2018 ᠣᠨ ᠤ 8 ᠳ᠋ᠤᠭᠠᠷ ᠰᠠᠷ᠎ᠠ ᠶᠢᠨ 3 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠬᠡᠳᠦ ᠠᠴᠢᠶᠠᠯᠠᠪᠤᠷᠢ ᠶᠢ ᠵᠠᠰᠠᠬᠤ ᠠᠵᠢᠯ ᠤᠨ ᠵᠢᠯᠣᠭᠤᠳᠬᠤ ᠭᠠᠵᠠᠷ ᠤᠨ ᠬᠢᠨ ᠲᠡᠷᠭᠡ ᠬᠥᠰᠬᠡ ᠶᠢᠨ ᠬᠡᠳᠦ | ᠠᠴᠢᠶᠠᠯᠠᠪᠤᠷᠢ ᠶᠢ ᠵᠠᠰᠠᠬᠤ ᠠᠵᠢᠯ ᠤᠨ ᠬᠤᠷᠠᠯ ᠢ ᠬᠤᠷᠠᠯᠳᠤᠭᠤᠯᠤᠭᠰᠠᠨ ᠠᠴᠠ ᠨᠠᠭᠠᠰᠢ᠂ ᠥᠪᠥᠷ ᠮᠣᠩᠭᠤᠯ ᠤᠨ | ᠵᠠᠰᠠᠮᠠᠯ ᠵᠠᠮ ᠤᠨ ᠵᠠᠮ ᠤᠨ ᠶᠠᠪᠤᠳᠠᠯ ᠤᠨ ᠬᠠᠤᠯᠢ ᠬᠡᠷᠡᠭᠵᠢᠭᠦᠯᠬᠦ ᠶᠢ ᠬᠢᠨᠠᠨ ᠪᠠᠶᠢᠴᠠᠭᠠᠬᠤ ᠶᠡᠷᠦᠩᠬᠡᠶ ᠠᠩᠭᠢ ᠶᠢᠨ | ᠰᠢᠭᠤᠳ ᠬᠠᠷᠢᠶ᠎ᠠ ᠰᠠᠯᠪᠤᠷᠢ ᠠᠩᠭᠢ ᠨᠢ ᠬᠡᠳᠦ ᠠᠴᠢᠶᠠᠯᠠᠪᠤᠷᠢ ᠶᠢ ᠵᠠᠰᠠᠬᠤ ᠠᠵᠢᠯ ᠤᠨ ᠬᠤᠷᠠᠯ ᠤᠨ ᠱᠠᠭᠠᠷᠳᠠᠯᠭ᠎ᠠ ᠶᠢ | ᠢᠳᠡᠪᠬᠢᠲᠡᠶ ᠨᠠᠶᠢᠳᠠᠪᠤᠷᠢᠵᠢᠭᠤᠯᠵᠤ᠂ ᠡᠩ ᠲᠡᠷᠢᠭᠦᠨ ᠳᠤ ︽ᠬᠡᠳᠦ ᠠᠴᠢᠶᠠᠯᠠᠪᠤᠷᠢ ᠶᠢ ᠵᠠᠰᠠᠬᠤ ᠰᠢᠭᠤᠷᠭ᠎ᠠ︾ | ᠲᠤᠰᠬᠠᠶ ᠠᠵᠢᠯᠯᠠᠭᠠᠨ ᠤ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠳᠡᠭᠡᠳᠦ ᠬᠤᠷᠳᠤ ᠶᠢᠨ ᠵᠠᠰᠠᠮᠠᠯ ᠵᠠᠮ ᠤᠨ | ᠴᠠᠭᠳᠠᠭ᠎ᠠ᠂ ᠳᠣᠲᠣᠭᠠᠳᠤ ᠶᠢ ᠬᠠᠮᠠᠭᠠᠯᠠᠬᠤ᠂ ᠵᠠᠮ ᠬᠠᠷᠢᠯᠴᠠᠭ᠎ᠠ᠂ ᠵᠠᠮ ᠤᠨ ᠡᠵᠡᠩᠨᠡᠯᠲᠡ ᠶᠢᠨ ᠪᠠᠶᠢᠭᠤᠯᠤᠮᠵᠢ ᠵᠡᠷᠭᠡ | ᠰᠠᠯᠠᠭ᠎ᠠ ᠮᠥᠴᠢᠷ ᠤᠳ ᠢ ᠵᠣᠬᠢᠴᠠᠭᠤᠯᠤᠨ᠂ ︽ᠬᠡᠳᠦ ᠠᠴᠢᠶᠠᠯᠠᠪᠤᠷᠢ ᠶᠢ ᠵᠠᠰᠠᠬᠤ ᠰᠢᠭᠤᠷᠭ᠎ᠠ︾ ᠲᠤᠰᠬᠠᠶ | ᠵᠠᠰᠠᠯᠲᠠ ᠶᠢᠨ ᠠᠵᠢᠯᠯᠠᠭ᠎ᠠ ᠥᠷᠨᠢᠭᠦᠯᠵᠦ᠂ ᠵᠡᠷᠭᠡᠪᠡᠷ ᠠᠳᠬᠤᠵᠤ ᠬᠠᠮᠲᠤ ᠪᠠᠷ ᠬᠠᠮᠢᠶᠠᠷᠤᠨ᠂ ᠮᠡᠳᠡᠭᠡ ᠵᠠᠩᠭᠢ ᠶᠢ | ᠬᠠᠮᠲᠤ ᠪᠠᠷ ᠬᠦᠷᠲᠡᠵᠦ᠂ ᠣᠯᠠᠨ ᠰᠠᠯᠠᠭ᠎ᠠ ᠮᠥᠴᠢᠷ ᠬᠠᠮᠲᠤᠷᠠᠨ ᠬᠡᠳᠦ ᠠᠴᠢᠶᠠᠯᠠᠪᠤᠷᠢ ᠶᠢ ᠵᠠᠰᠠᠬᠤ ᠬᠡᠯᠪᠡᠷᠢ ᠶᠢ | ᠪᠦᠷᠢᠯᠳᠦᠭᠦᠯᠪᠡ᠃ ᠲᠤᠰ ᠤᠳᠠᠭᠠᠨ ᠤ ᠠᠵᠢᠯᠯᠠᠭ᠎ᠠ ᠨᠢ ᠤᠬᠠᠭᠤᠯᠤᠨ ᠳᠠᠶᠢᠴᠢᠯᠠᠬᠤ᠂ ᠲᠥᠪᠯᠡᠷᠡᠭᠦᠯᠦᠨ ᠵᠠᠰᠠᠬᠤ ᠪᠠ | ᠳ᠋ᠦᠩᠨᠡᠯᠲᠡ ᠬᠢᠵᠦ ᠰᠢᠯᠭᠠᠨ ᠠᠪᠬᠤ ᠵᠡᠷᠭᠡ ᠭᠤᠷᠪᠠᠨ ᠱᠠᠲᠤ ᠬᠤᠪᠢᠶᠠᠵᠤ᠂ ᠳᠠᠷᠠᠭ᠎ᠠ ᠪᠠᠷ ᠨᠢ ᠪᠠᠶᠢᠩᠭᠤ ᠵᠠᠰᠠᠯᠲᠠ | ᠳᠤ ᠰᠢᠯᠵᠢᠬᠦ ᠪᠣᠯᠣᠨ᠎ᠠ᠃ | 9 ᠳ᠋ᠦ᠋ᠭᠡᠷ ᠰᠠᠷ᠎ᠠ ᠶᠢᠨ ᠡᠬᠢᠨ ᠠᠴᠠ 9 ᠳ᠋ᠦ᠋ᠭᠡᠷ ᠰᠠᠷ᠎ᠠ ᠶᠢᠨ 23 ᠤ ᠡᠳᠦᠷ ᠪᠣᠯᠲᠠᠯ᠎ᠠ᠂ ᠰᠢᠭᠤᠳ ᠬᠠᠷᠢᠶ᠎ᠠ | ᠰᠠᠯᠪᠤᠷᠢ ᠠᠩᠭᠢ ︽ᠬᠡᠳᠦ ᠠᠴᠢᠶᠠᠯᠠᠪᠤᠷᠢ ᠶᠢ ᠵᠠᠰᠠᠬᠤ ᠰᠢᠭᠤᠷᠭ᠎ᠠ︾ ᠲᠤᠰᠬᠠᠶ ᠠᠵᠢᠯᠯᠠᠭᠠᠨ ᠤ ᠤᠬᠠᠭᠤᠯᠤᠨ | ᠳᠠᠶᠢᠴᠢᠯᠠᠬᠤ ᠠᠵᠢᠯ ᠢ ᠥᠷᠨᠢᠭᠦᠯᠪᠡ᠂ ᠡᠨᠡ ᠨᠢ ᠲᠤᠰᠬᠠᠶ ᠠᠵᠢᠯᠯᠠᠭᠠᠨ ᠤ ᠤᠬᠠᠭᠤᠯᠤᠨ ᠳᠠᠶᠢᠴᠢᠯᠠᠬᠤ ᠱᠡᠳᠦ ᠦᠶ᠎ᠡ | ᠪᠣᠯᠣᠨ᠎ᠠ︔ 9 ᠳ᠋ᠦ᠋ᠭᠡᠷ ᠰᠠᠷ᠎ᠠ ᠶᠢᠨ 23 ᠤ ᠡᠳᠦᠷ ᠠᠴᠠ 10 ᠳ᠋ᠤᠭᠠᠷ ᠰᠠᠷ᠎ᠠ ᠶᠢᠨ 15 ᠤ ᠡᠳᠦᠷ ᠪᠣᠯᠲᠠᠯ᠎ᠠ᠂ | ᠰᠠᠯᠪᠤᠷᠢ ᠠᠩᠭᠢ ᠨᠢ ᠪᠡᠭᠡᠵᠢᠩ ᠠᠴᠠ ᠲᠥᠪᠡᠳ ᠬᠦᠷᠬᠦ ︵G6︶ ᠳᠡᠭᠡᠳᠦ ᠬᠤᠷᠳᠤ ᠶᠢᠨ ᠵᠠᠰᠠᠮᠠᠯ ᠤᠨ ᠥᠪᠥᠷ | ᠮᠣᠩᠭᠤᠯ ᠪᠣᠯᠣᠨ ᠾᠧᠪᠸᠢ ᠶᠢᠨ ᠵᠠᠭᠠᠭ ᠤᠨ ᠰᠦᠢᠳᠬᠡᠯ ᠬᠤᠷᠢᠶᠠᠬᠤ ᠭᠠᠵᠠᠷ᠂ ᠥᠪᠥᠷ ᠮᠣᠩᠭᠤᠯ ᠤᠨ ᠪᠠᠷᠠᠭᠤᠨ | ᠬᠡᠰᠡᠭ ᠤᠨ ᠰᠦᠢᠳᠬᠡᠯ ᠬᠤᠷᠢᠶᠠᠬᠤ ᠭᠠᠵᠠᠷ ᠢᠶᠠᠷ ᠭᠤᠣᠯᠳᠠᠯᠭᠠᠲᠤ ᠵᠠᠰᠠᠯᠲᠠ ᠶᠢᠨ ᠴᠡᠭ ᠪᠣᠯᠭᠠᠨ᠂ ᠮᠠᠶᠢᠳᠠᠷ ᠵᠤᠤ᠂ | ᠯᠦᠸᠧ ᠵᠢᠶᠠ ᠶᠢᠩ᠂ ᠭᠦᠸᠧ ᠵᠢᠶᠠ ᠶᠢᠩ ᠢᠶᠠᠷ ᠳᠠᠭᠠᠯᠲᠠ ᠵᠠᠰᠠᠯᠲᠠ ᠶᠢᠨ ᠴᠡᠭ ᠪᠣᠯᠭᠠᠨ᠂ ᠲᠤᠰᠬᠠᠢ | ᠠᠵᠢᠯᠯᠠᠭ᠎ᠠ ᠶᠢᠨ ︽ᠬᠡᠳᠦ ᠠᠴᠢᠶᠠᠯᠠᠪᠤᠷᠢ ᠶᠢ ᠵᠠᠰᠠᠬᠤ ᠰᠢᠭᠤᠷᠭ᠎ᠠ︾ ᠠᠵᠢᠯ ᠢ ᠥᠷᠨᠢᠭᠦᠯᠵᠦ᠂ ᠳᠡᠭᠡᠷ᠎ᠡ | ᠳᠤᠷᠠᠳᠤᠭᠰᠠᠨ ᠵᠠᠰᠠᠯᠲᠠ ᠶᠢᠨ ᠴᠡᠭ ᠤᠨ ᠬᠡᠳᠦ ᠠᠴᠢᠶᠠᠯᠠᠪᠤᠷᠢ ᠶᠢᠨ ᠨᠤᠷᠮ᠎ᠠ ᠶᠢ 16.48% ᠪᠠᠶᠢᠭᠰᠠᠨ ᠠᠴᠠ ᠨᠢ | 1.27% ᠪᠣᠯᠭᠠᠨ ᠪᠠᠭᠤᠷᠠᠭᠤᠯᠪᠠ᠃ | ᠡᠬᠢᠨ ᠤ ᠬᠤᠭᠤᠴᠠᠭᠠᠨ ᠤ ᠲᠤᠷᠰᠢᠯᠲᠠ ᠶᠢᠨ ᠠᠵᠢᠯ ᠢᠶᠠᠷ ᠲᠠᠮᠵᠢᠨ᠂ 10 ᠳ᠋ᠤᠭᠠᠷ ᠰᠠᠷ᠎ᠠ ᠶᠢᠨ 16 ᠤ | ᠡᠳᠦᠷ᠂ ᠰᠢᠭᠤᠳ ᠬᠠᠷᠢᠶ᠎ᠠ ᠰᠠᠯᠪᠤᠷᠢ ᠠᠩᠭᠢ ᠨᠢ ᠬᠠᠷᠢᠶ᠎ᠠ ᠪᠦᠬᠦᠢ 2255 ᠺᠢᠯᠣᠮᠧᠲᠷ ᠵᠠᠮ ᠤᠨ ᠬᠡᠰᠡᠭ ᠲᠤ ︽ | ᠬᠡᠳᠦ ᠠᠴᠢᠶᠠᠯᠠᠪᠤᠷᠢ ᠶᠢ ᠵᠠᠰᠠᠬᠤ ᠰᠢᠭᠤᠷᠭ᠎ᠠ︾ ᠲᠤᠰᠬᠠᠶ ᠠᠵᠢᠯᠯᠠᠭᠠᠨ ᠢ ᠪᠦᠬᠦ ᠲᠠᠯ᠎ᠠ ᠪᠠᠷ ᠥᠷᠨᠢᠭᠦᠯᠪᠡ᠃ 10 | ᠳ᠋ᠤᠭᠠᠷ ᠰᠠᠷ᠎ᠠ ᠶᠢᠨ 26 ᠤ ᠡᠳᠦᠷ ᠪᠣᠯᠬᠤ ᠳᠤ᠂ ᠵᠠᠮ ᠤᠨ ᠶᠠᠪᠤᠳᠠᠯ ᠤᠨ ᠬᠠᠤᠯᠢ ᠬᠡᠷᠡᠭᠵᠢᠭᠦᠯᠬᠦ ᠠᠵᠢᠯᠲᠠᠨ ᠢ | ᠨᠡᠶᠢᠲᠡ 2679 ᠬᠥᠮᠦᠨ ᠤᠳᠠᠭ᠎ᠠ᠂ ᠵᠠᠮ ᠬᠠᠷᠢᠯᠴᠠᠭᠠᠨ ᠤ ᠴᠠᠭᠳᠠᠭ᠎ᠠ ᠶᠢᠨ ᠬᠠᠤᠯᠢ ᠬᠡᠷᠡᠭᠵᠢᠭᠦᠯᠬᠦ ᠠᠵᠢᠯᠲᠠᠨ ᠢ | ᠨᠡᠶᠢᠲᠡ 717 ᠬᠥᠮᠦᠨ ᠤᠳᠠᠭ᠎ᠠ ᠬᠦᠳᠡᠯᠭᠡᠵᠦ᠂ 310023 ᠠᠴᠢᠶᠠᠨ ᠤ ᠲᠡᠷᠭᠡ ᠶᠢ ᠪᠠᠶᠢᠴᠠᠭᠠᠨ ᠬᠡᠮᠵᠢᠵᠦ᠂ | ᠬᠡᠮᠵᠢᠶ᠎ᠡ ᠳᠠᠭᠠᠭᠠᠴᠠ ᠠᠴᠠ ᠪᠦᠷ ᠬᠡᠲᠦᠷᠡᠭᠰᠡᠨ ᠲᠡᠷᠭᠡ ᠶᠢ 2255 ᠢᠯᠡᠷᠡᠭᠦᠯᠦᠨ᠂ 813 ᠲᠡᠷᠭᠡ ᠶᠢᠨ ᠠᠴᠢᠶ᠎ᠠ ᠶᠢ | ᠨᠢ ᠪᠠᠭᠤᠯᠭᠠᠵᠦ᠂ 8308.68 ᠲᠣᠨ ᠡᠳ᠋ ᠪᠠᠷᠠᠭ᠎ᠠ ᠪᠠᠭᠤᠯᠭᠠᠪᠠ᠃ ᠪᠦᠬᠦᠯᠢ ᠴᠣᠭᠴᠠ ᠶᠢᠨ ᠬᠡᠮᠵᠢᠶ᠎ᠡ | ᠳᠠᠭᠠᠭᠠᠴᠠ ᠠᠴᠠ ᠬᠡᠲᠦᠷᠡᠬᠦ ᠨᠤᠷᠮ᠎ᠠ ᠶᠢ 0.73% ᠳᠤ ᠬᠦᠷᠲᠡᠯ᠎ᠡ ᠪᠠᠭᠤᠷᠠᠭᠤᠯᠤᠭᠠᠳ᠂ ᠲᠣᠭᠲᠠᠭᠰᠠᠨ | ᠬᠠᠷᠠᠯᠲᠠ ᠳᠤ ᠬᠦᠷᠴᠦ ᠴᠢᠳᠠᠭᠰᠠᠨ ᠪᠠᠶᠢᠨ᠎ᠠ᠃ |