ᠤᠶᠢᠷ᠎ᠠ ᠳᠤ᠂ ᠦᠪᠡᠷᠳᠡᠭᠡᠨ ᠵᠠᠰᠬᠠᠥ ᠤᠷᠤᠨ ᠤ ᠨᠠᠮ ᠤᠨ ᠬᠤᠷᠢᠶᠠᠨ ᠤ ᠲᠡᠳ᠋ ᠱᠦᠵᠢ᠂ ᠦᠪᠡᠷᠳᠡᠭᠡᠨ | ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠥ ᠯᠢᠨ ᠪᠠᠶᠢᠴᠠᠭᠠᠬᠤ ᠪᠠᠶᠢᠭᠤᠯᠭ᠎ᠠ ᠶᠢᠨ ᠨᠡᠶᠢᠳᠡ ᠶᠢᠨ ᠠᠰᠠᠷᠠᠮᠵᠢ ᠶᠢᠨ | ᠵᠠᠷᠭᠤ ᠶᠢ ᠲᠡᠮᠵᠢᠭᠦ ᠲᠤᠬᠠᠢ ᠴᠣᠬᠤᠯᠠᠪᠤᠷᠢ ᠥᠭᠴᠡᠢ᠃ | ᠪᠦ᠋ ᠰᠢᠶᠤᠥ ᠯᠢᠨ ᠴᠤᠬᠤᠯᠠᠪᠤᠷᠢ ᠳᠤ ᠪᠠᠨ ᠵᠢᠭᠠᠵᠤ ᠭᠠᠷᠭᠠᠭᠰᠠᠨ ᠨᠢ᠂ ᠪᠠᠶᠢᠴᠠᠭᠠᠬᠤ ᠪᠠᠶᠢᠭᠤᠯᠭ᠎ᠠ ᠠᠴᠠ | ᠨᠡᠶᠢᠳᠡ ᠶᠢᠨ ᠠᠰᠠᠷᠠᠮᠵᠢ ᠶᠢᠨ ᠵᠠᠷᠭᠤ ᠬᠢᠭᠦ ᠪᠤᠯ ᠨᠠᠮ ᠤᠨ ᠲᠦᠪ ᠬᠤᠷᠢᠶᠠᠨ ᠤ ᠪᠦᠬᠦ ᠲᠠᠯ᠎ᠠ ᠪᠠᠷ ᠬᠠᠤᠯᠢ ᠪᠠᠷ | ᠤᠯᠤᠰ ᠢᠶᠠᠨ ᠵᠠᠰᠠᠬᠤ ᠶᠢ ᠠᠬᠢᠭᠤᠯᠬᠤ ᠴᠢᠬᠤᠯᠠ ᠠᠷᠭ᠎ᠠ ᠪᠠᠷᠢᠯ ᠪᠤᠯᠤᠨ᠎ᠠ᠂ ᠪᠠᠶᠢᠴᠠᠭᠠᠬᠤ ᠪᠠᠶᠢᠭᠤᠯᠭ᠎ᠠ ᠶᠢᠨ | ᠨᠡᠶᠢᠳᠡ ᠶᠢᠨ ᠠᠰᠠᠷᠠᠮᠵᠢ ᠶᠢᠨ ᠵᠠᠷᠭᠤ ᠬᠢᠭᠦ ᠶᠢ ᠲᠡᠮᠵᠢᠭᠦ ᠨᠢ ᠡᠯ᠎ᠠ ᠱᠠᠳᠤᠨ ᠤ ᠵᠠᠰᠠᠭ ᠤᠨ ᠤᠷᠳᠤᠨ ᠤ ᠴᠢᠬᠤᠯᠠ | ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠮᠦᠨ᠃ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ | ᠪᠠᠶᠢᠴᠠᠭᠠᠬᠤ ᠪᠠᠶᠢᠭᠤᠯᠭ᠎ᠠ ᠶᠢᠨ ᠨᠡᠶᠢᠳᠡ ᠶᠢᠨ ᠠᠰᠠᠷᠠᠮᠵᠢ ᠶᠢᠨ ᠵᠠᠷᠭᠤ ᠶᠢᠨ ᠠᠵᠢᠯ ᠦᠷᠨᠢᠭᠦᠯᠭᠦ ᠶᠢ ᠨᠢ | ᠦᠩᠭᠡᠷᠡᠭᠰᠡᠨ ᠲᠠᠢ ᠪᠠᠨ ᠠᠳᠠᠯᠢ ᠪᠠᠷ ᠦᠷᠭᠦᠯᠵᠢᠯᠡᠨ ᠲᠡᠮᠵᠢᠵᠥ ᠬᠠᠮᠵᠢᠯᠴᠠᠬᠤ ᠶᠢᠨ ᠬᠠᠮᠳᠥ ᠪᠦᠬᠦ ᠤᠷᠤᠨ ᠤ ᠡᠯ᠎ᠠ | ᠱᠠᠳᠤᠨ ᠤ ᠵᠠᠰᠠᠭ ᠤᠨ ᠤᠷᠳᠤᠨ ᠤ ᠬᠠᠤᠯᠢᠵᠢᠯ ᠤᠨ ᠤᠬᠠᠮᠰᠠᠷ ᠢᠶᠠᠨ ᠴᠢᠩᠭᠠᠳᠬᠠᠬᠤ ᠶᠢ ᠠᠬᠢᠭᠤᠯᠵᠥ᠂ ᠬᠠᠤᠯᠢ | ᠶᠤᠰᠤᠭᠠᠷ ᠴᠢᠩᠭ᠎ᠠ ᠵᠠᠰᠠᠭ ᠶᠠᠪᠤᠭᠤᠯᠤᠨ᠂ ᠤᠬᠠᠮᠰᠠᠷ ᠠᠴᠠ ᠪᠠᠨ ᠬᠠᠤᠯᠢ ᠴᠠᠭᠠᠵᠠ ᠶᠢᠨ ᠬᠢᠨᠠᠯᠳᠠ ᠶᠢ ᠬᠦᠯᠢᠶᠡᠵᠦ᠂ | ᠰᠠᠨᠠᠭᠠᠴᠢᠯᠠᠭ᠎ᠠ ᠠᠴᠠ ᠪᠠᠨ ᠲᠤᠰᠢᠶᠠᠯ ᠢᠶᠠᠨ ᠬᠦᠢᠴᠡᠳᠭᠡᠨ ᠠᠯᠳᠠᠭ᠎ᠠ ᠪᠠᠨ ᠵᠠᠯᠠᠷᠠᠭᠤᠯᠵᠦ᠂ ᠤᠯᠤᠰ ᠤᠷᠤᠨ ᠪᠤᠯᠤᠨ | ᠨᠡᠶᠢᠭᠡᠮ ᠨᠡᠶᠢᠳᠡ ᠶᠢᠨ ᠠᠰᠢᠭ ᠲᠤᠰᠠ ᠶᠢ ᠦᠨᠡᠨ ᠬᠦ ᠬᠠᠮᠠᠭᠠᠯᠠᠨ᠎ᠠ ᠬᠡᠪᠠ᠃ | ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠪᠠᠶᠢᠴᠠᠭᠠᠬᠤ ᠪᠠᠶᠢᠭᠤᠯᠭ᠎ᠠ ᠶᠢᠨ | ᠨᠡᠶᠢᠳᠡ ᠶᠢᠨ ᠠᠰᠠᠷᠠᠮᠵᠢ ᠶᠢᠨ ᠵᠠᠷᠭᠤ ᠶᠢᠨ ᠠᠵᠢᠯ ᠢ ᠲᠡᠭᠡᠳᠦ ᠬᠡᠮᠵᠢᠶ᠎ᠠ ᠪᠠᠷ ᠴᠢᠬᠤᠯᠠᠴᠢᠯᠠᠨ᠂ ︽ᠪᠠᠶᠢᠴᠠᠭᠠᠬᠤ | ᠪᠠᠶᠢᠭᠤᠯᠭ᠎ᠠ ᠶᠢᠨ ᠨᠡᠶᠢᠳᠡ ᠶᠢᠨ ᠠᠰᠠᠷᠠᠮᠵᠢ ᠶᠢᠨ ᠵᠠᠷᠭᠤ ᠶᠢᠨ ᠠᠵᠢᠯ ᠢ ᠬᠠᠤᠯᠢ ᠶᠣᠰᠣᠭᠠᠷ ᠦᠷᠨᠢᠭᠦᠯᠭᠦ ᠶᠢ ᠨᠢ | ᠲᠡᠮᠵᠢᠭᠦ ᠲᠤᠬᠠᠢ ᠰᠠᠨᠠᠯ︾ ᠢ ᠲᠠᠷᠤᠮᠠᠯᠯᠠᠨ ᠲᠠᠷᠬᠠᠭᠠᠵᠥ᠂ ᠡᠯ᠎ᠠ ᠱᠠᠳᠤᠨ ᠤ ᠨᠠᠮ ᠤᠨ ᠬᠤᠷᠢᠶ᠎ᠠ ᠳᠤ ᠪᠠᠶᠢᠴᠠᠭᠠᠬᠤ | ᠪᠠᠶᠢᠭᠤᠯᠭ᠎ᠠ ᠶᠢᠨ ᠨᠡᠶᠢᠳᠡ ᠶᠢᠨ ᠠᠰᠠᠷᠠᠮᠵᠢ ᠶᠢᠨ ᠵᠠᠷᠭᠤ ᠶᠢᠨ ᠠᠵᠢᠯ ᠦᠷᠨᠢᠭᠦᠯᠭᠦ ᠶᠢ ᠨᠢ ᠲᠡᠮᠵᠢᠭᠦ ᠶᠠᠪᠤᠳᠠᠯ ᠢ | ᠦᠭᠡᠷᠡᠴᠢᠯᠡᠯᠳᠡ ᠶᠢ ᠪᠦᠬᠦ ᠲᠠᠯ᠎ᠠ ᠪᠠᠷ ᠬᠦᠨᠵᠡᠭᠡᠶᠢᠷᠡᠭᠦᠯᠭᠦ᠂ ᠬᠠᠤᠯᠢ ᠪᠠᠷ ᠵᠠᠰᠠᠬᠤ ᠶᠢ ᠠᠬᠢᠭᠤᠯᠬᠤ ᠴᠢᠬᠤᠯᠠ | ᠠᠭᠤᠯᠭ᠎ᠠ ᠪᠠᠨ ᠪᠤᠯᠭᠠᠬᠤ ᠬᠡᠷᠡᠭᠳᠡᠢ᠃ ᠵᠠᠰᠠᠭ ᠵᠠᠬᠢᠷᠭᠠᠨ ᠤ ᠪᠠᠶᠢᠭᠤᠯᠭ᠎ᠠ ᠬᠠᠤᠯᠢ ᠳᠤ ᠲᠤᠬᠳᠠᠬᠰᠠᠨ ᠡᠷᠭᠡ ᠮᠡᠳᠡᠯ | ᠤᠨ ᠬᠡᠪᠴᠢᠶ᠎ᠠ ᠪᠤᠯᠤᠨ ᠲᠡᠰ ᠲᠠᠷᠠᠭᠠᠯᠠᠯ ᠢ ᠴᠢᠩᠭ᠎ᠠ ᠵᠢᠷᠤᠮᠯᠠᠵᠥ᠂ ᠬᠠᠤᠯᠢ ᠳᠤ ᠲᠤᠬᠳᠠᠬᠰᠠᠨ ᠡᠭᠦᠷᠭᠡ | ᠬᠠᠷᠢᠭᠤᠴᠠᠯᠭ᠎ᠠ ᠪᠠᠨ ᠪᠦᠬᠦ ᠲᠠᠯ᠎ᠠ ᠪᠠᠷ ᠵᠦᠪ ᠤᠨᠤᠪᠴᠢᠳᠠᠢ ᠴᠠᠭ ᠲᠤᠬᠠᠢ ᠳᠤ ᠨᠢ ᠬᠦᠢᠴᠡᠳᠭᠡᠵᠥ᠂ ᠪᠠᠶᠢᠴᠠᠭᠠᠬᠤ | ᠪᠠᠶᠢᠭᠤᠯᠭ᠎ᠠ ᠶᠢᠨ ᠵᠢᠭᠠᠵᠥ ᠭᠠᠷᠭᠠᠬᠰᠠᠨ ᠬᠠᠤᠯᠢ ᠠᠴᠠ ᠵᠦᠷᠢᠴᠡᠭᠰᠡᠨ ᠵᠠᠰᠠᠭ ᠵᠠᠬᠢᠷᠭᠠᠨ ᠤ ᠠᠵᠢᠯᠯᠠᠭ᠎ᠠ ᠶᠢ ᠬᠠᠤᠯᠢ | ᠶᠤᠰᠤᠭᠠᠷ ᠢᠳᠡᠪᠬᠢᠳᠡᠢ ᠰᠢᠢᠳᠪᠦᠷᠢᠯᠡᠭᠦ ᠬᠡᠷᠡᠭᠳᠡᠢ ᠬᠡᠵᠥ ᠱᠠᠭᠠᠷᠳᠠᠭᠰᠠᠨ ᠪᠠᠶᠢᠨ᠎ᠠ᠃ | ᠮᠠᠨ ᠤ ᠤᠷᠤᠨ ᠳᠤ ᠪᠠᠶᠢᠴᠠᠭᠠᠬᠤ ᠪᠠᠶᠢᠭᠤᠯᠭ᠎ᠠ ᠶᠢᠨ ᠨᠡᠶᠢᠳᠡ ᠶᠢᠨ ᠠᠰᠠᠷᠠᠮᠵᠢ ᠶᠢᠨ ᠵᠠᠷᠭᠤ ᠶᠢᠨ | ᠲᠤᠷᠰᠢᠯᠳᠠ ᠶᠢ ᠦᠷᠨᠢᠭᠦᠯᠭᠦ ᠬᠤᠭᠤᠴᠠᠭᠠᠨ ᠳᠤ᠂ ᠪᠦ᠋ ᠰᠢᠶᠤᠥ ᠯᠢᠨ 2016 ᠣᠨ ᠤ 6 ᠳ᠋ᠤᠭᠠᠷ ᠰᠠᠷ᠎ᠠ ᠳᠤ | ᠴᠣᠬᠤᠯᠠᠪᠤᠷᠢ ᠥᠭᠴᠥ᠂ ᠪᠠᠶᠢᠴᠠᠭᠠᠬᠤ ᠪᠠᠶᠢᠭᠤᠯᠭ᠎ᠠ ᠠᠴᠠ ᠨᠡᠶᠢᠳᠡ ᠶᠢᠨ ᠠᠰᠠᠷᠠᠮᠵᠢ ᠶᠢᠨ ᠵᠠᠷᠭᠤ ᠬᠢᠭᠦ ᠨᠢ ᠬᠠᠤᠯᠢ | ᠶᠤᠰᠤᠭᠠᠷ ᠵᠠᠰᠠᠭ ᠶᠠᠪᠤᠭᠤᠯᠬᠤ ᠶᠢ ᠠᠬᠢᠭᠤᠯᠬᠤ ᠪᠠ ᠬᠠᠤᠯᠢᠵᠢᠯ ᠤᠨ ᠵᠠᠰᠠᠭ ᠤᠨ ᠤᠷᠳᠤᠨ ᠢ ᠪᠠᠶᠢᠭᠤᠯᠬᠤ ᠳᠤ ᠴᠦᠮ | ᠴᠢᠬᠤᠯᠠ ᠦᠢᠯᠡᠳᠦᠯ ᠲᠠᠢ ᠶᠤᠮ ᠬᠡᠵᠤ ᠴᠢᠬᠤᠯᠠᠴᠢᠯᠠᠭᠰᠠᠨ ᠪᠦᠭᠡᠳ ᠡᠯ᠎ᠠ ᠱᠠᠳᠤᠨ ᠤ ᠵᠠᠰᠠᠭ ᠤᠨ | ᠤᠷᠳᠤᠨ ᠨᠤᠭᠤᠳ ᠪᠠᠶᠢᠴᠠᠭᠠᠬᠤ ᠪᠠᠶᠢᠭᠤᠯᠭ᠎ᠠ ᠶᠢᠨ ᠠᠵᠢᠯ ᠦᠷᠨᠢᠭᠦᠯᠭᠦ ᠳᠤ ᠬᠠᠮᠵᠢᠯᠴᠠᠵᠤ᠂ ᠬᠠᠤᠯᠢ ᠶᠤᠰᠤᠭᠠᠷ | ᠵᠠᠰᠠᠭ ᠶᠠᠪᠤᠭᠤᠯᠬᠤ ᠲᠦᠪᠰᠢᠨ ᠢ ᠪᠦᠬᠦ ᠲᠠᠯ᠎ᠠ ᠪᠠᠷ ᠲᠡᠭᠡᠭᠰᠢᠯᠡᠭᠦᠯᠭᠦ ᠬᠡᠷᠡᠭᠳᠡᠢ ᠬᠡᠵᠤ ᠱᠠᠭᠠᠷᠳᠠᠵᠠᠢ᠃ ᠲᠡᠭᠦᠨ ᠠᠴᠠ | ᠬᠤᠶᠢᠰᠢ᠂ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠨᠡᠶᠢᠳᠡ ᠶᠢᠨ ᠠᠰᠠᠷᠠᠮᠵᠢ ᠶᠢᠨ ᠵᠠᠷᠭᠤ ᠶᠢ | ᠬᠠᠤᠯᠢᠵᠢᠯ ᠤᠨ ᠵᠠᠰᠠᠭ ᠤᠨ ᠤᠷᠳᠤᠨ ᠤ ᠪᠠᠶᠢᠭᠤᠯᠤᠯᠳᠠ ᠶᠢᠨ ᠬᠢᠨᠠᠨ ᠰᠢᠯᠭᠠᠬᠤ ᠰᠢᠰᠲ᠋ᠧᠮ ᠳᠤ ᠤᠷᠤᠭᠤᠯᠵᠤ᠂ ︽ | ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠵᠠᠰᠠᠭ ᠵᠠᠬᠢᠷᠭᠠᠨ ᠤ ᠵᠠᠷᠭᠤ ᠬᠦᠯᠢᠶᠡᠭᠦ ᠲᠤᠬᠳᠠᠭᠠᠯ︾ | ᠪᠤᠯᠤᠨ ︽ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠮᠢ ᠠᠬᠤᠢ ᠤᠷᠴᠢᠨ ᠲᠤᠭᠤᠷᠢᠨ ᠤ | ᠬᠠᠮᠠᠭᠠᠯᠠᠯᠳᠠ ᠶᠢᠨ ︿13·5﹀ ᠶᠢᠨ ᠲᠦᠯᠦᠪᠵᠢᠭᠦᠯᠭᠡ︾ ᠳᠤ ᠴᠦᠮ ᠨᠡᠶᠢᠳᠡ ᠶᠢᠨ ᠠᠰᠠᠷᠠᠮᠵᠢ ᠶᠢᠨ ᠵᠠᠷᠭᠤ ᠶᠢ | ᠪᠢᠴᠢᠵᠤ ᠤᠷᠤᠭᠤᠯᠵᠠᠢ᠃ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠬᠠᠤᠯᠢ ᠲᠦᠷᠢᠮ ᠤᠨ ᠠᠵᠢᠯ | ᠤᠨ ᠪᠠᠶᠢᠭᠤᠯᠤᠮᠵᠢ ᠭᠤᠷᠪᠠᠨ ᠵᠢᠯ ᠲᠠᠷᠠᠭᠠᠯᠠᠨ ᠪᠠᠶᠢᠴᠠᠭᠠᠬᠤ ᠪᠠᠶᠢᠭᠤᠯᠭ᠎ᠠ ᠶᠢ ᠤᠷᠢᠵᠤ ᠭᠤᠷᠪᠠᠳᠠᠬᠴᠢ ᠡᠳᠡᠭᠡᠳ ᠤᠨ | ᠬᠤᠪᠢ ᠪᠠᠷ ᠪᠦᠬᠦ ᠤᠷᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠭᠦ ᠪᠠᠶᠢᠴᠠᠭᠠᠯᠳᠠ ᠳᠤ ᠤᠷᠤᠯᠴᠠᠭᠤᠯᠪᠠ᠃ | ᠡᠳᠡᠭᠡᠷ ᠠᠷᠭ᠎ᠠ ᠪᠠᠷᠢᠯ ᠨᠢ ᠦᠪᠡᠷᠳᠡᠭᠡᠨ ᠵᠠᠰᠠᠬᠤ ᠤᠷᠤᠨ ᠤ ᠡᠯ᠎ᠠ ᠱᠠᠳᠤᠨ ᠤ ᠵᠠᠰᠠᠭ ᠵᠠᠬᠢᠷᠭᠠᠨ ᠤ ᠪᠠᠶᠢᠭᠤᠯᠭ᠎ᠠ | ᠬᠢᠭᠡᠳ ᠪᠠᠶᠢᠴᠠᠭᠠᠬᠤ ᠪᠠᠶᠢᠭᠤᠯᠭ᠎ᠠ ᠶᠢᠨ ᠬᠠᠮᠳᠤ ᠪᠠᠷ ᠨᠡᠶᠢᠳᠡ ᠶᠢᠨ ᠠᠰᠠᠷᠠᠮᠵᠢ ᠶᠢ ᠬᠠᠮᠠᠭᠠᠯᠠᠬᠤ ᠰᠠᠶᠢᠨ | ᠬᠤᠷᠰᠢᠯᠴᠠᠭ᠎ᠠ ᠶᠢ ᠠᠬᠢᠭᠤᠯᠤᠭᠰᠠᠨ ᠪᠠᠶᠢᠨ᠎ᠠ᠃ |