ᠪᠡᠶ᠎ᠡ ᠶᠢᠨ ᠬᠦᠴᠦᠨ ᠨᠢᠭᠡ ᠬᠦᠮᠦᠨ ᠢ ᠲᠡᠵᠢᠭᠡᠵᠦ ᠪᠢᠯᠢᠭ ᠤᠨ ᠬᠦᠴᠦᠨ ᠮᠢᠩᠭᠠᠨ ᠡᠷᠦᠭᠡ ᠶᠢ ᠲᠡᠵᠢᠭᠡᠮᠤᠢ
ᠨᠡᠶᠢᠲᠡᠯᠡᠭᠰᠡᠨ ᠴᠠᠭ᠄
2018/11/30

       ︽ᠪᠡᠶ᠎ᠡ ᠶᠢᠨ ᠬᠦᠴᠦᠨ ᠨᠢᠭᠡ ᠬᠦᠮᠦᠨ ᠢ ᠲᠡᠵᠢᠭᠡᠵᠦ᠂ ᠪᠢᠯᠢᠭ ᠤᠨ ᠬᠦᠴᠦᠨ ᠮᠢᠩᠭᠠᠨ ᠡᠷᠦᠭᠡ ᠶᠢ ᠲᠡᠵᠢᠭᠡᠮᠦᠢ︾᠂ ᠡᠨᠡ ᠦᠭᠡ ᠮᠠᠰᠢ ᠰᠡᠴᠡᠨ ᠪᠤᠯᠠᠢ᠂ ᠰᠢᠨ᠎ᠡ ᠵᠦᠢᠷ ᠦᠭᠡ ᠭᠡᠮᠡᠵᠦ ᠪᠤᠯᠤᠮᠤᠢ᠃
       ︽ᠪᠡᠶ᠎ᠡ ᠶᠢᠨ ᠬᠦᠴᠦᠨ︾ ᠭᠡᠮᠡᠭᠴᠢ ᠬᠠᠷ᠎ᠠ ᠬᠦᠴᠦᠨ᠂ ᠨᠢᠭᠡ ᠬᠦᠮᠦᠨ ᠤ ᠪᠡᠶ᠎ᠡ ᠶᠢᠨ ᠬᠦᠴᠦ ᠴᠢᠳᠠᠯ ᠢ ᠵᠢᠭᠠᠵᠤ ᠪᠤᠢ᠃ ᠬᠦᠮᠦᠨ ᠤ ᠪᠡᠶ᠎ᠡ ᠶᠢᠨ ᠬᠦᠴᠦᠨ ᠳᠤᠷ ᠶᠡᠭᠡ ᠪᠠᠭ᠎ᠠ ᠪᠤᠢ ᠪᠤᠶᠤ᠂ ᠠᠪᠤᠷᠭᠤ ᠬᠦᠴᠦᠳᠡᠨ ᠨᠦᠭᠦᠳ ᠵᠤᠬᠰᠤᠭ᠎ᠠ ᠨᠢᠰᠭᠡᠯ ᠢ ᠴᠢᠷᠴᠦ ᠭᠡᠳᠦᠨ ᠮᠧᠲᠷ ᠶᠠᠪᠤᠭᠤᠯᠵᠤ ᠪᠤᠢ᠂ ᠬᠠᠮᠤᠬ ᠤᠨ ᠬᠦᠨᠳᠦ ᠲᠡᠰ ᠤᠨ ᠬᠦᠨᠳᠦ ᠡᠷᠭᠦᠭᠴᠢ ᠲᠡᠮᠢᠷᠴᠢᠨ ᠭᠡᠳ ᠮᠢᠩᠭᠠᠨ ᠵᠢᠩ ᠢ ᠡᠷᠭᠦᠵᠦ ᠲᠡᠶᠢᠯᠭᠦ ᠦᠭᠡᠢ᠃ ︽ᠠᠯᠮᠠᠰ ᠤᠨ ᠲᠠᠭᠤᠤ︾ ᠳᠤ ᠭᠠᠷᠳᠠᠬ ᠠᠯᠳᠠᠷᠳᠤ ᠪᠦᠭᠡᠴᠢᠨ ᠠᠯᠮᠠᠰ ᠭᠡᠭᠴᠢ ᠡᠩ ᠤᠨ ᠬᠦᠮᠦᠰ ᠤᠨ ᠬᠤᠯᠠ ᠶᠡᠭᠡ ᠬᠦᠴᠦᠳᠡᠢ ᠠᠪᠤᠷᠭᠤ ᠡᠷ᠎ᠡ᠂ ᠭᠡᠪᠡᠴᠦ ᠲᠡᠷᠡ ᠲᠠᠪᠤᠨ ᠰᠠᠬᠰᠤ ᠭᠡᠪ ᠤᠨ ᠴᠠᠢ ᠶᠢ ᠯᠡ ᠡᠷᠭᠦᠵᠦ ᠲᠡᠶᠢᠯᠦᠨ᠎ᠡ᠃ ᠬᠦᠮᠦᠨ ᠤ ᠪᠡᠶ᠎ᠡ ᠶᠢᠨ ᠬᠦᠴᠦᠨ ᠪᠤᠯᠪᠠᠰᠤ ᠬᠦᠮᠦᠨ ᠤ ᠪᠡᠶ᠎ᠡ ᠮᠠᠬᠠᠪᠤᠳ ᠤᠨ ᠪᠠᠶᠢᠳᠠᠯ ᠳᠤ ᠬᠢᠵᠠᠭᠠᠷᠯᠠᠬᠳᠠᠳᠠᠬ ᠨᠢᠭᠡ ᠵᠦᠢᠯ ᠤᠨ ᠬᠢᠵᠠᠭᠠᠷ ᠪᠦᠭᠦᠢ ᠪᠠᠶᠢᠭᠠᠯᠢᠯᠢᠬ ᠬᠦᠴᠦᠨ ᠮᠦᠨ᠃ ︽ᠪᠢᠯᠢᠭ ᠤᠨ ᠬᠦᠴᠦᠨ︾ ᠭᠡᠭᠴᠢ ᠶᠢ ᠪᠠᠰᠠ ᠤᠶᠤᠨ ᠤ ᠬᠦᠴᠦᠨ᠂ ᠤᠶᠤᠨ ᠤ ᠴᠢᠳᠠᠪᠤᠷᠢ ᠭᠡᠮᠡᠵᠦ ᠪᠤᠯᠤᠮᠤᠢ᠃ ᠲᠡᠷᠡ ᠨᠢ ᠬᠦᠮᠦᠨ ᠤ ᠦᠢᠯᠡᠳᠦᠯᠭᠡ ᠶᠢᠨ ᠲᠠᠰᠤᠷᠠᠯᠳᠠ ᠦᠭᠡᠢ ᠲᠡᠭᠡᠭᠰᠢᠯᠡᠭᠳᠡᠭᠦ ᠶᠢ ᠲᠠᠭᠠᠯᠳᠤᠨ ᠨᠡᠮᠡᠭᠳᠡᠳᠡᠭ ᠨᠢᠭᠡ ᠵᠦᠢᠯ ᠤᠨ ᠨᠡᠶᠢᠭᠡᠮ ᠤᠨ ᠬᠦᠴᠦᠨ ᠪᠤᠯᠤᠮᠤᠢ᠃ ᠬᠦᠮᠦᠨ ᠤ ᠬᠦᠳᠡᠯᠮᠦᠷᠢ ᠶᠢᠨ ᠴᠢᠳᠠᠪᠤᠷᠢ ᠶᠢᠨ ᠦᠷᠭᠦᠯᠵᠢᠯᠡᠨ ᠲᠡᠭᠡᠭᠰᠢᠯᠡᠭᠦ ᠶᠢ ᠰᠢᠢᠳᠪᠦᠷᠢᠯᠡᠭᠦ ᠬᠦᠴᠦᠨ ᠵᠦᠢᠯ ᠨᠢ ᠬᠦᠮᠦᠨ ᠤ ᠪᠢᠯᠢᠭ ᠤᠨ ᠬᠦᠴᠦᠨ ᠪᠤᠯᠬᠤ ᠠᠴᠠ ᠪᠢᠰᠢ ᠪᠡᠶ᠎ᠡ ᠶᠢᠨ ᠬᠦᠴᠦᠨ ᠪᠤᠰᠤ᠃ ᠡᠭᠦᠨ ᠢ ᠪᠤᠳᠠᠳᠤ ᠵᠢᠱᠢᠶ᠎ᠡ ᠪᠠᠷ ᠲᠠᠶᠢᠯᠪᠤᠷᠢᠯᠠᠪᠠᠰᠤ ᠲᠤᠳᠤᠷᠬᠠᠢᠢᠯᠠᠬᠤ ᠳᠤ ᠨᠡᠩ ᠲᠦᠭᠦᠮ ᠪᠤᠯᠠᠢ᠃
       ᠰᠤᠨᠢᠨ ᠳᠤ ᠮᠡᠳᠡᠭᠡᠯᠡᠭᠰᠡᠨ ᠢᠶᠠᠷ᠂ ᠪᠦᠭᠦ ᠤᠯᠤᠰ ᠤᠨ ᠵᠠᠯᠠᠭᠤᠴᠤᠳ ᠤᠨ ᠤᠴᠢ ᠶᠢᠨ ᠲᠦᠯᠦᠪᠯᠡᠭᠡ ᠶᠢᠨ ᠲᠠᠭᠠᠭᠤᠯᠤᠬᠴᠢ᠂ ᠤᠯᠠᠭᠠᠨᠬᠤᠳᠠ ᠶᠢᠨ ᠲᠠᠷᠢᠶᠠᠴᠢᠨ ᠸᠠᠩ ᠳ᠋ᠠ ᠮᠢᠨ 1982 ᠤᠨ ᠳᠤ ᠠᠩᠬ᠎ᠠ ᠵᠡᠷᠭᠡ ᠶᠢᠨ ᠲᠤᠮᠳᠠᠳᠤ ᠰᠤᠷᠭᠠᠭᠤᠯᠢ ᠠᠴᠠ ᠲᠡᠭᠦᠰᠦᠭᠡᠳ᠂ ᠨᠢᠭᠡ ᠴᠠᠬ ᠤᠨ ᠬᠠᠯᠠᠭᠤᠨ ᠵᠤᠷᠢᠬ᠂ ᠨᠢᠭᠡ ᠬᠦᠮᠦᠨ ᠤ ᠪᠡᠶ᠎ᠡ ᠶᠢᠨ ᠬᠦᠴᠦᠨ ᠢᠶᠠᠷ ᠭᠤᠸᠠ ᠨᠤᠭᠤᠭ᠎ᠠ ᠲᠠᠷᠢᠵᠤ᠂ ᠠᠷᠢᠬᠢ ᠲᠠᠷᠠᠰᠤ ᠨᠡᠷᠡᠭᠰᠡᠨ ᠪᠤᠯᠪᠠᠴᠤ ᠰᠢᠨᠵᠢᠯᠡᠭᠦ ᠤᠬᠠᠭᠠᠨ ᠮᠡᠷᠭᠡᠵᠢᠯ᠂ ᠦᠭᠡᠷ᠎ᠡ ᠪᠠᠷ ᠭᠡᠯᠡᠪᠡᠯ ᠪᠢᠯᠢᠭ ᠤᠨ ᠬᠦᠴᠦᠨ ᠮᠡᠭᠦᠰᠳᠡᠭᠰᠡᠨ ᠲᠡᠭᠡᠷ᠎ᠡ ᠪᠠᠶᠢᠭᠠᠯᠢ ᠶᠢᠨ ᠭᠠᠮᠰᠢᠬ ᠲᠤ ᠲᠠᠭᠠᠷᠢᠬᠳᠠᠬᠰᠠᠨ ᠠᠴᠠ ᠨᠡᠶᠢᠳᠡ 9500 ᠭᠠᠷᠤᠢ ᠲᠦᠭᠦᠷᠢᠭ ᠤᠨ ᠬᠤᠬᠢᠷᠠᠯ ᠠᠮᠰᠠᠪᠠ᠃ ᠬᠤᠵᠢᠮ ᠨᠢ ᠲᠡᠷᠡ ︽ᠰᠢᠨ᠎ᠡ ᠬᠦᠳᠡᠭᠡ ᠲᠤᠰᠬᠤᠨ︾ ᠰᠡᠳᠭᠦᠯ ᠲᠡᠭᠡᠷ᠎ᠡ ᠬᠢᠷᠢᠨ ᠮᠤᠵᠢ ᠶᠢᠨ ᠨᠢᠭᠡ ᠲᠠᠷᠢᠶᠠᠴᠢᠨ ᠮᠡᠷᠭᠡᠵᠢᠯᠳᠡᠨ ᠤ ᠡᠮᠦᠨ᠎ᠡ ᠭᠠᠵᠠᠷ ᠤᠨ ᠨᠢᠰᠢᠩᠭᠦ ᠶᠢ ᠤᠮᠠᠷᠠᠳᠤ ᠤᠷᠤᠨ ᠳᠤ ᠰᠢᠯᠵᠢᠭᠦᠯᠦᠨ ᠲᠠᠷᠢᠭᠠᠳ ᠠᠮᠵᠢᠯᠳᠠ ᠤᠯᠤᠬᠰᠠᠨ ᠮᠡᠳᠡᠭᠡ ᠶᠢ ᠤᠯᠵᠤ ᠤᠡᠭᠰᠢᠭᠠᠳ ᠲᠡᠭᠦᠨ ᠲᠠᠢ ᠵᠠᠬᠢᠳᠠᠯ ᠢᠶᠠᠷ ᠬᠠᠷᠢᠯᠴᠠᠵᠤ᠂ ᠪᠠᠰᠠ ᠲᠤᠬᠠᠢ ᠶᠢᠨ ᠤᠷᠤᠨ ᠳᠤᠨᠢ ᠤᠴᠢᠵᠤ ᠦᠵᠡᠪᠡ᠃ ᠲᠡᠨᠳᠡ ᠠᠴᠠ ︽ᠨᠤᠮ︾ ᠵᠠᠯᠠᠨ ᠠᠪᠴᠢᠷᠠᠵᠤ᠂ ᠰᠦᠯᠢᠶᠤᠤ ᠪᠦᠷᠭᠦᠭᠦᠯ ᠳᠤ ᠲᠠᠷᠢᠬᠤ᠂ ᠬᠦᠯᠡᠮᠵᠢ ᠳᠤ ᠴᠢᠬᠢ ᠪᠤᠶᠢᠵᠢᠭᠤᠯᠬᠤ᠂ ᠰᠢᠯᠢᠳᠡᠭ ᠦᠷ᠎ᠡ ᠶᠢ ᠦᠷᠡᠵᠢᠭᠦᠯᠦᠨ ᠪᠤᠶᠢᠵᠢᠭᠤᠯᠬᠤ ᠲᠤᠷᠰᠢᠯᠳᠠ ᠶᠢ ᠬᠦᠢᠴᠡᠳᠭᠡᠵᠦ ᠠᠮᠳᠠᠳᠤ ᠭᠤᠸᠠ ᠲᠠᠷᠢᠭᠠᠳ᠂ ᠲᠤᠰ ᠵᠢᠯ ᠳᠡᠭᠡᠨ 4000 ᠭᠠᠷᠤᠢ ᠲᠦᠭᠦᠷᠢᠭ ᠤᠨ ᠤᠷᠤᠯᠭ᠎ᠠ ᠤᠯᠪᠠ᠃ ᠲᠡᠭᠦᠨ ᠠᠴᠠ ᠬᠤᠶᠢᠰᠢ ᠸᠠᠩ ᠳ᠋ᠠ ᠮᠢᠨ ᠭᠤᠸᠠᠢ 20 ᠭᠠᠷᠤᠢ ᠰᠢᠶᠠᠨ ᠬᠤᠳᠠ ᠪᠠᠷ ᠲᠤᠭᠤᠷᠢᠵᠤ᠂ 40 ᠭᠠᠷᠤᠢ ᠰᠢᠨᠵᠢᠯᠡᠭᠦ ᠤᠬᠠᠭᠠᠨ ᠮᠡᠷᠭᠡᠵᠢᠯ ᠤᠨ ᠲᠤᠰᠬᠠᠢ ᠡᠷᠦᠭᠡ ᠠᠴᠠ ᠪᠠᠶᠠᠵᠢᠬᠤ ᠲᠤᠷᠰᠢᠯᠭ᠎ᠠ ᠰᠤᠷᠤᠯᠴᠠᠵᠤ᠂ 60 ᠭᠠᠷᠤᠢ ᠵᠦᠢᠯ ᠤᠨ ᠭᠤᠸᠠ ᠨᠤᠭᠤᠭ᠎ᠠ ᠶᠢᠨ ᠡᠭᠦᠯᠳᠡᠷ ᠢ ᠤᠷᠤᠭᠤᠯᠤᠨ ᠠᠪᠴᠢᠷᠠᠵᠤ᠂ 30 ᠭᠠᠷᠤᠢ ᠵᠦᠢᠯ ᠢ ᠨᠢ ᠤᠮᠠᠷᠠᠳᠤ ᠤᠷᠤᠨ ᠳᠤ ᠦᠷᠭᠡᠨ ᠲᠠᠯᠠᠪᠠᠢ ᠪᠠᠷ ᠲᠡᠯᠭᠡᠷᠡᠭᠦᠯᠦᠭᠡᠳ ᠵᠢᠯ ᠤᠨ ᠤᠷᠤᠯᠭ᠎ᠠ ᠨᠢ ᠭᠡᠳᠦᠨ ᠮᠢᠩᠭᠠᠨ ᠲᠦᠭᠦᠷᠢᠭ ᠪᠠᠶᠢᠬᠰᠠᠨ ᠠᠴᠠ ᠪᠠᠨ ᠭᠡᠳᠦᠨ ᠲᠦᠮᠡᠨ ᠲᠦᠭᠦᠷᠢᠭ ᠪᠤᠯᠤᠨ ᠨᠡᠮᠡᠭᠳᠡᠪᠡ᠃ ᠲᠡᠳᠡ ︽ᠪᠢᠯᠢᠭ ᠤᠨ ᠬᠦᠴᠦᠨ︾ ᠳᠡᠭᠡᠨ ᠲᠦᠰᠢᠭᠯᠡᠨ ᠦᠪᠡᠰᠦᠪᠠᠨ ᠪᠠᠶᠠᠵᠢᠭᠠᠳ ᠯᠠ ᠵᠤᠬᠰᠤᠭᠰᠠᠨ ᠪᠢᠰᠢ᠂ 1989 ᠤᠨ ᠳᠤ ︽ᠤᠮᠠᠷᠠᠳᠤ ᠤᠷᠤᠨ ᠤ ᠠᠮᠳᠠᠳᠤ ᠭᠤᠸᠠ ᠢᠳᠡᠰᠢᠨ ᠨᠤᠭᠤᠭ᠎ᠠ ᠶᠢᠨ ᠰᠤᠳᠤᠯᠬᠤ ᠨᠡᠶᠢᠭᠡᠮᠯᠢᠭ︾ ᠪᠠᠶᠢᠭᠤᠯᠵᠤ᠂ ᠦᠷᠭᠡᠨ ᠤᠯᠠᠨ ᠲᠠᠷᠢᠶᠠᠴᠢᠳ ᠤᠨ ᠲᠤᠮᠳᠠ ᠡᠯᠳᠡᠪ ᠭᠡᠯᠪᠡᠷᠢ ᠪᠠᠷ ᠭᠡᠷᠡᠭᠯᠡᠭᠡᠨ ᠤ ᠮᠡᠷᠭᠡᠵᠢᠯ ᠢ ᠦᠷᠭᠡᠨ ᠢᠶᠠᠷ ᠲᠡᠯᠭᠡᠷᠡᠭᠦᠯᠵᠦ᠂ ᠪᠦᠭᠦ ᠤᠯᠤᠰ ᠤᠨ 28 ᠮᠤᠵᠢ᠂ ᠤᠷᠤᠨ᠂ ᠰᠢᠭᠤᠳ ᠬᠠᠷᠢᠶ᠎ᠠ ᠬᠤᠳᠠ ᠳᠤ 2000 ᠭᠡᠰᠢᠭᠦᠨ ᠲᠠᠢ ᠪᠤᠯᠵᠦ᠂ 200 ᠭᠠᠷᠤᠢ ᠲᠦᠮᠡᠨ ᠮᠦ ᠲᠠᠯᠠᠪᠠᠢ ᠲᠠᠢ ᠭᠠᠵᠠᠷ ᠲᠤ 500 ᠭᠠᠷᠤᠢ ᠡᠭᠦᠯᠳᠡᠷ ᠤᠨ ᠭᠤᠸᠠ ᠨᠤᠭᠤᠭ᠎ᠠ ᠶᠢ ᠲᠡᠯᠭᠡᠷᠡᠭᠦᠯᠵᠦ᠂ 2 ᠳ᠋ᠦᠡᠭᠰᠢᠭᠤᠷ ᠭᠠᠷᠤᠢ ᠲᠦᠭᠦᠷᠢᠭ ᠤᠨ ᠠᠵᠤ ᠠᠬᠤᠢ ᠶᠢᠨ ᠴᠡᠪᠡᠷ ᠦᠷ᠎ᠡ ᠠᠰᠢᠬ ᠨᠡᠮᠡᠭᠳᠡᠭᠦᠯᠵᠦ᠂ ᠪᠦᠭᠦ ᠤᠯᠤᠰ ᠤᠨ ᠤᠯᠠᠨ ᠭᠠᠵᠠᠷ ᠤᠨ 5 ᠲᠦᠮᠡ ᠭᠠᠷᠤᠢ ᠲᠠᠷᠢᠶᠠᠴᠢᠨ ᠢ ᠠᠳᠠᠯᠢ ᠪᠤᠰᠤ ᠭᠡᠮᠵᠢᠶ᠎ᠡ ᠪᠠᠷ ᠶᠠᠳᠠᠭᠤ ᠠᠴᠠ ᠨᠢ ᠠᠩᠬᠢᠵᠢᠷᠠᠭᠤᠯᠤᠨ ᠪᠠᠶᠠᠵᠢᠬᠤ ᠵᠠᠮ ᠳᠤ ᠤᠷᠤᠭᠤᠯᠵᠠᠢ᠃ ᠸᠠᠩ ᠳ᠋ᠠ ᠮᠢᠨ ᠤ ︽ᠪᠢᠯᠢᠭ ᠤᠨ ᠬᠦᠴᠦᠨ︾ ᠨᠢ ︽ᠮᠢᠩᠭᠠᠨ ᠡᠷᠦᠭᠡ ᠶᠢ ᠲᠡᠵᠢᠭᠡᠭᠡᠳ︾ ᠯᠠ ᠵᠤᠬᠰᠤᠬᠰᠠᠨ ᠪᠢᠰᠢ᠂ ᠬᠠᠷᠢᠨ ᠭᠡᠳᠦᠨ ᠲᠦᠮᠡᠨ ᠡᠷᠦᠭᠡ ᠶᠢ ᠲᠡᠵᠢᠭᠡᠵᠡᠢ᠃
       ᠨᠡᠶᠢᠭᠡᠮ ᠵᠢᠷᠤᠮ ᠤᠨ ᠵᠠᠬ᠎ᠠ ᠲᠡᠯᠭᠡᠭᠦᠷ ᠤᠨ ᠠᠵᠤ ᠠᠬᠤᠢ ᠶᠢ ᠬᠦᠭᠵᠢᠭᠦᠯᠭᠦ ᠳᠤ ᠵᠦᠪᠭᠡᠨ ᠪᠡᠶ᠎ᠡ ᠶᠢᠨ ᠬᠦᠴᠦᠨ ᠲᠠᠢ ᠬᠦᠮᠦᠨ ᠳᠤ ᠬᠦᠷᠭᠦ ᠦᠭᠡᠢ ᠨᠢ ᠮᠡᠳᠡᠭᠡᠵᠢ ᠶᠢᠨ ᠭᠡᠷᠡᠭ᠃ ᠪᠢᠳᠡ ᠪᠡᠶ᠎ᠡ ᠶᠢᠨ ᠬᠦᠴᠦᠨ ᠢ ᠯᠡ ᠡᠷᠬᠢᠮᠯᠡᠳᠡᠭ ᠦᠵᠡᠯ ᠤᠬᠠᠮᠰᠠᠷ ᠢᠶᠠᠨ ᠪᠢᠯᠢᠭ ᠤᠨ ᠬᠦᠴᠦᠨ ᠢ ᠡᠷᠬᠢᠮᠯᠡᠭᠦ ᠦᠵᠡᠯ ᠤᠬᠠᠮᠰᠠᠷ ᠵᠦᠭ ᠰᠢᠯᠵᠢᠭᠦᠯᠭᠦ ᠭᠡᠷᠡᠭᠳᠡᠢ᠃ ᠡᠷᠳᠡᠮ ᠮᠡᠳᠡᠯᠭᠡ᠂ ᠡᠷᠳᠡᠮᠳᠡᠨ ᠴᠢᠳᠠᠪᠤᠷᠢᠳᠠᠨ ᠢ ᠬᠦᠨᠳᠦᠳᠭᠡᠵᠦ᠂ ᠦᠪᠡᠰᠦᠪᠡᠨ ᠮᠡᠳᠡᠯᠭᠡ ᠮᠡᠷᠭᠡᠵᠢᠯ ᠢ ᠰᠠᠶᠢᠳᠤᠷ ᠰᠤᠷᠬᠤ ᠶᠢᠨ ᠬᠠᠮᠳᠤ ᠦᠷ᠎ᠡ ᠭᠡᠤᠭᠡᠳ ᠢᠶᠠᠨ ᠰᠤᠷᠭᠠᠭᠤᠯᠢ ᠳᠤ ᠰᠠᠭᠤᠯᠭᠠᠨ ᠪᠢᠯᠢᠭ ᠤᠨ ᠬᠦᠴᠦᠨ ᠢ ᠨᠢ ᠨᠡᠮᠡᠭᠳᠡᠭᠦᠯᠦᠨ᠂ ᠪᠢᠴᠢᠭ ᠰᠤᠶᠤᠯ ᠲᠠᠢ ᠬᠦᠮᠦᠨ ᠪᠤᠯᠭᠠᠬᠤ ᠪᠠᠷ ᠴᠢᠷᠮᠠᠶᠢᠬᠤ ᠶᠤᠰᠤᠳᠠᠢ᠃
       ᠪᠢᠳᠡ ᠰᠢᠨᠵᠢᠯᠡᠭᠦ ᠤᠬᠠᠭᠠᠨ ᠪᠠ ᠰᠤᠷᠭᠠᠨ ᠬᠦᠮᠦᠵᠢᠯ ᠤᠨ ᠦᠢᠯᠡᠰ ᠢ ᠲᠡᠷᠢᠭᠦᠨ ᠪᠠᠶᠢᠷᠢᠨ ᠳᠤ ᠲᠠᠯᠪᠢᠵᠤ᠂ ᠠᠵᠤ ᠠᠬᠤᠢ ᠶᠢᠨ ᠪᠦᠳᠦᠭᠡᠨ ᠪᠠᠶᠢᠭᠤᠯᠤᠯᠳᠠ ᠶᠢ ᠰᠢᠨᠵᠢᠯᠡᠭᠦ ᠤᠬᠠᠭᠠᠨ ᠮᠡᠷᠭᠡᠵᠢᠯ ᠤᠨ ᠲᠠᠪᠰᠢᠯᠳᠠ ᠪᠠ ᠬᠦᠳᠡᠯᠮᠦᠷᠢᠴᠢᠳ ᠤᠨ ᠮᠡᠳᠡᠯᠭᠡ ᠳᠤ ᠲᠦᠰᠢᠭᠯᠡᠭᠦ ᠲᠡᠭᠡᠷ᠎ᠡ ᠰᠢᠯᠵᠢᠭᠦᠯᠦᠨ ᠠᠪᠴᠢᠷᠠᠪᠠᠯ᠂ ᠮᠠᠨ ᠤ ᠤᠯᠤᠰ ᠤᠨ ᠬᠦᠮᠦᠨ ᠠᠮᠠ ᠶᠢᠨ ᠨᠦᠰᠡᠷ ᠬᠦᠨᠳᠦ ᠲᠠᠷᠤᠭᠠᠰᠤ ᠶᠢ ᠰᠠᠶ᠋ᠢ ᠬᠦᠮᠦᠨ ᠤ ᠬᠦᠴᠦᠨ ᠤ ᠡᠬᠢ ᠪᠠᠶᠠᠯᠢᠭ ᠤᠨ ᠲᠠᠪᠠᠭᠤᠯᠢᠬ ᠪᠤᠯᠭᠠᠨ ᠬᠤᠪᠢᠷᠠᠭᠤᠯᠵᠤ᠂ ᠰᠢᠨᠵᠢᠯᠡᠭᠦ ᠤᠬᠠᠭᠠᠨ ᠰᠤᠷᠭᠠᠨ ᠬᠦᠮᠦᠵᠢᠯ ᠢᠶᠠᠷ ᠤᠯᠤᠰ ᠢᠶᠠᠨ ᠮᠠᠨᠳᠤᠭᠤᠯᠬᠤ ᠠᠤᠭ᠎ᠠ ᠬᠠᠷᠠᠯᠳᠠ ᠶᠢ ᠪᠠᠶᠠᠯᠡᠭᠦᠯᠵᠦ ᠴᠢᠳᠠᠬᠤ ᠶᠤᠮ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ