11 ᠳ᠋ᠦ᠋ᠭᠡᠷ ᠰᠠᠷ᠎ᠠ ᠶᠢᠨ 23 ᠤ ᠡᠳᠤᠷ᠂ ︽ᠤᠯᠠᠭᠠᠨᠮᠦ᠋ᠴᠢᠷ ᠲᠤ ᠪᠠᠨ ᠬᠦᠨᠳᠦᠳᠬᠡᠯ ᠳᠡᠪᠰᠢᠭᠦᠯᠦᠶ᠎ᠠ︾ | ᠦᠪᠦᠷ ᠮᠤᠩᠭᠤᠯ ᠤᠨ ᠶᠡᠭᠡ ᠬᠢᠩᠭᠠᠨ ᠳᠠᠪᠠᠭ᠎ᠠ ᠶᠢᠨ ᠤᠯᠠᠭᠠᠨᠮᠦ᠋ᠴᠢᠷ ᠤᠨ ᠲᠤᠰᠬᠠᠢ ᠲᠠᠯᠠᠪᠠᠢ ᠲᠤᠭᠯᠠᠯᠲᠠ | ᠬᠦᠬᠡᠬᠤᠲᠠ ᠳᠤ ᠶᠠᠪᠤᠭᠳᠠᠪᠠ᠃ | ᠦᠪᠡᠷᠲᠡᠭᠡᠨ ᠵᠠᠰᠬᠠᠤ ᠤᠷᠤᠨ ᠤ ᠳᠡᠳ᠋ ᠲᠡᠷᠢᠭᠦᠯᠡᠭᠴᠢ ᠯᠢ ᠪᠢᠩ ᠷᠦᠩ ᠤᠷᠤᠯᠴᠠᠪᠠ᠃ | ᠲᠤᠭᠯᠠᠯᠲᠠ ᠶᠢ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠳᠡᠰ ᠠᠴᠠ | ᠭᠤᠤᠯᠯᠠᠨ ᠡᠷᠬᠢᠯᠡᠵᠦ᠂ ᠦᠪᠦᠷ ᠮᠤᠩᠭᠤᠯ ᠤᠨ ᠶᠡᠭᠡ ᠬᠢᠩᠭᠠᠨ ᠳᠠᠪᠠᠭ᠎ᠠ ᠶᠢᠨ ᠭᠤᠤᠯᠳᠠᠯᠭᠠᠲᠤ ᠤᠯᠤᠰ ᠤᠨ | ᠦᠮᠴᠢᠯᠡᠯᠲᠦ ᠤᠢ ᠰᠢᠭᠤᠢ ᠶᠢᠨ ᠬᠠᠮᠢᠶᠠᠷᠤᠯᠲᠠ ᠶᠢᠨ ᠲᠤᠪᠴᠢᠶ᠎ᠠ ᠠᠴᠠ ᠳᠠᠭᠠᠭᠠᠴᠢᠯᠠᠨ ᠡᠷᠬᠢᠯᠡᠵᠦ᠂ ᠶᠡᠷᠦᠩᠬᠡᠢ | ᠱᠦᠵᠢ ᠰᠢ ᠶᠢᠨ ᠫᠢᠩ ᠤᠨ ᠤᠯᠠᠭᠠᠨᠮᠦ᠋ᠴᠢᠷ ᠲᠤ ᠢᠯᠡᠭᠡᠭᠰᠡᠨ ᠬᠠᠷᠢᠭᠤ ᠵᠠᠬᠢᠳᠠᠯ ᠤᠨ ᠴᠢᠬᠤᠯᠠ ᠵᠤᠷᠢᠭ ᠰᠠᠨᠠᠭ᠎ᠠ ᠶᠢ | ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠰᠤᠶᠤᠯ ᠤᠨ ᠴᠡᠴᠡᠭᠯᠡᠯ | ᠬᠦᠭᠵᠢᠯᠲᠡ ᠶᠢ ᠠᠬᠢᠭᠤᠯᠬᠤ ᠪᠠᠷ ᠵᠤᠷᠢᠭᠰᠠᠨ ᠪᠠᠶᠢᠨ᠎ᠠ᠃ ᠲᠤᠭᠯᠠᠯᠲᠠ ᠶᠢᠨ ᠠᠬᠤᠢ ᠲᠠᠯᠠᠪᠠᠢ ᠳᠤ ᠪᠠᠰᠠ ᠪᠦᠬᠦ | ᠤᠷᠤᠨ ᠤ ᠠᠵᠤ ᠠᠬᠤᠶᠢᠯᠠᠯ ᠤᠨ ᠤᠯᠠᠭᠠᠨᠮᠦ᠋ᠴᠢᠷ ᠲᠤ ᠲᠤᠭ ᠭᠠᠷᠳᠠᠭᠤᠯᠬᠤ ᠶᠤᠰᠤᠯᠠᠯ ᠶᠠᠪᠤᠭᠤᠯᠵᠤ᠂ ᠦᠪᠡᠷᠲᠡᠭᠡᠨ | ᠵᠠᠰᠠᠬᠤ ᠤᠷᠤᠨ ᠤ ᠬᠠᠮᠢᠶ᠎ᠠ ᠪᠦᠬᠦᠢ ᠤᠳᠤᠷᠢᠳᠤᠯᠭ᠎ᠠ ᠪᠤᠭᠤᠲᠤ ᠶᠢᠨ ᠪᠤᠯᠤᠳ ᠲᠡᠮᠦᠷ ᠤᠨ ᠪᠦᠯᠦᠭᠯᠡᠯ ᠤᠨ | ᠤᠯᠠᠭᠠᠨᠮᠦ᠋ᠴᠢᠷ᠂ ᠦᠪᠦᠷ ᠮᠤᠩᠭᠤᠯ ᠤᠨ ᠶᠡᠭᠡ ᠬᠢᠩᠭᠠᠨ ᠳᠠᠪᠠᠭ᠎ᠠ ᠶᠢᠨ ᠤᠯᠠᠭᠠᠨᠮᠦ᠋ᠴᠢᠷ᠂ ᠦᠪᠦᠷ ᠮᠤᠩᠭᠤᠯ ᠤᠨ | ᠴᠠᠬᠢᠯᠭᠠᠨ ᠬᠦᠴᠦᠨ ᠤ ᠪᠦᠯᠦᠭᠯᠡᠯ ᠤᠨ ᠤᠯᠠᠭᠠᠨᠮᠦ᠋ᠴᠢᠷ᠂ ᠬᠦᠬᠡᠬᠤᠲᠠ ᠶᠢᠨ ᠲᠡᠮᠦᠷ ᠵᠠᠮ ᠤᠨ ᠲᠤᠪᠴᠢᠶ᠎ᠠ ᠶᠢᠨ | ᠤᠯᠠᠭᠠᠨᠮᠦ᠋ᠴᠢᠷ᠂ ᠦᠪᠦᠷ ᠮᠤᠩᠭᠤᠯ ᠤᠨ ᠭᠤᠤ ᠯᠦ ᠺᠤᠮᠫᠠᠨᠢ ᠶᠢᠨ ᠤᠯᠠᠭᠠᠨᠮᠦ᠋ᠴᠢᠷ᠂ ᠳ᠋ᠦᠩ ᠹᠠᠩ ᠬᠤᠪᠢ | ᠡᠵᠡᠮᠳᠡᠭᠰᠡᠨ ᠪᠦᠯᠦᠭᠯᠡᠯ ᠤᠨ ᠤᠯᠠᠭᠠᠨᠮᠦ᠋ᠴᠢᠷ ᠵᠡᠷᠭᠡ ᠦᠪᠡᠷᠲᠡᠭᠡᠨ ᠵᠠᠰᠠᠬᠤ ᠤᠷᠤᠨ ᠠᠴᠠ ᠵᠤᠬᠢᠶᠠᠨ ᠪᠠᠶᠢᠭᠤᠯᠤᠭᠰᠠᠨ | ᠠᠩᠬᠠᠳᠠᠬᠴᠢ ᠪᠦᠯᠦᠭ 6 ᠠᠵᠤ ᠠᠬᠤᠶᠢᠯᠠᠯ ᠤᠨ ᠤᠯᠠᠭᠠᠨᠮᠦ᠋ᠴᠢᠷ ᠲᠤ ᠲᠤᠭ ᠭᠠᠷᠳᠠᠭᠤᠯᠤᠭᠰᠠᠨ ᠪᠠᠶᠢᠨ᠎ᠠ᠃ | ᠲᠤᠭᠯᠠᠯᠲᠠ ᠨᠢ ︽ᠠᠯᠤᠰ ᠤᠨ ᠠᠭᠤᠯᠠᠨ ᠤ ᠳᠤᠷᠠᠰᠤᠮᠵᠢ︾᠂ ︽ᠤᠢ ᠰᠢᠭᠤᠢ ᠶᠢᠨ ᠬᠠᠶᠢᠷ᠎ᠠ ᠰᠡᠳᠬᠢᠯᠭᠡ︾᠂ | ︽ᠳᠠᠪᠠᠭᠠᠨ ᠳᠡᠭᠡᠷᠡᠬᠢ ᠭᠡᠷ ᠤᠷᠤᠨ︾᠂ ︽ᠬᠦᠪᠴᠢᠨ ᠤᠢ ᠶᠢᠨ ᠳᠠᠭᠤᠯᠠᠯ︾ ᠵᠡᠷᠭᠡ 4 ᠪᠦᠯᠦᠭ ᠢᠶᠠᠷ | ᠪᠦᠷᠢᠯᠳᠦᠵᠦ᠂ ᠤᠶᠢᠲᠤ ᠤᠷᠤᠨ ᠳᠤ ᠦᠭᠡᠷᠡᠴᠢᠯᠡᠯᠲᠡ ᠨᠡᠭᠡᠭᠡᠯᠲᠡ ᠬᠢᠭᠰᠡᠨ 40 ᠵᠢᠯ ᠤᠨ ᠲᠤᠷᠰᠢᠬᠢ ᠬᠦᠭᠵᠢᠯᠲᠡ | ᠬᠤᠪᠢᠷᠠᠯᠲᠠ ᠶᠢ ᠳᠤᠰᠬᠠᠵᠤ᠂ ᠤᠤᠭᠠᠯ ᠪᠦᠲᠦᠭᠡᠯᠴᠢ ᠴᠢᠨᠠᠷ᠂ ᠦᠪᠡᠷᠮᠢᠴᠡ ᠤᠨᠴᠠᠯᠢᠭᠲᠤ ᠴᠢᠨᠠᠷ ᠪᠤᠯᠤᠨ ᠴᠠᠭ | ᠦᠶᠡᠴᠢ ᠴᠢᠨᠠᠷ ᠢ ᠳᠤᠪᠤᠶᠢᠯᠭᠠᠵᠤ᠂ ᠦᠷᠭᠡᠨ ᠤᠯᠠᠨ ᠤᠢ ᠰᠢᠭᠤᠢ ᠶᠢᠨ ᠠᠵᠢᠯᠲᠠᠳ ᠤᠨ ᠡᠬᠡ ᠤᠯᠤᠰ ᠤᠨ ᠢᠶᠠᠨ | ᠤᠮᠠᠷᠠᠲᠤ ᠬᠢᠯᠢ ᠶᠢᠨ ᠠᠮᠢ ᠠᠬᠤᠢ ᠶᠢᠨ ᠬᠠᠯᠬᠠᠪᠴᠢ ᠶᠢ ᠪᠠᠲᠤ ᠪᠠᠬᠢ ᠴᠤᠭᠴᠠᠯᠠᠬᠤ ᠳᠤᠮᠳᠠ ᠤᠶᠤᠨ ᠤᠬᠠᠭᠠᠨ | ᠠᠪᠢᠶᠠᠰ ᠴᠢᠳᠠᠪᠤᠷᠢ ᠪᠠᠨ ᠡᠷᠬᠦᠵᠤ ᠪᠠᠶᠢᠬᠤ ᠬᠠᠷᠠᠮ ᠦᠭᠡᠢ ᠬᠠᠶᠢᠷ᠎ᠠ ᠰᠡᠳᠬᠢᠯᠭᠡ ᠶᠢ ᠢᠯᠡᠷᠡᠭᠦᠯᠦᠭᠰᠡᠨ ᠪᠠᠶᠢᠨ᠎ᠠ᠃ |