ᠪᠦᠬᠦ ᠣᠷᠣᠨ ᠤ ᠠᠵᠤ ᠠᠬᠤᠢ ᠲᠣᠭᠲᠠᠭᠤᠨ ᠳᠤᠮᠳᠠ ᠶᠠᠰᠤ ᠴᠢᠨᠠᠷ ᠢᠶᠠᠨ ᠳᠡᠭᠡᠭᠰᠢᠯᠡᠭᠦᠯᠵᠦ ᠵᠢᠷᠭᠤᠭᠠᠨ ᠶᠡᠭᠡ ᠭᠢᠯᠠᠰ ᠴᠡᠭ ᠢᠯᠡᠷᠡᠪᠡ
ᠨᠡᠶᠢᠲᠡᠯᠡᠭᠰᠡᠨ ᠴᠠᠭ᠄
2018/11/23
     ᠡᠨᠡ ᠵᠢᠯ ᠠᠴᠠ ᠨᠠᠰᠢ᠂ ᠪᠦᠬᠦ ᠣᠷᠣᠨ ᠳᠠᠶᠠᠭᠠᠷ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ ᠲᠥᠪ ᠬᠤᠷᠢᠶᠠᠨ ᠤ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠠᠷᠢᠮᠲᠠᠯᠠᠨ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠦᠨᠳᠦᠰᠦᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠠᠵᠤ ᠠᠬᠤᠶ ᠶᠢᠨ ᠠᠵᠢᠯᠯᠠᠭᠠᠨ ᠶᠡᠷᠦᠩᠬᠡᠶ ᠳᠤ ᠪᠠᠨ ᠲᠣᠭᠲᠠᠭᠤᠨ ᠪᠠᠶᠢᠬᠤ ᠶᠢᠨ ᠳᠤᠮᠳᠠ ᠤᠷᠤᠭᠰᠢᠯᠠᠵᠦ᠂ ᠲᠣᠭᠲᠠᠭᠤᠨ ᠤ ᠳᠠᠭᠠᠤ ᠳᠤ ᠶᠠᠰᠤ ᠴᠢᠨᠠᠷ ᠳᠡᠭᠡᠭᠰᠢᠯᠡᠭᠰᠡᠨ ᠬᠥᠭᠵᠢᠯᠲᠡ ᠶᠢᠨ ᠪᠠᠶᠢᠳᠠᠯ ᠲᠠᠢ ᠪᠣᠯᠤᠭᠰᠠᠨ ᠪᠠᠶᠢᠨ᠎ᠠ᠃ ᠡᠨᠡ ᠵᠢᠯ ᠤᠨ 1 — 10 ᠳ᠋ᠤᠭᠠᠷ ᠰᠠᠷ᠎ᠠ ᠳᠤ᠂ ᠪᠥᠬᠦ ᠣᠷᠣᠨ ᠤ ᠠᠵᠤ ᠠᠬᠤᠶ ᠶᠢᠨ ᠠᠵᠢᠯᠯᠠᠭᠠᠨ ᠳᠤ ᠵᠢᠷᠭᠤᠭᠠᠨ ᠶᠡᠭᠡ ᠭᠢᠯᠠᠰ ᠴᠡᠭ ᠢᠯᠡᠷᠡᠪᠡ᠃      ᠭᠢᠯᠠᠰ ᠴᠡᠭ ᠨᠢᠭᠡ᠄ ᠠᠵᠤ ᠦᠢᠯᠡᠳᠪᠦᠷᠢ ᠶᠢᠨ ᠶᠠᠰᠤ ᠴᠢᠨᠠᠷ ᠦᠷ᠎ᠡ ᠠᠰᠢᠭ ᠢᠯᠡᠳᠲᠡ ᠳᠡᠭᠡᠭᠰᠢᠯᠡᠪᠡ᠃ 1 — 10 ᠳ᠋ᠤᠭᠠᠷ ᠰᠠᠷ᠎ᠠ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 6.8%᠎ ᠢᠶᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠳᠡᠭᠡᠷ᠎ᠡ ᠬᠠᠭᠠᠰ ᠵᠢᠯ ᠪᠠ ᠲᠦᠷᠦᠭᠦᠤ ᠭᠤᠷᠪᠠᠨ ᠤᠯᠠᠷᠢᠯ ᠤᠨ ᠬᠢ ᠠᠴᠠ ᠲᠤᠰ ᠲᠤᠰ 1.0 ᠪᠠ 0.8 ᠵᠠᠭᠤᠨ ᠤ ᠴᠡᠭ ᠳᠡᠭᠡᠭᠰᠢᠯᠡᠵᠦ᠂ ᠶᠡᠷᠦᠩᠬᠡᠢ ᠨᠡᠮᠡᠭᠳᠡᠯ ᠤᠨ ᠬᠤᠷᠳᠤᠴᠠ ᠡᠨᠡ ᠵᠢᠯ ᠠᠴᠠ ᠨᠠᠭᠠᠰᠢ ᠠᠩᠬ᠎ᠠ ᠤᠳᠠᠭ᠎ᠠ ᠪᠦᠬᠦ ᠤᠯᠤᠰ ᠤᠨ ᠳᠤᠮᠳᠠᠴᠢ ᠬᠢᠷᠢ ᠲᠥᠪᠰᠢᠨ ᠠᠴᠠ ᠳᠠᠪᠠᠪᠠ᠃ ᠠᠵᠤ ᠠᠬᠤᠶ ᠶᠢᠨ ᠲᠥᠷᠥᠯ ᠬᠡᠯᠪᠡᠷᠢ ᠠᠴᠠ ᠦᠵᠡᠪᠡᠯ᠂ ᠤᠯᠤᠰ ᠤᠨ ᠦᠮᠴᠢᠯᠡᠯᠲᠥ ᠬᠤᠪᠢ ᠣᠷᠤᠭᠤᠯᠤᠯᠲᠠ ᠶᠢᠨ ᠠᠵᠤ ᠠᠬᠤᠶᠢᠯᠠᠯ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 7.3% ᠨᠡᠮᠡᠭᠳᠡᠵᠦ᠂ ᠬᠤᠪᠢ ᠣᠷᠤᠭᠤᠯᠤᠯᠲᠠ ᠶᠢᠨ ᠳᠦᠷᠢᠮᠲᠦ ᠠᠵᠤ ᠠᠬᠤᠶᠢᠯᠠᠯ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠠᠴᠠ 7.7% ᠨᠡᠮᠡᠭᠳᠡᠵᠡᠶ᠃ ᠭᠤᠷᠪᠠᠨ ᠶᠡᠭᠡ ᠠᠵᠢᠯ ᠲᠥᠷᠥᠯ ᠠᠴᠠ ᠦᠵᠡᠪᠡᠯ᠂ ᠠᠭᠤᠷᠬᠠᠶ ᠮᠠᠯᠲᠠᠬᠤ ᠦᠶᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 3.2% ᠨᠡᠮᠡᠭᠳᠡᠵᠦ᠂ ᠦᠶᠯᠡᠳᠬᠦ ᠦᠶᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 6.7% ᠨᠡᠮᠡᠭᠳᠡᠵᠦ᠂ ᠴᠠᠬᠢᠯᠭᠠᠨ ᠬᠦᠴᠦ᠂ ᠢᠯᠴᠢ᠂ ᠰᠢᠲᠠᠮᠠᠬᠠᠶ ᠬᠡᠶ ᠵᠢᠴᠢ ᠤᠰᠤᠨ ᠤ ᠦᠶᠯᠡᠳᠪᠦᠷᠢᠯᠡᠯ ᠪᠠ ᠬᠠᠩᠭᠠᠯᠭ᠎ᠠ ᠶᠢᠨ ᠦᠶᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 12.8% ᠨᠡᠮᠡᠭᠳᠡᠪᠡ᠃ ᠦᠢᠯᠡᠳᠬᠦᠨ ᠤ ᠭᠠᠷᠤᠯᠲᠠ ᠠᠴᠠ ᠦᠵᠡᠪᠡᠯ᠂ ᠪᠦᠷᠢᠳᠬᠡᠭᠰᠡᠨ 29 ᠵᠦᠢᠯ ᠤᠨ ᠭᠤᠣᠯ ᠪᠣᠯᠬᠤ ᠠᠵᠤ ᠦᠢᠯᠡᠳᠪᠦᠷᠢ ᠶᠢᠨ ᠦᠢᠯᠡᠳᠬᠦᠨ ᠤ ᠳᠣᠲᠣᠷ᠎ᠠ᠂ 20 ᠵᠦᠢᠯ ᠤᠨ ᠦᠢᠯᠡᠳᠬᠦᠨ ᠤ ᠭᠠᠷᠤᠯᠲᠠ ᠨᠢ ᠨᠡᠮᠡᠭᠳᠡᠵᠦ᠂ ᠨᠡᠮᠡᠭᠳᠡᠯ ᠤᠨ ᠬᠡᠪᠴᠢᠶ᠎ᠡ ᠨᠢ 69.0% ᠬᠦᠷᠪᠡ᠃ ᠰᠢᠨ᠎ᠡ ᠦᠶᠯᠡᠳᠬᠦᠨ ᠤ ᠭᠠᠷᠤᠯᠲᠠ ᠶᠢᠨ ᠪᠠᠶᠢᠳᠠᠯ ᠠᠴᠠ ᠦᠵᠡᠪᠡᠯ᠂ ᠲᠠᠩ ᠲᠠᠯᠠᠰᠲᠤ ᠴᠠᠬᠢᠭᠤᠷ ᠤᠨ ᠭᠠᠷᠤᠯᠲᠠ ᠶᠢᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 1.4 ᠳᠠᠬᠢᠨ ᠢᠶᠠᠷ ᠨᠡᠮᠡᠭᠳᠡᠵᠦ᠂ ᠤᠯᠠᠨ ᠲᠠᠯᠠᠰᠲᠤ ᠴᠠᠬᠢᠭᠤᠷ ᠤᠨ ᠭᠠᠷᠤᠯᠲᠠ ᠶᠢᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ53.2% ᠨᠡᠮᠡᠭᠳᠡᠵᠦ᠂ ᠪᠠᠯ ᠴᠢᠯᠠᠭᠤ ᠪᠣᠯᠤᠨ ᠨᠡᠭᠦᠷᠡᠰᠦᠲᠥ᠋ᠷᠥᠭᠴᠢ ᠶᠢᠨ ᠦᠶᠯᠡᠳᠬᠦᠨ ᠤ ᠭᠠᠷᠤᠯᠲᠠ ᠠᠳᠠᠯᠢ ᠬᠤᠭᠤᠴᠠᠭᠠᠨ ᠤ ᠬᠢ ᠠᠴᠠ 29.2% ᠨᠡᠮᠡᠭᠳᠡᠪᠡ᠃ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠦᠷ᠎ᠡ ᠠᠰᠢᠭ ᠠᠴᠠ ᠦᠵᠡᠪᠡᠯ᠂ 1 — 9 ᠳ᠋ᠦ᠋ᠭᠡᠷ ᠰᠠᠷ᠎ᠠ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠠᠵᠤ ᠠᠬᠤᠶᠢᠯᠠᠯ ᠤᠨ ᠠᠰᠢᠭ ᠬᠤᠨᠵᠢᠪᠣᠷᠢ ᠶᠢᠨ ᠪᠥᠬᠦ ᠲᠤᠭ᠎ᠠ ᠠᠳᠠᠯᠢ ᠬᠤᠭᠤᠴᠠᠭᠠᠨ ᠤ ᠬᠢ ᠠᠴᠠ 25.7% ᠨᠡᠮᠡᠭᠳᠡᠵᠦ᠂ ᠠᠳᠠᠯᠢ ᠬᠤᠭᠤᠴᠠᠭᠠᠨ ᠤ ᠪᠥᠬᠦ ᠤᠯᠤᠰ ᠤᠨ ᠳᠤᠮᠳᠠᠴᠢ ᠬᠢᠷᠢ ᠲᠦᠪᠰᠢᠨ ᠠᠴᠠ 11 ᠵᠠᠭᠤᠨ ᠤ ᠴᠡᠭ ᠲᠦᠷᠭᠡᠰᠪᠡ︔ 1 — 10 ᠳ᠋ᠤᠭᠠᠷ ᠰᠠᠷ᠎ᠠ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠦᠢᠯᠡᠳᠪᠦᠷᠢᠯᠡᠯ ᠪᠣᠷᠣᠯᠠᠭᠤᠯᠭ᠎ᠠ ᠶᠢᠨ ᠨᠤᠷᠮ᠎ᠠ ᠡᠨᠡ ᠵᠢᠯ ᠰᠢᠨ᠎ᠡ ᠲᠡᠮᠳᠡᠭᠯᠡᠯ ᠢ ᠡᠭᠦᠳᠴᠦ᠂ 99.4%᠎ ᠳᠤ ᠬᠦᠷᠴᠦ᠂ ᠳᠡᠭᠡᠷ᠎ᠡ ᠬᠠᠭᠠᠰ ᠵᠢᠯ ᠤᠨ ᠬᠢ ᠠᠴᠠ 0.3 ᠵᠠᠭᠤᠨ ᠤ ᠴᠡᠭ ᠳᠡᠭᠡᠭᠰᠢᠯᠡᠪᠡ᠃      ᠭᠢᠯᠠᠰ ᠴᠡᠭ ᠬᠤᠶᠠᠷ᠄ ᠪᠡᠯᠡ ᠣᠷᠣᠭᠤᠯᠤᠯᠲᠠ ᠶᠢᠨ ᠪᠦᠲᠦᠴᠡ ᠦᠷᠭᠦᠯᠵᠢᠯᠡᠨ ᠰᠢᠯᠢᠳᠡᠭᠵᠢᠪᠡ᠃ 1 — 10 ᠳ᠋ᠤᠭᠠᠷ ᠰᠠᠷ᠎ᠠ ᠳᠤ᠂ ᠪᠥᠬᠦ ᠣᠷᠣᠨ ᠤ ᠠᠵᠤ ᠦᠢᠯᠡᠳᠪᠦᠷᠢ ᠶᠢᠨ ᠮᠡᠷᠭᠡᠵᠢᠯ ᠤᠨ ᠥᠭᠡᠷᠡᠴᠢᠯᠡᠯᠲᠡ ᠶᠢᠨ ᠪᠡᠯᠡ ᠣᠷᠣᠭᠤᠯᠤᠯᠲᠠ ᠶᠢᠨ ᠪᠦᠬᠦ ᠠᠵᠤ ᠦᠢᠯᠡᠳᠪᠦᠷᠢ ᠶᠢᠨ ᠪᠡᠯᠡ ᠣᠷᠣᠭᠤᠯᠤᠯᠲᠠ ᠳᠠᠬᠢ ᠡᠵᠡᠯᠡᠬᠦ ᠬᠤᠪᠢ ᠶᠢᠨ ᠵᠢᠩ ᠨᠢ 14.0% ᠬᠦᠷᠴᠦ᠂ ᠠᠳᠠᠯᠢ ᠬᠤᠭᠤᠴᠠᠭᠠᠨ ᠤ ᠬᠢ ᠠᠴᠠ 1.6 ᠵᠠᠭᠤᠨ ᠤ ᠴᠡᠭ ᠳᠡᠭᠡᠭᠰᠢᠯᠡᠪᠡ᠃ ᠡᠭᠦᠨ ᠳᠤ᠂ ᠦᠶᠯᠡᠳᠬᠦ ᠦᠶᠯᠡᠰ ᠤᠨ ᠮᠡᠷᠭᠡᠵᠢᠯ ᠤᠨ ᠥᠭᠡᠷᠡᠴᠢᠯᠡᠯᠲᠡ ᠶᠢᠨ ᠪᠡᠯᠡ ᠣᠷᠣᠭᠤᠯᠤᠯᠲᠠ ᠶᠢᠨ ᠡᠵᠡᠯᠡᠬᠦ ᠬᠤᠪᠢ ᠶᠢᠨ ᠵᠢᠩ ᠠᠭᠠᠵᠢᠮ ᠢᠶᠠᠷ ᠳᠡᠭᠡᠭᠰᠢᠯᠡᠪᠡ︔ ᠳᠡᠭᠡᠳᠦ ᠮᠡᠷᠭᠡᠵᠢᠯ ᠤᠨ ᠦᠢᠯᠡᠳᠬᠦ ᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 48.7% ᠨᠡᠮᠡᠭᠳᠡᠵᠦ᠂ ᠠᠳᠠᠯᠢ ᠬᠤᠭᠤᠴᠠᠭᠠᠨ ᠤ ᠪᠥᠬᠦ ᠤᠯᠤᠰ ᠤᠨ ᠳᠤᠮᠳᠠᠴᠢ ᠬᠢᠷᠢ ᠲᠦᠪᠰᠢᠨ ᠠᠴᠠ 32.6 ᠵᠠᠭᠤᠨ ᠤ ᠴᠡᠭ ᠲᠦᠷᠭᠡᠰᠪᠡ᠃      ᠭᠢᠯᠠᠰ ᠴᠡᠭ ᠭᠤᠷᠪᠠ᠄ ᠬᠡᠷᠡᠭᠯᠡᠭᠡᠨ ᠤ ᠵᠠᠬ᠎ᠠ ᠳᠡᠯᠭᠡᠭᠦᠷ ᠲᠣᠭᠲᠠᠭᠤᠨ ᠢᠶᠠᠷ ᠨᠡᠮᠡᠭᠳᠡᠵᠦ᠂ ᠬᠥᠳᠡᠭᠡ ᠲᠣᠰᠬᠤᠨ ᠤ ᠬᠡᠷᠡᠭᠯᠡᠭᠡᠨ ᠤ ᠨᠡᠮᠡᠭᠳᠡᠯ ᠤᠨ ᠬᠤᠷᠳᠤᠴᠠ ᠨᠢ ᠬᠤᠲᠠ ᠪᠠᠯᠭᠠᠰᠤ ᠠᠴᠠ ᠲᠦᠷᠭᠡᠨ ᠪᠣᠯᠵᠠᠶ᠃ 1 — 10 ᠳ᠋ᠤᠭᠠᠷ ᠰᠠᠷ᠎ᠠ ᠳᠤ᠂ ᠮᠠᠨ ᠤ ᠣᠷᠣᠨ ᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠤᠭ᠎ᠠ 5926.2 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.8% ᠨᠡᠮᠡᠭᠳᠡᠵᠦ᠂ ᠮᠦᠨᠬᠦ 6.5% — 7.0% ᠬᠤᠭᠤᠷᠣᠨᠳᠤᠬᠢ ᠨᠡᠮᠡᠭᠳᠡᠯ ᠤᠨ ᠣᠷᠣᠨ ᠵᠠᠶ ᠳᠤ ᠲᠣᠭᠲᠠᠪᠤᠷᠢᠵᠢᠵᠤ ᠪᠠᠶᠢᠨ᠎ᠠ᠃ ᠬᠤᠳᠠ ᠬᠥᠳᠡᠭᠡ ᠶᠢᠨ ᠵᠠᠬ᠎ᠠ ᠳᠡᠯᠭᠡᠭᠦᠷ ᠢ ᠬᠤᠪᠢᠶᠠᠨ ᠦᠵᠡᠪᠡᠯ᠂ ᠬᠤᠲᠠ ᠪᠠᠯᠭᠠᠰᠤ ᠶᠢᠨ ᠵᠠᠬ᠎ᠠ ᠳᠡᠯᠭᠡᠭᠦᠷ ᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 6.6% ᠨᠡᠮᠡᠭᠳᠡᠵᠦ᠂ ᠬᠥᠳᠡᠭᠡ ᠲᠣᠰᠬᠤᠨ ᠤ ᠵᠠᠬ᠎ᠠ ᠳᠡᠯᠭᠡᠭᠦᠷ ᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 9.2% ᠨᠡᠮᠡᠭᠳᠡᠪᠡ᠃      ᠭᠢᠯᠠᠰ ᠴᠡᠭ ᠳᠥᠷᠪᠡ᠄ ᠭᠠᠳᠠᠭᠠᠳᠤ ᠣᠷᠤᠭᠤᠯᠤᠯᠲᠠ ᠭᠠᠷᠭᠠᠯᠲᠠ ᠶᠢᠨ ᠠᠷᠠᠯᠵᠢᠶ᠎ᠠ ︽ᠬᠤᠣᠰ ᠨᠡᠮᠡᠭᠳᠡᠯ︾᠎ ᠢ ᠪᠡᠶᠡᠯᠡᠭᠦᠯᠵᠦ᠂ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠦᠳᠲᠡᠷ ᠲᠦᠷᠭᠡᠨ ᠨᠡᠮᠡᠭᠳᠡᠪᠡ᠃ 1 — 10 ᠳ᠋ᠤᠭᠠᠷ ᠰᠠᠷ᠎ᠠ ᠳᠤ᠂ ᠮᠠᠨ ᠤ ᠣᠷᠣᠨ ᠤ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠶᠡᠷᠦᠩᠬᠡᠢ ᠦᠷᠲᠡᠭ 852.7 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8.6% ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠳᠡᠭᠡᠷ᠎ᠡ ᠬᠠᠭᠠᠰ ᠵᠢᠯ ᠪᠠ ᠲᠦᠷᠦᠭᠦᠤ ᠭᠤᠷᠪᠠᠨ ᠤᠯᠠᠷᠢᠯ ᠤᠨ ᠬᠢ ᠠᠴᠠ ᠲᠣᠰ ᠲᠣᠰ 7.2 ᠪᠠ 2.9 ᠵᠠᠭᠤᠨ ᠤ ᠴᠡᠭ ᠲᠦᠷᠭᠡᠰᠪᠡ᠃ ᠡᠭᠦᠨ ᠳᠤ᠂ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠶᠢᠨ ᠭᠠᠳᠠᠭᠠᠳᠤ ᠣᠷᠤᠭᠤᠯᠤᠯᠲᠠ ᠭᠠᠷᠭᠠᠯᠲᠠ ᠶᠢᠨ ᠶᠡᠷᠦᠩᠬᠡᠢ ᠥᠷᠲᠡᠭ ᠠᠳᠠᠯᠢ ᠬᠤᠭᠤᠴᠠᠭᠠᠨ ᠤ ᠬᠢ ᠠᠴᠠ 83.1% ᠨᠡᠮᠡᠭᠳᠡᠵᠦ᠂ ᠭᠠᠶᠢᠯᠢ ᠪᠠᠲᠤᠯᠠᠬᠤ ᠬᠥᠮᠥᠷᠭᠡ ᠶᠢᠨ ᠬᠢᠯᠢ ᠪᠠᠷ ᠣᠷᠤᠭᠤᠯᠵᠤ ᠭᠠᠷᠭᠠᠭᠰᠠᠨ ᠡᠳ᠋ ᠪᠠᠷᠠᠭ᠎ᠠ ᠶᠢᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 28.4% ᠨᠡᠮᠡᠭᠳᠡᠪᠡ᠃ ᠡᠭᠦᠨ ᠤ ᠬᠠᠮᠲᠤ᠂ ᠮᠠᠨ ᠤ ᠣᠷᠣᠨ ᠬᠢᠭᠡᠳ ︽ᠨᠢᠭᠡ ᠪᠦᠰᠡ ᠨᠢᠭᠡ ᠵᠠᠮ︾ ᠳᠠᠭᠠᠤ ᠤᠯᠤᠰ ᠯᠤᠭ᠎ᠠ ᠶᠢᠨ ᠠᠷᠠᠯᠵᠢᠶᠠᠨ ᠤ ᠨᠡᠮᠡᠭᠳᠡᠯ ᠨᠡᠯᠢᠶᠡᠳ ᠲᠦᠷᠭᠡᠨ ᠪᠠᠶᠢᠵᠤ᠂ ᠮᠣᠩᠭᠤᠯ ᠤᠯᠤᠰ᠂ ᠸᠢᠶᠧᠲᠨᠠᠮ᠂ ᠭᠧᠷᠮᠠᠨ᠂ ᠬᠤᠯᠠᠨᠳ᠋ ᠵᠡᠷᠭᠡ ᠤᠯᠤᠰ ᠯᠤᠭ᠎ᠠ ᠣᠷᠤᠭᠤᠯᠵᠤ ᠭᠠᠷᠭᠠᠭᠰᠠᠨ ᠥᠷᠲᠡᠭ ᠤᠨ ᠬᠡᠮᠵᠢᠶ᠎ᠡ ᠨᠢ ᠠᠳᠠᠯᠢ ᠬᠤᠭᠤᠴᠠᠭᠠᠨ ᠤ ᠬᠢ ᠠᠴᠠ ᠲᠤᠰ ᠲᠤᠰ 24.7%᠂ 1.3 ᠳᠠᠬᠢᠨ᠂ 64.1% ᠪᠠ 45.8% ᠨᠡᠮᠡᠭᠳᠡᠵᠡᠢ᠃ ᠠᠵᠤ ᠦᠢᠯᠡᠳᠪᠦᠷᠢ ᠶᠢᠨ ᠭᠠᠳᠠᠭᠠᠳᠤ ᠭᠠᠷᠭᠠᠯᠲᠠ ᠶᠡᠭᠡ ᠪᠠᠷ ᠨᠡᠮᠡᠭᠳᠡᠪᠡ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠭᠠᠳᠠᠭᠠᠳᠤ ᠭᠠᠷᠭᠠᠯᠲᠠ ᠶᠢᠨ ᠪᠠᠷᠠᠭ᠎ᠠ ᠲᠤᠰᠢᠶᠠᠭᠰᠠᠨ ᠥᠷᠲᠡᠭ ᠤᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 42.9% ᠨᠡᠮᠡᠭᠳᠡᠵᠦ᠂ ᠠᠳᠠᠯᠢ ᠬᠤᠭᠤᠴᠠᠭᠠᠨ ᠤ ᠪᠥᠬᠦ ᠤᠯᠤᠰ ᠤᠨ ᠳᠤᠮᠳᠠᠴᠢ ᠨᠡᠮᠡᠭᠳᠡᠯ ᠤᠨ ᠬᠤᠷᠳᠤᠴᠠ ᠠᠴᠠ 34.3 ᠵᠠᠭᠤᠨ ᠤ ᠴᠡᠭ ᠲᠦᠷᠭᠡᠰᠴᠦ᠂ ᠨᠡᠮᠡᠭᠳᠡᠯ ᠤᠨ ᠬᠤᠷᠳᠤᠴᠠ ᠨᠢ ᠡᠯ᠎ᠡ ᠮᠤᠵᠢ ᠣᠷᠣᠨ ᠬᠤᠲᠠ ᠨᠤᠭᠤᠳ ᠲᠤ ᠲᠡᠷᠢᠭᠦᠯᠡᠪᠡ᠃      ᠭᠢᠯᠠᠰ ᠴᠡᠭ ᠲᠠᠪᠤ᠄ ᠥᠪᠥᠷ ᠮᠣᠩᠭᠤᠯ ᠤᠨ ᠵᠡᠭᠦᠨ ᠬᠡᠰᠡᠭ ᠤᠨ ᠠᠵᠤ ᠠᠬᠤᠢ ᠲᠣᠭᠲᠠᠭᠤᠨ ᠢᠶᠠᠷ ᠨᠡᠮᠡᠭᠳᠡᠵᠦ᠂ ᠭᠤᠣᠯ ᠭᠤᠣᠯ ᠭᠦᠢᠴᠡᠳᠬᠡᠬᠦ ᠲᠤᠭ᠎ᠠ ᠨᠢ ᠦᠷᠭᠦᠯᠵᠢᠯᠡᠨ ᠰᠠᠶᠢᠵᠢᠷᠠᠪᠠ᠃ 1 — 10 ᠳ᠋ᠤᠭᠠᠷ ᠰᠠᠷ᠎ᠠ ᠳᠤ᠂ ᠥᠪᠥᠷ ᠮᠣᠩᠭᠤᠯ ᠤᠨ ᠵᠡᠭᠦᠨ ᠬᠡᠰᠡᠭ ᠤᠨ ᠭᠠᠵᠠᠷ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 4.3% ᠨᠡᠮᠡᠭᠳᠡᠵᠦ᠂ ᠳᠡᠭᠡᠷ᠎ᠡ ᠬᠠᠭᠠᠰ ᠵᠢᠯ ᠪᠠ ᠲᠦᠷᠦᠭᠦᠤ ᠭᠤᠷᠪᠠᠨ ᠤᠯᠠᠷᠢᠯ ᠤᠨ ᠬᠢ ᠠᠴᠠ ᠲᠤᠰ ᠲᠤᠰ 1.2 ᠪᠠ 1.5 ᠵᠠᠭᠤᠨ ᠴᠡᠭ ᠳᠡᠭᠡᠭᠰᠢᠯᠡᠪᠡ︔ ᠥᠪᠥᠷ ᠮᠣᠩᠭᠤᠯ ᠤᠨ ᠵᠡᠭᠦᠨ ᠬᠡᠰᠡᠭ ᠤᠨ ᠭᠠᠵᠠᠷ ᠣᠷᠣᠨ ᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ ᠨᠢ ᠠᠳᠠᠯᠢ ᠬᠤᠭᠤᠴᠠᠭᠠᠨ ᠤ ᠬᠢ ᠠᠴᠠ 7.1%᠎ ᠪᠠᠷ ᠨᠡᠮᠡᠭᠳᠡᠨ᠂ ᠠᠳᠠᠯᠢ ᠬᠤᠭᠤᠴᠠᠭᠠᠨ ᠤ ᠪᠥᠬᠦ ᠣᠷᠣᠨ ᠤ ᠳᠤᠮᠳᠠᠴᠢ ᠬᠢᠷᠢ ᠲᠥᠪᠰᠢᠨ ᠠᠴᠠ 0.3 ᠵᠠᠭᠤᠨ ᠤ ᠴᠡᠭ ᠥᠨᠳᠥᠷ ᠪᠣᠯᠪᠠ᠃      ᠭᠢᠯᠠᠰ ᠴᠡᠭ ᠵᠢᠷᠭᠤᠭ᠎ᠠ᠄ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠭᠦᠨᠵᠡᠭᠡᠶ ᠲᠦᠯᠬᠢᠨ ᠠᠬᠢᠭᠤᠯᠵᠤ᠂ ︽ᠭᠤᠷᠪᠠ ᠶᠢ ᠬᠠᠰᠤᠬᠤ ᠨᠢᠭᠡ ᠶᠢ ᠪᠠᠭᠤᠷᠠᠭᠤᠯᠬᠤ ᠨᠢᠭᠡ ᠶᠢ ᠨᠥᠬᠦᠪᠥᠷᠢᠯᠡᠬᠦ︾ ᠢᠯᠡᠳᠲᠡ ᠦᠷ᠎ᠡ ᠪᠦᠲᠦᠮᠵᠢ ᠤᠯᠪᠠ᠃ ᠦᠯᠡᠭᠦᠳᠡᠭᠰᠡᠨ ᠦᠢᠯᠡᠳᠪᠦᠷᠢᠯᠡᠬᠦ ᠴᠢᠳᠠᠪᠤᠷᠢ ᠶᠢ ᠬᠠᠰᠤᠬᠤ ᠲᠠᠯ᠎ᠠ ᠠᠴᠠ ᠠᠪᠴᠤ ᠦᠵᠡᠪᠡᠯ᠂ 1 — 10 ᠳ᠋ᠤᠭᠠᠷ ᠰᠠᠷ᠎ᠠ ᠳᠤ᠂ ᠪᠥᠬᠦ ᠣᠷᠣᠨ ᠤ ᠱᠦᠢᠨᠢ ᠶᠢᠨ ᠦᠢᠯᠡᠳᠬᠦᠨ ᠤ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 9.4%᠎ ᠪᠠᠷ ᠪᠠᠭᠤᠷᠠᠵᠤ᠂ ᠪᠣᠯᠪᠠᠰᠤᠷᠠᠭᠤᠯᠤᠭᠰᠠᠨ ᠬᠤᠵᠢᠷ ᠤᠨ ᠭᠠᠷᠤᠯᠲᠠ ᠶᠢᠨ ᠬᠡᠮᠵᠢᠶ᠎ᠡ ᠠᠳᠠᠯᠢ ᠬᠤᠭᠤᠴᠠᠭᠠᠨ ᠠᠴᠠ 4.6%᠎ ᠪᠠᠷ ᠪᠠᠭᠤᠷᠠᠪᠠ᠃ ᠬᠥᠮᠥᠷᠭᠡ ᠶᠢᠨ ᠬᠠᠳᠠᠭᠠᠯᠠᠯᠲᠠ ᠶᠢ ᠬᠠᠰᠤᠬᠤ ᠲᠠᠯ᠎ᠠ ᠠᠴᠠ ᠠᠪᠴᠤ ᠦᠵᠡᠪᠡᠯ᠂ 10 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠣᠷᠣᠨ ᠤ ᠲᠠᠸᠠᠷ ᠤᠨ ᠬᠡᠷ ᠪᠠᠶᠢᠰᠢᠩ ᠤᠨ ᠪᠣᠷᠣᠯᠠᠭᠤᠯᠬᠤ ᠲᠠᠯᠠᠪᠠᠶ ᠠᠳᠠᠯᠢ ᠬᠤᠭᠤᠴᠠᠭᠠᠨ ᠤ ᠬᠢ ᠠᠴᠠ 1.1% ᠪᠠᠭᠤᠷᠠᠪᠠ᠃ ᠬᠦᠰᠢᠬᠦᠷᠬᠡ ᠶᠢ ᠪᠠᠭᠠᠰᠬᠠᠬᠤ ᠲᠠᠯ᠎ᠠ ᠠᠴᠠ ᠠᠪᠴᠤ ᠦᠵᠡᠪᠡᠯ᠂ 1 — 9 ᠳ᠋ᠦ᠋ᠭᠡᠷ ᠰᠠᠷ᠎ᠠ ᠳᠤ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠡᠳ᠋ ᠬᠦᠷᠦᠩᠭᠡ ᠶᠢᠨ ᠥᠭᠴᠡᠭᠡᠨ ᠤ ᠨᠤᠷᠮ᠎ᠠ ᠠᠳᠠᠯᠢ ᠬᠤᠭᠤᠴᠠᠭᠠᠨ ᠤ ᠬᠢ ᠠᠴᠠ 1.9 ᠵᠠᠭᠤᠨ ᠤ ᠴᠡᠭ ᠪᠠᠭᠤᠷᠠᠪᠠ᠃ ᠥᠪᠡᠷ ᠤᠨ ᠦᠷᠲᠡᠭ ᠢ ᠪᠠᠭᠤᠷᠠᠭᠤᠯᠬᠤ ᠲᠠᠯ᠎ᠠ ᠠᠴᠠ ᠠᠪᠴᠤ ᠦᠵᠡᠪᠡᠯ᠂ 1 — 9 ᠳ᠋ᠦ᠋ᠭᠡᠷ ᠰᠠᠷ᠎ᠠ ᠳᠤ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠠᠵᠤ ᠠᠬᠤᠶᠢᠯᠠᠯ ᠤᠨ ᠵᠠᠭᠤᠨ ᠲᠥᠭᠦᠷᠢᠭ ᠪᠦᠷᠢ ᠶᠢᠨ ᠭᠤᠤᠯ ᠡᠵᠡᠩᠨᠡᠯᠲᠡ ᠶᠢᠨ ᠲᠤᠬᠠᠶᠢᠯᠠᠭᠰᠠᠨ ᠠᠵᠢᠯ ᠤᠨ ᠣᠷᠣᠯᠭ᠎ᠠ ᠶᠢᠨ ᠥᠪᠡᠷ ᠤᠨ ᠦᠷᠲᠡᠭ ᠠᠳᠠᠯᠢ ᠬᠤᠭᠤᠴᠠᠭᠠᠨ ᠤ ᠬᠢ ᠠᠴᠠ 0.3 ᠲᠥᠭᠦᠷᠢᠭ ᠪᠠᠭᠤᠷᠠᠵᠤ᠂ ᠠᠳᠠᠯᠢ ᠬᠤᠭᠤᠴᠠᠭᠠᠨ ᠤ ᠪᠥᠬᠦ ᠤᠯᠤᠰ ᠤᠨ ᠳᠤᠮᠳᠠᠴᠢ ᠬᠢᠷᠢ ᠲᠦᠪᠰᠢᠨ ᠠᠴᠠ ᠳᠣᠣᠷ᠎ᠠ ᠪᠣᠯᠪᠠ᠃ ᠳᠤᠲᠠᠭᠤᠳᠠᠯ ᠢ ᠨᠥᠬᠦᠪᠥᠷᠢᠯᠡᠬᠦ ᠲᠠᠯ᠎ᠠ ᠠᠴᠠ ᠠᠪᠴᠤ ᠦᠵᠡᠪᠡᠯ᠂ 1 — 10 ᠳ᠋ᠤᠭᠠᠷ ᠰᠠᠷ᠎ᠠ ᠳᠤ᠂ ᠪᠥᠬᠦ ᠣᠷᠣᠨ ᠤ ᠮᠡᠳᠡᠭᠡ ᠵᠠᠩᠭᠢ ᠶᠢᠨ ᠳᠠᠮᠵᠢᠭᠤᠯᠭ᠎ᠠ ᠶᠢᠨ ᠵᠥᠭᠡᠯᠡᠨ ᠲᠣᠨᠤᠭ ᠪᠠ ᠮᠡᠳᠡᠭᠡ ᠵᠠᠩᠭᠢ ᠶᠢᠨ ᠮᠡᠷᠭᠡᠵᠢᠯ ᠤᠨ ᠦᠶᠯᠡᠴᠢᠯᠡᠭᠡᠨ ᠤ ᠦᠶᠯᠡᠰ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 8.6% ᠨᠡᠮᠡᠭᠳᠡᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号