ᠥᠪᠥᠷ ᠮᠣᠩᠭᠤᠯ ᠤᠨ 3 ᠲᠥᠷᠥᠯ ᠵᠦᠶᠯ ᠨᠢ 2018 ᠣᠨ ᠤ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠰᠠᠭᠤᠷᠢ ᠮᠥᠩᠭᠦ ᠶᠢᠨ ᠴᠢᠬᠤᠯᠠ ᠶᠡᠭᠡ ᠲᠥᠷᠥᠯ ᠵᠦᠢᠯ ᠢᠶᠠᠷ ᠲᠤᠭᠲᠠᠭᠠᠭᠳᠠᠪᠠ
ᠨᠡᠶᠢᠲᠡᠯᠡᠭᠰᠡᠨ ᠴᠠᠭ᠄
2018/11/28
     ᠦᠨᠦᠬᠡᠨ᠂ ᠪᠦᠬᠦ ᠤᠯᠤᠰ ᠤᠨ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠲᠥᠯᠥᠪᠵᠢᠭᠦᠯᠭᠡ ᠶᠢᠨ ᠠᠯᠪᠠᠨ ᠭᠡᠷ 2018 ᠣᠨ ᠤ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠰᠠᠭᠤᠷᠢ ᠮᠥᠩᠭᠦ ᠶᠢᠨ ᠴᠢᠬᠤᠯᠠ ᠶᠡᠭᠡ ᠲᠥᠷᠥᠯ ᠵᠦᠢᠯ ᠢ ᠲᠤᠭᠲᠠᠭᠠᠭᠰᠠᠨ ᠨᠡᠷᠡᠰ ᠢ ᠵᠢᠩᠬᠢᠨᠢ ᠪᠠᠷ ᠨᠡᠶᠢᠲᠡᠯᠡᠪᠡ᠂ ᠪᠦᠬᠦ ᠤᠯᠤᠰ ᠲᠤ ᠨᠡᠶᠢᠲᠡ 141 ᠳᠡᠭᠡᠳᠦ ᠰᠤᠷᠭᠠᠭᠤᠯᠢ᠂ 339 ᠲᠦᠷᠦᠯ ᠵᠦᠢᠯ ᠰᠤᠩᠭᠤᠭᠳᠠᠵᠠᠢ᠃ ᠥᠪᠥᠷ ᠮᠣᠩᠭᠤᠯ ᠤᠨ ︽ᠳᠤᠮᠳᠠᠳᠤ ᠤᠯᠤᠰ ᠤᠨ ᠲᠤᠤᠯᠢ ᠰᠤᠳᠤᠯᠤᠯ ᠤᠨ ᠵᠠᠭᠤᠨ ᠵᠢᠯ ᠤᠨ ᠡᠷᠳᠡᠮ ᠰᠢᠨᠵᠢᠯᠡᠭᠡᠨ  ᠤ  ᠲᠡᠦᠬᠡ  ︾᠂ ︽ᠤᠯᠤᠰ ᠤᠨ ᠳᠣᠲᠣᠭᠠᠳᠤ ᠭᠠᠳᠠᠭᠠᠳᠤ ᠶᠢᠨ ᠮᠣᠩᠭᠤᠯ ᠤᠳᠬ᠎ᠠ ᠵᠣᠬᠢᠶᠠᠯ ᠤᠨᠤᠯ ᠤᠨ ᠦᠪ ᠤᠨ ᠮᠠᠲ᠋ᠧᠷᠢᠶᠠᠯ ᠤᠨ ᠡᠮᠬᠢᠳᠬᠡᠯ ᠪᠠ ᠰᠤᠳᠤᠯᠤᠯ︾᠂ ︽ᠣᠷᠣᠨ ᠰᠠᠭᠤᠴᠠ ᠶᠢᠨ ᠲᠦᠷᠢᠮ ᠤᠨ ᠥᠭᠡᠷᠡᠴᠢᠯᠡᠯᠲᠡ ᠶᠢᠨ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠳᠤ ᠦᠵᠡᠭᠦᠯᠬᠦ ᠦᠢᠯᠡᠳᠦᠯ ᠤᠨ ᠬᠡᠮᠵᠢᠯᠲᠡ ᠪᠠ ᠰᠤᠳᠤᠯᠤᠯ︾ ᠭᠡᠬᠦ 3 ᠲᠥᠷᠥᠯ ᠵᠦᠶᠯ ᠨᠢ ᠵᠦᠪᠰᠢᠶᠡᠷᠡᠭᠳᠡᠨ ᠰᠤᠩᠭᠤᠭᠳᠠᠵᠠᠢ᠃      ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠰᠠᠭᠤᠷᠢ ᠮᠥᠩᠭᠦ ᠶᠢᠨ ᠴᠢᠬᠤᠯᠠ ᠶᠡᠭᠡ ᠲᠥᠷᠥᠯ ᠵᠦᠢᠯ ᠨᠢ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠨ ᠳᠠᠬᠢ ᠳᠡᠰ ᠳᠠᠪᠬᠤᠷᠭ᠎ᠠ ᠨᠢ ᠬᠠᠮᠤᠭ ᠥᠨᠳᠥᠷ᠂ ᠲᠤᠰᠠᠯᠠᠬᠤ ᠡᠷᠴᠢᠮ ᠢᠶᠠᠷ ᠬᠠᠮᠤᠭ ᠴᠢᠩᠭ᠎ᠠ᠂ ᠡᠷᠳᠡᠮ ᠰᠢᠨᠵᠢᠯᠡᠭᠡᠨ ᠤ ᠬᠠᠮᠤᠭ ᠤᠨ ᠡᠷᠬᠡ ᠰᠦᠷᠲᠦ ᠴᠢᠨᠠᠷᠲᠠᠢ ᠵᠠᠰᠠᠭ ᠤᠨ ᠣᠷᠳᠣᠨ ᠤ ᠪᠡᠯᠡ ᠮᠦᠩᠭᠦ ᠶᠢᠨ ᠲᠤᠰᠠᠯᠠᠨ ᠳᠡᠮᠵᠢᠬᠦ ᠲᠦᠷᠦᠯ ᠵᠦᠢᠯ ᠪᠤᠯᠤᠨ᠎ᠠ᠂ ᠴᠢᠬᠤᠯᠠ ᠶᠡᠭᠡ ᠤᠨᠤᠯ ᠤᠨ ᠠᠴᠢ ᠬᠤᠯᠪᠣᠭᠳᠠᠯ ᠪᠠ ᠦᠢᠯᠡᠳᠦᠯᠭᠡ ᠶᠢᠨ ᠠᠴᠢ ᠬᠤᠯᠪᠣᠭᠳᠠᠯ ᠲᠠᠢ ᠪᠦᠭᠡᠳ ᠥᠨᠳᠥᠷ ᠬᠢᠷᠢ ᠲᠦᠪᠰᠢᠨ ᠪᠥᠬᠦᠶ ᠶᠡᠭᠡ ᠳᠡᠭᠡᠳᠦ ᠰᠤᠷᠭᠠᠭᠤᠯᠢ ᠶᠢᠨ ᠪᠦᠳᠦᠭᠡᠨ ᠪᠠᠶᠢᠭᠤᠯᠤᠯᠲᠠ ᠶᠢᠨ ᠴᠢᠬᠤᠯᠠ ᠭᠦᠢᠴᠡᠳᠬᠡᠯ ᠲᠤᠭ᠎ᠠ ᠪᠣᠯᠤᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号