| ᠥᠪᠥᠷ ᠵᠠᠰᠠᠭ ᠠᠯᠪᠠᠨ ᠲᠠᠷᠬᠠᠭᠠᠭᠰᠠᠨ ﹇2018﹈ 46 ᠳ᠋ᠤᠭᠠᠷ ᠲᠤᠭᠠᠳᠤ | 7 ᠳ᠋ᠤᠭᠠᠷ ᠰᠠᠷ᠎ᠠ ᠶᠢᠨ 18 ᠤ ᠡᠳᠦᠷ | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ᠤ | ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠦᠪᠯᠡᠯ᠂ ᠠᠯᠪᠠᠨ ᠭᠡᠷ᠂ ᠲᠢᠩᠬᠢᠮ᠂ | ᠲᠣᠪᠴᠢᠶ᠎ᠠ᠂ ᠡᠯ᠎ᠡ ᠲᠣᠮᠤ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄ | ︽︿ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ﹀ ᠶᠢ ᠤᠯᠠᠮ ᠨᠢᠭᠡ ᠠᠯᠬᠤᠮ | ᠭᠦᠨᠵᠡᠭᠡᠶᠢᠷᠡᠭᠦᠯᠵᠦ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ︿ᠨᠢᠭᠡ ᠰᠦᠯᠵᠢᠶ᠎ᠡ᠂ ᠨᠢᠭᠡ ᠡᠭᠦᠳᠡ᠂ ᠨᠢᠭᠡ | ᠤᠳᠠᠭ᠎ᠠ﹀ ᠶᠢᠨ ᠥᠭᠡᠷᠡᠴᠢᠯᠡᠯᠲᠡ ᠶᠢ ᠠᠬᠢᠭᠤᠯᠬᠤ ᠶᠢᠨ ᠬᠡᠷᠡᠭᠵᠢᠭᠦᠯᠬᠦ ᠲᠦᠰᠦᠯ ᠢ ᠳᠠᠷᠤᠮᠠᠯᠯᠠᠨ ᠶᠠᠪᠤᠭᠤᠯᠬᠤ ᠲᠤᠬᠠᠢ | ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠮᠡᠳᠡᠭᠳᠡᠯ︾ ︵ᠲᠦᠷᠥ ᠠᠯᠪᠠᠨ ᠲᠠᠷᠬᠠᠭᠠᠭᠰᠠᠨ ﹇ | 2018﹈ 45 ᠳ᠋ᠤᠭᠠᠷ ᠲᠣᠭᠠᠲᠤ᠂ ᠳᠣᠷᠣᠭᠰᠢ ︽ᠬᠡᠷᠡᠭᠵᠢᠭᠦᠯᠬᠦ ᠲᠥᠰᠥᠯ︾ ᠭᠡᠵᠦ ᠲᠣᠪᠴᠢᠯᠠᠨ᠎ᠠ︶ ᠢ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠦᠪᠰᠢᠶᠡᠷᠡᠭᠦᠯᠦᠭᠡᠳ᠂ ᠡᠳᠦᠭᠡ ᠲᠠᠨᠠᠷ ᠲᠤ | ᠤᠯᠠᠮᠵᠢᠯᠠᠨ ᠶᠠᠪᠤᠭᠤᠯᠬᠤ ᠶᠢᠨ ᠬᠠᠮᠲᠤ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠤᠨ | ᠳᠣᠣᠷᠠᠬᠢ ᠰᠠᠨᠠᠯ ᠢ ᠳᠤᠷᠠᠳᠤᠨ ᠭᠠᠷᠭᠠᠪᠠ᠂ ᠵᠡᠷᠭᠡ ᠳᠤ ᠨᠢ ᠳᠣᠭᠤᠰᠢᠯᠠᠭᠤᠯᠤᠨ ᠬᠡᠷᠡᠭᠵᠢᠭᠦᠯᠲᠦᠭᠡᠢ᠃ | ᠨᠢᠭᠡ᠂ ᠳᠡᠭᠡᠲᠦ ᠬᠡᠮᠵᠢᠶ᠎ᠡ ᠪᠠᠷ ᠴᠢᠬᠤᠯᠠᠴᠢᠯᠠᠬᠤ ᠬᠡᠷᠡᠭᠲᠡᠢ᠃ ︽ᠨᠢᠭᠡ ᠰᠦᠯᠵᠢᠶ᠎ᠡ᠂ ᠨᠢᠭᠡ ᠡᠭᠦᠳᠡ᠂ ᠨᠢᠭᠡ | ᠤᠳᠠᠭ᠎ᠠ︾ ᠶᠢᠨ ᠥᠭᠡᠷᠡᠴᠢᠯᠡᠯᠲᠡ ᠶᠢᠨ ᠠᠵᠢᠯ ᠪᠣᠯ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ | ᠬᠤᠷᠢᠶ᠎ᠠ ᠶᠢᠨ ︽ᠲᠠᠯᠪᠢᠬᠤ᠂ ᠬᠠᠮᠢᠶᠠᠷᠬᠤ᠂ ᠦᠢᠯᠡᠴᠢᠯᠡᠬᠦ︾ ᠥᠭᠡᠷᠡᠴᠢᠯᠡᠯᠲᠡ ᠶᠢ ᠪᠦᠬᠦ ᠲᠠᠯ᠎ᠠ ᠪᠠᠷ | ᠭᠦᠨᠵᠡᠭᠡᠶᠢᠷᠡᠭᠦᠯᠬᠦ ᠶᠢᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠮᠦᠨ᠂ ︽ᠵᠢᠷᠭᠤᠭᠠᠨ | ᠨᠢᠭᠡ︾ ᠠᠵᠢᠯ ᠤᠨ ᠬᠠᠷᠠᠯᠲᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢᠨ ᠴᠢᠬᠤᠯᠠ ᠠᠷᠭ᠎ᠠ ᠪᠠᠷᠢᠯ ᠪᠣᠯᠣᠨ᠎ᠠ᠃ | ᠣᠶᠢᠷ᠎ᠠ ᠶᠢᠨ ᠵᠢᠯ ᠳᠤ᠂ ᠤᠯᠤᠰ ᠠᠴᠠ ᠤᠷᠢᠳ ᠬᠤᠵᠢᠳ ︽︿ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ | ᠦᠢᠯᠡᠴᠢᠯᠡᠭᠡ﹀ ᠶᠢᠨ ᠠᠵᠢᠯ ᠢ ᠲᠦᠷᠭᠡᠳᠭᠡᠨ ᠠᠬᠢᠭᠤᠯᠬᠤ ᠲᠤᠬᠠᠢ ᠵᠢᠯᠣᠭᠤᠳᠬᠤ ᠰᠠᠨᠠᠯ︾ ︵ᠲᠥᠷᠥ | ᠲᠠᠷᠬᠠᠭᠠᠭᠰᠠᠨ ﹇2016﹈ 55 ᠳ᠋ᠤᠭᠠᠷ ᠲᠣᠭᠠᠲᠤ︶᠂ ︽︿ᠢᠨᠲ᠋ᠧᠷ ᠰᠥᠯᠵᠢᠶ᠎ᠡ + ᠵᠠᠰᠠᠭ ᠤᠨ ᠶᠠᠪᠤᠳᠠᠯ ᠤᠨ | ᠦᠢᠯᠡᠴᠢᠯᠡᠭᠡ﹀ ᠶᠢᠨ ᠮᠡᠷᠭᠡᠵᠢᠯ ᠤᠨ ᠰᠢᠰᠲ᠋ᠧᠮᠵᠢ ᠶᠢᠨ ᠪᠠᠶᠢᠭᠤᠯᠤᠯᠲᠠ ᠶᠢᠨ ᠵᠦᠭᠯᠡᠭᠦᠷ ᠢ ᠳᠠᠷᠤᠮᠠᠯᠯᠠᠨ ᠶᠠᠪᠤᠭᠤᠯᠬᠤ | ᠲᠤᠬᠠᠢ ᠮᠡᠳᠡᠭᠳᠡᠯ︾ ︵ᠲᠥᠷᠥ ᠠᠯᠪᠠᠨ ᠵᠠᠬᠢᠳᠠᠯ ﹇2016﹈ 108 ᠳ᠋ᠤᠭᠠᠷ ᠲᠣᠭᠠᠲᠤ︶᠂ ︽ᠬᠢᠨᠠᠨ | ᠵᠦᠪᠰᠢᠶᠡᠷᠡᠬᠦ ᠦᠢᠯᠡᠴᠢᠯᠡᠭᠡ ᠶᠢᠨ ᠠᠷᠠᠳ ᠲᠤ ᠳᠥᠭᠦᠮ ᠦᠵᠡᠭᠦᠯᠬᠦ ᠶᠢ ᠭᠦᠨᠵᠡᠭᠡᠶᠢᠷᠡᠭᠦᠯᠦᠨ ᠠᠬᠢᠭᠤᠯᠬᠤ ᠲᠤᠬᠠᠢ | ᠵᠢᠯᠣᠭᠤᠳᠬᠤ ᠰᠠᠨᠠᠯ︾ ︵ᠲᠢᠩᠭᠢᠮ ᠦᠰᠦᠭ ﹇2018﹈ 22 ᠳ᠋ᠤᠭᠠᠷ ᠲᠣᠭᠠᠲᠤ︶ ᠵᠡᠷᠭᠡ ᠠᠯᠢ ᠣᠯᠠᠨ ᠪᠢᠴᠢᠭ | ᠮᠠᠲ᠋ᠧᠷᠢᠶᠠᠯ ᠢ ᠨᠡᠶᠢᠲᠡᠯᠡᠪᠡ᠃ ᠥᠪᠡᠷᠲᠡᠭᠡᠨ ᠵᠠᠰᠠᠬᠤ ᠣᠷᠣᠨ ᠴᠦ ︽︿ᠢᠨᠲ᠋ᠧᠷ ᠰᠦᠯᠵᠢᠶ᠎ᠡ + ᠵᠠᠰᠠᠭ ᠤᠨ | ᠶᠠᠪᠤᠳᠠᠯ ᠤᠨ ᠦᠢᠯᠡᠴᠢᠯᠡᠭᠡ﹀ ᠶᠢᠨ ᠠᠵᠢᠯ ᠢ ᠲᠦᠷᠭᠡᠳᠭᠡᠨ ᠠᠬᠢᠭᠤᠯᠬᠤ ᠲᠤᠬᠠᠢ ᠪᠣᠳᠠᠲᠠᠢ ᠬᠡᠷᠡᠭᠵᠢᠭᠦᠯᠬᠦ ᠰᠠᠨᠠᠯ︾ | ︵ᠥᠪᠥᠷ ᠵᠠᠰᠠᠭ ᠲᠠᠷᠬᠠᠭᠠᠭᠰᠠᠨ ﹇2017﹈ 40 ᠳ᠋ᠤᠭᠡᠷ ᠲᠣᠭᠠᠲᠤ︶᠂ ︽ᠥᠪᠡᠷᠲᠡᠭᠡᠨ ᠵᠠᠰᠠᠬᠤ ᠣᠷᠣᠨ ᠤ | ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠰᠢᠰᠲ᠋ᠧᠮ ᠤᠨ ᠡᠮᠬᠢᠯᠡᠨ ᠨᠡᠶᠢᠯᠡᠭᠦᠯᠵᠦ ᠬᠠᠮᠲᠤ ᠳᠤ ᠪᠠᠨ ᠬᠦᠷᠲᠡᠬᠦ ᠶᠢ | ᠠᠬᠢᠭᠤᠯᠬᠤ ᠲᠦᠰᠦᠯ ᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇ | 2017﹈ 169 ᠳ᠋ᠤᠭᠡᠷ ᠲᠣᠭᠠᠲᠤ︶ ᠵᠡᠷᠭᠡ ᠠᠯᠢ ᠣᠯᠠᠨ ᠪᠢᠴᠢᠭ ᠮᠠᠲ᠋ᠧᠷᠢᠶᠠᠯ ᠢ ᠲᠥᠬᠦᠷᠵᠢᠭᠦᠯᠦᠨ ᠨᠡᠶᠢᠲᠡᠯᠡᠵᠦ᠂ | ᠵᠢᠭᠠᠯᠲᠠᠲᠤ ᠴᠢᠨᠠᠷ᠂ ᠬᠠᠨᠳᠤᠯᠭᠠᠲᠤ ᠴᠢᠨᠠᠷ ᠪᠣᠯᠣᠨ ᠠᠵᠢᠯᠯᠠᠭᠤᠯᠬᠤ ᠴᠢᠨᠠᠷ ᠢᠶᠠᠷ ᠨᠡᠯᠢᠶᠡᠳ ᠴᠢᠩᠭ᠎ᠠ ᠪᠦᠬᠦᠢ | ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠳᠤᠷᠠᠳᠤᠨ ᠭᠠᠷᠭᠠᠪᠠ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ | ᠮᠦᠴᠢᠷ ᠨᠢ ᠳᠡᠭᠡᠲᠦ ᠬᠡᠮᠵᠢᠶ᠎ᠡ ᠪᠠᠷ ᠴᠢᠬᠤᠯᠠᠴᠢᠯᠠᠨ᠂ ︽ᠨᠢᠭᠡ ᠰᠦᠯᠵᠢᠶ᠎ᠡ᠂ ᠨᠢᠭᠡ ᠡᠭᠦᠳᠡ᠂ ᠨᠢᠭᠡ ᠤᠳᠠᠭ᠎ᠠ︾ | ᠶᠢᠨ ᠥᠭᠡᠷᠡᠴᠢᠯᠡᠯᠲᠡ ᠶᠢᠨ ᠠᠵᠢᠯ ᠢ ᠰᠠᠶᠢᠲᠤᠷ ᠬᠢᠬᠦ ᠶᠢᠨ ᠴᠢᠬᠤᠯᠠ ᠴᠢᠨᠠᠷ ᠢ ᠭᠦᠢᠴᠡᠳ ᠲᠠᠨᠢᠵᠤ᠂ ︽ | ᠬᠡᠷᠡᠭᠵᠢᠭᠦᠯᠬᠦ ᠲᠦᠰᠦᠯ︾ ᠤᠨ ᠵᠣᠷᠢᠭ ᠰᠠᠨᠠᠭ᠎ᠠ ᠶᠢ ᠭᠦᠨᠵᠡᠭᠡᠢ ᠣᠶᠢᠯᠠᠭᠠᠨ᠂ ᠠᠵᠢᠯ ᠤᠨ ᠱᠠᠭᠠᠷᠳᠠᠯᠭ᠎ᠠ ᠶᠢ | ᠣᠨᠣᠪᠴᠢᠲᠠᠢ ᠡᠵᠡᠮᠰᠢᠵᠦ᠂ ᠪᠡᠯᠡ ᠮᠦᠩᠭᠦ᠂ ᠴᠢᠳᠠᠪᠤᠷᠢᠲᠡᠨ ᠵᠡᠷᠭᠡ ᠲᠠᠯ᠎ᠠ ᠪᠠᠷ ᠬᠦᠴᠦᠲᠡᠢ ᠳᠡᠮᠵᠢᠯᠭᠡ ᠦᠵᠡᠭᠦᠯᠦᠨ᠂ | ᠪᠣᠳᠠᠲᠠᠢ ᠨᠠᠶᠢᠳᠠᠪᠤᠷᠢᠵᠢᠭᠤᠯᠬᠤ ᠰᠠᠯᠠᠭ᠎ᠠ ᠮᠦᠴᠢᠷ ᠨᠢ ᠨᠢᠭᠡᠳᠦᠯᠲᠡᠢ ᠲᠥᠯᠦᠪᠯᠡᠨ ᠵᠣᠬᠢᠴᠠᠭᠤᠯᠵᠤ᠂ ᠲᠣᠬᠢᠷᠠᠭᠤᠯᠤᠯᠲᠠ | ᠬᠢᠬᠦ ᠪᠠᠨ ᠴᠢᠩᠭᠠᠳᠬᠠᠨ᠂ ᠨᠡᠶᠢᠯᠡᠮᠡᠯ ᠬᠦᠴᠦᠨ ᠢ ᠪᠣᠢ ᠪᠣᠯᠭᠠᠵᠤ᠂ ᠦᠷᠭᠦᠯᠵᠢᠯᠡᠨ ᠠᠬᠢᠭᠤᠯᠬᠤ ᠬᠡᠷᠡᠭᠲᠡᠢ᠃ ᠡᠯ᠎ᠡ | ᠭᠠᠵᠠᠷ ᠣᠷᠣᠨ ᠨᠢ ︽ᠬᠡᠷᠡᠭᠵᠢᠭᠦᠯᠬᠦ ᠲᠥᠰᠥᠯ︾ ᠤᠨ ᠱᠠᠭᠠᠷᠳᠠᠯᠭ᠎ᠠ ᠶᠣᠰᠤᠭᠠᠷ᠂ ᠵᠠᠰᠠᠭ ᠤᠨ ᠶᠠᠪᠤᠳᠠᠯ ᠤᠨ | ᠦᠢᠯᠡᠴᠢᠯᠡᠭᠡ ᠶᠢ ᠠᠬᠢᠭᠤᠯᠬᠤ ︽ᠨᠢᠭᠡ ᠰᠦᠯᠵᠢᠶ᠎ᠡ᠂ ᠨᠢᠭᠡ ᠡᠭᠦᠳᠡ᠂ ᠨᠢᠭᠡ ᠤᠳᠠᠭ᠎ᠠ︾ ᠶᠢᠨ | ᠥᠭᠡᠷᠡᠴᠢᠯᠡᠯᠲᠡ ᠶᠢᠨ ᠠᠵᠢᠯ ᠢ ᠭᠤᠣᠯᠳᠠᠯᠭ᠎ᠠ ᠲᠠᠢ ᠰᠢᠮᠳᠠᠭᠤᠯᠤᠨ ᠪᠠᠶᠢᠴᠠᠭᠠᠬᠤ ᠠᠭᠤᠯᠭ᠎ᠠ ᠳᠤ ᠵᠢᠭᠰᠠᠭᠠᠨ | ᠣᠷᠤᠭᠤᠯᠵᠤ᠂ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢ ᠪᠦᠬᠦ ᠲᠠᠯ᠎ᠠ ᠪᠠᠷ | ᠭᠦᠨᠵᠡᠭᠡᠶᠢᠷᠡᠭᠦᠯᠦᠨ ᠠᠬᠢᠭᠤᠯᠵᠤ᠂ ᠠᠵᠤ ᠠᠬᠤᠶᠢᠯᠠᠯ ᠳᠤ ᠠᠰᠢᠭᠲᠠᠢ ᠠᠷᠠᠳ ᠲᠤ ᠳᠥᠭᠦᠮ ᠦᠵᠡᠭᠦᠯᠬᠦ ︽ | ᠰᠦᠯᠵᠢᠶᠡᠨ ᠳᠠᠬᠢ ᠵᠠᠰᠠᠭ ᠤᠨ ᠣᠷᠳᠣᠨ︾ ᠢ ᠬᠦᠴᠦᠯᠡᠨ ᠪᠠᠶᠢᠭᠤᠯᠵᠤ᠂ ᠠᠵᠢᠯ ᠬᠡᠷᠡᠭ ᠭᠦᠢᠴᠡᠳᠭᠡᠬᠦ ᠣᠯᠠᠨ | ᠲᠦᠮᠡᠨ ᠳᠤ ︽ᠲᠠᠯᠪᠢᠬᠤ᠂ ᠬᠠᠮᠢᠶᠠᠷᠬᠤ᠂ ᠦᠢᠯᠡᠴᠢᠯᠡᠬᠦ︾ ᠥᠭᠡᠷᠡᠴᠢᠯᠡᠯᠲᠡ ᠶᠢ ᠠᠬᠢᠭᠤᠯᠬᠤ ᠶᠠᠪᠤᠴᠠ ᠳᠤ ᠨᠡᠩ | ᠶᠡᠭᠡ ᠬᠦᠷᠲᠡᠭᠡᠮᠵᠢᠲᠡᠢ ᠪᠠᠶᠢᠬᠤ ᠲᠦᠷᠦᠭᠳᠡᠯ ᠢ ᠪᠣᠢ ᠪᠣᠯᠭᠠᠬᠤ ᠬᠡᠷᠡᠭᠲᠡᠢ᠃ | ᠬᠤᠶᠠᠷ᠂ ᠬᠠᠷᠢᠭᠤᠴᠠᠯᠭ᠎ᠠ ᠶᠢ ᠨᠠᠷᠢᠯᠢᠬᠵᠢᠭᠤᠯᠬᠤ ᠬᠡᠷᠡᠭᠲᠡᠢ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ | ᠮᠦᠴᠢᠷ ᠨᠢ ᠰᠢᠨ᠎ᠡ ᠬᠦᠭᠵᠢᠯᠲᠡ ᠶᠢᠨ ᠣᠨᠣᠯᠵᠢᠬᠤᠨ ᠢ ᠪᠠᠲᠤ ᠪᠠᠬᠢ ᠪᠣᠢ ᠪᠣᠯᠭᠠᠬᠤ ᠪᠠ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ︽ᠲᠠᠯᠪᠢᠬᠤ᠂ ᠬᠠᠮᠢᠶᠠᠷᠬᠤ᠂ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ | ᠭᠦᠨᠵᠡᠭᠡᠶᠢᠷᠡᠭᠦᠯᠦᠨ᠂ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢᠨ ᠠᠵᠢᠯ ᠤᠨ | ᠪᠠᠶᠢᠭᠤᠯᠤᠮᠵᠢ ᠪᠠ ᠠᠵᠢᠯᠲᠡᠨ ᠢ ᠲᠣᠳᠣᠷᠬᠠᠶᠢᠯᠠᠵᠤ᠂ ᠭᠤᠣᠯᠳᠠᠭᠤ ︽ᠨᠢᠭᠡ ᠯᠡ ᠰᠦᠯᠵᠢᠶ᠎ᠡ ᠪᠠᠷ ᠨᠡᠶᠢᠳᠡᠮ | ᠭᠦᠢᠴᠡᠳᠭᠡᠬᠦ︾ ︽ᠨᠢᠭᠡ ᠯᠡ ᠡᠭᠦᠳᠡ ᠪᠠᠷ ᠣᠷᠤᠵᠤ ᠭᠦᠢᠴᠡᠳᠭᠡᠬᠦ︾ ︽ᠶᠡᠬᠡᠳᠡᠬᠦ ᠳᠤ ᠪᠠᠨ ᠨᠢᠭᠡ ᠯᠡ ᠤᠳᠠᠭ᠎ᠠ | ᠣᠴᠢᠵᠤ ᠭᠦᠢᠴᠡᠳᠭᠡᠬᠦ︾ ᠵᠡᠷᠭᠡ ᠱᠠᠭᠠᠷᠳᠠᠯᠭ᠎ᠠ ᠶᠢᠨ ᠲᠣᠭᠤᠷᠢᠨ ᠳᠤ᠂ ᠠᠵᠢᠯ ᠤᠨ ᠲᠥᠰᠥᠯ ᠢᠶᠠᠨ | ᠨᠠᠷᠢᠯᠢᠬᠵᠢᠭᠤᠯᠤᠨ᠂ ᠪᠦᠲᠦᠮᠵᠢᠲᠡᠢ ᠠᠷᠭ᠎ᠠ ᠬᠡᠮᠵᠢᠶ᠎ᠡ ᠶᠢ ᠠᠪᠴᠤ᠂ ᠲᠤᠰ ᠭᠠᠵᠠᠷ ᠣᠷᠣᠨ᠂ ᠲᠤᠰ ᠰᠠᠯᠠᠭ᠎ᠠ | ᠮᠦᠴᠢᠷ ᠤᠨ ᠢᠶᠠᠨ ᠠᠵᠢᠯ ᠤᠨ ᠵᠢᠯᠣᠭᠤᠳᠤᠯᠭ᠎ᠠ ᠪᠠ ᠬᠢᠨᠠᠯᠲᠠ ᠲᠠᠯᠪᠢᠯᠲᠠ ᠶᠢ ᠲᠠᠰᠤᠷᠠᠯᠲᠠ ᠦᠭᠡᠢ ᠴᠢᠩᠭᠠᠳᠬᠠᠵᠤ᠂ | ᠪᠣᠳᠠᠲᠠᠢ ᠠᠵᠢᠯ ᠤᠨ ᠠᠭᠤᠯᠭ᠎ᠠ ᠳᠤ ᠬᠠᠨᠳᠤᠭᠤᠯᠵᠤ ᠪᠠᠶᠢᠭᠠᠳ ᠨᠠᠷᠢᠨ ᠳᠠᠩᠰᠠ ᠶᠢ ᠵᠢᠭᠰᠠᠭᠠᠨ ᠭᠠᠷᠭᠠᠵᠤ᠂ ᠡᠬᠡ | ᠳᠠᠩᠰᠠ ᠪᠠᠶᠢᠭᠤᠯᠤᠨ᠂ ᠴᠠᠭ ᠬᠤᠭᠤᠴᠠᠭ᠎ᠠ ᠬᠢᠵᠠᠭᠠᠷᠯᠠᠨ ᠠᠬᠢᠭᠤᠯᠬᠤ ᠬᠡᠷᠡᠭᠲᠡᠢ᠃ ᠭᠤᠣᠯ ᠴᠣᠭᠴᠠ ᠶᠢᠨ | ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠨ᠂ ᠪᠣᠳᠠᠲᠠᠢ ᠬᠠᠷᠢᠭᠤᠴᠠᠯᠭ᠎ᠠ ᠶᠢ ᠨᠢ ᠪᠣᠳᠠᠲᠠᠶᠢᠵᠢᠭᠤᠯᠵᠤ᠂ | ᠥᠭᠡᠷᠡᠴᠢᠯᠡᠯᠲᠡ ᠶᠢᠨ ᠠᠵᠢᠯ ᠳᠤ ᠵᠣᠬᠢᠶᠠᠨ ᠪᠠᠶᠢᠭᠤᠯᠵᠤ ᠤᠳᠤᠷᠢᠳᠬᠤ ᠶᠢ ᠦᠨᠡᠨ ᠬᠦ ᠴᠢᠩᠭᠠᠳᠬᠠᠨ᠂ ᠡᠭᠦᠷᠭᠡ ᠶᠢ | ᠱᠠᠲᠤ ᠱᠠᠲᠤ ᠪᠠᠷ ᠬᠤᠪᠢᠶᠠᠷᠢᠯᠠᠵᠤ᠂ ᠬᠦᠮᠦᠨ ᠬᠦᠮᠦᠨ ᠳᠤ ᠨᠢ ᠬᠦᠷᠲᠡᠯ᠎ᠡ ᠲᠣᠳᠣᠷᠬᠠᠶᠢᠯᠠᠨ᠂ ᠠᠵᠢᠯ | ᠶᠠᠪᠤᠳᠠᠯ ᠳᠤ ᠨᠢ ᠬᠦᠷᠲᠡᠯ᠎ᠡ ᠪᠣᠳᠠᠲᠠᠶᠢᠵᠢᠭᠤᠯᠬᠤ ᠪᠠ ᠴᠠᠭ ᠮᠦᠴᠡ ᠳᠤ ᠨᠢ ᠬᠦᠷᠲᠡᠯ᠎ᠡ ᠨᠠᠷᠢᠯᠢᠬᠵᠢᠭᠤᠯᠵᠤ᠂ ᠭᠤᠣᠯ | ᠤᠳᠤᠷᠢᠳᠤᠯᠭ᠎ᠠ ᠨᠢ ᠥᠪᠡᠷ ᠤᠨ ᠪᠡᠶ᠎ᠡ ᠪᠠᠷ ᠢᠶᠠᠨ ᠠᠳᠬᠤᠨ᠂ ᠬᠤᠪᠢᠳᠠᠨ ᠬᠠᠮᠢᠶᠠᠷᠬᠤ ᠤᠳᠤᠷᠢᠳᠤᠯᠭ᠎ᠠ ᠨᠢ ᠪᠣᠳᠠᠲᠠᠢ | ᠠᠳᠬᠤᠵᠤ᠂ ᠪᠣᠳᠠᠲᠠᠢ ᠬᠠᠷᠢᠭᠤᠴᠠᠬᠤ ᠬᠦᠮᠦᠨ ᠨᠢ ᠭᠦᠨᠵᠡᠭᠡᠢ ᠠᠳᠬᠤᠨ᠂ ᠠᠵᠢᠯ ᠤᠨ ᠳᠠᠷᠤᠯᠲᠠ ᠶᠢ ᠱᠠᠲᠤ | ᠱᠠᠲᠤ ᠪᠠᠷ ᠤᠯᠠᠮᠵᠢᠯᠠᠨ ᠳᠠᠮᠵᠢᠭᠤᠯᠵᠤ᠂ ᠬᠠᠷᠢᠭᠤᠴᠠᠯᠭ᠎ᠠ ᠶᠢ ᠱᠠᠲᠤ ᠱᠠᠲᠤ ᠪᠠᠷ ᠨᠠᠶᠢᠳᠠᠪᠤᠷᠢᠵᠢᠭᠤᠯᠬᠤ ᠠᠵᠢᠯ ᠤᠨ | ᠣᠷᠴᠢᠨ ᠪᠠᠶᠢᠳᠠᠯ ᠢ ᠪᠣᠢ ᠪᠣᠯᠭᠠᠬᠤ ᠬᠡᠷᠡᠭᠲᠡᠢ᠃ ᠡᠯ᠎ᠡ ᠰᠠᠯᠠᠭ᠎ᠠ ᠮᠦᠴᠢᠷ ᠤᠨ ᠥᠪᠡᠷᠲᠡᠭᠡᠨ ᠪᠠᠶᠢᠭᠤᠯᠬᠤ ᠰᠢᠰᠲ᠋ᠧᠮ᠂ | ᠡᠭᠴᠡ ᠬᠠᠮᠢᠶᠠᠷᠬᠤ ᠲᠤᠬᠠᠶᠢᠯᠠᠭᠰᠠᠨ ᠠᠵᠢᠯ ᠤᠨ ᠰᠢᠰᠲ᠋ᠧᠮ ᠢ ᠲᠤᠰ ᠱᠠᠲᠤᠨ ᠤ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠠᠪᠴᠠᠩ ᠳᠤ ᠵᠠᠯᠭᠠᠭᠤᠯᠵᠤ ᠣᠷᠤᠭᠤᠯᠬᠤ ᠶᠢ ᠲᠦᠷᠭᠡᠳᠭᠡᠨ ᠠᠬᠢᠭᠤᠯᠵᠤ᠂ ᠤᠯᠤᠰ ᠤᠨ | ᠨᠢᠭᠤᠴᠠ ᠳᠤ ᠬᠤᠯᠪᠤᠭᠳᠠᠬᠤ ᠵᠡᠷᠭᠡ ᠣᠨᠴᠠᠭᠠᠢ ᠰᠢᠯᠲᠠᠭᠠᠨ ᠠᠴᠠ ᠪᠣᠰᠣᠳ ᠢ ᠵᠠᠷᠴᠢᠮ ᠳᠡᠭᠡᠷ᠎ᠡ ᠪᠠᠨ ᠡᠯ᠎ᠡ | ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ᠵᠦᠢᠯᠡᠰ ᠪᠦᠬᠦᠨ ᠢ ᠨᠢ ᠪᠣᠳᠠᠲᠤ ᠴᠣᠭᠴᠠᠲᠤ ᠵᠠᠰᠠᠭ ᠤᠨ | ᠶᠠᠪᠤᠳᠠᠯ ᠤᠨ ᠲᠢᠩᠬᠢᠮ ᠪᠠ ᠰᠦᠯᠵᠢᠶᠡᠨ ᠳᠠᠬᠢ ᠦᠢᠯᠡᠴᠢᠯᠡᠭᠡᠨ ᠤ ᠲᠠᠪᠴᠠᠩ ᠳᠤ ᠣᠷᠤᠭᠤᠯᠵᠤ ᠲᠦᠪᠯᠡᠷᠡᠭᠦᠯᠦᠨ | ᠭᠦᠢᠴᠡᠳᠭᠡᠵᠦ᠂ ᠰᠦᠯᠵᠢᠶ᠎ᠡ ᠪᠠᠷ ᠠᠵᠢᠯ ᠬᠡᠷᠡᠭ ᠭᠦᠢᠴᠡᠳᠭᠡᠬᠦ ᠦᠷᠭᠡᠴᠡ ᠪᠠ ᠭᠦᠨᠴᠡ ᠶᠢ ᠲᠠᠰᠤᠷᠠᠯᠲᠠ ᠦᠭᠡᠢ | ᠦᠷᠭᠡᠳᠭᠡᠨ᠂ ᠪᠦᠬᠦ ᠣᠷᠣᠨ ᠳᠠᠬᠢ ᠨᠢᠭᠡ ᠴᠣᠭᠴᠠᠵᠢᠭᠰᠠᠨ ᠰᠦᠯᠵᠢᠶᠡᠨ ᠳᠠᠬᠢ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠰᠢᠰᠲ᠋ᠧᠮᠵᠢ ᠶᠢ ᠲᠦᠷᠭᠡᠳᠭᠡᠨ ᠪᠠᠶᠢᠭᠤᠯᠵᠤ᠂ ᠳᠡᠰ ᠱᠠᠲᠤ ᠠᠯᠤᠰᠯᠠᠭᠰᠠᠨ᠂ ᠨᠤᠲᠤᠭ ᠪᠦᠰᠡ | ᠠᠯᠤᠰᠯᠠᠭᠰᠠᠨ᠂ ᠰᠢᠰᠲ᠋ᠧᠮ ᠠᠯᠤᠰᠯᠠᠭᠰᠠᠨ᠂ ᠰᠠᠯᠠᠭ᠎ᠠ ᠮᠦᠴᠢᠷ ᠠᠯᠤᠰᠯᠠᠭᠰᠠᠨ ᠪᠠ ᠲᠤᠬᠠᠶᠢᠯᠠᠭᠰᠠᠨ ᠠᠵᠢᠯ | ᠠᠯᠤᠰᠯᠠᠭᠰᠠᠨ ᠵᠣᠬᠢᠴᠠᠯᠳᠤᠭᠤᠯᠤᠨ ᠬᠠᠮᠢᠶᠠᠷᠬᠤ ᠪᠠ ᠦᠢᠯᠡᠴᠢᠯᠡᠬᠦ ᠶᠢ ᠪᠡᠶᠡᠯᠡᠭᠦᠯᠬᠦ ᠬᠡᠷᠡᠭᠲᠡᠢ᠃ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠢᠩᠬᠢᠮ ᠬᠢᠭᠡᠳ ᠬᠢᠨᠠᠨ ᠵᠦᠪᠰᠢᠶᠡᠷᠡᠬᠦ ᠡᠭᠦᠷᠭᠡ ᠴᠢᠳᠠᠪᠤᠷᠢᠲᠤ ᠰᠠᠯᠠᠭ᠎ᠠ | ᠮᠦᠴᠢᠷ ᠤᠳ ᠲᠠᠢ ᠵᠣᠬᠢᠴᠠᠯᠳᠤᠵᠤ ᠬᠤᠯᠪᠣᠭᠠᠯᠠᠨ ᠬᠦᠳᠡᠯᠦᠯᠴᠡᠵᠦ ᠠᠵᠢᠯᠯᠠᠬᠤ ᠲᠣᠭᠲᠠᠴᠠ ᠶᠢ ᠪᠠᠶᠢᠭᠤᠯᠵᠤ᠂ | ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ︽ᠵᠠᠰᠠᠭ ᠤᠨ ᠣᠷᠳᠣᠨ ᠠᠵᠢᠯᠯᠠᠵᠤ ᠭᠦᠢᠴᠡᠳᠭᠡᠬᠦ︾ ᠶᠢ ︽ᠣᠯᠠᠨ | ᠲᠦᠮᠡᠨ ᠰᠠᠨᠠᠭᠤᠯᠤᠨ ᠵᠢᠭᠠᠬᠤ︾ ᠲᠡᠶᠢᠰᠢ ᠦᠨᠳᠦᠷ ᠪᠦᠲᠦᠮᠵᠢᠲᠡᠢ ᠪᠠᠷ ᠬᠡᠯᠪᠡᠷᠢ ᠶᠢ ᠨᠢ ᠬᠤᠪᠢᠷᠠᠭᠤᠯᠬᠤ ᠶᠢ | ᠪᠡᠶᠡᠯᠡᠭᠦᠯᠵᠦ᠂ ᠠᠵᠤ ᠠᠬᠤᠶᠢᠯᠠᠯ ᠪᠠ ᠣᠯᠠᠨ ᠲᠦᠮᠡᠨ ᠵᠠᠰᠠᠭ ᠤᠨ ᠣᠷᠳᠣᠨ ᠳᠤ ᠬᠦᠷᠴᠦ ᠠᠵᠢᠯ ᠬᠡᠷᠡᠭ | ᠭᠦᠢᠴᠡᠳᠭᠡᠬᠦ ᠶᠢ ᠨᠢ ︽ᠰᠦᠯᠵᠢᠶ᠎ᠡ ᠪᠠᠷ ᠪᠠᠷᠠᠭ᠎ᠠ ᠬᠤᠳᠠᠯᠳᠤᠨ ᠠᠪᠴᠤ︾ ᠪᠠᠶᠢᠬᠤ ᠲᠠᠢ ᠠᠳᠠᠯᠢ ᠳᠥᠭᠦᠮ ᠲᠥᠳᠡ | ᠪᠣᠯᠭᠠᠬᠤ ᠬᠡᠷᠡᠭᠲᠡᠢ᠃ | ᠭᠤᠷᠪᠠ᠂ ᠨᠠᠶᠢᠳᠠᠪᠤᠷᠢᠵᠢᠭᠤᠯᠬᠤ ᠶᠢ ᠴᠢᠩᠭᠠᠷᠠᠭᠤᠯᠬᠤ ᠬᠡᠷᠡᠭᠲᠡᠢ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ | ᠮᠦᠴᠢᠷ ᠨᠢ ︽ᠬᠡᠷᠡᠭᠵᠢᠭᠦᠯᠬᠦ ᠰᠠᠨᠠᠯ︾ ᠳᠠᠬᠢ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ︽ᠨᠢᠭᠡ ᠰᠦᠯᠵᠢᠶ᠎ᠡ᠂ | ᠨᠢᠭᠡ ᠡᠭᠦᠳᠡ᠂ ᠨᠢᠭᠡ ᠤᠳᠠᠭ᠎ᠠ︾ ᠶᠢᠨ ᠥᠭᠡᠷᠡᠴᠢᠯᠡᠯᠲᠡ ᠶᠢ ᠠᠬᠢᠭᠤᠯᠬᠤ ᠲᠤᠬᠠᠢ ᠱᠠᠭᠠᠷᠳᠠᠯᠭ᠎ᠠ ᠶᠣᠰᠤᠭᠠᠷ᠂ ᠪᠦᠬᠦ | ᠣᠷᠣᠨ ᠤ ᠫᠣᠷᠲ᠋ᠧᠯ ᠰᠦᠯᠵᠢᠶ᠎ᠡ ᠳᠤ ︽ᠨᠢᠭᠡ ᠨᠢᠭᠡᠳᠦᠭᠰᠡᠨ ᠰᠦᠯᠵᠢᠶ᠎ᠡ︾᠂ ᠳᠠᠭᠠᠯᠳᠤᠭᠰᠠᠨ ︽ᠨᠢᠭᠡ ᠳ᠋ᠠᠶᠢᠲ᠋ᠠ | ᠬᠦᠮᠦᠷᠭᠡ︾ ᠶᠢ ᠪᠦᠲᠦᠭᠡᠨ ᠪᠠᠶᠢᠭᠤᠯᠬᠤ ᠰᠡᠳᠭᠢᠮᠵᠢ ᠪᠠᠷ᠂ ᠲᠣᠰ ᠭᠠᠵᠠᠷ ᠣᠷᠣᠨ᠂ ᠲᠤᠰ ᠰᠠᠯᠠᠭ᠎ᠠ | ᠮᠦᠴᠢᠷ ᠤᠨ ᠬᠢᠨ ᠤ ᠪᠣᠳᠠᠲᠠᠢ ᠠᠵᠢᠯ ᠤᠨ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠡᠯ᠎ᠡ | ᠵᠦᠢᠯ ᠤᠨ ᠠᠵᠢᠯ ᠢ ᠵᠣᠬᠢᠶᠠᠨ ᠪᠠᠶᠢᠭᠤᠯᠤᠨ ᠰᠠᠶᠢᠲᠤᠷ ᠬᠢᠵᠦ᠂ ᠬᠤᠭᠤᠴᠠᠭ᠎ᠠ ᠬᠢᠵᠠᠭᠠᠷ ᠤᠨ ᠱᠠᠭᠠᠷᠳᠠᠯᠭ᠎ᠠ ᠶᠣᠰᠤᠭᠠᠷ | ᠡᠯ᠎ᠡ ᠵᠦᠢᠯ ᠤᠨ ᠡᠭᠦᠷᠭᠡ ᠶᠢ ᠨᠠᠶᠢᠳᠠᠪᠤᠷᠢᠵᠢᠭᠤᠯᠬᠤ ᠪᠠᠨ ᠦᠨᠡᠨ ᠬᠦ ᠪᠠᠲᠤᠯᠠᠬᠤ ᠬᠡᠷᠡᠭᠲᠡᠢ᠃ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠵᠦᠢᠯᠡᠰ ᠪᠠ ᠬᠢᠨᠠᠨ ᠵᠦᠪᠰᠢᠶᠡᠷᠡᠵᠦ ᠭᠦᠢᠴᠡᠳᠭᠡᠬᠦ ᠡᠭᠦᠷᠭᠡ ᠲᠤᠰᠢᠶᠠᠯ ᠪᠦᠬᠦᠨ ᠢ | ᠪᠣᠳᠠᠲᠤ ᠴᠣᠭᠴᠠᠲᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠳᠤ ᠣᠷᠤᠭᠤᠯᠬᠤ ᠶᠢ ᠢᠳᠡᠪᠬᠢᠲᠡᠢ | ᠠᠬᠢᠭᠤᠯᠵᠤ᠂ ᠪᠣᠳᠠᠲᠤ ᠴᠣᠭᠴᠠᠲᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠢ ᠰᠦᠯᠵᠢᠶ᠎ᠡ ᠲᠡᠶᠢᠰᠢ | ᠤᠷᠳᠤᠳᠬᠠᠬᠤ ᠶᠢ ᠲᠦᠷᠭᠡᠳᠭᠡᠨ ᠠᠬᠢᠭᠤᠯᠤᠨ᠂ ᠦᠢᠯᠡᠴᠢᠯᠡᠭᠡᠨ ᠤ ᠡᠬᠢ ᠪᠠᠶᠠᠯᠢᠭ ᠢ ᠨᠢᠭᠡᠳᠦᠯᠲᠡᠢ ᠲᠦᠯᠦᠪᠯᠡᠵᠦ᠂ | ᠦᠢᠯᠡᠴᠢᠯᠡᠭᠡᠨ ᠤ ᠪᠠᠷᠢᠮᠵᠢᠶ᠎ᠠ ᠶᠢ ᠨᠢᠭᠡᠳᠦᠯᠲᠡᠢ ᠪᠣᠯᠭᠠᠨ᠂ ᠰᠦᠯᠵᠢᠶᠡᠨ ᠳᠠᠬᠢ ᠪᠠ ᠰᠦᠯᠵᠢᠶᠡᠨ ᠠᠴᠠ ᠭᠠᠳᠠᠭᠤᠷᠬᠢ | ᠴᠢᠳᠠᠮᠵᠢ ᠶᠢᠨ ᠬᠠᠷᠢᠯᠴᠠᠨ ᠨᠦᠬᠦᠪᠦᠷᠢᠯᠡᠬᠦ᠂ ᠬᠠᠷᠢᠯᠴᠠᠨ ᠨᠥᠬᠦᠴᠡᠯᠳᠦᠬᠦ᠂ ᠭᠦᠨᠵᠡᠭᠡᠢ ᠠᠭᠤᠰᠤᠯᠴᠠᠭᠰᠠᠨ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠰᠢᠨ᠎ᠡ ᠵᠠᠭᠪᠤᠷ ᠢ ᠪᠣᠢ ᠪᠣᠯᠭᠠᠬᠤ ᠬᠡᠷᠡᠭᠲᠡᠢ᠃ ᠪᠣᠯᠵᠣᠵᠤ ᠬᠠᠶᠢᠨ ᠯᠠᠪᠯᠠᠬᠤ᠂ | ᠵᠠᠭᠤᠴᠢ ᠰᠤᠩᠭᠤᠬᠤ᠂ ᠭᠡᠷᠡᠴᠢ ᠪᠠ ᠦᠨᠡᠮᠯᠡᠯ ᠢ ᠢᠯᠡᠭᠡᠨ ᠶᠠᠪᠤᠭᠤᠯᠬᠤ ᠵᠡᠷᠭᠡ ᠳᠤ ᠰᠢᠨ᠎ᠡ ᠶᠢ ᠡᠭᠦᠳᠬᠦ ᠴᠢᠨᠠᠷ | ᠪᠣᠯᠣᠨ ᠣᠯᠠᠨ ᠶᠠᠩᠵᠤᠴᠢᠯᠠᠭᠰᠠᠨ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡ ᠶᠢ ᠢᠳᠡᠪᠬᠢᠲᠡᠢ ᠦᠷᠨᠢᠭᠦᠯᠵᠦ᠂ | ᠣᠯᠠᠨ ᠲᠦᠮᠡᠨ ᠳᠤ ᠲᠥᠷᠥᠯ ᠵᠦᠢᠯ ᠢᠶᠠᠷ ᠪᠦᠷᠢᠨ ᠲᠡᠭᠦᠯᠳᠡᠷ᠂ ᠪᠠᠷᠢᠮᠵᠢᠶ᠎ᠠ ᠪᠠᠷ ᠨᠢᠭᠡᠳᠦᠯᠲᠡᠢ᠂ ᠳᠥᠭᠦᠮ ᠲᠥᠳᠡ | ᠪᠦᠭᠡᠳ ᠦᠨᠳᠦᠷ ᠪᠦᠲᠦᠮᠵᠢᠲᠠᠢ ᠵᠠᠰᠠᠭ ᠤᠨ ᠶᠠᠪᠤᠳᠠᠯ ᠤᠨ ᠦᠢᠯᠡᠴᠢᠯᠡᠭᠡ ᠬᠠᠩᠭᠠᠬᠤ ᠬᠡᠷᠡᠭᠲᠡᠢ᠃ ᠵᠠᠰᠠᠭ ᠤᠨ | ᠶᠠᠪᠤᠳᠠᠯ ᠤᠨ ᠦᠢᠯᠡᠴᠢᠯᠡᠬᠦ ᠨᠠᠷᠢᠨ ᠳᠠᠩᠰᠠ ᠶᠢᠨ ᠮᠡᠳᠡᠭᠡ ᠵᠠᠩᠭᠢ ᠳᠤ ᠬᠦᠳᠡᠯᠦᠩᠭᠦᠢ ᠪᠠᠷ ᠲᠣᠬᠢᠷᠠᠭᠤᠯᠤᠯᠲᠠ ᠬᠢᠬᠦ | ᠲᠣᠭᠲᠠᠴᠠ ᠶᠢ ᠲᠡᠭᠦᠯᠳᠡᠷᠵᠢᠭᠦᠯᠦᠨ᠂ ᠡᠯ᠎ᠡ ᠱᠠᠲᠤᠨ ᠤ ᠵᠠᠰᠠᠭ ᠤᠨ ᠣᠷᠳᠣᠨ ᠤ ᠫᠣᠷᠲ᠋ᠧᠯ ᠰᠦᠯᠵᠢᠶ᠎ᠡ ᠳᠤ | ᠲᠦᠰᠢᠭᠯᠡᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠡᠪᠴᠠᠩ ᠤᠨ ︽ᠸᠢᠴᠠᠲ ᠪᠠ ᠪᠢᠴᠢᠯ ᠪᠦᠷᠭᠡ ᠬᠢᠭᠡᠳ | ᠬᠡᠷᠡᠭᠯᠡᠭᠴᠢ ᠶᠢᠨ ᠦᠵᠦᠭᠦᠷ︾ ᠢ ᠵᠠᠰᠠᠭ ᠤᠨ ᠣᠷᠳᠣᠨ ᠤ ᠰᠦᠯᠵᠢᠶᠡᠨ ᠤ ᠲᠠᠪᠴᠠᠩ ᠯᠤᠭ᠎ᠠ ᠨᠢᠭᠡᠳᠭᠡᠬᠦ᠂ ᠠᠷᠤ ᠶᠢᠨ | ᠨᠢᠭᠡ ᠠᠵᠢᠯᠯᠠᠬᠤ ᠲᠠᠪᠴᠠᠩ ᠲᠠᠢ ᠪᠠᠶᠢᠯᠭᠠᠬᠤ ᠪᠠ ᠢᠵᠢᠯᠢ ᠢᠷᠡᠯᠲᠡ ᠪᠠᠷ ᠨᠡᠶᠢᠲᠡᠯᠡᠬᠦ ᠶᠢ ᠠᠬᠢᠭᠤᠯᠬᠤ ᠬᠡᠷᠡᠭᠲᠡᠢ᠃ | ᠬᠢᠨᠠᠯᠲᠠ ᠲᠠᠯᠪᠢᠵᠤ ᠢᠯᠡᠴᠢᠯᠡᠨ ᠵᠠᠭᠠᠯᠳᠤᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠵᠣᠬᠢᠴᠠᠭᠤᠯᠤᠨ | ᠵᠢᠯᠣᠭᠤᠳᠬᠤ ᠪᠠᠨ ᠴᠢᠩᠭᠠᠷᠠᠭᠤᠯᠤᠨ᠂ ᠵᠠᠭᠤᠨ ᠵᠦᠢᠯ ᠤᠨ ᠠᠰᠠᠭᠤᠳᠠᠯ ᠢ ᠡᠶᠡᠳᠡᠭᠦᠯᠦᠨ ᠵᠣᠬᠢᠴᠠᠭᠤᠯᠬᠤ ᠪᠠ ᠵᠠᠭᠤᠨ | ᠰᠠᠶᠢᠨ ᠬᠡᠷᠡᠭ ᠤᠨ ᠵᠢᠱᠢᠶ᠎ᠡ ᠶᠢ ᠳᠡᠯᠭᠡᠷᠡᠭᠦᠯᠬᠦ ᠠᠵᠢᠯᠯᠠᠭ᠎ᠠ ᠶᠢ ᠦᠷᠨᠢᠭᠦᠯᠵᠦ᠂ ᠥᠪᠡᠷᠲᠡᠭᠡᠨ ᠵᠠᠰᠠᠬᠤ ᠣᠷᠣᠨ ᠤ ︽ | ᠢᠨᠲ᠋ᠧᠷ ᠰᠥᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢᠨ ᠠᠵᠢᠯ ᠳᠤ ᠪᠣᠳᠠᠲᠠᠢ ᠦᠷ᠎ᠡ ᠠᠰᠢᠭ | ᠣᠯᠬᠤ ᠶᠢ ᠲᠠᠰᠤᠷᠠᠯᠲᠠ ᠦᠭᠡᠢ ᠠᠬᠢᠭᠤᠯᠬᠤ ᠬᠡᠷᠡᠭᠲᠡᠢ᠃ | | | | ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢ ᠤᠯᠠᠮ ᠨᠢᠭᠡ ᠠᠯᠬᠤᠮ | ᠭᠦᠨᠵᠡᠭᠡᠶᠢᠷᠡᠭᠦᠯᠵᠦ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ︽ᠨᠢᠭᠡ ᠰᠦᠯᠵᠢᠶ᠎ᠡ᠂ ᠨᠢᠭᠡ ᠡᠭᠦᠳᠡ᠂ | ᠨᠢᠭᠡ ᠤᠳᠠᠭ᠎ᠠ︾ ᠶᠢᠨ ᠥᠭᠡᠷᠡᠴᠢᠯᠡᠯᠲᠡ ᠶᠢ ᠠᠬᠢᠭᠤᠯᠬᠤ ᠶᠢᠨ ᠬᠡᠷᠡᠭᠵᠢᠭᠦᠯᠬᠦ ᠲᠦᠰᠦᠯ ᠢ ᠳᠠᠷᠤᠮᠠᠯᠯᠠᠨ | ᠶᠠᠪᠤᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠮᠡᠳᠡᠭᠳᠡᠯ | | | ︵ᠲᠥᠷᠥ ᠠᠯᠪᠠᠨ ᠲᠠᠷᠬᠠᠭᠠᠭᠰᠠᠨ ﹇2018﹈ 45 ᠳ᠋ᠤᠭᠠᠷ ᠲᠣᠭᠠᠲᠤ︶ | ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ᠂ | ᠲᠥᠷᠥ ᠶᠢᠨ ᠶᠠᠪᠤᠳᠠᠯ ᠤᠨ ᠬᠤᠷᠢᠶᠠᠨ ᠤ ᠡᠯ᠎ᠡ ᠶᠠᠮᠤᠨ ᠵᠦᠪᠯᠡᠯ᠂ ᠡᠯ᠎ᠡ ᠰᠢᠭᠤᠳ ᠬᠠᠷᠢᠶ᠎ᠠ ᠪᠠᠶᠢᠭᠤᠯᠤᠮᠵᠢ ᠳᠤ᠄ | ︽︿ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ﹀ ᠶᠢ ᠤᠯᠠᠮ ᠨᠢᠭᠡ ᠠᠯᠬᠤᠮ | ᠭᠦᠨᠵᠡᠭᠡᠶᠢᠷᠡᠭᠦᠯᠵᠦ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ︿ᠨᠢᠭᠡ ᠰᠦᠯᠵᠢᠶ᠎ᠡ᠂ ᠨᠢᠭᠡ ᠡᠭᠦᠳᠡ᠂ ᠨᠢᠭᠡ | ᠤᠳᠠᠭ᠎ᠠ﹀ ᠶᠢᠨ ᠥᠭᠡᠷᠡᠴᠢᠯᠡᠯᠲᠡ ᠶᠢ ᠠᠬᠢᠭᠤᠯᠬᠤ ᠶᠢᠨ ᠬᠡᠷᠡᠭᠵᠢᠭᠦᠯᠬᠦ ᠲᠦᠰᠦᠯ︾ ᠢ ᠲᠥᠷᠥ ᠶᠢᠨ ᠶᠠᠪᠤᠳᠠᠯ ᠤᠨ | ᠬᠤᠷᠢᠶ᠎ᠠ ᠪᠠᠷ ᠨᠢᠭᠡᠨᠲᠡ ᠵᠦᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠢ | ᠲᠤᠭᠤᠰᠢᠯᠠᠭᠤᠯᠤᠨ ᠬᠡᠷᠡᠭᠵᠢᠭᠦᠯᠳᠦᠭᠡᠢ᠃ | | ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢ ᠤᠯᠠᠮ ᠨᠢᠭᠡ ᠠᠯᠬᠤᠮ | ᠭᠦᠨᠵᠡᠭᠡᠶᠢᠷᠡᠭᠦᠯᠵᠦ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ︽ᠨᠢᠭᠡ ᠰᠦᠯᠵᠢᠶ᠎ᠡ᠂ ᠨᠢᠭᠡ | ᠡᠭᠦᠳᠡ᠂ ᠨᠢᠭᠡ ᠤᠳᠠᠭ᠎ᠠ︾ ᠶᠢᠨ ᠥᠭᠡᠷᠡᠴᠢᠯᠡᠯᠲᠡ ᠶᠢ ᠠᠬᠢᠭᠤᠯᠬᠤ ᠶᠢᠨ ᠬᠡᠷᠡᠭᠵᠢᠭᠦᠯᠬᠦ ᠲᠦᠰᠦᠯ | | ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢ ᠤᠯᠠᠮ ᠨᠢᠭᠡ ᠠᠯᠬᠤᠮ | ᠭᠦᠨᠵᠡᠭᠡᠶᠢᠷᠡᠭᠦᠯᠦᠨ᠂ ᠮᠡᠳᠡᠭᠡ ᠵᠠᠩᠭᠢᠵᠢᠭᠤᠯᠬᠤ ᠠᠷᠭ᠎ᠠ ᠪᠠᠷᠢᠯ ᠢ ᠭᠦᠢᠴᠡᠳ ᠬᠡᠷᠡᠭᠯᠡᠵᠦ ᠪᠠᠶᠢᠭᠠᠳ ᠠᠵᠤ ᠠᠬᠤᠶᠢᠯᠠᠯ | ᠪᠠ ᠣᠯᠠᠨ ᠲᠦᠮᠡᠨ ᠤ ᠲᠤᠰᠬᠠᠯᠲᠠ ᠪᠠᠷ ᠴᠢᠩᠭ᠎ᠠ ᠪᠠᠶᠢᠭ᠎ᠠ ᠠᠵᠢᠯ ᠬᠡᠷᠡᠭ ᠭᠦᠢᠴᠡᠳᠭᠡᠬᠦ ᠳᠤ ᠬᠦᠴᠢᠷᠲᠡᠢ᠂ ᠤᠳᠠᠭᠠᠨ | ᠪᠦᠭᠡᠳ ᠶᠠᠷᠰᠢᠭ ᠲᠦᠪᠡᠭᠲᠡᠢ ᠠᠰᠠᠭᠤᠳᠠᠯ ᠤᠳ ᠢ ᠰᠢᠢᠳᠪᠦᠷᠢᠯᠡᠬᠦ ᠪᠣᠯ ᠨᠠᠮ ᠤᠨ ᠲᠥᠪ ᠬᠤᠷᠢᠶ᠎ᠠ᠂ ᠲᠥᠷᠥ ᠶᠢᠨ | ᠶᠠᠪᠤᠳᠠᠯ ᠤᠨ ᠬᠤᠷᠢᠶ᠎ᠠ ᠠᠴᠠ ᠭᠠᠷᠭᠠᠭᠰᠠᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ | ᠪᠣᠯᠣᠨ᠎ᠠ᠃ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ︽ᠨᠢᠭᠡ ᠯᠠ ᠰᠦᠯᠵᠢᠶ᠎ᠡ ᠪᠠᠷ ᠨᠡᠶᠢᠳᠡᠮ ᠭᠦᠢᠴᠡᠳᠭᠡᠬᠦ︾ | ᠪᠠ ᠠᠵᠤ ᠠᠬᠤᠶᠢᠯᠠᠯ ᠣᠯᠠᠨ ᠲᠦᠮᠡᠨ ᠤ ᠠᠵᠢᠯ ᠬᠡᠷᠡᠭ ᠭᠦᠢᠴᠡᠳᠭᠡᠬᠦ ᠳᠤ ︽ᠨᠢᠭᠡ ᠯᠡ ᠡᠭᠦᠳᠡ ᠪᠠᠷ ᠣᠷᠤᠵᠤ | ᠭᠦᠢᠴᠡᠳᠭᠡᠬᠦ︾᠂ ︽ᠶᠡᠬᠡᠳᠡᠬᠦ ᠳᠤ ᠪᠠᠨ ᠨᠢᠭᠡ ᠯᠡ ᠤᠳᠠᠭ᠎ᠠ ᠣᠴᠢᠵᠤ ᠭᠦᠢᠴᠡᠳᠭᠡᠬᠦ︾ ᠶᠢ ᠲᠦᠷᠭᠡᠳᠭᠡᠨ | ᠠᠬᠢᠭᠤᠯᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠬᠢᠨᠠᠨ ᠵᠦᠪᠰᠢᠶᠡᠷᠡᠬᠦ | ᠦᠢᠯᠡᠴᠢᠯᠡᠭᠡ ᠶᠢᠨ ᠠᠷᠠᠳ ᠲᠤ ᠳᠥᠭᠦᠮ ᠦᠵᠡᠭᠦᠯᠬᠦ᠂ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ | ᠦᠢᠯᠡᠴᠢᠯᠡᠭᠡ︾᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠰᠢᠰᠲ᠋ᠧᠮ ᠢ ᠡᠮᠬᠢᠯᠡᠨ ᠨᠡᠶᠢᠯᠡᠭᠦᠯᠵᠦ | ᠬᠠᠮᠲᠤ ᠳᠤ ᠪᠠᠨ ᠬᠦᠷᠲᠡᠬᠦ ᠶᠢ ᠠᠬᠢᠭᠤᠯᠬᠤ ᠵᠡᠷᠭᠡ ᠴᠢᠬᠤᠯᠠ ᠪᠦᠬᠦᠢ ᠠᠵᠢᠯ ᠤᠨ ᠲᠤᠬᠠᠢ ᠪᠠᠶᠢᠷᠢᠯᠠᠭᠤᠯᠤᠯᠲᠠ ᠶᠢ | ᠦᠨᠳᠦᠰᠦᠯᠡᠨ᠂ ᠲᠤᠰ ᠬᠡᠷᠡᠭᠵᠢᠭᠦᠯᠬᠦ ᠲᠥᠰᠥᠯ ᠢ ᠲᠣᠭᠲᠠᠭᠠᠪᠠ᠃ | ᠨᠢᠭᠡ᠂ ᠬᠦᠭᠵᠢᠯᠲᠡ ᠶᠢᠨ ᠣᠳᠣᠬᠢ ᠪᠠᠶᠢᠳᠠᠯ ᠪᠠ ᠶᠡᠷᠦᠩᠬᠡᠢ ᠱᠠᠭᠠᠷᠳᠠᠯᠭ᠎ᠠ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠦᠬᠦᠷ ᠢᠶᠠᠷ ᠭᠤᠣᠯ | ᠪᠣᠯᠭᠠᠭᠰᠠᠨ ᠨᠠᠮ ᠤᠨ ᠲᠥᠪ ᠬᠤᠷᠢᠶ᠎ᠠ ᠠᠴᠠ ᠮᠡᠳᠡᠭᠡ ᠵᠠᠩᠭᠢᠵᠢᠯᠲᠠ ᠪᠠᠷ ᠤᠯᠤᠰ ᠤᠨ ᠵᠠᠰᠠᠯᠲᠠ ᠶᠢᠨ ᠰᠢᠰᠲ᠋ᠧᠮᠵᠢ ᠪᠠ | ᠵᠠᠰᠠᠬᠤ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠶᠢ ᠳᠡᠭᠡᠲᠦ ᠬᠡᠮᠵᠢᠶ᠎ᠡ ᠪᠠᠷ ᠴᠢᠬᠤᠯᠠᠴᠢᠯᠠᠵᠤ᠂ | ᠡᠯᠧᠺᠲᠷᠤᠨ ᠵᠠᠰᠠᠭ ᠤᠨ ᠶᠠᠪᠤᠳᠠᠯ ᠢ ᠲᠦᠷᠭᠡᠨ ᠠᠬᠢᠭᠤᠯᠵᠤ᠂ ᠮᠡᠳᠡᠭᠡ ᠵᠠᠩᠭᠢ ᠶᠢᠨ ᠬᠤᠷᠢᠭ᠎ᠠ ᠴᠠᠷᠠᠭ᠎ᠠ ᠶᠢ | ᠨᠡᠪᠲᠡᠷᠡᠭᠦᠯᠵᠦ᠂ ᠪᠦᠬᠦ ᠴᠣᠪᠣᠷᠠᠯ ᠢ ᠨᠢᠭᠡ ᠴᠣᠭᠴᠠᠵᠢᠭᠤᠯᠤᠭᠰᠠᠨ ᠰᠦᠯᠵᠢᠶᠡᠨ ᠳᠠᠬᠢ ᠦᠢᠯᠡᠴᠢᠯᠡᠭᠡᠨ ᠤ ᠲᠠᠪᠴᠠᠩ ᠢ | ᠪᠠᠶᠢᠭᠤᠯᠵᠤ᠂ ᠠᠷᠠᠳ ᠲᠦᠮᠡᠨ ᠰᠡᠳᠬᠢᠯ ᠬᠠᠨᠤᠮᠵᠢᠲᠠᠢ ᠪᠠᠶᠢᠬᠤ ᠦᠢᠯᠡᠴᠢᠯᠡᠭᠡᠨ ᠤ ᠬᠡᠯᠪᠡᠷᠢ ᠪᠦᠬᠦᠢ ᠵᠠᠰᠠᠭ ᠤᠨ | ᠣᠷᠳᠣᠨ ᠢ ᠪᠠᠶᠢᠭᠤᠯᠬᠤ ᠳᠤ ᠬᠦᠴᠦ ᠨᠡᠮᠡᠷᠢᠯᠡᠬᠦ ᠬᠡᠷᠡᠭᠲᠡᠢ ᠭᠡᠵᠦ ᠴᠢᠬᠤᠯᠠᠴᠢᠯᠠᠨ ᠱᠠᠭᠠᠷᠳᠠᠭᠰᠠᠨ ᠪᠠᠶᠢᠨ᠎ᠠ᠃ | ᠲᠥᠷᠥ ᠶᠢᠨ ᠶᠠᠪᠤᠳᠠᠯ ᠤᠨ ᠬᠤᠷᠢᠶ᠎ᠠ ᠠᠴᠠ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ | ᠶᠢ ︽ᠲᠠᠯᠪᠢᠬᠤ᠂ ᠬᠠᠮᠢᠶᠠᠷᠬᠤ᠂ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢᠨ ᠵᠠᠩᠭᠢᠯᠠᠭ᠎ᠠ ᠶᠢᠨ | ᠭᠤᠭᠴᠤᠭ᠎ᠠ ᠪᠣᠯᠭᠠᠬᠤ ᠪᠠᠷ ᠲᠤᠰᠬᠠᠶᠢᠯᠠᠨ ᠪᠢᠴᠢᠭ ᠮᠠᠲ᠋ᠧᠷᠢᠶᠠᠯ ᠳᠠᠷᠤᠮᠠᠯᠯᠠᠨ ᠲᠠᠷᠬᠠᠭᠠᠵᠤ᠂ ᠪᠦᠬᠦ ᠲᠠᠯ᠎ᠠ ᠪᠠᠷ | ᠪᠠᠶᠢᠷᠢᠯᠠᠭᠤᠯᠤᠯᠲᠠ ᠬᠢᠪᠡ᠃ ᠵᠠᠷᠢᠮ ᠰᠠᠯᠠᠭ᠎ᠠ ᠮᠦᠴᠢᠷ ᠪᠤᠯᠤᠨ ᠣᠷᠣᠨ ᠨᠤᠲᠤᠭ ᠤᠨ ᠬᠢᠨ ᠢᠳᠡᠪᠬᠢᠲᠡᠢ | ᠰᠦᠪᠡᠭᠴᠢᠯᠡᠨ᠂ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢ ᠭᠦᠨᠵᠡᠭᠡᠶᠢᠷᠡᠭᠦᠯᠦᠨ | ᠠᠬᠢᠭᠤᠯᠵᠤ᠂ ᠮᠡᠳᠡᠭᠡ ᠵᠠᠩᠭᠢ ᠶᠢ ᠬᠠᠮᠲᠤ ᠳᠤ ᠪᠠᠨ ᠬᠦᠷᠲᠡᠵᠦ᠂ ᠵᠠᠰᠠᠭ ᠤᠨ ᠶᠠᠪᠤᠳᠠᠯ ᠤᠨ ᠴᠣᠪᠤᠷᠠᠯ ᠢ | ᠰᠢᠯᠢᠳᠡᠭᠵᠢᠭᠦᠯᠦᠨ᠂ ᠨᠢᠭᠡ ᠪᠦᠯᠦᠭ ᠲᠦᠪᠡᠭᠲᠡᠢ ᠬᠦᠴᠢᠷᠲᠡᠢ ᠠᠰᠠᠭᠤᠳᠠᠯ ᠤᠳ ᠠᠩᠬ᠎ᠠ ᠠᠯᠬᠤᠮ ᠰᠢᠢᠳᠪᠦᠷᠢᠯᠡᠭᠳᠡᠵᠦ᠂ | ᠦᠢᠯᠡᠴᠢᠯᠡᠭᠡᠨ ᠳᠤ ᠰᠢᠨ᠎ᠡ ᠶᠢ ᠡᠭᠦᠳᠦᠭᠰᠡᠨ ᠨᠡᠶᠢᠲᠡᠯᠢᠭ ᠵᠢᠱᠢᠶ᠎ᠡ ᠲᠠᠰᠤᠷᠠᠯᠲᠠ ᠦᠭᠡᠢ ᠢᠯᠡᠷᠡᠨ ᠭᠠᠷᠴᠤ᠂ | ᠵᠠᠰᠠᠭ ᠤᠨ ᠶᠠᠪᠤᠳᠠᠯ ᠤᠨ ᠦᠢᠯᠡᠴᠢᠯᠡᠭᠡ ᠳᠤ ᠰᠢᠨ᠎ᠡ ᠶᠢ ᠡᠭᠦᠳᠴᠦ ᠥᠭᠡᠷᠡᠴᠢᠯᠡᠯᠲᠡ ᠬᠢᠬᠦ ᠶᠢ ᠬᠦᠲᠦᠯᠦᠨ | ᠵᠢᠯᠣᠭᠤᠳᠴᠦ ᠪᠠᠶᠢᠭᠠᠳ ᠲᠠᠰᠤᠷᠠᠯᠲᠠᠨ ᠦᠭᠡᠢ ᠰᠢᠨ᠎ᠡ ᠦᠷ᠎ᠡ ᠪᠦᠲᠦᠮᠵᠢ ᠣᠯᠪᠠ᠃ ᠡᠭᠦᠨ ᠤ ᠬᠠᠮᠲᠤ ᠣᠳᠣᠬᠠᠨ ᠤ | ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ︽ᠨᠢᠭᠡ ᠯᠠ ᠰᠦᠯᠵᠢᠶ᠎ᠡ ᠪᠠᠷ ᠨᠡᠶᠢᠳᠡᠮ ᠭᠦᠢᠴᠡᠳᠭᠡᠬᠦ︾᠂ ︽ᠨᠢᠭᠡ | ᠯᠡ ᠡᠭᠦᠳᠡ ᠪᠠᠷ ᠣᠷᠣᠵᠤ ᠭᠦᠢᠴᠡᠳᠭᠡᠬᠦ︾᠂ ︽ᠶᠡᠬᠡᠳᠡᠬᠦ ᠳᠤ ᠪᠠᠨ ᠨᠢᠭᠡ ᠯᠡ ᠤᠳᠠᠭ᠎ᠠ ᠣᠴᠢᠵᠤ ᠭᠦᠢᠴᠡᠳᠭᠡᠬᠦ︾ | ᠵᠡᠷᠭᠡ ᠥᠭᠡᠷᠡᠴᠢᠯᠡᠯᠲᠡ ᠨᠢ ᠮᠦᠨ ᠯᠡ ᠬᠡᠰᠡᠭ ᠣᠷᠣᠨ ᠪᠦᠰᠡ ᠪᠠ ᠬᠡᠰᠡᠭ ᠬᠦᠷᠢᠶ᠎ᠡ ᠴᠠᠷᠠᠭ᠎ᠠ ᠳᠤ ᠰᠦᠪᠡᠭᠴᠢᠯᠡᠨ | ᠦᠢᠯᠡᠳᠦᠯᠭᠡᠵᠢᠭᠦᠯᠬᠦ ᠪᠠᠶᠢᠳᠠᠯ ᠳᠤ ᠪᠠᠨ ᠪᠠᠶᠢᠵᠤ᠂ ᠴᠦᠬᠡᠨ ᠪᠣᠰᠤ ᠭᠠᠵᠠᠷ ᠣᠷᠣᠨ᠂ ᠰᠠᠯᠠᠭ᠎ᠠ ᠮᠦᠴᠢᠷ᠂ ᠬᠦᠷᠢᠶ᠎ᠡ | ᠴᠠᠷᠠᠭ᠎ᠠ ᠳᠤ ᠠᠵᠤ ᠠᠬᠤᠶᠢᠯᠠᠯ ᠣᠯᠠᠨ ᠲᠦᠮᠡᠨ ᠢ ᠭᠠᠴᠢᠭᠳᠠᠭᠤᠯᠵᠤ ᠪᠠᠶᠢᠬᠤ ︽ᠭᠡᠷᠡᠴᠢ ᠦᠨᠡᠮᠯᠡᠯ ᠠᠪᠬᠤ ᠨᠢ | ᠠᠷᠪᠢᠨ᠂ ᠠᠵᠢᠯ ᠬᠡᠷᠡᠭ ᠭᠦᠢᠴᠡᠳᠭᠡᠬᠦ ᠳᠤ ᠬᠦᠴᠢᠷᠲᠡᠢ︾ ᠵᠡᠷᠭᠡ ᠦᠵᠡᠭᠳᠡᠯ ᠮᠦᠨ ᠶᠡᠭᠡ ᠬᠡᠮᠵᠢᠶ᠎ᠡ ᠪᠠᠷ ᠣᠷᠣᠰᠢᠵᠤ᠂ | ᠳᠦᠭᠦᠮ ᠲᠥᠳᠡ ᠪᠦᠭᠡᠳ ᠬᠤᠷᠳᠤᠨ ᠱᠠᠯᠠᠮᠠᠭᠠᠢ᠂ ᠭᠤᠣᠯᠴᠢ ᠪᠦᠭᠡᠳ ᠨᠡᠶᠢᠳᠡᠮ ᠳᠤ ᠨᠢ ᠬᠠᠷᠠᠭᠠᠯᠵᠠᠬᠤ᠂ ᠴᠢᠨᠡᠷ | ᠰᠠᠶᠢᠲᠠᠢ ᠪᠦᠭᠡᠳ ᠦᠷ᠎ᠡ ᠠᠰᠢᠭ ᠶᠡᠬᠡᠲᠡᠢ ᠰᠦᠯᠵᠢᠶᠡᠨ ᠳᠠᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠰᠢᠰᠲ᠋ᠧᠮᠵᠢ ᠪᠠᠶᠢᠭᠤᠯᠬᠤ ᠬᠠᠷᠠᠯᠲᠠ ᠯᠤᠭ᠎ᠠ ᠠᠳᠠᠯᠢᠳᠬᠠᠬᠤ ᠳᠤ ᠮᠦᠨ ᠯᠡ ᠨᠡᠯᠢᠶᠡᠳ ᠶᠡᠭᠡ ᠵᠦᠷᠢᠶ᠎ᠡ ᠲᠠᠢ | ᠪᠠᠶᠢᠬᠤ ᠶᠢ ᠣᠯᠵᠤ ᠬᠠᠷᠠᠬᠤ ᠬᠡᠷᠡᠭᠲᠡᠢ᠃ | ᠠᠷᠠᠳ ᠤᠨ ᠬᠦᠰᠡᠯ ᠪᠦᠭᠡᠳ ᠥᠭᠡᠷᠡᠴᠢᠯᠡᠯᠲᠡ ᠶᠢᠨ ᠬᠠᠨᠳᠤᠰᠢ ᠮᠥᠨ᠃ ᠨᠠᠮ ᠤᠨ ᠠᠷᠪᠠ ᠶᠢᠰᠦᠳᠦᠭᠡᠷ | ᠶᠡᠭᠡ ᠬᠤᠷᠠᠯ ᠠᠴᠠ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠶᠢᠨ ᠰᠢᠢᠳᠪᠦᠷᠢᠲᠦ | ᠢᠯᠠᠯᠲᠠ ᠶᠢ ᠣᠯᠬᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠬᠦ ᠲᠠᠯ᠎ᠠ ᠪᠠᠷ ᠪᠦᠲᠦᠭᠡᠨ | ᠪᠠᠶᠢᠭᠤᠯᠬᠤ ᠰᠢᠨ᠎ᠡ ᠠᠶᠠᠯᠠᠯ ᠢ ᠨᠡᠬᠡᠭᠡᠨ ᠡᠬᠢᠯᠡᠭᠦᠯᠬᠦ ᠳᠤ ᠪᠦᠬᠦ ᠲᠠᠯ᠎ᠠ ᠶᠢᠨ ᠪᠠᠶᠢᠷᠢᠯᠠᠭᠤᠯᠤᠯᠲᠠ ᠬᠢᠭᠰᠡᠨ ᠪᠠᠶᠢᠨ᠎ᠠ᠃ | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠬᠤᠶᠠᠳᠤᠭᠠᠷ᠂ | ᠭᠤᠷᠪᠠᠳᠤᠭᠠᠷ ᠪᠦᠭᠦᠲᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ᠂ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠲᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠤᠯᠭ᠎ᠠ ᠪᠣᠯᠭᠠᠵᠤ᠂ ᠰᠢᠨ᠎ᠡ ᠬᠦᠭᠵᠢᠯᠲᠡ ᠶᠢᠨ ᠣᠨᠣᠯᠵᠢᠬᠤᠨ ᠢ ᠪᠠᠲᠤ ᠪᠠᠬᠢ ᠪᠣᠢ ᠪᠣᠯᠭᠠᠬᠤ ᠪᠠ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠲᠠᠯᠪᠢᠬᠤ᠂ ᠬᠠᠮᠢᠶᠠᠷᠬᠤ᠂ ᠦᠢᠯᠡᠴᠢᠯᠡᠬᠦ︾ ᠥᠭᠡᠷᠡᠴᠢᠯᠡᠯᠲᠡ ᠶᠢ | ᠭᠦᠨᠵᠡᠭᠡᠶᠢᠷᠡᠭᠦᠯᠦᠨ᠂ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢ ᠤᠯᠠᠮ ᠨᠢᠭᠡ | ᠠᠯᠬᠤᠮ ᠠᠬᠢᠭᠤᠯᠵᠤ᠂ ᠪᠦᠬᠦ ᠤᠯᠤᠰ ᠤᠨ ᠨᠢᠭᠡ ᠴᠣᠭᠴᠠᠵᠢᠭᠰᠠᠨ ᠰᠦᠯᠵᠢᠶᠡᠨ ᠳᠠᠬᠢ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠰᠢᠰᠲ᠋ᠧᠮᠵᠢ ᠶᠢ ᠲᠦᠷᠭᠡᠳᠭᠡᠨ ᠪᠠᠶᠢᠭᠤᠯᠵᠤ᠂ ᠳᠡᠰ ᠱᠠᠲᠤ ᠠᠯᠤᠰᠯᠠᠭᠰᠠᠨ᠂ ᠨᠤᠲᠤᠭ ᠪᠦᠰᠡ | ᠠᠯᠤᠰᠯᠠᠭᠰᠠᠨ᠂ ᠰᠢᠰᠲ᠋ᠧᠮ ᠠᠯᠤᠰᠯᠠᠭᠰᠠᠨ᠂ ᠰᠠᠯᠭ᠎ᠠ ᠮᠦᠴᠢᠷ ᠠᠯᠤᠰᠯᠠᠭᠰᠠᠨ ᠪᠠ ᠲᠤᠬᠠᠶᠢᠯᠠᠭᠰᠠᠨ ᠠᠵᠢᠯ | ᠠᠯᠤᠰᠯᠠᠭᠰᠠᠨ ᠵᠣᠬᠢᠴᠠᠭᠤᠯᠤᠨ ᠬᠠᠮᠢᠶᠠᠷᠬᠤ ᠪᠠ ᠦᠢᠯᠡᠴᠢᠯᠡᠬᠦ ᠶᠢ ᠠᠬᠢᠭᠤᠯᠤᠨ᠂ ᠠᠵᠤ ᠠᠬᠤᠶᠢᠯᠠᠯ ᠪᠠ ᠣᠯᠠᠨ | ᠲᠦᠮᠡᠨ ᠤ ᠠᠵᠢᠯ ᠬᠡᠷᠡᠭ ᠭᠦᠢᠴᠡᠳᠭᠡᠬᠦ ᠳᠤ ᠰᠦᠯᠵᠢᠶᠡᠨ ᠳᠠᠬᠢ ︽ᠨᠢᠭᠡ ᠯᠡ ᠰᠦᠯᠵᠢᠶ᠎ᠡ ᠪᠠᠷ ᠨᠡᠶᠢᠳᠡᠮ | ᠭᠦᠢᠴᠡᠳᠭᠡᠬᠦ︾ ︵ᠨᠢᠭᠡ ᠰᠦᠯᠵᠢᠶ᠎ᠡ︶᠂ ᠰᠦᠯᠵᠢᠶᠡᠨ ᠤ ᠭᠠᠳᠠᠭᠤᠷ ︽ᠨᠢᠭᠡ ᠯᠡ ᠡᠭᠦᠳᠡ ᠪᠠᠷ ᠣᠷᠤᠵᠤ | ᠭᠦᠢᠴᠡᠳᠭᠡᠬᠦ︾ ︵ᠨᠢᠭᠡ ᠡᠭᠦᠳᠡ︶᠂ ᠲᠤᠬᠠᠢ ᠶᠢᠨ ᠲᠠᠯᠠᠪᠠᠢ ᠳᠤ ᠨᠢ ᠭᠦᠢᠴᠡᠳᠭᠡᠬᠦ ᠳᠤ ︽ᠶᠡᠬᠡᠲᠡᠬᠦ ᠳᠤ ᠪᠠᠨ ᠨᠢᠭᠡ | ᠯᠡ ᠤᠳᠠᠭ᠎ᠠ ᠣᠴᠢᠵᠤ ᠭᠦᠢᠴᠡᠳᠭᠡᠬᠦ︾ ︵ᠨᠢᠭᠡ ᠤᠳᠠᠭ᠎ᠠ︶ ᠶᠢ ᠠᠬᠢᠭᠤᠯᠵᠤ᠂ ᠠᠵᠤ ᠠᠬᠤᠶᠢᠯᠠᠯ ᠪᠠ ᠣᠯᠠᠨ | ᠲᠦᠮᠡᠨ ᠵᠠᠰᠠᠭ ᠤᠨ ᠣᠷᠳᠣᠨ ᠳᠤ ᠬᠦᠷᠴᠦ ᠠᠵᠢᠯ ᠬᠡᠷᠡᠭ ᠭᠦᠢᠴᠡᠳᠭᠡᠬᠦ ᠶᠢ ᠨᠢ ︽ᠰᠦᠯᠵᠢᠶ᠎ᠡ ᠪᠠᠷ ᠪᠠᠷᠠᠭ᠎ᠠ | ᠬᠤᠳᠠᠯᠳᠤᠨ ᠠᠪᠴᠤ︾ ᠪᠠᠶᠢᠬᠤ ᠲᠠᠢ ᠠᠳᠠᠯᠢ ᠳᠦᠭᠦᠮ ᠳᠥᠲᠡ ᠪᠣᠯᠭᠠᠬᠤ ᠬᠡᠷᠡᠭᠲᠡᠢ᠃ | ᠬᠤᠶᠠᠷ᠂ ᠦᠨᠳᠦᠰᠦᠨ ᠵᠠᠷᠴᠢᠮ ᠪᠠ ᠠᠵᠢᠯ ᠤᠨ ᠬᠠᠷᠠᠯᠲᠠ | ︵ᠨᠢᠭᠡ︶ ᠦᠨᠳᠦᠰᠦᠨ ᠵᠠᠷᠴᠢᠮ᠃ | ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠨ᠂ ᠠᠰᠠᠭᠤᠳᠠᠯ ᠢ ᠭᠤᠣᠯᠳᠠᠭᠤᠯᠤᠨ ᠠᠩᠬᠠᠷᠴᠤ᠂ | ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠬᠦ ᠬᠡᠷᠡᠭᠲᠡᠢ᠃ ᠠᠷᠠᠳ ᠲᠦᠮᠡᠨ ᠢᠶᠠᠷ ᠭᠤᠣᠯ ᠪᠣᠯᠭᠠᠭᠰᠠᠨ | ᠬᠦᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠨ᠂ ᠠᠵᠤ ᠠᠬᠤᠶᠢᠯᠠᠯ ᠪᠠ ᠣᠯᠠᠨ ᠲᠦᠮᠡᠨ ᠤ ᠠᠵᠢᠯ ᠬᠡᠷᠡᠭ | ᠭᠦᠢᠴᠡᠳᠭᠡᠬᠦ ᠳᠤ ᠬᠦᠴᠢᠷᠲᠡᠢ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ᠲᠦᠭᠵᠢᠷᠡᠯ ᠪᠣᠯᠤᠨ ᠡᠮᠵᠢᠭ ᠲᠠᠢ | ᠲᠠᠯ᠎ᠠ ᠶᠢ ᠭᠤᠣᠯᠳᠠᠭᠤᠯᠤᠨ ᠠᠩᠬᠠᠷᠴᠤ᠂ ᠠᠵᠢᠯ ᠬᠡᠷᠡᠭ ᠤᠨ ᠪᠠᠶᠢᠳᠠᠯ ᠳᠤ ᠨᠢ ᠲᠣᠬᠢᠷᠠᠭᠤᠯᠤᠨ᠂ ᠡᠯ᠎ᠡ ᠲᠦᠷᠥᠯ ᠤᠨ | ᠠᠵᠢᠯ ᠬᠡᠷᠡᠭ ᠭᠦᠢᠴᠡᠳᠭᠡᠬᠦ ᠵᠦᠢᠯᠡᠰ ᠲᠤ ᠴᠢᠭᠯᠡᠯᠲᠦ ᠴᠢᠨᠠᠷᠲᠠᠢ ᠠᠬᠢᠭᠤᠯᠬᠤ ᠲᠦᠰᠦᠯ ᠢ ᠲᠤᠰ ᠲᠤᠰ ᠳᠤᠷᠠᠳᠤᠨ | ᠭᠠᠷᠭᠠᠵᠤ᠂ ᠠᠷᠠᠳ ᠣᠯᠠᠨ ᠤ ᠬᠡᠷᠡᠭᠴᠡᠭᠡ ᠱᠠᠭᠠᠷᠳᠠᠯᠭ᠎ᠠ ᠶᠢ ᠲᠠᠰᠤᠷᠠᠯᠲᠠ ᠦᠭᠡᠢ ᠬᠠᠩᠭᠠᠬᠤ ᠬᠡᠷᠡᠭᠲᠡᠢ᠃ | ᠭᠤᠣᠯᠳᠠᠯᠭ᠎ᠠ ᠪᠣᠯᠬᠤ ᠶᠢ ᠨᠢ ᠤᠷᠢᠳᠠᠪᠠᠷ ᠬᠡᠷᠡᠭᠵᠢᠭᠦᠯᠵᠦ᠂ ᠲᠤᠷᠰᠢᠯᠭ᠎ᠠ ᠪᠠᠨ ᠳ᠋ᠦᠩᠨᠡᠨ᠂ ᠲᠦᠷᠭᠡᠳᠭᠡᠨ | ᠳᠡᠯᠭᠡᠷᠡᠭᠦᠯᠬᠦ ᠬᠡᠷᠡᠭᠲᠡᠢ᠃ ᠠᠵᠤ ᠠᠬᠤᠶᠢᠯᠠᠯ ᠪᠣᠯᠣᠨ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠯᠤᠭ᠎ᠠ ᠨᠢᠭᠲᠠ | ᠬᠠᠷᠢᠴᠠᠭ᠎ᠠ ᠬᠤᠯᠪᠣᠭ᠎ᠠ ᠲᠠᠢ ᠭᠤᠣᠯᠳᠠᠯᠭᠠᠲᠤ ᠬᠦᠷᠢᠶ᠎ᠡ ᠴᠠᠷᠠᠭ᠎ᠠ ᠪᠠ ᠭᠦᠢᠴᠡᠳᠭᠡᠬᠦ ᠬᠡᠮᠵᠢᠶ᠎ᠡ ᠪᠠᠷ ᠶᠡᠭᠡ ᠪᠠᠶᠢᠭ᠎ᠠ | ᠣᠯᠠᠨᠲᠠ ᠲᠣᠬᠢᠶᠠᠯᠳᠤᠬᠤ ᠵᠦᠢᠯᠡᠰ ᠢ ᠰᠤᠩᠭᠤᠵᠤ᠂ ᠱᠠᠲᠤ ᠪᠣᠯᠣᠨ ᠠᠯᠬᠤᠮ ᠳᠠᠷᠠᠭ᠎ᠠ ᠬᠤᠪᠢᠶᠠᠵᠤ ᠠᠬᠢᠭᠤᠯᠤᠨ᠂ | ᠡᠯ᠎ᠡ ᠭᠠᠵᠠᠷ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠤᠨ ᠠᠮᠵᠢᠯᠲᠠ ᠲᠠᠢ ᠲᠤᠷᠰᠢᠯᠭ᠎ᠠ ᠪᠠ ᠰᠢᠨ᠎ᠡ | ᠡᠭᠦᠳᠦᠯᠲᠡ ᠲᠠᠢ ᠬᠢᠳᠡᠯ ᠢ ᠳ᠋ᠦᠩᠨᠡᠵᠦ᠂ ᠥᠷ᠎ᠡ ᠪᠦᠲᠦᠭᠡᠯ ᠢ ᠵᠢᠷᠤᠮᠯᠠᠨ ᠳᠠᠭᠤᠷᠢᠶᠠᠬᠤ ᠪᠠ ᠤᠬᠠᠭᠤᠯᠤᠨ | ᠳᠡᠯᠭᠡᠷᠡᠭᠦᠯᠬᠦ ᠶᠢ ᠴᠢᠩᠭᠠᠳᠬᠠᠨ᠂ ᠦᠨᠳᠦᠷ ᠪᠦᠲᠦᠮᠵᠢᠲᠡᠢ ᠪᠦᠭᠡᠳ ᠡᠮᠬᠢ ᠵᠢᠷᠤᠮ ᠲᠠᠢ ᠪᠠᠷ ᠠᠬᠢᠭᠤᠯᠬᠤ ᠪᠠᠶᠢᠳᠠᠯ ᠢ | ᠪᠣᠢ ᠪᠣᠯᠭᠠᠬᠤ ᠬᠡᠷᠡᠭᠲᠡᠢ᠃ | ᠡᠮᠬᠢᠯᠡᠨ ᠨᠡᠶᠢᠯᠡᠭᠦᠯᠵᠦ ᠬᠠᠮᠲᠤ ᠳᠤ ᠪᠠᠨ ᠬᠦᠷᠲᠡᠵᠦ᠂ ᠴᠣᠪᠣᠷᠠᠯ ᠢᠶᠠᠨ ᠰᠢᠯᠢᠳᠡᠭᠵᠢᠭᠦᠯᠦᠨ᠂ | ᠦᠢᠯᠡᠴᠢᠯᠡᠭᠡ ᠳᠤ ᠰᠢᠨ᠎ᠡ ᠶᠢ ᠡᠭᠦᠳᠬᠦ ᠬᠡᠷᠡᠭᠲᠡᠢ᠃ ᠰᠦᠯᠵᠢᠶ᠎ᠡ ᠶᠢ ᠬᠤᠯᠪᠣᠭᠠᠯᠠᠨ ᠨᠡᠶᠢᠳᠡᠮ ᠭᠦᠢᠴᠡᠳᠭᠡᠬᠦ ᠪᠣᠯ | ᠵᠠᠷᠴᠢᠮ᠂ ᠰᠦᠯᠵᠢᠶ᠎ᠡ ᠶᠢ ᠲᠤᠰᠠᠭᠠᠷ ᠠᠵᠢᠯᠯᠠᠭᠤᠯᠬᠤ ᠪᠣᠯ ᠣᠨᠴᠠᠭᠠᠢ ᠶᠠᠪᠤᠳᠠᠯ᠂ ᠵᠠᠰᠠᠭ ᠤᠨ ᠶᠠᠪᠤᠳᠠᠯ ᠤᠨ | ᠦᠢᠯᠡᠴᠢᠯᠡᠭᠡ ᠶᠢ ᠰᠦᠯᠵᠢᠶ᠎ᠡ ᠪᠠᠷ ᠭᠦᠢᠴᠡᠳᠭᠡᠬᠦ ᠪᠣᠯ ᠵᠠᠷᠴᠢᠮ᠂ ᠰᠦᠯᠵᠢᠶᠡᠨ ᠳᠤ ᠭᠠᠷᠭᠠᠬᠤ ᠦᠭᠡᠢ ᠪᠣᠯ ᠣᠨᠴᠠᠭᠠᠢ | ᠶᠠᠪᠤᠳᠠᠯ ᠪᠣᠯᠬᠤ ᠶᠢ ᠪᠠᠷᠢᠮᠲᠠᠯᠠᠨ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠳᠡᠰ ᠱᠠᠲᠣ | ᠠᠯᠤᠰᠯᠠᠭᠤᠯᠤᠨ᠂ ᠨᠤᠳᠤᠭ ᠪᠦᠰᠡ ᠠᠯᠤᠰᠯᠠᠭᠤᠯᠤᠨ᠂ ᠰᠢᠰᠲ᠋ᠧᠮ ᠠᠯᠤᠰᠯᠠᠭᠤᠯᠤᠨ᠂ ᠰᠠᠯᠠᠭ᠎ᠠ ᠮᠦᠴᠢᠷ | ᠠᠯᠤᠰᠯᠠᠭᠤᠯᠤᠨ᠂ ᠲᠤᠬᠠᠶᠢᠯᠠᠭᠰᠠᠨ ᠠᠵᠢᠯ ᠠᠯᠤᠰᠯᠠᠭᠤᠯᠤᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ | ᠪᠠ ᠵᠣᠬᠢᠴᠠᠯᠳᠤᠨ ᠬᠠᠮᠲᠤ ᠳᠤ ᠪᠠᠨ ᠬᠦᠷᠲᠡᠬᠦ ᠶᠢ ᠴᠢᠩᠭᠠᠳᠬᠠᠬᠤ ᠬᠡᠷᠡᠭᠲᠡᠢ᠃ ᠢᠨᠲ᠋ᠧᠷ ᠰᠦᠯᠵᠢᠶ᠎ᠡ᠂ ᠲᠣᠮᠤ | ᠳ᠋ᠠᠶᠢᠲ᠋ᠠ ᠪᠠ ᠬᠢᠮᠡᠯ ᠤᠶᠤᠨᠴᠢ ᠵᠡᠷᠭᠡ ᠮᠡᠳᠡᠭᠡ ᠵᠠᠩᠭᠢ ᠶᠢᠨ ᠮᠡᠷᠭᠡᠵᠢᠯ ᠢ ᠬᠡᠷᠡᠭᠯᠡᠨ᠂ ᠮᠠᠷᠭᠡᠵᠢᠯ ᠳᠤ ᠰᠢᠨ᠎ᠡ ᠶᠢ | ᠡᠭᠦᠳᠬᠦ ᠪᠠ ᠴᠣᠪᠣᠷᠠᠯ ᠢ ᠳᠠᠬᠢᠨ ᠪᠠᠶᠢᠭᠤᠯᠬᠤ ᠪᠠᠷ ᠳᠠᠮᠵᠢᠵᠤ᠂ ᠶᠡᠷᠦᠩᠬᠡᠶᠢᠯᠡᠭᠰᠡᠨ ᠦᠢᠯᠡᠴᠢᠯᠡᠬᠦ ᠴᠢᠳᠠᠪᠤᠷᠢ ᠶᠢ | ᠴᠢᠩᠭᠠᠷᠠᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠦᠢᠯᠡᠳᠦᠯ ᠪᠦᠲᠦᠮᠵᠢ ᠶᠢ ᠨᠢ ᠤᠯᠠᠮ ᠨᠢᠭᠡ ᠠᠯᠬᠤᠮ | ᠳᠡᠭᠡᠭᠰᠢᠯᠡᠭᠦᠯᠬᠦ ᠬᠡᠷᠡᠭᠲᠡᠢ᠃ | ᠨᠢᠭᠡᠳᠦᠯᠲᠡᠢ ᠲᠦᠯᠦᠪᠯᠡᠨ ᠠᠬᠢᠭᠤᠯᠵᠤ᠂ ᠬᠡᠰᠡᠭ ᠪᠦᠯᠦᠭ ᠢᠶᠠᠷ ᠨᠢ ᠤᠶᠠᠯᠳᠤᠭᠤᠯᠤᠨ᠂ ᠳᠡᠭᠡᠲᠥ ᠳᠣᠣᠷᠠᠳᠤ | ᠱᠠᠲᠤ ᠪᠠᠷ ᠢᠶᠠᠨ ᠬᠤᠯᠪᠣᠭᠠᠯᠠᠨ ᠬᠦᠳᠡᠯᠦᠯᠴᠡᠬᠦ ᠬᠡᠷᠡᠭᠲᠡᠢ᠃ ᠵᠠᠰᠠᠭ ᠤᠨ ᠣᠷᠳᠣᠨ ᠤ ᠬᠠᠮᠢᠶᠠᠷᠤᠯᠲᠠ ᠪᠠ | ᠦᠢᠯᠡᠴᠢᠯᠡᠭᠡ ᠶᠢᠨ ᠰᠢᠰᠲ᠋ᠧᠮᠵᠢᠲᠦ ᠴᠢᠨᠠᠷ᠂ ᠪᠦᠬᠦᠯᠢ ᠴᠣᠭᠴᠠᠲᠤ ᠴᠢᠨᠠᠷ ᠢ ᠴᠢᠬᠤᠯᠠᠴᠢᠯᠠᠨ᠂ ᠠᠵᠢᠯ ᠲᠦᠷᠦᠯ ᠤᠨ | ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠤᠨ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠪᠠ ᠲᠥᠷᠥ ᠶᠢᠨ | ᠪᠣᠳᠣᠯᠭ᠎ᠠ ᠶᠢᠨ ᠳᠡᠮᠵᠢᠯᠭᠡ ᠶᠢ ᠴᠢᠩᠭᠠᠳᠬᠠᠵᠤ᠂ ᠣᠷᠣᠨ ᠨᠤᠲᠤᠭ ᠤᠨ ᠵᠠᠰᠠᠭ ᠤᠨ ᠣᠷᠳᠣᠨ ᠤ ᠢᠳᠡᠪᠬᠢᠵᠢᠯ ᠪᠠ | ᠰᠠᠨᠠᠭᠠᠴᠢᠯᠠᠭᠠᠲᠤ ᠴᠢᠨᠠᠷ ᠢ ᠭᠦᠢᠴᠡᠳ ᠪᠠᠳᠠᠷᠠᠭᠤᠯᠤᠨ᠂ ᠳᠥᠷᠢᠮ ᠤᠨ ᠵᠣᠯᠭᠠᠭᠤᠯᠲᠠ ᠶᠢ ᠴᠢᠩᠭᠠᠷᠠᠭᠤᠯᠵᠤ᠂ ᠡᠯ᠎ᠡ | ᠲᠠᠯ᠎ᠠ ᠶᠢᠨ ᠡᠬᠢ ᠪᠠᠶᠠᠯᠢᠭ ᠢ ᠪᠦᠲᠦᠮᠵᠢᠲᠡᠢ ᠪᠠᠷ ᠡᠮᠬᠢᠯᠡᠨ ᠨᠡᠶᠢᠯᠡᠭᠦᠯᠦᠨ᠂ ᠬᠦᠨᠳᠡᠯᠡᠨ ᠭᠤᠤᠯᠳᠤ ᠪᠠᠷ | ᠵᠣᠬᠢᠴᠠᠯᠳᠤᠭᠤᠯᠬᠤ ᠪᠠ ᠳᠡᠭᠡᠲᠥ ᠳᠣᠣᠷᠠᠳᠤ ᠱᠠᠲᠤ ᠪᠠᠷ ᠢᠶᠠᠨ ᠬᠤᠯᠪᠣᠭᠠᠯᠠᠨ ᠬᠦᠳᠡᠯᠦᠯᠴᠡᠬᠦ ᠶᠢ ᠠᠬᠢᠭᠤᠯᠵᠤ᠂ ᠨᠢᠭᠡ | ᠴᠣᠭᠴᠠᠵᠢᠭᠰᠠᠨ ᠬᠤᠯᠪᠣᠭᠠᠯᠠᠨ ᠠᠬᠢᠭᠤᠯᠬᠤ ᠲᠣᠭᠲᠠᠴᠠ ᠶᠢ ᠪᠠᠶᠢᠭᠤᠯᠤᠨ᠂ ᠵᠣᠬᠢᠴᠠᠯᠳᠤᠨ ᠦᠢᠯᠡᠴᠢᠯᠡᠬᠦ ᠴᠢᠳᠠᠪᠤᠷᠢ | ᠪᠠ ᠶᠡᠷᠦᠩᠬᠡᠶᠢᠯᠡᠨ ᠬᠠᠮᠢᠶᠠᠷᠬᠤ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ | ︵ᠬᠤᠶᠠᠷ︶ ᠠᠵᠢᠯ ᠤᠨ ᠬᠠᠷᠠᠯᠲᠠ᠃ | 2018 ᠣᠨ ᠤ ᠰᠡᠭᠦᠯᠴᠢ ᠪᠣᠯᠬᠤ ᠳᠤ᠂ ︽ᠨᠢᠭᠡ ᠰᠦᠯᠵᠢᠶ᠎ᠡ᠂ ᠨᠢᠭᠡ ᠡᠭᠦᠳᠡ᠂ ᠨᠢᠭᠡ ᠤᠳᠠᠭ᠎ᠠ︾ ᠶᠢᠨ | ᠥᠭᠡᠷᠡᠴᠢᠯᠡᠯᠲᠡ ᠳᠤ ᠠᠩᠬ᠎ᠠ ᠠᠯᠬᠤᠮ ᠤᠨ ᠦᠷ᠎ᠡ ᠪᠦᠲᠦᠮᠵᠢ ᠶᠢ ᠣᠯᠵᠤ᠂ ᠲᠡᠷᠢᠭᠦᠨ ᠤ ᠭᠠᠵᠠᠷ ᠣᠷᠣᠨ ᠤ | ᠠᠮᠵᠢᠯᠲᠠ ᠲᠠᠢ ᠲᠤᠷᠰᠢᠯᠭ᠎ᠠ ᠶᠢ ᠪᠦᠬᠦ ᠤᠯᠤᠰ ᠤᠨ ᠬᠡᠪᠴᠢᠶᠡᠨ ᠳᠤ ᠪᠦᠲᠦᠮᠵᠢᠲᠠᠢ ᠳᠡᠯᠭᠡᠷᠡᠭᠦᠯᠦᠭᠰᠡᠨ ᠪᠠᠶᠢᠬᠤ | ᠬᠡᠷᠡᠭᠲᠡᠢ᠃ ︽ᠨᠢᠭᠡ ᠯᠡ ᠰᠦᠯᠵᠢᠶ᠎ᠡ ᠪᠠᠷ ᠨᠡᠶᠢᠳᠡᠮ ᠭᠦᠢᠴᠡᠳᠭᠡᠬᠦ︾ ᠲᠠᠯ᠎ᠠ ᠪᠠᠷ᠂ ᠮᠤᠵᠢ ᠶᠢᠨ ᠱᠠᠲᠤᠨ ᠤ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠰᠦᠯᠵᠢᠶ᠎ᠡ ᠪᠠᠷ ᠭᠦᠢᠴᠡᠳᠭᠡᠵᠦ ᠪᠣᠯᠬᠤ ᠨᠣᠷᠮ᠎ᠠ ᠨᠢ | 80% ᠠᠴᠠ ᠳᠣᠣᠷ᠎ᠠ ᠪᠠᠶᠢᠵᠤ ᠪᠣᠯᠬᠤ ᠦᠭᠡᠢ᠂ ᠬᠤᠲᠠ ᠰᠢᠶᠠᠨ ᠤ ᠱᠠᠲᠤᠨ ᠤ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠵᠦᠢᠯᠡᠰ ᠢ ᠰᠦᠯᠵᠢᠶ᠎ᠡ ᠪᠠᠷ ᠭᠦᠢᠴᠡᠳᠭᠡᠵᠦ ᠪᠣᠯᠬᠤ ᠨᠣᠷᠮ᠎ᠠ ᠨᠢ 50% ᠠᠴᠠ ᠳᠣᠣᠷ᠎ᠠ ᠪᠠᠶᠢᠵᠤ | ᠪᠣᠯᠬᠤ ᠦᠭᠡᠢ︔ ︽ᠨᠢᠭᠡ ᠯᠡ ᠡᠭᠦᠳᠡ ᠪᠠᠷ ᠣᠷᠤᠵᠤ ᠭᠦᠢᠴᠡᠳᠭᠡᠬᠦ︾ ᠲᠠᠯ᠎ᠠ ᠪᠠᠷ᠂ ᠬᠤᠲᠠ ᠰᠢᠶᠠᠨ ᠤ ᠱᠠᠲᠤᠨ ᠤ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠶᠡᠷᠦᠩᠬᠡᠶᠢᠯᠡᠭᠰᠡᠨ ᠴᠢᠨᠠᠷᠲᠠᠢ ᠪᠣᠳᠠᠲᠤ ᠴᠣᠭᠴᠠᠲᠤ | ᠵᠠᠰᠠᠭ ᠤᠨ ᠶᠠᠪᠤᠳᠠᠯ ᠤᠨ ᠦᠢᠯᠡᠴᠢᠯᠡᠬᠦ ᠲᠢᠩᠬᠢᠮ ᠳᠤ ᠣᠷᠤᠭᠤᠯᠬᠤ ᠬᠠᠷᠢᠴᠠᠯ ᠨᠢ 70% ᠠᠴᠠ ᠳᠣᠣᠷ᠎ᠠ ᠪᠠᠶᠢᠵᠤ | ᠪᠣᠯᠬᠤ ᠦᠭᠡᠢ᠂ 50% ᠠᠴᠠ ᠳᠡᠭᠡᠭᠰᠢᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ︽ᠨᠢᠭᠡ | ᠴᠣᠩᠬᠤᠪᠴᠢ︾ ᠪᠠᠷ ᠲᠥᠷᠥᠯ ᠬᠤᠪᠢᠶᠠᠨ ᠬᠦᠯᠢᠶᠡᠨ ᠠᠪᠴᠤ ᠭᠦᠢᠴᠡᠳᠭᠡᠬᠦ ᠶᠢ ᠪᠡᠶᠡᠯᠡᠭᠦᠯᠬᠦ ᠬᠡᠷᠡᠭᠲᠡᠢ︔ ︽ | ᠶᠡᠬᠡᠳᠡᠬᠦ ᠳᠤ ᠪᠠᠨ ᠨᠢᠭᠡ ᠯᠡ ᠤᠳᠠᠭ᠎ᠠ ᠣᠴᠢᠵᠤ ᠭᠦᠢᠴᠡᠳᠭᠡᠬᠦ︾ ᠲᠠᠯ᠎ᠠ ᠪᠠᠷ᠂ ᠠᠵᠤ ᠠᠬᠤᠶᠢᠯᠠᠯ ᠪᠠ ᠣᠯᠠᠨ | ᠲᠦᠮᠡᠨ ᠵᠠᠰᠠᠭ ᠤᠨ ᠣᠷᠳᠣᠨ ᠳᠤ ᠬᠦᠷᠴᠦ ᠠᠵᠢᠯ ᠬᠡᠷᠡᠭ ᠭᠦᠢᠴᠡᠳᠭᠡᠬᠦ ᠳᠤ ᠬᠠᠩᠭᠠᠬᠤ ᠮᠠᠲ᠋ᠧᠷᠢᠶᠠᠯ ᠢ ᠨᠢ | 30% ᠠᠴᠠ ᠳᠡᠭᠡᠭᠰᠢ ᠪᠠᠭᠠᠰᠬᠠᠵᠤ᠂ ᠮᠤᠵᠢ ᠬᠤᠲᠠ ᠰᠢᠶᠠᠨ ᠤ ᠡᠯ᠎ᠡ ᠱᠠᠲᠤᠨ ᠤ ᠣᠯᠠᠨᠲᠠ ᠲᠣᠬᠢᠶᠠᠯᠳᠤᠬᠤ 30 | ᠵᠦᠢᠯᠡᠰ ᠲᠤ ︽ᠶᠡᠬᠡᠳᠡᠬᠦ ᠳᠤ ᠪᠠᠨ ᠨᠢᠭᠡ ᠯᠡ ᠤᠳᠠᠭ᠎ᠠ ᠣᠴᠢᠵᠤ ᠭᠦᠢᠴᠡᠳᠭᠡᠬᠦ︾ ᠶᠢ ᠪᠡᠶᠡᠯᠡᠭᠦᠯᠦᠨ᠎ᠡ᠃ | 2019 ᠣᠨ ᠤ ᠰᠡᠭᠦᠯᠴᠢ ᠪᠣᠯᠬᠤ ᠳᠤ᠂ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠪᠠ ᠣᠯᠠᠨᠲᠠ | ᠲᠣᠬᠢᠶᠠᠯᠳᠤᠬᠤ ᠵᠦᠢᠯᠡᠰ ᠲᠤ ︽ᠨᠢᠭᠡ ᠰᠦᠯᠵᠢᠶ᠎ᠡ᠂ ᠨᠢᠭᠡ ᠡᠭᠦᠳᠡ᠂ ᠨᠢᠭᠡ ᠤᠳᠠᠭ᠎ᠠ︾ ᠶᠢ ᠦᠨᠳᠦᠰᠦᠨ ᠳᠤ ᠪᠠᠨ | ᠪᠡᠶᠡᠯᠡᠭᠦᠯᠬᠦ ᠬᠡᠷᠡᠭᠲᠡᠢ᠃ ︽ᠨᠢᠭᠡ ᠯᠡ ᠰᠦᠯᠵᠢᠶ᠎ᠡ ᠪᠠᠷ ᠨᠡᠶᠢᠳᠡᠮ ᠭᠦᠢᠴᠡᠳᠭᠡᠬᠦ︾ ᠲᠠᠯ᠎ᠠ ᠪᠠᠷ᠂ ᠮᠤᠵᠢ ᠶᠢᠨ | ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠰᠦᠯᠵᠢᠶ᠎ᠡ ᠪᠠᠷ ᠭᠦᠢᠴᠡᠳᠭᠡᠵᠦ ᠪᠣᠯᠬᠤ | ᠨᠣᠷᠮ᠎ᠠ ᠨᠢ 90% ᠠᠴᠠ ᠳᠣᠣᠷ᠎ᠠ ᠪᠠᠶᠢᠵᠤ ᠪᠣᠯᠬᠤ ᠦᠭᠡᠢ᠂ ᠬᠤᠲᠠ ᠰᠢᠶᠠᠨ ᠤ ᠱᠠᠲᠤᠨ ᠤ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠭᠦᠢᠴᠡᠳᠭᠡᠵᠦ ᠪᠣᠯᠬᠤ ᠨᠣᠷᠮ᠎ᠠ ᠨᠢ 70% ᠠᠴᠠ ᠳᠣᠣᠷ᠎ᠠ ᠪᠠᠶᠢᠵᠤ | ᠪᠣᠯᠬᠤ ᠦᠭᠡᠢ︔ ︽ᠨᠢᠭᠡ ᠯᠡ ᠡᠭᠦᠳᠡ ᠪᠠᠷ ᠣᠷᠤᠵᠤ ᠭᠦᠢᠴᠡᠳᠭᠡᠬᠦ︾ ᠲᠠᠯ᠎ᠠ ᠪᠠᠷ᠂ ᠭᠠᠵᠠᠷ ᠲᠠᠯᠠᠪᠠᠢ ᠳᠤ | ᠤᠨᠴᠠᠭᠠᠢ ᠱᠠᠭᠠᠷᠳᠠᠯᠭ᠎ᠠ ᠲᠠᠢ ᠪᠠᠶᠢᠬᠤ ᠵᠦᠢᠯᠡᠰ ᠠᠴᠠ ᠭᠠᠳᠠᠨ᠎ᠠ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠵᠦᠢᠯᠡᠰ ᠢ ᠶᠡᠷᠦᠩᠬᠡᠶᠢᠯᠡᠭᠰᠡᠨ ᠴᠢᠨᠠᠷᠲᠠᠢ ᠪᠣᠳᠠᠲᠤ ᠴᠣᠭᠴᠠᠲᠤ ᠵᠠᠰᠠᠭ ᠤᠨ ᠶᠠᠪᠤᠳᠠᠯ ᠤᠨ ᠦᠢᠯᠡᠴᠢᠯᠡᠬᠦ ᠲᠢᠩᠬᠢᠮ ᠳᠤ | ᠣᠷᠤᠭᠤᠯᠬᠤ ᠶᠢ ︽ᠣᠷᠤᠭᠤᠯᠪᠠᠰᠤ ᠵᠣᠬᠢᠬᠤ ᠶᠢ ᠨᠢ ᠪᠦᠬᠦᠨ ᠢ ᠣᠷᠤᠭᠤᠯᠬᠤ︾ ᠶᠢ ᠦᠨᠳᠦᠰᠦᠨ ᠳᠤ ᠪᠠᠨ | ᠪᠡᠶᠡᠯᠡᠭᠦᠯᠵᠦ᠂ 70% ᠠᠴᠠ ᠳᠡᠭᠡᠭᠰᠢᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ︽ᠨᠢᠭᠡ | ᠴᠣᠩᠬᠤᠪᠴᠢ︾ ᠪᠠᠷ ᠲᠥᠷᠥᠯ ᠬᠤᠪᠢᠶᠠᠨ ᠬᠦᠯᠢᠶᠡᠨ ᠠᠪᠴᠤ ᠭᠦᠢᠴᠡᠳᠭᠡᠬᠦ ᠶᠢ ᠪᠡᠶᠡᠯᠡᠭᠦᠯᠬᠦ ᠬᠡᠷᠡᠭᠲᠡᠢ︔ ︽ | ᠶᠡᠬᠡᠳᠡᠬᠦ ᠳᠤ ᠪᠠᠨ ᠨᠢᠭᠡ ᠯᠡ ᠤᠳᠠᠭ᠎ᠠ ᠣᠴᠢᠵᠤ ᠭᠦᠢᠴᠡᠳᠭᠡᠬᠦ︾ ᠲᠠᠯ᠎ᠠ ᠪᠠᠷ᠂ ᠠᠵᠤ ᠠᠬᠤᠶᠢᠯᠠᠯ ᠪᠠ ᠣᠯᠠᠨ | ᠲᠦᠮᠡᠨ ᠵᠠᠰᠠᠭ ᠤᠨ ᠣᠷᠳᠣᠨ ᠳᠤ ᠬᠦᠷᠴᠦ ᠠᠵᠢᠯ ᠬᠡᠷᠡᠭ ᠭᠦᠢᠴᠡᠳᠭᠡᠬᠦ ᠳᠤ ᠬᠠᠩᠭᠠᠬᠤ ᠮᠠᠲ᠋ᠧᠷᠢᠶᠠᠯ ᠢ | 60% ᠠᠴᠠ ᠳᠡᠭᠡᠭᠰᠢ ᠪᠠᠭᠠᠰᠬᠠᠵᠤ᠂ ᠮᠤᠵᠢ ᠬᠤᠲᠠ ᠰᠢᠶᠠᠨ ᠤ ᠡᠯ᠎ᠡ ᠱᠠᠲᠤᠨ ᠤ ᠣᠯᠠᠨᠲᠠ ᠲᠣᠬᠢᠶᠠᠯᠳᠤᠬᠤ 100 | ᠵᠦᠢᠯᠡᠰ ᠲᠤ ︽ᠶᠡᠬᠡᠳᠡᠬᠦ ᠳᠤ ᠪᠠᠨ ᠨᠢᠭᠡ ᠯᠡ ᠤᠳᠠᠭ᠎ᠠ ᠣᠴᠢᠵᠤ ᠭᠦᠢᠴᠡᠳᠭᠡᠬᠦ︾ ᠶᠢ ᠪᠡᠶᠡᠯᠡᠭᠦᠯᠦᠨ᠎ᠡ᠃ | ᠭᠤᠷᠪᠠ᠂ ᠡᠮᠬᠢᠯᠡᠨ ᠨᠡᠶᠢᠯᠡᠭᠦᠯᠬᠦ ᠪᠠᠷ ᠳᠥᠭᠦᠮ ᠦᠵᠡᠭᠦᠯᠬᠦ ᠶᠢ ᠠᠬᠢᠭᠤᠯᠤᠨ᠂ ᠰᠦᠯᠵᠢᠶᠡᠨ ᠳᠠᠬᠢ ︽ᠨᠢᠭᠡ | ᠯᠡ ᠰᠦᠯᠵᠢᠶ᠎ᠡ ᠪᠠᠷ ᠨᠡᠶᠢᠳᠡᠮ ᠭᠦᠢᠴᠡᠳᠭᠡᠬᠦ︾ ᠶᠢ ᠠᠬᠢᠭᠤᠯᠤᠨ᠎ᠠ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠨᠢᠭᠡ ᠯᠠ ᠰᠦᠯᠵᠢᠶ᠎ᠡ ᠪᠠᠷ ᠨᠡᠶᠢᠳᠡᠮ ᠭᠦᠢᠴᠡᠳᠭᠡᠬᠦ︾ | ᠱᠠᠭᠠᠷᠳᠠᠯᠭ᠎ᠠ ᠶᠣᠰᠤᠭᠠᠷ᠂ ᠤᠯᠤᠰ᠂ ᠮᠤᠵᠢ᠂ ᠬᠤᠲᠠ ᠭᠤᠷᠪᠠᠨ ᠱᠠᠲᠤᠨ ᠤ ᠬᠠᠷᠢᠯᠴᠠᠨ ᠬᠤᠯᠪᠣᠭᠠᠯᠠᠭᠰᠠᠨ | ᠰᠦᠯᠵᠢᠶᠡᠨ ᠳᠠᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ ᠰᠢᠰᠲ᠋ᠧᠮᠵᠢ ᠶᠢ ᠲᠦᠷᠭᠡᠳᠭᠡᠨ | ᠪᠠᠶᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠨᠢᠭᠡ ᠤᠳᠠᠭ᠎ᠠ ᠳᠠᠩᠰᠠᠯᠠᠪᠠᠯ᠂ ᠪᠦᠭᠦᠳᠡ | ᠰᠦᠯᠵᠢᠶ᠎ᠡ ᠪᠠᠷ ᠨᠡᠶᠢᠳᠡᠮ ᠭᠦᠢᠴᠡᠳᠭᠡᠬᠦ︾ ᠶᠢ ᠠᠬᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ᠳᠥᠭᠦᠮ | ᠲᠥᠳᠡ ᠴᠢᠨᠠᠷ ᠢ ᠶᠡᠭᠡ ᠬᠡᠮᠵᠢᠶ᠎ᠡ ᠳᠡᠭᠡᠭᠰᠢᠯᠡᠭᠦᠯᠬᠦ ᠬᠡᠷᠡᠭᠲᠡᠢ᠃ | ︵ᠨᠢᠭᠡ︶ ᠪᠦᠬᠦ ᠤᠯᠤᠰ ᠤᠨ ᠨᠢᠭᠡ ᠴᠣᠭᠴᠠᠵᠢᠭᠰᠠᠨ ᠰᠦᠯᠵᠢᠶᠡᠨ ᠳᠠᠬᠢ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠠᠪᠴᠠᠩ ᠢ ᠡᠮᠬᠢᠯᠡᠨ ᠨᠡᠶᠢᠯᠡᠭᠦᠯᠵᠦ ᠪᠠᠶᠢᠭᠤᠯᠤᠨ᠎ᠠ᠃ | ᠬᠢᠨᠠᠨ ᠵᠦᠪᠰᠢᠶᠡᠷᠡᠬᠦ ᠦᠢᠯᠡᠴᠢᠯᠡᠭᠡ ᠶᠢᠨ ᠠᠷᠠᠳ ᠲᠤ ᠳᠥᠭᠦᠮ ᠦᠵᠡᠭᠦᠯᠬᠦ ᠶᠢ ᠠᠬᠢᠭᠤᠯᠬᠤ ᠲᠤᠬᠠᠢ | ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠤᠭᠠᠷ᠂ | ᠦᠵᠥ ᠵᠢᠷᠤᠭᠯᠠᠨ ᠲᠥᠯᠥᠪᠯᠡᠬᠦ ᠶᠢ ᠴᠢᠩᠭᠠᠳᠬᠠᠨ᠂ ᠤᠯᠤᠰ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠠᠪᠴᠠᠩ ᠢᠶᠠᠷ ᠵᠠᠩᠭᠢᠯᠠᠭ᠎ᠠ ᠪᠣᠯᠭᠠᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠦᠴᠢᠷ ᠤᠨ ᠰᠦᠯᠵᠢᠶᠡᠨ ᠳᠠᠬᠢ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠢᠶᠠᠷ ᠰᠠᠭᠤᠷᠢ ᠪᠣᠯᠭᠠᠭᠰᠠᠨ ᠪᠦᠭᠡᠳ ᠨᠢᠭᠡ ᠴᠣᠭᠴᠠᠵᠢᠭᠰᠠᠨ | ᠪᠦᠬᠦ ᠴᠣᠪᠣᠷᠠᠯ ᠲᠠᠢ ᠰᠦᠯᠵᠢᠶᠡᠨ ᠳᠠᠬᠢ ᠦᠢᠯᠡᠴᠢᠯᠡᠭᠡᠨ ᠤ ᠲᠠᠪᠴᠠᠩ ᠢ ᠲᠦᠷᠭᠡᠳᠭᠡᠨ ᠪᠠᠶᠢᠭᠤᠯᠬᠤ ᠬᠡᠷᠡᠭᠲᠡᠢ᠃ | ᠡᠯ᠎ᠡ ᠮᠤᠵᠢ ︵ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ︶ ᠶᠢᠨ ᠲᠠᠪᠴᠠᠩ ᠤᠨ ᠨᠢᠭᠡ | ᠴᠣᠭᠴᠠᠵᠢᠭᠰᠠᠨ ᠪᠠ ᠵᠢᠷᠤᠮᠵᠢᠭᠰᠠᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃ ᠡᠯ᠎ᠡ ᠱᠠᠲᠤᠨ ᠤ ᠵᠠᠰᠠᠭ ᠤᠨ | ᠣᠷᠳᠣᠨ ᠤ ᠰᠠᠯᠠᠭ᠎ᠠ ᠮᠦᠴᠢᠷ ᠤᠨ ᠰᠠᠯᠤᠩᠭᠢᠳᠠ ᠪᠠᠶᠢᠭ᠎ᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠡᠬᠢ ᠪᠠᠶᠠᠯᠢᠭ | ᠪᠠ ᠰᠦᠯᠵᠢᠶᠡᠨ ᠳᠠᠬᠢ ᠦᠢᠯᠡᠴᠢᠯᠡᠭᠡᠨ ᠤ ᠣᠷᠤᠴᠠ ᠶᠢ ᠡᠮᠬᠢᠯᠡᠨ ᠨᠡᠶᠢᠯᠡᠭᠦᠯᠵᠦ᠂ ᠡᠯ᠎ᠡ ᠱᠠᠲᠤᠨ ᠤ ᠵᠠᠰᠠᠭ ᠤᠨ | ᠣᠷᠳᠣᠨ ᠤ ᠰᠠᠯᠠᠭ᠎ᠠ ᠮᠦᠴᠢᠷ ᠤᠨ ᠲᠤᠬᠠᠶᠢᠯᠠᠭᠰᠠᠨ ᠠᠵᠢᠯ ᠤᠨ ᠮᠡᠳᠡᠭᠡ ᠵᠠᠩᠭᠢ ᠶᠢᠨ ᠰᠢᠰᠲ᠋ᠧᠮ ᠢ ᠲᠤᠰ ᠱᠠᠲᠤᠨ ᠤ | ᠪᠣᠶᠤ ᠳᠡᠭᠡᠲᠥ ᠱᠠᠲᠤᠨ ᠤ ᠵᠠᠰᠠᠭ ᠤᠨ ᠶᠠᠪᠤᠳᠠᠯ ᠤᠨ ᠦᠢᠡᠯᠴᠢᠯᠡᠭᠡᠨ ᠤ ᠲᠠᠪᠴᠠᠩ ᠳᠤ ᠵᠠᠯᠭᠠᠭᠤᠯᠤᠨ | ᠣᠷᠤᠭᠤᠯᠬᠤ ᠶᠢ ᠲᠦᠷᠭᠡᠳᠭᠡᠨ ᠠᠬᠢᠭᠤᠯᠬᠤ ᠬᠡᠷᠡᠭᠲᠡᠢ᠃ ᠤᠯᠤᠰ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠠᠪᠴᠠᠩ ᠳᠤ ᠲᠦᠰᠢᠭᠯᠡᠨ ᠪᠦᠬᠦ ᠤᠯᠤᠰ ᠤᠨ ᠡᠯ᠎ᠡ ᠭᠠᠵᠠᠷ ᠣᠷᠣᠨ ᠡᠯ᠎ᠡ ᠰᠠᠯᠠᠭ᠎ᠠ ᠮᠦᠴᠢᠷ ᠤᠨ ᠰᠦᠯᠵᠢᠶᠡᠨ ᠳᠠᠬᠢ | ᠵᠠᠰᠠᠭ ᠤᠨ ᠶᠠᠪᠤᠳᠠᠯ ᠤᠨ ᠦᠢᠯᠡᠴᠢᠯᠡᠭᠡ ᠳᠤ ᠣᠯᠠᠨ ᠨᠡᠶᠢᠲᠡ ᠶᠢᠨ ᠣᠷᠤᠴᠠ᠂ ᠴᠡᠨᠧᠯ ᠪᠠ ᠲᠤᠯᠭᠠᠭᠤᠷᠢᠯᠠᠯ ᠢ | ᠬᠠᠩᠭᠠᠵᠤ᠂ ᠪᠦᠬᠦ ᠤᠯᠤᠰ ᠤᠨ ᠰᠦᠯᠵᠢᠶᠡᠨ ᠳᠠᠬᠢ ᠵᠠᠰᠠᠭ ᠤᠨ ᠶᠠᠪᠤᠳᠠᠯ ᠤᠨ ᠦᠢᠯᠡᠴᠢᠯᠡᠭᠡ ᠳᠤ ᠦᠨᠡᠨ ᠨᠡᠷ᠎ᠡ ᠪᠠᠷ | ᠪᠡᠶ᠎ᠡ ᠭᠠᠷᠤᠯ ᠤᠨ ᠨᠢᠭᠡᠳᠦᠯᠲᠡᠢ ᠦᠨᠡᠮᠰᠢᠨ ᠭᠡᠷᠡᠴᠢᠯᠡᠭᠦᠯᠬᠦ ᠶᠢ ᠪᠡᠶᠡᠯᠡᠭᠦᠯᠵᠦ᠂ ᠠᠵᠤ ᠠᠬᠤᠶᠢᠯᠠᠯ ᠪᠠ ᠣᠯᠠᠨ | ᠲᠦᠮᠡᠨ ᠢ ᠰᠦᠯᠵᠢᠶ᠎ᠡ ᠪᠠᠷ ᠠᠵᠢᠯ ᠬᠡᠷᠡᠭ ᠭᠦᠢᠴᠡᠳᠭᠡᠬᠦ ᠳᠤ ︽ᠭᠠᠭᠴᠠ ᠤᠳᠠᠭ᠎ᠠ ᠦᠨᠡᠮᠰᠢᠨ ᠭᠡᠷᠡᠴᠢᠯᠡᠭᠦᠯᠵᠦ᠂ | ᠪᠦᠬᠦ ᠤᠯᠤᠰ ᠲᠤ ᠦᠢᠯᠡᠴᠢᠯᠡᠭᠡ ᠬᠦᠯᠢᠶᠡᠬᠦ︾ ᠪᠣᠯᠭᠠᠨ᠎ᠠ᠃ ᠳᠤᠮᠳᠠᠲᠤ ᠤᠯᠤᠰ ᠤᠨ ᠵᠠᠰᠠᠭ ᠤᠨ ᠶᠠᠪᠤᠳᠠᠯ ᠤᠨ | ᠰᠦᠯᠵᠢᠶ᠎ᠡ ᠶᠢᠨ ᠶᠡᠷᠦᠩᠬᠡᠢ ᠡᠭᠦᠳᠡ ᠡᠷᠦᠬᠡ ᠶᠢᠨ ᠦᠢᠯᠡᠳᠦᠯ ᠢ ᠰᠠᠶᠢᠲᠤᠷ ᠪᠠᠳᠠᠷᠠᠭᠤᠯᠬᠤ ᠬᠡᠷᠡᠭᠲᠡᠢ᠃ | ︵ᠬᠤᠶᠠᠷ︶ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠡᠩ ᠣᠯᠠᠨ ᠵᠦᠢᠯᠡᠰ ᠢ ᠰᠦᠯᠵᠢᠶ᠎ᠡ ᠪᠠᠷ | ᠭᠦᠢᠴᠡᠳᠭᠡᠬᠦ ᠶᠢ ᠠᠬᠢᠭᠤᠯᠤᠨ᠎ᠠ᠃ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠰᠦᠯᠵᠢᠶ᠎ᠡ ᠪᠠᠷ ᠭᠦᠢᠴᠡᠳᠭᠡᠬᠦ ᠬᠠᠷᠢᠴᠠᠯ ᠢ ᠦᠨᠡᠨ | ᠬᠦ ᠳᠡᠭᠡᠭᠰᠢᠯᠡᠭᠦᠯᠵᠦ᠂ ᠬᠠᠤᠯᠢ ᠴᠠᠭᠠᠵᠠ ᠬᠠᠤᠯᠢ ᠲᠣᠭᠲᠠᠭᠠᠯ ᠳᠤ ᠠᠰᠲᠠᠭᠠᠨ ᠲᠣᠭᠲᠠᠭᠠᠯ ᠲᠠᠢ ᠪᠣᠶᠤ ᠨᠢᠭᠤᠴᠠ ᠳᠤ | ᠬᠤᠯᠪᠣᠭᠳᠠᠭᠰᠠᠨ ᠵᠡᠷᠭᠡ ᠠᠴᠠ ᠭᠠᠳᠠᠨ᠎ᠠ᠂ ᠵᠠᠷᠴᠢᠮ ᠳᠡᠭᠡᠷ᠎ᠡ ᠪᠠᠨ ᠡᠯ᠎ᠡ ᠱᠠᠲᠤᠨ ᠤ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠵᠦᠢᠯᠡᠰ ᠢ ᠴᠦᠮ ᠰᠦᠯᠵᠢᠶᠡᠨ ᠳᠠᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠳᠤ | ᠣᠷᠤᠭᠤᠯᠤᠨ ᠭᠦᠢᠴᠡᠳᠭᠡᠬᠦ ᠶᠢᠨ ᠬᠠᠮᠲᠤ᠂ ᠤᠯᠤᠰ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ | ᠬᠠᠮᠢᠶ᠎ᠠ ᠪᠦᠬᠦᠢ ᠪᠠᠷᠢᠮᠵᠢᠶ᠎ᠠ ᠶᠢᠨ ᠵᠢᠷᠤᠮᠵᠢᠯ ᠶᠣᠰᠤᠭᠠᠷ ᠵᠣᠬᠢᠶᠠᠨ ᠪᠠᠶᠢᠭᠤᠯᠵᠤ ᠬᠡᠷᠡᠭᠵᠢᠭᠦᠯᠬᠦ ᠬᠡᠷᠡᠭᠲᠡᠢ᠃ ᠬᠢᠨᠠᠨ | ᠵᠦᠪᠰᠢᠶᠡᠷᠡᠬᠦ ᠦᠢᠯᠡᠴᠢᠯᠡᠭᠡ ᠶᠢᠨ ᠪᠠᠷᠢᠮᠵᠢᠶᠠᠵᠢᠭᠤᠯᠬᠤ ᠶᠢ ᠠᠬᠢᠭᠤᠯᠬᠤ ᠬᠤᠯᠪᠣᠭᠳᠠᠯ ᠪᠦᠬᠦᠢ ᠱᠠᠭᠠᠷᠳᠠᠯᠭ᠎ᠠ ᠶᠢ | ᠦᠨᠳᠦᠰᠦᠯᠡᠨ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠦᠴᠢᠷ ᠤᠨ ᠰᠦᠯᠵᠢᠶᠡᠨ ᠳᠠᠬᠢ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠠᠪᠴᠠᠩ ᠢ ᠪᠠᠷᠢᠮᠵᠢᠶᠠᠵᠢᠭᠤᠯᠬᠤ ᠪᠠᠶᠢᠭᠤᠯᠤᠯᠲᠠ ᠪᠠ ᠬᠠᠷᠢᠯᠴᠠᠨ ᠬᠤᠯᠪᠣᠭᠠᠯᠠᠵᠤ ᠬᠠᠷᠢᠯᠴᠠᠨ | ᠨᠡᠪᠲᠡᠷᠡᠬᠦ ᠶᠢ ᠠᠬᠢᠭᠤᠯᠤᠨ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ᠠᠳᠠᠯᠢ ᠵᠦᠢᠯᠡᠰ᠂ ᠠᠳᠠᠯᠢ ᠪᠠᠷᠢᠮᠵᠢᠶ᠎ᠠ᠂ | ᠠᠳᠠᠯᠢ ᠺᠣᠳ᠋ ᠲᠠᠢ ᠪᠠᠶᠢᠬᠤ ᠶᠢ ᠪᠡᠶᠡᠯᠡᠭᠦᠯᠬᠦ ᠬᠡᠷᠡᠭᠲᠡᠢ᠃ ᠰᠦᠯᠵᠢᠶ᠎ᠡ ᠪᠠᠷ ᠠᠵᠢᠯ ᠬᠡᠷᠡᠭ ᠭᠦᠢᠴᠡᠳᠭᠡᠬᠦ ᠦᠷᠭᠡᠴᠡ ᠪᠠ | ᠭᠦᠨᠴᠡ ᠶᠢ ᠦᠷᠭᠡᠳᠭᠡᠨ᠂ ᠰᠦᠯᠵᠢᠶ᠎ᠡ ᠪᠠᠷ ᠠᠵᠢᠯ ᠬᠡᠷᠡᠭ ᠭᠦᠢᠴᠡᠳᠭᠡᠬᠦ ᠬᠡᠯᠬᠢᠶᠡᠰᠦ ᠶᠢ ᠤᠷᠳᠤᠳᠬᠠᠵᠤ᠂ | ᠰᠦᠯᠵᠢᠶ᠎ᠡ ᠪᠠᠷ ᠠᠰᠠᠭᠤᠨ ᠯᠠᠪᠯᠠᠬᠤ᠂ ᠰᠦᠯᠵᠢᠶ᠎ᠡ ᠪᠠᠷ ᠭᠤᠶᠤᠴᠢᠯᠠᠨ ᠮᠡᠳᠡᠭᠦᠯᠬᠦ ᠠᠴᠠ ᠰᠦᠯᠵᠢᠶ᠎ᠡ ᠪᠠᠷ | ᠤᠷᠢᠳᠴᠢᠯᠠᠨ ᠬᠢᠨᠠᠬᠤ᠂ ᠰᠦᠯᠵᠢᠶ᠎ᠡ ᠪᠠᠷ ᠭᠦᠢᠴᠡᠳᠭᠡᠬᠦ ᠪᠠ ᠰᠦᠯᠵᠢᠶ᠎ᠡ ᠪᠠᠷ ᠬᠠᠷᠢᠭᠤ ᠲᠤᠰᠬᠠᠬᠤ ︽ | ᠰᠦᠯᠵᠢᠶᠡᠨ ᠳᠤ ᠣᠷᠤᠭᠤᠯᠪᠠᠰᠤ ᠵᠣᠬᠢᠬᠤ ᠶᠢ ᠨᠢ ᠴᠢᠳᠠᠬᠤ ᠶᠢᠨ ᠬᠢᠷᠢ ᠪᠠᠷ ᠣᠷᠤᠭᠤᠯᠵᠤ᠂ ᠪᠦᠭᠦᠳᠡ ᠶᠠᠪᠤᠴᠠ ᠶᠢ | ᠰᠦᠯᠵᠢᠶ᠎ᠡ ᠪᠠᠷ ᠭᠦᠢᠴᠡᠳᠭᠡᠬᠦ︾ ᠶᠢ ᠪᠡᠶᠡᠯᠡᠭᠦᠯᠬᠦ ᠬᠡᠷᠡᠭᠲᠡᠢ᠃ | ︵ᠭᠤᠷᠪᠠ︶ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ᠰᠢᠯᠵᠢᠭᠡ ᠬᠡᠷᠡᠭᠯᠡᠭᠡᠨ ᠢ ᠦᠷᠭᠡᠳᠭᠡᠨ᠎ᠡ᠃ | ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ︽ᠸᠢᠴᠠᠲ ᠪᠠ ᠪᠢᠴᠢᠯ ᠪᠦᠷᠭᠡ ᠬᠢᠭᠡᠳ ᠬᠡᠷᠡᠭᠯᠡᠭᠴᠢ ᠶᠢᠨ | ᠦᠵᠦᠭᠦᠷ︾ ᠵᠡᠷᠭᠡ ᠲᠡᠰᠢ ᠪᠠᠨ ᠤᠷᠳᠤᠳᠬᠠᠨ ᠦᠷᠭᠡᠳᠭᠡᠬᠦ ᠶᠢ ᠠᠬᠢᠭᠤᠯᠵᠤ᠂ ᠣᠯᠠᠨ ᠲᠦᠮᠡᠨ ᠳᠤ ᠣᠯᠠᠨ | ᠶᠠᠩᠵᠤᠲᠤ ᠴᠢᠨᠠᠷᠲᠠᠢ᠂ ᠣᠯᠠᠨ ᠠᠷᠭ᠎ᠠ ᠵᠠᠮ ᠲᠠᠢ᠂ ᠳᠥᠭᠦᠮ ᠦᠵᠡᠭᠦᠯᠬᠦ ᠦᠢᠯᠡᠴᠢᠯᠡᠭᠡ ᠬᠠᠩᠭᠠᠬᠤ ᠬᠡᠷᠡᠭᠲᠡᠢ᠃ | ᠤᠯᠤᠰ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ ᠪᠦᠲᠦᠭᠡᠨ ᠪᠠᠶᠢᠭᠤᠯᠤᠯᠲᠠ ᠲᠠᠢ | ᠤᠶᠠᠯᠳᠤᠭᠤᠯᠤᠨ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ᠰᠢᠯᠵᠢᠭᠡ ᠬᠡᠷᠡᠭᠯᠡᠭᠡᠨ ᠢ ᠪᠠᠶᠢᠭᠤᠯᠵᠤ | ᠬᠠᠮᠢᠶᠠᠷᠬᠤ ᠶᠢ ᠴᠢᠩᠭᠠᠳᠬᠠᠬᠤ ᠪᠠ ᠵᠢᠷᠤᠮᠵᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠡᠩ ᠣᠯᠠᠨ | ᠵᠦᠢᠯᠡᠰ ᠲᠤ ᠰᠢᠯᠵᠢᠭᠡ ᠦᠵᠦᠭᠦᠷ ᠤᠨ ᠦᠢᠯᠡᠴᠢᠯᠡᠭᠡ ᠬᠠᠩᠭᠠᠬᠤ ᠶᠢ ᠠᠬᠢᠭᠤᠯᠬᠤ ᠬᠡᠷᠡᠭᠲᠡᠢ᠃ ᠨᠡᠶᠢᠭᠡᠮ ᠤᠨ ᠡᠬᠢ | ᠪᠠᠶᠠᠯᠢᠭ ᠤᠨ ᠬᠦᠴᠦᠨ ᠢ ᠳᠠᠶᠢᠴᠢᠯᠠᠵᠤ᠂ ᠭᠤᠷᠪᠠᠳᠤᠭᠠᠷ ᠡᠲᠡᠭᠡᠳ ᠤᠨ ᠠᠷᠠᠳ ᠲᠤ ᠳᠥᠭᠦᠮ ᠦᠵᠡᠭᠦᠯᠬᠦ | ᠦᠢᠯᠡᠴᠢᠯᠡᠭᠡᠨ ᠤ ᠬᠡᠷᠡᠭᠯᠡᠭᠡᠨ ᠢ ᠵᠣᠷᠢᠬᠵᠢᠭᠤᠯᠤᠨ ᠦᠷᠨᠢᠭᠦᠯᠦᠨ᠎ᠡ᠃ ᠵᠠᠰᠠᠭ ᠤᠨ ᠶᠠᠪᠤᠳᠠᠯ ᠤᠨ ᠰᠢᠨ᠎ᠡ | ᠵᠠᠭᠤᠴᠢᠯᠠᠭᠤᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠦᠢᠯᠡᠴᠢᠯᠡᠬᠦ ᠬᠢᠷᠢ ᠲᠦᠪᠰᠢᠨ ᠢ ᠳᠡᠭᠡᠭᠰᠢᠯᠡᠭᠦᠯᠬᠦ | ᠬᠡᠷᠡᠭᠲᠡᠢ᠃ | ᠳᠥᠷᠪᠡ᠂ ᠨᠢᠭᠡᠳᠭᠡᠬᠦ ᠪᠠᠷ ᠦᠢᠯᠡᠳᠦᠯ ᠪᠦᠲᠦᠮᠵᠢ ᠪᠠᠨ ᠳᠡᠭᠡᠭᠰᠢᠯᠡᠭᠦᠯᠵᠦ᠂ ᠰᠦᠯᠵᠢᠶᠡᠨ ᠭᠠᠳᠠᠭᠤᠷ ︽ᠨᠢᠭᠡ | ᠯᠡ ᠡᠭᠦᠳᠡ ᠪᠠᠷ ᠣᠷᠤᠵᠤ ᠭᠦᠢᠴᠡᠳᠭᠡᠬᠦ︾ ᠶᠢ ᠠᠬᠢᠭᠤᠯᠤᠨ᠎ᠠ | ᠠᠵᠤ ᠠᠬᠤᠶᠢᠯᠠᠯ ᠪᠠ ᠣᠯᠠᠨ ᠲᠦᠮᠡᠨ ᠤ ᠠᠵᠢᠯ ᠬᠡᠷᠡᠭ ᠭᠦᠢᠴᠡᠳᠭᠡᠬᠦ ᠳᠤ ︽ᠨᠢᠭᠡ ᠯᠡ ᠡᠭᠦᠳᠡ ᠪᠠᠷ | ᠣᠷᠤᠵᠤ ᠭᠦᠢᠴᠡᠳᠭᠡᠬᠦ︾ ᠪᠠᠷ ᠬᠠᠷᠠᠯᠲᠠ ᠪᠣᠯᠭᠠᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠦᠪᠯᠡᠷᠡᠭᠦᠯᠦᠨ | ᠭᠦᠢᠴᠡᠳᠭᠡᠬᠦ ᠶᠢ ᠬᠦᠴᠦᠲᠡᠢ ᠠᠬᠢᠭᠤᠯᠵᠤ᠂ ︽ᠣᠯᠠᠨ ᠡᠭᠦᠳᠡ ᠲᠠᠢ︾ ᠪᠠᠶᠢᠭᠰᠠᠨ ᠢ ︽ᠨᠢᠭᠡ ᠯᠡ ᠡᠭᠦᠳᠡ︾ | ᠪᠣᠯᠭᠠᠨ ᠬᠤᠪᠢᠷᠠᠭᠤᠯᠤᠨ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ᠰᠦᠯᠵᠢᠶᠡᠨ ᠳᠠᠬᠢ ᠪᠠ ᠰᠦᠯᠵᠢᠶᠡᠨ | ᠭᠠᠳᠠᠭᠤᠷᠬᠢ ᠶᠢ ᠨᠢᠭᠡᠳᠭᠡᠨ ᠠᠭᠤᠰᠤᠯᠴᠠᠬᠤ ᠶᠢ ᠠᠬᠢᠭᠤᠯᠵᠤ᠂ ᠵᠠᠰᠠᠭ ᠤᠨ ᠣᠷᠳᠣᠨ ᠤ ᠦᠢᠯᠡᠴᠢᠯᠡᠭᠡᠨ ᠤ | ᠦᠢᠯᠡᠳᠦᠯ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ | ︵ᠨᠢᠭᠡ︶ ᠪᠣᠳᠠᠲᠤ ᠴᠣᠭᠴᠠᠲᠤ ᠲᠢᠩᠬᠢᠮ ᠤᠨ ︽ᠣᠯᠠᠨ ᠡᠭᠦᠳᠡ ᠲᠠᠢ︾ ᠪᠠᠶᠢᠭᠰᠠᠨ ᠢ ︽ᠨᠢᠭᠡ ᠯᠡ | ᠡᠭᠦᠳᠡ︾ ᠪᠣᠯᠭᠠᠨ ᠬᠤᠪᠢᠷᠠᠭᠤᠯᠬᠤ ᠶᠢ ᠠᠬᠢᠭᠤᠯᠤᠨ᠎ᠠ᠃ | ᠵᠠᠰᠠᠭ ᠤᠨ ᠶᠠᠪᠤᠳᠠᠯ ᠤᠨ ᠦᠢᠯᠡᠴᠢᠯᠡᠬᠦ ᠲᠢᠩᠬᠢᠮ ᠤᠨ ︽ᠨᠢᠭᠡ ᠦᠷᠲᠡᠭᠡ ᠮᠠᠶ᠋ᠢᠭ︾ ᠤᠨ ᠴᠢᠳᠠᠮᠵᠢ ᠶᠢ ᠨᠢ | ᠰᠢᠯᠢᠳᠡᠭᠵᠢᠭᠦᠯᠦᠨ ᠳᠡᠭᠡᠭᠰᠢᠯᠡᠭᠦᠯᠵᠦ᠂ ᠮᠤᠵᠢ᠂ ᠬᠤᠲᠠ᠂ ᠰᠢᠶᠠᠨ᠂ ᠰᠢᠶᠠᠩ ᠪᠠᠯᠭᠠᠰᠤ ᠶᠢᠨ ᠶᠡᠷᠦᠩᠬᠡᠶᠢᠯᠡᠭᠰᠡᠨ | ᠴᠢᠨᠠᠷᠲᠠᠢ ᠵᠠᠰᠠᠭ ᠤᠨ ᠶᠠᠪᠤᠳᠠᠯ ᠤᠨ ᠲᠢᠩᠬᠢᠮ ᠤᠨ ᠲᠦᠪᠯᠡᠷᠡᠭᠦᠯᠦᠨ ᠦᠢᠯᠡᠴᠢᠯᠡᠬᠦ ᠵᠠᠭᠪᠤᠷ ᠢ ᠲᠡᠭᠦᠯᠳᠡᠷᠵᠢᠭᠦᠯᠦᠨ᠂ | ᠲᠤᠰ ᠵᠠᠰᠠᠭ ᠵᠠᠬᠢᠷᠭᠠᠨ ᠤ ᠤᠷᠤᠨ ᠪᠦᠰᠡ ᠳᠤ ᠡᠭᠴᠡ ᠬᠠᠮᠢᠶᠠᠷᠤᠯᠲᠠ ᠶᠢᠨ ᠰᠠᠯᠠᠭ᠎ᠠ ᠮᠦᠴᠢᠷ ᠤᠨ ᠭᠦᠢᠴᠡᠳᠭᠡᠭᠰᠡᠨ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠶᠡᠷᠦᠩᠬᠡᠶᠢᠯᠡᠭᠰᠡᠨ ᠴᠢᠨᠠᠷᠲᠠᠢ ᠵᠠᠰᠠᠭ ᠤᠨ ᠶᠠᠪᠤᠳᠠᠯ ᠤᠨ | ᠲᠢᠩᠬᠢᠮ ᠳᠤ ᠣᠷᠤᠭᠤᠯᠵᠤ ᠲᠥᠪᠯᠡᠷᠡᠭᠦᠯᠦᠨ ᠭᠦᠢᠴᠡᠳᠭᠡᠬᠦ ᠶᠢ ᠠᠬᠢᠭᠤᠯᠵᠤ᠂ ︽ᠠᠵᠢᠯ ᠤᠨ ᠡᠮᠦᠨ᠎ᠡ ᠲᠠᠪᠴᠠᠩ ᠳᠤ | ᠶᠡᠷᠦᠩᠬᠡᠢ ᠳᠤ ᠨᠢ ᠬᠦᠯᠢᠶᠡᠨ ᠠᠪᠴᠤ᠂ ᠠᠵᠢᠯ ᠤᠨ ᠠᠷᠤ ᠲᠠᠪᠴᠠᠩ ᠳᠤ ᠲᠥᠷᠥᠯ ᠬᠤᠪᠢᠶᠠᠨ ᠬᠢᠨᠠᠨ ᠵᠦᠪᠰᠢᠶᠡᠷᠡᠵᠦ᠂ | ᠶᠡᠷᠦᠩᠬᠡᠶᠢᠯᠡᠭᠰᠡᠨ ᠴᠣᠩᠬᠤᠪᠴᠢ ᠪᠠᠷ ᠪᠢᠴᠢᠭ ᠮᠠᠲ᠋ᠧᠷᠢᠶᠠᠯ ᠭᠠᠷᠭᠠᠬᠤ︾ ᠶᠢ ᠲᠦᠷᠭᠡᠳᠭᠡᠨ ᠪᠡᠶᠡᠯᠡᠭᠦᠯᠵᠦ᠂ ᠠᠵᠤ | ᠠᠬᠤᠶᠢᠯᠠᠯ ᠪᠠ ᠣᠯᠠᠨ ᠲᠦᠮᠡᠨ ᠡᠷᠬᠡᠪᠰᠢ ᠲᠤᠬᠠᠢ ᠶᠢᠨ ᠲᠠᠯᠠᠪᠠᠢ ᠳᠤ ᠬᠦᠷᠴᠦ ᠭᠦᠢᠴᠡᠳᠭᠡᠬᠦ ᠴᠢᠬᠤᠯᠠ ᠲᠠᠢ | ᠵᠦᠢᠯᠡᠰ ᠢ ︽ᠨᠢᠭᠡ ᠯᠡ ᠡᠭᠦᠳᠡ ᠪᠠᠷ ᠣᠷᠤᠵᠤ ᠭᠦᠢᠴᠡᠳᠭᠡᠬᠦ︾ ᠶᠢ ᠪᠡᠶᠡᠯᠡᠭᠦᠯᠬᠦ ᠬᠡᠷᠡᠭᠲᠡᠢ᠃ ᠠᠮᠤᠷ ᠲᠦᠪᠰᠢᠨ | ᠵᠡᠷᠭᠡ ᠣᠨᠴᠠᠭᠠᠢ ᠰᠢᠯᠲᠠᠭᠠᠨ ᠠᠴᠠ ᠭᠠᠳᠠᠨ᠎ᠠ᠂ ᠵᠠᠷᠴᠢᠮ ᠳᠡᠭᠡᠷ᠎ᠡ ᠪᠠᠨ ᠡᠯ᠎ᠡ ᠭᠠᠵᠠᠷ ᠤᠨ ᠵᠠᠰᠠᠭ ᠤᠨ ᠣᠷᠳᠣᠨ ᠤ | ᠰᠠᠯᠠᠭ᠎ᠠ ᠮᠦᠴᠢᠷ ᠤᠨ ᠲᠤᠰᠠᠭᠠᠷ ᠪᠠᠶᠢᠭᠤᠯᠤᠭᠰᠠᠨ ᠦᠢᠯᠡᠴᠢᠯᠡᠬᠦ ᠲᠢᠩᠬᠢᠮ ᠢ ᠳᠠᠬᠢᠵᠤ ᠦᠯᠡᠳᠡᠵᠦ ᠬᠡᠷᠡᠭᠯᠡᠬᠦ ᠦᠭᠡᠢ | ᠪᠣᠯᠭᠠᠨ᠎ᠠ᠃ | ︵ᠬᠤᠶᠠᠷ︶ ᠰᠦᠯᠵᠢᠶᠡᠨ ᠳᠠᠬᠢ ᠪᠠ ᠰᠦᠯᠵᠢᠶᠡᠨ ᠭᠠᠳᠠᠭᠤᠷᠬᠢ ᠶᠢ ᠨᠢᠭᠡᠳᠭᠡᠨ ᠠᠭᠤᠰᠤᠯᠴᠠᠭᠤᠯᠬᠤ ᠶᠢ | ᠠᠬᠢᠭᠤᠯᠤᠨ᠎ᠠ᠃ | ᠰᠦᠯᠵᠢᠶᠡᠨ ᠳᠠᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠳᠤ ᠲᠦᠰᠢᠭᠯᠡᠨ᠂ ᠰᠦᠯᠵᠢᠶ᠎ᠡ ᠪᠠᠷ | ᠭᠤᠶᠤᠴᠢᠯᠠᠨ ᠮᠡᠳᠡᠭᠦᠯᠬᠦ᠂ ᠮᠥᠷᠯᠡᠵᠦ ᠪᠣᠯᠵᠣᠬᠤ᠂ ᠲᠤᠬᠠᠢ ᠶᠢᠨ ᠭᠠᠵᠠᠷ ᠲᠤ ᠨᠢ ᠮᠥᠷᠯᠡᠵᠦ ᠳ᠋ᠤᠭᠠᠷ ᠬᠦᠯᠢᠶᠡᠬᠦ᠂ | ᠦᠢᠯᠡᠴᠢᠯᠡᠭᠡ ᠶᠢ ᠦᠨᠡᠯᠡᠬᠦ᠂ ᠵᠦᠢᠯᠡᠰ ᠢ ᠬᠦᠯᠢᠶᠡᠨ ᠠᠪᠬᠤ᠂ ᠬᠢᠨᠠᠨ ᠵᠦᠪᠰᠢᠶᠡᠷᠡᠭᠰᠡᠨ ︵ᠬᠢᠨᠠᠨ ᠪᠠᠶᠢᠴᠠᠭᠠᠭᠰᠠᠨ︶ | ᠦᠷ᠎ᠡ ᠳ᠋ᠦᠩ ᠪᠠ ᠬᠢᠨᠠᠨ ᠵᠦᠪᠰᠢᠶᠡᠷᠡᠭᠰᠡᠨ ᠦᠨᠡᠮᠯᠡᠯ ᠭᠡᠷᠡᠴᠢᠯᠡᠭᠡ ᠵᠡᠷᠭᠡ ᠮᠡᠳᠡᠭᠡ ᠵᠠᠩᠭᠢ ᠶᠢ ᠪᠣᠳᠠᠳᠠᠢ ᠴᠠᠭ ᠲᠤ ᠨᠢ | ᠬᠤᠷᠢᠶᠠᠩᠭᠤᠶᠢᠯᠠᠨ ᠣᠷᠤᠭᠤᠯᠵᠤ᠂ ᠰᠦᠯᠵᠢᠶᠡᠨ ᠳᠠᠬᠢ ᠪᠠ ᠰᠦᠯᠵᠢᠶᠡᠨ ᠭᠠᠳᠠᠭᠤᠷᠬᠢ ᠴᠢᠳᠠᠮᠵᠢ ᠶᠢᠨ ᠬᠠᠷᠢᠯᠴᠠᠨ | ᠨᠦᠬᠦᠪᠦᠷᠢᠯᠡᠬᠦ᠂ ᠨᠢᠭᠲᠠ ᠵᠣᠯᠭᠠᠭᠤᠯᠬᠤ᠂ ᠪᠦᠬᠦ ᠶᠠᠪᠤᠴᠠ ᠳᠤ ᠲᠡᠮᠳᠡᠭᠯᠡᠯ ᠲᠠᠢ ᠪᠠᠶᠢᠯᠭᠠᠬᠤ ᠶᠢ ᠪᠡᠶᠡᠯᠡᠭᠦᠯᠵᠦ᠂ ᠠᠵᠤ | ᠠᠬᠤᠶᠢᠯᠠᠯ ᠪᠠ ᠣᠯᠠᠨ ᠲᠦᠮᠡᠨ ᠤ ᠠᠵᠢᠯ ᠬᠡᠷᠡᠭ ᠭᠦᠢᠴᠡᠳᠭᠡᠬᠦ ᠳᠤ ᠰᠦᠯᠵᠢᠶᠡᠨ ᠭᠠᠳᠠᠭᠤᠷᠬᠢ ︽ᠨᠢᠭᠡ ᠯᠡ | ᠡᠭᠦᠳᠡ ᠪᠠᠷ ᠣᠷᠤᠵᠤ ᠭᠦᠢᠴᠡᠳᠭᠡᠬᠦ︾ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ᠃ | ᠲᠠᠪᠤ᠂ ᠰᠢᠨ᠎ᠡ ᠶᠢ ᠡᠭᠦᠳᠬᠦ ᠪᠠᠷ ᠴᠣᠮᠬᠠᠳᠬᠠᠬᠤ ᠶᠢ ᠠᠬᠢᠭᠤᠯᠤᠨ᠂ ᠠᠵᠤ ᠠᠬᠤᠶᠢᠯᠠᠯ ᠪᠠ ᠣᠯᠠᠨ ᠲᠦᠮᠡᠨ ᠢ | ︽ᠶᠡᠬᠡᠳᠡᠬᠦ ᠳᠤ ᠪᠠᠨ ᠨᠢᠭᠡ ᠯᠡ ᠤᠳᠠᠭ᠎ᠠ ᠣᠴᠢᠵᠤ ᠭᠦᠢᠴᠡᠳᠭᠡᠬᠦ︾ ᠪᠣᠯᠭᠠᠨ᠎ᠠ | ᠠᠵᠤ ᠠᠬᠤᠶᠢᠯᠠᠯ ᠪᠠ ᠣᠯᠠᠨ ᠲᠦᠮᠡᠨ ᠤ ᠠᠵᠢᠯ ᠬᠡᠷᠡᠭ ᠭᠦᠢᠴᠡᠳᠭᠡᠬᠦ ᠳᠤ ︽ᠨᠠᠭᠠᠰᠢ ᠴᠠᠭᠠᠰᠢ ᠴᠦᠬᠡᠨ | ᠭᠦᠶᠦᠬᠦ ᠪᠣᠯᠭᠠᠬᠤ︾ ᠪᠠᠷ ᠬᠠᠷᠠᠯᠲᠠ ᠪᠣᠯᠭᠠᠨ᠂ ᠡᠷᠭᠡᠪᠰᠢ ᠲᠤᠬᠠᠢ ᠶᠢᠨ ᠭᠠᠵᠠᠷ ᠲᠤ ᠨᠢ ᠣᠴᠢᠵᠤ ᠭᠦᠢᠴᠡᠳᠭᠡᠬᠦ | ᠴᠢᠬᠤᠯᠠ ᠲᠠᠢ ᠵᠦᠢᠯᠡᠰ ᠤᠨ ︽ᠶᠡᠬᠡᠳᠡᠬᠦ ᠳᠤ ᠪᠠᠨ ᠨᠢᠭᠡ ᠯᠡ ᠤᠳᠠᠭ᠎ᠠ ᠣᠴᠢᠵᠤ ᠭᠦᠢᠴᠡᠳᠭᠡᠬᠦ︾ ᠶᠢᠨ | ᠭᠠᠷᠴᠠᠭᠯᠠᠯ ᠢ ᠲᠢᠭᠯᠡᠨ ᠡᠮᠬᠢᠯᠡᠵᠦ᠂ ᠠᠵᠢᠯ ᠬᠡᠷᠡᠭ ᠭᠦᠢᠴᠡᠳᠭᠡᠬᠦ ᠭᠤᠭᠴᠤᠭ᠎ᠠ ᠪᠠ ᠮᠠᠲ᠋ᠧᠷᠢᠶᠠᠯ ᠢ ᠴᠣᠮᠬᠠᠳᠬᠠᠵᠤ᠂ | ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ᠣᠷᠤᠴᠠ ᠶᠢ ᠪᠦᠬᠦ ᠲᠠᠯ᠎ᠠ ᠪᠠᠷ ᠦᠨᠳᠦᠰᠦᠨ ᠱᠠᠲᠤ ᠲᠠᠶᠢᠰᠢ | ᠤᠷᠳᠤᠳᠬᠠᠬᠤ ᠶᠢ ᠠᠬᠢᠭᠤᠯᠤᠨ᠂ ᠠᠵᠤ ᠠᠬᠤᠶᠢᠯᠠᠯ ᠪᠠ ᠣᠯᠠᠨ ᠲᠦᠮᠡᠨ ᠤ ᠠᠵᠢᠯ ᠬᠡᠷᠡᠭ ᠭᠦᠢᠴᠡᠳᠭᠡᠬᠦ ᠳᠤ ︽ | ᠶᠡᠬᠡᠳᠡᠬᠦ ᠳᠤ ᠪᠠᠨ ᠨᠢᠭᠡ ᠯᠡ ᠤᠳᠠᠭ᠎ᠠ ᠣᠴᠢᠵᠤ ᠭᠦᠢᠴᠡᠳᠭᠡᠬᠦ︾ ᠪᠣᠯᠭᠠᠬᠤ ᠶᠢ ᠴᠢᠷᠮᠠᠶᠢᠨ ᠪᠠᠶᠡᠯᠡᠭᠦᠯᠬᠦ | ᠬᠡᠷᠡᠭᠲᠡᠢ᠃ | ︵ᠨᠢᠭᠡ︶ ᠮᠠᠲ᠋ᠧᠷᠢᠶᠠᠯ ᠪᠠ ᠭᠤᠭᠴᠤᠭ᠎ᠠ ᠶᠢ ᠪᠠᠭᠠᠰᠬᠠᠬᠤ ᠶᠢ ᠶᠡᠭᠡ ᠪᠠᠷ ᠠᠬᠢᠭᠤᠯᠤᠨ᠎ᠠ᠃ | ᠣᠯᠠᠨ ᠰᠠᠯᠠᠭ᠎ᠠ ᠮᠦᠴᠢᠷ ᠤᠨ ᠵᠦᠢᠯᠡᠰ ᠲᠤ ᠬᠤᠯᠪᠣᠭᠳᠠᠬᠤ ᠨᠡᠶᠢᠲᠡᠴᠢ ᠴᠢᠨᠠᠷᠲᠠᠢ ᠮᠠᠲ᠋ᠧᠷᠢᠶᠠᠯ ᠢ ᠡᠮᠬᠢᠯᠡᠨ | ᠨᠡᠶᠢᠯᠡᠭᠦᠯᠵᠦ᠂ ᠣᠯᠠᠨ ᠲᠤᠬᠠᠶᠢᠯᠠᠭᠰᠠᠨ ᠠᠵᠢᠯ ᠤᠨ ᠭᠤᠶᠤᠴᠢᠯᠠᠬᠤ ᠬᠦᠰᠦᠨᠦᠭᠲᠦ ᠶᠢᠨ ᠮᠡᠳᠡᠭᠡ ᠵᠠᠩᠭᠢ ᠶᠢ ᠳᠠᠪᠲᠡᠨ | ᠬᠡᠷᠡᠭᠯᠡᠬᠦ ᠶᠢ ᠳᠡᠯᠭᠡᠷᠡᠭᠦᠯᠦᠨ᠂ ︽ᠨᠢᠭᠡ ᠯᠡ ᠭᠤᠶᠤᠴᠢᠯᠠᠬᠤ ᠬᠦᠰᠦᠨᠦᠭᠲᠦ︾ ᠪᠠᠷ ᠠᠵᠤ ᠠᠬᠤᠶᠢᠯᠠᠯ ᠪᠠ ᠬᠤᠪᠢ | ᠬᠦᠮᠦᠨ ᠤ ᠮᠡᠳᠡᠭᠡ ᠵᠠᠩᠭᠢ ᠶᠢᠨ ᠮᠠᠲ᠋ᠧᠷᠢᠶᠠᠯ ᠢ ᠨᠢᠭᠡ ᠯᠡ ᠤᠳᠠᠭ᠎ᠠ ᠳᠤ ᠴᠤᠭᠯᠠᠭᠤᠯᠤᠨ ᠪᠦᠷᠢᠨᠰᠢᠭᠦᠯᠵᠦ᠂ | ᠳᠠᠷᠠᠭ᠎ᠠ ᠪᠠᠷ ᠨᠢ ᠥᠷᠭᠦᠯᠵᠢᠯᠡᠨ ᠳᠠᠬᠢᠨ ᠳᠠᠪᠲᠠᠨ ᠬᠡᠷᠡᠭᠯᠡᠵᠦ᠂ ᠳᠠᠪᠲᠡᠨ ᠲᠡᠭ᠌ᠯᠠᠬᠤ ᠪᠠ ᠳᠠᠪᠲᠡᠨ ᠲᠤᠰᠢᠶᠠᠬᠤ ᠶᠢ | ᠪᠠᠭᠠᠰᠬᠠᠬᠤ ᠬᠡᠷᠡᠭᠲᠡᠢ᠃ ᠰᠦᠯᠵᠢᠶᠡᠨ ᠳᠠᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠢ ᠭᠦᠢᠴᠡᠳ | ᠠᠰᠢᠭᠯᠠᠨ᠂ ᠠᠵᠤ ᠠᠬᠤᠶᠢᠯᠠᠯ ᠤᠨ ᠦᠢᠡᠯᠳᠪᠦᠷᠢᠯᠡᠯ ᠡᠵᠡᠩᠨᠡᠯᠲᠡ᠂ ᠣᠯᠠᠨ ᠲᠦᠮᠡᠨ ᠤ ᠦᠢᠯᠡᠳᠪᠦᠷᠢᠯᠡᠯ | ᠠᠮᠢᠳᠤᠷᠠᠯ ᠲᠠᠢ ᠨᠢᠭᠲᠠ ᠬᠤᠯᠪᠣᠭᠳᠠᠭᠰᠠᠨ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠪᠠ ᠭᠦᠢᠴᠡᠳᠭᠡᠬᠦ ᠬᠡᠮᠵᠢᠶ᠎ᠡ ᠪᠠᠷ | ᠶᠡᠭᠡ ᠪᠣᠯᠬᠤ ᠣᠯᠠᠨᠲᠠ ᠲᠣᠬᠢᠶᠠᠯᠳᠤᠬᠤ ᠵᠦᠢᠯᠡᠰ ᠢᠶᠠᠷ ᠭᠤᠣᠯᠳᠠᠯᠭ᠎ᠠ ᠪᠣᠯᠭᠠᠵᠤ᠂ ᠠᠵᠢᠯ ᠬᠡᠷᠡᠭ ᠭᠦᠢᠴᠡᠳᠭᠡᠬᠦ | ᠰᠢᠰᠲ᠋ᠧᠮ ᠢ ᠰᠢᠯᠢᠳᠡᠭᠵᠢᠭᠦᠯᠬᠦ᠂ ᠠᠵᠢᠯ ᠬᠡᠷᠡᠭ ᠭᠦᠢᠴᠡᠳᠭᠡᠬᠦ ᠮᠠᠲ᠋ᠧᠷᠢᠶᠠᠯ ᠢ ᠳᠦᠭᠦᠮᠴᠢᠯᠡᠬᠦ᠂ ᠠᠵᠢᠯ ᠬᠡᠷᠡᠭ | ᠭᠦᠢᠴᠡᠳᠭᠡᠬᠦ ᠭᠤᠭᠴᠤᠭ᠎ᠠ ᠶᠢ ᠴᠣᠮᠬᠠᠳᠬᠠᠬᠤ ᠪᠠᠷ ᠳᠠᠮᠵᠢᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ᠨᠡᠩ | ᠣᠯᠠᠨ ᠵᠦᠢᠯᠡᠰ ᠢ ︽ᠶᠡᠬᠡᠳᠡᠬᠦ ᠳᠤ ᠪᠠᠨ ᠨᠢᠭᠡ ᠯᠡ ᠤᠳᠠᠭ᠎ᠠ ᠣᠴᠢᠵᠤ ᠭᠦᠢᠴᠡᠳᠭᠡᠬᠦ︾ ᠪᠣᠯᠭᠠᠨ᠎ᠠ᠃ | ︵ᠬᠤᠶᠠᠷ︶ ︽ᠶᠡᠬᠡᠳᠡᠬᠦ ᠳᠤ ᠪᠠᠨ ᠨᠢᠭᠡ ᠯᠡ ᠤᠳᠠᠭ᠎ᠠ ᠣᠴᠢᠵᠤ ᠭᠦᠢᠴᠡᠳᠭᠡᠬᠦ︾ ᠶᠢ ᠦᠨᠳᠦᠰᠦᠨ ᠱᠠᠲᠤ | ᠲᠡᠶᠢᠰᠢ ᠤᠷᠳᠤᠳᠬᠠᠬᠤ ᠶᠢ ᠠᠬᠢᠭᠤᠯᠤᠨ᠎ᠠ᠃ | ᠬᠢᠨᠠᠨ ᠵᠦᠪᠰᠢᠶᠡᠷᠡᠬᠦ ᠦᠢᠯᠡᠴᠢᠯᠡᠭᠡ ᠶᠢᠨ ᠠᠷᠠᠳ ᠲᠤ ᠳᠥᠭᠦᠮ ᠦᠵᠡᠭᠦᠯᠬᠦ ᠶᠢᠨ ︽ᠪᠤᠰᠢᠭᠤᠬᠠᠨ | ᠭᠦᠢᠴᠡᠳᠭᠡᠬᠦ᠂ ᠰᠦᠯᠵᠢᠶ᠎ᠡ ᠪᠠᠷ ᠭᠦᠢᠴᠡᠳᠭᠡᠬᠦ᠂ ᠣᠶᠢᠷ᠎ᠠ ᠬᠠᠪᠢ ᠳᠤ ᠪᠠᠨ ᠭᠦᠢᠴᠡᠳᠭᠡᠬᠦ ᠪᠠ ᠨᠢᠭᠡ ᠯᠡ | ᠤᠳᠠᠭ᠎ᠠ ᠳᠤ ᠭᠦᠢᠴᠡᠳᠭᠡᠬᠦ︾ ᠶᠢ ᠠᠬᠢᠭᠤᠯᠬᠤ ᠱᠠᠭᠠᠷᠳᠠᠯᠭ᠎ᠠ ᠶᠣᠰᠤᠭᠠᠷ᠂ ᠰᠢᠶᠠᠩ ᠪᠠᠯᠭᠠᠰᠤ ︵ᠵᠡᠭᠡᠯᠢ ᠭᠤᠳᠤᠮᠵᠢ︶ | ᠶᠢᠨ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠲᠥᠪ ᠪᠣᠯᠣᠨ ᠠᠶᠢᠯ ᠲᠤᠰᠬᠤᠨ ︵ᠨᠡᠶᠢᠭᠡᠮ ᠲᠣᠭᠤᠷᠢᠭ︶ | ᠤ ᠦᠢᠯᠡᠴᠢᠯᠡᠭᠡᠨ ᠤ ᠦᠷᠲᠡᠭᠡ ᠶᠢᠨ ᠪᠠᠶᠢᠭᠤᠯᠤᠯᠲᠠ ᠶᠢ ᠴᠢᠩᠭᠠᠳᠬᠠᠨ᠂ ᠢᠨᠲ᠋ᠧᠷ ᠰᠦᠯᠵᠢᠶ᠎ᠡ᠂ ᠦᠪᠡᠷᠲᠡᠭᠡᠨ | ᠦᠢᠯᠡᠴᠢᠯᠡᠬᠦ ᠲᠡᠭᠦᠰᠭᠡᠯ ᠦᠵᠦᠭᠦᠷ᠂ ᠰᠢᠯᠵᠢᠭᠡ ᠳᠡᠭᠦᠰᠭᠡᠯ ᠦᠵᠦᠭᠦᠷ ᠤᠨ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠣᠷᠤᠴᠠ ᠳᠤ ᠰᠠᠭᠤᠷᠢᠯᠠᠨ ᠪᠦᠬᠦ ᠲᠠᠯ᠎ᠠ ᠪᠠᠷ ᠦᠨᠳᠦᠰᠦᠨ ᠱᠠᠲᠤ ᠲᠠᠶᠢᠰᠢ ᠤᠷᠳᠤᠳᠬᠠᠬᠤ ᠶᠢ | ᠠᠬᠢᠭᠤᠯᠤᠨ᠂ ᠦᠨᠳᠦᠰᠦᠨ ᠱᠠᠲᠤᠨ ᠤ ︽ᠨᠢᠭᠡ ᠦᠷᠲᠡᠭᠡ ᠮᠠᠶ᠋ᠢᠭ︾ ᠤᠨ ᠠᠷᠠᠳ ᠲᠤ ᠳᠥᠭᠦᠮ ᠦᠵᠡᠭᠦᠯᠬᠦ | ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠢ ᠪᠠᠶᠢᠭᠤᠯᠵᠤ᠂ ᠦᠨᠳᠦᠰᠦᠨ ᠱᠠᠲᠤᠨ ᠤ ᠣᠯᠠᠨ ᠲᠦᠮᠡᠨ ᠤ ᠬᠦᠰᠡᠯ | ᠱᠠᠭᠠᠷᠳᠠᠯᠭ᠎ᠠ ᠶᠢ ᠳᠠᠭᠠᠬᠤ ᠪᠠ ᠠᠷᠠᠳ ᠲᠤ ᠦᠢᠯᠡᠴᠢᠯᠡᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ | ︽ᠶᠡᠬᠡᠳᠡᠬᠦ ᠳᠤ ᠪᠠᠨ ᠨᠢᠭᠡ ᠯᠡ ᠤᠳᠠᠭ᠎ᠠ ᠣᠴᠢᠵᠤ ᠭᠦᠢᠴᠡᠳᠭᠡᠬᠦ︾ ᠶᠢ ᠮᠤᠵᠢ ᠬᠤᠲᠠ ᠰᠢᠶᠠᠨ ᠰᠢᠶᠠᠩ | ᠲᠤᠰᠬᠤᠨ ᠳᠤ ᠬᠦᠷᠲᠡᠯ᠎ᠡ ᠨᠡᠶᠢᠳᠡᠮ ᠬᠡᠷᠡᠭᠵᠢᠭᠦᠯᠬᠦ ᠶᠢ ᠠᠬᠢᠭᠤᠯᠤᠨ ᠪᠡᠶᠡᠯᠡᠭᠦᠯᠬᠦ ᠬᠡᠷᠡᠭᠲᠡᠢ᠃ | ᠵᠢᠷᠭᠤᠭ᠎ᠠ᠂ ᠬᠠᠮᠲᠤ ᠳᠤ ᠪᠠᠨ ᠬᠦᠷᠲᠡᠬᠦ ᠪᠠᠷ ᠦᠨᠳᠦᠰᠦ ᠰᠠᠭᠤᠷᠢ ᠪᠣᠯᠭᠠᠨ᠂ ︽ᠳ᠋ᠠᠶᠢᠲ᠋ᠠ ᠶᠢ ᠢᠯᠡᠭᠦᠦ | ᠬᠡᠷᠡᠭᠯᠡᠬᠦ︾ ᠪᠣᠯᠭᠠᠨ᠎ᠠ | ︵ᠨᠢᠭᠡ︶ ᠪᠦᠬᠦ ᠤᠯᠤᠰ ᠤᠨ ᠳ᠋ᠠᠶᠢᠲ᠋ᠠ ᠶᠢ ᠬᠠᠮᠲᠤ ᠳᠤ ᠪᠠᠨ ᠬᠦᠷᠲᠡᠵᠦ ᠰᠣᠯᠢᠯᠴᠠᠬᠤ ᠰᠢᠰᠲ᠋ᠧᠮᠵᠢ ᠶᠢ | ᠪᠠᠶᠢᠭᠤᠯᠤᠨ ᠲᠡᠭᠦᠯᠳᠡᠷᠵᠢᠭᠦᠯᠦᠨ᠎ᠡ᠃ | ᠪᠦᠬᠦ ᠤᠯᠤᠰ ᠢᠶᠠᠷ ᠢᠶᠠᠨ ᠨᠢᠭᠡᠳᠦᠯᠲᠡᠢ ᠪᠣᠯᠭᠠᠭᠰᠠᠨ᠂ ᠣᠯᠠᠨ ᠱᠠᠲᠤ ᠶᠢᠨ ᠬᠠᠷᠢᠯᠴᠠᠨ ᠬᠤᠯᠪᠣᠭᠠᠯᠠᠭᠰᠠᠨ | ᠳ᠋ᠠᠶᠢᠲ᠋ᠠ ᠶᠢᠨ ᠬᠠᠮᠲᠤ ᠳᠤ ᠪᠠᠨ ᠬᠦᠷᠲᠡᠵᠦ ᠰᠣᠯᠢᠯᠴᠠᠬᠤ ᠲᠠᠪᠴᠠᠩ ᠤᠨ ᠰᠢᠰᠲ᠋ᠧᠮᠵᠢ ᠶᠢ ᠪᠠᠶᠢᠭᠤᠯᠵᠤ᠂ | ᠲᠠᠪᠴᠠᠩ ᠤᠨ ᠴᠢᠳᠠᠮᠵᠢ ᠶᠢ ᠴᠢᠩᠭᠠᠷᠠᠭᠤᠯᠤᠨ᠂ ᠬᠠᠮᠢᠶᠠᠷᠤᠯᠲᠠ ᠶᠢᠨ ᠵᠢᠷᠤᠮᠵᠢᠯ ᠢ ᠲᠡᠭᠦᠯᠳᠡᠷᠵᠢᠭᠦᠯᠵᠦ᠂ ᠲᠡᠭᠦᠨ ᠤ | ᠳᠡᠰ ᠱᠠᠲᠤ ᠠᠯᠤᠰᠯᠠᠭᠰᠠᠨ᠂ ᠨᠤᠲᠤᠭ ᠪᠦᠰᠡ ᠠᠯᠤᠰᠯᠠᠭᠰᠠᠨ᠂ ᠰᠢᠰᠲ᠋ᠧᠮ ᠠᠯᠤᠰᠯᠠᠭᠰᠠᠨ᠂ ᠰᠠᠯᠠᠭ᠎ᠠ ᠮᠦᠴᠢᠷ | ᠠᠯᠤᠰᠯᠠᠭᠰᠠᠨ ᠪᠠ ᠲᠤᠬᠠᠶᠢᠯᠠᠭᠰᠠᠨ ᠠᠵᠢᠯ ᠠᠯᠤᠰᠯᠠᠭᠰᠠᠨ ᠳ᠋ᠠᠶᠢᠲ᠋ᠠ ᠶᠢᠨ ᠲᠣᠬᠢᠷᠠᠭᠤᠯᠬᠤ ᠴᠢᠳᠠᠪᠤᠷᠢ ᠶᠢ ᠨᠢ | ᠪᠥᠷᠢᠳᠦᠭᠦᠯᠬᠦ ᠬᠡᠷᠡᠭᠲᠡᠢ᠃ ︽ᠨᠢᠭᠡᠳᠦᠯᠲᠡᠢ ᠬᠦᠯᠢᠶᠡᠨ ᠠᠪᠴᠤ᠂ ᠲᠠᠪᠴᠠᠩ ᠢᠶᠠᠷ ᠡᠷᠬᠡ ᠣᠯᠭᠤᠬᠤ︾ ᠵᠠᠷᠴᠢᠮ | ᠶᠣᠰᠤᠭᠠᠷ᠂ ᠳ᠋ᠠᠶᠢᠲ᠋ᠠ ᠶᠢᠨ ᠬᠠᠮᠲᠤ ᠳᠤ ᠪᠠᠨ ᠬᠦᠷᠲᠡᠵᠦ ᠡᠷᠬᠡ ᠣᠯᠭᠤᠬᠤ ᠲᠤᠭᠲᠠᠴᠠ ᠶᠢ ᠪᠠᠶᠢᠭᠤᠯᠬᠤ ᠬᠡᠷᠡᠭᠲᠡᠢ᠃ | ᠨᠦᠬᠦᠴᠡᠯ ᠦᠭᠡᠢ ᠪᠠᠷ ᠬᠠᠮᠲᠤ ᠳᠤ ᠪᠠᠨ ᠬᠦᠷᠲᠡᠬᠦ ᠮᠦᠷᠲᠡᠭᠡᠨ ᠦᠢᠯᠡᠴᠢᠯᠡᠭᠡ ᠶᠢᠨ ᠵᠠᠯᠭᠠᠰᠣ ᠳᠤ ᠨᠢ ᠬᠠᠮᠢᠶᠠᠷᠤᠨ | ᠡᠵᠡᠮᠳᠡᠬᠦ ᠪᠣᠯᠵᠣᠯᠲᠤ ᠲᠤᠭ᠎ᠠ ᠥᠯᠥ ᠬᠡᠷᠡᠭᠯᠡᠬᠦ ᠳ᠋ᠠᠶᠢᠲ᠋ᠠ ᠶᠢ ᠪᠣᠯ ᠲᠠᠪᠴᠠᠩ ᠠᠴᠠ ᠰᠢᠭᠤᠳ ᠬᠠᠩᠭᠠᠬᠤ ᠬᠡᠷᠡᠭᠲᠡᠢ︔ | ᠨᠦᠬᠦᠴᠡᠯ ᠲᠠᠢ ᠪᠠᠷ ᠬᠠᠮᠲᠤ ᠳᠤ ᠪᠠᠨ ᠬᠦᠷᠲᠡᠬᠦ ᠪᠣᠶᠤ ᠨᠥᠬᠦᠴᠡᠯ ᠦᠭᠡᠢ ᠪᠠᠷ ᠬᠠᠮᠲᠤ ᠳᠤ ᠪᠠᠨ ᠬᠦᠷᠲᠡᠬᠦ ᠪᠣᠯᠪᠠᠴᠤ | ᠦᠢᠯᠡᠴᠢᠯᠡᠭᠡᠨ ᠤ ᠵᠠᠯᠭᠠᠰᠣ ᠳᠤ ᠨᠢ ᠬᠠᠮᠢᠶᠠᠷᠤᠨ ᠡᠵᠡᠮᠳᠡᠬᠦ ᠪᠣᠯᠵᠣᠯᠲᠤ ᠲᠤᠭ᠎ᠠ ᠬᠡᠷᠡᠭᠯᠡᠬᠦ ᠴᠢᠬᠤᠯᠠ ᠲᠠᠢ ᠪᠣᠯᠬᠤ | ᠳ᠋ᠠᠶᠢᠲ᠋ᠠ ᠶᠢ ᠪᠣᠯ ᠲᠠᠪᠴᠠᠩ ᠠᠴᠠ ᠰᠠᠯᠠᠭ᠎ᠠ ᠮᠦᠴᠢᠷ ᠲᠤ ᠰᠢᠯᠵᠢᠭᠦᠯᠵᠦ ᠭᠦᠢᠴᠡᠳᠭᠡᠯᠭᠡᠬᠦ ᠬᠡᠷᠡᠭᠲᠡᠢ᠃ ᠬᠤᠭᠤᠴᠠᠭ᠎ᠠ | ᠬᠢᠵᠠᠭᠠᠷᠯᠠᠨ ᠬᠠᠷᠢᠭᠤ ᠲᠤᠰᠬᠠᠬᠤ ᠲᠤᠭᠲᠠᠴᠠ ᠶᠢ ᠪᠠᠶᠢᠭᠤᠯᠵᠤ᠂ ᠳ᠋ᠠᠶᠢᠲ᠋ᠠ ᠶᠢ ᠬᠡᠷᠡᠭᠴᠡᠭᠡ ᠱᠠᠭᠠᠷᠳᠠᠯᠭ᠎ᠠ ᠪᠠᠷ ᠢᠶᠠᠨ | ᠭᠤᠶᠤᠴᠢᠯᠠᠭᠰᠠᠨ ᠪᠣᠯ ᠲᠠᠪᠴᠠᠩ ᠤᠨ ᠬᠠᠮᠢᠶᠠᠷᠤᠯᠲᠠ ᠶᠢᠨ ᠰᠠᠯᠠᠭ᠎ᠠ ᠮᠦᠴᠢᠷ ᠨᠢ 3 ᠠᠵᠢᠯᠯᠠᠬᠤ ᠡᠳᠦᠷ ᠲᠤ | ᠭᠤᠶᠤᠴᠢᠯᠠᠯ ᠢ ᠨᠢ ᠵᠢᠷᠤᠮᠵᠢᠯ ᠤᠨ ᠴᠢᠨᠠᠷᠲᠠᠢ ᠪᠠᠷ ᠬᠢᠨᠠᠨ ᠪᠠᠶᠢᠴᠠᠭᠠᠬᠤ ᠶᠢᠨ ᠬᠠᠮᠲᠤ᠂ ᠲᠠᠪᠴᠠᠩ ᠢᠶᠠᠷ ᠳᠠᠮᠵᠢᠵᠤ | ᠬᠦᠯᠢᠶᠡᠨ ᠠᠪᠴᠤ ᠭᠦᠢᠴᠡᠳᠭᠡᠭᠰᠡᠨ ᠰᠠᠨᠠᠯ ᠢᠶᠠᠨ ᠬᠠᠷᠢᠭᠤ ᠥᠭᠴᠦ᠂ ᠬᠦᠯᠢᠶᠡᠨ ᠠᠪᠴᠤ ᠭᠦᠢᠴᠡᠳᠭᠡᠬᠦ | ᠦᠭᠡᠢ ᠳᠤ ᠨᠢ ᠰᠢᠯᠲᠠᠭᠠᠨ ᠢᠶᠠᠨ ᠬᠠᠷᠢᠭᠤ ᠲᠤᠰᠬᠠᠬᠤ ᠬᠡᠷᠡᠭᠲᠡᠢ︔ ᠲᠠᠪᠴᠠᠩ ᠠᠴᠠ ᠰᠢᠭᠤᠳ ᠬᠠᠩᠭᠠᠬᠤ | ᠳ᠋ᠠᠶᠢᠲ᠋ᠠ ᠶᠢ ᠪᠣᠯ ᠬᠦᠯᠢᠶᠠᠨ ᠠᠪᠤᠭᠰᠠᠨ ᠤ ᠳᠠᠷᠠᠭᠠᠬᠢ 3 ᠠᠵᠢᠯᠯᠠᠬᠤ ᠡᠳᠦᠷ ᠲᠤ ᠬᠠᠩᠭᠠᠬᠤ ᠬᠡᠷᠡᠭᠲᠡᠢ︔ ᠰᠠᠯᠠᠭ᠎ᠠ | ᠮᠦᠴᠢᠷ ᠤᠨ ᠬᠦᠯᠢᠶᠠᠨ ᠠᠪᠴᠤ ᠭᠦᠢᠴᠡᠳᠭᠡᠬᠦ ᠳ᠋ᠠᠶᠢᠲ᠋ᠠ ᠶᠢ ᠪᠣᠯ ᠳ᠋ᠠᠶᠢᠲ᠋ᠠ ᠬᠠᠩᠭᠠᠭᠰᠠᠨ ᠰᠠᠯᠠᠭ᠎ᠠ ᠮᠦᠴᠢᠷ ᠨᠢ | ᠬᠦᠯᠢᠶᠡᠨ ᠠᠪᠤᠭᠰᠠᠨ ᠤ ᠳᠠᠷᠠᠭᠠᠬᠢ 10 ᠠᠵᠢᠯᠯᠠᠬᠤ ᠡᠳᠦᠷ ᠲᠤ ᠬᠢᠨᠠᠨ ᠵᠦᠪᠰᠢᠶᠡᠷᠡᠬᠦ ᠶᠢ ᠭᠦᠢᠴᠡᠳᠭᠡᠬᠦ | ᠬᠡᠷᠡᠭᠲᠡᠢ᠃ | ︵ᠬᠤᠶᠠᠷ︶ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠡᠬᠢ ᠪᠠᠶᠠᠯᠢᠭ ᠤᠨ ᠰᠢᠰᠲ᠋ᠧᠮᠵᠢ ᠶᠢ ᠲᠦᠷᠭᠡᠳᠭᠡᠨ | ᠲᠡᠭᠦᠯᠳᠡᠷᠵᠢᠭᠦᠯᠦᠨ᠎ᠡ᠃ | ︽ᠨᠢᠭᠡ ᠳ᠋ᠠᠶᠢᠲ᠋ᠠ ᠳᠤ ᠨᠢᠭᠡ ᠯᠡ ᠢᠷᠡᠯᠲᠡ ᠲᠠᠢ ᠪᠠᠶᠢᠯᠭᠠᠬᠤ᠂ ᠣᠯᠠᠨ ᠢᠷᠡᠯᠲᠡ ᠲᠠᠢ ᠪᠣᠯ ᠬᠠᠷᠭᠤᠭᠤᠯᠤᠨ | ᠬᠢᠨᠠᠬᠤ᠂ ᠬᠦᠳᠡᠯᠦᠩᠭᠦᠢ ᠪᠠᠷ ᠰᠢᠨᠡᠳᠭᠡᠬᠦ︾ ᠵᠠᠷᠴᠢᠮ ᠢ ᠵᠢᠷᠤᠮᠯᠠᠨ᠂ ᠡᠯ᠎ᠡ ᠱᠠᠲᠤᠨ ᠤ ᠵᠠᠰᠠᠭ ᠤᠨ ᠣᠷᠳᠣᠨ ᠨᠢ | ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠡᠬᠢ ᠪᠠᠶᠠᠯᠢᠭ ᠤᠨ ᠰᠢᠰᠲ᠋ᠧᠮᠵᠢ ᠶᠢ ᠪᠠᠶᠢᠭᠤᠯᠬᠤ ᠶᠢᠨ ᠬᠠᠮᠲᠤ | ᠲᠡᠭᠦᠯᠳᠡᠷᠵᠢᠭᠦᠯᠦᠨ᠂ ᠳ᠋ᠠᠶᠢᠲ᠋ᠠ ᠶᠢᠨ ᠡᠬᠢ ᠪᠠᠶᠠᠯᠢᠭ ᠤᠨ ᠭᠠᠷᠴᠠᠭ ᠢ ᠦᠷᠭᠦᠯᠵᠢᠯᠡᠨ ᠲᠡᠭᠦᠯᠳᠡᠷᠵᠢᠭᠦᠯᠵᠦ᠂ ᠵᠠᠰᠠᠭ ᠤᠨ | ᠶᠠᠪᠤᠳᠠᠯ ᠤᠨ ᠳ᠋ᠠᠶᠢᠲ᠋ᠠ ᠶᠢᠨ ᠡᠬᠢ ᠪᠠᠶᠠᠯᠢᠭ ᠢ ᠬᠦᠳᠡᠯᠦᠩᠭᠦᠢ ᠪᠠᠷ ᠰᠢᠨᠡᠳᠭᠡᠨ᠂ ᠳ᠋ᠠᠶᠢᠲ᠋ᠠ ᠶᠢᠨ ᠴᠢᠨᠠᠷ ᠴᠢᠨᠰᠠᠭ᠎ᠠ ᠶᠢ | ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠠᠮᠲᠤ ᠳᠤ ᠪᠠᠨ ᠬᠦᠷᠲᠡᠬᠦ ᠬᠡᠪᠴᠢᠶ᠎ᠡ ᠶᠢ ᠦᠷᠭᠡᠳᠭᠡᠨ᠂ | ᠦᠢᠯᠡᠴᠢᠯᠡᠭᠡᠨ ᠳᠤ ᠬᠡᠷᠡᠭᠯᠡᠵᠦ ᠪᠣᠯᠬᠤᠶᠢᠴᠠ ᠴᠢᠨᠠᠷ ᠢ ᠳᠡᠭᠡᠭᠰᠢᠯᠡᠭᠦᠯᠬᠦ ᠬᠡᠷᠡᠭᠲᠡᠢ᠃ ᠳ᠋ᠠᠶᠢᠲ᠋ᠠ ᠶᠢᠨ ᠬᠠᠮᠲᠤ ᠳᠤ ᠪᠠᠨ | ᠬᠦᠷᠲᠡᠬᠦ ᠬᠠᠷᠢᠭᠤᠴᠠᠯᠭ᠎ᠠ ᠶᠢᠨ ᠨᠠᠷᠢᠨ ᠳᠠᠩᠰᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠡᠯ᠎ᠡ ᠰᠠᠯᠠᠭ᠎ᠠ | ᠮᠦᠴᠢᠷ ᠤᠨ ᠬᠠᠮᠲᠤ ᠳᠤ ᠪᠠᠨ ᠬᠦᠷᠲᠡᠬᠦ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ | ᠲᠥᠷᠥ ᠶᠢᠨ ᠶᠠᠪᠤᠳᠠᠯ ᠤᠨ ᠬᠤᠷᠢᠶᠠᠨ ᠤ ᠰᠠᠯᠠᠭ᠎ᠠ ᠮᠦᠴᠢᠷ ᠤᠨ ᠨᠢᠭᠡᠳᠦᠭᠡᠷ ᠪᠦᠯᠦᠭ ᠳ᠋ᠠᠶᠢᠲ᠋ᠠ ᠶᠢᠨ ᠬᠠᠮᠲᠤ ᠳᠤ ᠪᠠᠨ | ᠬᠦᠷᠲᠡᠬᠦ ᠬᠠᠷᠢᠭᠤᠴᠠᠯᠭ᠎ᠠ ᠶᠢᠨ ᠨᠠᠷᠢᠨ ᠳᠠᠩᠰᠠ ᠶᠢ ᠨᠠᠶᠢᠳᠠᠪᠤᠷᠢᠵᠢᠭᠤᠯᠬᠤ ᠰᠠᠭᠤᠷᠢᠨ ᠳᠡᠭᠡᠷ᠎ᠡ᠂ ᠬᠤᠶᠠᠳᠤᠭᠠᠷ | ᠪᠦᠯᠦᠭ ᠳ᠋ᠠᠶᠢᠲ᠋ᠠ ᠶᠢᠨ ᠬᠠᠮᠲᠤ ᠳᠤ ᠪᠠᠨ ᠬᠦᠷᠲᠡᠬᠦ ᠬᠠᠷᠢᠭᠤᠴᠠᠯᠭ᠎ᠠ ᠶᠢᠨ ᠨᠠᠷᠢᠨ ᠳᠠᠩᠰᠠ ᠶᠢ ᠲᠣᠭᠲᠠᠭᠠᠨ | ᠨᠡᠶᠢᠲᠡᠯᠡᠵᠤ᠂ ᠳ᠋ᠠᠶᠢᠲ᠋ᠠ ᠶᠢᠨ ᠬᠠᠮᠲᠤ ᠳᠤ ᠪᠠᠨ ᠬᠦᠷᠲᠡᠬᠦ 1000 ᠵᠦᠢᠯ ᠤᠨ ᠦᠢᠯᠡᠴᠢᠯᠡᠭᠡ ᠶᠢ ᠰᠢᠨ᠎ᠡ ᠪᠠᠷ | ᠦᠷᠭᠡᠳᠭᠡᠨ᠂ ᠳ᠋ᠠᠶᠢᠲ᠋ᠠ ᠶᠢᠨ ᠬᠠᠮᠲᠤ ᠳᠤ ᠪᠠᠨ ᠬᠦᠷᠲᠡᠬᠦ ᠦᠢᠯᠡᠴᠢᠯᠡᠭᠡ ᠶᠢᠨ ᠠᠵᠢᠯᠯᠠᠭᠠᠨ ᠳᠤ ᠬᠢᠨᠠᠨ ᠰᠢᠨᠵᠢᠬᠦ ᠶᠢ | ᠴᠢᠩᠭᠠᠳᠬᠠᠨ᠂ ᠵᠦᠪᠬᠡᠨ ᠣᠨᠴᠠᠭᠠᠢ ᠲᠣᠭᠲᠠᠭᠠᠭᠰᠠᠨ ᠠᠵᠤ ᠠᠬᠤᠶᠢᠯᠠᠯ᠂ ᠨᠡᠶᠢᠭᠡᠮ ᠤᠨ ᠵᠣᠬᠢᠶᠠᠨ | ᠪᠠᠶᠢᠭᠤᠯᠤᠯᠲᠠ ᠳᠤ ᠯᠠ ᠣᠯᠠᠨ ᠨᠡᠶᠢᠲᠡ ᠶᠢᠨ ᠳ᠋ᠠᠶᠢᠲ᠋ᠠ ᠶᠢ ᠴᠢᠯᠦᠭᠡᠲᠡᠢ ᠪᠠᠶᠢᠯᠭᠠᠬᠤ ᠠᠵᠢᠯᠯᠠᠭ᠎ᠠ ᠶᠢ ᠪᠦᠬᠦ ᠲᠠᠯ᠎ᠠ ᠪᠠᠷ | ᠢᠯᠭᠠᠷᠠᠭᠤᠯᠤᠨ ᠴᠡᠭᠴᠡᠯᠡᠬᠦ ᠶᠢᠨ ᠬᠠᠮᠲᠦ ᠬᠤᠷᠢᠭᠯᠠᠨ ᠵᠣᠭᠰᠣᠭᠠᠬᠤ ᠬᠡᠷᠡᠭᠲᠡᠢ᠃ | ︵ᠭᠤᠷᠪᠠ︶ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠰᠢᠰᠲ᠋ᠧᠮ ᠤᠨ ᠥᠭᠡᠷᠡᠴᠢᠯᠡᠨ ᠰᠠᠶᠢᠵᠢᠷᠠᠭᠤᠯᠵᠤ | ᠵᠣᠯᠭᠠᠭᠤᠯᠬᠤ ᠠᠵᠢᠯ ᠢ ᠰᠠᠶᠢᠲᠤᠷ ᠬᠢᠨ᠎ᠡ᠃ | ᠰᠢᠰᠲ᠋ᠧᠮ ᠢ ᠬᠡᠨ ᠪᠠᠶᠢᠭᠤᠯᠪᠠᠯ᠂ ᠲᠡᠳᠡ ᠵᠣᠯᠭᠠᠭᠤᠯᠬᠤ ᠶᠢ ᠬᠠᠷᠢᠭᠤᠴᠠᠬᠤ ᠵᠠᠷᠴᠢᠮ ᠶᠣᠰᠤᠭᠠᠷ᠂ ᠡᠯ᠎ᠡ | ᠱᠠᠲᠤᠨ ᠤ ᠵᠠᠰᠠᠭ ᠤᠨ ᠶᠠᠪᠤᠳᠠᠯ ᠤᠨ ᠰᠠᠯᠠᠭ᠎ᠠ ᠮᠦᠴᠢᠷ ᠨᠢ ᠥᠪᠡᠷ ᠤᠨ ᠪᠠᠶᠢᠭ᠎ᠠ ᠳᠡᠰ ᠱᠠᠲᠤ ᠠᠯᠤᠰᠯᠠᠭᠰᠠᠨ ᠡᠭᠴᠡ | ᠬᠠᠮᠢᠶᠠᠷᠬᠤ ᠲᠤᠬᠠᠶᠢᠯᠠᠭᠰᠠᠨ ᠠᠵᠢᠯ ᠤᠨ ᠮᠡᠳᠡᠭᠡ ᠵᠠᠩᠭᠢ ᠶᠢᠨ ᠰᠢᠰᠲ᠋ᠧᠮ ᠢ ᠲᠦᠷᠭᠡᠳᠭᠡᠨ ᠥᠭᠡᠷᠡᠴᠢᠯᠡᠵᠦ | ᠰᠠᠶᠢᠵᠢᠷᠠᠭᠤᠯᠬᠤ ᠶᠢᠨ ᠬᠠᠮᠲᠤ᠂ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠯᠤᠭ᠎ᠠ | ᠵᠠᠯᠭᠠᠭᠤᠯᠵᠤ᠂ ᠳᠡᠰ ᠱᠠᠲᠤ ᠠᠯᠤᠰᠯᠠᠭᠰᠠᠨ᠂ ᠨᠤᠲᠤᠭ ᠪᠦᠰᠡ ᠠᠯᠤᠰᠯᠠᠭᠰᠠᠨ᠂ ᠰᠢᠰᠲ᠋ᠧᠮ ᠠᠯᠤᠰᠯᠠᠭᠰᠠᠨ᠂ | ᠰᠠᠯᠠᠭ᠎ᠠ ᠮᠦᠴᠢᠷ ᠠᠯᠤᠰᠯᠠᠭᠰᠠᠨ ᠪᠠ ᠲᠤᠬᠠᠶᠢᠯᠠᠭᠰᠠᠨ ᠠᠵᠢᠯ ᠠᠯᠤᠰᠯᠠᠭᠰᠠᠨ ᠳ᠋ᠠᠶᠢᠲ᠋ᠠ ᠶᠢᠨ ᠬᠠᠷᠢᠯᠴᠠᠨ | ᠬᠤᠯᠪᠣᠭᠠᠯᠠᠵᠤ ᠬᠠᠷᠢᠯᠴᠠᠨ ᠨᠡᠪᠲᠡᠷᠡᠬᠦ ᠶᠢ ᠪᠡᠶᠡᠯᠡᠭᠦᠯᠵᠦ᠂ ᠳ᠋ᠠᠶᠢᠲ᠋ᠠ ᠪᠠ ᠲᠤᠬᠠᠶᠢᠯᠠᠭᠰᠠᠨ ᠠᠵᠢᠯ ᠨᠢ ︽ᠦᠰᠦᠤᠨ | ᠥᠭᠡᠷ᠎ᠡ ᠶᠠᠭᠤᠮ᠎ᠠ︾ ᠪᠣᠯᠬᠤ ᠠᠴᠠ ᠵᠠᠶᠢᠯᠠᠭᠤᠯᠤᠨ᠂ ᠠᠳᠠᠯᠢ ᠪᠣᠰᠤ ᠰᠢᠰᠲ᠋ᠧᠮ ᠳᠤ ᠳᠠᠪᠬᠤᠷᠳᠠᠨ ᠣᠷᠤᠭᠤᠯᠬᠤ ᠶᠢ | ᠪᠠᠭᠠᠰᠬᠠᠵᠤ᠂ ᠦᠨᠳᠦᠰᠦᠨ ᠱᠠᠲᠤᠨ ᠤ ᠴᠣᠩᠬᠤᠪᠴᠢ ᠶᠢᠨ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠬᠦ | ᠬᠡᠷᠡᠭᠲᠡᠢ᠃ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢᠨ ᠲᠥᠷᠥᠯ | ᠵᠦᠢᠯ ᠢ ᠬᠢᠨᠠᠨ ᠵᠦᠪᠰᠢᠶᠡᠷᠡᠬᠦ ᠰᠠᠯᠠᠭ᠎ᠠ ᠮᠦᠴᠢᠷ ᠪᠠ ᠠᠵᠢᠯᠯᠠᠭᠤᠯᠵᠤ ᠪᠠᠲᠤᠯᠠᠬᠤ ᠵᠠᠷᠤᠳᠠᠯ ᠢ ᠬᠢᠨᠠᠨ ᠵᠦᠪᠰᠢᠶᠡᠷᠡᠬᠦ | ᠰᠠᠯᠠᠭ᠎ᠠ ᠮᠦᠴᠢᠷ ᠨᠢ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠰᠢᠰᠲ᠋ᠧᠮ ᠤᠨ ᠨᠠᠷᠢᠨ ᠳᠠᠩᠰᠠ ᠶᠢᠨ ᠳᠥᠷᠢᠮ ᠢ | ᠬᠤᠯᠪᠣᠭᠠᠯᠠᠨ ᠪᠠᠶᠢᠭᠤᠯᠵᠤ᠂ ᠨᠠᠷᠢᠨ ᠳᠠᠩᠰᠠᠲᠤ ᠬᠡᠯᠪᠡᠷᠢ ᠶᠢᠨ ᠬᠠᠮᠢᠶᠠᠷᠤᠯᠲᠠ ᠶᠢ ᠴᠢᠩᠭᠠᠳᠬᠠᠨ᠂ ᠱᠠᠭᠠᠷᠳᠠᠯᠭ᠎ᠠ | ᠶᠣᠰᠤᠭᠠᠷ ᠥᠭᠡᠷᠡᠴᠢᠯᠡᠨ ᠰᠠᠶᠢᠵᠢᠷᠠᠭᠤᠯᠵᠤ ᠵᠠᠯᠭᠠᠭᠤᠯᠤᠭᠰᠠᠨ ᠦᠭᠡᠢ ᠪᠣᠯ ᠰᠢᠨ᠎ᠡ ᠲᠥᠷᠥᠯ ᠵᠦᠢᠯ ᠢ ᠨᠢ ᠬᠢᠨᠠᠨ | ᠵᠦᠪᠰᠢᠶᠡᠷᠡᠬᠦ ᠦᠭᠡᠢ᠂ ᠠᠵᠢᠯᠯᠠᠭᠤᠯᠵᠤ ᠪᠠᠲᠤᠯᠠᠬᠤ ᠵᠠᠷᠤᠳᠠᠯ ᠰᠠᠯᠭᠠᠨ ᠥᠭᠬᠦ ᠦᠭᠡᠢ᠃ ᠵᠠᠷᠴᠢᠮ ᠳᠡᠭᠡᠷ᠎ᠡ ᠪᠠᠨ | ᠭᠠᠭᠴᠠ ᠰᠠᠯᠠᠭ᠎ᠠ ᠮᠦᠴᠢᠷ ᠤᠨ ᠪᠠᠶᠢᠭᠤᠯᠬᠤ ᠲᠤᠰᠠᠭᠠᠷ ᠮᠡᠳᠡᠭᠡ ᠵᠠᠩᠭᠢ ᠶᠢᠨ ᠰᠢᠰᠲ᠋ᠧᠮ ᠢ ᠳᠠᠬᠢᠵᠦ ᠬᠢᠨᠠᠨ | ᠵᠦᠪᠰᠢᠶᠡᠷᠡᠬᠦ ᠦᠭᠡᠢ᠃ | ︵ᠳᠥᠷᠪᠡ︶ ᠠᠵᠢᠯ ᠬᠡᠷᠡᠭ ᠤᠨ ᠳᠤᠮᠳᠠᠬᠢ ᠪᠠ ᠠᠵᠢᠯ ᠬᠡᠷᠡᠭ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢᠨ | ᠮᠡᠳᠡᠭᠡ ᠵᠠᠩᠭᠢ ᠶᠢᠨ ︽ᠨᠢᠭᠡ ᠰᠦᠯᠵᠢᠶ᠎ᠡ ᠪᠠᠷ ᠨᠡᠶᠢᠳᠡᠮ ᠬᠦᠷᠲᠡᠬᠦ︾ ᠶᠢ ᠠᠬᠢᠭᠤᠯᠤᠨ᠎ᠠ᠃ | ᠰᠠᠯᠠᠭ᠎ᠠ ᠮᠦᠴᠢᠷ ᠠᠯᠤᠰᠯᠠᠭᠰᠠᠨ ︽ᠬᠤᠶᠠᠷ ᠢ ᠰᠣᠭᠤᠴᠢᠬᠤ᠂ ᠨᠢᠭᠡ ᠶᠢ ᠢᠯᠡ ᠪᠠᠶᠢᠯᠭᠠᠬᠤ︾ ᠬᠢᠨᠠᠯᠲᠠ | ᠬᠠᠮᠢᠶᠠᠷᠤᠯᠲᠠ ᠶᠢᠨ ᠮᠡᠳᠡᠭᠡ ᠵᠠᠩᠭᠢ ᠶᠢ ᠬᠠᠮᠲᠤ ᠳᠤ ᠪᠠᠨ ᠬᠦᠷᠲᠡᠬᠦ ᠶᠢ ᠢᠳᠡᠪᠬᠢᠲᠡᠢ ᠠᠬᠢᠭᠤᠯᠤᠨ᠂ ︽ᠢᠲᠡᠭᠡᠮᠵᠢᠲᠦ | ᠳᠤᠮᠳᠠᠲᠤ ᠤᠯᠤᠰ︾ ᠤᠨ ᠰᠦᠯᠵᠢᠶ᠎ᠡ ᠪᠠ ᠤᠯᠤᠰ ᠤᠨ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢᠨ | ᠨᠡᠶᠢᠲᠡ ᠳᠤ ᠵᠠᠷᠯᠠᠬᠤ ᠰᠢᠰᠲ᠋ᠧᠮ ᠳᠤ ᠲᠦᠰᠢᠭᠯᠡᠵᠦ᠂ ᠲᠡᠮᠳᠡᠭᠯᠡᠵᠦ ᠪᠦᠷᠢᠳᠭᠡᠨ ᠳᠠᠩᠰᠠᠯᠠᠬᠤ᠂ ᠵᠠᠰᠠᠭ ᠵᠠᠬᠢᠷᠭᠠᠨ ᠤ | ᠵᠦᠪᠰᠢᠶᠡᠷᠡᠯ᠂ ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ᠂ ᠡᠵᠡᠩᠨᠡᠯᠲᠡ ᠶᠢᠨ ᠬᠡᠪ ᠤᠨ ᠪᠣᠰᠤ ᠨᠡᠷ᠎ᠡ ᠶᠢᠨ | ᠵᠢᠭᠰᠠᠭᠠᠯᠲᠠ᠂ ᠬᠠᠤᠯᠢ ᠶᠢ ᠬᠦᠨᠳᠦ ᠨᠣᠴᠢᠲᠠᠢ ᠵᠦᠷᠢᠴᠡᠨ ᠢᠲᠡᠭᠡᠯ ᠢᠶᠠᠨ ᠠᠯᠳᠠᠭᠰᠠᠨ ᠠᠵᠤ ᠠᠬᠤᠶᠢᠯᠠᠯ ᠤᠨ ᠨᠡᠷᠡᠰ᠂ | ᠬᠢᠨᠠᠯᠲᠠ ᠪᠠᠶᠢᠴᠠᠭᠠᠯᠲᠠ᠂ ᠶᠠᠰᠤ ᠴᠢᠨᠠᠷ ᠢ ᠰᠤᠭᠤᠴᠢᠨ ᠪᠠᠶᠢᠴᠠᠭᠠᠬᠤ ᠵᠡᠷᠭᠡ ᠢᠲᠡᠭᠡᠮᠵᠢ ᠶᠢᠨ ᠮᠡᠳᠡᠭᠡ ᠵᠠᠩᠭᠢ ᠶᠢᠨ | ᠯᠠᠪᠯᠠᠬᠤ ᠪᠠ ᠬᠠᠮᠲᠤ ᠳᠤ ᠪᠠᠨ ᠬᠦᠷᠲᠡᠬᠦ ᠦᠢᠯᠡᠴᠢᠯᠡᠭᠡ ᠶᠢ ᠬᠠᠩᠭᠠᠬᠤ ᠬᠡᠷᠡᠭᠲᠡᠢ᠃ ᠠᠵᠢᠯ ᠬᠡᠷᠡᠭ ᠤᠨ ᠳᠤᠮᠳᠠᠬᠢ ᠪᠠ | ᠠᠵᠢᠯ ᠬᠡᠷᠡᠭ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢᠨ ᠮᠡᠳᠡᠭᠡ ᠵᠠᠩᠭᠢ ᠶᠢ ᠵᠠᠰᠠᠭ ᠤᠨ ᠶᠠᠪᠤᠳᠠᠯ ᠤᠨ | ᠦᠢᠯᠡᠴᠢᠯᠡᠭᠡ ᠯᠦᠭᠡ ᠭᠦᠨᠴᠡ ᠠᠭᠤᠰᠤᠯᠴᠠᠬᠤ ᠶᠢ ᠠᠬᠢᠭᠤᠯᠤᠨ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠬᠠᠮᠢᠶ᠎ᠠ ᠪᠦᠬᠦᠢ ᠳ᠋ᠠᠶᠢᠲ᠋ᠠ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠵᠠᠬ᠎ᠠ ᠳᠡᠯᠭᠡᠭᠦᠷ ᠤᠨ ᠣᠷᠴᠢᠨ | ᠪᠠᠶᠢᠳᠠᠯ ᠤᠨ ᠲᠣᠮᠤ ᠳ᠋ᠠᠶᠢᠲ᠋ᠠ ᠳᠤ ᠬᠢᠨᠠᠨ ᠰᠢᠨᠵᠢᠵᠦ ᠵᠠᠳᠠᠯᠤᠯᠲᠠ ᠬᠢᠬᠦ ᠪᠠ ᠲᠥᠰᠥᠭᠡᠯᠡᠨ ᠰᠡᠷᠡᠮᠵᠢᠯᠡᠭᠦᠯᠬᠦ ᠶᠢ | ᠴᠢᠩᠭᠠᠳᠬᠠᠨ᠂ ᠰᠦᠯᠵᠢᠶᠡᠨ ᠳᠠᠬᠢ ᠪᠠ ᠰᠦᠯᠵᠢᠶᠡᠨ ᠭᠠᠳᠠᠭᠤᠷᠬᠢ ᠶᠢ ᠨᠢᠭᠡ ᠴᠣᠭᠴᠠᠵᠢᠭᠤᠯᠤᠨ ᠬᠢᠨᠠᠨ | ᠬᠠᠮᠢᠶᠡᠷᠬᠤ ᠶᠢ ᠠᠬᠢᠭᠤᠯᠬᠤ ᠬᠡᠷᠡᠭᠲᠡᠢ᠃ | ︵ᠲᠠᠪᠤ︶ ᠳ᠋ᠠᠶᠢᠲ᠋ᠠ ᠶᠢᠨ ᠬᠠᠮᠲᠤ ᠳᠤ ᠪᠠᠨ ᠬᠦᠷᠲᠡᠬᠦ ᠠᠮᠤᠷ ᠲᠦᠪᠰᠢᠨ ᠤ ᠪᠠᠲᠤᠯᠠᠭ᠎ᠠ ᠶᠢ | ᠴᠢᠩᠭᠠᠳᠬᠠᠨ᠎ᠠ᠃ | ᠬᠤᠪᠢ ᠶᠢᠨ ᠨᠢᠭᠤᠴᠠ ᠵᠡᠷᠭᠡ ᠮᠡᠳᠡᠭᠡ ᠵᠠᠩᠭᠢ ᠶᠢᠨ ᠬᠠᠮᠠᠭᠠᠯᠠᠯᠲᠠ ᠶᠢ ᠬᠠᠤᠯᠢ ᠶᠣᠰᠤᠭᠠᠷ ᠴᠢᠩᠭᠠᠳᠬᠠᠬᠤ | ᠬᠡᠷᠡᠭᠲᠡᠢ᠃ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠤᠨ ᠲᠥᠷᠥᠯ ᠪᠠ ᠳᠡᠰ ᠬᠤᠪᠢᠶᠠᠬᠤ | ᠳᠥᠷᠢᠮ ᠢ ᠰᠣᠳᠣᠯᠤᠨ᠂ ᠳ᠋ᠠᠶᠢᠲ᠋ᠠ ᠶᠢᠨ ᠠᠮᠤᠷ ᠲᠥᠪᠰᠢᠨ ᠤ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠵᠤ᠂ | ᠳ᠋ᠠᠶᠢᠲ᠋ᠠ ᠴᠤᠭᠯᠠᠭᠤᠯᠬᠤ᠂ ᠳᠠᠮᠵᠢᠭᠤᠯᠬᠤ᠂ ᠬᠠᠳᠠᠭᠠᠯᠠᠬᠤ᠂ ᠬᠡᠷᠡᠭᠯᠡᠬᠦ᠂ ᠬᠠᠮᠲᠤ ᠳᠤ ᠪᠠᠨ ᠬᠦᠷᠲᠡᠬᠦ᠂ ᠴᠢᠯᠦᠭᠡᠲᠡᠢ | ᠪᠠᠶᠢᠯᠭᠠᠬᠤ ᠵᠡᠷᠭᠡ ᠭᠤᠭᠴᠤᠭ᠎ᠠ ᠶᠢᠨ ᠠᠮᠤᠷ ᠲᠥᠪᠰᠢᠨ ᠤ ᠪᠠᠲᠤᠯᠠᠭ᠎ᠠ ᠶᠢᠨ ᠠᠷᠭ᠎ᠠ ᠬᠡᠮᠵᠢᠶ᠎ᠡ᠂ ᠬᠠᠷᠢᠭᠤᠴᠠᠯᠭ᠎ᠠ ᠶᠢᠨ | ᠭᠤᠣᠯ ᠴᠣᠭᠴᠠ ᠪᠠ ᠪᠣᠳᠠᠲᠠᠢ ᠱᠠᠭᠠᠷᠳᠠᠯᠭ᠎ᠠ ᠶᠢ ᠲᠣᠳᠣᠷᠬᠠᠶᠢᠯᠠᠬᠤ ᠬᠡᠷᠡᠭᠲᠡᠢ᠃ ᠤᠯᠤᠰ ᠤᠨ ᠡᠯᠧᠺᠲᠷᠤᠨ | ᠵᠠᠰᠠᠭ ᠤᠨ ᠶᠠᠪᠤᠳᠠᠯ ᠤᠨ ᠭᠠᠳᠠᠷ ᠰᠦᠯᠵᠢᠶ᠎ᠡ᠂ ᠤᠯᠤᠰ ᠤᠨ ᠳ᠋ᠠᠶᠢᠲ᠋ᠠ ᠶᠢᠨ ᠬᠠᠮᠲᠤ ᠳᠤ ᠪᠠᠨ ᠬᠦᠷᠲᠡᠵᠦ ᠰᠣᠯᠢᠯᠴᠠᠬᠤ | ᠲᠠᠪᠴᠠᠩ ᠪᠠ ᠤᠯᠤᠰ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ ᠠᠮᠤᠷ ᠲᠦᠪᠰᠢᠨ ᠢᠶᠠᠷ | ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ | ᠪᠠᠶᠠᠯᠢᠭ ᠢ ᠬᠠᠮᠲᠤ ᠳᠤ ᠪᠠᠨ ᠬᠦᠷᠲᠡᠬᠦ ᠲᠦᠭᠰᠢᠭᠦᠷᠢ ᠶᠢ ᠦᠨᠡᠯᠡᠨ ᠵᠢᠱᠢᠬᠦ ᠪᠠ ᠠᠮᠤᠷ ᠲᠦᠪᠰᠢᠨ ᠤ ᠬᠢᠨᠠᠨ | ᠪᠠᠶᠢᠴᠠᠭᠠᠯᠲᠠ ᠶᠢ ᠠᠬᠢᠭᠤᠯᠤᠨ᠂ ᠪᠠᠴᠢᠮ ᠪᠠᠶᠢᠳᠠᠯ ᠢ ᠠᠷᠭᠠᠴᠠᠬᠤ ᠪᠡᠯᠡᠳᠭᠡᠯ ᠲᠥᠰᠥᠯ ᠤᠨ ᠬᠠᠮᠢᠶᠠᠷᠤᠯᠲᠠ ᠶᠢ | ᠴᠢᠩᠭᠠᠷᠠᠭᠤᠯᠵᠤ᠂ ᠳ᠋ᠠᠶᠢᠲ᠋ᠠ ᠶᠢᠨ ᠠᠮᠤᠷ ᠲᠦᠪᠰᠢᠨ ᠤ ᠬᠡᠷᠡᠭ ᠶᠠᠪᠤᠳᠠᠯ ᠳᠤ ᠪᠠᠴᠢᠮ ᠪᠠᠶᠢᠳᠠᠯ ᠢ ᠠᠷᠭᠠᠴᠠᠨ | ᠰᠢᠢᠳᠪᠦᠷᠢᠯᠡᠬᠦ ᠶᠢ ᠦᠨᠡᠨ ᠬᠦ ᠰᠠᠶᠢᠲᠤᠷ ᠬᠢᠬᠦ ᠬᠡᠷᠡᠭᠲᠡᠢ᠃ | ᠳᠣᠯᠤᠭ᠎ᠠ᠂ ᠪᠠᠲᠤᠯᠠᠬᠤ ᠠᠷᠭ᠎ᠠ ᠬᠡᠮᠵᠢᠶ᠎ᠡ | ︵ᠨᠢᠭᠡ︶ ︽ᠨᠢᠭᠡ ᠯᠡ ᠰᠦᠯᠵᠢᠶ᠎ᠡ ᠪᠠᠷ ᠨᠡᠶᠢᠳᠡᠮ ᠭᠦᠢᠴᠡᠳᠭᠡᠬᠦ︾ ᠶᠢᠨ ᠪᠠᠷᠢᠮᠵᠢᠶ᠎ᠠ ᠵᠢᠷᠤᠮᠵᠢᠯ ᠢ | ᠪᠠᠶᠢᠭᠤᠯᠤᠨ ᠪᠦᠷᠢᠨᠰᠢᠭᠦᠯᠦᠨ᠎ᠡ᠃ | ᠬᠦᠮᠥᠨ ᠠᠮᠠ᠂ ᠬᠠᠤᠯᠢ ᠶᠢᠨ ᠡᠷᠬᠡᠲᠡᠨ᠂ ᠡᠯᠧᠺᠲᠷᠤᠨ ᠭᠡᠷᠡᠴᠢ ᠦᠨᠡᠮᠯᠡᠯ ᠵᠡᠷᠭᠡ ᠰᠠᠭᠤᠷᠢ ᠳ᠋ᠠᠶᠢᠲ᠋ᠠ ᠶᠢᠨ | ᠬᠠᠮᠲᠤ ᠳᠤ ᠪᠠᠨ ᠬᠦᠷᠲᠡᠬᠦ ᠤᠯᠤᠰ ᠤᠨ ᠪᠠᠷᠢᠮᠵᠢᠶ᠎ᠠ ᠶᠢ ᠰᠣᠳᠤᠯᠤᠨ ᠲᠣᠭᠲᠠᠭᠠᠬᠤ ᠬᠡᠷᠡᠭᠲᠡᠢ᠃ ᠡᠯᠧᠺᠲᠷᠤᠨ ᠭᠡᠷᠡᠴᠢ | ᠦᠨᠡᠮᠯᠡᠯ ᠤᠨ ᠬᠦᠮᠦᠷᠭᠡ᠂ ᠬᠦᠮᠦᠨ ᠠᠮᠠ ᠶᠢᠨ ᠶᠡᠷᠥᠩᠬᠡᠢ ᠬᠦᠮᠦᠷᠭᠡ᠂ ᠬᠠᠤᠯᠢ ᠶᠢᠨ ᠡᠷᠬᠡᠲᠡᠨ ᠤ ᠶᠡᠷᠥᠩᠬᠡᠢ | ᠬᠦᠮᠦᠷᠭᠡ᠂ ᠣᠯᠠᠨ ᠨᠡᠶᠢᠲᠡ ᠶᠢᠨ ᠢᠲᠡᠭᠡᠮᠵᠢ ᠶᠢᠨ ᠬᠦᠮᠦᠷᠭᠡ ᠵᠡᠷᠭᠡ ᠶᠢ ᠵᠢᠷᠤᠮᠵᠢᠭᠤᠯᠤᠨ ᠨᠠᠶᠢᠷᠠᠭᠤᠯᠬᠤ ᠠᠵᠢᠯ ᠢ | ᠲᠦᠷᠭᠡᠬᠡᠨ ᠪᠡᠶᠡᠯᠡᠭᠦᠯᠵᠦ᠂ ᠡᠯᠧᠺᠲᠷᠤᠨ ᠭᠡᠷᠡᠴᠢ ᠦᠨᠡᠮᠯᠡᠯ ᠤᠨ ᠬᠡᠷᠡᠭᠯᠡᠵᠦ ᠳᠡᠯᠭᠡᠷᠡᠭᠦᠯᠬᠦ ᠪᠠ ᠰᠠᠯᠠᠭ᠎ᠠ ᠮᠦᠴᠢᠷ | ᠠᠯᠤᠰᠯᠠᠨ᠂ ᠣᠷᠣᠨ ᠪᠦᠰᠡ ᠠᠯᠤᠰᠯᠠᠵᠤ ᠬᠠᠷᠢᠯᠴᠠᠨ ᠮᠡᠳᠡᠷᠡᠵᠦ ᠬᠠᠮᠲᠤ ᠳᠤ ᠪᠠᠨ ᠬᠦᠷᠲᠡᠬᠦ ᠶᠢ ᠲᠦᠷᠭᠡᠳᠭᠡᠬᠦ | ᠬᠡᠷᠡᠭᠲᠡᠢ᠃ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠤᠨ ᠳ᠋ᠠᠶᠢᠲ᠋ᠠ ᠶᠢ ᠴᠤᠭᠯᠠᠭᠤᠯᠬᠤ᠂ | ᠳ᠋ᠠᠶᠢᠲ᠋ᠠ ᠶᠢᠨ ᠴᠢᠨᠠᠷ ᠴᠢᠨᠰᠠᠭ᠎ᠠ᠂ ᠭᠠᠷᠴᠠᠭ ᠤᠨ ᠲᠥᠷᠥᠯ ᠬᠤᠪᠢᠶᠠᠨ ᠬᠠᠮᠢᠶᠠᠷᠬᠤ᠂ ᠬᠠᠮᠲᠤ ᠳᠤ ᠪᠠᠨ ᠬᠦᠷᠲᠡᠵᠦ | ᠰᠣᠯᠢᠯᠴᠠᠬᠤ ᠵᠠᠯᠭᠠᠰᠣ᠂ ᠬᠠᠮᠲᠤ ᠳᠤ ᠪᠠᠨ ᠬᠦᠷᠲᠡᠵᠦ ᠰᠣᠯᠢᠯᠴᠠᠬᠤ ᠦᠢᠯᠡᠴᠢᠯᠡᠭᠡ᠂ ᠲᠠᠪᠴᠠᠩ ᠤᠨ ᠠᠵᠢᠯᠯᠠᠭᠠᠨ ᠤ | ᠬᠠᠮᠢᠶᠠᠷᠤᠯᠲᠠ ᠵᠡᠷᠭᠡ ᠲᠠᠯ᠎ᠠ ᠶᠢᠨ ᠪᠠᠷᠢᠮᠵᠢᠶ᠎ᠠ ᠶᠢ ᠪᠠᠶᠢᠭᠤᠯᠤᠨ ᠪᠦᠷᠢᠨᠰᠢᠭᠦᠯᠬᠦ ᠬᠡᠷᠡᠭᠲᠡᠢ᠃ | ︵ᠬᠤᠶᠠᠷ︶ ᠬᠠᠮᠢᠶ᠎ᠠ ᠪᠦᠬᠦᠢ ᠬᠠᠤᠯᠢ ᠲᠤᠭᠲᠠᠭᠠᠯ ᠤᠨ ᠳᠥᠷᠢᠮ ᠢ ᠲᠦᠷᠭᠡᠬᠡᠨ ᠲᠡᠭᠦᠯᠳᠡᠷᠵᠢᠭᠦᠯᠦᠨ᠎ᠡ᠃ | ᠡᠯ᠎ᠡ ᠰᠠᠯᠠᠭ᠎ᠠ ᠮᠦᠴᠢᠷ ᠨᠢ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠳᠤ | ᠪᠠᠴᠢᠮ ᠱᠠᠭᠠᠷᠳᠠᠭᠳᠠᠬᠤ ᠵᠢᠴᠢ ︽ᠨᠢᠭᠡ ᠯᠡ ᠰᠦᠯᠵᠢᠶ᠎ᠡ ᠪᠠᠷ ᠨᠡᠶᠢᠳᠡᠮ ᠭᠦᠢᠴᠡᠳᠭᠡᠬᠦ︾ ᠶᠢ ᠦᠷᠨᠢᠭᠦᠯᠬᠦ ᠯᠦᠭᠡ | ᠥᠯᠥ ᠲᠣᠬᠢᠷᠠᠯᠴᠠᠬᠤ ᠬᠠᠤᠯᠢ ᠴᠠᠭᠠᠵᠠ ᠬᠠᠤᠯᠢ ᠲᠤᠭᠲᠠᠭᠠᠯ ᠪᠠ ᠲᠤᠭᠲᠠᠭᠠᠯ ᠳᠥᠷᠢᠮ ᠢ ᠱᠠᠯᠠᠪᠳᠠᠨ ᠡᠮᠬᠢᠯᠡᠵᠦ | ᠲᠢᠭᠯᠡᠨ᠂ ᠲᠣᠭᠲᠠᠭᠠᠵᠤ ᠵᠠᠰᠠᠪᠤᠷᠢ ᠣᠷᠤᠭᠤᠯᠬᠤ ᠪᠠ ᠬᠦᠴᠦᠨ ᠦᠭᠡᠢ ᠪᠣᠯᠭᠠᠬᠤ ᠶᠢ ᠲᠦᠷᠭᠡᠳᠭᠡᠨ ᠠᠬᠢᠭᠤᠯᠬᠤ | ᠬᠡᠷᠡᠭᠲᠡᠢ᠃ ᠮᠡᠳᠡᠭᠡ ᠵᠠᠩᠭᠢ ᠶᠢᠨ ᠬᠠᠮᠠᠭᠠᠯᠠᠯᠲᠠ ᠶᠢᠨ ᠬᠠᠤᠯᠢ ᠴᠠᠭᠠᠵᠠ ᠶᠢᠨ ᠳᠥᠷᠢᠮ ᠢ ᠲᠣᠭᠲᠠᠭᠠᠵᠤ | ᠲᠡᠭᠦᠯᠳᠡᠷᠵᠢᠭᠦᠯᠬᠦ ᠶᠢ ᠠᠬᠢᠭᠤᠯᠤᠨ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠡᠷᠡᠭᠯᠡᠬᠦ | ᠶᠠᠪᠤᠴᠠ ᠳᠠᠬᠢ ᠬᠤᠪᠢ ᠬᠦᠮᠦᠨ ᠤ ᠨᠢᠭᠤᠴᠠ ᠪᠠ ᠬᠤᠳᠠᠯᠳᠤᠭᠠᠨ ᠤ ᠨᠢᠭᠤᠴᠠ ᠶᠢ ᠦᠨᠡᠨ ᠬᠦ ᠬᠠᠮᠠᠭᠠᠯᠠᠬᠤ ᠬᠡᠷᠡᠭᠲᠡᠢ᠃ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠡᠯᠧᠺᠲᠷᠤᠨ ᠪᠢᠴᠢᠭ ᠮᠠᠲ᠋ᠧᠷᠢᠶᠠᠯ ᠤᠨ ᠳᠠᠩᠰᠠ | ᠡᠪᠬᠡᠮᠡᠯ ᠳᠤ ᠣᠷᠤᠭᠤᠯᠵᠤ ᠬᠠᠳᠠᠭᠠᠯᠠᠬᠤ ᠵᠢᠷᠤᠮᠵᠢᠯ ᠢ ᠰᠣᠳᠤᠯᠤᠨ ᠲᠤᠭᠲᠠᠭᠠᠵᠤ᠂ ᠬᠠᠮᠢᠶ᠎ᠠ ᠪᠦᠬᠦᠢ ᠲᠤᠷᠰᠢᠯᠲᠠ ᠶᠢᠨ | ᠴᠡᠭ ᠢ ᠠᠬᠢᠭᠤᠯᠤᠨ ᠦᠷᠨᠢᠭᠦᠯᠵᠦ᠂ ᠡᠯᠧᠺᠲᠷᠥᠨᠴᠢᠯᠡᠭᠰᠡᠨ ᠳᠠᠩᠰᠠ ᠡᠪᠬᠡᠮᠡᠯ ᠳᠤ ᠣᠷᠤᠭᠤᠯᠵᠤ ᠬᠠᠳᠠᠭᠠᠯᠠᠬᠤ | ᠲᠠᠯ᠎ᠠ ᠪᠠᠷ ᠬᠢ ᠬᠠᠤᠯᠢ ᠲᠣᠭᠲᠠᠭᠠᠯ ᠤᠨ ᠳᠥᠷᠢᠮ ᠤᠨ ᠬᠠᠷᠰᠢ ᠰᠠᠭᠠᠳ ᠢ ᠠᠯᠬᠤᠮ ᠠᠯᠬᠤᠮ ᠢᠶᠠᠷ ᠠᠷᠢᠯᠭᠠᠬᠤ | ᠬᠡᠷᠡᠭᠲᠡᠢ᠃ | ︵ᠭᠤᠷᠪᠠ︶ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠵᠦ ᠵᠠᠭᠠᠯᠳᠤᠬᠤ ᠲᠣᠭᠲᠠᠴᠠ ᠶᠢ ᠪᠠᠶᠢᠭᠤᠯᠤᠨ᠎ᠠ᠃ | ᠳᠤᠮᠳᠠᠲᠤ ᠤᠯᠤᠰ ᠤᠨ ᠵᠠᠰᠠᠭ ᠤᠨ ᠣᠷᠳᠣᠨ ᠤ ᠰᠦᠯᠵᠢᠶ᠎ᠡ ᠵᠢᠴᠢ ᠡᠯ᠎ᠡ ᠭᠠᠵᠠᠷ ᠤᠨ ᠵᠠᠰᠠᠭ ᠤᠨ ᠣᠷᠳᠣᠨ ᠤ | ᠰᠦᠯᠵᠢᠶ᠎ᠡ᠂ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ᠂ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠬᠠᠯᠠᠮᠰᠢᠯ ᠤᠲᠠᠰᠤ ᠵᠡᠷᠭᠡ ᠳᠤ ᠲᠦᠰᠢᠭᠯᠡᠨ᠂ ᠬᠠᠷᠢᠯᠴᠠᠨ ᠬᠦᠳᠡᠯᠦᠯᠴᠡᠬᠦ ᠠᠷᠭ᠎ᠠ ᠵᠠᠮ ᠢ ᠰᠠᠭᠠᠳ | ᠦᠭᠡᠢ ᠨᠡᠪᠲᠡᠷᠡᠭᠦᠯᠵᠦ᠂ ᠣᠯᠠᠨ ᠲᠦᠮᠡᠨ ᠤ ᠠᠰᠠᠭᠤᠨ ᠯᠠᠪᠯᠠᠵᠦ ᠠᠵᠢᠯ ᠬᠡᠷᠡᠭ ᠭᠦᠢᠴᠡᠳᠭᠡᠬᠦ ᠪᠠ ᠵᠠᠭᠠᠯᠳᠤᠵᠦ | ᠢᠯᠡᠴᠢᠯᠡᠨ ᠮᠡᠳᠡᠭᠦᠯᠬᠦ ᠳᠤ ᠳᠥᠭᠦᠮ ᠦᠵᠡᠭᠦᠯᠦᠨ᠂ ᠣᠯᠠᠨ ᠲᠦᠮᠡᠨ ᠤ ᠬᠢᠨᠠᠯᠲᠠ ᠲᠠᠯᠪᠢᠯᠲᠠ ᠶᠢ ᠬᠦᠯᠢᠶᠡᠬᠦ ᠬᠡᠷᠡᠭᠲᠡᠢ᠃ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠢᠯᠡᠴᠢᠯᠡᠨ ᠮᠡᠳᠡᠭᠦᠯᠵᠦ ᠵᠠᠭᠠᠯᠳᠤᠬᠤ ᠲᠠᠪᠴᠠᠩ ᠢ ᠪᠠᠶᠢᠭᠤᠯᠵᠤ᠂ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠨᠢᠭᠡ ᠯᠡ ᠰᠦᠯᠵᠢᠶ᠎ᠡ ᠪᠠᠷ ᠨᠡᠶᠢᠳᠡᠮ ᠭᠦᠢᠴᠡᠳᠭᠡᠬᠦ︾ ᠶᠢ ᠥᠯᠥ | ᠪᠡᠶᠡᠯᠡᠭᠦᠯᠦᠭᠰᠡᠨ᠂ ᠠᠵᠢᠯ ᠬᠡᠷᠡᠭ ᠭᠦᠢᠴᠡᠳᠭᠡᠬᠦ ᠳᠤ ᠳᠥᠭᠦᠮ ᠦᠭᠡᠢ ᠪᠠᠶᠢᠬᠤ ᠵᠡᠷᠭᠡ ᠲᠣᠪᠤᠶᠢᠮ᠎ᠠ ᠠᠰᠠᠭᠤᠳᠠᠯ ᠳᠤ | ᠠᠵᠤ ᠠᠬᠤᠶᠢᠯᠠᠯ ᠪᠠ ᠣᠯᠠᠨ ᠲᠦᠮᠡᠨ ᠤ ᠢᠯᠡᠴᠢᠯᠡᠨ ᠵᠠᠭᠠᠯᠳᠤᠭᠰᠠᠨ ᠢ ᠨᠢᠭᠡᠳᠦᠯᠲᠡᠢ ᠬᠦᠯᠢᠶᠡᠨ ᠠᠪᠴᠤ | ᠰᠢᠢᠳᠪᠦᠷᠢᠯᠡᠬᠦ ᠶᠢᠨ ᠬᠠᠮᠲᠤ᠂ ᠬᠠᠷᠭᠤᠭᠤᠯᠤᠨ ᠪᠠᠶᠢᠴᠠᠭᠠᠵᠤ ᠰᠢᠢᠳᠪᠦᠷᠢᠯᠡᠬᠦ ᠶᠢ ᠳᠠᠷᠦ᠋ᠢᠬᠠᠨ ᠦᠷᠨᠢᠭᠦᠯᠬᠦ | ᠬᠡᠷᠡᠭᠲᠡᠢ᠃ | ︵ᠳᠥᠷᠪᠡ︶ ᠵᠠᠭᠤᠨ ᠵᠦᠢᠯ ᠤᠨ ᠠᠰᠠᠭᠤᠳᠠᠯ ᠢ ᠡᠶᠡᠳᠡᠭᠦᠯᠦᠨ ᠵᠣᠬᠢᠴᠠᠭᠤᠯᠬᠤ ᠪᠠ ᠵᠠᠭᠤᠨ ᠰᠢᠯᠢᠳᠡᠭ | ᠵᠢᠱᠢᠶ᠎ᠡ ᠪᠣᠯᠬᠤ ᠬᠡᠷᠡᠭ ᠢ ᠳᠡᠯᠭᠡᠷᠡᠭᠦᠯᠬᠦ ᠠᠵᠢᠯᠯᠠᠭ᠎ᠠ ᠶᠢ ᠦᠷᠨᠢᠭᠦᠯᠦᠨ᠎ᠡ᠃ | ᠵᠠᠭᠤᠨ ᠵᠦᠢᠯ ᠤᠨ ᠠᠰᠠᠭᠤᠳᠠᠯ ᠢ ᠡᠶᠡᠳᠡᠭᠦᠯᠦᠨ ᠵᠣᠬᠢᠴᠠᠭᠤᠯᠬᠤ ᠠᠵᠢᠯᠯᠠᠭ᠎ᠠ ᠶᠢ ᠦᠷᠨᠢᠭᠦᠯᠦᠨ᠂ ᠠᠵᠤ | ᠠᠬᠤᠶᠢᠯᠠᠯ ᠪᠠ ᠣᠯᠠᠨ ᠲᠦᠮᠡᠨ ᠤ ᠠᠩᠬᠠᠷᠴᠤ ᠪᠠᠶᠢᠭ᠎ᠠ ᠪᠡᠶ᠎ᠡ ᠭᠠᠷᠤᠯ ᠪᠣᠯᠣᠨ ᠰᠤᠷᠭᠠᠨ ᠬᠦᠮᠦᠵᠢᠯ ᠤᠨ ᠭᠡᠷᠡᠴᠢᠯᠠᠯ᠂ | ᠦᠢᠯᠡᠳᠪᠦᠷᠢ ᠬᠤᠳᠠᠯᠳᠤᠭᠠᠨ ᠤ ᠵᠦᠢᠯᠡᠰ ᠤᠨ ᠦᠢᠯᠡᠴᠢᠯᠡᠭᠡ᠂ ᠨᠡᠶᠢᠭᠡᠮ ᠤᠨ ᠪᠠᠲᠤᠯᠠᠭ᠎ᠠ ᠪᠣᠯᠣᠨ ᠠᠮᠢᠳᠤᠷᠠᠯ ᠤᠨ | ᠨᠠᠭᠠᠲᠤ ᠵᠠᠬ᠎ᠠ ᠶᠢᠨ ᠪᠠᠲᠤᠯᠠᠭ᠎ᠠ᠂ ᠠᠵᠢᠯ ᠣᠯᠭᠤᠯᠲᠠ ᠠᠳᠠᠯ ᠦᠢᠯᠡᠰ ᠴᠣᠭᠴᠠᠯᠠᠬᠤ᠂ ᠣᠷᠣᠨ ᠰᠠᠭᠤᠴᠠ ᠡᠷᠦᠬᠡ | ᠠᠮᠠ ᠶᠢᠨ ᠳᠠᠩᠰᠠ ᠵᠡᠷᠭᠡ ᠲᠠᠯ᠎ᠠ ᠶᠢᠨ ᠲᠦᠪᠡᠭᠲᠡᠢ ᠵᠦᠢᠯ ᠬᠦᠴᠢᠷᠲᠡᠢ ᠠᠰᠠᠭᠤᠳᠠᠯ ᠢ ᠭᠤᠣᠯᠳᠠᠭᠤᠯᠤᠨ ᠠᠩᠬᠠᠷᠴᠤ᠂ | ᠱᠠᠲᠤ ᠬᠤᠪᠢᠶᠠᠨ ᠬᠠᠮᠤᠷᠬᠤ᠂ ᠬᠠᠯᠠᠮᠰᠢᠯ ᠵᠦᠢᠯᠡᠰ ᠢ ᠠᠩᠬᠠᠷᠤᠭᠰᠠᠨ ᠵᠠᠭᠤᠨ ᠵᠦᠢᠯ ᠤᠨ ᠠᠰᠠᠭᠤᠳᠠᠯ ᠤᠨ ᠨᠠᠷᠢᠨ | ᠳᠠᠩᠰᠠ ᠶᠢ ᠪᠦᠷᠢᠯᠳᠦᠭᠦᠯᠦᠨ᠂ ᠵᠦᠢᠯ ᠵᠦᠢᠯ ᠢᠶᠠᠷ ᠨᠢ ᠰᠣᠳᠣᠯᠣᠨ ᠰᠢᠢᠳᠪᠦᠷᠢᠯᠡᠬᠦ ᠬᠡᠷᠡᠭᠲᠡᠢ᠃ ᠵᠠᠭᠤᠨ ᠰᠢᠯᠢᠳᠡᠭ | ᠵᠢᠱᠢᠶ᠎ᠡ ᠪᠣᠯᠬᠤ ᠬᠡᠷᠡᠭ ᠢ ᠳᠡᠯᠭᠡᠷᠡᠭᠦᠯᠬᠦ ᠠᠵᠢᠯᠯᠠᠭ᠎ᠠ ᠶᠢ ᠦᠷᠨᠢᠭᠦᠯᠬᠦ ᠳᠤ᠂ ᠲᠡᠷᠢᠭᠦᠨ ᠤ ᠲᠤᠷᠰᠢᠯᠭ᠎ᠠ ᠶᠢ ᠭᠦᠨᠵᠡᠭᠡᠢ | ᠵᠠᠳᠠᠯᠤᠨ ᠳ᠋ᠦᠩᠨᠡᠵᠦ᠂ ᠰᠢᠰᠲ᠋ᠧᠮᠵᠢᠭᠰᠡᠨ ᠬᠠᠪᠰᠤᠷᠤᠨ ᠳᠡᠳᠭᠦᠬᠦ ᠠᠵᠢᠯ ᠢ ᠨᠢᠭᠡᠳᠦᠯᠲᠡᠢ ᠲᠥᠯᠥᠪᠯᠡᠨ ᠵᠣᠬᠢᠶᠠᠨ | ᠪᠠᠶᠢᠭᠤᠯᠵᠤ᠂ ᠵᠠᠭᠤᠨ ᠰᠢᠯᠢᠳᠡᠭ ᠵᠢᠱᠢᠶ᠎ᠡ ᠪᠣᠯᠬᠤ ᠬᠡᠷᠡᠭ ᠤᠨ ᠲᠡᠷᠢᠭᠦᠨ ᠤ ᠲᠤᠷᠰᠢᠯᠭ᠎ᠠ ᠶᠢ ᠵᠢᠷᠤᠮᠯᠠᠨ ᠳᠠᠭᠠᠵᠤ | ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ | ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠦᠴᠢᠷ ᠨᠢ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ | ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠬᠢᠨᠠᠨ ᠵᠦᠪᠰᠢᠶᠡᠷᠡᠬᠦ ᠦᠢᠯᠡᠴᠢᠯᠡᠭᠡ ᠶᠢᠨ | ᠠᠷᠠᠳ ᠲᠤ ᠳᠦᠭᠦᠮ ᠦᠵᠡᠭᠦᠯᠬᠦ ᠶᠢ ᠠᠬᠢᠭᠤᠯᠬᠤ ᠱᠠᠭᠠᠷᠳᠠᠯᠭ᠎ᠠ ᠶᠢ ᠬᠢᠨᠠᠮᠠᠭᠠᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠱᠠᠲᠤ ᠱᠠᠲᠤ ᠪᠠᠷ ᠬᠠᠷᠢᠭᠤᠴᠠᠯᠭ᠎ᠠ ᠶᠢ ᠱᠠᠭᠠᠷᠳᠠᠨ ᠪᠣᠳᠠᠲᠠᠶᠢᠵᠢᠭᠤᠯᠵᠤ᠂ ᠨᠢᠭᠡᠳᠦᠯᠲᠡᠢ | ᠲᠥᠯᠥᠪᠯᠡᠨ ᠵᠣᠬᠢᠴᠠᠭᠤᠯᠬᠤ ᠶᠢ ᠴᠢᠩᠭᠠᠳᠬᠠᠵᠤ᠂ ᠲᠤᠰ ᠬᠡᠷᠡᠭᠵᠢᠭᠦᠯᠬᠦ ᠲᠦᠰᠦᠯ ᠢ ᠪᠣᠳᠠᠲᠠᠢ ᠲᠠᠢ ᠪᠠᠨ | ᠤᠶᠠᠯᠳᠤᠭᠤᠯᠤᠨ ᠨᠠᠷᠢᠨ ᠨᠢᠮᠪᠠᠢ ᠵᠣᠬᠢᠶᠠᠨ ᠪᠠᠶᠢᠭᠤᠯᠵᠤ ᠨᠠᠶᠢᠳᠠᠪᠤᠷᠢᠵᠢᠭᠤᠯᠤᠨ᠂ ︽ᠢᠨᠲ᠋ᠧᠷ ᠰᠦᠯᠵᠢᠶ᠎ᠡ + | ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢ ᠠᠬᠢᠭᠤᠯᠤᠨ ᠨᠡᠩ ᠶᠡᠭᠡ ᠪᠣᠳᠠᠲᠤ ᠦᠷ᠎ᠡ ᠪᠦᠲᠦᠮᠵᠢ ᠣᠯᠬᠤ | ᠬᠡᠷᠡᠭᠲᠡᠢ᠃ | | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ |