ᠥᠪᠥᠷ ᠮᠣᠩᠭᠤᠯ᠄ ᠠᠶᠤᠯ ᠦᠭᠡᠢ ᠦᠢᠯᠡᠳᠪᠦᠷᠢᠯᠡᠯ ᠤᠨ ᠪᠠᠶᠢᠳᠠᠯ ᠲᠣᠭᠲᠠᠭᠤᠨ ᠢᠶᠠᠷ ᠰᠠᠶᠢᠵᠢᠷᠠᠵᠤ ︽ᠭᠤᠷᠪᠠ ᠶᠢ ᠪᠠᠭᠠᠰᠬᠠᠬᠤ︾᠎ ᠶᠢ ᠪᠡᠶᠡᠯᠡᠭᠦᠯᠪᠡ
ᠨᠡᠶᠢᠲᠡᠯᠡᠭᠰᠡᠨ ᠴᠠᠭ᠄
2018/11/26
     ᠡᠨᠡ ᠵᠢᠯ ᠠᠴᠠ ᠨᠠᠭᠠᠰᠢ᠂ ᠪᠦᠬᠦ ᠣᠷᠣᠨ ᠤ ᠠᠶᠤᠯ ᠦᠭᠡᠢ ᠦᠢᠯᠡᠳᠪᠦᠷᠢᠯᠡᠯ ᠤᠨ ᠪᠠᠶᠢᠳᠠᠯ ᠲᠣᠭᠲᠠᠭᠤᠨ ᠢᠶᠠᠷ ᠰᠠᠶᠢᠵᠢᠷᠠᠵᠤ᠂ ᠠᠳᠡᠯ ᠭᠠᠷᠬᠤ ᠶᠡᠷᠦᠩᠬᠡᠶ ᠬᠡᠮᠵᠢᠶ᠎ᠡ᠂ ᠨᠡᠯᠢᠶᠡᠳ ᠶᠡᠭᠡ ᠠᠳᠡᠯ ᠭᠠᠷᠬᠤ ᠶᠡᠷᠦᠩᠬᠡᠶ ᠬᠡᠮᠵᠢᠶ᠎ᠡ᠂ ᠬᠦᠨᠳᠦ ᠣᠨᠴᠠ ᠶᠡᠭᠡ ᠠᠳᠡᠯ ︽ᠭᠤᠷᠪᠠ ᠶᠢ ᠪᠠᠭᠠᠰᠬᠠᠵᠤ︾᠂ ᠣᠯᠠᠩᠬᠢ ᠠᠵᠢᠯ ᠲᠦᠷᠦᠯ ᠤᠨ ᠬᠦᠷᠢᠶ᠎ᠡ ᠬᠡᠪᠴᠢᠶ᠎ᠡ᠂ ᠶᠡᠬᠡᠩᠬᠢ ᠬᠡᠰᠡᠭ ᠭᠠᠵᠠᠷ ᠣᠷᠣᠨ ᠤ ᠠᠮᠤᠷ ᠲᠦᠪᠰᠢᠨ ᠤ ᠪᠠᠶᠢᠳᠠᠯ ︽ᠬᠤᠶᠠᠷ ᠰᠠᠶᠢᠵᠢᠷᠠᠯᠲᠠ︾᠎ ᠲᠠᠢ ᠰᠠᠶᠢᠨ ᠰᠠᠶᠢᠬᠠᠨ ᠬᠥᠭᠵᠢᠯᠲᠡ ᠶᠢᠨ ᠪᠠᠶᠢᠳᠠᠯ ᠲᠠᠢ ᠪᠣᠯᠪᠠ᠃ 10 ᠳ᠋ᠤᠭᠠᠷ ᠰᠠᠷ᠎ᠠ ᠶᠢᠨ ᠡᠴᠦᠰ ᠪᠣᠯᠲᠠᠯ᠎ᠠ᠂ ᠪᠦᠬᠦ ᠣᠷᠣᠨ ᠤ ᠠᠶᠤᠯ ᠦᠭᠡᠢ ᠦᠢᠯᠡᠳᠪᠦᠷᠢᠯᠡᠯ ᠤᠨ ᠠᠳᠡᠯ ᠤᠨ ᠲᠤᠭ᠎ᠠ ᠪᠣᠯᠤᠨ ᠠᠳᠡᠭᠳᠡᠭᠰᠡᠨ ᠬᠥᠮᠦᠨ ᠤ ᠲᠤᠭ᠎ᠠ ᠲᠤᠰ ᠲᠤᠰ 29% ᠪᠣᠯᠣᠨ 21%᠎ ᠪᠠᠷ ᠪᠠᠭᠠᠰᠪᠠ︔ ᠨᠡᠯᠢᠶᠡᠳ ᠶᠡᠭᠡ ᠠᠳᠡᠯ ᠭᠠᠷᠤᠭᠰᠠᠨ ᠲᠤᠭ᠎ᠠ ᠪᠣᠯᠤᠨ ᠠᠳᠡᠭᠰᠡᠨ ᠬᠥᠮᠦᠨ ᠤ ᠲᠤᠭ᠎ᠠ ᠲᠤᠰ ᠲᠤᠰ 27% ᠪᠠ 13%᠎ ᠪᠠᠷ ᠪᠠᠭᠠᠰᠪᠠ᠃ ᠬᠦᠨᠳᠦ ᠣᠨᠴᠠ ᠶᠡᠭᠡ ᠠᠳᠡᠯ ᠦᠯᠦ ᠭᠠᠷᠴᠠᠢ᠃ ᠣᠷᠣᠨ ᠪᠦᠰᠡ ᠪᠠᠷ ᠵᠠᠳᠠᠯᠵᠤ ᠦᠵᠡᠪᠡᠯ᠂ 11 ᠠᠶᠢᠮᠠᠭ ᠬᠤᠲᠠ ᠶᠢᠨ ᠬᠢ ᠪᠠᠭᠤᠷᠠᠯᠲᠠ ᠲᠠᠢ ᠪᠠᠶᠢᠵᠤ᠂ 5 ᠠᠶᠢᠮᠠᠭ ᠬᠤᠲᠠ ᠳᠤ ᠨᠡᠯᠢᠶᠡᠳ ᠶᠡᠭᠡ ᠡ᠊ᠨᠳᠡᠯ ᠦᠯᠦ ᠭᠠᠷᠴᠠᠢ᠃ ᠠᠵᠢᠯ ᠲᠥᠷᠥᠯ ᠤᠨ  ᠬᠦᠷᠢᠶ᠎ᠡ ᠪᠠᠷ ᠦᠵᠡᠪᠡᠯ᠂ ᠠᠶᠤᠯᠲᠠᠶ ᠬᠢᠮᠢ ᠶᠢᠨ ᠪᠣᠳᠠᠰ᠂ ᠨᠡᠭᠦᠷᠡᠰᠦᠨ ᠤ ᠪᠤᠰᠤ ᠠᠭᠤᠷᠬᠠᠢ᠂ ᠲᠡᠮᠦᠷᠯᠢᠭ ᠪᠣᠯᠪᠠᠰᠤᠷᠠᠭᠤᠯᠬᠤ ᠵᠡᠷᠭᠡ ᠠᠵᠢᠯ ᠲᠦᠷᠤᠯ ᠤᠨ ᠠᠳᠡᠯ ᠳᠤ ᠠᠳᠡᠭᠰᠡᠨ ᠬᠥᠮᠥᠨ ᠤ ᠲᠤᠭ᠎ᠠ ᠲᠤᠰ ᠲᠤᠰ 72%᠂ 6% ᠪᠠ 5%᠎ ᠪᠠᠷ ᠪᠠᠭᠠᠰᠴᠣ᠂ ᠨᠡᠯᠢᠶᠡᠳ ᠶᠡᠭᠡ ᠡ᠊ᠨᠳᠡᠯ ᠦᠯᠦ ᠭᠠᠷᠴᠠᠢ᠃      ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ ᠠᠴᠠ ᠱᠠᠭᠠᠷᠳᠠᠭᠰᠠᠨ ᠨᠢ᠂ ᠡᠯ᠎ᠡ ᠭᠠᠵᠠᠷ ᠤᠨ ᠬᠢᠨ ᠡ᠊ᠨᠳᠡᠯ ᠤᠨ ᠲᠠᠯᠳᠠ ᠭᠡᠮ ᠢ ᠵᠢᠭᠰᠠᠭᠠᠨ ᠪᠠᠶᠢᠴᠠᠭᠠᠵᠤ ᠰᠢᠢᠳᠪᠦᠷᠢᠯᠡᠬᠦ᠂ ᠲᠤᠰᠬᠠᠶ ᠵᠦᠢᠯ ᠢᠶᠠᠷ ᠴᠡᠭᠴᠡᠯᠡᠨ ᠵᠠᠰᠠᠬᠤ᠂ ᠬᠠᠤᠯᠢ ᠶᠢ ᠴᠢᠩᠭ᠎ᠠ ᠬᠡᠷᠡᠭᠵᠢᠭᠦᠯᠬᠦ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠵᠡᠷᠭᠡ ᠭᠤᠣᠯᠳᠠᠯᠭ᠎ᠠ ᠲᠠᠢ ᠠᠵᠢᠯ ᠢ ᠪᠠᠶᠢᠩᠭᠤᠵᠢᠭᠤᠯᠤᠨ ᠲᠦᠯᠬᠢᠨ ᠠᠬᠢᠭᠤᠯᠵᠤ᠂ ᠡᠯ᠎ᠡ ᠵᠦᠢᠯ ᠤᠨ ᠠᠵᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠨᠠᠷᠢᠯᠢᠭ ᠨᠠᠶᠢᠳᠠᠪᠤᠷᠢᠵᠢᠭᠤᠯᠤᠨ᠂ ᠪᠤᠳᠠᠲᠠᠢ ᠭᠠᠵᠠᠷ ᠲᠤ ᠨᠢ ᠨᠠᠶᠢᠳᠠᠪᠤᠷᠢᠵᠢᠭᠤᠯᠵᠤ᠂ ᠬᠦᠨᠳᠦ ᠶᠡᠭᠡ ᠠᠶᠤᠯ ᠤᠨ ᠡᠬᠢ ᠰᠤᠷᠪᠤᠯᠵᠢ ᠶᠢ ᠢᠮᠠᠭᠲᠠ ᠠᠩᠬᠠᠷᠤᠨ ᠪᠠᠶᠢᠴᠠᠭᠠᠵᠤ᠂ ᠨᠠᠶᠢᠳᠠᠪᠤᠷᠢ ᠦᠭᠡᠢ ᠠᠵᠤ ᠠᠬᠤᠶᠢᠯᠠᠯ ᠪᠦᠬᠦᠨ ᠢ ᠨᠢᠭᠡ ᠤᠳᠠᠭ᠎ᠠ ᠨᠠᠷᠢᠨ ᠨᠢᠭᠲᠠ ᠪᠠᠶᠢᠴᠠᠭᠠᠨ ᠦᠵᠡᠵᠦ᠂ ᠪᠠᠭᠤᠷᠠᠶ ᠲᠠᠯ᠎ᠠ ᠶᠢ ᠨᠡᠪᠲᠡ ᠣᠶᠢᠯᠠᠭᠠᠵᠤ ᠵᠥᠪ ᠲᠣᠳᠣᠷᠬᠠᠶ ᠤᠢᠢᠯᠡᠭᠠᠠ᠂ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠡᠷᠴᠢᠮ ᠢ ᠴᠢᠩᠭᠠᠷᠠᠭᠤᠯᠬᠤ ᠬᠡᠷᠡᠭᠲᠡᠢ᠃ ᠱᠠᠭᠠᠷᠳᠠᠯᠭ᠎ᠠ ᠶᠣᠰᠣᠭᠠᠷ ᠴᠡᠭᠴᠡᠯᠡᠨ ᠰᠠᠶᠢᠵᠢᠷᠠᠭᠤᠯᠤᠭᠰᠠᠨ ᠦᠭᠡᠢ ᠠᠵᠤ ᠠᠬᠤᠶᠢᠯᠠᠯ ᠢ ᠡᠷᠬᠡᠪᠰᠢ ᠲᠡᠷᠡ ᠳᠠᠷᠤᠶ ᠳᠤ ᠨᠢ ᠬᠠᠤᠯᠢ ᠶᠣᠰᠣᠭᠠᠷ ᠦᠢᠯᠡᠳᠪᠦᠷᠢᠯᠡᠯ ᠢ ᠨᠢ ᠵᠣᠭᠰᠣᠭᠠᠨ ᠴᠡᠭᠴᠡᠯᠡᠬᠦ ᠬᠡᠷᠡᠭᠲᠡᠢ᠂ ᠶᠠᠭᠠᠬᠢᠭᠰᠠᠨ ᠴᠤ ᠢᠯᠳᠠᠷ ᠬᠠᠶᠠᠵᠤ ᠪᠣᠯᠬᠤ ᠥᠭᠡᠢ᠃ ᠬᠦᠨᠳᠦ ᠶᠡᠭᠡ ᠲᠠᠯᠳᠠ ᠭᠡᠮ ᠢ ᠣᠯᠵᠤ ᠮᠡᠳᠡᠭᠰᠡᠨ ᠪᠠᠶᠢᠲᠠᠯ᠎ᠠ ᠪᠠᠨ ᠬᠠᠰᠢ ᠶᠠᠰᠢ ᠬᠠᠨᠳᠤᠭᠰᠠᠨ ᠠᠵᠤ ᠠᠬᠤᠶᠢᠯᠠᠯ ᠢ ᠠᠳᠡᠯ ᠭᠠᠷᠤᠭᠰᠠᠨ  ᠢᠶᠠᠷ ᠦᠵᠡᠨ ᠬᠡᠷᠡᠭ ᠪᠣᠯᠭᠠᠨ ᠳᠡᠩᠰᠡᠯᠡᠵᠦ ᠪᠠᠶᠢᠴᠠᠭᠠᠨ᠂ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠪᠣᠯᠤᠨ ᠬᠠᠮᠢᠶ᠎ᠠ ᠪᠦᠬᠦᠢ ᠬᠥᠮᠦᠰ ᠠᠴᠠ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ ᠭᠡᠵᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号