ᠥᠪᠥᠷ ᠮᠣᠩᠭᠤᠯ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠵᠦ ᠡᠵᠡᠮᠳᠡᠬᠦ ᠦᠶᠯᠡᠴᠢᠯᠡᠭᠡᠨ ᠤ ᠴᠢᠳᠠᠪᠤᠷᠢ ᠶᠢᠨ ᠰᠢᠨ᠎ᠡ ᠬᠠᠷᠠᠯᠲᠠ ᠶᠢ ᠲᠤᠭᠲᠠᠭᠠᠪᠠ
ᠨᠡᠶᠢᠲᠡᠯᠡᠭᠰᠡᠨ ᠴᠠᠭ᠄
2018/11/26
     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠵᠦ ᠡᠵᠡᠮᠳᠡᠬᠦ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠵᠦ ᠡᠵᠡᠮᠳᠡᠬᠦ ᠴᠢᠳᠠᠪᠤᠷᠢ ᠶᠢᠨ ᠪᠠᠶᠢᠭᠤᠯᠤᠯᠲᠠ ᠶᠢ ᠲᠦᠷᠭᠡᠳᠬᠡᠵᠦ᠂ ᠪᠥᠬᠦ ᠣᠷᠣᠨ ᠤ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠵᠦ ᠡᠵᠡᠮᠳᠡᠬᠦ ᠪᠠᠶᠢᠭᠤᠯᠤᠮᠵᠢ ᠶᠢᠨ ᠦᠶᠯᠡᠴᠢᠯᠡᠭᠡᠨ ᠤ ᠴᠢᠳᠠᠪᠤᠷᠢ ᠪᠠ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠶᠢᠨ ᠲᠦᠯᠦᠭᠡ᠂ ᠤᠷᠴᠢᠮᠬᠠᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭᠲᠠᠭᠠᠨ ᠨᠡᠶᠢᠲᠡᠯᠡᠭᠰᠡᠨ ︽ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠵᠦ ᠡᠵᠡᠮᠳᠡᠬᠦ ᠦᠶᠯᠡᠴᠢᠯᠡᠭᠡᠨ ᠤ ᠴᠢᠳᠠᠪᠤᠷᠢ ᠶᠢᠨ ᠪᠠᠶᠢᠭᠤᠯᠤᠯᠲᠠ ᠶᠢᠨ ᠠᠵᠢᠯᠯᠠᠭᠠᠨ ᠤ ᠲᠥᠰᠦᠯ︾᠎ ᠳᠤ ᠲᠤᠳᠤᠷᠬᠠᠢ ᠳᠤᠷᠠᠳᠤᠭᠰᠠᠨ ᠨᠢ᠂ 2020 ᠣᠨ ᠪᠣᠯᠬᠤ ᠳᠤ᠂ ᠪᠥᠬᠦ ᠣᠷᠣᠨ ᠤ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠵᠦ ᠡᠵᠡᠮᠳᠡᠬᠦ ᠦᠢᠯᠡᠴᠢᠯᠡᠭᠡᠨ ᠤ ᠡᠬᠢ ᠪᠠᠶᠠᠯᠢᠭ ᠤᠨ ᠪᠠᠶᠢᠷᠢᠰᠢᠭᠤᠯᠤᠯᠲᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠰᠠᠭᠤᠷᠢ ᠲᠤᠨᠤᠭ ᠲᠥᠬᠦᠭᠡᠷᠦᠮᠵᠢ ᠶᠢᠨ ᠨᠥᠬᠦᠴᠡᠯ ᠢ ᠤᠯᠠᠮ ᠨᠢᠭᠡ ᠠᠯᠬᠤᠮ ᠰᠠᠶᠢᠵᠢᠷᠠᠭᠤᠯᠵᠤ᠂ ᠦᠶᠯᠡᠴᠢᠯᠡᠭᠡᠨ ᠤ ᠴᠢᠳᠠᠪᠤᠷᠢ ᠪᠠ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠡᠯ᠎ᠡ ᠱᠠᠲᠤᠨ ᠤ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠵᠦ ᠡᠵᠡᠮᠳᠡᠬᠦ ᠪᠠᠶᠢᠭᠤᠯᠤᠮᠵᠢ᠂ ᠡᠮᠴᠢᠯᠡᠭᠡᠨ ᠤ ᠪᠠᠶᠢᠭᠤᠯᠤᠮᠵᠢ ᠶᠢᠨ ᠬᠠᠯᠳᠠᠪᠤᠷᠢᠲᠤ ᠡᠪᠡᠳᠴᠢᠨ ᠢ ᠤᠷᠢᠳᠴᠢᠯᠠᠨ ᠰᠡᠷᠭᠡᠶᠢᠯᠡᠵᠦ ᠡᠵᠡᠮᠳᠡᠬᠦ᠂ ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ᠂ ᠤᠵᠢᠭ ᠴᠢᠨᠠᠷᠲᠠᠢ ᠡᠪᠡᠳᠴᠢᠨ ᠪᠠ ᠮᠡᠳᠡᠷᠡᠯ ᠤᠨ ᠡᠷᠡᠭᠦᠯ ᠬᠠᠮᠠᠭᠠᠯᠠᠯ ᠤᠨ ᠰᠡᠷᠭᠡᠶᠢᠯᠡᠨ ᠵᠠᠰᠠᠬᠤ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠢ ᠬᠢᠨᠠᠨ ᠰᠢᠯᠭᠠᠬᠤ ᠦᠨᠡᠯᠡᠬᠦ᠂ ᠲᠤᠷᠰᠢᠯᠲᠠ ᠶᠢᠨ ᠲᠠᠰᠤᠭ ᠲᠤ ᠰᠢᠯᠭᠠᠨ ᠬᠡᠮᠵᠢᠬᠦ ᠵᠡᠷᠭᠡ ᠴᠢᠳᠠᠪᠤᠷᠢ ᠶᠢ ᠨᠢ ᠤᠯᠤᠰ ᠪᠠ ᠥᠪᠡᠷᠲᠡᠭᠡᠨ ᠵᠠᠰᠠᠬᠤ ᠣᠷᠣᠨ ᠤ ᠱᠠᠭᠠᠷᠳᠠᠯᠭ᠎ᠠ ᠳᠤ ᠬᠦᠷᠦᠭᠦᠯᠵᠦ᠂ ᠬᠤᠲᠠ ᠬᠥᠳᠡᠭᠡ ᠶᠢ ᠬᠠᠮᠤᠷᠤᠭᠰᠠᠨ᠂ ᠡᠭᠦᠷᠭᠡ ᠬᠠᠷᠢᠭᠤᠴᠠᠯᠭ᠎ᠠ ᠨᠢ ᠲᠣᠳᠣᠷᠬᠠᠶ᠂ ᠥᠨᠳᠥᠷ ᠪᠦᠲᠦᠮᠵᠢᠲᠡᠶ ᠵᠢᠷᠤᠮᠵᠢᠭᠰᠠᠨ᠂ ᠬᠠᠮᠲᠤ ᠪᠠᠷ ᠰᠡᠷᠭᠡᠶᠢᠯᠡᠵᠦ ᠡᠵᠡᠮᠳᠡᠬᠦ᠂ ᠪᠦᠬᠦ ᠨᠡᠶᠢᠭᠡᠮ ᠢᠶᠠᠷ ᠢᠶᠠᠨ ᠬᠠᠮᠲᠤ ᠪᠠᠷ ᠤᠷᠤᠯᠴᠠᠬᠤ ᠬᠦᠨᠳᠦ ᠶᠡᠭᠡ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠵᠦ ᠡᠵᠡᠮᠳᠡᠬᠦ ᠠᠵᠢᠯ ᠤᠨ ᠪᠠᠶᠢᠷᠢᠰᠢᠯ ᠢ ᠪᠣᠶ ᠪᠣᠯᠭᠠᠨ᠎ᠠ ᠭᠡᠵᠡᠢ᠃      ︽ᠠᠵᠢᠯᠯᠠᠭᠠᠨ ᠤ ᠲᠥᠰᠦᠯ︾᠎ ᠳᠤ ᠱᠠᠭᠠᠷᠳᠠᠭᠰᠠᠨ ᠨᠢ᠂ ᠣᠷᠣᠨ ᠳᠠᠶᠠᠭᠠᠷ ᠲᠤ ᠶᠡᠭᠡ ᠡᠷᠡᠭᠦᠯ ᠬᠠᠮᠠᠭᠠᠯᠠᠯ ᠶᠡᠭᠡ ᠡᠷᠡᠭᠦᠯ ᠴᠢᠭᠢᠷᠠᠭ ᠤᠨ ᠤᠨᠤᠯᠵᠢᠬᠤᠨ ᠢ ᠪᠤᠢ ᠪᠤᠯᠭᠠᠵᠤ᠂ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠵᠦ ᠡᠵᠡᠮᠳᠡᠬᠦ᠂ ᠤᠯᠠᠨ ᠨᠡᠶᠢᠲᠡ ᠶᠢᠨ ᠡᠷᠡᠭᠦᠯ ᠮᠡᠨᠳᠤ ᠶᠢ ᠪᠠᠲᠤᠯᠠᠬᠤ ᠶᠢ ᠨᠠᠮ ᠪᠠ ᠵᠠᠰᠠᠭ ᠤᠨ ᠣᠷᠳᠣᠨ ᠤ ᠠᠷᠠᠳ ᠤᠨ ᠠᠮᠢᠳᠤᠷᠠᠯ ᠤᠨ ᠠᠵᠢᠯ ᠤᠨ ᠴᠢᠬᠤᠯᠠ ᠠᠭᠤᠯᠭ᠎ᠠ ᠪᠤᠯᠭᠠᠬᠤ ᠬᠡᠷᠡᠭᠲᠡᠢ᠃ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠶᠡᠷᠦᠩᠬᠡᠶᠢᠯᠡᠨ ᠠᠳᠬᠤᠵᠤ ᠳᠠᠭᠠᠭᠤᠯᠬᠤ ᠦᠢᠯᠡᠳᠦᠯ ᠢᠶᠠᠨ ᠪᠠᠳᠠᠷᠠᠭᠤᠯᠵᠤ᠂ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠵᠦ ᠡᠵᠡᠮᠳᠡᠬᠦ ᠴᠢᠳᠠᠪᠤᠷᠢ ᠶᠢᠨ ᠪᠠᠶᠢᠭᠤᠯᠤᠯᠲᠠ ᠪᠠ ᠬᠦᠭᠵᠢᠯᠲᠡ ᠶᠢ ᠲᠦᠯᠬᠢᠨ ᠠᠬᠢᠭᠤᠯᠬᠤ ᠬᠡᠷᠡᠭᠲᠡᠢ᠃ ᠡᠯ᠎ᠡ ᠭᠠᠵᠠᠷ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠵᠦ ᠡᠵᠡᠮᠳᠡᠬᠦ ᠴᠢᠳᠠᠪᠤᠷᠢ ᠶᠢᠨ ᠪᠠᠶᠢᠭᠤᠯᠤᠯᠲᠠ ᠪᠠ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠵᠦ ᠡᠵᠡᠮᠳᠡᠬᠦ ᠠᠵᠢᠯ ᠢ ᠵᠠᠰᠠᠭ ᠤᠨ ᠣᠷᠳᠣᠨ ᠤ ᠬᠠᠷᠠᠯᠲᠠᠲᠤ ᠬᠠᠷᠢᠭᠤᠴᠠᠯᠭ᠎ᠠ ᠶᠢᠨ ᠰᠢᠯᠭᠠᠨ ᠬᠢᠨᠠᠬᠤ ᠬᠠᠮᠢᠶᠠᠷᠤᠯᠲᠠ ᠳᠤ ᠣᠷᠣᠭᠤᠯᠵᠤ᠂ ᠬᠢᠨᠠᠯᠲᠠ ᠲᠠᠯᠪᠢᠵᠤ ᠵᠢᠭᠠᠨ ᠵᠢᠯᠣᠭᠤᠳᠬᠤ ᠪᠠ ᠬᠢᠨᠠᠨ ᠰᠢᠯᠭᠠᠵᠤ ᠦᠨᠡᠯᠡᠨ ᠵᠢᠱᠢᠬᠦ ᠪᠠᠨ ᠦᠨᠡᠨ ᠬᠦ ᠴᠢᠩᠭᠠᠳᠬᠠᠬᠤ ᠬᠡᠷᠡᠭᠲᠡᠢ᠃ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠵᠦ ᠡᠵᠡᠮᠳᠡᠬᠦ ᠴᠢᠳᠠᠪᠤᠷᠢ ᠶᠢᠨ ᠪᠠᠶᠢᠭᠤᠯᠤᠯᠲᠠ ᠶᠢᠨ ᠦᠨᠡᠯᠡᠬᠦ ᠰᠢᠰᠲ᠋ᠧᠮᠵᠢ ᠪᠠ ᠬᠥᠬᠢᠭᠦᠯᠦᠨ ᠱᠠᠩᠨᠠᠬᠤ ᠵᠢᠴᠢ ᠵᠠᠯᠬᠠᠭᠠᠨ ᠰᠢᠳᠬᠡᠵᠦ ᠬᠠᠷᠢᠭᠤᠴᠠᠯᠭ᠎ᠠ ᠲᠤᠯᠭᠠᠬᠤ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠵᠦ ᠡᠵᠡᠮᠳᠡᠬᠦ ᠴᠢᠳᠠᠪᠤᠷᠢ ᠪᠣᠯᠤᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠵᠤ ᠠᠬᠤᠶ ᠨᠡᠶᠢᠭᠡᠮ ᠤᠨ ᠵᠣᠬᠢᠴᠠᠩᠭᠤᠶ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠶᠢ ᠲᠠᠰᠤᠷᠠᠯᠲᠠ ᠦᠭᠡᠢ ᠬᠠᠩᠭᠠᠬᠤ ᠬᠡᠷᠡᠭᠲᠡᠢ ᠭᠡᠵᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号