11 ᠳ᠋ᠦ᠋ᠭᠡᠷ ᠰᠠᠷ᠎ᠠ ᠶᠢᠨ 27 ᠤ ᠡᠳᠦᠷ᠂ ᠦᠪᠡᠷᠲᠡᠭᠡᠨ ᠵᠠᠰᠠᠬᠤ ᠤᠷᠤᠨ ᠤ ᠰᠤᠶᠤᠯ ᠪᠠ ᠵᠢᠭᠤᠯᠴᠢᠯᠠᠯ ᠤᠨ | ᠲᠢᠩᠬᠢᠮ ᠠᠴᠠ ᠭᠤᠤᠯᠯᠠᠨ ᠡᠷᠬᠢᠯᠡᠵᠦ᠂ ᠦᠪᠡᠷᠲᠡᠭᠡᠨ ᠵᠠᠰᠬᠠᠤ ᠤᠷᠤᠨ ᠤ ᠤᠷᠠᠯᠢᠭ ᠰᠤᠳᠤᠯᠤᠯ ᠤᠨ | ᠬᠦᠷᠢᠶᠡᠯᠡᠩ ᠠᠴᠠ ᠳᠠᠭᠠᠭᠠᠴᠢᠯᠠᠨ ᠡᠷᠬᠢᠯᠡᠭᠰᠡᠨ ᠠᠩᠬᠠᠳᠤᠭᠠᠷ ᠬᠤᠭᠤᠴᠠᠭᠠᠨ ᠤ ︽ᠤᠯᠠᠭᠠᠨᠮᠦ᠋ᠴᠢᠷ ᠤᠨ | ᠬᠦᠭᠵᠢᠯᠲᠡ ᠶᠢᠨ ᠶᠠᠷᠢᠶᠠᠨ ᠤ ᠲᠠᠪᠴᠠᠩ︾ ᠬᠦᠬᠡᠬᠤᠲᠠ ᠳᠤ ᠶᠠᠪᠤᠭᠳᠠᠪᠠ᠃ | ᠲᠤᠰ ᠶᠠᠷᠢᠶᠠᠨ ᠤ ᠲᠠᠪᠴᠠᠩ ᠨᠢ ︽ᠰᠢᠨ᠎ᠡ ᠡᠭᠦᠳᠦᠯᠲᠡ ᠪᠠᠷ ᠤᠯᠠᠭᠠᠨᠮᠦ᠋ᠴᠢᠷ ᠤᠨ ᠬᠦᠭᠵᠢᠯᠲᠡ ᠶᠢᠨ | ᠬᠦᠳᠡᠯᠭᠡᠭᠦᠷ ᠪᠤᠯᠭᠠᠬᠤ︾ ᠪᠠᠷ ᠭᠤᠤᠯ ᠰᠡᠳᠦᠪ ᠪᠤᠯᠭᠠᠵᠤ᠂ ᠤᠯᠠᠭᠠᠨᠮᠦ᠋ᠴᠢᠷ ᠤᠨ ᠵᠤᠷᠢᠭ ᠰᠠᠨᠠᠭ᠎ᠠ ᠶᠢ ᠪᠠᠳᠠᠷᠠᠭᠤᠯᠵᠤ᠂ | ᠤᠯᠠᠭᠠᠨᠮᠦ᠋ᠴᠢᠷ ᠤᠨ ᠰᠢᠯᠢᠳᠡᠭ ᠤᠯᠠᠮᠵᠢᠯᠠᠯ ᠢ ᠵᠠᠯᠭᠠᠮᠵᠢᠯᠠᠨ᠂ ᠤᠷᠤᠨ ᠤ ᠳᠤᠲᠤᠷ᠎ᠠ ᠭᠠᠳᠠᠨᠠᠬᠢ ᠤᠯᠠᠭᠠᠨᠮᠦ᠋ᠴᠢᠷ ᠤᠨ | ᠠᠵᠢᠯᠲᠠᠳ᠂ ᠰᠤᠳᠤᠯᠭᠠᠲᠠᠳ ᠲᠤ ᠤᠷᠲᠤ ᠬᠤᠭᠤᠴᠠᠭ᠎ᠠ ᠪᠠᠷ ᠡᠷᠳᠡᠮ ᠰᠢᠨᠵᠢᠯᠡᠭᠡᠨ ᠤ ᠰᠤᠯᠢᠯᠴᠠᠭ᠎ᠠ ᠬᠢᠬᠦ ᠲᠠᠪᠴᠠᠩ | ᠬᠠᠩᠭᠠᠵᠤ᠂ ᠤᠷᠠᠯᠢᠭ ᠤᠨ ᠰᠤᠳᠤᠯᠭᠠᠨ ᠤ ᠪᠠᠶᠢᠭᠤᠯᠤᠮᠵᠢ ᠶᠢᠨ ᠰᠢᠢᠳᠪᠦᠷᠢᠲᠦ ᠪᠤᠳᠤᠯᠭ᠎ᠠ ᠳᠤ ᠦᠢᠯᠡᠴᠢᠯᠡᠬᠦ᠂ | ᠠᠷᠠᠳ ᠲᠦᠮᠡᠨ ᠳᠤ ᠦᠢᠯᠡᠴᠢᠯᠡᠬᠦ ᠦᠢᠯᠡᠳᠦᠯ ᠢ ᠨᠢ ᠭᠦᠢᠴᠡᠳ ᠪᠠᠳᠠᠷᠠᠭᠤᠯᠵᠤ᠂ ᠤᠯᠠᠭᠠᠨᠮᠦ᠋ᠴᠢᠷ ᠤᠨ ᠦᠢᠯᠡᠰ ᠤᠨ | ᠬᠦᠭᠵᠢᠯᠲᠡ ᠳᠤ ᠤᠶᠤᠨ ᠤ ᠪᠠ ᠡᠷᠳᠡᠮ ᠰᠢᠨᠵᠢᠯᠡᠭᠡᠨ ᠤ ᠳᠡᠮᠵᠢᠯᠭᠡ ᠬᠠᠩᠭᠠᠵᠤ᠂ ᠤᠯᠠᠭᠠᠨᠮᠦ᠋ᠴᠢᠷ ᠤᠨ ᠰᠤᠳᠤᠯᠭᠠᠨ | ᠪᠤᠯᠤᠨ ᠰᠢᠯᠭᠠᠨ ᠦᠨᠡᠯᠡᠬᠦ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠵᠤ᠂ ᠤᠯᠠᠭᠠᠨᠮᠦ᠋ᠴᠢᠷ ᠤᠨ ᠬᠦᠭᠵᠢᠯᠲᠡ ᠶᠢᠨ | ᠵᠢᠮ᠎ᠡ ᠶᠤᠰᠤᠨ ᠤ ᠲᠤᠬᠠᠢ ᠲᠠᠨᠢᠯᠲᠠ ᠪᠠᠨ ᠭᠦᠨᠵᠡᠭᠡᠶᠢᠷᠡᠭᠦᠯᠦᠨ᠂ ᠤᠯᠠᠭᠠᠨᠮᠦ᠋ᠴᠢᠷ ᠤᠨ ᠦᠢᠯᠡᠰ ᠤᠨ ᠰᠢᠨ᠎ᠡ ᠶᠢ | ᠡᠭᠦᠳᠦᠨ ᠬᠦᠭᠵᠢᠬᠦ ᠶᠢ ᠲᠦᠯᠬᠢᠨ ᠠᠬᠢᠭᠤᠯᠬᠤ ᠶᠢ ᠵᠤᠷᠢᠭᠰᠠᠨ ᠪᠠᠶᠢᠨ᠎ᠠ᠃ | ᠠᠵᠢᠯᠯᠠᠭ᠎ᠠ ᠶᠢᠨ ᠠᠬᠤᠢ ᠲᠠᠯᠠᠪᠠᠢ ᠳᠤ᠂ ᠠᠩᠬᠠᠳᠤᠭᠠᠷ ᠬᠤᠭᠤᠴᠠᠭᠠᠨ ᠤ ︽ᠤᠯᠠᠭᠠᠨᠮᠦ᠋ᠴᠢᠷ ᠤᠨ | ᠬᠦᠭᠵᠢᠯᠲᠡ ᠶᠢᠨ ᠶᠠᠷᠢᠶᠠᠨ ᠤ ᠲᠠᠪᠴᠠᠩ︾ ᠳᠤ ᠡᠯᠰᠡᠭᠰᠡᠨ 64 ᠬᠤᠪᠢ ᠰᠢᠯᠢᠳᠡᠭ ᠦᠭᠦᠯᠡᠯ ᠳᠤ ᠱᠠᠩᠨᠠᠯ | ᠤᠯᠭᠤᠵᠤ᠂ ᠶᠠᠷᠢᠶᠠᠨ ᠤ ᠲᠠᠪᠴᠠᠩ ᠳᠤ ᠬᠦᠷᠦᠯᠴᠡᠨ ᠢᠷᠡᠭᠰᠡᠨ ᠤᠯᠠᠭᠠᠨᠮᠦ᠋ᠴᠢᠷ ᠤᠨ ᠠᠬᠠᠮᠠᠳ ᠠᠵᠢᠯᠲᠠᠳ ᠤᠨ | ᠲᠦᠯᠦᠭᠡᠯᠡᠭᠴᠢ᠂ ᠤᠯᠠᠭᠠᠨᠮᠦ᠋ᠴᠢᠷ ᠤᠨ ᠰᠢᠨᠵᠢᠯᠡᠭᠡᠨ ᠤ ᠨᠡᠶᠢᠭᠡᠮᠯᠢᠭ ᠤᠨ ᠴᠢᠬᠤᠯᠠ ᠪᠦᠷᠢᠯᠳᠦᠭᠦᠨ᠂ ᠦᠪᠡᠷᠲᠡᠭᠡᠨ | ᠵᠠᠰᠠᠬᠤ ᠤᠷᠤᠨ ᠤ ᠤᠳᠬ᠎ᠠ ᠤᠷᠠᠯᠢᠭ ᠤᠨ ᠬᠢᠨ ᠤ ᠬᠤᠯᠪᠤᠭ᠎ᠠ᠂ ᠦᠪᠡᠷᠲᠡᠭᠡᠨ ᠵᠠᠰᠬᠠᠤ ᠤᠷᠤᠨ ᠤ ᠤᠷᠠᠯᠢᠭ | ᠰᠤᠳᠤᠯᠤᠯ ᠤᠨ ᠬᠦᠷᠢᠶᠡᠯᠡᠩ ᠪᠤᠯᠤᠨ ᠪᠦᠬᠦ ᠤᠷᠤᠨ ᠤ ᠡᠯ᠎ᠡ ᠠᠶᠢᠮᠠᠭ ᠬᠤᠲᠠ ᠶᠢᠨ ᠤᠯᠠᠭᠠᠨᠮᠦ᠋ᠴᠢᠷ ᠤᠨ ᠭᠡᠰᠢᠭᠦᠳ | ᠵᠢᠴᠢ ᠱᠠᠩᠨᠠᠯ ᠤᠯᠤᠭᠰᠠᠨ ᠦᠭᠦᠯᠡᠯ ᠤᠨ ᠵᠤᠬᠢᠶᠠᠭᠴᠢ ᠨᠠᠷ ᠠᠴᠠ ᠤᠯᠠᠭᠠᠨᠮᠦ᠋ᠴᠢᠷ ᠤᠨ ᠬᠦᠭᠵᠢᠯᠲᠡ ᠶᠢᠨ ᠲᠤᠬᠠᠢ | ᠰᠢᠨ᠎ᠡ ᠲᠠᠨᠢᠯᠲᠠ ᠪᠤᠯᠤᠨ ᠰᠤᠳᠤᠯᠭᠠᠨ ᠤ ᠠᠮᠵᠢᠯᠲᠠ ᠪᠦᠲᠦᠬᠡᠯ ᠢᠶᠠᠨ ᠰᠤᠯᠢᠯᠴᠠᠵᠤ᠂ ᠤᠯᠠᠭᠠᠨᠮᠦ᠋ᠴᠢᠷ ᠤᠨ ᠦᠢᠯᠡᠰ | ᠢ ᠬᠦᠭᠵᠢᠭᠦᠯᠬᠦ ᠲᠤᠬᠠᠢ ᠰᠠᠨᠠᠯ ᠵᠦᠪᠯᠡᠯᠭᠡ ᠪᠠᠨ ᠳᠡᠪᠰᠢᠭᠦᠯᠦᠭᠰᠡᠨ ᠪᠠᠶᠢᠨ᠎ᠠ᠃ |