠤ᠂ ᠬᠤᠯᠪᠣᠭᠳᠠᠯ ᠪᠦᠬᠦᠢ ᠲᠥᠷᠥᠯ ᠵᠦᠢᠯ ᠤᠨ ᠲᠥᠯᠥᠪᠵᠢᠭᠦᠯᠭᠡ ᠪᠣᠯᠣᠨ ᠪᠡᠯᠡ | ᠮᠥᠩᠭᠦ ᠶᠢ ᠨᠢᠭᠡᠳᠦᠯᠲᠡᠢ ᠲᠦᠯᠦᠪᠯᠡᠵᠦ ᠡᠮᠬᠢᠯᠡᠨ ᠨᠡᠶᠢᠯᠡᠭᠦᠯᠬᠦ ᠲᠥᠰᠥᠯ ᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ | ᠵᠣᠬᠢᠶᠠᠵᠤ᠂ ᠴᠢᠬᠤᠯᠠ ᠲᠥᠷᠥᠯ ᠵᠦᠢᠯ ᠤᠨ ᠲᠥᠯᠥᠪᠵᠢᠭᠦᠯᠭᠡ ᠪᠠᠷ ᠲᠠᠪᠴᠠᠩ ᠪᠣᠯᠭᠠᠵᠤ ᠮᠠᠯ ᠲᠠᠷᠢᠶᠠᠯᠠᠩ ᠳᠤ | ᠬᠤᠯᠪᠣᠭᠳᠠᠭᠰᠠᠨ ᠪᠡᠯᠡ ᠮᠥᠩᠭᠦ ᠶᠢ ᠨᠢᠭᠡᠳᠦᠯᠲᠡᠢ ᠲᠦᠯᠦᠪᠯᠡᠵᠦ ᠬᠡᠷᠡᠭᠯᠡᠬᠦ ᠪᠠ ᠲᠥᠪᠯᠡᠷᠡᠭᠦᠯᠵᠦ ᠣᠷᠣᠭᠤᠯᠬᠤ ᠶᠢ ᠨᠢ | ᠬᠥᠲᠥᠯᠥᠨ ᠵᠢᠯᠣᠭᠤᠳᠤᠨ᠎ᠠ᠃ ︵ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠤᠯᠤᠰ ᠤᠨ ᠭᠠᠵᠠᠷ ᠰᠢᠷᠣᠢ ᠡᠬᠢ ᠪᠠᠶᠠᠯᠢᠭ ᠤᠨ ᠲᠢᠩᠬᠢᠮ᠂ | ᠤᠰᠤᠨ ᠠᠰᠢᠭᠯᠠᠯᠲᠠ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠣᠢ ᠰᠢᠭᠤᠢ ᠶᠢᠨ ᠲᠢᠩᠬᠢᠮ | ᠵᠡᠷᠭᠡ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ᠤ | ᠱᠠᠳᠤᠨ ᠤ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ᠂ 2018 ᠣᠨ ᠠᠴᠠ ᠡᠬᠢᠯᠡᠵᠦ ᠵᠠᠯᠭᠠᠪᠠᠷ | ᠠᠬᠢᠭᠤᠯᠤᠨ᠎ᠠ︶ | ︵ᠨᠠᠢᠮᠠ︶ ᠰᠠᠯᠠᠭ᠎ᠠ ᠮᠥᠴᠢᠷ ᠠᠯᠤᠰᠯᠠᠭᠰᠠᠨ ᠪᠡᠯᠡ ᠮᠥᠩᠭᠦ ᠶᠢ ᠨᠢᠭᠡᠳᠦᠯᠲᠡᠢ ᠲᠦᠯᠦᠪᠯᠡᠵᠦ ᠬᠡᠷᠡᠭᠯᠡᠬᠦ ᠶᠢ | ᠠᠬᠢᠭᠤᠯᠤᠨ᠎ᠠ᠃ ᠣᠯᠠᠨ ᠠᠵᠢᠯ ᠲᠥᠷᠥᠯ ᠤᠨ ᠰᠠᠯᠠᠭ᠎ᠠ ᠮᠥᠴᠢᠷ ᠤᠨ ᠬᠠᠮᠢᠶᠠᠷᠴᠤ ᠪᠠᠶᠢᠭ᠎ᠠ ᠰᠢᠨᠵᠢ ᠴᠢᠨᠠᠷ ᠢᠶᠠᠷ | ᠢᠵᠢᠯᠢ᠂ ᠬᠡᠷᠡᠭᠴᠡᠭᠡ ᠨᠢ ᠠᠳᠠᠯᠢᠪᠲᠤᠷ ᠮᠠᠯ ᠲᠠᠷᠢᠶᠠᠯᠠᠩ ᠳᠤ ᠬᠤᠯᠪᠣᠭᠳᠠᠭᠰᠠᠨ ᠪᠡᠯᠡ ᠮᠥᠩᠭᠦ ᠳᠤ ᠪᠣᠯ᠂ | ᠲᠥᠰᠥᠪ ᠤᠨ ᠬᠡᠷᠡᠭᠵᠢᠭᠦᠯᠬᠦ ᠭᠤᠭᠴᠣᠭᠠᠨ ᠳᠠᠬᠢ ᠨᠢᠭᠡᠳᠦᠯᠲᠡᠢ ᠲᠦᠯᠦᠪᠯᠡᠵᠦ ᠵᠣᠬᠢᠴᠠᠭᠤᠯᠬᠤ ᠡᠷᠴᠢᠮ ᠢ | ᠴᠢᠩᠭᠠᠷᠠᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ | ᠵᠥᠪᠳᠡᠯᠴᠡᠬᠦ ᠲᠣᠭᠲᠠᠴᠠ ᠶᠢ ᠪᠠᠶᠢᠭᠤᠯᠤᠨ᠂ ᠪᠦᠲᠦᠭᠡᠨ ᠪᠠᠶᠢᠭᠤᠯᠬᠤ ᠪᠠᠷᠢᠮᠵᠢᠶ᠎ᠠ᠂ ᠨᠢᠭᠡᠳᠦᠯᠲᠡᠢ ᠨᠥᠬᠦᠪᠦᠷᠢ ᠪᠣᠯᠣᠨ | ᠱᠠᠩᠨᠠᠯ ᠨᠥᠬᠦᠪᠦᠷᠢ ᠶᠢᠨ ᠪᠠᠷᠢᠮᠵᠢᠶ᠎ᠠ ᠶᠢ ᠨᠢᠭᠡᠳᠬᠡᠵᠦ᠂ ᠵᠢᠯᠣᠭᠤᠳᠤᠨ ᠦᠢᠯᠡᠴᠢᠯᠡᠬᠦ ᠶᠢ ᠴᠢᠩᠭᠠᠳᠬᠠᠨ᠂ ᠠᠶᠢᠮᠠᠭ | ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠮᠠᠯ ᠲᠠᠷᠢᠶᠠᠯᠠᠩ ᠳᠤ ᠬᠤᠯᠪᠣᠭᠳᠠᠭᠰᠠᠨ ᠪᠡᠯᠡ ᠮᠥᠩᠭᠦ ᠶᠢ | ᠨᠢᠭᠡᠳᠦᠯᠲᠡᠢ ᠲᠦᠯᠦᠪᠯᠡᠨ ᠬᠡᠷᠡᠭᠯᠡᠬᠦ ᠳᠤ ᠨᠢ ᠨᠥᠬᠦᠴᠡᠯ ᠪᠦᠷᠢᠯᠳᠦᠭᠦᠯᠦᠨ᠎ᠡ᠃ ᠠᠶᠢᠮᠠᠭ ᠬᠤᠲᠠ᠂ ᠬᠤᠰᠢᠭᠤ ᠰᠢᠶᠠᠨ | ︵ᠬᠤᠲᠠ᠂ ᠲᠣᠭᠤᠷᠢᠭ︶ ᠨᠢ ᠬᠠᠷᠠᠯᠳᠠᠳᠤ ᠡᠭᠦᠷᠭᠡ ᠪᠠᠨ ᠦᠨᠡᠨ ᠬᠦ ᠪᠡᠶᠡᠯᠡᠭᠦᠯᠦᠭᠰᠡᠨ ᠪᠠᠶᠢᠬᠤ ᠤᠷᠢᠳᠠᠯ ᠳᠣᠣᠷ᠎ᠠ᠂ | ᠡᠯ᠎ᠡ ᠱᠠᠲᠤᠨ ᠤ ᠡᠳ᠋ ᠤᠨ ᠵᠠᠰᠠᠭ ᠤᠨ ᠲᠣᠬᠢᠷᠠᠭᠤᠯᠵᠤ ᠪᠠᠶᠢᠭ᠎ᠠ ᠰᠢᠨᠵᠢ ᠴᠢᠨᠠᠷ ᠨᠢ ᠢᠵᠢᠯᠢ᠂ ᠬᠡᠷᠡᠭᠴᠡᠭᠡ ᠨᠢ | ᠠᠳᠠᠯᠢᠪᠲᠤᠷ ᠮᠠᠯ ᠲᠠᠷᠢᠶᠠᠯᠠᠩ ᠳᠤ ᠬᠤᠯᠪᠣᠭᠳᠠᠭᠰᠠᠨ ᠪᠡᠯᠡ ᠮᠥᠩᠭᠦ ᠶᠢ ᠴᠢᠳᠠᠬᠤ ᠶᠢᠨ ᠳᠣᠲᠣᠷ᠎ᠠ ᠰᠢᠰᠲ᠋ᠧᠮ ᠢᠶᠠᠷ | ᠬᠠᠮᠢᠶᠠᠷᠬᠤ ᠪᠣᠯᠭᠠᠵᠤ᠂ ᠢᠵᠢᠯᠢ ᠨᠢᠭᠡ ᠪᠡᠯᠡ ᠮᠥᠩᠭᠦᠨ ᠤ ᠰᠠᠩ ᠳᠤ ᠣᠷᠣᠭᠤᠯᠤᠨ᠂ ᠲᠥᠰᠥᠯ ᠢ ᠨᠢᠭᠡᠳᠦᠯᠲᠡᠢ | ᠵᠢᠷᠤᠵᠤ ᠲᠥᠯᠥᠪᠯᠡᠵᠦ ᠪᠡᠯᠡ ᠮᠥᠩᠭᠦ ᠶᠢ ᠨᠢᠭᠡᠳᠦᠯᠲᠡᠢ ᠰᠠᠯᠭᠠᠨ ᠥᠭᠴᠦ ᠨᠢᠭᠡᠳᠦᠯᠲᠡᠢ ᠵᠣᠬᠢᠶᠠᠨ ᠪᠠᠶᠢᠭᠤᠯᠵᠤ | ᠬᠡᠷᠡᠭᠵᠢᠭᠦᠯᠦᠨ ᠨᠢᠭᠡᠳᠦᠯᠲᠡᠢ ᠰᠢᠯᠭᠠᠨ ᠬᠢᠨᠠᠵᠤ ᠬᠤᠷᠢᠶᠠᠨ ᠠᠪᠴᠤ᠂ ᠲᠥᠷᠥ ᠶᠢᠨ ᠪᠣᠳᠣᠯᠭ᠎ᠠ ᠶᠢᠨ ᠨᠡᠶᠢᠯᠡᠮᠡᠯ | ᠬᠦᠴᠦᠨ ᠢ ᠪᠣᠢ ᠪᠣᠯᠭᠠᠨ᠂ ᠪᠡᠯᠡ ᠮᠥᠩᠭᠦ ᠬᠡᠷᠡᠭᠯᠡᠬᠦ ᠦᠷ᠎ᠡ ᠠᠰᠢᠭ ᠢ ᠳᠡᠭᠡᠭᠰᠢᠯᠡᠭᠦᠯᠦᠨ᠎ᠡ᠃ ᠡᠯ᠎ᠡ ᠠᠵᠢᠯ | ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠠᠮᠢᠶᠠᠷᠴᠤ ᠪᠠᠶᠢᠭ᠎ᠠ ᠴᠢᠳᠠᠮᠵᠢ ᠪᠠᠨ ᠬᠠᠷᠢᠯᠴᠠᠨ | ᠨᠥᠬᠦᠪᠦᠷᠢᠯᠡᠵᠦ ᠬᠡᠷᠡᠭᠴᠡᠭᠡ ᠪᠠᠨ ᠵᠣᠯᠭᠠᠭᠤᠯᠤᠭᠰᠠᠨ ᠮᠠᠯ ᠲᠠᠷᠢᠶᠠᠯᠠᠩ ᠳᠤ ᠬᠤᠯᠪᠣᠭᠳᠠᠭᠰᠠᠨ ᠪᠡᠯᠡ ᠮᠥᠩᠭᠦ ᠳᠤ ᠪᠣᠯ᠂ | ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠥᠭᠡᠷᠡᠴᠢᠯᠡᠯᠲᠡ ᠶᠢᠨ ᠡᠭᠦᠷᠭᠡ᠂ ᠣᠷᠣᠨ | ᠪᠦᠰᠡ ᠶᠢᠨ ᠳᠠᠪᠠᠭᠤᠯᠢᠭ᠂ ᠭᠤᠣᠯᠳᠠᠯᠭ᠎ᠠ ᠲᠠᠢ ᠲᠥᠷᠥᠯ ᠵᠦᠢᠯ ᠵᠡᠷᠭᠡ ᠶᠢᠨ ᠲᠣᠭᠤᠷᠢᠨ ᠳᠤ ᠳᠡᠮᠵᠢᠯᠭᠡ ᠦᠵᠡᠭᠦᠯᠦᠨ᠂ | ︽ᠠᠷᠭ᠎ᠠ ᠵᠠᠮ ᠨᠢ ᠡᠮᠬᠢ ᠵᠠᠮᠪᠠᠷᠠᠭ᠎ᠠ ᠲᠠᠢ᠂ ᠬᠡᠷᠡᠭᠴᠡᠭᠡ ᠨᠢ ᠬᠤᠪᠢᠷᠠᠯᠲᠠ ᠦᠭᠡᠢ᠂ ᠲᠥᠪᠯᠡᠷᠡᠭᠦᠯᠦᠨ ᠣᠷᠣᠭᠤᠯᠬᠤ᠂ | ᠥᠪᠡᠷ ᠥᠪᠡᠷ ᠤᠨ ᠬᠠᠷᠢᠭᠤᠴᠠᠯᠭ᠎ᠠ ᠪᠠᠨ ᠡᠭᠦᠷᠭᠡᠯᠡᠭᠦ᠂ ᠬᠤᠪᠢ ᠬᠤᠪᠢ ᠶᠢᠨ ᠵᠢᠳᠬᠦᠯ ᠢ ᠨᠢ ᠲᠡᠮᠳᠡᠭᠯᠡᠬᠦ᠂ ᠨᠡᠶᠢᠯᠡᠮᠡᠯ | ᠬᠦᠴᠦᠨ ᠢ ᠪᠣᠢ ᠪᠣᠯᠭᠠᠬᠤ︾ ᠵᠠᠷᠴᠢᠮ ᠶᠣᠰᠣᠭᠠᠷ ᠮᠠᠯ ᠲᠠᠷᠢᠶᠠᠯᠠᠩ ᠳᠤ ᠬᠤᠯᠪᠣᠭᠳᠠᠭᠰᠠᠨ ᠪᠡᠯᠡ ᠮᠥᠩᠭᠦ ᠶᠢ | ᠨᠢᠭᠡᠳᠦᠯᠲᠡᠢ ᠲᠦᠯᠦᠪᠯᠡᠨ ᠲᠣᠬᠢᠷᠠᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠤᠯᠤᠰ ᠤᠨ ᠭᠠᠵᠠᠷ ᠰᠢᠷᠣᠢ ᠡᠬᠢ ᠪᠠᠶᠠᠯᠢᠭ ᠤᠨ ᠲᠢᠩᠬᠢᠮ᠂ | ᠤᠰᠤᠨ ᠠᠰᠢᠭᠯᠠᠯᠲᠠ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠣᠢ ᠰᠢᠭᠤᠢ ᠶᠢᠨ ᠲᠢᠩᠬᠢᠮ | ᠵᠡᠷᠭᠡ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ᠤ | ᠱᠠᠳᠤᠨ ᠤ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ᠂ 2018 ᠣᠨ ᠠᠴᠠ ᠡᠬᠢᠯᠡᠵᠦ ᠵᠠᠯᠭᠠᠪᠠᠷ | ᠠᠬᠢᠭᠤᠯᠤᠨ᠎ᠠ︶ | ᠳᠥᠷᠪᠡ᠂ ᠮᠠᠯ ᠲᠠᠷᠢᠶᠠᠯᠠᠩ ᠳᠤ ᠬᠤᠯᠪᠣᠭᠳᠠᠭᠰᠠᠨ ᠪᠡᠯᠡ ᠮᠥᠩᠭᠦ ᠶᠢ ᠬᠠᠮᠢᠶᠠᠷᠬᠤ ᠪᠠᠶᠢᠭᠤᠯᠤᠯ | ᠲᠣᠭᠲᠠᠴᠠ ᠶᠢ ᠥᠭᠡᠷᠡᠴᠢᠯᠡᠨ ᠲᠡᠭᠦᠯᠳᠡᠷᠵᠢᠭᠦᠯᠦᠨ᠎ᠡ | ︵ᠶᠢᠰᠦ︶ ᠮᠠᠯ ᠲᠠᠷᠢᠶᠠᠯᠠᠩ ᠳᠤ ᠬᠤᠯᠪᠣᠭᠳᠠᠭᠰᠠᠨ ᠪᠡᠯᠡ ᠮᠥᠩᠭᠦ ᠶᠢ ᠬᠤᠪᠢᠶᠠᠷᠢᠯᠠᠬᠤ ᠠᠷᠭ᠎ᠠ ᠶᠢ | ᠵᠢᠷᠤᠮᠵᠢᠭᠤᠯᠤᠨ᠎ᠠ᠃ ᠲᠥᠪ ᠤᠨ ᠪᠣᠯᠣᠨ ᠥᠪᠡᠷᠲᠡᠭᠡᠨ ᠵᠠᠰᠠᠬᠤ ᠣᠷᠣᠨ ᠤ ᠲᠥᠰᠥᠪ ᠲᠤ ᠲᠣᠬᠢᠷᠠᠭᠤᠯᠵᠤ ᠪᠠᠶᠢᠭ᠎ᠠ | ᠮᠠᠯ ᠲᠠᠷᠢᠶᠠᠯᠠᠩ ᠳᠤ ᠬᠤᠯᠪᠣᠭᠳᠠᠭᠰᠠᠨ ᠪᠡᠯᠡ ᠮᠥᠩᠭᠦ ᠳᠤ ᠪᠣᠯ ᠭᠤᠣᠯᠳᠠᠭᠤ ᠬᠦᠴᠦᠨ ᠵᠦᠢᠯ ᠢᠶᠠᠷ ᠬᠤᠪᠢᠶᠠᠷᠢᠯᠠᠬᠤ | ᠠᠷᠭ᠎ᠠ ᠪᠣᠯᠣᠨ ᠲᠥᠷᠥᠯ ᠵᠦᠢᠯ ᠢᠶᠠᠷ ᠬᠤᠪᠢᠶᠠᠷᠢᠯᠠᠬᠤ ᠠᠷᠭ᠎ᠠ ᠶᠢ ᠬᠡᠷᠡᠭᠯᠡᠨ᠎ᠡ᠃ ᠬᠦᠴᠦᠨ ᠵᠦᠢᠯ ᠢᠶᠠᠷ | ᠬᠤᠪᠢᠶᠠᠷᠢᠯᠠᠬᠤ ᠠᠷᠭ᠎ᠠ ᠶᠢ ᠬᠡᠷᠡᠭᠯᠡᠵᠦ ᠬᠤᠪᠢᠶᠠᠷᠢᠯᠠᠬᠤ ᠮᠠᠯ ᠲᠠᠷᠢᠶᠠᠯᠠᠩ ᠳᠤ ᠬᠤᠯᠪᠣᠭᠳᠠᠭᠰᠠᠨ ᠪᠡᠯᠡ ᠮᠥᠩᠭᠦ ᠶᠢ | ᠪᠣᠯ᠂ ᠥᠪᠡᠷᠲᠡᠭᠡᠨ ᠵᠠᠰᠠᠬᠤ ᠣᠷᠣᠨ ᠤ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ | ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ᠂ ᠬᠥᠭᠵᠢᠭᠦᠯᠦᠯᠲᠡ ᠥᠭᠡᠷᠡᠴᠢᠯᠡᠯᠲᠡ ᠶᠢᠨ ᠰᠠᠯᠠᠭ᠎ᠠ ᠮᠥᠴᠢᠷ ᠲᠠᠢ | ᠬᠠᠮᠲᠤᠷᠠᠯᠴᠠᠨ᠂ ᠤᠯᠤᠰ ᠪᠣᠯᠣᠨ ᠥᠪᠡᠷᠲᠡᠭᠡᠨ ᠵᠠᠰᠠᠬᠤ ᠣᠷᠣᠨ ᠤ ᠪᠠᠭᠤᠯᠭᠠᠭᠰᠠᠨ ᠡᠭᠦᠷᠭᠡ ᠶᠢᠨ ᠨᠠᠷᠢᠨ | ᠬᠠᠭᠤᠳᠠᠰᠤ ᠶᠢ ᠦᠨᠳᠦᠰᠦᠯᠡᠵᠦ᠂ ᠲᠥᠷᠥᠯ ᠵᠦᠢᠯ ᠲᠠᠢ ᠬᠤᠯᠪᠣᠭᠳᠠᠬᠤ ᠪᠠᠶᠢᠭᠠᠯᠢ᠂ ᠠᠵᠤ ᠠᠬᠤᠢ᠂ ᠨᠡᠶᠢᠭᠡᠮ᠂ | ᠠᠵᠢᠯ ᠤᠨ ᠠᠮᠵᠢᠯᠲᠠ ᠪᠦᠲᠦᠮᠵᠢ ᠵᠡᠷᠭᠡ ᠬᠦᠴᠦᠨ ᠵᠦᠢᠯ ᠢ ᠰᠣᠩᠭᠤᠵᠤ᠂ ᠵᠣᠬᠢᠬᠤ ᠴᠢᠬᠤᠯᠠᠴᠢᠯᠠᠭᠳᠠᠬᠤ ᠬᠡᠮᠵᠢᠶ᠎ᠡ | ᠪᠤᠶᠤ ᠪᠠᠷᠢᠮᠵᠢᠶ᠎ᠠ ᠶᠣᠰᠣᠭᠠᠷ ᠪᠡᠯᠡ ᠮᠥᠩᠭᠦ ᠶᠢ ᠬᠤᠪᠢᠶᠠᠷᠢᠯᠠᠨ᠎ᠠ᠃ ᠲᠥᠷᠥᠯ ᠵᠦᠢᠯ ᠢᠶᠠᠷ ᠬᠤᠪᠢᠶᠠᠷᠢᠯᠠᠬᠤ ᠠᠷᠭ᠎ᠠ ᠶᠢ | ᠬᠡᠷᠡᠭᠯᠡᠵᠦ ᠬᠤᠪᠢᠶᠠᠷᠢᠯᠠᠬᠤ ᠮᠠᠯ ᠲᠠᠷᠢᠶᠠᠯᠠᠩ ᠳᠤ ᠬᠤᠯᠪᠣᠭᠳᠠᠭᠰᠠᠨ ᠪᠡᠯᠡ ᠮᠥᠩᠭᠦ ᠶᠢ ᠪᠣᠯ᠂ ᠥᠪᠡᠷᠲᠡᠭᠡᠨ ᠵᠠᠰᠠᠬᠤ | ᠣᠷᠣᠨ ᠤ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠥᠪᠡᠷᠲᠡᠭᠡᠨ ᠵᠠᠰᠠᠬᠤ ᠣᠷᠣᠨ ᠤ | ᠡᠳ᠋ ᠤᠨ ᠵᠠᠰᠠᠭ᠂ ᠬᠥᠭᠵᠢᠭᠦᠯᠦᠯᠲᠡ ᠥᠭᠡᠷᠡᠴᠢᠯᠡᠯᠲᠡ ᠶᠢᠨ ᠰᠠᠯᠠᠭ᠎ᠠ ᠮᠥᠴᠢᠷ ᠲᠠᠢ ᠬᠠᠮᠲᠤᠷᠠᠯᠴᠠᠨ᠂ ᠤᠯᠤᠰ ᠪᠣᠯᠣᠨ | ᠥᠪᠡᠷᠲᠡᠭᠡᠨ ᠵᠠᠰᠠᠬᠤ ᠣᠷᠣᠨ ᠤ ᠪᠠᠭᠤᠯᠭᠠᠭᠰᠠᠨ ᠡᠭᠦᠷᠭᠡ ᠶᠢᠨ ᠨᠠᠷᠢᠨ ᠬᠠᠭᠤᠳᠠᠰᠤ ᠶᠢ ᠦᠨᠳᠦᠰᠦᠯᠡᠵᠦ᠂ ᠲᠥᠷᠥᠯ | ᠵᠦᠢᠯ ᠤᠨ ᠶᠡᠷᠦᠩᠬᠡᠢ ᠲᠥᠯᠥᠪᠵᠢᠭᠦᠯᠭᠡ ᠶᠢᠨ ᠪᠠᠶᠢᠷᠢᠰᠢᠭᠤᠯᠤᠯᠲᠠ᠂ ᠡᠯ᠎ᠡ ᠭᠠᠵᠠᠷ ᠣᠷᠣᠨ ᠤ ᠪᠦᠲᠦᠭᠡᠨ ᠪᠠᠶᠢᠭᠤᠯᠬᠤ | ᠬᠡᠷᠡᠭᠴᠡᠭᠡ ᠱᠠᠭᠠᠷᠳᠠᠯᠭ᠎ᠠ ᠵᠡᠷᠭᠡ ᠪᠣᠳᠠᠲᠠᠢ ᠪᠠᠶᠢᠳᠠᠯ ᠲᠠᠢ ᠤᠶᠠᠯᠳᠤᠭᠤᠯᠤᠨ᠂ ᠲᠥᠷᠥᠯ ᠵᠦᠢᠯ ᠭᠤᠶᠤᠴᠢᠯᠠᠨ | ᠮᠡᠳᠡᠭᠦᠯᠬᠦ ᠭᠤᠣᠯ ᠴᠣᠭᠴᠠ᠂ ᠭᠤᠶᠤᠴᠢᠯᠠᠨ ᠮᠡᠳᠡᠭᠦᠯᠬᠦ ᠬᠦᠷᠢᠶ᠎ᠡ ᠬᠡᠪᠴᠢᠶ᠎ᠡ ᠪᠣᠯᠣᠨ ᠭᠤᠶᠤᠴᠢᠯᠠᠨ ᠮᠡᠳᠡᠭᠦᠯᠬᠦ | ᠨᠥᠬᠦᠴᠡᠯ ᠢ ᠲᠣᠳᠣᠷᠬᠠᠶᠢᠯᠠᠵᠤ᠂ ᠭᠤᠶᠤᠴᠢᠯᠠᠨ ᠮᠡᠳᠡᠭᠦᠯᠬᠦ ᠴᠣᠪᠣᠷᠠᠯ ᠢ ᠵᠢᠷᠤᠮᠵᠢᠭᠤᠯᠤᠨ᠂ ᠲᠤᠰᠬᠠᠢ ᠵᠣᠬᠢᠶᠠᠨ | ᠪᠠᠶᠢᠭᠤᠯᠤᠯᠲᠠ ᠪᠣᠯᠣᠨ ᠲᠤᠰᠬᠠᠢ ᠮᠡᠷᠭᠡᠵᠢᠯᠲᠡᠨ ᠤ ᠦᠢᠯᠡᠳᠦᠯ ᠢ ᠪᠠᠳᠠᠷᠠᠭᠤᠯᠵᠤ᠂ ᠲᠤᠰᠬᠠᠢ ᠮᠡᠷᠭᠡᠵᠢᠯᠲᠡᠨ ᠤ | ᠰᠢᠯᠭᠠᠷᠠᠭᠤᠯᠤᠨ ᠬᠢᠨᠠᠬᠤ᠂ ᠥᠷᠢᠰᠦᠯᠳᠦᠭᠡᠨ ᠢᠶᠠᠷ ᠰᠡᠳᠦᠪ ᠲᠣᠭᠲᠠᠭᠠᠬᠤ᠂ ᠬᠠᠮᠲᠤ ᠪᠠᠷ ᠰᠢᠢᠳᠪᠦᠷᠢᠲᠦ ᠪᠣᠳᠣᠯᠭ᠎ᠠ | ᠭᠠᠷᠭᠠᠬᠤ ᠵᠡᠷᠭᠡ ᠳᠡᠰ ᠳᠠᠷᠠᠭᠠᠯᠠᠯ ᠢᠶᠠᠷ ᠳᠠᠮᠵᠢᠵᠤ ᠰᠢᠯᠢᠳᠡᠭ ᠰᠠᠶᠢᠨ ᠳᠤ ᠨᠢ ᠬᠤᠪᠢᠶᠠᠷᠢᠯᠠᠨ᠎ᠠ᠃ ︵ᠥᠪᠡᠷᠲᠡᠭᠡᠨ | ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠤᠯᠤᠰ ᠤᠨ | ᠭᠠᠵᠠᠷ ᠰᠢᠷᠣᠢ ᠡᠬᠢ ᠪᠠᠶᠠᠯᠢᠭ ᠤᠨ ᠲᠢᠩᠬᠢᠮ᠂ ᠤᠰᠤᠨ ᠠᠰᠢᠭᠯᠠᠯᠲᠠ ᠶᠢᠨ ᠲᠢᠩᠬᠢᠮ᠂ ᠲᠠᠷᠢᠶᠠᠯᠠᠩ ᠮᠠᠯ ᠠᠵᠤ | ᠠᠬᠤᠢ ᠶᠢᠨ ᠲᠢᠩᠬᠢᠮ᠂ ᠣᠢ ᠰᠢᠭᠤᠢ ᠶᠢᠨ ᠲᠢᠩᠬᠢᠮ ᠵᠡᠷᠭᠡ ᠬᠠᠷᠢᠭᠤᠴᠠᠨ᠎ᠠ᠂ 2018 ᠣᠨ ᠠᠴᠠ ᠡᠬᠢᠯᠡᠵᠦ | ᠵᠠᠯᠭᠠᠪᠠᠷ ᠠᠬᠢᠭᠤᠯᠤᠨ᠎ᠠ︶ | ︵ᠠᠷᠪᠠ︶ ᠬᠠᠮᠢᠶᠠᠷᠬᠤ ᠳᠦᠷᠢᠮ ᠤᠨ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠮᠠᠯ | ᠲᠠᠷᠢᠶᠠᠯᠠᠩ ᠳᠤ ᠬᠤᠯᠪᠣᠭᠳᠠᠭᠰᠠᠨ ᠪᠡᠯᠡ ᠮᠥᠩᠭᠦ ᠶᠢ ᠬᠠᠮᠢᠶᠠᠷᠬᠤ ᠳᠦᠷᠢᠮ ᠢ ᠦᠷᠬᠦᠯᠵᠢᠯᠡᠨ ᠢᠯᠭᠠᠷᠠᠭᠤᠯᠵᠤ᠂ | ᠵᠠᠰᠠᠪᠤᠷᠢ ᠣᠷᠣᠭᠤᠯᠬᠤ ᠪᠠ ᠲᠡᠭᠦᠯᠳᠡᠷᠵᠢᠭᠦᠯᠵᠦ᠂ ᠮᠠᠯ ᠲᠠᠷᠢᠶᠠᠯᠠᠩ ᠳᠤ ᠬᠤᠯᠪᠣᠭᠳᠠᠭᠰᠠᠨ ᠵᠦᠢᠯ ᠪᠦᠷᠢ ᠶᠢᠨ ᠪᠡᠯᠡ | ᠮᠥᠩᠭᠦ ᠳᠤ ᠵᠣᠬᠢᠴᠠᠯᠳᠤᠬᠤ ᠪᠡᠯᠡ ᠮᠥᠩᠭᠦ ᠬᠠᠮᠢᠶᠠᠷᠬᠤ ᠠᠷᠭ᠎ᠠ ᠲᠠᠢ ᠪᠣᠯᠭᠠᠨ᠂ ᠮᠠᠯ ᠲᠠᠷᠢᠶᠠᠯᠠᠩ ᠳᠤ | ᠬᠤᠯᠪᠣᠭᠳᠠᠭᠰᠠᠨ ᠪᠡᠯᠡ ᠮᠥᠩᠭᠦ ᠶᠢ ᠨᠢᠭᠡᠳᠦᠯᠲᠡᠢ ᠲᠦᠯᠦᠪᠯᠡᠵᠦ ᠡᠮᠬᠢᠯᠡᠨ ᠨᠡᠶᠢᠯᠡᠭᠦᠯᠬᠦ ᠠᠵᠢᠯ ᠲᠠᠢ ᠲᠣᠬᠢᠷᠠᠯᠴᠠᠭᠰᠠᠨ | ᠬᠠᠮᠢᠶᠠᠷᠬᠤ ᠳᠦᠷᠢᠮ ᠤᠨ ᠰᠢᠰᠲ᠋ᠧᠮᠵᠢ ᠶᠢ ᠪᠠᠶᠢᠭᠤᠯᠤᠨ᠎ᠠ᠃ ᠡᠯ᠎ᠡ ᠱᠠᠲᠤᠨ ᠤ ᠠᠵᠢᠯ ᠲᠥᠷᠥᠯ ᠤᠨ ᠭᠤᠣᠯᠴᠢᠯᠠᠨ | ᠬᠠᠮᠢᠶᠠᠷᠬᠤ ᠰᠠᠯᠠᠭ᠎ᠠ ᠮᠥᠴᠢᠷ ᠨᠢ ᠲᠥᠷᠥᠯ ᠵᠦᠢᠯ ᠤᠨ ᠬᠠᠮᠢᠶᠠᠷᠬᠤ ᠳᠦᠷᠢᠮ ᠬᠢᠭᠡᠳ ᠮᠠᠯ ᠲᠠᠷᠢᠶᠠᠯᠠᠩ ᠳᠤ | ᠬᠤᠯᠪᠣᠭᠳᠠᠭᠰᠠᠨ ᠪᠡᠯᠡ ᠮᠥᠩᠭᠦ ᠶᠢ ᠨᠢᠭᠡᠳᠦᠯᠲᠡᠢ ᠲᠦᠯᠦᠪᠯᠡᠵᠦ ᠡᠮᠬᠢᠯᠡᠨ ᠨᠡᠶᠢᠯᠡᠭᠦᠯᠬᠦ ᠠᠵᠢᠯ ᠲᠠᠢ ᠵᠣᠯᠭᠠᠭᠤᠯᠬᠤ ᠶᠢ | ᠴᠢᠩᠭᠠᠳᠬᠠᠨ᠂ ᠲᠥᠷᠥᠯ ᠵᠦᠢᠯ ᠢ ᠬᠡᠷᠡᠭᠵᠢᠭᠦᠯᠬᠦ ᠪᠠ ᠪᠡᠯᠡ ᠮᠥᠩᠭᠦ ᠶᠢ ᠬᠠᠮᠢᠶᠠᠷᠬᠤ ᠳᠤ ᠮᠠᠯ ᠲᠠᠷᠢᠶᠠᠯᠠᠩ ᠳᠤ | ᠬᠤᠯᠪᠣᠭᠳᠠᠭᠰᠠᠨ ᠪᠡᠯᠡ ᠮᠥᠩᠭᠦ ᠶᠢ ᠨᠢᠭᠡᠳᠦᠯᠲᠡᠢ ᠲᠦᠯᠦᠪᠯᠡᠵᠦ ᠡᠮᠬᠢᠯᠡᠨ ᠨᠡᠶᠢᠯᠡᠭᠦᠯᠬᠦ ᠠᠵᠢᠯ ᠦᠷᠨᠢᠭᠦᠯᠬᠦ ᠶᠢᠨ | ᠰᠢᠨ᠎ᠡ ᠱᠠᠭᠠᠷᠳᠠᠯᠭ᠎ᠠ ᠶᠢ ᠭᠦᠢᠴᠡᠳ ᠪᠣᠳᠣᠯᠬᠢᠯᠠᠵᠤ᠂ ᠮᠠᠯ ᠲᠠᠷᠢᠶᠠᠯᠠᠩ ᠳᠤ ᠬᠤᠯᠪᠣᠭᠳᠠᠭᠰᠠᠨ ᠪᠡᠯᠡ ᠮᠥᠩᠭᠦ ᠶᠢ | ᠨᠢᠭᠡᠳᠦᠯᠲᠡᠢ ᠲᠦᠯᠦᠪᠯᠡᠵᠦ ᠡᠮᠬᠢᠯᠡᠨ ᠨᠡᠶᠢᠯᠡᠭᠦᠯᠬᠦ ᠠᠵᠢᠯ ᠳᠤ ᠨᠡᠩ ᠠᠭᠤᠵᠢᠭᠤ ᠪᠠᠶᠢᠬᠤ ᠲᠥᠷᠥ ᠶᠢᠨ ᠪᠣᠳᠣᠯᠭ᠎ᠠ ᠶᠢᠨ | ᠣᠷᠴᠢᠨ ᠨᠦᠬᠦᠴᠡᠯ ᠢ ᠪᠣᠢ ᠪᠣᠯᠭᠠᠨ᠎ᠠ᠃ ᠳᠦᠷᠢᠮ ᠤᠨ ᠲᠠᠯ᠎ᠠ ᠪᠠᠷ ᠪᠣᠯᠪᠠᠰᠤᠷᠠᠭᠤᠯᠬᠤ ᠪᠠ ᠬᠡᠷᠡᠭᠵᠢᠭᠦᠯᠬᠦ ᠠᠵᠢᠯ ᠢ | ᠦᠨᠡᠨ ᠬᠦ ᠴᠢᠩᠭᠠᠳᠬᠠᠨ᠂ ᠮᠠᠯ ᠲᠠᠷᠢᠶᠠᠯᠠᠩ ᠳᠤ ᠬᠤᠯᠪᠣᠭᠳᠠᠭᠰᠠᠨ ᠪᠡᠯᠡ ᠮᠥᠩᠭᠦ ᠶᠢ ᠨᠢᠭᠡᠳᠦᠯᠲᠡᠢ ᠲᠦᠯᠦᠪᠯᠡᠵᠦ | ᠡᠮᠬᠢᠯᠡᠨ ᠨᠡᠶᠢᠯᠡᠭᠦᠯᠬᠦ ᠠᠵᠢᠯ ᠳᠤ ᠪᠣᠳᠠᠲᠠᠢ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠨ᠎ᠠ᠃ ︵ᠥᠪᠡᠷᠲᠡᠭᠡᠨ | ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠤᠯᠤᠰ ᠤᠨ | ᠭᠠᠵᠠᠷ ᠰᠢᠷᠣᠢ ᠡᠬᠢ ᠪᠠᠶᠠᠯᠢᠭ ᠤᠨ ᠲᠢᠩᠬᠢᠮ᠂ ᠤᠰᠤᠨ ᠠᠰᠢᠭᠯᠠᠯᠲᠠ ᠶᠢᠨ ᠲᠢᠩᠬᠢᠮ᠂ ᠲᠠᠷᠢᠶᠠᠯᠠᠩ ᠮᠠᠯ ᠠᠵᠤ | ᠠᠬᠤᠢ ᠶᠢᠨ ᠲᠢᠩᠬᠢᠮ᠂ ᠣᠢ ᠰᠢᠭᠤᠢ ᠶᠢᠨ ᠲᠢᠩᠬᠢᠮ ᠵᠡᠷᠭᠡ ᠬᠠᠷᠢᠭᠤᠴᠠᠨ᠎ᠠ᠂ 2019 ᠣᠨ ᠳᠤ | ᠦᠨᠳᠦᠰᠦᠨ ᠳᠤ ᠪᠠᠨ ᠪᠡᠶᠡᠯᠡᠭᠦᠯᠬᠦ ᠶᠢᠨ ᠬᠠᠮᠲᠤ ᠠᠯᠬᠤᠮ ᠠᠯᠬᠤᠮ ᠢᠶᠠᠷ ᠲᠡᠭᠦᠯᠳᠡᠷᠵᠢᠭᠦᠯᠦᠨ᠎ᠡ︶ | ︵ᠠᠷᠪᠠᠨ ᠨᠢᠭᠡ︶ ᠬᠢᠨᠠᠨ ᠵᠥᠪᠰᠢᠶᠡᠷᠡᠬᠦ ᠡᠷᠬᠡ ᠶᠢ ᠤᠯᠠᠮ ᠨᠢᠭᠡ ᠠᠯᠬᠤᠮ ᠳᠣᠷᠣᠭᠰᠢ ᠲᠠᠯᠪᠢᠨ᠎ᠠ᠃ | ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠵᠠᠰᠠᠭ ᠢ ᠴᠣᠮᠬᠠᠳᠬᠠᠨ ᠡᠷᠬᠡ ᠶᠢ | ᠳᠣᠷᠣᠭᠰᠢ ᠲᠠᠯᠪᠢᠬᠤ᠂ ᠲᠠᠯᠪᠢᠬᠤ ᠪᠠ ᠬᠠᠮᠢᠶᠠᠷᠬᠤ ᠶᠢ ᠤᠶᠠᠯᠳᠤᠭᠤᠯᠬᠤ᠂ ᠦᠢᠯᠡᠴᠢᠯᠡᠭᠡ ᠶᠢ ᠰᠢᠯᠢᠳᠡᠭᠵᠢᠭᠦᠯᠬᠦ | ᠥᠭᠡᠷᠡᠴᠢᠯᠡᠯᠲᠡ ᠶᠢᠨ ᠶᠠᠷᠦᠩᠬᠡᠢ ᠱᠠᠭᠠᠷᠳᠠᠯᠭ᠎ᠠ ᠶᠣᠰᠣᠭᠠᠷ᠂ ᠮᠠᠯ ᠲᠠᠷᠢᠶᠠᠯᠠᠩ ᠳᠤ ᠬᠤᠯᠪᠣᠭᠳᠠᠭᠰᠠᠨ ᠲᠥᠷᠥᠯ | ᠵᠦᠢᠯ ᠤᠨ ᠬᠢᠨᠠᠨ ᠵᠥᠪᠰᠢᠶᠡᠷᠡᠬᠦ ᠡᠷᠬᠡ ᠶᠢᠨ ᠬᠡᠪᠴᠢᠶ᠎ᠡ ᠶᠢ ᠤᠯᠠᠮ ᠨᠢᠭᠡ ᠠᠯᠬᠤᠮ ᠳᠣᠷᠣᠭᠰᠢ ᠲᠠᠯᠪᠢᠵᠤ᠂ ᠮᠠᠯ | ᠲᠠᠷᠢᠶᠠᠯᠠᠩ ᠳᠤ ᠬᠤᠯᠪᠣᠭᠳᠠᠭᠰᠠᠨ ᠪᠡᠯᠡ ᠮᠥᠩᠭᠦ ᠬᠠᠮᠢᠶᠠᠷᠬᠤ ᠠᠷᠭ᠎ᠠ ᠶᠢ ᠲᠥᠷᠥᠯ ᠵᠦᠢᠯ ᠬᠠᠮᠢᠶᠠᠷᠬᠤ | ᠪᠠᠶᠢᠭᠰᠠᠨ ᠠᠴᠠ ᠡᠭᠦᠷᠭᠡ᠂ ᠠᠵᠢᠯ ᠤᠨ ᠠᠮᠵᠢᠯᠲᠠ ᠪᠦᠲᠦᠮᠵᠢ ᠶᠢ ᠬᠠᠮᠢᠶᠠᠷᠬᠤ ᠲᠡᠶᠢᠰᠢ ᠬᠤᠪᠢᠷᠠᠭᠤᠯᠤᠨ᠂ ᠠᠶᠢᠮᠠᠭ | ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠳᠤ ᠵᠣᠬᠢᠴᠠᠭᠤᠯᠵᠤ ᠪᠣᠳᠣᠯᠭ᠎ᠠ ᠬᠡᠷᠡᠭᠵᠢᠭᠦᠯᠬᠦ ᠪᠠ ᠪᠡᠯᠡ | ᠮᠥᠩᠭᠦ ᠶᠢ ᠨᠢᠭᠡᠳᠦᠯᠲᠡᠢ ᠲᠦᠯᠦᠪᠯᠡᠬᠦ ᠶᠢᠨ ᠡᠵᠡᠨ ᠮᠡᠳᠡᠬᠦ ᠡᠷᠬᠡ ᠣᠯᠭᠤᠨ᠎ᠠ᠃ ᠠᠶᠢᠮᠠᠭ ᠤᠨ ᠵᠠᠬᠢᠷᠭ᠎ᠠ᠂ | ᠬᠤᠲᠠ ᠶᠢᠨ ᠠᠷᠠᠳ ᠤᠨ ᠵᠠᠰᠠᠭ ᠤᠨ ᠣᠷᠳᠣᠨ ᠪᠣᠯᠣᠨ ᠬᠤᠰᠢᠭᠤ ᠰᠢᠶᠠᠨ ︵ᠬᠤᠲᠠ᠂ ᠲᠣᠭᠤᠷᠢᠭ︶ ᠤ | ᠠᠷᠠᠳ ᠤᠨ ᠵᠠᠰᠠᠭ ᠤᠨ ᠣᠷᠳᠣᠨ ᠣᠨᠴᠠᠭᠠᠶᠢᠯᠠᠨ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ | ᠵᠠᠰᠠᠭ ᠤᠨ ᠣᠷᠳᠣᠨ ᠤ ᠮᠠᠯ ᠲᠠᠷᠢᠶᠠᠯᠠᠩ ᠳᠤ ᠬᠤᠯᠪᠣᠭᠳᠠᠭᠰᠠᠨ ᠪᠡᠯᠡ ᠮᠥᠩᠭᠦ ᠶᠢ ᠨᠢᠭᠡᠳᠦᠯᠲᠡᠢ ᠲᠦᠯᠦᠪᠯᠡᠵᠦ | ᠡᠮᠬᠢᠯᠡᠨ ᠨᠡᠶᠢᠯᠡᠭᠦᠯᠬᠦ ᠶᠢᠨ ᠬᠠᠷᠢᠭᠤᠴᠠᠯᠭ᠎ᠠ ᠶᠢ ᠴᠢᠩᠭᠠᠷᠠᠭᠤᠯᠵᠤ᠂ ᠲᠥᠷᠥᠯ ᠵᠦᠢᠯ ᠳᠤ ᠰᠢᠢᠳᠪᠦᠷᠢᠲᠦ ᠪᠣᠳᠣᠯᠭ᠎ᠠ | ᠲᠣᠭᠲᠠᠭᠠᠬᠤ ᠶᠢᠨ ᠡᠵᠡᠨ ᠮᠡᠳᠡᠬᠦ ᠴᠢᠨᠠᠷ ᠪᠣᠯᠣᠨ ᠰᠢᠨᠵᠢᠯᠡᠬᠦ ᠤᠬᠠᠭᠠᠨᠴᠢ ᠴᠢᠨᠠᠷ ᠢ ᠲᠠᠰᠤᠷᠠᠯᠲᠠ ᠦᠭᠡᠢ | ᠳᠡᠭᠡᠭᠰᠢᠯᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ᠂ ᠤᠯᠤᠰ ᠤᠨ ᠭᠠᠵᠠᠷ ᠰᠢᠷᠣᠢ ᠡᠬᠢ ᠪᠠᠶᠠᠯᠢᠭ ᠤᠨ ᠲᠢᠩᠬᠢᠮ᠂ ᠤᠰᠤᠨ | ᠠᠰᠢᠭᠯᠠᠯᠲᠠ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠣᠢ ᠰᠢᠭᠤᠢ ᠶᠢᠨ ᠲᠢᠩᠬᠢᠮ ᠵᠡᠷᠭᠡ | ᠬᠠᠷᠢᠭᠤᠴᠠᠨ᠎ᠠ᠂ 2018 ᠣᠨ ᠠᠴᠠ ᠡᠬᠢᠯᠡᠵᠦ ᠵᠠᠯᠭᠠᠪᠠᠷ ᠠᠬᠢᠭᠤᠯᠤᠨ᠎ᠠ︶ | ︵ᠠᠷᠪᠠᠨ ᠬᠤᠶᠠᠷ︶ ᠮᠠᠯ ᠲᠠᠷᠢᠶᠠᠯᠠᠩ ᠳᠤ ᠬᠤᠯᠪᠣᠭᠳᠠᠭᠰᠠᠨ ᠪᠡᠯᠡ ᠮᠥᠩᠭᠦᠨ ᠤ ᠲᠥᠷᠥᠯ ᠵᠦᠢᠯ ᠤᠨ | ᠬᠥᠮᠥᠷᠭᠡ ᠶᠢ ᠪᠦᠷᠢᠨ ᠲᠡᠭᠦᠯᠳᠡᠷᠵᠢᠭᠦᠯᠦᠨ᠎ᠡ᠃ ᠤᠯᠤᠰ ᠪᠣᠯᠣᠨ ᠥᠪᠡᠷᠲᠡᠭᠡᠨ ᠵᠠᠰᠠᠬᠤ ᠣᠷᠣᠨ ᠤ ︽ᠮᠠᠯ | ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾ ᠤ ᠠᠵᠢᠯ ᠤᠨ ᠴᠢᠭᠯᠡᠯᠲᠡ ᠲᠥᠷᠥ ᠶᠢᠨ | ᠪᠣᠳᠣᠯᠭ᠎ᠠ ᠵᠢᠴᠢ ᠬᠠᠮᠢᠶ᠎ᠠ ᠪᠦᠬᠦᠢ ᠲᠥᠯᠥᠪᠵᠢᠭᠦᠯᠭᠡ ᠶᠢ ᠦᠨᠳᠦᠰᠦᠯᠡᠨ᠂ ᠵᠠᠰᠠᠭ ᠤᠨ ᠣᠷᠳᠣᠨ ᠤ ᠪᠡᠯᠡ | ᠣᠷᠣᠭᠤᠯᠬᠤ ᠲᠥᠷᠥᠯ ᠵᠦᠢᠯ ᠤᠨ ᠭᠤᠷᠪᠠᠨ ᠵᠢᠯ ᠦᠷᠭᠦᠯᠵᠢᠯᠡᠬᠦ ᠲᠥᠯᠥᠪᠯᠡᠭᠡ ᠶᠢ ᠨᠠᠶᠢᠷᠠᠭᠤᠯᠤᠨ ᠵᠤᠬᠢᠶᠠᠵᠦ᠂ ᠮᠠᠯ | ᠲᠠᠷᠢᠶᠠᠯᠠᠩ ᠳᠤ ᠬᠤᠯᠪᠣᠭᠳᠠᠭᠰᠠᠨ ᠡᠯ᠎ᠡ ᠵᠦᠢᠯ ᠤᠨ ᠲᠥᠷᠥᠯ ᠵᠦᠢᠯ ᠤᠨ ᠨᠥᠭᠡᠴᠡᠯᠡᠬᠦ ᠶᠢ ᠴᠢᠩᠭᠠᠳᠬᠠᠨ᠎ᠠ᠃ | ᠲᠥᠷᠥᠯ ᠵᠦᠢᠯ ᠤᠨ ᠭᠡᠷᠡᠴᠢᠯᠡᠭᠡ᠂ ᠰᠢᠯᠭᠠᠷᠠᠭᠤᠯᠤᠨ ᠬᠢᠨᠠᠬᠤ ᠵᠡᠷᠭᠡ ᠠᠵᠢᠯ ᠤᠨ ᠴᠣᠪᠣᠷᠠᠯ ᠢ ᠲᠡᠭᠦᠯᠳᠡᠷᠵᠢᠭᠦᠯᠦᠨ᠂ | ᠬᠠᠮᠢᠶ᠎ᠠ ᠪᠦᠬᠦᠢ ᠲᠥᠷᠥᠯ ᠵᠦᠢᠯ ᠤᠨ ᠬᠥᠮᠥᠷᠭᠡ ᠳᠠᠬᠢ ᠲᠥᠷᠥᠯ ᠵᠦᠢᠯ ᠳᠤ ᠬᠦᠳᠡᠯᠦᠩᠭᠦᠢ ᠬᠠᠮᠢᠶᠠᠷᠤᠯᠲᠠ ᠶᠢ | ᠬᠡᠷᠡᠭᠵᠢᠭᠦᠯᠦᠨ᠎ᠡ᠃ ᠡᠳ᠋ ᠤᠨ ᠵᠠᠰᠠᠭ᠂ ᠬᠥᠭᠵᠢᠭᠦᠯᠦᠯᠲᠡ ᠥᠭᠡᠷᠡᠴᠢᠯᠡᠯᠲᠡ ᠪᠣᠯᠣᠨ ᠠᠵᠢᠯ ᠲᠥᠷᠥᠯ ᠤᠨ ᠰᠠᠯᠠᠭ᠎ᠠ | ᠮᠥᠴᠢᠷ ᠤᠨ ᠬᠤᠭᠤᠷᠤᠨᠳᠤ᠂ ᠥᠪᠡᠷᠲᠡᠭᠡᠨ ᠵᠠᠰᠠᠬᠤ ᠣᠷᠣᠨ ᠪᠣᠯᠣᠨ ᠠᠶᠢᠮᠠᠭ ᠬᠤᠲᠠ᠂ ᠬᠤᠰᠢᠭᠤ ᠰᠢᠶᠠᠨ ︵ | ᠬᠤᠲᠠ᠂ ᠲᠣᠭᠤᠷᠢᠭ︶ ᠤ ᠬᠤᠭᠤᠷᠤᠨᠳᠤ᠂ ᠣᠨ ᠵᠢᠯ ᠤᠨ ᠬᠤᠭᠤᠷᠤᠨᠳᠤᠬᠢ ᠲᠥᠷᠥᠯ ᠵᠦᠢᠯ ᠤᠨ ᠬᠥᠮᠥᠷᠭᠡ ᠶᠢᠨ | ᠵᠣᠯᠭᠠᠭᠤᠯᠬᠤ ᠶᠢ ᠴᠢᠩᠭᠠᠳᠬᠠᠨ᠂ ᠳᠠᠬᠢᠨ ᠳᠠᠪᠲᠠᠨ ᠭᠠᠷᠭᠠᠵᠤ ᠪᠠᠶᠢᠭ᠎ᠠ ᠮᠠᠯ ᠲᠠᠷᠢᠶᠠᠯᠠᠩ ᠳᠤ ᠬᠤᠯᠪᠣᠭᠳᠠᠭᠰᠠᠨ | ᠲᠥᠷᠥᠯ ᠵᠦᠢᠯ ᠢ ᠬᠤᠷᠢᠶᠠᠵᠤ ᠨᠡᠶᠢᠯᠡᠭᠦᠯᠦᠨ᠎ᠡ᠃ ᠪᠡᠯᠡ ᠮᠥᠩᠭᠦ ᠣᠯᠭᠤᠬᠤ ᠠᠬᠢᠴᠠ ᠶᠢ ᠲᠦᠷᠭᠡᠳᠬᠡᠨ᠂ ᠲᠥᠷᠥᠯ | ᠵᠦᠢᠯ ᠤᠨ ᠮᠡᠳᠡᠭᠦᠯᠵᠦ ᠪᠠᠶᠢᠭᠤᠯᠬᠤ ᠭᠠᠷᠳᠠᠮ ᠢ ᠲᠣᠬᠢᠷᠠᠮᠵᠢᠲᠠᠢ ᠳᠥᠭᠦᠮᠴᠢᠯᠡᠬᠦ ᠪᠠ ᠡᠮᠬᠢᠯᠡᠨ ᠨᠡᠶᠢᠯᠡᠭᠦᠯᠵᠦ᠂ | ᠰᠢᠯᠭᠠᠨ ᠬᠢᠨᠠᠬᠤ ᠠᠷᠭ᠎ᠠ ᠬᠡᠮᠵᠢᠶ᠎ᠡ ᠶᠢ ᠪᠦᠷᠢᠨᠰᠢᠭᠦᠯᠵᠦ ᠲᠡᠭᠦᠯᠳᠡᠷᠵᠢᠭᠦᠯᠦᠨ᠂ ᠲᠥᠷᠥᠯ ᠵᠦᠢᠯ ᠤᠨ ᠦᠷ᠎ᠡ | ᠠᠰᠢᠭ ᠲᠠᠢ ᠪᠣᠯᠬᠤ ᠶᠢ ᠦᠨᠡᠨ ᠬᠦ ᠪᠠᠲᠤᠯᠠᠨ᠎ᠠ᠃ ᠲᠥᠷᠥᠯ ᠵᠦᠢᠯ ᠤᠨ ᠰᠢᠨᠵᠢ ᠴᠢᠨᠠᠷ ᠢ ᠦᠨᠳᠦᠰᠦᠯᠡᠨ᠂ ᠪᠡᠯᠡ | ᠣᠷᠣᠭᠤᠯᠤᠯᠲᠠ ᠪᠠᠷ ᠨᠥᠬᠦᠪᠦᠷᠢᠯᠡᠬᠦ᠂ ᠱᠠᠩᠨᠠᠬᠤ ᠪᠠᠷ ᠨᠥᠬᠦᠪᠦᠷᠢᠯᠡᠬᠦ᠂ ᠠᠷᠠᠳ ᠠᠴᠠ ᠡᠷᠬᠢᠯᠡᠨ ᠠᠯᠪᠠᠨ ᠠᠴᠠ | ᠬᠠᠪᠰᠤᠷᠬᠤ᠂ ᠵᠢᠭᠡᠯᠡᠯᠭᠡ ᠳᠤ ᠳᠠᠮ ᠬᠦᠦ ᠮᠥᠩᠭᠦ ᠣᠯᠭᠤᠬᠤ ᠵᠡᠷᠭᠡ ᠠᠷᠭ᠎ᠠ ᠬᠡᠯᠪᠡᠷᠢ ᠶᠢ ᠠᠪᠴᠤ ᠪᠠᠶᠢᠭᠠᠳ | ᠳᠡᠮᠵᠢᠯᠭᠡ ᠦᠵᠡᠭᠦᠯᠵᠦ᠂ ᠮᠠᠯ ᠲᠠᠷᠢᠶᠠᠯᠠᠩ ᠳᠤ ᠬᠤᠯᠪᠣᠭᠳᠠᠭᠰᠠᠨ ᠲᠥᠷᠥᠯ ᠵᠦᠢᠯ ᠳᠤ ᠣᠯᠠᠨ ᠨᠡᠶᠢᠲᠡ ᠶᠢᠨ ᠬᠢᠨ ᠤ | ᠣᠷᠣᠯᠴᠠᠬᠤ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ | ᠤᠯᠤᠰ ᠤᠨ ᠭᠠᠵᠠᠷ ᠰᠢᠷᠣᠢ ᠡᠬᠢ ᠪᠠᠶᠠᠯᠢᠭ ᠤᠨ ᠲᠢᠩᠬᠢᠮ᠂ ᠤᠰᠤᠨ ᠠᠰᠢᠭᠯᠠᠯᠲᠠ ᠶᠢᠨ ᠲᠢᠩᠬᠢᠮ᠂ ᠲᠠᠷᠢᠶᠠᠯᠠᠩ ᠮᠠᠯ | ᠠᠵᠤ ᠠᠬᠤᠢ ᠶᠢᠨ ᠲᠢᠩᠬᠢᠮ᠂ ᠣᠢ ᠰᠢᠭᠤᠢ ᠶᠢᠨ ᠲᠢᠩᠬᠢᠮ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ | ᠡᠳ᠋ ᠤᠨ ᠵᠠᠰᠠᠭ ᠤᠨ ᠲᠢᠩᠬᠢᠮ ᠵᠡᠷᠭᠡ᠂ ᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ | ᠤᠷᠳᠤᠨ᠂ ᠡᠯ᠎ᠡ ᠬᠤᠰᠢᠭᠤ ᠰᠢᠶᠠᠨ ᠤ ᠱᠠᠳᠤᠨ ᠤ ᠠᠷᠠᠳ ᠤᠨ ᠵᠠᠰᠠᠭ ᠤᠨ ᠤᠷᠳᠤᠨ ᠬᠠᠷᠢᠭᠤᠴᠠᠨ᠎ᠠ᠂ 2018 | ᠣᠨ ᠠᠴᠠ ᠡᠬᠢᠯᠡᠵᠦ ᠵᠠᠯᠭᠠᠪᠠᠷ ᠠᠬᠢᠭᠤᠯᠤᠨ᠎ᠠ︶ | ︵ᠠᠷᠪᠠᠨ ᠭᠤᠷᠪᠠ︶ ᠠᠵᠢᠯ ᠤᠨ ᠠᠮᠵᠢᠯᠲᠠ ᠪᠦᠲᠦᠮᠵᠢ ᠶᠢᠨ ᠬᠠᠷᠠᠯᠲᠠ ᠪᠠᠷ ᠶᠡᠷᠦᠩᠬᠡᠶᠢᠯᠡᠨ ᠬᠠᠮᠢᠶᠠᠷᠬᠤ ᠶᠢ | ᠬᠡᠷᠡᠭᠵᠢᠭᠦᠯᠦᠨ᠎ᠡ᠃ ᠠᠵᠢᠯ ᠤᠨ ᠠᠮᠵᠢᠯᠲᠠ ᠪᠦᠲᠦᠮᠵᠢ ᠶᠢ ᠦᠨᠡᠯᠡᠬᠦ ᠰᠢᠨᠵᠢᠯᠡᠬᠦ ᠤᠬᠠᠭᠠᠨᠴᠢ ᠪᠦᠭᠡᠳ ᠪᠦᠬᠦ | ᠲᠠᠯ᠎ᠠ ᠶᠢᠨ ᠭᠦᠢᠴᠡᠳᠬᠡᠯ ᠲᠤᠭ᠎ᠠ ᠶᠢᠨ ᠰᠢᠰᠲ᠋ᠧᠮᠵᠢ ᠶᠢ ᠪᠦᠷᠢᠨᠰᠢᠭᠦᠯᠦᠨ ᠲᠡᠭᠦᠯᠳᠡᠷᠵᠢᠭᠦᠯᠦᠨ᠎ᠡ᠃ ᠮᠠᠯ | ᠲᠠᠷᠢᠶᠠᠯᠠᠩ ᠳᠤ ᠬᠤᠯᠪᠣᠭᠳᠠᠭᠰᠠᠨ ᠪᠡᠯᠡ ᠮᠥᠩᠭᠦ ᠶᠢ ᠳᠠᠩ ᠵᠦᠢᠯ ᠤᠨ ᠡᠭᠦᠷᠭᠡ ᠶᠢᠨ ᠠᠵᠢᠯ ᠤᠨ ᠠᠮᠵᠢᠯᠲᠠ | ᠪᠦᠲᠦᠮᠵᠢ ᠪᠠᠷ ᠰᠢᠯᠭᠠᠨ ᠬᠢᠨᠠᠵᠤ ᠪᠠᠶᠢᠭᠰᠠᠨ ᠢ ᠠᠵᠢᠯ ᠲᠥᠷᠥᠯ ᠤᠨ ᠶᠡᠷᠦᠩᠬᠡᠶᠢᠯᠡᠭᠰᠡᠨ ᠠᠵᠢᠯ ᠤᠨ ᠠᠮᠵᠢᠯᠲᠠ | ᠪᠦᠲᠦᠮᠵᠢ ᠪᠠᠷ ᠰᠢᠯᠭᠠᠨ ᠬᠢᠨᠠᠬᠤ ᠲᠡᠶᠢᠰᠢ ᠠᠯᠬᠤᠮ ᠠᠯᠬᠤᠮ ᠢᠶᠠᠷ ᠬᠤᠪᠢᠷᠠᠭᠤᠯᠤᠨ᠂ ᠠᠵᠢᠯ ᠤᠨ ᠠᠮᠵᠢᠯᠲᠠ | ᠪᠦᠲᠦᠮᠵᠢ ᠶᠢ ᠨᠢ ᠦᠨᠡᠯᠡᠭᠰᠡᠨ ᠦᠷ᠎ᠡ ᠳ᠋ᠦ᠋ᠶᠢᠩ ᠤᠨ ᠬᠡᠷᠡᠭᠯᠡᠯᠲᠡ ᠶᠢ ᠴᠢᠩᠭᠠᠷᠠᠭᠤᠯᠵᠤ᠂ ᠠᠵᠢᠯ ᠤᠨ ᠠᠮᠵᠢᠯᠲᠠ | ᠪᠦᠲᠦᠮᠵᠢ ᠶᠢ ᠨᠢ ᠦᠨᠡᠯᠡᠭᠰᠡᠨ ᠦᠷ᠎ᠡ ᠳ᠋ᠦ᠋ᠶᠢᠩ ᠢᠶᠠᠷ ᠤᠳᠤᠷᠢᠳᠤᠮᠵᠢ ᠪᠣᠯᠭᠠᠭᠰᠠᠨ ᠮᠠᠯ ᠲᠠᠷᠢᠶᠠᠯᠠᠩ ᠳᠤ | ᠬᠤᠯᠪᠣᠭᠳᠠᠭᠰᠠᠨ ᠲᠣᠮᠣ ᠲᠤᠰᠬᠠᠢ ᠵᠦᠢᠯ ᠪᠣᠯᠣᠨ ᠡᠭᠦᠷᠭᠡ ᠶᠢᠨ ᠨᠠᠷᠢᠨ ᠬᠠᠭᠤᠳᠠᠰᠤ ᠪᠠᠶᠢᠭᠤᠯᠬᠤ ᠲᠣᠭᠲᠠᠴᠠ ᠵᠢᠴᠢ | ᠪᠡᠯᠡ ᠮᠥᠩᠭᠦ ᠬᠤᠪᠢᠶᠠᠷᠢᠯᠠᠬᠤ ᠲᠣᠭᠲᠠᠴᠠ ᠶᠢ ᠠᠯᠬᠤᠮ ᠠᠯᠬᠤᠮ ᠢᠶᠠᠷ ᠪᠠᠶᠢᠭᠤᠯᠤᠨ᠎ᠠ᠃ ᠮᠠᠯ ᠲᠠᠷᠢᠶᠠᠯᠠᠩ ᠳᠤ | ᠬᠤᠯᠪᠣᠭᠳᠠᠭᠰᠠᠨ ᠲᠣᠮᠣ ᠲᠤᠰᠬᠠᠢ ᠵᠦᠢᠯ ᠤᠨ ᠪᠡᠯᠡ ᠮᠥᠩᠭᠦᠨ ᠤ ᠠᠵᠢᠯ ᠤᠨ ᠠᠮᠵᠢᠯᠲᠠ ᠪᠦᠲᠦᠮᠵᠢ ᠶᠢ ᠣᠨ | ᠬᠤᠪᠢᠶᠠᠵᠤ ᠲᠣᠭᠲᠠᠭᠠᠨ᠎ᠠ᠂ ᠲᠥᠪ ᠤᠨ ᠮᠠᠯ ᠲᠠᠷᠢᠶᠠᠯᠠᠩ ᠳᠤ ᠬᠤᠯᠪᠣᠭᠳᠠᠭᠰᠠᠨ ᠪᠡᠯᠡ ᠮᠥᠩᠭᠦᠨ ᠤ ᠠᠵᠢᠯ ᠤᠨ | ᠠᠮᠵᠢᠯᠲᠠ ᠪᠦᠲᠦᠮᠵᠢ ᠶᠢᠨ ᠬᠠᠷᠠᠯᠲᠠ ᠶᠢ ᠪᠣᠯ ᠥᠪᠡᠷᠲᠡᠭᠡᠨ ᠵᠠᠰᠠᠬᠤ ᠣᠷᠣᠨ ᠤ ᠠᠵᠢᠯ ᠲᠥᠷᠥᠯ ᠤᠨ ᠰᠠᠯᠠᠭ᠎ᠠ | ᠮᠥᠴᠢᠷ ᠨᠢ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ᠂ ᠬᠥᠭᠵᠢᠭᠦᠯᠦᠯᠲᠡ ᠥᠭᠡᠷᠡᠴᠢᠯᠡᠯᠲᠡ ᠶᠢᠨ ᠰᠠᠯᠠᠭ᠎ᠠ | ᠮᠥᠴᠢᠷ ᠲᠠᠢ ᠬᠠᠮᠲᠤᠷᠠᠯᠴᠠᠨ᠂ ᠲᠥᠪ ᠠᠴᠠ ᠳᠣᠷᠣᠭᠰᠢ ᠪᠠᠭᠤᠯᠭᠠᠭᠰᠠᠨ ᠡᠭᠦᠷᠭᠡ ᠶᠢᠨ ᠨᠠᠷᠢᠨ ᠬᠠᠭᠤᠳᠠᠰᠤ ᠶᠢ | ᠦᠨᠳᠦᠰᠦᠯᠡᠵᠦ ᠪᠠᠶᠢᠷᠢᠯᠠᠭᠤᠯᠤᠨ᠎ᠠ ; ᠥᠪᠡᠷᠲᠡᠭᠡᠨ ᠵᠠᠰᠠᠬᠤ ᠣᠷᠣᠨ ᠤ ᠲᠥᠰᠥᠪ ᠲᠤ ᠲᠣᠬᠢᠷᠠᠭᠤᠯᠤᠭᠰᠠᠨ ᠮᠠᠯ | ᠲᠠᠷᠢᠶᠠᠯᠠᠩ ᠳᠤ ᠬᠤᠯᠪᠣᠭᠳᠠᠭᠰᠠᠨ ᠪᠡᠯᠡ ᠮᠥᠩᠭᠦᠨ ᠤ ᠠᠵᠢᠯ ᠤᠨ ᠠᠮᠵᠢᠯᠲᠠ ᠪᠦᠳᠦᠮᠵᠢ ᠶᠢ ᠪᠣᠯ ᠥᠪᠡᠷᠲᠡᠭᠡᠨ | ᠵᠠᠰᠠᠬᠤ ᠣᠷᠣᠨ ᠤ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠰᠠᠯᠠᠭ᠎ᠠ ᠮᠥᠴᠢᠷ ᠤᠨ | ᠣᠨ ᠤ ᠲᠥᠰᠥᠪ ᠨᠠᠶᠢᠷᠠᠭᠤᠯᠤᠨ ᠵᠣᠬᠢᠶᠠᠬᠤ ᠶᠢᠨ ᠳᠠᠭᠠᠤ ᠳᠤ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ | ᠰᠠᠯᠠᠭ᠎ᠠ ᠮᠥᠴᠢᠷ ᠲᠤ ᠮᠡᠳᠡᠭᠦᠯᠦᠨ ᠬᠦᠷᠭᠡᠵᠦ᠂ ᠲᠥᠰᠥᠪ ᠲᠤ ᠲᠣᠬᠢᠷᠠᠭᠤᠯᠬᠤ ᠶᠢᠨ ᠴᠢᠬᠤᠯᠠ ᠦᠨᠳᠦᠰᠦᠯᠡᠯ | ᠪᠣᠯᠭᠠᠨ᠎ᠠ᠃ ᠥᠪᠡᠷᠲᠡᠭᠡᠨ ᠵᠠᠰᠠᠬᠤ ᠣᠷᠣᠨ ᠤ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ | ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ᠂ ᠬᠥᠭᠵᠢᠭᠦᠯᠦᠯᠲᠡ ᠥᠭᠡᠷᠡᠴᠢᠯᠡᠯᠲᠡ ᠶᠢᠨ ᠰᠠᠯᠠᠭ᠎ᠠ ᠮᠥᠴᠢᠷ ᠲᠠᠢ | ᠬᠠᠮᠲᠤᠷᠠᠯᠴᠠᠨ᠂ ᠡᠯ᠎ᠡ ᠭᠠᠵᠠᠷ ᠣᠷᠣᠨ ᠤ ᠲᠥᠷᠥᠯ ᠵᠦᠢᠯ ᠬᠡᠷᠡᠭᠵᠢᠭᠦᠯᠬᠦ ᠪᠠ ᠪᠡᠯᠡ ᠮᠥᠩᠭᠦ ᠬᠡᠷᠡᠭᠯᠡᠭᠰᠡᠨ | ᠪᠠᠶᠢᠳᠠᠯ ᠳᠤ ᠠᠵᠢᠯ ᠤᠨ ᠠᠮᠵᠢᠯᠲᠠ ᠪᠦᠲᠦᠮᠵᠢ ᠶᠢᠨ ᠦᠨᠡᠯᠡᠯᠲᠡ ᠶᠢ ᠵᠣᠬᠢᠶᠠᠨ ᠪᠠᠶᠢᠭᠤᠯᠤᠨ ᠬᠢᠵᠦ᠂ ᠦᠨᠡᠯᠡᠭᠰᠡᠨ | ᠦᠷ᠎ᠡ ᠳ᠋ᠦ᠋ᠶᠢᠩ ᠢ ᠳᠠᠷᠠᠭᠠᠴᠢ ᠶᠢᠨ ᠣᠨ ᠳᠠᠬᠢ ᠪᠡᠯᠡ ᠮᠥᠩᠭᠦ ᠬᠤᠪᠢᠶᠠᠷᠢᠯᠠᠬᠤ ᠳᠤ ᠬᠤᠯᠪᠣᠭᠳᠠᠭᠤᠯᠤᠨ᠎ᠠ᠃ ︵ | ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ | ᠤᠯᠤᠰ ᠤᠨ ᠭᠠᠵᠠᠷ ᠰᠢᠷᠣᠢ ᠡᠬᠢ ᠪᠠᠶᠠᠯᠢᠭ ᠤᠨ ᠲᠢᠩᠬᠢᠮ᠂ ᠤᠰᠤᠨ ᠠᠰᠢᠭᠯᠠᠯᠲᠠ ᠶᠢᠨ ᠲᠢᠩᠬᠢᠮ᠂ ᠲᠠᠷᠢᠶᠠᠯᠠᠩ | ᠮᠠᠯ ᠠᠵᠤ ᠠᠬᠤᠢ ᠶᠢᠨ ᠲᠢᠩᠬᠢᠮ᠂ ᠣᠢ ᠰᠢᠭᠤᠢ ᠶᠢᠨ ᠲᠢᠩᠬᠢᠮ ᠵᠡᠷᠭᠡ ᠬᠠᠷᠢᠭᠤᠴᠠᠨ᠎ᠠ᠂ 2019 ᠣᠨ ᠳᠤ | ᠦᠨᠳᠦᠰᠦᠨ ᠳᠤ ᠪᠠᠨ ᠪᠡᠶᠡᠯᠡᠭᠦᠯᠬᠦ ᠶᠢᠨ ᠬᠠᠮᠲᠤ ᠠᠯᠬᠤᠮ ᠠᠯᠬᠤᠮ ᠢᠶᠠᠷ ᠲᠡᠭᠦᠯᠳᠡᠷᠵᠢᠭᠦᠯᠦᠨ᠎ᠡ︶ | ︵ᠠᠷᠪᠠᠨ ᠳᠥᠷᠪᠡ︶ ᠮᠠᠯ ᠲᠠᠷᠢᠶᠠᠯᠠᠩ ᠳᠤ ᠬᠤᠯᠪᠣᠭᠳᠠᠭᠰᠠᠨ ᠪᠡᠯᠡ ᠮᠥᠩᠭᠦᠨ ᠤ ᠬᠢᠨᠠᠨ ᠬᠠᠮᠢᠶᠠᠷᠬᠤ ᠶᠢ | ᠴᠢᠩᠭᠠᠳᠬᠠᠨ᠎ᠠ᠃ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠵᠢᠴᠢ ᠡᠯ᠎ᠡ | ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ︵ᠬᠤᠲᠠ᠂ | ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠢ ᠮᠠᠯ ᠲᠠᠷᠢᠶᠠᠯᠠᠩ ᠳᠤ ᠬᠤᠯᠪᠣᠭᠳᠠᠭᠰᠠᠨ ᠪᠡᠯᠡ ᠮᠥᠩᠭᠦᠨ ᠤ | ᠬᠢᠨᠠᠨ ᠬᠠᠮᠢᠶᠠᠷᠬᠤ ᠶᠢ ᠴᠢᠩᠭᠠᠳᠬᠠᠨ᠂ ᠡᠷᠬᠡ ᠪᠠ ᠬᠠᠷᠢᠭᠤᠴᠠᠯᠭ᠎ᠠ ᠨᠢ ᠲᠣᠳᠣᠷᠬᠠᠢ᠂ ᠪᠦᠲᠦᠮᠵᠢᠲᠡᠢ | ᠲᠡᠩᠴᠡᠭᠦᠷᠢᠯᠡᠭᠰᠡᠨ᠂ ᠵᠡᠷᠭᠡ ᠳᠤ ᠨᠢ ᠠᠳᠬᠤᠵᠤ ᠬᠠᠮᠲᠤ ᠳᠤ ᠨᠢ ᠬᠠᠮᠢᠶᠠᠷᠤᠭᠰᠠᠨ ᠬᠢᠨᠠᠨ ᠬᠠᠮᠢᠶᠠᠷᠬᠤ ᠪᠠᠶᠢᠷᠢᠰᠢᠯ ᠢ | ᠪᠣᠢ ᠪᠣᠯᠭᠠᠵᠤ᠂ ᠮᠠᠯ ᠲᠠᠷᠢᠶᠠᠯᠠᠩ ᠳᠤ ᠬᠤᠯᠪᠣᠭᠳᠠᠭᠰᠠᠨ ᠪᠡᠯᠡ ᠮᠥᠩᠭᠦ ᠶᠢ ᠨᠢᠭᠡᠳᠦᠯᠲᠡᠢ ᠲᠦᠯᠦᠪᠯᠡᠵᠦ ᠡᠮᠬᠢᠯᠡᠨ | ᠨᠡᠶᠢᠯᠡᠭᠦᠯᠬᠦ ᠨᠡᠷ᠎ᠡ ᠪᠠᠷ ᠨᠡᠭᠦᠯᠭᠡᠨ ᠬᠡᠷᠡᠭᠯᠡᠬᠦ ᠶᠢ ᠬᠤᠷᠢᠭᠯᠠᠨ᠎ᠠ᠃ ᠭᠤᠷᠪᠠᠳᠤᠭᠠᠷ ᠡᠲᠡᠭᠡᠳ ᠠᠴᠠ ᠦᠨᠡᠯᠡᠬᠦ | ᠰᠢᠰᠲ᠋ᠧᠮᠵᠢ ᠶᠢ ᠰᠦᠪᠡᠭᠴᠢᠯᠡᠨ ᠪᠠᠶᠢᠭᠤᠯᠵᠤ᠂ ᠥᠷᠢᠰᠦᠯᠳᠦᠭᠡᠨ ᠢᠶᠠᠷ ᠰᠢᠯᠢᠳᠡᠭ ᠢ ᠨᠢ ᠰᠣᠩᠭᠤᠬᠤ ᠠᠷᠭ᠎ᠠ ᠪᠠᠷ | ᠲᠤᠰᠬᠠᠢ ᠮᠡᠷᠭᠡᠵᠢᠯᠲᠡᠳ ᠡᠷᠳᠡᠮᠲᠡᠳ᠂ ᠰᠤᠳᠤᠯᠬᠤ ᠪᠠᠶᠢᠭᠤᠯᠤᠮᠵᠢ ᠵᠡᠷᠭᠡ ᠶᠢ ᠰᠣᠩᠭᠤᠵᠤ ᠮᠠᠯ ᠲᠠᠷᠢᠶᠠᠯᠠᠩ ᠳᠤ | ᠬᠤᠯᠪᠣᠭᠳᠠᠭᠰᠠᠨ ᠪᠡᠯᠡ ᠮᠥᠩᠭᠦ ᠶᠢᠨ ᠲᠥᠷᠥ ᠶᠢᠨ ᠪᠣᠳᠣᠯᠭ᠎ᠠ ᠳᠤ ᠦᠨᠡᠯᠡᠯᠲᠡ ᠬᠢᠯᠭᠡᠨ᠎ᠡ᠃ ᠰᠢᠢᠳᠪᠦᠷᠢᠲᠦ | ᠪᠣᠳᠣᠯᠭ᠎ᠠ ᠲᠣᠭᠲᠠᠭᠠᠬᠤ ᠳᠡᠰ ᠳᠠᠷᠠᠭᠠᠯᠠᠯ ᠢ ᠲᠡᠭᠦᠯᠳᠡᠷᠵᠢᠭᠦᠯᠦᠨ᠂ ᠰᠢᠢᠳᠪᠦᠷᠢᠲᠦ ᠪᠣᠳᠣᠯᠭ᠎ᠠ ᠳᠤ ᠬᠠᠷᠢᠭᠤᠴᠠᠯᠭ᠎ᠠ | ᠨᠡᠬᠡᠮᠵᠢᠯᠡᠬᠦ ᠳᠦᠷᠢᠮ ᠢ ᠪᠥᠷᠢᠨᠰᠢᠭᠦᠯᠵᠦ᠂ ᠮᠠᠯ ᠲᠠᠷᠢᠶᠠᠯᠠᠩ ᠳᠤ ᠬᠤᠯᠪᠣᠭᠳᠠᠭᠰᠠᠨ ᠪᠡᠯᠡ ᠮᠥᠩᠭᠦ ᠶᠢ ᠨᠢᠭᠡᠳᠦᠯᠲᠡᠢ | ᠲᠦᠯᠦᠪᠯᠡᠵᠦ ᠡᠮᠬᠢᠯᠡᠨ ᠨᠡᠶᠢᠯᠡᠭᠦᠯᠬᠦ ᠬᠠᠮᠢᠶ᠎ᠠ ᠪᠦᠬᠦᠢ ᠳᠦᠷᠢᠮ ᠤᠨ ᠲᠣᠭᠲᠠᠭᠠᠯ ᠢ ᠵᠥᠷᠢᠴᠡᠭᠰᠡᠨ᠂ ᠮᠠᠯ | ᠲᠠᠷᠢᠶᠠᠯᠠᠩ ᠳᠤ ᠬᠤᠯᠪᠣᠭᠳᠠᠭᠰᠠᠨ ᠪᠡᠯᠡ ᠮᠥᠩᠭᠦ ᠶᠢ ᠬᠦᠨᠳᠦ ᠬᠤᠬᠢᠷᠠᠭᠤᠯᠤᠭᠰᠠᠨ ᠪᠠᠶᠢᠪᠠᠯ᠂ ᠬᠠᠮᠢᠶ᠎ᠠ ᠪᠦᠬᠦᠢ | ᠬᠠᠷᠢᠭᠤᠴᠠᠬᠤ ᠬᠥᠮᠥᠨ ᠲᠠᠢ ᠬᠠᠷᠢᠭᠤᠴᠠᠯᠭ᠎ᠠ ᠬᠡᠯᠡᠯᠴᠡᠨ᠎ᠡ᠃ ᠮᠠᠯ ᠲᠠᠷᠢᠶᠠᠯᠠᠩ ᠳᠤ ᠬᠤᠯᠪᠣᠭᠳᠠᠭᠰᠠᠨ ᠪᠡᠯᠡ | ᠮᠥᠩᠭᠦ ᠳᠤ ᠬᠢᠨᠠᠨ ᠪᠣᠳᠣᠵᠤ ᠬᠢᠨᠠᠯᠲᠠ ᠲᠠᠯᠪᠢᠬᠤ ᠶᠢ ᠴᠢᠩᠭᠠᠳᠬᠠᠨ᠂ ᠰᠠᠬᠢᠯᠭ᠎ᠠ ᠪᠣᠯᠣᠨ ᠬᠠᠤᠯᠢ ᠵᠥᠷᠢᠴᠡᠭᠰᠡᠨ | ᠦᠢᠯᠡ ᠠᠵᠢᠯᠯᠠᠭ᠎ᠠ ᠶᠢ ᠴᠢᠩᠭ᠎ᠠ ᠪᠠᠷ ᠪᠠᠶᠢᠴᠠᠭᠠᠨ ᠰᠢᠢᠳᠪᠦᠷᠢᠯᠡᠵᠦ᠂ ᠮᠠᠯ ᠲᠠᠷᠢᠶᠠᠯᠠᠩ ᠳᠤ ᠬᠤᠯᠪᠣᠭᠳᠠᠭᠰᠠᠨ ᠪᠡᠯᠡ | ᠮᠥᠩᠭᠦ ᠶᠢ ᠬᠠᠭᠤᠷᠮᠠᠭᠯᠠᠵᠤ ᠠᠪᠤᠭᠰᠠᠨ᠂ ᠮᠡᠬᠡᠯᠡᠵᠦ ᠣᠯᠣᠭᠰᠠᠨ᠂ ᠰᠢᠬᠠᠵᠤ ᠡᠵᠡᠯᠡᠭᠰᠡᠨ᠂ ᠲᠠᠰᠤᠯᠤᠨ ᠦᠯᠡᠳᠡᠭᠰᠡᠨ᠂ | ᠨᠡᠭᠦᠯᠭᠡᠨ ᠬᠡᠷᠡᠭᠯᠡᠭᠰᠡᠨ ᠢ ᠨᠢ ᠴᠠᠭ ᠲᠤᠬᠠᠢ ᠳᠤ ᠨᠢ ᠨᠡᠬᠡᠵᠦ ᠠᠪᠴᠢᠷᠠᠨ᠂ ᠬᠠᠮᠢᠶ᠎ᠠ ᠪᠦᠬᠦᠢ ᠨᠢᠭᠡᠴᠢ ᠪᠣᠯᠣᠨ | ᠬᠠᠷᠢᠭᠤᠴᠠᠬᠤ ᠬᠥᠮᠥᠨ ᠠᠴᠠ ᠬᠠᠷᠢᠭᠤᠴᠠᠯᠭ᠎ᠠ ᠶᠢ ᠨᠢ ᠰᠠᠬᠢᠯᠭ᠎ᠠ ᠪᠣᠯᠣᠨ ᠬᠠᠤᠯᠢ ᠪᠠᠷ ᠨᠡᠬᠡᠮᠵᠢᠯᠡᠬᠦ ᠬᠡᠷᠡᠭᠲᠡᠢ᠃ | ᠢᠲᠡᠭᠡᠮᠵᠢ ᠪᠠᠷ ᠬᠢᠨᠠᠨ ᠬᠠᠮᠢᠶᠠᠷᠬᠤ ᠶᠢ ᠴᠢᠩᠭᠠᠳᠬᠠᠨ᠂ ᠢᠲᠡᠭᠡᠯ ᠢᠶᠠᠨ ᠬᠦᠨᠳᠦ ᠨᠣᠴᠢᠲᠠᠢ ᠠᠯᠳᠠᠭᠰᠠᠨ ᠭᠤᠣᠯ | ᠴᠣᠭᠴᠠ ᠳᠤ ᠵᠠᠯᠬᠠᠭᠠᠨ ᠴᠡᠭᠡᠷᠯᠡᠭᠦᠯᠬᠦ ᠲᠣᠭᠲᠠᠴᠠ ᠶᠢ ᠰᠦᠪᠡᠭᠴᠢᠯᠡᠨ ᠪᠠᠶᠢᠭᠤᠯᠤᠨ᠎ᠠ᠃ ︵ᠥᠪᠡᠷᠲᠡᠭᠡᠨ ᠵᠠᠰᠠᠬᠤ | ᠣᠷᠣᠨ ᠤ ᠡᠳ᠋ ᠤᠨ ᠵᠠᠰᠠᠭ ᠤᠨ ᠲᠢᠩᠬᠢᠮ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠤᠯᠤᠰ ᠤᠨ ᠭᠠᠵᠠᠷ | ᠰᠢᠷᠣᠢ ᠡᠬᠢ ᠪᠠᠶᠠᠯᠢᠭ ᠤᠨ ᠲᠢᠩᠬᠢᠮ᠂ ᠤᠰᠤᠨ ᠠᠰᠢᠭᠯᠠᠯᠲᠠ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠶᠢᠨ | ᠲᠢᠩᠬᠢᠮ᠂ ᠣᠢ ᠰᠢᠭᠤᠢ ᠶᠢᠨ ᠲᠢᠩᠬᠢᠮ ᠵᠡᠷᠭᠡ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ | ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ᠤ ᠱᠠᠳᠤᠨ ᠤ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ᠂ | 2018 ᠣᠨ ᠠᠴᠠ ᠡᠬᠢᠯᠡᠵᠦ ᠵᠠᠯᠭᠠᠪᠠᠷ ᠠᠬᠢᠭᠤᠯᠤᠨ᠎ᠠ︶ | ︵ᠠᠷᠪᠠᠨ ᠲᠠᠪᠤ︶ ᠮᠡᠳᠡᠭᠡ ᠵᠠᠩᠭᠢ ᠶᠢᠨ ᠢᠯᠡ ᠪᠣᠯᠭᠠᠬᠤ ᠡᠷᠴᠢᠮ ᠢ ᠴᠢᠩᠭᠠᠷᠠᠭᠤᠯᠤᠨ᠎ᠠ᠃ ᠮᠡᠳᠡᠭᠡ | ᠵᠠᠩᠭᠢ ᠶᠢᠨ ᠢᠯᠡ ᠪᠣᠯᠭᠠᠬᠤ ᠶᠢ ᠪᠥᠬᠦ ᠲᠠᠯ᠎ᠠ ᠪᠠᠷ ᠠᠬᠢᠭᠤᠯᠤᠨ᠂ ᠠᠯᠪᠠᠨ ᠵᠠᠷ ᠤᠨ ᠨᠡᠶᠢᠲᠡ ᠳᠤ ᠵᠠᠷᠯᠠᠬᠤ ᠳᠦᠷᠢᠮ ᠢ | ᠪᠦᠷᠢᠨᠰᠢᠭᠦᠯᠦᠨ᠎ᠡ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ | ᠮᠥᠴᠢᠷ ᠨᠢ ᠮᠠᠯ ᠲᠠᠷᠢᠶᠠᠯᠠᠩ ᠳᠤ ᠬᠤᠯᠪᠣᠭᠳᠠᠭᠰᠠᠨ ᠪᠡᠯᠡ ᠮᠥᠩᠭᠦᠨ ᠤ ᠨᠢᠭᠡᠳᠦᠯᠲᠡᠢ ᠲᠦᠯᠦᠪᠯᠡᠵᠦ ᠡᠮᠬᠢᠯᠡᠨ | ᠨᠡᠶᠢᠯᠡᠭᠦᠯᠬᠦ ᠲᠥᠰᠥᠯ ᠤᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠠᠴᠠ ᠡᠮᠦᠨ᠎ᠡ ᠡᠯ᠎ᠡ ᠲᠠᠯ᠎ᠠ ᠶᠢᠨ ᠬᠢᠨ ᠤ ᠰᠠᠨᠠᠯ ᠢ | ᠰᠣᠨᠣᠰᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠠᠴᠠ ᠡᠳ᠋ ᠤᠨ ᠵᠠᠰᠠᠭ ᠤᠨ ᠮᠠᠯ ᠲᠠᠷᠢᠶᠠᠯᠠᠩ ᠢ ᠳᠡᠮᠵᠢᠬᠦ | ᠲᠥᠷᠥ ᠶᠢᠨ ᠪᠣᠳᠣᠯᠭ᠎ᠠ᠂ ᠪᠡᠯᠡ ᠮᠥᠩᠭᠦᠨ ᠤ ᠬᠡᠪᠴᠢᠶ᠎ᠡ ᠪᠣᠯᠣᠨ ᠬᠤᠪᠢᠶᠠᠷᠢᠯᠠᠭᠰᠠᠨ ᠦᠷ᠎ᠡ ᠳ᠋ᠦ᠋ᠶᠢᠩ ᠢ ᠢᠯᠡ | ᠪᠣᠯᠭᠠᠨ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠨᠢ ᠪᠡᠯᠡ ᠮᠥᠩᠭᠦᠨ ᠤ ᠢᠷᠡᠯᠲᠡ᠂ | ᠲᠡᠳᠬᠦᠬᠦ ᠬᠡᠪᠴᠢᠶ᠎ᠡ᠂ ᠪᠦᠲᠦᠭᠡᠨ ᠪᠠᠶᠢᠭᠤᠯᠬᠤ ᠪᠠ ᠨᠥᠬᠦᠪᠦᠷᠢᠯᠡᠬᠦ ᠪᠠᠷᠢᠮᠵᠢᠶ᠎ᠠ᠂ ᠲᠥᠷᠥᠯ ᠵᠦᠢᠯ ᠤᠨ ᠰᠡᠳᠦᠪ | ᠲᠣᠭᠲᠠᠭᠠᠬᠤ ᠳᠡᠰ ᠳᠠᠷᠠᠭᠠᠯᠠᠯ ᠪᠣᠯᠣᠨ ᠰᠡᠳᠦᠪ ᠲᠣᠭᠲᠠᠭᠠᠭᠰᠠᠨ ᠦᠷ᠎ᠡ ᠳ᠋ᠦ᠋ᠶᠢᠩ ᠵᠡᠷᠭᠡ ᠶᠢ ᠢᠯᠡ ᠪᠣᠯᠭᠠᠵᠤ᠂ ᠰᠤᠮᠤ | ᠰᠢᠶᠠᠩ ᠪᠠᠯᠭᠠᠰᠤ ᠨᠢ ᠲᠥᠷᠥᠯ ᠵᠦᠢᠯ ᠤᠨ ᠬᠡᠷᠡᠭᠵᠢᠭᠦᠯᠦᠭᠳᠡᠵᠦ ᠪᠠᠶᠢᠭ᠎ᠠ ᠠᠬᠢᠴᠠ᠂ ᠬᠡᠷᠡᠭᠵᠢᠭᠦᠯᠦᠭᠳᠡᠭᠰᠡᠨ ᠦᠷ᠎ᠡ | ᠳ᠋ᠦ᠋ᠶᠢᠩ ᠪᠣᠯᠣᠨ ᠨᠥᠬᠦᠪᠦᠷᠢ ᠬᠦᠷᠲᠡᠬᠦ ᠡᠲᠡᠭᠡᠳ ᠵᠡᠷᠭᠡ ᠶᠢ ᠨᠡᠶᠢᠲᠡ ᠳᠤ ᠵᠠᠷᠯᠠᠨ᠎ᠠ᠃ ᠠᠶᠢᠮᠠᠭ ᠬᠤᠲᠠ᠂ ᠬᠤᠰᠢᠭᠤ | ᠰᠢᠶᠠᠨ ︵ᠬᠤᠲᠠ᠂ ᠲᠣᠭᠤᠷᠢᠭ︶ ᠤ ᠮᠠᠯ ᠲᠠᠷᠢᠶᠠᠯᠠᠩ ᠳᠤ ᠬᠤᠯᠪᠣᠭᠳᠠᠭᠰᠠᠨ ᠪᠡᠯᠡ ᠮᠥᠩᠭᠦᠨ ᠤ ᠮᠡᠳᠡᠭᠡ ᠵᠠᠩᠭᠢ ᠶᠢ | ᠢᠯᠡ ᠪᠣᠯᠭᠠᠬᠤ ᠰᠦᠯᠵᠢᠶᠡᠨ ᠤ ᠨᠢᠭᠡᠳᠦᠯᠲᠡᠢ ᠲᠠᠪᠴᠠᠩ ᠪᠠᠶᠢᠭᠤᠯᠬᠤ ᠶᠢ ᠠᠬᠢᠭᠤᠯᠤᠨ᠎ᠠ᠃ ᠲᠣᠰᠬᠤᠨ ᠤ | ᠶᠠᠪᠤᠳᠠᠯ ᠤᠨ ᠬᠢᠨᠠᠯᠲᠠ ᠲᠠᠯᠪᠢᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠭᠠᠴᠠᠭ᠎ᠠ ᠲᠣᠰᠬᠤᠨ ᠤ ᠠᠯᠪᠠᠨ | ᠵᠠᠷ ᠤᠨ ᠨᠡᠶᠢᠲᠡ ᠳᠤ ᠵᠠᠷᠯᠠᠬᠤ ᠳᠦᠷᠢᠮ ᠢ ᠥᠷᠬᠦᠯᠵᠢᠯᠡᠨ ᠲᠡᠭᠦᠯᠳᠡᠷᠵᠢᠭᠦᠯᠦᠨ᠎ᠡ᠃ ︵ᠥᠪᠡᠷᠲᠡᠭᠡᠨ ᠵᠠᠰᠠᠬᠤ | ᠣᠷᠣᠨ ᠤ ᠡᠳ᠋ ᠤᠨ ᠵᠠᠰᠠᠭ ᠤᠨ ᠲᠢᠩᠬᠢᠮ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠤᠯᠤᠰ ᠤᠨ ᠭᠠᠵᠠᠷ | ᠰᠢᠷᠣᠢ ᠡᠬᠢ ᠪᠠᠶᠠᠯᠢᠭ ᠤᠨ ᠲᠢᠩᠬᠢᠮ᠂ ᠤᠰᠤᠨ ᠠᠰᠢᠭᠯᠠᠯᠲᠠ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠶᠢᠨ | ᠲᠢᠩᠬᠢᠮ᠂ ᠣᠢ ᠰᠢᠭᠤᠢ ᠶᠢᠨ ᠲᠢᠩᠬᠢᠮ ᠵᠡᠷᠭᠡ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ | ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ᠂ | 2018 ᠣᠨ ᠠᠴᠠ ᠡᠬᠢᠯᠡᠵᠦ ᠵᠠᠯᠭᠠᠪᠠᠷ ᠠᠬᠢᠭᠤᠯᠤᠨ᠎ᠠ︶ | ᠲᠠᠪᠤ᠂ ᠪᠠᠲᠤᠯᠠᠬᠤ ᠠᠷᠭ᠎ᠠ ᠬᠡᠮᠵᠢᠶ᠎ᠡ | ︵ᠠᠷᠪᠠᠨ ᠵᠢᠷᠭᠤᠭ᠎ᠠ︶ ᠵᠣᠬᠢᠶᠠᠨ ᠪᠠᠶᠢᠭᠤᠯᠵᠤ ᠤᠳᠤᠷᠢᠳᠬᠤ ᠶᠢ ᠴᠢᠩᠭᠠᠳᠬᠠᠨ᠎ᠠ᠃ ᠡᠯ᠎ᠡ ᠭᠠᠵᠠᠷ ᠣᠷᠣᠨ᠂ | ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠮᠠᠯ ᠲᠠᠷᠢᠶᠠᠯᠠᠩ ᠳᠤ ᠬᠤᠯᠪᠣᠭᠳᠠᠭᠰᠠᠨ ᠪᠡᠯᠡ ᠮᠥᠩᠭᠦ ᠶᠢ | ᠨᠢᠭᠡᠳᠦᠯᠲᠡᠢ ᠲᠦᠯᠦᠪᠯᠡᠵᠦ ᠡᠮᠬᠢᠯᠡᠨ ᠨᠡᠶᠢᠯᠡᠭᠦᠯᠬᠦ ᠶᠢᠨ ᠤᠷᠲᠤ ᠬᠤᠭᠤᠴᠠᠭᠠᠨ ᠤ ᠪᠦᠲᠦᠮᠵᠢᠲᠡᠢ ᠲᠣᠭᠲᠠᠴᠠ | ᠪᠠᠶᠢᠭᠤᠯᠬᠤ ᠴᠢᠬᠤᠯᠠ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠪᠥᠬᠦ ᠲᠠᠯ᠎ᠠ ᠶᠢᠨ ᠦᠵᠡᠯ ᠤᠬᠠᠮᠰᠠᠷ ᠢ ᠪᠠᠲᠤ | ᠪᠣᠢ ᠪᠣᠯᠭᠠᠨ᠂ ᠦᠵᠡᠯ ᠰᠠᠨᠠᠭᠠᠨ ᠤ ᠲᠠᠨᠢᠯᠲᠠ᠂ ᠵᠣᠬᠢᠴᠠᠭᠤᠯᠤᠨ ᠵᠣᠯᠭᠠᠭᠤᠯᠬᠤ ᠪᠠ ᠪᠡᠯᠡ ᠮᠥᠩᠭᠦᠨ ᠤ ᠡᠮᠬᠢᠯᠡᠨ | ᠨᠡᠶᠢᠯᠡᠭᠦᠯᠬᠦ ᠪᠦᠬᠦᠨ ᠢ ᠪᠣᠳᠠᠲᠠᠶᠢᠵᠢᠭᠤᠯᠬᠤ ᠬᠡᠷᠡᠭᠲᠡᠢ᠃ ᠡᠯ᠎ᠡ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ | ᠲᠣᠭᠤᠷᠢᠭ︶ ᠨᠢ ᠵᠠᠰᠠᠭ ᠤᠨ ᠣᠷᠳᠣᠨ ᠨᠢᠭᠡᠳᠦᠯᠲᠡᠢ ᠤᠳᠤᠷᠢᠳᠤᠭᠰᠠᠨ᠂ ᠬᠠᠮᠢᠶ᠎ᠠ ᠪᠦᠬᠦᠢ ᠰᠠᠯᠠᠭ᠎ᠠ ᠮᠥᠴᠢᠷ | ᠣᠷᠣᠯᠴᠠᠭᠰᠠᠨ ᠮᠠᠯ ᠲᠠᠷᠢᠶᠠᠯᠠᠩ ᠳᠤ ᠬᠤᠯᠪᠣᠭᠳᠠᠭᠰᠠᠨ ᠪᠡᠯᠡ ᠮᠥᠩᠭᠦ ᠶᠢ ᠨᠢᠭᠡᠳᠦᠯᠲᠡᠢ ᠲᠦᠯᠦᠪᠯᠡᠵᠦ ᠡᠮᠬᠢᠯᠡᠨ | ᠨᠡᠶᠢᠯᠡᠭᠦᠯᠬᠦ ᠶᠢᠨ ᠤᠳᠤᠷᠢᠳᠬᠤ ᠳᠤᠭᠤᠶᠢᠯᠠᠩ ᠵᠢᠴᠢ ᠠᠯᠪᠠᠨ ᠭᠡᠷ ᠢ ᠪᠠᠶᠢᠭᠤᠯᠵᠤ᠂ ᠵᠣᠬᠢᠴᠠᠭᠤᠯᠬᠤ ᠡᠷᠴᠢᠮ ᠢᠶᠠᠨ | ᠴᠢᠩᠭᠠᠷᠠᠭᠤᠯᠤᠨ᠂ ᠠᠵᠢᠯ ᠤᠨ ᠲᠥᠰᠥᠯ ᠲᠣᠭᠲᠠᠭᠠᠵᠤ᠂ ᠬᠠᠷᠠᠯᠲᠠ ᠶᠢᠨ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠤᠨ᠂ | ᠠᠵᠢᠯ ᠢ ᠨᠠᠶᠢᠳᠠᠪᠤᠷᠢᠵᠢᠭᠤᠯᠬᠤ ᠪᠠᠨ ᠴᠢᠩᠭ᠎ᠠ ᠠᠳᠬᠤᠬᠤ ᠬᠡᠷᠡᠭᠲᠡᠢ᠃ ᠡᠯ᠎ᠡ ᠠᠶᠢᠮᠠᠭ ᠬᠤᠲᠠ᠂ ᠬᠤᠰᠢᠭᠤ ᠰᠢᠶᠠᠨ | ︵ᠬᠤᠲᠠ᠂ ᠲᠣᠭᠤᠷᠢᠭ︶ ᠤ ᠠᠵᠢᠯ ᠤᠨ ᠲᠥᠰᠥᠯ ᠢᠶᠠᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ | ᠲᠢᠩᠬᠢᠮ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠳᠤ ᠮᠡᠳᠡᠭᠦᠯᠦᠨ ᠬᠦᠷᠭᠡᠵᠦ ᠪᠦᠷᠢᠳᠬᠡᠨ | ᠳᠠᠩᠰᠠᠯᠠᠭᠤᠯᠬᠤ ᠬᠡᠷᠡᠭᠲᠡᠢ᠃ ︵ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ | ᠡᠯ᠎ᠡ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ᠂ 2018 ᠣᠨ ᠳᠤ | ᠦᠨᠳᠦᠰᠦᠨ ᠳᠤ ᠪᠠᠨ ᠪᠡᠶᠡᠯᠡᠭᠦᠯᠬᠦ ᠶᠢᠨ ᠬᠠᠮᠲᠤ ᠤᠳᠤᠷᠢᠳᠬᠤ ᠪᠠᠨ ᠦᠷᠬᠦᠯᠵᠢᠯᠡᠨ ᠴᠢᠩᠭᠠᠳᠬᠠᠨ᠎ᠠ︶ | ︵ᠠᠷᠪᠠᠨ ᠳᠣᠯᠤᠭ᠎ᠠ︶ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠨ᠎ᠠ᠃ | ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠭᠤᠣᠯ ᠴᠣᠭᠴᠠ ᠶᠢᠨ ᠬᠠᠷᠢᠭᠤᠴᠠᠯᠭ᠎ᠠ ᠶᠢ ᠦᠨᠡᠨ ᠬᠦ | ᠡᠭᠦᠷᠭᠡᠯᠡᠨ᠂ ᠮᠠᠯ ᠲᠠᠷᠢᠶᠠᠯᠠᠩ ᠳᠤ ᠬᠤᠯᠪᠣᠭᠳᠠᠭᠰᠠᠨ ᠪᠡᠯᠡ ᠮᠥᠩᠭᠦ ᠶᠢ ᠨᠢᠭᠡᠳᠦᠯᠲᠡᠢ ᠲᠦᠯᠦᠪᠯᠡᠵᠦ ᠡᠮᠬᠢᠯᠡᠨ | ᠨᠡᠶᠢᠯᠡᠭᠦᠯᠬᠦ ᠠᠵᠢᠯ ᠢᠶᠠᠨ ᠲᠣᠪᠤᠶᠢᠮ᠎ᠠ ᠪᠠᠶᠢᠷᠢᠨ ᠳᠤ ᠲᠠᠯᠪᠢᠵᠤ ᠨᠢᠭᠡᠳᠦᠯᠲᠡᠢ ᠲᠦᠯᠦᠪᠯᠡᠵᠦ ᠡᠮᠬᠢᠯᠡᠨ ᠨᠡᠶᠢᠯᠡᠭᠦᠯᠬᠦ | ᠠᠵᠢᠯ ᠳᠤ ᠬᠦᠴᠦᠨ ᠲᠡᠭᠦᠯᠳᠡᠷ ᠪᠠᠲᠤᠯᠠᠭ᠎ᠠ ᠬᠠᠩᠭᠠᠵᠤ ᠥᠭᠬᠦ ᠶᠢ ᠠᠬᠢᠭᠤᠯᠬᠤ ᠬᠡᠷᠡᠭᠲᠡᠢ᠃ ᠡᠯ᠎ᠡ ᠬᠤᠯᠪᠣᠭᠳᠠᠯ | ᠪᠦᠬᠦᠢ ᠰᠠᠯᠠᠭ᠎ᠠ ᠮᠥᠴᠢᠷ ᠨᠢ ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠨ᠂ ᠥᠪᠡᠷ ᠥᠪᠡᠷ ᠤᠨ | ᠬᠠᠷᠢᠭᠤᠴᠠᠯᠭ᠎ᠠ ᠪᠠᠨ ᠡᠭᠦᠷᠭᠡᠯᠡᠵᠦ᠂ ᠨᠢᠭᠲᠠ ᠬᠠᠮᠵᠢᠯᠴᠠᠨ᠂ ᠮᠠᠯ ᠲᠠᠷᠢᠶᠠᠯᠠᠩ ᠳᠤ ᠬᠤᠯᠪᠣᠭᠳᠠᠭᠰᠠᠨ ᠪᠡᠯᠡ | ᠮᠥᠩᠭᠦ ᠶᠢ ᠨᠢᠭᠡᠳᠦᠯᠲᠡᠢ ᠲᠦᠯᠦᠪᠯᠡᠵᠦ ᠡᠮᠬᠢᠯᠡᠨ ᠨᠡᠶᠢᠯᠡᠭᠦᠯᠬᠦ ᠠᠵᠢᠯ ᠢ ᠬᠦᠴᠦᠨ ᠢᠶᠠᠨ ᠬᠠᠮᠲᠤᠳᠬᠠᠨ ᠠᠬᠢᠭᠤᠯᠬᠤ | ᠬᠡᠷᠡᠭᠲᠡᠢ᠃ ᠡᠳ᠋ ᠤᠨ ᠵᠠᠰᠠᠭ᠂ ᠬᠥᠭᠵᠢᠭᠦᠯᠦᠯᠲᠡ ᠥᠭᠡᠷᠡᠴᠢᠯᠡᠯᠲᠡ ᠶᠢᠨ ᠰᠠᠯᠠᠭ᠎ᠠ ᠮᠥᠴᠢᠷ ᠨᠢ ᠪᠡᠯᠡ ᠮᠥᠩᠭᠦ᠂ | ᠲᠥᠯᠥᠪᠵᠢᠭᠦᠯᠭᠡ ᠪᠣᠯᠣᠨ ᠡᠭᠦᠷᠭᠡ ᠶᠢᠨ ᠨᠠᠷᠢᠨ ᠬᠠᠭᠤᠳᠠᠰᠤ ᠶᠢᠨ ᠬᠠᠮᠢᠶᠠᠷᠤᠯᠲᠠ ᠪᠠᠷ ᠭᠠᠷᠳᠠᠴᠠ ᠪᠣᠯᠭᠠᠨ᠂ ᠮᠠᠯ | ᠲᠠᠷᠢᠶᠠᠯᠠᠩ ᠳᠤ ᠬᠤᠯᠪᠣᠭᠳᠠᠭᠰᠠᠨ ᠪᠡᠯᠡ ᠮᠥᠩᠭᠦ ᠶᠢ ᠨᠢᠭᠡᠳᠦᠯᠲᠡᠢ ᠲᠦᠯᠦᠪᠯᠡᠵᠦ ᠡᠮᠬᠢᠯᠡᠨ ᠨᠡᠶᠢᠯᠡᠭᠦᠯᠬᠦ ᠠᠵᠢᠯ ᠢ | ᠵᠢᠯᠣᠭᠤᠳᠬᠤ ᠪᠠ ᠳᠡᠮᠵᠢᠬᠦ ᠬᠡᠷᠡᠭᠲᠡᠢ᠃ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ | ᠡᠭᠦᠷᠭᠡ ᠶᠢᠨ ᠨᠠᠷᠢᠨ ᠬᠠᠭᠤᠳᠠᠰᠤ ᠶᠢ ᠰᠢᠨᠵᠢᠯᠡᠬᠦ ᠤᠬᠠᠭᠠᠨᠴᠢ ᠪᠠᠷ ᠪᠠᠶᠢᠭᠤᠯᠬᠤ᠂ ᠵᠣᠬᠢᠰᠲᠠᠢ ᠲᠥᠯᠥᠪᠵᠢᠭᠦᠯᠬᠦ ᠪᠠ | ᠨᠠᠷᠢᠯᠢᠬᠵᠢᠭᠤᠯᠤᠨ ᠵᠠᠳᠠᠯᠬᠤ ᠪᠠᠷ ᠬᠠᠷᠠᠯᠲᠠ ᠪᠣᠯᠭᠠᠨ᠂ ᠡᠯ᠎ᠡ ᠵᠦᠢᠯ ᠤᠨ ᠡᠭᠦᠷᠭᠡ ᠶᠢ ᠨᠠᠶᠢᠳᠠᠪᠤᠷᠢᠵᠢᠭᠤᠯᠬᠤ ᠪᠠ | ᠰᠢᠯᠭᠠᠨ ᠬᠢᠨᠠᠵᠤ ᠦᠨᠡᠯᠡᠬᠦ ᠵᠡᠷᠭᠡ ᠠᠵᠢᠯ ᠢ ᠰᠠᠶᠢᠳᠤᠷ ᠬᠢᠬᠦ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ | ᠡᠳ᠋ ᠤᠨ ᠵᠠᠰᠠᠭ ᠤᠨ ᠲᠢᠩᠬᠢᠮ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠤᠯᠤᠰ ᠤᠨ ᠭᠠᠵᠠᠷ ᠰᠢᠷᠣᠢ | ᠡᠬᠢ ᠪᠠᠶᠠᠯᠢᠭ ᠤᠨ ᠲᠢᠩᠬᠢᠮ᠂ ᠤᠰᠤᠨ ᠠᠰᠢᠭᠯᠠᠯᠲᠠ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ | ᠣᠢ ᠰᠢᠭᠤᠢ ᠶᠢᠨ ᠲᠢᠩᠬᠢᠮ ᠵᠡᠷᠭᠡ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ | ᠣᠷᠳᠣᠨ᠂ ᠡᠯ᠎ᠡ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ᠂ 2019 | ᠣᠨ ᠳᠤ ᠦᠨᠳᠦᠰᠦᠨ ᠳᠤ ᠪᠠᠨ ᠪᠡᠶᠡᠯᠡᠭᠦᠯᠬᠦ ᠶᠢᠨ ᠬᠠᠮᠲᠤ ᠠᠯᠬᠤᠮ ᠠᠯᠬᠤᠮ ᠢᠶᠠᠷ ᠲᠡᠭᠦᠯᠳᠡᠷᠵᠢᠭᠦᠯᠦᠨ᠎ᠡ︶ | ︵ᠠᠷᠪᠠᠨ ᠨᠠᠢᠮᠠ︶ ᠰᠦᠪᠡᠭᠴᠢᠯᠡᠨ ᠰᠢᠨ᠎ᠡ ᠡᠭᠦᠳᠦᠯᠲᠡ ᠬᠢᠬᠦ ᠶᠢ ᠵᠣᠷᠢᠬᠵᠢᠭᠤᠯᠤᠨ᠎ᠠ᠃ ᠶᠠᠳᠠᠭᠤ | ᠬᠦᠴᠢᠷᠳᠡᠯᠲᠡᠢ ᠬᠤᠰᠢᠭᠤ ᠰᠢᠶᠠᠨ ︵ᠬᠤᠲᠠ᠂ ᠲᠣᠭᠤᠷᠢᠭ︶ ᠤ ᠮᠠᠯ ᠲᠠᠷᠢᠶᠠᠯᠠᠩ ᠳᠤ ᠬᠤᠯᠪᠣᠭᠳᠠᠭᠰᠠᠨ ᠪᠡᠯᠡ | ᠮᠥᠩᠭᠦ ᠶᠢ ᠲᠤᠷᠰᠢᠯᠲᠠ ᠶᠢᠨ ᠴᠡᠭ ᠤᠨ ᠬᠤᠭᠤᠴᠠᠭᠠᠨ ᠳᠤ ᠨᠢ ᠬᠠᠮᠢᠶ᠎ᠠ ᠪᠦᠬᠦᠢ ᠲᠣᠭᠲᠠᠭᠠᠯ ᠶᠣᠰᠣᠭᠠᠷ | ᠦᠷᠬᠦᠯᠵᠢᠯᠡᠨ ᠬᠡᠷᠡᠭᠵᠢᠭᠦᠯᠦᠨ᠎ᠡ᠃ ᠡᠯ᠎ᠡ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠢ | ᠵᠣᠷᠢᠬᠵᠢᠭᠤᠯᠵᠤ ᠪᠠᠶᠢᠭᠠᠳ ᠠᠵᠢᠯ ᠲᠥᠷᠥᠯ ᠤᠨ ᠲᠤᠳᠤᠭᠠᠳᠤ ᠳᠠᠬᠢ ᠪᠡᠯᠡ ᠮᠥᠩᠭᠦ ᠶᠢ ᠡᠮᠬᠢᠯᠡᠨ ᠨᠡᠶᠢᠯᠡᠭᠦᠯᠬᠦ | ᠬᠢᠭᠡᠳ ᠠᠵᠢᠯ ᠲᠥᠷᠥᠯ ᠤᠨ ᠬᠤᠭᠤᠷᠤᠨᠳᠤᠬᠢ ᠪᠡᠯᠡ ᠮᠥᠩᠭᠦ ᠶᠢ ᠨᠢᠭᠡᠳᠦᠯᠲᠡᠢ ᠲᠦᠯᠦᠪᠯᠡᠬᠦ ᠠᠵᠢᠯ ᠤᠨ | ᠰᠡᠳᠬᠢᠮᠵᠢ ᠶᠢ ᠦᠨᠳᠦᠰᠦᠯᠡᠨ᠂ ᠮᠠᠯ ᠲᠠᠷᠢᠶᠠᠯᠠᠩ ᠳᠤ ᠬᠤᠯᠪᠣᠭᠳᠠᠭᠰᠠᠨ ᠪᠡᠯᠡ ᠮᠥᠩᠭᠦ ᠶᠢ ᠨᠢᠭᠡᠳᠦᠯᠲᠡᠢ | ᠲᠦᠯᠦᠪᠯᠡᠵᠦ ᠡᠮᠬᠢᠯᠡᠨ ᠨᠡᠶᠢᠯᠡᠭᠦᠯᠬᠦ ᠶᠢ ᠲᠤᠬᠠᠢ ᠶᠢᠨ ᠭᠠᠵᠠᠷ ᠲᠤ ᠨᠢ ᠲᠣᠬᠢᠷᠠᠭᠤᠯᠵᠤ ᠣᠯᠠᠨ ᠳᠡᠰ ᠱᠠᠲᠤ ᠪᠣᠯᠣᠨ | ᠣᠯᠠᠨ ᠬᠡᠯᠪᠡᠷᠢ ᠲᠠᠢ ᠪᠠᠷ ᠥᠷᠨᠢᠭᠦᠯᠵᠦ᠂ ᠣᠳᠣᠬᠢ ᠬᠠᠮᠢᠶᠠᠷᠬᠤ ᠳᠦᠷᠢᠮ ᠤᠨ ᠲᠣᠭᠲᠠᠭᠠᠯ ᠢ ᠰᠢᠪᠲᠤᠯᠤᠨ᠂ | ᠬᠠᠮᠢᠶᠠᠷᠬᠤ ᠡᠷᠬᠡ ᠶᠢᠨ ᠬᠡᠪᠴᠢᠶ᠎ᠡ ᠪᠣᠯᠣᠨ ᠳᠡᠰ ᠳᠠᠷᠠᠭᠠᠯᠠᠯ ᠶᠣᠰᠣᠭᠠᠷ ᠮᠡᠳᠡᠭᠦᠯᠦᠨ ᠵᠥᠪᠰᠢᠶᠡᠷᠡᠭᠦᠯᠬᠦ ᠪᠤᠶᠤ ᠡᠷᠬᠡ | ᠣᠯᠭᠤᠬᠤ ᠪᠠᠷ ᠭᠤᠶᠤᠴᠢᠯᠠᠬᠤ ᠬᠡᠷᠡᠭᠲᠡᠢ᠃ ᠮᠠᠯ ᠲᠠᠷᠢᠶᠠᠯᠠᠩ ᠳᠤ ᠬᠤᠯᠪᠣᠭᠳᠠᠭᠰᠠᠨ ᠪᠡᠯᠡ ᠮᠥᠩᠭᠦ ᠶᠢ ᠨᠢᠭᠡᠳᠦᠯᠲᠡᠢ | ᠲᠦᠯᠦᠪᠯᠡᠵᠦ ᠡᠮᠬᠢᠯᠡᠨ ᠨᠡᠶᠢᠯᠡᠭᠦᠯᠬᠦ ᠠᠵᠢᠯ ᠢ ᠥᠷᠨᠢᠭᠦᠯᠬᠦ ᠳᠤ ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠲᠤᠰᠬᠠᠢ | ᠪᠡᠯᠡ ᠮᠥᠩᠭᠦᠨ ᠳᠤ ᠬᠤᠯᠪᠣᠭᠳᠠᠭᠰᠠᠨ ᠪᠠᠶᠢᠪᠠᠯ᠂ ᠲᠦᠢᠯ ᠤᠨ ᠣᠨᠣᠪᠴᠢᠲᠠᠢ ᠪᠠᠷ ᠬᠡᠷᠡᠭᠯᠡᠬᠦ ᠵᠠᠷᠴᠢᠮ ᠢ ᠵᠢᠷᠤᠮᠯᠠᠬᠤ | ᠬᠡᠷᠡᠭᠲᠡᠢ᠂ ᠳᠠᠩᠰᠠ ᠺᠠᠷᠲ ᠪᠠᠶᠢᠭᠤᠯᠤᠨᠨᠰᠠᠨ ᠦᠭᠡᠢ ᠶᠠᠳᠠᠭᠤ ᠭᠦᠴᠢᠷᠳᠡᠯᠳᠡᠢ ᠡᠷᠦᠬᠡ ᠪᠣᠯᠣᠨ ᠶᠠᠳᠠᠭᠤ ᠶᠢ ᠲᠡᠳᠬᠦᠬᠦ | ᠪᠤᠰᠤ ᠬᠦᠷᠢᠶᠡᠨ ᠳᠤ ᠬᠡᠷᠡᠭᠯᠡᠵᠦ ᠪᠣᠯᠬᠤ ᠦᠭᠡᠢ᠃ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ | ᠨᠢ ︽ᠲᠣᠮᠣ ᠲᠤᠰᠬᠠᠢ ᠵᠦᠢᠯ + ᠡᠭᠦᠷᠭᠡ ᠶᠢᠨ ᠨᠠᠷᠢᠨ ᠬᠠᠭᠤᠳᠠᠰᠤ︾ ᠲᠠᠢ ᠬᠠᠮᠢᠶᠠᠷᠬᠤ ᠵᠠᠭᠪᠤᠷ ᠢᠶᠠᠷ ᠯᠠᠪᠯᠠᠯᠲᠠ | ᠪᠣᠯᠭᠠᠨ᠂ ᠲᠥᠰᠥᠪ ᠨᠠᠶᠢᠷᠠᠭᠤᠯᠤᠨ ᠵᠣᠬᠢᠶᠠᠬᠤ ᠭᠤᠭᠴᠣᠭᠠᠨ ᠳᠠᠬᠢ ᠲᠤᠰ ᠱᠠᠲᠤᠨ ᠤ ᠮᠠᠯ ᠲᠠᠷᠢᠶᠠᠯᠠᠩ ᠳᠤ | ᠬᠤᠯᠪᠣᠭᠳᠠᠭᠰᠠᠨ ᠪᠡᠯᠡ ᠮᠥᠩᠭᠦᠨ ᠤ ᠲᠣᠮᠣ ᠲᠤᠰᠬᠠᠢ ᠵᠦᠢᠯ ᠢ ᠵᠣᠬᠢᠰᠲᠠᠢ ᠪᠠᠶᠢᠷᠢᠯᠠᠭᠤᠯᠵᠤ᠂ ᠲᠥᠪ ᠤᠨ ᠪᠣᠯᠣᠨ | ᠥᠪᠡᠷᠲᠡᠭᠡᠨ ᠵᠠᠰᠠᠬᠤ ᠣᠷᠣᠨ ᠤ ᠱᠠᠲᠤᠨ ᠤ ᠮᠠᠯ ᠲᠠᠷᠢᠶᠠᠯᠠᠩ ᠳᠤ ᠬᠤᠯᠪᠣᠭᠳᠠᠭᠰᠠᠨ ᠪᠡᠯᠡ ᠮᠥᠩᠭᠦᠨ ᠤ | ᠡᠭᠦᠷᠭᠡ ᠶᠢᠨ ᠨᠠᠷᠢᠨ ᠬᠠᠭᠤᠳᠠᠰᠤ ᠲᠠᠢ ᠵᠦᠷᠢᠶᠠᠴᠢᠯᠡᠨ ᠬᠠᠮᠢᠶᠠᠷᠴᠤ ᠪᠣᠯᠣᠨ᠎ᠠ᠃ ︵ᠡᠯ᠎ᠡ ᠠᠶᠢᠮᠠᠭ ᠤᠨ ᠵᠠᠬᠢᠷᠭ᠎ᠠ᠂ | ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ | ᠣᠷᠳᠣᠨ ᠬᠠᠷᠢᠭᠤᠴᠠᠨ᠎ᠠ᠂ 2018 ᠣᠨ ᠳᠤ ᠵᠠᠯᠭᠠᠪᠠᠷ ᠠᠬᠢᠭᠤᠯᠤᠨ᠎ᠠ︶ | ︵ᠠᠷᠪᠠ ᠶᠢᠰᠦ︶ ᠶᠠᠷᠢᠶ᠎ᠠ ᠬᠡᠯᠡᠯᠴᠡᠭᠡᠨ ᠤ ᠤᠬᠠᠭᠤᠯᠭ᠎ᠠ ᠶᠢ ᠴᠢᠩᠭᠠᠳᠬᠠᠨ᠎ᠠ᠃ ᠡᠯ᠎ᠡ ᠭᠠᠵᠠᠷ ᠣᠷᠣᠨ᠂ ᠡᠯ᠎ᠡ | ᠰᠠᠯᠠᠭ᠎ᠠ ᠮᠥᠴᠢᠷ ᠤᠨ ᠬᠢᠨ ᠤ ᠮᠠᠯ ᠲᠠᠷᠢᠶᠠᠯᠠᠩ ᠳᠤ ᠬᠤᠯᠪᠣᠭᠳᠠᠭᠰᠠᠨ ᠪᠡᠯᠡ ᠮᠥᠩᠭᠦ ᠶᠢ ᠨᠢᠭᠡᠳᠦᠯᠲᠡᠢ ᠲᠦᠯᠦᠪᠯᠡᠵᠦ | ᠡᠮᠬᠢᠯᠡᠨ ᠨᠡᠶᠢᠯᠡᠭᠦᠯᠬᠦ ᠠᠵᠢᠯ ᠳᠠᠬᠢ ᠰᠠᠶᠢᠨ ᠲᠤᠷᠰᠢᠯᠭ᠎ᠠ᠂ ᠰᠠᠶᠢᠨ ᠬᠢᠳᠡᠯ ᠢ ᠬᠢᠨᠠᠮᠠᠭᠠᠢ ᠳ᠋ᠦ᠋ᠶᠢᠩᠨᠡᠬᠦ ᠪᠦᠭᠡᠳ | ᠳᠡᠯᠭᠡᠷᠡᠭᠦᠯᠵᠦ᠂ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠪᠠ ᠲᠥᠷᠥ ᠶᠢᠨ ᠪᠣᠳᠣᠯᠭ᠎ᠠ ᠶᠢ ᠤᠬᠠᠭᠤᠯᠬᠤ ᠪᠠᠨ | ᠴᠢᠩᠭᠠᠳᠬᠠᠨ᠂ ᠤᠬᠠᠭᠤᠯᠬᠤ ᠶᠢᠨ ᠬᠥᠲᠥᠯᠥᠨ ᠵᠢᠯᠣᠭᠤᠳᠬᠤ ᠴᠢᠨᠠᠷ ᠪᠣᠯᠣᠨ ᠬᠤᠭᠤᠴᠠᠭᠠᠲᠤ ᠦᠢᠯᠡᠳᠦᠯ ᠤᠨ | ᠴᠢᠨᠠᠷ ᠢ ᠠᠩᠬᠠᠷᠤᠨ ᠴᠢᠬᠤᠯᠠᠴᠢᠯᠠᠵᠤ᠂ ᠮᠠᠯ ᠲᠠᠷᠢᠶᠠᠯᠠᠩ ᠳᠤ ᠬᠤᠯᠪᠣᠭᠳᠠᠭᠰᠠᠨ ᠪᠡᠯᠡ ᠮᠥᠩᠭᠦ ᠶᠢ ᠨᠢᠭᠡᠳᠦᠯᠲᠡᠢ | ᠲᠦᠯᠦᠪᠯᠡᠵᠦ ᠡᠮᠬᠢᠯᠡᠨ ᠨᠡᠶᠢᠯᠡᠭᠦᠯᠬᠦ ᠠᠵᠢᠯ ᠳᠤ ᠪᠦᠬᠦ ᠨᠡᠶᠢᠭᠡᠮ ᠢᠶᠠᠷ ᠢᠶᠠᠨ ᠬᠠᠯᠠᠮᠵᠢᠯᠠᠨ ᠳᠡᠮᠵᠢᠭᠰᠡᠨ ᠰᠢᠨ᠎ᠡ | ᠪᠠᠶᠢᠳᠠᠯ ᠢ ᠴᠢᠷᠮᠠᠶᠢᠨ ᠪᠣᠢ ᠪᠣᠯᠭᠠᠨ᠎ᠠ᠃ ︵ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠤᠯᠤᠰ ᠤᠨ ᠭᠠᠵᠠᠷ ᠰᠢᠷᠣᠢ ᠡᠬᠢ ᠪᠠᠶᠠᠯᠢᠭ ᠤᠨ ᠲᠢᠩᠬᠢᠮ᠂ | ᠤᠰᠤᠨ ᠠᠰᠢᠭᠯᠠᠯᠲᠠ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠣᠢ ᠰᠢᠭᠤᠢ ᠶᠢᠨ ᠲᠢᠩᠬᠢᠮ | ᠵᠡᠷᠭᠡ ᠬᠠᠷᠢᠭᠤᠴᠠᠨ᠎ᠠ᠂ 2018 ᠣᠨ ᠠᠴᠠ ᠡᠬᠢᠯᠡᠵᠦ ᠵᠠᠯᠭᠠᠪᠠᠷ ᠠᠬᠢᠭᠤᠯᠤᠨ᠎ᠠ︶ |