ᠬᠦᠮᠦᠨ ᠲᠦᠷᠦᠯᠬᠢᠳᠡᠨ ᠤ ᠨᠡᠶᠢᠭᠡᠮ ᠳᠤ ᠲᠤᠤᠷ ᠰᠦᠯᠵᠢᠶ᠎ᠡ ᠶᠢᠨ ᠦᠵᠡᠭᠦᠯᠭᠦ ᠯᠤᠳᠤ ᠶᠡᠭᠡ ᠨᠦᠯᠦᠭᠡ
ᠨᠡᠶᠢᠲᠡᠯᠡᠭᠰᠡᠨ ᠴᠠᠭ᠄
2018/11/30

       ᠴᠠᠬᠢᠯᠭᠠᠨ ᠭᠡᠭᠴᠢ ᠬᠠᠴᠢᠨ ᠵᠢᠭᠳᠡᠢ ᠶᠠᠭᠤᠮ᠎ᠠ ᠬᠦᠮᠦᠨ ᠲᠦᠷᠦᠯᠬᠢᠳᠡᠨ ᠳᠤ ᠠᠰᠢᠬᠯᠠᠬᠳᠠᠵᠤ᠂ ᠪᠦᠮᠪᠦᠷᠴᠡᠭ ᠤᠨ ᠪᠦᠷᠭᠦᠭ ᠬᠠᠷᠠᠩᠭᠤᠢ ᠶᠢ ᠭᠡᠶᠢᠭᠦᠯᠵᠦ᠂ ᠦᠢᠯᠡᠳᠪᠦᠷᠢᠯᠡᠯ ᠪᠠ ᠨᠡᠶᠢᠭᠡᠮ ᠤᠨ ᠬᠦᠭᠵᠢᠯᠳᠡ ᠶᠢ ᠨᠢᠰᠭᠦ ᠮᠡᠳᠦ ᠠᠬᠢᠭᠤᠯᠤᠨ᠂ ᠬᠦᠮᠦᠨ ᠲᠦᠷᠦᠯᠬᠢᠳᠡᠨ ᠢ ᠴᠠᠬᠢᠯᠭᠠᠨᠵᠢᠯᠳᠠ ᠶᠢᠨ ᠴᠠᠬ ᠦᠶ᠎ᠡ ᠳᠤ ᠤᠷᠤᠭᠤᠯᠤᠭᠠᠳ 150 ᠭᠠᠷᠤᠢ ᠵᠢᠯ ᠪᠤᠯᠵᠤ ᠪᠠᠶᠢᠨ᠎ᠠ᠃ ᠤᠳᠤ ᠬᠦᠮᠦᠨ ᠲᠦᠷᠦᠯᠬᠢᠳᠡᠨ ᠶᠠᠬ ᠮᠡᠳᠡᠭᠡ ᠵᠠᠩᠬᠢᠴᠢᠯᠠᠬᠰᠠᠨ ᠴᠠᠬ ᠦᠶ᠎ᠡ ᠳᠤ ᠤᠷᠤᠵᠤ᠂ ᠲᠤᠤᠷ ᠰᠦᠯᠵᠢᠶᠡᠳᠦ ᠨᠡᠶᠢᠭᠡᠮ ᠳᠤ ᠰᠢᠯᠵᠢᠨ᠂ ᠰᠢᠨ᠎ᠡ ᠪᠤᠯᠪᠠᠰᠤᠨ ᠵᠦᠭ ᠲᠠᠪᠰᠢᠵᠤ ᠪᠠᠶᠢᠨ᠎ᠠ᠃
       ᠺᠤᠮᠫᠢᠦ᠋ᠲ᠋ᠧᠷ᠂ ᠴᠢᠮᠡᠭᠡ ᠬᠤᠯᠪᠤᠭ᠎ᠠ ᠪᠠ ᠮᠡᠳᠡᠭᠡ ᠵᠠᠩᠬᠢ ᠶᠢᠨ ᠮᠡᠷᠭᠡᠵᠢᠯ ᠢᠶᠠᠷ ᠲᠤᠯᠭᠠᠭᠤᠷᠢ ᠪᠠᠨ ᠪᠤᠯᠭᠠᠬᠰᠠᠨ ᠲᠤᠤᠷ ᠰᠦᠯᠵᠢᠶ᠎ᠡ ᠨᠢ ᠢᠷᠡᠭᠡᠳᠦᠢ ᠶᠢᠨ ᠨᠡᠶᠢᠭᠡᠮ ᠤᠨ ᠬᠤᠯᠪᠤᠭᠠᠰᠤ ᠪᠤᠯᠤᠨ᠎ᠠ᠃ ᠴᠢ ᠲᠤᠷ᠎ᠠ ᠲᠠᠢ ᠪᠠᠶᠢᠬᠰᠠᠨ ᠴᠤ ᠲᠤᠷ᠎ᠠ ᠦᠭᠡᠢ ᠪᠠᠶᠢᠬᠰᠠᠨ ᠴᠤ ᠡᠯ᠎ᠡ ᠵᠦᠢᠯ ᠤᠨ ᠲᠤᠤᠷ ᠰᠦᠯᠵᠢᠶ᠎ᠡ ᠲᠡᠯᠡᠭᠡᠢ ᠶᠢᠨ ᠤᠯᠠᠨ ᠤᠯᠤᠰ ᠤᠷᠤᠨ ᠢ ᠨᠢᠭᠡ ᠯᠡ ᠴᠤᠬᠴᠠᠰ ᠪᠤᠯᠭᠠᠵᠤ᠂ ᠲᠡᠯᠡᠭᠡᠢ ᠶᠢᠨ ᠪᠦᠮᠪᠦᠷᠴᠡᠭ ︽ᠨᠢᠭᠡ ᠯᠡ ᠲᠤᠰᠬᠤᠨ︾ ᠰᠢᠬ ᠪᠤᠯᠵᠤ᠂ ᠬᠦᠮᠦᠨ ᠲᠦᠷᠦᠯᠬᠢᠳᠡᠨ ᠢ ᠬᠠᠮᠳᠤ ᠪᠠᠷ ᠭᠦᠭᠵᠢᠭᠦᠯᠦᠨ᠎ᠡ᠃ ᠪᠦᠭᠦ ᠪᠦᠮᠪᠦᠷᠴᠡᠭ ᠤᠨ ᠲᠤᠤᠷ ᠰᠦᠯᠵᠢᠶ᠎ᠡ ᠶᠢᠨ ᠰᠢᠰᠲ᠋ᠧᠮ ᠨᠢ ᠡᠳᠦᠷ ᠢᠷᠡᠭᠦᠶ᠎ᠡ ᠨᠡᠮᠡᠭᠳᠡᠵᠦ ᠪᠦᠭᠦᠢ ᠲᠤᠭ᠎ᠠ ᠪᠠᠷᠢᠮᠳᠠ᠂ ᠮᠡᠳᠡᠭᠡ ᠵᠠᠩᠬᠢ ᠪᠠ ᠮᠡᠳᠡᠯᠭᠡ ᠮᠡᠳᠡᠴᠡ ᠶᠢ ᠨᠡᠩ ᠲᠦᠷᠭᠡᠨ ᠢᠶᠠᠷ ᠤᠯᠠᠮᠵᠢᠯᠠᠨ ᠰᠢᠢᠳᠪᠦᠷᠢᠯᠡᠭᠦ ᠪᠤᠯᠤᠨ᠎ᠠ᠃ ᠬᠦᠮᠦᠨ ᠲᠦᠷᠦᠯᠬᠢᠳᠡᠨ ᠤ ᠨᠡᠶᠢᠭᠡᠮ ᠳᠤ ᠠᠪᠴᠤ ᠭᠡᠯᠡᠪᠡᠯ ᠡᠨᠡ ᠪᠤᠯ ᠤᠷᠢᠳᠠ ᠡᠮᠦᠨ᠎ᠡ ᠭᠠᠷᠤᠭ᠎ᠠ ᠦᠭᠡᠢ ᠰᠢᠨᠵᠢᠯᠡᠭᠦ ᠤᠬᠠᠭᠠᠨ ᠮᠠᠷᠭᠡᠵᠢᠯ ᠤᠨ ᠬᠤᠪᠢᠰᠬᠠᠯ ᠮᠦᠨ᠂ ᠬᠦᠮᠦᠰ ᠤᠨ ᠦᠢᠯᠡᠳᠪᠦᠷᠢᠯᠡᠯ ᠤᠨ ᠠᠷᠭ᠎ᠠ ᠮᠠᠶ᠋ᠢᠬ᠂ ᠠᠵᠢᠯ ᠤᠨ ᠠᠷᠭ᠎ᠠ ᠮᠠᠶ᠋ᠢᠬ᠂ ᠠᠮᠢᠳᠤᠷᠠᠯ ᠤᠨ ᠠᠷᠭ᠎ᠠ ᠮᠠᠶ᠋ᠢᠬ ᠪᠠ ᠦᠷᠢᠰᠦᠯᠳᠡ ᠲᠡᠮᠡᠴᠡᠭᠦ ᠠᠷᠭ᠎ᠠ ᠮᠠᠶ᠋ᠢᠬ ᠢ ᠬᠦᠨᠳᠦ ᠨᠤᠴᠢᠳᠠᠢ ᠨᠦᠯᠦᠭᠡᠯᠡᠭᠦ ᠪᠤᠯᠤᠨ᠎ᠠ᠃
       ᠲᠤᠤᠷ ᠰᠦᠯᠵᠢᠶ᠎ᠡ ᠭᠡᠳᠡᠭ ᠢ ᠲᠦᠭᠦᠮ ᠢᠶᠠᠷ ᠭᠡᠯᠡᠪᠡᠯ ᠲᠤᠭ᠎ᠠ ᠲᠤᠮᠰᠢ ᠦᠭᠡᠢ ᠤᠯᠠᠨ ᠺᠤᠮᠫᠢᠦ᠋ᠲ᠋ᠧᠷ ᠢ ᠬᠤᠭᠤᠷᠤᠨᠳᠤ ᠨᠢ ᠬᠤᠯᠪᠤᠵᠤ ᠲᠠᠯᠪᠢᠬᠤ ᠶᠢ ᠭᠡᠯᠡᠨ᠎ᠡ᠂ ᠲᠠᠷᠤᠢ ᠬᠤᠪᠢ ᠬᠦᠮᠦᠨ᠂ ᠪᠠᠶᠢᠭᠤᠯᠤᠯᠭ᠎ᠠ ᠨᠢᠭᠡᠴᠡ᠂ ᠤᠷᠤᠨ ᠤ ᠲᠤᠳᠤᠷ᠎ᠠ᠂ ᠤᠯᠤᠰ ᠤᠨ ᠲᠤᠳᠤᠷ᠎ᠠ᠂ ᠴᠢᠨᠠᠬᠰᠢᠯᠠᠪᠠᠯ ᠲᠡᠯᠡᠭᠡᠢ ᠶᠢᠨ ᠤᠯᠠᠨ ᠤᠯᠤᠰ ᠲᠠᠢ ᠺᠤᠮᠫᠢᠦ᠋ᠲ᠋ᠧᠷ ᠢᠶᠠᠷ ᠰᠢᠭᠤᠳ ᠬᠠᠷᠢᠴᠠᠬᠤ ᠶᠢ ᠭᠡᠯᠡᠨ᠎ᠡ᠃ ᠤᠳᠤ ᠲᠡᠯᠡᠭᠡᠢ ᠲᠡᠭᠡᠷ᠎ᠡ ᠨᠦᠯᠦᠭᠡ ᠪᠠᠷ ᠬᠠᠮᠤᠬ ᠠᠴᠠ ᠶᠡᠭᠡ᠂ ᠭᠡᠷᠡᠭᠯᠡᠭᠴᠢᠳ ᠬᠠᠮᠤᠬ ᠠᠴᠠ ᠠᠷᠪᠢᠨ᠂ ᠮᠡᠳᠡᠭᠡ ᠵᠠᠩᠬᠢ ᠪᠠᠷ ᠬᠠᠮᠤᠬ ᠠᠴᠠ ᠪᠠᠶᠠᠯᠢᠬ ᠤᠯᠠᠨ ᠤᠯᠤᠰ ᠢ ᠰᠤᠨᠳᠠᠯᠠᠬᠰᠠᠨ ᠲᠤᠤᠷ ᠰᠦᠯᠵᠢᠶ᠎ᠡ ᠪᠤᠯ ᠢᠨᠲ᠋ᠧᠷᠨᠧᠲ ᠲᠤᠤᠷ ᠪᠤᠯᠤᠨ᠎ᠠ᠃ ᠡᠨᠡ ᠲᠤᠤᠷ ᠤᠳᠤ ᠲᠡᠯᠡᠭᠡᠢ ᠶᠢᠨ 100 ᠭᠠᠷᠤᠢ ᠤᠯᠤᠰ ᠤᠷᠤᠨ ᠢ ᠺᠤᠮᠫᠢᠦ᠋ᠲ᠋ᠧᠷ ᠢᠶᠠᠷ ᠬᠤᠯᠪᠤᠵᠤ᠂ ᠲᠤᠤᠷ ᠲᠤ ᠤᠷᠤᠰᠠᠨ ᠡᠷᠦᠭᠡ ᠨᠢᠭᠡᠴᠡ 1 ᠳ᠋ᠦᠡᠭᠰᠢᠭᠤᠷ ᠠᠴᠠ ᠲᠠᠪᠠᠵᠤ᠂ 2000 ᠤᠨ ᠪᠤᠯᠬᠤ ᠦᠶ᠎ᠡ ᠳᠤ 5 ᠳ᠋ᠦᠡᠭᠰᠢᠭᠤᠷ ᠡᠷᠦᠭᠡ ᠨᠢᠭᠡᠴᠡ ᠳᠤ ᠬᠦᠷᠭᠦ ᠪᠤᠯᠤᠨ᠎ᠠ ᠭᠡᠮᠡᠨ ᠵᠢᠱᠢᠵᠦ ᠪᠤᠢ᠃ ᠪᠤᠰᠤᠳ ᠵᠦᠢᠯ ᠤᠨ ᠲᠤᠤᠷ ᠰᠦᠯᠵᠢᠶ᠎ᠡ ᠴᠤ ᠮᠠᠰᠢ ᠲᠦᠷᠭᠡᠨ ᠭᠦᠭᠵᠢᠵᠦ ᠪᠠᠶᠢᠨ᠎ᠠ᠃
       ᠲᠤᠤᠷ ᠰᠦᠯᠵᠢᠶ᠎ᠡ ᠶᠢᠨ ᠨᠦᠯᠦᠭᠡ ᠮᠠᠰᠢ ᠶᠡᠭᠡ᠃ ᠲᠤᠤᠷ ᠰᠦᠯᠵᠢᠶ᠎ᠡ ᠨᠢ ᠠᠯᠤᠰ ᠠᠴᠠ ᠠᠵᠢᠬᠯᠠᠬᠤ᠂ ᠠᠯᠤᠰ ᠠᠴᠠ ᠡᠵᠡᠮᠰᠢᠭᠦ᠂ ᠨᠠᠷᠢᠨ ᠪᠤᠳᠤᠯᠢᠶᠠᠨᠳᠤ ᠵᠠᠬ᠎ᠠ ᠲᠡᠯᠭᠡᠭᠦᠷ ᠢ ᠨᠡᠭᠡᠮᠵᠢᠯᠡᠨ ᠬᠢᠨᠠᠬᠤ ᠶᠢ ᠴᠦᠮ ᠪᠤᠯᠤᠯᠴᠠᠭ᠎ᠠ ᠲᠠᠢ ᠪᠤᠯᠭᠠᠬᠰᠠᠨ ᠪᠦᠭᠡᠳ ᠦᠡᠭᠭᠡᠷᠡᠭᠰᠡᠨ ᠤ ᠦᠢᠯᠡᠳᠪᠦᠷᠢᠯᠡᠯ ᠤᠨ ᠱᠤᠭᠤᠮ ᠨᠢ ᠵᠢᠷᠤᠵᠤ ᠦᠢᠯᠡᠳᠭᠦ᠂ ᠪᠤᠷᠤᠯᠠᠭᠤᠯᠵᠤ ᠬᠤᠳᠠᠯᠳᠤᠬᠤ ᠶᠢ ᠨᠢᠭᠡ ᠴᠤᠬᠴᠠᠰ ᠪᠤᠯᠭᠠᠬᠰᠠᠨ ᠦᠢᠯᠡᠳᠪᠦᠷᠢᠯᠡᠯ ᠤᠨ ᠠᠷᠭ᠎ᠠ ᠮᠠᠶ᠋ᠢᠬ ᠢᠶᠠᠷ ᠤᠷᠤᠯᠠᠭᠤᠯᠤᠬᠳᠠᠨ᠎ᠠ᠃ ᠭᠡᠷ ᠪᠦᠯᠢ ᠨᠢ ᠲᠤᠤᠷ ᠰᠦᠯᠵᠢᠶ᠎ᠡ ᠳᠠᠬᠢ ᠨᠢᠭᠡ ᠴᠢᠭ ᠤᠨ ᠬᠤᠪᠢ ᠪᠠᠷ ᠪᠦᠭᠦ ᠨᠡᠶᠢᠭᠡᠮ ᠤᠨ ᠠᠵᠢᠯᠯᠠᠭ᠎ᠠ ᠳᠤ ᠤᠷᠤᠯᠴᠠᠬᠤ ᠪᠤᠯᠤᠨ᠎ᠠ᠃ ᠬᠦᠮᠦᠰ ᠲᠤᠤᠷ ᠰᠦᠯᠵᠢᠶ᠎ᠡ ᠶᠢ ᠠᠰᠢᠬᠯᠠᠵᠤ ᠲᠦᠮᠡᠨ ᠭᠠᠵᠠᠷ ᠤᠨ ᠠᠯᠤᠰ ᠲᠠᠬᠢ ᠨᠠᠶᠢᠵᠢ ᠨᠠᠷ ᠲᠠᠢ ᠪᠠᠨ ︽ᠰᠢᠭᠤᠳ ᠠᠭᠤᠯᠵᠠᠵᠤ︾ ᠦᠵᠡᠯ ᠲᠠᠨᠢᠯᠳᠠ ᠠᠵᠤ ᠠᠬᠤᠢ ᠶᠢᠨ ᠮᠡᠳᠡᠭᠡ ᠵᠠᠩᠬᠢ ᠪᠠᠨ ᠰᠤᠯᠢᠯᠴᠠᠵᠤ᠂ ᠡᠷᠳᠡᠮ ᠰᠢᠨᠵᠢᠯᠡᠭᠡᠨ ᠤ ᠦᠵᠡᠯᠳᠡ ᠪᠠᠨ ᠵᠦᠪᠳᠡᠯᠴᠡᠵᠦ ᠪᠤᠯᠤᠨ᠎ᠠ᠂ ᠲᠤᠤᠷ ᠰᠦᠯᠵᠢᠶ᠎ᠡ ᠪᠠᠷ ᠡᠯ᠎ᠡ ᠵᠦᠢᠯ ᠤᠨ ᠪᠠᠷᠠᠭ᠎ᠠ ᠲᠠᠸᠠᠷ ᠰᠤᠩᠭᠤᠨ ᠠᠪᠴᠤ᠂ ᠤᠬᠢ ᠰᠠᠶᠢᠨ ᠰᠤᠷᠭᠠᠨ ᠬᠦᠮᠦᠵᠢᠯ ᠬᠦᠷᠳᠡᠵᠦ ᠪᠤᠯᠤᠨ᠎ᠠ᠂ ᠪᠠᠰᠠ ᠲᠡᠯᠡᠭᠡᠢ ᠶᠢᠨ ᠤᠯᠠᠨ ᠤᠯᠤᠰ ᠤᠨ ᠬᠠᠮᠤᠬ ᠤᠨ ᠰᠢᠯᠢᠳᠡᠭ ᠲᠤᠬᠯᠠᠯᠳᠠ ᠶᠢ ᠰᠤᠨᠢᠷᠬᠠᠵᠤ ᠪᠤᠯᠤᠨ᠎ᠠ᠃
       ᠲᠤᠤᠷ ᠰᠦᠯᠵᠢᠶ᠎ᠡ ᠶᠢᠨ ᠬᠦᠮᠦᠰ ᠤᠨ ᠠᠵᠢᠯ ᠠᠮᠢᠳᠤᠷᠠᠯ ᠳᠤ ᠦᠵᠡᠭᠦᠯᠭᠦ ᠨᠦᠯᠦᠭᠡ ᠶᠢ ᠮᠡᠳᠡᠭᠦ ᠵᠡᠷᠭᠡ ᠪᠠᠷ ᠲᠤᠤᠷ ᠰᠦᠯᠵᠢᠶ᠎ᠡ ᠶᠢᠨ ᠨᠢᠭᠡ ᠤᠯᠤᠰ ᠤᠨ ᠤᠯᠤᠰ ᠲᠦᠷᠦ᠂ ᠠᠵᠤ ᠠᠬᠤᠢ᠂ ᠴᠡᠷᠢᠭ ᠤᠨ ᠶᠠᠪᠤᠳᠠᠯ ᠬᠢᠭᠡᠳ ᠰᠤᠶᠤᠯ ᠬᠦᠮᠦᠵᠢᠯ ᠳᠤ ᠯᠤᠳᠤ ᠶᠡᠭᠡ ᠨᠦᠯᠦᠭᠡ ᠶᠢ ᠮᠡᠳᠡᠵᠦ ᠠᠪᠬᠤ ᠨᠢ ᠨᠡᠩ ᠴᠢᠬᠤᠯᠠ ᠶᠤᠮ᠃
       ᠤᠷᠳᠤ ᠬᠤᠭᠤᠴᠠᠭᠠᠨ ᠤ ᠲᠤᠷᠰᠢ᠂ ᠮᠡᠳᠡᠭᠡ ᠵᠡᠩᠬᠢ ᠶᠢᠨ ᠭᠡᠮᠵᠢᠶ᠎ᠡ ᠪᠠ ᠤᠯᠠᠮᠵᠢᠯᠠᠬᠤ ᠬᠤᠷᠳᠤᠴᠠ ᠶᠢᠨ ᠨᠦᠯᠦᠭᠡ ᠠᠴᠠ ᠪᠤᠯᠵᠤ᠂ ᠤᠯᠠᠨ ᠤᠯᠤᠰ ᠤᠨ ᠤᠯᠤᠰ ᠲᠦᠷᠦ ᠶᠢᠨ ᠠᠵᠢᠯᠯᠠᠭ᠎ᠠ ᠪᠤᠯᠤᠨ ᠨᠡᠶᠢᠭᠡᠮ ᠤᠨ ᠤᠯᠤᠰ ᠲᠦᠷᠦ ᠶᠢᠨ ᠠᠵᠢᠯᠯᠠᠭ᠎ᠠ ᠲᠤᠬᠳᠠᠬᠰᠠᠨ ᠭᠡᠮᠵᠢᠶᠡᠨ ᠲᠤᠳᠤᠷ᠎ᠠ ᠬᠢᠵᠠᠭᠠᠷᠯᠠᠬᠳᠠᠬᠤ ᠪᠠᠶᠢᠪᠠ᠃ ᠲᠤᠤᠷ ᠰᠦᠯᠵᠢᠶᠡᠳᠦ ᠨᠡᠶᠢᠭᠡᠮ ᠳᠤ ᠤᠯᠠᠨ ᠤᠯᠤᠰ ᠤᠨ ᠤᠯᠤᠰ ᠲᠦᠷᠦ ᠪᠠ ᠨᠡᠶᠢᠭᠡᠮ ᠤᠨ ᠤᠯᠤᠰ ᠲᠦᠷᠦ ᠶᠢᠨ ᠭᠡᠷᠡᠭ ᠶᠠᠪᠤᠳᠠᠯ ᠢ ᠺᠤᠮᠫᠢᠦ᠋ᠲ᠋ᠧᠷ ᠤᠨ ᠮᠡᠳᠡᠭᠡ ᠵᠡᠩᠬᠢ ᠶᠢᠨ ᠲᠤᠤᠷ ᠰᠦᠯᠵᠢᠶ᠎ᠡ ᠳᠤ ᠤᠷᠤᠭᠤᠯᠵᠤ᠂ ᠵᠦᠢᠯ ᠵᠦᠢᠯ ᠤᠨ ᠰᠤᠨᠢᠨ ᠰᠡᠳᠭᠦᠯ᠂ ᠷᠠᠳᠢᠤ᠋ ᠲᠧᠯᠸᠢᠰ᠂ ᠲᠤᠤᠷ ᠰᠦᠯᠵᠢᠶ᠎ᠡ ᠨᠢ ᠡᠯ᠎ᠡ ᠵᠦᠢᠯ ᠤᠨ ᠤᠯᠤᠰ ᠲᠦᠷᠦ ᠶᠢᠨ ᠭᠡᠷᠡᠭ ᠶᠠᠪᠤᠳᠠᠯ ᠢ ᠪᠦᠭᠦ ᠲᠡᠯᠡᠭᠡᠢ ᠲᠡᠭᠡᠷ᠎ᠡ ᠲᠦᠷᠭᠡᠨ ᠲᠠᠷᠬᠠᠭᠠᠵᠤ᠂ ᠤᠯᠤᠰ ᠲᠦᠷᠦ ᠶᠢᠨ ᠠᠵᠢᠯᠯᠠᠭ᠎ᠠ ᠳᠤ ᠤᠷᠤᠯᠴᠠᠬᠤ ᠬᠦᠮᠦᠰ ᠤᠷᠢᠳ ᠭᠠᠷᠤᠭ᠎ᠠ ᠦᠭᠡᠢ ᠨᠡᠮᠡᠭᠳᠡᠭᠦ ᠪᠤᠯᠤᠨ᠎ᠠ᠃ ᠭᠡᠯᠡᠯᠭᠡᠨ ᠦᠭᠡᠢ ᠲᠤᠤᠷ ᠰᠦᠯᠵᠢᠶ᠎ᠡ ᠨᠢ ᠪᠠᠰᠠ ᠨᠢᠭᠡ ᠤᠯᠤᠰ ᠤᠨ ᠤᠯᠤᠰ ᠲᠦᠷᠦ ᠳᠤ ᠡᠰᠡᠷᠭᠦᠦ ᠲᠠᠯ᠎ᠠ ᠶᠢᠨ ᠨᠦᠯᠦᠭᠡ ᠶᠢ ᠨᠢ ᠠᠪᠴᠢᠷᠠᠵᠤ ᠦᠭᠳᠡᠭ᠂ ᠶᠠᠪᠤᠳᠠᠯ ᠭᠠᠷᠪᠠᠯ ᠲᠡᠯᠡᠭᠡᠢ ᠲᠠᠶᠠᠭᠠᠷ ᠲᠤᠤᠷ᠎ᠠ ᠪᠠᠨ ᠮᠡᠳᠡᠴᠢᠭᠡᠳᠡᠭ ᠲᠤᠯᠠ ᠤᠯᠤᠰ ᠲᠦᠷᠦ ᠶᠢᠨ ᠠᠶᠤᠯᠭᠦᠢ ᠪᠠᠶᠢᠳᠠᠯ ᠢ ᠪᠠᠳᠤᠯᠠᠬᠤ ᠬᠦᠴᠢᠷᠳᠡᠯ ᠨᠡᠮᠡᠭᠳᠡᠵᠦ᠂ ᠤᠯᠤᠰ ᠤᠨ ᠶᠡᠭᠡ ᠶᠠᠪᠤᠳᠠᠯ ᠢ ᠲᠤᠬᠳᠠᠭᠠᠬᠤ ᠳᠤ ᠤᠯᠠᠨ ᠤᠯᠤᠰ ᠤᠨ ᠨᠦᠯᠦᠭᠡ ᠶᠢ ᠪᠤᠳᠤᠯᠬᠢᠯᠠᠬᠤ ᠦᠭᠡᠢ ᠪᠠᠶᠢᠵᠤ ᠪᠤᠯᠬᠤ ᠦᠭᠡᠢ ᠪᠤᠯᠵᠠᠢ᠃
       ᠲᠤᠤᠷ ᠰᠦᠯᠵᠢᠶ᠎ᠡ ᠶᠢᠨ ᠠᠵᠤ ᠠᠬᠤᠢ ᠳᠤ ᠦᠵᠡᠭᠦᠯᠭᠦ ᠨᠦᠯᠦᠭᠡ ᠨᠢ ᠮᠠᠰᠢ ᠶᠡᠭᠡ ᠶᠤᠮ᠃ ᠮᠡᠳᠡᠭᠡ ᠵᠠᠩᠬᠢ ᠶᠢᠨ ᠲᠤᠤᠷ ᠰᠦᠯᠵᠢᠶ᠎ᠡ ᠶᠢᠨ ᠨᠦᠯᠦᠭᠡᠯᠡᠯ ᠢᠶᠠᠷ ᠠᠵᠤ ᠠᠬᠤᠢ ᠶᠢᠨ ᠲᠡᠯᠡᠭᠡᠶᠢᠵᠢᠯᠳᠡ ᠪᠠ ᠤᠷᠤᠨ ᠪᠦᠰᠡᠵᠢᠯᠳᠡ ᠤᠯᠠᠮ ᠲᠦᠷᠭᠡᠨ ᠬᠦᠭᠵᠢᠵᠦ᠂ ᠤᠯᠤᠰ ᠤᠯᠤᠰ ᠤᠨ ᠬᠤᠭᠤᠷᠤᠨᠳᠤ᠂ ᠤᠯᠤᠰ ᠤᠯᠤᠰ ᠪᠤᠯᠤᠨ ᠲᠡᠯᠡᠭᠡᠢ ᠶᠢᠨ ᠠᠵᠤ ᠠᠬᠤᠢ ᠶᠢᠨ ᠬᠤᠭᠤᠷᠤᠨᠳᠤ ᠬᠠᠷᠢᠯᠴᠠᠨ ᠲᠦᠰᠢᠭᠯᠡᠯᠴᠡᠵᠦ᠂ ᠬᠠᠷᠢᠯᠴᠠᠨ ᠠᠬᠢᠭᠤᠯᠵᠤ᠂ ᠬᠠᠷᠢᠯᠴᠠᠨ ᠨᠦᠯᠦᠭᠡᠯᠡᠭᠦ ᠪᠤᠯᠤᠨ᠎ᠠ᠃ ᠮᠡᠳᠡᠭᠡ ᠵᠠᠩᠬᠢ ᠶᠢᠨ ᠠᠵᠤ ᠦᠢᠯᠡᠰ᠂ ᠮᠡᠳᠡᠯᠭᠡ ᠶᠢᠨ ᠠᠵᠤ ᠠᠬᠤᠢ ᠲᠦᠷᠭᠡᠨ ᠭᠦᠭᠵᠢᠵᠦ᠂ ᠦᠢᠯᠡᠳᠪᠦᠷᠢᠯᠡᠯ ᠤᠨ ᠪᠦᠳᠦᠭᠡᠯ ᠶᠡᠭᠡ ᠭᠡᠮᠵᠢᠶ᠎ᠡ ᠪᠠᠷ ᠲᠡᠭᠡᠭᠰᠢᠯᠡᠭᠦ ᠪᠤᠯᠤᠨ᠎ᠠ᠃ ᠪᠦᠷᠢᠳᠭᠡᠯ ᠢ ᠦᠨᠳᠦᠰᠦᠯᠡᠪᠡᠯ᠂ ᠤᠳᠤ ᠦᠶ᠎ᠡ ᠶᠢᠨ ᠠᠵᠤ ᠠᠬᠤᠢ ᠶᠢᠨ ᠬᠦᠭᠵᠢᠯᠳᠡ ᠪᠠ ᠨᠡᠮᠡᠭᠳᠡᠯ ᠤᠨ 40% ᠨᠢ ᠮᠡᠳᠡᠭᠡ ᠵᠠᠩᠬᠢ ᠶᠢᠨ ᠠᠵᠤ ᠦᠢᠯᠡᠰ ᠤᠨ ᠦᠵᠡᠭᠦᠯᠦᠭᠰᠡᠨ ᠬᠤᠪᠢ ᠨᠡᠮᠡᠷᠢ ᠠᠴᠠ ᠢᠷᠡᠵᠦ ᠪᠠᠶᠢᠨ᠎ᠠ᠃ ᠲᠤᠤᠷ ᠰᠦᠯᠵᠢᠶ᠎ᠡ ᠶᠢᠨ ᠠᠵᠤ ᠠᠬᠤᠢ ᠳᠤ ᠦᠵᠡᠭᠦᠯᠭᠦ ᠨᠦᠯᠦᠭᠡ ᠨᠢ ᠤᠯᠠᠨ ᠤᠯᠤᠰ ᠤᠨ ᠮᠦᠡᠭᠭᠦᠨ ᠬᠦᠢᠯᠭᠡᠭᠡ ᠬᠢᠭᠡᠳ ᠠᠷᠠᠯᠵᠢᠶ᠎ᠠ ᠶᠢᠨ ᠬᠦᠷᠢᠶᠡᠨ ᠳᠤ ᠬᠠᠮᠤᠬ ᠠᠴᠠ ᠲᠤᠪᠤᠶᠢᠮ᠎ᠠ ᠢᠯᠡᠷᠡᠵᠦ ᠪᠠᠶᠢᠳᠠᠬ᠃ ᠮᠦᠡᠭᠭᠦᠨ ᠬᠦᠢᠯᠭᠡᠭᠡ ᠶᠢᠨ ᠭᠦᠷᠢᠶᠡᠨ ᠳᠤ ᠬᠦᠷᠦᠩᠭᠡ ᠶᠢᠨ ᠬᠦᠢᠯᠭᠡᠭᠡ ᠨᠢ ᠲᠤᠤᠷ ᠰᠦᠯᠵᠢᠶ᠎ᠡ ᠪᠠᠷ ᠲᠠᠮᠵᠢᠵᠤ ᠤᠯᠤᠰ ᠤᠨ ᠵᠠᠭᠠᠬ ᠠᠴᠠ ᠲᠠᠪᠠᠵᠤ᠂ ᠡᠯ᠎ᠡ ᠭᠠᠵᠠᠷ ᠤᠨ ᠮᠦᠡᠭᠭᠦᠨ ᠬᠦᠢᠯᠭᠡᠭᠡ ᠶᠢᠨ ᠮᠡᠳᠡᠭᠡ ᠵᠠᠩᠬᠢ ᠨᠢ ᠲᠡᠷᠡ ᠲᠤᠤᠷ᠎ᠠ ᠪᠠᠨ ᠪᠦᠭᠦ ᠲᠡᠯᠡᠭᠡᠢ ᠳᠤ ᠲᠠᠷᠬᠠᠭᠠᠬᠳᠠᠨ᠎ᠠ᠃ ᠠᠷᠠᠯᠵᠢᠶ᠎ᠠ ᠬᠤᠳᠠᠯᠳᠤᠭ᠎ᠠ ᠶᠢᠨ ᠬᠦᠷᠢᠶᠡᠨ ᠳᠤ ᠤᠯᠠᠨ ᠤᠯᠤᠰ ᠤᠨ ᠠᠷᠠᠯᠵᠢᠶ᠎ᠠ᠂ ᠤᠯᠤᠰ ᠤᠨ ᠲᠤᠳᠤᠭᠠᠳᠤ ᠶᠢᠨ ᠠᠷᠠᠯᠵᠢᠶ᠎ᠠ ᠬᠤᠳᠠᠯᠳᠤᠭ᠎ᠠ ᠶᠢᠨ ᠬᠦᠷᠢᠶᠡᠨ ᠳᠤ ᠭᠡᠷ ᠪᠦᠯᠢ ᠶᠢᠨ ᠠᠷᠠᠯᠵᠢᠶ᠎ᠠ ᠨᠢ ᠴᠦᠮ ᠲᠤᠤᠷ ᠰᠦᠯᠵᠢᠶ᠎ᠡ ᠲᠡᠭᠡᠷ᠎ᠡ ᠶᠠᠪᠤᠬᠳᠠᠵᠤ᠂ ᠲᠤᠤᠷ ᠰᠦᠯᠵᠢᠶ᠎ᠠ ᠪᠠᠷ ᠲᠠᠸᠠᠷ ᠤᠨ ᠦᠢᠯᠡᠳᠪᠦᠷᠢᠯᠡᠭᠦ᠂ ᠰᠠᠶᠢᠵᠢᠷᠠᠭᠤᠯᠬᠤ᠂ ᠵᠠᠬᠢᠶᠠᠯᠠᠬᠤ᠂ ᠪᠤᠷᠤᠯᠠᠭᠤᠯᠬᠤ ᠪᠠ ᠵᠤᠭᠤᠰ ᠦᠭᠴᠦ ᠠᠪᠬᠤ ᠵᠡᠷᠭᠡ ᠶᠠᠪᠤᠳᠠᠯ ᠢ ᠴᠦᠮ ᠬᠦᠢᠴᠡᠳᠭᠡᠵᠦ ᠴᠢᠳᠠᠨ᠎ᠠ᠃ ᠲᠤᠰᠬᠠᠢ ᠮᠡᠷᠭᠡᠵᠢᠯᠳᠡᠳ ᠤᠨ ᠵᠢᠱᠢᠯᠳᠡ ᠪᠠᠷ 2000 ᠤᠨ ᠪᠤᠯᠬᠤ ᠦᠶ᠎ᠡ ᠳᠤ ᠪᠦᠭᠦ ᠲᠡᠯᠡᠭᠡᠢ ᠶᠢᠨ ᠲᠤᠤᠷ ᠰᠦᠯᠵᠢᠶ᠎ᠡ ᠶᠢᠨ ᠠᠷᠠᠯᠵᠢᠶ᠎ᠡ ᠪᠦᠳᠦᠭᠦ ᠵᠤᠭᠤᠰ ᠤᠨ ᠲᠤᠭ᠎ᠠ 3000 ᠳ᠋ᠦᠡᠭᠰᠢᠭᠤᠷ ᠳ᠋ᠤᠯᠯᠠᠷ ᠬᠦᠷᠴᠦ᠂ ᠢᠷᠡᠭᠡᠳᠦᠢ ᠶᠢᠨ 10 ᠵᠢᠯ ᠳᠤ ᠪᠦᠭᠦ ᠲᠡᠯᠡᠭᠡᠢ ᠶᠢᠨ ᠤᠯᠠᠨ ᠤᠯᠤᠰ ᠤᠨ ᠠᠷᠠᠯᠵᠢᠶ᠎ᠠ ᠶᠢᠨ 1/3 ᠨᠢ ᠲᠤᠤᠷ ᠰᠦᠯᠵᠢᠶ᠎ᠡ ᠶᠢᠨ ᠠᠷᠠᠯᠵᠢᠶ᠎ᠠ ᠶᠢᠨ ᠭᠡᠯᠪᠡᠷᠢ ᠪᠠᠷ ᠪᠡᠶᠡᠯᠡᠭᠳᠡᠭᠦ ᠪᠤᠯᠤᠨ᠎ᠠ᠃ ᠡᠶᠢᠮᠦ ᠠᠴᠠ᠂ ᠮᠡᠳᠡᠯᠭᠡ ᠶᠢᠨ ᠠᠵᠤ ᠠᠬᠤᠢ᠂ ᠲᠤᠤᠷ ᠰᠦᠯᠵᠢᠶ᠎ᠡ ᠶᠢᠨ ᠭᠡᠯᠪᠡᠷᠢ ᠪᠠᠷ ᠪᠡᠶᠡᠯᠡᠭᠳᠡᠭᠦ ᠪᠤᠯᠤᠨ᠎ᠠ᠃ ᠡᠶᠢᠮᠦ ᠠᠴᠠ᠂ ᠮᠡᠳᠡᠯᠭᠡ ᠶᠢᠨ ᠠᠵᠤ ᠠᠬᠤᠢ᠂ ᠲᠤᠤᠷ ᠰᠦᠯᠵᠢᠶ᠎ᠠ ᠶᠢᠨ ᠠᠵᠤ ᠠᠬᠤᠢ ᠨᠢ ᠯᠠᠪᠳᠠᠢ 21 ᠳ᠋ᠤᠭᠡᠷ ᠵᠠᠭᠤᠨ ᠤ ᠠᠵᠤ ᠠᠬᠤᠢ ᠶᠢᠨ ᠬᠦᠭᠵᠢᠯᠳᠡ ᠶᠢᠨ ᠭᠤᠤᠯ ᠤᠷᠤᠰᠬᠠᠯ ᠪᠤᠯᠤᠨ᠎ᠠ᠃ ᠭᠡᠪᠡᠴᠦ ᠲᠤᠤᠷ ᠰᠦᠯᠵᠢᠶ᠎ᠡ ᠨᠢ ᠤᠯᠤᠰ ᠤᠨ ᠠᠵᠤ ᠠᠬᠤᠢ ᠶᠢᠨ ᠠᠶᠤᠯᠭᠦᠢ ᠪᠠᠶᠢᠳᠠᠯ ᠳᠤ ᠡᠳᠦᠢ ᠲᠡᠳᠦᠢ ᠰᠦᠷᠳᠡᠭᠦᠯᠦᠯ ᠤᠴᠠᠷᠠᠭᠤᠯᠬᠤ ᠶᠢ ᠴᠤ ᠤᠮᠳᠤᠭᠠᠢᠢᠯᠠᠵᠤ ᠪᠤᠯᠬᠤ ᠦᠭᠡᠢ ᠶᠤᠮ᠂ ᠲᠠᠶᠢᠰᠤᠩᠨᠠᠬᠴᠢ ᠤᠯᠤᠰ ᠴᠢᠨᠤ ᠤᠯᠤᠰ ᠤᠨ ᠮᠡᠳᠡᠭᠡ ᠵᠠᠩᠬᠢ ᠶᠢᠨ ᠲᠤᠤᠷ ᠰᠦᠯᠵᠢᠶ᠎ᠡ ᠶᠢ ᠡᠪᠳᠡᠭᠦ ᠪᠤᠶᠤ ᠬᠠᠯᠳᠠᠯᠭ᠎ᠠ ᠬᠢᠵᠦ᠂ ᠮᠦᠡᠭᠭᠦᠨ ᠪᠠᠩᠬᠢ᠂ ᠲᠡᠮᠳᠡᠭᠳᠦ ᠶᠢᠨ ᠰᠤᠯᠢᠯᠴᠠᠭᠠᠨ ᠤ ᠭᠠᠵᠠᠷ᠂ ᠳ᠋ᠢᠶᠠᠩᠬᠤᠸᠠ᠂ ᠲᠧᠯᠸᠢᠰ᠂ ᠴᠠᠬᠢᠯᠭᠠᠨ ᠲᠤᠤᠷ᠂ ᠵᠠᠮ ᠨᠡᠪᠳᠡᠷᠡᠭᠦᠯᠭᠡ ᠶᠢᠨ ᠠᠭᠠᠷ ᠲᠠᠬᠢ ᠡᠵᠡᠮᠰᠢᠯ ᠤᠨ ᠲᠤᠨᠤᠬᠯᠠᠯ ᠵᠡᠷᠭᠡ ᠲᠤᠤᠷ ᠰᠦᠯᠵᠢᠶ᠎ᠡ ᠶᠢ ᠲᠠᠭᠠᠷᠢᠨ ᠡᠪᠳᠡᠵᠦ᠂ ᠡᠭᠦᠨ ᠤ ᠤᠯᠠᠮ ᠢᠶᠠᠷ ᠤᠯᠤᠰ ᠤᠨ ᠠᠵᠤ ᠠᠬᠤᠢ ᠶᠢ ᠴᠢᠨᠢ ᠲᠡᠮᠪᠠᠷᠠᠭᠤᠯᠬᠤ ᠪᠤᠯᠤᠨ᠎ᠠ᠃ ᠬᠠᠤᠯᠢ ᠪᠤᠰᠤ ᠡᠳᠡᠭᠡᠳ ᠲᠤᠤᠷ ᠰᠦᠯᠵᠢᠶ᠎ᠡ ᠪᠠᠷ ᠲᠠᠮᠵᠢᠵᠤ ᠬᠤᠪᠢ ᠬᠦᠮᠦᠨ ᠪᠤᠶᠤ ᠺᠤᠮᠫᠠᠨᠢ ᠶᠢᠨ ᠺᠤᠮᠫᠢᠦ᠋ᠲ᠋ᠧᠷ ᠤᠨ ᠮᠠᠲ᠋ᠧᠷᠢᠶᠠᠯ ᠤᠨ ᠬᠦᠮᠦᠷᠭᠡ ᠳᠤ ᠤᠷᠤᠵᠤ᠂ ᠺᠤᠮᠫᠢᠦ᠋ᠲ᠋ᠧᠷ ᠲᠠᠬᠢ ᠠᠵᠤ ᠠᠬᠤᠢ ᠠᠷᠠᠯᠵᠢᠶ᠎ᠠ ᠶᠢᠨ ᠮᠠᠲ᠋ᠧᠷᠢᠶᠠᠯ ᠢ ᠬᠤᠯᠠᠭᠠᠢᠢᠯᠠᠬᠤ ᠪᠤᠶᠤ ᠲᠤᠭ᠎ᠠ ᠪᠠᠷᠢᠮᠳᠠ ᠶᠢ ᠨᠢ ᠬᠠᠯᠠᠵᠤ ᠪᠠᠯᠠᠯᠠᠬᠤ ᠠᠵᠢᠯᠯᠠᠭ᠎ᠠ ᠬᠢᠵᠦ᠂ ᠡᠪᠳᠡᠯᠭᠡ ᠶᠢᠨ ᠴᠢᠨᠠᠷᠳᠠᠢ ᠴᠤᠬᠢᠯᠳᠠ ᠦᠭᠭᠦ ᠪᠤᠯᠤᠨ᠎ᠠ᠃ ᠡᠶᠢᠮᠦ ᠠᠴᠠ ᠡᠷᠭᠡᠪᠰᠢ ᠵᠤᠬᠢᠴᠠᠩᠭᠤᠢ ᠰᠡᠷᠭᠡᠶᠢᠯᠡᠭᠦ ᠠᠷᠭ᠎ᠠ ᠭᠡᠮᠵᠢᠶ᠎ᠡ ᠠᠪᠴᠤ᠂ ᠲᠤᠤᠷ ᠰᠦᠯᠵᠢᠶ᠎ᠡ ᠶᠢᠨ ᠭᠡᠪᠡᠷᠡᠭ ᠴᠢᠨᠠᠷ ᠠᠴᠠ ᠪᠤᠯᠵᠤ ᠠᠵᠤ ᠠᠬᠤᠢ ᠶᠢᠨ ᠠᠶᠤᠯᠭᠦᠢ ᠪᠠᠶᠢᠳᠠᠯ ᠳᠤ ᠤᠴᠠᠷᠠᠭᠤᠯᠬᠤ ᠨᠦᠯᠦᠭᠡ ᠶᠢ ᠠᠷᠢᠯᠭᠠᠬᠤ ᠭᠡᠷᠡᠭᠳᠡᠢ᠃
       ᠲᠤᠤᠷ ᠰᠦᠯᠵᠢᠶ᠎ᠡ ᠶᠢᠨ ᠬᠦᠭᠵᠢᠯᠳᠡ ᠨᠢ ᠴᠡᠷᠢᠭ ᠤᠨ ᠶᠠᠪᠤᠳᠠᠯ ᠤᠨ ᠬᠦᠷᠢᠶᠡᠨ ᠳᠤ ᠤᠷᠢᠳ ᠡᠮᠦᠨ᠎ᠡ ᠭᠠᠷᠤᠭᠠᠳᠠᠢ ᠦᠷᠢᠰᠦᠯᠳᠦᠭᠡᠨ ᠢ ᠠᠪᠴᠢᠷᠠᠪᠠ᠃ ᠴᠡᠷᠢᠭ ᠤᠨ ᠰᠦᠷᠳᠡᠭᠦᠯᠦᠯ ᠭᠡᠳᠡᠭ ᠨᠢ ᠵᠦᠪᠭᠡᠨ ᠶᠡᠭᠡ ᠴᠡᠷᠢᠭ ᠬᠢᠯᠢ ᠶᠢ ᠲᠠᠷᠤᠬᠤ ᠯᠡ ᠪᠢᠰᠢ᠂ ᠲᠤᠤᠷ ᠰᠦᠯᠵᠢᠶ᠎ᠡ ᠳᠠᠬᠢ ᠬᠡᠨᠡᠳᠳᠡ ᠶᠢᠨ ᠲᠠᠭᠠᠷᠢᠯᠳᠠ ᠶᠢ ᠴᠤ ᠰᠡᠷᠡᠮᠵᠢᠯᠡᠭᠦ ᠭᠡᠷᠡᠭᠳᠡᠢ᠃ ᠲᠤᠤᠷ ᠰᠦᠯᠵᠢᠶ᠎ᠡ ᠨᠢ ᠴᠡᠷᠢᠭ ᠲᠠᠶᠢᠨ ᠤ ᠠᠵᠢᠯᠯᠠᠭ᠎ᠠ ᠶᠢ ᠪᠦᠭᠦ ᠪᠦᠮᠪᠦᠷᠴᠡᠭ ᠴᠢᠨᠠᠬᠰᠢᠯᠠᠪᠠᠯ ᠰᠠᠨᠰᠠᠷ ᠲᠤ ᠬᠦᠷᠳᠡᠯ᠎ᠡ ᠦᠷᠭᠡᠳᠭᠡᠭᠦ ᠶᠢᠨ ᠬᠠᠮᠳᠤ ᠲᠠᠯᠠᠢ ᠲᠠᠩᠬᠢᠰ᠂ ᠠᠭᠤᠯᠠ ᠬᠠᠶᠢᠷᠬᠠᠨ᠂ ᠬᠤᠯᠠ ᠵᠠᠢ ᠵᠡᠷᠭᠡ ᠤᠯᠤᠰ ᠤᠨ ᠠᠮᠤᠷ ᠲᠦᠪᠰᠢᠨ ᠤ ᠬᠠᠯᠬᠠᠪᠴᠢ ᠶᠢ ᠲᠠᠪᠠᠵᠤ᠂ ᠤᠯᠤᠰ ᠤᠨ ᠬᠠᠮᠠᠭᠠᠯᠠᠯᠳᠠ ᠶᠢᠨ ᠬᠠᠷᠢᠭᠤᠴᠠᠯᠭ᠎ᠠ ᠶᠢ ᠤᠯᠠᠮ ᠬᠦᠨᠳᠦ ᠪᠤᠯᠭᠠᠪᠠ᠃ ᠤᠯᠠᠮᠵᠢᠯᠠᠯᠳᠤ ᠴᠡᠷᠢᠭ ᠤᠨ ᠪᠦᠷᠢᠯᠳᠦᠭᠦᠨ ᠨᠢ ᠬᠤᠪᠢᠷᠠᠵᠤ᠂ ᠮᠡᠳᠡᠭᠡ ᠵᠠᠩᠬᠢ ᠶᠢᠨ ᠴᠠᠬ ᠦᠶ᠎ᠡ ᠶᠢᠨ ᠴᠡᠷᠢᠭ ᠠᠩᠬᠢ ᠨᠢ ᠡᠯᠧᠺᠲᠷᠤᠨ ᠮᠡᠳᠡᠭᠡ ᠵᠠᠩᠬᠢ ᠶᠢᠨ ᠲᠤᠤᠷ ᠰᠦᠯᠵᠢᠶ᠎ᠠ ᠶᠢᠨ ᠲᠤᠰᠬᠠᠢ ᠮᠡᠷᠭᠡᠵᠢᠯᠳᠡᠨ᠂ ᠢᠨᠵᠧᠨᠧᠷ ᠪᠠ ᠮᠡᠳᠡᠯᠭᠡ ᠶᠢᠨ ᠰᠢᠨᠵᠢᠳᠦ ᠴᠡᠷᠢᠭ ᠤᠳ ᠢᠶᠠᠷ ᠪᠦᠷᠢᠯᠳᠦᠭᠦ ᠬᠡᠷᠡᠭᠳᠡᠢ᠃ ᠲᠠᠶᠢᠨ ᠤ ᠪᠠᠶᠢᠯᠳᠤᠬᠤ ᠪᠤᠳᠤᠯᠭ᠎ᠠ ᠶᠢᠨ ᠲᠠᠭᠠᠷᠢᠯᠳᠠ ᠶᠢᠨ ᠠᠩᠬᠠᠨ ᠤ ᠬᠠᠷᠠᠯᠳᠠ ᠨᠢ ᠶᠠᠮᠠᠷ ᠨᠢᠭᠡ ᠴᠡᠷᠢᠭ ᠠᠩᠬᠢ ᠶᠢ ᠤᠰᠠᠳᠬᠠᠬᠤ ᠪᠢᠰᠢ᠂ ᠬᠠᠷᠢᠨ ᠤᠯᠤᠰ ᠤᠨ ᠤᠯᠤᠰ ᠲᠦᠷᠦ᠂ ᠠᠵᠤ ᠠᠬᠤᠢ᠂ ᠴᠡᠷᠢᠭ ᠤᠨ ᠶᠠᠪᠤᠳᠠᠯ ᠪᠠ ᠪᠦᠭᠦ᠋ᠢᠯᠡ ᠨᠡᠶᠢᠭᠡᠮ ᠢ ᠬᠤᠯᠪᠤᠬᠰᠠᠨ ᠲᠤᠤᠷ ᠰᠦᠯᠵᠢᠶ᠎ᠠ ᠳᠤ ᠤᠷᠢᠳᠠᠪᠠᠷ ᠴᠤᠬᠢᠯᠳᠠ ᠦᠭᠴᠦ᠂ ᠰᠢᠨ᠎ᠡ ᠭᠠᠶᠢᠬᠠᠮᠰᠢᠬᠳᠤ ᠮᠡᠳᠡᠭᠡ ᠵᠠᠩᠬᠢ ᠶᠢᠨ ᠠᠷᠭ᠎ᠠ ᠪᠠᠷᠢᠯ ᠢᠶᠠᠷ ᠲᠠᠶᠢᠰᠤᠨ ᠤ ᠴᠡᠷᠢᠭ ᠤᠨ ᠪᠠ ᠠᠷᠠᠳ ᠤᠨ ᠭᠡᠷᠡᠭᠯᠡᠭᠡᠨ ᠤ ᠺᠤᠮᠫᠢᠦ᠋ᠲ᠋ᠧᠷ ᠤᠨ ᠲᠤᠤᠷ ᠰᠦᠯᠵᠢᠶ᠎ᠡ ᠶᠢᠨ ᠰᠢᠰᠲ᠋ᠧᠮ ᠢ ᠲᠦᠷᠭᠡᠨ ᠪᠦᠭᠡᠳ ᠨᠢᠭᠤᠴᠠ ᠪᠠᠷ ᠡᠪᠳᠡᠯᠡᠨ ᠰᠦᠢᠷᠡᠭᠦᠯᠵᠦ᠂ ᠪᠠᠶᠢᠯᠳᠤᠬᠤ ᠦᠭᠡᠢ ᠪᠠᠷ ᠢᠯᠠᠯᠳᠠ ᠤᠯᠬᠤ ᠪᠤᠯᠤᠨ᠎ᠠ᠃ ᠲᠠᠶᠢᠨ ᠤ ᠲᠠᠯᠠᠪᠤᠷ ᠲᠤ ᠦᠭᠦᠳᠡᠯ ᠲᠦᠭᠦᠷᠴᠦ᠂ ᠲᠠᠯᠠᠢ ᠮᠡᠳᠦ ᠴᠢᠰᠦ ᠤᠷᠤᠰᠬᠠᠬᠤ ᠤᠯᠠᠮᠵᠢᠯᠠᠯᠳᠤ ᠲᠠᠶᠢᠨ ᠪᠠᠶᠢᠯᠳᠤᠭᠠᠨ ᠨᠢ ᠴᠦᠭᠡᠨ ᠦᠭᠦᠵᠦ ᠰᠢᠷᠬᠠᠳᠤᠬᠤ᠂ ᠴᠢᠨᠠᠬᠰᠢᠯᠠᠪᠠᠯ ᠴᠢᠰᠤ ᠤᠷᠤᠰᠬᠠᠬᠤ ᠦᠭᠡᠢ ᠲᠠᠶᠢᠨ ᠤ ᠭᠡᠯᠪᠡᠷᠢ ᠳᠤ ᠤᠷᠤᠯᠠᠭᠤᠯᠤᠬᠳᠠᠬᠤ ᠪᠤᠯᠤᠨ᠎ᠠ᠃
       ᠲᠤᠤᠷ ᠰᠦᠯᠵᠢᠶ᠎ᠡ ᠶᠢᠨ ᠰᠤᠶᠤᠯ ᠳᠤ ᠦᠵᠡᠭᠦᠯᠭᠦ ᠨᠦᠯᠦᠭᠡ ᠨᠢ ᠨᠡᠩ ᠴᠤ ᠠᠯᠤᠰ ᠭᠡᠳᠦ ᠶᠢᠨ ᠪᠠᠶᠢᠳᠠᠬ᠃ ᠰᠤᠶᠤᠯ ᠪᠤᠯ ᠨᠡᠶᠢᠭᠡᠮ ᠢ ᠲᠤᠬᠳᠠᠭᠤᠨ ᠪᠠᠶᠢᠯᠭᠠᠬᠤ ᠶᠢᠨ ᠴᠢᠬᠤᠯᠠ ᠰᠠᠭᠤᠷᠢ ᠮᠦᠨ᠃ ᠲᠤᠬᠳᠠᠬᠰᠠᠨ ᠴᠠᠬ ᠦᠶ᠎ᠡ ᠪᠠ ᠲᠤᠬᠳᠠᠬᠰᠠᠨ ᠦᠨᠳᠦᠰᠦᠳᠡᠨ ᠤ ᠬᠦᠮᠦᠰ ᠨᠢ ᠪᠦᠷ ᠴᠤ ᠲᠤᠬᠳᠠᠬᠰᠠᠨ ᠰᠤᠶᠤᠯ ᠤᠨ ᠵᠠᠬᠪᠤᠷ ᠲᠤ ᠠᠮᠢᠳᠤᠷᠠᠵᠤ ᠪᠠᠶᠢᠳᠠᠬ᠃ ᠲᠤᠷᠤᠨᠠᠳᠠᠬᠢᠨ ᠤ ᠰᠤᠶᠤᠯ᠂ ᠦᠷᠦᠨᠡᠳᠡᠬᠢᠨ ᠤ ᠰᠤᠶᠤᠯ᠂ ᠲᠤᠮᠳᠠᠳᠤᠴᠤᠳ ᠤᠨ ᠰᠤᠶᠤᠯ ᠤᠨ ᠴᠠᠭᠠᠷᠢᠬ᠂ ᠢᠪᠷᠠᠶᠢᠴᠤᠳ ᠤᠨ ᠰᠤᠶᠤᠯ ᠤᠨ ᠴᠠᠭᠠᠷᠢᠬ᠂ ᠲᠠᠯᠠᠢ ᠲᠠᠩᠬᠢᠰ ᠤᠨ ᠰᠤᠶᠤᠯ᠂ ᠡᠭᠡ ᠬᠠᠭᠤᠷᠠᠢ ᠶᠢᠨ ᠰᠤᠶᠤᠯ᠂ ᠠᠷᠠᠯ ᠬᠤᠶᠢᠬ ᠤᠨ ᠰᠤᠶᠤᠯ ᠁ ᠤᠯᠤᠰ ᠦᠨᠳᠦᠰᠦᠳᠡᠨ ᠪᠦᠭᠦᠨ ᠳᠤ ᠴᠦᠮ ᠦᠪᠡᠷ ᠤᠨ ᠭᠢᠨᠢ ᠤᠯᠠᠮᠵᠢᠯᠠᠯᠳᠤ ᠰᠤᠶᠤᠯ ᠲᠠᠢ ᠪᠠᠶᠢᠳᠠᠬ᠃ ᠲᠤᠤᠷ ᠰᠦᠯᠵᠢᠶ᠎ᠡ ᠶᠢᠨ ᠬᠦᠭᠵᠢᠯᠳᠡ ᠨᠢ ᠡᠯ᠎ᠡ ᠵᠦᠢᠯ ᠤᠨ ᠰᠤᠶᠤᠯ ᠢ ᠲᠡᠯᠭᠡᠷᠡᠭᠦᠯᠦᠨ᠂ ᠬᠤᠭᠤᠷᠤᠨᠳᠤ ᠨᠢ ᠰᠤᠯᠢᠯᠴᠠᠭᠤᠯᠤᠨ ᠰᠢᠩᠭᠡᠭᠦᠯᠵᠦ᠂ ᠬᠠᠮᠳᠤ ᠪᠠᠷ ᠬᠦᠭᠵᠢᠭᠦᠯᠳᠡᠭ ᠪᠠᠶᠢᠨ᠎ᠠ᠃ ᠡᠭᠦᠨ ᠤ ᠵᠡᠷᠭᠡᠪᠡᠷ᠂ ᠲᠤᠤᠷ ᠰᠦᠯᠵᠢᠶ᠎ᠡ ᠶᠢᠨ ᠬᠦᠭᠵᠢᠯᠳᠡ ᠨᠢ ᠰᠤᠶᠤᠯ ᠤᠨ ᠭᠦᠭᠵᠢᠯᠳᠡ ᠳᠤ ᠮᠠᠭᠤ ᠨᠦᠯᠦᠭᠡ ᠴᠤ ᠤᠴᠠᠷᠠᠭᠤᠯᠳᠠᠬ ᠶᠤᠮ᠃ ᠨᠠᠵᠠᠭᠠᠢ ᠰᠤᠶᠤᠯ ᠲᠤᠤᠷ ᠰᠦᠯᠵᠢᠶ᠎ᠡ ᠪᠠᠷ ᠲᠠᠮᠵᠢᠵᠤ ᠬᠢᠯᠪᠠᠷᠬᠠᠨ ᠲᠡᠯᠭᠡᠷᠡᠵᠦ᠂ ᠬᠦᠮᠦᠰ᠂ ᠢᠯᠠᠩᠭᠤᠶ᠎ᠠ ᠪᠠᠭᠠᠴᠤᠳ ᠵᠠᠯᠠᠭᠤᠴᠤᠳ ᠢ ᠬᠤᠤᠷᠠᠳᠠᠭᠤᠯᠳᠠᠬ ᠪᠠᠶᠢᠨ᠎ᠠ᠃
       ᠬᠦᠮᠦᠨ ᠲᠦᠷᠦᠯᠬᠢᠳᠡᠨ ᠤ ᠨᠠᠶᠢᠭᠡᠮ ᠳᠤ ᠲᠤᠤᠷ ᠰᠦᠯᠵᠢᠶ᠎ᠡ ᠶᠢᠨ ᠦᠵᠡᠭᠦᠯᠭᠦ ᠨᠦᠯᠦᠭᠡ ᠪᠠ ᠲᠠᠭᠠᠷᠢᠯᠳᠠ ᠪᠤᠯ ᠲᠦᠢᠯ ᠤᠨ ᠦᠷᠭᠡᠨ ᠲᠡᠯᠭᠡᠷ ᠪᠦᠭᠡᠳ ᠠᠯᠤᠰ ᠭᠡᠳᠦ ᠶᠢᠨ ᠪᠠᠶᠢᠳᠠᠬ ᠶᠤᠮ᠂ ᠲᠡᠭᠡᠷ᠎ᠡ ᠲᠤᠷᠠᠳᠤᠬᠰᠠᠨ ᠲᠦᠷᠪᠡᠨ ᠲᠠᠯ᠎ᠠ ᠠᠴᠠ ᠭᠠᠳᠠᠨ᠎ᠠ ᠭᠠᠳᠠᠭᠠᠳᠤ ᠶᠠᠪᠤᠳᠠᠯ᠂ ᠰᠢᠨᠵᠢᠯᠡᠭᠦ ᠤᠬᠠᠭᠠᠨ ᠮᠡᠷᠭᠡᠵᠢᠯ᠂ ᠰᠤᠷᠭᠠᠨ ᠬᠦᠮᠦᠵᠢᠯ᠂ ᠠᠮᠢ ᠠᠬᠤᠢ ᠶᠢᠨ ᠤᠷᠴᠢᠨ ᠲᠤᠭᠤᠷᠢᠨ ᠵᠡᠷᠭᠡ ᠳᠤ ᠴᠦᠮ ᠶᠠᠨᠳᠠᠰᠢ ᠦᠭᠡᠢ ᠶᠡᠭᠡ ᠨᠦᠯᠦᠭᠡ ᠦᠵᠡᠭᠦᠯᠭᠦ ᠪᠤᠯᠤᠨ᠎ᠠ᠃
       ᠮᠡᠳᠡᠭᠡ ᠵᠠᠩᠬᠢ ᠶᠢᠨ ᠴᠠᠬ ᠦᠶ᠎ᠡ ᠳᠤ ᠮᠡᠳᠡᠭᠡ ᠵᠠᠩᠬᠢ ᠨᠢ ᠡᠳ᠋ ᠪᠤᠳᠠᠰ᠂ ᠡᠨᠧᠷᠬᠢ ᠲᠠᠢ ᠠᠳᠠᠯᠢ ᠪᠠᠷ ᠴᠦᠮ ᠴᠢᠬᠤᠯᠠ ᠪᠠᠶᠢᠯᠳᠤᠬᠤ ᠪᠤᠳᠤᠯᠭ᠎ᠠ ᠶᠢᠨ ᠡᠬᠢ ᠪᠠᠶᠠᠯᠢᠬ ᠪᠤᠯᠵᠤ᠂ ᠮᠡᠳᠡᠭᠡ ᠵᠠᠩᠬᠢ ᠶᠢᠨ ᠠᠵᠤ ᠠᠬᠤᠢ ᠨᠢ ᠨᠢᠭᠡᠨᠳᠡ ᠤᠯᠤᠰ ᠤᠨ ᠲᠤᠯᠭᠠᠭᠤᠷᠢ ᠠᠵᠤ ᠦᠢᠯᠡᠰ ᠪᠤᠯᠵᠤ᠂ ᠲᠤᠤᠷ ᠰᠦᠯᠵᠢᠶ᠎ᠡ ᠨᠢ ᠤᠯᠤᠰ ᠤᠨ ᠴᠢᠬᠤᠯᠠ ᠪᠠᠶᠢᠯᠳᠤᠬᠤ ᠪᠤᠳᠤᠯᠭ᠎ᠠ ᠶᠢᠨ ᠰᠠᠭᠤᠷᠢ ᠲᠤᠨᠤᠬᠯᠠᠯ ᠪᠤᠯᠵᠤ ᠪᠠᠶᠢᠨ᠎ᠠ᠃ ᠤᠯᠤᠰ ᠪᠦᠷᠢ ᠶᠢᠨ ᠬᠤᠪᠢ ᠳᠤ ᠠᠪᠴᠤ ᠭᠡᠯᠡᠪᠡᠯ ᠲᠡᠷᠡ ᠨᠢ ᠤᠳᠤ ᠠᠵᠤ ᠦᠢᠯᠡᠳᠪᠦᠷᠢ ᠶᠢᠨ ᠴᠠᠬ ᠦᠶ᠎ᠡ ᠳᠤ ᠤᠷᠤᠰᠢᠵᠤ ᠪᠠᠶᠢᠬᠰᠠᠨ ᠴᠤ ᠪᠤᠯᠤᠬ᠂ ᠲᠠᠷᠢᠶᠠᠯᠠᠩ ᠤᠨ ᠴᠠᠬ ᠦᠶ᠎ᠡ ᠳᠤ ᠤᠷᠤᠰᠢᠵᠤ ᠪᠠᠶᠢᠬᠰᠠᠨ ᠴᠤ ᠪᠤᠯᠤᠬ᠂ ᠴᠦᠮ ᠰᠢᠭᠤᠳ ᠪᠤᠶᠤ ᠡᠰᠡᠭᠦᠯ᠎ᠡ ᠬᠦᠭᠵᠢᠯᠳᠡ ᠶᠢᠨ ᠱᠠᠳᠤ ᠦᠶ᠎ᠡ ᠶᠢ ᠲᠠᠪᠠᠭᠠᠳ ᠴᠤ ᠭᠡᠰᠡᠨ ᠴᠦᠮ ᠮᠡᠳᠡᠭᠡ ᠵᠠᠩᠬᠢ ᠶᠢᠨ ᠴᠠᠬ ᠦᠶ᠎ᠡ ᠳᠤ ᠰᠢᠯᠵᠢᠵᠦ᠂ ᠲᠤᠤᠷ ᠰᠦᠯᠵᠢᠶ᠎ᠡ ᠶᠢᠨ ᠪᠦᠳᠦᠭᠡᠨ ᠪᠠᠶᠢᠭᠤᠯᠤᠯᠳᠠ ᠶᠢ ᠲᠦᠷᠭᠡᠳᠭᠡᠭᠦ ᠭᠡᠷᠡᠭᠳᠡᠢ ᠪᠤᠯᠵᠤ ᠪᠠᠶᠢᠨ᠎ᠠ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ