ᠥᠪᠥᠷ ᠮᠣᠩᠭᠤᠯ ᠲᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠶ ᠬᠥᠮᠦᠨ ᠠᠮᠠ ᠠᠴᠠ ᠠᠮᠢ ᠠᠬᠤᠢ ᠶᠢᠨ ᠤᠢ ᠬᠠᠮᠠᠭᠠᠯᠠᠭᠴᠢ ᠪᠠᠷ 8000 ᠬᠥᠮᠦᠨ ᠤᠷᠢᠨ ᠬᠡᠷᠡᠭᠯᠡᠪᠡ
ᠨᠡᠶᠢᠲᠡᠯᠡᠭᠰᠡᠨ ᠴᠠᠭ᠄
2018/11/30
     ᠣᠳᠣᠬᠠᠨ ᠪᠣᠯᠲᠠᠯ᠎ᠠ᠂ ᠤᠯᠤᠰ ᠠᠴᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ 11500 ᠠᠮᠢ ᠠᠬᠤᠢ ᠶᠢᠨ ᠤᠢ ᠬᠠᠮᠠᠭᠠᠯᠠᠭᠴᠢ ᠶᠢᠨ ᠭᠦᠢᠴᠡᠳᠬᠡᠬᠦ ᠲᠤᠭ᠎ᠠ ᠪᠠᠭᠤᠯᠭᠠᠵᠤ᠂ ᠬᠥᠮᠦᠨ ᠪᠦᠷᠢ ᠳᠤᠮᠳᠠᠴᠢ ᠪᠠᠷ ᠵᠢᠯ ᠎ ᠳᠤ 1000 ᠲᠦᠬᠦᠷᠢᠭ ᠤᠨ ᠨᠥᠬᠦᠪᠥᠷᠢ ᠪᠡᠯᠡ ᠮᠥᠩᠭᠦ ᠪᠠᠭᠤᠯᠭᠠᠪᠠ᠃ ᠡᠭᠦᠨ ᠳᠤ ᠥᠪᠡᠷᠲᠡᠭᠡᠨ ᠵᠠᠰᠠᠬᠤ ᠣᠷᠣᠨ ᠲᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠶ ᠬᠥᠮᠦᠨ ᠠᠮᠠ ᠠᠴᠠ ᠠᠮᠢ ᠠᠬᠤᠢ ᠶᠢᠨ ᠤᠢ ᠬᠠᠮᠠᠭᠠᠯᠠᠭᠴᠢ ᠪᠠᠷ 8000 ᠬᠥᠮᠦᠨ ᠤᠷᠢᠨ ᠬᠡᠷᠡᠭᠯᠡᠵᠦ᠂ ᠦᠯᠡᠳᠡᠵᠦ ᠪᠠᠶᠢᠭ᠎ᠠ 3500 ᠠᠮᠢ ᠠᠬᠤᠢ ᠶᠢᠨ ᠤᠢ ᠬᠠᠮᠠᠭᠠᠯᠠᠭᠴᠢ ᠶᠢᠨ ᠭᠦᠢᠴᠡᠳᠬᠡᠬᠦ ᠲᠤᠭ᠎ᠠ ᠶᠢ ᠤᠳᠤ ᠶᠠᠭ ᠬᠤᠪᠢᠶᠠᠷᠢᠯᠠᠨ ᠪᠠᠭᠤᠯᠭᠠᠵᠤ ᠪᠠᠶᠢᠨ᠎ᠠ᠃ ᠤᠶᠢᠯᠠᠭᠠᠭᠰᠠᠨ ᠢᠶᠠᠷ᠂ ᠤᠯᠤᠰ ᠠᠴᠠ 2018 ᠣᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠤᠢ ᠰᠢᠭᠤᠶ ᠶᠢᠨ ᠭᠤᠣᠯᠳᠠᠯᠭ᠎ᠠ ᠲᠠᠢ ᠢᠨᠵᠧᠨᠧᠷᠢᠩ ᠤᠨ 487.59 ᠲᠦᠮᠡᠨ ᠮᠦ ᠶᠢᠨ ᠡᠭᠦᠷᠭᠡ ᠪᠠᠭᠤᠯᠭᠠᠵᠠᠢ᠂ ᠲᠤᠬᠢᠷᠠᠭᠤᠯᠤᠭᠰᠠᠨ ᠪᠦᠷᠢᠳᠬᠡᠯ ᠢ ᠦᠨᠳᠦᠰᠦᠯᠡᠪᠡᠯ᠂ 8 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠣᠷᠣᠨ ᠤ ᠶᠠᠳᠠᠭᠤ ᠬᠦᠴᠢᠷᠳᠡᠯᠲᠡᠶ ᠭᠠᠵᠠᠷ ᠣᠷᠣᠨ ᠨᠢᠭᠡᠨᠲᠡ ᠤᠢ ᠰᠢᠭᠤᠶ ᠶᠢᠨ ᠠᠮᠢ ᠠᠬᠤᠶ ᠶᠢᠨ ᠪᠥᠳᠥᠭᠡᠨ ᠪᠠᠶᠢᠭᠤᠯᠤᠯᠲᠠ ᠶᠢᠨ ᠠᠵᠢᠯ ᠤᠨ ᠲᠠᠯᠠᠪᠠᠢ ᠶᠢ 59.45 ᠲᠦᠮᠡᠨ ᠮᠦ ᠪᠡᠶᠡᠯᠡᠭᠦᠯᠵᠦ᠂ ᠣᠨ ᠤ ᠬᠠᠷᠠᠯᠲᠠ ᠶᠢᠨ 119.1%᠎ ᠳᠤ ᠬᠦᠷᠪᠡ᠃ 2018 ᠣᠨ ᠳᠤ ᠪᠦᠬᠦ ᠣᠷᠣᠨ ᠲᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠶ ᠬᠥᠮᠦᠨ ᠠᠮᠠ ᠠᠴᠠ ᠠᠮᠢ ᠠᠬᠤᠢ ᠶᠢᠨ ᠤᠢ ᠬᠠᠮᠠᠭᠠᠯᠠᠭᠴᠢ ᠪᠠᠷ 8000 ᠬᠥᠮᠦᠨ ᠤᠷᠢᠨ ᠡᠯᠰᠡᠵᠦ᠂ ᠤᠢ ᠰᠢᠭᠤᠶ ᠬᠠᠮᠠᠭᠠᠯᠠᠭᠴᠢ ᠶᠢ ᠬᠢᠨᠠᠨ ᠬᠠᠷᠭᠤᠭᠤᠯᠬᠤ᠂ ᠵᠠᠷᠯᠠᠬᠤ᠂ ᠪᠣᠯᠪᠠᠰᠤᠷᠠᠭᠤᠯᠬᠤ ᠪᠠᠷ ᠳᠠᠮᠵᠢᠨ᠂ ᠪᠦᠬᠦᠨ ᠢ ᠠᠵᠢᠯ ᠤᠨ ᠪᠠᠶᠢᠷᠢ ᠳᠤ ᠭᠠᠷᠭᠠᠨ ᠲᠣᠭᠤᠷᠢᠨ ᠬᠠᠮᠠᠭᠠᠯᠠᠬᠤ ᠠᠵᠢᠯ ᠢ ᠬᠢᠯᠭᠡᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号