ᠪᠦᠬᠦ ᠤᠷᠤᠨ ᠤ ᠰᠲ᠋ᠤᠺ ᠢᠶᠠᠨ ᠵᠠᠬ᠎ᠠ ᠳᠡᠯᠭᠡᠭᠦᠷ ᠲᠤ ᠭᠠᠷᠭᠠᠬᠰᠠᠨ ᠺᠤᠮᠫᠠᠨᠢ ᠪᠠ ᠠᠷᠠᠳ ᠠᠴᠠ ᠡᠵᠡᠩᠨᠡᠭᠰᠡᠨ ᠠᠵᠤ ᠠᠬᠤᠢᠢᠯᠠᠯ ᠤᠨ ᠴᠢᠨᠠᠷ ᠰᠠᠶᠢᠲᠠᠢ ᠬᠦᠭᠵᠢᠯᠲᠡ ᠳᠤ ᠮᠦᠩᠭᠦᠨ ᠭᠦᠢᠯᠭᠡᠭᠡᠨ ᠤ ᠦᠢᠯᠡᠴᠢᠯᠡᠭᠡ ᠬᠠᠨᠭ᠍ᠭᠠᠬᠤ ᠠᠬᠢᠭᠤᠯᠤᠯᠲᠠ ᠶᠢᠨ ᠬᠤᠷᠠᠯ ᠬᠤᠷᠠᠯᠳᠤᠵᠠᠢ
ᠨᠡᠶᠢᠲᠡᠯᠡᠭᠰᠡᠨ ᠴᠠᠭ᠄
2018/11/5
     11 ᠳ᠋ᠦ᠋ᠭᠡᠷ ᠰᠠᠷ᠎ᠠ ᠶᠢᠨ 2᠎ ᠤᠨ ᠡᠳᠦᠷ᠂ ᠪᠦᠬᠦ ᠤᠷᠤᠨ ᠤ ᠰᠲ᠋ᠤᠺ ᠢᠶᠠᠨ ᠵᠠᠬ᠎ᠠ ᠳᠡᠯᠭᠡᠭᠦᠷ ᠲᠤ ᠭᠠᠷᠭᠠᠬᠰᠠᠨ ᠺᠤᠮᠫᠠᠨᠢ ᠪᠠ ᠠᠷᠠᠳ ᠠᠴᠠ ᠡᠵᠡᠩᠨᠡᠭᠰᠡᠨ ᠠᠵᠤ ᠠᠬᠤᠢᠢᠯᠠᠯ ᠤᠨ ᠴᠢᠨᠠᠷ ᠰᠠᠶᠢᠲᠠᠢ ᠬᠦᠭᠵᠢᠯᠲᠡ ᠳᠤ ᠮᠦᠩᠭᠦᠨ ᠭᠦᠢᠯᠭᠡᠭᠡᠨ ᠤ ᠦᠢᠯᠡᠴᠢᠯᠡᠭᠡ ᠬᠠᠨᠭ᠍ᠭᠠᠬᠤ ᠠᠬᠢᠭᠤᠯᠤᠯᠲᠠ ᠶᠢᠨ ᠬᠤᠷᠠᠯ ᠬᠤᠷᠠᠯᠳᠤᠵᠤ᠂ 10 ᠳ᠋ᠤᠭᠠᠷ ᠰᠠᠷ᠎ᠠ ᠶᠢᠨ 31 ᠎ ᠤ ᠡᠳᠦᠷ ᠬᠤᠷᠠᠯᠳᠤᠭᠰᠠᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶ᠎ᠠ ᠶᠢᠨ ᠬᠤᠷᠠᠯ ᠪᠠ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠡᠵᠡᠩᠨᠡᠯᠲᠡ ᠶᠢᠨ ᠠᠵᠤ ᠠᠬᠤᠢᠢᠯᠠᠯ ᠤᠨ ᠶᠠᠷᠢᠯᠴᠠᠬᠤ ᠬᠤᠷᠠᠯ ᠳᠡᠭᠡᠷ᠎ᠡ ᠬᠡᠯᠡᠭᠰᠡᠨ ᠴᠢᠬᠤᠯᠠ ᠶᠠᠷᠢᠶᠠᠨ ᠤ ᠵᠤᠷᠢᠬ ᠰᠠᠨᠠᠭ᠎ᠠ ᠶᠢ ᠰᠤᠷᠤᠯᠴᠠᠵᠤ᠂ ᠮᠦᠩᠭᠦᠨ ᠭᠦᠢᠯᠭᠡᠭᠡ ᠶᠢ ᠮᠠᠨ ᠤ ᠤᠷᠤᠨ ᠤ ᠰᠲ᠋ᠤᠺ ᠢᠶᠠᠨ ᠵᠠᠬ᠎ᠠ ᠳᠡᠯᠭᠡᠭᠦᠷ ᠲᠤ ᠭᠠᠷᠭᠠᠬᠰᠠᠨ ᠠᠵᠤ ᠠᠬᠤᠢᠢᠯᠠᠯ᠂ ᠠᠷᠠᠳ ᠠᠴᠠ ᠡᠵᠡᠩᠨᠡᠭᠰᠡᠨ ᠠᠵᠤ ᠠᠬᠤᠢᠢᠯᠠᠯ ᠎ ᠤᠨ ᠴᠢᠨᠠᠷ ᠰᠠᠶᠢᠲᠠᠢ ᠬᠦᠭᠵᠢᠯᠲᠡ ᠳᠤ ᠦᠢᠯᠡᠴᠢᠯᠡᠬᠦᠯᠬᠦ ᠲᠤᠬᠠᠢ ᠰᠤᠳᠤᠯᠤᠨ ᠪᠠᠶᠢᠷᠢᠯᠠᠭᠤᠯᠵᠠᠢ᠃      ᠦᠪᠡᠷᠲᠡᠭᠡᠨ ᠵᠠᠰᠠᠬᠤ ᠤᠷᠤᠨ ᠤ ᠳᠡᠳ᠋ ᠲᠡᠷᠢᠭᠦᠯᠡᠭᠴᠢ ᠵᠠᠩ ᠱᠤᠤ ᠴᠦᠨ ᠬᠤᠷᠠᠯ ᠳᠤ ᠤᠷᠤᠯᠴᠠᠵᠤ ᠶᠠᠷᠢᠶ᠎ᠠ ᠲᠠᠯᠪᠢᠪᠠ᠃      ᠵᠠᠩ ᠱᠤᠤ ᠴᠦᠨ ᠵᠢᠭᠠᠭᠰᠠᠨ ᠨᠢ᠂ ᠤᠢᠢᠷ᠎ᠠ ᠶᠢᠨ ᠬᠤᠭᠤᠴᠠᠭᠠᠨ᠎ᠠ ᠤᠯᠤᠰ ᠠᠴᠠ ᠠᠵᠤ ᠠᠬᠤᠢ ᠶᠢᠨ ᠴᠢᠨᠠᠷ ᠰᠠᠶᠢᠳᠠᠢ ᠬᠦᠭᠵᠢᠯᠳᠠ ᠶᠢ ᠠᠬᠢᠭᠤᠯᠬᠤ ᠠᠯᠢ ᠤᠯᠠᠨ ᠰᠢᠢᠳᠪᠤᠷᠢᠳᠤ ᠪᠤᠳᠤᠯᠭ᠎ᠠ ᠶᠢᠨ ᠪᠠᠶᠢᠷᠢᠯᠠᠭᠤᠯᠤᠯᠳᠠ ᠪᠤᠯᠤᠨ ᠲᠦᠷᠤ ᠶᠢᠨ ᠪᠤᠳᠤᠯᠭ᠎ᠠ ᠠᠷᠭ᠎ᠠ ᠬᠡᠮᠵᠢᠶ᠎ᠠ ᠶᠢ ᠲᠤᠭᠳᠠᠭᠠᠵᠤ᠂ ᠨᠡᠶᠢᠳᠠ ᠶᠢᠨ ᠦᠮᠴᠢᠯᠠᠯ ᠤᠨ ᠪᠤᠰᠤ ᠠᠵᠤ ᠠᠬᠤᠢ ᠎ ᠶᠢᠨ ᠬᠦᠭᠵᠢᠯᠳᠠ ᠳᠤ ᠨᠡᠩ ᠦᠷᠬᠡᠨ ᠲᠡᠯᠬᠡᠷ ᠤᠷᠤᠨ ᠵᠠᠢ ᠪᠤᠯᠤᠨ ᠨᠡᠩ ᠤᠯᠬᠤᠶ᠎ᠠ ᠪᠡᠷᠬᠡ ᠠᠵᠠ ᠲᠤᠬᠢᠶᠠᠯ ᠬᠠᠩᠭᠠᠬᠰᠠᠨ ᠪᠠᠶᠢᠨ᠎ᠠ᠂ ᠠᠷᠠᠳ ᠤᠨ ᠡᠵᠡᠩᠨᠡᠯᠳᠠ ᠶᠢᠨ ᠠᠵᠤ ᠠᠬᠤᠢᠢᠯᠠᠯ ᠨᠢ ᠢᠳᠡᠬᠡᠯ ᠵᠤᠷᠢᠬ ᠢᠶᠠᠨ ᠬᠦᠪᠴᠢᠯᠠᠵᠤ᠂ ᠴᠢᠳᠠᠪᠤᠷᠢ ᠪᠠᠨ ᠲᠡᠭᠡᠭᠰᠢᠯᠡᠬᠦᠯᠵᠤ᠂ ᠬᠦᠭᠵᠢᠯᠳᠠ ᠶᠢᠨ ᠰᠢᠨ᠎ᠠ ᠪᠠᠶᠢᠳᠠᠯ ᠢ ᠴᠢᠷᠮᠠᠶᠢᠨ ᠡᠬᠦᠳᠬᠦ ᠭᠡᠷᠡᠭᠳᠠᠢ᠃ ᠮᠦᠩᠬᠦᠨ ᠬᠦᠢᠯᠬᠡᠬᠡᠨ ᠤ ᠪᠠᠶᠢᠭᠤᠯᠤᠮᠵᠢ ᠨᠤᠭᠤᠳ ᠮᠦᠩᠬᠦᠨ ᠬᠦᠢᠯᠬᠡᠬᠡᠨ ᠤ ᠠᠶᠤᠯ ᠲᠦᠭᠰᠢᠬᠦᠷᠢ ᠶᠢ ᠰᠡᠷᠬᠡᠶᠢᠯᠡᠨ ᠰᠢᠢᠳᠪᠤᠷᠢᠯᠡᠬᠦ ᠪᠠ ᠪᠤᠳᠠᠳᠤ ᠠᠵᠤ ᠠᠬᠤᠢ ᠳᠤ ᠤᠢᠢᠯᠡᠴᠢᠯᠡᠬᠦ ᠶᠢ ᠤᠶᠠᠯᠳᠤᠭᠤᠯᠵᠤ᠂ ᠠᠵᠤ ᠠᠬᠤᠢᠢᠯᠠᠯ ᠤᠨ ᠴᠢᠨᠠᠷ ᠰᠠᠶᠢᠳᠠᠢ ᠬᠦᠭᠵᠢᠯᠳᠠ ᠳᠤ ᠪᠡᠯᠡ ᠮᠦᠩᠬᠦ ᠬᠤᠷᠠᠮᠳᠤᠭᠤᠯᠬᠤ ᠰᠠᠶᠢᠨ ᠰᠠᠶᠢᠬᠠᠨ ᠤᠷᠴᠢᠨ ᠲᠤᠭᠤᠷᠢᠨ ᠢᠪᠤᠢ ᠪᠤᠯᠭᠠᠨ ᠦᠭᠬᠦ ᠭᠡᠷᠡᠭᠳᠠᠢ᠃ ᠮᠦᠩᠬᠦᠨ ᠬᠦᠢᠯᠬᠡᠬᠡᠨ ᠤ ᠬᠢᠨᠠᠯᠳᠠ ᠬᠠᠮᠢᠶᠠᠷᠤᠯᠳᠠ ᠶᠢᠨ ᠰᠠᠯᠠᠭ᠎ᠠ ᠮᠦᠴᠢᠷ ᠲᠤᠭᠳᠠᠭᠤᠨ ᠢᠶᠠᠷ ᠨᠡᠮᠡᠭᠳᠡᠬᠦᠯᠬᠦ ᠪᠠ ᠴᠢᠩᠭ᠎ᠠ ᠬᠢᠨᠠᠨ ᠬᠠᠮᠢᠶᠠᠷᠬᠤ ᠶᠢᠨ ᠬᠤᠭᠤᠷᠤᠨᠳᠤᠬᠢ ᠬᠠᠷᠢᠴᠠᠭ᠎ᠠ ᠶᠢ ᠰᠠᠶᠢᠳᠤᠷ ᠰᠢᠢᠳᠪᠤᠷᠢᠯᠠᠵᠤ᠂ ᠮᠦᠩᠬᠦᠨ ᠬᠦᠢᠯᠬᠡᠬᠡᠨ ᠤ ᠪᠠᠶᠢᠭᠤᠯᠤᠮᠵᠢ ᠶᠢ ᠬᠦᠳᠤᠯᠤᠨ ᠵᠢᠯᠤᠭᠤᠳᠴᠤ ᠴᠢᠨᠠᠷ ᠰᠠᠶᠢᠳᠠᠢ ᠬᠦᠭᠵᠢᠯᠳᠠ ᠳᠤ ᠬᠦᠴᠤᠨ ᠪᠦᠬᠦᠢ ᠤᠢᠢᠯᠡᠴᠢᠯᠡᠭᠡ ᠬᠠᠩᠭᠠᠬᠤ ᠭᠡᠷᠡᠭᠳᠠᠢ᠃ ᠠᠵᠤ ᠠᠬᠤᠢᠢᠯᠠᠯ ᠳᠤ ᠬᠤᠳᠠᠯᠳᠤᠭ᠎ᠠ ᠡᠷᠬᠢᠯᠡᠬᠦ ᠰᠠᠶᠢᠨ ᠰᠠᠶᠢᠬᠠᠨ ᠤᠷᠴᠢᠨ ᠲᠤᠭᠤᠷᠢᠨ ᠢ ᠪᠤᠢ ᠪᠤᠯᠭᠠᠨ ᠦᠭᠴᠤ᠂ ᠤᠳᠤ ᠪᠠᠶᠢᠭ᠎ᠠ ᠨᠡᠶᠢᠳᠠ ᠶᠢᠨ ᠦᠮᠴᠢᠯᠠᠯ ᠤᠨ ᠪᠤᠰᠤ ᠠᠵᠤ ᠠᠬᠤᠢ ᠶᠢ ᠵᠤᠷᠢᠬᠵᠢᠭᠤᠯᠬᠤ ᠡᠯ᠎ᠠ ᠵᠦᠢᠯ ᠤᠨ ᠲᠦᠷᠤ ᠶᠢᠨ ᠪᠤᠳᠤᠯᠭ᠎ᠠ ᠶᠢ ᠦᠨᠡᠨ ᠬᠦ ᠨᠠᠷᠢᠯᠢᠬ ᠪᠤᠳᠠᠳᠠᠢ ᠨᠠᠶᠢᠳᠠᠪᠤᠷᠢᠵᠢᠭᠤᠯᠬᠤ ᠭᠡᠷᠡᠭᠳᠠᠢ᠃ ᠠᠵᠤ ᠠᠬᠤᠢᠢᠯᠠᠯ ᠤᠳ ᠴᠢᠨᠠᠬᠰᠢᠳᠠ ᠪᠠᠶ᠎ᠠ ᠪᠠᠨ ᠬᠦᠴᠦᠷᠭᠡᠭᠵᠢᠬᠦᠯᠵᠤ᠂ ᠳᠤᠳᠤᠭᠠᠳᠤ ᠴᠢᠳᠠᠪᠤᠷᠢ ᠪᠠᠨ ᠲᠡᠭᠡᠭᠰᠢᠯᠡᠬᠦᠯᠵᠤ᠂ ᠡᠵᠡᠩᠨᠠᠯᠳᠠ ᠶᠢᠨ ᠴᠢᠳᠠᠪᠤᠷᠢ ᠪᠤᠯᠤᠨ ᠬᠠᠮᠢᠶᠠᠷᠤᠯᠳᠠ ᠶᠢᠨ ᠲᠦᠪᠰᠢᠨ ᠢᠶᠠᠨ ᠲᠡᠭᠡᠭᠰᠢᠯᠡᠬᠦᠯᠬᠦ ᠭᠡᠷᠡᠭᠳᠠᠢ ᠬᠡᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号