ᠮᠠᠨ ᠤ ᠣᠷᠣᠨ ᠠᠷᠪᠠᠨ ᠵᠢᠷᠭᠤᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠤᠯᠠᠨ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠠᠷᠠᠯᠵᠢᠶᠠᠨ ᠤ ᠴᠤᠭᠯᠠᠭᠠᠨ ᠳᠤ ᠣᠷᠣᠯᠴᠠᠭᠠᠳ ᠭᠤᠷᠪᠠᠨ ᠶᠡᠭᠡ ᠱᠠᠩᠨᠠᠯ ᠲᠣᠰᠪᠠ
ᠨᠡᠶᠢᠲᠡᠯᠡᠭᠰᠡᠨ ᠴᠠᠭ᠄
2018/11/6
     11 ᠳ᠋ᠦ᠋ᠭᠡᠷ ᠰᠠᠷ᠎ᠠ ᠶᠢᠨ 5᠎ ᠤ ᠡᠳᠦᠷ ᠠᠷᠪᠠᠨ ᠵᠢᠷᠭᠤᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠤᠯᠠᠨ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠠᠷᠠᠯᠵᠢᠶᠠᠨ ᠤ ᠴᠤᠭᠯᠠᠭᠠᠨ ᠵᠢᠴᠢ ᠬᠤᠷᠢᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠳᠤᠮᠳᠠ ᠬᠡᠰᠡᠭ ︵ᠬᠤᠨᠠᠨ︶᠎ ᠤᠨ ᠲᠠᠷᠢᠶᠠᠯᠠᠩ ᠤᠨ ᠦᠵᠡᠰᠬᠦᠯᠡᠩ ᠤᠨ ᠴᠤᠭᠯᠠᠭᠠᠨ ᠲᠡᠭᠦᠰᠪᠡ᠃ ᠮᠠᠨ ᠤ ᠣᠷᠣᠨ ᠤ ᠳᠡᠯᠭᠡᠨ ᠦᠵᠡᠭᠦᠯᠭᠡ ᠶᠢᠨ ᠪᠦᠯᠬᠦᠮ ᠨᠢ ᠵᠣᠬᠢᠶᠠᠨ ᠪᠠᠶᠢᠭᠤᠯᠤᠯᠲᠠ ᠶᠢᠨ ᠺᠣᠮᠢᠰ ᠠᠴᠠ ᠣᠯᠭᠤᠭᠰᠠᠨ ᠵᠣᠬᠢᠶᠠᠨ ᠪᠠᠶᠢᠭᠤᠯᠤᠯᠲᠠ ᠶᠢᠨ ᠰᠢᠯᠢᠳᠡᠭ ᠱᠠᠩᠨᠠᠯ᠂ ︽ ᠳ᠋ᠥᠡᠭᠬᠤ︾ ᠦᠬᠡᠷ ᠤᠨ ᠮᠢᠬ᠎ᠠ ᠵᠡᠷᠭᠡ 9 ᠪᠦᠲᠦᠭᠡᠭᠳᠡᠬᠦᠨ ᠨᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠠᠯᠲᠠᠨ ᠱᠠᠩᠨᠠᠯ᠂ ᠵᠠᠯᠠᠨ ᠠᠶᠢᠯ ᠬᠤᠳᠠ ᠶᠢᠨ ᠰᠧᠨ ᠲᠥᠩ ᠢᠳᠡᠭᠡᠨ ᠤ ᠨᠡᠭᠡᠭᠡᠨ ᠬᠥᠭᠵᠢᠭᠦᠯᠬᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠬᠠᠷ᠎ᠠ ᠳᠠᠯᠳᠠᠤ ᠨᠢ ᠭᠠᠵᠠᠷ ᠵᠦᠢ ᠶᠢᠨ ᠪᠡᠯᠭᠡ ᠳᠡᠮᠳᠡᠭ ᠤᠨ ᠠᠯᠲᠠᠨ ᠱᠠᠩᠨᠠᠯ ᠢ ᠬᠦᠷᠲᠡᠵᠡᠢ᠃      ᠦᠵᠡᠭᠦᠯᠭᠡ ᠶᠢᠨ ᠬᠤᠭᠤᠴᠠᠭᠠᠨ ᠳᠤ᠂ ᠮᠠᠨ ᠤ ᠣᠷᠣᠨ ᠤᠯᠠᠨ ᠲᠠᠯᠠᠪᠤᠷ ᠲᠠᠨᠢᠯᠴᠠᠭᠤᠯᠬᠤ ᠠᠵᠢᠯᠯᠠᠭ᠎ᠠ ᠪᠣᠯᠣᠨ ᠳᠤᠮᠳᠠᠳᠤ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠲᠦᠷᠦᠭᠦᠴᠦᠳ ᠤᠨ ᠶᠠᠷᠢᠯᠴᠠᠭᠠᠨ ᠤ ᠲᠠᠪᠴᠠᠩ ᠵᠡᠷᠭᠡ ᠴᠢᠬᠤᠯᠠ ᠶᠡᠭᠡ ᠠᠵᠢᠯᠯᠠᠭ᠎ᠠ ᠳᠤ ᠣᠷᠣᠯᠴᠠᠪᠠ᠃ 11 ᠳ᠋ᠦ᠋ᠭᠡᠷ ᠰᠠᠷ᠎ᠠ ᠶᠢᠨ 1᠎ ᠤ ᠡᠳᠦᠷ ᠶᠠᠪᠤᠭᠳᠠᠭᠰᠠᠨ ᠳᠤᠮᠳᠠᠳᠤ ᠤᠯᠤᠰ ᠤᠨ ᠤᠯᠠᠨ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠠᠷᠠᠯᠵᠢᠶᠠᠨ ᠤ ᠴᠤᠭᠯᠠᠭᠠᠨ ᠤ ︽ᠨᠤᠲᠤᠭ ᠤᠨ ᠬᠥᠮᠦᠨ ᠪᠣᠯᠣᠨ ᠨᠤᠲᠤᠭ ᠤᠨ ᠥᠨᠥᠷ ᠠᠮᠲᠠ︾ ᠪᠦᠬᠦ ᠤᠯᠤᠰ ᠤᠨ ᠲᠥᠷᠥᠯ ᠲᠡᠮᠳᠡᠭᠲᠦ ᠲᠠᠷᠢᠶᠠᠯᠠᠩ ᠤᠨ ᠪᠦᠲᠦᠭᠡᠭᠳᠡᠬᠦᠨ ᠢ ᠲᠠᠨᠢᠯᠴᠠᠭᠤᠯᠬᠤ ᠠᠵᠢᠯᠯᠠᠭ᠎ᠠ ᠳᠡᠭᠡᠷ᠎ᠡ᠂ ᠰᠢᠯᠢ ᠶᠢᠨ ᠭᠤᠣᠯ ᠤᠨ ᠬᠤᠨᠢᠨ ᠮᠢᠬ᠎ᠠ ᠨᠢ ᠥᠪᠥᠷ ᠮᠣᠩᠭᠤᠯ ᠤᠨ ᠭᠤᠣᠯ ᠲᠠᠨᠢᠯᠴᠠᠭᠤᠯᠬᠤ ᠮᠠᠯ ᠤᠨ ᠠᠰᠢᠭ ᠰᠢᠮ᠎ᠡ ᠶᠢᠨ ᠬᠤᠪᠢ ᠪᠠᠷ ᠪᠦᠬᠦ ᠤᠯᠤᠰ ᠤᠨ ᠠᠷᠠᠳ ᠢᠷᠭᠡᠳ ᠲᠤ ᠲᠠᠨᠢᠯᠴᠠᠭᠤᠯᠪᠠ᠃ ᠬᠢᠩᠭᠠᠨ ᠠᠶᠢᠮᠠᠭ ᠪᠣᠯᠤᠨ ᠤᠯᠠᠭᠠᠨᠴᠠᠪ ᠬᠤᠲᠠ ᠮᠠᠨ ᠤ ᠣᠷᠣᠨ ᠢ ᠲᠥᠯᠥᠭᠡᠯᠡᠨ ᠪᠦᠬᠦ ᠤᠯᠤᠰ ᠤᠨ ᠶᠠᠳᠠᠭᠤ ᠬᠦᠴᠢᠷᠳᠡᠯᠲᠡᠢ ᠰᠢᠶᠠᠨ ᠤ ᠥᠪᠡᠷᠮᠢᠴᠡ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠪᠣᠷᠣᠯᠠᠭᠤᠯᠭ᠎ᠠ ᠶᠢ ᠵᠣᠯᠭᠠᠭᠤᠯᠬᠤ ᠠᠵᠢᠯᠯᠠᠭ᠎ᠠ ᠳᠤ ᠣᠷᠤᠯᠴᠠᠪᠠ᠃ 5 ᠡᠳᠦᠷ ᠳᠡᠯᠭᠡᠨ ᠦᠵᠡᠭᠦᠯᠵᠦ ᠪᠣᠷᠣᠯᠠᠭᠤᠯᠬᠤ ᠪᠠᠷ ᠳᠠᠮᠵᠢᠨ᠂ ᠥᠪᠥᠷ ᠮᠣᠩᠭᠤᠯ ᠤᠨ ᠳᠡᠯᠭᠡᠨ ᠦᠵᠡᠭᠦᠯᠬᠦ ᠪᠦᠯᠬᠦᠮ ᠤᠨ ᠲᠤᠬᠠᠶ ᠶᠢᠨ ᠲᠠᠯᠠᠪᠤᠷ ᠤᠨ ᠪᠣᠷᠣᠯᠠᠭᠤᠯᠤᠯᠲᠠ ᠶᠢᠨ ᠵᠣᠭᠤᠰ ᠨᠢ 141 ᠲᠦᠮᠡᠨ ᠲᠥᠭᠦᠷᠢᠭ ᠲᠤ ᠬᠦᠷᠴᠦ᠂ ᠠᠷᠠᠯᠵᠢᠶ᠎ᠠ ᠶᠢᠨ ᠪᠦᠲᠦᠮᠵᠢ ᠨᠢ 3148.65 ᠲᠦᠮᠡᠨ ᠲᠥᠭᠦᠷᠢᠭ ᠲᠤ ᠬᠦᠷᠴᠡᠢ᠂ ᠡᠭᠦᠨ ᠳᠤ ᠡᠷᠳᠡᠨᠢ ᠮᠢᠬᠠᠨ ᠤ ᠦᠶᠯᠡᠰ ᠪᠣᠯᠣᠨ ᠬᠤᠩ ᠵᠢᠩ ᠶᠤᠸᠠᠨ ᠵᠡᠷᠭᠡ ᠠᠵᠤ ᠠᠬᠤᠶᠢᠯᠠᠯ ᠲᠤᠬᠠᠶ ᠶᠢᠨ ᠭᠠᠵᠠᠷ ᠤᠨ ᠢᠳᠡᠭᠡᠨ ᠤᠮᠳᠠᠭᠠᠨ ᠪᠠ ᠬᠤᠳᠠᠯᠳᠤᠭᠠᠴᠢᠳ ᠯᠦᠭᠡ ᠠᠮᠵᠢᠯᠲᠠᠲᠠᠢ ᠪᠠᠷ ᠵᠥᠪᠳᠡᠯᠴᠡᠭᠡᠷ ᠲᠣᠭᠲᠠᠵᠤ᠂ ᠬᠤᠩ ᠵᠢᠩ ᠶᠤᠸᠠᠨ ᠨᠢ 8 ᠡᠷᠦᠬᠡ ᠬᠤᠳᠠᠯᠳᠤᠭᠠᠴᠢᠨ ᠯᠦᠭᠡ ᠶᠢᠨ ᠲᠤᠬᠠᠶ ᠶᠢᠨ ᠲᠠᠯᠠᠪᠤᠷ ᠲᠤ ᠲᠣᠭᠲᠠᠭᠰᠠᠨ ᠵᠥᠪᠳᠡᠯᠴᠡᠭᠡᠷ ᠤᠨ ᠵᠣᠭᠤᠰ ᠨᠢ 90 ᠲᠦᠮᠡᠨ ᠲᠥᠭᠦᠷᠢᠭ ᠲᠤ ᠬᠦᠷᠴᠦ᠂ ᠠᠷᠠᠯᠵᠢᠶ᠎ᠠ ᠶᠢᠨ ᠪᠦᠲᠦᠮᠵᠢ ᠎ ᠨᠢ 330 ᠲᠦᠮᠡᠨ ᠲᠥᠭᠦᠷᠢᠭ ᠲᠤ ᠬᠦᠷᠦᠭᠰᠡᠨ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号