11 ᠳ᠋ᠦ᠋ᠭᠡᠷ ᠰᠠᠷ᠎ᠠ ᠶᠢᠨ ᠳᠤᠮᠳᠠᠴᠢ ᠪᠠᠷ᠂ ᠬᠠᠲᠤᠨ ᠭᠤᠤᠯ ᠤᠨ ᠥᠪᠥᠷ ᠮᠣᠩᠭᠤᠯ ᠳᠠᠬᠢ ᠬᠡᠰᠡᠭ ᠤᠨ | ᠳᠤᠮᠳᠠᠴᠢ ᠠᠭᠠᠷ ᠤᠨ ᠳᠤᠯᠠᠭᠠᠨ ᠨᠢ ᠥᠩᠭᠡᠷᠡᠭᠰᠡᠨ ᠵᠢᠯ ᠤᠨ ᠠᠳᠠᠯᠢ ᠬᠤᠭᠤᠴᠠᠭ᠎ᠠ ᠲᠠᠢ ᠬᠠᠷᠢᠴᠠᠭᠤᠯᠪᠠᠯ | ᠨᠡᠶᠢᠳᠡᠮ ᠳᠡᠭᠡᠨ ᠥᠨᠳᠥᠷ ᠪᠠᠶᠢᠵᠤ᠂ ᠬᠤᠷ᠎ᠠ ᠲᠤᠨᠳᠠᠰᠤ ᠡᠯᠪᠡᠭ ᠪᠠᠶᠢᠵᠤ᠂ ᠡᠨᠡ ᠵᠢᠯ ᠬᠠᠲᠤᠨ ᠭᠤᠣᠯ ᠤᠨ | ᠪᠠᠶᠠᠨᠨᠠᠭᠤᠷ ᠬᠡᠰᠡᠭ ᠤᠨ ᠲᠡᠰ ᠬᠦᠯᠳᠡᠬᠦ ᠬᠤᠭᠤᠴᠠᠭ᠎ᠠ ᠨᠢ ᠦᠩᠭᠡᠷᠡᠭᠰᠡᠨ ᠵᠢᠯ ᠤᠨ ᠬᠢ ᠠᠴᠠ ᠤᠷᠤᠶᠢᠲᠠᠪᠠ᠃ | ᠣᠶᠢᠯᠠᠭᠠᠭᠰᠠᠨ ᠢᠶᠠᠷ᠂ 11 ᠳ᠋ᠦ᠋ᠭᠡᠷ ᠰᠠᠷ᠎ᠠ ᠶᠢᠨ ᠳᠤᠮᠳᠠᠴᠢ ᠪᠠᠷ᠂ ᠥᠪᠥᠷ ᠮᠣᠩᠭᠤᠯ ᠳᠠᠬᠢ ᠬᠠᠳᠤᠨ ᠭᠤᠣᠯ | ᠳᠠᠭᠠᠤ ᠶᠢᠨ 8 ᠴᠠᠭ ᠠᠭᠤᠷ ᠤᠨ ᠦᠷᠲᠡᠭᠡᠨ ᠤ ᠳᠤᠮᠳᠠᠴᠢ ᠠᠭᠠᠷ ᠤᠨ ᠳᠤᠯᠠᠭᠠᠨ ᠲᠡᠭ ᠠᠴᠠ ᠳᠤᠭᠤᠭᠰᠢ | 1.7℃ ᠠᠴᠠ ᠲᠡᠭ ᠠᠴᠠ ᠳᠣᠭᠤᠭᠰᠢ 0.4℃ ᠶᠢᠨ ᠬᠤᠭᠤᠷᠣᠨᠳᠣ ᠪᠠᠶᠢᠵᠤ᠂ ᠡᠯ᠎ᠡ ᠥᠷᠲᠡᠭᠡᠨ ᠤ ᠠᠭᠠᠷ ᠤᠨ | ᠳᠤᠯᠠᠭᠠᠨ ᠨᠢ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 0.1 ℃ ᠠᠴᠠ 3.6 ℃ ᠦᠨᠳᠦᠷ ᠪᠠᠶᠢᠨ᠎ᠠ᠃ | ᠡᠭᠦᠨ ᠤ ᠬᠠᠮᠲᠤ᠂ ᠬᠠᠲᠤᠨ ᠭᠤᠣᠯ ᠤᠨ ᠪᠠᠶᠠᠨᠨᠠᠭᠤᠷ ᠬᠡᠰᠡᠭ ᠤᠨ ᠲᠤᠨᠳᠠᠰᠤᠨ ᠤ ᠬᠡᠮᠵᠢᠶ᠎ᠡ ᠨᠢ ᠦᠩᠭᠡᠷᠡᠭᠰᠡᠨ | ᠵᠢᠯ ᠤᠨ ᠬᠢ ᠠᠴᠠ 2 ᠬᠤᠪᠢ ᠢᠯᠡᠭᠦᠤ ᠪᠠᠶᠢᠨ᠎ᠠ᠃ | ᠴᠠᠭ ᠠᠭᠤᠷ ᠤᠨ ᠰᠠᠯᠠᠭ᠎ᠠ ᠮᠥᠴᠢᠷ ᠠᠴᠠ ᠬᠠᠲᠤᠨ ᠭᠤᠣᠯ ᠤᠨ ᠪᠠᠶᠠᠨᠨᠠᠭᠤᠷ ᠬᠡᠰᠡᠭ ᠤᠨ ᠬᠥᠯᠳᠡᠬᠦ | ᠬᠤᠭᠤᠴᠠᠭ᠎ᠠ ᠳᠤ ᠵᠢᠱᠢᠯᠲᠡ ᠬᠢᠭᠰᠡᠨ ᠠᠴᠠ ᠦᠵᠡᠪᠡᠯ᠂ 2018 ᠣᠨ ᠳᠤ ᠬᠠᠲᠤᠨ ᠭᠤᠣᠯ ᠤᠨ ᠪᠠᠶᠠᠨᠨᠠᠭᠤᠷ | ᠬᠡᠰᠡᠭ ᠤᠨ ᠳᠤᠮᠳᠠᠴᠢ ᠳᠤᠯᠠᠭᠠᠨ ᠤ ᠬᠡᠮᠵᠢᠶ᠎ᠡ ᠨᠢ ᠦᠩᠭᠡᠷᠡᠭᠰᠡᠨ ᠵᠢᠯ ᠤᠨ ᠬᠢ ᠠᠴᠠ ᠪᠠᠭ᠋ᠠᠨ ᠥᠨᠳᠥᠷ᠂ ᠬᠤᠷ᠎ᠠ | ᠲᠤᠨᠳᠠᠰᠤ ᠪᠠᠭ᠋ᠠᠨ ᠡᠯᠪᠡᠭ ᠪᠠᠶᠢᠵᠤ᠂ ᠤᠷᠠᠳ ᠤᠨ ᠡᠮᠦᠨᠡᠲᠦ ᠬᠤᠰᠢᠭᠤᠨ ᠤ ᠰᠠᠨ ᠬᠤ᠋ ᠭᠤᠣᠯ ᠤᠨ ᠭᠤᠣᠯ | ᠬᠥᠯᠳᠡᠬᠦ ᠨᠢ 12 ᠳ᠋ᠤᠭᠠᠷ ᠰᠠᠷ᠎ᠠ ᠶᠢᠨ 13 — 17 ᠤ ᠡᠳᠦᠷ ᠪᠠᠶᠢᠵᠤ᠂ ᠦᠩᠭᠡᠷᠡᠭᠰᠡᠨ ᠵᠢᠯ ᠤᠨ ᠬᠢ ᠠᠴᠠ 8 | ᠡᠳᠦᠷ ᠣᠷᠴᠢᠮ ᠤᠷᠤᠶᠢᠲᠠᠵᠤ᠂ ᠳ᠋ᠧᠩᠺᠸᠤ ᠶᠢᠨ ᠰᠠᠨ ᠱᠧᠩ ᠭᠦᠩ ᠭᠤᠣᠯ ᠤᠨ ᠬᠠᠭᠠᠴᠠ ᠶᠢᠨ ᠭᠤᠤᠯ ᠬᠦᠯᠳᠡᠬᠦ | ᠨᠢ 2019 ᠤᠨ ᠤ 1 ᠳ᠋ᠦ᠋ᠭᠡᠷ ᠰᠠᠷ᠎ᠠ ᠶᠢᠨ 6 — 10 ᠤ ᠡᠳᠦᠷ ᠪᠠᠶᠢᠵᠤ᠂ ᠦᠩᠭᠡᠷᠡᠭᠰᠡᠨ ᠵᠢᠯ ᠤᠨ ᠬᠢ ᠠᠴᠠ | 18 ᠡᠳᠦᠷ ᠤᠷᠴᠢᠮ ᠤᠷᠤᠶᠢᠲᠠᠬᠤ ᠪᠣᠯᠤᠨ᠎ᠠ᠃ ᠬᠠᠲᠤᠨ ᠭᠤᠤᠯ ᠤᠨ ᠥᠪᠥᠷ ᠮᠣᠩᠭᠤᠯ ᠳᠠᠬᠢ ᠬᠡᠰᠡᠭ ᠲᠠᠬᠢ ᠪᠦᠬᠦ | ᠣᠷᠳᠣ ᠨᠢ 1353 ᠺᠢᠯᠣᠮᠧᠲᠷ ᠪᠠᠶᠢᠵᠤ᠂ ᠬᠠᠲᠤᠨ ᠭᠤᠣᠯ ᠤᠨ ᠪᠦᠬᠦ ᠤᠷᠲᠤ ᠶᠢᠨ ᠵᠢᠷᠭᠤᠭᠠᠨ ᠤ ᠨᠢᠭᠡ ᠬᠤᠪᠢ ᠶᠢ | ᠡᠵᠡᠯᠡᠵᠦ ᠪᠠᠶᠢᠳᠠᠭ᠃ ᠬᠠᠯᠢᠶ᠎ᠠ ᠪᠣᠯ ᠬᠠᠲᠤᠨ ᠭᠤᠣᠯ ᠤᠨ ᠣᠨᠴᠠ ᠪᠠᠶᠢᠳᠠᠭ ᠦᠶᠡᠷ ᠤᠨ ᠪᠠᠶᠢᠳᠠᠯ ᠪᠤᠯᠤᠨ᠎ᠠ᠂ | ᠬᠠᠲᠤᠨ ᠭᠤᠤᠯ ᠤᠨ ᠬᠡᠰᠡᠭ ᠨᠢ ᠳᠣᠣᠷ᠎ᠠ ᠥᠷᠭᠡᠷᠢᠭ ᠠᠴᠠ ᠥᠨᠳᠥᠷ ᠥᠷᠭᠡᠷᠢᠭ ᠤᠨ ᠭᠠᠵᠠᠷ ᠣᠷᠣᠨ ᠲᠡᠶᠢᠰᠢ | ᠤᠷᠤᠰᠴᠤ ᠪᠠᠶᠢᠬᠤ ᠪᠤᠯᠬᠤᠷ᠂ ᠵᠢᠯ ᠪᠦᠷᠢ ᠲᠠᠰ ᠬᠦᠯᠳᠡᠬᠦ᠂ ᠭᠤᠤᠯ ᠭᠡᠰᠡᠬᠦ ᠨᠢ ᠴᠠᠭ ᠤᠨ ᠵᠦᠷᠢᠶ᠎ᠠ ᠲᠠᠢ ᠪᠠᠶᠢᠵᠤ᠂ | ᠡᠪᠦᠯ ᠬᠠᠪᠤᠷ ᠤᠨ ᠬᠤᠭᠤᠴᠠᠭᠠᠨ ᠳᠤ᠂ ᠮᠦᠰᠦᠳᠦᠯ ᠤᠨ ᠨᠦᠯᠦᠭᠡᠯᠡᠯ ᠢᠶᠠᠷ ᠦᠶᠡᠷ ᠤᠨ ᠪᠠᠶᠢᠳᠠᠯ ᠠᠮᠠᠷᠬᠠᠨ ᠭᠠᠷᠴᠤ᠂ | ᠡᠷᠭᠢ ᠳᠠᠭᠠᠤ ᠶᠢᠨ ᠰᠠᠭᠤᠭᠠᠯᠢ ᠠᠷᠠᠳ ᠲᠤ ᠰᠦᠷᠳᠡᠭᠦᠯᠦᠯ ᠪᠤᠯᠳᠠᠭ᠃ |