ᠥᠪᠥᠷ ᠵᠠᠰᠠᠭ ᠠᠯᠪᠠᠨ ᠲᠠᠷᠬᠠᠭᠠᠭᠰᠠᠨ ﹇2018﹈ 37 ᠳ᠋ᠤᠭᠠᠷ ᠲᠤᠭᠠᠳᠤ | 2018 ᠣᠨ ᠤ 6 ᠳ᠋ᠤᠭᠠᠷ ᠰᠠᠷ᠎ᠠ ᠶᠢᠨ 12 ᠤᠨ ᠡᠳᠦᠷ | | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ | ᠣᠷᠣᠨ ᠤ ᠡᠯ᠎ᠡ ᠵᠦᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠤ ᠠᠵᠤ ᠠᠬᠤᠶᠢᠯᠠᠯ ᠠᠵᠢᠯ | ᠦᠢᠯᠡᠰ ᠤᠨ ᠨᠢᠭᠡᠴᠢ ᠳᠤ᠄ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠡᠷᠬᠢᠯᠡᠨ ᠪᠠᠶᠢᠭᠤᠯᠬᠤ ᠴᠠᠭ ᠢ | ᠤᠯᠠᠮ ᠨᠢᠭᠡ ᠠᠯᠬᠤᠮ ᠪᠣᠭᠤᠨᠢᠰᠬᠠᠬᠤ ᠶᠢᠨ ᠬᠡᠷᠡᠭᠵᠢᠭᠦᠯᠬᠦ ᠲᠦᠰᠦᠯ︾ ᠢ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠢᠶᠠᠷ ᠵᠦᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ | ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠵᠣᠬᠢᠶᠠᠨ ᠪᠠᠶᠢᠭᠤᠯᠤᠨ ᠬᠡᠷᠡᠭᠵᠢᠭᠦᠯᠳᠦᠭᠡᠢ᠃ | | | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠡᠷᠬᠢᠯᠡᠨ | ᠪᠠᠶᠢᠭᠤᠯᠬᠤ ᠴᠠᠭ ᠢ ᠤᠯᠠᠮ ᠨᠢᠭᠡ ᠠᠯᠬᠤᠮ ᠪᠣᠭᠤᠨᠢᠰᠬᠠᠬᠤ ᠶᠢᠨ ᠬᠡᠷᠡᠭᠵᠢᠭᠦᠯᠬᠦ ᠲᠦᠰᠦᠯ | | | ︽ᠠᠵᠤ ᠠᠬᠤᠶᠢᠯᠠᠯ ᠡᠷᠬᠢᠯᠡᠨ ᠪᠠᠶᠢᠭᠤᠯᠬᠤ ᠴᠠᠭ ᠢ ᠤᠯᠠᠮ ᠨᠢᠭᠡ ᠠᠯᠬᠤᠮ ᠪᠣᠭᠤᠨᠢᠰᠬᠠᠬᠤ ᠲᠤᠬᠠᠢ | ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠰᠠᠨᠠᠯ︾ ︵ᠲᠥᠷᠥ ᠠᠯᠪᠠᠨ ᠲᠠᠷᠬᠠᠭᠠᠭᠰᠠᠨ ﹇ | 2018﹈ 32 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠦᠨᠳᠦᠰᠦᠯᠡᠨ᠂ ᠨᠡᠶᠢᠭᠡᠮ ᠤᠨ ᠪᠡᠯᠡ ᠣᠷᠤᠭᠤᠯᠵᠤ | ᠠᠳᠠᠯ ᠦᠢᠯᠡᠰ ᠴᠣᠭᠴᠠᠯᠠᠬᠤ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ ᠭᠦᠭᠵᠢᠭᠡᠵᠦ᠂ ᠠᠵᠤ ᠠᠬᠤᠶᠢᠯᠠᠯ | ᠡᠷᠬᠢᠯᠡᠨ ᠪᠠᠶᠢᠭᠤᠯᠬᠤ ᠴᠠᠭ ᠢ ᠪᠣᠭᠤᠨᠢᠰᠬᠠᠨ᠂ ᠳᠦᠭᠦᠮ ᠲᠦᠳᠡ᠂ ᠪᠣᠰᠢᠭᠤ ᠲᠦᠷᠭᠡᠨ ᠪᠦᠭᠡᠳ ᠡᠮᠬᠢ | ᠵᠢᠷᠤᠮ ᠲᠠᠢ ᠪᠠᠷ ᠵᠠᠬ᠎ᠠ ᠳᠡᠯᠭᠡᠭᠦᠷ ᠲᠤ ᠵᠦᠪᠰᠢᠶᠡᠷᠡᠨ ᠣᠷᠤᠭᠤᠯᠬᠤ ᠲᠣᠭᠲᠠᠴᠠ ᠶᠢ ᠪᠠᠶᠢᠭᠤᠯᠬᠤ ᠶᠢᠨ ᠲᠤᠰᠠᠳᠠ᠂ | ᠦᠪᠡᠷᠳᠡᠬᠡᠨ ᠵᠠᠰᠠᠬᠤ ᠤᠷᠤᠨ ᠤ ᠪᠤᠳᠠᠳᠠᠢ ᠲᠠᠢ ᠪᠠᠨ ᠤᠶᠠᠯᠳᠤᠭᠤᠯᠤᠨ᠂ ᠲᠤᠰ ᠲᠥᠰᠥᠯ ᠢ ᠲᠣᠭᠲᠠᠭᠠᠪᠠ᠃ | ᠨᠢᠭᠡ᠂ ᠶᠡᠷᠦᠩᠬᠡᠢ ᠱᠠᠭᠠᠷᠳᠠᠯᠭ᠎ᠠ ᠪᠠ ᠠᠵᠢᠯ ᠤᠨ ᠬᠠᠷᠠᠯᠲᠠ | ︵ᠨᠢᠭᠡ︶ ᠵᠢᠯᠣᠭᠤᠳᠬᠤ ᠦᠵᠡᠯ ᠰᠠᠨᠠᠭ᠎ᠠ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ | ᠶᠢᠰᠦᠳᠦᠭᠡᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ ᠪᠦᠭᠦᠲᠡ ᠬᠤᠷᠠᠯ ᠤᠨ ᠵᠣᠷᠢᠭ ᠰᠠᠨᠠᠭ᠎ᠠ ᠶᠢ ᠪᠦᠬᠦ | ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠲᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠨ᠂ | ᠰᠢᠨ᠎ᠡ ᠬᠦᠭᠵᠢᠯᠲᠡ ᠶᠢᠨ ᠣᠨᠣᠯᠵᠢᠬᠤᠨ ᠢ ᠪᠠᠲᠤ ᠴᠢᠩᠭ᠎ᠠ ᠪᠣᠢ ᠪᠣᠯᠭᠠᠬᠤ ᠪᠠ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠡᠵᠡᠩᠨᠡᠨ ᠬᠤᠳᠠᠯᠳᠤᠭᠠᠯᠠᠬᠤ ᠣᠷᠴᠢᠨ ᠨᠦᠬᠦᠴᠡᠯ ᠢ ᠤᠯᠠᠮ ᠨᠢᠭᠡ ᠠᠯᠬᠤᠮ | ᠰᠢᠯᠢᠳᠡᠭᠵᠢᠭᠦᠯᠬᠦ ᠲᠤᠬᠠᠢ ᠨᠠᠮ ᠤᠨ ᠲᠦᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠢᠢᠳᠪᠦᠷᠢᠲᠦ | ᠪᠣᠳᠣᠯᠭ᠎ᠠ ᠶᠢᠨ ᠪᠠᠶᠢᠷᠢᠯᠠᠭᠤᠯᠤᠯᠲᠠ ᠶᠣᠰᠤᠭᠠᠷ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠪᠠ ᠦᠭᠡᠷᠡᠴᠢᠯᠡᠯᠲᠡ | ᠬᠢᠵᠦ ᠰᠢᠨ᠎ᠡ ᠶᠢ ᠡᠭᠦᠳᠬᠦ ᠶᠢ ᠪᠠᠷᠢᠮᠲᠠᠯᠠᠨ᠂ ᠦᠢᠯᠡᠳᠪᠦᠷᠢ ᠬᠤᠳᠠᠯᠳᠤᠭ᠎ᠠ ᠶᠢᠨ ᠵᠦᠢᠯᠡᠰ ᠤᠨ ᠳᠥᠷᠢᠮ ᠤᠨ | ᠥᠭᠡᠷᠡᠴᠢᠯᠡᠯᠲᠡ ᠪᠠᠷ ᠭᠠᠷᠳᠠᠴᠠ ᠪᠣᠯᠭᠠᠵᠤ᠂ ︽ᠳᠣᠷᠣᠭᠰᠢ ᠲᠠᠯᠪᠢᠬᠤ᠂ ᠬᠠᠮᠢᠶᠠᠷᠬᠤ᠂ ᠦᠢᠯᠡᠴᠢᠯᠡᠬᠦ︾ | ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠠᠵᠤ ᠠᠬᠤᠶᠢᠯᠠᠯ ᠡᠷᠬᠢᠯᠡᠨ ᠪᠠᠶᠢᠭᠤᠯᠬᠤ ᠲᠠᠯ᠎ᠠ ᠪᠠᠷ ᠬᠢ | ᠭᠤᠭᠴᠤᠭ᠎ᠠ ᠶᠢ ᠨᠢ ᠴᠦᠬᠡᠳᠬᠡᠬᠦ᠂ ᠴᠠᠭ ᠢ ᠨᠢ ᠪᠣᠭᠤᠨᠢᠰᠬᠠᠬᠤ ᠪᠠᠷ ᠴᠢᠷᠮᠠᠶᠢᠵᠦ᠂ ᠡᠵᠡᠩᠨᠡᠨ ᠬᠤᠳᠠᠯᠳᠤᠭᠠᠯᠠᠬᠤ | ᠣᠷᠴᠢᠨ ᠨᠦᠬᠦᠴᠡᠯ ᠢ ᠬᠦᠴᠦᠯᠡᠨ ᠰᠢᠯᠢᠳᠡᠭᠵᠢᠭᠦᠯᠦᠨ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠪᠠ | ᠨᠡᠶᠢᠭᠡᠮ ᠤᠨ ᠪᠦᠲᠦᠭᠡᠯᠴᠢ ᠬᠦᠴᠦᠨ ᠢ ᠬᠦᠭᠵᠢᠭᠡᠵᠦ᠂ ᠦᠨᠳᠦᠷ ᠴᠢᠨᠠᠷ ᠴᠢᠨᠰᠠᠭ᠎ᠠ ᠲᠠᠢ ᠬᠦᠭᠵᠢᠬᠦ ᠶᠢ ᠠᠬᠢᠭᠤᠯᠬᠤ | ᠬᠡᠷᠡᠭᠲᠡᠢ᠃ | ︵ᠬᠤᠶᠠᠷ︶ ᠠᠵᠢᠯ ᠤᠨ ᠬᠠᠷᠠᠯᠲᠠ᠃ 2018 ᠣᠨ ᠤ 10 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ᠂ | ᠮᠠᠨ ᠤ ᠣᠷᠣᠨ ᠤ ᠠᠵᠤ ᠠᠬᠤᠶᠢᠯᠠᠯ ᠡᠷᠬᠢᠯᠡᠨ ᠪᠠᠶᠢᠭᠤᠯᠬᠤ ᠳᠤ ᠦᠢᠯᠡᠳᠪᠦᠷᠢ ᠬᠤᠳᠠᠯᠳᠤᠭ᠎ᠠ ᠶᠢᠨ ᠳᠠᠩᠰᠠᠯᠠᠨ | ᠲᠡᠮᠳᠡᠭᠯᠡᠬᠦ᠂ ᠲᠠᠮᠠᠭ᠎ᠠ ᠰᠡᠶᠢᠯᠦᠨ ᠵᠣᠬᠢᠶᠠᠬᠤ ᠪᠣᠯᠣᠨ ᠪᠠᠷᠢᠮᠲᠠ ᠭᠤᠶᠤᠴᠢᠯᠠᠨ ᠠᠪᠬᠤ ᠵᠡᠷᠭᠡ ᠭᠤᠷᠪᠠᠨ | ᠬᠤᠭᠤᠴᠠᠭᠠᠨ ᠳᠠᠬᠢ ᠡᠷᠬᠢᠯᠡᠨ ᠭᠦᠢᠴᠡᠳᠭᠡᠬᠦ ᠴᠠᠭ ᠢ ᠨᠢ 5 ᠠᠵᠢᠯᠯᠠᠬᠤ ᠡᠳᠦᠷ ᠤᠨ ᠳᠣᠲᠣᠷ᠎ᠠ ᠳᠠᠭᠤᠰᠬᠠᠬᠤ ᠪᠠᠷ | ᠪᠣᠭᠤᠨᠢᠰᠬᠠᠨ᠎ᠠ᠃ ᠡᠭᠦᠨ ᠳᠤ᠂ ᠦᠢᠯᠡᠳᠪᠦᠷᠢ ᠬᠤᠳᠠᠯᠳᠤᠭ᠎ᠠ ᠶᠢᠨ ᠳᠠᠩᠰᠠᠯᠠᠨ ᠲᠡᠮᠳᠡᠭᠯᠡᠬᠦ ᠵᠦᠢᠯᠡᠰ ᠤᠨ ᠡᠷᠬᠢᠯᠡᠨ | ᠭᠦᠢᠴᠡᠳᠭᠡᠬᠦ ᠴᠠᠭ ᠢ 3 ᠡᠳᠦᠷ ᠠᠴᠠ ᠳᠠᠪᠠᠭᠤᠯᠵᠤ ᠪᠣᠯᠬᠤ ᠦᠭᠡᠢ᠂ ᠲᠠᠮᠠᠭ᠎ᠠ ᠰᠡᠶᠢᠯᠦᠨ ᠵᠣᠬᠢᠶᠠᠬᠤ ᠴᠠᠭ ᠢ 1 | ᠡᠳᠦᠷ ᠠᠴᠠ ᠳᠠᠪᠠᠭᠤᠯᠵᠤ ᠪᠣᠯᠬᠤ ᠦᠭᠡᠢ᠂ ᠪᠠᠷᠢᠮᠲᠠ ᠭᠤᠶᠤᠴᠢᠯᠠᠨ ᠠᠪᠬᠤ ᠴᠠᠭ ᠢ 1 ᠡᠳᠦᠷ ᠠᠴᠠ ᠳᠠᠪᠠᠭᠤᠯᠵᠤ | ᠪᠣᠯᠬᠤ ᠦᠭᠡᠢ᠃ ᠠᠵᠤ ᠠᠬᠤᠶᠢᠯᠠᠯ ᠡᠷᠬᠢᠯᠡᠨ ᠪᠠᠶᠢᠭᠤᠯᠬᠤ ᠶᠢᠨ ᠭᠤᠭᠴᠤᠭ᠎ᠠ ᠨᠢ ᠣᠯᠠᠨ᠂ ᠴᠣᠪᠣᠷᠠᠯ ᠨᠢ ᠤᠷᠲᠤ᠂ | ᠰᠠᠯᠠᠭ᠎ᠠ ᠮᠦᠴᠢᠷ ᠤᠳ ᠤᠨ ᠬᠤᠭᠤᠷᠤᠨᠳᠤ ᠶᠢᠨ ᠮᠡᠳᠡᠭᠡ ᠵᠠᠩᠭᠢ ᠶᠢ ᠬᠠᠮᠲᠤ ᠳᠤ ᠪᠠᠨ ᠬᠦᠷᠲᠡᠬᠦ ᠵᠢᠴᠢ ᠬᠠᠷᠢᠯᠴᠠᠨ | ᠨᠡᠪᠲᠡᠷᠡᠭᠦᠯᠵᠦ ᠬᠠᠷᠢᠯᠴᠠᠨ ᠮᠡᠳᠡᠷᠡᠬᠦ ᠳᠤ ᠰᠠᠭᠠᠳ ᠲᠠᠢ ᠪᠠᠶᠢᠬᠤ ᠵᠡᠷᠭᠡ ᠠᠰᠠᠭᠤᠳᠠᠯ ᠢ ᠦᠨᠡᠨᠬᠦ ᠰᠢᠢᠳᠪᠦᠷᠢᠯᠡᠵᠦ᠂ | ᠣᠯᠠᠨ ᠲᠦᠮᠡᠨ ᠤ ᠠᠵᠢᠯ ᠬᠡᠷᠡᠭ ᠭᠦᠢᠴᠡᠳᠭᠡᠬᠦ ᠳᠤ ᠨᠡᠩ ᠳᠦᠭᠦᠮ ᠲᠦᠳᠡ ᠪᠣᠰᠢᠭᠤ ᠲᠦᠷᠭᠡᠨ ᠦᠨᠳᠦᠷ | ᠪᠦᠲᠦᠮᠵᠢᠲᠠᠢ ᠦᠢᠯᠡᠴᠢᠯᠡᠭᠡ ᠬᠠᠩᠭᠠᠨ᠎ᠠ᠃ | ᠬᠤᠶᠠᠷ᠂ ᠭᠤᠣᠯ ᠡᠭᠦᠷᠭᠡ | ︵ᠨᠢᠭᠡ︶ ᠠᠵᠤ ᠠᠬᠤᠶᠢᠯᠠᠯ ᠤᠨ ᠨᠡᠷᠡᠶᠢᠳᠦᠯ ᠤᠨ ᠳᠠᠩᠰᠠᠯᠠᠨ ᠲᠡᠮᠳᠡᠭᠯᠡᠬᠦ ᠳᠦᠷᠢᠮ ᠳᠤ ᠥᠭᠡᠷᠡᠴᠢᠯᠡᠯᠲᠡ | ᠬᠢᠬᠦ ᠬᠡᠷᠡᠭᠲᠡᠢ᠃ ︽ᠥᠪᠥᠷ ᠮᠣᠩᠭᠤᠯ︾ ᠭᠡᠮᠡᠬᠦ ᠵᠠᠰᠠᠭ ᠵᠠᠬᠢᠷᠭᠠᠨ ᠤ ᠬᠤᠪᠢᠶᠠᠷᠢᠯᠠᠯ ᠢ ᠬᠠᠳᠠᠵᠤ ᠨᠡᠷᠡᠯᠡᠬᠦ ᠠᠵᠤ | ᠠᠬᠤᠶᠢᠯᠠᠯ ᠤᠨ ᠨᠡᠷᠡᠶᠢᠳᠦᠯ ᠤᠨ ᠬᠢᠨᠠᠨ ᠵᠦᠪᠰᠢᠶᠡᠷᠡᠬᠦ ᠡᠷᠬᠡ ᠶᠢ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ | ᠲᠣᠭᠤᠷᠢᠭ︶ ᠤ ᠠᠵᠤ ᠠᠬᠤᠶᠢᠯᠠᠯ ᠤᠨ ᠳᠠᠩᠰᠠᠯᠠᠨ ᠲᠡᠮᠳᠡᠭᠯᠡᠬᠦ ᠪᠠᠶᠢᠭᠤᠯᠭ᠎ᠠ ᠳᠤ ᠲᠠᠯᠪᠢᠨ᠎ᠠ᠃ ᠪᠦᠬᠦ ᠣᠷᠣᠨ ᠤ | ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠨᠡᠷᠡᠶᠢᠳᠤᠯ ᠤᠨ ᠬᠦᠮᠦᠷᠭᠡ ᠶᠢ ᠴᠢᠯᠦᠭᠡᠲᠡᠢ ᠪᠠᠶᠢᠯᠭᠠᠵᠤ᠂ ᠨᠡᠶᠢᠭᠡᠮ | ᠨᠡᠶᠢᠲᠡ ᠶᠢᠨ ᠬᠢᠨ ᠳᠤ ᠬᠠᠷᠭᠤᠭᠤᠯᠬᠤ᠂ ᠬᠠᠶᠢᠵᠤ ᠯᠠᠪᠯᠠᠬᠦ ᠦᠢᠯᠡᠴᠢᠯᠡᠭᠡ ᠬᠠᠩᠭᠠᠨ᠎ᠠ᠃ ᠠᠵᠤ ᠠᠬᠤᠶᠢᠯᠠᠯ ᠤᠨ | ᠨᠡᠷᠡᠶᠢᠳᠦᠯ ᠢ ᠰᠦᠯᠵᠢᠶ᠎ᠡ ᠪᠠᠷ ᠡᠵᠡᠨ ᠮᠡᠳᠡᠵᠦ ᠭᠤᠶᠤᠴᠢᠯᠠᠨ ᠮᠡᠳᠡᠭᠦᠯᠬᠦ ᠶᠢ ᠪᠦᠬᠦ ᠲᠠᠯ᠎ᠠ ᠪᠠᠷ ᠬᠡᠷᠡᠭᠵᠢᠭᠦᠯᠵᠦ᠂ | ᠭᠤᠶᠣᠴᠢᠯᠠᠭᠴᠢᠳ ᠰᠦᠯᠵᠢᠶ᠎ᠡ ᠪᠠᠷ ᠳᠠᠮᠵᠢᠵᠦ ᠠᠵᠤ ᠠᠬᠤᠶᠢᠯᠠᠯ ᠤᠨ ᠨᠡᠷᠡᠶᠢᠳᠦᠯ ᠭᠤᠶᠤᠴᠢᠯᠠᠬᠤ ᠳᠤ ᠲᠦᠭᠦᠮ | ᠦᠵᠡᠭᠦᠯᠬᠦ ᠬᠡᠷᠡᠭᠲᠡᠢ᠃ ᠠᠵᠤ ᠠᠬᠤᠶᠢᠯᠠᠯ ᠤᠨ ᠨᠡᠷᠡᠶᠢᠳᠦᠯ ᠤᠨ ᠳᠠᠩᠰᠠᠯᠠᠨ ᠲᠡᠮᠳᠡᠭᠯᠡᠬᠦ ᠬᠠᠮᠢᠶᠠᠷᠤᠯᠲᠠ ᠶᠢᠨ | ᠬᠤᠯᠪᠣᠭᠳᠠᠯ ᠪᠦᠬᠦᠢ ᠲᠣᠭᠲᠠᠭᠠᠯ ᠶᠣᠰᠤᠭᠠᠷ᠂ ᠠᠵᠤ ᠠᠬᠤᠶᠢᠯᠠᠯ ᠤᠨ ᠨᠡᠷᠡᠶᠢᠳᠦᠯ ᠤᠨ ᠬᠠᠷᠭᠤᠭᠤᠯᠬᠤ ᠰᠢᠰᠲ᠋ᠧᠮ ᠢ | ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠬᠢᠨᠠᠨ ᠬᠠᠷᠭᠤᠭᠤᠯᠬᠤ ᠳᠡᠰ ᠳᠠᠷᠠᠭᠠᠯᠠᠯ ᠢ ᠳᠦᠭᠦᠮᠴᠢᠯᠡᠨ᠂ ᠬᠢᠨᠠᠨ | ᠬᠠᠷᠭᠤᠭᠤᠯᠬᠤ ᠦᠷ᠎ᠡ ᠴᠢᠳᠠᠮᠵᠢ ᠪᠠᠨ ᠳᠡᠭᠡᠭᠰᠢᠯᠡᠭᠦᠯᠦᠨ᠂ ᠠᠵᠤ ᠠᠬᠤᠶᠢᠯᠠᠯ ᠤᠨ ᠨᠡᠷᠡᠶᠢᠳᠦᠯ ᠢ ᠲᠤᠬᠠᠢ ᠶᠢᠨ | ᠲᠠᠯᠠᠪᠠᠢ ᠳᠤ ᠨᠢ ᠬᠠᠷᠭᠤᠭᠤᠯᠤᠨ ᠵᠦᠪᠰᠢᠶᠡᠷᠡᠬᠦ ᠶᠢ ᠪᠡᠶᠡᠯᠡᠭᠦᠯᠬᠦ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ | ᠠᠵᠤ ᠦᠢᠯᠡᠳᠪᠦᠷᠢ ᠬᠤᠳᠠᠯᠳᠤᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠲᠣᠪᠴᠢᠶ᠎ᠠ ᠬᠠᠷᠢᠭᠤᠴᠠᠨ᠎ᠠ︶ | ︵ᠬᠤᠶᠠᠷ︶ ᠲᠡᠮᠳᠡᠭᠯᠡᠵᠦ ᠳᠠᠩᠰᠠᠯᠠᠬᠤ ᠶᠢ ᠳᠦᠭᠦᠮ ᠠᠪᠰᠠᠷᠬᠠᠨ ᠪᠣᠯᠭᠠᠬᠤ ᠶᠢ ᠦᠷᠭᠦᠯᠵᠢᠯᠡᠨ ᠠᠬᠢᠭᠤᠯᠬᠤ | ᠬᠡᠷᠡᠭᠲᠡᠢ᠃ ᠠᠵᠤ ᠠᠬᠤᠶᠢᠯᠠᠯ ᠤᠨ ᠳᠠᠩᠰᠠᠯᠠᠨ ᠲᠡᠮᠳᠡᠭᠯᠡᠬᠦ ᠶᠢ ᠰᠦᠯᠵᠢᠶ᠎ᠡ ᠪᠠᠷ ᠭᠦᠢᠴᠡᠳᠭᠡᠬᠦ ᠰᠢᠰᠲ᠋ᠧᠮ ᠢ | ᠨᠡᠪᠲᠡᠷᠡᠭᠦᠯᠵᠦ᠂ ᠭᠤᠶᠤᠴᠢᠯᠠᠭᠴᠢᠳ ᠢᠨᠲ᠋ᠧᠷ ᠰᠦᠯᠵᠢᠶ᠎ᠡ ᠪᠠᠷ ᠭᠤᠶᠤᠴᠢᠯᠠᠬᠤ᠂ ᠠᠵᠢᠯᠳᠡᠨ ᠨᠢ ᠳᠣᠲᠣᠭᠠᠳᠤ ᠶᠢᠨ | ᠬᠢᠨᠠᠨ ᠬᠠᠷᠭᠤᠭᠤᠯᠬᠤ ᠰᠢᠰᠲ᠋ᠧᠮ ᠢᠶᠠᠷ ᠬᠢᠨᠠᠨ ᠬᠠᠷᠭᠤᠭᠤᠯᠬᠤ᠂ ᠬᠢᠨᠠᠨ ᠵᠦᠪᠰᠢᠶᠡᠷᠡᠭᠰᠡᠨ ᠦᠷ᠎ᠡ ᠳ᠋ᠦᠩ ᠢ ᠢᠨᠲ᠋ᠧᠷ | ᠰᠦᠯᠵᠢᠶ᠎ᠡ ᠪᠠᠷ ᠬᠠᠷᠢᠭᠤ ᠲᠤᠰᠬᠠᠬᠤ ᠠᠵᠢᠯᠯᠠᠭᠠᠨ ᠤ ᠵᠠᠭᠪᠤᠷ ᠢᠶᠠᠷ ᠳᠠᠮᠵᠢᠨ᠂ ᠠᠵᠤ ᠠᠬᠤᠶᠢᠯᠠᠯ ᠪᠦᠬᠦᠨ ᠤ | ᠳᠠᠩᠰᠠᠯᠠᠨ ᠲᠡᠮᠳᠡᠭᠯᠡᠬᠦ ᠲᠤᠬᠠᠶᠢᠯᠠᠭᠰᠠᠨ ᠠᠵᠢᠯ ᠢ ᠰᠦᠯᠵᠢᠶ᠎ᠡ ᠪᠠᠷ ᠭᠦᠢᠴᠡᠳᠭᠡᠬᠦ ᠶᠢ ᠪᠡᠶᠡᠯᠡᠭᠦᠯᠬᠦ ᠬᠡᠷᠡᠭᠲᠡᠢ᠃ ᠠᠵᠤ | ᠠᠬᠤᠶᠢᠯᠠᠯ ᠤᠨ ᠳᠠᠩᠰᠠᠯᠠᠨ ᠲᠡᠮᠳᠡᠭᠯᠡᠬᠦ ᠪᠦᠬᠦ ᠶᠠᠪᠤᠴᠠ ᠶᠢᠨ ᠡᠯᠧᠺᠲᠷᠤᠨᠵᠢᠯᠲᠠ ᠶᠢ ᠬᠦᠴᠦᠲᠠᠢ ᠠᠬᠢᠭᠤᠯᠵᠤ᠂ | ᠡᠯᠧᠺᠲᠷᠤᠨ ᠡᠵᠡᠩᠨᠡᠯᠲᠡ ᠶᠢᠨ ᠦᠨᠡᠮᠯᠡᠯ ᠣᠯᠭᠤᠬᠤ ᠵᠢᠴᠢ ᠬᠡᠷᠡᠭᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃ | ︽ᠣᠯᠠᠨ ᠦᠨᠡᠮᠯᠡᠯ ᠢ ᠨᠡᠶᠢᠯᠠᠭᠦᠯᠵᠦ ᠨᠢᠭᠡ ᠪᠣᠯᠭᠠᠬᠤ︾ ᠥᠭᠡᠷᠡᠴᠢᠯᠡᠯᠲᠡ ᠶᠢ ᠭᠦᠨᠵᠡᠭᠡᠢ ᠦᠷᠨᠢᠭᠦᠯᠦᠨ᠂ ︽ᠭᠡᠷᠡᠴᠢ | ᠪᠠ ᠦᠨᠡᠮᠯᠠᠯ ᠢ ᠡᠮᠬᠢᠯᠡᠨ ᠨᠡᠶᠢᠯᠡᠭᠦᠯᠵᠦ᠂ ᠨᠢᠭᠡ ᠴᠣᠩᠬᠤᠪᠴᠢ ᠪᠠᠷ ᠬᠦᠯᠢᠶᠡᠨ ᠠᠪᠴᠤ ᠭᠦᠢᠴᠡᠳᠭᠡᠬᠦ︾ ᠶᠢᠨ | ᠳᠠᠩᠰᠠᠯᠠᠨ ᠲᠡᠮᠳᠡᠭᠯᠡᠬᠦ ᠵᠠᠭᠪᠤᠷ ᠢ ᠶᠠᠪᠤᠭᠳᠠᠭᠤᠯᠵᠤ᠂ ᠡᠯ᠎ᠡ ᠰᠠᠯᠠᠭ᠎ᠠ ᠮᠦᠴᠢᠷ ᠤᠨ ᠳᠠᠩᠰᠠᠯᠠᠨ ᠲᠡᠮᠳᠡᠭᠯᠡᠬᠦ ᠮᠡᠳᠡᠭᠡ | ᠵᠠᠩᠭᠢ ᠶᠢ ᠬᠠᠷᠢᠯᠴᠠᠨ ᠬᠤᠯᠪᠣᠵᠤ ᠬᠠᠮᠲᠤ ᠳᠤ ᠪᠠᠨ ᠬᠦᠷᠲᠡᠬᠦ᠂ ᠬᠠᠷᠢᠯᠴᠠᠨ ᠨᠡᠪᠲᠡᠷᠡᠵᠦ ᠬᠠᠷᠢᠯᠴᠠᠨ ᠮᠡᠳᠡᠷᠡᠬᠦ ᠶᠢ | ᠴᠢᠩᠭᠠᠳᠬᠠᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠡᠭᠦᠳᠦᠨ ᠵᠢᠷᠤᠭᠯᠠᠬᠤ ᠳᠥᠷᠢᠮ ᠤᠨ ᠴᠢᠨᠠᠷᠲᠠᠢ | ᠥᠪᠡᠷ ᠤᠨ ᠦᠷᠳᠡᠭ ᠢ ᠨᠢ ᠪᠠᠭᠤᠷᠠᠭᠤᠯᠬᠤ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ | ᠬᠤᠳᠠᠯᠳᠤᠭ᠎ᠠ ᠶᠢᠨ ᠵᠠᠰᠠᠭ ᠵᠠᠬᠢᠷᠭᠠᠨ ᠤ ᠲᠣᠪᠴᠢᠶ᠎ᠠ ᠲᠥᠷᠥᠭᠦᠯᠡᠵᠦ᠂ ᠥᠪᠡᠷᠲᠡᠭᠡᠨ ᠵᠠᠰᠠᠬᠤ ᠣᠷᠣᠨ ᠤ | ᠳᠣᠲᠣᠭᠠᠲᠤ ᠶᠢ ᠬᠠᠮᠠᠭᠠᠯᠠᠬᠤ ᠲᠢᠩᠬᠢᠮ᠂ ᠣᠷᠣᠨ ᠨᠤᠲᠤᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠥᠪᠥᠷ | ᠮᠣᠩᠭᠤᠯ ᠤᠨ ᠤᠯᠤᠰ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠦᠴᠢᠷ | ᠬᠠᠮᠵᠢᠯᠴᠠᠨ᠎ᠠ︶ | ︵ᠭᠤᠷᠪᠠ︶ ᠭᠠᠶᠢᠯᠢ ᠶᠢᠨ ᠶᠠᠪᠤᠳᠠᠯ ᠳᠤ ᠬᠤᠯᠪᠣᠭᠳᠠᠬᠤ ᠵᠦᠢᠯᠡᠰ ᠤᠨ ᠭᠦᠢᠴᠡᠳᠭᠡᠬᠦ ᠴᠣᠪᠣᠷᠠᠯ ᠢ | ᠳᠦᠭᠦᠮᠴᠢᠯᠡᠬᠦ ᠬᠡᠷᠡᠭᠲᠡᠢ᠃ ᠠᠵᠤ ᠠᠬᠤᠶᠢᠯᠠᠯ ᠤᠨ ᠠᠩᠬᠠᠳᠤᠭᠠᠷ ᠤᠳᠠᠭᠠᠨ ᠤ ᠭᠠᠶᠢᠯᠢ ᠭᠦᠢᠴᠡᠳᠭᠡᠬᠦ ᠳᠤ | ᠨᠦᠬᠦᠪᠦᠷᠢᠯᠡᠬᠦ ᠮᠡᠳᠡᠭᠡ ᠵᠠᠩᠭᠢ ᠶᠢ ᠨᠦᠭᠦᠪᠦᠷᠢᠯᠡᠨ ᠳᠡᠮᠳᠡᠭᠯᠡᠬᠦ ᠶᠢ ᠨᠢ ᠬᠦᠴᠦᠨ ᠦᠭᠡᠢ ᠪᠣᠯᠭᠠᠵᠤ᠂ ᠠᠵᠤ | ᠠᠬᠤᠶᠢᠯᠠᠯ ᠤᠨ ᠠᠩᠬᠠᠳᠤᠭᠠᠷ ᠤᠳᠠᠭ᠎ᠠ ᠦᠷᠲᠡᠭ ᠨᠡᠮᠡᠭᠳᠡᠯ ᠤᠨ ᠭᠠᠶᠢᠯᠢ ᠶᠢᠨ ᠪᠠᠷᠢᠮᠲᠠ ᠭᠤᠶᠤᠴᠢᠯᠠᠨ ᠠᠪᠬᠤ ᠳᠤ | ᠬᠠᠩᠭᠠᠭᠰᠠᠨ ᠮᠡᠳᠡᠭᠡ ᠵᠠᠩᠭᠢ ᠪᠠᠷ ᠨᠢ ᠨᠣᠲᠠᠯᠠᠬᠤ ᠪᠣᠯᠭᠠᠨ ᠥᠭᠡᠷᠡᠴᠢᠯᠡᠵᠦ᠂ ᠤᠯᠤᠰ ᠤᠨ ᠭᠠᠶᠢᠯᠢ᠂ ᠣᠷᠣᠨ | ᠨᠤᠲᠤᠭ ᠤᠨ ᠭᠠᠶᠢᠯᠢ ᠶᠢᠨ ᠠᠯᠢ ᠨᠢᠭᠡ ᠨᠢ ᠬᠦᠯᠢᠶᠡᠨ ᠠᠪᠴᠤ ᠭᠦᠢᠴᠡᠳᠭᠡᠬᠦ ᠪᠠ ᠰᠦᠯᠵᠢᠶ᠎ᠡ ᠪᠠᠨ ᠬᠤᠯᠪᠤᠵᠤ | ᠨᠢᠭᠡᠳᠦᠯᠲᠡᠢ ᠭᠦᠢᠴᠡᠳᠭᠡᠬᠦ ᠶᠢ ᠬᠡᠷᠡᠭᠵᠢᠭᠦᠯᠵᠦ᠂ ︽ᠬᠠᠭᠤᠳᠠᠰᠤ ᠲᠠᠭᠯᠠᠬᠤ ᠦᠭᠡᠢ︾ ᠦᠢᠯᠡᠴᠢᠯᠡᠭᠡ ᠬᠠᠩᠭᠠᠬᠤ | ᠬᠡᠷᠡᠭᠲᠡᠢ︔ ᠭᠠᠶᠢᠯᠢ ᠶᠢᠨ ᠲᠥᠷᠥᠯ ᠢ ᠮᠠᠭᠠᠳᠯᠠᠨ ᠲᠣᠭᠲᠠᠭᠠᠬᠤ ᠳᠤ ᠭᠠᠶᠢᠯᠢ ᠲᠤᠰᠢᠶᠠᠭᠴᠢ ᠬᠠᠮᠢᠶ᠎ᠠ ᠪᠦᠬᠦᠢ | ᠮᠠᠲ᠋ᠧᠷᠢᠶᠠᠯ ᠬᠠᠩᠭᠠᠬᠤ ᠴᠢᠬᠤᠯᠠ ᠦᠭᠡᠢ᠂ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠨᠢ ᠡᠭᠦᠷᠭᠡ ᠲᠤᠰᠢᠶᠠᠯ | ᠶᠣᠰᠤᠭᠠᠷ ᠢᠶᠠᠨ ᠳᠠᠷᠦ᠋ᠢᠬᠠᠨ ᠭᠦᠢᠴᠠᠳᠭᠡᠬᠦ ᠬᠡᠷᠡᠭᠲᠡᠢ︔ ᠠᠵᠤ ᠠᠬᠤᠶᠢᠯᠠᠯ ᠤᠳ 10 ᠲᠦᠮᠡᠨ ᠲᠥᠭᠦᠷᠢᠭ ︵ | ᠪᠠᠭᠲᠠᠭᠠᠨ᠎ᠠ︶ ᠠᠴᠠ ᠳᠣᠷᠣᠭᠰᠢ ᠶᠢᠨ ᠦᠷᠲᠡᠭ ᠨᠡᠮᠡᠭᠳᠡᠯ ᠤᠨ ᠭᠠᠶᠢᠯᠢ ᠶᠢᠨ ᠲᠤᠰᠬᠠᠢ ᠪᠠᠷᠢᠮᠲᠠ ᠪᠠ ᠦᠷᠲᠡᠭ | ᠨᠡᠮᠡᠭᠳᠡᠯ ᠤᠨ ᠭᠠᠶᠢᠯᠢ ᠶᠢᠨ ᠡᠩ ᠤᠨ ᠪᠠᠷᠢᠮᠲᠠ᠂ ᠲᠣᠭᠲᠠᠭᠰᠠᠨ ᠲᠣᠭᠠᠨ ᠤ ᠪᠠᠷᠢᠮᠲᠠ ᠭᠤᠶᠤᠴᠢᠯᠠᠨ ᠠᠪᠬᠤ ᠳᠤ᠂ | ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠨᠢ ᠲᠤᠬᠠᠢ ᠶᠢᠨ ᠲᠠᠯᠠᠪᠠᠢ ᠳᠤ ᠬᠦᠯᠢᠶᠡᠨ ᠠᠪᠴᠤ ᠭᠦᠢᠴᠡᠳᠭᠡᠬᠦ ᠮᠦᠷᠲᠡᠭᠡᠨ | ᠳᠠᠷᠦ᠋ᠢᠬᠠᠨ ᠭᠦᠢᠴᠡᠳᠭᠡᠵᠦ ᠳᠠᠭᠤᠰᠬᠠᠬᠤ ᠬᠡᠷᠡᠭᠲᠡᠢ︔ ︽ᠡᠯᠧᠺᠲᠷᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ︾ | ᠶᠢᠨ ᠰᠢᠰᠲ᠋ᠧᠮ ᠢ ᠲᠡᠭᠦᠯᠳᠡᠷᠵᠢᠭᠦᠯᠦᠨ᠂ ᠰᠢᠨ᠎ᠡ ᠡᠷᠬᠢᠯᠡᠨ ᠪᠠᠶᠢᠭᠤᠯᠬᠤ ᠪᠠᠷ ᠪᠠᠶᠢᠭ᠎ᠠ ᠭᠠᠶᠢᠯᠢ ᠲᠤᠰᠢᠶᠠᠭᠴᠢᠳ ᠲᠤ | ᠢᠵᠢ ᠦᠢᠯᠡᠴᠢᠯᠡᠭᠡ ᠬᠠᠩᠭᠠᠵᠤ᠂ ᠭᠠᠶᠢᠯᠢ ᠳᠤ ᠬᠤᠯᠪᠣᠭᠳᠠᠬᠤ ᠣᠯᠠᠨ ᠵᠦᠢᠯᠡᠰ ᠢ ᠨᠢᠭᠡ ᠯᠡ ᠪᠠᠷ ᠭᠦᠢᠴᠡᠳᠭᠡᠵᠦ | ᠳᠠᠭᠤᠰᠬᠠᠬᠤ ᠬᠡᠷᠡᠭᠲᠡᠢ᠃ ︵ᠥᠪᠥᠷ ᠮᠣᠩᠭᠤᠯ ᠤᠨ ᠤᠯᠤᠰ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ | ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠭᠠᠶᠢᠯᠢ ᠶᠢᠨ ᠲᠣᠪᠴᠢᠶ᠎ᠠ ᠲᠥᠷᠥᠭᠦᠯᠡᠵᠦ᠂ ᠥᠪᠡᠷᠲᠡᠭᠡᠨ | ᠵᠠᠰᠠᠬᠤ ᠣᠷᠣᠨ ᠤ ᠠᠵᠤ ᠦᠢᠯᠡᠳᠪᠦᠷᠢ ᠬᠤᠳᠠᠯᠳᠤᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠲᠣᠪᠴᠢᠶ᠎ᠠ | ᠬᠠᠮᠵᠢᠯᠴᠠᠨ᠎ᠠ︶ | ︵ᠳᠦᠷᠪᠡ︶ ᠲᠠᠮᠠᠭ᠎ᠠ ᠰᠡᠶᠢᠯᠦᠨ ᠵᠣᠬᠢᠶᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃ ᠠᠵᠤ | ᠠᠬᠤᠶᠢᠯᠠᠯ ᠡᠷᠬᠢᠯᠡᠨ ᠪᠠᠶᠢᠭᠤᠯᠬᠤ ᠲᠤᠬᠠᠶᠢᠯᠠᠭᠰᠠᠨ ᠠᠵᠢᠯ ᠢ ᠬᠦᠯᠢᠶᠡᠨ ᠠᠪᠴᠤ ᠭᠦᠢᠴᠡᠳᠭᠡᠬᠦ ᠠᠵᠢᠯ ᠲᠦᠪᠯᠡᠷᠡᠭᠰᠡᠨ | ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠬᠤᠲᠠ ᠶᠢᠨ ᠠᠷᠠᠳ ᠤᠨ ᠦᠢᠯᠡᠴᠢᠯᠡᠭᠡ᠂ ᠦᠢᠯᠡᠳᠪᠦᠷᠢ | ᠬᠤᠳᠠᠯᠳᠤᠭ᠎ᠠ ᠶᠢᠨ ᠳᠠᠩᠰᠠᠯᠠᠨ ᠲᠡᠮᠳᠡᠭᠯᠡᠬᠦ᠂ ᠭᠠᠶᠢᠯᠢ ᠶᠢᠨ ᠶᠠᠪᠤᠳᠠᠯ ᠳᠤ ᠬᠤᠯᠪᠣᠭᠳᠠᠭᠰᠠᠨ ᠦᠢᠯᠡᠴᠢᠯᠡᠭᠡ ᠶᠢᠨ ᠲᠣᠮᠤ | ᠲᠢᠩᠭᠢᠮ ᠵᠡᠷᠭᠡ ᠭᠠᠵᠠᠷ ᠲᠠᠯᠠᠪᠠᠢ ᠳᠤ ᠠᠯᠪᠡᠨ ᠲᠠᠮᠠᠭ᠎ᠠ ᠰᠡᠶᠢᠯᠦᠨ ᠵᠣᠬᠢᠶᠠᠯᠭᠠᠬᠤ ᠶᠢ ᠬᠦᠯᠢᠶᠡᠨ ᠠᠪᠴᠤ | ᠭᠦᠢᠴᠡᠳᠭᠡᠬᠦ ᠴᠣᠩᠬᠤ ᠭᠠᠷᠭᠠᠵᠤ᠂ ᠠᠵᠢᠯ ᠤᠨ ᠭᠤᠭᠴᠤᠭ᠎ᠠ ᠶᠢ ᠨᠢ ᠴᠦᠬᠡᠳᠬᠡᠨ᠂ ᠰᠡᠶᠢᠯᠦᠨ ᠵᠣᠬᠢᠶᠠᠬᠤ | ᠴᠠᠭ ᠢᠶᠠᠨ ᠪᠣᠭᠤᠨᠢᠰᠬᠠᠵᠤ᠂ ᠠᠯᠪᠠᠨ ᠲᠠᠮᠠᠭ᠎ᠠ ᠰᠡᠶᠢᠯᠦᠨ ᠵᠣᠬᠢᠶᠠᠬᠤ ᠶᠢ ᠴᠠᠭ ᠲᠤᠬᠠᠢ ᠳᠤ ᠨᠢ ᠠᠦ᠋ᠲ᠋ᠤ᠋ ᠪᠦᠷᠢᠳᠭᠡᠨ | ᠳᠠᠩᠰᠠᠯᠠᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠲᠠᠮᠠᠭ᠎ᠠ ᠰᠡᠶᠢᠯᠦᠨ ᠵᠣᠬᠢᠶᠠᠬᠤ ᠠᠵᠤ ᠠᠬᠤᠶᠢᠯᠠᠯ ᠳᠤ ᠬᠤᠷᠸ᠎ᠠ | ᠲᠣᠬᠢᠷᠠᠭᠤᠯᠭ᠎ᠠ ᠡᠵᠡᠮᠰᠢᠯ ᠪᠣᠯᠣᠨ ᠵᠦᠢ ᠵᠣᠬᠢᠰᠲᠠᠢ ᠪᠠᠶᠢᠷᠢᠰᠢᠭᠤᠯᠤᠯᠲᠠ ᠶᠢ ᠰᠠᠶᠢᠲᠤᠷ ᠬᠢᠬᠦ ᠬᠡᠷᠡᠭᠲᠡᠢ᠃ ︵ | ᠥᠪᠡᠷᠲᠡᠭᠡᠨ ᠵᠠᠰᠠᠬᠤ ᠣᠷᠣᠨ ᠤ ᠳᠣᠲᠣᠭᠠᠲᠤ ᠶᠢ ᠬᠠᠮᠠᠭᠠᠯᠠᠬᠤ ᠲᠢᠩᠬᠢᠮ ᠲᠦᠷᠦᠭᠦᠯᠡᠵᠦ᠂ ᠥᠪᠡᠷᠲᠡᠭᠡᠨ ᠵᠠᠰᠠᠬᠤ | ᠣᠷᠣᠨ ᠤ ᠠᠵᠤ ᠦᠢᠯᠡᠳᠪᠦᠷᠢ ᠬᠤᠳᠠᠯᠳᠤᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠲᠣᠪᠴᠢᠶ᠎ᠠ᠂ ᠣᠷᠣᠨ | ᠨᠤᠲᠤᠭ ᠤᠨ ᠭᠠᠶᠢᠯᠢ ᠤᠨ ᠶᠠᠪᠤᠳᠠᠯ ᠤᠨ ᠲᠣᠪᠴᠢᠶ᠎ᠠ᠂ ᠥᠪᠥᠷ ᠮᠣᠩᠭᠤᠯ ᠤᠨ ᠤᠯᠤᠰ ᠤᠨ ᠭᠠᠶᠢᠯᠢ ᠶᠢᠨ | ᠶᠠᠪᠤᠳᠠᠯ ᠤᠨ ᠲᠣᠪᠴᠢᠶ᠎ᠠ ᠬᠠᠮᠵᠢᠯᠴᠠᠨ᠎ᠠ︶ | ︵ᠲᠠᠪᠤ︶ ᠠᠵᠤ ᠠᠬᠤᠶᠢᠯᠠᠯ ᠤᠨ ᠡᠷᠬᠢᠯᠡᠨ ᠪᠠᠶᠢᠭᠤᠯᠬᠤ ᠮᠡᠳᠡᠭᠡ ᠵᠠᠩᠭᠢ ᠶᠢ ᠬᠠᠮᠳᠤ ᠳᠤ ᠪᠠᠨ ᠬᠦᠷᠲᠡᠵᠦ | ᠰᠣᠯᠢᠯᠴᠠᠬᠤ ᠶᠢ ᠪᠡᠶᠡᠯᠡᠭᠦᠯᠬᠦ ᠬᠡᠷᠡᠭᠲᠡᠢ᠃ ᠦᠢᠯᠡᠳᠪᠦᠷᠢ ᠬᠤᠳᠠᠯᠳᠤᠭ᠎ᠠ ᠶᠢᠨ ᠰᠠᠯᠠᠭ᠎ᠠ ᠮᠦᠴᠢᠷ ᠤᠳ ᠦᠢᠯᠡᠳᠪᠦᠷᠢ | ᠬᠤᠳᠠᠯᠳᠤᠭ᠎ᠠ ᠶᠢᠨ ᠳᠠᠩᠰᠠᠯᠠᠨ ᠲᠡᠮᠳᠡᠭᠯᠡᠬᠦ ᠲᠤᠭ᠎ᠠ ᠪᠠᠷᠢᠮᠲᠠ ᠶᠢ ᠥᠪᠡᠷᠲᠡᠭᠡᠨ ᠵᠠᠰᠠᠬᠤ ᠣᠷᠣᠨ ᠤ ᠵᠠᠰᠠᠭ ᠤᠨ | ᠣᠷᠳᠣᠨ ᠤ ᠰᠠᠯᠠᠭ᠎ᠠ ᠮᠦᠴᠢᠷ ᠤᠨ ᠠᠵᠤ ᠠᠬᠤᠶᠢᠯᠠᠯ ᠲᠠᠢ ᠬᠤᠯᠪᠣᠭᠳᠠᠬᠤ ᠮᠡᠳᠡᠭᠡ ᠵᠠᠩᠭᠢ ᠰᠣᠯᠢᠯᠴᠠᠬᠤ | ᠲᠠᠪᠴᠠᠩ ᠢᠶᠠᠷ ᠳᠠᠮᠵᠢᠭᠤᠯᠵᠤ᠂ ᠳᠣᠲᠣᠭᠠᠲᠤ ᠶᠢ ᠬᠠᠮᠠᠭᠠᠯᠠᠬᠤ᠂ ᠭᠠᠶᠢᠯᠢ ᠶᠢᠨ ᠶᠠᠪᠤᠳᠠᠯ ᠤᠨ ᠰᠠᠯᠠᠭ᠎ᠠ ᠮᠦᠴᠢᠷ ᠯᠦᠭᠡ | ᠠᠵᠤ ᠠᠬᠤᠶᠢᠯᠠᠯ ᠤᠨ ᠦᠨᠳᠦᠰᠦᠨ ᠮᠡᠳᠡᠭᠡ ᠵᠠᠩᠭᠢ ᠶᠢ ᠬᠠᠮᠲᠤ ᠳᠤ ᠪᠠᠨ ᠬᠦᠷᠳᠡᠯᠴᠡᠨ ᠰᠣᠯᠢᠯᠴᠠᠬᠤ᠂ ᠬᠠᠷᠢᠯᠴᠠᠨ | ᠨᠡᠪᠲᠡᠷᠡᠭᠦᠯᠵᠦ ᠬᠠᠷᠢᠯᠴᠠᠨ ᠮᠡᠳᠡᠷᠡᠬᠦ ᠶᠢ ᠪᠡᠶᠡᠯᠡᠭᠦᠯᠵᠦ᠂ ᠳᠣᠲᠣᠭᠠᠳᠤ ᠶᠢ ᠬᠠᠮᠠᠭᠠᠯᠠᠬᠤ᠂ ᠭᠠᠶᠢᠯᠢ ᠶᠢᠨ ᠶᠠᠪᠤᠳᠠᠯ | ᠵᠡᠷᠭᠡ ᠰᠠᠯᠠᠭ᠎ᠠ ᠮᠦᠴᠢᠷ ᠤᠳ ᠬᠠᠮᠢᠶ᠎ᠠ ᠪᠦᠬᠦᠢ ᠲᠤᠬᠠᠶᠢᠯᠠᠭᠰᠠᠨ ᠠᠵᠢᠯ ᠢ ᠭᠦᠢᠴᠡᠳᠭᠡᠬᠦ ᠪᠠᠷ ᠬᠡᠷᠡᠭᠯᠡᠬᠦ ᠳᠤ ᠳᠦᠭᠦᠮ | ᠪᠣᠯᠭᠠᠨ᠎ᠠ︔ ᠳᠣᠲᠣᠭᠠᠳᠤ ᠶᠢ ᠬᠠᠮᠠᠭᠠᠯᠠᠬᠤ᠂ ᠭᠠᠶᠢᠯᠢ ᠶᠢᠨ ᠶᠠᠪᠤᠳᠠᠯ ᠤᠨ ᠰᠠᠯᠠᠭ᠎ᠠ ᠮᠦᠴᠢᠷ ᠤᠳ ᠦᠢᠯᠡᠳᠪᠦᠷᠢ | ᠬᠤᠳᠠᠯᠳᠤᠭ᠎ᠠ ᠶᠢᠨ ᠳᠠᠩᠰᠠᠯᠠᠨ ᠲᠡᠮᠳᠡᠭᠯᠡᠬᠦ ᠳᠤ ᠪᠠᠭᠲᠠᠭᠠᠨ ᠠᠭᠤᠯᠤᠭᠰᠠᠨ ᠦᠨᠳᠦᠰᠦᠨ ᠮᠡᠳᠡᠭᠡ ᠵᠠᠩᠭᠢ ᠶᠢ ᠳᠠᠬᠢᠨ | ᠴᠤᠭᠯᠠᠭᠤᠯᠬᠤ ᠦᠭᠡᠢ᠂ ᠦᠢᠯᠡᠳᠪᠦᠷᠢ ᠬᠤᠳᠠᠯᠳᠤᠭ᠎ᠠ ᠶᠢᠨ ᠰᠠᠯᠠᠭ᠎ᠠ ᠮᠦᠴᠢ ᠤᠳ ᠤᠨ ᠬᠠᠮᠲᠤ ᠳᠤ ᠪᠠᠨ ᠬᠦᠷᠲᠡᠬᠦ | ᠮᠡᠳᠡᠭᠡ ᠵᠠᠩᠭᠢ ᠶᠢ ᠨᠣᠲᠠᠯᠠᠬᠤ ᠶᠢ ᠬᠡᠷᠡᠭᠵᠢᠭᠦᠯᠵᠦ᠂ ᠠᠵᠤ ᠠᠬᠤᠶᠢᠯᠠᠯ ᠢ ᠲᠤᠰᠠᠭᠠᠷ ᠬᠠᠩᠭᠠᠵᠤ ᠦᠭᠬᠦ ᠶᠢ ᠳᠠᠬᠢᠵᠤ | ᠱᠠᠭᠠᠷᠳᠠᠬᠤ ᠦᠭᠡᠢ᠃ ᠪᠦᠬᠦ ᠣᠷᠣᠨ ᠤ ᠠᠵᠤ ᠠᠬᠤᠶᠢᠯᠠᠯ ᠡᠷᠬᠢᠯᠡᠨ ᠪᠠᠶᠢᠭᠤᠯᠬᠤ ᠴᠠᠭ ᠢ ᠪᠣᠭᠤᠨᠢᠰᠬᠠᠬᠤ ᠪᠣᠳᠠᠲᠠᠢ | ᠮᠡᠳᠡᠭᠡ ᠵᠠᠩᠭᠢ ᠶᠢᠨ ᠰᠣᠯᠢᠯᠴᠠᠬᠤ ᠠᠷᠭ᠎ᠠ ᠬᠡᠯᠪᠡᠷᠢ ᠶᠢ ᠪᠣᠯ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ | ᠬᠤᠳᠠᠯᠳᠤᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠲᠣᠪᠴᠢᠶ᠎ᠠ᠂ ᠳᠣᠲᠣᠭᠠᠲᠤ ᠶᠢ ᠬᠠᠮᠠᠭᠠᠯᠠᠬᠤ ᠲᠢᠩᠬᠢᠮ᠂ | ᠣᠷᠣᠨ ᠨᠤᠲᠤᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠥᠪᠥᠷ ᠮᠣᠩᠭᠤᠯ ᠤᠨ ᠤᠯᠤᠰ ᠤᠨ ᠭᠠᠶᠢᠯᠢ ᠶᠢᠨ | ᠶᠠᠪᠤᠳᠠᠯ ᠤᠨ ᠲᠣᠪᠴᠢᠶ᠎ᠠ ᠨᠤᠭᠤᠳ ᠬᠠᠮᠲᠤ ᠪᠠᠷ ᠰᠣᠳᠣᠯᠵᠤ ᠲᠣᠭᠲᠠᠭᠠᠬᠤ ᠬᠡᠷᠡᠭᠲᠡᠢ᠃ ︵ᠥᠪᠡᠷᠲᠡᠭᠡᠨ ᠵᠠᠰᠠᠬᠤ | ᠣᠷᠣᠨ ᠤ ᠠᠵᠤ ᠦᠢᠯᠡᠳᠪᠦᠷᠢ ᠬᠤᠳᠠᠯᠳᠤᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠲᠣᠪᠴᠢᠶ᠎ᠠ᠂ | ᠳᠣᠲᠣᠭᠠᠳᠤ ᠶᠢ ᠬᠠᠮᠠᠭᠠᠯᠠᠬᠤ ᠲᠢᠩᠬᠢᠮ᠂ ᠣᠷᠣᠨ ᠨᠤᠲᠤᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠥᠪᠥᠷ | ᠮᠣᠩᠭᠤᠯ ᠤᠨ ᠤᠯᠤᠰ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ | ᠬᠤᠪᠢᠶᠠᠷᠢᠯᠠᠯ ᠶᠣᠰᠤᠭᠠᠷ ᠬᠠᠷᠢᠭᠤᠴᠠᠨ᠎ᠠ︶ | ᠭᠤᠷᠪᠠ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠬᠤ ᠬᠡᠷᠡᠭᠲᠡᠢ᠃ ᠠᠵᠤ | ᠠᠬᠤᠶᠢᠯᠠᠯ ᠡᠷᠬᠢᠯᠡᠨ ᠪᠠᠶᠢᠭᠤᠯᠬᠤ ᠴᠠᠭ ᠢ ᠪᠣᠭᠤᠨᠢᠰᠬᠠᠬᠤ ᠪᠣᠯ ᠡᠵᠡᠩᠨᠡᠨ ᠬᠤᠳᠠᠯᠳᠤᠭᠠᠯᠠᠬᠤ ᠣᠷᠴᠢᠨ ᠨᠦᠬᠦᠴᠡᠯ ᠢ | ᠤᠯᠠᠮ ᠨᠢᠭᠡ ᠠᠯᠬᠤᠮ ᠰᠢᠯᠢᠳᠡᠭᠵᠢᠭᠦᠯᠬᠦ ᠶᠢᠨ ᠴᠢᠬᠤᠯᠠ ᠠᠷᠭ᠎ᠠ ᠪᠠᠷᠢᠯ ᠪᠣᠯᠣᠨ᠎ᠠ᠂ ᠡᠯ᠎ᠡ ᠭᠠᠵᠠᠷ ᠣᠷᠣᠨ᠂ ᠡᠯ᠎ᠡ | ᠬᠤᠯᠪᠣᠭᠳᠠᠯ ᠪᠦᠬᠦᠢ ᠰᠠᠯᠠᠭ᠎ᠠ ᠮᠦᠴᠢᠷ ᠨᠢ ᠳᠡᠭᠡᠲᠦ ᠬᠡᠮᠵᠢᠶ᠎ᠡ ᠪᠠᠷ ᠴᠢᠬᠤᠯᠠᠴᠢᠯᠠᠵᠤ᠂ ᠵᠣᠬᠢᠶᠠᠨ ᠪᠠᠶᠢᠭᠤᠯᠤᠯᠲᠠ ᠶᠢᠨ | ᠤᠳᠤᠷᠢᠳᠤᠯᠭ᠎ᠠ ᠪᠠᠨ ᠦᠨᠡᠨᠬᠦ ᠴᠢᠩᠭᠠᠳᠬᠠᠨ᠂ ᠪᠣᠳᠠᠲᠠᠢ ᠬᠠᠷᠠᠯᠲᠠᠲᠤ ᠡᠭᠦᠷᠭᠡ ᠪᠠᠨ ᠲᠣᠳᠣᠷᠬᠠᠶᠢᠯᠠᠵᠤ᠂ ᠠᠵᠢᠯ ᠤᠨ | ᠬᠠᠷᠢᠭᠤᠴᠠᠯᠭ᠎ᠠ ᠬᠢᠭᠡᠳ ᠠᠵᠢᠯ ᠤᠨ ᠬᠤᠪᠢᠶᠠᠷᠢᠯᠠᠯ ᠢᠶᠠᠨ ᠨᠠᠶᠢᠳᠠᠪᠤᠷᠢᠵᠢᠭᠤᠯᠤᠨ᠂ ᠠᠵᠢᠯᠲᠡᠨ᠂ ᠡᠳ᠋ ᠤᠨ ᠶᠠᠪᠤᠳᠠᠯ᠂ | ᠪᠣᠳᠠᠰ᠂ ᠮᠡᠷᠭᠡᠵᠢᠯ ᠵᠡᠷᠭᠡ ᠲᠠᠯ᠎ᠠ ᠶᠢᠨ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ᠂ ᠠᠵᠢᠯ ᠳᠤ ᠠᠷᠭ᠎ᠠ ᠪᠠᠷᠢᠯ ᠲᠠᠢ᠂ | ᠠᠬᠢᠴᠠ ᠳᠤ ᠲᠣᠬᠢᠷᠠᠭᠤᠯᠤᠯᠲᠠ ᠲᠠᠢ᠂ ᠠᠮᠠᠯᠳᠠᠭ᠎ᠠ ᠪᠠᠨ ᠪᠡᠶᠡᠯᠡᠭᠦᠯᠵᠦ ᠴᠢᠳᠠᠬᠤ ᠪᠠᠷ ᠠᠵᠢᠯᠯᠠᠨ᠂ ᠠᠵᠤ ᠠᠬᠤᠶᠢᠯᠠᠯ | ᠡᠷᠬᠢᠯᠡᠨ ᠪᠠᠶᠢᠭᠤᠯᠬᠤ ᠴᠠᠭ ᠢ ᠪᠣᠭᠤᠨᠢᠰᠬᠠᠬᠤ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ | ᠪᠣᠳᠠᠲᠠᠶᠢᠵᠢᠭᠤᠯᠤᠨ ᠨᠠᠶᠢᠳᠠᠪᠤᠷᠢᠵᠢᠭᠤᠯᠬᠤ ᠪᠠ ᠪᠣᠳᠠᠲᠤ ᠠᠮᠵᠢᠯᠲᠠ ᠣᠯᠬᠤ ᠶᠢ ᠪᠠᠲᠤᠯᠠᠬᠤ ᠬᠡᠷᠡᠭᠲᠡᠢ᠃ | ︵ᠬᠤᠶᠠᠷ︶ ᠨᠢᠭᠲᠠ ᠵᠣᠬᠢᠴᠠᠯᠳᠤᠨ ᠬᠠᠮᠵᠢᠯᠴᠠᠬᠤ ᠬᠡᠷᠡᠭᠲᠡᠢ᠃ ᠡᠯ᠎ᠡ ᠬᠤᠯᠪᠣᠭᠳᠠᠯ ᠪᠦᠬᠦᠢ ᠰᠠᠯᠠᠭ᠎ᠠ | ᠮᠦᠴᠢᠷ ᠨᠢ ᠵᠣᠬᠢᠴᠠᠯᠳᠤᠨ ᠬᠠᠮᠵᠢᠯᠴᠠᠬᠤ ᠪᠠᠨ ᠴᠢᠩᠭᠠᠳᠬᠠᠵᠤ᠂ ᠠᠵᠢᠯ ᠳᠤ ᠲᠣᠬᠢᠶᠠᠯᠳᠤᠭᠰᠠᠨ ᠬᠦᠴᠢᠷᠳᠡᠯ ᠪᠠ | ᠠᠰᠠᠭᠤᠳᠠᠯ ᠢ ᠬᠠᠮᠳᠤ ᠳᠤ ᠪᠠᠨ ᠰᠣᠳᠤᠯᠤᠨ ᠰᠢᠢᠳᠪᠦᠷᠢᠯᠡᠵᠦ᠂ ᠬᠠᠤᠯᠢ ᠪᠠ ᠲᠣᠭᠲᠠᠭᠠᠯ ᠶᠣᠰᠤᠭᠠᠷ ᠬᠢᠬᠦ ᠤᠷᠢᠳᠠᠯ | ᠳᠣᠣᠷ᠎ᠠ᠂ ︽ᠴᠣᠮᠬᠠᠳᠬᠠᠵᠤ ᠴᠢᠳᠠᠬᠤ ᠶᠢ ᠨᠢ ᠴᠣᠮᠬᠠᠳᠬᠠᠵᠤ᠂ ᠨᠡᠶᠢᠯᠡᠭᠦᠯᠵᠦ ᠴᠢᠳᠠᠬᠤ ᠶᠢ ᠨᠢ ᠨᠡᠶᠢᠯᠡᠭᠦᠯᠬᠦ᠂ | ᠲᠦᠷᠭᠡᠳᠭᠡᠵᠦ ᠪᠣᠯᠬᠤ ᠶᠢ ᠨᠢ ᠲᠦᠷᠭᠡᠳᠭᠡᠬᠦ︾ ᠵᠠᠷᠴᠢᠮ ᠶᠣᠰᠤᠭᠠᠷ᠂ ᠬᠠᠮᠤᠭ ᠶᠡᠭᠡ ᠬᠡᠮᠵᠢᠶ᠎ᠡ ᠪᠠᠷ ᠠᠵᠤ | ᠠᠬᠤᠶᠢᠯᠠᠯ ᠳᠤ ᠠᠰᠢᠭ ᠬᠦᠷᠲᠡᠭᠡᠵᠦ ᠠᠷᠠᠳ ᠲᠤ ᠳᠦᠭᠦᠮ ᠦᠵᠡᠭᠦᠯᠬᠦ ᠬᠡᠷᠡᠭᠲᠡᠢ᠃ | ︵ᠭᠤᠷᠪᠠ︶ ᠤᠬᠠᠭᠤᠯᠤᠨ ᠪᠣᠯᠪᠠᠰᠤᠷᠠᠭᠤᠯᠬᠤ ᠶᠢ ᠴᠢᠩᠭᠠᠳᠬᠠᠬᠤ ᠬᠡᠷᠡᠭᠲᠡᠢ᠃ ᠡᠯ᠎ᠡ ᠬᠤᠯᠪᠣᠭᠳᠠᠯ ᠪᠦᠬᠦᠢ | ᠰᠠᠯᠠᠭ᠎ᠠ ᠮᠦᠴᠢᠷ ᠨᠢ ᠴᠣᠩᠬᠤᠪᠴᠢ ᠶᠢᠨ ᠪᠠᠶᠢᠷᠢᠨ ᠳᠠᠬᠢ ᠠᠵᠢᠯᠲᠡᠨ ᠢ ᠪᠣᠯᠪᠠᠰᠤᠷᠠᠭᠤᠯᠬᠤ ᠡᠷᠴᠢᠮ ᠢᠶᠠᠨ | ᠴᠢᠩᠭᠠᠷᠠᠭᠤᠯᠵᠤ᠂ ᠴᠣᠩᠬᠤᠪᠴᠢ ᠶᠢᠨ ᠪᠠᠶᠢᠷᠢᠨ ᠳᠠᠬᠢ ᠠᠵᠢᠯᠲᠡᠨ ᠤ ᠲᠤᠬᠠᠶᠢᠯᠠᠭᠰᠠᠨ ᠠᠵᠢᠯ ᠤᠨ ᠬᠢᠷᠢ ᠲᠦᠪᠰᠢᠨ | ᠪᠠ ᠠᠵᠢᠯᠯᠠᠬᠤ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠴᠣᠩᠬᠤᠪᠴᠢ ᠪᠠᠷ ᠦᠢᠯᠡᠴᠢᠯᠡᠬᠦ ᠶᠢ | ᠪᠠᠷᠢᠮᠵᠢᠶᠠᠵᠢᠭᠤᠯᠬᠤ ᠪᠠ ᠵᠢᠷᠤᠮᠵᠢᠭᠤᠯᠬᠤ ᠪᠠᠶᠢᠭᠤᠯᠤᠯᠲᠠ ᠶᠢ ᠲᠦᠷᠭᠡᠳᠭᠡᠵᠦ᠂ ᠨᠦᠬᠦᠴᠡᠯ᠂ ᠪᠠᠷᠢᠮᠵᠢᠶ᠎ᠠ ᠪᠣᠯᠣᠨ | ᠵᠢᠷᠤᠮᠵᠢᠯ ᠢ ᠨᠢᠭᠡᠳᠭᠡᠵᠦ᠂ ᠠᠵᠢᠯ ᠬᠡᠷᠡᠭ ᠭᠦᠢᠴᠡᠳᠭᠡᠬᠦ ᠴᠣᠪᠣᠷᠠᠯ ᠢ ᠰᠢᠯᠢᠳᠡᠭᠵᠢᠭᠦᠯᠦᠨ᠂ ᠦᠢᠯᠡᠴᠢᠯᠡᠬᠦ ᠠᠷᠭ᠎ᠠ | ᠬᠡᠯᠪᠡᠷᠢ ᠳᠤ ᠰᠢᠨ᠎ᠡ ᠶᠢ ᠡᠭᠦᠳᠴᠦ᠂ ᠭᠤᠶᠤᠴᠢᠯᠠᠭᠴᠢᠳ ᠲᠤ ᠴᠢᠨᠠᠷ ᠰᠠᠶᠢᠲᠠᠢ ᠪᠦᠭᠡᠳ ᠦᠨᠳᠦᠷ ᠪᠦᠲᠦᠮᠵᠢᠲᠠᠢ | ᠦᠢᠯᠡᠴᠢᠯᠡᠭᠡ ᠬᠠᠩᠭᠠᠬᠤ ᠬᠡᠷᠡᠭᠲᠡᠢ᠃ ᠣᠯᠠᠨ ᠵᠦᠢᠯ ᠤᠨ ᠠᠷᠭ᠎ᠠ ᠬᠡᠯᠪᠡᠷᠢ ᠪᠣᠯᠣᠨ ᠠᠷᠭ᠎ᠠ ᠵᠠᠮ ᠢᠶᠠᠷ ᠳᠠᠮᠵᠢᠵᠤ᠂ | ᠠᠵᠤ ᠠᠬᠤᠶᠢᠯᠠᠯ ᠡᠷᠬᠢᠯᠡᠨ ᠪᠠᠶᠢᠭᠤᠯᠬᠤ ᠴᠠᠭ ᠢ ᠪᠣᠭᠤᠨᠢᠰᠬᠠᠬᠤ ᠥᠭᠡᠷᠡᠴᠢᠯᠡᠯᠲᠡ ᠶᠢᠨ ᠲᠥᠷᠥ ᠶᠢᠨ ᠪᠣᠳᠣᠯᠭ᠎ᠠ ᠶᠢ | ᠪᠦᠬᠦ ᠲᠠᠯ᠎ᠠ ᠪᠠᠷ᠂ ᠣᠯᠠᠨ ᠬᠠᠷᠠᠭᠠᠰᠤ ᠪᠠᠷ ᠤᠬᠠᠭᠤᠯᠵᠤ᠂ ᠠᠵᠤ ᠠᠬᠤᠶᠢᠯᠠᠯ ᠡᠷᠬᠢᠯᠡᠨ ᠪᠠᠶᠢᠭᠤᠯᠬᠤ ᠴᠠᠭ ᠢ | ᠪᠣᠭᠤᠨᠢᠰᠬᠠᠬᠤ ᠠᠵᠢᠯ ᠳᠠᠬᠢ ᠬᠠᠯᠠᠮᠰᠢᠯ ᠲᠠᠢ ᠪᠣᠯᠣᠨ ᠬᠦᠴᠢᠷᠳᠡᠯ ᠲᠠᠢ ᠠᠰᠠᠭᠤᠳᠠᠯ ᠤᠳ ᠢ ᠴᠠᠭ ᠲᠤᠬᠠᠢ ᠳᠤ ᠨᠢ | ᠲᠠᠶᠢᠯᠪᠤᠷᠢᠯᠠᠨ ᠬᠠᠷᠢᠭᠤᠯᠵᠤ᠂ ᠠᠵᠤ ᠠᠬᠤᠶᠢᠯᠠᠯ ᠪᠠ ᠨᠡᠶᠢᠭᠡᠮ ᠨᠡᠶᠢᠲᠡ ᠳᠤ ᠥᠭᠡᠷᠡᠴᠢᠯᠡᠯᠲᠡ ᠶᠢᠨ ᠲᠥᠷᠥ ᠶᠢᠨ | ᠪᠣᠳᠣᠯᠭ᠎ᠠ ᠶᠢ ᠭᠦᠢᠴᠡᠳ ᠣᠶᠢᠯᠠᠭᠠᠭᠤᠯᠵᠤ᠂ ᠥᠭᠡᠷᠡᠴᠢᠯᠡᠯᠲᠡ ᠶᠢ ᠬᠠᠯᠠᠮᠵᠢᠯᠠᠬᠤ᠂ ᠥᠭᠡᠷᠡᠴᠢᠯᠡᠯᠲᠡ ᠶᠢ ᠳᠡᠮᠵᠢᠬᠦ ᠪᠠ | ᠥᠭᠡᠷᠡᠴᠢᠯᠡᠯᠲᠡ ᠳᠤ ᠣᠷᠣᠯᠴᠠᠬᠤ ᠰᠠᠶᠢᠨ ᠰᠠᠶᠢᠬᠠᠨ ᠣᠷᠴᠢᠨ ᠠᠬᠤᠢ ᠶᠢ ᠪᠣᠢ ᠪᠣᠯᠭᠠᠬᠤ ᠬᠡᠷᠡᠭᠲᠡᠢ᠃ | ︵ᠳᠦᠷᠪᠡ︶ ᠰᠢᠮᠳᠠᠭᠤᠯᠤᠨ ᠪᠠᠶᠢᠴᠠᠭᠠᠬᠤ ᠶᠢ ᠴᠢᠩᠭᠠᠳᠬᠠᠬᠤ ᠬᠡᠷᠡᠭᠲᠡᠢ᠃ ᠡᠯ᠎ᠡ ᠭᠠᠵᠠᠷ ᠣᠷᠣᠨ᠂ ᠡᠯ᠎ᠡ | ᠬᠤᠯᠪᠣᠭᠳᠠᠯ ᠪᠦᠬᠦᠢ ᠰᠠᠯᠠᠭ᠎ᠠ ᠮᠦᠴᠢᠷ ᠨᠢ ᠲᠤᠰ ᠭᠠᠵᠠᠷ ᠣᠷᠣᠨ᠂ ᠲᠣᠰ ᠰᠠᠯᠠᠭ᠎ᠠ ᠮᠦᠴᠢᠷ ᠤᠨ ᠲᠥᠷᠥ ᠶᠢᠨ | ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠰᠢᠮᠳᠠᠭᠤᠯᠤᠨ ᠪᠠᠶᠢᠴᠠᠭᠠᠬᠤ | ᠠᠵᠢᠯ ᠢᠶᠠᠨ ᠴᠢᠩᠭᠠᠳᠬᠠᠵᠤ᠂ ᠪᠣᠳᠠᠲᠤ ᠭᠠᠵᠠᠷ ᠲᠤ ᠨᠢ ᠰᠢᠮᠳᠠᠭᠤᠯᠤᠨ ᠪᠠᠶᠢᠴᠠᠭᠠᠬᠤ᠂ ᠭᠤᠷᠪᠠᠳᠤᠭᠠᠷ | ᠡᠲᠡᠭᠡᠳ ᠠᠴᠠ ᠦᠨᠡᠯᠡᠬᠦ ᠵᠢᠴᠢ ᠨᠡᠶᠢᠭᠡᠮ ᠤᠨ ᠬᠢᠨ ᠤ ᠬᠢᠨᠠᠯᠲᠠ ᠲᠠᠯᠪᠢᠬᠤ ᠵᠡᠷᠭᠡ ᠠᠷᠭ᠎ᠠ ᠬᠡᠯᠪᠡᠷᠢ ᠪᠠᠷ ᠳᠠᠮᠵᠢᠵᠤ᠂ | ᠬᠠᠮᠢᠶ᠎ᠠ ᠪᠦᠬᠦᠢ ᠲᠣᠭᠲᠠᠭᠠᠯ ᠶᠣᠰᠤᠭᠠᠷ ᠢᠳᠡᠪᠬᠢᠲᠠᠢ ᠪᠦᠭᠡᠳ ᠰᠠᠨᠠᠭᠠᠴᠢᠯᠠᠭ᠎ᠠ ᠠᠴᠠ ᠪᠠᠨ ᠠᠵᠢᠯᠯᠠᠨ᠂ ᠦᠷ᠎ᠡ | ᠪᠦᠲᠦᠮᠵᠢ ᠪᠠᠷ ᠢᠯᠡᠳᠲᠡ ᠪᠣᠯᠣᠭᠰᠠᠨ ᠪᠠᠶᠢᠪᠠᠯ ᠨᠡᠪᠲᠡᠷᠡᠭᠦᠯᠦᠨ ᠰᠠᠶᠢᠰᠢᠶᠠᠵᠤ᠂ ᠨᠠᠶᠢᠳᠠᠪᠤᠷᠢᠵᠢᠭᠤᠯᠤᠭᠰᠠᠨ ᠨᠢ | ᠬᠦᠴᠦᠨ ᠦᠭᠡᠢ᠂ ᠠᠬᠢᠴᠠ ᠪᠠᠷ ᠠᠯᠭᠤᠷ ᠤᠳᠠᠭᠠᠨ ᠪᠣᠯᠣᠭᠰᠠᠨ ᠪᠠᠶᠢᠪᠠᠯ ᠲᠦᠪ ᠴᠢᠩᠭ᠎ᠠ ᠪᠠᠷ ᠬᠠᠷᠢᠭᠤᠴᠠᠯᠭ᠎ᠠ | ᠬᠡᠯᠡᠯᠴᠡᠬᠦ ᠬᠡᠷᠡᠭᠲᠡᠢ᠃ |