ᠤᠳᠤ ᠦᠶ᠎ᠡ ᠶᠢᠨ ᠠᠷᠪᠠᠨ ᠶᠡᠭᠡ ᠲᠡᠭᠡᠳᠦ ᠰᠢᠨ᠎ᠡ ᠮᠡᠷᠭᠡᠵᠢᠯ
ᠨᠡᠶᠢᠲᠡᠯᠡᠭᠰᠡᠨ ᠴᠠᠭ᠄
2018/11/30

       20 ᠳ᠋ᠤᠭᠠᠷ ᠵᠠᠭᠤᠨ ᠤ ᠬᠦᠮᠦᠨ ᠲᠦᠷᠦᠯᠬᠢᠳᠡᠨ ᠤ ᠰᠢᠨᠵᠢᠯᠡᠭᠦ ᠤᠬᠠᠭᠠᠨ ᠮᠡᠷᠭᠡᠵᠢᠯ ᠤᠨ ᠬᠦᠷᠢᠶᠡᠨ ᠳᠠᠬᠢ ᠬᠠᠮᠤᠬ ᠤᠨ ᠴᠢᠬᠤᠯᠠ ᠶᠠᠪᠤᠳᠠᠯ ᠪᠤᠯ ᠲᠡᠭᠡᠳᠦ ᠰᠢᠨ᠎ᠡ ᠮᠡᠷᠭᠡᠵᠢᠯ ᠤᠨ ᠭᠦᠭᠵᠢᠭᠰᠡᠨ ᠪᠠ ᠲᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠭᠦᠭᠵᠢᠭᠡᠳ ᠲᠡᠯᠡᠭᠡᠢ ᠲᠠᠶᠠᠭᠠᠷ ᠢ ᠬᠠᠮᠤᠷᠤᠬᠰᠠᠨ ᠰᠢᠨ᠎ᠡ ᠮᠡᠷᠭᠡᠵᠢᠯ ᠤᠨ ᠬᠤᠪᠢᠰᠬᠠᠯ ᠪᠤᠢ ᠪᠤᠯᠵᠤ᠂ ᠬᠦᠮᠦᠨ ᠤ ᠠᠮᠢᠳᠤᠷᠠᠯ ᠪᠠ ᠦᠢᠯᠡᠳᠪᠦᠷᠢᠯᠡᠯ ᠳᠤ ᠬᠦᠨᠵᠡᠭᠡᠢ ᠨᠦᠯᠦᠭᠡᠯᠡᠭᠰᠡᠨ ᠶᠠᠪᠤᠳᠠᠯ ᠪᠤᠯᠤᠨ᠎ᠠ᠃
       ᠲᠡᠭᠡᠪᠡᠯ ᠶᠠᠭᠤ ᠶᠢ ᠲᠡᠭᠡᠳᠦ ᠰᠢᠨ᠎ᠡ ᠮᠡᠷᠭᠡᠵᠢᠯ ᠭᠡᠭᠦ ᠪᠤᠢ︖ ᠭᠡᠪᠡᠯ ᠮᠡᠳᠡᠯᠭᠡ ᠪᠠ ᠮᠡᠷᠭᠡᠵᠢᠯ ᠪᠦᠭᠡᠮᠨᠡᠷᠡᠵᠦ᠂ ᠤᠯᠠᠮᠵᠢᠯᠠᠯᠳᠤ ᠮᠡᠷᠭᠡᠵᠢᠯ ᠠᠴᠠ ᠨᠡᠩ ᠦᠨᠳᠦᠷ ᠠᠵᠤ ᠠᠬᠤᠢ ᠶᠢᠨ ᠦᠷ᠎ᠡ ᠠᠰᠢᠬ ᠲᠠᠢ᠂ ᠨᠡᠩ ᠦᠷᠢᠰᠦᠯᠳᠦᠭᠦ ᠬᠦᠴᠦᠨ ᠲᠠᠢ ᠮᠡᠷᠭᠡᠵᠢᠯ ᠢ ᠭᠡᠯᠡᠵᠦ ᠪᠠᠶᠢᠨ᠎ᠠ᠃ ᠤᠳᠤ ᠲᠡᠯᠡᠭᠡᠢ ᠨᠡᠶᠢᠳᠡ ᠳᠤ ᠮᠡᠳᠡᠷᠡᠭᠳᠡᠭᠰᠡᠨ ᠲᠡᠭᠡᠳᠦ ᠮᠡᠷᠭᠡᠵᠢᠯ ᠤᠨ ᠬᠦᠷᠢᠶᠡᠨ ᠳᠤ ᠮᠡᠳᠡᠭᠡ ᠵᠠᠩᠬᠢ ᠶᠢᠨ ᠮᠡᠷᠭᠡᠵᠢᠯ᠂ ᠠᠮᠢᠳᠤ ᠪᠤᠳᠠᠰ ᠤᠨ ᠮᠡᠷᠭᠡᠵᠢᠯ᠂ ᠰᠢᠨ᠎ᠡ ᠮᠠᠲ᠋ᠧᠷᠢᠶᠠᠯ ᠤᠨ ᠮᠡᠷᠭᠡᠵᠢᠯ᠂ ᠰᠢᠨ᠎ᠡ ᠡᠨᠧᠷᠬᠢ ᠶᠢᠨ ᠮᠡᠷᠭᠡᠵᠢᠯ᠂ ᠰᠠᠨᠰᠠᠷ ᠤᠨ ᠠᠶᠠᠯᠠᠯ ᠤᠨ ᠮᠡᠷᠭᠡᠵᠢᠯ ᠪᠠ ᠲᠠᠯᠠᠢ ᠲᠠᠩᠬᠢᠰ ᠤᠨ ᠮᠡᠷᠭᠡᠵᠢᠯ ᠵᠡᠷᠭᠡ ᠮᠡᠷᠭᠡᠵᠢᠯ ᠤᠳ ᠪᠠᠭᠳᠠᠬᠳᠠᠵᠤ ᠪᠠᠶᠢᠨ᠎ᠠ᠃
       ᠬᠦᠢᠳᠡᠨ ᠲᠠᠶᠢᠨ ᠲᠠᠭᠤᠰᠤᠬᠰᠠᠨ ᠤ ᠲᠠᠷᠠᠭ᠎ᠠ᠂ ᠲᠡᠯᠡᠭᠡᠢ ᠶᠢᠨ ᠦᠷᠢᠰᠦᠯᠳᠦᠭᠡᠨ ᠨᠢ ᠴᠡᠷᠢᠭ ᠲᠠᠶᠢᠨ ᠤ ᠮᠦᠷᠭᠦᠯᠳᠦᠭᠡᠨ ᠠᠴᠠ ᠤᠯᠤᠰ ᠤᠨ ᠶᠡᠷᠦᠩᠭᠡᠢ ᠬᠦᠴᠦᠨ ᠤ ᠦᠷᠢᠰᠦᠯᠳᠦᠭᠡᠨ ᠵᠦᠭ ᠰᠢᠯᠵᠢᠵᠠᠢ᠂ ᠡᠭᠦᠨ ᠳᠤ ᠲᠡᠭᠡᠳᠦ ᠮᠡᠷᠭᠡᠵᠢᠯ ᠪᠤᠯ ᠦᠷᠢᠰᠦᠯᠳᠦᠭᠡᠨ ᠤ ᠵᠠᠩᠬᠢᠯᠠᠭ᠎ᠠ ᠨᠢ ᠪᠤᠯᠤᠨ᠎ᠠ᠃ ᠤᠳᠤ ᠲᠡᠯᠡᠭᠡᠢ ᠶᠢᠨ ᠮᠠᠰᠢ ᠤᠯᠠᠨ ᠤᠯᠤᠰ ᠲᠡᠭᠡᠳᠦ ᠰᠢᠨ᠎ᠡ ᠮᠡᠷᠭᠡᠵᠢᠯ ᠢ ᠭᠦᠭᠵᠢᠭᠦᠯᠭᠦ ᠵᠦᠢᠯ ᠵᠦᠢᠯ ᠤᠨ ᠪᠤᠳᠤᠯᠭ᠎ᠠ ᠲᠤᠬᠳᠠᠭᠠᠨ ᠭᠡᠷᠡᠭᠵᠢᠭᠦᠯᠵᠦ ᠪᠠᠶᠢᠨ᠎ᠠ᠃ ᠮᠠᠨ ᠤ ᠤᠯᠤᠰ ᠴᠤ 1986 ᠤᠨ ᠤ 3 ᠰᠠᠷ᠎ᠠ ᠳᠤ ︽ᠲᠡᠭᠡᠳᠦ ᠮᠡᠷᠭᠡᠵᠢᠯ ᠢ ᠰᠤᠳᠤᠯᠤᠨ ᠭᠦᠭᠵᠢᠭᠦᠯᠭᠦ ᠲᠦᠯᠦᠪᠯᠡᠭᠡ ᠶᠢᠨ ᠲᠤᠪᠴᠢ︾ ᠶᠢ ᠲᠤᠭᠳᠠᠭᠠᠵᠤ᠂ ᠲᠦᠭᠦᠮᠴᠢᠯᠡᠭᠡᠳ ︽863︾ ᠲᠦᠯᠦᠪᠯᠡᠭᠡ ᠭᠡᠪᠡ᠃ ᠡᠨᠡ ᠬᠦ ᠲᠦᠯᠦᠪᠯᠡᠭᠡ ᠶᠢ ᠭᠡᠷᠡᠭᠵᠢᠭᠦᠯᠦᠭᠰᠡᠨ ᠠᠴᠠ ᠨᠠᠰᠢ ᠵᠠᠷᠢᠮ ᠲᠡᠭᠡᠳᠦ ᠮᠡᠷᠭᠡᠵᠢᠯ ᠤᠨ ᠲᠠᠯ᠎ᠠ ᠪᠠᠷ ᠮᠠᠨ ᠤ ᠤᠯᠤᠰ ᠪᠤᠯᠤᠨ ᠲᠡᠯᠡᠭᠡᠢ ᠶᠢᠨ ᠲᠡᠷᠢᠭᠦᠨ ᠤ ᠤᠯᠤᠰ ᠤᠷᠤᠨ ᠤ ᠬᠤᠭᠤᠷᠤᠨᠳᠤᠬᠢ ᠵᠦᠷᠢᠶ᠎ᠡ ᠶᠢ ᠪᠠᠭᠠᠰᠬᠠᠵᠤ᠂ ᠲᠡᠭᠡᠳᠦ ᠮᠡᠷᠭᠡᠵᠢᠯ ᠢ ᠴᠢᠨᠠᠬᠰᠢᠳᠠ ᠭᠦᠭᠵᠢᠭᠦᠯᠭᠦ ᠳᠤ ᠰᠠᠶᠢᠨ ᠰᠠᠭᠤᠷᠢ ᠲᠠᠯᠪᠢᠵᠤ ᠦᠭᠪᠡ᠃
       ᠲᠤᠤᠷ᠎ᠠ ᠲᠡᠯᠡᠭᠡᠢ ᠶᠢᠨ ᠲᠡᠭᠡᠳᠦ ᠰᠢᠨ᠎ᠡ ᠮᠡᠷᠭᠡᠵᠢᠯ ᠤᠨ ᠭᠦᠭᠵᠢᠯ ᠤᠨ ᠬᠠᠨᠳᠤᠰᠢ ᠵᠢᠴᠢ ᠮᠠᠨ ᠤ ᠤᠯᠤᠰ ᠤᠨ ᠭᠦᠭᠵᠢᠯᠳᠡ ᠶᠢᠨ ᠭᠡᠮᠵᠢᠶ᠎ᠡ ᠶᠢ ᠲᠤᠪᠴᠢᠬᠠᠨ ᠲᠠᠨᠢᠯᠴᠠᠭᠤᠯᠤᠶ᠎ᠠ᠃

       ᠨᠢᠭᠡ᠂ ᠲᠠᠷᠢᠶᠠᠯᠠᠩ ᠤᠨ ᠲᠡᠭᠡᠳᠦ ᠰᠢᠨ᠎ᠡ ᠮᠡᠷᠭᠡᠵᠢᠯ
       ᠡᠭᠦᠨ ᠳᠤ ᠭᠤᠤᠯᠳᠠᠭᠤ ᠲᠤᠤᠷᠠᠬᠢ ᠲᠦᠷᠪᠡᠨ ᠲᠠᠯ᠎ᠠ ᠶᠢᠨ ᠮᠡᠷᠭᠡᠵᠢᠯ ᠪᠠᠭᠳᠠᠬᠳᠠᠵᠤ ᠪᠠᠶᠢᠨ᠎ᠠ᠃
       1. ᠲᠠᠷᠢᠶᠠᠯᠠᠩ ᠤᠨ ᠠᠮᠢᠳᠤ ᠪᠤᠳᠠᠰ ᠤᠨ ᠢᠨᠵᠧᠨᠧᠷᠢᠩ᠃ ᠲᠠᠷᠢᠮᠠᠯ ᠤᠨ ᠲᠠᠯ᠎ᠠ ᠪᠠᠷ᠂ ᠤᠷᠭᠤᠮᠠᠯ ᠤᠨ ᠡᠷᠯᠢᠰᠵᠢᠭᠦᠯᠦᠭᠰᠡᠨ ᠦᠷ᠎ᠡ ᠳᠤ ᠡᠷᠳᠡᠨᠢ ᠰᠢᠰᠢ᠂ ᠤᠰᠤᠨ ᠲᠤᠳᠤᠷᠭ᠎ᠠ ᠶᠢᠨ ᠦᠷ᠎ᠡ ᠶᠢᠨ ᠰᠢᠯᠢᠳᠡᠭᠵᠢᠯᠳᠡ ᠠᠮᠵᠢᠯᠳᠠ ᠤᠯᠵᠤ᠂ ᠮᠠᠨ ᠤ ᠤᠯᠤᠰ ᠡᠨᠡ ᠲᠠᠯ᠎ᠠ ᠪᠠᠷ ᠲᠡᠯᠡᠭᠡᠢ ᠶᠢᠨ ᠲᠡᠷᠢᠭᠦᠨ ᠤ ᠭᠡᠮᠵᠢᠶ᠎ᠡ ᠳᠤ ᠬᠦᠷᠪᠡ᠃ ᠤᠷᠭᠤᠮᠠᠯ ᠤᠨ ᠭᠸᠡ ᠰᠢᠯᠵᠢᠭᠦᠯᠭᠦ ᠮᠡᠷᠭᠡᠵᠢᠯ ᠤᠨ ᠲᠠᠯ᠎ᠠ ᠪᠠᠷ ᠤᠳᠤ ᠨᠢᠭᠡᠨᠳᠡ 60 ᠭᠠᠷᠤᠢ ᠵᠦᠢᠯ ᠤᠨ ᠤᠷᠭᠤᠮᠠᠯ ᠤᠨ ᠭᠸᠡ ᠢ ᠰᠢᠯᠵᠢᠭᠦᠯᠦᠭᠡᠳ ᠠᠮᠵᠢᠯᠳᠠ ᠤᠯᠵᠤ᠂ ᠠᠮᠧᠷᠢᠺᠠ ᠶᠢᠨ ᠬᠤᠷᠤᠬᠠᠢ ᠡᠰᠡᠷᠭᠦᠴᠡᠭᠦ ᠬᠦᠪᠦᠩ ᠨᠢ ᠨᠢᠭᠡᠨᠳᠡ ᠬᠤᠳᠠᠯᠳᠤᠭᠠᠯᠠᠬᠤ ᠱᠠᠳᠤᠨ ᠳᠤ ᠤᠷᠤᠵᠤ᠂ ᠮᠠᠨ ᠤ ᠤᠯᠤᠰ ᠤᠨ ᠡᠨᠡ ᠲᠠᠯ᠎ᠠ ᠶᠢᠨ ᠮᠡᠷᠭᠡᠵᠢᠯ ᠲᠠᠷᠢᠶᠠᠨ ᠭᠠᠵᠠᠷ ᠲᠤ ᠲᠤᠷᠰᠢᠯᠳᠠ ᠬᠢᠭᠦ ᠱᠠᠳᠤᠨ ᠳᠤ ᠤᠷᠤᠪᠠ᠃ ᠭᠸᠡ ᠰᠢᠯᠵᠢᠭᠦᠯᠦᠭᠰᠡᠨ ᠤᠷᠭᠤᠮᠠᠯ ᠨᠢ ᠬᠤᠷᠤᠬᠠᠢ ᠡᠰᠡᠷᠭᠦᠴᠡᠭᠦ᠂ ᠭᠠᠩ᠂ ᠬᠤᠵᠢᠷ ᠪᠠ ᠬᠦᠢᠳᠡᠨ ᠢ ᠲᠠᠭᠠᠭᠠᠬᠤ ᠴᠢᠳᠠᠪᠤᠷᠢ ᠲᠠᠢ ᠪᠠᠶᠢᠳᠠᠬ ᠪᠦᠭᠡᠳ ᠴᠢᠨᠠᠷ ᠨᠢ ᠴᠤ ᠲᠡᠭᠡᠭᠰᠢᠯᠡᠳᠡᠭ ᠶᠤᠮ᠃ ᠲᠡᠵᠢᠭᠡᠪᠦᠷᠢ ᠶᠢᠨ ᠦᠢᠯᠡᠰ ᠤᠨ ᠲᠠᠯ᠎ᠠ ᠪᠠᠷ᠂ ᠭᠡᠷ ᠤᠨ ᠲᠡᠵᠢᠭᠡᠪᠦᠷᠢ ᠶᠢᠨ ᠬᠦᠪᠦᠷᠡᠯ ᠤᠨ ᠢᠨᠵᠧᠨᠧᠷᠢᠩ ᠨᠠᠶᠠᠭᠠᠳ ᠤᠨ ᠠᠴᠠ ᠡᠬᠢᠯᠡᠵᠦ ᠭᠦᠭᠵᠢᠭᠡᠳ ᠤᠳᠤ ᠭᠸᠡ ᠰᠢᠯᠵᠢᠭᠦᠯᠦᠭᠰᠡᠨ ᠠᠮᠢᠳᠠᠨ ᠢ ᠪᠤᠶᠢᠵᠢᠭᠤᠯᠤᠨ ᠭᠠᠷᠭᠠᠵᠤ᠂ ᠮᠠᠨ ᠤ ᠤᠯᠤᠰ ᠤᠨ ᠭᠸᠡ ᠰᠢᠯᠵᠢᠭᠦᠯᠦᠭᠰᠡᠨ ᠭᠠᠭ᠋ᠠᠢ ᠪᠠ ᠵᠢᠭᠠᠰᠤᠨ ᠤ ᠮᠡᠷᠭᠡᠵᠢᠯ ᠨᠢ ᠲᠡᠯᠡᠭᠡᠢ ᠶᠢᠨ ᠲᠡᠷᠢᠭᠦᠨ ᠤ ᠭᠡᠮᠵᠢᠶᠡᠨ ᠳᠤ ᠬᠦᠷᠪᠡ᠃
       2. ᠤᠰᠤ ᠪᠤᠷᠳᠤᠭᠤᠷ ᠤᠨ ᠨᠦᠭᠦᠴᠡᠯ ᠪᠠ ᠤᠷᠴᠢᠨ ᠲᠤᠭᠤᠷᠢᠨ ᠤ ᠢᠨᠵᠧᠨᠧᠷᠢᠩ᠃ ᠤᠰᠤ ᠠᠷᠪᠢᠯᠠᠵᠤ ᠤᠰᠤᠯᠠᠬᠤ᠂ ᠲᠠᠷᠢᠶᠠᠨ ᠭᠠᠵᠠᠷ ᠤᠨ ᠠᠭᠤᠷᠰᠢᠯᠳᠠ ᠶᠢ ᠪᠠᠭᠠᠰᠬᠠᠵᠤ᠂ ᠵᠠᠳᠠᠷᠠᠬᠤ ᠰᠦᠯᠢᠶᠤᠤ ᠪᠦᠷᠭᠦᠭᠦᠯ ᠦᠢᠯᠡᠳᠭᠦ᠂ ᠬᠢᠮᠢ ᠶᠢᠨ ᠪᠤᠷᠳᠤᠭᠤᠷ ᠤᠨ ᠠᠰᠢᠬᠯᠠᠯᠳᠠ ᠶᠢ ᠲᠡᠭᠡᠭᠰᠢᠯᠡᠭᠦᠯᠭᠦ ᠲᠠᠯ᠎ᠠ ᠪᠠᠷ ᠤᠯᠠᠨ ᠤᠯᠤᠰ ᠴᠦᠮ ᠰᠤᠳᠤᠯᠤᠯᠳᠠ ᠬᠢᠵᠦ ᠲᠤᠷᠰᠢᠯᠳᠠ ᠬᠢᠭᠦ ᠱᠠᠳᠤᠨ ᠳᠠᠭᠠᠨ ᠪᠠᠶᠢᠨ᠎ᠠ᠃
       3. ᠲᠤᠨᠤᠬᠯᠠᠯᠳᠤ ᠲᠠᠷᠢᠶᠠᠯᠠᠩ᠃ ᠡᠯᠳᠡᠪ ᠵᠤᠬᠢᠶᠠᠮᠠᠯ ᠲᠤᠨᠤᠬ ᠲᠦᠭᠦᠭᠡᠷᠦᠮᠵᠢ ᠪᠠᠷ ᠠᠮᠢᠳᠠᠨ ᠤᠷᠭᠤᠮᠠᠯ ᠤᠨ ᠤᠷᠴᠢᠨ ᠲᠤᠭᠤᠷᠢᠨ ᠢ ᠰᠠᠶᠢᠵᠢᠷᠠᠭᠤᠯᠵᠤ᠂ ᠦᠯᠡᠮᠵᠢᠭᠡᠨ ᠤᠰᠤ ᠰᠢᠷᠤᠢ ᠶᠢ ᠭᠠᠮᠨᠠᠬᠤ ᠪᠤᠯᠬᠤᠷ ᠤᠯᠠᠮᠵᠢᠯᠠᠯᠳᠤ ᠦᠢᠯᠡᠳᠪᠦᠷᠢᠯᠡᠯ ᠤᠨ ᠠᠷᠭ᠎ᠠ ᠮᠠᠶ᠋ᠢᠬ ᠲᠠᠢ ᠠᠳᠠᠯᠢᠳᠬᠠᠪᠠᠯ ᠭᠠᠷᠤᠯᠳᠠ ᠤᠨᠠᠯᠳᠠ ᠶᠢ ᠭᠡᠳᠦᠨ ᠠᠷᠪᠠᠨ ᠲᠠᠬᠢᠨ ᠨᠡᠮᠡᠭᠳᠡᠭᠦᠯᠵᠦ ᠴᠢᠳᠠᠨ᠎ᠠ᠃
       4. ᠲᠠᠷᠢᠶᠠᠯᠠᠩ ᠤᠨ ᠮᠡᠳᠡᠭᠡ ᠵᠠᠩᠬᠢ ᠪᠠ ᠠᠯᠤᠰ ᠡᠵᠡᠮᠰᠢᠯ ᠤᠨ ᠢᠨᠵᠧᠨᠧᠷᠢᠩ᠃ ᠡᠭᠦᠨ ᠳᠤ ᠦᠢᠯᠡᠳᠪᠦᠷᠢᠯᠡᠯ ᠤᠨ ᠪᠠᠶᠢᠳᠠᠯ ᠵᠢᠴᠢ ᠡᠬᠢ ᠪᠠᠶᠠᠯᠢᠬ᠂ ᠤᠷᠴᠢᠨ ᠲᠤᠭᠤᠷᠢᠨ᠂ ᠭᠠᠮᠰᠢᠬ᠂ ᠠᠵᠤ ᠠᠬᠤᠢ ᠶᠢᠨ ᠪᠠᠶᠢᠳᠠᠯ ᠪᠠᠭᠳᠠᠨ᠎ᠠ᠃ ᠮᠠᠨ ᠤ ᠤᠯᠤᠰ ᠭᠠᠵᠠᠷ ᠰᠢᠷᠤᠢ ᠶᠢᠨ ᠬᠠᠮᠢᠶᠠᠷᠤᠯᠳᠠ ᠶᠢᠨ ᠪᠠ ᠲᠠᠷᠢᠶᠠᠯᠠᠩ ᠤᠨ ᠪᠠᠶᠢᠳᠠᠯ ᠤᠨ ᠰᠢᠰᠲ᠋ᠧᠮ ᠢ ᠪᠠᠶᠢᠭᠤᠯᠵᠤ ᠪᠠᠶᠢᠨ᠎ᠠ᠃ ᠪᠠᠰᠠ ᠠᠯᠤᠰ ᠡᠵᠡᠮᠰᠢᠯ ᠤᠨ ᠮᠡᠷᠭᠡᠵᠢᠯ ᠢᠶᠠᠷ ᠠᠭᠠᠷ ᠲᠡᠭᠡᠷ᠎ᠡ ᠠᠴᠠ ᠡᠯᠳᠡᠪ ᠭᠠᠮᠰᠢᠬ᠂ ᠤᠨᠠᠯᠳᠠ᠂ ᠤᠰᠤᠨ ᠤ ᠡᠬᠢ ᠪᠠᠶᠠᠯᠢᠬ ᠵᠡᠷᠭᠡ ᠶᠢ ᠪᠠᠶᠢᠴᠠᠭᠠᠨ ᠰᠢᠨᠵᠢᠵᠦ ᠲᠠᠷᠢᠶᠠᠯᠠᠩ ᠳᠤ ᠰᠢᠭᠤᠳ ᠦᠢᠯᠡᠴᠢᠯᠡᠵᠦ ᠪᠠᠶᠢᠨ᠎ᠠ᠃ ᠵᠢᠩᠬᠢᠨᠢ ᠲᠠᠷᠢᠶᠠᠯᠠᠩ ᠤᠨ ᠲᠡᠭᠡᠳᠦ ᠮᠡᠷᠭᠡᠵᠢᠯ ᠮᠠᠨ ᠤ ᠤᠯᠤᠰ ᠲᠤ ᠬᠠᠷᠠᠬᠠᠨ ᠬᠡᠷᠡᠭᠯᠡᠭᠳᠡᠭᠡᠳᠦᠢ᠂ ᠭᠡᠪᠡᠴᠦ ᠶᠠᠬ ᠲᠡᠭᠦᠨ ᠢ ᠰᠤᠳᠤᠯᠤᠨ ᠭᠡᠷᠡᠭᠯᠡᠭᠦ ᠵᠦᠭ ᠤᠷᠤᠬᠰᠢᠯᠠᠵᠤ ᠪᠠᠶᠢᠨ᠎ᠠ᠃

       ᠬᠤᠶᠠᠷ᠂ ᠮᠡᠳᠡᠭᠡ ᠵᠠᠩᠬᠢ ᠶᠢᠨ ᠮᠡᠷᠭᠡᠵᠢᠯ
       ᠮᠡᠳᠡᠭᠡ ᠵᠠᠩᠬᠢ ᠶᠢᠨ ᠮᠡᠷᠭᠡᠵᠢᠯ ᠪᠤᠯ ᠤᠳᠤ ᠦᠶ᠎ᠡ ᠶᠢᠨ ᠪᠤᠯᠪᠠᠰᠤᠨ ᠤ ᠮᠡᠷᠭᠡᠵᠢᠯ ᠤᠨ ᠰᠠᠭᠤᠷᠢ ᠮᠦᠨ᠂ ᠤᠳᠤ ᠦᠶ᠎ᠡ ᠶᠢᠨ ᠰᠢᠨᠵᠢᠯᠡᠭᠦ ᠤᠬᠠᠭᠠᠨ ᠤ ᠰᠤᠳᠤᠯᠤᠯ ᠪᠠ ᠮᠡᠷᠭᠡᠵᠢᠯ ᠤᠨ ᠭᠦᠭᠵᠢᠯᠳᠡ ᠳᠤ ᠲᠤᠳᠠᠬᠳᠠᠵᠤ ᠪᠤᠯᠤᠰᠢ ᠦᠭᠡᠢ ᠵᠠᠩᠬᠢᠯᠠᠭ᠎ᠠ ᠶᠢᠨ ᠮᠡᠷᠭᠡᠵᠢᠯ ᠪᠤᠯᠤᠨ᠎ᠠ᠃ ᠲᠡᠷᠡ ᠨᠢ ᠪᠢᠴᠢᠯ ᠡᠯᠧᠺᠲᠷᠤᠨ ᠤ ᠮᠡᠷᠭᠡᠵᠢᠯ ᠢᠶᠠᠷ ᠰᠠᠭᠤᠷᠢ ᠪᠤᠯᠭᠠᠵᠤ᠂ ᠺᠤᠮᠫᠢᠦ᠋ᠲ᠋ᠧᠷ ᠪᠠ ᠮᠡᠳᠡᠭᠡ ᠬᠤᠯᠪᠤᠭᠠᠨ ᠤ ᠮᠡᠷᠭᠡᠵᠢᠯ ᠢᠶᠠᠷ ᠭᠤᠤᠯ ᠴᠤᠬᠴᠠᠰ ᠪᠤᠯᠭᠠᠵᠤ᠂ ᠪᠠᠰᠠ ᠡᠯ᠎ᠡ ᠬᠦᠷᠢᠶᠡᠨ ᠳᠤ ᠨᠡᠪᠴᠢᠵᠦ ᠪᠠᠶᠢᠳᠠᠬ᠃ ᠮᠡᠳᠡᠭᠡ ᠵᠠᠩᠬᠢ ᠶᠢᠨ ᠮᠡᠷᠭᠡᠵᠢᠯ ᠨᠢ ᠡᠯᠳᠡᠪ ᠦᠢᠯᠡᠳᠪᠦᠷᠢᠯᠡᠯ ᠢ ᠠᠬᠢᠭᠤᠯᠬᠤ ᠪᠠᠷ ᠪᠠᠷᠠᠬᠤ ᠦᠭᠡᠢ᠂ ᠬᠦᠮᠦᠨ ᠤ ᠠᠮᠢᠳᠤᠷᠠᠯ ᠢ ᠬᠤᠪᠢᠷᠠᠭᠤᠯᠬᠤ ᠴᠢᠬᠤᠯᠠ ᠬᠦᠴᠦᠨ ᠵᠦᠢᠯ ᠪᠤᠯᠵᠤ᠂ ᠠᠵᠤ ᠠᠬᠤᠢ ᠶᠢᠨ ᠪᠦᠳᠦᠭᠡᠨ ᠪᠠᠶᠢᠭᠤᠯᠤᠯᠳᠠ᠂ ᠨᠡᠶᠢᠭᠡᠮ ᠤᠨ ᠬᠤᠪᠢᠰᠤᠯᠳᠠ᠂ ᠤᠯᠤᠰ ᠤᠨ ᠪᠠᠳᠤᠯᠠᠨ ᠬᠠᠮᠠᠭᠠᠯᠠᠯᠳᠠ ᠴᠢᠨᠠᠬᠰᠢᠯᠠᠪᠠᠯ ᠪᠦᠭᠦ᠋ᠢᠯᠡ ᠤᠯᠤᠰ ᠤᠷᠤᠨ ᠤ ᠭᠦᠭᠵᠢᠯᠳᠡ ᠳᠤ ᠵᠠᠩᠬᠢᠯᠠᠭ᠎ᠠ ᠶᠢᠨ ᠴᠢᠨᠠᠷᠳᠠᠢ ᠦᠢᠯᠡᠳᠦᠯ ᠦᠵᠡᠭᠦᠯᠭᠦ ᠪᠤᠯᠤᠨ᠎ᠠ᠃ ᠲᠡᠯᠡᠭᠡᠢ ᠶᠢᠨ ᠮᠡᠳᠡᠭᠡ ᠵᠠᠩᠬᠢ ᠶᠢᠨ ᠮᠡᠷᠭᠡᠵᠢᠯ ᠤᠨ ᠭᠦᠭᠵᠢᠯᠳᠡ ᠨᠢ ᠲᠤᠭᠠᠴᠠᠯᠳᠠ᠂ ᠲᠡᠭᠡᠳᠦ ᠬᠤᠷᠳᠤᠴᠠ᠂ ᠲᠤᠤᠷᠵᠢᠯᠳᠠ᠂ ᠭᠡᠯᠬᠢᠶᠡᠵᠢᠯᠳᠡ ᠪᠠ ᠤᠶᠤᠨᠵᠢᠯᠳᠠ ᠵᠦᠭ ᠭᠦᠭᠵᠢᠵᠦ ᠪᠠᠶᠢᠨ᠎ᠠ᠃ ᠡᠨᠡ ᠬᠦ ᠬᠠᠨᠳᠤᠰᠢ ᠨᠢ ᠮᠡᠳᠡᠭᠡ ᠵᠠᠩᠬᠢ ᠶᠢ ᠠᠵᠤ ᠦᠢᠯᠡᠰᠵᠢᠯᠡᠭᠦ ᠲᠡᠭᠡᠳᠦ ᠭᠡᠮᠵᠢᠶᠡᠨ ᠳᠤ ᠬᠦᠷᠦᠭᠦᠯᠪᠡ᠃ 2000 ᠤᠨ ᠪᠤᠯᠬᠤ ᠳᠤ ᠮᠡᠳᠡᠭᠡ ᠵᠠᠩᠬᠢ ᠶᠢᠨ ᠠᠵᠤ ᠦᠢᠯᠡᠰ ᠤᠨ ᠦᠢᠯᠡᠳᠭᠦᠨ ᠤ ᠦᠷᠳᠡᠭ 1200 ᠳ᠋ᠦᠡᠭᠰᠢᠭᠤᠷ ᠳ᠋ᠤᠯᠯᠠᠷ ᠲᠤ ᠬᠦᠷᠭᠦ ᠪᠤᠯᠤᠨ᠎ᠠ᠃ ᠮᠡᠳᠡᠭᠡ ᠵᠠᠩᠬᠢ ᠶᠢᠨ ᠮᠡᠷᠭᠡᠵᠢᠯ ᠨᠢ ᠭᠤᠤᠯᠳᠠᠭᠤ ᠮᠡᠳᠡᠭᠡ ᠬᠤᠯᠪᠤᠭᠠᠨ ᠤ ᠮᠡᠷᠭᠡᠵᠢᠯ᠂ ᠺᠤᠮᠫᠢᠦ᠋ᠲ᠋ᠧᠷ ᠤᠨ ᠮᠡᠷᠭᠡᠵᠢᠯ ᠪᠠ ᠪᠢᠴᠢᠯ ᠡᠯᠧᠺᠲᠷᠤᠨ ᠮᠡᠷᠭᠡᠵᠢᠯ ᠵᠡᠷᠭᠡ ᠭᠤᠷᠪᠠᠨ ᠲᠠᠯ᠎ᠠ ᠪᠠᠷ ᠲᠦᠷᠭᠡᠨ ᠬᠦᠭᠵᠢᠵᠦ ᠪᠠᠶᠢᠨ᠎ᠠ᠃ ᠮᠡᠨ ᠤ ᠤᠯᠤᠰ ᠤᠨ ᠮᠡᠳᠡᠭᠡ ᠵᠠᠩᠬᠢ ᠶᠢᠨ ᠠᠵᠤ ᠦᠢᠯᠡᠰ ᠤᠨ ᠭᠦᠭᠵᠢᠯᠳᠡ ᠶᠢᠨ ᠬᠤᠷᠳᠤᠴᠠ ᠴᠤ ᠲᠤᠮᠳᠠᠴᠢ ᠪᠠᠷ ᠵᠢᠯ ᠪᠦᠷᠢ 25% ᠲᠤ ᠬᠦᠷᠴᠤ ᠪᠠᠶᠢᠨ᠎ᠠ᠃

       ᠭᠤᠷᠪᠠ᠂ ᠲᠡᠷᠢᠭᠦᠨ ᠤ ᠦᠢᠯᠡᠳᠭᠦ ᠮᠡᠷᠭᠡᠵᠢᠯ
       ᠦᠢᠯᠡᠳᠭᠦ ᠦᠢᠯᠡᠰ ᠪᠤᠯ ᠨᠡᠶᠢᠭᠡᠮ ᠤᠨ ᠡᠳ᠋ ᠪᠠᠶᠠᠯᠢᠬ ᠤᠨ ᠭᠤᠤᠯ ᠢᠷᠡᠯᠳᠡ ᠶᠢᠨ ᠨᠢᠭᠡ ᠮᠦᠨ᠂ ᠲᠡᠷᠡ ᠨᠢ ᠤᠳᠤᠬᠢ ᠠᠵᠤ ᠦᠢᠯᠡᠳᠪᠦᠷᠢ ᠬᠦᠭᠵᠢᠭᠰᠡᠨ ᠤᠯᠤᠰ ᠤᠨ 1/4 - 1/3 ᠤᠷᠴᠢᠮ ᠤᠨ ᠤᠯᠤᠰ ᠠᠷᠠᠳ ᠤᠨ ᠤᠷᠤᠯᠭ᠎ᠠ ᠶᠢ ᠡᠭᠦᠳᠴᠦ ᠪᠠᠶᠢᠨ᠎ᠠ᠃ ᠮᠠᠨ ᠤ ᠤᠯᠤᠰ ᠤᠯᠠᠮᠵᠢᠯᠠᠯᠳᠤ ᠠᠵᠤ ᠦᠢᠯᠡᠰ ᠢ ᠦᠭᠡᠷᠡᠴᠢᠯᠡᠨ᠂ ᠤᠯᠤᠰ ᠤᠨ ᠦᠮᠴᠢᠯᠡᠯᠳᠦ ᠲᠤᠮᠤ ᠲᠤᠮᠳᠠ ᠠᠵᠤ ᠠᠬᠤᠢᠢᠯᠠᠯ ᠢ ᠭᠦᠭᠵᠢᠭᠦᠯᠭᠦ ᠶᠢᠨ ᠲᠦᠯᠦᠭᠡ ᠡᠷᠭᠡᠪᠰᠢ ᠲᠡᠷᠢᠭᠦᠨ ᠤ ᠦᠢᠯᠡᠳᠭᠦ ᠮᠡᠷᠭᠡᠵᠢᠯ ᠢ ᠭᠡᠷᠡᠭᠯᠡᠭᠦ ᠭᠡᠷᠡᠭᠳᠡᠢ᠃ ᠲᠡᠷᠢᠭᠦᠨ ᠤ ᠦᠢᠯᠡᠳᠭᠦ ᠮᠡᠷᠭᠡᠵᠢᠯ ᠤᠯᠠᠨ ᠤᠯᠤᠰ ᠲᠤ ᠴᠢᠬᠤᠯᠠᠴᠢᠯᠠᠬᠳᠠᠵᠤ ᠪᠠᠶᠢᠨ᠎ᠠ᠃ ᠵᠢᠱᠢᠯᠳᠡ ᠪᠠᠷ ᠬᠤᠶᠢᠰᠢᠳᠠ ᠶᠢᠨ 15 ᠵᠢᠯ ᠤᠨ ᠦᠢᠯᠡᠳᠭᠦ ᠮᠡᠷᠭᠡᠵᠢᠯ ᠤᠨ ᠭᠦᠭᠵᠢᠯᠳᠡ ᠦᠡᠭᠭᠡᠷᠡᠭᠰᠡᠨ ᠤ 75 ᠵᠢᠯ ᠤᠨ ᠭᠦᠭᠵᠢᠯᠳᠡ ᠠᠴᠠ ᠲᠡᠪᠡᠨ᠎ᠠ᠃
       ᠲᠡᠷᠢᠭᠦᠨ ᠤ ᠦᠢᠯᠡᠳᠭᠦ ᠮᠡᠷᠭᠡᠵᠢᠯ ᠳᠤ ᠬᠠᠮᠤᠬ ᠤᠨ ᠲᠡᠷᠢᠭᠦᠨ᠎ᠡ ᠺᠤᠮᠫᠢᠦ᠋ᠲ᠋ᠧᠷ ᠤᠨ ᠭᠡᠯᠬᠢᠶᠡᠳᠦ ᠦᠢᠯᠡᠳᠭᠦ ᠰᠢᠰᠲ᠋ᠧᠮ ᠲᠤᠭᠠᠴᠠᠬᠳᠠᠨ᠎ᠠ᠃ ᠡᠭᠦᠨ ᠢ ᠯᠠᠲ᠋ᠢᠨ ᠦᠰᠦᠭ ᠢᠶᠠᠷ ᠲᠤᠪᠴᠢᠯᠠᠭᠠᠳ CIMS ᠭᠡᠵᠦ ᠪᠢᠴᠢᠵᠦ ᠪᠤᠢ᠃ ᠡᠭᠦᠨ ᠤ ᠤᠢᠢᠯᠠᠭᠠᠬᠳᠠᠬᠤᠨ ᠨᠢ᠄ ᠬᠦᠮᠦᠨ ᠢᠶᠠᠷ ᠭᠤᠤᠯ ᠪᠤᠯᠭᠠᠵᠤ᠂ ᠠᠵᠤ ᠠᠬᠤᠢᠢᠯᠠᠯ ᠤᠨ ᠦᠢᠯᠡᠳᠭᠦ ᠪᠦᠭᠦ ᠶᠠᠪᠤᠴᠠ ᠳᠤ ᠬᠤᠯᠪᠤᠬᠳᠠᠯ ᠪᠦᠭᠦᠢ ᠬᠦᠮᠦᠨ᠂ ᠮᠡᠷᠭᠡᠵᠢᠯ᠂ ᠡᠵᠡᠩᠨᠡᠨ ᠬᠠᠮᠢᠶᠠᠷᠤᠯᠳᠠ᠂ ᠮᠠᠰᠢᠨ ᠲᠤᠨᠤᠬ ᠵᠢᠴᠢ ᠪᠤᠳᠠᠰ ᠤᠨ ᠬᠦᠢᠯᠭᠡᠭᠡ᠂ ᠮᠡᠳᠡᠭᠡ ᠵᠠᠩᠬᠢ ᠶᠢᠨ ᠬᠦᠢᠯᠭᠡᠭᠡ ᠶᠢ ᠤᠷᠭᠠᠨᠢᠬ ᠢᠶᠠᠷ ᠭᠡᠯᠬᠢᠶᠡᠯᠡᠵᠦ ᠠᠵᠢᠯᠯᠠᠭᠤᠯᠬᠤ ᠲᠤᠮᠤ ᠰᠢᠰᠲ᠋ᠧᠮ ᠪᠤᠯᠤᠨ᠎ᠠ᠃ ᠮᠠᠨ ᠤ ᠤᠯᠤᠰ ᠤᠨ ︽863︾ ᠶᠢᠨ ᠲᠦᠯᠦᠪᠯᠡᠭᠡ ᠳᠤ CIMS ᠰᠢᠰᠲ᠋ᠧᠮ ᠢ ᠭᠡᠷᠡᠭᠯᠡᠭᠡᠳ ᠴᠠᠩᠳᠦ᠋ ᠶᠢᠨ ᠨᠢᠰᠭᠡᠯ ᠦᠢᠯᠡᠳᠭᠦ ᠬᠦᠡᠭᠰᠧ᠂ ᠪᠡᠭᠡᠵᠢᠩ ᠤᠨ ᠨᠢᠭᠡᠳᠦᠭᠡᠷ ᠰᠠᠤᠷᠢ ᠮᠠᠰᠢᠨ ᠤ ᠦᠢᠯᠡᠳᠪᠦᠷᠢ ᠵᠡᠷᠭᠡ 100 ᠭᠠᠷᠤᠢ ᠠᠵᠤ ᠠᠬᠤᠢᠢᠯᠠᠯ ᠤᠨ ᠮᠡᠷᠭᠡᠵᠢᠯ ᠤᠨ ᠲᠠᠪᠰᠢᠯᠳᠠ ᠶᠢ ᠠᠬᠢᠭᠤᠯᠪᠠ᠃ ᠡᠭᠦᠨ ᠠᠴᠠ ᠭᠠᠳᠠᠨ᠎ᠠ᠂ ᠲᠡᠷᠢᠭᠦᠨ ᠤ ᠦᠢᠯᠡᠳᠭᠦ ᠮᠡᠷᠭᠡᠵᠢᠯ ᠳᠤ ᠪᠠᠰᠠ ᠲᠡᠷᠢᠭᠦᠨ ᠤ ᠡᠳ᠋ᠰᠢᠭᠦᠯᠭᠦ ᠰᠢᠰᠲ᠋ᠧᠮ ᠪᠠ ᠲᠦᠷᠰᠦ ᠪᠦᠷᠢᠳᠦᠭᠦᠯᠭᠦ ᠨᠠᠷᠢᠯᠢᠬ ᠰᠢᠰᠲ᠋ᠧᠮ ᠪᠠᠭᠳᠠᠬᠳᠠᠨ᠎ᠠ᠂ ᠡᠭᠦᠨ ᠢ ᠦᠢᠯᠡᠳᠭᠦ ᠦᠢᠯᠡᠰ ᠲᠤ ᠪᠠᠰᠠ ᠨᠡᠶᠢᠳᠡᠮ ᠭᠡᠷᠡᠭᠯᠡᠵᠦ ᠡᠬᠢᠯᠡᠪᠡ᠃

       ᠲᠦᠷᠪᠡ᠂ ᠰᠢᠨ᠎ᠡ ᠮᠡᠲ᠋ᠧᠷᠢᠶᠠᠯ ᠪᠠ ᠬᠡᠷᠡᠭᠯᠡᠯᠳᠡ
       ᠰᠢᠨ᠎ᠡ ᠮᠠᠲ᠋ᠧᠷᠢᠶᠠᠯ ᠭᠡᠳᠡᠭ ᠪᠤᠯ ᠰᠡᠭᠦᠯ ᠤᠨ ᠵᠢᠯ ᠤᠳ ᠲᠤ ᠭᠦᠭᠵᠢᠭᠰᠡᠨ ᠪᠤᠶᠤ ᠶᠠᠬ ᠭᠦᠭᠵᠢᠵᠦ ᠪᠦᠭᠦᠢ ᠤᠯᠠᠮᠵᠢᠯᠠᠯᠳᠤ ᠮᠠᠲ᠋ᠧᠷᠢᠶᠠᠯ ᠠᠴᠠ ᠨᠡᠩ ᠤᠨᠴᠠ ᠰᠠᠶᠢᠨ ᠴᠢᠨᠠᠷᠳᠠᠢ ᠮᠠᠲ᠋ᠧᠷᠢᠶᠠᠯ ᠢ ᠵᠢᠭᠠᠵᠤ ᠪᠤᠢ᠃ ᠶᠡᠭᠡ ᠲᠦᠯᠦᠪ ᠠᠩᠬᠢᠯᠠᠪᠠᠯ ᠲᠡᠮᠦᠷᠯᠢᠭ ᠮᠠᠲ᠋ᠧᠷᠢᠶᠠᠯ᠂ ᠤᠷᠭᠠᠨᠢᠬ ᠪᠤᠰᠤ ᠲᠡᠮᠦᠷᠯᠢᠭ ᠪᠤᠰᠤ ᠮᠠᠲ᠋ᠧᠷᠢᠶᠠᠯ᠂ ᠲᠡᠭᠡᠳᠦ ᠮᠤᠯᠧᠺᠦ᠋ᠯᠳᠤ ᠮᠠᠲ᠋ᠧᠷᠢᠶᠠᠯ ᠪᠠ ᠨᠡᠶᠢᠯᠡᠮᠡᠯ ᠮᠠᠲ᠋ᠧᠷᠢᠶᠠᠯ ᠵᠡᠷᠭᠡ ᠲᠦᠷᠪᠡᠨ ᠶᠡᠭᠡ ᠲᠦᠷᠦᠯ ᠳᠤ ᠬᠤᠪᠢᠶᠠᠵᠤ ᠪᠠᠶᠢᠳᠠᠬ᠃ ᠤᠷᠳᠤ ᠤᠳᠠᠭᠠᠨ ᠬᠦᠮᠦᠨ ᠲᠦᠷᠦᠯᠬᠢᠳᠡᠨ ᠤ ᠲᠡᠤᠭᠡ ᠶᠢᠨ ᠭᠦᠭᠵᠢᠯᠳᠡ ᠲᠤᠮᠳᠠ ᠮᠠᠲ᠋ᠧᠷᠢᠶᠠᠯ ᠶᠡᠷᠦᠨᠢ ᠨᠡᠶᠢᠭᠡᠮ ᠤᠨ ᠲᠠᠪᠰᠢᠯᠳᠠ ᠶᠢᠨ ᠰᠠᠭᠤᠷᠢ ᠪᠠ ᠬᠦᠳᠦᠴᠢ ᠪᠤᠯᠵᠤ ᠪᠠᠶᠢᠳᠠᠬ᠃ ᠨᠢᠭᠡ ᠵᠦᠢᠯ ᠤᠨ ᠴᠢᠬᠤᠯᠠ ᠮᠠᠲ᠋ᠧᠷᠢᠶᠠᠯ ᠢ ᠢᠯᠡᠷᠡᠭᠦᠯᠵᠦ᠂ ᠰᠤᠳᠤᠯᠤᠨ ᠭᠡᠷᠡᠭᠯᠡᠭᠦ ᠪᠦᠷᠢ ᠬᠦᠮᠦᠨ ᠲᠦᠷᠦᠯᠬᠢᠳᠡᠨ ᠤ ᠪᠠᠶᠢᠭᠠᠯᠢ ᠶᠢ ᠵᠠᠬᠢᠷᠬᠤ ᠴᠢᠳᠠᠪᠤᠷᠢ ᠶᠢ ᠰᠢᠨ᠎ᠡ ᠨᠢᠭᠡ ᠱᠠᠳᠤᠨ ᠳᠤ ᠲᠡᠪᠰᠢᠭᠦᠯᠳᠡᠭ ᠪᠠᠶᠢᠨ᠎ᠠ᠃ ᠵᠢᠱᠢᠶᠡᠯᠡᠪᠡᠯ ᠴᠠᠬᠢᠭᠤᠷ ᠤᠨ ᠲᠠᠩ ᠲᠠᠯᠠᠰᠳᠤ ᠪᠠᠷ ᠰᠠᠭᠤᠷᠢ ᠪᠤᠯᠭᠠᠬᠰᠠᠨ ᠪᠢᠴᠢᠯ ᠡᠯᠧᠺᠲᠷᠤᠨ ᠤ ᠮᠡᠷᠭᠡᠵᠢᠯ ᠭᠦᠭᠵᠢᠭᠡᠳ ᠤᠬᠤᠷᠬᠠᠨ 40 ᠵᠢᠯ ᠤᠨ ᠲᠤᠳᠤᠷ᠎ᠠ ᠲᠠᠪᠤᠨ ᠦᠶ᠎ᠡ ᠶᠢᠨ ᠦᠢᠯᠡᠳᠭᠦᠨ ᠤ ᠰᠢᠨᠡᠳᠭᠡᠯᠳᠡ ᠶᠢ ᠦᠡᠭᠭᠡᠷᠡᠭᠦᠯᠵᠦ ᠪᠠᠶᠢᠨ᠎ᠠ᠃ ᠭᠡᠷᠪᠡ ᠦᠨᠳᠦᠷ ᠬᠠᠯᠠᠭᠤᠨ᠂ ᠦᠨᠳᠦᠷ ᠡᠷᠴᠢ ᠶᠢ ᠲᠠᠭᠠᠭᠠᠳᠠᠬ ᠮᠠᠲ᠋ᠧᠷᠢᠶᠠᠯ ᠦᠭᠡᠢ ᠪᠤᠯ ᠤᠳᠤᠬᠢ ᠠᠭᠠᠷ ᠤᠨ ᠠᠶᠠᠯᠠᠯ ᠪᠠ ᠰᠠᠨᠰᠠᠷ ᠤᠨ ᠠᠶᠠᠯᠠᠯ ᠤᠨ ᠮᠡᠷᠭᠡᠵᠢᠯ ᠪᠠᠶᠢᠵᠤ ᠴᠢᠳᠠᠬᠤ ᠦᠭᠡᠢ᠃ ᠤᠳᠤ ᠹᠤᠲ᠋ᠤᠨ ︵光子︶ ᠤ ᠮᠠᠲ᠋ᠧᠷᠢᠶᠠᠯ ᠪᠠ ᠲᠤᠨᠤᠬᠯᠠᠭᠠᠰᠤ ᠭᠦᠭᠵᠢᠭᠡᠳ ᠡᠯᠧᠺᠲᠷᠤᠨ ᠤ ᠮᠡᠳᠡᠭᠡ ᠵᠠᠩᠬᠢ ᠶᠢᠨ ᠮᠡᠷᠭᠡᠵᠢᠯ ᠢ ᠹᠤᠲ᠋ᠤᠨ ᠤ ᠮᠡᠷᠭᠡᠵᠢᠯ ᠵᠦᠭ ᠭᠦᠭᠵᠢᠭᠦᠯᠵᠦ ᠪᠠᠶᠢᠨ᠎ᠠ᠃

       ᠲᠠᠪᠤ᠂ ᠰᠢᠨ᠎ᠡ ᠡᠨᠧᠷᠬᠢ ᠶᠢᠨ ᠮᠡᠷᠭᠡᠵᠢᠯ
       ᠡᠨᠧᠷᠬᠢ ᠪᠤᠯ ᠬᠦᠮᠦᠨ ᠲᠦᠷᠦᠯᠬᠢᠳᠡᠨ ᠤ ᠨᠡᠶᠢᠭᠡᠮ ᠤᠨ ᠠᠵᠢᠯᠯᠠᠭ᠎ᠠ ᠶᠢᠨ ᠪᠤᠳᠠᠰ ᠤᠨ ᠰᠠᠭᠤᠷᠢ ᠮᠦᠨ᠃ ᠡᠨᠧᠷᠬᠢ ᠶᠢᠨ ᠠᠵᠤ ᠦᠢᠯᠡᠰ ᠪᠤᠯ ᠤᠯᠤᠰ ᠤᠨ ᠠᠵᠤ ᠦᠢᠯᠡᠰ ᠤᠨ ᠰᠠᠭᠤᠷᠢ ᠠᠵᠤ ᠦᠢᠯᠡᠰ ᠮᠦᠨ᠂ ᠲᠡᠷᠡ ᠨᠢ ᠤᠯᠤᠰ ᠠᠷᠠᠳ ᠤᠨ ᠠᠵᠤ ᠠᠬᠤᠢ ᠶᠢᠨ ᠭᠦᠭᠵᠢᠯᠳᠡ᠂ ᠠᠷᠠᠳ ᠤᠨ ᠠᠮᠢᠳᠤᠷᠠᠯ ᠤᠨ ᠰᠠᠶᠢᠵᠢᠷᠠᠯᠳᠠ ᠳᠤ ᠰᠢᠭᠤᠳ ᠬᠤᠯᠪᠤᠬᠳᠠᠨ᠎ᠠ᠃ ᠤᠳᠤ ᠬᠦᠭᠵᠢᠭᠰᠡᠨ ᠤᠯᠤᠰ ᠵᠦᠪᠭᠡᠨ ᠴᠢᠯᠠᠭᠤᠨ ᠲᠤᠰᠤ ᠶᠢ ᠲᠦᠰᠢᠭᠯᠡᠵᠦ ᠪᠠᠶᠢᠬᠰᠠᠨ ᠠᠴᠠ ᠪᠠᠨ ᠴᠢᠯᠠᠭᠤᠨ ᠲᠤᠰᠤ᠂ ᠰᠢᠳᠠᠭᠠᠯᠭ᠎ᠠ ᠶᠢᠨ ᠭᠡᠢ᠂ ᠤᠰᠤᠨ ᠡᠨᠧᠷᠬᠢ᠂ ᠨᠡᠭᠦᠷᠡᠰᠦ᠂ ᠴᠦᠮ᠎ᠡ ᠶᠢᠨ ᠡᠨᠧᠷᠬᠢ᠂ ᠲᠠᠬᠢᠯᠳᠠ ᠡᠨᠧᠷᠬᠢ ᠵᠡᠷᠭᠡ ᠶᠢ ᠬᠠᠮᠳᠤ ᠳᠤᠨᠢ ᠭᠡᠷᠡᠭᠯᠡᠵᠦ᠂ ᠡᠨᠧᠷᠬᠢ ᠶᠢ ᠠᠷᠪᠢᠯᠠᠬᠤ ᠶᠢᠨ ᠬᠠᠮᠳᠤ ᠤᠷᠴᠢᠨ ᠲᠤᠭᠤᠷᠢᠨ ᠤ ᠬᠠᠮᠠᠭᠠᠯᠠᠯᠳᠠ ᠶᠢ ᠴᠤ ᠮᠠᠰᠢ ᠠᠩᠬᠠᠷᠴᠤ ᠪᠠᠶᠢᠨ᠎ᠠ᠃ ᠤᠳᠤ ᠨᠡᠭᠦᠷᠡᠰᠦ ᠶᠢ ᠴᠡᠪᠡᠷᠰᠢᠭᠦᠯᠭᠦ ᠮᠡᠷᠭᠡᠵᠢᠯ᠂ ᠰᠢᠳᠠᠭᠠᠯᠭ᠎ᠠ ᠶᠢᠨ ᠳ᠋ᠢᠶᠠᠨ ᠊ᠤᠤᠢ᠂ ᠰᠢᠨ᠎ᠡ ᠡᠨᠧᠷᠬᠢ ᠪᠠ ᠲᠠᠬᠢᠯᠳᠠ ᠡᠨᠧᠷᠬᠢ᠂ ᠴᠦᠮ᠎ᠡ ᠶᠢᠨ ᠴᠠᠬᠢᠯᠭᠠᠨ ᠤ ᠮᠡᠷᠭᠡᠵᠢᠯ ᠢ ᠶᠡᠭᠡ ᠪᠠᠷ ᠭᠦᠭᠵᠢᠭᠦᠯᠵᠦ ᠪᠠᠶᠢᠨ᠎ᠠ᠃ ᠴᠦᠮ᠎ᠡ ᠶᠢᠨ ᠴᠠᠬᠢᠯᠭᠠᠨ ᠨᠢ ᠠᠶᠤᠯ ᠦᠭᠡᠢ᠂ ᠴᠡᠪᠡᠷᠭᠡᠨ᠂ ᠪᠤᠯᠪᠠᠰᠤᠷᠠᠬᠰᠠᠨ ᠡᠨᠧᠷᠬᠢ ᠶᠢᠨ ᠬᠤᠪᠢ ᠪᠠᠷ ᠤᠯᠠᠨ ᠤᠯᠤᠰ ᠲᠤ ᠬᠦᠯᠢᠶᠡᠭᠳᠡᠵᠦ᠂ ᠮᠠᠰᠢ ᠤᠯᠠᠨ ᠬᠦᠭᠵᠢᠭᠰᠡᠨ ᠤᠯᠤᠰ ᠴᠦᠮ᠎ᠡ ᠶᠢᠨ ᠴᠠᠬᠢᠯᠭᠠᠨ ᠢ ᠡᠨᠧᠷᠬᠢ ᠶᠢᠨ ᠨᠢᠭᠡ ᠲᠤᠯᠭᠠᠭᠤᠷᠢ ᠬᠦᠴᠦᠨ ᠪᠤᠯᠭᠠᠨ ᠬᠦᠭᠵᠢᠭᠦᠯᠵᠦ ᠪᠤᠢ᠃ ᠰᠢᠨ᠎ᠡ ᠡᠨᠧᠷᠬᠢ ᠶᠢ ᠠᠰᠢᠬᠯᠠᠬᠤ ᠲᠠᠯ᠎ᠠ ᠪᠠᠷ ᠮᠠᠨ ᠤ ᠤᠯᠤᠰ ᠨᠡᠯᠢᠶᠡᠳ ᠬᠤᠴᠤᠷᠴᠤ ᠪᠠᠶᠢᠨ᠎ᠠ᠃

       ᠵᠢᠷᠭᠤᠭ᠎ᠠ᠂ ᠤᠳᠤ ᠦᠶ᠎ᠡ ᠶᠢᠨ ᠠᠮᠢᠳᠤ ᠪᠤᠳᠠᠰ ᠤᠨ ᠮᠡᠷᠭᠡᠵᠢᠯ
       ᠠᠮᠢᠳᠤ ᠪᠤᠳᠠᠰ ᠤᠨ ᠮᠡᠷᠭᠡᠵᠢᠯ ᠪᠤᠯ ᠠᠮᠢᠳᠤ ᠪᠤᠳᠠᠰ ᠤᠨ ᠰᠢᠨᠵᠢᠯᠡᠭᠦ ᠤᠬᠠᠭᠠᠨ ᠢᠶᠠᠷ ᠰᠠᠭᠤᠷᠢ ᠪᠤᠯᠭᠠᠵᠤ᠂ ᠠᠮᠢᠳᠤ ᠪᠤᠳᠠᠰ ᠤᠨ ᠰᠢᠰᠲ᠋ᠧᠮ ︵ᠪᠤᠳᠠᠭᠠᠯᠢ ᠪᠡᠶ᠎ᠡ᠂ ᠨᠡᠭᠡᠳᠡᠰᠦ᠂ ᠡᠰ ᠪᠠ ᠭᠸᠡ︶ ᠪᠠ ᠢᠨᠵᠧᠨᠧᠷᠢᠩ ᠤᠨ ᠤᠬ ᠶᠤᠰᠤ ᠶᠢ ᠠᠰᠢᠬᠯᠠᠵᠤ᠂ ᠠᠮᠢᠳᠤ ᠪᠤᠳᠠᠰ ᠤᠨ ᠦᠢᠯᠡᠳᠭᠦᠨ ᠢ ᠦᠢᠯᠡᠳᠪᠦᠷᠢᠯᠡᠭᠦ᠂ ᠰᠢᠨ᠎ᠡ ᠠᠮᠢᠳᠤ ᠪᠤᠳᠠᠰ ᠤᠨ ᠡᠭᠦᠯᠳᠡᠷ ᠢ ᠪᠤᠶᠢᠵᠢᠭᠤᠯᠬᠤ ᠡᠰᠡᠭᠦᠯ᠎ᠡ ᠡᠭᠦᠨ ᠤ ᠲᠤᠬᠠᠢ ᠨᠡᠶᠢᠭᠡᠮ ᠤᠨ ᠦᠢᠯᠡᠴᠢᠯᠡᠭᠡᠨ ᠬᠠᠨᠭ᠍ᠭᠠᠬᠤ ᠶᠡᠷᠦᠩᠭᠡᠶᠢᠯᠡᠭᠰᠡᠨ ᠴᠢᠨᠠᠷᠳᠠᠢ ᠰᠢᠨᠵᠢᠯᠡᠭᠦ ᠤᠬᠠᠭᠠᠨ ᠮᠡᠷᠭᠡᠵᠢᠯ ᠮᠦᠨ᠃ ᠡᠭᠦᠨ ᠳᠤ ᠭᠤᠤᠯᠳᠠᠭᠤ ᠭᠸᠡ ᠤ ᠢᠨᠵᠧᠨᠧᠷᠢᠩ᠂ ᠡᠰ ᠤᠨ ᠢᠨᠵᠧᠨᠧᠷᠢᠩ᠂ ᠢᠰᠭᠡᠭᠦᠷ ᠤᠨ ᠢᠨᠵᠧᠨᠧᠷᠢᠩ ᠪᠠ ᠢᠰᠭᠡᠭᠦ ᠢᠨᠵᠧᠨᠧᠷᠢᠩ ᠵᠡᠷᠭᠡ ᠲᠦᠷᠪᠡᠨ ᠲᠠᠯ᠎ᠠ ᠪᠠᠭᠳᠠᠨ᠎ᠠ᠂ ᠭᠤᠤᠯ ᠨᠢ ᠭᠸᠡ ᠪᠠ ᠡᠰ ᠤᠨ ᠢᠨᠵᠧᠨᠧᠷᠢᠩ ᠪᠤᠯᠤᠨ᠎ᠠ᠃ ᠠᠮᠢᠳᠤ ᠪᠤᠳᠠᠰ ᠤᠨ ᠢᠨᠵᠧᠨᠧᠷᠢᠩ ᠢ ᠠᠨᠠᠭᠠᠬᠤ ᠤᠬᠠᠭᠠᠨ ᠳᠤ ᠦᠷᠭᠡᠨ ᠢᠶᠠᠷ ᠬᠡᠷᠡᠭᠯᠡᠵᠦ ᠰᠢᠨ᠎ᠡ ᠡᠮ ᠦᠢᠯᠡᠳᠭᠦ ᠪᠠ ᠦᠮᠡᠨ᠂ ᠠᠶᠢᠽᠢ ᠡᠪᠡᠳᠴᠢᠨ ᠵᠡᠷᠭᠡ ᠶᠢ ᠵᠠᠰᠠᠬᠤ ᠳᠤ ᠬᠡᠷᠡᠭᠯᠡᠭᠦ ᠪᠠᠷ ᠪᠠᠶᠢᠨ᠎ᠠ᠃ ᠶᠡᠷᠡᠭᠡᠳ ᠤᠨ ᠠᠴᠠ ᠨᠠᠰᠢ ᠠᠮᠢᠳᠤ ᠪᠤᠳᠠᠰ ᠤᠨ ᠮᠡᠷᠭᠡᠵᠢᠯ ᠤᠨ ᠰᠤᠳᠤᠯᠤᠯ ᠲᠤᠤᠷᠠᠬᠢ ᠠᠷᠪᠠᠨ ᠲᠠᠯ᠎ᠠ ᠪᠠᠷ ᠬᠠᠯᠠᠭᠤᠷᠠᠵᠤ ᠪᠠᠶᠢᠨ᠎ᠠ᠄ ᠡᠭᠦᠨ ᠳᠤ ᠭᠸᠡ ᠤ ᠦᠷᠭᠡᠳᠭᠡᠯ ᠨᠡᠮᠡᠭᠳᠡᠯ᠂ ᠬᠦᠮᠦᠨ ᠲᠦᠷᠦᠯᠬᠢᠳᠡᠨ ᠤ ᠭᠸᠡ ᠤ ᠪᠦᠯᠦᠭ ᠤᠨ ᠲᠦᠯᠦᠪᠯᠡᠭᠡ᠂ ᠠᠮᠢᠳᠤ ᠪᠤᠳᠠᠰ ᠤᠨ ᠴᠤᠬᠴᠠᠰ ᠢ ᠲᠠᠬᠢᠨ ᠪᠦᠷᠢᠳᠦᠭᠦᠯᠭᠦ ᠲᠤᠷᠰᠢᠯᠳᠠ᠂ ᠠᠮᠢᠳᠤ ᠪᠤᠳᠠᠰ ᠤᠨ ᠰᠡᠷᠡᠯ ᠲᠡᠮᠵᠢᠯᠭ᠎ᠠ᠂ ᠮᠡᠳᠡᠷᠡᠯ ᠤᠨ ᠰᠢᠨᠵᠢᠯᠡᠭᠦ ᠤᠬᠠᠭᠠᠨ᠂ ᠤᠭᠤᠷᠠᠬ ᠤᠨ ᠢᠨᠵᠧᠨᠧᠷᠢᠩ᠂ ᠲᠠᠷᠢᠶᠠᠯᠠᠩ ᠤᠨ ᠠᠮᠢᠳᠤ ᠪᠤᠳᠠᠰ ᠤᠨ ᠢᠨᠵᠧᠨᠧᠷᠢᠩ᠂ ᠭᠸᠡ ᠰᠢᠯᠵᠢᠭᠦᠯᠦᠭᠰᠡᠨ ᠠᠮᠢᠳᠤ ᠪᠤᠳᠠᠰ ᠤᠨ ᠴᠤᠬᠴᠠᠰ᠂ ᠡᠰ ᠪᠤᠶᠢᠵᠢᠭᠤᠯᠬᠤ ᠵᠢᠴᠢ ᠡᠰᠡᠷᠭᠦ ᠪᠦᠭᠡᠮ ᠬᠦᠴᠢᠯ ᠪᠤᠯᠤᠨ ᠲᠡᠭᠦᠨ ᠲᠠᠢ ᠠᠳᠠᠯᠢᠪᠳᠤᠷ ᠪᠤᠳᠠᠰ ᠤᠨ ᠰᠤᠳᠤᠯᠤᠯ ᠪᠠᠭᠳᠠᠨ᠎ᠠ᠃ ᠰᠤᠳᠤᠯᠤᠯ ᠤᠨ ᠳ᠋ᠦᠩ ᠳᠤ ᠮᠠᠰᠢ ᠤᠯᠠᠨ ᠠᠮᠢᠳᠤ ᠪᠤᠳᠠᠰ ᠤᠨ ᠮᠡᠷᠭᠡᠵᠢᠯ ᠤᠨ ᠦᠢᠯᠡᠳᠭᠦᠨ ᠪᠤᠢ ᠪᠤᠯᠵᠤ ᠠᠵᠤ ᠦᠢᠯᠡᠰᠵᠢᠭᠦ ᠵᠦᠭ ᠭᠦᠭᠵᠢᠵᠦ ᠪᠠᠶᠢᠨ᠎ᠠ᠃

       ᠲᠤᠯᠤᠭ᠎ᠠ᠂ ᠭᠡᠷᠡᠯ ᠴᠠᠬᠢᠯᠭᠠᠨ ᠤ ᠡᠯᠧᠺᠲᠷᠤᠨ ᠪᠠ ᠯᠠᠶᠢᠰᠧᠷ ᠮᠡᠷᠭᠡᠵᠢᠯ
       ᠡᠨᠡ ᠪᠤᠯ 20 ᠳ᠋ᠤᠭᠠᠷ ᠵᠠᠭᠤᠨ ᠤ ᠬᠠᠮᠤᠬ ᠤᠨ ᠴᠢᠬᠤᠯᠠ ᠡᠭᠦᠳᠦᠯᠳᠡ ᠶᠢᠨ ᠨᠢᠭᠡ ᠮᠦᠨ᠃ ᠲᠡᠭᠦᠨ ᠢ ᠤᠳᠤᠬᠠᠨ ᠳᠤ ᠠᠵᠤ ᠦᠢᠯᠡᠳᠪᠦᠷᠢ᠂ ᠲᠠᠷᠢᠶᠠᠯᠠᠩ᠂ ᠡᠨᠧᠷᠬᠢ ᠬᠦᠳᠡᠯᠭᠡᠭᠦᠷ᠂ ᠴᠢᠮᠡᠭᠡ ᠨᠡᠪᠳᠡᠷᠡᠭᠦᠯᠭᠡ ᠪᠠ ᠮᠡᠳᠡᠭᠡ ᠵᠠᠩᠬᠢ ᠬᠠᠳᠠᠭᠠᠯᠠᠬᠤ᠂ ᠡᠮ ᠡᠮᠨᠡᠯᠭᠡ ᠡᠷᠡᠭᠦᠯ ᠬᠠᠮᠠᠭᠠᠯᠠᠯ᠂ ᠴᠡᠷᠢᠭ ᠲᠠᠶᠢᠨ᠂ ᠰᠤᠶᠤᠯ ᠤᠷᠠᠯᠢᠬ᠂ ᠰᠢᠨᠵᠢᠯᠡᠭᠦ ᠤᠬᠠᠭᠠᠨ ᠤ ᠰᠤᠳᠤᠯᠤᠯ ᠵᠡᠷᠭᠡ ᠬᠦᠷᠢᠶᠡᠨ ᠳᠤ ᠦᠷᠭᠡᠨ ᠢᠶᠠᠷ ᠬᠡᠷᠡᠭᠯᠡᠵᠦ ᠯᠤᠳᠤ ᠶᠡᠭᠡ ᠨᠦᠯᠦᠭᠡ ᠭᠠᠷᠭᠠᠪᠠ᠃ ᠯᠠᠶᠢᠰᠧᠷ ᠪᠠᠭᠠᠵᠢ ᠶᠢᠨ ᠲᠤᠳᠤᠷ᠎ᠠ ᠠᠴᠠ ᠬᠠᠭᠠᠰ ᠲᠠᠮᠵᠢᠭᠤᠯᠬᠤ ᠯᠠᠶᠢᠰᠧᠷ ᠪᠠᠭᠠᠵᠢ ᠶᠢ ᠦᠷᠭᠡᠨ ᠢᠶᠠᠷ ᠬᠡᠷᠡᠭᠯᠡᠵᠦ ᠪᠠᠶᠢᠨ᠎ᠠ᠂ ᠲᠡᠭᠦᠨ ᠢ ᠡᠩ ᠤᠨ ᠯᠠᠶᠢᠰᠧᠷ ᠪᠠᠭᠠᠵᠢ ᠲᠠᠢ ᠬᠠᠷᠢᠴᠠᠭᠤᠯᠪᠠᠯ ᠡᠵᠡᠯᠡᠭᠦᠨ ᠨᠢ ᠪᠠᠭ᠎ᠠ᠂ ᠬᠦᠡᠭᠭᠡᠨ᠂ ᠭᠡᠷᠡᠭᠯᠡᠭᠦ ᠳᠤ ᠲᠦᠭᠦᠮ᠂ ᠭᠡᠷᠡᠭᠯᠡᠭᠦ ᠬᠤᠭᠤᠴᠠᠭ᠎ᠠ ᠨᠢ ᠤᠷᠳᠤ᠂ ᠪᠦᠭᠡᠮ ᠢᠶᠠᠷ ᠦᠢᠯᠡᠳᠪᠦᠷᠢᠯᠡᠭᠦ ᠦᠪᠡᠷ ᠤᠨ ᠦᠷᠳᠡᠭ ᠨᠢ ᠬᠢᠮᠳᠠ ᠵᠡᠷᠭᠡ ᠤᠨᠴᠠᠯᠢᠬ ᠲᠠᠢ᠃ ᠮᠤᠯᠧᠺᠦ᠋ᠯᠯᠢᠬ ᠪᠠ ᠶᠡᠭᠡ ᠴᠢᠳᠠᠪᠤᠷᠢᠳᠤ ᠬᠦᠷᠢᠨ ᠤ ᠭᠠᠳᠠᠨᠠᠬᠢ ᠯᠠᠶᠢᠰᠧᠷ ᠪᠠᠭᠠᠵᠢ ᠪᠤᠯ ᠠᠵᠤ ᠦᠢᠯᠡᠳᠪᠦᠷᠢ ᠳᠤ ᠬᠡᠷᠡᠭᠯᠡᠭᠦ ᠭᠤᠳᠠᠭᠠᠷ ᠦᠶ᠎ᠡ ᠶᠢᠨ ᠯᠠᠶᠢᠰᠧᠷ ᠪᠠᠭᠠᠵᠢ ᠮᠦᠨ᠂ ᠬᠢᠮᠢ ᠶᠢᠨ ᠠᠵᠤ ᠦᠢᠯᠡᠳᠪᠦᠷᠢ᠂ ᠡᠯᠧᠺᠲᠷᠤᠨ ᠠᠵᠤ ᠦᠢᠯᠡᠳᠪᠦᠷᠢ ᠳᠤ ᠤᠨᠴᠠ ᠴᠢᠳᠠᠪᠤᠷᠢ ᠲᠠᠢ ᠪᠦᠭᠡᠳ ᠮᠠᠰᠢᠨ ᠲᠡᠷᠭᠡ᠂ ᠠᠭᠠᠷ ᠰᠠᠨᠰᠠᠷ ᠤᠨ ᠠᠶᠠᠯᠠᠯ ᠤᠨ ᠮᠠᠲ᠋ᠧᠷᠢᠶᠠᠯ ᠡᠳ᠋ᠰᠢᠭᠦᠯᠭᠦ ᠳᠤ ᠲᠤᠳᠠᠬᠳᠠᠵᠤ ᠪᠤᠯᠤᠰᠢ ᠦᠭᠡᠢ ᠭᠡᠷᠡᠯ ᠤᠨ ᠢᠷᠡᠯᠳᠡ ᠪᠤᠯᠵᠤ ᠪᠠᠶᠢᠨ᠎ᠠ᠃ ᠯᠠᠶᠢᠰᠧᠷ ᠲᠠᠪᠠᠬ ᠤᠨ ᠬᠠᠳᠠᠭᠠᠯᠠᠯᠳᠠ ᠶᠢᠨ ᠮᠡᠷᠭᠡᠵᠢᠯ ᠤᠨ ᠬᠠᠳᠠᠭᠠᠯᠠᠮᠵᠢ ᠶᠢᠨ ᠭᠡᠮᠵᠢᠶ᠎ᠡ ᠨᠢ ᠶᠡᠭᠡ᠂ ᠲᠡᠮᠳᠡᠭᠯᠡᠭᠦ ᠨᠢᠬᠳᠠᠴᠠ ᠨᠢ ᠦᠨᠳᠦᠷ᠂ ᠬᠠᠳᠠᠭᠠᠯᠠᠬᠤ ᠬᠤᠷᠳᠤᠴᠠ ᠨᠢ ᠲᠦᠷᠭᠡᠨ ᠪᠠ ᠭᠡᠷᠡᠭᠯᠡᠭᠦ ᠴᠠᠭ ᠨᠢ ᠤᠷᠳᠤ ᠵᠡᠷᠭᠡ ᠴᠢᠬᠤᠯᠠ ᠤᠨᠴᠠᠯᠢᠬ ᠲᠠᠢ ᠪᠠᠶᠢᠵᠤ᠂ ᠲᠡᠯᠡᠭᠡᠢ ᠶᠢᠨ ᠡᠯᠧᠺᠲᠷᠤᠨ ᠮᠡᠷᠭᠡᠵᠢᠯ ᠤᠨ ᠭᠤᠤᠯᠳᠠᠯᠭ᠎ᠠ ᠲᠠᠢ ᠨᠡᠭᠡᠭᠡᠨ ᠭᠦᠭᠵᠢᠭᠦᠯᠭᠦ ᠲᠦᠷᠦᠯ ᠵᠦᠢᠯ ᠤᠨ ᠨᠢᠭᠡ ᠨᠢ ᠪᠤᠯᠵᠠᠢ᠃ ᠯᠠᠶᠢᠰᠧᠷ ᠲᠡᠪᠠᠬ ᠢ ᠲᠤᠭ᠎ᠠ ᠪᠠᠷᠢᠮᠳᠠ᠂ ᠦᠰᠦᠭ ᠪᠢᠴᠢᠭ᠂ ᠵᠢᠷᠤᠬ ᠲᠦᠷᠰᠦ᠂ ᠲᠠᠭᠤ ᠴᠢᠮᠡᠭᠡ ᠵᠡᠷᠭᠡ ᠶᠢ ᠬᠠᠳᠠᠭᠠᠯᠠᠬᠤ ᠳᠤ ᠭᠡᠷᠡᠭᠯᠡᠭᠦ ᠪᠤᠯᠪᠠ᠃ ᠲᠤᠳᠤᠷᠠᠭᠤᠯᠬᠤ ᠮᠡᠷᠭᠡᠵᠢᠯ ᠤᠨ ᠲᠤᠳᠤᠷᠠᠭᠤᠯᠬᠤ ᠪᠤᠯ ᠮᠡᠳᠡᠭᠡ ᠵᠠᠩᠬᠢ ᠶᠢᠨ ᠴᠠᠬ ᠦᠶ᠎ᠡ ᠳᠤ ᠤᠷᠤᠬᠤ ᠶᠢᠨ ᠴᠤᠩᠬᠤᠪᠴᠢ ᠮᠦᠨ᠃ ᠮᠡᠳᠡᠭᠡ ᠵᠠᠩᠬᠢ ᠶᠢᠨ ᠶᠡᠭᠡ ᠪᠠᠭᠳᠠᠭᠠᠮᠵᠢ᠂ ᠲᠡᠭᠡᠳᠦ ᠲᠤᠳᠤᠷᠠᠴᠠ ᠪᠠ ᠪᠤᠳᠤᠬᠳᠤ ᠲᠤᠳᠤᠷᠠᠭᠤᠯᠤᠮᠵᠢ ᠪᠤᠯ 21 ᠳ᠋ᠤᠭᠡᠷ ᠵᠠᠭᠤᠨ ᠤ ᠡᠯ᠎ᠡ ᠤᠯᠤᠰ ᠤᠨ ᠰᠢᠷᠦᠭᠦᠨ ᠦᠷᠢᠰᠦᠯᠳᠦᠭᠦ ᠲᠡᠭᠡᠳᠦ ᠮᠡᠷᠭᠡᠵᠢᠯ ᠤᠨ ᠬᠦᠷᠢᠶ᠎ᠡ ᠪᠤᠯᠤᠨ᠎ᠠ᠃ ᠡᠭᠦᠨ ᠤ ᠲᠤᠳᠤᠷ᠎ᠠ ᠰᠢᠩᠭᠡᠨ ᠲᠠᠯᠠᠰᠳᠤ ᠶᠢᠨ ᠲᠤᠳᠤᠷᠠᠭᠤᠯᠬᠤ ᠮᠡᠷᠭᠡᠵᠢᠯ ᠭᠤᠤᠯ ᠪᠤᠯᠵᠤ᠂ ᠲᠡᠭᠦᠨ ᠤ ᠦᠢᠯᠡᠳᠭᠦᠨ ᠪᠤᠯᠤᠨ ᠠᠵᠤ ᠦᠢᠯᠡᠰ ᠨᠢ ᠪᠦᠭᠦ᠋ᠢᠯᠡ ᠮᠡᠳᠡᠭᠡ ᠵᠠᠩᠬᠢ ᠶᠢᠨ ᠠᠵᠤ ᠦᠢᠯᠡᠰ ᠤᠨ ᠲᠤᠳᠤᠷ᠎ᠠ ᠴᠢᠬᠤᠯᠠ ᠪᠠᠶᠢᠷᠢ ᠶᠢ ᠡᠵᠡᠯᠡᠵᠦ ᠪᠠᠶᠢᠨ᠎ᠠ᠃ ᠮᠠᠨ ᠤ ᠤᠯᠤᠰ ᠵᠢᠷᠠᠭᠠᠳ ᠤᠨ ᠠᠴᠠ ᠡᠬᠢᠯᠡᠨ ᠰᠢᠩᠭᠡᠨ ᠲᠠᠯᠠᠰᠳᠤ ᠶᠢ ᠰᠤᠳᠤᠯᠤᠭᠠᠳ ᠤᠯᠠᠨ ᠦᠷ᠎ᠡ ᠪᠦᠳᠦᠭᠡᠯ ᠭᠠᠷᠭᠠᠵᠤ᠂ 12 ᠵᠦᠢᠯ ᠤᠨ ᠲᠤᠰᠬᠠᠢ ᠠᠰᠢᠬ ᠭᠤᠶᠤᠴᠢᠯᠠᠵᠤ ᠤᠯᠪᠠ᠃ ᠯᠠᠶᠢᠰᠧᠷ ᠤᠨ ᠡᠮ ᠡᠮᠨᠡᠯᠭᠡ ᠶᠢᠨ ᠪᠠᠭᠠᠵᠢ ᠬᠡᠷᠡᠭᠯᠡᠭᠦᠷ ᠢ ᠨᠡᠩ ᠤᠯᠠᠨ ᠦᠢᠯᠡᠳᠴᠦ᠂ ᠲᠤᠰᠬᠠᠢ ᠰᠤᠳᠤᠯᠭᠠᠨ ᠪᠤᠯᠭᠠᠨ ᠭᠦᠭᠵᠢᠭᠦᠯᠵᠦ᠂ ᠵᠠᠷᠢᠮ ᠦᠢᠯᠡᠳᠭᠦᠨ ᠨᠢ ᠤᠯᠤᠰ ᠤᠨ ᠲᠤᠳᠤᠭᠠᠳᠤ ᠭᠠᠳᠠᠭᠠᠳᠤ ᠶᠢᠨ ᠵᠠᠬ᠎ᠠ ᠲᠡᠯᠭᠡᠭᠦᠷ ᠲᠡᠭᠡᠷ᠎ᠡ ᠪᠤᠷᠤᠯᠠᠭᠤᠯᠤᠯᠳᠠ ᠰᠠᠶᠢᠳᠠᠢ ᠲᠠᠸᠠᠷ ᠪᠤᠯᠪᠠ᠃

       ᠨᠠᠢᠮᠠ᠂ ᠤᠬᠳᠠᠷᠭᠤᠢ ᠶᠢᠨ ᠮᠡᠷᠭᠡᠵᠢᠯ
       ᠬᠦᠮᠦᠨ ᠲᠦᠷᠦᠯᠬᠢᠳᠡᠨ ᠤ ᠠᠵᠢᠯᠯᠠᠭ᠎ᠠ ᠶᠢᠨ ᠬᠦᠷᠢᠶ᠎ᠡ ᠭᠡᠪᠴᠢᠶ᠎ᠡ ᠨᠢ ᠡᠭᠡ ᠬᠠᠭᠤᠷᠠᠢ ᠠᠴᠠ ᠲᠠᠯᠠᠢ ᠲᠠᠩᠬᠢᠰ ᠲᠤ᠂ ᠲᠠᠯᠠᠢ ᠲᠠᠩᠬᠢᠰ ᠠᠴᠠ ᠠᠭᠠᠷ ᠮᠠᠨᠳᠠᠯ ᠳᠤ ᠴᠢᠨᠠᠬᠰᠢᠯᠠᠭᠠᠳ ᠠᠭᠠᠷ ᠮᠠᠨᠳᠠᠯ ᠠᠴᠠ ᠰᠠᠨᠰᠠᠷ ᠵᠦᠭ ᠦᠷᠭᠡᠳᠭᠦ ᠶᠠᠪᠤᠴᠠ ᠶᠢ ᠦᠡᠭᠭᠡᠷᠡᠭᠦᠯᠪᠡ᠃ ᠬᠦᠮᠦᠨ ᠲᠦᠷᠦᠯᠬᠢᠳᠡᠨ ᠤ ᠠᠵᠢᠯᠯᠠᠭᠠᠨ ᠤ ᠬᠦᠷᠢᠶ᠎ᠠ ᠭᠡᠪᠴᠢᠶ᠎ᠠ ᠶᠢᠨ ᠦᠰᠦᠷᠦᠯᠳᠡ ᠪᠦᠷᠢ ᠨᠢ ᠴᠦᠮ ᠬᠦᠮᠦᠨ ᠲᠦᠷᠦᠯᠬᠢᠳᠡᠨ ᠤ ᠪᠠᠶᠢᠭᠠᠯᠢ ᠶᠢ ᠲᠠᠨᠢᠬᠤ ᠪᠠ ᠦᠭᠡᠷᠡᠴᠢᠯᠡᠭᠦ ᠴᠢᠳᠠᠪᠤᠷᠢ ᠶᠢ ᠶᠡᠭᠡᠪᠡᠷ ᠨᠡᠮᠡᠭᠳᠡᠭᠦᠯᠵᠦ᠂ ᠦᠢᠯᠡᠳᠪᠦᠷᠢᠯᠠᠯ ᠤᠨ ᠬᠦᠴᠦᠨ ᠤ ᠭᠦᠭᠵᠢᠯᠳᠡ ᠪᠠ ᠨᠠᠶᠢᠭᠡᠮ ᠤᠨ ᠲᠠᠪᠰᠢᠯᠳᠠ ᠶᠢ ᠠᠬᠢᠭᠤᠯᠳᠠᠬ᠃ ᠰᠠᠨᠰᠠᠷ ᠤᠨ ᠮᠡᠷᠭᠡᠵᠢᠯ ᠭᠡᠭᠴᠢ ᠪᠤᠯ ᠰᠠᠨᠰᠠᠷ ᠤᠨ ᠨᠢᠰᠭᠡᠭᠦᠷ ᠢ ᠭᠡᠷᠬᠢᠨ ᠰᠠᠨᠰᠠᠷ ᠲᠤ ᠬᠦᠷᠭᠡᠵᠦ ᠪᠠᠰᠠ ᠲᠡᠨᠳᠡ ᠠᠮᠵᠢᠯᠳᠠ ᠲᠠᠢ ᠠᠵᠢᠯᠯᠠᠵᠤ᠂ ᠰᠠᠨᠰᠠᠷ ᠤᠨ ᠲᠠᠪᠬᠤᠷᠭ᠎ᠠ ᠶᠢ ᠰᠦᠪᠡᠭᠴᠢᠯᠡᠨ᠂ ᠨᠡᠭᠡᠭᠡᠨ ᠠᠰᠢᠬᠯᠠᠬᠤ ᠵᠢᠴᠢ ᠲᠡᠯᠡᠭᠡᠢ ᠶᠢᠨ ᠪᠦᠮᠪᠦᠷᠴᠡᠭ ᠠᠴᠠ ᠪᠤᠰᠤᠳ ᠤᠳᠤᠨ ᠴᠤᠬᠴᠠᠰ ᠢ ᠰᠤᠳᠤᠯᠬᠤ ᠶᠡᠷᠦᠩᠭᠡᠶᠢᠯᠡᠭᠰᠡᠨ ᠴᠢᠨᠠᠷᠳᠠᠢ ᠮᠡᠷᠭᠡᠵᠢᠯ ᠪᠤᠯᠤᠨ᠎ᠠ᠃ ᠰᠠᠨᠰᠠᠷ ᠤᠨ ᠮᠡᠷᠭᠡᠵᠢᠯ ᠤᠨ ᠰᠤᠳᠤᠯᠤᠯ ᠨᠢ ᠡᠭᠦᠨ ᠯᠦᠭᠡ ᠬᠤᠯᠪᠤᠬᠳᠠᠯ ᠲᠠᠢ ᠤᠯᠠᠨ ᠰᠢᠨᠵᠢᠯᠡᠭᠡᠨ ᠤ ᠰᠠᠯᠠᠭᠠᠨ ᠤ ᠰᠤᠳᠤᠯᠤᠯ ᠢ ᠶᠡᠭᠡᠪᠡᠷ ᠠᠬᠢᠭᠤᠯᠵᠠᠢ᠃
       1957 ᠤᠨ ᠤ 10 ᠰᠠᠷ᠎ᠠ ᠶᠢᠨ 4 ᠤ ᠡᠳᠦᠷ᠂ ᠤᠤᠯ ᠤᠨ ᠵᠦᠪᠯᠡᠯᠳᠦ ᠬᠤᠯᠪᠤᠭᠠᠳᠤ ᠤᠯᠤᠰ ᠲᠡᠯᠡᠭᠡᠢ ᠶᠢᠨ ᠠᠩᠬᠠᠳᠠᠬᠴᠢ ᠵᠤᠬᠢᠶᠠᠮᠠᠯ ᠲᠠᠭᠠᠭᠤᠯᠢ ᠤᠳᠤᠨ ᠢ ᠤᠬᠳᠠᠷᠭᠤᠢ ᠳᠤ ᠬᠠᠷᠪᠤᠨ ᠭᠠᠷᠭᠠᠵᠤ ᠬᠦᠮᠦᠨ ᠲᠦᠷᠦᠯᠬᠢᠳᠡᠨ ᠤ ᠰᠠᠨᠰᠠᠷ ᠤᠨ ᠰᠢᠨ᠎ᠡ ᠡᠷᠡᠨ ᠵᠠᠭᠤᠨ ᠢ ᠨᠡᠭᠡᠭᠡᠭᠰᠡᠨ ᠠᠴᠠ ᠨᠠᠰᠢ ᠡᠯ᠎ᠡ ᠤᠯᠤᠰ ᠨᠡᠶᠢᠳᠡ 4000 ᠭᠠᠷᠤᠢ ᠰᠠᠨᠰᠠᠷ ᠤᠨ ᠨᠢᠰᠭᠡᠭᠦᠷ ᠢ ᠬᠠᠷᠪᠤᠨ ᠭᠠᠷᠭᠠᠵᠤ᠂ ᠪᠠᠷᠤᠬ 7000 ᠳ᠋ᠦᠡᠭᠰᠢᠭᠤᠷ ᠳ᠋ᠤᠯᠯᠠᠷ ᠵᠠᠷᠤᠴᠠᠭᠤᠯᠵᠤ ᠪᠠᠶᠢᠨ᠎ᠠ᠃ ᠡᠭᠦᠨ ᠳᠤ ᠨᠡᠶᠢᠳᠡ 15 ᠮᠡᠳᠡᠭᠡ ᠬᠤᠯᠪᠤᠭᠠᠨ ᠤ ᠲᠠᠭᠠᠭᠤᠯᠢ ᠤᠳᠤᠨ ᠢ ᠬᠠᠷᠪᠤᠨ ᠭᠠᠷᠭᠠᠵᠤ ᠴᠠᠬᠢᠯᠭᠠᠨ ᠮᠡᠳᠡᠭᠡ᠂ ᠷᠠᠳᠢᠤ᠋ ᠲᠧᠯᠸᠢᠰ ᠲᠤ ᠬᠡᠷᠡᠭᠯᠡᠵᠦ ᠪᠠᠶᠢᠨ᠎ᠠ᠃ ᠲᠠᠭᠠᠭᠤᠯᠢ ᠤᠳᠤᠨ ᠠᠴᠠ ᠲᠡᠯᠡᠭᠡᠢ ᠶᠢᠨ ᠪᠦᠮᠪᠦᠷᠴᠡᠭ ᠢ ᠠᠵᠢᠬᠯᠠᠨ ᠰᠢᠨᠵᠢᠵᠦ᠂ ᠠᠯᠤᠰ ᠡᠵᠡᠮᠰᠢᠯ ᠤᠨ ᠮᠡᠷᠭᠡᠵᠢᠯ ᠢᠶᠠᠷ ᠠᠭᠠᠷ ᠤᠨ ᠠᠶᠠᠯᠠᠯ ᠪᠤᠶᠤ ᠲᠠᠶᠢᠨ ᠪᠠᠶᠢᠯᠳᠤᠭᠠᠨ ᠤ ᠨᠢᠰᠭᠡᠯ ᠢ ᠵᠢᠯᠤᠭᠤᠳᠬᠤ ᠵᠡᠷᠭᠡ ᠠᠵᠢᠯᠯᠠᠭ᠎ᠠ ᠶᠢ ᠬᠦᠢᠴᠡᠳᠭᠡᠵᠦ ᠪᠠᠶᠢᠨ᠎ᠠ᠃ ᠢᠯᠠᠩᠭᠤᠶ᠎ᠠ ᠬᠦᠮᠦᠨ ᠠᠴᠢᠬᠰᠠᠨ ᠨᠢᠰᠭᠦ ᠤᠡᠭᠭᠤᠴᠠ ᠪᠤᠶᠤ ᠰᠠᠨᠰᠠᠷ ᠤᠨ ᠨᠢᠰᠭᠡᠯ ᠢ ᠵᠤᠬᠢᠶᠠᠵᠤ᠂ ᠬᠦᠮᠦᠨ ᠲᠦᠷᠦᠯᠬᠢᠳᠡᠨ ᠤ ᠰᠠᠨᠰᠠᠷ ᠤᠨ ᠠᠶᠠᠯᠠᠯ ᠤᠨ ᠬᠦᠰᠢᠭᠡ ᠶᠢ ᠨᠡᠭᠡᠭᠡᠵᠡᠢ᠃ ᠮᠠᠨ ᠤ ᠤᠯᠤᠰ ᠤᠨ ᠰᠠᠨᠰᠠᠷ ᠤᠨ ᠮᠡᠷᠭᠡᠵᠢᠯ ᠴᠤ ᠲᠡᠯᠡᠭᠡᠢ ᠶᠢᠨ ᠲᠡᠷᠢᠭᠦᠨ ᠤ ᠭᠡᠮᠵᠢᠶᠡᠨ ᠳᠤ ᠬᠦᠷᠴᠦ᠂ ᠬᠦᠮᠦᠨ ᠰᠠᠭᠤᠬᠰᠠᠨ ᠨᠢᠰᠭᠡᠭᠦᠷ ᠤᠳᠠᠯ ᠦᠭᠡᠢ ᠰᠠᠨᠰᠠᠷ ᠲᠤ ᠭᠠᠷᠬᠤ ᠭᠡᠵᠦ ᠪᠤᠢ᠃

       ᠶᠢᠰᠦ᠂ ᠲᠡᠯᠠᠢ ᠲᠠᠩᠬᠢᠰ ᠤᠨ ᠲᠡᠭᠡᠳᠦ ᠮᠡᠷᠭᠡᠵᠢᠯ
       ᠡᠭᠡ ᠬᠠᠭᠤᠷᠠᠢ ᠲᠡᠭᠡᠷᠡᠬᠢ ᠡᠬᠢ ᠪᠠᠶᠠᠯᠢᠬ ᠡᠳᠦᠷ ᠲᠤᠳᠤᠮ ᠬᠤᠮᠰᠠᠳᠠᠵᠤ ᠪᠠᠶᠢᠬᠤ ᠤᠴᠢᠷ ᠠᠴᠠ ᠲᠠᠯᠠᠢ ᠲᠠᠩᠬᠢᠰ ᠲᠠᠬᠢ ᠡᠭᠢ ᠪᠠᠶᠠᠯᠢᠬ ᠦᠭᠡᠳᠡ ᠭᠠᠷ ᠰᠠᠷᠪᠠᠶᠢᠬᠴᠢᠳ ᠤᠯᠠᠮ ᠢᠶᠠᠷ ᠤᠯᠠᠰᠢᠷᠠᠵᠤ᠂ ᠤᠯᠠᠨ ᠤᠯᠤᠰ ᠤᠨ ᠦᠷᠢᠰᠦᠯᠳᠦᠭᠡᠨ ᠴᠤ ᠰᠢᠷᠦᠭᠦᠰᠴᠦ ᠪᠠᠶᠢᠨ᠎ᠠ᠃ ᠲᠠᠯᠠᠢ ᠲᠠᠩᠬᠢᠰ ᠨᠢ ᠡᠯ᠎ᠡ ᠤᠯᠤᠰ ᠤᠨ ᠤᠯᠤᠰ ᠲᠦᠷᠦ᠂ ᠠᠵᠤ ᠠᠬᠤᠢ᠂ ᠴᠡᠷᠢᠭ ᠤᠨ ᠶᠠᠪᠤᠳᠠᠯ ᠤᠨ ᠪᠠᠶᠢᠷᠢ ᠰᠠᠭᠤᠷᠢ ᠳᠤ ᠲᠤᠩ ᠴᠢᠬᠤᠯᠠ ᠦᠢᠯᠡᠳᠦᠯ ᠦᠵᠡᠭᠦᠯᠳᠡᠭ᠃ ᠤᠳᠤ ᠲᠠᠯᠠᠢ ᠲᠠᠩᠬᠢᠰ ᠤᠨ ᠲᠡᠭᠡᠳᠦ ᠮᠡᠷᠭᠡᠵᠢᠯ ᠳᠤ ᠭᠤᠤᠯᠳᠠᠭᠤ ᠲᠠᠯᠠᠢ ᠲᠠᠩᠬᠢᠰ ᠤᠨ ᠤᠷᠴᠢᠨ ᠲᠤᠭᠤᠷᠢᠨ ᠢ ᠬᠠᠶᠢᠨ ᠭᠡᠮᠵᠢᠭᠦ᠂ ᠲᠠᠯᠠᠢ ᠲᠠᠩᠬᠢᠰ ᠤᠨ ᠡᠬᠢ ᠪᠠᠶᠠᠯᠢᠬ ᠢ ᠪᠠᠶᠢᠴᠠᠭᠠᠬᠤ᠂ ᠲᠠᠯᠠᠢ ᠲᠠᠩᠬᠢᠰ ᠲᠠᠬᠢ ᠲᠤᠰᠤ ᠪᠠ ᠰᠢᠳᠠᠭᠠᠯᠭ᠎ᠠ ᠶᠢᠨ ᠭᠡᠢ ᠶᠢ ᠨᠡᠭᠡᠭᠡᠨ ᠠᠰᠢᠬᠯᠠᠬᠤ ᠮᠡᠷᠭᠡᠵᠢᠯ᠂ ᠬᠦᠨ ᠱᠤᠮᠪᠠᠭ᠋ᠤ ᠮᠡᠷᠭᠡᠵᠢᠯ᠂ ᠤᠰᠤᠨ ᠳᠠᠬᠢ ᠲᠠᠭᠤᠨ ᠪᠠ ᠲᠠᠯᠠᠢ ᠶᠢᠨ ᠠᠮᠢᠳᠤ ᠪᠤᠳᠠᠰ ᠤᠨ ᠮᠡᠷᠭᠡᠵᠢᠯ ᠵᠡᠷᠭᠡ ᠪᠠᠭᠳᠠᠬᠳᠠᠵᠤ ᠪᠠᠶᠢᠨ᠎ᠠ᠃ ᠲᠠᠯᠠᠢ ᠲᠠᠩᠬᠢᠰ ᠤᠨ ᠤᠷᠴᠢᠨ ᠲᠤᠭᠤᠷᠢᠨ ᠤ ᠬᠠᠶᠢᠯᠳᠠ ᠳᠤ ᠭᠤᠤᠯᠳᠠᠭᠤ ᠭᠡᠷᠡᠯ᠂ ᠲᠠᠭᠤ᠂ ᠴᠠᠬᠢᠯᠭᠠᠨ ᠢᠶᠠᠷ ᠮᠡᠳᠡᠭᠡ ᠵᠠᠩᠬᠢ ᠶᠢᠨ ᠠᠴᠢᠶᠠᠯᠠᠪᠤᠷᠢ ᠪᠤᠯᠭᠠᠬᠰᠠᠨ ᠠᠯᠤᠰ ᠡᠵᠡᠮᠰᠢᠯ ᠤᠨ ᠮᠡᠷᠭᠡᠵᠢᠯ ᠮᠠᠰᠢ ᠶᠡᠭᠡ ᠭᠦᠭᠵᠢᠯ ᠤᠨ ᠬᠠᠨᠳᠤᠰᠢ ᠲᠠᠢ ᠪᠠᠶᠢᠨ᠎ᠠ᠃ ᠲᠠᠯᠠᠢ ᠶᠢᠨ ᠰᠤᠳᠤᠯᠤᠯ ᠳᠤ ᠭᠡᠷᠡᠭᠯᠡᠭᠦ ᠪᠠᠷ ᠠᠮᠧᠷᠢᠺᠠ᠂ ᠶᠠᠫᠤᠨ᠂ ᠤᠷᠤᠰ ᠵᠡᠷᠭᠡ ᠤᠯᠤᠰ ᠠᠷᠪᠠᠨ ᠭᠡᠳᠦᠨ ᠲᠠᠭᠠᠭᠤᠯᠢ ᠤᠳᠤᠨ ᠬᠠᠷᠪᠤᠪᠠ᠂ ᠮᠠᠨ ᠤ ᠤᠯᠤᠰ 1985 ᠤᠨ ᠠᠴᠠ ᠡᠬᠢᠯᠡᠵᠦ ᠲᠠᠯᠠᠢ ᠶᠢᠨ ᠮᠡᠷᠭᠡᠵᠢᠯ ᠢ ᠰᠤᠳᠤᠯᠵᠤ᠂ ᠲᠠᠯᠠᠢ ᠲᠠᠩᠬᠢᠰ ᠤᠨ ᠤᠷᠴᠢᠨ ᠲᠤᠭᠤᠷᠢᠨ ᠪᠠ ᠲᠠᠯᠠᠢ ᠲᠠᠩᠬᠢᠰ ᠤᠨ ᠲᠤᠰᠤ ᠭᠡᠢ ᠶᠢᠨ ᠲᠤᠬᠠᠢ ᠮᠡᠷᠭᠡᠵᠢᠯ ᠢ ᠨᠡᠯᠢᠶᠡᠳ ᠭᠦᠭᠵᠢᠭᠦᠯᠵᠦ᠂ ᠤᠳᠤ 6000 ᠮᠧᠲᠷ ᠬᠦᠨ ᠲᠠᠯᠠᠢ ᠶᠢᠨ ᠢᠷᠤᠭᠠᠷ ᠲᠤ ᠮᠠᠰᠢᠨ ᠬᠦᠮᠦᠨ ᠢᠶᠠᠷ ᠪᠠᠶᠢᠴᠠᠭᠠᠯᠭᠠᠵᠤ ᠴᠢᠳᠠᠬᠤ ᠪᠤᠯᠪᠠ᠃ ᠭᠡᠪᠡᠴᠦ ᠶᠡᠷᠦᠩᠭᠡᠢ ᠳᠤᠨᠢ ᠠᠪᠴᠤ ᠦᠵᠡᠪᠡᠯ ᠮᠠᠨ ᠤ ᠤᠯᠤᠰ ᠤᠨ ᠡᠨᠡ ᠲᠠᠯ᠎ᠠ ᠶᠢᠨ ᠮᠡᠷᠭᠡᠵᠢᠯ ᠲᠡᠯᠡᠭᠡᠢ ᠶᠢᠨ ᠲᠡᠷᠢᠭᠦᠨ ᠤ ᠤᠯᠤᠰ ᠤᠳ ᠠᠴᠠ 15 - 20 ᠵᠢᠯ ᠬᠤᠴᠤᠷᠴᠤ ᠪᠠᠶᠢᠨ᠎ᠠ᠃

       ᠠᠷᠪᠠ᠂ ᠤᠷᠴᠢᠨ ᠲᠤᠭᠤᠷᠢᠨ ᠤ ᠲᠤᠬᠠᠢ ᠰᠢᠨᠵᠢᠯᠡᠭᠦ ᠤᠬᠠᠭᠠᠨ
       ᠲᠡᠯᠡᠭᠡᠢ ᠶᠢᠨ ᠪᠦᠮᠪᠦᠷᠴᠡᠭ ᠬᠢᠭᠡᠳ ᠲᠡᠭᠦᠨ ᠤ ᠭᠠᠳᠠᠷᠭᠤ ᠳᠠᠬᠢ ᠤᠷᠤᠨ ᠵᠠᠢ ᠨᠢ ᠬᠦᠮᠦᠨ ᠲᠦᠷᠦᠯᠬᠢᠳᠡᠨ ᠤ ᠤᠷᠤᠰᠢᠨ ᠲᠤᠬᠳᠠᠨᠢᠬᠤ ᠤᠷᠴᠢᠨ ᠲᠤᠭᠤᠷᠢᠨ ᠪᠤᠯᠤᠨ᠎ᠠ᠃ ᠡᠯᠳᠡᠪ ᠰᠢᠯᠳᠠᠭᠠᠨ ᠠᠴᠠ ᠪᠤᠯᠤᠭᠠᠳ ᠡᠨᠡ ᠬᠦ ᠤᠷᠴᠢᠨ ᠲᠤᠭᠤᠷᠢᠨ ᠨᠢ ᠲᠠᠰᠤᠷᠠᠯᠳᠠ ᠦᠭᠡᠢ ᠮᠠᠭᠤᠳᠠᠵᠤ᠂ ᠤᠷᠴᠢᠨ ᠲᠤᠭᠤᠷᠢᠨ ᠨᠢ ᠲᠡᠯᠡᠭᠡᠢ ᠶᠢᠨ ᠬᠦᠮᠦᠰ ᠤᠨ ᠠᠩᠬᠠᠷᠤᠯ ᠢ ᠲᠠᠳᠠᠬᠤ ᠲᠤᠮᠤ ᠠᠰᠠᠭᠤᠳᠠᠯ ᠪᠤᠯᠪᠠ᠃ ᠤᠷᠴᠢᠨ ᠲᠤᠭᠤᠷᠢᠨ ᠤ ᠲᠤᠬᠠᠢ ᠰᠢᠨᠵᠢᠯᠡᠭᠦ ᠤᠬᠠᠭᠠᠨ ᠮᠡᠷᠭᠡᠵᠢᠯ ᠨᠢ ᠦᠡᠭᠭᠡᠷᠡᠭᠰᠡᠨ ᠤ ᠦᠢᠯᠡᠳᠪᠦᠷᠢᠯᠡᠯ ᠤᠨ ᠬᠤᠶᠢᠨᠠᠬᠢ ᠪᠤᠬᠢᠷᠳᠤᠯ ᠢ ᠵᠠᠰᠠᠵᠤ ᠪᠠᠶᠢᠬᠰᠠᠨ ᠠᠴᠠ ᠪᠠᠨ ᠴᠡᠪᠡᠷ ᠦᠢᠯᠡᠳᠪᠦᠷᠢᠯᠡᠯ ᠤᠨ ᠮᠡᠷᠭᠡᠵᠢᠯ ᠢ ᠲᠡᠯᠭᠡᠷᠡᠭᠦᠯᠵᠦ᠂ ᠤᠷᠴᠢᠨ ᠲᠤᠭᠤᠷᠢᠨ ᠤ ᠲᠤᠬᠠᠢ ᠠᠵᠤ ᠦᠢᠯᠡᠰ ᠬᠦᠭᠵᠢᠵᠦ᠂ ᠪᠠᠷᠢᠮᠵᠢᠶᠠᠵᠢᠯᠳᠠ᠂ ᠰᠢᠰᠲ᠋ᠧᠮᠵᠢᠯᠳᠡ᠂ ᠲᠦᠭᠦᠷᠵᠢᠯᠳᠡ᠂ ᠬᠦᠨᠴᠡᠵᠢᠯᠳᠡ᠂ ᠲᠦᠭᠡᠮᠡᠯᠵᠢᠯᠳᠡ ᠵᠦᠭ ᠬᠦᠭᠵᠢᠵᠦ ᠪᠠᠶᠢᠨ᠎ᠠ᠃ ᠲᠡᠯᠡᠭᠡᠢ ᠶᠢᠨ ᠰᠢᠨᠵᠢᠯᠡᠭᠦ ᠤᠬᠠᠭᠠᠨ ᠤ ᠡᠳᠡᠭᠡᠳ ᠤᠨ ᠬᠢᠨ ᠠᠮᠢᠳᠤ ᠪᠤᠳᠠᠰ ᠤᠨ ᠴᠠᠭᠠᠷᠢᠬ ᠤᠨ ᠲᠦᠯᠦᠪᠯᠡᠭᠡ᠂ ᠠᠮᠢ ᠠᠬᠤᠢ ᠶᠢᠨ ᠰᠢᠰᠲ᠋ᠧᠮ ᠪᠤᠯᠤᠨ ᠠᠮᠢᠳᠤ ᠪᠤᠳᠠᠰ ᠤᠨ ᠤᠯᠠᠨ ᠶᠠᠩᠵᠦ ᠶᠢᠨ ᠴᠢᠨᠠᠷ ᠤᠨ ᠲᠦᠯᠦᠪᠯᠡᠭᠡ᠂ ᠤᠯᠠᠨ ᠤᠯᠤᠰ ᠤᠨ ᠭᠠᠮᠰᠢᠬ ᠢ ᠨᠠᠮᠳᠠᠭᠠᠬᠤ ᠲᠦᠯᠦᠪᠯᠡᠭᠡ ᠵᠡᠷᠭᠡ ᠪᠦᠭᠦ ᠲᠡᠯᠡᠭᠡᠢ ᠶᠢᠨ ᠪᠤᠶᠤ ᠤᠷᠤᠨ ᠨᠤᠳᠤᠬ ᠤᠨ ᠴᠢᠨᠠᠷᠳᠠᠢ ᠲᠦᠯᠦᠪᠯᠡᠭᠡ ᠶᠢ ᠵᠤᠬᠢᠶᠠᠵᠤ ᠭᠡᠷᠡᠭᠵᠢᠭᠦᠯᠵᠤ ᠪᠠᠶᠢᠨ᠎ᠠ᠃
       ᠮᠠᠨ ᠤ ᠤᠯᠤᠰ ᠲᠠᠯᠠᠭᠠᠳ ᠤᠨ ᠤ ᠡᠬᠢᠨ ᠤ ᠦᠶ᠎ᠡ ᠠᠴᠠ ᠤᠷᠴᠢᠨ ᠲᠤᠭᠤᠷᠢᠨ ᠤ ᠬᠠᠮᠠᠭᠠᠯᠠᠯᠳᠠ ᠪᠠ ᠰᠤᠳᠤᠯᠤᠯ ᠢ ᠴᠢᠩᠭᠠᠳᠬᠠᠵᠤ 1994 ᠤᠨ ᠳᠤ ︽ᠲᠤᠮᠳᠠᠳᠤ ᠤᠯᠤᠰ ᠤᠨ 21 ᠳ᠋ᠤᠭᠡᠷ ᠵᠠᠭᠤᠨ ᠤ ᠵᠦᠪᠯᠡᠭᠦ ᠵᠦᠢᠯ︾᠂ 1998 ᠤᠨ ᠳᠤ ︽ᠪᠦᠭᠦ ᠤᠯᠤᠰ ᠤᠨ ᠠᠮᠢ ᠠᠬᠤᠢ ᠶᠢᠨ ᠤᠷᠴᠢᠨ ᠲᠤᠭᠤᠷᠢᠨ ᠤ ᠪᠦᠳᠦᠭᠡᠨ ᠪᠠᠶᠢᠭᠤᠯᠤᠯᠳᠠ ᠶᠢᠨ ᠲᠦᠯᠦᠪᠵᠢᠭᠦᠯᠭᠡ︾ ᠶᠢ ᠲᠤᠬᠳᠠᠭᠠᠵᠤ᠂ 2050 ᠤᠨ ᠬᠦᠷᠳᠡᠯᠡᠬᠢ ᠠᠯᠤᠰ ᠤᠨ ᠬᠠᠷᠠᠯᠳᠠ ᠶᠢ ᠴᠤ ᠲᠤᠬᠳᠠᠭᠠᠵᠤ᠂ ᠪᠠᠳᠤᠳᠠᠢ ᠭᠡᠷᠡᠭᠵᠢᠭᠦᠯᠵᠦ ᠡᠬᠢᠯᠡᠪᠡ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ