ᠠᠵᠤ ᠠᠬᠤᠢᠢᠯᠠᠯ ᠤᠨ ᠶᠡᠷᠦᠩᠭᠡᠶᠢᠯᠡᠭᠰᠡᠨ ᠠᠦ᠋ᠲ᠋ᠤ᠋ ᠮᠡᠷᠭᠡᠵᠢᠯ — ᠺᠤᠮᠫᠢᠦ᠋ᠲ᠋ᠧᠷ ᠤᠨ ᠬᠤᠷᠠᠮᠠᠯ ᠭᠡᠯᠬᠢᠶᠡᠳᠦ ᠦᠢᠯᠡᠳᠭᠦ ᠰᠢᠰᠲ᠋ᠧᠮ CIMS
ᠨᠡᠶᠢᠲᠡᠯᠡᠭᠰᠡᠨ ᠴᠠᠭ᠄
2018/11/30

       ᠤᠳᠤ ᠪᠢᠴᠢᠯ ᠲᠤᠯᠬᠢᠶᠠᠨ ᠤ ᠮᠡᠷᠭᠡᠵᠢᠯ ᠭᠦᠭᠵᠢᠭᠡᠳ ᠬᠦᠮᠦᠰ ᠨᠢᠭᠡ ᠤᠳᠠᠰᠤ ᠶᠠᠪᠤᠭᠤᠯᠬᠤ ᠪᠤᠷᠤ ᠲᠦᠷᠰᠦᠳᠦ ᠴᠠᠬᠢᠯᠭᠠᠨ ᠶᠠᠪᠤᠭᠤᠯᠪᠠᠯ ᠲᠤᠷ᠎ᠠ ᠶᠢᠨ ᠨᠢᠭᠡ ᠦᠢᠯᠡᠳᠭᠦᠨ ᠢᠶᠠᠨ ᠬᠤᠳᠠᠯᠳᠤᠨ ᠠᠪᠴᠤ ᠪᠤᠯᠤᠨ᠎ᠠ᠃ ᠮᠡᠳᠡᠭᠡ ᠵᠠᠩᠬᠢ ᠲᠦᠷᠭᠡᠨ ᠰᠤᠷᠭᠤᠬ ᠪᠤᠯᠤᠬᠰᠠᠨ ᠲᠤᠯᠠ ᠪᠦᠭᠦ ᠲᠡᠯᠡᠭᠡᠢ ᠶᠢᠨ ᠵᠠᠬ᠎ᠠ ᠲᠡᠯᠭᠡᠭᠦᠷ ᠤᠨ ᠦᠷᠢᠰᠦᠯᠳᠦᠭᠡᠨ ᠴᠤ ᠤᠯᠠᠮ ᠰᠢᠷᠦᠭᠦᠰᠴᠦ᠂ ᠦᠢᠯᠡᠳᠭᠦᠨ ᠤ ᠲᠤᠬᠠᠢ ᠬᠦᠮᠦᠰ ᠤᠨ ᠱᠠᠭᠠᠷᠳᠠᠯᠭ᠎ᠠ ᠴᠤ ᠤᠯᠠᠮ ᠦᠨᠳᠦᠷ ᠪᠤᠯᠪᠠ᠃ ᠡᠶᠢᠮᠦ ᠪᠠᠶᠢᠳᠠᠯ ᠲᠤᠤᠷ᠎ᠠ ᠦᠢᠯᠡᠳᠭᠦᠨ ᠢ ᠦᠢᠯᠡᠳᠭᠦ ᠠᠵᠤ ᠠᠬᠤᠢᠢᠯᠠᠯ ᠤᠨ ᠠᠦ᠋ᠲ᠋ᠤ᠋ ᠮᠡᠷᠭᠡᠵᠢᠯ ᠢ ᠲᠦᠷᠭᠡᠨ ᠲᠡᠭᠡᠭᠰᠢᠯᠡᠭᠦᠯᠭᠦ ᠦᠭᠡᠢ ᠪᠤᠯ ᠪᠤᠯᠬᠤ ᠦᠭᠡᠢ ᠪᠤᠯᠵᠠᠢ᠃
       ᠮᠡᠳᠡᠭᠡ ᠵᠠᠩᠬᠢ ᠶᠢᠨ ᠦᠶ᠎ᠡ ᠶᠢᠨ ᠦᠢᠯᠡᠳᠭᠦᠨ ᠳᠤ᠄ ᠦᠢᠯᠡᠳᠭᠦᠨ ᠤ ᠦᠶ᠎ᠡ ᠰᠤᠯᠢᠯᠳᠠ ᠤᠯᠠᠮ ᠲᠦᠷᠭᠡᠨ ᠪᠤᠯᠵᠤ ᠪᠠᠶᠢᠬᠤ᠂ ᠦᠪᠡᠷᠮᠢᠴᠡ ᠤᠨᠴᠠᠯᠢᠬ ᠪᠦᠭᠦᠢ ᠦᠢᠯᠡᠳᠭᠦᠨ ᠤᠯᠠᠮ ᠤᠯᠠᠰᠢᠷᠠᠵᠤ ᠪᠠᠶᠢᠬᠤ᠂ ᠦᠢᠯᠡᠳᠭᠦᠨ ᠤ ᠰᠢᠨᠵᠢᠯᠡᠭᠦ ᠤᠬᠠᠭᠠᠨ ᠮᠡᠷᠭᠡᠵᠢᠯ ᠤᠨ ᠠᠭᠤᠯᠤᠬᠳᠠᠴᠠ ᠤᠯᠠᠮ ᠦᠨᠳᠦᠷ ᠪᠤᠯᠵᠤ ᠪᠠᠶᠢᠬᠤ᠂ ᠭᠡᠷᠡᠭᠯᠡᠭᠴᠢᠳ ᠦᠢᠯᠡᠳᠭᠦᠨ ᠤ ᠴᠢᠨᠠᠷ ᠴᠢᠳᠠᠯ ᠦᠨ᠎ᠡ ᠬᠠᠰᠢ ᠶᠢ ᠤᠯᠠᠮ ᠴᠢᠬᠤᠯᠠᠴᠢᠯᠠᠵᠤ ᠪᠠᠶᠢᠬᠤ ᠪᠠ ᠦᠢᠯᠡᠳᠭᠦᠨ ᠢ ᠬᠤᠳᠠᠯᠳᠤᠨ ᠠᠪᠤᠬᠰᠠᠨ ᠤ ᠲᠠᠷᠠᠭ᠎ᠠ ᠰᠠᠶᠢᠨ ᠦᠢᠯᠡᠴᠢᠯᠡᠭᠡ ᠬᠢᠭᠦ ᠶᠢ ᠱᠠᠭᠠᠷᠳᠠᠵᠤ ᠪᠠᠶᠢᠬᠤ ᠵᠡᠷᠭᠡ ᠲᠠᠪᠤᠨ ᠤᠨᠴᠠᠯᠢᠬ ᠲᠠᠢ ᠪᠠᠶᠢᠨ᠎ᠠ᠃ ᠡᠳᠡᠭᠡᠷ ᠤᠨᠴᠠᠯᠢᠬ ᠲᠤ ᠵᠤᠬᠢᠴᠠᠭᠤᠯᠤᠨ ᠠᠵᠤ ᠠᠬᠤᠢᠢᠯᠠᠯᠳᠠᠳ ᠦᠢᠯᠡᠳᠭᠦᠨ ᠤ T.Q.C.S ᠭᠡᠳᠡᠭ ᠲᠤᠮᠢᠶ᠎ᠡ ᠶᠢ ᠲᠤᠷᠠᠳᠴᠤ ᠭᠠᠷᠭᠠᠪᠠ᠃ ᠡᠳᠡᠭᠡᠷ ᠦᠰᠦᠭ ᠪᠤᠯ ᠴᠦᠮ ᠯᠠᠲ᠋ᠢᠨ ᠦᠭᠡ ᠶᠢᠨ ᠲᠦᠷᠦᠭᠦᠦ ᠨᠢᠭᠡ ᠦᠰᠦᠭ ᠪᠤᠯᠤᠨ᠎ᠠ᠃ T ︵time︶ ᠭᠡᠳᠡᠭ ᠨᠢ ᠴᠠᠬ ᠢ ᠭᠡᠯᠡᠵᠦ ᠪᠤᠢ᠂ ᠦᠷᠢᠰᠦᠯᠳᠦᠭᠡᠨ ᠤ ᠲᠤᠮᠳᠠ ᠦᠢᠯᠡᠳᠭᠦᠨ ᠢ ᠡᠷᠭᠡᠪᠰᠢ ᠲᠦᠷᠭᠡᠨ ᠦᠢᠯᠡᠳᠪᠡᠯ ᠰᠠᠶ᠋ᠢ ᠵᠠᠬ᠎ᠠ ᠲᠡᠯᠭᠡᠭᠦᠷ ᠢ ᠡᠵᠡᠯᠡᠵᠦ ᠴᠢᠳᠠᠨ᠎ᠠ᠃ Q ︵Quality︶ ᠭᠡᠳᠡᠭ ᠨᠢ ᠴᠢᠨᠠᠷ ᠢ ᠭᠡᠯᠡᠵᠦ ᠪᠤᠢ᠂ ᠴᠢᠨᠠᠷ ᠮᠠᠭᠤ ᠲᠠᠢ ᠦᠢᠯᠡᠳᠭᠦᠨ ᠦᠷᠢᠰᠦᠯᠳᠦᠭᠦ ᠬᠦᠴᠦᠨ ᠦᠭᠡᠢ︔ C ︵cost︶ ᠭᠡᠳᠡᠭ ᠨᠢ ᠦᠪᠡᠷ ᠤᠨ ᠦᠷᠳᠡᠭ ᠢ ᠭᠡᠯᠡᠵᠦ ᠪᠤᠢ᠂ ᠦᠪᠡᠷ ᠤᠨ ᠦᠷᠳᠡᠭ ᠨᠢ ᠬᠢᠮᠳᠠ ᠪᠤᠯ ᠦᠷᠢᠰᠦᠯᠳᠦᠭᠦ ᠬᠦᠴᠦᠨ ᠲᠠᠢ︔ S ︵service︶ ᠭᠡᠳᠡᠭ ᠨᠢ ᠦᠢᠯᠡᠴᠢᠯᠡᠭᠡ ᠶᠢ ᠭᠡᠯᠡᠵᠦ ᠪᠤᠢ᠂ ᠦᠢᠯᠡᠴᠢᠯᠡᠭᠡ ᠲᠠᠢ ᠦᠢᠯᠡᠳᠭᠦᠨ ᠢ ᠬᠦᠮᠦᠰ ᠠᠪᠬᠤ ᠲᠤᠷ᠎ᠠ ᠲᠠᠢ ᠪᠠᠶᠢᠳᠠᠬ᠃ ᠡᠨᠡ T.Q.C.S ᠲᠦᠷᠪᠡᠨ ᠦᠰᠦᠭ ᠨᠢ ᠮᠡᠳᠡᠭᠡ ᠵᠠᠩᠬᠢ ᠶᠢᠨ ᠦᠶ᠎ᠡ ᠶᠢᠨ ᠦᠢᠯᠡᠳᠭᠦᠨ ᠤ ᠴᠢᠩᠭ᠎ᠠ ᠱᠠᠭᠠᠷᠳᠠᠯᠭ᠎ᠠ ᠶᠢ ᠲᠦᠯᠦᠭᠡᠯᠡᠪᠡ᠃ ᠠᠯᠢᠪᠠ ᠠᠵᠤ ᠠᠬᠤᠢᠢᠯᠠᠯ ᠡᠨᠡ ᠲᠦᠷᠪᠡᠨ ᠲᠠᠯ᠎ᠠ ᠪᠠᠷ ᠮᠠᠭᠤ ᠪᠠᠶᠢᠪᠠᠯ ᠵᠠᠬ᠎ᠠ ᠲᠡᠯᠭᠡᠭᠦᠷ ᠠᠴᠠ ᠰᠢᠬᠠᠬᠳᠠᠵᠤ᠂ ᠦᠷᠢᠰᠦᠯᠳᠦᠭᠡᠨ ᠳᠤ ᠢᠯᠠᠬᠳᠠᠨ᠎ᠠ᠃ ᠲᠡᠭᠡᠪᠡᠯ ᠭᠠᠷᠬᠤ ᠵᠠᠮ ᠬᠠᠮᠢᠭ᠎ᠠ ᠪᠠᠶᠢᠬᠤ ᠪᠤᠢ︖ ᠲᠡᠭᠡᠳᠦ ᠰᠢᠨ᠎ᠡ ᠮᠡᠷᠭᠡᠵᠢᠯ ᠢ ᠭᠡᠷᠡᠭᠯᠡᠨ᠎ᠡ᠃ ᠡᠭᠦᠨ ᠳᠤ CIMS ᠲᠤᠬᠠᠢᠢᠯᠠᠪᠠᠯ ᠺᠤᠮᠫᠢᠦ᠋ᠲ᠋ᠧᠷ ᠤᠨ ᠬᠤᠷᠠᠮᠠᠯ ᠭᠡᠯᠬᠢᠶᠡᠳᠦ ᠦᠢᠯᠡᠳᠭᠦ ᠰᠢᠰᠲ᠋ᠧᠮ ︵计算机集成制造系统︶ ᠪᠤᠯ ᠲᠠᠷᠤᠢ ᠲᠡᠭᠡᠷᠡᠬᠢ ᠲᠦᠷᠪᠡᠨ ᠱᠠᠭᠠᠷᠳᠠᠯᠭ᠎ᠠ ᠶᠢ ᠪᠡᠶᠡᠯᠡᠭᠦᠯᠭᠦ ᠲᠡᠭᠡᠳᠦ ᠰᠢᠨ᠎ᠡ ᠮᠡᠷᠭᠡᠵᠢᠯ ᠪᠤᠯᠤᠨ᠎ᠠ᠃
       CIMS ᠢ ᠪᠤᠯ 1974 ᠤᠨ ᠳᠤ ᠠᠮᠧᠷᠢᠺᠠ ᠶᠢᠨ ᠬᠠᠯᠢᠨᠲ᠋ᠤᠨ ᠳ᠋ᠤᠺᠲ᠋ᠤᠷ ᠲᠤᠷᠠᠳᠴᠤ ᠭᠠᠷᠭᠠᠬᠰᠠᠨ ᠶᠤᠮ᠃ C ᠪᠤᠯ ᠲᠠᠷᠤᠢ computer ᠺᠤᠮᠫᠢᠦ᠋ᠲ᠋ᠧᠷ᠂ I ᠪᠤᠯ Manufactring ᠮᠠᠨᠦ᠋ᠹᠠᠺᠲᠷᠢᠩ ᠦᠢᠯᠡᠳᠭᠦ᠂ S ᠪᠤᠯ ᠲᠠᠷᠤᠢ System ᠰᠢᠰᠲ᠋ᠧᠮ ᠪᠤᠯᠤᠨ᠎ᠠ᠃ ᠲᠤᠪᠴᠢᠯᠠᠨ ᠨᠡᠶᠢᠯᠡᠭᠦᠯᠵᠦ ᠪᠢᠴᠢᠪᠡᠯ ᠲᠠᠷᠤᠢ CIMS᠂ ᠺᠤᠮᠫᠢᠦ᠋ᠲ᠋ᠧᠷ ᠤᠨ ᠬᠤᠷᠠᠮᠠᠯ ᠭᠡᠯᠬᠢᠶᠡᠳᠦ ᠦᠢᠯᠡᠳᠭᠦ ᠰᠢᠰᠲ᠋ᠧᠮ ᠪᠤᠯᠤᠨ᠎ᠠ᠃ ᠡᠨᠡ ᠰᠢᠰᠲ᠋ᠧᠮ ᠢ ᠪᠤᠯ ᠦᠢᠯᠡᠳᠭᠦ ᠦᠢᠯᠡᠰ ᠤᠨ ᠪᠦᠭᠦ ᠶᠠᠪᠤᠴᠠ᠂ ᠲᠠᠷᠤᠢ ᠵᠠᠬ᠎ᠠ ᠲᠡᠯᠭᠡᠭᠦᠷ᠂ ᠡᠵᠡᠩᠨᠡᠯᠳᠡ᠂ ᠵᠢᠷᠤᠬ ᠲᠦᠯᠦᠪᠯᠡᠭᠡ᠂ ᠤᠬᠰᠠᠷᠠᠯᠳᠠ᠂ ᠬᠠᠮᠢᠶᠠᠷᠤᠯᠳᠠ᠂ ᠪᠤᠷᠤᠯᠠᠭᠤᠯᠤᠯᠳᠠ᠂ ᠦᠢᠯᠡᠴᠢᠯᠡᠭᠡ ᠪᠤᠯ ᠪᠦᠷ ᠴᠤ ᠨᠢᠭᠡᠨ ᠪᠦᠭᠦᠯᠢ ᠴᠤᠬᠴᠠᠰ ᠮᠦᠨ ᠭᠡᠳᠡᠭ ᠦᠵᠡᠯᠳᠡ ᠶᠢ ᠦᠨᠳᠦᠰᠦᠯᠡᠵᠦ ᠲᠤᠷᠠᠳᠴᠤ ᠭᠠᠷᠭᠠᠬᠰᠠᠨ ᠶᠤᠮ᠃ ᠲᠦᠯᠦᠪᠯᠡᠭᠡᠳᠦ ᠠᠵᠤ ᠠᠬᠤᠢ ᠶᠢᠨ ᠦᠶ᠎ᠡ ᠳᠤ ᠦᠭᠡᠷ᠎ᠡ ᠶᠠᠭᠤ ᠪᠦᠭᠦᠨ ᠢ ᠬᠠᠮᠢᠶᠠᠷᠬᠤ ᠦᠭᠡᠢ᠂ ᠵᠦᠪᠭᠡᠨ ᠦᠢᠯᠡᠳᠴᠦ ᠭᠠᠷᠭᠠᠭᠠᠳ ᠬᠦᠮᠦᠷᠭᠡᠯᠡᠵᠦ ᠲᠠᠯᠪᠢᠪᠠᠯ ᠪᠤᠯᠴᠢᠬᠠᠬᠤ ᠪᠠᠶᠢᠬᠰᠠᠨ ᠶᠤᠮ᠂ ᠢᠡᠭᠬᠢᠭᠰᠡᠨ ᠠᠴᠠ ᠭᠡᠳᠦᠢ ᠠᠷᠪᠢᠨ ᠦᠢᠯᠡᠳᠪᠦᠷᠢᠯᠡᠪᠡᠯ ᠲᠡᠳᠦᠢ ᠠᠷᠪᠢᠨ ᠪᠦᠷᠢᠯᠭᠡᠨ ᠰᠦᠢᠳᠭᠡᠵᠦ ᠪᠠᠶᠢᠪᠠ᠃ ᠵᠠᠬ᠎ᠠ ᠲᠡᠯᠭᠡᠭᠦᠷ ᠠᠴᠠ ᠡᠬᠢᠯᠡᠵᠦ ᠬᠤᠳᠠᠯᠳᠤᠬᠰᠠᠨ ᠤ ᠬᠤᠶᠢᠨᠠᠬᠢ ᠦᠢᠯᠡᠴᠢᠯᠡᠭᠡ ᠬᠦᠷᠳᠡᠯ᠎ᠡ ᠪᠤᠳᠤᠯᠬᠢᠯᠠᠬᠤ ᠪᠤᠯ ᠪᠦᠭᠦ ᠲᠠᠯ᠎ᠠ ᠶᠢᠨ ᠦᠵᠡᠯᠳᠡ ᠮᠦᠨ᠂ ᠬᠤᠷᠠᠮᠠᠯ ᠭᠡᠯᠬᠢᠶ᠎ᠡ ᠶᠢᠨ ᠦᠵᠡᠯᠳᠡ ᠮᠦᠨ᠂ ᠰᠢᠰᠲ᠋ᠧᠮ ᠤᠨ ᠦᠵᠡᠯᠳᠡ ᠮᠦᠨ᠃ ᠲᠤᠪᠴᠢᠯᠠᠵᠤ ᠭᠡᠯᠡᠪᠡᠯ CIMS ᠪᠤᠯ ᠮᠡᠳᠡᠭᠡ ᠵᠠᠩᠬᠢ ᠶᠢᠨ ᠮᠡᠷᠭᠡᠵᠢᠯ ᠲᠡᠭᠡᠷ᠎ᠡ ᠤᠳᠤ ᠦᠶ᠎ᠡ ᠶᠢᠨ ᠬᠠᠮᠢᠶᠠᠷᠤᠯᠳᠠ ᠶᠢᠨ ᠮᠡᠷᠭᠡᠵᠢᠯ ᠢ ᠨᠠᠮᠠᠵᠤ ᠲᠠᠬᠢᠨ ᠦᠢᠯᠡᠳᠭᠦ ᠮᠡᠷᠭᠡᠵᠢᠯ ᠢ ᠨᠠᠮᠠᠭᠡᠳ ᠪᠦᠷᠢᠯᠳᠦᠭᠰᠡᠨ ᠨᠢᠭᠡ ᠰᠢᠰᠲ᠋ᠧᠮ ᠪᠤᠯᠤᠨ᠎ᠠ᠃
       ᠺᠤᠮᠫᠢᠦ᠋ᠲ᠋ᠧᠷ ᠤᠨ ᠬᠤᠷᠠᠮᠠᠯ ᠭᠡᠯᠬᠢᠶᠡᠳᠦ ᠦᠢᠯᠡᠳᠭᠦ ᠰᠢᠰᠲ᠋ᠧᠮ ᠳᠤ ᠲᠤᠤᠷᠠᠬᠢ ᠲᠠᠪᠤᠨ ᠰᠠᠯᠪᠤᠷᠢ ᠪᠠᠶᠢᠳᠠᠬ᠄ ᠢᠨᠵᠧᠨᠧᠷᠢᠩ ᠤᠨ ᠵᠢᠷᠤᠵᠤ ᠲᠦᠯᠦᠪᠯᠡᠭᠦ ᠰᠢᠰᠲ᠋ᠧᠮ᠂ ᠡᠵᠡᠩᠨᠡᠨ ᠬᠠᠮᠢᠶᠠᠷᠤᠯᠳᠠ ᠶᠢᠨ ᠰᠢᠰᠲ᠋ᠧᠮ᠂ ᠡᠳ᠋ᠰᠢᠭᠦᠯᠦᠨ ᠦᠢᠯᠡᠳᠭᠦ ᠰᠢᠰᠲ᠋ᠧᠮ᠂ ᠴᠢᠨᠠᠷ ᠤᠨ ᠰᠢᠰᠲ᠋ᠧᠮ ᠪᠠ ᠺᠤᠮᠫᠢᠦ᠋ᠲ᠋ᠧᠷ ᠤᠨ ᠲᠤᠤᠷ ᠰᠦᠯᠵᠢᠶ᠎ᠡ ᠶᠢᠨ ᠰᠢᠰᠲ᠋ᠧᠮ᠃ ᠭᠡᠪᠡᠴᠦ ᠦᠢᠯᠡᠳᠪᠦᠷᠢ ᠪᠦᠭᠦᠨ ᠳᠤ ᠵᠠᠪᠠᠯ ᠡᠳᠡᠭᠡᠷ ᠲᠠᠪᠤᠨ ᠰᠢᠰᠲ᠋ᠧᠮ ᠪᠠᠶᠢᠬᠤ ᠭᠡᠷᠡᠭᠳᠡᠢ ᠭᠡᠰᠡᠨ ᠪᠢᠰᠢ᠂ ᠦᠢᠯᠡᠳᠪᠦᠷᠢ ᠶᠢᠨ ᠪᠤᠳᠠᠳᠠᠢ ᠪᠠᠶᠢᠳᠠᠯ ᠢᠶᠠᠨ ᠦᠵᠡᠵᠦ ᠰᠤᠩᠭᠤᠵᠤ ᠭᠡᠷᠡᠭᠯᠡᠨ᠎ᠡ᠃ ᠭᠡᠪᠡᠴᠦ ᠲᠡᠭᠦᠨ ᠤ ᠡᠴᠦᠰ ᠤᠨ ᠵᠤᠷᠢᠯᠭ᠎ᠠ ᠪᠤᠯ T.Q.C.S ᠢ ᠰᠢᠢᠳᠪᠦᠷᠢᠯᠡᠭᠦ ᠳᠤ ᠤᠷᠤᠰᠢᠨ᠎ᠡ᠃
       ᠲᠡᠭᠡᠪᠡᠯ ᠶᠠᠮᠠᠷᠰᠢᠤ ᠠᠵᠤ ᠠᠬᠤᠢᠢᠯᠠᠯ ᠨᠢ CIMS ᠰᠢᠰᠲ᠋ᠧᠮ ᠢ ᠭᠡᠷᠡᠭᠯᠡᠵᠦ ᠪᠤᠯᠬᠤ ᠪᠤᠢ︖ ᠦᠢᠯᠡᠳᠭᠦ ᠠᠵᠢᠯ ᠢ ᠪᠤᠳᠠᠷᠠᠮᠠᠯ ᠭᠡᠯᠪᠡᠷᠢ ᠶᠢᠨ᠂ ᠶᠠᠪᠤᠴᠠ ᠶᠢᠨ ᠭᠡᠯᠪᠡᠷᠢ ᠶᠢᠨ ᠪᠠ ᠬᠤᠯᠢᠮᠠᠬ ᠬᠡᠯᠪᠡᠷᠢ ᠶᠢᠨ ᠭᠡᠵᠦ ᠭᠤᠷᠪᠠᠨ ᠵᠦᠢᠯ ᠳᠤ ᠬᠤᠪᠢᠶᠠᠳᠠᠬ᠃ ᠨᠢᠰᠭᠡᠯ᠂ ᠮᠠᠰᠢᠨ ᠲᠡᠷᠭᠡ᠂ ᠰᠠᠤᠷᠢ ᠮᠠᠰᠢᠨ᠂ ᠲᠧᠯᠸᠢᠰ ᠵᠡᠷᠭᠡ ᠶᠢ ᠪᠦᠷ ᠴᠤ ᠨᠢᠭᠡ ᠨᠢᠭᠡ ᠪᠠᠷ ᠦᠢᠯᠡᠳᠴᠦ᠂ ᠦᠢᠯᠡᠳᠭᠦᠨ ᠨᠢ ᠴᠦᠮ ᠪᠦᠭᠦᠯᠢ ᠲᠤᠭ᠎ᠠ ᠪᠠᠶᠢᠳᠠᠬ᠂ ᠵᠢᠱᠢᠶᠡᠯᠡᠪᠡᠯ᠂ 1.5 ᠨᠢᠰᠭᠡᠯ ᠦᠢᠯᠡᠳᠪᠡ ᠭᠡᠳᠡᠭ ᠦᠭᠡᠢ᠂ ᠡᠭᠦᠨ ᠢ ᠪᠤᠳᠠᠷᠠᠮᠠᠯ ᠭᠡᠯᠪᠡᠷᠢ ᠶᠢᠨ ᠦᠢᠯᠡᠳᠭᠦ ᠠᠵᠢᠯ ᠭᠡᠳᠡᠭ︔ ᠴᠢᠯᠠᠭᠤᠨ ᠲᠤᠰᠤ᠂ ᠬᠢᠮᠢ ᠶᠢᠨ ᠦᠢᠯᠡᠳᠪᠦᠷᠢ᠂ ᠡᠮ ᠤᠨ ᠦᠢᠯᠡᠳᠪᠦᠷᠢ ᠳᠤ ᠦᠢᠯᠡᠳᠪᠦᠷᠢᠯᠡᠭᠰᠡᠨ ᠦᠢᠯᠡᠳᠭᠦᠨ ᠢ ᠨᠢᠭᠡ ᠨᠢᠭᠡ ᠪᠠᠷ ᠲᠤᠭᠠᠯᠠᠳᠠᠬ ᠦᠭᠡᠢ᠂ ᠬᠠᠷᠢᠨ ᠪᠦᠭᠡᠮ ᠪᠦᠭᠡᠮ ᠢᠶᠠᠷ ᠲᠤᠭᠠᠯᠠᠳᠠᠬ᠂ ᠦᠢᠯᠡᠳᠭᠦᠨ ᠢ ᠴᠦᠮ ᠪᠦᠳᠦᠭᠦᠨ ᠪᠤᠳᠤᠩ ᠪᠤᠶᠤ ᠴᠠᠮᠬᠠᠬ ᠲᠤᠳᠤᠷ᠎ᠠ ᠦᠢᠯᠡᠳᠳᠡᠭ᠂ ᠡᠭᠦᠨ ᠢ ᠶᠠᠪᠤᠴᠠ ᠶᠢᠨ ᠭᠡᠯᠪᠡᠷᠢ ᠶᠢᠨ ᠦᠢᠯᠡᠳᠭᠦ ᠠᠵᠢᠯ ᠭᠡᠳᠡᠭ᠃ ᠪᠤᠯᠤᠳ ᠮᠠᠲ᠋ᠧᠷᠢᠶᠠᠯ᠂ ᠴᠠᠭᠠᠰᠤᠨ ᠡᠳ᠋ ᠵᠡᠷᠭᠡ ᠳᠤ ᠤᠯᠠᠨ ᠵᠦᠢᠯ ᠤᠨ ᠠᠳᠠᠯᠢ ᠪᠤᠰᠤ ᠴᠢᠨᠠᠷ ᠭᠡᠮᠵᠢᠶ᠎ᠡ ᠲᠠᠢ ᠵᠦᠢᠯ ᠲᠦᠷᠦᠯ ᠪᠠᠶᠢᠳᠠᠬ ᠤᠴᠢᠷ ᠠᠴᠠ ᠪᠤᠳᠠᠷᠠᠮᠠᠯ ᠪᠠ ᠶᠠᠪᠤᠴᠠ ᠶᠢᠨ ᠤᠨᠴᠠᠯᠢᠬ ᠲᠠᠢ ᠪᠠᠶᠢᠳᠠᠬ᠂ ᠡᠭᠦᠨ ᠢ ᠬᠤᠯᠢᠮᠠᠬ ᠭᠡᠯᠪᠡᠷᠢ ᠶᠢᠨ ᠦᠢᠯᠡᠳᠭᠦ ᠠᠵᠢᠯ ᠭᠡᠨ᠎ᠡ᠃ CIMS ᠰᠢᠰᠲ᠋ᠧᠮ ᠢ ᠡᠨᠡ ᠭᠤᠷᠪᠠᠨ ᠭᠡᠯᠪᠡᠷᠢ ᠶᠢᠨ ᠦᠢᠯᠡᠳᠭᠦ ᠠᠵᠢᠯ ᠳᠤ ᠴᠦᠮ ᠭᠡᠷᠡᠭᠯᠡᠵᠦ ᠪᠤᠯᠤᠨ᠎ᠠ᠃
       ᠠᠵᠤ ᠠᠬᠤᠢᠢᠯᠠᠯ ᠳᠤ ᠺᠤᠮᠫᠢᠦ᠋ᠲ᠋ᠧᠷ ᠤᠨ ᠬᠤᠷᠠᠮᠠᠯ ᠭᠡᠯᠬᠢᠶᠡᠳᠦ ᠦᠢᠯᠡᠳᠭᠦ ᠰᠢᠰᠲ᠋ᠧᠮ ᠢ ᠭᠡᠷᠡᠭᠯᠡᠭᠦ ᠶᠢᠨ ᠵᠤᠷᠢᠯᠭ᠎ᠠ ᠪᠤᠯ ᠠᠵᠤ ᠠᠬᠤᠢᠢᠯᠠᠯ ᠤᠨ ᠦᠢᠯᠡᠳᠭᠦᠨ ᠤ T.Q.C.S ᠢ ᠰᠠᠶᠢᠵᠢᠷᠠᠭᠤᠯᠵᠤ᠂ ᠠᠵᠤ ᠠᠬᠤᠢᠢᠯᠠᠯ ᠤᠨ ᠵᠠᠬ᠎ᠠ ᠲᠡᠯᠭᠡᠭᠦᠷ ᠲᠠᠬᠢ ᠦᠷᠢᠰᠦᠯᠳᠦᠭᠡᠨ ᠤ ᠴᠢᠳᠠᠯ ᠢ ᠲᠡᠭᠡᠭᠰᠢᠯᠡᠭᠦᠯᠭᠦ ᠶᠢᠨ ᠲᠦᠯᠦᠭᠡ ᠶᠤᠮ᠃ ᠮᠠᠨ ᠤ ᠤᠯᠤᠰ ᠤᠨ ᠡᠨᠡ ᠲᠠᠯ᠎ᠠ ᠶᠢᠨ ᠲᠠᠷᠤᠯᠳᠠ ᠶᠡᠭᠡ ᠪᠠᠶᠢᠨ᠎ᠠ᠃ ᠵᠢᠱᠢᠶᠡᠯᠡᠪᠡᠯ ᠪᠡᠭᠡᠵᠢᠩ ᠤᠨ ᠨᠢᠭᠡᠳᠦᠭᠡᠷ ᠰᠠᠤᠷᠢ ᠮᠠᠰᠢᠨ ᠤ ᠦᠢᠯᠡᠳᠪᠦᠷᠢ ᠶᠢᠨ ᠨᠢᠭᠡ ᠵᠦᠢᠯ ᠤᠨ ᠰᠠᠤᠷᠢ ᠮᠠᠰᠢᠨ ᠨᠢ ᠭᠡᠳᠦᠨ ᠵᠢᠯ ᠤᠨ ᠡᠮᠦᠨᠠᠬᠢ ᠨᠢᠭᠡ ᠤᠳᠠᠭ᠎ᠠ ᠶᠢᠨ ᠲᠠᠭᠠᠭᠠᠴᠢᠯᠠᠯᠳᠠ ᠠᠪᠬᠤ ᠦᠷᠢᠰᠦᠯᠳᠦᠭᠡᠨ ᠤ ᠲᠤᠮᠳᠠ ᠦᠢᠯᠡᠳᠭᠦᠨ ᠲᠤᠰᠢᠶᠠᠬᠤ ᠴᠠᠬ ᠬᠤᠭᠤᠴᠠᠭ᠎ᠠ ᠨᠢ ᠶᠠᠫᠤᠨ ᠤ ᠨᠢᠭᠡ ᠦᠢᠯᠡᠳᠪᠦᠷᠢ ᠠᠴᠠ 5 ᠰᠠᠷ᠎ᠠ ᠬᠤᠵᠢᠮᠳᠠᠬᠰᠠᠨ ᠲᠤᠯᠠ ᠦᠷᠢᠰᠦᠯᠳᠦᠭᠡᠨ ᠳᠤ ᠢᠯᠠᠬᠳᠠᠵᠠᠢ᠃ ᠡᠶᠢᠮᠦ ᠠᠴᠠ ᠠᠵᠤ ᠠᠬᠤᠢᠢᠯᠠᠯ ᠨᠢ ᠤᠷᠤᠰᠢᠵᠤ ᠪᠠᠶᠢᠭ᠎ᠠ ᠠᠰᠠᠭᠤᠳᠠᠯ ᠢᠶᠠᠨ ᠤᠨᠤᠴᠢᠳᠠᠢ ᠡᠷᠢᠨ ᠤᠯᠵᠤ᠂ T.Q.C.S ᠤᠨ ᠠᠯᠢ ᠨᠢᠭᠡ ᠵᠠᠩᠬᠢᠯᠠᠭ᠎ᠠ ᠲᠡᠭᠡᠷ᠎ᠡ ᠨᠢ ᠮᠠᠭᠤ ᠪᠠᠶᠢᠬᠤ ᠶᠢ ᠤᠯᠵᠤ ᠮᠡᠳᠡᠭᠡᠳ ᠺᠤᠮᠫᠢᠦ᠋ᠲ᠋ᠧᠷ ᠤᠨ ᠬᠤᠷᠠᠮᠠᠯ ᠭᠡᠯᠭᠢᠶᠡᠳᠦ ᠦᠢᠯᠡᠳᠭᠦ ᠰᠢᠰᠲ᠋ᠧᠮ ᠢ ᠭᠡᠷᠡᠭᠯᠡᠭᠦ ᠭᠡᠷᠡᠭᠳᠡᠢ᠃ ᠤᠳᠤ ᠡᠶᠢᠮᠦ ᠨᠢᠭᠡ ᠵᠦᠢᠯ ᠤᠨ ᠡ᠊ᠨᠳᠡᠭᠦᠷᠡᠯ ᠪᠤᠢ᠂ ᠦᠢᠯᠡᠳᠪᠦᠷᠢ ᠳᠤ ᠺᠤᠮᠫᠢᠦ᠋ᠲ᠋ᠧᠷ ᠢ ᠭᠡᠷᠡᠭᠯᠡᠭᠦ ᠨᠢ ︽ᠬᠦᠮᠦᠨ ᠦᠭᠡᠢ ᠦᠢᠯᠡᠳᠪᠦᠷᠢ︾ ᠶᠢ ᠪᠤᠢ ᠪᠤᠯᠭᠠᠬᠤ ᠭᠡᠵᠦ ᠪᠠᠶᠢᠨ᠎ᠠ᠂ ᠲᠤᠮᠳᠠᠳᠤ ᠤᠯᠤᠰ ᠤᠨ ᠬᠦᠳᠡᠯᠮᠦᠷᠢ ᠬᠦᠴᠦᠨ ᠤᠯᠠᠨ᠂ ︽ᠬᠦᠮᠦᠨ ᠦᠭᠡᠢ ᠦᠢᠯᠡᠳᠪᠦᠷᠢ︾ ᠭᠠᠷᠭᠠᠭᠠᠳ ᠠᠵᠢᠯ ᠤᠯᠭᠤᠬᠤ ᠠᠰᠠᠭᠤᠳᠠᠯ ᠢ ᠭᠡᠷᠬᠢᠨ ᠰᠢᠢᠳᠪᠦᠷᠢᠯᠡᠭᠦ ᠪᠤᠢ︖ ᠭᠡᠵᠦ ᠪᠤᠢ᠃ ᠦᠨᠡᠨ ᠳᠡᠭᠡᠨ ᠺᠤᠮᠫᠢᠦ᠋ᠲ᠋ᠧᠷ ᠢ ᠭᠡᠷᠡᠭᠯᠡᠭᠦ ᠨᠢ ᠬᠦᠮᠦᠨ ᠤ ᠵᠢᠷᠦᠵᠤ ᠲᠦᠯᠦᠪᠯᠡᠭᠦ᠂ ᠬᠦᠮᠦᠨ ᠤ ᠡᠵᠡᠮᠰᠢᠵᠦ ᠭᠡᠷᠡᠭᠯᠡᠭᠦ᠂ ᠬᠦᠮᠦᠨ ᠤ ᠰᠢᠢᠳᠪᠦᠷᠢ ᠪᠤᠳᠤᠯᠭ᠎ᠠ ᠭᠠᠷᠭᠠᠬᠤ ᠠᠴᠠ ᠰᠠᠯᠵᠤ ᠴᠢᠳᠠᠬᠤ ᠦᠭᠡᠢ ᠶᠤᠮ᠂ ᠠᠷᠪᠢᠯᠠᠵᠤ ᠭᠠᠷᠭᠠᠬᠰᠠᠨ ᠬᠦᠮᠦᠨ ᠤ ᠬᠦᠴᠦᠨ ᠢ ᠰᠢᠨ᠎ᠡ ᠦᠢᠯᠡᠳᠭᠦᠨ ᠦᠢᠯᠡᠳᠭᠦ ᠳᠤ ᠭᠡᠷᠡᠭᠯᠡᠵᠦ ᠪᠤᠯᠤᠨ᠎ᠠ᠃ ᠺᠤᠮᠫᠢᠦ᠋ᠲ᠋ᠧᠷ ᠢ ᠦᠷᠭᠡᠨ ᠢᠶᠠᠷ ᠲᠡᠯᠭᠡᠷᠡᠭᠦᠯᠪᠡᠯ ᠮᠠᠰᠢ ᠤᠯᠠᠨ ᠰᠢᠨ᠎ᠡ ᠰᠢᠨ᠎ᠡ ᠠᠵᠤ ᠦᠢᠯᠡᠰ ᠤᠨ ᠬᠦᠭᠵᠢᠯᠳᠡ ᠢ ᠠᠬᠢᠭᠤᠯᠵᠤ᠂ ᠬᠦᠮᠦᠰ ᠤᠨ ᠠᠵᠢᠯ ᠤᠯᠬᠤ ᠵᠠᠪᠰᠢᠶᠠᠨ ᠢ ᠴᠤ ᠤᠯᠠᠰᠢᠷᠠᠭᠤᠯᠵᠤ ᠴᠢᠳᠠᠨ᠎ᠠ᠃ ᠦᠢᠯᠡᠳᠭᠦ ᠠᠵᠢᠯ ᠳᠤ ᠺᠤᠮᠫᠢᠦ᠋ᠲ᠋ᠧᠷ ᠢ ᠭᠡᠷᠡᠭᠯᠡᠭᠦ ᠳᠤ ᠪᠡᠯᠡ ᠮᠦᠡᠭᠭᠦ ᠤᠷᠤᠨ᠎ᠠ᠂ ᠭᠡᠪᠡᠴᠦ ᠲᠡᠶᠢᠮᠦ ᠯᠠ ᠠᠷᠪᠢᠨ ᠤᠷᠤᠬᠤ ᠪᠢᠰᠢ᠂ ᠠᠯᠢ ᠴᠢᠳᠠᠬᠤ ᠪᠠᠷ ᠢᠯᠡᠭᠦᠦ ᠰᠢᠭ ᠪᠡᠯᠡ ᠮᠦᠡᠭᠭᠦ ᠤᠷᠤᠭᠤᠯᠪᠠᠯ ᠲᠡᠷᠢᠭᠦᠨ ᠤ ᠮᠡᠷᠭᠡᠵᠢᠯ ᠢ ᠡᠷᠳᠡ ᠰᠢᠭ ᠭᠡᠷᠡᠭᠯᠡᠵᠦ᠂ ᠬᠤᠴᠤᠷᠤᠩᠭᠤᠢ ᠪᠠᠶᠢᠳᠠᠯ ᠢᠶᠠᠨ ᠡᠷᠳᠡ ᠰᠢᠭ ᠬᠤᠪᠢᠷᠠᠭᠤᠯᠵᠤ ᠴᠢᠳᠠᠨ᠎ᠠ᠃ ᠤᠳᠤ ᠶᠢᠨ ᠠᠰᠠᠭᠤᠳᠠᠯ ᠪᠤᠯ ᠬᠠᠮᠢᠶᠠᠷᠤᠯᠳᠠ ᠶᠢᠨ ᠠᠰᠠᠭᠤᠳᠠᠯ ᠪᠤᠯᠬᠤ ᠠᠴᠠ ᠪᠢᠰᠢ ᠮᠡᠷᠭᠡᠵᠢᠯ ᠤᠨ ᠠᠰᠠᠭᠤᠳᠠᠯ ᠪᠢᠰᠢ ᠭᠡᠵᠦ ᠵᠠᠷᠢᠮ ᠬᠦᠮᠦᠨ ᠭᠡᠯᠡᠵᠦ ᠪᠤᠢ᠃ ᠴᠠᠬ᠂ ᠴᠢᠨᠠᠷ᠂ ᠦᠪᠡᠷ ᠤᠨ ᠦᠷᠳᠡᠭ᠂ ᠦᠢᠯᠡᠴᠢᠯᠡᠭᠡ ︵T.Q.C.S︶ ᠶᠢ ᠰᠢᠢᠳᠪᠦᠷᠢᠯᠡᠭᠦ ᠳᠤ ᠬᠠᠮᠢᠶᠠᠷᠤᠯᠳᠠ ᠭᠡᠯᠡᠯᠭᠡᠨ ᠦᠭᠡᠢ ᠴᠢᠬᠤᠯᠠ᠂ ᠭᠡᠪᠡᠴᠦ ᠬᠠᠮᠢᠶᠠᠷᠤᠯᠳᠠ ᠪᠠ ᠮᠡᠷᠭᠡᠵᠢᠯ ᠨᠢ ᠤᠯᠠᠩᠬᠢ ᠳᠠᠭᠠᠨ ᠤᠶᠠᠯᠳᠤᠵᠤ ᠪᠠᠶᠢᠳᠠᠬ᠃ ᠡᠨᠡ ᠬᠤᠶᠠᠷ ᠢ ᠰᠠᠯᠭᠠᠬᠤ ᠨᠢ ᠵᠦᠢ ᠦᠭᠡᠢ ᠶᠤᠮ᠃ ᠤᠷᠢᠳᠠ ᠪᠠᠷ ᠴᠢᠩᠭ᠎ᠠ ᠬᠠᠮᠢᠶᠠᠷᠴᠤ᠂ ᠲᠠᠷᠠᠭ᠎ᠠ ᠪᠠᠷ ᠨᠢ ᠰᠢᠨᠵᠢᠯᠡᠭᠦ ᠤᠬᠠᠭᠠᠨᠴᠢ ᠪᠠᠷ ᠬᠠᠮᠢᠶᠠᠷᠳᠠᠬ᠂ ᠡᠭᠦᠨ ᠳᠤ ᠮᠡᠳᠡᠭᠡ ᠵᠠᠩᠬᠢ ᠶᠢᠨ ᠮᠡᠷᠭᠡᠵᠢᠯ ᠲᠤᠳᠠᠬᠳᠠᠵᠤ ᠪᠤᠯᠬᠤ ᠦᠭᠡᠢ᠂ ᠶᠠᠮᠠᠷ ᠦᠢᠯᠡᠳᠭᠦᠨ ᠢ ᠦᠢᠯᠡᠳᠪᠦᠷᠢᠯᠡᠭᠦ᠂ ᠭᠡᠵᠢᠶ᠎ᠡ ᠦᠢᠯᠡᠳᠪᠦᠷᠢᠯᠡᠭᠦ᠂ ᠭᠡᠳᠦᠢ ᠶᠢ ᠨᠢ ᠭᠠᠷᠭᠠᠵᠤ᠂ ᠭᠡᠳᠦᠢ ᠶᠢ ᠨᠢ ᠬᠦᠮᠦᠷᠭᠡᠯᠡᠭᠦ ᠵᠡᠷᠭᠡ ᠳᠤ ᠴᠦᠮ ᠮᠡᠳᠡᠭᠡ ᠵᠠᠩᠬᠢ ᠭᠡᠷᠡᠭᠳᠡᠢ᠃ ᠮᠡᠳᠡᠭᠡ ᠵᠠᠩᠬᠢ ᠶᠢ ᠰᠢᠢᠳᠪᠦᠷᠢᠯᠡᠭᠦ ᠳᠤ ᠵᠦᠪᠭᠡᠨ ᠪᠢᠷ ᠴᠠᠭᠠᠰᠤ᠂ ᠭᠠᠷ ᠲᠠᠷᠢᠬᠢ ᠪᠠᠶᠢᠭᠠᠳ ᠪᠤᠯᠬᠤ ᠦᠭᠡᠢ᠂ ᠵᠠᠪᠠᠯ ᠤᠳᠤ ᠦᠶ᠎ᠡ ᠶᠢᠨ ᠲᠡᠷᠢᠭᠦᠨ ᠤ ᠮᠡᠷᠭᠡᠵᠢᠯ ᠺᠤᠮᠫᠢᠦ᠋ᠲ᠋ᠧᠷ ᠢ ᠭᠡᠷᠡᠭᠯᠡᠭᠦ ᠭᠡᠷᠡᠭᠳᠡᠢ ᠪᠤᠯᠵᠠᠢ᠃
       ᠮᠠᠨ ᠤ ᠤᠯᠤᠰ ᠤᠨ ᠠᠵᠤ ᠠᠬᠤᠢᠢᠯᠠᠯ ᠨᠠᠶᠠᠭᠠᠳ ᠤᠨ ᠤ ᠰᠡᠭᠦᠯᠴᠢ ᠠᠴᠠ ᠡᠬᠢᠯᠡᠵᠦ CIMS ᠰᠢᠰᠲ᠋ᠧᠮ ᠢ ᠭᠡᠷᠡᠭᠯᠡᠭᠡᠳ ᠲᠤᠪᠤᠶᠢᠮ᠎ᠠ ᠠᠮᠵᠢᠯᠳᠠ ᠤᠯᠵᠤ ᠪᠤᠢ᠃ ᠡᠭᠦᠨ ᠢ ᠠᠭᠠᠷ ᠤᠨ ᠠᠶᠠᠯᠠᠯ᠂ ᠰᠠᠨᠰᠠᠷ ᠤᠨ ᠠᠶᠠᠯᠠᠯ᠂ ᠮᠠᠰᠢᠨ ᠮᠧᠬᠠᠨᠢᠬ᠂ ᠡᠯᠧᠺᠲᠷᠤᠨ᠂ ᠴᠢᠯᠠᠭᠤᠨ ᠲᠤᠰᠤ᠂ ᠬᠢᠮᠢ ᠶᠢᠨ ᠦᠢᠯᠡᠳᠪᠦᠷᠢ᠂ ᠨᠡᠭᠡᠮᠡᠯ᠂ ᠬᠦᠡᠭᠭᠡᠨ ᠦᠢᠯᠡᠳᠪᠦᠷᠢ᠂ ᠰᠢᠤᠳᠠᠨ ᠴᠠᠬᠢᠯᠭᠠᠨ᠂ ᠲᠡᠮᠦᠷᠯᠢᠭ ᠪᠤᠯᠪᠠᠰᠤᠷᠠᠭᠤᠯᠬᠤ ᠵᠡᠷᠭᠡ ᠠᠷᠪᠠᠨ ᠭᠡᠳᠦᠨ ᠠᠵᠢᠯ ᠲᠦᠷᠦᠯ ᠳᠤ ᠭᠡᠷᠡᠭᠯᠡᠵᠦ᠂ ᠪᠦᠳᠦᠮᠵᠢᠳᠡᠢ ᠲᠤᠷᠰᠢᠯᠭ᠎ᠠ ᠬᠤᠷᠠᠮᠳᠤᠭᠤᠯᠤᠨ᠂ ᠠᠷᠪᠠᠨ ᠭᠡᠳᠦᠨ ᠮᠤᠵᠢ᠂ ᠬᠤᠳᠠ᠂ ᠦᠪᠡᠷᠳᠡᠭᠡᠨ ᠵᠠᠰᠠᠬᠤ ᠤᠷᠤᠨ ᠳᠤ CIMS ᠰᠢᠰᠲ᠋ᠧᠮ ᠤᠨ ᠭᠡᠷᠡᠭᠯᠡᠭᠡᠨ ᠤ ᠮᠡᠷᠭᠡᠵᠢᠯ ᠢ ᠲᠡᠯᠭᠡᠷᠡᠭᠦᠯᠪᠡ᠃ ᠵᠢᠱᠢᠶᠡᠯᠡᠪᠡᠯ ᠲᠡᠭᠡᠷ᠎ᠡ ᠲᠤᠷᠠᠳᠤᠬᠰᠠᠨ ᠪᠡᠭᠡᠵᠢᠩ ᠤᠨ ᠨᠢᠭᠡᠳᠦᠭᠡᠷ ᠰᠠᠤᠷᠢ ᠮᠠᠰᠢᠨ ᠤ ᠦᠢᠯᠡᠳᠪᠦᠷᠢ ᠨᠢ ᠡᠨᠡ ᠰᠢᠰᠲ᠋ᠧᠮ ᠢ ᠭᠡᠷᠡᠭᠯᠡᠭᠰᠡᠨ ᠠᠴᠠ ︽ᠯᠦᠡᠭᠮᠸᠡ ᠨᠠᠷᠠᠮᠵᠢᠳᠤ︾ ᠰᠠᠤᠷᠢ ᠮᠠᠰᠢᠨ ᠤ ᠪᠠᠷᠠᠭ᠎ᠠ ᠲᠤᠰᠢᠶᠠᠬᠤ ᠬᠤᠭᠤᠴᠠᠭ᠎ᠠ ᠶᠢ ᠦᠡᠭᠭᠡᠷᠡᠭᠰᠡᠨ ᠤ 36 ᠰᠠᠷ᠎ᠠ ᠠᠴᠠ 18 ᠰᠠᠷ᠎ᠠ ᠪᠤᠯᠭᠠᠨ ᠪᠤᠭᠤᠨᠢᠰᠬᠠᠵᠠᠢ᠃ ᠴᠸᠡᠭᠳᠦ᠋ ᠶᠢᠨ ᠨᠢᠰᠭᠡᠯ ᠤᠨ ᠠᠵᠤ ᠦᠢᠯᠡᠳᠪᠦᠷᠢ ᠶᠢᠨ ᠺᠤᠮᠫᠠᠨᠢ ᠨᠢ CIMS ᠰᠢᠰᠲ᠋ᠧᠮ ᠢ ᠭᠡᠷᠡᠭᠯᠡᠭᠰᠡᠨ ᠠᠴᠠ ᠮᠠᠶᠢᠳᠤᠤ ᠨᠢᠰᠭᠡᠯ ᠤᠨ ᠲᠦᠷᠦᠭᠦᠦ ᠶᠢ ᠦᠢᠯᠡᠳᠭᠦ ᠴᠠᠬ ᠬᠤᠭᠤᠴᠠᠭ᠎ᠠ ᠶᠢ ᠦᠡᠭᠭᠡᠷᠡᠭᠰᠡᠨ ᠤ 12 ᠰᠠᠷ᠎ᠠ ᠠᠴᠠ 6 ᠰᠠᠷ᠎ᠠ ᠪᠤᠯᠭᠠᠨ ᠪᠤᠭᠤᠨᠢᠰᠬᠠᠵᠤ᠂ ᠢᠯᠡᠩᠭᠤᠶ᠎ᠠ ᠨᠢᠰᠭᠡᠯ ᠤᠨ ᠨᠠᠷᠢᠨ ᠪᠤᠳᠤᠯᠢᠶᠠᠨᠳᠠᠢ ᠲᠤᠨᠤᠬᠯᠠᠭᠠᠰᠤ ᠪᠦᠭᠦᠨ ᠢ ᠦᠢᠯᠡᠳᠭᠦ ᠳᠤ ᠦᠡᠭᠭᠡᠷᠡᠭᠰᠡᠨ ᠳᠤ 1 ᠲᠦᠮᠡ 6000 ᠴᠠᠬ ᠭᠡᠷᠡᠭᠰᠡᠵᠦ ᠪᠠᠶᠢᠬᠰᠠᠨ ᠪᠤᠯ ᠤᠳᠤ ᠲᠤᠰ ᠰᠢᠰᠲ᠋ᠧᠮ ᠢ ᠭᠡᠷᠡᠭᠯᠡᠭᠰᠡᠨ ᠠᠴᠠ 160 ᠴᠠᠬ ᠭᠡᠷᠡᠭᠯᠡᠭᠦ ᠪᠤᠯᠵᠤ᠂ ᠠᠵᠢᠯ ᠤᠨ ᠪᠦᠳᠦᠭᠡᠯ ᠢ ᠭᠡᠳᠦᠨ ᠠᠷᠪᠠᠨ ᠲᠠᠬᠢᠨ᠂ ᠭᠡᠳᠦᠨ ᠵᠠᠭᠤᠨ ᠲᠠᠬᠢᠨ ᠲᠡᠭᠡᠭᠰᠢᠯᠡᠭᠦᠯᠪᠡ᠃ ᠡᠶᠢᠮᠦ ᠵᠢᠱᠢᠶ᠎ᠡ ᠤᠯᠠᠨ ᠪᠤᠢ᠃
       ᠮᠠᠨ ᠤ ᠤᠯᠤᠰ CIMS ᠰᠢᠰᠲ᠋ᠧᠮ ᠢ ᠭᠡᠷᠡᠭᠯᠡᠭᠦ ᠳᠡᠭᠡᠨ ᠵᠠᠪᠠᠯ ᠤᠯᠤᠰ ᠤᠨ ᠪᠠᠶᠢᠳᠠᠯ ᠳᠠᠭᠠᠨ ᠲᠤᠬᠢᠷᠠᠭᠤᠯᠬᠤ ᠭᠡᠷᠡᠭᠳᠡᠢ᠃ ᠪᠤᠳᠠᠳᠠᠢ ᠪᠠᠷ ᠭᠡᠷᠡᠭᠯᠡᠵᠦ ᠦᠷ᠎ᠡ ᠠᠰᠢᠬ ᠤᠯᠬᠤ ᠶᠢ ᠡᠷᠬᠢᠮᠯᠡᠵᠦ᠂ ᠠᠵᠤ ᠠᠬᠤᠢᠢᠯᠠᠯ ᠤᠨ ᠬᠦᠭᠵᠢᠯ ᠤᠨ ᠬᠠᠷᠠᠯᠳᠠ ᠳᠠᠭᠠᠨ ᠵᠤᠬᠢᠴᠠᠭᠤᠯᠤᠨ ᠭᠡᠷᠡᠭᠯᠡᠵᠦ᠂ ᠪᠠᠰᠠ ᠬᠤᠵᠢᠮ ᠤᠨ ᠬᠦᠭᠵᠢᠯ ᠢ ᠪᠤᠳᠤᠯᠬᠢᠯᠠᠵᠤ ᠡᠷᠭᠡᠪᠰᠢ ᠪᠠᠷᠢᠮᠵᠢᠶᠠᠵᠢᠭᠤᠯᠤᠨ ᠭᠡᠷᠡᠭᠯᠡᠭᠦ ᠭᠡᠷᠡᠭᠳᠡᠢ᠃ ᠲᠡᠭᠦᠨᠴᠢᠯᠡᠨ ᠠᠯᠬᠤᠮ ᠠᠯᠬᠤᠮ ᠢᠶᠠᠷ ᠲᠡᠯᠭᠡᠷᠡᠭᠦᠯᠵᠦ᠂ ᠭᠤᠤᠯᠳᠠᠯᠭ᠎ᠠ ᠲᠠᠢ ᠪᠠᠷ ᠰᠢᠪᠳᠤᠯᠬᠤ ᠭᠡᠷᠡᠭᠳᠡᠢ᠂ ᠨᠢᠭᠡ ᠯᠡ ᠲᠡᠭᠡᠷ᠎ᠡ ᠨᠡᠶᠢᠳᠡᠮ ᠲᠡᠯᠭᠡᠷᠡᠭᠦᠯᠵᠦ ᠪᠤᠯᠬᠤ ᠦᠭᠡᠢ᠃ ᠪᠠᠭᠴᠠᠯᠠᠭᠠᠳ ᠭᠡᠯᠡᠪᠡᠯ ︽ᠦᠷ᠎ᠡ ᠠᠰᠢᠬ ᠢ ᠡᠷᠬᠢᠮᠯᠡᠵᠦ᠂ ᠪᠦᠭᠦ ᠲᠠᠯ᠎ᠠ ᠪᠠᠷ ᠲᠦᠯᠦᠪᠵᠢᠭᠦᠯᠵᠦ᠂ ᠭᠤᠤᠯᠳᠠᠯᠭ᠎ᠠ ᠲᠠᠢ ᠪᠠᠷ ᠰᠢᠪᠳᠤᠯᠵᠤ᠂ ᠲᠡᠯᠭᠡᠷᠡᠭᠦᠯᠦᠨ ᠭᠡᠷᠡᠭᠯᠡᠭᠦ︾ ᠭᠡᠷᠡᠭᠳᠡᠢ᠃ CIMS ᠰᠢᠰᠲ᠋ᠧᠮ ᠲᠠᠰᠤᠷᠠᠯᠳᠠ ᠦᠭᠡᠢ ᠭᠦᠭᠵᠢᠵᠦ ᠪᠠᠶᠢᠬᠤ ᠲᠤᠯᠠ ᠪᠢᠳᠡ ᠵᠠᠪᠠᠯ ᠲᠠᠭᠠᠵᠤ ᠠᠮᠵᠢᠬᠤ ᠭᠡᠷᠡᠭᠳᠡᠢ᠃
       ᠰᠢᠰᠲ᠋ᠧᠮᠵᠢᠭᠦᠯᠦᠨ ᠭᠡᠯᠬᠢᠶᠡᠵᠢᠭᠦᠯᠭᠦ ᠦᠵᠡᠯ ᠰᠠᠨᠠᠭ᠎ᠠ ᠪᠠ ᠮᠡᠷᠭᠡᠵᠢᠯ ᠢ ᠬᠤᠳᠠᠯᠳᠤᠭ᠎ᠠ᠂ ᠡᠮᠨᠡᠯᠭᠡ᠂ ᠵᠠᠰᠠᠬ ᠤᠨ ᠤᠷᠳᠤᠨ ᠤ ᠰᠠᠯᠠᠭ᠎ᠠ ᠮᠦᠴᠢᠷ ᠲᠤ ᠭᠡᠷᠡᠭᠯᠡᠵᠦ ᠪᠤᠯᠤᠨ᠎ᠠ᠃ CIMS ᠰᠢᠰᠲ᠋ᠧᠮ ᠢ ᠭᠤᠤᠯᠳᠠᠭᠤ ᠦᠢᠯᠡᠳᠭᠦ ᠠᠵᠢᠯ ᠳᠤ ᠭᠡᠷᠡᠭᠯᠡᠳᠡᠭ ᠪᠤᠯᠪᠠᠴᠤ᠂ ᠵᠢᠵᠢᠭ ᠭᠡᠮᠵᠢᠶᠡᠨ ᠤ ᠠᠦ᠋ᠲ᠋ᠤᠴᠢᠯᠠᠯ᠂ ᠬᠤᠳᠠᠯᠳᠤᠭᠠᠨ ᠤ ᠠᠦ᠋ᠲ᠋ᠤᠴᠢᠯᠠᠯ᠂ ᠡᠮᠨᠡᠯᠭᠡ ᠶᠢᠨ ᠬᠤᠷᠢᠶ᠎ᠠ᠂ ᠪᠠᠩᠬᠢ ᠳᠤ ᠴᠤ ᠴᠦᠮ ᠭᠡᠷᠡᠭᠯᠡᠵᠦ ᠪᠤᠯᠬᠤ ᠶᠤᠮ᠃ ᠮᠠᠨ ᠤ ᠤᠯᠤᠰ ᠤᠨ ᠪᠡᠭᠡᠵᠢᠩ ᠤᠨ ᠨᠢᠭᠡᠳᠦᠭᠡᠷ ᠰᠠᠤᠷᠢ ᠮᠠᠰᠢᠨ ᠤ ᠦᠢᠯᠡᠳᠪᠦᠷᠢ᠂ ᠱᠧᠨᠶᠠᠩ ᠤᠨ ᠨᠢᠰᠭᠡᠯ ᠤᠨ ᠦᠢᠯᠡᠳᠪᠦᠷᠢ᠂ ᠴᠸᠡᠭᠳᠦ᠋ ᠶᠢᠨ ᠨᠢᠰᠭᠡᠯ ᠤᠨ ᠦᠢᠯᠡᠳᠪᠦᠷᠢ ᠵᠡᠷᠭᠡ ᠭᠠᠵᠠᠷ ᠲᠤ ᠲᠤᠷᠰᠢᠯᠳᠠ ᠬᠢᠵᠦ᠂ ᠨᠢᠭᠡ ᠪᠦᠯᠦᠭ ᠴᠢᠳᠠᠪᠤᠷᠢᠳᠠᠨ ᠢ ᠬᠦᠮᠦᠵᠢᠭᠦᠯᠦᠨ ᠭᠠᠷᠭᠠᠬᠰᠠᠨ ᠲᠤᠯᠠ ᠪᠤᠰᠤᠳ ᠠᠵᠤ ᠠᠬᠤᠢᠢᠯᠠᠯ ᠤᠨ ᠠᠦ᠋ᠲ᠋ᠦᠴᠢᠯᠠᠯ ᠢ ᠠᠬᠢᠭᠤᠯᠵᠤ᠂ ᠴᠢᠨᠠᠬᠰᠢᠳᠠ ᠮᠠᠨ ᠤ ᠤᠯᠤᠰ ᠤᠨ ᠤᠳᠤᠬᠢᠴᠢᠯᠠᠯᠳᠠ᠂ ᠮᠡᠳᠡᠭᠡ ᠵᠠᠩᠬᠢᠵᠢᠯᠳᠠ ᠶᠢ ᠴᠤ ᠠᠬᠢᠭᠤᠯᠵᠤ ᠴᠢᠳᠠᠬᠤ ᠶᠤᠮ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ