ᠥᠪᠥᠷ ᠮᠣᠩᠭᠤᠯ ᠡᠨᠡ ᠵᠢᠯ ᠠᠵᠤ ᠦᠢᠯᠡᠰ ᠢᠶᠠᠷ 14.8 ᠲᠦᠮᠡᠨ ᠬᠥᠮᠦᠨ ᠢ ᠬᠠᠪᠰᠤᠷᠤᠨ ᠲᠡᠳᠬᠦᠵᠦ ᠶᠠᠳᠠᠭᠤ ᠠᠴᠠ ᠠᠩᠭᠢᠵᠢᠷᠠᠭᠤᠯᠪᠠ
ᠨᠡᠶᠢᠲᠡᠯᠡᠭᠰᠡᠨ ᠴᠠᠭ᠄
2018/11/28
     ᠡᠨᠡ ᠵᠢᠯ ᠥᠪᠥᠷ ᠮᠣᠩᠭᠤᠯ ᠤᠨᠴᠠᠯᠢᠭᠳᠤ ᠠᠵᠤ ᠦᠢᠯᠡᠰ ᠢᠶᠠᠷ ᠶᠠᠳᠠᠭᠤ ᠶᠢ ᠲᠡᠳᠬᠦᠬᠦ᠂ ᠡᠯᠧᠺᠲᠷᠣᠨ ᠬᠤᠳᠠᠯᠳᠤᠭ᠎ᠠ ᠪᠠᠷ ᠶᠠᠳᠠᠭᠤ ᠶᠢ ᠲᠡᠳᠬᠦᠬᠦ᠂ ᠵᠢᠭᠤᠯᠴᠢᠯᠠᠯ ᠢᠶᠠᠷ ᠶᠠᠳᠠᠭᠤ ᠶᠢ ᠲᠡᠳᠬᠦᠬᠦ᠂ ᠭᠡᠷᠡᠯ ᠸᠤᠯᠲ ᠢᠶᠠᠷ ᠶᠠᠳᠠᠭᠤ ᠶᠢ ᠲᠡᠳᠬᠦᠬᠦ ᠵᠡᠷᠭᠡ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠠᠵᠢᠯ ᠢ ᠲᠦᠯᠬᠢᠨ ᠠᠬᠢᠭᠤᠯᠵᠤ᠂ ᠶᠠᠳᠠᠭᠤ ᠬᠦᠴᠢᠷᠳᠡᠯᠲᠡᠢ ᠬᠥᠮᠦᠨ ᠠᠮᠠ ᠶᠢᠨ ᠠᠰᠢᠭ ᠬᠦᠷᠲᠡᠬᠦ ᠬᠡᠮᠵᠢᠶ᠎ᠡ ᠶᠢ ᠳᠡᠭᠡᠭᠰᠢᠯᠡᠭᠦᠯᠵᠦ᠂ 14.8 ᠲᠦᠮᠡᠨ ᠬᠥᠮᠦᠨ ᠢ ᠬᠠᠪᠰᠤᠷᠤᠨ ᠶᠠᠳᠠᠭᠤ ᠠᠴᠠ ᠠᠩᠭᠢᠵᠢᠷᠠᠭᠤᠯᠪᠠ᠃      ᠡᠨᠡ ᠵᠢᠯ ᠥᠪᠥᠷ ᠮᠣᠩᠭᠤᠯ ᠶᠠᠳᠠᠭᠤ ᠶᠢ ᠲᠡᠳᠬᠦᠬᠦ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠶᠢᠨ ᠪᠡᠯᠡ ᠮᠥᠩᠭᠦ 15.8 ᠳ᠋ᠦᠩᠰᠢᠭᠤᠷ ᠲᠥᠭᠦᠷᠢᠭ ᠰᠢᠨ᠎ᠡ ᠪᠠᠷ ᠲᠠᠯᠪᠢᠵᠤ᠂ 3.66 ᠲᠦᠮᠡᠨ ᠶᠠᠳᠠᠭᠤ ᠬᠦᠴᠢᠷᠳᠡᠯᠲᠡᠢ ᠡᠷᠦᠬᠡ ᠶᠢ ᠬᠠᠮᠤᠷᠴᠤ᠂ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠣᠷᠣᠯᠴᠠᠬᠤ ᠬᠡᠮᠵᠢᠶ᠎ᠡ ᠪᠠᠷ ᠥᠨᠳᠥᠷ ᠰᠦ᠂ ᠮᠢᠬ᠎ᠠ᠂ ᠭᠤᠸᠠ ᠵᠢᠮᠢᠰ᠂ ᠨᠣᠭᠤᠭ᠎ᠠ᠂ ᠤᠢ ᠰᠢᠭᠤᠶ ᠡᠪᠡᠰᠦ ᠵᠡᠷᠭᠡ ᠤᠨᠴᠠᠯᠢᠭᠳᠤ ᠠᠵᠤ ᠦᠢᠯᠡᠰ ᠢ ᠭᠤᠣᠯᠳᠠᠯᠭ᠎ᠠ ᠲᠠᠢ ᠪᠠᠷ ᠲᠡᠳᠬᠦᠨ ᠲᠡᠮᠵᠢᠵᠦ᠂ ᠵᠤᠭᠠᠴᠠᠯ ᠢᠶᠠᠷ ᠶᠠᠳᠠᠭᠤ ᠶᠢ ᠲᠡᠳᠬᠦᠬᠦ᠂ ᠭᠡᠷᠡᠯ ᠸᠤᠯᠲ ᠢᠶᠠᠷ ᠶᠠᠳᠠᠭᠤ ᠶᠢ ᠲᠡᠳᠬᠦᠬᠦ᠂ ᠡᠯᠧᠺᠲᠷᠣᠨ ᠬᠤᠳᠠᠯᠳᠤᠭ᠎ᠠ ᠪᠠᠷ ᠶᠠᠳᠠᠭᠤ ᠶᠢ ᠲᠡᠳᠬᠦᠬᠦ ᠵᠡᠷᠭᠡ ᠶᠠᠳᠠᠭᠤ ᠶᠢ ᠲᠡᠳᠬᠦᠬᠦ ᠰᠢᠨ᠎ᠡ ᠠᠷᠭ᠎ᠠ ᠵᠠᠮ ᠢ ᠥᠷᠭᠡᠳᠬᠡᠵᠦ᠂ ᠲᠦᠷᠦᠯ ᠵᠦᠢᠯ ᠢ ᠶᠠᠳᠠᠭᠤ ᠪᠠᠷ ᠲᠡᠳᠬᠦᠭᠦᠯᠬᠦ ᠬᠦᠮᠦᠰ ᠲᠤ ᠳᠠᠭᠠᠭᠤᠯᠬᠤ᠂ ᠪᠡᠯᠡ ᠮᠥᠩᠭᠦ ᠢ ᠲᠥᠷᠥᠯ ᠵᠦᠶᠯ ᠳᠤ ᠳᠠᠭᠠᠭᠤᠯᠬᠤ ᠪᠤᠯᠭᠠᠵᠤ᠂ ᠶᠠᠳᠠᠭᠤ ᠬᠦᠴᠢᠷᠳᠡᠯᠲᠡᠢ ᠬᠥᠮᠦᠨ ᠠᠮᠠ ᠶᠢᠨ ᠣᠷᠣᠯᠭ᠎ᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠡᠢ᠃      ᠥᠪᠥᠷ ᠮᠣᠩᠭᠤᠯ ᠤᠨ ᠡᠯ᠎ᠡ ᠭᠠᠵᠠᠷ ᠤᠨ ᠬᠢᠨ ᠶᠠᠳᠠᠭᠤ ᠬᠦᠴᠢᠷᠳᠡᠯᠲᠡᠢ ᠡᠷᠦᠬᠡ ᠶᠢᠨ ᠦᠢᠯᠡᠳᠪᠦᠷᠢᠯᠡᠯ ᠤᠨ ᠴᠢᠳᠠᠪᠤᠷᠢ᠂ ᠠᠵᠤ ᠦᠶᠯᠡᠰ ᠤᠨ ᠬᠥᠭᠵᠢᠯᠲᠡ ᠶᠢᠨ ᠤᠨᠴᠠᠯᠢᠭ ᠢ ᠦᠨᠳᠦᠰᠦᠯᠡᠨ᠂ ︽ᠲᠣᠪᠶᠤᠭ ᠤᠨ ᠬᠡᠯᠪᠡᠷᠢ︾᠎ ᠶᠢᠨ ᠶᠠᠳᠠᠭᠤ ᠶᠢ ᠲᠡᠳᠬᠦᠬᠦ ᠶᠢ ᠦᠷᠨᠢᠭᠦᠯᠵᠦ᠂ ᠡ᠊ᠩ ᠲᠡᠷᠢᠭᠦᠨ ᠳᠤ ᠳᠠᠶᠢᠴᠢᠯᠠᠬᠤ ᠦᠶᠯᠡᠳᠦᠯ ᠢᠶᠠᠷ ᠴᠢᠩᠭ᠎ᠠ᠂ ᠶᠠᠳᠠᠭᠤ ᠬᠦᠴᠢᠷᠳᠡᠯᠲᠡᠶ ᠭᠡᠷ ᠪᠦᠯᠢ ᠪᠠᠷ ᠨᠢᠭᠡᠴᠢ ᠪᠣᠯᠭᠠᠨ ᠦᠢᠯᠡᠳᠪᠦᠷᠢᠯᠡᠯ ᠡᠵᠡᠩᠨᠡᠯᠲᠡ ᠬᠢᠬᠦ ᠳᠤ ᠲᠤᠬᠢᠷᠠᠭᠰᠠᠨ ᠲᠦᠷᠦᠯ ᠵᠦᠢᠯ ᠢ ᠲᠡᠳᠬᠦᠨ ᠳᠡᠮᠵᠢᠵᠦ᠂ ᠲᠠᠷᠢᠮᠠᠯ᠂ ᠲᠡᠵᠢᠭᠡᠪᠦᠷᠢ᠂ ᠵᠢᠭᠤᠯᠴᠢᠯᠠᠯ ᠵᠢᠴᠢ ᠦᠨᠳᠦᠰᠦᠲᠡᠨ ᠤ ᠡᠳ᠋ᠯᠡᠯ ᠬᠡᠷᠡᠭᠰᠡᠯ ᠪᠣᠯᠪᠠᠰᠤᠷᠠᠭᠤᠯᠬᠤ ᠵᠡᠷᠭᠡ ᠶᠠᠳᠠᠭᠤ ᠶᠢ ᠲᠡᠳᠬᠦᠬᠦ ᠭᠤᠤᠯᠯᠠᠬᠤ ᠠᠵᠤ ᠦᠢᠯᠡᠰ ᠢ ᠪᠤᠶᠢᠵᠢᠭᠤᠯᠵᠠᠢ᠃ ᠥᠪᠥᠷ ᠮᠣᠩᠭᠤᠯ 57 ᠶᠠᠳᠠᠭᠤ ᠬᠦᠴᠢᠷᠳᠡᠯ ᠲᠠᠢ ᠬᠤᠰᠢᠭᠤ ᠰᠢᠶᠠᠨ ᠳᠤ ᠬᠡᠷᠡᠯ ᠸᠤᠯᠲ ᠢᠶᠠᠷ ᠶᠠᠳᠠᠭᠤ ᠶᠢ ᠲᠡᠳᠬᠦᠬᠦ ᠲᠥᠷᠥᠯ ᠵᠦᠢᠯ ᠢ ᠬᠡᠷᠡᠭᠵᠢᠭᠦᠯᠵᠦ᠂ 10 ᠬᠤᠰᠢᠭᠤ ᠰᠢᠶᠠᠨ ᠳᠤ ᠡᠯᠧᠺᠲᠷᠣᠨ ᠬᠤᠳᠠᠯᠳᠤᠭ᠎ᠠ ᠪᠠᠷ ᠶᠠᠳᠠᠭᠤ ᠶᠢ ᠲᠡᠳᠬᠦᠬᠦ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠰᠢᠶᠠᠨ ᠤ ᠪᠦᠲᠦᠭᠡᠨ ᠪᠠᠶᠢᠭᠤᠯᠤᠯᠲᠠ ᠶᠢ ᠥᠷᠨᠢᠭᠦᠯᠵᠦ᠂ ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠤᠨ ᠵᠢᠭᠤᠯᠴᠢᠯᠠᠯ ᠢᠶᠠᠷ ᠶᠠᠳᠠᠭᠤ ᠶᠢ ᠲᠡᠳᠬᠦᠬᠦ ᠲᠦᠷᠦᠯ ᠵᠦᠢᠯ ᠢ ᠲᠦᠯᠬᠢᠨ ᠠᠬᠢᠭᠤᠯᠵᠤ᠂ ᠶᠠᠳᠠᠭᠤ ᠬᠦᠴᠢᠷᠳᠡᠯᠲᠡᠶ ᠡᠷᠦᠬᠡ ᠶᠢᠨ ᠲᠠᠷᠢᠶᠠᠯᠠᠩ ᠮᠠᠯ ᠠᠵᠤ ᠠᠬᠤᠶ ᠶᠢᠨ ᠠᠵᠤ ᠦᠶᠯᠡᠰ ᠤᠨ ᠬᠡᠯᠬᠢᠶ᠎ᠡ ᠳᠤ ᠶᠠᠳᠠᠭᠤ ᠬᠦᠴᠢᠷᠳᠡᠯᠲᠡᠢ ᠡᠷᠦᠬᠡ ᠶᠢᠨ ᠤᠷᠤᠯᠭ᠎ᠠ ᠶᠢ ᠨᠢ ᠦᠷᠭᠦᠯᠵᠢᠯᠡᠨ ᠲᠣᠭᠲᠠᠭᠤᠨ ᠢᠶᠠᠷ ᠨᠡᠮᠡᠭᠳᠡᠭᠦᠯᠪᠡ᠃ ᠤᠳᠤᠬᠠᠨ ᠳᠤ᠂ ᠥᠪᠥᠷ ᠮᠣᠩᠭᠤᠯ ᠶᠠᠳᠠᠭᠤ ᠶᠢ ᠲᠡᠳᠬᠦᠬᠦ ᠲᠦᠷᠦᠯ ᠵᠦᠢᠯ ᠤᠨ ᠵᠦᠪᠰᠢᠶᠡᠷᠡᠯ ᠤᠨ ᠡᠷᠬᠡ ᠶᠢ ᠴᠦᠮ ᠬᠤᠰᠢᠭᠤ ᠰᠢᠶᠠᠨ ᠳᠤ ᠪᠠᠭᠤᠯᠭᠠᠵᠤ᠂ ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠲᠤᠰᠬᠠᠶ ᠪᠠᠯᠠ ᠮᠥᠩᠭᠦ ᠶᠢᠨ ᠬᠡᠷᠡᠭᠯᠡᠬᠦ ᠦᠷ᠎ᠡ ᠠᠰᠢᠭ ᠢ ᠤᠯᠠᠮ ᠨᠢᠭᠡ ᠠᠯᠬᠤᠮ ᠳᠡᠭᠡᠭᠰᠢᠯᠡᠭᠦᠯᠵᠦ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号