︽ᠲᠤᠤᠷᠠᠢ ᠶᠢᠨ ᠰᠠᠬᠢᠭᠤᠰᠤ ᠰᠠᠨᠰᠠᠷ ᠤᠨ ᠠᠶᠠᠯᠠᠯ ᠯᠤᠭ᠎ᠠ ᠶᠢᠨ ᠬᠠᠶᠢᠷ᠎ᠠ ᠰᠡᠳᠬᠢᠯᠭᠡ ᠲᠤᠮᠳᠠᠳᠤ ᠶᠢᠨ ᠵᠡᠭᠦᠳᠦ — ᠡᠵᠡᠨ᠎ᠠ ᠬᠤᠰᠢᠭᠤᠨ ᠤ ᠦᠨᠳᠦᠰᠦᠳᠡᠨ ᠨᠦᠭᠦᠳ ᠤᠨ ᠠᠷᠠᠳ ᠲᠦᠮᠡᠨ ᠤ ᠰᠠᠨᠰᠠᠷ ᠤᠨ ᠠᠶᠠᠯᠠᠯ ᠤᠨ ᠦᠢᠯᠡᠰ ᠢ ᠲᠡᠮᠵᠢᠭᠰᠡᠨ 60 ᠵᠢᠯ ᠤᠨ ᠤᠢ ᠶᠢᠨ ᠭᠤᠤᠯ ᠰᠡᠳᠦᠪᠳᠤ ᠬᠡᠷᠡᠯ ᠵᠢᠷᠤᠭ ᠤᠨ ᠦᠵᠡᠰᠭᠦᠯᠡᠩ︾ ᠡᠬᠢᠯᠡᠪᠡ ᠪᠦ᠋ ᠰᠢᠶᠤᠤ ᠯᠢᠨ ᠨᠠᠷ ᠦᠵᠡᠰᠭᠦᠯᠡᠩ ᠢ ᠲᠤᠭᠤᠷᠢᠨ ᠦᠵᠡᠵᠡᠢ
ᠨᠡᠶᠢᠲᠡᠯᠡᠭᠰᠡᠨ ᠴᠠᠭ᠄
2018/11/26
     11 ᠳ᠋ᠦ᠋ᠭᠡᠷ ᠰᠠᠷ᠎ᠠ ᠶᠢᠨ 23᠎ ᠤ ᠡᠳᠦᠷ᠂ ︽ᠲᠤᠤᠷᠠᠢ ᠶᠢᠨ ᠰᠠᠬᠢᠭᠤᠰᠤ ᠰᠠᠨᠰᠠᠷ ᠤᠨ ᠠᠶᠠᠯᠠᠯ ᠯᠤᠭ᠎ᠠ ᠶᠢᠨ ᠬᠠᠶᠢᠷ᠎ᠠ ᠰᠡᠳᠬᠢᠯᠭᠡ ᠲᠤᠮᠳᠠᠳᠤ ᠶᠢᠨ ᠵᠡᠭᠦᠳᠦ — ᠡᠵᠡᠨ᠎ᠠ ᠬᠤᠰᠢᠭᠤᠨ ᠤ ᠦᠨᠳᠦᠰᠦᠳᠡᠨ ᠨᠦᠭᠦᠳ ᠤᠨ ᠠᠷᠠᠳ ᠲᠦᠮᠡᠨ ᠤ ᠰᠠᠨᠰᠠᠷ ᠤᠨ ᠠᠶᠠᠯᠠᠯ ᠤᠨ ᠦᠢᠯᠡᠰ ᠢ ᠲᠡᠮᠵᠢᠭᠰᠡᠨ 60 ᠵᠢᠯ ᠤᠨ ᠤᠢ ᠶᠢᠨ ᠭᠤᠤᠯ ᠰᠡᠳᠦᠪᠳᠤ ᠬᠡᠷᠡᠯ ᠵᠢᠷᠤᠭ ᠤᠨ ᠦᠵᠡᠰᠭᠦᠯᠡᠩ︾ ᠬᠦᠬᠡᠬᠤᠳᠠ ᠳᠤ ᠡᠬᠢᠯᠡᠪᠡ᠃      ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠲᠡᠳ᠋ ᠱᠦᠵᠢ᠂ ᠦᠪᠡᠷᠳᠡᠭᠡᠨ ᠵᠠᠰᠬᠠᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠭᠦᠨ᠂ ᠦᠪᠦᠷ ᠮᠤᠩᠭᠤᠯ ᠤᠨ ᠴᠡᠷᠢᠭ ᠤᠨ ᠲᠤᠭᠤᠷᠢᠭ ᠤᠨ ᠺᠤᠮᠠᠨᠳ᠋ᠯᠠᠬᠴᠢ ᠯᠧᠩ ᠵᠢᠶᠧ ᠰᠦᠩ᠂ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠲᠡᠳ᠋ ᠲᠡᠷᠢᠭᠦᠯᠡᠭᠴᠢ ᠠᠢ ᠯᠢ ᠬᠤᠸᠠ᠂ 63600 ᠴᠡᠷᠢᠭ ᠠᠩᠬᠢ ᠶᠢᠨ ᠲᠡᠳ᠋ ᠺᠤᠮᠠᠨᠳ᠋ᠯᠠᠬᠴᠢ ᠸᠠᠩ ᠰᠢᠤᠸᠠᠢ ᠡᠦ᠂ 95861 ᠴᠡᠷᠢᠭ ᠠᠩᠬᠢ ᠶᠢᠨ ᠤᠯᠤᠰ ᠲᠦᠷᠦ ᠶᠢᠨ ᠠᠵᠢᠯ ᠎ ᠤᠨ ᠬᠡᠯᠳᠡᠰ ᠤᠨ ᠡᠷᠬᠢᠯᠡᠭᠴᠢ ᠸᠧᠢ ᠸᠧᠢ ᠮᠢᠩ ᠶᠤᠰᠤᠯᠠᠯ ᠳᠤ ᠤᠷᠤᠯᠴᠠᠵᠤ ᠦᠵᠡᠰᠭᠦᠯᠡᠩ ᠢ ᠲᠤᠭᠤᠷᠢᠨ ᠦᠵᠡᠵᠡᠢ᠃      ᠬᠡᠷᠡᠯ ᠵᠢᠷᠤᠭ ᠤᠨ ᠦᠵᠡᠰᠭᠦᠯᠡᠩ ᠨᠢ ︽ᠰᠤᠪᠨᠠᠭᠤᠷ ᠠᠷᠢᠭᠤᠨ ᠲᠠᠷᠬᠠᠨ ᠤᠷᠤᠨ︾ ︽ᠤᠯᠤᠰ ᠤᠨ ᠪᠠᠶᠢᠯᠳᠤᠬᠤ ᠪᠤᠳᠤᠯᠭ᠎ᠠ︾ ︽ᠡᠭᠡ ᠤᠷᠤᠨᠴᠢ ᠬᠠᠶᠢᠷ᠎ᠠ ᠰᠡᠳᠬᠢᠯᠭᠡ︾ ︽ᠲᠡᠤᠭᠡ ᠶᠢᠨ ᠦᠷᠯᠦᠭ ᠬᠦᠰᠢᠶ᠎ᠠ︾ ︽ᠤᠰᠤ ᠬᠤᠮᠰᠠ ᠰᠡᠳᠬᠢᠯᠭᠡ ᠬᠦᠨ︾ ︽ᠵᠤᠷᠢᠭ ᠰᠠᠨᠠᠭᠠᠨ ᠤ ᠬᠡᠷᠡᠯ ᠬᠢᠯᠪᠠᠭ᠎ᠠ︾ ︽ᠬᠡᠷᠡᠯ ᠰᠠᠴᠤᠷᠠᠩᠭᠤᠢ ᠬᠠᠭᠤᠳᠠᠰᠦ ᠶᠢ ᠲᠠᠬᠢᠨ ᠪᠢᠴᠢᠭᠯᠡᠭᠦᠢ︾ ᠬᠡᠭᠦ ᠲᠤᠯᠤᠭᠠᠨ ᠬᠡᠰᠡᠭ ᠢᠶᠠᠷ ᠪᠦᠷᠢᠯᠳᠦᠵᠤ᠂ ᠲᠡᠤᠭᠡ ᠶᠢᠨ ᠤᠯᠠ ᠮᠦᠷ ᠢᠶᠠᠷ ᠭᠤᠤᠯ ᠰᠢᠵᠢᠮ ᠪᠤᠯᠭᠠᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ᠂ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠭᠦ᠂ ᠴᠡᠷᠢᠭ ᠠᠷᠠᠳ ᠭᠠᠷ ᠬᠤᠯᠪᠤᠯᠴᠠᠬᠤ᠂ ᠬᠠᠮᠳᠤ ᠪᠠᠷ ᠠᠤᠭ᠎ᠠ ᠦᠢᠯᠡᠰ ᠢ ᠪᠦᠳᠦᠭᠡᠭᠦ ᠭᠤᠤᠯ ᠰᠡᠳᠦᠪ ᠢ ᠲᠤᠪᠤᠶᠢᠯᠭᠠᠨ᠂ ᠦᠪᠦᠷ ᠮᠤᠩᠭᠤᠯ ᠤᠨ ᠦᠨᠳᠦᠰᠦᠳᠡᠨ ᠨᠦᠭᠦᠳ ᠤᠨ ᠤᠯᠠᠨ ᠲᠦᠮᠡᠨ ᠢᠯᠠᠩᠭᠤᠶ᠎ᠠ ᠡᠵᠡᠨ᠎ᠠ ᠶᠢᠨ ᠠᠷᠠᠳ ᠲᠦᠮᠡᠨ ᠤ ᠪᠦᠬᠦ ᠲᠠᠯ᠎ᠠ ᠶᠢ ᠪᠤᠳᠤᠯᠬᠢᠯᠠᠬᠤ᠂ ᠦᠪᠡᠷ ᠢ ᠪᠠᠨ ᠬᠠᠷᠠᠮ ᠦᠭᠡᠢ ᠵᠤᠷᠢᠭᠤᠯᠬᠤ ᠵᠤᠷᠢᠭ ᠰᠠᠨᠠᠭ᠎ᠠ᠂ ᠤᠯᠤᠰ ᠤᠷᠤᠨ ᠤ ᠲᠦᠯᠦᠭᠡ ᠦᠪᠡᠷ ᠢ ᠪᠠᠨ ᠬᠠᠶᠢᠬᠤᠷᠤᠯ ᠦᠭᠡᠢ᠂ ᠬᠡᠷ ᠨᠤᠳᠤᠭ ᠠᠴᠠ ᠪᠠᠨ ᠰᠠᠯᠵᠤ᠂ ᠤᠯᠤᠰ ᠤᠨ ᠪᠠᠳᠤᠯᠠᠨ ᠬᠠᠮᠠᠭᠠᠯᠠᠯᠳᠠ ᠶᠢᠨ ᠰᠢᠨᠵᠢᠯᠡᠭᠦ ᠤᠬᠠᠭᠠᠨ ᠮᠡᠷᠭᠡᠵᠢᠯ ᠪᠠ ᠰᠠᠨᠰᠠᠷ ᠤᠨ ᠠᠶᠠᠯᠠᠯ ᠤᠨ ᠦᠢᠯᠡᠰ ᠢ ᠲᠡᠮᠵᠢᠭᠰᠡᠨ ᠤᠯᠤᠰ ᠢᠶᠠᠨ ᠬᠠᠶᠢᠷᠠᠯᠠᠬᠤ ᠰᠡᠳᠬᠢᠯᠭᠡ ᠶᠢ ᠨᠢ ᠲᠦᠪᠯᠡᠷᠡᠭᠦᠯᠦᠨ ᠢᠯᠡᠷᠡᠭᠦᠯᠵᠤ᠂ ᠳ᠋ᠦᠩ ᠹᠧᠩ ᠰᠠᠨᠰᠠᠷ ᠤᠨ ᠬᠤᠳᠠ ᠪᠤᠯᠤᠨ ᠠᠭᠠᠷ ᠤᠨ ᠴᠡᠷᠢᠭ ᠤᠨ ᠨᠢᠭᠡᠨ ᠰᠠᠭᠤᠷᠢᠨ ᠭᠠᠵᠠᠷ ᠢ ᠪᠦᠳᠦᠭᠡᠨ ᠪᠠᠶᠢᠭᠤᠯᠤᠬᠰᠠᠨ 60 ᠵᠢᠯ ᠤᠨ ᠲᠤᠷᠰᠢᠲᠠ ᠤᠯᠤᠬᠰᠠᠨ ᠬᠡᠷᠡᠯ ᠰᠠᠴᠤᠷᠠᠩᠭᠤᠢ ᠠᠮᠵᠢᠯᠳᠡ ᠪᠦᠳᠦᠮᠵᠢ ᠶᠢ ᠬᠦᠢᠴᠡᠳ ᠲᠡᠯᠭᠡᠨ ᠦᠵᠡᠭᠦᠯᠵᠤ᠂ ᠦᠪᠦᠷ ᠮᠤᠩᠭᠤᠯ ᠢᠶᠠᠨ ᠪᠦᠳᠦᠭᠡᠨ ᠪᠠᠶᠢᠭᠤᠯᠵᠤ᠂ ᠠᠭᠤᠤ ᠶᠡᠭᠡ ᠲᠤᠮᠳᠠᠳᠤ ᠶᠢᠨ ᠵᠡᠭᠦᠳᠦ ᠪᠠᠨ ᠬᠠᠮᠳᠤ ᠪᠠᠷ ᠲᠡᠷᠬᠡᠯᠰᠢᠭᠦᠯᠭᠦ ᠳᠤ ᠬᠦᠴᠦᠷᠭᠡᠭ ᠶᠡᠭᠡ ᠬᠦᠴᠦᠨ ᠴᠢᠳᠠᠯ ᠢ ᠨᠢᠬᠳᠠᠷᠠᠭᠤᠯᠪᠠ᠃      60 ᠵᠢᠯ ᠤᠨ ᠲᠤᠷᠰᠢ᠂ ᠡᠵᠡᠨ᠎ᠠ ᠶᠢᠨ ᠦᠨᠳᠦᠰᠦᠳᠡᠨ ᠨᠦᠭᠦᠳ ᠤᠨ ᠠᠷᠠᠳ ᠲᠦᠮᠡᠨ ᠦᠪᠡᠷ ᠢ ᠪᠠᠨ ᠬᠠᠷᠠᠮ ᠦᠭᠡᠢ ᠦᠷᠡᠭᠳᠡᠭᠦᠯᠵᠦ᠂ ᠬᠢᠯᠢ ᠬᠢᠵᠠᠭᠠᠷ ᠢᠶᠠᠨ ᠰᠠᠬᠢᠨ ᠬᠠᠮᠠᠭᠠᠯᠠᠬᠤ᠂ ᠤᠯᠤᠰ ᠤᠨ ᠪᠠᠳᠤᠯᠠᠨ ᠬᠠᠮᠠᠭᠠᠯᠠᠯᠳᠠ ᠪᠠ ᠰᠠᠨᠰᠠᠷ ᠤᠨ ᠠᠶᠠᠯᠠᠯ ᠤᠨ ᠦᠢᠯᠡᠰ ᠲᠤ ᠦᠢᠯᠡᠴᠢᠯᠡᠭᠦ ᠲᠡᠤᠭᠡᠳᠦ ᠡᠭᠦᠷᠭᠡ ᠪᠠᠨ ᠢᠮᠠᠬᠳᠠ ᠪᠠᠳᠤ ᠪᠠᠷᠢᠮᠳᠠᠯᠠᠬᠰᠠᠭᠠᠷ ᠢᠷᠡᠭᠰᠡᠨ ᠪᠦᠭᠡᠳ ᠴᠡᠷᠢᠭ ᠠᠷᠠᠳ ᠤᠨ ᠵᠢᠭᠠᠰᠤ ᠤᠰᠤᠨ ᠤ ᠬᠠᠷᠢᠴᠠᠭ᠎ᠠ ᠶᠢ ᠪᠦᠷᠢᠯᠳᠦᠭᠦᠯᠦᠭᠰᠡᠨ ᠪᠠᠶᠢᠨ᠎ᠠ᠃ 60 ᠵᠢᠯ ᠤᠨ ᠲᠤᠷᠰᠢ᠂ ᠰᠠᠭᠤᠷᠢᠨ ᠭᠠᠵᠠᠷ ᠤᠨ ᠲᠡᠷᠤᠭ᠎ᠠ ᠪᠠᠶᠢᠯᠳᠤᠬᠴᠢᠳ᠂ ᠰᠢᠨᠵᠢᠯᠡᠭᠡᠳᠡᠨ ᠰᠤᠳᠤᠯᠭᠠᠳᠠᠳ ᠡᠵᠡᠨ᠎ᠠ ᠶᠢᠨ ᠬᠦᠷᠦᠰᠦᠨ ᠳᠤ ᠲᠡᠤᠭᠡᠨ ᠳᠤ ᠲᠡᠮᠳᠡᠭᠯᠡᠭᠳᠡᠭᠦ ᠭᠠᠶᠢᠬᠠᠮᠰᠢᠭ ᠢ ᠠᠬᠢᠨ ᠲᠠᠬᠢᠨ ᠪᠦᠳᠦᠭᠡᠵᠤ᠂ ᠡᠭᠡ ᠤᠯᠤᠰ ᠤᠨ ᠰᠠᠨᠰᠠᠷ ᠤᠨ ᠠᠶᠠᠯᠠᠯ ᠤᠨ ᠦᠢᠯᠡᠰ ᠤᠨ ᠨᠢᠰᠭᠦ ᠮᠡᠳᠦ ᠲᠦᠷᠭᠡᠨ ᠬᠦᠭᠵᠢᠭᠰᠡᠨ ᠢᠷᠠᠭᠤ ᠬᠠᠭᠤᠳᠠᠰᠦ ᠶᠢ ᠪᠢᠴᠢᠭᠯᠡᠭᠰᠡᠨ ᠪᠠᠶᠢᠨ᠎ᠠ᠃      ᠳ᠋ᠦᠩ ᠹᠧᠩ ᠰᠠᠨᠰᠠᠷ ᠤᠨ ᠬᠤᠳᠠ ᠶᠢ ᠪᠦᠳᠦᠭᠡᠨ ᠪᠠᠶᠢᠭᠤᠯᠤᠬᠰᠠᠨ ᠡᠬᠢᠨ ᠤ ᠦᠶ᠎ᠠ ᠳᠠᠬᠢ ᠨᠡᠭᠦᠵᠤ ᠰᠢᠯᠵᠢᠭᠦ ᠶᠢ ᠪᠡᠶ᠎ᠠ ᠪᠠᠷ ᠢᠶᠠᠨ ᠦᠩᠭᠡᠷᠡᠭᠦᠯᠦᠭᠰᠡᠨ ᠵᠤᠬᠢᠶᠠᠨ ᠪᠠᠶᠢᠭᠤᠯᠤᠬᠴᠢ ᠪᠤᠯᠤᠨ ᠮᠠᠯᠴᠢᠨ ᠤ ᠲᠦᠯᠦᠭᠡᠯᠡᠭᠴᠢ᠂ ᠦᠪᠡᠷᠳᠡᠭᠡᠨ ᠵᠠᠰᠠᠬᠤ ᠤᠷᠤᠨ ᠤ ᠡᠯ᠎ᠠ ᠵᠦᠪᠯᠡᠯ ᠠᠯᠪᠠᠨ ᠬᠡᠷ ᠲᠢᠩᠬᠢᠮ ᠲᠤᠪᠴᠢᠶ᠎ᠠ ᠪᠠ ᠬᠦᠬᠡᠬᠤᠳᠠ ᠶᠢᠨ ᠺᠠᠳ᠋ᠷ ᠠᠵᠢᠯᠳᠠᠳ ᠵᠢᠴᠢ ᠬᠦᠬᠡᠬᠤᠳᠠ ᠤᠷᠤᠨ ᠳᠤ ᠰᠠᠭᠤᠭ᠎ᠠ ᠴᠡᠷᠢᠭ ᠠᠩᠬᠢ ᠶᠢᠨ ᠲᠠᠷᠤᠭ᠎ᠠ ᠪᠠᠶᠢᠯᠳᠤᠬᠴᠢᠳ ᠦᠵᠡᠰᠭᠦᠯᠡᠩ ᠢ ᠲᠤᠭᠤᠷᠢᠨ ᠦᠵᠡᠪᠡ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号