︽ᠠᠯᠠᠱᠠ ᠶᠢᠨ ᠤᠨᠴᠠ ᠦᠵᠡᠮᠵᠢ — ᠬᠠᠳᠠᠨ ᠵᠢᠷᠤᠭ ᠪᠠ ᠵᠢᠤᠢ ᠶᠠᠨ ᠤ ᠬᠤᠯᠤᠰᠤᠨ ᠪᠢᠴᠢᠭ ᠤᠨ ᠤᠷᠠᠯᠢᠭ ᠤᠨ ᠦᠵᠡᠰᠬᠦᠯᠡᠩ︾ ᠪᠡᠭᠡᠵᠢᠩ ᠳᠤ ᠲᠡᠯᠭᠡᠭᠳᠡᠪᠡ  ᠪᠦ᠋ ᠰᠢᠶᠤᠤ ᠯᠢᠨ ᠦᠵᠡᠰᠬᠦᠯᠡᠩ ᠢ ᠲᠤᠭᠤᠷᠢᠨ ᠦᠵᠡᠵᠡᠢ
ᠨᠡᠶᠢᠲᠡᠯᠡᠭᠰᠡᠨ ᠴᠠᠭ᠄
2018/11/23

     11 ᠳ᠋ᠦ᠋ᠭᠡᠷ ᠰᠠᠷ᠎ᠠ ᠶᠢᠨ 21᠎ ᠤ ᠡᠳᠤᠷ᠂ ︽ᠠᠯᠠᠱᠠ ᠶᠢᠨ ᠤᠨᠴᠠ ᠦᠵᠡᠮᠵᠢ — ᠬᠠᠳᠠᠨ ᠵᠢᠷᠤᠭ ᠪᠠ ᠵᠢᠤᠢ ᠶᠠᠨ ᠤ ᠬᠤᠯᠤᠰᠤᠨ ᠪᠢᠴᠢᠭ ᠤᠨ ᠤᠷᠠᠯᠢᠭ ᠤᠨ ᠦᠵᠡᠰᠬᠦᠯᠡᠩ︾ ᠪᠡᠭᠡᠵᠢᠩ ᠳᠠᠬᠢ ᠲᠤᠮᠳᠠᠳᠤ ᠤᠯᠤᠰ ᠤᠨ ᠤᠷᠠᠨ ᠵᠢᠷᠤᠭ ᠤᠨ ᠤᠷᠳᠤᠨ ᠳᠤ ᠲᠡᠯᠭᠡᠭᠳᠡᠪᠡ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠡᠨ ᠤ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠬᠦᠯᠡᠭᠴᠢ ᠪᠦ᠋ ᠰᠢᠶᠤᠤ ᠯᠢᠨ ᠡᠬᠢᠯᠡᠯᠳᠡ ᠶᠢᠨ ᠶᠤᠰᠤᠯᠠᠯ ᠳᠤ ᠤᠷᠤᠯᠴᠠᠭᠰᠠᠠ ᠪᠦᠭᠡᠳ ᠦᠵᠡᠰᠬᠦᠯᠡᠩ ᠢ ᠲᠤᠭᠤᠷᠢᠨ ᠦᠵᠡᠪᠡ᠃ ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠬᠡᠨ ᠤ ᠪᠠᠶᠢᠩᠭᠤ ᠶᠢᠨ ᠬᠡᠰᠢᠬᠦᠨ᠂ ᠲᠤᠮᠳᠠᠳᠤ ᠤᠯᠤᠰ ᠤᠨ ᠤᠷᠠᠨ ᠵᠢᠷᠤᠭ ᠤᠨ ᠤᠷᠳᠤᠨ ᠤ ᠲᠠᠷᠤᠭ᠎ᠠ ᠦ᠋ ᠸᠧᠢ ᠱᠠᠨ ᠡᠬᠢᠯᠡᠯᠳᠡ ᠶᠢᠨ ᠶᠤᠰᠤᠯᠠᠯ ᠲᠡᠭᠡᠷ᠎ᠡ ᠪᠡᠶᠡᠷ ᠤᠨ ᠦᠭᠡ ᠬᠡᠯᠡᠵᠡᠢ᠃      ︽ᠠᠯᠠᠱᠠ ᠶᠢᠨ ᠤᠨᠴᠠ ᠦᠵᠡᠮᠵᠢ — ᠬᠠᠳᠠᠨ ᠵᠢᠷᠤᠭ ᠪᠠ ᠵᠢᠤᠢ ᠶᠠᠨ ᠤ ᠬᠤᠯᠤᠰᠤᠨ ᠪᠢᠴᠢᠭ ᠤᠨ ᠤᠷᠠᠯᠢᠭ ᠤᠨ ᠦᠵᠡᠰᠬᠦᠯᠡᠩ︾᠎ ᠳᠤ 29 ᠬᠠᠳᠠᠨ ᠵᠢᠷᠤᠭ᠂ 6 ᠱᠤᠭᠤᠮᠠᠯ᠂ 39 ᠦᠷᠬᠡᠳᠭᠡᠭᠰᠡᠡ ᠹᠢᠯᠢᠮ᠂ ᠬᠤᠯᠤᠰᠤᠨ ᠪᠢᠴᠢᠭ 106᠎ ᠶᠢ ᠲᠡᠯᠬᠡᠨ ᠦᠵᠡᠬᠦᠯᠪᠡ᠂ ᠲᠡᠯᠬᠡᠨ ᠦᠵᠡᠬᠦᠯᠥᠭᠰᠡᠡ ᠠᠭᠤᠯᠭ᠎ᠠ ᠳᠤ ᠬᠦᠮᠥᠨ᠂ ᠠᠮᠢᠳᠠᠨ᠂ ᠲᠡᠮᠳᠡᠭ ᠵᠢᠴᠢ ᠠᠩ ᠠᠩᠨᠠᠯ᠂ ᠲᠠᠬᠢᠯᠭ᠎ᠠ᠂ ᠪᠦᠵᠢᠭ ᠵᠡᠷᠬᠡ ᠪᠤᠢ᠂ ᠬᠤᠯᠤᠰᠤᠨ ᠪᠢᠴᠢᠭ ᠪᠤᠯ ᠠᠯᠠᠱᠠ ᠠᠶᠢᠮᠠᠭ ᠤᠨ ᠡᠵᠡᠨ᠎ᠡ ᠬᠤᠰᠢᠭᠤ ᠠᠴᠠ ᠮᠠᠯᠳᠠᠵᠥ ᠭᠠᠷᠭᠠᠭᠰᠠᠠ ᠵᠢᠤᠢ ᠶᠠᠨ ᠤ ᠬᠤᠯᠤᠰᠤᠨ ᠪᠢᠴᠢᠭ ᠪᠤᠯᠤᠨ᠎ᠠ᠃ ᠤᠷᠠᠯᠢᠭ ᠤᠨ ᠦᠵᠡᠰᠬᠦᠯᠡᠩ ᠨᠢ ︽ᠲᠡᠷᠢᠭᠦᠨ ᠡᠷᠭᠦᠨ ᠪᠠᠷᠠᠯᠠᠵᠤ ᠲᠣᠯᠣᠭᠠᠢ ᠳᠠᠷᠤᠨ ᠪᠣᠳᠣᠯᠭᠠᠰᠢᠷᠠᠮᠤᠢ · ᠠᠭᠤᠯᠠ ᠤᠰᠤᠨ ᠤ ᠬᠦᠨ᠎ᠡ ᠶᠤᠰᠤ ᠶᠢ ᠰᠦᠪᠡᠭᠴᠢᠯᠡᠬᠦ ᠨᠢ︾᠂ ︽ᠮᠢᠩᠭᠠᠨ ᠣᠨ ᠤ ᠡᠭᠡᠰᠢᠭ ᠤᠶᠠᠩᠭ᠎ᠠ · ᠤᠷᠠᠨ ᠵᠢᠷᠤᠭ ᠠᠴᠠ ᠤᠢᠢᠯᠠᠭᠠᠵᠤ ᠪᠤᠯᠬᠤ ᠨᠢ︾᠂ ︽ᠤᠷᠤᠰᠬᠠᠯ ᠤᠰᠤ ᠡᠯᠡᠰᠤ ᠤᠷᠤᠰᠬᠠᠬᠤ · ᠮᠤᠳᠤ ᠴᠢᠯᠠᠭᠤ ᠬᠠᠮᠳᠤ ᠪᠠᠷ ᠪᠤᠳᠤᠯᠭᠠᠰᠢᠷᠠᠬᠤ ᠨᠢ︾᠂ ︽ᠲᠤᠷᠭᠠᠨ ᠵᠠᠮ ᠤᠨ ᠬᠦᠭᠵᠢᠯ ᠤᠨ ᠦᠶ᠎ᠡ · ᠡᠷᠳᠡᠨ ᠤ ᠬᠢ ᠪᠠᠷ ᠲᠤᠯᠢᠳᠠᠵᠤ ᠡᠳᠦᠭᠡᠬᠢ ᠪᠠᠨ ᠰᠡᠩᠭᠡᠷᠡᠬᠦᠯᠬᠦ ᠨᠢ︾ ᠬᠡᠬᠦ ᠲᠦᠷᠪᠡᠨ ᠪᠦᠯᠥᠭ ᠢᠶᠠᠷ ᠪᠦᠷᠢᠯᠳᠦᠵᠤ᠂ ᠠᠯᠠᠱᠠ ᠶᠢᠨ ᠬᠦᠨ ᠵᠤᠵᠠᠭᠠᠨ ᠲᠡᠤᠬᠡ ᠰᠤᠶᠤᠯ ᠤᠨ ᠬᠤᠷᠡᠮᠳᠤᠯ ᠢ ᠢᠯᠡᠷᠡᠭᠦᠯᠵᠤ᠂ ︽ᠨᠢᠬᠡ ᠪᠦᠰᠡ ᠨᠢᠬᠡ ᠵᠠᠮ︾᠎ ᠤᠨ ᠪᠦᠳᠦᠬᠡᠨ ᠪᠠᠶᠢᠭᠤᠯᠤᠯᠳᠠ ᠲᠠᠢ ᠨᠡᠶᠢᠴᠡᠵᠥ᠂ ᠲᠡᠤᠬᠡ ᠰᠤᠶᠤᠯ ᠤᠨ ᠨᠡᠷ᠎ᠡ ᠶᠢᠨ ᠬᠠᠭᠤᠳᠠᠰᠤ ᠶᠢ ᠡᠬᠦᠳᠬᠦ᠂ ᠲᠤᠷᠭᠠᠨ ᠵᠠᠮ ᠤᠨ ᠰᠤᠶᠤᠯ ᠤᠷᠠᠯᠢᠭ ᠠᠮᠢ ᠠᠬᠤᠢ ᠶᠢ ᠪᠦᠬᠦ ᠲᠡᠯ᠎ᠡ ᠪᠠᠷ ᠴᠢᠨᠠᠷ ᠰᠠᠶᠢᠳᠠᠢ ᠬᠦᠭᠵᠢᠬᠦᠯᠬᠦ ᠶᠢ ᠠᠬᠢᠭᠤᠯᠬᠤ ᠪᠤᠳᠠᠳᠠᠢ ᠦᠢᠯᠡᠳᠦᠯᠬᠡ ᠪᠣᠯᠪᠠ᠃      ᠤᠢᠢᠯᠠᠭᠠᠭᠰᠠᠠ ᠢᠶᠠᠷ᠂ ᠠᠯᠠᠱᠠ ᠶᠢᠨ ᠬᠠᠳᠠᠨ ᠵᠢᠷᠤᠭ ᠤᠨ ᠲᠠᠷᠬᠠᠯᠳᠡ ᠨᠡᠯᠢᠶᠡᠳ ᠦᠷᠭᠡᠨ ᠪᠤᠢ᠂ ᠮᠤᠨᠢ ᠠᠭᠤᠯᠠ ᠶᠢᠨ ᠬᠠᠳᠠᠨ ᠵᠢᠷᠤᠭ᠂ ᠠᠯᠠᠱᠠ ᠠᠭᠤᠯᠠ ᠶᠢᠨ ᠬᠠᠳᠠᠨ ᠵᠢᠷᠤᠭ᠂ ᠮᠠᠨᠳᠤᠯ ᠠᠭᠤᠯᠠ ᠶᠢᠨ ᠬᠠᠳᠠᠨ ᠵᠢᠷᠤᠭ ᠵᠡᠷᠬᠡ ᠪᠠᠶᠢᠵᠥ᠂ ︽ᠤᠮᠠᠷᠠᠳᠤ  ᠶᠢᠨ ᠦᠨᠳᠦᠰᠦᠳᠡᠨ ᠤ ᠲᠡᠤᠬᠡ ᠶᠢᠨ ᠡᠪᠬᠡᠮᠡᠯ︾ ᠬᠡᠮᠡᠭᠳᠡᠭᠰᠡᠡ ᠪᠢᠯᠡ᠃ ᠵᠢᠤᠢ ᠶᠠᠨ ᠎ ᠤ ᠬᠤᠯᠤᠰᠤᠨ ᠪᠢᠴᠢᠭ ᠪᠤᠯ ᠤᠷᠳᠤ ᠴᠠᠭᠠᠨ ᠬᠡᠷᠡᠮ ᠤᠨ ᠬᠢᠯᠢ ᠶᠢᠨ ᠴᠠᠶᠢᠵᠠ ᠶᠢᠨ ᠰᠤᠶᠤᠯ ᠤᠨ ᠴᠢᠬᠤᠯᠠ ᠲᠡᠤᠬᠡ ᠶᠢᠨ ᠬᠡᠷᠡᠴᠢᠯᠡᠯ ᠪᠤᠯᠵᠥ᠂ ᠬᠠᠨ ᠤᠯᠤᠰ ᠤᠨ ᠦᠶ᠎ᠡ ᠶᠢᠨ ᠤᠯᠤᠰ ᠲᠦᠷᠦ᠂ ᠴᠡᠷᠢᠭ ᠤᠨ ᠶᠠᠪᠤᠳᠠᠯ᠂ ᠠᠵᠥ ᠠᠬᠤᠢ᠂ ᠰᠤᠶᠤᠯ ᠵᠡᠷᠬᠡ ᠶᠢ ᠰᠤᠳᠤᠯᠬᠤ ᠳᠤ ᠤᠷᠤᠯᠠᠭᠤᠯᠵᠥ ᠪᠤᠯᠤᠰᠢ ᠦᠭᠡᠢ ᠴᠢᠬᠤᠯᠠ ᠦᠢᠯᠡᠳᠦᠯ ᠦᠵᠡᠬᠦᠯᠵᠥ᠂ ᠲᠦᠢᠯ ᠤᠨ ᠶᠡᠭᠡ ᠲᠡᠤᠬᠡᠨ ᠮᠠᠲ᠋ᠧᠷᠢᠶᠠᠯ ᠤᠨ ᠦᠨ᠎ᠡ ᠴᠡᠨ᠎ᠡ ᠲᠠᠢ ᠪᠠᠶᠢᠭ᠎ᠠ ᠶᠤᠮ᠃      ᠤᠷᠠᠯᠢᠭ ᠤᠨ ᠦᠵᠡᠰᠬᠦᠯᠡᠩ ᠢ 12 ᠳ᠋ᠤᠭᠠᠷ ᠰᠠᠷ᠎ᠠ ᠶᠢᠨ 2᠎ ᠤᠨ ᠡᠳᠤᠷ ᠪᠤᠯᠳᠠᠯ᠎ᠠ ᠳᠡᠯᠭᠡᠨ ᠦᠵᠡᠭᠦᠯᠦᠨ᠎ᠡ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号