11 ᠳ᠋ᠦ᠋ᠭᠡᠷ ᠰᠠᠷ᠎ᠠ ᠶᠢᠨ 2 ᠤᠨ ᠡᠳᠤᠷ᠂ ᠥᠪᠥᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ | ᠳᠤᠯᠤᠳᠤᠭᠠᠷ ᠬᠤᠭᠤᠴᠠᠭᠠᠨ ᠤ ᠬᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠰᠢᠯᠢᠳᠡᠭ ᠦᠷ᠎ᠡ ᠪᠦᠲᠦᠭᠡᠯ | ᠤᠨ ᠱᠠᠩᠨᠠᠯ ᠢ ᠰᠢᠯᠭᠠᠷᠠᠭᠤᠯᠬᠤ ᠪᠠ ᠱᠠᠩᠨᠠᠨ ᠬᠦᠬᠢᠬᠦᠯᠬᠦ ᠠᠵᠢᠯ ᠤᠨ ᠰᠤᠨᠢᠨ ᠮᠡᠳᠡᠭᠡ ᠨᠡᠶᠢᠲᠡᠯᠡᠬᠦ ᠬᠤᠷᠠᠯ | ᠬᠦᠬᠡᠬᠤᠲᠠ ᠳᠤ ᠬᠤᠷᠠᠯᠳᠤᠪᠠ᠃ | ᠤᠢᠢᠯᠠᠭᠠᠭᠰᠠᠨ ᠶᠢᠡᠷ᠂ ᠦᠪᠡᠷᠲᠡᠭᠡᠨ ᠵᠠᠰᠠᠬᠤ ᠤᠷᠤᠨ ᠤ ᠳᠤᠯᠤᠳᠤᠭᠠᠷ ᠬᠤᠭᠤᠴᠠᠭᠠᠨ ᠤ ᠬᠦᠨ ᠤᠬᠠᠭᠠᠨ | ᠨᠡᠶᠢᠭᠡᠮ ᠤᠨ ᠰᠢᠨᠵᠢᠯᠡᠬᠦ ᠤᠬᠠᠭᠠᠨ ᠤ ᠰᠢᠯᠢᠳᠡᠭ ᠦᠷ᠎ᠡ ᠪᠦᠲᠦᠭᠡᠯ ᠤᠨ ᠱᠠᠩᠨᠠᠯ ᠢ ᠰᠢᠯᠭᠠᠷᠠᠭᠤᠯᠬᠤ ᠪᠠ ᠱᠠᠩᠨᠠᠨ | ᠬᠦᠬᠢᠬᠦᠯᠬᠦ ᠠᠵᠢᠯ ᠨᠢ ᠬᠠᠭᠠᠰ ᠵᠢᠯ ᠭᠠᠷᠤᠢ ᠶᠢᠨ ᠬᠤᠭᠤᠴᠠᠭ᠎ᠠ ᠶᠢ ᠦᠩᠭᠡᠷᠡᠭᠡᠵᠤ᠂ ᠵᠤᠬᠢᠶᠠᠭᠴᠢ ᠠᠴᠠ ᠳᠡᠭᠡᠭᠰᠢ | ᠮᠡᠳᠡᠭᠦᠯᠬᠦ᠂ ᠪᠠᠶᠢᠭᠤᠯᠭ᠎ᠠ ᠨᠢ ᠠᠩᠬᠠᠨ ᠤ ᠬᠢᠨᠠᠯᠲᠠ ᠬᠢᠬᠦ᠂ ᠬᠢᠷᠢ ᠬᠡᠮ ᠤᠨ ᠬᠢᠨᠠᠯᠳᠠ ᠬᠢᠬᠦ᠂ ᠰᠢᠨᠵᠢᠯᠡᠭᠡᠨ ᠤ | ᠳᠤᠭᠤᠢᠢᠯᠠᠩ ᠬᠢᠨᠠᠯᠲᠠ ᠬᠢᠬᠦ᠂ ᠨᠢᠭᠡᠳᠦᠭᠡᠷ ᠲᠡᠰ ᠤᠨ ᠱᠠᠩᠨᠠᠯ ᠢ ᠤᠨᠳᠤᠤ ᠭᠠᠵᠠᠷ ᠲᠤ ᠳᠠᠬᠢᠨ ᠬᠢᠨᠠᠬᠤ᠂ ᠡᠴᠦᠰ | ᠤᠨ ᠰᠢᠯᠭᠠᠷᠠᠭᠤᠯᠤᠯᠲᠠ ᠬᠢᠬᠦ ᠵᠡᠷᠭᠡ ᠭᠤᠭᠴᠤᠭ᠎ᠠ ᠪᠠᠷ ᠳᠠᠮᠵᠢᠨ ᠨᠠᠶᠢᠲᠡ ᠳᠡᠭᠡᠭᠰᠢ ᠮᠡᠳᠡᠭᠦᠯᠦᠭᠰᠡᠨ 1181 ᠲᠦᠷᠦᠯ | ᠤᠨ ᠦᠷ᠎ᠡ ᠪᠦᠲᠦᠭᠡᠯ ᠠᠴᠠ 316 ᠲᠦᠷᠦᠯ ᠤᠨ ᠰᠢᠯᠢᠳᠡᠭ ᠦᠷ᠎ᠡ ᠪᠦᠲᠦᠭᠡᠯ ᠢ ᠰᠤᠩᠭᠤᠨ ᠰᠢᠯᠭᠠᠷᠠᠭᠤᠯᠵᠦ | ᠱᠠᠩᠨᠠᠨ ᠬᠦᠬᠢᠬᠦᠯᠪᠡ᠃ ᠡᠬᠦᠨ ᠳᠤ ᠦᠪᠡᠷᠲᠡᠭᠡᠨ ᠵᠠᠰᠠᠬᠤ ᠤᠷᠤᠨ ᠤ ᠲᠦᠰᠦᠪᠯᠡᠨ ᠨᠠᠶᠢᠷᠠᠭᠤᠯᠤᠨ ᠬᠡᠪᠯᠡᠭᠰᠡᠨ ︽ | ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠤᠢ ᠶᠢᠨ | ᠭᠤᠤᠯᠳᠠᠯᠭ᠎ᠠ ᠲᠠᠢ ᠤᠨᠤᠯ ᠤᠨ ᠴᠤᠪᠤᠷᠠᠯ ᠪᠢᠴᠢᠭ︾ ᠵᠡᠷᠭᠡ 12 ᠲᠦᠷᠦᠯ ᠤᠨ ᠦᠷ᠎ᠡ ᠪᠦᠲᠦᠭᠡᠯ ᠨᠢ ᠨᠢᠭᠡᠳᠦᠭᠡᠷ | ᠲᠡᠰ ᠤᠨ ᠱᠠᠩᠨᠠᠯ ᠬᠦᠷᠳᠡᠵᠤ᠂ ᠦᠪᠦᠷ ᠮᠤᠩᠭᠤᠯ ᠤᠨ ᠤᠷᠠᠯᠢᠭ ᠤᠨ ᠳᠡᠭᠡᠳᠦ ᠰᠤᠷᠭᠠᠭᠤᠯᠢ ᠶᠢᠨ ᠰᠦᠡᠭ ᠱᠸᠡᠭ | ᠭᠦᠢ ᠫᠷᠤᠹᠧᠰᠰᠤᠷ ᠤᠨ ︽ᠠᠮᠢᠳᠤᠷᠠᠯ ᠤᠨ ᠤᠷᠠᠯᠢᠭᠵᠢᠯᠳᠠ ᠶᠢᠨ ᠠᠷᠪᠠᠨ ᠲᠠᠶᠢᠯᠤᠮᠵᠢ︾ ᠵᠡᠷᠭᠡ 96 ᠲᠦᠷᠦᠯ ᠤᠨ | ᠦᠷ᠎ᠡ ᠪᠦᠲᠦᠭᠡᠯ ᠨᠢ ᠬᠤᠶᠠᠳᠤᠭᠠᠷ ᠲᠡᠰ ᠤᠨ ᠱᠠᠩᠨᠠᠯ ᠬᠦᠷᠳᠡᠵᠤ᠂ ︽ᠦᠪᠦᠷ ᠮᠤᠩᠭᠤᠯ ᠤᠨ ᠦᠪᠡᠷᠲᠡᠭᠡᠨ ᠵᠠᠰᠠᠬᠤ | ᠤᠷᠤᠨ ᠤ ᠳᠤᠮᠳᠠ ᠪᠠᠭ᠎ᠠ ᠠᠵᠤ ᠠᠬᠤᠢᠢᠯᠠᠯ ᠤᠨ ᠬᠦᠳᠡᠯᠦᠩᠭᠦᠢ ᠴᠢᠳᠠᠪᠬᠢ ᠶᠢᠨ ᠰᠤᠳᠤᠯᠭᠠᠨ︾ ᠵᠡᠷᠭᠡ 208 | ᠲᠦᠷᠦᠯ ᠤᠨ ᠦᠷ᠎ᠡ ᠪᠦᠲᠦᠭᠡᠯ ᠨᠢ ᠭᠤᠷᠪᠠᠳᠤᠭᠠᠷ ᠳᠡᠰ ᠤᠨ ᠱᠠᠩᠨᠠᠯ ᠬᠦᠷᠲᠡᠪᠠ᠃ | ᠲᠤᠰ ᠬᠤᠭᠤᠴᠠᠭᠠᠨ ᠤ ᠬᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠰᠢᠯᠢᠳᠡᠭ ᠦᠷ᠎ᠡ ᠪᠦᠳᠦᠭᠡᠯ | ᠤᠨ ᠱᠠᠩᠨᠠᠯ ᠳᠤ ᠰᠤᠩᠭᠤᠨ ᠰᠢᠯᠭᠠᠷᠠᠭᠤᠯᠤᠭᠳᠠᠭᠰᠠᠨ 316 ᠲᠦᠷᠦᠯ ᠤᠨ ᠰᠢᠯᠢᠳᠡᠭ ᠦᠷ᠎ᠡ ᠪᠦᠲᠦᠭᠡᠯ ᠨᠢ ᠮᠠᠨ ᠤ | ᠤᠷᠤᠨ ᠤ ᠬᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠭᠤᠤᠯ ᠰᠤᠳᠤᠯᠭᠠᠨ ᠤ ᠬᠦᠷᠢᠶ᠎ᠡ ᠴᠠᠷᠠᠭ᠎ᠠ ᠶᠢ | ᠦᠨᠳᠦᠰᠦᠨ ᠳᠡᠭᠡᠨ ᠬᠠᠮᠤᠷᠴᠦ᠂ ᠦᠡᠭᠭᠡᠷᠡᠭᠰᠠᠡ ᠬᠤᠶᠠᠷ ᠵᠢᠯ ᠤᠨ ᠮᠠᠨ ᠤ ᠤᠷᠤᠨ ᠤ ᠨᠡᠶᠢᠭᠡᠮ ᠤᠨ ᠰᠢᠨᠵᠢᠯᠡᠬᠦ | ᠤᠬᠠᠭᠠᠨ ᠤ ᠰᠤᠳᠤᠯᠭᠠᠨ ᠤ ᠠᠵᠢᠯ ᠤᠨ ᠤᠯᠤᠭᠰᠠᠨ ᠠᠮᠵᠢᠯᠲᠠ ᠪᠦᠳᠦᠮᠵᠢ ᠪᠠ ᠬᠢᠷᠢ ᠲᠦᠪᠰᠢᠨ ᠢ ᠬᠦᠢᠴᠡᠳ | ᠲᠤᠰᠬᠠᠭᠰᠠᠨ ᠪᠠᠶᠢᠨ᠎ᠠ᠃ |