ᠥᠪᠥᠷ ᠮᠣᠩᠭᠤᠯ ᠶᠠᠳᠠᠭᠤ ᠬᠦᠴᠢᠷᠳᠡᠯᠲᠡᠶ ᠬᠡᠷ ᠪᠦᠯᠢ ᠶᠢᠨ ᠬᠥᠳᠡᠯᠮᠦᠷᠢ ᠶᠢᠨ ᠬᠦᠴᠦᠨ ᠳᠤ ᠨᠡᠶᠢᠲᠡ ᠶᠢᠨ ᠠᠰᠠᠷᠠᠮᠵᠢ ᠶᠢᠨ ᠤᠢ ᠰᠢᠭᠤᠶ ᠶᠢᠨ ᠬᠠᠮᠠᠭᠠᠯᠠᠭᠴᠢ ᠶᠢᠨ ᠠᠵᠢᠯ ᠤᠨ ᠪᠠᠶᠢᠷᠢ ᠬᠠᠩᠭᠠᠪᠠ
ᠨᠡᠶᠢᠲᠡᠯᠡᠭᠰᠡᠨ ᠴᠠᠭ᠄
2018/11/6
     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠠᠮᠢ ᠠᠬᠤᠢ ᠪᠠᠷ ᠶᠠᠳᠠᠭᠤ ᠶᠢ ᠲᠡᠳᠬᠦᠬᠦ ᠠᠵᠢᠯ ᠢ ᠪᠦᠬᠦ ᠲᠠᠯ᠎ᠠ ᠪᠠᠷ ᠠᠬᠢᠭᠤᠯᠵᠤ᠂ ᠲᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠶ ᠬᠡᠷ ᠪᠦᠯᠢ ᠶᠢᠨ 1.15 ᠲᠦᠮᠡᠨ ᠬᠥᠳᠡᠯᠮᠦᠷᠢ ᠶᠢᠨ ᠬᠦᠴᠦᠨ ᠳᠤ ᠨᠡᠶᠢᠲᠡ ᠶᠢᠨ ᠠᠰᠠᠷᠠᠮᠵᠢ ᠶᠢᠨ ᠤᠢ ᠰᠢᠭᠤᠶ ᠬᠠᠮᠠᠭᠠᠯᠠᠭᠴᠢ ᠶᠢᠨ ᠠᠵᠢᠯ ᠤᠨ ᠪᠠᠶᠢᠷᠢ ᠬᠠᠩᠭᠠᠵᠤ ᠥᠭᠪᠡ᠃      ᠲᠠᠨᠢᠯᠴᠠᠭᠤᠯᠤᠭᠰᠠᠨ ᠢᠶᠠᠷ᠂ ᠶᠠᠳᠠᠭᠤ ᠬᠦᠴᠢᠷᠳᠡᠯᠲᠡᠶ ᠭᠠᠵᠠᠷ ᠣᠷᠣᠨ ᠪᠣᠯᠤᠨ ᠠᠮᠢ ᠠᠬᠤᠢ ᠬᠡᠪᠡᠷᠡᠭ ᠭᠠᠵᠠᠷ ᠣᠷᠣᠨ ᠳᠠᠪᠬᠤᠴᠠᠭᠰᠠᠨ ᠣᠳᠣᠬᠢ ᠪᠠᠶᠢᠳᠠᠯ ᠳᠤ ᠴᠢᠭᠯᠡᠭᠦᠯᠦᠨ᠂ ᠥᠪᠥᠷ ᠮᠣᠩᠭᠤᠯ 70%᠎ ᠠᠴᠠ ᠳᠡᠭᠡᠭᠰᠢᠬᠢ ᠤᠯᠤᠰ ᠪᠠ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢ ᠶᠠᠳᠠᠭᠤ ᠬᠦᠴᠢᠷᠳᠡᠯ ᠲᠠᠢ 57 ᠬᠤᠰᠢᠭᠤ ᠰᠢᠶᠠᠨ ᠳᠤ ᠲᠣᠬᠢᠷᠠᠭᠤᠯᠪᠡ᠃ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠪᠠᠯᠠ ᠮᠥᠩᠭᠦ᠂ ᠲᠥᠷᠥᠯ ᠵᠦᠢᠯ ᠢ ᠶᠠᠳᠠᠭᠤ ᠬᠦᠴᠢᠷᠳᠡᠯ ᠲᠠᠢ ᠬᠤᠰᠢᠭᠤ ᠰᠢᠶᠠᠨ ᠳᠤ ᠭᠤᠣᠯᠳᠠᠯᠭ᠎ᠠ ᠲᠠᠢ ᠬᠡᠯᠪᠠᠶᠢᠯᠭᠡᠵᠤ᠂ ᠤᠢ ᠰᠢᠭᠤᠶ ᠶᠢ ᠬᠠᠮᠢᠶᠠᠷᠤᠨ ᠬᠠᠮᠠᠭᠠᠯᠠᠬᠤ ᠪᠠ ᠠᠶᠢᠯ ᠲᠣᠰᠬᠤᠨ ᠤ ᠠᠷᠢᠭᠤᠨ ᠴᠡᠪᠡᠷ ᠢ ᠬᠠᠮᠠᠭᠠᠯᠠᠬᠤ ᠵᠡᠷᠭᠡ ᠰᠢᠨ᠎ᠡ ᠪᠠᠷ ᠨᠡᠮᠡᠭᠳᠡᠬᠦ ᠠᠵᠢᠯ ᠤᠨ ᠪᠠᠶᠢᠷᠢ ᠳᠤ ᠲᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠶ ᠬᠥᠮᠦᠨ ᠠᠮᠠ ᠶᠢ ᠤᠷᠢᠳᠠᠪᠠᠷ ᠡᠯᠰᠡᠨ ᠬᠡᠷᠡᠭᠯᠡᠵᠦ᠂ ᠨᠠᠩ ᠣᠯᠠᠨ ᠶᠠᠳᠠᠭᠤ ᠬᠦᠴᠢᠷᠳᠡᠯᠲᠡᠶ ᠬᠥᠮᠦᠨ ᠠᠮᠠ ᠶᠢ ᠤᠢ ᠰᠢᠭᠤᠢ ᠶᠢᠨ ᠪᠦ᠋ᠳᠦᠭᠡᠨ ᠪᠠᠶᠢᠭᠤᠯᠤᠯᠲᠠ ᠳᠤ ᠣᠷᠣᠯᠴᠠᠭᠤᠯᠪᠠ᠃      ᠥᠪᠥᠷ ᠮᠣᠩᠭᠤᠯ ᠣᠨᠴᠠ ᠶᠠᠳᠠᠭᠤ ᠬᠦᠴᠢᠷᠳᠡᠯᠲᠡᠢ ᠬᠤᠰᠢᠭᠤ ᠰᠢᠶᠠᠨ ᠤ 25 ᠭᠷᠠᠳᠦ᠋ᠰ ᠠᠴᠠ ᠳᠡᠭᠡᠭᠰᠢ ᠨᠠᠯᠠᠤ ᠬᠥᠲᠥᠯ ᠤᠨ ᠲᠠᠷᠢᠶᠠᠨ ᠭᠠᠵᠠᠷ ᠢ ᠲᠠᠷᠢᠶᠠᠯᠠᠬᠤ ᠶᠢ ᠵᠣᠭᠰᠣᠭᠠᠵᠤ ᠤᠢ ᠰᠢᠭᠤᠶ ᠶᠢ ᠰᠡᠷᠭᠦᠭᠡᠬᠦ ᠡᠪᠡᠰᠦ ᠪᠡᠯᠴᠢᠭᠡᠷ ᠢ ᠰᠡᠷᠭᠦᠭᠡᠬᠦ ᠲᠥᠷᠥᠯ ᠵᠦᠢᠯ ᠳᠤ ᠣᠷᠣᠭᠤᠯᠵᠤ᠂ ᠤᠯᠤᠰ ᠤᠨ ᠣᠳᠣ ᠶᠢᠨ ᠬᠡᠷᠡᠭᠵᠢᠭᠦᠯᠵᠦ ᠪᠠᠶᠢᠭ᠎ᠠ ᠨᠥᠬᠦᠪᠥᠷᠢ ᠥᠭᠬᠦ ᠲᠦᠷᠦ ᠶᠢᠨ ᠪᠤᠳᠤᠯᠭ᠎ᠠ ᠶᠢ ᠬᠦᠷᠲᠡᠭᠡᠪᠡ᠃ ᠣᠨᠴᠠ ᠶᠠᠳᠠᠭᠤ ᠬᠦᠴᠢᠷᠳᠡᠯᠲᠡᠢ ᠭᠠᠴᠠᠭ᠎ᠠ ᠲᠣᠰᠬᠤᠨ ᠣᠶᠢᠵᠢᠭᠤᠯᠵᠤ ᠨᠣᠭᠤᠭᠠᠷᠠᠭᠤᠯᠬᠤ ᠲᠤᠰᠬᠠᠶ ᠬᠤᠷᠰᠢᠶ᠎ᠠ ᠪᠠᠶᠢᠭᠤᠯᠬᠤ ᠶᠢ ᠳᠡᠮᠵᠢᠵᠦ᠂ ᠨᠥᠬᠦᠴᠡᠯ ᠳᠤ ᠨᠡᠶᠢᠴᠡᠭᠰᠡᠨ ᠳᠤ ᠨᠢ ᠮᠣᠳᠣ ᠲᠠᠷᠢᠵᠤ ᠣᠶᠢᠵᠢᠭᠤᠯᠬᠤ ᠪᠠᠷᠢᠯᠭ᠎ᠠ ᠶᠢ ᠤᠷᠢᠳ ᠢᠶᠠᠷ ᠳᠠᠭᠠᠭᠠᠴᠢᠯᠠᠭᠤᠯᠵᠤ ᠪᠥᠭᠡᠳ ᠲᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠶ ᠬᠡᠷ ᠪᠦᠯᠢ ᠶᠢᠨ ᠬᠥᠳᠡᠯᠮᠦᠷᠢ ᠶᠢᠨ ᠬᠦᠴᠦᠨ ᠳᠤ ᠨᠡᠶᠢᠲᠡ ᠶᠢᠨ ᠠᠰᠠᠷᠠᠮᠵᠢ ᠶᠢᠨ ᠤᠢ ᠰᠢᠭᠤᠢ ᠶᠢᠨ ᠬᠠᠮᠠᠭᠠᠯᠠᠭᠴᠢ ᠵᠡᠷᠭᠡ ᠠᠵᠢᠯ ᠤᠨ ᠪᠠᠶᠢᠷᠢ ᠬᠠᠩᠭᠠᠪᠠ᠃      ᠥᠪᠥᠷ ᠮᠣᠩᠭᠤᠯ ᠬᠥᠳᠡᠯᠮᠦᠷᠢᠯᠡᠬᠦ ᠴᠢᠳᠠᠪᠤᠷᠢ ᠲᠠᠢ ᠶᠠᠳᠠᠭᠤ ᠬᠦᠴᠢᠷᠳᠡᠯᠲᠡᠶ ᠬᠥᠮᠦᠨ ᠠᠮᠠ ᠶᠢ ᠬᠥᠲᠥᠯᠥᠨ ᠵᠢᠯᠣᠭᠤᠳᠴᠤ ᠪᠠᠶᠢᠭᠠᠳ ᠠᠮᠢ ᠠᠬᠤᠶ ᠶᠢᠨ ᠠᠵᠤ ᠦᠢᠯᠡᠰ ᠤᠨ ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠭᠤᠯᠤᠯ ᠳᠤ ᠣᠷᠣᠯᠴᠠᠭᠤᠯᠵᠤ᠂ ᠶᠠᠳᠠᠭᠤ ᠬᠦᠴᠢᠷᠳᠡᠯᠲᠡᠶ ᠡᠷᠦᠬᠡ ᠶᠢ ᠳᠠᠶᠢᠴᠢᠯᠠᠨ ᠣᠷᠣᠯᠭ᠎ᠠ ᠪᠠᠨ ᠣᠷᠳᠣ ᠬᠤᠭᠤᠴᠠᠭ᠎ᠠ ᠪᠠᠷ ᠲᠣᠭᠲᠠᠭᠤᠨ ᠢᠶᠠᠷ ᠨᠡᠮᠡᠭᠳᠡᠭᠦᠯᠵᠦ ᠴᠢᠳᠠᠬᠤ ᠤᠢ ᠰᠢᠭᠤᠶ ᠶᠢᠨ ᠤᠨᠴᠠᠯᠢᠭᠳᠤ ᠠᠵᠤ ᠦᠢᠯᠡᠰ ᠢ ᠪᠣᠶᠢᠵᠢᠭᠤᠯᠤᠨ ᠴᠣᠭᠴᠠᠯᠠᠵᠤ᠂ ᠶᠠᠳᠠᠭᠤ ᠬᠦᠴᠢᠷᠳᠡᠯᠲᠡᠢ ᠡᠷᠦᠬᠡ ᠶᠢᠨ ᠲᠠᠷᠢᠮᠠᠯ ᠤᠨ ᠦᠢᠯᠡᠰ᠂ ᠲᠡᠵᠢᠭᠡᠪᠦᠷᠢ ᠶᠢᠨ ᠦᠢᠯᠡᠰ᠂ ᠤᠯᠠᠮᠵᠢᠯᠠᠯᠲᠤ ᠭᠠᠷ ᠦᠢᠯᠡᠳᠪᠦᠷᠢ᠂ ᠰᠡᠯᠡᠭᠦᠴᠡᠯ ᠵᠤᠭᠠᠴᠠᠯ ᠤᠨ ᠦᠢᠯᠡᠰ ᠵᠡᠷᠭᠡ ᠣᠶ ᠰᠢᠭᠤᠢ ᠶᠢᠨ ᠠᠵᠤ ᠠᠬᠤᠶ ᠳᠤ ᠲᠦᠰᠢᠭᠯᠡᠨ ᠶᠠᠳᠠᠭᠤ ᠠᠴᠠ ᠠᠩᠭᠢᠵᠢᠷᠠᠬᠤ ᠶᠢ ᠨᠢ ᠠᠬᠢᠭᠤᠯᠪᠠ᠃      ᠣᠶᠢᠯᠠᠭᠠᠭᠰᠠᠨ ᠢᠶᠠᠷ᠂ ᠵᠢᠱᠢᠯᠲᠡ ᠪᠠᠷ ᠥᠪᠥᠷ ᠮᠣᠩᠭᠤᠯ 2020 ᠣᠨ ᠪᠣᠯᠬᠤ ᠳᠤ᠂ ᠶᠠᠳᠠᠭᠤ ᠬᠦᠴᠢᠷᠳᠡᠯ ᠲᠠᠢ ᠬᠥᠮᠦᠨ ᠠᠮᠠ ᠠᠮᠢ ᠠᠬᠤᠢ ᠶᠢᠨ ᠬᠠᠮᠠᠭᠠᠯᠠᠯᠲᠠ᠂ ᠠᠮᠢ ᠠᠬᠤᠶ ᠶᠢ ᠵᠠᠰᠠᠨ ᠰᠡᠷᠭᠦᠭᠡᠬᠦ ᠢᠨᠵᠧᠨᠧᠷᠢᠩ ᠎ ᠤᠨ ᠪᠦᠳᠦᠬᠡᠨ ᠪᠠᠶᠢᠭᠤᠯᠤᠯᠲᠠ ᠳᠤ ᠣᠷᠣᠯᠴᠠᠬᠤ ᠪᠠ ᠠᠮᠢ ᠠᠬᠤᠶ ᠶᠢᠨ ᠠᠵᠤ ᠦᠢᠯᠡᠰ ᠢ ᠬᠥᠭᠵᠢᠭᠦᠯᠬᠦ ᠪᠠᠷ ᠳᠠᠮᠵᠢᠨ᠂ ᠣᠷᠣᠯᠭ᠎ᠠ ᠶᠢᠨ ᠬᠢᠷᠢ ᠲᠦᠪᠰᠢᠨ ᠨᠢ ᠢᠯᠡᠳᠲᠡ ᠳᠡᠭᠡᠭᠰᠢᠯᠡᠵᠦ᠂ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠨᠢ ᠮᠡᠳᠡᠭᠳᠡᠬᠦ᠋ᠢᠴᠡ ᠰᠠᠶᠢᠵᠢᠷᠠᠬᠤ ᠪᠣᠯᠣᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号