ᠰᠢᠯᠭᠠᠯᠳᠠ ᠬᠢᠭᠦ ᠳᠤ ᠪᠢᠷ ᠴᠠᠭᠠᠰᠤ ᠪᠠᠷ ᠶᠠᠭᠤ ᠬᠢᠭᠦ ᠪᠤᠢ︖
ᠨᠡᠶᠢᠲᠡᠯᠡᠭᠰᠡᠨ ᠴᠠᠭ᠄
2018/11/30

       ᠵᠠᠭᠤ ᠮᠢᠩᠭᠠᠨ ᠵᠢᠯ ᠤᠨ ᠲᠤᠷᠰᠢ ᠰᠢᠯᠭᠠᠯᠳᠠ ᠳᠤ ᠪᠦᠷ ᠯᠠ ᠪᠢᠷ ᠴᠠᠭᠠᠰᠤ ᠭᠡᠷᠡᠭᠯᠡᠵᠦ ᠪᠠᠶᠢᠬᠰᠠᠨ ᠢᠶᠠᠨ ᠮᠡᠳᠡᠭᠡ ᠵᠠᠩᠬᠢ ᠶᠢᠨ ᠴᠠᠬ ᠦᠶ᠎ᠡ ᠳᠤ ᠰᠢᠯᠵᠢᠵᠦ ᠤᠷᠤᠬᠰᠠᠨ ᠤ ᠲᠠᠷᠠᠭ᠎ᠠ ᠡᠨᠡ ᠬᠦ ᠰᠢᠯᠭᠠᠯᠳᠠ ᠶᠢᠨ ᠵᠠᠬᠪᠤᠷ ᠡᠪᠳᠡᠭᠳᠡᠵᠦ᠂ ᠺᠤᠮᠫᠢᠦ᠋ᠲ᠋ᠧᠷᠴᠢᠯᠡᠭᠰᠡᠨ ᠰᠢᠯᠭᠠᠯᠳᠠ ᠪᠦᠭᠦ ᠲᠡᠯᠡᠭᠡᠢ ᠶᠢᠨ ᠡᠯ᠎ᠡ ᠬᠦᠷᠢᠶᠡᠨ ᠤ ᠰᠢᠯᠭᠠᠯᠳᠠ ᠳᠤ ᠨᠡᠶᠢᠳᠡᠮ ᠭᠡᠷᠡᠭᠯᠡᠭᠳᠡᠵᠦ ᠡᠬᠢᠯᠡᠪᠡ᠃
       ᠤᠳᠤ ᠨᠠᠶᠢᠳᠡᠮ ᠭᠡᠷᠡᠭᠯᠡᠵᠦ ᠪᠠᠶᠢᠭ᠎ᠠ ᠠᠷᠭ᠎ᠠ ᠭᠡᠪᠡᠯ ᠤᠯᠠᠨ ᠤᠯᠤᠰ ᠤᠨ ᠴᠢᠨᠠᠷᠳᠠᠢ ᠰᠤᠷᠭᠠᠨ ᠬᠦᠮᠦᠵᠢᠯ ᠪᠠ ᠺᠤᠮᠫᠢᠦ᠋ᠲ᠋ᠧᠷ ᠰᠢᠯᠭᠠᠯᠳᠠ ᠶᠢᠨ ᠦᠢᠯᠡᠴᠢᠯᠡᠭᠡ ᠶᠢᠨ ᠺᠤᠮᠫᠠᠨᠢ ᠡᠯ᠎ᠡ ᠶᠡᠭᠡ ᠪᠠᠶᠢᠭᠤᠯᠤᠮᠵᠢ ᠠᠴᠠ ᠲᠤᠰᠢᠶᠠᠨ ᠨᠡᠶᠢᠳᠠᠬᠰᠠᠨ ︽ᠰᠢᠯᠭᠠᠯᠳᠠ ᠬᠢᠵᠦ ᠦᠨᠡᠯᠡᠯᠳᠡ ᠤᠯᠭᠤᠬᠤ︾ ᠠᠵᠢᠯ ᠢ ᠬᠦᠯᠢᠶᠡᠨ ᠬᠦᠢᠴᠡᠳᠭᠡᠵᠦ᠂ ᠦᠨᠡᠮᠯᠡᠯ ᠤᠯᠭᠤᠵᠤ᠂ ᠰᠢᠯᠢᠨ ᠰᠤᠩᠭᠤᠵᠤ ᠪᠠᠶᠢᠨ᠎ᠠ᠃ ᠦᠨᠡᠮᠯᠡᠯ ᠤᠯᠭᠤᠬᠤ ᠰᠢᠯᠭᠠᠯᠳᠠ ᠳᠤ ᠪᠦᠭᠦ ᠲᠠᠯᠡᠭᠡᠢ ᠶᠢᠨ ᠨᠢᠭᠡᠳᠦᠯ ᠲᠠᠢ ᠪᠠᠷᠢᠮᠵᠢᠶ᠎ᠠ ᠲᠤᠭᠳᠠᠭᠠᠵᠤ᠂ ᠪᠠᠷᠢᠮᠵᠢᠶᠠᠳᠤ ᠲᠡᠰ ᠲᠠᠷᠠᠭᠠᠯᠠᠯ ᠢ ᠵᠢᠷᠤᠮᠯᠠᠵᠤ᠂ ᠪᠠᠷᠢᠮᠵᠢᠶᠠᠳᠤ ᠰᠢᠯᠭᠠᠯᠳᠠ ᠶᠢᠨ ᠬᠠᠮᠢᠶᠠᠷᠤᠯᠳᠠ ᠬᠢᠭᠦ ᠲᠤᠯᠠ ᠡᠨᠡ ᠬᠦ ᠦᠨᠡᠮᠯᠡᠯ ᠨᠢ ᠪᠦᠭᠦ ᠲᠡᠯᠡᠭᠡᠢ ᠶᠢᠨ ᠴᠢᠨᠠᠷᠳᠠᠢ᠂ ᠬᠢᠯᠢ ᠠᠴᠠ ᠲᠠᠪᠠᠭᠰᠠᠨ ᠴᠢᠨᠠᠷᠳᠠᠢ ᠶᠤᠮ᠃ ᠵᠢᠱᠢᠶᠡᠯᠡᠪᠡᠯ ᠪᠦᠭᠦ ᠲᠡᠯᠡᠭᠡᠢ ᠶᠢᠨ ᠬᠠᠮᠤᠬ ᠤᠨ ᠲᠤᠮᠤ ᠺᠤᠮᠫᠢᠦ᠋ᠲ᠋ᠧᠷᠴᠢᠯᠡᠭᠰᠡᠨ ᠰᠢᠯᠭᠠᠯᠳᠠ ᠶᠢᠨ ᠺᠤᠮᠫᠠᠨᠢ — ᠠᠮᠧᠷᠢᠺᠠ ᠶᠢᠨ ᠰᠧᠯᠢᠸᠧᠡ ᠰᠤᠷᠤᠯᠴᠠᠯᠭ᠎ᠠ ᠶᠢᠨ ᠰᠢᠰᠲ᠋ᠧᠮ ᠤᠨ ᠺᠤᠮᠫᠠᠨᠢ ᠲᠡᠯᠡᠭᠡᠢ ᠶᠢᠨ ᠵᠢᠷᠭᠤᠭᠠᠨ ᠶᠡᠭᠡ ᠲᠢᠪ ᠤᠨ 130 ᠭᠠᠷᠤᠢ ᠤᠯᠤᠰ ᠤᠷᠤᠨ ᠳᠤ 2000 ᠭᠠᠷᠤᠢ ᠰᠢᠯᠭᠠᠯᠳᠠ ᠶᠢᠨ ᠲᠦᠪ ᠲᠠᠢ ᠪᠤᠯᠵᠤ᠂ ᠠᠳᠠᠯᠢ ᠪᠤᠰᠤ ᠵᠠᠭᠤ ᠭᠠᠷᠤᠢ ᠲᠦᠷᠦᠯ ᠤᠨ 25 ᠵᠦᠢᠯ ᠤᠨ ᠭᠡᠯᠡᠨ ᠤ ᠰᠢᠯᠭᠠᠯᠳᠠ ᠶᠢ ᠬᠠᠨᠭ᠍ᠭᠠᠵᠤ᠂ ᠡᠶᠢᠮᠦ ᠰᠢᠯᠭᠠᠯᠳᠠ ᠳᠤ ᠵᠢᠯ ᠪᠦᠷᠢ 400 ᠬᠦᠮᠦᠨ ᠤᠷᠤᠯᠴᠠᠬᠤ ᠪᠤᠯᠪᠠ᠃ ᠰᠢᠯᠭᠠᠯᠳᠠ ᠶᠢᠨ ᠦᠢᠯᠡᠴᠢᠯᠡᠭᠡᠨ ᠤ ᠺᠤᠮᠫᠠᠨᠢ ᠨᠢ ᠦᠪᠡᠷ ᠤᠨ ᠺᠤᠮᠫᠢᠦ᠋ᠲ᠋ᠧᠷᠴᠢᠯᠡᠭᠰᠡᠨ ᠰᠢᠯᠭᠠᠯᠳᠠ ᠶᠢᠨ ᠵᠦᠭᠡᠯᠡᠨ ᠲᠤᠨᠤᠬ ᠤᠨ ᠮᠡᠷᠭᠡᠵᠢᠯ ᠲᠠᠢ᠂ ᠡᠩ ᠤᠨ ᠪᠢᠴᠢᠯ ᠮᠠᠰᠢᠨ ᠪᠠ ᠳ᠋ᠢᠶᠠᠩᠬᠤᠸᠠ ᠶᠢᠨ ᠤᠳᠠᠰᠤ ᠪᠠᠷ ᠰᠢᠯᠭᠠᠯᠳᠠ ᠶᠢᠨ ᠰᠡᠳᠦᠪ ᠢᠶᠠᠨ ᠲᠡᠯᠡᠭᠡᠢ ᠲᠡᠭᠡᠷᠡᠬᠢ ᠠᠯᠢ ᠨᠢᠭᠡ ᠰᠢᠯᠭᠠᠯᠳᠠ ᠶᠢᠨ ᠲᠠᠯᠠᠪᠠᠢ ᠳᠤ ᠲᠠᠮᠵᠢᠭᠤᠯᠵᠤ᠂ ᠺᠤᠮᠫᠢᠦ᠋ᠲ᠋ᠧᠷ ᠤᠨ ᠰᠡᠳᠦᠪ ᠤᠨ ᠬᠦᠮᠦᠷᠭᠡ ᠠᠴᠠ ᠤᠯᠠᠨ ᠵᠦᠢᠯ ᠤᠨ ᠰᠢᠯᠭᠠᠯᠳᠠ ᠶᠢᠨ ᠰᠡᠳᠦᠪ ᠬᠠᠨᠭ᠍ᠭᠠᠵᠤ ᠦᠭᠭᠦᠨ᠎ᠡ᠃ ᠰᠢᠯᠭᠠᠬᠤ ᠰᠤᠷᠤᠬᠴᠢ ᠨᠡᠷ᠎ᠡ ᠪᠠᠨ ᠯᠡ ᠮᠡᠳᠡᠭᠦᠯᠪᠡᠯ ᠲᠡᠯᠡᠭᠡᠢ ᠲᠡᠭᠡᠷᠡᠬᠢ ᠡᠯ᠎ᠡ ᠵᠦᠢᠯ ᠤᠨ ᠦᠨᠡᠮᠯᠡᠯ ᠤᠯᠭᠤᠬᠤ ᠰᠢᠯᠭᠠᠯᠳᠠ ᠳᠤ ᠤᠷᠤᠯᠴᠠᠵᠤ ᠪᠤᠯᠤᠨ᠎ᠠ᠃ ᠡᠶᠢᠮᠦᠷᠭᠦ ᠰᠢᠯᠭᠠᠯᠳᠠ ᠶᠢᠨ ᠲᠠᠪᠠᠭᠤᠯᠢᠬ ᠨᠢ᠄ ᠰᠢᠯᠭᠠᠭᠤᠯᠤᠬᠴᠢᠳ ᠦᠪᠡᠷ ᠤᠨ ᠲᠦᠭᠦᠮ ᠢᠶᠠᠨ ᠦᠵᠡᠵᠦ ᠰᠢᠯᠭᠠᠯᠳᠠ ᠳᠤ ᠤᠷᠤᠯᠴᠠᠬᠤ ᠴᠠᠬ ᠢᠶᠠᠨ ᠰᠤᠩᠭᠤᠵᠤ ᠪᠤᠯᠤᠨ᠎ᠠ︔ ᠠᠳᠠᠯᠢᠬᠠᠨ ᠨᠢᠭᠡ ᠯᠡ ᠲᠡᠯᠡᠪᠡᠢ ᠳᠤ ᠠᠳᠠᠯᠢ ᠪᠤᠰᠤ ᠲᠦᠷᠦᠯ ᠤᠨ ᠰᠢᠯᠭᠠᠯᠳᠠ ᠳᠤ ᠤᠷᠤᠯᠴᠠᠵᠤ ᠪᠤᠯᠤᠨ᠎ᠠ︔ ᠰᠢᠯᠭᠠᠯᠳᠠ ᠲᠡᠭᠦᠰᠦᠭᠰᠡᠨ ᠤ ᠲᠠᠷᠠᠭ᠎ᠠ ᠰᠢᠯᠭᠠᠭᠤᠯᠤᠬᠴᠢᠳ ᠰᠢᠯᠭᠠᠬᠰᠠᠨ ᠬᠢᠷᠢ ᠪᠦᠳᠦᠮᠵᠢ ᠪᠠᠨ ᠲᠡᠷᠡ ᠲᠤᠤᠷ᠎ᠠ ᠨᠢ ᠮᠡᠳᠡᠵᠦ ᠴᠢᠳᠠᠬᠤ ᠪᠠᠷ ᠪᠠᠷᠠᠬᠤ ᠦᠭᠡᠢ᠂ ᠫᠤᠮᠫᠢᠦ᠋ᠲ᠋ᠧᠷ ᠠᠴᠠ ᠰᠢᠯᠭᠠᠭᠤᠯᠤᠬᠴᠢᠳ ᠰᠤᠷᠤᠯᠭ᠎ᠠ ᠶᠢᠨ ᠰᠠᠶᠢᠨᠳᠠᠢ ᠲᠠᠯ᠎ᠠ ᠪᠠ ᠲᠤᠳᠠᠬᠳᠠᠯ ᠲᠠᠢ ᠲᠠᠯ᠎ᠠ ᠶᠢ ᠵᠢᠭᠠᠨ ᠭᠠᠷᠭᠠᠳᠠᠬ ᠠᠴᠠ ᠡᠨᠡ ᠤᠳᠠᠭ᠎ᠠ ᠶᠢᠨ ᠰᠢᠯᠭᠠᠯᠳᠠ ᠳᠤ ᠬᠢᠷᠢ ᠲᠡᠩᠴᠡᠭᠰᠡᠨ ᠦᠭᠡᠢ ᠪᠤᠯ ᠲᠠᠷᠠᠭᠠᠴᠢ ᠶᠢᠨ ᠰᠢᠯᠭᠠᠯᠳᠠ ᠳᠤ ᠪᠡᠯᠡᠳᠭᠡᠭᠦ ᠳᠤ ᠲᠤᠳᠤᠷ᠎ᠠ ᠪᠠᠨ ᠲᠤᠭ᠎ᠠ ᠲᠠᠢ ᠪᠤᠯᠵᠤ ᠴᠢᠳᠠᠬᠤ ᠶᠤᠮ᠃
       ᠭᠤᠤᠯᠴᠢ ᠪᠠᠶᠢᠬᠤ ᠪᠠ ᠨᠢᠭᠤᠴᠠ ᠶᠢ ᠬᠠᠮᠠᠭᠠᠯᠠᠬᠤ ᠲᠠᠯ᠎ᠠ ᠪᠠᠷ ᠡᠯ᠎ᠡ ᠲᠤᠮᠤ ᠺᠤᠮᠫᠠᠨᠢ ᠨᠤᠭᠤᠳ ᠤᠨ ᠰᠢᠯᠭᠠᠯᠳᠠ ᠶᠢᠨ ᠰᠡᠳᠦᠪ ᠤᠨ ᠬᠦᠮᠦᠷᠭᠡ ᠨᠢ ᠦᠢᠯᠡᠳᠭᠦᠨ ᠤ ᠰᠢᠨᠡᠳᠭᠡᠯᠳᠡ ᠶᠢ ᠲᠠᠭᠠᠵᠤ ᠲᠠᠰᠤᠷᠠᠯᠳᠠ ᠦᠭᠡᠢ ᠰᠢᠨᠡᠳᠭᠡᠭᠳᠡᠵᠦ ᠪᠠᠶᠢᠳᠠᠬ᠃ ᠡᠶᠢᠮᠦ ᠠᠴᠠ ᠬᠢᠴᠢᠶᠡᠯ ᠪᠦᠷᠢ ᠶᠢᠨ ᠰᠢᠯᠭᠠᠯᠳᠠ ᠶᠢᠨ ᠴᠠᠬ᠂ ᠰᠢᠯᠭᠠᠯᠳᠠ ᠶᠢᠨ ᠭᠡᠯᠪᠡᠷᠢ ᠳᠤ ᠵᠤᠬᠢᠴᠠᠩᠭᠤᠢ ᠪᠠᠷ ᠲᠤᠬᠢᠷᠠᠭᠤᠯᠤᠯᠳᠠ ᠬᠢᠳᠡᠭ᠃ ᠳ᠋ᠢᠶᠠᠨᠬᠤᠸᠠ ᠶᠢᠨ ᠤᠳᠠᠰᠤ ᠪᠤᠶᠤ ᠲᠠᠭᠠᠭᠤᠯᠢ ᠤᠳᠤᠨ ᠤ ᠮᠡᠳᠡᠭᠡ ᠬᠤᠯᠪᠤᠭ᠎ᠠ ᠶᠢᠨ ᠠᠷᠭ᠎ᠠ ᠪᠠᠷᠢᠯ ᠢᠶᠠᠷ ᠬᠤᠷᠤᠮᠬᠠᠨ ᠵᠠᠭᠤᠷ᠎ᠠ ᠶᠢᠨ ᠬᠤᠭᠤᠷᠤᠨᠳᠤ ᠰᠢᠯᠭᠠᠯᠳᠠ ᠶᠢᠨ ᠰᠡᠳᠦᠪ ᠢ ᠨᠢᠭᠡ ᠤᠯᠤᠰ ᠠᠴᠠ ᠡᠯ᠎ᠡ ᠰᠢᠯᠭᠠᠯᠳᠠ ᠶᠢᠨ ᠲᠦᠪ ᠲᠤ ᠲᠠᠮᠵᠢᠭᠤᠯᠵᠤ ᠬᠦᠷᠭᠡᠳᠡᠭ᠂ ᠡᠶᠢᠮᠦ ᠠᠴᠠ ᠰᠤᠷᠤᠬᠴᠢᠳ ᠬᠠᠮᠤᠬ ᠤᠨ ᠰᠢᠨ᠎ᠡ ᠰᠤᠷᠤᠬᠰᠠᠨ ᠮᠡᠳᠡᠯᠭᠡ ᠪᠠᠨ ᠰᠢᠯᠭᠠᠯᠳᠠ ᠳᠤ ᠭᠡᠷᠡᠭᠯᠡᠵᠦ ᠴᠢᠳᠠᠳᠠᠬ᠃ ᠲᠡᠭᠦᠨᠴᠢᠯᠡᠨ ᠺᠤᠮᠫᠢᠦ᠋ᠲ᠋ᠧᠷ ᠤᠨ ᠨᠢᠭᠤᠴᠠ ᠬᠠᠮᠠᠭᠠᠯᠠᠬᠤ ᠠᠷᠭ᠎ᠠ ᠪᠠᠷᠢᠯ ᠢ ᠭᠡᠷᠡᠭᠯᠡᠭᠰᠡᠨ ᠪᠠ ᠰᠡᠳᠦᠪ ᠤᠨ ᠬᠦᠮᠦᠷᠭᠡ ᠶᠢ ᠰᠢᠨᠵᠢᠯᠡᠭᠦ ᠤᠬᠠᠭᠠᠨᠴᠢ ᠪᠠᠷ ᠬᠠᠮᠢᠶᠠᠷᠳᠠᠬ ᠲᠤᠯᠠ ᠠᠳᠠᠯᠢ ᠨᠢᠭᠡ ᠰᠢᠯᠭᠠᠯᠳᠠ ᠶᠢᠨ ᠲᠠᠯᠠᠪᠠᠢ ᠳᠠᠬᠢ ᠰᠡᠳᠦᠪ ᠨᠢ ᠴᠤ ᠬᠤᠭᠤᠷᠤᠨᠳᠤ ᠪᠠᠨ ᠠᠳᠠᠯᠢ ᠦᠭᠡᠢ ᠪᠠᠶᠢᠳᠠᠬ ᠶᠤᠮ᠃ ᠰᠢᠯᠭᠠᠯᠳᠠ ᠲᠡᠭᠦᠰᠦᠭᠰᠡᠨ ᠤ ᠲᠠᠷᠠᠭ᠎ᠠ ᠴᠡᠭᠡᠨ ᠬᠦᠰᠢᠭᠡ ᠲᠡᠭᠡᠷᠡᠬᠢ ᠰᠡᠳᠦᠪ ᠠᠶᠠᠨᠳᠠᠭᠠᠨ ᠠᠷᠢᠯᠵᠤ᠂ ᠵᠦᠪᠭᠡᠨ ᠰᠢᠯᠭᠠᠭᠤᠯᠤᠬᠴᠢᠳ ᠤᠨ ᠬᠢᠷᠢ ᠪᠦᠳᠦᠮᠵᠢ ᠯᠠ ᠦᠯᠡᠳᠡᠳᠡᠭ ᠲᠤᠯᠠ ᠰᠢᠯᠭᠠᠯᠳᠠ ᠶᠢᠨ ᠰᠡᠳᠦᠪ ᠤᠨ ᠨᠢᠭᠤᠴᠠ ᠬᠠᠮᠠᠭᠠᠯᠠᠯᠳᠠ ᠶᠢ ᠴᠤ ᠴᠢᠩᠭᠠᠳᠬᠠᠬᠰᠠᠨ ᠪᠠᠶᠢᠨ᠎ᠠ᠃
       ᠺᠤᠮᠫᠢᠦ᠋ᠲ᠋ᠧᠷ ᠢ ᠰᠢᠯᠭᠠᠯᠳᠠ ᠳᠤ ᠭᠡᠷᠡᠭᠯᠡᠭᠰᠡᠨ ᠶᠠᠪᠤᠳᠠᠯ ᠪᠤᠯ ᠰᠢᠯᠭᠠᠯᠳᠠ ᠳᠤ ᠬᠢᠭᠰᠡᠨ ᠨᠢᠭᠡ ᠤᠳᠠᠭ᠎ᠠ ᠶᠢᠨ ᠬᠤᠪᠢᠰᠬᠠᠯ ᠮᠦᠨ᠂ ᠺᠤᠮᠫᠢᠦ᠋ᠲ᠋ᠧᠷᠴᠢᠯᠡᠭᠰᠡᠨ ᠰᠢᠯᠭᠠᠯᠳᠠ ᠪᠤᠯ 21 ᠳ᠋ᠤᠭᠡᠷ ᠵᠠᠭᠤᠨ ᠤ ᠰᠢᠯᠭᠠᠯᠳᠠ ᠶᠢᠨ ᠭᠤᠤᠯ ᠠᠷᠭ᠎ᠠ ᠮᠠᠶ᠋ᠢᠬ ᠭᠡᠵᠦ ᠰᠢᠯᠭᠠᠯᠳᠠ ᠶᠢᠨ ᠡᠳᠡᠭᠡᠳ ᠤᠨ ᠬᠢᠨ ᠨᠡᠶᠢᠳᠡᠮ ᠦᠵᠡᠵᠦ ᠪᠠᠶᠢᠨ᠎ᠠ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ