ᠥᠪᠥᠷ ᠵᠠᠰᠠᠭ ᠠᠯᠪᠠᠨ ᠲᠠᠷᠬᠠᠭᠠᠭᠰᠠᠨ ﹇2018﹈ 57 ᠳ᠋ᠤᠭᠠᠷ ᠲᠤᠭᠠᠳᠤ | 2018 ᠣᠨ ᠤ 8 ᠳ᠋ᠣᠭᠠᠷ ᠰᠠᠷ᠎ᠠ ᠶᠢᠨ 26 ᠤ ᠡᠳᠣᠷ | ᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ | ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ ᠳᠤ᠄ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠰᠠᠭ | ᠵᠠᠬᠢᠷᠭᠠᠨ ᠤ ᠪᠢᠴᠢᠭ ᠮᠠᠲ᠋ᠧᠷᠢᠶᠠᠯ ᠤᠨ ᠬᠠᠣᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠬᠤ ᠠᠵᠢᠯ ᠤᠨ ᠵᠢᠷᠣᠮᠯᠠᠯ︾ ᠢ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠣᠭᠡ ᠲᠠᠨᠠᠷ ᠲᠤ | ᠳᠠᠷᠤᠮᠠᠯᠯᠠᠨ ᠶᠠᠪᠣᠭᠤᠯᠣᠯ᠎ᠠ᠂ ᠪᠣᠳᠠᠲᠠᠶ ᠲᠠᠢ ᠪᠠᠨ ᠤᠶᠠᠯᠳᠤᠭᠤᠯᠵᠤ᠂ ᠬᠢᠨᠠᠮᠠᠭᠠᠶ ᠲᠣᠭᠤᠰᠢᠯᠠᠭᠤᠯᠣᠨ | ᠨᠠᠶᠢᠳᠠᠪᠤᠷᠢᠵᠢᠭᠤᠯᠲᠤᠭᠠᠶ᠃ | | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠪᠢᠴᠢᠭ ᠮᠠᠲ᠋ᠧᠷᠢᠶᠠᠯ ᠤᠨ | ᠬᠠᠣᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠬᠤ ᠠᠵᠢᠯ ᠤᠨ ᠵᠢᠷᠣᠮᠯᠠᠯ | | ᠨᠢᠭᠡᠳᠦᠭᠡᠷ ᠵᠦᠢᠯ ᠵᠠᠰᠠᠭ ᠵᠠᠬᠢᠷᠭᠠᠨ ᠤ ᠪᠢᠴᠢᠭ ᠮᠠᠲ᠋ᠧᠷᠢᠶᠠᠯ ᠤᠨ ᠬᠠᠣᠯᠢ ᠶᠣᠰᠣᠴᠢ ᠴᠢᠨᠠᠷ ᠤᠨ ᠬᠢᠨᠠᠨ | ᠪᠠᠶᠢᠴᠠᠭᠠᠬᠤ ᠠᠵᠢᠯ ᠢ ᠵᠢᠷᠤᠮᠵᠢᠭᠤᠯᠵᠣ᠂ ᠪᠢᠴᠢᠭ ᠮᠠᠲ᠋ᠧᠷᠢᠶᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠣᠨ᠂ ᠬᠠᠤᠯᠢ | ᠶᠣᠰᠣᠭᠠᠷ ᠵᠠᠰᠠᠭ ᠶᠠᠪᠤᠭᠤᠯᠬᠤ ᠶᠢ ᠠᠬᠢᠭᠤᠯᠬᠤ ᠶᠢᠨ ᠲᠣᠰᠠᠳᠠ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠲᠣᠭᠲᠠᠭᠠᠬᠤ ᠪᠠ ᠳᠠᠩᠰᠠᠯᠠᠵᠣ ᠬᠢᠨᠠᠯᠲᠠ ᠲᠠᠯᠪᠢᠬᠤ ᠠᠷᠭ᠎ᠠ | ︾ ︵ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 191 ᠳ᠋ᠤᠭᠡᠷ ᠲᠣᠭᠠᠲᠤ︶ ︽ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ | ᠪᠣᠳᠣᠯᠭ᠎ᠠ ᠲᠣᠭᠲᠠᠭᠠᠬᠤ ᠳᠡᠰ ᠳᠠᠷᠠᠭᠠᠯᠠᠯ ᠤᠨ ᠲᠣᠭᠲᠠᠭᠠᠯ︾ ︵ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠵᠠᠷᠯᠢᠭ 209 ᠳ᠋ᠣᠭᠡᠷ ᠲᠣᠭᠠᠳᠣ︶ ︽ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ | ᠪᠢᠴᠢᠭ ᠮᠠᠲ᠋ᠧᠷᠢᠶᠠᠯ ᠲᠣᠭᠲᠠᠭᠠᠬᠤ ᠪᠠ ᠬᠢᠨᠠᠨ ᠬᠠᠮᠢᠶᠠᠷᠬᠤ ᠠᠵᠢᠯ ᠢ ᠴᠢᠩᠭᠠᠳᠬᠠᠬᠤ ᠲᠤᠬᠠᠶ ᠲᠥᠷᠥ ᠶᠢᠨ | ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠮᠡᠳᠡᠭᠳᠡᠯ︾ ︵ᠲᠥᠷᠥ ᠠᠯᠪᠠᠨ ᠲᠠᠷᠬᠠᠭᠠᠭᠰᠠᠨ ﹇2018﹈ | 37 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠦᠨᠳᠣᠰᠣᠯᠡᠨ᠂ ᠠᠵᠢᠯ ᠤᠨ ᠪᠣᠳᠠᠳᠠᠢ ᠲᠠᠢ ᠪᠠᠨ ᠤᠶᠠᠯᠳᠤᠭᠤᠯᠵᠣ᠂ | ᠲᠣᠰ ᠵᠢᠷᠣᠮᠯᠠᠯ ᠢ ᠲᠣᠭᠲᠠᠭᠠᠪᠠ᠃ | ᠬᠤᠶᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠵᠢᠴᠢ ᠲᠡᠭᠦᠨ ᠤ | ᠠᠯᠪᠠᠨ ᠲᠢᠩᠬᠢᠮ ᠤᠨ ᠲᠣᠭᠳᠠᠭᠠᠵᠣ ᠲᠠᠷᠬᠠᠭᠠᠬᠤ ᠪᠠᠷ ᠲᠣᠭᠤᠷᠪᠢᠭᠰᠠᠨ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ | ᠪᠢᠴᠢᠭ ᠮᠠᠲ᠋ᠧᠷᠢᠶᠶᠠᠯ ᠪᠠ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠲᠥᠷᠥᠯ ᠤᠨ ᠪᠢᠴᠢᠭ | ᠮᠠᠲ᠋ᠧᠷᠢᠶᠠᠯ ︵ᠳᠣᠷᠣᠭᠰᠢ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠪᠢᠴᠢᠭ | ᠮᠠᠲ᠋ᠧᠷᠢᠶᠠᠯ ᠭᠡᠵᠣ ᠨᠢᠭᠡᠳᠣᠯᠳᠠᠢ ᠨᠠᠷᠡᠶᠢᠳᠣᠨᠠ︶ ᠤᠨ ᠤᠷᠢᠳᠣᠬᠢ ᠬᠠᠤᠯᠢ ᠶᠣᠰᠣᠴᠢ ᠴᠢᠨᠠᠷ ᠤᠨ ᠬᠢᠨᠠᠨ | ᠪᠠᠶᠢᠴᠠᠭᠠᠬᠤ ᠳᠤ ᠲᠤᠰ ᠲᠦᠷᠢᠮ ᠬᠡᠷᠩᠯᠡᠭᠳᠠᠨᠠ᠃ | ᠭᠤᠷᠪᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠪᠢᠴᠢᠭ | ᠮᠠᠲ᠋ᠧᠷᠢᠶᠠᠯ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠲᠥᠷᠢᠮ ᠤᠨ | ᠪᠠᠶᠢᠭᠤᠯᠤᠮᠵᠢ ︵ᠳᠣᠷᠣᠭᠰᠢ ᠵᠠᠰᠠᠭ ᠤᠨ ᠣᠷᠳᠣᠨ ᠤ ᠬᠠᠤᠯᠢ ᠲᠦᠷᠢᠮ ᠤᠨ ᠪᠠᠶᠢᠭᠤᠯᠤᠮᠵᠢ ᠭᠡᠵᠣ ᠲᠣᠪᠴᠢᠯᠠᠨ᠎ᠠ︶ | ᠪᠠᠷ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠳᠠ ᠬᠢᠯᠭᠡᠭᠦ ᠬᠡᠷᠡᠭᠲᠡᠶ᠃ | ᠳᠥᠷᠪᠡᠳᠦᠭᠡᠷ ᠵᠦᠢᠯ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠪᠢᠴᠢᠭ | ᠮᠠᠲ᠋ᠧᠷᠢᠶᠠᠯ ᠢ ᠲᠣᠭᠲᠠᠭᠠᠬᠤ ᠪᠠᠶᠢᠭᠤᠯᠭ᠎ᠠ ᠠᠴᠠ ᠵᠣᠬᠢᠶᠠᠨ ᠪᠠᠶᠢᠭᠤᠯᠵᠤ ᠲᠣᠭᠤᠷᠪᠢᠬᠤ ᠬᠡᠷᠩᠳᠠᠢ᠃ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠪᠢᠴᠢᠭ ᠮᠠᠲ᠋ᠧᠷᠢᠶᠠᠯ ᠢ | ᠲᠣᠭᠲᠠᠭᠠᠬᠤ ᠳᠤ᠂ ᠨᠢᠭᠡ ᠪᠤᠶᠤ ᠬᠡᠳᠦᠨ ᠠᠵᠢᠯᠯᠠᠬᠤ ᠰᠠᠯᠠᠭ᠎ᠠ ᠮᠥᠴᠢᠷ ᠢᠶᠠᠷ ᠲᠣᠭᠤᠷᠪᠢᠬᠤ ᠶᠢ | ᠬᠠᠷᠢᠭᠤᠴᠠᠭᠤᠯᠬᠤ ᠪᠠᠷ ᠲᠣᠭᠳᠠᠭᠠᠵᠣ ᠪᠣᠯᠣᠨ᠎ᠠ᠃ ᠬᠤᠶᠠᠷ ᠠᠴᠠ ᠳᠡᠭᠡᠭᠰᠢᠬᠢ ᠠᠵᠢᠯᠯᠠᠬᠤ ᠰᠠᠯᠠᠭ᠎ᠠ ᠮᠥᠴᠢᠷ ᠤᠨ | ᠡᠭᠦᠷᠭᠡ ᠴᠢᠳᠠᠪᠤᠷᠢ ᠲᠠᠢ ᠬᠤᠯᠪᠣᠭᠳᠠᠪᠡᠯ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠬᠠᠮᠲᠤᠷᠠᠯᠴᠠᠨ | ᠲᠣᠭᠤᠷᠪᠢᠬᠤ ᠶᠢᠨ ᠬᠠᠮᠳᠣ᠂ ᠲᠦᠷᠦᠭᠦᠯᠡᠨ ᠲᠣᠭᠤᠷᠪᠢᠬᠤ ᠰᠠᠯᠠᠭ᠎ᠠ ᠮᠥᠴᠢᠷ ᠢ ᠲᠣᠳᠣᠷᠬᠠᠶᠢᠯᠠᠬᠤ ᠬᠡᠷᠩᠳᠠᠢ᠃ | ᠲᠠᠪᠤᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ | ᠲᠣᠭᠤᠷᠪᠢᠭᠰᠠᠨ ᠪᠢᠴᠢᠭ ᠮᠠᠲ᠋ᠧᠷᠢᠶᠠᠯ ᠨᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠡᠭᠦᠷᠭᠡ ᠴᠢᠳᠠᠪᠤᠷᠢ ᠳᠤ | ᠬᠤᠯᠪᠣᠭᠳᠠᠭᠰᠠᠨ ᠪᠣᠯ᠂ ᠲᠣᠭᠤᠷᠪᠢᠬᠤ ᠰᠠᠯᠠᠭ᠎ᠠ ᠮᠥᠴᠢᠷ ᠨᠢ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠤᠨ ᠰᠠᠨᠠᠯ ᠢ | ᠬᠤᠷᠢᠶᠠᠬᠤ ᠶᠢᠨ ᠬᠠᠮᠲᠤ᠂ ᠵᠥᠪᠳᠡᠯᠴᠡᠵᠣ ᠰᠠᠨᠠᠯ ᠢᠶᠠᠨ ᠨᠢᠭᠡᠳᠬᠦ ᠬᠡᠷᠩᠳᠠᠢ᠃ | ᠵᠢᠷᠭᠤᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠪᠢᠴᠢᠭ | ᠮᠠᠲ᠋ᠧᠷᠢᠶᠠᠯ ᠢ ᠲᠣᠭᠤᠷᠪᠢᠬᠤ ᠳᠤ᠂ ᠲᠣᠭᠤᠷᠪᠢᠬᠤ ᠰᠠᠯᠠᠭ᠎ᠠ ᠮᠥᠴᠢᠷ ᠨᠢ ᠬᠦᠷᠭᠡᠨ ᠬᠢᠨᠠᠭᠤᠯᠬᠤ ᠡᠭᠡ ᠪᠢᠴᠢᠭ ᠵᠢᠴᠢ | ᠲᠣᠭᠤᠷᠪᠢᠬᠤ ᠲᠣᠳᠣᠷᠬᠠᠶᠢᠯᠠᠯ᠂ ᠲᠣᠭᠲᠠᠭᠠᠬᠤ ᠦᠨᠳᠦᠰᠦᠯᠡᠯ᠂ ᠰᠠᠨᠠᠯ ᠬᠤᠷᠢᠶᠠᠭᠰᠠᠨ ᠪᠠᠶᠢᠳᠠᠯ ᠵᠡᠷᠭᠡ ᠬᠠᠮᠢᠶ᠎ᠠ | ᠪᠥᠬᠦᠢ ᠮᠠᠲ᠋ᠧᠷᠢᠶᠠᠯ ᠢᠶᠠᠨ ᠲᠤᠰ ᠰᠠᠯᠠᠭ᠎ᠠ ᠮᠥᠴᠢᠷ ᠤᠨ ᠬᠠᠤᠯᠢ ᠲᠦᠷᠢᠮ ᠤᠨ ᠪᠠᠶᠢᠭᠤᠯᠤᠮᠵᠢ ᠳᠤ ᠮᠡᠳᠡᠭᠦᠯᠵᠣ ᠬᠠᠤᠯᠢ | ᠶᠣᠰᠣᠴᠢ ᠴᠢᠨᠠᠷ ᠤᠨ ᠬᠢᠨᠠᠨ ᠪᠠᠶᠢᠴᠠᠭᠠᠯᠳᠠ ᠬᠢᠯᠭᠡᠭᠦ ᠶᠢᠨ ᠬᠠᠮᠳᠣ᠂ ᠬᠠᠤᠯᠢ ᠶᠣᠰᠣᠴᠢ ᠴᠢᠨᠠᠷ ᠤᠨ ᠬᠢᠨᠠᠨ | ᠪᠠᠶᠢᠴᠠᠭᠠᠭᠰᠠᠨ ᠰᠠᠨᠠᠯ ᠭᠠᠷᠭᠠᠬᠤ ᠬᠡᠷᠡᠭᠳᠠᠢ︔ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ ᠬᠢᠭᠰᠡᠨ ᠦᠭᠡᠶ | ᠪᠤᠶᠤ ᠬᠢᠨᠠᠨ ᠪᠠᠶᠢᠴᠠᠭᠠᠣᠨ ᠬᠠᠣᠯᠢ ᠶᠣᠰᠣᠨ ᠳᠤ ᠦᠯᠣ ᠨᠠᠶᠢᠴᠡᠭᠦ ᠶᠢ ᠨᠢ᠂ ᠬᠠᠮᠲᠤ ᠪᠠᠷ ᠬᠢᠨᠠᠨ ᠵᠥᠪᠯᠡᠭᠦᠯᠬᠦ ᠪᠠᠷ | ᠳᠡᠪᠰᠢᠭᠦᠯᠵᠦ ᠪᠣᠯᠬᠤ ᠦᠭᠡᠢ᠃ | ᠳᠣᠯᠣᠳᠤᠭᠠᠷ ᠵᠦᠢᠯ ᠲᠣᠭᠤᠷᠪᠢᠬᠤ ᠠᠭᠤᠯᠭ᠎ᠠ ᠨᠢ ᠵᠠᠬ᠎ᠠ ᠳᠡᠯᠭᠡᠭᠦᠷ ᠲᠤ ᠵᠥᠪᠰᠢᠶᠡᠷᠡᠨ ᠤᠷᠤᠭᠤᠯᠬᠤ᠂ ᠠᠵᠤ | ᠦᠢᠯᠡᠰ ᠤᠨ ᠬᠥᠭᠵᠢᠯᠲᠡ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ ᠳᠠᠭᠠᠭᠠᠴᠢᠯᠠᠯᠲᠠ ᠵᠠᠷᠯᠠᠬᠤ | ᠳᠠᠭᠠᠭᠠᠴᠢᠯᠠᠯᠲᠠ ᠭᠦᠯᠢᠶᠡᠭᠦ᠂ ᠵᠠᠰᠠᠭ ᠤᠨ ᠣᠷᠳᠣᠨ ᠤ ᠬᠤᠳᠠᠯᠳᠤᠨ ᠠᠪᠬᠤ᠂ ᠡᠵᠡᠩᠨᠡᠯᠲᠡ ᠶᠢᠨ ᠠᠵᠢᠯᠯᠠᠭᠠᠨ ᠤ | ᠵᠢᠷᠤᠮᠵᠢᠯ᠂ ᠬᠢᠷᠢ ᠴᠢᠳᠠᠮᠵᠢ ᠶᠢᠨ ᠪᠠᠷᠢᠮᠵᠢᠶ᠎ᠠ ᠵᠡᠷᠭᠡ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠵᠤ ᠠᠬᠤᠶ ᠶᠢᠨ | ᠠᠵᠢᠯᠯᠠᠭ᠎ᠠ ᠳᠤ ᠬᠤᠯᠪᠣᠭᠳᠠᠬᠰᠠᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ | ᠪᠢᠴᠢᠭ ᠮᠠᠲ᠋ᠧᠷᠢᠶᠠᠯ ᠢ᠂ ᠲᠣᠭᠤᠷᠪᠢᠬᠤ ᠰᠠᠯᠠᠭ᠎ᠠ ᠮᠥᠴᠢᠷ ᠠᠴᠠ ᠭᠤᠤᠯᠴᠢ ᠥᠷᠢᠰᠥᠯᠳᠦᠭᠡᠨ ᠤ ᠬᠢᠨᠠᠨ ᠪᠠᠶᠢᠴᠠᠭᠠᠯᠳᠠ | ᠬᠢᠭᠦ ᠶᠢᠨ ᠬᠠᠮᠳᠣ᠂ ᠭᠤᠤᠯᠴᠢ ᠥᠷᠢᠰᠥᠯᠳᠦᠭᠡᠨ ᠤ ᠬᠢᠨᠠᠨ ᠪᠠᠶᠢᠴᠠᠭᠠᠯᠳᠠ ᠶᠢᠨ ᠲᠣᠳᠣᠷᠬᠠᠶᠢᠯᠠᠯᠲᠠ ᠬᠢᠭᠦ | ᠬᠡᠷᠡᠭᠲᠡᠶ᠃ | ᠨᠠᠢᠮᠠᠳᠣᠭᠠᠷ ᠵᠦᠢᠯ ᠲᠣᠭᠤᠷᠪᠢᠬᠤ ᠰᠠᠯᠠᠭ᠎ᠠ ᠮᠦᠴᠢᠷ ᠨᠢ ᠥᠪᠡᠷᠲᠡᠭᠡᠨ ᠵᠠᠰᠠᠬᠤ ᠣᠷᠣᠨ ᠤ ᠠᠷᠠᠣᠨ ᠤᠨ | ᠵᠠᠰᠠᠭ ᠤᠨ ᠣᠷᠳᠣᠨ ᠳᠤ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠪᠢᠴᠢᠭ | ᠮᠠᠲ᠋ᠧᠷᠢᠶᠠᠯ ᠢᠶᠠᠨ ᠮᠡᠳᠡᠭᠦᠯᠦᠨ ᠬᠦᠷᠭᠡᠭᠦ ᠳᠤ ᠪᠠᠨ᠂ ᠬᠦᠷᠭᠡᠨ ᠬᠢᠨᠠᠭᠤᠯᠬᠤ ᠡᠭᠡ ᠪᠢᠴᠢᠭ ᠵᠢᠴᠢ ᠲᠣᠭᠤᠷᠪᠢᠬᠤ | ᠲᠣᠳᠣᠷᠬᠠᠶᠢᠯᠠᠯ᠂ ᠰᠠᠨᠠᠯ ᠬᠤᠷᠢᠶᠠᠭᠰᠠᠨ ᠪᠠᠶᠢᠳᠠᠯ ︵ᠰᠠᠯᠠᠭ᠎ᠠ ᠮᠥᠴᠢᠷ ᠤᠨ ᠪᠢᠴᠢᠭᠯᠡᠭᠰᠡᠨ ᠰᠠᠨᠠᠯ ᠪᠠᠭᠳᠠᠨ᠎ᠠ︶᠂ | ᠲᠣᠭᠲᠠᠭᠠᠬᠤ ᠦᠨᠳᠦᠰᠣᠯᠡᠯ᠂ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠭᠰᠠᠨ ᠰᠠᠨᠠᠯ᠂ ᠭᠤᠤᠯᠴᠢ | ᠥᠷᠢᠰᠥᠯᠳᠦᠭᠡᠨ ᠤ ᠬᠢᠨᠠᠨ ᠪᠠᠶᠢᠴᠠᠭᠠᠯᠳᠠ ᠶᠢᠨ ᠲᠣᠳᠣᠷᠬᠠᠶᠢᠯᠠᠯ ᠵᠡᠷᠭᠡ ᠬᠠᠮᠢᠶ᠎ᠠ ᠪᠦᠬᠦᠢ ᠮᠠᠲ᠋ᠧᠷᠢᠶᠠᠯ ᠤᠳ ᠢ | ᠵᠡᠷᠭᠡ ᠳᠤ ᠨᠢ ᠮᠡᠳᠡᠭᠦᠯᠵᠣ ᠬᠦᠷᠭᠡᠬᠦ ᠶᠢᠨ ᠬᠠᠮᠳᠣ᠂ ᠮᠠᠲ᠋ᠧᠷᠢᠶᠠᠯ ᠤᠨ ᠪᠦᠷᠢᠨ ᠲᠦᠭᠦᠷ ᠴᠢᠨᠠᠷ ᠪᠠ ᠵᠢᠷᠤᠮᠵᠢᠯ ᠤᠨ | ᠴᠢᠨᠠᠷ ᠢ ᠪᠠᠳᠣᠯᠠᠬᠤ ᠬᠡᠷᠩᠳᠠᠢ᠃ | ᠶᠢᠰᠦᠳᠦᠭᠡᠷ ᠵᠦᠢᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ | ︵ᠳᠣᠷᠣᠭᠰᠢ ᠵᠠᠰᠠᠭ ᠤᠨ ᠣᠷᠳᠣᠨ ᠤ ᠠᠯᠪᠠᠨ ᠲᠢᠩᠬᠢᠮ ᠭᠡᠵᠣ ᠲᠣᠪᠴᠢᠯᠠᠨ᠎ᠠ︶᠂ ᠲᠣᠭᠤᠷᠪᠢᠬᠤ ᠰᠠᠯᠠᠭ᠎ᠠ | ᠮᠥᠴᠢᠷ ᠤᠨ ᠮᠡᠳᠡᠭᠦᠯᠵᠣ ᠬᠦᠷᠭᠡᠭᠰᠡᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ | ᠪᠢᠴᠢᠭ ᠮᠠᠲ᠋ᠧᠷᠢᠶᠠᠯ ᠵᠢᠴᠢ ᠬᠠᠮᠢᠶ᠎ᠠ ᠪᠦᠬᠦᠢ ᠮᠠᠲ᠋ᠧᠷᠢᠶᠠᠯ ᠢ ᠣᠯᠣᠭᠰᠠᠨ ᠤ ᠲᠠᠷᠠᠭ᠎ᠠ᠂ ᠪᠢᠴᠢᠭ ᠮᠠᠲ᠋ᠧᠷᠢᠶᠠᠯ ᠤᠨ | ᠪᠦᠷᠢᠨ ᠲᠦᠭᠦᠷ ᠴᠢᠨᠠᠷ᠂ ᠵᠢᠷᠤᠮᠵᠢᠯ ᠤᠨ ᠴᠢᠨᠠᠷ ᠲᠤ ᠬᠢᠨᠠᠨ ᠪᠠᠶᠢᠴᠠᠭᠠᠯᠳᠠ ᠬᠢᠭᠦ ᠬᠡᠷᠩᠳᠠᠢ᠃ ᠮᠠᠲ᠋ᠧᠷᠢᠶᠠᠯ ᠨᠢ | ᠪᠦᠷᠢᠨ ᠭᠦᠢᠴᠡᠳ ᠦᠭᠡᠢ ᠪᠠᠶᠢᠪᠡᠯ᠂ ᠲᠣᠭᠤᠷᠪᠢᠬᠤ ᠰᠠᠯᠠᠭ᠎ᠠ ᠮᠥᠴᠢᠷ ᠲᠤ ᠨᠢ ᠡᠭᠡᠭᠦᠯᠣᠨ ᠪᠤᠴᠠᠭᠠᠵᠤ | ᠨᠥᠬᠦᠪᠥᠷᠢᠯᠡᠨ ᠵᠠᠯᠠᠷᠠᠭᠤᠯᠬᠤ ᠬᠡᠷᠡᠭᠲᠡᠶ᠃ | ᠠᠷᠪᠠᠳᠤᠭᠠᠷ ᠵᠦᠢᠯ ᠵᠠᠰᠠᠭ ᠤᠨ ᠣᠷᠳᠣᠨ ᠤ ᠠᠯᠪᠠᠨ ᠲᠢᠩᠬᠢᠮ ᠨᠢ ᠲᠣᠭᠤᠷᠪᠢᠬᠤ ᠰᠠᠯᠠᠭ᠎ᠠ ᠮᠥᠴᠢᠷ ᠤᠨ | ᠮᠡᠳᠡᠭᠦᠯᠵᠣ ᠬᠦᠷᠭᠡᠭᠰᠡᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠪᠢᠴᠢᠭ | ᠮᠠᠲ᠋ᠧᠷᠢᠶᠠᠯ ᠵᠢᠴᠢ ᠬᠠᠮᠢᠶ᠎ᠠ ᠪᠦᠬᠦᠢ ᠮᠠᠲ᠋ᠧᠷᠢᠶᠠᠯ ᠳᠤ ᠬᠢᠨᠠᠨ ᠬᠠᠷᠭᠤᠭᠤᠯᠤᠯᠳᠠ ᠬᠢᠨ᠎ᠠ᠂ ᠭᠤᠣᠯ ᠠᠭᠤᠯᠭ᠎ᠠ ᠳᠤ | ᠪᠠᠭᠲᠠᠬᠤ ᠨᠢ᠄ | ︵ᠨᠢᠭᠡ︶ ᠲᠣᠭᠲᠠᠭᠰᠠᠨ ᠳᠡᠰ ᠳᠠᠷᠠᠭᠠᠯᠠᠯ ᠢᠶᠠᠷ ᠴᠢᠩᠭ᠎ᠠ ᠲᠣᠭᠤᠷᠪᠢᠭᠰᠠᠨ ᠪᠠᠶᠢᠬᠤ ᠡᠰᠡᠭᠦ︔ | ︵ᠬᠤᠶᠠᠷ︶ ᠪᠢᠴᠢᠭ ᠮᠠᠲ᠋ᠧᠷᠢᠶᠠᠯ ᠤᠨ ᠲᠣᠭᠤᠷᠪᠢᠬᠤ ᠲᠣᠳᠣᠷᠬᠠᠶᠢᠯᠠᠯ᠂ ᠬᠤᠷᠢᠶᠠᠭᠰᠠᠨ ᠰᠠᠨᠠᠯ ᠤᠨ ᠬᠠᠷᠢᠭᠤ | ᠲᠣᠰᠬᠠᠯᠳᠠ ᠪᠠ ᠬᠥᠯᠢᠶᠡᠨ ᠠᠪᠴᠤ ᠬᠡᠷᠡᠭᠯᠡᠭᠰᠡᠨ ᠪᠠᠶᠢᠳᠠᠯ ᠵᠡᠷᠭᠡ ᠶᠢ ᠬᠠᠩᠭᠠᠭᠰᠠᠨ ᠪᠠᠶᠢᠬᠤ ᠡᠰᠡᠭᠦ︔ | ︵ᠭᠤᠷᠪᠠ︶ ᠨᠤᠲᠠᠯᠠᠯᠲᠠ ᠬᠢᠬᠦ᠂ ᠬᠡᠷᠡᠴᠢᠯᠡᠭᠡ ᠰᠣᠨᠣᠰᠬᠤ᠂ ᠲᠦᠭᠰᠢᠭᠦᠷᠢ ᠶᠢᠨ ᠦᠨᠡᠯᠡᠨ ᠵᠢᠱᠢᠯᠳᠠ ᠬᠢᠭᠦ | ᠬᠡᠷᠩᠳᠠᠢ ᠪᠣᠯ᠂ ᠨᠤᠲᠠᠯᠠᠯᠲᠠ ᠬᠢᠬᠦ᠂ ᠬᠡᠷᠡᠴᠢᠯᠡᠭᠡ ᠰᠣᠨᠣᠰᠬᠤ ᠪᠠ ᠲᠦᠭᠰᠢᠭᠦᠷᠢ ᠶᠢᠨ ᠦᠨᠡᠯᠡᠨ ᠵᠢᠱᠢᠭᠦ ᠮᠠᠲ᠋ᠧᠷᠢᠶᠠᠯ | ᠬᠠᠩᠭᠠᠬᠰᠠᠨ ᠪᠠᠶᠢᠬᠤ ᠡᠰᠡᠭᠦ︔ | ︵ᠲᠦᠷᠪᠡ︶ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠬᠰᠠᠨ ᠰᠠᠨᠠᠯ ᠪᠠ ᠭᠤᠤᠯᠴᠢ | ᠥᠷᠢᠰᠥᠯᠳᠦᠭᠡᠨ ᠤ ᠬᠢᠨᠠᠨ ᠪᠠᠶᠢᠴᠠᠭᠠᠯᠳᠠ ᠶᠢᠨ ᠲᠣᠳᠣᠷᠬᠠᠶᠢᠯᠠᠯ ᠬᠠᠩᠭᠠᠭᠰᠠᠨ ᠪᠠᠶᠢᠬᠤ ᠡᠰᠡᠬᠦ᠂ ᠬᠠᠤᠯᠢ | ᠴᠠᠭᠠᠵᠨ ᠳᠤ ᠭᠤᠣᠯ ᠬᠤᠯᠪᠣᠭᠳᠠᠭᠰᠠᠨ ᠠᠭᠤᠯᠭ᠎ᠠ ᠳᠤ ᠲᠣᠳᠣᠷᠬᠠᠶᠢᠯᠠᠯ ᠬᠢᠭᠰᠡᠨ ᠪᠠᠶᠢᠬᠤ ᠡᠰᠡᠬᠦ ᠵᠡᠷᠭᠡ ᠶᠢ | ᠪᠠᠭᠳᠠᠭᠠᠨ᠎ᠠ᠃ | ᠠᠷᠪᠠᠨ ᠨᠢᠭᠡᠳᠦᠭᠡᠷ ᠵᠦᠢᠯ ᠵᠠᠰᠠᠭ ᠤᠨ ᠣᠷᠳᠣᠨ ᠤ ᠠᠯᠪᠠᠨ ᠲᠢᠩᠬᠢᠮ ᠵᠠᠰᠠᠭ ᠤᠨ ᠣᠷᠳᠣᠨ ᠤ ᠬᠠᠤᠯᠢ | ᠲᠥᠷᠢᠮ ᠤᠨ ᠪᠠᠶᠢᠭᠤᠯᠤᠮᠵᠢ ᠳᠤ ᠬᠠᠣᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ ᠬᠢᠯᠭᠡᠭᠦ ᠪᠠᠷ ᠴᠤᠬᠤᠯᠠᠪᠤᠷᠢᠯᠠᠨ | ᠶᠠᠪᠣᠭᠤᠯᠣᠭᠰᠠᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠪᠢᠴᠢᠭ | ᠮᠠᠲ᠋ᠧᠷᠢᠶᠠᠯ ᠢ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠤᠪᠢᠳᠠᠨ ᠬᠠᠮᠢᠶᠠᠷᠬᠤ ᠤᠳᠤᠷᠢᠳᠤᠯᠭ᠎ᠠ ᠠᠴᠠ | ᠴᠣᠬᠤᠯᠠᠪᠤᠷᠢᠯᠡᠬᠤ ᠬᠡᠷᠩᠳᠠᠢ᠃ | ᠠᠷᠪᠠᠨ ᠬᠤᠶᠠᠳᠤᠭᠠᠷ ᠵᠦᠢᠯ ᠵᠠᠰᠠᠭ ᠤᠨ ᠣᠷᠳᠣᠨ ᠤ ᠬᠠᠤᠯᠢ ᠲᠥᠷᠢᠮ ᠤᠨ ᠪᠠᠶᠢᠭᠤᠯᠤᠮᠵᠢ ᠨᠢ | ᠴᠤᠬᠤᠯᠠᠪᠤᠷᠢᠯᠠᠨ ᠶᠠᠪᠣᠭᠤᠯᠣᠭᠰᠠᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ | ᠪᠢᠴᠢᠭ ᠮᠠᠲ᠋ᠧᠷᠢᠶᠠᠯ ᠢ ᠣᠯᠤᠭᠰᠠᠨ ᠪᠣᠯ᠂ ᠵᠠᠰᠠᠭ ᠤᠨ ᠣᠷᠳᠣᠨ ᠤ ᠬᠠᠤᠯᠢ ᠲᠦᠷᠢᠮ ᠤᠨ ᠪᠠᠶᠢᠭᠤᠯᠤᠮᠵᠢ ᠶᠢᠨ | ᠬᠤᠪᠢᠳᠠᠨ ᠬᠠᠮᠢᠶᠠᠷᠬᠤ ᠤᠳᠤᠷᠢᠳᠤᠯᠭ᠎ᠠ ᠠᠴᠠ ᠭᠠᠷ ᠤᠨ ᠥᠰᠥᠭ ᠵᠢᠷᠤᠵᠣ ᠴᠣᠬᠤᠯᠠᠪᠣᠷᠢᠯᠠᠬᠤ ᠬᠡᠷᠩᠳᠠᠢ︔ ᠶᠠᠭᠠᠷᠠᠣ | ᠪᠢᠴᠢᠭ ᠮᠠᠲ᠋ᠧᠷᠢᠶᠠᠯ ᠢ ᠵᠠᠰᠠᠭ ᠤᠨ ᠣᠷᠳᠣᠨ ᠤ ᠬᠠᠤᠯᠢ ᠲᠦᠷᠢᠮ ᠤᠨ ᠪᠠᠶᠢᠭᠤᠯᠤᠮᠵᠢ ᠶᠢᠨ ᠭᠤᠣᠯ ᠤᠳᠤᠷᠢᠳᠤᠯᠭ᠎ᠠ | ᠭᠠᠷ ᠤᠨ ᠥᠰᠥᠭ ᠵᠢᠷᠤᠵᠤ ᠴᠣᠬᠤᠯᠠᠪᠣᠷᠢᠯᠡᠬᠤ ᠬᠡᠷᠩᠳᠠᠢ᠃ | ᠠᠷᠪᠠᠨ ᠭᠤᠷᠪᠠᠳᠤᠭᠠᠷ ᠵᠦᠢᠯ ᠵᠠᠰᠠᠭ ᠤᠨ ᠣᠷᠳᠣᠨ ᠤ ᠬᠠᠤᠯᠢ ᠲᠥᠷᠢᠮ ᠤᠨ ᠪᠠᠶᠢᠭᠤᠯᠤᠮᠵᠢ ᠶᠢᠨ ᠬᠤᠷᠢᠶᠠᠵᠤ | ᠣᠯᠤᠭᠰᠠᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠲᠥᠷᠥᠯ ᠤᠨ ᠪᠢᠴᠢᠭ ᠮᠠᠲ᠋ᠧᠷᠢᠶᠠᠯ ᠪᠤᠯ᠂ ᠲᠣᠭᠤᠷᠪᠢᠬᠤ | ᠰᠠᠯᠠᠭ᠎ᠠ ᠮᠥᠴᠢᠷ ᠨᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠵᠠᠰᠠᠭ | ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠡᠰ ᠳᠠᠷᠠᠭᠠᠯᠠᠯ ᠤᠨ ᠲᠣᠭᠲᠠᠭᠠᠯ︾ ᠤᠨ ᠱᠠᠭᠠᠷᠳᠠᠯᠭ᠎ᠠ | ᠶᠣᠰᠣᠭᠠᠷ ᠣᠯᠠᠨ ᠨᠡᠶᠢᠲᠡ ᠪᠠᠷ ᠢᠶᠠᠨ ᠣᠷᠣᠯᠴᠠᠬᠤ᠂ ᠲᠤᠰᠬᠠᠶ ᠮᠡᠷᠭᠡᠵᠢᠯᠲᠡᠨ ᠢᠶᠠᠷ ᠨᠤᠲᠠᠯᠠᠭᠤᠯᠬᠤ᠂ ᠲᠦᠭᠰᠢᠭᠦᠷᠢ ᠶᠢ | ᠦᠨᠡᠯᠡᠨ ᠵᠢᠱᠢᠭᠦ᠂ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠳᠠ ᠪᠠ ᠬᠠᠮᠲᠤ ᠪᠠᠷ ᠶᠠᠷᠢᠯᠴᠠᠬᠤ ᠳᠡᠰ | ᠳᠠᠷᠠᠭᠠᠯᠠᠯ ᠢ ᠭᠦᠢᠴᠡᠣᠡᠭᠡᠭᠰᠠᠨ ᠦᠭᠡᠢ᠂ ᠲᠤᠰᠢᠶᠠᠬᠰᠠᠨ ᠮᠠᠲ᠋ᠧᠷᠢᠶᠠᠯ ᠨᠢ ᠪᠦᠷᠢᠨ ᠭᠦᠢᠴᠡᠳ ᠪᠢᠰᠢ ᠪᠠᠶᠢᠪᠡᠯ᠂ | ᠵᠠᠰᠠᠭ ᠤᠨ ᠣᠷᠳᠣᠨ ᠤ ᠬᠠᠤᠯᠢ ᠲᠦᠷᠢᠮ ᠤᠨ ᠪᠠᠶᠢᠭᠤᠯᠤᠮᠵᠢ ᠨᠢ ᠲᠣᠭᠤᠷᠪᠢᠬᠤ ᠰᠠᠯᠠᠭ᠎ᠠ ᠮᠥᠴᠢᠷ ᠲᠤ ᠡᠭᠡᠭᠦᠯᠣᠨ | ᠪᠤᠴᠠᠭᠠᠬᠤ ᠪᠠᠷ ᠰᠠᠨᠠᠭᠤᠯᠵᠣ᠂ ᠲᠣᠭᠤᠷᠪᠢᠬᠤ ᠰᠠᠯᠠᠭ᠎ᠠ ᠮᠥᠴᠢᠷ ᠨᠢ ᠨᠥᠬᠦᠪᠥᠷᠢᠯᠡᠨ ᠲᠡᠭᠦᠯᠳᠡᠷᠵᠢᠭᠦᠯᠣᠭ᠍ᠰᠡᠨ ᠤ | ᠳᠠᠷᠠᠭ᠎ᠠ ᠳᠠᠬᠢᠵᠤ ᠮᠡᠳᠡᠭᠦᠯᠦᠨ ᠬᠦᠷᠭᠡᠬᠦ ᠬᠡᠷᠡᠭᠲᠡᠶ᠃ | ᠠᠷᠪᠠᠨ ᠳᠥᠷᠪᠡᠳᠦᠭᠡᠷ ᠵᠦᠢᠯ ᠵᠠᠰᠠᠭ ᠤᠨ ᠣᠷᠳᠣᠨ ᠤ ᠬᠠᠤᠯᠢ ᠲᠦᠷᠢᠮ ᠤᠨ ᠪᠠᠶᠢᠭᠤᠯᠤᠮᠵᠢ ᠨᠢ ᠥᠪᠡᠷᠲᠡᠭᠡᠨ | ᠵᠠᠰᠠᠬᠤ ᠣᠷᠣᠨ ᠤ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠪᠢᠴᠢᠭ ᠮᠠᠲ᠋ᠧᠷᠢᠶᠠᠯ ᠢ ᠬᠢᠨᠠᠨ ᠪᠠᠶᠢᠴᠠᠭᠠᠬᠤ ᠳᠤ | ᠲᠣᠣᠷᠠᠬᠢ ᠴᠠᠭ ᠬᠢᠵᠠᠭᠠᠷ ᠤᠨ ᠲᠣᠭᠳᠠᠭᠠᠯ ᠢ ᠵᠢᠷᠤᠮᠯᠠᠬᠤ ᠬᠡᠷᠡᠭᠲᠡᠶ᠄ | ︵ᠨᠢᠭᠡ︶ ᠡᠩ ᠤᠨ ᠪᠢᠴᠢᠭ ᠮᠠᠲ᠋ᠧᠷᠢᠶᠠᠯ ᠢ 10 ᠠᠵᠢᠯᠯᠠᠬᠤ ᠡᠳᠦᠷ ᠤᠨ ᠳᠣᠲᠣᠷ᠎ᠠ ᠪᠡᠶᠡᠯᠡᠭᠦᠯᠬᠦ | ᠬᠡᠷᠡᠭᠲᠡᠶ︔ | ︵ᠬᠤᠶᠠᠷ︶ ᠲᠤᠰᠬᠠᠶ ᠮᠡᠷᠭᠡᠵᠢᠯ ᠤᠨ ᠴᠢᠨᠠᠷ ᠢᠶᠠᠷ ᠴᠢᠩᠭ᠎ᠠ᠂ ᠬᠠᠤᠯᠢ ᠴᠠᠭᠠᠵᠠ ᠶᠢᠨ ᠬᠠᠷᠢᠴᠠᠭ᠎ᠠ ᠪᠠᠷ ᠨᠠᠷᠢᠨ | ᠪᠤᠳᠤᠯᠢᠶᠠᠨᠲᠠᠶ ᠪᠣᠯᠬᠤ ᠬᠦᠴᠢᠷ ᠲᠦᠪᠡᠭᠲᠡᠶ ᠪᠢᠴᠢᠭ ᠮᠠᠲ᠋ᠧᠷᠢᠶᠠᠯ ᠢ 20 ᠠᠵᠢᠯᠯᠠᠬᠤ ᠡᠳᠦᠷ ᠤᠨ ᠳᠣᠲᠣᠷ᠎ᠠ | ᠪᠡᠶᠡᠯᠡᠭᠦᠯᠬᠦ ᠬᠡᠷᠡᠭᠲᠡᠶ︔ | ︵ᠭᠤᠷᠪᠠ︶ ᠶᠠᠭᠠᠷᠠᠣ ᠮᠠᠲ᠋ᠧᠷᠢᠶᠠᠯ ᠢ ᠤᠳᠤᠷᠢᠳᠤᠯᠭ᠎ᠠ ᠶᠢᠨ ᠴᠣᠬᠤᠯᠠᠪᠤᠷᠢᠯᠠᠭᠰᠠᠨ ᠴᠠᠭ ᠬᠢᠵᠠᠭᠠᠷ ᠤᠨ | ᠱᠠᠭᠠᠷᠳᠠᠯᠭ᠎ᠠ ᠶᠣᠰᠣᠭᠠᠷ ᠪᠡᠶᠡᠯᠡᠭᠦᠯᠬᠦ ᠬᠡᠷᠡᠭᠲᠡᠶ᠃ | ᠠᠷᠪᠠᠨ ᠲᠠᠪᠤᠳᠤᠭᠠᠷ ᠵᠦᠢᠯ ᠵᠠᠰᠠᠭ ᠤᠨ ᠣᠷᠳᠣᠨ ᠤ ᠬᠠᠤᠯᠢ ᠲᠥᠷᠢᠮ ᠤᠨ ᠪᠠᠶᠢᠭᠤᠯᠤᠮᠵᠢ ᠨᠢ ᠥᠪᠡᠷᠲᠡᠭᠡᠨ | ᠵᠠᠰᠠᠬᠤ ᠣᠷᠣᠨ ᠤ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠪᠢᠴᠢᠭ ᠮᠠᠲ᠋ᠧᠷᠢᠶᠠᠯ ᠢ ᠬᠢᠨᠠᠨ ᠪᠠᠶᠢᠴᠠᠭᠠᠬᠤ | ᠶᠠᠪᠤᠴᠠ ᠳᠤ᠂ ᠲᠣᠭᠤᠷᠪᠢᠬᠤ ᠰᠠᠯᠠᠭ᠎ᠠ ᠮᠥᠴᠢᠷ ᠢᠶᠠᠷ ᠮᠠᠲ᠋ᠧᠷᠢᠶᠠᠯ ᠨᠥᠬᠦᠪᠥᠷᠢᠯᠡᠭᠦᠯᠭᠦ ᠪᠠ ᠪᠠᠶᠢᠳᠠᠯ ᠢ | ᠲᠣᠳᠣᠷᠬᠠᠶᠢᠯᠠᠭᠤᠯᠬᠤ ᠴᠢᠬᠤᠯᠠᠲᠠᠶ ᠪᠣᠯ᠂ ᠵᠠᠰᠠᠭ ᠤᠨ ᠣᠷᠳᠣᠨ ᠤ ᠬᠠᠤᠯᠢ ᠲᠥᠷᠢᠮ ᠤᠨ ᠪᠠᠶᠢᠭᠤᠯᠤᠮᠵᠢ ᠨᠢ | ᠵᠠᠰᠠᠭ ᠤᠨ ᠣᠷᠳᠣᠨ ᠤ ᠠᠯᠪᠠᠨ ᠲᠢᠩᠬᠢᠮ ᠪᠣᠯᠣᠨ ᠲᠣᠭᠤᠷᠪᠢᠬᠤ ᠰᠠᠯᠠᠭ᠎ᠠ ᠮᠥᠴᠢᠷ ᠲᠤ ᠰᠠᠨᠠᠭᠤᠯᠭ᠎ᠠ ᠭᠠᠷᠭᠠᠬᠤ | ᠬᠡᠷᠡᠭᠲᠡᠶ᠃ | ᠳᠡᠭᠡᠷ᠎ᠡ ᠳᠤᠷᠠᠳᠤᠭᠰᠠᠨ ᠴᠠᠭ ᠬᠤᠭᠤᠴᠠᠭ᠎ᠠ ᠶᠢ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠳᠠ ᠶᠢᠨ | ᠴᠠᠭ ᠬᠢᠵᠠᠭᠠᠷ ᠤᠨ ᠳᠣᠲᠣᠷ᠎ᠠ ᠪᠤᠳᠤᠵᠤ ᠣᠷᠣᠭᠤᠯᠬᠤ ᠦᠭᠡᠢ᠃ | ᠠᠷᠪᠠᠨ ᠵᠢᠷᠭᠤᠳᠤᠭᠠᠷ ᠵᠦᠢᠯ ᠵᠠᠰᠠᠭ ᠤᠨ ᠣᠷᠳᠣᠨ ᠤ ᠬᠠᠤᠯᠢ ᠲᠥᠷᠢᠮ ᠤᠨ ᠪᠠᠶᠢᠭᠤᠯᠤᠮᠵᠢ ᠨᠢ ᠥᠪᠡᠷᠲᠡᠭᠡᠨ | ᠵᠠᠰᠠᠬᠤ ᠣᠷᠣᠨ ᠤ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠪᠢᠴᠢᠭ ᠮᠠᠲ᠋ᠧᠷᠢᠶᠠᠯ ᠢ ᠬᠢᠨᠠᠨ ᠪᠠᠶᠢᠴᠠᠭᠠᠬᠤ | ᠶᠠᠪᠤᠴᠠ ᠳᠤ᠂ ᠪᠢᠴᠢᠭ ᠮᠠᠲ᠋ᠧᠷᠢᠶᠠᠯ ᠳᠤ ᠯᠣᠭᠢᠭ ᠴᠢᠨᠠᠷ ᠢᠶᠠᠷ ᠴᠢᠩᠭ᠎ᠠ ᠪᠢᠰᠢ᠂ ᠪᠦᠲᠦᠴᠡ ᠨᠢ ᠨᠠᠷᠢᠨ ᠨᠢᠭᠲᠠ ᠪᠢᠰᠢ᠂ | ᠪᠣᠳᠠᠲᠤ ᠴᠢᠨᠠᠷᠳᠠᠢ ᠠᠭᠤᠯᠭ᠎ᠠ ᠪᠠᠶᠢᠬᠤ ᠦᠭᠡᠢ᠂ ᠦᠰᠦᠭ ᠪᠢᠴᠢᠭ ᠤᠨ ᠢᠯᠡᠳᠬᠡᠮᠵᠢ ᠨᠢ ᠵᠢᠷᠤᠮᠵᠢᠯ ᠦᠭᠡᠢ ᠵᠡᠷᠭᠡ | ᠴᠢᠨᠠᠷ ᠴᠢᠨᠰᠠᠭ᠎ᠠ ᠶᠢᠨ ᠠᠰᠠᠭᠤᠳᠠᠯ ᠣᠷᠣᠰᠢᠵᠣ ᠪᠠᠶᠢᠬᠤ ᠶᠢ ᠣᠯᠵᠣ ᠮᠡᠳᠡᠭᠡᠣᠨ᠂ ᠲᠣᠭᠳᠠᠭᠠᠵᠣ ᠲᠠᠷᠬᠠᠭᠠᠬᠤ | ᠨᠥᠬᠦᠴᠡᠯ ᠪᠦᠷᠢᠯᠳᠦᠭᠰᠡᠨ ᠦᠭᠡᠢ ᠪᠣᠯ᠂ ᠵᠠᠰᠠᠭ ᠤᠨ ᠣᠷᠳᠣᠨ ᠤ ᠠᠯᠪᠠᠨ ᠲᠢᠩᠬᠢᠮ ᠠᠴᠠ ᠲᠣᠭᠤᠷᠪᠢᠬᠤ ᠰᠠᠯᠠᠭ᠎ᠠ | ᠮᠥᠴᠢᠷ ᠲᠤ ᠡᠭᠡᠭᠦᠯᠣᠨ ᠪᠣᠴᠠᠭᠠᠬᠤ ᠪᠠᠷ ᠰᠠᠨᠠᠭᠤᠯᠵᠣ᠂ ᠲᠣᠭᠤᠷᠪᠢᠬᠤ ᠰᠠᠯᠠᠭ᠎ᠠ ᠮᠥᠴᠢᠷ ᠨᠢ ᠵᠠᠰᠠᠪᠤᠷᠢ | ᠣᠷᠣᠭᠤᠯᠤᠭᠰᠠᠨ ᠤ ᠳᠠᠷᠠᠭ᠎ᠠ ᠳᠠᠬᠢᠵᠤ ᠮᠡᠳᠡᠭᠦᠯᠭᠦ ᠬᠡᠷᠡᠭᠲᠡᠶ᠃ | ᠠᠷᠪᠠᠨ ᠳᠣᠯᠣᠳᠤᠭᠠᠷ ᠵᠦᠢᠯ ᠵᠠᠰᠠᠭ ᠤᠨ ᠣᠷᠳᠣᠨ ᠤ ᠬᠠᠤᠯᠢ ᠲᠥᠷᠢᠮ ᠤᠨ ᠪᠠᠶᠢᠭᠤᠯᠤᠮᠵᠢ ᠨᠢ ᠥᠪᠡᠷᠲᠡᠭᠡᠨ | ᠵᠠᠰᠠᠬᠤ ᠣᠷᠣᠨ ᠤ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠪᠢᠴᠢᠭ ᠮᠠᠲ᠋ᠧᠷᠢᠶᠠᠯ ᠤᠨ ᠲᠣᠣᠷᠠᠬᠢ ᠵᠦᠢᠯᠡᠰ ᠲᠤ | ᠬᠢᠨᠠᠨ ᠪᠠᠶᠢᠴᠠᠭᠠᠯᠳᠠ ᠬᠢᠭᠦ ᠬᠡᠷᠡᠭᠲᠡᠶ᠄ | ︵ᠨᠢᠭᠡ︶ ᠬᠠᠤᠯᠢ ᠪᠠᠷ ᠲᠣᠭᠲᠠᠭᠠᠭᠰᠠᠨ ᠡᠷᠬᠡ ᠬᠢᠵᠠᠭᠠᠷ ᠲᠤ ᠨᠡᠶᠢᠴᠡᠬᠦ ᠡᠰᠡᠬᠦ︔ | ︵ᠬᠤᠶᠠᠷ︶ ᠬᠠᠤᠯᠢ ᠴᠠᠭᠠᠵᠠ᠂ ᠬᠠᠤᠯᠢ ᠲᠣᠭᠲᠠᠭᠠᠯ᠂ ᠲᠣᠭᠲᠠᠭᠠᠯ ᠲᠥᠷᠢᠮ ᠵᠢᠴᠢ ᠳᠡᠭᠡᠳᠦ ᠪᠠᠶᠢᠷᠢ ᠶᠢᠨ | ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠯᠤᠭ᠎ᠠ ᠬᠠᠷᠢᠯᠴᠠᠨ ᠬᠠᠷᠰᠢᠯᠳᠤᠬᠤ ᠡᠰᠡᠬᠦ︔ | ︵ᠭᠤᠷᠪᠠ︶ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠷᠤᠮᠵᠢᠯ ᠤᠨ ᠴᠢᠨᠠᠷᠲᠠᠶ ᠪᠢᠴᠢᠭ | ᠮᠠᠲ᠋ᠧᠷᠢᠶᠠᠯ ᠲᠣᠭᠲᠠᠭᠠᠬᠤ ᠪᠠ ᠳᠠᠩᠰᠠᠯᠠᠵᠣ ᠬᠢᠨᠠᠯᠲᠠ ᠲᠠᠯᠪᠢᠬᠤ ᠠᠷᠭ᠎ᠠ︾ ᠪᠣᠶᠣ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠡᠰ | ᠳᠠᠷᠠᠭᠠᠯᠠᠯ ᠤᠨ ᠲᠣᠭᠲᠠᠭᠠᠯ︾ ᠤᠨ ᠳᠡᠰ ᠳᠠᠷᠠᠭᠠᠯᠠᠯ ᠳᠤ ᠨᠠᠶᠢᠴᠡᠭᠦ ᠡᠰᠡᠭᠦ︔ | ︵ᠲᠦᠷᠪᠠ︶ ᠭᠤᠣᠯ ᠠᠭᠤᠯᠭ᠎ᠠ ᠨᠢ ᠵᠣᠬᠢᠰᠲᠠᠢ ᠪᠠᠶᠢᠬᠤ ᠡᠰᠡᠬᠦ︔ | ︵ᠲᠠᠪᠤ︶ ᠳᠡᠭᠡᠳᠦ ᠪᠠᠶᠢᠷᠢ ᠶᠢᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠳᠡᠷᠨ ᠬᠡᠪ ᠢᠶᠠᠷ ᠨᠢ | ᠬᠠᠭᠤᠯᠵᠣ ᠨᠡᠭᠦᠯᠭᠡᠨ ᠬᠡᠷᠩᠯᠡᠵᠣ ᠳᠡᠮᠵᠢᠭᠤᠯᠣᠭᠰᠠᠨ ᠪᠠᠶᠢᠬᠤ ᠡᠰᠡᠭᠦ︔ | ︵ᠵᠢᠷᠭᠤᠭ᠎ᠠ︶ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠤᠰᠤᠳ ᠪᠢᠴᠢᠭ | ᠮᠠᠲ᠋ᠧᠷᠢᠶᠠᠯ ᠯᠤᠭ᠎ᠠ ᠬᠠᠷᠢᠯᠴᠠᠨ ᠮᠦᠷᠭᠦᠯᠳᠣᠨ ᠬᠠᠷᠭᠤᠭᠰᠠᠨ ᠪᠠᠶᠢᠬᠤ ᠡᠰᠡᠬᠦ︔ | ︵ᠳᠣᠯᠤᠭ᠎ᠠ︶ ᠪᠤᠰᠤᠳ ᠬᠢᠨᠠᠨ ᠪᠠᠶᠢᠴᠠᠭᠠᠬᠤ ᠴᠢᠬᠤᠯᠠᠳᠠᠢ ᠵᠦᠢᠯᠡᠰ᠃ | ᠠᠷᠪᠠᠨ ᠨᠠᠢᠮᠠᠳᠣᠭᠠᠷ ᠵᠦᠢᠯ ᠵᠠᠰᠠᠭ ᠤᠨ ᠣᠷᠳᠣᠨ ᠤ ᠬᠠᠤᠯᠢ ᠲᠥᠷᠢᠮ ᠤᠨ ᠪᠠᠶᠢᠭᠤᠯᠤᠮᠵᠢ ᠨᠢ ᠥᠪᠡᠷᠲᠡᠭᠡᠨ | ᠵᠠᠰᠠᠬᠤ ᠣᠷᠣᠨ ᠤ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠪᠢᠴᠢᠭ ᠮᠠᠲ᠋ᠧᠷᠢᠶᠠᠯ ᠢ ᠬᠢᠨᠠᠨ ᠪᠠᠶᠢᠴᠠᠭᠠᠬᠤ ᠳᠤ | ᠪᠢᠴᠢᠭ ᠤᠨ ᠬᠡᠯᠪᠡᠷᠢ ᠶᠢᠨ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠳᠠ ᠶᠢᠨ ᠰᠠᠨᠠᠯ ᠤᠨ ᠪᠢᠴᠢᠭ | ᠵᠣᠬᠢᠶᠠᠬᠤ ᠶᠢᠨ ᠬᠠᠮᠲᠤ᠂ ᠲᠣᠣᠷᠠᠬᠢ ᠲᠣᠭᠲᠠᠭᠠᠯ ᠶᠣᠰᠣᠭᠠᠷ ᠰᠠᠨᠠᠭᠤᠯᠭ᠎ᠠ ᠳᠤᠷᠠᠳᠬᠤ ᠬᠡᠷᠡᠭᠲᠡᠶ᠄ | ︵ᠨᠢᠭᠡ︶ ᠠᠭᠤᠯᠭ᠎ᠠ ᠨᠢ ᠬᠠᠤᠯᠢ ᠶᠣᠰᠣᠨ ᠳᠤ ᠨᠠᠶᠢᠴᠡᠪᠡᠯ᠂ ᠬᠠᠤᠯᠢ ᠴᠠᠭᠠᠵᠠ᠂ ᠬᠠᠣᠯᠢ ᠲᠣᠭᠳᠠᠭᠠᠯ᠂ | ᠲᠣᠭᠲᠠᠭᠠᠯ ᠲᠥᠷᠢᠮ ᠵᠢᠴᠢ ᠳᠡᠭᠡᠳᠦ ᠪᠠᠶᠢᠷᠢ ᠶᠢᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠲᠣᠭᠳᠠᠭᠠᠯ ᠳᠤ | ᠨᠠᠶᠢᠴᠡᠭᠦ ᠰᠠᠨᠠᠯ ᠲᠣᠷᠠᠳᠣᠨ᠎ᠠ︔ | ︵ᠬᠤᠶᠠᠷ︶ ᠡᠷᠬᠡ ᠬᠢᠵᠠᠭᠠᠷ ᠠᠴᠠ ᠳᠠᠪᠠᠵᠣ᠂ ᠭᠤᠣᠯ ᠠᠭᠤᠯᠭ᠎ᠠ ᠨᠢ ᠬᠠᠤᠯᠢ ᠠᠴᠠ ᠵᠥᠷᠢᠴᠡᠭᠰᠡᠨ ᠪᠤᠶᠤ | ᠲᠦᠰᠣᠪᠯᠡᠨ ᠲᠣᠭᠲᠠᠭᠠᠬᠰᠠᠨ ᠭᠤᠣᠯ ᠲᠥᠷᠢᠮ ᠪᠠ ᠠᠷᠭ᠎ᠠ ᠬᠡᠮᠵᠢᠶ᠎ᠡ ᠨᠢ ᠢᠯᠡᠷᠭᠡᠢ ᠵᠦᠢ ᠵᠣᠬᠢᠰ ᠦᠭᠡᠢ ᠪᠠᠶᠢᠢᠪᠠᠯ᠂ | ᠲᠤᠰ ᠪᠢᠴᠢᠭ ᠮᠠᠲ᠋ᠧᠷᠢᠶᠠᠯ ᠢ ᠲᠣᠭᠲᠠᠭᠠᠬᠤ ᠥᠭᠡᠢ ᠰᠠᠨᠠᠭᠤᠯᠭ᠎ᠠ ᠭᠠᠷᠭᠠᠨ᠎ᠠ︔ | ︵ᠭᠤᠷᠪᠠ︶ ᠬᠡᠰᠡᠭ ᠠᠭᠤᠯᠭ᠎ᠠ ᠨᠢ ᠬᠠᠤᠯᠢ ᠴᠠᠭᠠᠵᠠ᠂ ᠬᠠᠣᠯᠢ ᠲᠣᠭᠳᠠᠭᠠᠯ᠂ ᠲᠣᠭᠲᠠᠭᠠᠯ ᠳᠦᠷᠢᠮ ᠤᠨ | ᠲᠣᠭᠳᠠᠭᠠᠯ ᠯᠤᠭ᠎ᠠ ᠪᠦᠷᠢᠮᠦᠰᠦᠨ ᠨᠢᠭᠡᠳᠣᠯ ᠦᠭᠡᠢ ᠪᠠᠶᠢᠵᠣ᠂ ᠭᠡᠪᠡᠴᠣ ᠨᠡᠶᠢᠭᠡᠮ ᠨᠡᠶᠢᠲᠡ ᠶᠢᠨ ᠠᠰᠢᠭ ᠲᠤᠰᠠ ᠳᠤ | ᠨᠡᠶᠢᠴᠡᠵᠣ᠂ ᠥᠭᠡᠷᠡᠴᠢᠯᠡᠯᠲᠡ ᠶᠢᠨ ᠴᠢᠭᠯᠡᠯ ᠪᠤᠶᠤ ᠥᠪᠡᠷᠲᠡᠭᠡᠨ ᠵᠠᠰᠠᠬᠤ ᠣᠷᠣᠨ ᠤ ᠪᠣᠳᠠᠳᠠᠢ ᠲᠠᠢ ᠨᠠᠶᠢᠴᠡᠵᠣ᠂ | ᠵᠠᠰᠠᠭ ᠵᠠᠬᠢᠷᠭᠠᠨ ᠤ ᠬᠠᠷᠢᠴᠠᠩᠭᠤᠶ ᠬᠥᠮᠦᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠳᠤ ᠠᠰᠢᠭᠲᠠᠶ ᠪᠣᠯ᠂ | ᠳᠡᠭᠡᠳᠦ ᠪᠠᠶᠢᠷᠢ ᠶᠢᠨ ᠬᠠᠤᠯᠢ ᠲᠣᠭᠲᠠᠭᠠᠯ ᠯᠤᠭ᠎ᠠ ᠠᠳᠠᠯᠢ ᠪᠣᠰᠣ ᠶᠢᠨ ᠰᠠᠨᠠᠯ ᠢ ᠲᠣᠷᠠᠣᠡᠬᠤ ᠶᠢᠨ ᠬᠠᠮᠳᠣ᠂ ᠲᠤᠰ | ᠭᠠᠵᠠᠷ ᠣᠷᠣᠨ ᠤ ᠪᠠᠨ ᠪᠣᠳᠠᠲᠤ ᠪᠠᠶᠢᠳᠠᠯ ᠢᠶᠠᠨ ᠲᠣᠳᠣᠷᠬᠠᠶᠢᠯᠠᠬᠤ ᠬᠡᠷᠡᠭᠲᠡᠢ᠃ | ︵ᠲᠦᠷᠪᠡ︶ ᠳᠡᠭᠡᠳᠦ ᠪᠠᠶᠢᠷᠢ ᠶᠢᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠳᠡᠷᠨ ᠬᠡᠪ ᠢᠶᠠᠷ ᠨᠢ | ᠬᠠᠭᠤᠯᠵᠣ ᠨᠡᠭᠦᠯᠭᠡᠨ ᠬᠡᠷᠩᠯᠡᠵᠣ ᠳᠡᠮᠵᠢᠭᠤᠯᠣᠭᠰᠠᠨ ᠪᠣᠯ᠂ ᠲᠤᠰ ᠪᠢᠴᠢᠭ ᠮᠠᠲ᠋ᠧᠷᠢᠶᠠᠯ ᠢ ᠲᠣᠭᠲᠠᠭᠠᠬᠤ ᠥᠭᠡᠢ | ᠰᠠᠨᠠᠭᠤᠯᠭ᠎ᠠ ᠭᠠᠷᠭᠠᠨ᠎ᠠ︔ | ︵ᠲᠠᠪᠤ︶ ᠰᠠᠨᠠᠯ ᠬᠤᠷᠢᠶᠠᠬᠤ᠂ ᠨᠤᠲᠠᠯᠠᠯᠳᠠ ᠬᠢᠭᠦ᠂ ᠭᠡᠷᠡᠴᠢᠯᠡᠭᠡ ᠰᠣᠨᠣᠰᠬᠤ᠃ ᠲᠦᠭᠰᠢᠭᠦᠷᠢ ᠶᠢ ᠦᠨᠡᠯᠡᠨ | ᠵᠢᠱᠢᠭᠦ᠂ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠳᠠ ᠬᠢᠭᠦ ᠪᠠ ᠬᠠᠮᠲᠤ ᠪᠠᠷ ᠶᠠᠷᠢᠯᠴᠠᠬᠤ ᠵᠡᠷᠭᠡ ᠳᠡᠰ | ᠳᠠᠷᠠᠭᠠᠯᠠᠯ ᠢ ᠭᠦᠢᠴᠡᠳᠬᠡᠬᠦ ᠶᠣᠰᠣᠲᠠᠶ ᠪᠠᠶᠢᠲᠠᠯ᠎ᠠ ᠦᠯᠦ ᠭᠦᠢᠴᠡᠳᠬᠡᠭᠰᠡᠨ ᠪᠣᠯ᠂ ᠲᠣᠭᠤᠷᠪᠢᠬᠤ ᠰᠠᠯᠠᠭ᠎ᠠ | ᠮᠥᠴᠢᠷ ᠲᠤ ᠨᠢ ᠡᠭᠡᠭᠦᠯᠣᠨ ᠪᠣᠴᠠᠭᠠᠵᠣ ᠬᠠᠮᠢᠶ᠎ᠠ ᠪᠦᠭᠦᠢ ᠳᠡᠰ ᠳᠠᠷᠠᠭᠠᠯᠠᠯ ᠢᠶᠠᠨ ᠨᠥᠬᠦᠪᠥᠷᠢᠯᠡᠵᠦ ᠵᠠᠯᠠᠷᠠᠭᠤᠯᠬᠤ ᠪᠠᠷ | ᠰᠠᠨᠠᠭᠤᠯᠣᠨ᠎ᠠ︔ | ︵ᠵᠢᠷᠭᠤᠭ᠎ᠠ︶ ᠬᠤᠯᠪᠣᠭᠳᠠᠯ ᠪᠥᠬᠦᠢ ᠰᠠᠯᠠᠭ᠎ᠠ ᠮᠥᠴᠢᠷ ᠨᠢ ᠭᠤᠣᠯ ᠠᠭᠤᠯᠭ᠎ᠠ ᠳᠤ ᠮᠠᠷᠭᠤᠯᠳᠤᠭᠠᠨ ᠶᠡᠬᠡᠲᠡᠶ | ᠪᠦᠭᠡᠣᠨ ᠵᠥᠪᠳᠡᠯᠴᠡᠭᠡᠣᠨ ᠦᠯᠣ ᠨᠢᠭᠡᠳᠣᠭᠡᠳᠣᠢ ᠶᠢ ᠨᠢ ᠲᠣᠭᠤᠷᠪᠢᠬᠤ ᠰᠠᠯᠠᠭ᠎ᠠ ᠮᠥᠴᠢᠷ ᠲᠤ ᠨᠢ ᠡᠭᠡᠭᠦᠯᠣᠨ | ᠪᠣᠴᠠᠭᠠᠵᠣ ᠤᠯᠠᠮ ᠨᠢᠭᠡ ᠠᠯᠬᠤᠮ ᠵᠣᠬᠢᠴᠠᠭᠤᠯᠬᠤ ᠪᠠᠷ ᠰᠠᠨᠠᠭᠤᠯᠬᠤ ᠶᠢᠨ ᠬᠠᠮᠳᠣ᠂ ᠰᠠᠨᠠᠯ ᠢᠶᠠᠨ ᠨᠢᠭᠡᠣᠡᠭᠡᠨᠠ︔ | ︵ᠲᠤᠯᠤᠭ᠎ᠠ︶ ᠪᠣᠳᠠᠲᠠᠶ ᠠᠭᠤᠯᠭ᠎ᠠ ᠨᠢ ᠬᠠᠤᠯᠢ ᠶᠣᠰᠣᠨ ᠳᠤ ᠨᠠᠶᠢᠴᠡᠭᠦ ᠦᠭᠡᠢ ᠪᠣᠯ᠂ ᠵᠠᠰᠠᠪᠤᠷᠢ | ᠣᠷᠣᠭᠤᠯᠬᠤ ᠰᠠᠨᠠᠯ ᠳᠤᠷᠠᠳᠤᠨ᠎ᠠ᠃ | ᠠᠷᠪᠠ ᠶᠢᠰᠦᠳᠦᠭᠡᠷ ᠵᠦᠢᠯ ᠵᠠᠰᠠᠭ ᠤᠨ ᠣᠷᠳᠣᠨ ᠤ ᠬᠠᠤᠯᠢ ᠲᠦᠷᠢᠮ ᠤᠨ ᠪᠠᠶᠢᠭᠤᠯᠤᠮᠵᠢ ᠶᠢᠨ ᠭᠠᠷᠭᠠᠵᠤ | ᠥᠭᠭᠦᠭᠰᠡᠨ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠳᠠ ᠶᠢᠨ ᠰᠠᠨᠠᠯ ᠢ ᠵᠠᠰᠠᠭ ᠤᠨ ᠣᠷᠳᠣᠨ ᠤ ᠬᠠᠤᠯᠢ | ᠲᠦᠷᠢᠮ ᠤᠨ ᠪᠠᠶᠢᠭᠤᠯᠤᠮᠵᠢ ᠶᠢᠨ ᠬᠤᠪᠢᠳᠠᠨ ᠬᠠᠮᠢᠶᠠᠷᠬᠤ ᠤᠳᠤᠷᠢᠳᠤᠯᠭ᠎ᠠ ᠪᠠᠷ ᠬᠢᠨᠠᠭᠤᠯᠵᠣ ᠭᠠᠷ ᠤᠨ ᠥᠰᠥᠭ | ᠵᠢᠷᠣᠭᠤᠯᠣᠭᠰᠠᠨ ᠤ ᠳᠠᠷᠠᠭ᠎ᠠ᠂ ᠭᠤᠣᠯ ᠤᠳᠤᠷᠢᠳᠤᠯᠭ᠎ᠠ ᠠᠴᠠ ᠭᠠᠷ ᠤᠨ ᠦᠰᠦᠭ ᠵᠢᠷᠤᠵᠤ ᠳᠠᠷᠬᠠᠭᠠᠬᠤ ᠶᠢᠨ ᠬᠠᠮᠳᠣ᠂ | ᠵᠠᠰᠠᠭ ᠤᠨ ᠣᠷᠳᠣᠨ ᠤ ᠠᠯᠪᠠᠨ ᠲᠢᠩᠬᠢᠮ ᠳᠤ ᠬᠠᠷᠢᠭᠤ ᠥᠭᠬᠦ ᠬᠡᠷᠡᠭᠲᠡᠶ᠃ | ᠬᠤᠷᠢᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠥᠪᠡᠷᠲᠡᠭᠡᠨ | ᠵᠠᠰᠠᠬᠤ ᠣᠷᠣᠨ ᠤ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠪᠢᠴᠢᠭ ᠮᠠᠲ᠋ᠧᠷᠢᠶᠠᠯ ᠤᠨ ᠬᠢᠨᠠᠨ ᠪᠠᠶᠢᠴᠠᠭᠠᠵᠣ | ᠬᠠᠮᠢᠶᠠᠷᠬᠤ ᠪᠠ ᠬᠢᠨᠠᠯᠲᠠ ᠲᠠᠯᠪᠢᠬᠤ ᠠᠵᠢᠯ ᠢ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ | ᠰᠢᠮᠳᠠᠭᠤᠯᠣᠨ ᠪᠠᠶᠢᠴᠠᠭᠠᠬᠤ ᠠᠭᠤᠯᠭ᠎ᠠ ᠳᠤ ᠣᠷᠣᠭᠤᠯᠣᠨ᠎ᠠ᠃ ᠠᠵᠢᠯ ᠢᠶᠠᠨ ᠰᠠᠶᠢᠳᠣᠷ ᠨᠠᠶᠢᠳᠠᠪᠤᠷᠢᠵᠢᠭᠤᠯᠤᠭᠰᠠᠨ ᠢ | ᠨᠠᠪᠳᠠᠷᠠᠭᠦᠯᠣᠨ ᠰᠠᠶᠢᠰᠢᠶᠠᠵᠤ︔ ᠠᠵᠢᠯ ᠢᠶᠠᠨ ᠨᠠᠶᠢᠳᠠᠪᠤᠷᠢᠵᠢᠭᠤᠯᠬᠤ ᠪᠠᠷ ᠭᠦᠷᠣᠯᠴᠡᠭᠦ ᠦᠭᠡᠢ ᠶᠢ ᠨᠢ ᠨᠡᠪᠳᠡᠷᠡᠭᠦᠯᠣᠨ | ᠰᠢᠭᠦᠮᠵᠢᠯᠡᠨ᠎ᠡ︔ ᠬᠦᠨᠳᠦ ᠨᠣᠴᠢᠲᠠᠶ ᠨᠥᠯᠥᠭᠡ ᠪᠣᠯᠤᠭᠰᠠᠨ ᠪᠠᠶᠢᠪᠠᠯ᠂ ᠰᠠᠬᠢᠯᠭ᠎ᠠ ᠪᠠᠲᠤ ᠬᠠᠤᠯᠢ ᠶᠣᠰᠣᠭᠠᠷ | ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠃ | ᠬᠤᠷᠢᠨ ᠨᠢᠭᠡᠳᠦᠭᠡᠷ ᠵᠦᠢᠯ ᠲᠤᠰ ᠵᠢᠷᠣᠮᠯᠡᠯ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | |